ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠢᠯᠡ᠎ᠪᠠᠷ ᠰᠠᠨᠠᠯ ᠵᠥᠪᠯᠡᠯᠭᠡ ᠬᠤᠷᠢᠶᠠᠵᠤ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯᠲᠠ ᠵᠢᠨ ᠢᠯᠡ ᠲᠣᠳᠣ ᠵᠢᠨ ᠬᠡᠮᠵᠢᠶ᠎ᠡ ᠪᠠ ᠠᠷᠠᠳ ᠲᠦᠮᠡᠨ᠎ᠤ ᠣᠷᠣᠯᠴᠠᠬᠤ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ
ᠨᠡᠶ᠋ᠢᠲᠡᠯᠡᠭᠰᠡᠨ ᠴᠠᠭ᠄ 2021-11-17

      ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ᠂ ᠠᠷᠠᠳᠴᠢᠯᠠᠯ ᠵᠶ᠋ᠠᠷ ᠬᠠᠤᠯᠢ ᠲᠣᠭᠲᠠᠭ᠋ᠠᠬᠤ᠂ ᠬᠠᠤᠯᠢ ᠶᠣᠰᠣᠭ᠋ᠠᠷ ᠬᠠᠤᠯᠢ ᠲᠣᠭᠲᠠᠭ᠋ᠠᠬᠤ ᠵᠢ ᠤᠯᠠᠮ ᠨᠢᠭᠡ ᠠᠯᠬᠤᠮ ᠠᠬᠢᠭᠤᠯᠵᠤ᠂ ᠬᠠᠤᠯᠢ ᠲᠣᠭᠲᠠᠭ᠋ᠠᠬᠤ ᠶᠠᠰᠤ ᠴᠢᠨᠠᠷ᠎ᠢ ᠬᠦᠴᠦᠯᠡᠨ ᠳᠡᠭᠡᠭᠰᠢᠯᠡᠭᠦᠯᠬᠦ ᠵᠢᠨ ᠲᠥᠯᠥᠭᠡ᠂ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠬᠣᠶᠠᠳᠤᠭ᠋ᠠᠷ ᠪᠦᠯᠦᠭ᠎ᠤᠨ ᠡᠩᠨᠡᠭᠡ ᠵᠢ ᠬᠥᠮᠦᠵᠢᠭᠦᠯᠦᠨ ᠴᠡᠭᠴᠡᠯᠡᠬᠦ ᠠᠵᠢᠯ᠎ᠲᠠᠢ ᠤᠶᠠᠯᠳᠤᠭᠤᠯᠵᠤ᠂ 9 ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠬᠤ ᠠᠵᠢᠯ᠎ᠤᠨ 《ᠢᠯᠡ᠎ᠪᠠᠷ ᠰᠠᠨᠠᠯ ᠵᠥᠪᠯᠡᠯᠭᠡ ᠬᠤᠷᠢᠶᠠᠬᠤ》 ᠶᠠᠷᠢᠯᠴᠠᠬᠤ ᠬᠤᠷᠠᠯ ᠬᠠᠤᠯᠢ ᠴᠠᠭ᠋ᠠᠵᠠ ᠵᠢᠨ ᠲᠢᠩᠬᠢᠮ᠎ᠳᠤ ᠬᠤᠷᠠᠯᠳᠤᠪᠠ᠃


      ᠬᠤᠷᠠᠯ᠎ᠠᠴᠠ 《《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠲᠠᠮᠠᠬᠠᠶ ᠬᠡᠶ ᠵᠢᠨ ᠬᠠᠮᠢᠶᠠᠷᠤᠯᠲᠠ ᠵᠢᠨ ᠲᠦᠷᠢᠮ (ᠵᠠᠰᠠᠪᠤᠷᠢ ᠣᠷᠣᠭᠤᠯᠬᠤ ᠲᠥᠰᠦᠯ)》 (ᠳᠣᠷᠣᠭᠰᠢ 《ᠲᠦᠷᠢᠮ (ᠵᠠᠰᠠᠪᠤᠷᠢ ᠣᠷᠣᠭᠤᠯᠬᠤ ᠲᠥᠰᠦᠯ)》 ᠭᠡᠵᠦ ᠲᠣᠪᠴᠢᠯᠠᠨ᠎ᠠ) ᠵᠢᠴᠢ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠬᠤ ᠠᠵᠢᠯ᠎ᠢ ᠬᠡᠷᠬᠢᠨ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠥᠷᠭᠡᠨ ᠵᠶ᠋ᠡᠷ ᠰᠠᠨᠠᠯ ᠬᠤᠷᠢᠶᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠥᠪᠯᠡᠯ᠂ ᠤᠯᠤᠰ ᠲᠥᠷᠥ ᠵᠢᠨ ᠵᠥᠪᠯᠡᠯᠭᠡᠨ᠎ᠤ ᠬᠠᠤᠯᠢ ᠴᠠᠭ᠋ᠠᠵᠠ ᠵᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠰᠢᠲᠠᠮᠠᠬᠠᠶ ᠬᠡᠶ ᠵᠢᠨ ᠠᠵᠢᠯ ᠲᠥᠷᠥᠯ᠎ᠤᠨ ᠨᠡᠢ᠌ᠭᠡᠮᠯᠢᠭ᠂ ᠬᠥᠬᠡᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠂ ᠬᠥᠬᠡᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ ᠵᠢᠨ ᠲᠣᠪᠴᠢᠶ᠎ᠠ᠂ ᠰᠠᠢ᠌ᠬᠠᠨ ᠲᠣᠭᠣᠷᠢᠭ᠎ᠤᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ ᠵᠢᠨ ᠲᠣᠪᠴᠢᠶ᠎ᠠ᠂ ᠰᠢᠨ᠎ᠡ ᠬᠣᠲᠠ ᠲᠣᠭᠣᠷᠢᠭ᠎ᠤᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ ᠵᠢᠨ ᠲᠣᠪᠴᠢᠶ᠎ᠠ᠂ ᠬᠣᠲᠣᠩ ᠠᠷᠠᠳ᠎ᠤᠨ ᠲᠣᠭᠣᠷᠢᠭ᠎ᠤᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ ᠵᠢᠨ ᠲᠣᠪᠴᠢᠶ᠎ᠠ᠂ ᠢᠦ᠋ᠶ ᠴᠢᠤᠸᠠᠨ ᠲᠣᠭᠣᠷᠢᠭ᠎ᠤᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ ᠵᠢᠨ ᠲᠣᠪᠴᠢᠶ᠎ᠠ᠂ ᠰᠢᠲᠠᠮᠠᠬᠠᠶ ᠬᠡᠶ ᠡᠵᠡᠩᠨᠡᠬᠦ ᠠᠵᠤ ᠠᠬᠤᠢ᠌ᠯᠠᠯ᠂ ᠵᠡᠭᠦᠨ ᠵᠡᠭᠡᠯᠢ ᠵᠢᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠂ ᠦᠨᠳᠦᠰᠦᠨ ᠱᠠᠲᠤᠨ᠎ᠤ ᠬᠠᠤᠯᠢ ᠲᠣᠭᠲᠠᠭ᠋ᠠᠬᠤ ᠬᠠᠷᠢᠯᠴᠠᠬᠤ ᠴᠡᠭ᠎ᠤᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠨᠥᠬᠥᠳ ᠪᠣᠯᠤᠨ ᠦᠨᠳᠦᠰᠦᠨ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠬᠡᠰᠡᠭ ᠰᠠᠭᠤᠭ᠋ᠠᠯᠢ ᠠᠷᠠᠳ᠎ᠤᠨ ᠲᠥᠯᠥᠭᠡᠯᠡᠭᠴᠢ ᠨᠡᠷ ᠤᠷᠢᠯᠭ᠎ᠠ᠎ᠪᠠᠷ ᠬᠤᠷᠠᠯ᠎ᠳᠤ ᠣᠷᠣᠯᠴᠠᠪᠠ᠃


     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠲᠠᠮᠠᠬᠠᠶ ᠬᠡᠢ ᠵᠢᠨ ᠬᠠᠮᠢᠶᠠᠷᠤᠯᠲᠠ ᠵᠢᠨ ᠳᠦᠷᠢᠮ》᠎ᠳᠤ ᠵᠠᠰᠠᠪᠤᠷᠢ ᠣᠷᠣᠭᠤᠯᠬᠤ ᠠᠵᠢᠯ᠎ᠨᠢ ᠠᠷᠠᠳ᠎ᠤᠨ ᠠᠮᠢᠳᠤᠷᠠᠯ᠎ᠳᠤ ᠬᠣᠯᠪᠣᠭᠳᠠᠵᠤ᠂ ᠠᠮᠤᠷ ᠲᠦᠪᠰᠢᠨ᠎ᠳᠤ ᠬᠣᠯᠪᠣᠭᠳᠠᠬᠤ ᠶᠤᠮ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ ᠵᠢᠨ ᠲᠢᠩᠬᠢᠮ᠎ᠠᠴᠠ 《ᠲᠦᠷᠢᠮ (ᠵᠠᠰᠠᠪᠤᠷᠢ ᠣᠷᠣᠭᠤᠯᠬᠤ ᠲᠥᠰᠦᠯ)》᠎ᠳᠤ ᠵᠠᠰᠠᠪᠤᠷᠢ ᠣᠷᠣᠭᠤᠯᠬᠤ ᠴᠢᠬᠤᠯᠠ ᠴᠢᠨᠠᠷ᠎ᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢ ᠲᠣᠭᠲᠠᠭ᠋ᠠᠬᠤ ᠬᠣᠶᠠᠳᠤᠭ᠋ᠠᠷ ᠭᠠᠵᠠᠷ᠎ᠠᠴᠠ 《ᠲᠦᠷᠢᠮ (ᠵᠠᠰᠠᠪᠤᠷᠢ ᠣᠷᠣᠭᠤᠯᠬᠤ ᠲᠥᠰᠦᠯ)》᠎ᠳᠤ ᠬᠢᠨᠠᠨ ᠪᠠᠢ᠌ᠴᠠᠭ᠋ᠠᠵᠤ ᠵᠠᠰᠠᠪᠤᠷᠢ ᠣᠷᠣᠭᠤᠯᠤᠭᠰᠠᠨ ᠪᠠᠢ᠌ᠳᠠᠯ᠎ᠢ ᠲᠠᠨᠢᠯᠴᠠᠭᠤᠯᠵᠤ᠂ ᠬᠤᠷᠠᠯ᠎ᠳᠤ ᠣᠷᠣᠯᠴᠠᠭᠰᠠᠳ ᠠᠳᠠᠯᠢ ᠪᠤᠰᠤ ᠲᠠᠯ᠎ᠠ᠎ᠠᠴᠠ 《ᠲᠦᠷᠢᠮ (ᠵᠠᠰᠠᠪᠤᠷᠢ ᠣᠷᠣᠭᠤᠯᠬᠤ ᠲᠥᠰᠦᠯ)》 ᠪᠣᠯᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠬᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠮᠠᠰᠢ ᠣᠯᠠᠨ ᠰᠠᠢ᠌ᠨ ᠰᠠᠨᠠᠯ ᠪᠠ ᠰᠠᠨᠠᠭᠤᠯᠭ᠎ᠠ ᠳᠤᠷᠠᠳᠴᠠᠶ᠂ ᠡᠨᠡ᠎ᠨᠢ 《ᠲᠦᠷᠢᠮ (ᠵᠠᠰᠠᠪᠤᠷᠢ ᠣᠷᠣᠭᠤᠯᠬᠤ ᠲᠥᠰᠦᠯ)》᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠪᠠ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠬᠤ ᠠᠵᠢᠯ᠎ᠢ ᠰᠠᠢ᠌ᠵᠢᠷᠠᠭᠤᠯᠬᠤ᠂ ᠬᠠᠤᠯᠢ ᠲᠣᠭᠲᠠᠭ᠋ᠠᠬᠤ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠎ᠳᠤ ᠮᠠᠰᠢ ᠴᠢᠩᠭ᠎ᠠ ᠦᠢᠯᠡᠳᠦᠯᠭᠡ ᠵᠢᠨ ᠠᠴᠢ ᠬᠤᠯᠪᠤᠭᠳᠠᠯ ᠪᠠ ᠯᠠᠪᠯᠠᠯᠲᠠ ᠵᠢᠨ ᠦᠨ᠎ᠡ ᠦᠷᠲᠡᠭ᠎ᠲᠠᠢ ᠶᠤᠮ᠃ ᠬᠠᠤᠯᠢ ᠲᠣᠭᠲᠠᠭ᠋ᠠᠬᠤ ᠬᠣᠶᠠᠳᠤᠭ᠋ᠠᠷ ᠭᠠᠵᠠᠷ᠎ᠤᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠢᠯᠡᠷᠬᠡᠢ᠌ᠯᠡᠬᠦ᠎ᠳᠤ᠎ᠪᠠᠨ᠂ ᠬᠤᠷᠠᠯ᠎ᠤᠨ ᠳᠠᠷᠠᠭ᠎ᠠ ᠴᠤᠭᠯᠠᠭᠤᠯᠤᠭᠰᠠᠨ ᠰᠠᠨᠠᠯ ᠪᠠ ᠰᠠᠨᠠᠭᠤᠯᠭ᠎ᠠ ᠵᠢ ᠬᠢᠨᠠᠮᠠᠭ᠋ᠠᠶ ᠡᠮᠬᠢᠯᠡᠨ᠂ ᠰᠤᠳᠤᠯᠤᠨ ᠵᠠᠳᠠᠯᠵᠤ᠂ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠭᠥᠯᠢᠶᠡᠨ ᠠᠪᠴᠤ ᠬᠡᠷᠡᠭᠯᠡᠨ᠎ᠡ᠃
      ᠲᠣᠰ ᠤᠳᠠᠭ᠎ᠠ ᠵᠢᠨ 《ᠢᠯᠡ᠎ᠪᠠᠷ ᠰᠠᠨᠠᠯ ᠵᠥᠪᠯᠡᠯᠭᠡ ᠬᠤᠷᠢᠶᠠᠬᠤ》 ᠶᠠᠷᠢᠯᠴᠠᠬᠤ ᠬᠤᠷᠠᠯ ᠪᠣᠯ 《ᠡᠭᠦᠳᠡ᠎ᠪᠠᠨ ᠨᠡᠭᠡᠭᠡᠵᠦ ᠬᠠᠤᠯᠢ ᠲᠣᠭᠲᠠᠭ᠋ᠠᠬᠤ》 ᠨᠢᠭᠡ ᠤᠳᠠᠭ᠎ᠠ ᠵᠢᠨ ᠪᠣᠳᠠᠲᠠᠶ ᠦᠢᠯᠡᠳᠦᠯᠭᠡ ᠪᠣᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯᠲᠠ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠷᠠᠳ ᠲᠦᠮᠡᠨ ᠵᠶ᠋ᠡᠷ ᠭᠣᠤᠯ ᠪᠣᠯᠭ᠋ᠠᠬᠤ ᠣᠢ᠌ᠯᠠᠭ᠋ᠠᠭᠳᠠᠬᠤᠨ᠎ᠢ ᠪᠠᠷᠢᠮᠲᠠᠯᠠᠵᠤ᠂ ᠬᠠᠤᠯᠢ ᠲᠣᠭᠲᠠᠭ᠋ᠠᠯᠲᠠ ᠵᠢᠨ ᠢᠯᠡ ᠲᠣᠳᠣ ᠵᠢᠨ ᠬᠡᠮᠵᠢᠶ᠎ᠡ ᠪᠠ ᠠᠷᠠᠳ ᠣᠯᠠᠨ᠎ᠤ ᠣᠷᠣᠯᠴᠠᠬᠤ ᠬᠡᠮᠵᠢᠶ᠎ᠡ ᠵᠢ ᠲᠠᠰᠤᠷᠠᠯᠲᠠ ᠥᠬᠡᠶ ᠨᠡᠮᠡᠭᠳᠡᠭᠦᠯᠵᠦ᠂ ᠬᠠᠤᠯᠢ ᠲᠣᠭᠲᠠᠭ᠋ᠠᠬᠤ ᠶᠠᠰᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢ᠌ᠭᠡᠮ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠎ᠳᠤ ᠬᠦᠴᠦᠲᠡᠶ ᠬᠠᠤᠯᠢᠵᠢᠯ᠎ᠤᠨ ᠪᠠᠲᠤᠯᠠᠭ᠎ᠠ ᠬᠠᠩᠭ᠋ᠠᠬᠤ ᠪᠣᠯᠤᠨ᠎ᠠ᠃

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠥᠬᠥ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠪᠠ
ᠬᠠᠤᠯᠢ ᠴᠠᠭ᠋ᠠᠵᠠ ᠵᠢᠨ ᠲᠢᠩᠬᠢᠮ᠎ᠤᠨ ᠳᠡᠳ᠋ ᠳᠠᠷᠤᠭ᠎ᠠ ᠳ᠋ᠠᠶ ᠶᠠᠨ ᠦᠨᠳᠦᠰᠦᠨ ᠱᠠᠲᠤᠨ᠎ᠤ ᠠᠵᠢᠯ᠎ᠤᠨ ᠲᠤᠬᠠᠶ 《ᠢᠯᠡ᠎ᠪᠠᠷ ᠰᠠᠨᠠᠯ ᠵᠥᠪᠯᠡᠯᠭᠡ ᠬᠤᠷᠢᠶᠠᠬᠤ》 ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠳᠡᠳ᠋ ᠳᠠᠷᠤᠭ᠎ᠠ ᠵᠠᠩ ᠷᠦᠢ ᠾᠧ ᠬᠠᠤᠯᠢ᠎ᠪᠠᠷ ᠣᠷᠣᠨ ᠵᠶ᠋ᠠᠨ ᠵᠠᠰᠠᠬᠤ ᠠᠵᠢᠯ᠎ᠤᠨ 《ᠢᠯᠡ᠎ᠪᠠᠷ ᠰᠠᠨᠠᠯ ᠵᠥᠪᠯᠡᠯᠭᠡ ᠬᠤᠷᠢᠶᠠᠬᠤ》 ᠶᠠᠷᠢᠯᠴᠠᠬᠤ ᠬᠤᠷᠠᠯ ᠎ᠢ ᠡᠷᠭᠢᠯᠡᠨ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠧᠯᠸᠢᠰ ᠤᠲᠠᠰᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠰᠤᠷᠤᠯᠴᠠᠬᠤ ᠲᠤᠰᠬᠠᠶ ᠰᠡᠳᠦᠪᠲᠦ ᠲᠠᠢ᠌ᠯᠤᠮᠵᠢ ᠡᠷᠭᠢᠯᠡᠪᠡ
 
            