ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠵᠦᠸᠧᠽᠢ ᠰᠢᠶᠠᠨ᠎ᠤ ᠬᠠᠤᠯᠢ ᠴᠠᠭ᠋ᠠᠵᠠ ᠵᠢᠨ ᠲᠣᠪᠴᠢᠶ᠎ᠠ 《ᠪᠢ ᠪᠣᠯ ᠨᠠᠮ᠎ᠤᠨ ᠭᠡᠰᠢᠭᠦᠨ ᠪᠢ ᠲᠠᠨ᠎ᠢ ᠬᠠᠪᠰᠤᠷᠬᠤ》 ᠬᠠᠨᠳᠢᠪᠯᠠᠨ ᠬᠦᠷᠭᠡᠬᠦ ᠠᠵᠢᠯᠯᠠᠭ᠎ᠠ
ᠨᠡᠶ᠋ᠢᠲᠡᠯᠡᠭᠰᠡᠨ ᠴᠠᠭ᠄ 2021-06-16

      ᠣᠢ᠌ᠷ᠎ᠠ᠎ᠳᠤ᠂ ᠤᠯᠠᠭ᠋ᠠᠨᠴᠠᠪ ᠬᠣᠲᠠ ᠵᠢᠨ ᠵᠦᠸᠧᠽᠢ ᠰᠢᠶᠠᠨ᠎ᠤ ᠬᠠᠤᠯᠢ ᠴᠠᠭ᠋ᠠᠵᠠ ᠵᠢᠨ ᠲᠣᠪᠴᠢᠶ᠎ᠠ 《ᠨᠠᠮ᠎ᠤᠨ ᠲᠡᠦᠬᠡ ᠵᠢ ᠰᠤᠷᠤᠯᠴᠠᠨ ᠦᠵᠡᠯ ᠰᠠᠨᠠᠭ᠎ᠠ᠎ᠪᠠᠨ ᠤᠬᠠᠵᠤ᠂ ᠪᠢ ᠨᠠᠮ᠎ᠤᠨ ᠭᠡᠰᠢᠭᠦᠨ ᠪᠢ ᠪᠢ ᠲᠠᠨ᠎ᠢ ᠬᠠᠪᠰᠤᠷᠬᠤ》 ᠭᠡᠬᠦ ᠠᠷᠪᠠᠨ ᠨᠠᠢᠮᠠᠨ ᠰᠤᠷᠭ᠋ᠠᠭᠤᠯᠢ᠎ᠳᠤ ᠬᠠᠨᠳᠢᠪᠯᠠᠨ ᠬᠦᠷᠭᠡᠬᠦ ᠠᠵᠢᠯᠯᠠᠭ᠎ᠠ ᠵᠢ ᠥᠷᠨᠢᠭᠦᠯᠵᠦ᠂ ᠳᠡᠭᠡᠷ᠎ᠡ ᠤᠳᠠᠭ᠎ᠠ ᠠᠷᠪᠠᠨ ᠨᠠᠢᠮᠠᠨ ᠰᠤᠷᠭ᠋ᠠᠭᠤᠯᠢ ᠵᠢᠨ ᠰᠣᠷᠣᠭᠴᠢ᠎ᠳᠤ ᠰᠤᠷᠤᠯᠭ᠎ᠠ ᠵᠢᠨ ᠬᠡᠷᠡᠭᠰᠡᠯ ᠬᠠᠨᠳᠢᠪᠯᠠᠭᠰᠠᠨ᠎ᠤ ᠳᠠᠷᠠᠭ᠎ᠠ᠂ ᠰᠤᠷᠤᠭᠴᠢᠳ ᠨᠢᠭᠡᠳᠦᠯᠲᠡᠶ ᠰᠤᠷᠭ᠋ᠠᠭᠤᠯᠢ ᠵᠢᠨ ᠬᠤᠪᠴᠠᠰᠤ ᠦᠭᠡᠢ ᠵᠢ ᠮᠡᠳᠡᠭᠡᠳ ᠲᠤᠰᠬᠠᠢ᠌ᠯᠠᠨ ᠪᠠᠯᠠ ᠮᠥᠩᠭᠥ ᠴᠤᠭᠯᠠᠭᠤᠯᠤᠨ ᠰᠤᠷᠤᠭᠴᠢᠳ᠎ᠲᠤ ᠰᠤᠷᠭ᠋ᠠᠭᠤᠯᠢ ᠵᠢᠨ ᠬᠤᠪᠴᠠᠰᠤ᠂ ᠲᠠᠮᠢᠷ᠎ᠤᠨ ᠱᠠᠬᠠᠶ᠂ ᠤᠰᠤᠨ ᠴᠣᠮᠣ ᠵᠡᠷᠭᠡ ᠠᠮᠢᠳᠤᠷᠠᠯ᠎ᠤᠨ ᠬᠡᠷᠡᠭᠰᠡᠯ ᠵᠠᠬᠢᠶᠠᠯᠠᠵᠤ ᠥᠭᠭᠦᠭᠰᠡᠨ ᠪᠥᠭᠡᠳ ᠰᠤᠷᠭ᠋ᠠᠭᠤᠯᠢ᠎ᠳᠤ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠢᠷᠭᠡᠨ᠎ᠤ ᠬᠠᠤᠯᠢ ᠵᠢᠨ ᠪᠢᠴᠢᠭ》᠎ᠢ ᠬᠠᠨᠳᠢᠪᠯᠠᠪᠠ᠃


      ᠵᠦᠸᠧᠽᠢ ᠰᠢᠶᠠᠨ᠎ᠤ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠬᠠᠷᠢᠭᠤᠴᠠᠯᠭ᠋ᠠᠲᠠᠨ ᠲᠣᠰ ᠤᠳᠠᠭ᠎ᠠ ᠵᠢᠨ ᠬᠠᠨᠳᠢᠪᠯᠠᠨ ᠬᠦᠷᠭᠡᠬᠦ ᠠᠵᠢᠯᠯᠠᠭ᠎ᠠ ᠵᠢᠨ ᠲᠤᠬᠠᠶ ᠶᠠᠷᠢᠶ᠎ᠠ ᠲᠠᠯᠪᠢᠭᠰᠠᠨ ᠪᠥᠭᠡᠳ ᠰᠤᠷᠤᠭᠴᠢᠳ᠎ᠲᠤ᠂ ᠴᠢᠷᠮᠠᠢ᠌ᠨ ᠲᠡᠮᠡᠴᠡᠵᠦ᠂ ᠰᠢᠷᠭ᠋ᠠᠭᠤ ᠰᠤᠷᠤᠯᠴᠠᠵᠤ᠂ ᠲᠣᠮᠣ ᠪᠣᠯᠤᠭᠰᠠᠨ᠎ᠤ ᠳᠠᠷᠠᠭ᠎ᠠ ᠲᠤᠯᠭ᠋ᠠᠭᠤᠷᠢ ᠬᠦᠴᠦᠨ ᠪᠣᠯᠵᠣ᠂ ᠡᠬᠡ ᠤᠯᠤᠰ ᠵᠶ᠋ᠠᠨ ᠪᠥᠲᠥᠭᠡᠨ ᠪᠠᠢ᠌ᠭᠤᠯᠵᠤ᠂ ᠨᠡᠢ᠌ᠭᠡᠮ᠎ᠳᠤ ᠦᠢᠯᠡᠴᠢᠯᠡᠵᠦ᠂ ᠶᠡᠬᠡ ᠬᠠᠢ᠌ᠷ᠎ᠠ᠎ᠪᠠᠨ ᠡᠷᠭᠦᠬᠦ ᠵᠣᠷᠢᠭ ᠰᠠᠨᠠᠭ᠎ᠠ ᠵᠢ ᠦᠷᠭᠦᠯᠵᠢᠯᠡᠨ ᠰᠠᠢ᠌ᠲᠤᠷ ᠤᠯᠠᠮᠵᠢᠯᠠᠨ ᠵᠠᠯᠭ᠋ᠠᠮᠵᠢᠯᠠᠬᠤ ᠬᠡᠷᠡᠭᠲᠡᠶ ᠭᠡᠵᠦ ᠵᠠᠬᠢᠪᠠ᠃


      ᠬᠠᠨᠳᠢᠪᠯᠠᠨ ᠬᠦᠷᠭᠡᠬᠦ ᠲᠤᠬᠠᠶ ᠵᠢᠨ ᠲᠠᠯᠠᠪᠠᠶ᠎ᠳᠤ᠂ ᠰᠤᠷᠭ᠋ᠠᠭᠤᠯᠢ ᠵᠢᠨ ᠬᠤᠪᠴᠠᠰᠤ ᠵᠢ ᠣᠯᠤᠭᠰᠠᠨ᠎ᠤ ᠳᠠᠷᠠᠭ᠋ᠠᠬᠢ ᠬᠡᠦᠬᠡᠳ᠎ᠤᠳ ᠲᠡᠰᠬᠡᠯ ᠥᠬᠡᠶ ᠰᠤᠷᠭ᠋ᠠᠭᠤᠯᠢ ᠵᠢᠨ ᠬᠤᠪᠴᠠᠰᠤ᠎ᠪᠠᠨ ᠡᠮᠦᠰᠴᠦ᠂ ᠴᠠᠭ᠋ᠠᠨ ᠬᠥᠬᠡ ᠠᠯᠠᠭ ᠥᠩᠭᠡ᠎ᠪᠠᠷ ᠬᠡᠦᠬᠡᠳ᠎ᠤᠨ ᠵᠠᠯᠠᠭᠤ ᠨᠠᠰᠤ ᠪᠠ ᠠᠮᠢᠵᠢᠷᠠᠯ᠎ᠤᠨ ᠬᠦᠴᠦᠨ᠎ᠢ ᠢᠯᠡᠷᠡᠭᠦᠯᠵᠦ᠂ ᠵᠦᠸᠧᠽᠢ ᠰᠢᠶᠠᠨ᠎ᠤ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠬᠠᠯᠠᠭᠤᠨ ᠰᠡᠳᠬᠢᠯᠲᠦ ᠬᠥᠮᠦᠰ ᠬᠡᠦᠬᠡᠳ᠎ᠤᠳ᠎ᠢ ᠰᠢᠷᠭ᠋ᠠᠭᠤ ᠬᠠᠲᠠᠭᠤᠵᠢᠯᠲᠠᠶ ᠰᠤᠷᠤᠯᠴᠠᠵᠤ᠂ ᠠᠯᠤᠰ ᠬᠡᠲᠦ ᠵᠢᠨ ᠬᠦᠰᠡᠯᠡᠩ᠎ᠢ ᠪᠣᠶ ᠪᠣᠯᠭ᠋ᠠᠵᠤ᠂ ᠤᠯᠤᠰ᠂ ᠨᠡᠢ᠌ᠭᠡᠮ᠎ᠳᠤ ᠬᠤᠪᠢ ᠨᠡᠮᠡᠷᠢ ᠦᠵᠡᠭᠦᠯᠦᠭᠰᠡᠨ ᠬᠥᠮᠦᠨ ᠪᠣᠯᠵᠣ᠂ ᠰᠤᠷᠭ᠋ᠠᠭᠤᠯᠢ ᠵᠢᠨ ᠪᠠᠭᠰᠢ ᠪᠠ ᠬᠠᠯᠠᠭᠤᠨ ᠰᠡᠳᠬᠢᠯᠲᠦ ᠬᠥᠮᠦᠰ᠎ᠤᠨ ᠴᠢᠩ ᠰᠡᠳᠬᠢᠯ᠎ᠤᠨ ᠬᠦᠰᠡᠯ ᠨᠠᠢ᠌ᠳᠠᠯᠭ᠎ᠠ ᠵᠢ ᠬᠥᠰᠡᠷᠳᠡᠭᠦᠯᠬᠦ ᠥᠬᠡᠶ ᠪᠠᠢ᠌ᠬᠤ ᠵᠢ ᠵᠣᠷᠢᠭᠵᠢᠭᠤᠯᠪᠠ᠃


      ᠬᠠᠨᠳᠢᠪᠯᠠᠨ ᠬᠦᠷᠭᠡᠬᠦ ᠠᠵᠢᠯᠯᠠᠭ᠎ᠠ ᠳᠠᠭᠤᠰᠤᠭᠰᠠᠨ᠎ᠤ ᠳᠠᠷᠠᠭ᠎ᠠ᠂ ᠵᠦᠸᠧᠽᠢ ᠰᠢᠶᠠᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ᠎ᠤᠨ ᠸᠧᠶ ᠸᠧᠶ ᠡᠷᠬᠢᠯᠡᠭᠴᠢ ᠲᠥᠬᠥᠮ ᠣᠢ᠌ᠯᠠᠭ᠋ᠠᠮᠵᠢᠲᠠᠶ ᠦᠭᠡ ᠬᠡᠯᠡ᠎ᠪᠠᠷ᠂ ᠬᠡᠷᠡᠭ᠎ᠤᠨ ᠵᠢᠱ᠌ᠢᠶ᠎ᠡ ᠪᠠ ᠲᠤᠬᠠᠶ ᠵᠢᠨ ᠲᠠᠯᠠᠪᠤᠷ᠎ᠲᠤ ᠲᠠᠢ᠌ᠯᠪᠤᠷᠢᠯᠠᠬᠤ ᠠᠷᠭ᠎ᠠ ᠬᠡᠯᠪᠡᠷᠢ᠎ᠪᠠᠷ ᠳᠠᠮᠵᠢᠭᠤᠯᠤᠨ 《ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠬᠠᠤᠯᠢ》 ᠵᠢᠨ ᠬᠣᠯᠪᠣᠭᠳᠠᠯ ᠪᠥᠬᠥᠶ ᠬᠠᠤᠯᠢ ᠴᠠᠭ᠋ᠠᠵᠠ ᠵᠢᠨ ᠮᠡᠳᠡᠯᠭᠡ ᠵᠢ ᠲᠠᠢ᠌ᠯᠪᠤᠷᠢᠯᠠᠪᠠ᠃ ᠰᠤᠷᠤᠭᠴᠢᠳ᠎ᠲᠤ ᠬᠠᠤᠯᠢ ᠴᠠᠭ᠋ᠠᠵᠠ ᠵᠢᠨ ᠮᠡᠳᠡᠯᠭᠡ ᠵᠢᠨ ᠰᠤᠷᠤᠯᠴᠠᠯᠭ᠎ᠠ᠎ᠪᠠᠨ ᠴᠢᠩᠭ᠋ᠠᠳᠬᠠᠵᠤ᠂ ᠬᠠᠤᠯᠢ᠎ᠠᠴᠠ ᠵᠥᠷᠢᠴᠡᠭᠰᠡᠨ ᠶᠠᠪᠤᠳᠠᠯ ᠬᠢᠵᠦ ᠪᠣᠯᠬᠤ ᠦᠭᠡᠶ᠂ ᠠᠶᠤᠯ ᠲᠦᠭᠰᠢᠭᠦᠷᠢ ᠲᠤᠯᠭ᠋ᠠᠷᠠᠪᠠᠯ ᠴᠠᠭ ᠲᠤᠬᠠᠶ᠎ᠳᠤ᠎ᠨᠢ ᠲᠤᠰᠠᠯᠠᠮᠵᠢ ᠭᠤᠶᠤᠵᠤ᠂ ᠥᠪᠡᠷ᠎ᠢ᠎ᠪᠠᠨ ᠬᠠᠮᠠᠭ᠋ᠠᠯᠠᠬᠤ ᠦᠵᠡᠯ ᠤᠬᠠᠮᠰᠠᠷ᠎ᠲᠠᠢ ᠪᠣᠯᠵᠤ᠂ ᠰᠤᠷᠭ᠋ᠠᠭᠤᠯᠢ ᠵᠢᠨ ᠬᠦᠷᠢᠶᠡᠨ᠎ᠤ ᠬᠦᠴᠦᠷᠬᠡᠭᠯᠡᠯ᠎ᠢ ᠲᠡᠪᠴᠢᠵᠦ᠂ ᠴᠢᠬᠤᠯᠠ᠎ᠲᠠᠢ ᠦᠶ᠎ᠡ᠎ᠳᠤ ᠬᠠᠤᠯᠢ ᠴᠠᠭ᠋ᠠᠵᠠ ᠵᠢᠨ ᠵᠡᠪᠰᠡᠭ ᠵᠶ᠋ᠡᠷ ᠲᠤᠰ ᠪᠡᠶ᠎ᠡ ᠵᠢᠨ ᠬᠠᠤᠯᠢ ᠶᠣᠰᠣᠨ᠎ᠤ ᠡᠷᠬᠡ ᠠᠰᠢᠭ ᠵᠶ᠋ᠠᠨ ᠬᠠᠮᠠᠭ᠋ᠠᠯᠠᠬᠤ ᠵᠢ ᠰᠤᠷᠬᠤ ᠬᠡᠷᠡᠭᠲᠡᠶ ᠭᠡᠵᠦ ᠮᠡᠳᠡᠭᠳᠡᠬᠦ ᠬᠡᠷᠡᠭᠲᠡᠶ᠃


      ᠵᠦᠸᠧᠽᠢ ᠰᠢᠶᠠᠨ᠎ᠤ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠬᠠᠨᠳᠢᠪᠯᠠᠭᠰᠠᠨ᠎ᠨᠢ ᠰᠤᠷᠭ᠋ᠠᠭᠤᠯᠢ ᠵᠢᠨ ᠬᠤᠪᠴᠠᠰᠤ ᠲᠡᠳᠦᠶ ᠪᠢᠰᠢ᠂ ᠳᠠᠮᠵᠢᠭᠤᠯᠵᠤ ᠪᠠᠢ᠌ᠭ᠎ᠠ᠎ᠨᠢ ᠬᠠᠢ᠌ᠷ᠎ᠠ ᠬᠠᠯᠠᠮᠵᠢ ᠲᠡᠳᠦᠶ ᠪᠢᠰᠢ᠂ ᠨᠠᠩ ᠴᠤ᠌ ᠳᠤᠮᠳᠠᠳᠤ ᠵᠢᠨ ᠡᠷᠬᠢᠮ ᠰᠤᠷᠲᠠᠯ᠎ᠢ ᠤᠯᠠᠮᠵᠢᠯᠠᠨ ᠪᠠᠳᠠᠷᠠᠭᠤᠯᠵᠤ ᠪᠠᠢ᠌ᠭ᠎ᠠ ᠶᠠᠪᠤᠳᠠᠯ ᠮᠥᠨ᠂ ᠲᠣᠰ ᠤᠳᠠᠭ᠎ᠠ ᠵᠢᠨ 《ᠨᠠᠮ᠎ᠤᠨ ᠲᠡᠦᠬᠡ ᠵᠢ ᠰᠤᠷᠤᠯᠴᠠᠵᠤ ᠦᠵᠡᠯ ᠰᠠᠨᠠᠭ᠎ᠠ ᠵᠢ ᠣᠢ᠌ᠯᠠᠭ᠋ᠠᠬᠤ᠂ ᠪᠢ ᠪᠣᠯ ᠨᠠᠮ᠎ᠤᠨ ᠭᠡᠰᠢᠭᠦᠨ ᠮᠥᠨ᠂ ᠪᠢ ᠲᠠᠨ᠎ᠢ ᠬᠠᠪᠰᠤᠷᠤᠨ᠎ᠠ》 ᠭᠡᠬᠦ ᠬᠠᠨᠳᠢᠪᠯᠠᠨ ᠬᠦᠷᠭᠡᠬᠦ ᠠᠵᠢᠯᠯᠠᠭ᠎ᠠ᠎ᠨᠢ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠲᠦᠷᠭᠡᠳᠬᠡᠭᠦᠷ ᠪᠣᠯᠵᠣ᠂ ᠰᠤᠷᠤᠭᠴᠢᠳ᠎ᠲᠤ ᠡᠷᠬᠢᠮᠨᠡᠨ ᠨᠠᠨᠳᠢᠩᠨᠠᠬᠤ᠂ ᠠᠴᠢ ᠬᠠᠷᠢᠭᠤᠯᠬᠤ ᠵᠢ ᠣᠢ᠌ᠯᠠᠭ᠋ᠠᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠡᠬᠡ ᠤᠯᠤᠰ ᠪᠠ ᠨᠡᠢ᠌ᠭᠡᠮ᠎ᠳᠤ ᠠᠴᠢ ᠬᠠᠷᠢᠭᠤᠯᠬᠤ ᠪᠣᠯᠤᠨ᠎ᠠ᠃

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠵᠠᠯᠠᠨ ᠠᠢ᠍ᠯ᠎ᠤᠨ ᠭᠢᠨᠳᠠᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠲᠤᠰᠬᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ
ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ᠎ᠤᠨ ᠨᠠᠷᠢᠨ ᠪᠢᠴᠢᠭ᠎ᠤᠨ ᠭᠠᠵᠠᠷ᠎ᠤᠨ ᠨᠠᠮ᠎ᠤᠨ ᠡᠭᠦᠷ ᠲᠤᠰᠬᠠᠶ ᠰᠡᠳᠦᠪᠲᠦ ᠰᠤᠷᠤᠯᠴᠠᠯᠭ᠎ᠠ ᠵᠢᠨ ᠬᠤᠷᠠᠯ ᠥᠷᠨᠢᠭᠦᠯᠪᠡ
ᠰᠢᠯᠢ ᠵᠢᠨ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠨᠡᠢ᠌ᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠢ᠌ᠭᠤᠯᠤᠯᠲᠠ ᠵᠢᠨ ᠴᠠᠭ ᠦᠶ᠎ᠡ ᠵᠢᠨ ᠲᠡᠦᠬᠡ ᠵᠢᠨ ᠲᠤᠰᠬᠠᠶ ᠰᠡᠳᠦᠪᠲᠦ ᠬᠠᠪᠰᠤᠷᠤᠨ ᠵᠢᠯᠣᠭᠣᠳᠬᠤ ᠲᠠᠢ᠌ᠯᠤᠮᠵᠢ ᠦᠷᠨᠢᠭᠦᠯᠪᠡ
ᠬᠠᠢ᠌ᠯᠠᠷ ᠲᠣᠭᠣᠷᠢᠭ᠎ᠤᠨ ᠬᠠᠤᠯᠢ ᠴᠠᠭ᠋ᠠᠵᠠ ᠵᠢᠨ ᠲᠣᠪᠴᠢᠶ᠎ᠠ ᠬᠠᠮᠤᠭ ᠡᠴᠦᠰ᠎ᠤᠨ ᠨᠢᠭᠡ ᠺᠢᠯᠤᠮᠸᠲᠷ᠎ᠤᠨ ᠣᠯᠠᠨ ᠲᠦᠮᠡᠨ᠎ᠳᠤ ᠦᠢᠯᠡᠴᠢᠯᠡᠬᠦ ᠳᠠᠩ ᠵᠠᠶ ᠵᠢ ᠨᠡᠪᠲᠡᠷᠡᠭᠦᠯᠪᠡ
ᠪᠤᠭᠤᠲᠤ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠬᠠᠤᠯᠢ ᠵᠢᠨ ᠰᠢᠯᠭ᠋ᠠᠭᠤᠯᠤᠭᠴᠢ᠎ᠳᠤ ᠦᠢ᠍ᠯᠡᠴᠢᠯᠡᠨ ᠰᠢᠨ᠎ᠡ ᠠᠷᠭ᠎ᠠ ᠭᠠᠷᠭ᠋ᠠᠵᠤ ᠵᠣᠯᠭ᠋ᠠᠭᠤᠯᠬᠤ ᠲᠠᠪᠴᠠᠩ ᠪᠠᠢ᠌ᠭᠤᠯᠤᠨ ᠳᠠᠳᠤᠯᠭ᠎ᠠ ᠪᠠ ᠠᠵᠢᠯ ᠣᠯᠭᠣᠯᠲᠠ ᠵᠢ ᠠᠬᠢᠭᠤᠯᠪᠠ
 
            