9 ᠰᠠᠷ᠎ᠠ ᠵᠢᠨ 10᠎ᠤ ᠡᠳᠦᠷ᠂ ᠬᠠᠤᠯᠢ ᠴᠠᠭ᠋ᠠᠵᠠ ᠵᠢᠨ ᠲᠢᠩᠬᠢᠮ ᠦᠨᠳᠦᠰᠦᠨ ᠱᠠᠲᠤᠨ᠎ᠤ ᠠᠵᠢᠯ᠎ᠤᠨ 《ᠢᠯᠡ᠎ᠪᠠᠷ ᠰᠠᠨᠠᠯ ᠵᠥᠪᠯᠡᠯᠭᠡ ᠬᠤᠷᠢᠶᠠᠬᠤ》 ᠶᠠᠷᠢᠯᠴᠠᠬᠤ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠬᠣᠶᠠᠳᠤᠭ᠋ᠠᠷ ᠪᠦᠯᠦᠭ᠎ᠤᠨ ᠡᠩᠨᠡᠭᠡ ᠵᠢ ᠰᠤᠷᠭ᠋ᠠᠨ ᠬᠦᠮᠦᠵᠢᠯ᠎ᠤᠨ ᠴᠡᠭᠴᠡᠯᠡᠯᠲᠡ ᠵᠢᠨ ᠠᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠵᠤ᠂ ᠠᠰᠠᠭᠤᠳᠠᠯ᠎ᠢ ᠲᠤᠰᠬᠠᠬᠤ ᠠᠷᠭ᠎ᠠ ᠵᠠᠮ᠎ᠢ ᠰᠢᠯᠤᠭᠤᠳᠬᠠᠵᠤ᠂ ᠦᠨᠳᠦᠰᠦᠨ ᠱᠠᠲᠤᠨ᠎ᠤ ᠨᠢᠭᠡᠴᠢ ᠵᠢᠨ ᠣᠯᠠᠨ ᠲᠦᠮᠡᠨ᠎ᠤ ᠰᠠᠨᠠᠯ ᠰᠠᠨᠠᠭᠤᠯᠭ᠎ᠠ ᠵᠢ ᠰᠣᠨᠣᠰᠴᠤ᠂ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠰᠤᠷᠭ᠋ᠠᠨ ᠬᠦᠮᠦᠵᠢᠯ᠎ᠤᠨ ᠴᠡᠭᠴᠡᠯᠡᠯᠲᠡ ᠵᠢᠨ ᠳᠤᠮᠳᠠ ᠬᠠᠷᠢᠭᠤᠯᠲᠠ ᠥᠭᠴᠦ᠂ ᠣᠯᠠᠨ ᠲᠦᠮᠡᠨ᠎ᠤ ᠰᠠᠨᠠᠯ᠎ᠢ ᠰᠤᠷᠭ᠋ᠠᠨ ᠬᠦᠮᠦᠵᠢᠯ᠎ᠤᠨ ᠴᠡᠭᠴᠡᠯᠡᠯᠲᠡ ᠵᠢᠨ ᠳᠤᠮᠳᠠ ᠰᠢᠢᠳᠪᠦᠷᠢᠯᠡᠬᠦ ᠵᠢ ᠪᠡᠶᠡᠯᠡᠭᠦᠯᠪᠡ᠃ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶᠠᠨ᠎ᠤ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠳ᠋ᠠᠶ ᠶᠠᠨ ᠬᠤᠷᠠᠯ ᠡᠷᠭᠢᠯᠡᠪᠡ᠃

ᠬᠤᠷᠠᠯ᠎ᠠᠴᠠ ᠬᠤᠷᠠᠯ᠎ᠳᠤ ᠣᠷᠣᠯᠴᠠᠭᠰᠠᠨ ᠨᠥᠬᠥᠳ᠎ᠤᠨ ᠳᠤᠷᠠᠳᠤᠭᠰᠠᠨ ᠬᠠᠤᠯᠢ ᠴᠠᠭ᠋ᠠᠵᠠ ᠵᠢᠨ ᠭᠠᠵᠠᠷ᠎ᠤᠨ ᠠᠵᠢᠯᠲᠠᠨ᠎ᠤ ᠣᠷᠣᠨ ᠲᠣᠭ᠎ᠠ᠂ ᠬᠤᠪᠴᠠᠰᠤ ᠬᠤᠨᠠᠷ᠂ ᠲᠡᠷᠭᠡ ᠬᠡᠷᠡᠭᠯᠡᠬᠦ᠂ ᠲᠦᠷᠢᠮ᠎ᠢ ᠲᠣᠭᠲᠠᠭ᠋ᠠᠨ ᠨᠠᠢ᠌ᠳᠠᠪᠤᠷᠢᠵᠢᠭᠤᠯᠬᠤ᠂ ᠰᠢᠭᠦᠬᠦ ᠬᠣᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠰᠢᠰᠲ᠋ᠧᠮ᠎ᠲᠠᠢ ᠵᠣᠯᠭ᠋ᠠᠭᠤᠯᠬᠤ ᠵᠡᠷᠭᠡ ᠲᠠᠯ᠎ᠠ᠎ᠪᠠᠷ ᠣᠷᠣᠰᠢᠵᠤ ᠪᠠᠢ᠌ᠭ᠎ᠠ ᠠᠰᠠᠭᠤᠳᠠᠯ ᠪᠣᠯᠤᠨ ᠰᠠᠨᠠᠯ ᠰᠠᠨᠠᠭᠤᠯᠭ᠎ᠠ ᠵᠢ ᠨᠠᠷᠢᠨ ᠬᠢᠨᠠᠮᠠᠭ᠋ᠠᠶ ᠰᠣᠨᠣᠰᠴᠤ᠂ ᠲᠢᠩᠬᠢᠮ᠎ᠤᠨ ᠠᠷᠠᠳ ᠲᠦᠮᠡᠨ ᠬᠠᠤᠯᠢ᠎ᠪᠠᠷ ᠵᠠᠰᠠᠬᠤ᠎ᠳᠤ ᠣᠷᠣᠯᠴᠠᠬᠤ ᠪᠠ ᠠᠬᠢᠭᠤᠯᠬᠤ ᠭᠠᠵᠠᠷ᠎ᠤᠨ᠎ᠬᠢᠨ ᠳᠤᠷᠠᠳᠤᠭᠰᠠᠨ ᠠᠰᠠᠭᠤᠳᠠᠯ᠎ᠳᠤ ᠨᠢᠭᠡᠳ ᠨᠢᠭᠡ᠎ᠪᠠᠷ ᠬᠠᠷᠢᠭᠤᠯᠲᠠ ᠥᠭᠪᠡ᠃

ᠳ᠋ᠠᠢ ᠶᠠᠨ ᠱᠠᠭ᠋ᠠᠷᠳᠠᠭᠰᠠᠨ᠎ᠨᠢ᠂ ᠦᠨᠳᠦᠰᠦᠨ ᠱᠠᠲᠤᠨ᠎ᠤ ᠠᠵᠢᠯ᠎ᠳᠤ ᠣᠷᠣᠰᠢᠵᠤ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠬᠦ ᠵᠢᠨ ᠲᠥᠯᠥᠭᠡ᠂ ᠨᠢᠭᠡ᠎ᠳᠤ᠂ ᠬᠦᠴᠢᠷᠳᠡᠯ᠎ᠢ ᠲᠣᠳᠣᠷᠬᠠᠢ ᠢᠯᠭ᠋ᠠᠵᠤ᠂ ᠬᠢᠯᠪᠠᠷ ᠠᠭ᠋ᠠᠵᠢᠮ ᠵᠶ᠋ᠠᠷ ᠰᠢᠢ᠍ᠳᠪᠦᠷᠢᠯᠡᠬᠦ ᠬᠡᠷᠡᠭᠲᠡᠢ᠃ ᠠᠵᠢᠯ᠎ᠤᠨ ᠡᠬᠡ ᠲᠠᠩᠰᠠ ᠲᠣᠭᠲᠠᠭ᠋ᠠᠵᠤ᠂ ᠪᠡᠶᠡᠯᠡᠭᠦᠯᠬᠦ ᠴᠠᠭ᠎ᠤᠨ ᠬᠢᠵᠠᠭ᠋ᠠᠷ᠎ᠢ ᠲᠣᠳᠣᠷᠬᠠᠢ᠌ᠯᠠᠵᠤ᠂ ᠠᠮᠠᠷᠬᠠᠨ ᠰᠢᠢᠳᠪᠦᠷᠢᠯᠡᠵᠦ ᠳᠡᠢ᠌ᠯᠬᠦ᠎ᠳᠤ ᠭᠦᠷᠪᠡᠯ᠂ ᠴᠠᠭ ᠲᠤᠬᠠᠶ᠎ᠳᠤᠨᠢ ᠠᠵᠢᠯ ᠵᠶ᠋ᠠᠨ ᠥᠷᠨᠢᠭᠦᠯᠵᠦ᠂ ᠦᠨᠳᠦᠰᠦᠨ ᠱᠠᠲᠤᠨ᠎ᠤ ᠠᠵᠢᠯ᠎ᠢ ᠣᠷᠳᠣ ᠬᠤᠭᠤᠴᠠᠭ᠎ᠠ᠎ᠪᠠᠷ ᠬᠠᠷᠰᠢᠯᠠᠵᠤ ᠪᠠᠢ᠌ᠭᠰᠠᠨ 《ᠲᠦᠭᠵᠢᠷᠡᠯ》᠎ᠤᠨ ᠠᠰᠠᠭᠤᠳᠠᠯ᠎ᠢ ᠬᠦᠮᠦᠵᠢᠯ ᠴᠡᠭᠴᠡᠯᠡᠯᠲᠡ ᠵᠢᠨ ᠬᠠᠷᠠᠯᠲᠠ ᠡᠭᠦᠷᠭᠡ ᠵᠢ ᠨᠠᠢ᠌ᠳᠠᠪᠤᠷᠢᠵᠢᠭᠤᠯᠬᠤ᠎ᠪᠠᠷ ᠠᠵᠠ ᠲᠣᠬᠢᠶᠠᠯ ᠪᠣᠯᠭ᠋ᠠᠵᠤ᠂ ᠠᠷᠭ᠎ᠠ ᠵᠠᠮ᠎ᠢ ᠰᠢᠯᠤᠭᠤᠳᠬᠠᠵᠤ᠂ ᠲᠣᠭᠲᠠᠴᠠ ᠵᠢ ᠲᠡᠭᠦᠯᠳᠡᠷᠵᠢᠭᠦᠯᠵᠦ᠂ ᠠᠰᠠᠭᠤᠳᠠᠯ᠎ᠢ ᠠᠯᠬᠤᠮ ᠠᠯᠬᠤᠮ ᠵᠶ᠋ᠠᠷ ᠰᠢᠢᠳᠪᠦᠷᠢᠯᠡᠬᠦ ᠬᠡᠷᠡᠭᠲᠡᠶ᠃ ᠬᠣᠶᠠᠷ᠎ᠲᠤ᠂ ᠬᠠᠷᠢᠯᠴᠠᠭ᠎ᠠ ᠬᠠᠮᠵᠢᠯᠴᠠᠭ᠎ᠠ᠎ᠪᠠᠨ ᠴᠢᠩᠭ᠋ᠠᠳᠬᠠᠬᠤ ᠬᠡᠷᠡᠭᠲᠡᠢ᠃ ᠬᠠᠤᠯᠢ ᠴᠠᠭ᠋ᠠᠵᠠ ᠵᠢᠨ ᠶᠠᠮᠤᠨ᠎ᠳᠤ ᠦᠨᠳᠦᠰᠦᠨ ᠱᠠᠲᠤᠨ᠎ᠤ ᠠᠵᠢᠯ᠎ᠤᠨ ᠪᠣᠳᠠᠲᠠᠢ ᠪᠠᠢ᠌ᠳᠠᠯ ᠵᠶ᠋ᠠᠨ ᠢᠳᠡᠪᠬᠢᠲᠡᠢ ᠬᠠᠷᠢᠭᠤ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠵᠥᠪᠯᠡᠯ ᠠᠯᠪᠠᠨ ᠭᠡᠷ ᠲᠢᠩᠬᠢᠮ ᠲᠣᠪᠴᠢᠢ᠎ᠠ᠂ ᠠᠢ᠌ᠮᠠᠭ ᠬᠤᠳᠠ ᠵᠢᠨ ᠨᠠᠮ᠎ᠤᠨ ᠬᠣᠷᠢᠢ᠎ᠠ ᠵᠠᠰᠠᠭ᠎ᠤᠨ ᠣᠷᠳᠣᠨ᠎ᠲᠠᠢ ᠰᠠᠨᠠᠭ᠋ᠠᠴᠢᠯᠠᠭ᠎ᠠ᠎ᠠᠴᠠ᠎ᠪᠠᠨ ᠬᠠᠷᠢᠯᠴᠠᠭ᠎ᠠ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠡᠭᠦᠨ᠎ᠤ ᠤᠯᠠᠮ ᠵᠶ᠋ᠠᠷ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠦᠨᠳᠦᠰᠦᠨ ᠱᠠᠲᠤᠨ᠎ᠤ ᠠᠵᠢᠯ᠎ᠢ ᠨᠡᠩ ᠤᠷᠤᠭᠰᠢᠲᠠᠢ ᠥᠷᠨᠢᠭᠦᠯᠬᠦ ᠬᠡᠷᠡᠭᠲᠡᠢ᠃ ᠭᠤᠷᠪᠠ᠎ᠳᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠡᠷᠡᠭᠵᠢᠭᠦᠯᠦᠭᠦᠰᠢᠲᠡᠶ ᠴᠢᠨᠠᠷ᠎ᠢ ᠴᠢᠩᠭ᠋ᠠᠳᠬᠠᠬᠤ ᠬᠡᠷᠡᠭᠲᠡᠶ᠃ ᠦᠨᠳᠦᠰᠦᠨ ᠱᠠᠲᠤᠨ᠎ᠳᠤ ᠢᠯᠡᠭᠦᠬᠡᠨ ᠬᠦᠷᠴᠦ ᠪᠠᠢ᠌ᠴᠠᠭ᠋ᠠᠨ ᠰᠤᠳᠤᠯᠤᠯᠲᠠ ᠬᠢᠵᠦ ᠪᠠᠢ᠌ᠳᠠᠯ᠎ᠢ ᠣᠢ᠌ᠯᠠᠭ᠋ᠠᠨ᠂ ᠦᠨᠳᠦᠰᠦᠨ ᠱᠠᠲᠤᠨ᠎ᠤ ᠠᠵᠢᠯ᠎ᠤᠨ ᠠᠩᠬᠠᠨ᠎ᠤ ᠮᠠᠲ᠋ᠧᠷᠢᠶᠠᠯ᠎ᠢ ᠡᠵᠡᠮᠰᠢᠵᠦ᠂ ᠳᠦᠷᠢᠮ᠎ᠤᠨ ᠪᠢᠴᠢᠭ ᠮᠠᠲ᠋ᠧᠷᠢᠶᠠᠯ᠎ᠤᠨ ᠬᠡᠷᠡᠭᠵᠢᠭᠦᠯᠬᠦ ᠴᠢᠨᠠᠷ᠎ᠢ ᠨᠡᠮᠡᠭᠳᠡᠭᠦᠯᠦᠨ᠂ ᠬᠡᠲᠦᠷᠬᠡᠶ ᠥᠷᠭᠡᠨ ᠳᠡᠯᠭᠡᠷᠡᠩᠭᠦᠶ᠂ ᠦᠨᠳᠦᠰᠦᠨ ᠱᠠᠲᠤᠨ᠎ᠤ ᠠᠵᠢᠯ᠎ᠤᠨ ᠪᠣᠳᠠᠲᠤ ᠪᠠᠢ᠌ᠳᠠᠯ᠎ᠠᠴᠠ ᠰᠠᠯᠤᠩᠭᠢᠷᠠᠭᠰᠠᠨ ᠪᠠᠢ᠌ᠳᠠᠯ ᠭᠠᠷᠬᠤ᠎ᠠᠴᠠ ᠵᠠᠢ᠌ᠯᠠᠰᠬᠢᠬᠦ ᠬᠡᠷᠡᠭᠲᠡᠶ᠃ ᠲᠦᠷᠪᠡ᠎ᠳᠤ ᠦᠨᠳᠦᠰᠦᠨ ᠱᠠᠲᠤᠨ᠎ᠤ ᠠᠵᠢᠯ᠎ᠤᠨ ᠦᠢ᠍ᠯᠡᠴᠢᠯᠡᠭᠡ ᠪᠠᠲᠤᠯᠠᠭ᠎ᠠ ᠵᠢᠨ ᠡᠷᠴᠢᠮ᠎ᠢ ᠴᠢᠩᠭ᠋ᠠᠳᠬᠠᠨ᠎ᠠ᠃ ᠬᠠᠤᠯᠢ ᠪᠠᠷᠢᠬᠤ ᠭᠠᠵᠠᠷ᠎ᠤᠨ ᠬᠥᠮᠦᠨ᠂ ᠵᠣᠭᠣᠰ ᠮᠥᠩᠭᠥ᠂ ᠪᠣᠳᠠᠰ᠎ᠢ ᠬᠦᠴᠦᠯᠡᠨ ᠲᠤᠬᠢᠷᠠᠭᠤᠯᠵᠤ᠂ ᠦᠨᠳᠦᠰᠦᠨ ᠱᠠᠲᠤᠨ᠎ᠤ ᠠᠵᠢᠯ᠎ᠢ ᠬᠦᠴᠦᠲᠡᠢ ᠪᠥᠭᠡᠳ ᠡᠮᠬᠢ ᠵᠢᠷᠤᠮ᠎ᠲᠠᠢ ᠥᠷᠨᠢᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠦᠨᠳᠦᠰᠦᠨ ᠱᠠᠲᠤᠨ᠎ᠤ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ᠂ ᠢᠯᠠᠩᠭᠤᠶ᠎ᠠ JIPad ᠵᠡᠷᠭᠡ ᠲᠥᠬᠥᠭᠡᠷᠦᠮᠵᠢ ᠲᠤᠨᠤᠭ᠎ᠢ ᠰᠢᠨᠡᠳᠬᠡᠨ ᠬᠠᠮᠠᠭ᠋ᠠᠯᠠᠬᠤ ᠠᠵᠢᠯ᠎ᠢ ᠴᠢᠩᠭ᠋ᠠᠳᠬᠠᠵᠤ᠂ ᠴᠠᠭ ᠲᠤᠬᠠᠢᠳᠤᠨᠢ ᠰᠢᠨᠡᠳᠬᠡᠨ᠂ ᠢᠮᠠᠭᠲᠠ ᠲᠤᠰᠠᠲᠠᠢ ᠰᠠᠢ᠍ᠢ᠍ᠨ ᠬᠡᠷᠡᠭᠯᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃
ᠬᠥᠬᠡᠬᠣᠲᠠ ᠵᠢᠨ ᠬᠣᠶᠠᠷ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠬᠡᠰᠡᠭ ᠬᠠᠤᠯᠢ ᠴᠠᠭ᠋ᠠᠵᠠ ᠵᠢᠨ ᠭᠠᠵᠠᠷ᠎ᠤᠨ ᠳᠠᠷᠤᠭ᠎ᠠ ᠵᠢᠨ ᠲᠥᠯᠥᠭᠡᠯᠡᠭᠴᠢ᠂ ᠲᠢᠩᠬᠢᠮ᠎ᠤᠨ ᠠᠷᠠᠳ ᠲᠦᠮᠡᠨ ᠣᠷᠣᠯᠴᠠᠬᠤ ᠪᠠ ᠬᠠᠤᠯᠢ᠎ᠪᠠᠷ ᠵᠠᠰᠠᠬᠤ ᠵᠢ ᠠᠬᠢᠭᠤᠯᠬᠤ ᠭᠠᠵᠠᠷ᠎ᠤᠨ ᠪᠥᠬᠥ ᠺᠠᠳ᠋ᠷ ᠬᠤᠷᠠᠯ᠎ᠳᠤ ᠤᠷᠤᠯᠴᠠᠪᠠ᠃