ᠬᠥᠯᠥᠨ ᠪᠣᠢ᠌ᠷ ᠬᠣᠲᠠ ᠵᠢᠨ ᠬᠠᠢ᠌ᠯᠠᠷ ᠲᠣᠭᠣᠷᠢᠭ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠠᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠤᠯᠠᠮ ᠨᠢᠭᠡ ᠠᠯᠬᠤᠮ ᠠᠬᠢᠭᠤᠯᠵᠤ᠂ ᠪᠥᠬᠥ ᠺᠠᠳ᠋ᠷ ᠴᠠᠭᠳᠠᠭ᠎ᠠ ᠵᠢ ᠪᠢᠰᠢᠷᠡᠨ ᠵᠢᠷᠦᠬᠡᠰᠢᠶᠡᠬᠦ ᠵᠢ ᠮᠡᠳᠡᠬᠦ᠂ ᠠᠶᠤᠵᠤ ᠡᠮᠢᠶᠡᠬᠦ ᠰᠡᠳᠬᠢᠯ᠎ᠲᠠᠢ ᠪᠠᠢ᠌ᠬᠤ᠂ ᠬᠣᠷᠢᠭ᠎ᠠ ᠱᠤᠭᠤᠮ᠎ᠢ ᠰᠠᠬᠢᠬᠤ ᠵᠢ ᠬᠦᠮᠦᠵᠢᠭᠦᠯᠦᠨ ᠬᠦᠲᠦᠯᠦᠨ ᠵᠢᠯᠤᠭᠤᠳᠬᠤ ᠵᠢᠨ ᠲᠦᠯᠦᠭᠡ᠂ ᠬᠠᠢ᠌ᠯᠠᠷ ᠲᠣᠭᠣᠷᠢᠭ᠎ᠤᠨ ᠬᠠᠤᠯᠢ ᠴᠠᠭ᠋ᠠᠵᠠ ᠵᠢᠨ ᠲᠣᠪᠴᠢᠶ᠎ᠠ ᠪᠥᠬᠥ ᠺᠠᠳ᠋ᠷ ᠴᠠᠭᠳᠠᠭ᠎ᠠ ᠵᠢ ᠵᠣᠬᠢᠶᠠᠨ ᠪᠠᠢ᠌ᠭᠤᠯᠵᠤ ᠬᠥᠯᠥᠨ ᠪᠣᠢ᠌ᠷ ᠬᠣᠲᠠ ᠵᠢᠨ ᠰᠡᠷᠡᠮᠵᠢᠯᠡᠭᠦᠯᠬᠦ ᠬᠥᠮᠦᠵᠢᠯ᠎ᠤᠨ ᠰᠠᠭᠤᠷᠢᠨ ᠭᠠᠵᠠᠷ ᠵᠶ᠋ᠠᠷ ᠲᠣᠭᠣᠷᠢᠨ ᠦᠵᠡᠭᠦᠯᠪᠡ᠃

ᠰᠡᠷᠡᠮᠵᠢᠯᠡᠭᠦᠯᠬᠦ ᠬᠥᠮᠦᠵᠢᠯ᠎ᠤᠨ ᠰᠠᠭᠤᠷᠢᠨ ᠭᠠᠵᠠᠷ᠎ᠤᠨ 《ᠰᠡᠷᠡᠮᠵᠢᠯᠡᠭᠦᠯᠦᠯ》᠎ᠤᠨ ᠦᠵᠡᠭᠦᠯᠭᠡ ᠵᠢᠨ ᠲᠣᠭᠣᠷᠢᠭ ᠶᠡᠬᠡ ᠬᠡᠮᠵᠢᠶᠡᠨ᠎ᠤ ᠪᠣᠳᠠᠲᠤ ᠪᠣᠳᠠᠰ᠂ ᠭᠡᠷᠡᠯ ᠵᠢᠷᠤᠭ ᠪᠣᠯᠤᠨ ᠦᠰᠦᠭ ᠪᠢᠴᠢᠭ ᠵᠡᠷᠭᠡ ᠮᠠᠲᠸᠷᠢᠶᠠᠯ ᠵᠶ᠋ᠠᠷ ᠬᠥᠯᠥᠨ ᠪᠤᠢ᠍ᠢ᠍ᠷ ᠬᠤᠳᠠ ᠵᠢᠨ ᠬᠡᠪᠴᠢᠶᠡᠨ᠎ᠳᠤ ᠡᠭᠦᠰᠦᠭᠰᠡᠨ ᠨᠠᠮ᠎ᠤᠨ ᠭᠡᠰᠢᠭᠦᠨ ᠺᠠᠳ᠋ᠷ᠎ᠤᠨ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠨᠡᠢ᠌ᠲᠡᠯᠢᠭ ᠬᠡᠷᠡᠭ᠎ᠤᠨ ᠵᠢᠱ᠌ᠢᠢ᠎ᠡ ᠵᠢ ᠳᠡᠯᠭᠡᠨ ᠦᠵᠡᠭᠦᠯᠪᠡ᠃

《ᠭᠡᠮᠰᠢᠯ᠎ᠤᠨ ᠲᠡᠮᠳᠡᠭᠯᠡᠯ》᠎ᠨᠢ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠬᠥᠮᠦᠰ᠎ᠤᠨ ᠭᠢᠨᠳᠠᠨ᠎ᠳᠤ ᠣᠷᠣᠭᠰᠠᠨ᠎ᠤ ᠳᠠᠷᠠᠭ᠋ᠠᠬᠢ ᠭᠦᠨ ᠭᠦᠨᠵᠡᠭᠡᠶ ᠡᠷᠭᠢᠴᠡᠭᠦᠯᠦᠯ ᠪᠠ ᠭᠡᠮᠰᠢᠯᠢ ᠢᠯᠡᠷᠡᠭᠦᠯᠵᠦ᠂ ᠳᠡᠷᠭᠡᠳᠡᠬᠢ 《ᠠᠮᠢᠳᠤ ᠵᠢᠭ᠋ᠠᠬᠤ ᠮᠠᠲ᠋ᠧᠷᠢᠶᠠᠯ》 ᠵᠶ᠋ᠠᠷ ᠰᠤᠷᠲᠠᠯ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠬᠤ ᠰᠡᠷᠡᠮᠵᠢ ᠵᠢᠨ ᠳᠣᠬᠢᠶ᠎ᠠ ᠵᠢ ᠳᠤᠤᠭ᠋ᠠᠷᠭ᠋ᠠᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠺᠠᠳ᠋ᠷ ᠴᠠᠭᠳᠠᠭ᠎ᠠ ᠨᠠᠷ᠎ᠢ ᠬᠥᠲᠥᠯᠥᠨ ᠵᠢᠯᠣᠭᠣᠳᠴᠤ ᠪᠠᠢ᠌ᠭ᠋ᠠᠳ ᠵᠠᠭ᠋ᠠᠭ ᠬᠢᠵᠠᠭ᠋ᠠᠷ ᠬᠣᠷᠢᠭ᠎ᠠ ᠱᠤᠭᠤᠮ ᠪᠠ ᠤᠯᠠᠭ᠋ᠠᠨ ᠱᠤᠭᠤᠮ᠎ᠢ ᠲᠣᠳᠣᠷᠬᠠᠶ ᠢᠯᠭ᠋ᠠᠵᠤ᠂ ᠪᠥᠬᠥ ᠺᠠᠳ᠋ᠷ ᠴᠠᠭᠳᠠᠭ᠎ᠠ ᠨᠠᠷ᠎ᠢ ᠴᠢᠩᠭ᠎ᠠ ᠳᠣᠩᠰᠣᠯᠭ᠋ᠠᠵᠤ ᠭᠦᠨᠵᠡᠭᠡᠶ ᠬᠦᠨᠳᠡᠪᠡ᠃

ᠡᠴᠦᠰ᠎ᠲᠤ᠂ ᠬᠠᠢ᠌ᠯᠠᠷ ᠲᠣᠭᠣᠷᠢᠭ᠎ᠤᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠪᠥᠬᠥ ᠺᠠᠳ᠋ᠷ ᠴᠠᠭᠳᠠᠭ᠎ᠠ ᠨᠠᠮ᠎ᠳᠤ ᠣᠷᠣᠬᠤ ᠲᠠᠩᠭ᠋ᠠᠷᠢᠭ ᠵᠶ᠋ᠠᠨ ᠳᠠᠬᠢᠨ ᠡᠷᠭᠢᠴᠡᠭᠦᠯᠦᠨ ᠤᠩᠰᠢᠪᠠ᠃
ᠡᠨᠡ ᠤᠳᠠᠭ᠎ᠠ ᠲᠣᠭᠣᠷᠢᠨ ᠦᠵᠡᠬᠦ ᠠᠵᠢᠯᠯᠠᠭ᠎ᠠ᠎ᠨᠢ ᠪᠦᠬᠦ ᠺᠠᠳ᠋ᠷ ᠴᠠᠭᠳᠠᠭ᠎ᠠ᠎ᠳᠤ ᠴᠠᠭ ᠢᠮᠠᠭᠲᠠ ᠲᠠᠷᠢᠬᠢ ᠲᠣᠯᠣᠭ᠋ᠠᠢ᠎ᠪᠠᠨ ᠰᠡᠷᠭᠡᠭ ᠪᠠᠢ᠌ᠯᠭ᠋ᠠᠵᠤ᠂ ᠰᠡᠷᠡᠮᠵᠢ ᠵᠢᠨ ᠬᠤᠩᠬᠤ ᠵᠢ ᠪᠠᠢ᠌ᠩᠭᠤ ᠳᠤᠤᠭ᠋ᠠᠷᠭ᠋ᠠᠵᠤ᠂ ᠪᠣᠳᠠᠰ᠎ᠤᠨ ᠠᠰᠢᠭ ᠲᠤᠰᠠ ᠵᠢᠨ ᠥᠳᠥᠭᠡᠯᠭᠡ ᠳᠣᠣᠷ᠎ᠠ ᠢᠲᠡᠭᠡᠯ ᠪᠢᠰᠢᠷᠡᠯ ᠵᠶ᠋ᠡᠨ ᠲᠠᠶᠠᠭᠳᠠᠵᠤ ᠪᠣᠯᠬᠤ ᠦᠭᠡᠢ; ᠭᠠᠷ᠎ᠲᠠᠬᠢ ᠡᠷᠬᠡ᠎ᠪᠠᠨ ᠵᠥᠪ ᠵᠶ᠋ᠡᠷ ᠬᠡᠷᠡᠭᠵᠢᠭᠦᠯᠵᠦ᠂ ᠡᠯ᠎ᠡ ᠵᠦᠢ᠍ᠯ᠎ᠤᠨ ᠢᠯᠵᠠᠷᠠᠮᠠᠯ ᠦᠵᠡᠯ ᠰᠠᠨᠠᠭ᠋ᠠᠨ᠎ᠤ ᠢᠳᠡᠭᠳᠡᠯ᠎ᠢ ᠤᠬᠠᠮᠰᠠᠷ᠎ᠠᠴᠠ᠎ᠪᠠᠨ ᠡᠰᠡᠷᠭᠦᠴᠡᠨ ᠬᠣᠷᠢᠭᠯᠠᠵᠤ᠂ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠤᠬᠠᠮᠰᠠᠷ᠎ᠢ ᠲᠡᠰᠦᠷᠡᠯᠳᠠ ᠤᠢ᠍ᠭᠡᠢ ᠳᠡᠭᠡᠭᠰᠢᠯᠡᠭᠦᠯᠦᠨ᠂ ᠴᠢᠬᠡᠴᠢ᠎ᠪᠠᠷ ᠠᠵᠢᠯ ᠡᠷᠬᠢᠯᠡᠬᠦ ᠵᠢ ᠥᠪᠡᠷ᠎ᠤᠨ ᠤᠢ᠍ᠢ᠍ᠯᠠ ᠠᠵᠢᠯᠯᠠᠭ᠋ᠠᠨ᠎ᠤ᠎ᠪᠠᠨ ᠪᠠᠷᠢᠮᠵᠢᠢ᠎ᠠ ᠪᠣᠯᠭ᠋ᠠᠵᠤ᠂ ᠴᠢᠬᠡᠴᠢ᠎ᠪᠠᠷ ᠪᠡᠶ᠎ᠡ᠎ᠪᠠᠨ ᠪᠠᠷᠢᠬᠤ ᠰᠡᠷᠭᠡᠢ᠌ᠯᠡᠯᠲᠡ ᠵᠢᠨ ᠱᠤᠭᠤᠮ᠎ᠢ ᠪᠠᠲᠤ ᠪᠡᠬᠢ ᠪᠤᠢ ᠪᠣᠯᠭ᠋ᠠᠵᠤ᠂ ᠴᠢᠬᠡᠴᠢ᠎ᠪᠠᠷ ᠬᠠᠤᠯᠢ ᠪᠠᠷᠢᠬᠤ ᠪᠣᠳᠠᠲᠤ ᠠᠵᠢᠯᠯᠠᠭ᠎ᠠ᠎ᠪᠠᠷ ᠵᠶ᠋ᠠᠨ ᠨᠡᠢ᠌ᠭᠡᠮ᠎ᠤᠨ ᠲᠥᠪ ᠭᠣᠣᠯᠴᠢ ᠰᠢᠳᠤᠷᠭᠤ ᠶᠣᠰᠣ ᠵᠢ ᠬᠠᠮᠠᠭ᠋ᠠᠯᠠᠬᠤ ᠬᠡᠷᠡᠭᠲᠡᠢ ᠭᠡᠰᠡᠨ᠎ᠢ ᠳᠠᠬᠢᠨᠲᠠ ᠰᠡᠷᠡᠮᠵᠢᠯᠡᠭᠦᠯᠪᠡ᠃