ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠲᠢᠩᠬᠢᠮ᠎ᠤᠨ ᠳᠠᠷᠤᠭ᠎ᠠ ᠪᠠᠶ ᠶᠦᠩ ᠫᠢᠩ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠶ ᠶᠠᠷᠢᠪᠠ
ᠨᠡᠶ᠋ᠢᠲᠡᠯᠡᠭᠰᠡᠨ ᠴᠠᠭ᠄ 2021-11-17

      8 ᠰᠠᠷ᠎ᠠ ᠵᠢᠨ 27᠎ᠤ ᠡᠳᠦᠷ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ ᠮᠠᠨ᠎ᠤ ᠨᠠᠮ᠎ᠤᠨ ᠦᠨᠳᠦᠰᠦᠲᠡᠨ᠎ᠤ ᠠᠵᠢᠯ᠎ᠤᠨ ᠵᠠᠭᠤᠨ ᠵᠢᠯ᠎ᠤᠨ ᠬᠡᠷᠡᠯ ᠰᠠᠴᠤᠷᠠᠩᠭᠤᠶ ᠥᠩᠭᠡᠷᠡᠯᠲᠡ ᠪᠠ ᠲᠡᠦᠬᠡᠨ ᠠᠮᠵᠢᠯᠲᠠ ᠵᠢ ᠪᠥᠬᠥ ᠲᠠᠯ᠎ᠠ᠎ᠪᠠᠷ ᠡᠷᠭᠢᠴᠡᠭᠦᠯᠵᠦ᠂ ᠣᠳᠣᠬᠠᠨ᠎ᠤ ᠨᠠᠮ᠎ᠤᠨ ᠦᠨᠳᠦᠰᠦᠲᠡᠨ᠎ᠤ ᠠᠵᠢᠯ᠎ᠳᠤ ᠲᠤᠯᠭ᠋ᠠᠷᠠᠵᠤ ᠪᠠᠢ᠌ᠭ᠎ᠠ ᠰᠢᠨ᠎ᠡ ᠪᠠᠢ᠌ᠳᠠᠯ᠎ᠢ ᠭᠦᠨᠵᠡᠭᠡᠶ ᠵᠠᠳᠠᠯᠵᠤ᠂ ᠮᠠᠨ᠎ᠤ ᠨᠠᠮ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠰᠢᠰᠲ᠋ᠧᠮ᠎ᠲᠠᠢ ᠲᠣᠳᠣᠷᠬᠠᠢ᠌ᠯᠠᠨ ᠥᠭᠦᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠤᠯ ᠰᠢᠵᠢᠮ ᠪᠣᠯᠭ᠋ᠠᠵᠤ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠵᠢᠯᠣᠭᠣᠳᠬᠤ ᠦᠵᠡᠯ ᠰᠠᠨᠠᠭ᠎ᠠ᠂ ᠪᠠᠢ᠌ᠯᠳᠤᠬᠤ ᠪᠣᠳᠣᠯᠭ᠎ᠠ ᠵᠢᠨ ᠬᠠᠷᠠᠯᠲᠠ᠂ ᠭᠣᠤᠯᠳᠠᠯᠭ᠎ᠠ᠎ᠲᠠᠢ ᠡᠭᠦᠷᠭᠡ᠂ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠣᠳᠣᠷᠬᠠᠢ᠌ᠯᠠᠪᠠ᠃ ᠶᠡᠷᠦᠩᠬᠡᠢ ᠱᠦᠵᠢ ᠵᠢᠨ ᠶᠠᠷᠢᠶᠠᠨ᠎ᠤ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ᠂ ᠠᠴᠢ ᠬᠣᠯᠪᠣᠭᠳᠠᠯ ᠴᠢᠬᠤᠯᠠ ᠶᠡᠬᠡ ᠪᠠᠢ᠌ᠵᠤ᠂ ᠦᠨᠳᠦᠰᠦᠲᠡᠨ᠎ᠤ ᠠᠵᠢᠯ᠎ᠢ ᠰᠠᠢ᠌ᠲᠤᠷ ᠬᠢᠬᠦ᠎ᠳᠤ ᠴᠢᠭᠯᠡᠯ᠎ᠢ ᠲᠣᠳᠣᠷᠬᠠᠢ ᠵᠢᠭ᠋ᠠᠵᠤ᠂ ᠴᠢᠬᠤᠯᠠ ᠵᠢᠷᠤᠮᠯᠠᠯ ᠬᠠᠩᠭ᠋ᠠᠪᠠ᠂ ᠡᠨᠡ ᠪᠣᠯ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠢ ᠰᠠᠢ᠌ᠲᠤᠷ ᠬᠢᠬᠦ ᠵᠢᠨ ᠬᠥᠲᠥᠯᠪᠦᠷᠢ ᠵᠢᠨ ᠴᠢᠨᠠᠷᠲᠠᠢ ᠲᠤᠯᠭᠤᠷ ᠪᠢᠴᠢᠭ ᠪᠣᠯᠤᠨ᠎ᠠ᠃


     9 ᠰᠠᠷ᠎ᠠ ᠵᠢᠨ 1᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠴᠠᠭ ᠲᠤᠬᠠᠶ᠎ᠳᠤ᠎ᠨᠢ ᠨᠠᠮ᠎ᠤᠨ ᠬᠣᠷᠢᠶ᠎ᠠ (ᠥᠷᠭᠡᠳᠬᠡᠭᠰᠡᠨ) ᠵᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠤᠯᠠᠮᠵᠢᠯᠠᠨ ᠰᠤᠷᠤᠯᠴᠠᠬᠤ ᠵᠢᠨ ᠬᠠᠮᠲᠤ 《ᠳᠥᠷᠪᠡᠨ ᠤᠬᠠᠮᠰᠠᠷ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠰᠠᠨᠠᠯ᠎ᠢ ᠳᠤᠷᠠᠳᠪᠠ᠃
      ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠤᠯᠤᠰ ᠲᠥᠷᠥ ᠵᠢᠨ ᠤᠬᠠᠮᠰᠠᠷ ᠵᠶ᠋ᠠᠨ ᠴᠢᠩᠭ᠋ᠠᠳᠬᠠᠨ᠎ᠠ
      ᠪᠦᠬᠦ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ᠎ᠬᠢᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢ ᠣᠳᠣᠬᠠᠨ᠎ᠤ ᠪᠠ ᠬᠣᠢ᠌ᠰᠢᠳᠠ ᠵᠢᠨ ᠨᠢᠭᠡ ᠬᠤᠭᠤᠴᠠᠭ᠋ᠠᠨ᠎ᠤ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠨ ᠴᠢᠩᠭ᠎ᠠ ᠠᠳᠬᠤᠨ ᠪᠣᠳᠠᠲᠠᠢ ᠠᠳᠬᠤᠵᠤ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠣᠢ᠌ᠯᠠᠭ᠋ᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠳᠦᠰᠦᠲᠡᠨ᠎ᠤ ᠠᠵᠢᠯ᠎ᠢ ᠰᠠᠢ᠌ᠲᠤᠷ ᠬᠢᠬᠦ ᠵᠢᠨ ᠤᠯᠤᠰ ᠲᠦᠷᠦ ᠵᠢᠨ ᠰᠠᠭᠤᠷᠢ ᠵᠢ ᠦᠨᠡᠨ ᠬᠦ᠌ ᠪᠠᠲᠤ ᠴᠣᠭᠴᠠᠯᠠᠬᠤ ᠬᠡᠷᠡᠭᠲᠡᠢ᠃
      ᠣᠨᠣᠯ ᠵᠶ᠋ᠠᠷ ᠵᠡᠪᠰᠡᠭᠯᠡᠬᠦ ᠵᠢ ᠭᠦᠨᠵᠡᠭᠡᠢ᠌ᠷᠡᠭᠦᠯᠵᠦ᠂ ᠦᠵᠡᠯ ᠰᠠᠨᠠᠭ᠋ᠠᠨ᠎ᠤ ᠤᠬᠠᠮᠰᠠᠷ᠎ᠢ ᠴᠢᠩᠭ᠋ᠠᠳᠬᠠᠨ᠎ᠠ
      ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠦᠷᠢᠨ ᠪᠦᠲᠦᠨ ᠪᠦᠬᠦ ᠲᠠᠯ᠎ᠠ᠎ᠪᠠᠷ ᠣᠨᠣᠪᠴᠢᠲᠠᠢ ᠡᠵᠡᠮᠳᠡᠵᠦ᠂ ᠭᠣᠣᠯ ᠠᠭᠤᠯᠭ᠎ᠠ᠂ ᠵᠣᠷᠢᠭ ᠰᠠᠨᠠᠭ᠋ᠠᠨ᠎ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠢ ᠣᠢ᠌ᠯᠠᠭ᠋ᠠᠬᠤ ᠬᠡᠷᠡᠭᠲᠡᠢ᠃ ᠦᠵᠡᠯ ᠰᠠᠨᠠᠭ᠎ᠠ ᠣᠨᠣᠯ ᠵᠶ᠋ᠠᠷ ᠵᠡᠪᠰᠡᠭᠯᠡᠬᠦ ᠵᠢ ᠴᠢᠩᠭ᠋ᠠᠳᠬᠠᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠵᠣᠷᠢᠭᠲᠠᠶ᠎ᠪᠠᠷ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ᠎ᠪᠠᠨ ᠭᠦᠢᠴᠡᠳᠬᠡᠵᠦ᠂ ᠥᠷᠭᠡᠨ ᠣᠯᠠᠨ ᠺᠠᠳ᠋ᠷ ᠴᠠᠭᠳᠠᠭ᠎ᠠ ᠪᠣᠯᠤᠨ ᠬᠠᠤᠯᠢ ᠴᠠᠭ᠋ᠠᠵᠠ ᠵᠢᠨ ᠠᠵᠢᠯᠲᠠᠳ᠎ᠢ ᠬᠥᠲᠥᠯᠥᠨ ᠵᠢᠯᠣᠭᠣᠳᠴᠤ ᠪᠠᠢ᠌ᠭ᠋ᠠᠳ ᠦᠵᠡᠯ ᠰᠠᠨᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠣᠯᠤᠨ ᠶᠡᠷᠦᠩᠬᠡᠶ ᠱᠦᠵᠢ ᠵᠢᠨ ᠶᠠᠷᠢᠶᠠᠨ᠎ᠤ ᠵᠣᠷᠢᠭ ᠰᠠᠨᠠᠭ᠎ᠠ᠎ᠲᠠᠢ ᠦᠨᠡᠨ ᠬᠦ᠌ ᠨᠢᠭᠡᠳᠬᠡᠬᠦ ᠬᠡᠷᠡᠭᠲᠡᠶ᠃ ᠡᠭᠦᠨ᠎ᠤ ᠬᠠᠮᠲᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠢ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠡᠩᠨᠡᠭᠡᠨ᠎ᠤ ᠬᠥᠮᠦᠵᠢᠯ ᠴᠡᠭᠴᠡᠯᠡᠯᠲᠡ᠎ᠲᠠᠢ ᠣᠷᠭ᠋ᠠᠨᠢᠭ ᠵᠶ᠋ᠠᠷ ᠤᠶᠠᠯᠳᠤᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠦᠵᠡᠯ ᠰᠠᠨᠠᠭ᠋ᠠᠨ᠎ᠤ ᠰᠠᠭᠤᠷᠢ ᠵᠢ ᠪᠦᠬᠦ ᠲᠠᠯ᠎ᠠ᠎ᠪᠠᠷ ᠪᠡᠬᠢᠵᠢᠭᠦᠯᠬᠦ ᠬᠡᠷᠡᠭᠲᠡᠢ᠃
      ᠡᠭᠦᠷᠭᠡ ᠬᠠᠷᠢᠭᠤᠴᠠᠯᠭ᠎ᠠ᠎ᠳᠤ᠎ᠪᠠᠨ ᠠᠩᠬᠠᠷᠤᠯ ᠵᠶ᠋ᠠᠨ ᠲᠥᠪᠯᠡᠷᠡᠭᠦᠯᠵᠦ᠂ ᠠᠵᠢᠯᠯᠠᠭ᠋ᠠᠨ᠎ᠤ ᠤᠬᠠᠮᠰᠠᠷ ᠵᠶ᠋ᠠᠨ ᠴᠢᠩᠭ᠋ᠠᠳᠬᠠᠨ᠎ᠠ
      ᠨᠠᠮ᠎ᠤᠨ ᠲᠥᠪ ᠬᠣᠷᠢᠶᠠᠨ᠎ᠤ ᠵᠣᠷᠢᠭ ᠰᠠᠨᠠᠭ᠎ᠠ᠎ᠪᠠᠷ ᠪᠦᠬᠦ ᠲᠠᠯ᠎ᠠ᠎ᠪᠠᠷ ᠪᠠᠷᠢᠮᠵᠢᠶᠠᠯᠠᠵᠤ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠨᠠᠷᠢᠯᠢᠭ ᠨᠠᠢ᠌ᠳᠠᠪᠤᠷᠢᠵᠢᠭᠤᠯᠤᠨ ᠵᠢᠵᠢᠭ ᠰᠠᠵᠢᠭ ᠵᠦᠢ᠍ᠯ᠎ᠳᠤ ᠨᠠᠢ᠌ᠳᠠᠪᠤᠷᠢᠵᠢᠭᠤᠯᠵᠤ᠂ ᠪᠣᠳᠠᠲᠠᠢ ᠵᠢ ᠡᠷᠬᠢᠮᠯᠡᠭᠰᠡᠨ ᠠᠷᠭ᠎ᠠ ᠬᠡᠮᠵᠢᠢ᠎ᠡ ᠪᠠ ᠪᠣᠳᠠᠲᠠᠢ ᠠᠵᠢᠯᠯᠠᠭ᠎ᠠ ᠪᠣᠯᠭ᠋ᠠᠨ ᠬᠤᠪᠢᠷᠠᠭᠤᠯᠵᠤ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠬᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠬᠢ ᠵᠢ ᠭᠦᠢ᠍ᠴᠡᠳ ᠪᠠᠳᠠᠷᠠᠭᠤᠯᠵᠤ᠂ ᠦᠨᠳᠦᠰᠦᠲᠡᠨ᠎ᠤ ᠠᠵᠢᠯ᠎ᠤᠨ ᠬᠠᠤᠯᠢᠵᠢᠯ᠎ᠤᠨ ᠵᠠᠮ ᠵᠶ᠋ᠠᠷ ᠬᠥᠭᠵᠢᠬᠦ ᠵᠢ ᠪᠠᠲᠤᠯᠠᠨ ᠠᠬᠢᠭᠤᠯᠬᠤ ᠬᠡᠷᠡᠭᠲᠡᠢ᠃ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠪᠠ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ᠎ᠢ ᠬᠠᠮᠲᠤ᠎ᠪᠠᠷ ᠰᠠᠢ᠌ᠲᠤᠷ ᠬᠠᠮᠠᠭ᠋ᠠᠯᠠᠬᠤ᠎ᠳᠤ ᠪᠠᠲᠤ ᠪᠠᠬᠢ ᠬᠠᠤᠯᠢ ᠴᠠᠭ᠋ᠠᠵᠠ ᠵᠢᠨ ᠦᠢᠯᠡᠴᠢᠯᠡᠭᠡ ᠪᠠ ᠬᠠᠤᠯᠢᠵᠢᠯ᠎ᠤᠨ ᠪᠠᠲᠤᠯᠠᠭ᠎ᠠ ᠬᠠᠩᠭ᠋ᠠᠨ᠎ᠠ᠃
      ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠬᠠᠷᠢᠭᠤᠴᠠᠯᠭ᠋ᠠᠲᠤ ᠤᠬᠠᠮᠰᠠᠷ ᠵᠶ᠋ᠠᠨ ᠴᠢᠩᠭ᠋ᠠᠳᠬᠠᠨ᠎ᠠ

    ᠪᠦᠬᠦ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠭᠣᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠪᠣᠳᠠᠲᠠᠢ ᠨᠠᠢ᠌ᠳᠠᠪᠤᠷᠢᠵᠢᠭᠤᠯᠵᠤ᠂ ᠨᠠᠮ᠎ᠤᠨ ᠤᠳᠤᠷᠢᠳᠤᠯᠭ᠎ᠠ ᠵᠢ ᠦᠨᠳᠦᠰᠦᠲᠡᠨ᠎ᠤ ᠠᠵᠢᠯ᠎ᠤᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠨᠠᠮ᠎ᠤᠨ ᠬᠣᠷᠢᠢ᠎ᠠ ᠨᠢᠭᠡᠳᠦᠯᠲᠡᠢ ᠤᠳᠤᠷᠢᠳᠬᠤ᠂ ᠡᠯ᠎ᠡ ᠰᠠᠯᠠᠭ᠎ᠠ ᠮᠥᠴᠢᠷ ᠵᠡᠷᠭᠡ᠎ᠪᠠᠷ ᠠᠳᠬᠤᠨ ᠬᠠᠮᠲᠤ᠎ᠪᠠᠷ ᠬᠠᠮᠢᠶᠠᠷᠬᠤ᠂ ᠪᠦᠬᠦ ᠰᠢᠰᠲ᠋ᠧᠮ ᠵᠶ᠋ᠡᠷ ᠵᠶ᠋ᠡᠨ ᠬᠠᠮᠲᠤ᠎ᠪᠠᠷ ᠣᠷᠣᠯᠴᠠᠬᠤ ᠠᠵᠢᠯ᠎ᠤᠨ ᠪᠠᠢ᠌ᠷᠢᠰᠢᠯ᠎ᠢ ᠪᠦᠷᠢᠯᠳᠦᠭᠦᠯᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠪᠦᠬᠦ ᠬᠦᠴᠦᠨ ᠵᠶ᠋ᠡᠷ ᠠᠬᠢᠭᠤᠯᠵᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠥᠮᠦᠨ᠎ᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠬᠦ ᠬᠡᠷᠡᠭᠲᠡᠢ᠃

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠴᠢᠳᠠᠪᠤᠷᠢ ᠵᠢ ᠳᠡᠭᠡᠭᠰᠢᠯᠡᠭᠦᠯᠬᠦ ᠪᠤᠯᠪᠠᠰᠤᠷᠠᠭᠤᠯᠤᠯ᠎ᠤᠨ ᠠᠩᠭᠢ ᠡᠬᠢᠯᠡᠵᠦ ᠬᠠᠤᠯᠢ ᠬᠡᠷᠡᠭᠵᠢᠭᠦᠯᠬᠦ ᠰᠢᠯᠭ᠋ᠠᠷᠠᠭᠰᠠᠨ ᠡᠩᠨᠡᠭᠡ ᠵᠢ ᠪᠠᠢ᠌ᠭᠤᠯᠪᠠ
ᠢᠯᠡ᠎ᠪᠠᠷ ᠰᠠᠨᠠᠯ ᠵᠥᠪᠯᠡᠯᠭᠡ ᠬᠤᠷᠢᠶᠠᠵᠤ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯᠲᠠ ᠵᠢᠨ ᠢᠯᠡ ᠲᠣᠳᠣ ᠵᠢᠨ ᠬᠡᠮᠵᠢᠶ᠎ᠡ ᠪᠠ ᠠᠷᠠᠳ ᠲᠦᠮᠡᠨ᠎ᠤ ᠣᠷᠣᠯᠴᠠᠬᠤ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠥᠬᠥ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠪᠠ
ᠬᠠᠤᠯᠢ ᠴᠠᠭ᠋ᠠᠵᠠ ᠵᠢᠨ ᠲᠢᠩᠬᠢᠮ᠎ᠤᠨ ᠳᠡᠳ᠋ ᠳᠠᠷᠤᠭ᠎ᠠ ᠳ᠋ᠠᠶ ᠶᠠᠨ ᠦᠨᠳᠦᠰᠦᠨ ᠱᠠᠲᠤᠨ᠎ᠤ ᠠᠵᠢᠯ᠎ᠤᠨ ᠲᠤᠬᠠᠶ 《ᠢᠯᠡ᠎ᠪᠠᠷ ᠰᠠᠨᠠᠯ ᠵᠥᠪᠯᠡᠯᠭᠡ ᠬᠤᠷᠢᠶᠠᠬᠤ》 ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠳᠡᠳ᠋ ᠳᠠᠷᠤᠭ᠎ᠠ ᠵᠠᠩ ᠷᠦᠢ ᠾᠧ ᠬᠠᠤᠯᠢ᠎ᠪᠠᠷ ᠣᠷᠣᠨ ᠵᠶ᠋ᠠᠨ ᠵᠠᠰᠠᠬᠤ ᠠᠵᠢᠯ᠎ᠤᠨ 《ᠢᠯᠡ᠎ᠪᠠᠷ ᠰᠠᠨᠠᠯ ᠵᠥᠪᠯᠡᠯᠭᠡ ᠬᠤᠷᠢᠶᠠᠬᠤ》 ᠶᠠᠷᠢᠯᠴᠠᠬᠤ ᠬᠤᠷᠠᠯ ᠎ᠢ ᠡᠷᠭᠢᠯᠡᠨ ᠬᠤᠷᠠᠯᠳᠤᠭᠤᠯᠪᠠ
 
            