ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠰᠢᠯᠢ ᠵᠢᠨ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠨᠡᠢ᠌ᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠢ᠌ᠭᠤᠯᠤᠯᠲᠠ ᠵᠢᠨ ᠴᠠᠭ ᠦᠶ᠎ᠡ ᠵᠢᠨ ᠲᠡᠦᠬᠡ ᠵᠢᠨ ᠲᠤᠰᠬᠠᠶ ᠰᠡᠳᠦᠪᠲᠦ ᠬᠠᠪᠰᠤᠷᠤᠨ ᠵᠢᠯᠣᠭᠣᠳᠬᠤ ᠲᠠᠢ᠌ᠯᠤᠮᠵᠢ ᠦᠷᠨᠢᠭᠦᠯᠪᠡ
ᠨᠡᠶ᠋ᠢᠲᠡᠯᠡᠭᠰᠡᠨ ᠴᠠᠭ᠄ 2021-06-16

      ᠣᠢ᠌ᠷ᠎ᠠ᠎ᠳᠤ᠂ ᠰᠢᠯᠢᠩᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ 《ᠨᠡᠢ᠌ᠭᠡᠮ ᠵᠢᠷᠤᠮᠲᠤ ᠬᠤᠪᠢᠰᠬᠠᠯ ᠪᠠ ᠪᠥᠲᠥᠭᠡᠨ ᠪᠠᠢ᠌ᠭᠤᠯᠤᠯᠲᠠ ᠵᠢᠨ ᠴᠠᠭ ᠦᠶ᠎ᠡ ᠵᠢᠨ ᠲᠡᠦᠬᠡ》 ᠭᠡᠬᠦ ᠲᠤᠰᠬᠠᠶ ᠰᠡᠳᠦᠪᠲᠦ ᠬᠠᠪᠰᠤᠷᠤᠨ ᠵᠢᠯᠣᠭᠣᠳᠬᠤ ᠬᠢᠴᠢᠶᠡᠯ ᠡᠷᠭᠢᠯᠡᠪᠡ᠃


      ᠰᠢᠯᠢ ᠵᠢᠨ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠪᠦᠷᠢᠨ ᠬᠣᠲᠠ ᠵᠢᠨ ᠨᠠᠮ᠎ᠤᠨ ᠬᠣᠷᠢᠶᠠᠨ᠎ᠤ ᠨᠠᠮ᠎ᠤᠨ ᠲᠡᠦᠬᠡ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠬᠡᠷ᠎ᠤᠨ ᠳᠠᠷᠤᠮᠠᠯᠯᠠᠨ ᠲᠠᠷᠬᠠᠭ᠋ᠠᠭᠰᠠᠨ 《ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠰᠤᠷᠤᠯᠴᠠᠯᠭ᠎ᠠ ᠵᠢᠨ ᠮᠠᠲ᠋ᠧᠷᠢᠶᠠᠯ (ᠳᠥᠷᠪᠡ)》 —— ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠬᠠᠭᠤᠯᠤᠨ ᠲᠠᠢ᠌ᠯᠪᠤᠷᠢᠯᠠᠬᠤ ᠲᠣᠪᠴᠢ ᠵᠢ ᠦᠨᠳᠦᠰᠦᠯᠡᠨ ᠰᠤᠷᠤᠯᠴᠠᠯᠭ᠎ᠠ ᠵᠢᠨ ᠬᠠᠪᠰᠤᠷᠤᠨ ᠵᠢᠯᠣᠭᠣᠳᠬᠤ ᠬᠢᠴᠢᠶᠡᠯ ᠣᠷᠣᠪᠠ᠃


      ᠨᠡᠢ᠌ᠭᠡᠮ ᠵᠢᠷᠤᠮᠲᠤ ᠬᠤᠪᠢᠰᠬᠠᠯ ᠪᠠ ᠪᠦᠳᠦᠭᠡᠨ ᠪᠠᠢ᠌ᠭᠤᠯᠤᠯᠲᠠ ᠵᠢᠨ ᠴᠠᠭ ᠦᠶ᠎ᠡ᠎ᠳᠤ᠂ ᠮᠠᠤ ᠽᠸ ᠳ᠋ᠦᠩ ᠨᠥᠬᠥᠷ ᠵᠶ᠋ᠡᠷ ᠭᠣᠣᠯ ᠲᠥᠯᠥᠭᠡᠯᠡᠭᠴᠢ᠎ᠪᠠᠨ ᠪᠣᠯᠭ᠋ᠠᠭᠰᠠᠨ ᠳᠤᠮᠳᠠᠳᠤ ᠤᠯᠤᠰ᠎ᠤᠨ ᠡᠪ ᠬᠠᠮᠲᠤᠴᠤᠳ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠨᠡᠢ᠌ᠭᠡᠮ ᠵᠢᠷᠤᠮᠲᠤ ᠬᠤᠪᠢᠰᠬᠠᠯ᠎ᠢ ᠪᠡᠶᠡᠯᠡᠭᠦᠯᠵᠦ᠂ ᠨᠡᠢ᠌ᠭᠡᠮ ᠵᠢᠷᠤᠮ᠎ᠤᠨ ᠦᠨᠳᠦᠰᠦᠨ ᠪᠠᠢ᠌ᠭᠤᠯᠤᠯ᠎ᠢ ᠲᠣᠭᠲᠠᠭ᠋ᠠᠨ᠂ ᠨᠡᠢ᠌ᠭᠡᠮ ᠵᠢᠷᠤᠮᠲᠤ ᠪᠦᠳᠦᠭᠡᠨ ᠪᠠᠢ᠌ᠭᠤᠯᠤᠯᠲᠠ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠲᠡᠦᠬᠡᠨ ᠳᠡᠭᠡᠷᠡᠬᠢ ᠬᠠᠮᠤᠭ᠎ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠢ ᠨᠡᠢ᠌ᠭᠡᠮ᠎ᠤᠨ ᠬᠤᠪᠢᠰᠤᠯᠲᠠ ᠵᠢ ᠪᠡᠶᠡᠯᠡᠭᠦᠯᠦᠨ᠂ ᠤᠳᠤ ᠦᠶ᠎ᠡ ᠵᠢᠨ ᠳᠤᠮᠳᠠᠳᠤ ᠤᠯᠤᠰ᠎ᠤᠨ ᠬᠥᠭᠵᠢᠯᠲᠡ ᠲᠠᠪᠰᠢᠯᠳᠠ᠎ᠳᠤ ᠦᠨᠳᠦᠰᠦᠨ ᠤᠯᠤᠰ ᠲᠦᠷᠦ ᠵᠢᠨ ᠤᠷᠢᠲᠠᠯ ᠪᠠ ᠪᠠᠢ᠌ᠭᠤᠯᠤᠯ᠎ᠤᠨ ᠰᠠᠭᠤᠷᠢ ᠵᠢ ᠲᠠᠯᠪᠢᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠢ ᠡᠭᠦᠳᠦᠨ ᠨᠡᠭᠡᠭᠡᠬᠦ᠎ᠳᠤ ᠡᠷᠬᠢᠮ ᠨᠠᠨᠳᠢᠨ ᠲᠤᠷᠰᠢᠯᠭ᠎ᠠ᠂ ᠤᠨᠤᠯ᠎ᠤᠨ ᠪᠡᠯᠡᠳᠬᠡᠯ᠂ ᠪᠣᠳᠠᠰ᠎ᠤᠨ ᠰᠠᠭᠤᠷᠢ ᠵᠢ ᠬᠠᠩᠭ᠋ᠠᠪᠠ᠃


      ᠨᠠᠮ᠎ᠤᠨ ᠲᠡᠦᠬᠡ ᠪᠣᠯ ᠬᠠᠮᠤᠭ᠎ᠤᠨ ᠠᠮᠢᠳᠤᠯᠢᠭ᠂ ᠬᠠᠮᠤᠭ᠎ᠤᠨ ᠢᠲᠡᠭᠡᠭᠦᠯᠬᠦ ᠬᠦᠴᠦᠨ᠎ᠲᠠᠢ ᠬᠢᠴᠢᠶᠡᠯ᠎ᠤᠨ ᠪᠢᠴᠢᠭ ᠪᠣᠯᠤᠨ᠎ᠠ᠂ ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 100 ᠵᠢᠯ᠎ᠤᠨ ᠤᠢ ᠪᠣᠯᠤᠨ᠎ᠠ᠂ ᠰᠢᠯᠢᠩᠬᠣᠲᠠ ᠵᠢᠨ ᠬᠠᠤᠯᠢ ᠴᠠᠭ᠋ᠠᠵᠠ ᠵᠢᠨ ᠲᠣᠪᠴᠢᠢ᠎ᠠ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡᠨ ᠶᠠᠪᠤᠴᠠ᠎ᠠᠴᠠ ᠦᠷᠭᠦᠯᠵᠢᠯᠡᠨ ᠤᠷᠤᠭᠰᠢᠯᠠᠬᠤ ᠤᠶᠤᠨ ᠤᠬᠠᠭ᠋ᠠᠨ ᠪᠠ ᠬᠦᠴᠦᠨ ᠴᠢᠳᠠᠯ᠎ᠢ ᠣᠯᠵᠤ᠂ ᠨᠠᠮ ᠪᠠᠢ᠌ᠭᠤᠯᠬᠤ ᠦᠶ᠎ᠡ ᠵᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠲᠡᠮᠡᠴᠡᠯ᠎ᠤᠨ ᠵᠣᠷᠢᠭ ᠰᠠᠨᠠᠭ᠎ᠠ ᠵᠢ ᠡᠭᠦᠷᠢᠳᠡ ᠪᠠᠷᠢᠮᠲᠠᠯᠠᠵᠤ᠂ ᠡᠨᠡ ᠬᠦ᠌ ᠵᠣᠷᠢᠭ ᠰᠠᠨᠠᠭ᠎ᠠ ᠵᠢ ᠰᠡᠳᠬᠢᠯ ᠵᠢᠷᠦᠬᠡᠨ᠎ᠳᠤ᠎ᠪᠠᠨ ᠬᠠᠳᠠᠩᠰᠢᠭᠤᠯᠵᠤ ᠦᠢ᠍ᠯᠡ ᠠᠵᠢᠯᠯᠠᠭ᠎ᠠ᠎ᠳᠤ᠎ᠪᠠᠨ ᠢᠯᠡᠷᠡᠭᠦᠯᠬᠦ ᠪᠣᠯᠤᠨ᠎ᠠ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠬᠠᠢ᠌ᠯᠠᠷ ᠲᠣᠭᠣᠷᠢᠭ᠎ᠤᠨ ᠬᠠᠤᠯᠢ ᠴᠠᠭ᠋ᠠᠵᠠ ᠵᠢᠨ ᠲᠣᠪᠴᠢᠶ᠎ᠠ ᠬᠠᠮᠤᠭ ᠡᠴᠦᠰ᠎ᠤᠨ ᠨᠢᠭᠡ ᠺᠢᠯᠤᠮᠸᠲᠷ᠎ᠤᠨ ᠣᠯᠠᠨ ᠲᠦᠮᠡᠨ᠎ᠳᠤ ᠦᠢᠯᠡᠴᠢᠯᠡᠬᠦ ᠳᠠᠩ ᠵᠠᠶ ᠵᠢ ᠨᠡᠪᠲᠡᠷᠡᠭᠦᠯᠪᠡ
ᠪᠤᠭᠤᠲᠤ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠬᠠᠤᠯᠢ ᠵᠢᠨ ᠰᠢᠯᠭ᠋ᠠᠭᠤᠯᠤᠭᠴᠢ᠎ᠳᠤ ᠦᠢ᠍ᠯᠡᠴᠢᠯᠡᠨ ᠰᠢᠨ᠎ᠡ ᠠᠷᠭ᠎ᠠ ᠭᠠᠷᠭ᠋ᠠᠵᠤ ᠵᠣᠯᠭ᠋ᠠᠭᠤᠯᠬᠤ ᠲᠠᠪᠴᠠᠩ ᠪᠠᠢ᠌ᠭᠤᠯᠤᠨ ᠳᠠᠳᠤᠯᠭ᠎ᠠ ᠪᠠ ᠠᠵᠢᠯ ᠣᠯᠭᠣᠯᠲᠠ ᠵᠢ ᠠᠬᠢᠭᠤᠯᠪᠠ
ᠦᠬᠠᠶ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ 《ᠪᠢ ᠲᠠᠨ᠎ᠢ ᠬᠠᠪᠰᠤᠷᠬᠤ》 ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢᠯᠡᠳᠦᠯᠭᠡ ᠵᠢᠨ ᠰᠠᠢ᠌ᠨ ᠳᠤᠷ᠎ᠠ ᠵᠢᠨ ᠦᠢᠯᠡᠴᠢᠯᠡᠭᠡᠨ᠎ᠤ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠬᠣᠶᠠᠳᠤᠭ᠋ᠠᠷ ᠪᠦᠯᠦᠭ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠲᠤᠰᠬᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ
ᠬᠠᠤᠯᠢ ᠴᠠᠭ᠋ᠠᠵᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠭᠠᠵᠠᠷ᠎ᠤᠨ ᠨᠠᠮ᠎ᠤᠨ ᠡᠭᠦᠷ ᠬᠣᠶᠠᠳᠤᠭ᠋ᠠᠷ ᠪᠦᠯᠦᠭ᠎ᠤᠨ ᠡᠩᠨᠡᠭᠡ ᠵᠢᠨ ᠬᠦᠮᠦᠵᠢᠯ ᠴᠡᠭᠴᠡᠯᠡᠯᠲᠡ ᠵᠢᠨ ᠲᠤᠰᠬᠠᠶ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ
 
            