ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠠᠵᠢᠯ᠎ᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠵᠠᠯᠠᠨ ᠠᠢ᠌ᠯ᠎ᠤᠨ ᠭᠢᠨᠳᠠᠨ᠎ᠤ ᠨᠠᠮ᠎ᠤᠨ ᠬᠣᠷᠢᠢ᠎ᠠ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠲᠤᠰᠬᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠵᠤ᠂ ᠬᠠᠤᠯᠢ ᠴᠠᠭ᠋ᠠᠵᠠ ᠵᠢᠨ ᠲᠢᠩᠬᠢᠮ᠎ᠤᠨ ᠴᠡᠭ᠎ᠲᠤ ᠰᠠᠭᠤᠭ᠎ᠠ ᠰᠢᠮᠳᠠᠭᠤᠯᠤᠨ ᠪᠠᠢ᠌ᠴᠠᠭ᠋ᠠᠬᠤ ᠲᠤᠰᠬᠠᠢ ᠲᠤᠰᠢᠶᠠᠯᠲᠠᠨ ᠬᠤᠷᠠᠯ᠎ᠳᠤ ᠣᠷᠣᠯᠴᠠᠨ ᠵᠢᠭ᠋ᠠᠨ ᠵᠢᠯᠣᠭᠣᠳᠪᠠ᠃

ᠲᠤᠰᠬᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠴᠢᠨᠠᠷ ᠰᠠᠢ᠌ᠲᠠᠶ ᠬᠤᠷᠠᠯᠳᠤᠭᠤᠯᠵᠤ᠂ ᠰᠢᠨ᠎ᠡ ᠳᠦᠷᠰᠦ ᠪᠠᠢ᠌ᠳᠠᠯ᠎ᠲᠠᠢ ᠪᠣᠯᠭ᠋ᠠᠬᠤ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠭᠢᠨᠳᠠᠨ᠎ᠤ ᠨᠠᠮ᠎ᠤᠨ ᠬᠣᠷᠢᠶ᠎ᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠬᠢᠨᠠᠮᠠᠭ᠋ᠠᠶ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠬᠤᠷᠠᠯ᠎ᠠᠴᠠ ᠡᠮᠦᠨ᠎ᠡ ᠰᠤᠷᠤᠯᠴᠠᠯᠭ᠎ᠠ ᠵᠢ ᠨᠠᠷᠢᠨ ᠨᠢᠮᠪᠠᠶ ᠵᠣᠬᠢᠶᠠᠨ ᠪᠠᠢ᠌ᠭᠤᠯᠵᠤ᠂ ᠡᠯ᠎ᠡ ᠲᠠᠯ᠎ᠠ ᠵᠢᠨ᠎ᠬᠢᠨ᠎ᠤ ᠰᠠᠨᠠᠯ᠎ᠢ ᠥᠷᠭᠡᠨ ᠵᠶ᠋ᠡᠷ ᠬᠤᠷᠢᠶᠠᠵᠤ᠂ ᠰᠡᠳᠬᠢᠯ᠎ᠤᠨ ᠦᠭᠡ᠎ᠪᠠᠨ ᠬᠡᠯᠡᠯᠴᠡᠨ ᠶᠠᠷᠢᠯᠴᠠᠬᠤ᠂ ᠨᠠᠮ᠎ᠤᠨ ᠬᠣᠷᠢᠶᠠᠨ᠎ᠤ ᠤᠳᠤᠷᠢᠳᠬᠤ ᠪᠠᠭ᠎ᠤᠨ ᠪᠦᠷᠢᠯᠳᠦᠬᠦᠨ ᠨᠡᠷ ᠰᠤᠷᠤᠯᠴᠠᠨ ᠰᠤᠳᠤᠯᠤᠨ ᠶᠠᠷᠢᠯᠴᠠᠬᠤ ᠠᠵᠢᠯ᠎ᠢ ᠭᠦᠨᠵᠡᠭᠡᠶ ᠥᠷᠨᠢᠭᠦᠯᠵᠦ᠂ ᠬᠠᠷᠢᠴᠠᠭᠤᠯᠤᠨ ᠪᠠᠢ᠌ᠴᠠᠭ᠋ᠠᠬᠤ ᠮᠠᠲ᠋ᠧᠷᠢᠶᠠᠯ᠎ᠢ ᠬᠢᠨᠠᠮᠠᠭ᠋ᠠᠶ ᠲᠤᠭᠤᠷᠪᠢᠨ ᠪᠢᠴᠢᠵᠦ᠂ ᠦᠵᠡᠯ ᠰᠠᠨᠠᠭ᠎ᠠ᠎ᠪᠠᠨ ᠨᠢᠭᠡᠳᠬᠡᠨ᠂ ᠬᠠᠮᠲᠤ ᠵᠢᠨ ᠲᠠᠨᠢᠯᠲᠠ᠎ᠲᠠᠢ ᠪᠣᠯᠵᠣ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠢ᠌ᠲᠤᠷ ᠬᠢᠬᠦ᠎ᠳᠤ ᠰᠠᠭᠤᠷᠢ ᠲᠠᠯᠪᠢᠵᠤ ᠥᠭᠴᠡᠶ᠃
ᠬᠤᠷᠠᠯ ᠳᠡᠭᠡᠷ᠎ᠡ᠂ ᠪᠠᠭ᠎ᠤᠨ ᠪᠦᠷᠢᠯᠳᠦᠬᠦᠨ ᠲᠤᠰ ᠲᠤᠰ ᠰᠤᠷᠭ᠋ᠠᠨ ᠬᠥᠮᠦᠵᠢᠭᠦᠯᠵᠦ ᠴᠡᠭᠴᠡᠯᠡᠬᠦ ᠲᠠᠨᠢᠯᠲᠠ ᠪᠠ ᠣᠪᠣᠷ᠂ ᠥᠪᠡᠷ᠎ᠤᠨ ᠪᠡᠶ᠎ᠡ᠎ᠳᠤ ᠣᠷᠣᠰᠢᠵᠤ ᠪᠠᠢ᠌ᠭ᠎ᠠ ᠲᠣᠪᠣᠢ᠍ᠮ᠎ᠠ ᠠᠰᠠᠭᠤᠳᠠᠯ᠂ ᠬᠤᠪᠢᠳᠠᠨ ᠬᠠᠮᠢᠶᠠᠷᠴᠤ ᠪᠠᠢ᠌ᠭ᠎ᠠ ᠰᠠᠯᠠᠭ᠎ᠠ ᠮᠥᠴᠢᠷ ᠪᠠ ᠬᠤᠪᠢᠳᠠᠨ ᠬᠠᠮᠢᠶᠠᠷᠴᠤ ᠪᠠᠢ᠌ᠭ᠎ᠠ ᠠᠷᠠᠳ᠎ᠤᠨ ᠴᠠᠭᠳᠠᠭ᠎ᠠ᠎ᠳᠤ ᠣᠷᠣᠰᠢᠵᠤ ᠪᠠᠢ᠌ᠭ᠎ᠠ ᠬᠡᠯᠪᠡᠷᠢᠯ᠎ᠤᠨ ᠴᠢᠨᠠᠷᠲᠠᠶ ᠠᠰᠠᠭᠤᠳᠠᠯ ᠵᠡᠷᠭᠡ ᠵᠢᠷᠭᠤᠭ᠋ᠠᠨ ᠲᠠᠯ᠎ᠠ᠎ᠠᠴᠠ ᠠᠰᠠᠭᠤᠳᠠᠯ᠎ᠢ ᠭᠦᠨᠵᠡᠭᠡᠶ ᠡᠷᠢᠬᠦ᠂ ᠭᠦᠨᠵᠡᠭᠡᠶ ᠪᠠᠢ᠌ᠴᠠᠭ᠋ᠠᠨ ᠦᠵᠡᠵᠦ ᠵᠠᠳᠠᠯᠤᠨ᠂ ᠥᠪᠡᠷ᠎ᠢ᠎ᠪᠠᠨ ᠣᠷᠣᠭᠤᠯᠬᠤ᠂ ᠡᠭᠦᠷᠭᠡ ᠬᠠᠷᠢᠭᠤᠴᠠᠯᠭ᠎ᠠ᠎ᠪᠠᠨ ᠣᠷᠣᠭᠤᠯᠬᠤ᠂ ᠠᠵᠢᠯ ᠵᠶ᠋ᠠᠨ ᠣᠷᠣᠭᠤᠯᠬᠤ ᠵᠢ ᠪᠠᠷᠢᠮᠲᠠᠯᠠᠵᠤ᠂ ᠬᠢᠳᠤᠭ᠋ᠠᠨ ᠢᠷ ᠵᠶ᠋ᠡᠨ ᠳᠣᠲᠣᠭᠰᠢ ᠬᠠᠨᠳᠤᠭᠤᠯᠬᠤ ᠥᠪᠡᠷ᠎ᠤᠨ ᠪᠡᠶ᠎ᠡ᠎ᠳᠤ᠎ᠪᠠᠨ ᠬᠤᠪᠢᠰᠬᠠᠯ ᠬᠢᠬᠦ ᠵᠣᠷᠢᠭ ᠰᠠᠨᠠᠭ᠎ᠠ ᠵᠢ ᠭᠦᠢ᠍ᠴᠡᠳ ᠪᠠᠳᠠᠷᠠᠭᠤᠯᠵᠤ᠂ ᠰᠢᠭᠤᠳ ᠬᠡᠯᠡᠬᠦ᠂ ᠭᠣᠣᠯ ᠰᠡᠳᠦᠪ᠎ᠲᠤ᠎ᠪᠠᠨ ᠰᠢᠭᠤᠳ ᠣᠷᠣᠬᠤ᠂ ᠦᠨᠡᠨᠴᠢ᠎ᠪᠠᠷ ᠬᠠᠨᠳᠤᠵᠤ᠂ ᠥᠪᠡᠷ᠎ᠢ᠎ᠪᠠᠨ ᠵᠠᠳᠠᠯᠤᠨ ᠰᠢᠨᠵᠢᠯᠡᠵᠦ ᠬᠡᠷᠡᠭ ᠤᠴᠢᠷ᠎ᠢ ᠵᠠᠳᠠᠯᠤᠨ ᠦᠵᠡᠯ ᠰᠠᠨᠠᠭ᠎ᠠ᠎ᠪᠠᠨ ᠢᠯᠡᠷᠡᠭᠦᠯᠵᠦ᠂ ᠬᠠᠷᠢᠯᠴᠠᠨ ᠰᠢᠭᠦᠮᠵᠢᠯᠡᠵᠦ ᠬᠠᠲᠠᠭᠤ᠎ᠲᠠᠢ᠎ᠨᠢ ᠬᠠᠯᠳᠠᠵᠤ᠂ ᠵᠥᠷᠢᠴᠡᠯ᠎ᠠᠴᠠ ᠦᠯᠦ ᠵᠠᠢ᠌ᠯᠠᠬᠤ᠂ ᠠᠰᠠᠭᠤᠳᠠᠯ᠎ᠢ ᠨᠢᠭᠤᠵᠤ ᠳᠠᠯᠳᠠᠯᠠᠬᠤ ᠦᠭᠡᠢ᠂ ᠵᠥᠷᠢᠶ᠎ᠡ ᠬᠦᠷᠦᠯᠴᠡᠬᠦ ᠦᠭᠡᠢ ᠵᠢ ᠵᠢᠭ᠋ᠠᠵᠤ ᠭᠠᠷᠭ᠋ᠠᠭᠰᠠᠨ ᠮᠥᠷᠲᠡᠭᠡᠨ᠂ ᠪᠠᠰᠠ ᠰᠠᠢ᠍ᠵᠢᠷᠠᠭᠤᠯᠬᠤ ᠰᠠᠨᠠᠯ ᠳᠤᠷᠠᠳᠴᠤ ᠨᠢᠭᠤᠷ ᠤᠯᠠᠢ᠌ᠵᠤ ᠬᠥᠯᠥᠰᠥ ᠭᠠᠷᠬᠤ᠂ ᠰᠢᠪᠡᠨᠡᠬᠦ᠂ ᠬᠣᠣᠷ ᠭᠠᠳᠠᠭᠰᠢᠯᠠᠭᠤᠯᠵᠤ ᠡᠪᠡᠳᠴᠢᠨ ᠵᠠᠰᠠᠭᠰᠠᠨ ᠦᠷ᠎ᠡ ᠪᠦᠲᠦᠮᠵᠢ᠎ᠳᠤ ᠬᠦᠷᠪᠡ᠃
ᠬᠠᠤᠯᠢ ᠴᠠᠭ᠋ᠠᠵᠠ ᠵᠢᠨ ᠲᠢᠩᠬᠢᠮ᠎ᠤᠨ ᠴᠡᠭ᠎ᠲᠤ ᠰᠠᠭᠤᠭ᠎ᠠ ᠰᠢᠮᠳᠠᠭᠤᠯᠤᠨ ᠪᠠᠢ᠌ᠴᠠᠭ᠋ᠠᠬᠤ ᠲᠤᠰᠬᠠᠶ ᠲᠤᠰᠢᠶᠠᠯᠲᠠᠨ᠎ᠤ ᠦᠨᠡᠯᠡᠯᠲᠡ᠎ᠳᠤ ᠵᠢᠭ᠋ᠠᠵᠤ ᠭᠠᠷᠭ᠋ᠠᠭᠰᠠᠨ᠎ᠨᠢ᠂ ᠲᠣᠰ ᠤᠳᠠᠭ᠎ᠠ ᠵᠢᠨ ᠲᠤᠰᠬᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠨᠢ ᠵᠢᠷᠤᠮ᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠠᠰᠠᠭᠤᠳᠠᠯ᠎ᠢ ᠪᠠᠢ᠌ᠴᠠᠭ᠋ᠠᠨ ᠳᠡᠯᠭᠡᠬᠦᠳᠤᠪᠠᠨ ᠨᠢᠭᠤᠵᠤ ᠳᠠᠯᠳᠠᠯᠠᠬᠤ ᠥᠬᠡᠶ᠂ ᠬᠠᠷᠢᠯᠴᠠᠨ ᠰᠢᠭᠦᠮᠵᠢᠯᠡᠬᠦ᠎ᠳᠤ᠎ᠪᠠᠨ ᠠᠭᠤᠯᠭ᠎ᠠ᠎ᠲᠠᠢ ᠪᠠᠢ᠌ᠵᠤ᠂ ᠵᠣᠷᠢᠭᠲᠠᠶ᠎ᠪᠠᠷ ᠬᠠᠲᠠᠭᠤ᠎ᠲᠠᠢ᠎ᠨᠢ ᠬᠠᠯᠳᠠᠵᠤ᠂ ᠬᠤᠷᠠᠯ᠎ᠤᠨ ᠦᠷ᠎ᠡ ᠪᠦᠲᠦᠮᠵᠢ ᠲᠣᠪᠣᠢ᠌ᠮ᠎ᠠ ᠪᠠᠢ᠌ᠨ᠎ᠠ᠃ ᠲᠠᠷᠠᠭ᠋ᠠᠴᠢ ᠵᠢᠨ ᠠᠯᠬᠤᠮ᠎ᠳᠤ᠂ ᠨᠠᠮ᠎ᠤᠨ ᠳᠣᠲᠣᠭ᠋ᠠᠳᠤ ᠵᠢᠨ ᠬᠢᠨᠠᠯᠲᠠ ᠲᠠᠯᠪᠢᠬᠤ ᠲᠦᠷᠢᠮ᠎ᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ᠎ᠢ ᠪᠠᠢ᠌ᠩᠭᠤᠵᠢᠭᠤᠯᠬᠤ ᠬᠡᠷᠡᠭᠲᠡᠢ; ᠦᠵᠡᠯ ᠰᠠᠨᠠᠭ᠎ᠠ᠎ᠪᠠᠨ ᠨᠢᠭᠡᠳᠬᠡᠵᠦ᠂ ᠵᠣᠭᠰᠣᠴᠠ᠎ᠪᠠᠨ ᠳᠡᠭᠡᠭᠰᠢᠯᠡᠭᠦᠯᠵᠦ᠂ ᠪᠠᠢ᠌ᠴᠠᠭ᠋ᠠᠨ ᠵᠠᠯᠠᠷᠠᠭᠤᠯᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠬᠤ ᠬᠡᠷᠡᠭᠲᠡᠢ; ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠳᠣᠪᠣᠢ᠌ᠯᠭ᠋ᠠᠵᠤ᠂ ᠥᠪᠡᠰᠦᠪᠡᠨ ᠪᠠᠢ᠌ᠴᠠᠭ᠋ᠠᠵᠤ ᠥᠪᠡᠰᠦᠪᠡᠨ ᠵᠠᠯᠠᠷᠠᠭᠤᠯᠬᠤ ᠵᠢ ᠠᠬᠢᠭᠤᠯᠬᠤ ᠲᠠᠯ᠎ᠠ᠎ᠪᠠᠷ ᠳᠠᠬᠢᠨ ᠬᠦᠴᠦᠯᠡᠨ ᠴᠢᠷᠮᠠᠢ᠌ᠬᠤ ᠬᠡᠷᠡᠭᠲᠡᠶ; ᠠᠷᠬᠠᠭ ᠭᠡᠮ᠎ᠢ ᠴᠡᠭᠴᠡᠯᠡᠨ ᠵᠠᠰᠠᠬᠤ ᠠᠵᠢᠯ᠎ᠢ ᠬᠢᠨᠠᠮᠠᠭ᠋ᠠᠶ ᠰᠠᠢ᠌ᠲᠤᠷ ᠬᠢᠵᠦ᠂ 《ᠪᠠᠢ᠌ᠴᠠᠭ᠋ᠠᠬᠤ᠂ ᠦᠭᠡᠷᠡᠴᠢᠯᠡᠬᠦ᠂ ᠵᠠᠰᠠᠬᠤ᠂ ᠪᠠᠢ᠌ᠭᠤᠯᠬᠤ》 ᠵᠢ ᠨᠢᠭᠡ ᠴᠣᠭᠴᠠᠵᠢᠭᠤᠯᠤᠨ ᠠᠬᠢᠭᠤᠯᠬᠤ ᠲᠠᠯ᠎ᠠ᠎ᠪᠠᠷ ᠳᠠᠬᠢᠨ ᠬᠦᠴᠦᠯᠡᠨ ᠴᠢᠷᠮᠠᠢ᠌ᠬᠤ ᠬᠡᠷᠡᠭᠲᠡᠶ; ᠠᠵᠢᠯ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ᠎ᠳᠤ ᠤᠳᠤᠷᠢᠳᠬᠤ ᠪᠠᠭ᠎ᠨᠢ ᠨᠢᠭᠡᠳᠦᠭᠡᠷ ᠹᠷᠣᠨᠲ᠎ᠲᠤ ᠪᠠᠢ᠌ᠩᠭᠤ ᠵᠢᠨ ᠴᠢᠨᠠᠷᠲᠠᠶ᠎ᠪᠠᠷ ᠭᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠲᠠ ᠬᠢᠵᠦ ᠶᠠᠷᠢᠯᠴᠠᠬᠤ ᠬᠡᠷᠡᠭᠲᠡᠶ; ᠠᠵᠢᠯ᠎ᠤᠨ ᠬᠠᠷᠢᠭᠤᠴᠠᠯᠭ᠎ᠠ ᠵᠢ ᠤᠯᠠᠮ ᠴᠢᠨᠠᠭᠰᠢᠳᠠ ᠪᠣᠳᠠᠲᠠᠢ᠌ᠵᠢᠭᠤᠯᠵᠤ᠂ ᠨᠠᠮ᠎ᠤᠨ ᠬᠣᠷᠢᠶᠠᠨ᠎ᠤ ᠭᠣᠤᠯ ᠴᠣᠭᠴᠠ ᠵᠢᠨ ᠬᠠᠷᠢᠭᠤᠴᠠᠯᠭ᠎ᠠ ᠪᠣᠯᠤᠨ ᠤᠳᠤᠷᠢᠳᠬᠤ ᠪᠠᠭ᠎ᠤᠨ 《ᠨᠢᠭᠡ ᠠᠵᠢᠯ᠎ᠤᠨ ᠪᠠᠢ᠌ᠷᠢ ᠵᠢᠨ ᠬᠣᠤᠰ ᠬᠠᠷᠢᠭᠤᠴᠠᠯᠭ᠎ᠠ》 ᠵᠢᠨ ᠠᠵᠢᠯ᠎ᠤᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠬᠤ ᠬᠡᠷᠡᠭᠲᠡᠢ ᠭᠡᠪᠡ᠃

ᠭᠢᠨᠳᠠᠨ᠎ᠤ ᠨᠠᠮ᠎ᠤᠨ ᠬᠣᠷᠢᠶᠠᠨ᠎ᠤ ᠱᠦᠵᠢ᠂ ᠭᠢᠨᠳᠠᠨ᠎ᠤ ᠳᠠᠷᠤᠭ᠎ᠠ᠂ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠤᠳᠤᠷᠢᠳᠬᠤ ᠳᠤᠭᠤᠢ᠌ᠯᠠᠩ᠎ᠤᠨ ᠳᠠᠷᠤᠭ᠎ᠠ ᠵᠠᠩ ᠹᠦ᠋ ᠵᠢᠶᠦ᠋ᠨ ᠭᠢᠨᠳᠠᠨ᠎ᠤ ᠨᠠᠮ᠎ᠤᠨ ᠬᠣᠷᠢᠶᠠᠨ᠎ᠤ ᠡᠮᠦᠨ᠎ᠡ᠎ᠠᠴᠠ ᠢᠯᠡᠷᠬᠡᠢ᠌ᠯᠡᠬᠦ᠎ᠳᠤ᠎ᠪᠠᠨ᠂ ᠵᠠᠯᠠᠨ ᠠᠢ᠌ᠯ᠎ᠤᠨ ᠭᠢᠨᠳᠠᠨ ᠲᠣᠰ ᠤᠳᠠᠭ᠎ᠠ ᠵᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠵᠶ᠋ᠠᠷ ᠰᠢᠨ᠎ᠡ ᠡᠬᠢᠯᠡᠯᠲᠡ ᠪᠣᠯᠭ᠋ᠠᠵᠤ᠂ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠰᠠᠭᠤᠳᠠᠯ᠎ᠳᠤ ᠰᠢᠭᠤᠳ ᠬᠠᠨᠳᠤᠬᠤ ᠵᠢ ᠡᠷᠡᠰ ᠪᠡᠶᠡᠯᠡᠭᠦᠯᠵᠦ᠂ ᠪᠠᠢ᠌ᠴᠠᠭ᠋ᠠᠨ ᠵᠠᠯᠠᠷᠠᠭᠤᠯᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠢ ᠡᠷᠡᠰ ᠰᠠᠢ᠌ᠲᠤᠷ ᠬᠢᠵᠦ᠂ ᠴᠡᠭᠴᠡᠯᠡᠯᠲᠡ ᠵᠢᠨ ᠦᠷ᠎ᠡ ᠪᠦᠲᠦᠮᠵᠢ ᠪᠠ ᠭᠢᠨᠳᠠᠨ᠎ᠤ ᠠᠮᠤᠷ ᠲᠦᠪᠰᠢᠨ ᠲᠣᠭᠲᠠᠭᠤᠨ ᠪᠠᠢ᠌ᠳᠠᠯ᠎ᠢ ᠦᠷᠭᠦᠯᠵᠢᠯᠡᠨ ᠪᠡᠬᠢᠵᠢᠭᠦᠯᠵᠦ᠂ ᠣᠯᠠᠨ ᠲᠦᠮᠡᠨ᠎ᠳᠤ ᠦᠢᠯᠡᠴᠢᠯᠡᠬᠦ ᠰᠢᠨ᠎ᠡ ᠦᠷ᠎ᠡ ᠪᠦᠲᠦᠮᠵᠢ᠂ ᠭᠢᠨᠳᠠᠨ᠎ᠤ ᠠᠵᠢᠯ᠎ᠤᠨ ᠰᠢᠨ᠎ᠡ ᠠᠮᠵᠢᠯᠲᠠ ᠪᠦᠲᠦᠮᠵᠢ᠎ᠪᠠᠷ ᠠᠷᠠᠳ ᠣᠯᠠᠨ᠎ᠤ ᠰᠢᠨ᠎ᠡ ᠬᠦᠰᠡᠯ ᠡᠷᠡᠮᠡᠯᠵᠡᠯ᠎ᠳᠤ ᠬᠠᠷᠢᠭᠤᠯᠲᠠ ᠥᠭᠬᠦ᠎ᠪᠠᠷ ᠴᠢᠷᠮᠠᠢ᠌ᠨ᠎ᠠ ᠭᠡᠵᠡᠶ᠃