ᠤᠯᠤᠰ ᠲᠦᠷᠦ ᠬᠠᠤᠯᠢ ᠴᠠᠭ᠋ᠠᠵᠠ ᠵᠢᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢ ᠨᠠᠮ᠎ᠤᠨ ᠲᠡᠦᠬᠡ ᠵᠢᠨ ᠬᠥᠮᠦᠵᠢᠯ᠎ᠲᠠᠢ ᠭᠦᠨᠵᠡᠭᠡᠢ ᠤᠶᠠᠯᠳᠤᠭᠤᠯᠬᠤ ᠵᠢᠨ ᠲᠥᠯᠥᠭᠡ᠂ 《ᠪᠢ ᠤᠯᠠᠨ ᠲᠦᠮᠡᠨ᠎ᠳᠤ ᠪᠣᠳᠠᠲᠠᠢ ᠠᠵᠢᠯ ᠬᠢᠵᠦ ᠥᠭᠭᠦᠨ᠎ᠡ》 ᠪᠠ 《ᠴᠢ ᠬᠦᠴᠢᠷᠳᠡᠯ᠎ᠲᠠᠢ ᠪᠣᠯ ᠨᠠᠮᠠᠶ᠋ᠢ ᠡᠷᠢ᠂ ᠪᠢ ᠨᠠᠮ᠎ᠤᠨ ᠭᠡᠰᠢᠭᠦᠨ ᠪᠢ ᠲᠠᠨ᠎ᠳᠤ ᠬᠠᠪᠰᠤᠷᠤᠨ᠎ᠠ》 ᠭᠡᠬᠦ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠪᠡ᠃ ᠣᠢ᠌ᠷ᠎ᠠ᠎ᠳᠤ᠂ ᠬᠥᠯᠥᠨ ᠪᠣᠢ᠌ᠷ ᠬᠣᠲᠠ ᠵᠢᠨ ᠬᠠᠢ᠌ᠯᠠᠷ ᠲᠣᠭᠣᠷᠢᠭ᠎ᠤᠨ ᠬᠠᠤᠯᠢ ᠴᠠᠭ᠋ᠠᠵᠠ ᠵᠢᠨ ᠲᠣᠪᠴᠢᠶ᠎ᠠ ᠣᠯᠠᠨ ᠨᠡᠢ᠌ᠲᠡ ᠵᠢᠨ ᠬᠠᠤᠯᠢ ᠴᠠᠭ᠋ᠠᠵᠠ ᠵᠢᠨ ᠦᠢᠯᠡᠴᠢᠯᠡᠭᠡ ᠪᠠ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠠᠵᠢᠯᠲᠠᠨ᠎ᠢ ᠵᠣᠬᠢᠶᠠᠨ ᠪᠠᠢ᠌ᠭᠤᠯᠵᠤ ᠬᠠᠢ᠌ᠯᠠᠷ ᠲᠣᠭᠣᠷᠢᠭ᠎ᠤᠨ ᠰᠦ᠍ ᠪᠢᠩ ᠸᠸᠨ ᠠᠭᠤᠳᠠᠮ ᠲᠠᠯᠠᠪᠠᠶ᠎ᠳᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠢ᠌ᠨ ᠳᠤᠷ᠎ᠠ ᠵᠢᠨ ᠦᠢᠯᠡᠴᠢᠯᠡᠭᠡᠨ᠎ᠤ ᠴᠡᠭ ᠭᠠᠷᠭ᠋ᠠᠵᠤ᠂ ᠠᠭᠤᠳᠠᠮ ᠲᠠᠯᠠᠪᠠᠶ ᠵᠢᠨ ᠣᠢ᠌ᠷ᠎ᠠ ᠬᠠᠪᠢ ᠵᠢᠨ ᠰᠠᠭᠤᠭ᠋ᠠᠯᠢ ᠠᠷᠠᠳ᠎ᠲᠤ ᠬᠠᠤᠯᠢ᠎ᠪᠠᠷ ᠵᠠᠰᠠᠬᠤ ᠤᠬᠠᠭᠤᠯᠭ᠎ᠠ᠂ ᠬᠠᠤᠯᠢ ᠴᠠᠭ᠋ᠠᠵᠠ ᠵᠢᠨ ᠵᠥᠪᠯᠡᠯᠭᠡ ᠥᠭᠬᠦ ᠠᠵᠢᠯᠯᠠᠭ᠎ᠠ ᠥᠷᠨᠢᠭᠦᠯᠵᠦ᠂ ᠬᠠᠢ᠌ᠯᠠᠷ ᠲᠣᠭᠣᠷᠢᠭ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠠᠰᠠᠭᠤᠯᠲᠠ ᠵᠢᠨ ᠬᠠᠭᠤᠳᠠᠰᠤ ᠵᠢᠨ ᠪᠠᠢ᠌ᠴᠠᠭ᠋ᠠᠯᠲᠠ ᠵᠢ ᠲᠤᠬᠠᠶ ᠵᠢᠨ ᠲᠠᠯᠠᠪᠠᠶ᠎ᠳᠤ ᠥᠷᠨᠢᠭᠦᠯᠪᠡ᠃

ᠠᠵᠢᠯᠯᠠᠭ᠎ᠠ ᠵᠢᠨ ᠬᠤᠭᠤᠴᠠᠭ᠋ᠠᠨ᠎ᠳᠤ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠢᠷᠭᠡᠨ᠎ᠤ ᠬᠠᠤᠯᠢ ᠵᠢᠨ ᠪᠢᠴᠢᠭ》᠎ᠢ ᠨᠡᠢ᠌ᠲᠡ 50 ᠭᠠᠷᠤᠶ ᠳᠡᠪᠲᠡᠷ ᠲᠠᠷᠬᠠᠭ᠋ᠠᠵᠤ᠂ ᠬᠠᠢ᠌ᠯᠠᠷ ᠲᠣᠭᠣᠷᠢᠭ᠎ᠤᠨ ᠨᠠᠮ᠎ᠤᠨ ᠬᠣᠷᠢᠶᠠᠨ᠎ᠤ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶᠠᠨ᠎ᠤ ᠳᠠᠷᠤᠮᠠᠯᠯᠠᠨ ᠵᠣᠬᠢᠶᠠᠭᠰᠠᠨ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠢᠷᠭᠡᠨ᠎ᠤ ᠬᠠᠤᠯᠢ ᠵᠢᠨ ᠪᠢᠴᠢᠭ᠎ᠤᠨ ᠤᠬᠠᠭᠤᠯᠭ᠎ᠠ ᠵᠢᠨ ᠭᠠᠷ ᠳᠡᠪᠲᠡᠷ》᠎ᠢ 70 ᠭᠠᠷᠤᠶ ᠬᠤᠪᠢ ᠲᠠᠷᠬᠠᠭ᠋ᠠᠵᠤ᠂ ᠲᠤᠬᠠᠶ ᠵᠢᠨ ᠲᠠᠯᠠᠪᠠᠶ᠎ᠳᠤ 20 ᠬᠥᠮᠦᠨ ᠤᠳᠠᠭ᠎ᠠ ᠵᠢᠨ ᠬᠥᠮᠦᠵᠢᠯ ᠴᠡᠭᠴᠡᠯᠡᠯᠲᠡ ᠵᠢᠨ ᠠᠰᠠᠭᠤᠯᠲᠠ ᠵᠢᠨ ᠬᠠᠭᠤᠳᠠᠰᠤ᠎ᠪᠠᠷ ᠪᠠᠢ᠌ᠴᠠᠭ᠋ᠠᠯᠲᠠ ᠬᠢᠵᠦ᠂ 11 ᠬᠥᠮᠦᠨ ᠤᠳᠠᠭ᠎ᠠ ᠵᠢᠨ ᠬᠠᠤᠯᠢ ᠴᠠᠭ᠋ᠠᠵᠠ ᠵᠢᠨ ᠯᠠᠪᠯᠠᠭ᠎ᠠ ᠵᠢ ᠬᠦᠯᠢᠶᠡᠪᠡ᠃

ᠬᠠᠢ᠌ᠯᠠᠷ ᠲᠣᠭᠣᠷᠢᠭ᠎ᠤᠨ ᠬᠠᠤᠯᠢ ᠴᠠᠭ᠋ᠠᠵᠠ ᠵᠢᠨ ᠲᠣᠪᠴᠢᠶ᠎ᠠ ᠢᠷᠭᠡᠨ᠎ᠤ ᠬᠠᠤᠯᠢ ᠵᠢᠨ ᠪᠢᠴᠢᠭ᠎ᠤᠨ ᠠᠭᠤᠯᠭ᠎ᠠ᠎ᠲᠠᠢ ᠤᠶᠠᠯᠳᠤᠭᠤᠯᠤᠨ ᠰᠠᠭᠤᠭ᠋ᠠᠯᠢ ᠠᠷᠠᠳ᠎ᠤᠨ ᠬᠠᠯᠠᠮᠵᠢᠯᠠᠨ ᠠᠩᠬᠠᠷᠴᠤ ᠪᠠᠢ᠌ᠭ᠎ᠠ ᠣᠷᠣᠭ ᠬᠤᠷᠢᠮ᠂ ᠭᠡᠷᠢᠶᠡᠰ᠎ᠢ ᠵᠠᠯᠭ᠋ᠠᠮᠵᠢᠯᠠᠬᠤ᠂ ᠭᠡᠷ᠎ᠡ᠂ ᠠᠯᠪᠠᠨ ᠭᠡᠷᠡᠴᠢᠯᠡᠭᠡ᠂ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠵᠡᠷᠭᠡ ᠠᠰᠠᠭᠤᠳᠠᠯ᠎ᠳᠤ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠪᠠ ᠬᠠᠤᠯᠢ ᠴᠠᠭ᠋ᠠᠵᠠ ᠵᠢᠨ ᠤᠬᠠᠭᠤᠯᠭ᠎ᠠ ᠬᠢᠵᠦ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ᠎ᠳᠤ ᠰᠠᠢ᠌ᠨ ᠦᠷ᠎ᠡ ᠪᠦᠲᠦᠮᠵᠢ ᠤᠯᠪᠠ᠃
ᠠᠰᠠᠭᠤᠯᠲᠠ ᠵᠢᠨ ᠬᠠᠭᠤᠳᠠᠰᠤ᠎ᠪᠠᠷ ᠪᠠᠢ᠌ᠴᠠᠭ᠋ᠠᠯᠲᠠ ᠬᠢᠬᠦ ᠬᠡᠯᠪᠡᠷᠢ᠎ᠪᠠᠷ ᠳᠠᠮᠵᠢᠭᠤᠯᠤᠨ᠂ ᠰᠠᠭᠤᠭ᠋ᠠᠯᠢ ᠠᠷᠠᠳ᠎ᠤᠨ ᠬᠠᠢ᠌ᠯᠠᠷ ᠲᠣᠭᠣᠷᠢᠭ᠎ᠤᠨ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢᠯᠡᠴᠢᠯᠡᠭᠡ᠂ ᠠᠯᠪᠠᠨ ᠭᠡᠷᠡᠴᠢᠯᠡᠭᠡ ᠵᠢᠨ ᠬᠠᠤᠯᠢ ᠴᠠᠭ᠋ᠠᠵᠠ ᠵᠢᠨ ᠦᠢᠯᠡᠴᠢᠯᠡᠭᠡ᠂ ᠬᠠᠤᠯᠢᠴᠢ ᠵᠢᠨ ᠬᠠᠤᠯᠢ ᠴᠠᠭ᠋ᠠᠵᠠ ᠵᠢᠨ ᠦᠢᠯᠡᠴᠢᠯᠡᠭᠡᠨ᠎ᠤ ᠠᠵᠢᠯ᠎ᠤᠨ ᠲᠤᠬᠠᠶ ᠰᠠᠨᠠᠯ ᠰᠠᠨᠠᠭᠤᠯᠭ᠎ᠠ ᠵᠢ ᠬᠤᠷᠢᠶᠠᠵᠤ᠂ ᠠᠵᠢᠯ᠎ᠤᠨ ᠲᠣᠭᠲᠠᠴᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠠᠵᠢᠯ᠎ᠤᠨ ᠰᠤᠷᠲᠠᠯ᠎ᠢ ᠰᠠᠢ᠌ᠵᠢᠷᠠᠭᠤᠯᠵᠤ᠂ ᠤᠯᠤᠰ ᠲᠥᠷᠥ ᠬᠠᠤᠯᠢ ᠴᠠᠭ᠋ᠠᠵᠠ ᠵᠢᠨ ᠡᠩᠨᠡᠭᠡᠨ᠎ᠤ ᠬᠥᠮᠦᠵᠢᠯ ᠴᠡᠭᠴᠡᠯᠡᠯᠲᠡ ᠪᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠦᠨᠡᠨ ᠬᠦ᠌ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ ᠪᠠ ᠦᠢᠯᠡᠴᠢᠯᠡᠭᠡᠨ᠎ᠤ ᠶᠠᠰᠤ ᠴᠢᠨᠠᠷ᠎ᠤᠨ ᠪᠦᠲᠦᠮᠵᠢᠲᠡᠶ ᠳᠡᠭᠡᠭᠰᠢᠯᠡᠯᠲᠡ ᠪᠣᠯᠭ᠋ᠠᠨ ᠬᠤᠪᠢᠷᠠᠭᠤᠯᠪᠠ᠃