2021 ᠣᠨ᠎ᠤ 3 ᠰᠠᠷ᠎ᠠ ᠵᠢᠨ 5᠎ᠤ ᠡᠳᠦᠷ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠳᠥᠷᠪᠡᠳᠦᠭᠡᠷ ᠬᠤᠷᠠᠯᠳᠤᠭ᠋ᠠᠨ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠵᠦ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠢ᠌ᠳ ᠯᠢ ᠺᠸ ᠴᠢᠶᠠᠩ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠬᠢᠪᠠ᠃ ᠪᠥᠬᠥ ᠣᠷᠣᠨ᠎ᠤ ᠭᠢᠨᠳᠠᠨ᠎ᠤ ᠰᠢᠰᠲ᠋ᠧᠮ᠎ᠤᠨ ᠠᠷᠠᠳ᠎ᠤᠨ ᠴᠠᠭᠳᠠᠭ᠎ᠠ ᠠᠵᠢᠯᠲᠠᠳ 《ᠬᠣᠶᠠᠷ ᠬᠤᠷᠠᠯ》᠎ᠤᠨ ᠪᠣᠳᠠᠲᠤ ᠪᠠᠢ᠌ᠳᠠᠯ᠎ᠢ ᠳᠡᠭᠡᠳᠦ ᠬᠡᠮᠵᠢᠶ᠎ᠡ᠎ᠪᠠᠷ ᠠᠩᠬᠠᠷᠴᠤ᠂ ᠠᠳᠠᠯᠢ ᠪᠤᠰᠤ ᠬᠡᠯᠪᠡᠷᠢ᠎ᠪᠠᠷ 《ᠬᠣᠶᠠᠷ ᠬᠤᠷᠠᠯ》᠎ᠤᠨ ᠰᠣᠨᠢᠨ ᠮᠡᠳᠡᠭᠡᠯᠡᠯ᠎ᠢ ᠰᠣᠨᠣᠰᠴᠤ ᠭᠥᠯᠢᠶᠡᠨ ᠦᠵᠡᠵᠦ᠂ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠣᠢ᠌ᠯᠠᠭ᠋ᠠᠪᠠ᠃
ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠵᠡᠭᠦᠨ ᠬᠡᠰᠡᠭ ᠲᠣᠪᠴᠢᠶ᠎ᠠ᠂ 3 ᠰᠠᠷ᠎ᠠ ᠵᠢᠨ 5᠎ᠤ ᠡᠳᠦᠷ᠎ᠤᠨ ᠦᠳᠡ ᠵᠢᠨ ᠡᠮᠦᠨ᠎ᠡ᠂ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠵᠡᠭᠦᠨ ᠬᠡᠰᠡᠭ᠎ᠤᠨ ᠬᠤᠪᠢᠶᠠᠷᠢ ᠲᠣᠪᠴᠢᠶ᠎ᠠ ᠵᠢᠴᠢ ᠵᠡᠭᠦᠨ ᠬᠡᠰᠡᠭ᠎ᠤᠨ ᠭᠠᠵᠠᠷ ᠣᠷᠣᠨ᠎ᠤ ᠡᠯ᠎ᠡ ᠨᠢᠭᠡᠴᠢ ᠵᠣᠬᠢᠶᠠᠨ ᠪᠠᠢ᠌ᠭᠤᠯᠵᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠳᠥᠷᠪᠡᠳᠦᠭᠡᠷ ᠬᠤᠷᠠᠯᠳᠤᠭ᠋ᠠᠨ᠎ᠤ ᠡᠬᠢᠯᠡᠯᠲᠡ ᠵᠢᠨ ᠶᠣᠰᠣᠯᠠᠯ᠎ᠤᠨ ᠰᠢᠭᠤᠳ ᠨᠡᠪᠲᠡᠷᠡᠭᠦᠯᠭᠡ ᠵᠢ ᠲᠥᠪᠯᠡᠷᠡᠭᠦᠯᠦᠨ ᠭᠥᠯᠢᠶᠡᠨ ᠠᠪᠴᠤ ᠦᠵᠡᠵᠦ᠂ ᠪᠥᠬᠥ ᠠᠷᠠᠳ᠎ᠤᠨ ᠴᠠᠭᠳᠠᠭ᠎ᠠ ᠠᠵᠢᠯᠲᠠᠳ᠎ᠲᠤ ᠬᠤᠷᠠᠯ᠎ᠤᠨ ᠪᠠᠢ᠌ᠳᠠᠯ᠎ᠢ ᠴᠠᠭ ᠲᠤᠬᠠᠶ᠎ᠳᠤᠨᠢ ᠣᠢ᠌ᠯᠠᠭ᠋ᠠᠭᠤᠯᠵᠤ᠂ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠣᠢ᠌ᠯᠠᠭ᠋ᠠᠭᠤᠯᠵᠤ᠂ 《ᠶᠡᠷᠦ ᠪᠤᠰᠤ ᠵᠢᠨ ᠬᠠᠷᠢᠭᠤᠯᠲᠠ ᠵᠢᠨ ᠬᠠᠭᠤᠳᠠᠰᠤ》 ᠵᠢ ᠬᠠᠮᠲᠤ᠎ᠪᠠᠷ ᠰᠣᠨᠣᠰᠪᠠ᠃

《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠠᠵᠢᠯ᠎ᠢ ᠲᠡᠭᠦᠰ ᠠᠮᠵᠢᠯᠲᠠ᠎ᠲᠠᠢ ᠲᠡᠭᠦᠰᠬᠡᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠢ ᠪᠥᠬᠥ ᠲᠠᠯ᠎ᠠ᠎ᠪᠠᠷ ᠵᠢᠷᠤᠭᠯᠠᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ 2020 ᠣᠨ᠎ᠤ ᠲᠤᠢ᠌ᠯ᠎ᠤᠨ ᠶᠡᠷᠦ ᠪᠤᠰᠤ ᠵᠢᠨ ᠠᠵᠢᠯ᠎ᠢ ᠡᠷᠭᠢᠴᠡᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠭᠣᠤᠯ ᠬᠠᠷᠠᠯᠲᠠ ᠡᠭᠦᠷᠭᠡ ᠪᠣᠯᠤᠨ 2021 ᠣᠨ᠎ᠤ ᠬᠥᠭᠵᠢᠯᠲᠡ ᠵᠢᠨ ᠭᠣᠤᠯ ᠵᠢᠱ᠌ᠢᠭᠰᠡᠨ ᠬᠠᠷᠠᠯᠲᠠ ᠵᠢ ᠲᠠᠨᠢᠯᠴᠠᠭᠤᠯᠵᠤ᠂ ᠬᠥᠮᠦᠰ᠎ᠢ ᠵᠣᠷᠢᠭᠵᠢᠭᠤᠯᠤᠨ ᠤᠷᠤᠭᠰᠢᠯᠠᠭᠤᠯᠤᠨ᠎ᠠ᠃

ᠥᠷᠭᠡᠨ ᠣᠯᠠᠨ ᠠᠷᠠᠳ᠎ᠤᠨ ᠴᠠᠭᠳᠠᠭ᠎ᠠ ᠠᠵᠢᠯᠲᠠᠳ᠂ 2020 ᠣᠨ ᠪᠣᠯ ᠰᠢᠨ᠎ᠡ ᠳᠤᠮᠳᠠᠳᠤ ᠤᠯᠤᠰ᠎ᠤᠨ ᠲᠡᠦᠬᠡᠨ ᠳᠡᠭᠡᠷᠡᠬᠢ ᠲᠤᠢ᠌ᠯ᠎ᠤᠨ ᠶᠡᠷᠦ ᠪᠤᠰᠤ ᠵᠢᠨ ᠨᠢᠭᠡ ᠵᠢᠯ ᠮᠥᠨ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠢ᠎ᠠ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠲᠦᠮᠡᠨ ᠤᠯᠠᠨ ᠵᠶ᠋ᠠᠷ ᠵᠶ᠋ᠠᠨ ᠪᠤᠯᠤᠳ ᠬᠡᠷᠡᠮ ᠪᠣᠯᠪᠠ᠂ ᠬᠦᠴᠢᠷ᠎ᠢ ᠰᠦᠷᠦᠨ ᠤᠷᠤᠭᠰᠢᠯᠠᠵᠤ᠂ ᠬᠢᠵᠢᠭ᠎ᠲᠠᠢ ᠲᠡᠮᠡᠴᠡᠨ᠂ ᠦᠶᠡᠷ ᠤᠰᠤᠲᠤᠯ᠎ᠢ ᠡᠰᠡᠷᠭᠦᠴᠡᠵᠦ᠂ ᠥᠭᠡᠷᠡᠴᠢᠯᠡᠯᠲᠡ ᠵᠢ ᠠᠬᠢᠭᠤᠯᠵᠤ᠂ ᠨᠡᠭᠡᠭᠡᠯᠲᠡ ᠵᠢ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠵᠢ ᠠᠳᠬᠤᠵᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ᠂ ᠨᠡᠮᠡᠭᠳᠡᠯ᠎ᠢ ᠪᠠᠲᠤᠯᠠᠨ᠂ ᠪᠦᠬᠦ ᠲᠠᠯ᠎ᠠ ᠵᠢ ᠲᠤᠭᠲᠠᠪᠤᠷᠢᠵᠢᠭᠤᠯᠵᠤ᠂ ᠳᠡᠯᠡᠬᠡᠶ ᠳᠡᠭᠡᠷ᠎ᠡ ᠡᠩ ᠲᠡᠷᠢᠭᠦᠨ᠎ᠳᠤ ᠬᠢᠵᠢᠭ᠎ᠤᠨ ᠦᠷᠪᠢᠰᠦᠨ ᠳᠡᠯᠭᠡᠷᠡᠬᠦ ᠵᠢ ᠬᠤᠷᠢᠭᠯᠠᠵᠤ᠂ ᠪᠦᠬᠦ ᠪᠥᠮᠪᠥᠷᠴᠡᠭ᠎ᠤᠨ ᠭᠣᠣᠯ ᠪᠣᠯᠬᠤ ᠠᠵᠤ ᠠᠬᠤᠢ ᠵᠢᠨ ᠴᠣᠭᠴᠠ ᠵᠢᠨ ᠳᠣᠲᠣᠷ᠎ᠠ ᠠᠵᠤ ᠠᠬᠤᠢ ᠵᠢᠨ ᠡᠶᠡᠷᠭᠦ ᠨᠡᠮᠡᠭᠳᠡᠯ᠎ᠢ ᠤᠷᠢᠳᠠᠪᠠᠷ ᠪᠡᠶᠡᠯᠡᠭᠦᠯᠵᠦ᠂ ᠡᠯ᠎ᠡ ᠵᠦᠢ᠍ᠯ᠎ᠤᠨ ᠠᠵᠢᠯ ᠦᠢ᠍ᠯᠡᠰ ᠴᠢᠬᠤᠯᠠ ᠶᠡᠬᠡ ᠰᠢᠨ᠎ᠡ ᠠᠮᠵᠢᠯᠲᠠ ᠤᠯᠵᠤ᠂ ᠨᠢᠭᠡ ᠬᠤᠪᠢ ᠠᠷᠠᠳ ᠲᠦᠮᠡᠨ᠎ᠳᠤ ᠬᠠᠨᠤᠮᠵᠢᠲᠠᠶ᠂ ᠳᠡᠯᠡᠬᠡᠶ ᠳ᠋ᠠᠬᠢᠨ᠎ᠤ ᠠᠩᠬᠠᠷᠤᠯ᠎ᠢ ᠲᠠᠲᠠᠬᠤ᠂ ᠲᠡᠦᠬᠡᠨ᠎ᠳᠤ ᠲᠡᠮᠳᠡᠭᠯᠡᠵᠦ ᠪᠣᠯᠬᠤ ᠬᠠᠷᠢᠭᠤᠯᠲᠠ ᠵᠢᠨ ᠬᠠᠭᠤᠳᠠᠰᠤ ᠵᠢ ᠲᠤᠰᠢᠶᠠᠵᠤ᠂ ᠳᠤᠮᠳᠠᠳᠤ ᠤᠯᠤᠰ᠎ᠤᠨ ᠴᠢᠳᠠᠪᠤᠷᠢ᠂ ᠳᠤᠮᠳᠠᠳᠤ ᠤᠯᠤᠰ᠎ᠤᠨ ᠢᠲᠡᠭᠡᠯ ᠵᠣᠷᠢᠭ᠂ ᠳᠤᠮᠳᠠᠳᠤ ᠤᠯᠤᠰ᠎ᠤᠨ ᠢᠷᠡᠭᠡᠳᠦᠢ ᠵᠢ ᠭᠦᠢ᠍ᠴᠡᠳ ᠢᠯᠡᠷᠡᠭᠦᠯᠪᠡ ᠭᠡᠵᠦ ᠰᠠᠨᠠᠯ ᠨᠢᠭᠡᠲᠡᠢ ᠦᠵᠡᠵᠡᠭᠡᠪᠡ᠃

ᠥᠷᠭᠡᠨ ᠣᠯᠠᠨ ᠠᠷᠠᠳ᠎ᠤᠨ ᠴᠠᠭᠳᠠᠭ᠎ᠠ ᠠᠵᠢᠯᠲᠠᠳ ᠢᠯᠡᠷᠬᠡᠢ᠌ᠯᠡᠭᠰᠡᠨ᠎ᠨᠢ᠂ ᠥᠩᠭᠡᠷᠡᠭᠰᠡᠨ ᠨᠢᠭᠡ ᠵᠢᠯ᠎ᠤᠨ ᠳᠤᠮᠳᠠᠳᠤ ᠤᠯᠤᠰ᠎ᠤᠨ ᠣᠯᠤᠭᠰᠠᠨ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ ᠵᠢ ᠡᠷᠭᠢᠴᠡᠭᠦᠯᠵᠦ ᠦᠵᠡᠪᠡᠯ᠂ ᠳᠤᠮᠳᠠᠳᠤ ᠤᠯᠤᠰ᠎ᠤᠨ ᠣᠨᠴᠠᠯᠢᠭ ᠪᠥᠬᠥᠶ ᠨᠡᠢ᠌ᠭᠡᠮ ᠵᠢᠷᠤᠮ᠎ᠤᠨ ᠠᠷᠠᠳᠴᠢᠯᠠᠭᠰᠠᠨ ᠤᠯᠤᠰ ᠲᠥᠷᠥ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠦᠷᠢᠮ᠎ᠤᠨ ᠢᠯᠡᠳᠲᠡ ᠳᠠᠪᠠᠭᠤᠯᠢᠭ ᠪᠠ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠢᠯᠡᠷᠡᠭᠦᠯᠦᠭᠰᠡᠨ ᠪᠠᠢ᠌ᠨ᠎ᠠ᠃ 《ᠬᠣᠤᠰ ᠵᠠᠭᠤᠨ ᠵᠢᠯ》᠎ᠤᠨ ᠲᠡᠦᠬᠡ ᠵᠢᠨ ᠠᠭᠤᠯᠵᠠᠷ᠎ᠲᠤ ᠵᠣᠭᠰᠣᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠡᠷᠡᠮᠡᠬᠡᠢ᠌ᠯᠡᠨ ᠲᠡᠮᠡᠴᠡᠵᠦ᠂ ᠰᠢᠨ᠎ᠡ ᠠᠶᠠᠨ᠎ᠳᠤ ᠡᠷᠡᠮᠡᠬᠡᠢ᠌ᠯᠡᠨ ᠤᠷᠤᠭᠰᠢᠯᠠᠵᠤ᠂ ᠵᠡᠭᠦᠨ ᠬᠡᠰᠡᠭ᠎ᠤᠨ ᠬᠤᠪᠢᠶᠠᠷᠢ ᠲᠣᠪᠴᠢᠶ᠎ᠠ ᠵᠢᠨ ᠪᠥᠬᠥ ᠨᠠᠮ᠎ᠤᠨ ᠭᠡᠰᠢᠭᠦᠨ ᠠᠷᠠᠳ᠎ᠤᠨ ᠴᠠᠭᠳᠠᠭ᠎ᠠ ᠠᠵᠢᠯᠲᠠᠳ 《ᠬᠣᠶᠠᠷ ᠬᠤᠷᠠᠯ》᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠪᠠᠷ ᠠᠵᠠ ᠲᠣᠬᠢᠶᠠᠯ ᠪᠣᠯᠭ᠋ᠠᠵᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠭᠢᠨᠳᠠᠨ᠎ᠤ ᠠᠵᠢᠯ᠎ᠤᠨ ᠬᠥᠭᠵᠢᠯᠲᠡ᠎ᠳᠤ ᠦᠵᠡᠭᠦᠯᠪᠡᠰᠦ ᠵᠣᠬᠢᠬᠤ ᠣᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠵᠦ᠂ ᠰᠢᠯᠢᠳᠡᠭ ᠠᠮᠵᠢᠯᠲᠠ᠎ᠪᠠᠷ ᠵᠶ᠋ᠠᠨ ᠨᠠᠮ ᠪᠠᠢ᠌ᠭᠤᠯᠤᠭᠳᠠᠭᠰᠠᠨ 100 ᠵᠢᠯ᠎ᠤᠨ ᠣᠶ᠎ᠳᠤ ᠪᠡᠯᠡᠭ ᠬᠦᠷᠭᠡᠬᠦ ᠪᠣᠯᠤᠨ᠎ᠠ!
ᠤᠯᠠᠭ᠋ᠠᠨᠬᠠᠳᠠ ᠵᠢᠨ ᠭᠢᠨᠳᠠᠨ᠂ 3 ᠰᠠᠷ᠎ᠠ ᠵᠢᠨ 5᠎ᠤ ᠡᠳᠦᠷ᠎ᠤᠨ ᠦᠳᠡ ᠵᠢᠨ ᠡᠮᠦᠨ᠎ᠡ᠂ ᠤᠯᠠᠭ᠋ᠠᠨᠬᠠᠳᠠ ᠵᠢᠨ ᠭᠢᠨᠳᠠᠨ ᠲᠧᠯᠸᠢᠰ᠂ ᠰᠦᠯᠵᠢᠶ᠎ᠡ ᠵᠡᠷᠭᠡ ᠣᠯᠠᠨ ᠵᠦᠢᠯ᠎ᠤᠨ ᠬᠡᠯᠪᠡᠷᠢ᠎ᠪᠠᠷ ᠳᠠᠮᠵᠢᠨ ᠲᠣᠰ ᠲᠣᠰ ᠠᠯᠪᠠᠯᠠᠬᠤ ᠲᠣᠭᠣᠷᠢᠭ᠂ ᠪᠡᠯᠡᠳᠬᠡᠯ ᠦᠢᠯᠡᠴᠢᠯᠡᠭᠡᠨ᠎ᠤ ᠲᠣᠭᠣᠷᠢᠭ᠎ᠲᠤ ᠠᠷᠠᠳ᠎ᠤᠨ ᠴᠠᠭᠳᠠᠭ᠎ᠠ ᠵᠢ ᠵᠣᠬᠢᠶᠠᠨ ᠪᠠᠢ᠌ᠭᠤᠯᠵᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠳᠥᠷᠪᠡᠳᠦᠭᠡᠷ ᠬᠤᠷᠠᠯᠳᠤᠭ᠋ᠠᠨ᠎ᠤ ᠡᠬᠢᠯᠡᠯᠲᠡ ᠵᠢᠨ ᠪᠣᠳᠠᠲᠤ ᠪᠠᠢ᠌ᠳᠠᠯ᠎ᠢ ᠲᠥᠪᠯᠡᠷᠡᠭᠦᠯᠦᠨ ᠭᠥᠯᠢᠶᠡᠨ ᠠᠪᠴᠤ ᠦᠵᠡᠵᠦ᠂ ᠤᠯᠤᠰ᠎ᠤᠨ ᠦᠨᠳᠦᠰᠦᠨ ᠪᠣᠳᠣᠯᠭ᠎ᠠ ᠴᠢᠭᠯᠡᠯᠲᠡ ᠵᠢ ᠤᠢ᠌ᠯᠠᠭ᠋ᠠᠨ᠂ ᠤᠯᠤᠰ᠎ᠤᠨ ᠠᠵᠤ ᠠᠬᠤᠶ ᠠᠷᠠᠳ᠎ᠤᠨ ᠠᠮᠢᠳᠤᠷᠠᠯ᠎ᠳᠤ ᠠᠩᠬᠠᠷᠤᠯ ᠵᠶ᠋ᠠᠨ ᠬᠠᠨᠳᠤᠭᠤᠯᠪᠠ᠃

ᠦᠳᠡ ᠵᠢᠨ ᠡᠮᠦᠨᠡᠬᠢ 9 ᠴᠠᠭ᠎ᠲᠤ᠂ ᠪᠠᠢ᠌ᠭᠤᠯᠭ᠎ᠠ ᠪᠣᠯᠤᠨ ᠪᠡᠯᠡᠳᠬᠡᠯ ᠠᠵᠢᠯ᠎ᠤᠨ ᠲᠣᠭᠣᠷᠢᠭ᠎ᠤᠨ ᠠᠷᠠᠳ᠎ᠤᠨ ᠴᠠᠭᠳᠠᠭ᠎ᠠ ᠲᠣᠰ ᠲᠣᠰ ᠬᠣᠶᠠᠷ ᠬᠤᠷᠠᠯ᠎ᠤᠨ ᠲᠠᠯᠠᠪᠠᠶ᠎ᠳᠤ ᠶᠡᠷᠦᠩᠬᠡᠶ ᠰᠠᠢ᠌ᠳ ᠯᠢ ᠺᠧ ᠴᠢᠶᠠᠩ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠨᠠᠷᠢᠨ ᠬᠢᠨᠠᠮᠠᠭ᠋ᠠᠶ ᠰᠣᠨᠣᠰᠴᠤ᠂ ᠮᠠᠨ᠎ᠤ ᠤᠯᠤᠰ᠎ᠤᠨ ᠠᠵᠤ ᠠᠬᠤᠶ ᠨᠡᠢ᠌ᠭᠡᠮ᠎ᠤᠨ ᠬᠥᠭᠵᠢᠯᠲᠡ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠡᠷᠭᠡ ᠲᠠᠯ᠎ᠠ᠎ᠪᠠᠷ ᠣᠯᠤᠭᠰᠠᠨ ᠴᠢᠬᠤᠯᠠ ᠶᠡᠬᠡ ᠠᠮᠵᠢᠯᠲᠠ ᠪᠦᠲᠦᠮᠵᠢ᠎ᠳᠤ ᠣᠮᠣᠭᠰᠢᠨ ᠪᠠᠬᠠᠳᠤᠵᠤ᠂ ᠭᠢᠨᠳᠠᠨ᠎ᠤ ᠠᠷᠠᠳ᠎ᠤᠨ ᠴᠠᠭᠳᠠᠭ᠎ᠠ ᠵᠢᠨ ᠡᠭᠦᠷᠭᠡ ᠬᠠᠷᠢᠭᠤᠴᠠᠯᠭ᠎ᠠ᠎ᠪᠠᠨ ᠬᠡᠷᠬᠢᠨ ᠰᠠᠢ᠌ᠲᠤᠷ ᠭᠦᠢ᠍ᠴᠡᠳᠬᠡᠬᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠭᠣᠤᠯ ᠬᠠᠷᠠᠯᠲᠠ ᠵᠢ ᠪᠡᠶᠡᠯᠡᠭᠦᠯᠬᠦ᠂ ᠠᠮᠤᠷ ᠲᠦᠪᠰᠢᠨ ᠲᠣᠭᠲᠠᠭᠤᠨ ᠤᠯᠤᠰ ᠲᠥᠷᠥ ᠵᠢᠨ ᠣᠷᠴᠢᠨ ᠲᠣᠭᠣᠷᠢᠨ᠎ᠢ ᠡᠭᠦᠳᠬᠦ᠎ᠳᠤ ᠪᠠᠲᠤᠯᠠᠭ᠎ᠠ ᠬᠠᠩᠭ᠋ᠠᠬᠤ ᠲᠤᠬᠠᠶ ᠭᠦᠨᠵᠡᠭᠡᠶ ᠪᠣᠳᠣᠯᠬᠢᠯᠠᠵᠤ᠂ ᠪᠥᠬᠥ ᠠᠷᠠᠳ᠎ᠤᠨ ᠴᠠᠭᠳᠠᠭ᠎ᠠ ᠬᠠᠷᠢᠭᠤᠴᠠᠯᠭ᠎ᠠ ᠬᠦᠨᠳᠦ ᠶᠡᠬᠡ᠂ ᠡᠭᠦᠷᠭᠡ ᠥᠩᠭᠡ ᠭᠡᠷᠡᠯᠲᠡᠶ ᠰᠠᠨᠠᠭᠳᠠᠵᠤ ᠪᠠᠢ᠌ᠨ᠎ᠠ᠃

ᠬᠤᠷᠠᠯ᠎ᠤᠨ ᠪᠣᠳᠠᠲᠤ ᠪᠠᠢ᠌ᠳᠠᠯ᠎ᠢ ᠦᠵᠡᠭᠰᠡᠨ᠎ᠤ ᠳᠠᠷᠠᠭ᠎ᠠ᠂ ᠠᠷᠠᠳ᠎ᠤᠨ ᠴᠠᠭᠳᠠᠭ᠎ᠠ ᠬᠣᠢ᠌ᠨ᠎ᠠ ᠬᠣᠢ᠌ᠨ᠎ᠠ᠎ᠠᠴᠠ᠎ᠪᠠᠨ ᠢᠯᠡᠷᠬᠡᠢ᠌ᠯᠡᠭᠰᠡᠨ᠎ᠨᠢ᠂ 2021 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠬᠡᠷᠡᠭᠵᠢᠭᠦᠯᠬᠦ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ ᠰᠢᠨ᠎ᠡ ᠠᠶᠠᠯᠠᠯ᠎ᠢ ᠡᠬᠢᠯᠡᠭᠦᠯᠬᠦ ᠠᠩᠬᠠᠨ᠎ᠤ ᠵᠢᠯ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 100 ᠵᠢᠯ᠎ᠤᠨ ᠣᠶ ᠮᠥᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠰᠣᠨᠣᠰᠤᠭᠰᠠᠨ᠎ᠤ ᠳᠠᠷᠠᠭ᠎ᠠ᠂ ᠶᠡᠬᠡᠳᠡ ᠵᠣᠷᠢᠭᠵᠢᠵᠤ᠂ ᠡᠷᠴᠢ ᠵᠣᠷᠢᠭ ᠵᠶ᠋ᠠᠨ ᠬᠥᠪᠴᠢᠯᠡᠪᠡ᠂ ᠥᠪᠡᠷ ᠵᠶ᠋ᠡᠨ ᠪᠥᠬᠥ ᠤᠯᠤᠰ᠎ᠤᠨ 《ᠬᠣᠶᠠᠷ ᠬᠤᠷᠠᠯ》᠎ᠤᠨ ᠠᠮᠤᠷ᠎ᠢ ᠬᠠᠮᠠᠭ᠋ᠠᠯᠠᠬᠤ ᠠᠵᠢᠯ ᠪᠣᠯᠤᠨ ᠭᠢᠨᠳᠠᠨ᠎ᠤ ᠠᠷᠠᠳ᠎ᠤᠨ ᠴᠠᠭᠳᠠᠭ᠎ᠠ ᠵᠢᠨ ᠡᠩᠨᠡᠭᠡ ᠵᠢ ᠬᠥᠮᠦᠵᠢᠭᠦᠯᠦᠨ ᠴᠡᠭᠴᠡᠯᠡᠬᠦ ᠵᠢᠴᠢ ᠭᠢᠨᠳᠠᠨᠢ ᠶᠡᠷᠦᠩᠬᠡᠢ᠌ᠯᠡᠨ ᠵᠠᠰᠠᠬᠤ ᠵᠡᠷᠭᠡ ᠭᠣᠤᠯᠳᠠᠯᠭ᠎ᠠ᠎ᠲᠠᠢ ᠠᠵᠢᠯ᠎ᠲᠠᠢ ᠤᠶᠠᠯᠳᠤᠭᠤᠯᠤᠨ᠂ ᠪᠥᠬᠥ ᠤᠯᠤᠰ᠎ᠤᠨ 《ᠬᠣᠶᠠᠷ ᠬᠤᠷᠠᠯ》᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠤᠬᠠᠭᠤᠯᠵᠤ ᠰᠠᠢ᠌ᠲᠤᠷ ᠲᠤᠭᠤᠰᠢᠯᠠᠭᠤᠯᠵᠤ᠂ ᠰᠢᠯᠢᠳᠡᠭ ᠠᠮᠵᠢᠯᠲᠠ᠎ᠪᠠᠷ ᠵᠶ᠋ᠠᠨ ᠨᠠᠮ ᠪᠠᠢ᠌ᠭᠤᠯᠤᠭᠳᠠᠭᠰᠠᠨ ᠵᠠᠭᠤᠨ ᠵᠢᠯ᠎ᠤᠨ ᠣᠶ᠎ᠳᠤ ᠪᠡᠯᠡᠭ ᠬᠦᠷᠭᠡᠨ᠎ᠡ ᠭᠡᠵᠡᠭᠡᠪᠡ᠃