ᠤᠯᠠᠭ᠋ᠠᠨᠬᠠᠳᠠ ᠵᠢᠨ ᠭᠢᠨᠳᠠᠨ᠎ᠨᠢ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠠ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠢᠭᠡᠳᠦᠯᠲᠡᠶ ᠲᠦᠯᠦᠪᠯᠡᠵᠦ ᠤᠬᠠᠭ᠋ᠠᠯᠠᠨ ᠲᠦᠯᠦᠪᠯᠡᠬᠦ ᠪᠠ ᠭᠣᠤᠯᠳᠠᠯᠭ᠎ᠠ᠎ᠲᠠᠢ ᠪᠠᠢ᠌ᠷᠢᠯᠠᠭᠤᠯᠬᠤ ᠵᠢ ᠤᠶᠠᠯᠳᠤᠭᠤᠯᠬᠤ ᠵᠢ ᠪᠠᠷᠢᠮᠲᠠᠯᠠᠨ ᠭᠢᠨᠳᠠᠨ ᠪᠠ ᠣᠷᠣᠨ ᠨᠤᠲᠤᠭ᠎ᠤᠨ ᠪᠣᠳᠠᠲᠤ ᠪᠠᠢ᠌ᠳᠠᠯ᠎ᠳᠤ ᠨᠡᠢ᠌ᠴᠡᠬᠦ ᠠᠷᠭ᠎ᠠ ᠬᠡᠮᠵᠢᠶ᠎ᠡ ᠵᠢ ᠢᠳᠡᠪᠬᠢᠲᠡᠶ ᠰᠦᠪᠡᠭᠴᠢᠯᠡᠵᠦ᠂ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠪᠦᠬᠦᠯᠢ ᠴᠣᠭᠴᠠ ᠵᠢᠨ ᠪᠠᠢ᠌ᠷᠢᠰᠢᠯ᠎ᠢ ᠪᠠᠢ᠌ᠭᠤᠯᠤᠨ᠂ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠭᠦᠨᠵᠡᠭᠡᠢ᠌ᠷᠡᠨ ᠪᠣᠳᠠᠲᠠᠢ᠌ᠵᠢᠵᠤ ᠵᠤᠭᠰᠤᠯᠲᠠ ᠦᠭᠡᠢ ᠶᠠᠪᠤᠭᠳᠠᠬᠤ ᠵᠢ ᠦᠷᠭᠦᠯᠵᠢᠯᠡᠨ ᠠᠬᠢᠭᠤᠯᠪᠠ᠃

ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ ᠵᠢ ᠪᠦᠷᠢᠨᠰᠢᠭᠦᠯᠵᠦ ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠋ᠠᠳᠬᠠᠨ᠂ ᠠᠵᠢᠯ᠎ᠤᠨ ᠲᠥᠰᠦᠯ᠎ᠢ ᠲᠡᠭᠦᠯᠳᠡᠷᠵᠢᠭᠦᠯᠪᠡ᠃ ᠤᠯᠠᠭ᠋ᠠᠨᠬᠠᠳᠠ ᠵᠢᠨ ᠭᠢᠨᠳᠠᠨ᠎ᠨᠢ ᠳᠡᠭᠡᠳᠦ ᠱᠠᠲᠤᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠡᠩᠨᠡᠭᠡᠨ᠎ᠤ ᠬᠦᠮᠦᠵᠢᠯ ᠴᠡᠭᠴᠡᠯᠡᠯᠲᠡ ᠵᠢᠨ ᠠᠵᠢᠯ᠎ᠤᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠬᠢᠨᠠᠮᠠᠭ᠋ᠠᠶ ᠰᠤᠷᠤᠯᠴᠠᠨ ᠣᠢ᠌ᠯᠠᠭ᠋ᠠᠭᠰᠠᠨ ᠰᠠᠭᠤᠷᠢᠨ ᠳᠡᠭᠡᠷ᠎ᠡ᠂ ᠠᠵᠢᠯ᠎ᠤᠨ ᠪᠣᠳᠠᠲᠤ ᠪᠠᠢ᠌ᠳᠠᠯ᠎ᠳᠤ᠎ᠪᠠᠨ ᠰᠠᠭᠤᠷᠢᠯᠠᠨ᠂ 《ᠤᠯᠠᠭ᠋ᠠᠨᠬᠠᠳᠠ ᠵᠢᠨ ᠭᠢᠨᠳᠠᠨ᠎ᠤ ᠡᠩᠨᠡᠭᠡ ᠵᠢ ᠬᠥᠮᠦᠵᠢᠭᠦᠯᠵᠦ ᠴᠡᠭᠴᠡᠯᠡᠬᠦ ᠵᠢᠴᠢ ᠭᠢᠨᠳᠠᠨᠢ ᠶᠡᠷᠦᠩᠬᠡᠢ᠌ᠯᠡᠨ ᠵᠠᠰᠠᠬᠤ ᠵᠢᠨ ᠬᠡᠷᠡᠭᠵᠢᠭᠦᠯᠬᠦ ᠲᠥᠰᠦᠯ》 ᠵᠢᠴᠢ 《ᠤᠯᠠᠭ᠋ᠠᠨᠬᠠᠳᠠ ᠵᠢᠨ ᠭᠢᠨᠳᠠᠨ᠎ᠤ ᠡᠩᠨᠡᠭᠡ ᠵᠢ ᠬᠥᠮᠦᠵᠢᠭᠦᠯᠵᠦ ᠴᠡᠭᠴᠡᠯᠡᠬᠦ ᠵᠢᠴᠢ ᠭᠢᠨᠳᠠᠨᠢ ᠶᠡᠷᠦᠩᠬᠡᠢ᠌ᠯᠡᠨ ᠵᠠᠰᠠᠬᠤ ᠠᠵᠢᠯ᠎ᠢ ᠠᠬᠢᠭᠤᠯᠬᠤ ᠬᠦᠰᠦᠨᠦᠭ》᠎ᠢ ᠲᠣᠭᠲᠠᠭ᠋ᠠᠬᠤ ᠵᠢᠨ ᠬᠠᠮᠲᠤ ᠳᠠᠷᠤᠮᠠᠯᠯᠠᠨ ᠲᠠᠷᠬᠠᠭ᠋ᠠᠵᠤ᠂ ᠵᠢᠯᠣᠭᠣᠳᠬᠤ ᠦᠵᠡᠯ ᠰᠠᠨᠠᠭ᠎ᠠ᠂ ᠬᠠᠷᠠᠯᠲᠠᠲᠤ ᠡᠭᠦᠷᠭᠡ᠂ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ᠂ ᠴᠡᠭᠴᠡᠯᠡᠬᠦ ᠬᠦᠷᠢᠶ᠎ᠡ ᠬᠡᠪᠴᠢᠶ᠎ᠡ᠂ ᠱᠠᠲᠤ ᠦᠶ᠎ᠡ ᠵᠢᠨ ᠠᠯᠬᠤᠮ ᠳᠠᠷᠠᠭ᠎ᠠ ᠵᠢᠴᠢ ᠪᠣᠳᠠᠲᠠᠶ ᠠᠭᠤᠯᠭ᠎ᠠ ᠵᠢ ᠲᠣᠳᠣᠷᠬᠠᠢ᠌ᠯᠠᠪᠠ᠃ ᠤᠯᠠᠭ᠋ᠠᠨᠬᠠᠳᠠ ᠬᠣᠲᠠ ᠵᠢᠨ ᠨᠠᠮ᠎ᠤᠨ ᠬᠤᠷᠢᠶ᠎ᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠵᠦᠪᠯᠡᠯ᠂ ᠥᠪᠡᠷᠲᠡᠭᠡᠨ ᠵᠠᠰᠠᠬᠤ ᠣᠷᠣᠨ᠎ᠤ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠵᠢᠷᠭᠤᠳᠤᠭ᠋ᠠᠷ ᠵᠢᠯᠣᠭᠣᠳᠬᠤ ᠳᠤᠭᠤᠢ᠌ᠯᠠᠩ᠎ᠲᠠᠢ ᠨᠡᠪᠲᠡᠷᠡᠯᠴᠡᠨ ᠬᠠᠷᠢᠯᠴᠠᠬᠤ᠎ᠪᠠᠨ ᠴᠢᠩᠭ᠋ᠠᠳᠬᠠᠵᠤ᠂ ᠡᠳᠦᠷ ᠪᠦᠷᠢ ᠬᠤᠷᠢᠶᠠᠩᠭᠤᠢ᠌ᠯᠠᠨ ᠡᠳᠦᠷ ᠪᠦᠷᠢ ᠳᠡᠭᠡᠭᠰᠢ ᠮᠡᠳᠡᠭᠦᠯᠵᠦ᠂ ᠡᠭᠦᠷᠭᠡ᠎ᠪᠠᠨ ᠰᠠᠭ᠋ᠠᠲᠠᠭ᠋ᠠᠬᠤ ᠥᠬᠡᠶ᠂ ᠪᠢᠴᠢᠭ ᠮᠠᠲ᠋ᠧᠷᠢᠶᠠᠯ᠎ᠢ ᠳᠠᠷᠤᠭᠳᠠᠭᠤᠯᠬᠤ ᠥᠬᠡᠶ᠂ ᠬᠠᠷᠢᠭᠤ ᠲᠤᠰᠬᠠᠯ᠎ᠢ ᠨᠠᠢ᠌ᠳᠠᠪᠤᠷᠢᠵᠢᠭᠤᠯᠬᠤ ᠵᠢ ᠪᠠᠲᠤᠯᠠᠪᠠ᠃
ᠡᠭᠦᠳᠡ᠎ᠪᠠᠨ ᠨᠡᠭᠡᠭᠡᠵᠦ ᠴᠡᠭᠴᠡᠯᠡᠬᠦ ᠵᠢ ᠪᠠᠷᠢᠮᠲᠠᠯᠠᠨ ᠥᠷᠭᠡᠨ ᠳᠡᠯᠭᠡᠷ ᠤᠬᠠᠭᠤᠯᠤᠨ ᠳᠠᠢ᠌ᠴᠢᠯᠠᠵᠤ᠂ ᠣᠯᠠᠨ ᠬᠡᠯᠪᠡᠷᠢ᠎ᠪᠠᠷ ᠤᠬᠠᠭᠤᠯᠭ᠎ᠠ ᠵᠢ ᠦᠷᠨᠢᠭᠦᠯᠪᠡ᠃ ᠸᠢᠴᠠᠲ᠎ᠤᠨ ᠣᠯᠠᠨ ᠨᠡᠢ᠌ᠲᠡ ᠵᠢᠨ ᠳ᠋ᠤᠭ᠋ᠠᠷ᠎ᠲᠤ 《ᠠᠷᠠᠳ᠎ᠤᠨ ᠴᠠᠭᠳᠠᠭ᠎ᠠ ᠵᠢᠨ ᠡᠩᠨᠡᠭᠡ ᠵᠢ ᠬᠥᠮᠦᠵᠢᠭᠦᠯᠦᠨ ᠴᠡᠭᠴᠡᠯᠡᠬᠦ ᠲᠤᠰᠬᠠᠶ ᠪᠤᠯᠤᠩ》 ᠪᠠᠢ᠌ᠭᠤᠯᠵᠤ᠂ ᠲᠡᠷᠢᠭᠦᠨ᠎ᠤ ᠬᠥᠮᠦᠰ᠎ᠤᠨ ᠦᠢᠯᠡ ᠶᠠᠪᠤᠳᠠᠯ ᠵᠢᠴᠢ ᠡᠯ᠎ᠡ ᠦᠨᠳᠦᠰᠦᠨ ᠱᠠᠲᠤᠨ᠎ᠤ ᠨᠢᠭᠡᠴᠢ ᠵᠢᠨ ᠠᠵᠢᠯ ᠦᠷᠨᠢᠭᠦᠯᠦᠭᠰᠡᠨ ᠮᠡᠳᠡᠭᠡ ᠵᠠᠩᠭᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠤᠬᠠᠭᠤᠯᠤᠨ᠂ ᠠᠳᠠᠯᠢᠳᠬᠠᠨ ᠰᠤᠷᠤᠯᠴᠠᠵᠤ ᠭᠦᠢ᠍ᠴᠡᠵᠦ ᠳᠠᠪᠠᠬᠤ᠂ ᠲᠡᠷᠢᠭᠦᠨ᠎ᠤ ᠪᠣᠯᠬᠤ᠎ᠪᠠᠷ ᠴᠢᠷᠮᠠᠢ᠌ᠬᠤ ᠭᠦᠨ ᠵᠤᠵᠠᠭ᠋ᠠᠨ ᠰᠤᠷᠤᠯᠴᠠᠯᠭ᠎ᠠ ᠵᠢᠨ ᠠᠭᠤᠷ ᠠᠮᠢᠰᠬᠤᠯ᠎ᠢ ᠪᠣᠶ ᠪᠤᠯᠭ᠋ᠠᠪᠠ᠃ ᠤᠬᠠᠭᠤᠯᠭ᠎ᠠ ᠵᠢᠨ ᠪᠤᠯᠤᠩ᠂ ᠤᠬᠠᠭᠤᠯᠭ᠎ᠠ ᠵᠢᠨ ᠤᠷᠢᠶ᠎ᠠ ᠯᠣᠽᠦ᠋ᠩ᠂ ᠡᠯᠧᠺᠲᠷᠣᠨ ᠳᠡᠯᠭᠡᠴᠡ ᠵᠡᠷᠭᠡ ᠵᠢ 38 ᠰᠢᠨᠡᠳᠬᠡᠵᠦ᠂ ᠤᠯᠤᠰ ᠲᠦᠷᠦ ᠬᠠᠤᠯᠢ ᠴᠠᠭ᠋ᠠᠵᠠ ᠵᠢᠨ ᠡᠩᠨᠡᠭᠡ ᠵᠢ ᠬᠥᠮᠦᠵᠢᠭᠦᠯᠦᠨ ᠴᠡᠭᠴᠡᠯᠡᠬᠦ ᠠᠵᠢᠯ᠎ᠢ ᠥᠷᠨᠢᠭᠦᠯᠬᠦ ᠠᠴᠢ ᠬᠣᠯᠪᠣᠭᠳᠠᠯ᠂ ᠬᠡᠷᠡᠭᠵᠢᠭᠦᠯᠬᠦ ᠠᠯᠬᠤᠮ ᠲᠠᠷᠠᠭ᠎ᠠ ᠵᠢᠴᠢ ᠠᠵᠢᠯ᠎ᠤᠨ ᠭᠣᠣᠯᠳᠠᠯᠭ᠎ᠠ ᠵᠢ ᠥᠷᠭᠡᠨ ᠵᠶ᠋ᠡᠷ ᠤᠬᠠᠭᠤᠯᠪᠠ᠃ ᠠᠷᠠᠳ᠎ᠤᠨ ᠴᠠᠭᠳᠠᠭ᠎ᠠ ᠵᠢᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠬᠣᠯᠪᠣᠭ᠋ᠠᠴᠢᠨ᠎ᠤ ᠴᠢᠮᠡᠭᠡᠨ᠎ᠤ ᠴᠤᠭᠯᠠᠷᠠᠯ᠎ᠢ ᠪᠠᠢ᠌ᠭᠤᠯᠵᠤ᠂ ᠨᠡᠪᠲᠡᠷᠡᠯᠴᠡᠬᠦ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠦᠨ᠂ ᠡᠯ᠎ᠡ ᠨᠠᠮ᠎ᠤᠨ ᠡᠭᠦᠷ᠎ᠤᠨ ᠠᠵᠢᠯ ᠥᠷᠨᠢᠭᠦᠯᠦᠭᠰᠡᠨ ᠪᠠᠢ᠌ᠳᠠᠯ᠎ᠢ ᠴᠠᠭ ᠲᠤᠬᠠᠶ᠎ᠳᠤᠨᠢ ᠣᠢ᠌ᠯᠠᠭ᠋ᠠᠵᠤ᠂ ᠭᠢᠨᠳᠠᠨ᠎ᠤ᠎ᠬᠢ ᠵᠢ ᠬᠠᠪᠰᠤᠷᠤᠨ ᠦᠢᠯᠡᠴᠢᠯᠡᠭᠡᠨ᠎ᠤ ᠪᠠᠲᠤᠯᠠᠭ᠎ᠠ᠂ ᠰᠣᠨᠢᠨ ᠮᠡᠳᠡᠭᠡᠨ᠎ᠤ ᠤᠬᠠᠭᠤᠯᠭ᠎ᠠ᠂ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ ᠵᠡᠷᠭᠡ ᠠᠵᠢᠯ᠎ᠢ ᠰᠠᠢ᠌ᠲᠤᠷ ᠬᠢᠪᠡ᠃

ᠣᠯᠠᠨ ᠠᠷᠭ᠎ᠠ ᠵᠠᠮ ᠵᠶ᠋ᠠᠷ ᠬᠢᠨᠠᠯᠲᠠ ᠵᠢ ᠴᠢᠩᠭ᠋ᠠᠳᠬᠠᠪᠠ᠃ ᠬᠥᠮᠦᠵᠢᠭᠦᠯᠵᠦ ᠴᠡᠭᠴᠡᠯᠡᠬᠦ ᠠᠵᠢᠯ᠎ᠤᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠵᠢ ᠰᠠᠨᠠᠭ᠋ᠠᠴᠢᠯᠠᠭ᠎ᠠ᠎ᠠᠴᠠ᠎ᠪᠠᠨ ᠨᠡᠢ᠌ᠲᠡᠯᠡᠵᠦ᠂ ᠬᠡᠷᠡᠭ᠎ᠤᠨ ᠰᠦᠪᠡᠭᠴᠢ ᠵᠢ ᠥᠷᠭᠡᠨ ᠵᠶ᠋ᠡᠷ ᠴᠤᠭᠯᠠᠭᠤᠯᠵᠤ᠂ ᠣᠯᠠᠨ ᠲᠦᠮᠡᠨ᠎ᠤ ᠰᠠᠨᠠᠯ᠎ᠢ ᠰᠣᠨᠣᠰᠤᠨ᠂ ᠣᠯᠠᠨ ᠲᠦᠮᠡᠨ᠎ᠤ ᠰᠡᠳᠬᠢᠯ ᠬᠠᠨᠤᠮᠵᠢᠲᠠᠶ ᠪᠠᠢ᠌ᠬᠤ ᠡᠰᠡᠬᠦ᠎ᠪᠠᠷ ᠬᠥᠮᠦᠵᠢᠭᠦᠯᠵᠦ ᠴᠡᠭᠴᠡᠯᠡᠬᠦ ᠠᠵᠢᠯ ᠥᠷᠨᠢᠭᠦᠯᠦᠭᠰᠡᠨ ᠦᠷ᠎ᠡ ᠪᠦᠲᠦᠮᠵᠢ ᠵᠢ ᠦᠨᠡᠯᠡᠬᠦ ᠵᠠᠩᠭᠢᠯᠠᠭ᠎ᠠ ᠵᠢᠨ ᠬᠡᠮᠵᠢᠭᠦᠷ ᠪᠣᠯᠭ᠋ᠠᠵᠤ᠂ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠪᠣᠳᠠᠲᠤ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠪᠠ᠃ ᠠᠷᠠᠳ᠎ᠤᠨ ᠴᠠᠭᠳᠠᠭ᠎ᠠ ᠵᠢᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠰᠠᠨᠠᠯ ᠬᠤᠷᠢᠶᠠᠬᠤ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠬᠠᠤᠯᠢᠴᠢ ᠵᠢᠨ ᠲᠥᠯᠥᠭᠡᠯᠡᠭᠴᠢ᠂ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠭᠴᠢ᠂ ᠶᠠᠯᠠᠲᠠᠨ᠎ᠤ ᠬᠡᠷ ᠪᠦᠯᠢ ᠵᠢᠨ᠎ᠬᠢᠨ ᠵᠢᠴᠢ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠠᠮ᠎ᠤᠨ ᠠᠵᠢᠯ᠎ᠤᠨ ᠬᠣᠷᠢᠶ᠎ᠠ᠂ ᠲᠢᠶᠸ ᠳ᠋ᠦᠩ᠎ᠤᠨ ᠲᠣᠮᠢᠯᠠᠭᠰᠠᠨ ᠰᠠᠯᠪᠤᠷᠢ᠂ ᠬᠠᠷᠢᠶ᠎ᠠ ᠣᠷᠣᠨ᠎ᠤ ᠰᠠᠭᠤᠭ᠋ᠠᠯᠢ ᠠᠷᠠᠳ᠎ᠤᠨ ᠵᠥᠪᠯᠡᠯ᠂ ᠭᠢᠨᠳᠠᠨ᠎ᠳᠤ ᠰᠠᠭᠤᠭ᠎ᠠ ᠬᠢᠨᠠᠨ ᠪᠠᠢ᠌ᠴᠠᠭ᠋ᠠᠬᠤ ᠲᠠᠰᠤᠭ᠂ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠵᠡᠷᠭᠡ ᠨᠢᠭᠡᠴᠢ ᠵᠢᠨ ᠬᠠᠷᠢᠭᠤᠴᠠᠯᠭ᠋ᠠᠲᠠᠨ᠎ᠢ ᠤᠷᠢᠵᠤ ᠭᠢᠨᠳᠠᠨ᠎ᠤ ᠠᠵᠢᠯ᠎ᠳᠤ ᠰᠠᠨᠠᠯ ᠰᠠᠨᠠᠭᠤᠯᠭ᠎ᠠ ᠳᠤᠷᠠᠳᠤᠭᠤᠯᠬᠤ ᠵᠢᠨ ᠬᠠᠮᠲᠤ ᠨᠠᠷᠢᠨ ᠬᠢᠨᠠᠮᠠᠭ᠋ᠠᠶ ᠡᠮᠬᠢᠯᠡᠵᠦ᠂ ᠨᠠᠷᠢᠨ ᠨᠢᠮᠪᠠᠶ ᠰᠤᠳᠤᠯᠵᠤ᠂ ᠴᠠᠭ ᠲᠤᠬᠠᠶ᠎ᠳᠤᠨᠢ ᠬᠠᠷᠢᠭᠤ ᠲᠤᠰᠬᠠᠪᠠ᠃ ᠭᠠᠳᠠᠨ᠎ᠠ᠎ᠠᠴᠠ ᠢᠷᠡᠭᠰᠡᠨ ᠬᠡᠷᠡᠭ ᠰᠢᠢᠳᠪᠦᠷᠢᠯᠡᠬᠦ ᠠᠵᠢᠯᠲᠠᠨ᠎ᠳᠤ 《ᠡᠩᠨᠡᠭᠡᠨ᠎ᠤ ᠬᠥᠮᠦᠵᠢᠯ ᠴᠡᠭᠴᠡᠯᠡᠯᠲᠡ ᠬᠢᠵᠦ ᠠᠷᠠᠳ᠎ᠤᠨ ᠲᠥᠯᠥᠭᠡ ᠦᠢ᠍ᠯᠡᠴᠢᠯᠡᠬᠦ ᠪᠠᠢ᠌ᠴᠠᠭ᠋ᠠᠯᠲᠠ ᠵᠢᠨ ᠬᠠᠭᠤᠳᠠᠰᠤ》 ᠲᠠᠷᠬᠠᠭ᠋ᠠᠵᠤ᠂ ᠰᠠᠨᠠᠭ᠋ᠠᠴᠢᠯᠠᠭ᠎ᠠ᠎ᠠᠴᠠ᠎ᠪᠠᠨ ᠰᠠᠨᠠᠯ ᠰᠠᠨᠠᠭᠤᠯᠭ᠎ᠠ ᠬᠤᠷᠢᠶᠠᠵᠤ᠂ ᠴᠣᠩᠬᠣᠪᠴᠢ ᠵᠢᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠂ ᠲᠤᠬᠠᠢ᠌ᠯᠠᠭᠰᠠᠨ ᠠᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠪᠡ᠃
ᠨᠠᠷᠢᠨ ᠨᠢᠮᠪᠠᠶ ᠵᠣᠬᠢᠶᠠᠨ ᠪᠠᠢ᠌ᠭᠤᠯᠤᠨ ᠬᠡᠷᠡᠭᠵᠢᠭᠦᠯᠵᠦ ᠠᠵᠢᠯ᠎ᠤᠨ ᠪᠣᠳᠠᠲᠤ ᠦᠷ᠎ᠡ ᠪᠦᠲᠦᠮᠵᠢ ᠤᠯᠬᠤ᠎ᠪᠠᠷ ᠴᠢᠷᠮᠠᠢ᠌ᠪᠠ᠃ ᠤᠯᠠᠭ᠋ᠠᠨᠬᠠᠳᠠ ᠵᠢᠨ ᠭᠢᠨᠳᠠᠨ ᠰᠤᠷᠤᠯᠴᠠᠯᠭ᠎ᠠ ᠬᠥᠮᠦᠵᠢᠯ᠎ᠤᠨ ᠭᠣᠭᠴᠣᠭ᠋ᠠᠨ᠎ᠤ ᠪᠠᠢ᠍ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ 《ᠲᠣᠭᠲᠠᠭᠰᠠᠨ ᠬᠥᠳᠡᠯᠭᠡᠭᠡᠨ》᠎ᠢ ᠨᠠᠢ᠌ᠳᠠᠪᠤᠷᠢᠵᠢᠭᠤᠯᠵᠤ᠂ 《ᠥᠪᠡᠰᠦᠪᠡᠨ ᠰᠣᠩᠭᠣᠬᠤ ᠬᠥᠳᠡᠯᠭᠡᠭᠡᠨ》᠎ᠢ ᠰᠠᠢ᠌ᠲᠤᠷ ᠬᠢᠵᠦ᠂ 《ᠲᠦᠪᠯᠡᠷᠡᠨ ᠰᠤᠷᠤᠯᠴᠠᠬᠤ + ᠦᠪᠡᠰᠦᠪᠡᠨ ᠰᠤᠷᠬᠤ》 ᠬᠡᠯᠪᠡᠷᠢ ᠵᠢᠨ ᠶᠡᠷᠦᠩᠬᠡᠢ᠌ᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠤᠷᠤᠯᠴᠠᠯᠭ᠎ᠠ ᠬᠥᠮᠦᠵᠢᠯ᠎ᠤᠨ ᠴᠢᠭᠯᠡᠭᠦᠯᠦᠯᠲᠡ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ᠎ᠢ ᠦᠨᠡᠨ ᠬᠦ᠌ ᠳᠡᠭᠡᠭᠰᠢᠯᠡᠭᠦᠯᠪᠡ᠃

ᠤᠯᠤᠰ ᠲᠥᠷᠥ ᠵᠢᠨ ᠬᠥᠮᠦᠵᠢᠯ᠎ᠢ ᠨᠠᠷᠢᠯᠢᠭᠵᠢᠭᠤᠯᠪᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠨᠡᠪᠲᠡᠷᠬᠡᠢ ᠣᠢ᠌ᠯᠠᠭ᠋ᠠᠬᠤ᠎ᠪᠠᠷ ᠦᠨᠳᠦᠰᠦᠨ ᠡᠭᠦᠷᠭᠡ ᠪᠣᠯᠭ᠋ᠠᠵᠤ᠂ ᠤᠯᠤᠰ ᠲᠦᠷᠦ ᠵᠢᠨ ᠬᠥᠮᠦᠵᠢᠯ᠎ᠢ ᠭᠦᠨᠵᠡᠭᠡᠢ ᠦᠷᠨᠢᠭᠦᠯᠪᠡ᠃ ᠤᠯᠤᠰ ᠲᠥᠷᠥ ᠵᠢᠨ ᠬᠥᠮᠦᠵᠢᠯ ᠰᠤᠷᠤᠯᠴᠠᠯᠭ᠎ᠠ ᠵᠢᠨ ᠮᠠᠲ᠋ᠧᠷᠢᠶᠠᠯ ᠬᠤᠳᠠᠯᠳᠤᠨ ᠠᠪᠴᠤ᠂ ᠬᠥᠮᠦᠵᠢᠯ ᠴᠡᠭᠴᠡᠯᠡᠯᠲᠡ ᠵᠢᠨ ᠰᠤᠷᠤᠯᠴᠠᠯᠭ᠎ᠠ ᠵᠢᠨ ᠲᠥᠯᠥᠪᠯᠡᠭᠡ ᠲᠣᠭᠲᠠᠭ᠋ᠠᠵᠤ᠂ ᠠᠷᠠᠳ᠎ᠤᠨ ᠴᠠᠭᠳᠠᠭ᠎ᠠ ᠵᠢᠨ ᠡᠩᠨᠡᠭᠡ ᠵᠢᠨ ᠬᠥᠮᠦᠵᠢᠯ ᠴᠡᠭᠴᠡᠯᠡᠯᠲᠡ ᠵᠢᠨ ᠰᠤᠷᠤᠯᠴᠠᠯᠭ᠎ᠠ ᠵᠢᠨ ᠲᠡᠮᠳᠡᠭᠯᠡᠯ᠎ᠢ ᠳᠠᠷᠤᠮᠠᠯᠯᠠᠨ ᠲᠠᠷᠬᠠᠭ᠋ᠠᠵᠤ᠂ ᠪᠥᠬᠥ ᠠᠷᠠᠳ᠎ᠤᠨ ᠴᠠᠭᠳᠠᠭ᠎ᠠ ᠵᠢ ᠵᠣᠬᠢᠶᠠᠨ ᠪᠠᠢ᠌ᠭᠤᠯᠤᠨ 《ᠰᠢ ᠵᠢᠨ ᠫᠢᠩ ᠲᠥᠷᠥ ᠵᠢ ᠵᠠᠰᠠᠵᠤ ᠵᠠᠰᠠᠭ᠎ᠢ ᠡᠷᠭᠢᠯᠡᠬᠦ ᠲᠤᠬᠠᠶ ᠶᠠᠷᠢᠭᠰᠠᠨ᠎ᠨᠢ》 (ᠭᠤᠷᠪᠠᠳᠤᠭ᠋ᠠᠷ ᠪᠣᠲᠢ)᠂ 《ᠰᠢ ᠵᠢᠨ ᠫᠢᠩ ᠪᠥᠬᠥ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠪᠠᠷᠢᠮᠲᠠᠯᠠᠬᠤ ᠲᠤᠬᠠᠶ ᠥᠭᠦᠯᠡᠭᠰᠡᠨ᠎ᠨᠢ》᠂ ᠶᠡᠷᠦᠩᠬᠡᠶ ᠱᠦᠵᠢ ᠰᠢ ᠵᠢᠨ ᠫᠢᠩ᠎ᠤᠨ ᠤᠯᠤᠰ ᠲᠥᠷᠥ ᠬᠠᠤᠯᠢ ᠴᠠᠭ᠋ᠠᠵᠠ ᠵᠢᠨ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠶ ᠴᠢᠬᠤᠯᠠ ᠵᠢᠭ᠋ᠠᠪᠤᠷᠢ ᠪᠠ ᠰᠤᠷᠭ᠋ᠠᠯ ᠦᠭᠡ ᠵᠢᠨ ᠵᠣᠷᠢᠭ ᠰᠠᠨᠠᠭ᠎ᠠ ᠵᠡᠷᠭᠡ ᠠᠭᠤᠯᠭ᠎ᠠ ᠵᠢ ᠨᠠᠷᠢᠨ ᠬᠢᠨᠠᠮᠠᠭ᠋ᠠᠶ ᠰᠤᠷᠤᠯᠴᠠᠭᠰᠠᠨ ᠪᠥᠭᠡᠳ ᠰᠤᠷᠤᠯᠴᠠᠯᠭ᠎ᠠ ᠵᠢᠨ ᠲᠡᠮᠳᠡᠭᠯᠡᠯ ᠪᠢᠴᠢᠵᠦ᠂ ᠰᠤᠷᠤᠯᠴᠠᠯᠭ᠎ᠠ ᠵᠢᠨ ᠦᠷ᠎ᠡ ᠪᠦᠲᠦᠮᠵᠢ᠎ᠪᠠᠨ ᠳᠡᠭᠡᠭᠰᠢᠯᠡᠭᠦᠯᠦᠨ᠂ ᠬᠣᠶᠠᠷ 《ᠬᠠᠭ᠋ᠠᠰ ᠴᠠᠭ》᠎ᠤᠨ ᠰᠤᠷᠤᠯᠴᠠᠯᠭ᠎ᠠ ᠪᠤᠯᠪᠠᠰᠤᠷᠠᠭᠤᠯᠤᠯ᠎ᠤᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠳᠣᠲᠣᠭ᠋ᠠᠳᠤ᠎ᠳᠤ᠎ᠪᠠᠨ ᠬᠡᠪ ᠴᠢᠨᠠᠷ ᠵᠶ᠋ᠠᠨ ᠴᠢᠩᠭ᠋ᠠᠳᠬᠠᠵᠤ᠂ ᠭᠠᠳᠠᠨ᠎ᠠ᠎ᠪᠠᠨ ᠳᠦᠷᠢ ᠲᠥᠷᠬᠦ᠎ᠪᠠᠨ ᠱᠤᠭᠤᠬᠤ ᠳᠡᠭᠡᠷ᠎ᠡ ᠬᠦᠴᠦ ᠲᠠᠯᠪᠢᠪᠠ᠃

《ᠳᠥᠷᠪᠡᠨ ᠰᠤᠷᠤᠯᠴᠠᠯᠭ᠎ᠠ》᠎ᠪᠠᠷ ᠠᠴᠢᠶᠠᠯᠠᠪᠤᠷᠢ ᠪᠣᠯᠭ᠋ᠠᠵᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠠᠭᠤᠯᠭ᠎ᠠ ᠵᠢ ᠪᠠᠶᠠᠯᠢᠭᠵᠢᠭᠤᠯᠪᠠ᠃ ᠨᠠᠮ᠎ᠤᠨ ᠬᠣᠷᠢᠶᠠᠨ᠎ᠤ ᠱᠦᠵᠢ ᠲᠦᠷᠦᠭᠦᠴᠢ ᠭᠠᠯᠠᠭᠤ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ 《ᠵᠠᠭᠤᠨ ᠵᠢᠯ᠎ᠤᠨ ᠨᠠᠮ᠎ᠤᠨ ᠲᠡᠦᠬᠡ ᠵᠢ ᠰᠤᠷᠤᠯᠴᠠᠵᠤ᠂ ᠦᠨᠡᠨᠴᠢ ᠰᠢᠳᠤᠷᠭᠤ ᠴᠠᠭᠳᠠᠭ᠋ᠠᠨ᠎ᠤ ᠰᠦᠭ ᠰᠦᠨᠡᠰᠦ ᠵᠢ ᠴᠣᠭᠴᠠᠯᠠᠶ᠎ᠠ》 ᠭᠡᠬᠦ ᠰᠡᠳᠦᠪ ᠵᠶ᠋ᠡᠷ ᠲᠤᠰᠬᠠᠢ ᠰᠡᠳᠦᠪᠲᠦ ᠨᠠᠮ᠎ᠤᠨ ᠬᠢᠴᠢᠶᠡᠯ ᠣᠷᠣᠵᠤ᠂ ᠦᠵᠡᠯ ᠰᠠᠨᠠᠭ᠋ᠠᠨ᠎ᠤ ᠲᠠᠢ᠍ᠢ᠍ᠴᠢᠯᠠᠯᠳᠠ ᠵᠢ ᠦᠨᠡᠨ ᠬᠦ᠌ ᠴᠢᠩᠭ᠋ᠠᠳᠬᠠᠪᠠ᠃ ᠬᠤᠪᠢᠰᠬᠠᠯ᠎ᠤᠨ ᠰᠠᠭᠤᠷᠢᠨ ᠭᠠᠵᠠᠷ᠎ᠲᠤ ᠭᠦᠨᠵᠡᠭᠡᠢ᠌ᠷᠡᠵᠦ ᠲᠤᠬᠠᠶ ᠵᠢᠨ ᠭᠠᠵᠠᠷ᠎ᠲᠤᠨᠢ ᠰᠤᠷᠤᠯᠴᠠᠪᠠ᠃ ᠡᠯ᠎ᠡ ᠨᠠᠮ᠎ᠤᠨ ᠡᠭᠦᠷ᠎ᠤᠨ ᠨᠠᠮ᠎ᠤᠨ ᠭᠡᠰᠢᠭᠦᠨ ᠠᠷᠠᠳ᠎ᠤᠨ ᠴᠠᠭᠳᠠᠭ᠎ᠠ ᠵᠢᠨ ᠲᠥᠯᠥᠭᠡᠯᠡᠭᠴᠢᠳ᠎ᠢ ᠵᠣᠬᠢᠶᠠᠨ ᠪᠠᠢ᠌ᠭᠤᠯᠵᠤ ᠬᠣᠲᠠ ᠵᠢᠨ ᠨᠠᠮ᠎ᠤᠨ ᠬᠣᠷᠢᠶᠠᠨ᠎ᠤ ᠨᠠᠮ᠎ᠤᠨ ᠰᠤᠷᠭ᠋ᠠᠭᠤᠯᠢ᠎ᠳᠤ 《ᠰᠤᠷᠤᠯᠴᠠᠯᠭ᠎ᠠ ᠬᠥᠮᠦᠵᠢᠯ᠎ᠢ ᠴᠢᠩᠭ᠋ᠠᠳᠬᠠᠵᠤ ᠴᠠᠭᠳᠠᠭ᠎ᠠ ᠵᠢᠨ ᠰᠦᠭ ᠰᠦᠨᠡᠰᠦ ᠵᠢ ᠪᠠᠲᠤ ᠴᠣᠭᠴᠠᠯᠠᠬᠤ》 ᠬᠥᠮᠦᠵᠢᠯ ᠪᠣᠯᠪᠠᠰᠤᠷᠠᠭᠤᠯᠤᠯ᠎ᠤᠨ ᠠᠵᠢᠯᠯᠠᠭ᠎ᠠ ᠥᠷᠨᠢᠭᠦᠯᠵᠦ᠂ ᠨᠠᠮ᠎ᠤᠨ ᠲᠡᠦᠬᠡ ᠵᠢ ᠰᠤᠷᠤᠯᠴᠠᠵᠤ᠂ ᠰᠡᠷᠡᠮᠵᠢᠯᠡᠭᠦᠯᠬᠦ ᠬᠥᠮᠦᠵᠢᠯ᠎ᠢ ᠬᠦᠯᠢᠶᠡᠪᠡ᠃ ᠰᠤᠷᠤᠯᠴᠠᠬᠤ ᠬᠡᠯᠪᠡᠷᠢ ᠵᠢ ᠪᠠᠶᠠᠯᠢᠭᠵᠢᠭᠤᠯᠤᠨ ᠰᠠᠨᠠᠯ ᠵᠶ᠋ᠠᠨ ᠰᠤᠯᠢᠯᠴᠠᠵᠤ ᠰᠤᠷᠤᠯᠴᠠᠪᠠ᠃ ᠠᠷᠠᠳ᠎ᠤᠨ ᠴᠠᠭᠳᠠᠭ᠎ᠠ ᠵᠢᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠰᠤᠷᠤᠯᠴᠠᠨ ᠰᠠᠨᠠᠯ ᠵᠶ᠋ᠠᠨ ᠰᠤᠯᠢᠯᠴᠠᠵᠤ ᠶᠠᠷᠢᠯᠴᠠᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠰᠤᠷᠤᠯᠴᠠᠯᠭ᠎ᠠ ᠪᠤᠯᠪᠠᠰᠤᠷᠠᠭᠤᠯᠤᠯ᠎ᠤᠨ ᠦᠷ᠎ᠡ ᠪᠦᠲᠦᠭᠡᠯ᠎ᠢ ᠪᠡᠬᠢᠵᠢᠭᠦᠯᠪᠡ᠃ ᠰᠤᠷᠤᠯᠴᠠᠯᠭ᠎ᠠ ᠪᠠ ᠰᠢᠯᠭ᠋ᠠᠯᠲᠠ ᠵᠢ ᠵᠤᠬᠢᠶᠠᠨ ᠪᠠᠢ᠌ᠭᠤᠯᠵᠤ ᠰᠢᠯᠭ᠋ᠠᠨ ᠪᠠᠢ᠌ᠴᠠᠭ᠋ᠠᠵᠤ ᠰᠤᠷᠤᠯᠴᠠᠪᠠ᠃ ᠤᠯᠤᠰ ᠲᠥᠷᠥ ᠬᠠᠤᠯᠢ ᠴᠠᠭ᠋ᠠᠵᠠ ᠵᠢᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠰᠤᠷᠤᠯᠴᠠᠯᠭ᠎ᠠ ᠰᠣᠷᠢᠯᠲᠠ ᠵᠢ ᠥᠷᠨᠢᠭᠦᠯᠵᠦ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ ᠪᠠ ᠠᠷᠠᠳ᠎ᠤᠨ ᠴᠠᠭᠳᠠᠭ᠎ᠠ ᠵᠢᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠪᠣᠳᠠᠲᠠᠶ ᠦᠷ᠎ᠡ ᠪᠦᠲᠦᠮᠵᠢ ᠵᠢ ᠶᠡᠷᠦᠩᠬᠡᠢ᠌ᠯᠡᠨ ᠰᠢᠯᠭ᠋ᠠᠨ ᠪᠠᠢ᠌ᠴᠠᠭ᠋ᠠᠪᠠ᠃

ᠰᠡᠷᠡᠮᠵᠢᠯᠡᠭᠦᠯᠬᠦ ᠬᠥᠮᠦᠵᠢᠯ᠎ᠢ ᠴᠢᠩᠭ᠋ᠠᠳᠬᠠᠪᠠ᠃ ᠪᠥᠬᠥ ᠠᠷᠠᠳ᠎ᠤᠨ ᠴᠠᠭᠳᠠᠭ᠎ᠠ ᠵᠢ ᠵᠣᠬᠢᠶᠠᠨ ᠪᠠᠢ᠌ᠭᠤᠯᠵᠤ ᠨᠠᠮ᠎ᠤᠨ ᠲᠦᠷᠢᠮ᠂ 《ᠰᠢᠨ᠎ᠡ ᠪᠠᠢ᠌ᠳᠠᠯ ᠳᠣᠤᠷᠠᠬᠢ ᠨᠠᠮ᠎ᠤᠨ ᠳᠣᠲᠣᠭ᠋ᠠᠳᠤ ᠵᠢᠨ ᠤᠯᠤᠰ ᠲᠥᠷᠥ ᠵᠢᠨ ᠠᠮᠢᠳᠤᠷᠠᠯ᠎ᠤᠨ ᠲᠤᠬᠠᠶ ᠪᠠᠷᠢᠮᠵᠢᠶ᠎ᠠ᠎ᠨᠤᠭᠤᠳ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠪᠠᠷᠢᠮᠵᠢᠶ᠎ᠠ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠲᠦᠷᠢᠮ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠯᠤᠰ ᠲᠥᠷᠥ ᠬᠠᠤᠯᠢ ᠴᠠᠭ᠋ᠠᠵᠠ ᠵᠢᠨ ᠠᠵᠢᠯ᠎ᠤᠨ ᠲᠦᠷᠢᠮ》᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠲᠤᠰᠢᠶᠠᠯᠲᠠᠨ᠎ᠳᠤ ᠵᠠᠰᠠᠭ᠎ᠤᠨ ᠶᠠᠪᠤᠳᠠᠯ᠎ᠤᠨ ᠰᠢᠢ᠍ᠳᠬᠡᠯ ᠥᠭᠬᠦ ᠬᠠᠤᠯᠢ》 ᠵᠢᠴᠢ ᠬᠠᠤᠯᠢ ᠪᠠᠷᠢᠬᠤ᠎ᠳᠤ ᠭᠠᠷ ᠲᠦᠷᠦᠭᠦ ᠵᠢ ᠰᠡᠷᠭᠡᠢ᠌ᠯᠡᠬᠦ 《ᠭᠤᠷᠪᠠᠨ ᠲᠣᠭᠲᠠᠭ᠋ᠠᠯ》 ᠵᠡᠷᠭᠡ ᠠᠭᠤᠯᠭ᠎ᠠ ᠵᠢ ᠨᠠᠷᠢᠨ ᠬᠢᠨᠠᠮᠠᠭ᠋ᠠᠶ ᠰᠤᠷᠤᠯᠴᠠᠭᠤᠯᠪᠠ᠃

ᠪᠠᠭ᠋ᠠᠲᠤᠷ ᠵᠢᠱ᠌ᠢᠶᠡᠴᠢ ᠵᠢᠨ ᠬᠦᠮᠦᠵᠢᠯ᠎ᠢ ᠪᠠᠳᠠᠷᠠᠭᠤᠯᠤᠨ᠎ᠠ᠃ ᠨᠠᠮ᠎ᠳᠤ ᠣᠷᠣᠬᠤ ᠢᠳᠡᠪᠬᠢᠲᠡᠨ᠎ᠢ ᠵᠣᠬᠢᠶᠠᠨ ᠪᠠᠢ᠌ᠭᠤᠯᠵᠤ ᠤᠯᠠᠭ᠋ᠠᠨᠬᠠᠳᠠ ᠵᠢᠨ ᠦᠷᠡᠭᠳᠡᠭᠰᠡᠨ ᠪᠠᠭ᠋ᠠᠲᠤᠷᠴᠤᠳ᠎ᠤᠨ ᠪᠤᠩᠬᠤᠨ᠎ᠳᠤ ᠬᠦᠷᠴᠦ 《ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ᠎ᠢ ᠳᠤᠷᠠᠰᠤᠨ ᠰᠠᠨᠠᠭ᠋ᠠᠯᠵᠠᠵᠤ᠂ ᠪᠠᠭ᠋ᠠᠲᠤᠷ ᠵᠢᠱ᠌ᠢᠶᠡᠴᠢ ᠵᠢᠨ ᠵᠣᠷᠢᠭ ᠰᠠᠨᠠᠭ᠎ᠠ ᠵᠢ ᠪᠠᠳᠠᠷᠠᠭᠤᠯᠬᠤ》 ᠭᠣᠣᠯ ᠰᠡᠳᠦᠪᠲᠦ ᠬᠥᠮᠦᠵᠢᠯ᠎ᠢ ᠥᠷᠨᠢᠭᠦᠯᠵᠦ᠂ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ᠎ᠤᠨ ᠪᠠᠭ᠋ᠠᠲᠤᠷᠯᠢᠭ ᠦᠢ᠍ᠯᠡ ᠠᠵᠢᠯᠯᠠᠭ᠎ᠠ ᠵᠢ ᠣᠢ᠌ᠯᠠᠭ᠋ᠠᠵᠤ᠂ ᠴᠠᠭᠳᠠᠭ᠎ᠠ᠎ᠳᠤ ᠣᠷᠣᠬᠤ ᠲᠠᠩᠭ᠋ᠠᠷᠢᠭ᠎ᠤᠨ ᠦᠭᠡᠰ᠎ᠢ ᠳᠠᠬᠢᠨ ᠡᠷᠭᠢᠴᠡᠭᠦᠯᠪᠡ᠃