《ᠳᠠᠳᠤᠯᠭ᠎ᠠ ᠵᠢᠨ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠡᠷᠢᠵᠦ ᠣᠯᠤᠭᠰᠠᠨ ᠰᠢᠯᠭ᠋ᠠᠭᠤᠯᠤᠭᠴᠢ ᠪᠠᠢ᠌ᠨ᠎ᠠ ᠤᠤ? ᠬᠤᠷᠳᠤᠨ ᠪᠦᠷᠢᠳᠬᠡᠭᠦᠯᠵᠦ ᠦᠵᠡᠭᠡᠷᠡᠶ᠂ ᠪᠢᠳᠡ ᠣᠯᠠᠨ᠎ᠳᠤ 20 ᠭᠠᠷᠤᠶ ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠲᠠᠢ ᠬᠠᠷᠢᠯᠴᠠᠵᠤ ᠣᠯᠠᠨ᠎ᠤ ᠰᠣᠩᠭᠣᠵᠤ ᠳᠠᠳᠤᠯᠭ᠎ᠠ ᠬᠢᠯᠭᠡᠬᠦ ᠪᠣᠯᠪᠠ》 ᠲᠦᠷᠦᠭᠦᠬᠡᠨ᠂ ᠪᠤᠭᠤᠲᠤ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ 2020 ᠣᠨ᠎ᠤ ᠤᠯᠤᠰ᠎ᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ᠎ᠳᠤ ᠬᠢᠷᠢ ᠲᠡᠩᠴᠡᠭᠰᠡᠨ ᠬᠥᠮᠦᠰ᠎ᠲᠤ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠦᠨᠡᠮᠯᠡᠯ᠎ᠢ ᠲᠥᠪᠯᠡᠷᠡᠭᠦᠯᠦᠨ ᠣᠯᠭᠣᠬᠤ ᠠᠵᠢᠯ ᠳᠠᠭᠤᠰᠤᠭᠰᠠᠨ᠎ᠤ ᠳᠠᠷᠠᠭ᠎ᠠ᠂ ᠠᠵᠢᠯᠲᠠᠳ 《ᠰᠢᠯᠭ᠋ᠠᠭᠤᠯᠤᠭᠴᠢ᠎ᠳᠤ ᠦᠢᠯᠡᠴᠢᠯᠡᠬᠦ ᠴᠤᠭᠯᠠᠷᠠᠯ》᠎ᠳᠤ ᠡᠢ᠌ᠮᠦ ᠨᠢᠭᠡᠨ ᠮᠡᠳᠡᠭᠡ ᠨᠡᠢ᠌ᠲᠡᠯᠡᠪᠡ᠃ ᠰᠢᠯᠭ᠋ᠠᠭᠤᠯᠤᠭᠴᠢ ᠵᠢᠨ ᠪᠤᠳᠤᠵᠤ ᠣᠯᠤᠭᠰᠠᠨ ᠥᠬᠡᠶ ᠵᠦᠢᠯ ᠭᠡᠪᠡᠯ᠂ ᠦᠨᠡᠮᠯᠡᠯ ᠣᠯᠤᠭᠰᠠᠨ᠎ᠤ ᠳᠠᠷᠠᠭ᠎ᠠ ᠪᠠᠰᠠ ᠡᠢ᠌ᠮᠦ ᠨᠢᠭᠡ ᠬᠤᠪᠢ ᠢᠯᠡᠭᠦᠤ 《ᠠᠰᠠᠷᠠᠮᠵᠢ》 ᠣᠯᠤᠭᠰᠠᠨ ᠪᠠᠢ᠌ᠨ᠎ᠠ᠃

ᠬᠠᠤᠯᠢᠴᠢ ᠵᠢᠨ ᠠᠵᠢᠯ ᠲᠥᠷᠥᠯ᠎ᠤᠨ ᠠᠵᠢᠯ ᠡᠷᠭᠢᠯᠡᠬᠦ ᠰᠠᠨᠠᠮᠵᠢ᠎ᠲᠠᠢ ᠰᠢᠯᠭ᠋ᠠᠭᠤᠯᠤᠭᠴᠢ ᠵᠢᠨ ᠳᠠᠳᠤᠯᠭ᠎ᠠ ᠵᠢᠨ ᠬᠠᠤᠯᠢᠴᠢ ᠵᠢᠨ ᠭᠠᠵᠠᠷ᠎ᠢ ᠤᠷᠤᠭᠰᠢᠲᠠᠶ ᠡᠷᠢᠵᠦ ᠤᠯᠬᠤ ᠵᠢ ᠪᠠᠲᠤᠯᠠᠬᠤ ᠵᠢᠨ ᠲᠥᠯᠥᠭᠡ᠂ ᠪᠤᠭᠤᠲᠤ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠬᠠᠮᠢᠶᠠᠷᠤᠯᠲᠠ ᠵᠢᠨ ᠰᠠᠯᠠᠭ᠎ᠠ ᠦᠢ᠍ᠯᠡᠴᠢᠯᠡᠭᠡ ᠵᠢ ᠤᠷᠲᠤᠳᠬᠠᠵᠤ᠂ ᠬᠠᠤᠯᠢᠴᠢ ᠵᠢᠨ ᠠᠵᠢᠯ᠎ᠤᠨ ᠰᠠᠯᠠᠭ᠎ᠠ᠎ᠲᠠᠢ ᠬᠠᠮᠲᠤᠷᠠᠨ ᠪᠥᠬᠥ ᠬᠣᠲᠠ ᠵᠢᠨ 20 ᠭᠠᠷᠤᠶ ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠲᠠᠢ ᠵᠣᠯᠭ᠋ᠠᠯᠳᠤᠵᠤ᠂ ᠰᠢᠯᠭ᠋ᠠᠭᠤᠯᠤᠭᠴᠢ ᠵᠢᠨ ᠳᠠᠳᠤᠯᠭ᠎ᠠ ᠵᠢᠨ ᠨᠢᠭᠡᠴᠢ ᠰᠣᠩᠭᠣᠬᠤ᠎ᠳᠤ ᠬᠠᠩᠭ᠋ᠠᠭᠰᠠᠨ ᠪᠠᠢ᠌ᠨ᠎ᠠ᠂ ᠣᠲᠣ ᠪᠣᠯᠲᠠᠯ᠎ᠠ ᠨᠢᠭᠡᠨᠲᠡ 30 ᠭᠠᠷᠤᠶ ᠰᠢᠯᠭ᠋ᠠᠭᠤᠯᠤᠭᠴᠢ ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠲᠠᠢ ᠬᠠᠷᠢᠯᠴᠠᠭᠰᠠᠨ ᠪᠥᠭᠡᠳ ᠳᠠᠳᠤᠯᠭ᠎ᠠ ᠵᠢᠨ ᠰᠠᠨᠠᠮᠵᠢ ᠵᠢ ᠠᠩᠬ᠎ᠠ ᠠᠯᠬᠤᠮ ᠲᠣᠬᠢᠷᠠᠯᠴᠠᠪᠠ᠃
《ᠬᠡᠳᠦᠢ᠌ᠪᠡᠷ ᠬᠠᠤᠯᠢᠴᠢ ᠵᠢᠨ ᠠᠵᠢᠯ ᠬᠢᠬᠦ ᠰᠠᠨᠠᠭ᠎ᠠ᠎ᠲᠠᠢ ᠪᠣᠯᠪᠠᠴᠤ᠂ ᠰᠢᠯᠭ᠋ᠠᠯᠲᠠ᠎ᠠᠴᠠ ᠡᠮᠦᠨ᠎ᠡ ᠳᠠᠳᠤᠯᠭ᠎ᠠ ᠵᠢᠨ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠡᠷᠢᠬᠦ᠎ᠳᠤ ᠨᠡᠯᠢᠶᠡᠳ ᠬᠦᠴᠢᠷᠲᠡᠶ ᠪᠠᠢ᠌ᠬᠤ ᠵᠢ ᠣᠯᠵᠤ ᠰᠣᠨᠣᠰᠤᠭ᠋ᠠᠳ᠂ ᠦᠨᠡᠮᠯᠡᠯ ᠵᠶ᠋ᠡᠨ ᠣᠯᠤᠭᠰᠠᠨ᠎ᠤ ᠳᠠᠷᠠᠭ᠎ᠠ ᠶᠠᠭ ᠬᠠᠮᠢᠭ᠎ᠠ ᠣᠴᠢᠵᠤ ᠳᠠᠳᠤᠯᠭ᠎ᠠ ᠬᠢᠬᠦ ᠲᠤᠬᠠᠶ ᠵᠣᠪᠠᠵᠤ ᠪᠠᠢ᠌ᠪᠠ᠂ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠠᠵᠢᠯᠲᠠᠳ ᠨᠢᠭᠡᠨᠲᠡ ᠣᠯᠠᠨ᠎ᠤ ᠰᠠᠨᠠᠭ᠋ᠠᠰᠢᠷᠠᠨ ᠵᠣᠪᠠᠵᠤ ᠪᠠᠢ᠌ᠭᠰᠠᠨ ᠠᠰᠠᠭᠤᠳᠠᠯ᠎ᠢ ᠰᠢᠢ᠍ᠳᠪᠦᠷᠢᠯᠡᠵᠦ ᠦᠭᠪᠡ》᠃ ᠪᠤᠭᠤᠲᠤ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠎ᠠᠴᠠ ᠰᠢᠯᠭ᠋ᠠᠭᠤᠯᠤᠭᠴᠢ᠎ᠳᠤ ᠳᠠᠳᠤᠯᠭ᠎ᠠ ᠵᠢᠨ ᠲᠠᠪᠴᠠᠩ ᠪᠠᠢ᠌ᠭᠤᠯᠵᠤ ᠥᠭᠭᠦᠭᠰᠡᠨ᠎ᠠᠴᠠ ᠠᠰᠢᠭ ᠭᠥᠷᠳᠡᠭᠰᠡᠨ ᠰᠢᠯᠭ᠋ᠠᠭᠤᠯᠤᠭᠴᠢ ᠪᠠᠶᠠᠷᠲᠠᠶ᠎ᠪᠠᠷ ᠬᠡᠯᠡᠬᠦ᠎ᠳᠤ᠎ᠪᠠᠨ᠂ ᠨᠡᠷ᠎ᠡ ᠮᠡᠳᠡᠭᠦᠯᠬᠦ᠂ ᠰᠢᠯᠭ᠋ᠠᠯᠲᠠ᠎ᠳᠤ ᠣᠷᠣᠯᠴᠠᠬᠤ᠂ ᠬᠢᠷᠢ ᠬᠡᠮ᠎ᠢ ᠬᠢᠨᠠᠨ ᠬᠠᠷᠭᠤᠭᠤᠯᠬᠤ᠎ᠠᠴᠠ ᠠᠪᠤᠭ᠋ᠠᠳ ᠦᠨᠡᠮᠯᠡᠯ ᠠᠪᠬᠤ ᠬᠦᠷᠲᠡᠯᠡᠬᠢ ᠬᠡᠳᠦᠨ ᠰᠠᠷ᠎ᠠ ᠵᠢᠨ ᠳᠣᠲᠣᠷ᠎ᠠ᠂ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠬᠠᠮᠢᠶᠠᠷᠤᠯᠲᠠ ᠵᠢᠨ ᠰᠠᠯᠠᠭ᠎ᠠ᠎ᠠᠴᠠ ᠪᠠᠢ᠌ᠭᠤᠯᠤᠭᠰᠠᠨ 《ᠰᠢᠯᠭ᠋ᠠᠭᠤᠯᠤᠭᠴᠢ ᠵᠢᠨ ᠦᠢᠯᠡᠴᠢᠯᠡᠭᠡᠨ᠎ᠤ ᠸᠢᠴᠠᠲ᠎ᠤᠨ ᠴᠤᠭᠯᠠᠷᠠᠯ》᠎ᠳᠤ ᠮᠠᠰᠢ ᠣᠯᠠᠨ ᠠᠰᠢᠭ ᠭᠥᠷᠳᠡᠵᠦ᠂ ᠡᠩ᠎ᠤᠨ ᠦᠶ᠎ᠡ᠎ᠳᠤ ᠣᠯᠠᠨ ᠵᠶ᠋ᠠᠷ ᠵᠶ᠋ᠠᠨ ᠶᠠᠮᠠᠷ ᠠᠰᠠᠭᠤᠳᠠᠯ ᠪᠠᠢ᠌ᠪᠠᠯ ᠴᠥᠮ ᠴᠤᠭᠯᠠᠷᠠᠯ ᠳᠤᠲᠤᠷ᠎ᠠ ᠠᠰᠠᠭᠤᠯᠲᠠ ᠠᠰᠠᠭᠤᠵᠤ ᠪᠣᠯᠤᠨ᠎ᠠ᠂ ᠠᠵᠢᠯᠲᠠᠨ ᠴᠠᠭ ᠲᠤᠬᠠᠶ᠎ᠳᠤᠨᠢ ᠬᠠᠷᠢᠭᠤᠯᠵᠤ᠂ ᠬᠦᠯᠢᠴᠡᠩᠭᠦᠶ᠎ᠪᠠᠷ ᠵᠢᠯᠣᠭᠣᠳᠴᠤ᠂ ᠡᠭᠦᠨ᠎ᠠᠴᠠ ᠡᠮᠦᠨᠡᠬᠢ ᠵᠥᠪᠬᠡᠨ ᠣᠯᠠᠨ ᠨᠡᠢ᠌ᠲᠡ ᠵᠢᠨ ᠳ᠋ᠤᠭ᠋ᠠᠷ᠎ᠤᠨ ᠵᠠᠷᠯᠠᠯ ᠪᠠ ᠪᠢᠴᠢᠭ᠎ᠤᠨ ᠲᠥᠷᠥ ᠵᠢᠨ ᠪᠣᠳᠣᠯᠭ᠎ᠠ ᠵᠢ ᠦᠵᠡᠬᠦ᠎ᠲᠠᠢ ᠬᠠᠷᠢᠴᠠᠭᠤᠯᠪᠠᠯ ᠮᠠᠰᠢ ᠲᠥᠬᠥᠮ ᠪᠣᠯᠤᠭᠰᠠᠨ ᠪᠠᠢ᠌ᠨ᠎ᠠ ᠭᠡᠵᠡᠶ᠃

ᠰᠢᠯᠭ᠋ᠠᠭᠤᠯᠤᠭᠴᠢ᠎ᠲᠠᠢ 《ᠰᠢᠯᠭ᠋ᠠᠭᠤᠯᠤᠭᠴᠢ᠎ᠳᠤ ᠦᠢᠯᠡᠴᠢᠯᠡᠬᠦ ᠸᠢᠴᠠᠲ᠎ᠤᠨ ᠴᠤᠭᠯᠠᠷᠠᠯ》 ᠪᠠᠢ᠌ᠭᠤᠯᠬᠤ ᠪᠣᠯ ᠪᠤᠭᠤᠲᠤ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠦᠢᠯᠡᠴᠢᠯᠡᠭᠡᠨ᠎ᠤ ᠬᠠᠤᠯᠢ ᠵᠢᠨ ᠰᠢᠯᠭ᠋ᠠᠭᠤᠯᠤᠭᠴᠢ ᠵᠢᠨ ᠪᠠᠰᠠ ᠨᠢᠭᠡᠨ ᠰᠢᠨ᠎ᠡ ᠠᠷᠭ᠎ᠠ ᠬᠡᠮᠵᠢᠶ᠎ᠡ ᠮᠥᠨ᠃ ᠰᠢᠯᠭ᠋ᠠᠭᠤᠯᠤᠭᠰᠠᠳ᠎ᠲᠤ ᠦᠢᠯᠡᠴᠢᠯᠡᠬᠦ ᠣᠨᠣᠯᠵᠢᠬᠤᠨ᠎ᠢ ᠢᠮᠠᠭᠲᠠ ᠲᠤᠭᠤᠰᠢᠯᠠᠭᠤᠯᠬᠤ ᠵᠢᠨ ᠲᠤᠰᠠᠳᠠ᠂ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠬᠠᠮᠢᠶᠠᠷᠤᠯᠲᠠ ᠵᠢᠨ ᠰᠠᠯᠠᠭ᠎ᠠ ᠪᠣᠯᠤᠨ ᠰᠢᠯᠭ᠋ᠠᠭᠤᠯᠤᠭᠰᠠᠳ 《ᠰᠢᠯᠭ᠋ᠠᠭᠤᠯᠤᠭᠰᠠᠳ᠎ᠲᠤ ᠦᠢᠯᠡᠴᠢᠯᠡᠬᠦ ᠸᠢᠴᠠᠲ᠎ᠤᠨ ᠴᠤᠭᠯᠠᠷᠠᠯ》᠎ᠢ ᠪᠠᠢ᠌ᠭᠤᠯᠵᠤ᠂ ᠶᠡᠷᠦᠩᠬᠡᠶ ᠰᠠᠯᠠᠭ᠋ᠠᠨ᠎ᠤ ᠠᠵᠢᠯᠲᠠᠳ ᠪᠦᠬᠦᠨ ᠵᠶ᠋ᠡᠷ ᠵᠶ᠋ᠡᠨ 《ᠴᠤᠭᠯᠠᠷᠠᠯ᠎ᠳᠤ ᠣᠷᠣᠵᠤ ᠦᠢᠯᠡᠴᠢᠯᠡᠪᠡ》᠃ ᠠᠵᠢᠯᠲᠠᠳ ᠲᠣᠰ ᠴᠤᠭᠯᠠᠷᠠᠯ ᠵᠶ᠋ᠠᠷ ᠳᠠᠮᠵᠢᠭᠤᠯᠤᠨ ᠰᠢᠯᠭ᠋ᠠᠭᠤᠯᠤᠭᠴᠢ ᠵᠢᠨ ᠰᠢᠯᠭ᠋ᠠᠯᠲᠠ ᠵᠢᠨ ᠬᠣᠯᠪᠣᠭᠳᠠᠯ ᠪᠥᠬᠥᠶ ᠲᠥᠷᠥ ᠵᠢᠨ ᠪᠣᠳᠣᠯᠭ᠎ᠠ᠂ ᠬᠢᠨᠠᠨ ᠬᠠᠷᠭᠤᠭᠤᠯᠬᠤ ᠶᠠᠪᠤᠴᠠ᠂ ᠦᠨᠡᠮᠯᠡᠯ ᠠᠪᠬᠤ᠎ᠳᠤ ᠠᠩᠬᠠᠷᠬᠤ ᠵᠦᠢᠯ ᠵᠡᠷᠭᠡ ᠠᠭᠤᠯᠭ᠎ᠠ ᠵᠢ ᠴᠠᠭ ᠲᠤᠬᠠᠶ᠎ᠳᠤᠨᠢ ᠮᠡᠳᠡᠭᠳᠡᠬᠦ ᠵᠢᠨ ᠬᠠᠮᠲᠤ ᠰᠢᠯᠭ᠋ᠠᠭᠤᠯᠤᠭᠴᠢ ᠵᠢᠨ ᠠᠰᠠᠭᠤᠳᠠᠯ᠎ᠢ ᠴᠠᠭ ᠲᠤᠬᠠᠶ᠎ᠳᠤᠨᠢ ᠳᠡᠢ᠌ᠯᠵᠦ᠂ ᠰᠢᠯᠭ᠋ᠠᠭᠤᠯᠤᠭᠴᠢ ᠵᠢᠨ ᠠᠵᠢᠯ ᠮᠡᠷᠭᠡᠵᠢᠯ᠎ᠤᠨ ᠲᠥᠯᠥᠪᠵᠢᠭᠦᠯᠭᠡ᠎ᠳᠤ ᠠᠷᠭ᠎ᠠ ᠪᠤᠳᠤᠵᠤ᠂ ᠬᠥᠭᠥᠷᠭᠡ ᠲᠠᠯᠪᠢᠵᠤ᠂ ᠰᠢᠯᠭ᠋ᠠᠭᠤᠯᠤᠭᠴᠢ ᠵᠢᠨ ᠮᠠᠭᠲᠠᠭ᠋ᠠᠯ ᠰᠠᠢ᠌ᠰᠢᠶᠠᠯ᠎ᠢ ᠣᠯᠤᠭᠰᠠᠨ ᠪᠠᠢ᠌ᠨ᠎ᠠ᠃