
2021 ᠣᠨ᠎ᠤ 9 ᠰᠠᠷ᠎ᠠ ᠵᠢᠨ 10᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠥᠬᠥ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠪᠠ᠃

ᠬᠠᠤᠯᠢ ᠴᠠᠭ᠋ᠠᠵᠠ ᠵᠢᠨ ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠬᠦᠨ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠬᠡᠷ ᠲᠣᠪᠴᠢᠶ᠎ᠠ ᠵᠢᠴᠢ ᠰᠢᠭᠤᠳ ᠬᠠᠷᠢᠶ᠎ᠠ ᠠᠵᠢᠯ ᠦᠢᠯᠡᠰ᠎ᠤᠨ ᠨᠢᠭᠡᠴᠢ ᠵᠢᠨ ᠪᠥᠬᠥ ᠺᠠᠳ᠋ᠷ ᠬᠤᠷᠠᠯ᠎ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠱᠦᠵᠢ᠂ ᠲᠢᠩᠬᠢᠮ᠎ᠤᠨ ᠳᠠᠷᠤᠭ᠎ᠠ ᠪᠠᠶ ᠶᠦᠩ ᠫᠢᠩ ᠨᠥᠬᠥᠷ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃

ᠬᠤᠷᠠᠯ᠎ᠠᠴᠠ ᠱᠠᠭ᠋ᠠᠷᠳᠠᠭᠰᠠᠨ᠎ᠨᠢ᠂ ᠨᠢᠭᠡ᠎ᠳᠤ ᠦᠵᠡᠯ ᠰᠠᠨᠠᠭ᠎ᠠ᠎ᠪᠠᠨ ᠨᠢᠭᠡᠳᠬᠡᠵᠦ᠂ ᠤᠯᠤᠰ ᠲᠦᠷᠦ ᠵᠢᠨ ᠵᠣᠭᠰᠣᠴᠠ᠎ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠤᠯᠤᠰ ᠲᠦᠷᠦ ᠵᠢᠨ ᠦᠨᠡᠨᠴᠢ ᠰᠢᠳᠤᠷᠭᠤ ᠪᠠᠢ᠌ᠬᠤ᠎ᠪᠠᠨ ᠪᠡᠬᠢᠵᠢᠭᠦᠯᠬᠦ ᠬᠡᠷᠡᠭᠲᠡᠢ᠃ ᠬᠣᠶᠠᠳᠤᠭ᠋ᠠᠷ ᠪᠦᠯᠦᠭ᠎ᠤᠨ ᠡᠩᠨᠡᠭᠡ ᠵᠢᠨ ᠬᠥᠮᠦᠵᠢᠯ ᠴᠡᠭᠴᠡᠯᠡᠯᠲᠡ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠤᠯᠤᠰ ᠲᠦᠷᠦ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ ᠪᠠ ᠦᠢ᠍ᠯᠡ ᠠᠵᠢᠯᠯᠠᠭ᠎ᠠ ᠵᠢᠨ ᠤᠬᠠᠮᠰᠠᠷ ᠵᠶ᠋ᠠᠨ ᠴᠢᠨᠠᠭᠰᠢᠳᠠ ᠴᠢᠩᠭ᠋ᠠᠳᠬᠠᠵᠤ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠤᠬᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠢ᠎ᠠ᠂ ᠬᠠᠤᠯᠢ ᠴᠠᠭ᠋ᠠᠵᠠ ᠵᠢᠨ ᠶᠠᠮᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠢ᠌ᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠬᠦ ᠬᠡᠷᠡᠭᠲᠡᠢ᠃ ᠰᠤᠷᠭ᠋ᠠᠨ ᠬᠥᠮᠦᠵᠢᠭᠦᠯᠵᠦ ᠴᠡᠭᠴᠡᠯᠡᠬᠦ᠎ᠪᠠᠷ ᠳᠠᠮᠵᠢᠭᠤᠯᠤᠨ᠂ ᠠᠵᠢᠯ᠎ᠤᠨ ᠪᠠᠢ᠌ᠳᠠᠯ᠎ᠳᠤ ᠬᠤᠪᠢᠷᠠᠯᠲᠠ᠎ᠲᠠᠢ᠂ ᠠᠵᠢᠯ᠎ᠤᠨ ᠶᠠᠰᠤ ᠴᠢᠨᠠᠷ᠎ᠲᠤ ᠬᠤᠪᠢᠷᠠᠯᠲᠠ᠎ᠲᠠᠢ ᠪᠠᠢ᠌ᠬᠤ ᠵᠢ ᠦᠨᠡᠨ ᠬᠦ᠌ ᠪᠠᠲᠤᠯᠠᠵᠤ᠂ ᠵᠢᠱ᠌ᠢᠶᠡᠴᠢ ᠪᠠᠢ᠌ᠭᠤᠯᠭ᠎ᠠ ᠵᠢ ᠪᠣᠶ ᠪᠣᠯᠭ᠋ᠠᠬᠤ ᠬᠡᠷᠡᠭᠲᠡᠶ᠃ ᠬᠣᠶᠠᠷ᠎ᠲᠤ ᠰᠤᠷᠤᠯᠴᠠᠯᠭ᠎ᠠ ᠬᠥᠮᠦᠵᠢᠯ᠎ᠢ ᠴᠢᠩᠭ᠎ᠠ ᠪᠥᠭᠡᠳ ᠪᠣᠳᠠᠲᠠᠶ ᠠᠳᠬᠤᠵᠤ᠂ ᠣᠨᠣᠯ ᠵᠶ᠋ᠠᠷ ᠵᠡᠪᠰᠡᠭᠯᠡᠬᠦ ᠵᠢ ᠴᠢᠩᠭ᠋ᠠᠳᠬᠠᠨ᠂ ᠰᠤᠷᠤᠯᠴᠠᠬᠤ ᠶᠠᠪᠤᠴᠠ ᠵᠢ ᠪᠥᠬᠥ ᠶᠠᠪᠤᠴᠠ᠎ᠳᠤ ᠲᠤᠭᠤᠰᠢᠯᠠᠭᠤᠯᠬᠤ ᠬᠡᠷᠡᠭᠲᠡᠶ᠃ ᠶᠡᠷᠦᠩᠬᠡᠢ ᠱᠦᠵᠢ ᠰᠢ ᠵᠢᠨ ᠫᠢᠩ᠎ᠤᠨ 《ᠳᠤᠯᠤᠭ᠋ᠠᠨ ᠰᠠᠷ᠎ᠠ ᠵᠢᠨ ᠨᠢᠭᠡᠨ》᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠬᠤ ᠵᠢ ᠬᠥᠮᠦᠵᠢᠭᠦᠯᠦᠨ ᠴᠡᠭᠴᠡᠯᠡᠬᠦ ᠲᠡᠷᠢᠭᠦᠨ ᠴᠢᠬᠤᠯᠠ ᠰᠤᠷᠤᠯᠴᠠᠬᠤ ᠡᠭᠦᠷᠭᠡ ᠪᠣᠯᠭ᠋ᠠᠵᠤ᠂ ᠲᠡᠷᠢᠭᠦᠨ᠎ᠤ ᠤᠨᠤᠯ ᠵᠶ᠋ᠠᠷ ᠲᠠᠷᠢᠬᠢ ᠲᠣᠯᠣᠭ᠋ᠠᠢ᠎ᠪᠠᠨ ᠵᠡᠪᠰᠡᠭᠯᠡᠵᠦ᠂ ᠦᠢ᠍ᠯᠡᠳᠦᠯᠭᠡ᠎ᠪᠠᠨ ᠵᠢᠯᠤᠭᠤᠳᠤᠭᠤᠯᠬᠤ ᠬᠡᠷᠡᠭᠲᠡᠢ᠃ ᠦᠨᠡᠨᠴᠢ ᠰᠢᠳᠤᠷᠭᠤ ᠪᠠᠢ᠌ᠬᠤ ᠬᠥᠮᠦᠵᠢᠯ᠎ᠢ ᠴᠢᠩᠭ᠋ᠠᠳᠬᠠᠵᠤ᠂ 《ᠬᠣᠶᠠᠷ᠎ᠢ ᠬᠠᠮᠠᠭ᠋ᠠᠯᠠᠬᠤ》 ᠦᠵᠡᠯ ᠰᠠᠨᠠᠭ᠋ᠠᠨ᠎ᠤ ᠰᠠᠭᠤᠷᠢ ᠵᠢ ᠪᠡᠬᠢᠵᠢᠭᠦᠯᠬᠦ ᠬᠡᠷᠡᠭᠲᠡᠢ᠃ ᠥᠷᠯᠥᠭᠡ ᠵᠢᠨ ᠤᠩᠰᠢᠯᠭ᠎ᠠ ᠣᠷᠣᠢ ᠵᠢᠨ ᠰᠤᠷᠤᠯᠴᠠᠯᠭ᠎ᠠ ᠵᠢ ᠥᠷᠨᠢᠭᠦᠯᠵᠦ᠂ ᠲᠤᠬᠠᠢ᠌ᠯᠠᠭᠰᠠᠨ ᠠᠵᠢᠯ᠎ᠤᠨ ᠰᠤᠷᠤᠯᠴᠠᠯᠭ᠎ᠠ ᠵᠢ ᠴᠢᠩᠭ᠋ᠠᠳᠬᠠᠵᠤ᠂ ᠬᠠᠤᠯᠢ ᠴᠠᠭ᠋ᠠᠵᠠ ᠵᠢᠨ ᠬᠡᠪ ᠪᠤᠯᠪᠠᠰᠤᠷᠠᠭᠤᠯᠤᠯ᠎ᠢ ᠳᠡᠭᠡᠭᠰᠢᠯᠡᠭᠦᠯᠬᠦ ᠬᠡᠷᠡᠭᠲᠡᠶ᠃ ᠰᠤᠷᠤᠯᠴᠠᠯᠭ᠎ᠠ᠎ᠪᠠᠷ ᠳᠠᠮᠵᠢᠨ ᠦᠵᠡᠯ ᠰᠠᠨᠠᠭ᠎ᠠ ᠲᠠᠨᠢᠯᠲᠠ ᠵᠢᠨ ᠠᠰᠠᠭᠤᠳᠠᠯ᠎ᠢ ᠰᠢᠢ᠍ᠳᠪᠦᠷᠢᠯᠡᠵᠦ᠂ ᠤᠨᠤᠯ᠎ᠤᠨ ᠳᠠᠪᠬᠤᠷᠭ᠎ᠠ᠎ᠠᠴᠠ ᠦᠵᠦ ᠲᠥᠯᠥᠪᠯᠡᠭᠡ ᠵᠢᠨ ᠳᠡᠭᠡᠭᠰᠢᠯᠡᠯᠲᠡ ᠵᠢ ᠠᠬᠢᠭᠤᠯᠬᠤ ᠬᠡᠷᠡᠭᠲᠡᠢ᠃ ᠭᠤᠷᠪᠠ᠎ᠳᠤ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠷᠬᠠᠭ ᠬᠡᠮ᠎ᠢ ᠭᠦᠨᠵᠡᠭᠡᠶ ᠡᠷᠢᠵᠦ᠂ ᠡᠬᠡ ᠲᠠᠩᠰᠠ ᠵᠢ ᠪᠠᠢ᠌ᠭᠤᠯᠬᠤ ᠬᠡᠷᠡᠭᠲᠡᠢ᠃ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠣᠨᠴᠠᠯᠢᠭ᠎ᠢ ᠳᠣᠪᠣᠢ᠌ᠯᠭ᠋ᠠᠵᠤ᠂ ᠶᠠᠮᠠᠷ ᠠᠰᠠᠭᠤᠳᠠᠯ ᠲᠣᠪᠣᠢ᠌ᠮ᠎ᠠ ᠪᠠᠢ᠌ᠪᠠᠯ ᠲᠡᠷᠡ ᠠᠰᠠᠭᠤᠳᠠᠯ᠎ᠢ ᠴᠡᠭᠴᠡᠯᠡᠨ ᠵᠠᠰᠠᠬᠤ ᠵᠢ ᠪᠠᠷᠢᠮᠲᠠᠯᠠᠵᠤ᠂ ᠠᠭᠤᠴᠢᠯᠠᠨ ᠰᠢᠢ᠍ᠳᠬᠡᠬᠦ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠢ ᠨᠠᠷᠢᠨ ᠬᠢᠨᠠᠮᠠᠭ᠋ᠠᠶ ᠵᠣᠬᠢᠶᠠᠨ ᠪᠠᠢ᠌ᠭᠤᠯᠤᠨ ᠥᠷᠨᠢᠭᠦᠯᠵᠦ᠂ ᠰᠡᠳᠬᠢᠯ᠎ᠤᠨ ᠦᠭᠡ᠎ᠪᠠᠨ ᠶᠠᠷᠢᠯᠴᠠᠬᠤ ᠵᠢ ᠥᠷᠭᠡᠨ ᠵᠶ᠋ᠡᠷ ᠥᠷᠨᠢᠭᠦᠯᠵᠦ᠂ ᠵᠣᠬᠢᠶᠠᠨ ᠪᠠᠢ᠌ᠭᠤᠯᠤᠯᠲᠠ ᠵᠢᠨ ᠺᠠᠳ᠋ᠷ ᠴᠠᠭᠳᠠᠭ᠎ᠠ ᠬᠤᠪᠢ ᠬᠥᠮᠦᠨ᠎ᠤ ᠥᠪᠡᠰᠦᠪᠡᠨ ᠪᠠᠢ᠌ᠴᠠᠭ᠋ᠠᠬᠤ ᠤᠴᠢᠷ ᠶᠠᠪᠤᠳᠠᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢ ᠦᠨᠡᠨ ᠮᠥᠨ ᠵᠶ᠋ᠡᠷ ᠲᠠᠭᠯᠠᠨ ᠮᠡᠳᠡᠭᠦᠯᠬᠦ ᠬᠡᠷᠡᠭᠲᠡᠶ᠃ ᠡᠯ᠎ᠡ ᠨᠠᠮ᠎ᠤᠨ ᠡᠭᠦᠷ ᠬᠤᠷᠠᠯ ᠬᠢᠵᠦ᠂ ᠠᠷᠬᠠᠭ ᠬᠡᠮ᠎ᠢ ᠭᠦᠨᠵᠡᠭᠡᠶ ᠪᠠᠢ᠌ᠴᠠᠭ᠋ᠠᠨ ᠡᠷᠢᠬᠦ ᠬᠡᠷᠡᠭᠲᠡᠶ᠃ ᠳᠥᠷᠪᠡ᠎ᠳᠤ ᠬᠡᠷᠡᠭ᠎ᠤᠨ ᠰᠦᠪᠡᠭᠴᠢ ᠵᠢ ᠪᠠᠢ᠌ᠴᠠᠭ᠋ᠠᠨ ᠰᠢᠢᠳᠪᠦᠷᠢᠯᠡᠬᠦ ᠵᠢ ᠴᠢᠩᠭ᠋ᠠᠳᠬᠠᠵᠤ᠂ ᠨᠥᠯᠥᠭᠡ ᠵᠢ ᠪᠥᠬᠥ ᠲᠠᠯ᠎ᠠ᠎ᠪᠠᠷ ᠠᠷᠢᠯᠭ᠋ᠠᠵᠤ᠂ ᠬᠡᠷᠡᠭ ᠵᠶ᠋ᠡᠷ ᠥᠭᠡᠷᠡᠴᠢᠯᠡᠯᠲᠡ ᠵᠢ ᠠᠬᠢᠭᠤᠯᠬᠤ ᠵᠢ ᠠᠬᠢᠭᠤᠯᠬᠤ ᠬᠡᠷᠡᠭᠲᠡᠢ᠃ ᠰᠦᠪᠡᠭᠴᠢ ᠵᠢ ᠪᠠᠢ᠌ᠴᠠᠭ᠋ᠠᠨ ᠰᠢᠢᠳᠪᠦᠷᠢᠯᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠠᠷᠬᠠᠭ ᠡᠪᠡᠳᠴᠢᠨ᠎ᠤ ᠰᠦᠪᠡᠭᠴᠢ ᠵᠢ ᠬᠠᠷᠭᠤᠭᠤᠯᠤᠨ ᠪᠠᠢ᠌ᠴᠠᠭ᠋ᠠᠬᠤ ᠲᠤᠰᠬᠠᠶ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠰᠦᠪᠡᠭᠴᠢ ᠵᠢᠨ ᠠᠵᠢᠯᠯᠠᠬᠤ ᠳᠤᠭᠤᠢ᠌ᠯᠠᠩ᠎ᠤᠨ᠎ᠬᠢᠨ ᠭᠠᠷᠠᠭ ᠪᠦᠷᠢ ᠲᠣᠬᠢᠷᠠᠭᠤᠯᠤᠯᠲᠠ ᠬᠢᠵᠦ᠂ ᠰᠢᠨ᠎ᠡ ᠨᠢᠭᠡ ᠡᠭᠡᠯᠵᠢ ᠵᠢᠨ ᠬᠡᠷᠡᠭ᠎ᠤᠨ ᠰᠦᠪᠡᠭᠴᠢ ᠵᠢ ᠬᠠᠷᠭᠤᠭᠤᠯᠤᠨ ᠪᠠᠢ᠌ᠴᠠᠭ᠋ᠠᠬᠤ ᠵᠢ ᠠᠬᠢᠭᠤᠯᠬᠤ ᠬᠡᠷᠡᠭᠲᠡᠶ᠃ ᠰᠡᠷᠡᠮᠵᠢᠯᠡᠭᠦᠯᠬᠦ ᠬᠥᠮᠦᠵᠢᠯ ᠪᠠ ᠬᠡᠷᠡᠭ ᠵᠶ᠋ᠡᠷ ᠴᠡᠭᠴᠡᠯᠡᠨ ᠰᠠᠢ᠌ᠵᠢᠷᠠᠭᠤᠯᠬᠤ ᠵᠢ ᠦᠨᠡᠨ ᠬᠦ᠌ ᠰᠠᠢ᠌ᠲᠤᠷ ᠠᠳᠬᠤᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠺᠠᠳ᠋ᠷ ᠴᠠᠭᠳᠠᠭ᠎ᠠ ᠵᠢ ᠤᠬᠠᠮᠰᠠᠷ᠎ᠠᠴᠠ᠎ᠪᠠᠨ ᠰᠡᠬᠡᠭᠡᠷᠡᠬᠦ᠂ ᠪᠢᠰᠢᠷᠡᠨ ᠵᠢᠷᠦᠬᠡᠰᠢᠶᠡᠬᠦ ᠵᠢ ᠮᠡᠳᠡᠬᠦ᠂ ᠰᠡᠷᠡᠮᠵᠢᠯᠡᠨ ᠵᠢᠷᠦᠬᠡᠰᠢᠶᠡᠬᠦ ᠵᠢ ᠮᠡᠳᠡᠬᠦ᠂ ᠬᠣᠷᠢᠭ᠎ᠠ ᠱᠤᠭᠤᠮ᠎ᠢ ᠰᠠᠬᠢᠬᠤ᠎ᠪᠠᠷ ᠬᠥᠮᠦᠵᠢᠭᠦᠯᠬᠦ ᠬᠡᠷᠡᠭᠲᠡᠢ᠃ ᠲᠠᠪᠤ᠎ᠳᠤ ᠲᠦᠷᠢᠮ ᠲᠣᠭᠲᠠᠭ᠋ᠠᠯ ᠲᠣᠭᠲᠠᠭ᠋ᠠᠬᠤ ᠵᠢ ᠴᠢᠩᠭ᠋ᠠᠳᠬᠠᠵᠤ᠂ ᠲᠦᠷᠢᠮ᠎ᠤᠨ ᠳᠤᠲᠠᠭᠤᠳᠠᠯ᠎ᠢ ᠨᠥᠬᠥᠪᠥᠷᠢᠯᠡᠵᠦ᠂ ᠲᠦᠷᠢᠮ᠎ᠤᠨ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ ᠬᠡᠷᠡᠭᠲᠡᠢ᠃ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠤᠳᠤᠷᠢᠳᠬᠤ ᠳᠤᠭᠤᠢ᠌ᠯᠠᠩ᠎ᠤᠨ ᠠᠯᠪᠠᠨ ᠬᠡᠷ᠎ᠤᠨ ᠳᠣᠤᠷ᠎ᠠ ᠲᠦᠷᠢᠮ ᠲᠣᠭᠲᠠᠭ᠋ᠠᠯ ᠲᠣᠭᠲᠠᠭ᠋ᠠᠬᠤ ᠳᠤᠭᠤᠢ᠌ᠯᠠᠩ᠎ᠢ ᠪᠠᠢ᠌ᠭᠤᠯᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠲᠦᠷᠢᠮ ᠲᠣᠭᠲᠠᠭ᠋ᠠᠯ ᠲᠣᠭᠲᠠᠭ᠋ᠠᠬᠤ ᠠᠵᠢᠯ᠎ᠳᠤ ᠲᠣᠬᠢᠷᠠᠭᠤᠯᠤᠯᠲᠠ ᠬᠢᠬᠦ ᠵᠢ ᠬᠠᠷᠢᠭᠤᠴᠠᠨ᠎ᠠ᠃ ᠲᠦᠷᠢᠮ ᠲᠣᠭᠲᠠᠭ᠋ᠠᠯ ᠲᠣᠭᠲᠠᠭ᠋ᠠᠬᠤ ᠶᠠᠪᠤᠳᠠᠯ᠎ᠢ ᠬᠥᠮᠦᠵᠢᠯ ᠴᠡᠭᠴᠡᠯᠡᠯᠲᠡ ᠵᠢᠨ ᠡᠯ᠎ᠡ ᠭᠣᠭᠴᠣᠭ᠎ᠠ᠎ᠳᠤ ᠲᠤᠭᠤᠰᠢᠯᠠᠭᠤᠯᠵᠤ᠂ ᠬᠠᠤᠯᠢ ᠪᠠᠷᠢᠬᠤ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠢᠵᠢ ᠪᠦᠷᠢᠳᠦᠬᠦᠯᠦᠭᠰᠡᠨ᠂ ᠵᠣᠬᠢᠴᠠᠯᠳᠤᠭᠰᠠᠨ ᠲᠦᠷᠢᠮ ᠲᠣᠭᠲᠠᠭ᠋ᠠᠯ ᠲᠣᠭᠲᠠᠭ᠋ᠠᠬᠤ ᠲᠣᠳᠣᠷᠬᠠᠢ ᠬᠠᠭᠤᠳᠠᠰᠤ ᠭᠠᠷᠭ᠋ᠠᠵᠤ᠂ ᠲᠦᠷᠢᠮ᠎ᠤᠨ ᠬᠠᠩᠭ᠋ᠠᠯᠭ᠎ᠠ ᠵᠢ ᠴᠢᠩᠭ᠋ᠠᠳᠬᠠᠨ᠂ ᠦᠵᠡᠯ ᠰᠠᠨᠠᠭ᠎ᠠ ᠵᠢ ᠬᠠᠮᠢᠶᠠᠷᠬᠤ᠂ ᠠᠵᠢᠯ᠎ᠢ ᠬᠠᠮᠢᠶᠠᠷᠬᠤ᠂ ᠰᠤᠷᠲᠠᠯ᠎ᠢ ᠬᠠᠮᠢᠶᠠᠷᠬᠤ᠂ ᠰᠠᠬᠢᠯᠭ᠎ᠠ ᠪᠠᠲᠤ ᠵᠢ ᠬᠠᠮᠢᠶᠠᠷᠬᠤ ᠲᠦᠷᠢᠮ᠎ᠤᠨ ᠰᠢᠰᠲ᠋ᠧᠮ᠎ᠢ ᠪᠠᠢ᠌ᠭᠤᠯᠤᠨ ᠪᠦᠷᠢᠨᠰᠢᠬᠦᠯᠵᠤ᠂ ᠲᠦᠷᠢᠮ ᠵᠶ᠋ᠡᠷ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ᠂ ᠲᠦᠷᠢᠮ ᠶᠣᠰᠣᠭ᠋ᠠᠷ ᠠᠵᠢᠯᠯᠠᠬᠤ᠂ ᠲᠦᠷᠢᠮ ᠵᠶ᠋ᠡᠷ ᠬᠥᠮᠦᠨ᠎ᠢ ᠬᠠᠮᠢᠶᠠᠷᠬᠤ ᠲᠣᠭᠲᠠᠴᠠ ᠵᠢ ᠪᠤᠢ ᠪᠣᠯᠭ᠋ᠠᠬᠤ ᠬᠡᠷᠡᠭᠲᠡᠢ᠃ ᠵᠢᠷᠭᠤᠭ᠎ᠠ᠎ᠳᠤ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠬᠥᠮᠦᠵᠢᠯ ᠴᠡᠭᠴᠡᠯᠡᠯᠲᠡ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠵᠤ᠂ ᠵᠢᠱ᠌ᠢᠶᠡᠴᠢ ᠪᠠᠢ᠌ᠭᠤᠯᠭ᠎ᠠ ᠵᠢ ᠪᠠᠢ᠌ᠭᠤᠯᠬᠤ ᠬᠡᠷᠡᠭᠲᠡᠢ᠃ ᠡᠯ᠎ᠡ ᠠᠵᠢᠯᠯᠠᠬᠤ ᠳᠤᠭᠤᠢ᠌ᠯᠠᠩ᠎ᠤᠨ᠎ᠬᠢᠨ ᠤᠯᠤᠰ ᠲᠥᠷᠥ ᠵᠢᠨ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠂ ᠵᠣᠬᠢᠴᠠᠭᠤᠯᠤᠨ ᠬᠠᠮᠵᠢᠯᠴᠠᠬᠤ᠎ᠪᠠᠨ ᠴᠢᠩᠭ᠋ᠠᠳᠬᠠᠨ᠂ ᠡᠳᠦᠷ᠎ᠤᠨ ᠲᠣᠬᠢᠷᠠᠭᠤᠯᠤᠯᠲᠠ ᠵᠢᠨ ᠭᠠᠷᠠᠭ᠎ᠤᠨ ᠮᠡᠳᠡᠭᠦᠯᠦᠯᠲᠡ ᠵᠢᠨ ᠲᠦᠷᠢᠮ᠎ᠢ ᠴᠢᠩᠭ᠎ᠠ ᠬᠡᠷᠡᠭᠵᠢᠭᠦᠯᠵᠦ᠂ ᠠᠰᠠᠭᠤᠳᠠᠯ᠎ᠤᠨ ᠵᠠᠩᠭᠢᠯᠠᠭ᠎ᠠ ᠵᠢ ᠣᠨᠣᠪᠴᠢᠲᠠᠶ ᠡᠷᠢᠨ᠂ ᠠᠵᠢᠯ᠎ᠤᠨ ᠡᠬᠡ ᠲᠠᠩᠰᠠ ᠪᠠᠢ᠌ᠭᠤᠯᠵᠤ᠂ ᠨᠠᠷᠢᠨ ᠨᠢᠮᠪᠠᠶ ᠨᠠᠢ᠌ᠳᠠᠪᠤᠷᠢᠵᠢᠭᠤᠯᠬᠤ ᠪᠠ ᠵᠢᠵᠢᠭ ᠰᠠᠵᠢᠭ ᠵᠦᠢᠯ᠎ᠳᠤ ᠨᠠᠢ᠌ᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠵᠤ᠂ ᠪᠣᠳᠠᠲᠠᠶ ᠠᠷᠭ᠎ᠠ ᠬᠡᠮᠵᠢᠶ᠎ᠡ ᠠᠪᠴᠤ᠂ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠠᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠬᠤ ᠬᠡᠷᠡᠭᠲᠡᠶ᠃