2021 ᠣᠨ᠎ᠤ 3 ᠰᠠᠷ᠎ᠠ ᠵᠢᠨ 8᠎ᠤ ᠡᠳᠦᠷ᠂ 111 ᠳ᠋ᠦ᠍ᠭᠡᠷ 《38》᠎ᠤ ᠳᠡᠯᠡᠬᠡᠶ ᠵᠢᠨ ᠡᠮᠡᠭᠲᠡᠢ᠌ᠴᠦᠳ᠎ᠤᠨ ᠪᠠᠶᠠᠷ᠎ᠢ ᠤᠭᠲᠤᠬᠤ ᠵᠢᠨ ᠲᠥᠯᠥᠭᠡ᠂ ᠲᠦᠩᠯᠢᠶᠣᠤ ᠬᠣᠲᠠ ᠵᠢᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠨᠢ ᠬᠠᠤᠯᠢ ᠴᠠᠭ᠋ᠠᠵᠠ ᠵᠢᠨ ᠲᠢᠩᠬᠢᠮ᠎ᠤᠨ ᠵᠣᠬᠢᠶᠠᠨ ᠪᠠᠢ᠌ᠭᠤᠯᠤᠭᠰᠠᠨ 《ᠰᠠᠷᠭ᠋ᠠᠶ ᠬᠥᠮᠦᠨ᠎ᠤ ᠠᠮᠢᠳᠤᠷᠠᠯ - - ᠠᠵᠢᠯ ᠮᠡᠷᠭᠡᠵᠢᠯ ᠪᠠ ᠠᠮᠢᠳᠤᠷᠠᠯ᠎ᠤᠨ ᠵᠣᠯ ᠵᠢᠷᠭ᠋ᠠᠯ》 ᠭᠡᠬᠦ ᠲᠤᠰᠬᠠᠶ ᠰᠡᠳᠦᠪᠲᠦ ᠲᠠᠢ᠌ᠯᠤᠮᠵᠢ᠎ᠳᠤ ᠣᠷᠣᠯᠴᠠᠵᠤ᠂ ᠲᠦᠩᠯᠢᠶᠣᠤ ᠬᠣᠲᠠ ᠵᠢᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠡᠮᠡᠭᠲᠡᠶ ᠺᠠᠳ᠋ᠷ ᠴᠠᠭᠳᠠᠭ᠎ᠠ ᠠᠵᠢᠯᠲᠠᠨ ᠪᠠ ᠬᠠᠤᠯᠢ ᠴᠠᠭ᠋ᠠᠵᠠ ᠵᠢᠨ ᠦᠢᠯᠡᠴᠢᠯᠡᠭᠡᠨ᠎ᠤ ᠠᠵᠢᠯᠲᠠᠳ᠎ᠲᠤ ᠵᠠᠬᠢᠶᠠᠯᠠᠨ ᠲᠣᠭᠲᠠᠭ᠋ᠠᠭᠰᠠᠨ ᠪᠠᠶᠠᠷ᠎ᠤᠨ ᠡᠳᠦᠷ᠎ᠤᠨ ᠵᠥᠩᠨᠡᠯ ᠳᠡᠪᠰᠢᠭᠦᠯᠪᠡ᠃

(ᠬᠣᠲᠠ ᠵᠢᠨ ᠰᠢᠭᠤᠳ ᠬᠠᠷᠢᠶ᠎ᠠ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠡᠮᠡᠭᠲᠡᠶ ᠺᠠᠳ᠋ᠷᠴᠤᠳ ᠲᠠᠢ᠌ᠯᠤᠮᠵᠢ ᠵᠢ ᠦᠵᠡᠵᠦ ᠪᠠᠢ᠌ᠭ᠎ᠠ᠎ᠨᠢ)
ᠲᠠᠢ᠌ᠯᠤᠮᠵᠢ ᠵᠢ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠭᠠᠳᠠᠭ᠋ᠠᠳᠤ ᠰᠤᠷᠭ᠋ᠠᠨ ᠬᠥᠮᠦᠵᠢᠯ᠎ᠤᠨ ᠬᠦᠷᠢᠶᠡᠯᠡᠩ᠎ᠤᠨ ᠣᠨᠴᠠ ᠤᠷᠢᠭᠰᠠᠨ ᠯᠧᠺᠲ᠋ᠣᠷ ᠶᠠᠩ ᠵᠥᠩ ᠰᠢᠩ ᠪᠠᠭᠰᠢ ᠭᠣᠤᠯᠯᠠᠨ ᠶᠠᠷᠢᠵᠤ᠂ ᠠᠭᠤᠯᠭ᠎ᠠ᠎ᠨᠢ ᠡᠮᠡᠭᠲᠡᠢ᠌ᠴᠦᠳ᠎ᠤᠨ ᠠᠵᠢᠯ ᠮᠡᠷᠭᠡᠵᠢᠯ᠎ᠤᠨ ᠵᠣᠯ ᠵᠢᠷᠭ᠋ᠠᠯᠲᠤ ᠲᠥᠷᠥᠭᠳᠡᠯ᠎ᠤᠨ ᠢᠷᠡᠯᠲᠡ ᠵᠢ ᠭᠦᠨᠵᠡᠭᠡᠶ ᠲᠠᠨᠢᠵᠤ᠂ ᠡᠮᠡᠭᠲᠡᠶ ᠠᠵᠢᠯᠲᠠᠳ᠎ᠢ ᠬᠠᠪᠰᠤᠷᠤᠨ ᠥᠪᠡᠷ᠎ᠤᠨ ᠬᠦᠴᠦᠨ ᠴᠢᠳᠠᠪᠤᠷᠢ ᠵᠢᠨ ᠲᠥᠷᠥᠭᠳᠡᠯ ᠪᠠ ᠵᠣᠯ ᠵᠢᠷᠭ᠋ᠠᠯᠲᠤ ᠲᠥᠷᠥᠭᠳᠡᠯ᠎ᠢ᠎ᠨᠢ ᠳᠡᠭᠡᠭᠰᠢᠯᠡᠭᠦᠯᠵᠦ᠂ ᠠᠵᠢᠯ ᠮᠡᠷᠭᠡᠵᠢᠯ᠎ᠤᠨ ᠬᠥᠭᠵᠢᠯᠲᠡ ᠪᠠ ᠠᠮᠢᠳᠤᠷᠠᠯ᠎ᠤᠨ ᠵᠣᠯ ᠵᠢᠷᠭ᠋ᠠᠯ᠎ᠤᠨ ᠳᠡᠭᠡᠭᠰᠢᠯᠡᠭᠦᠯᠬᠦ ᠴᠢᠭᠯᠡᠯ᠎ᠢ ᠲᠣᠳᠣᠷᠬᠠᠢ᠌ᠯᠠᠨ᠂ ᠠᠵᠢᠯ ᠪᠠ ᠠᠮᠢᠳᠤᠷᠠᠯ᠎ᠤᠨ ᠳᠤᠮᠳᠠ ᠬᠠᠮᠤᠭ᠎ᠤᠨ ᠰᠠᠢ᠌ᠨ ᠲᠡᠩᠴᠡᠭᠦᠷᠢ ᠵᠢᠨ ᠴᠡᠭ᠎ᠢ ᠣᠯᠵᠤ᠂ ᠰᠠᠢ᠌ᠨ ᠰᠠᠢ᠌ᠬᠠᠨ ᠬᠥᠭᠵᠢᠯᠲᠡ ᠵᠢ ᠪᠡᠶᠡᠯᠡᠭᠦᠯᠬᠦ᠎ᠲᠠᠢ ᠬᠣᠯᠪᠣᠭᠳᠠᠨ᠎ᠠ᠃

(ᠬᠣᠷᠴᠢᠨ ᠵᠡᠭᠦᠨ ᠭᠠᠷᠤᠨ ᠬᠣᠢ᠌ᠲᠤ ᠬᠣᠰᠢᠭᠤᠨ᠎ᠤ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠡᠮᠡᠭᠲᠡᠶ ᠺᠠᠳ᠋ᠷᠴᠤᠳ ᠲᠠᠢ᠌ᠯᠤᠮᠵᠢ ᠵᠢ ᠦᠵᠡᠵᠦ ᠪᠠᠢ᠌ᠭ᠎ᠠ᠎ᠨᠢ)
ᠲᠦᠩᠯᠢᠶᠣᠤ ᠬᠣᠲᠠ ᠵᠢᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ 208 ᠥᠷᠭᠡᠨ ᠣᠯᠠᠨ ᠡᠮᠡᠭᠲᠡᠶ ᠺᠠᠳ᠋ᠷ 2020 ᠣᠨ᠎ᠳᠤ᠂ ᠲᠠᠳᠠ ᠬᠢᠵᠢᠭ᠎ᠤᠨ ᠡᠮᠦᠨ᠎ᠡ ᠹᠷᠣᠨᠲ᠎ᠲᠤ ᠡᠷᠡᠯᠬᠡᠭᠯᠡᠨ ᠲᠡᠮᠡᠴᠡᠵᠦ᠂ ᠬᠣᠤᠷ ᠲᠠᠲᠠᠬᠤ ᠵᠢ ᠵᠣᠭᠰᠣᠭ᠋ᠠᠬᠤ ᠬᠢᠨᠠᠯᠲᠠ ᠬᠠᠮᠢᠶᠠᠷᠤᠯᠲᠠ ᠵᠢᠨ ᠡᠮᠦᠨ᠎ᠡ ᠹᠷᠣᠨᠲ᠎ᠢ ᠪᠠᠲᠤ ᠰᠠᠬᠢᠵᠤ᠂ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢᠯᠡᠴᠢᠯᠡᠭᠡ ᠳᠤᠮᠳᠠ ᠦᠨᠳᠦᠰᠦ᠎ᠪᠠᠨ ᠬᠠᠳᠬᠤᠪᠠ ᠁ ᠲᠠᠳᠠ ᠰᠠᠯᠬᠢ ᠬᠥᠯᠥᠭᠯᠡᠨ ᠳᠠᠪᠠᠯᠭ᠋ᠠᠨ᠎ᠢ ᠵᠦᠰᠦᠨ ᠬᠡᠷᠡᠯ ᠭᠢᠯᠪᠠᠭ᠎ᠠ᠎ᠪᠠᠨ ᠰᠠᠴᠤᠷᠠᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ 《ᠡᠮᠡᠭᠲᠡᠢ᠌ᠴᠦᠳ》᠎ᠢ 《ᠰᠠᠬᠠᠯ ᠰᠠᠨᠴᠢᠭ》ᠠᠴᠠ᠎ᠨᠢ ᠵᠠᠢ᠌ᠯᠠᠭᠤᠯᠬᠤ ᠥᠬᠡᠶ ᠭᠡᠵᠦ ᠪᠢᠴᠢᠭᠯᠡᠪᠡ᠃

(ᠬᠤᠷᠴᠢᠨ ᠲᠣᠭᠣᠷᠢᠭ᠎ᠤᠨ ᠬᠠᠤᠯᠢ ᠴᠠᠭ᠋ᠠᠵᠠ ᠵᠢᠨ ᠲᠣᠪᠴᠢᠶᠠᠨ᠎ᠤ ᠡᠮᠡᠭᠲᠡᠢ ᠺᠠᠳ᠋ᠷᠴᠤᠳ ᠲᠠᠢ᠌ᠯᠤᠮᠵᠢ ᠵᠢ ᠦᠵᠡᠵᠦ ᠪᠠᠢ᠌ᠭ᠎ᠠ᠎ᠨᠢ)

(ᠬᠣᠣᠯᠢᠨ ᠭᠣᠣᠯ᠎ᠤᠨ ᠬᠠᠤᠯᠢ ᠴᠠᠭ᠋ᠠᠵᠠ ᠵᠢᠨ ᠲᠣᠪᠴᠢᠶᠠᠨ᠎ᠤ ᠡᠮᠡᠭᠲᠡᠢ ᠺᠠᠳ᠋ᠷᠴᠤᠳ ᠲᠠᠢ᠌ᠯᠤᠮᠵᠢ ᠵᠢ ᠦᠵᠡᠵᠦ ᠪᠠᠢ᠌ᠭ᠎ᠠ᠎ᠨᠢ)

(ᠵᠠᠯᠠᠢ᠌ᠳ ᠬᠣᠰᠢᠭᠤᠨ᠎ᠤ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠡᠮᠡᠭᠲᠡᠶ ᠺᠠᠳ᠋ᠷᠴᠤᠳ ᠲᠠᠢ᠌ᠯᠤᠮᠵᠢ ᠵᠢ ᠦᠵᠡᠵᠦ ᠪᠠᠢ᠌ᠭ᠎ᠠ᠎ᠨᠢ)

(ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠬᠠᠤᠯᠢ ᠴᠠᠭ᠋ᠠᠵᠠ ᠵᠢᠨ ᠲᠣᠪᠴᠢᠶᠠᠨ᠎ᠤ ᠡᠮᠡᠭᠲᠡᠢ ᠺᠠᠳ᠋ᠷᠴᠤᠳ ᠲᠠᠢ᠌ᠯᠤᠮᠵᠢ ᠵᠢ ᠦᠵᠡᠵᠦ ᠪᠠᠢ᠌ᠭ᠎ᠠ᠎ᠨᠢ)

(ᠺᠠᠢ᠌ᠯᠦ ᠰᠢᠶᠠᠨ᠎ᠤ ᠬᠠᠤᠯᠢ ᠴᠠᠭ᠋ᠠᠵᠠ ᠵᠢᠨ ᠲᠣᠪᠴᠢᠶᠠᠨ᠎ᠤ ᠡᠮᠡᠭᠲᠡᠶ ᠺᠠᠳ᠋ᠷᠴᠤᠳ ᠲᠠᠢ᠌ᠯᠤᠮᠵᠢ ᠦᠵᠡᠵᠦ ᠪᠠᠢ᠌ᠭ᠎ᠠ᠎ᠨᠢ)

(ᠲᠦᠩᠯᠢᠶᠣᠤ ᠬᠣᠲᠠ ᠵᠢᠨ ᠡᠮᠡᠭᠲᠡᠶ ᠬᠠᠤᠯᠢᠴᠢ ᠵᠢᠨ ᠡᠩᠨᠡᠭᠡ ᠲᠠᠢ᠌ᠯᠤᠮᠵᠢ ᠵᠢ ᠦᠵᠡᠵᠦ ᠪᠠᠢ᠌ᠭ᠎ᠠ᠎ᠨᠢ)
ᠲᠠᠢ᠌ᠯᠤᠮᠵᠢ ᠳᠠᠭᠤᠰᠤᠭᠰᠠᠨ᠎ᠤ ᠳᠠᠷᠠᠭ᠎ᠠ ᠣᠯᠠᠨ ᠵᠶ᠋ᠠᠷ ᠵᠶ᠋ᠠᠨ᠂ ᠣᠢ᠌ᠷ᠎ᠠ ᠵᠢᠨ ᠵᠢᠯ᠎ᠤᠨ ᠲᠤᠷᠰᠢ᠂ ᠬᠠᠤᠯᠢ ᠴᠠᠭ᠋ᠠᠵᠠ ᠵᠢᠨ ᠲᠢᠩᠬᠢᠮ᠎ᠤᠨ ᠵᠣᠬᠢᠶᠠᠨ ᠪᠠᠢ᠌ᠭᠤᠯᠤᠭᠰᠠᠨ ᠡᠮᠡᠭᠲᠡᠢ᠌ᠴᠦᠳ᠎ᠤᠨ ᠪᠠᠶᠠᠷ᠎ᠤᠨ ᠲᠠᠢ᠌ᠯᠤᠮᠵᠢ ᠵᠢᠨ ᠠᠵᠢᠯᠯᠠᠭ᠎ᠠ᠎ᠨᠢ ᠴᠥᠮ ᠣᠯᠠᠨ᠎ᠳᠤ ᠠᠳᠠᠯᠢ ᠪᠤᠰᠤ ᠬᠠᠢ᠌ᠷ᠎ᠠ ᠬᠠᠯᠠᠮᠵᠢ ᠠᠪᠴᠢᠷᠠᠭᠰᠠᠨ ᠪᠠᠢ᠌ᠨ᠎ᠠ᠃ ᠲᠡᠳᠡᠨ᠎ᠢ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢ ᠴᠢᠬᠤᠯᠠᠴᠢᠯᠠᠬᠤ ᠵᠢᠨ ᠬᠠᠮᠲᠤ ᠪᠡᠶ᠎ᠡ ᠰᠡᠳᠬᠢᠯ᠎ᠤᠨ ᠡᠷᠡᠭᠦᠯ ᠮᠡᠨᠳᠦ ᠵᠢ ᠤᠮᠳᠤᠭ᠋ᠠᠢ᠍ᠯᠠᠵᠤ ᠪᠤᠯᠬᠤ ᠦᠭᠡᠢ᠂ ᠣᠯᠠᠨ᠎ᠢ ᠨᠠᠩ ᠢᠳᠡᠪᠬᠢᠲᠡᠢ ᠡᠷᠡᠭᠦᠯ ᠥᠭᠡᠳᠡᠷᠬᠡᠭ ᠠᠮᠢᠳᠤᠷᠠᠯ᠎ᠤᠨ ᠣᠪᠣᠷ᠎ᠲᠠᠢ ᠪᠣᠯᠭ᠋ᠠᠪᠠ᠃ ᠬᠣᠢ᠌ᠰᠢᠳᠠ ᠨᠠᠩ ᠰᠠᠢ᠌ᠨ ᠣᠶᠤᠨ ᠰᠠᠨᠠᠭ᠋ᠠᠨ᠎ᠤ ᠳᠦᠷᠰᠦ ᠪᠠᠢ᠌ᠳᠠᠯ ᠵᠶ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠵᠦ᠂ ᠬᠠᠤᠯᠢ᠎ᠪᠠᠷ ᠵᠠᠰᠠᠬᠤ ᠪᠠᠲᠤᠯᠠᠭ᠎ᠠ ᠪᠠ ᠬᠠᠤᠯᠢ ᠴᠠᠭ᠋ᠠᠵᠠ ᠵᠢᠨ ᠦᠢᠯᠡᠴᠢᠯᠡᠭᠡᠨ᠎ᠤ ᠵᠠᠮ ᠳᠡᠭᠡᠷ᠎ᠡ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠡᠮᠡᠭᠲᠡᠢ᠌ᠴᠦᠳ᠎ᠤᠨ 《ᠲᠡᠭᠦᠨ᠎ᠤ ᠬᠦᠴᠦᠨ ᠴᠢᠳᠠᠯ》᠎ᠢ ᠦᠷᠭᠦᠯᠵᠢᠯᠡᠨ ᠡᠷᠭᠦᠨ᠎ᠡ ᠭᠡᠵᠦ ᠣᠯᠠᠨ ᠵᠶ᠋ᠠᠷ ᠵᠶ᠋ᠠᠨ ᠢᠯᠡᠷᠬᠡᠢ᠌ᠯᠡᠵᠡᠭᠡᠪᠡ᠃