ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ᠎ᠤᠨ ᠨᠠᠷᠢᠨ ᠪᠢᠴᠢᠭ᠎ᠤᠨ ᠭᠠᠵᠠᠷ᠎ᠤᠨ ᠨᠠᠮ᠎ᠤᠨ ᠡᠭᠦᠷ ᠲᠤᠰᠬᠠᠶ ᠰᠡᠳᠦᠪᠲᠦ ᠰᠤᠷᠤᠯᠴᠠᠯᠭ᠎ᠠ ᠵᠢᠨ ᠬᠤᠷᠠᠯ ᠥᠷᠨᠢᠭᠦᠯᠪᠡ
ᠨᠡᠶ᠋ᠢᠲᠡᠯᠡᠭᠰᠡᠨ ᠴᠠᠭ᠄ 2021-06-16

     5 ᠳ᠋ᠤᠭ᠋ᠠᠷ ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠬᠡᠷ᠎ᠤᠨ ᠨᠠᠷᠢᠨ ᠪᠢᠴᠢᠭ᠎ᠤᠨ ᠭᠠᠵᠠᠷ᠎ᠤᠨ ᠨᠠᠮ᠎ᠤᠨ ᠡᠭᠦᠷ ᠲᠤᠰᠬᠠᠶ ᠰᠡᠳᠦᠪᠲᠦ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠵᠤ᠂ ᠡᠭᠦᠷ᠎ᠤᠨ ᠪᠥᠬᠥ ᠨᠠᠮ᠎ᠤᠨ ᠭᠡᠰᠢᠭᠦᠨ᠂ ᠣᠯᠠᠨ ᠲᠦᠮᠡᠨ ᠬᠤᠷᠠᠯ᠎ᠳᠤ ᠣᠷᠣᠯᠴᠠᠵᠤ᠂ ᠠᠵᠢᠯ᠎ᠤᠨ ᠲᠤᠰᠬᠠᠶ ᠠᠩᠭᠢ ᠵᠢᠨ ᠠᠢ᠌ᠮᠠᠭ ᠬᠣᠲᠠ ᠵᠢᠨ ᠰᠢᠯᠵᠢᠭᠦᠯᠦᠨ ᠪᠣᠯᠪᠠᠰᠤᠷᠠᠭᠤᠯᠬᠤ ᠬᠥᠮᠦᠰ ᠬᠤᠷᠠᠯ᠎ᠳᠤ ᠰᠤᠯᠠ ᠣᠷᠣᠯᠴᠠᠪᠠ᠃


      ᠬᠤᠷᠠᠯ᠎ᠠᠴᠠ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠳᠠᠢ᠌ᠴᠢᠯᠠᠯᠲᠠ ᠵᠢᠨ ᠶᠡᠬᠡ ᠬᠤᠷᠠᠯ ᠳᠡᠭᠡᠷᠡᠬᠢ ᠶᠠᠷᠢᠶ᠎ᠠ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠪᠴᠢ ᠲᠡᠦᠬᠡ》 ᠵᠢᠨ ᠬᠠᠤᠯᠢᠵᠢᠯ᠎ᠤᠨ ᠪᠠᠢ᠌ᠭᠤᠯᠤᠯᠲᠠ ᠵᠢᠨ ᠲᠤᠬᠠᠶ ᠬᠠᠮᠢᠶ᠎ᠠ ᠪᠥᠬᠥᠶ ᠵᠣᠬᠢᠶᠠᠯ᠎ᠢ ᠳᠠᠬᠢᠨᠲᠠ ᠭᠣᠤᠯᠳᠠᠯᠭ᠎ᠠ᠎ᠲᠠᠢ ᠰᠤᠷᠤᠯᠴᠠᠪᠠ᠃ ᠵᠧᠦ ᠴᠦᠨ ᠮᠧᠢ ᠨᠥᠬᠥᠷ᠎ᠤᠨ ᠲᠡᠷᠢᠭᠦᠨ᠎ᠤ ᠦᠢ᠍ᠯᠡ ᠠᠵᠢᠯᠯᠠᠭ᠎ᠠ ᠵᠢ ᠰᠤᠷᠤᠯᠴᠠᠨ ᠤᠬᠠᠭᠤᠯᠬᠤ ᠲᠤᠬᠠᠢ ᠲᠥᠪ᠎ᠤᠨ ᠤᠯᠤᠰ ᠲᠦᠷᠦ ᠬᠠᠤᠯᠢ ᠴᠠᠭ᠋ᠠᠵᠠ ᠵᠢᠨ ᠬᠣᠷᠢᠶᠠᠨ᠎ᠤ ᠮᠡᠳᠡᠭᠳᠡᠯ᠂ ᠱ᠌ᠢ᠎ᠲᠠᠢ ᠹᠸᠩ ᠱᠦᠵᠢ ᠵᠢᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠬᠠᠤᠯᠢ ᠴᠠᠭ᠋ᠠᠵᠠ ᠵᠢᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠪᠠᠢ᠌ᠷᠢᠯᠠᠭᠤᠯᠤᠯᠲᠠ ᠵᠢᠨ ᠬᠤᠷᠠᠯ ᠳᠡᠭᠡᠷᠡᠬᠢ ᠶᠠᠷᠢᠶ᠎ᠠ ᠵᠢ ᠤᠯᠠᠮᠵᠢᠯᠠᠪᠠ᠃ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶᠠᠨ᠎ᠤ ᠱᠦᠵᠢ ᠪᠠᠶ ᠶᠦᠩ ᠫᠢᠩ᠎ᠤᠨ 5 ᠰᠠᠷ᠎ᠠ ᠵᠢᠨ 6᠎ᠤ ᠡᠳᠦᠷ ᠲᠢᠩᠬᠢᠮ᠎ᠤᠨ ᠨᠠᠮ᠎ᠤᠨ ᠬᠣᠷᠢᠶᠠᠨ᠎ᠤ ᠬᠤᠷᠠᠯ ᠳᠡᠭᠡᠷᠡᠬᠢ ᠶᠠᠷᠢᠶ᠎ᠠ ᠵᠢ ᠰᠤᠷᠤᠯᠴᠠᠨ ᠤᠯᠠᠮᠵᠢᠯᠠᠪᠠ᠃ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠲᠤᠬᠠᠢ》 ᠭᠡᠬᠦ ᠨᠣᠮ᠎ᠳᠠᠬᠢ 《ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠪᠣᠯ ᠳᠤᠮᠳᠠᠳᠤ ᠵᠢᠨ ᠦᠨᠳᠦᠰᠦᠲᠡᠨ᠎ᠤ ᠤᠢ᠍ᠢ᠍ᠷ᠎ᠠ ᠦᠶ᠎ᠡ᠎ᠠᠴᠠ ᠨᠠᠭ᠋ᠠᠰᠢᠬᠢ ᠬᠠᠮᠤᠭ᠎ᠤᠨ ᠠᠭᠤᠤ ᠶᠡᠬᠡ ᠬᠦᠰᠡᠯ ᠵᠡᠭᠦᠳᠦ ᠮᠥᠨ》 ᠪᠠ 《ᠥᠭᠡᠷᠡᠴᠢᠯᠡᠯᠲᠡ ᠨᠡᠭᠡᠭᠡᠯᠳᠠ ᠬᠢᠬᠦ᠎ᠠᠴᠠ ᠡᠮᠦᠨᠡᠬᠢ ᠪᠠ ᠥᠭᠡᠷᠡᠴᠢᠯᠡᠯᠲᠡ ᠨᠡᠭᠡᠭᠡᠯᠳᠠ ᠬᠢᠭᠰᠡᠨ᠎ᠤ ᠳᠠᠷᠠᠭ᠋ᠠᠬᠢ ᠬᠣᠶᠠᠷ ᠲᠡᠦᠬᠡᠨ ᠴᠠᠭ ᠦᠶ᠎ᠡ ᠵᠢ ᠵᠥᠪ ᠲᠠᠨᠢᠬᠤ ᠬᠡᠷᠡᠭᠲᠡᠢ》 ᠭᠡᠬᠦ ᠬᠣᠶᠠᠷ ᠵᠣᠬᠢᠶᠠᠯ᠎ᠢ ᠲᠥᠪᠯᠡᠷᠡᠭᠦᠯᠦᠨ ᠰᠤᠷᠤᠯᠴᠠᠪᠠ᠃
      ᠬᠤᠷᠠᠯ᠎ᠠᠴᠠ᠂ ᠨᠠᠷᠢᠨ ᠪᠢᠴᠢᠭ᠎ᠤᠨ ᠭᠠᠵᠠᠷ᠎ᠤᠨ ᠪᠦᠬᠦ ᠨᠠᠮ᠎ᠤᠨ ᠭᠡᠰᠢᠭᠦᠨ ᠲᠢᠩᠬᠢᠮ᠎ᠤᠨ ᠨᠠᠮ᠎ᠤᠨ ᠬᠣᠷᠢᠶᠠᠨ᠎ᠤ ᠨᠢᠭᠡᠳᠦᠯᠲᠡᠢ ᠲᠤᠬᠢᠷᠠᠭᠤᠯᠤᠯᠳᠠ ᠪᠣᠯᠤᠨ ᠪᠠᠢ᠌ᠷᠢᠯᠠᠭᠤᠯᠤᠯᠲᠠ ᠶᠣᠰᠣᠭ᠋ᠠᠷ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ ᠪᠣᠯᠤᠨ ᠤᠯᠤᠰ ᠲᠦᠷᠦ ᠬᠠᠤᠯᠢ ᠴᠠᠭ᠋ᠠᠵᠠ ᠵᠢᠨ ᠡᠩᠨᠡᠭᠡᠨ᠎ᠤ ᠬᠥᠮᠦᠵᠢᠯ ᠴᠡᠭᠴᠡᠯᠡᠯᠲᠡ᠎ᠪᠠᠷ ᠠᠵᠠ ᠲᠣᠬᠢᠶᠠᠯ ᠪᠣᠯᠭ᠋ᠠᠵᠤ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠣᠢ᠌ᠯᠠᠭ᠋ᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠤᠯᠢ᠎ᠪᠠᠷ ᠣᠷᠣᠨ ᠵᠶ᠋ᠠᠨ ᠵᠠᠰᠠᠬᠤ ᠠᠵᠢᠯ᠎ᠢ ᠰᠠᠢ᠌ᠲᠤᠷ ᠬᠢᠬᠦ ᠡᠭᠦᠷᠭᠡᠲᠦ ᠪᠤᠳᠤᠯ ᠪᠣᠯᠤᠨ ᠬᠠᠷᠢᠭᠤᠴᠠᠯᠭ᠋ᠠᠲᠤ ᠰᠡᠳᠬᠢᠯᠭᠡ᠎ᠪᠠᠨ ᠤᠯᠠᠮ ᠴᠢᠨᠠᠭᠰᠢᠳᠠ ᠴᠢᠩᠭ᠋ᠠᠳᠬᠠᠵᠤ᠂ ᠡᠯ᠎ᠡ ᠵᠦᠢ᠍ᠯ᠎ᠤᠨ ᠠᠵᠢᠯ᠎ᠢ ᠲᠡᠷᠡ ᠶᠣᠰᠣᠭ᠋ᠠᠷ᠎ᠨᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠪᠦᠬᠦᠯᠢ ᠴᠣᠭᠴᠠ᠎ᠪᠠᠷ ᠠᠬᠢᠭᠤᠯᠬᠤ᠂ ᠰᠢᠮᠳᠠᠭᠤᠯᠤᠨ ᠨᠠᠢ᠌ᠳᠠᠪᠤᠷᠢᠵᠢᠭᠤᠯᠬᠤ ᠡᠭᠦᠷᠭᠡ ᠴᠢᠳᠠᠪᠬᠢ᠎ᠪᠠᠨ ᠨᠡᠩ ᠰᠠᠢ᠌ᠲᠤᠷ ᠪᠠᠳᠠᠷᠠᠭᠤᠯᠬᠤ ᠬᠡᠷᠡᠭᠲᠡᠢ᠃ ᠪᠦᠬᠦ ᠨᠠᠮ᠎ᠤᠨ ᠭᠡᠰᠢᠭᠦᠨ ᠺᠠᠳ᠋ᠷ ᠵᠢᠱ᠌ᠢᠶᠡᠴᠢ ᠳᠠᠭ᠋ᠠᠭᠤᠯᠬᠤ ᠦᠢ᠍ᠯᠡᠳᠦᠯ ᠵᠶ᠋ᠡᠨ ᠪᠠᠳᠠᠷᠠᠭᠤᠯᠵᠤ᠂ ᠠᠵᠢᠯ᠎ᠤᠨ ᠰᠤᠷᠲᠠᠯ ᠵᠶ᠋ᠠᠨ ᠲᠠᠰᠤᠷᠠᠯᠲᠠ ᠦᠭᠡᠢ ᠰᠠᠢ᠌ᠵᠢᠷᠠᠭᠤᠯᠵᠤ᠂ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠪᠠᠨ ᠳᠡᠭᠡᠭᠰᠢᠯᠡᠭᠦᠯᠵᠦ᠂ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠠᠵᠢᠯ᠎ᠢ ᠲᠠᠬᠢᠨ ᠰᠢᠨ᠎ᠡ ᠳᠡᠭᠲᠡᠷ᠎ᠲᠤ ᠭᠠᠷᠭ᠋ᠠᠬᠤ᠎ᠳᠤ ᠦᠢ᠍ᠯᠡᠴᠢᠯᠡᠨ ᠠᠬᠢᠭᠤᠯᠵᠤ᠂ ᠰᠢᠯᠢᠳᠡᠭ ᠠᠮᠵᠢᠯᠲᠠ᠎ᠪᠠᠷ ᠵᠶ᠋ᠠᠨ ᠨᠠᠮ ᠪᠠᠢ᠌ᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠰᠢᠯᠢ ᠵᠢᠨ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠨᠡᠢ᠌ᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠢ᠌ᠭᠤᠯᠤᠯᠲᠠ ᠵᠢᠨ ᠴᠠᠭ ᠦᠶ᠎ᠡ ᠵᠢᠨ ᠲᠡᠦᠬᠡ ᠵᠢᠨ ᠲᠤᠰᠬᠠᠶ ᠰᠡᠳᠦᠪᠲᠦ ᠬᠠᠪᠰᠤᠷᠤᠨ ᠵᠢᠯᠣᠭᠣᠳᠬᠤ ᠲᠠᠢ᠌ᠯᠤᠮᠵᠢ ᠦᠷᠨᠢᠭᠦᠯᠪᠡ
ᠬᠠᠢ᠌ᠯᠠᠷ ᠲᠣᠭᠣᠷᠢᠭ᠎ᠤᠨ ᠬᠠᠤᠯᠢ ᠴᠠᠭ᠋ᠠᠵᠠ ᠵᠢᠨ ᠲᠣᠪᠴᠢᠶ᠎ᠠ ᠬᠠᠮᠤᠭ ᠡᠴᠦᠰ᠎ᠤᠨ ᠨᠢᠭᠡ ᠺᠢᠯᠤᠮᠸᠲᠷ᠎ᠤᠨ ᠣᠯᠠᠨ ᠲᠦᠮᠡᠨ᠎ᠳᠤ ᠦᠢᠯᠡᠴᠢᠯᠡᠬᠦ ᠳᠠᠩ ᠵᠠᠶ ᠵᠢ ᠨᠡᠪᠲᠡᠷᠡᠭᠦᠯᠪᠡ
ᠪᠤᠭᠤᠲᠤ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠬᠠᠤᠯᠢ ᠵᠢᠨ ᠰᠢᠯᠭ᠋ᠠᠭᠤᠯᠤᠭᠴᠢ᠎ᠳᠤ ᠦᠢ᠍ᠯᠡᠴᠢᠯᠡᠨ ᠰᠢᠨ᠎ᠡ ᠠᠷᠭ᠎ᠠ ᠭᠠᠷᠭ᠋ᠠᠵᠤ ᠵᠣᠯᠭ᠋ᠠᠭᠤᠯᠬᠤ ᠲᠠᠪᠴᠠᠩ ᠪᠠᠢ᠌ᠭᠤᠯᠤᠨ ᠳᠠᠳᠤᠯᠭ᠎ᠠ ᠪᠠ ᠠᠵᠢᠯ ᠣᠯᠭᠣᠯᠲᠠ ᠵᠢ ᠠᠬᠢᠭᠤᠯᠪᠠ
ᠦᠬᠠᠶ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ 《ᠪᠢ ᠲᠠᠨ᠎ᠢ ᠬᠠᠪᠰᠤᠷᠬᠤ》 ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢᠯᠡᠳᠦᠯᠭᠡ ᠵᠢᠨ ᠰᠠᠢ᠌ᠨ ᠳᠤᠷ᠎ᠠ ᠵᠢᠨ ᠦᠢᠯᠡᠴᠢᠯᠡᠭᠡᠨ᠎ᠤ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠬᠣᠶᠠᠳᠤᠭ᠋ᠠᠷ ᠪᠦᠯᠦᠭ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠲᠤᠰᠬᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ
 
            