ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠬᠡᠷᠡᠭᠴᠡᠭᠡ᠎ᠳᠤ ᠵᠣᠬᠢᠴᠠᠭᠤᠯᠤᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠬᠠᠤᠯᠢ ᠶᠣᠰᠣᠭ᠋ᠠᠷ ᠭᠦᠢᠴᠡᠳᠬᠡᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠵᠢ ᠵᠢᠷᠤᠮᠵᠢᠭᠤᠯᠤᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠥᠯᠥᠭᠡ᠂ ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠴᠢᠳᠠᠪᠤᠷᠢ ᠵᠢ ᠳᠡᠭᠡᠭᠰᠢᠯᠡᠭᠦᠯᠬᠦ ᠪᠤᠯᠪᠠᠰᠤᠷᠠᠭᠤᠯᠤᠯ᠎ᠤᠨ ᠠᠩᠭᠢ ᠡᠷᠭᠢᠯᠡᠵᠦ᠂ ᠨᠡᠢ᠌ᠲᠡ 160 ᠭᠠᠷᠤᠶ ᠬᠥᠮᠦᠨ ᠪᠤᠯᠪᠠᠰᠤᠷᠠᠭᠤᠯᠤᠯ᠎ᠳᠤ ᠣᠷᠣᠯᠴᠠᠪᠠ᠃
ᠪᠣᠯᠪᠠᠰᠤᠷᠠᠭᠤᠯᠤᠯ᠎ᠨᠢ ᠣᠳᠣᠬᠠᠨ᠎ᠤ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠠᠰᠠᠭᠤᠳᠠᠯ᠎ᠳᠤ ᠴᠢᠭᠯᠡᠭᠦᠯᠦᠨ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠢᠢ᠍ᠳᠬᠡᠨ ᠲᠣᠷᠭ᠋ᠠᠬᠤ ᠬᠠᠤᠯᠢ》᠎ᠳᠤ ᠰᠢᠨ᠎ᠡ᠎ᠪᠠᠷ ᠵᠠᠰᠠᠪᠤᠷᠢ ᠣᠷᠣᠭᠤᠯᠤᠨ ᠬᠡᠷᠡᠭᠵᠢᠭᠦᠯᠦᠭᠰᠡᠨ᠎ᠲᠠᠢ ᠤᠶᠠᠯᠳᠤᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠨ᠎ᠤ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ ᠵᠢᠨ ᠲᠦᠯᠦᠭᠡ ᠡᠷᠬᠢᠯᠡᠭᠰᠡᠨᠢ ᠭᠦᠢ᠍ᠴᠡᠳ ᠢᠯᠡᠷᠡᠭᠦᠯᠪᠡ᠃

ᠪᠣᠯᠪᠠᠰᠤᠷᠠᠭᠤᠯᠤᠯ᠎ᠨᠢ 《ᠤᠷᠢᠵᠤ ᠠᠪᠴᠢᠷᠠᠬᠤ》 ᠠᠷᠭ᠎ᠠ ᠬᠡᠯᠪᠡᠷᠢ ᠵᠢ ᠠᠪᠴᠤ᠂ ᠣᠨᠴᠠᠭ᠋ᠠᠢ᠌ᠯᠠᠨ ᠪᠥᠬᠥ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠤᠨ ᠬᠠᠤᠯᠢ ᠬᠡᠷᠡᠭᠵᠢᠭᠦᠯᠬᠦ ᠨᠢᠭᠡᠳᠦᠭᠡᠷ ᠹᠷᠣᠨᠲ᠎ᠲᠤ ᠣᠷᠳᠣ ᠬᠤᠭᠤᠴᠠᠭ᠎ᠠ᠎ᠪᠠᠷ ᠪᠠᠢ᠌ᠯᠳᠤᠵᠤ ᠪᠠᠢ᠌ᠭ᠎ᠠ ᠲᠤᠰᠬᠠᠶ ᠮᠡᠷᠭᠡᠵᠢᠯᠲᠡᠨ ᠭᠣᠤ ᠰᠢᠶᠤᠤ ᠴᠤᠤ ᠪᠠᠭᠰᠢ ᠵᠢ ᠤᠷᠢᠵᠤ ᠬᠢᠴᠢᠶᠡᠯ ᠣᠷᠣᠭᠤᠯᠪᠠ᠃ ᠭᠣᠤ ᠰᠢᠶᠤᠤ ᠴᠤᠤ 《ᠵᠠᠰᠠᠭ ᠵᠠᠬᠢᠷᠭ᠋ᠠᠨ᠎ᠤ ᠰᠢᠢᠳᠬᠡᠯ᠎ᠤᠨ ᠲᠦᠷᠢᠮ᠎ᠳᠤ ᠵᠠᠰᠠᠪᠤᠷᠢ ᠣᠷᠣᠭᠤᠯᠬᠤ ᠪᠠ ᠲᠡᠭᠦᠨ᠎ᠢ ᠲᠡᠭᠦᠯᠳᠡᠷᠵᠢᠭᠦᠯᠬᠦ》᠂ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠰᠢᠢᠳᠬᠡᠯ᠎ᠤᠨ ᠵᠢᠷᠤᠮ᠎ᠤᠨ ᠲᠣᠭᠲᠠᠭ᠋ᠠᠯ ᠵᠢᠴᠢ ᠬᠡᠷᠡᠭ᠎ᠢ ᠬᠢᠨᠠᠨ ᠬᠠᠷᠭᠤᠭᠤᠯᠵᠤ ᠭᠡᠷᠡᠴᠢᠯᠡᠭᠡ ᠰᠣᠨᠣᠰᠬᠤ ᠶᠠᠪᠤᠳᠠᠯ》 ᠭᠡᠬᠦ ᠰᠡᠳᠦᠪ ᠵᠶ᠋ᠡᠷ᠂ ᠲᠣᠰ ᠪᠡᠶ᠎ᠡ ᠵᠢᠨ ᠬᠠᠤᠯᠢ ᠬᠡᠷᠡᠭᠵᠢᠭᠦᠯᠬᠦ ᠠᠵᠢᠯ᠎ᠤᠨ ᠦᠢᠯᠡᠳᠦᠯᠭᠡ᠎ᠲᠠᠢ᠎ᠪᠠᠨ ᠤᠶᠠᠯᠳᠤᠭᠤᠯᠤᠨ᠂ ᠲᠣᠰ ᠲᠣᠰ ᠬᠡᠷᠡᠭ᠎ᠤᠨ ᠢᠷᠡᠯᠲᠡ ᠵᠢ ᠬᠠᠷᠭᠤᠭᠤᠯᠤᠨ ᠪᠠᠢ᠌ᠴᠠᠭ᠋ᠠᠬᠤ᠂ ᠬᠡᠷᠡᠭ ᠪᠣᠯᠭ᠋ᠠᠨ ᠳᠠᠩᠰᠠᠯᠠᠬᠤ᠂ ᠪᠠᠢ᠌ᠴᠠᠭ᠋ᠠᠬᠤ᠂ ᠬᠢᠨᠠᠨ ᠬᠠᠷᠭᠤᠭᠤᠯᠬᠤ᠂ ᠮᠡᠳᠡᠭᠳᠡᠬᠦ᠂ ᠬᠢᠨᠠᠨ ᠵᠥᠪᠰᠢᠶᠡᠷᠡᠬᠦ᠂ ᠲᠣᠭᠲᠠᠭ᠋ᠠᠬᠤ᠂ ᠬᠦᠷᠭᠡᠬᠦ᠂ ᠬᠡᠷᠡᠭᠵᠢᠭᠦᠯᠬᠦ᠂ ᠡᠪᠬᠡᠮᠡᠯ ᠪᠠᠢ᠌ᠭᠤᠯᠤᠨ ᠲᠠᠩᠰᠠ ᠡᠪᠬᠡᠮᠡᠯ᠎ᠳᠤ ᠣᠷᠣᠭᠤᠯᠬᠤ ᠵᠡᠷᠭᠡ ᠠᠭᠤᠯᠭ᠎ᠠ᠎ᠠᠴᠠ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠵᠠᠰᠠᠭ ᠵᠠᠬᠢᠷᠭ᠋ᠠᠨ᠎ᠤ ᠰᠢᠢᠳᠬᠡᠯ᠎ᠤᠨ ᠬᠠᠤᠯᠢ》 ᠪᠣᠯᠤᠨ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠰᠢᠢᠳᠬᠡᠯ᠎ᠤᠨ ᠵᠢᠷᠤᠮ᠎ᠤᠨ ᠲᠣᠭᠲᠠᠭ᠋ᠠᠯ》᠎ᠳᠤ ᠭᠦᠨᠵᠡᠭᠡᠶ ᠪᠥᠭᠡᠳ ᠣᠢ᠌ᠯᠠᠭ᠋ᠠᠮᠵᠢᠲᠠᠶ ᠲᠠᠢ᠌ᠯᠤᠮᠵᠢ ᠬᠢᠪᠠ᠃

ᠪᠣᠯᠪᠠᠰᠤᠷᠠᠭᠤᠯᠤᠯ᠎ᠨᠢ ᠬᠠᠤᠯᠢ ᠴᠠᠭ᠋ᠠᠵᠠ ᠵᠢᠨ ᠣᠨᠣᠯ᠎ᠤᠨ ᠲᠠᠢ᠌ᠯᠤᠮᠵᠢ᠂ ᠬᠠᠤᠯᠢ ᠬᠡᠷᠡᠭᠵᠢᠭᠦᠯᠬᠦ ᠳᠡᠰ ᠳᠠᠷᠠᠭ᠋ᠠᠯᠠᠯ᠎ᠤᠨ ᠵᠠᠳᠠᠯᠤᠯᠲᠠ ᠪᠠᠢ᠌ᠬᠤ᠎ᠪᠠᠷ ᠪᠠᠷᠠᠬᠤ ᠦᠭᠡᠶ ᠪᠠᠰᠠ ᠬᠠᠤᠯᠢ ᠬᠡᠷᠡᠭᠵᠢᠭᠦᠯᠬᠦ ᠦᠢ᠍ᠯᠡᠳᠦᠯᠭᠡ ᠵᠢᠨ ᠵᠢᠯᠣᠭᠣᠳᠤᠯᠭ᠎ᠠ᠎ᠲᠠᠢ ᠪᠠᠢ᠌ᠵᠤ᠂ ᠬᠣᠢ᠌ᠰᠢᠳᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠳᠤ ᠨᠡᠯᠢᠶᠡᠳ ᠴᠢᠩᠭ᠎ᠠ ᠵᠢᠯᠣᠭᠣᠳᠬᠤ ᠴᠢᠨᠠᠷᠲᠠᠶ ᠶᠤᠮ᠃ ᠪᠤᠯᠪᠠᠰᠤᠷᠠᠭᠤᠯᠤᠯ᠎ᠳᠤ ᠣᠷᠣᠯᠴᠠᠭᠰᠠᠨ ᠰᠤᠷᠤᠭᠴᠢᠳ᠂ ᠡᠢ᠌ᠮᠦᠷᠬᠦ ᠬᠢᠴᠢᠶᠡᠯ ᠣᠷᠣᠬᠤ ᠠᠷᠭ᠎ᠠ ᠬᠡᠯᠪᠡᠷᠢ᠎ᠨᠢ 《ᠬᠠᠭᠤᠷᠠᠶ ᠪᠠᠷᠠᠭ᠎ᠠ ᠳᠦᠭᠦᠷᠡᠩ》᠂ 《ᠣᠯᠠᠨ ᠲᠦᠮᠡᠨ᠎ᠲᠠᠢ ᠮᠠᠰᠢ ᠣᠢ᠌ᠷᠠᠲᠤᠵᠤ》᠂ ᠬᠠᠤᠯᠢ ᠬᠡᠷᠡᠭᠵᠢᠭᠦᠯᠬᠦ ᠠᠵᠢᠯᠲᠠᠨ᠎ᠤ ᠬᠡᠪ ᠴᠢᠨᠠᠷ᠎ᠢ ᠳᠡᠭᠡᠭᠰᠢᠯᠡᠭᠦᠯᠬᠦ᠎ᠳᠤ 《ᠮᠠᠰᠢ ᠤᠮᠳᠠᠭ᠎ᠠ ᠵᠢ ᠳᠠᠷᠤᠵᠤ》 ᠪᠠᠢ᠌ᠨ᠎ᠠ; ᠬᠣᠢ᠌ᠰᠢᠳᠠ ᠵᠢᠨ ᠬᠠᠤᠯᠢ ᠬᠡᠷᠡᠭᠵᠢᠭᠦᠯᠬᠦ ᠶᠠᠪᠤᠴᠠ᠎ᠳᠤ ᠵᠢᠷᠤᠮ᠎ᠢ ᠴᠢᠩᠭ᠎ᠠ ᠵᠢᠷᠤᠮᠯᠠᠨ ᠬᠡᠷᠡᠭ ᠰᠢᠢ᠍ᠳᠪᠦᠷᠢᠯᠡᠵᠦ᠂ ᠬᠠᠤᠯᠢ ᠬᠡᠷᠡᠭᠵᠢᠭᠦᠯᠬᠦ ᠵᠢᠷᠤᠮ᠎ᠢ ᠴᠢᠩᠭ᠎ᠠ ᠪᠠᠢ᠌ᠯᠭ᠋ᠠᠵᠤ᠂ ᠪᠠᠢ᠌ᠴᠠᠭ᠋ᠠᠯᠲᠠ ᠬᠢᠵᠦ ᠭᠡᠷᠡᠴᠢ ᠠᠪᠬᠤ ᠵᠢᠷᠤᠮᠵᠢᠯ᠎ᠢ ᠬᠡᠷᠡᠭᠵᠢᠭᠦᠯᠦᠨ᠂ ᠪᠢᠴᠢᠭ ᠬᠠᠷ᠎ᠠ ᠪᠠᠭᠤᠯᠭ᠋ᠠᠬᠤ ᠪᠠᠷᠢᠮᠵᠢᠶ᠎ᠠ ᠵᠢ ᠲᠣᠭᠲᠠᠭ᠋ᠠᠵᠤ᠂ ᠬᠠᠤᠯᠢ ᠬᠡᠷᠡᠭᠵᠢᠭᠦᠯᠬᠦ ᠡᠷᠴᠢᠮ᠎ᠢ ᠪᠠᠲᠤᠯᠠᠬᠤ ᠮᠥᠷᠲᠡᠭᠡᠨ ᠪᠠᠰᠠ ᠬᠠᠤᠯᠢ ᠬᠡᠷᠡᠭᠵᠢᠭᠦᠯᠬᠦ ᠬᠠᠯᠠᠭᠤᠨ ᠳᠤᠯᠠᠭ᠋ᠠᠨ᠎ᠢ ᠪᠠᠲᠤᠯᠠᠬᠤ ᠬᠡᠷᠡᠭᠲᠡᠢ᠃
