ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠨᠠᠮ᠎ᠤᠨ ᠬᠣᠷᠢᠶ᠎ᠠ (ᠥᠷᠭᠡᠳᠬᠡᠭᠰᠡᠨ) ᠵᠢᠨ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ
ᠨᠡᠶ᠋ᠢᠲᠡᠯᠡᠭᠰᠡᠨ ᠴᠠᠭ᠄ 2024-05-06

      4  ᠰᠠᠷ᠎ᠠ ᠵᠢᠨ 28᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠨᠠᠮ᠎ᠤᠨ ᠬᠣᠷᠢᠶ᠎ᠠ (ᠥᠷᠭᠡᠳᠬᠡᠭᠰᠡᠨ) ᠵᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ ᠴᠦᠩᠴᠢᠩ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠵᠢᠨ ᠫᠢᠩ ᠰᠢᠨ᠎ᠡ ᠴᠠᠭ ᠦᠶ᠎ᠡ ᠵᠢᠨ ᠪᠠᠷᠠᠭᠤᠨ ᠣᠷᠣᠨ᠎ᠢ ᠶᠡᠬᠡᠪᠡᠷ ᠨᠡᠭᠡᠭᠡᠨ ᠬᠥᠭᠵᠢᠭᠦᠯᠬᠦ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ  ᠰᠤᠷᠤᠯᠴᠠᠪᠠ᠃ ᠬᠠᠤᠯᠢ ᠴᠠᠭ᠋ᠠᠵᠠ ᠵᠢᠨ  ᠲᠢᠩᠬᠢᠮ᠎ᠤᠨ ᠨᠠᠮ᠎ᠤᠨ ᠬᠣᠷᠢᠶ᠎ᠠ ᠵᠢᠨ ᠱᠦᠵᠢ᠂ ᠲᠢᠩᠬᠢᠮ᠎ᠤᠨ ᠳᠠᠷᠤᠭ᠎ᠠ ᠪᠠᠢ ᠶᠦᠩ ᠫᠢᠩ ᠬᠤᠷᠠᠯ᠎ᠢ ᠡᠷᠬᠢᠯᠡᠪᠡ᠃


图片4.png


      ᠬᠤᠷᠠᠯ᠎ᠠᠴᠠ ᠱᠠᠭ᠋ᠠᠷᠳᠠᠭᠰᠠᠨ᠎ᠨᠢ᠂ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ  ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠡᠯ᠎ᠡ ᠵᠦᠢ᠍ᠯ᠎ᠤᠨ ᠪᠠᠢ᠌ᠷᠢᠯᠠᠭᠤᠯᠤᠯᠲᠠ ᠲᠣᠬᠢᠷᠠᠭᠤᠯᠤᠯᠲᠠ ᠵᠢ ᠨᠠᠷᠢᠨ ᠨᠠᠢ᠌ᠳᠠᠪᠤᠷᠢᠵᠢᠭᠤᠯᠵᠤ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ ᠪᠠ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠲᠦᠷᠦᠭᠦᠯᠡᠬᠦ ᠨᠢᠭᠡᠴᠢ ᠵᠢᠨ ᠡᠨᠡ ᠬᠦ᠌ ᠴᠢᠬᠤᠯᠠ ᠠᠵᠢᠯ᠎ᠢ ᠴᠢᠩᠭ᠎ᠠ ᠠᠳᠬᠤᠵᠤ᠂ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ  ᠵᠠᠬᠢᠷᠭ᠋ᠠᠨ᠎ᠤ ᠭᠣᠣᠯᠳᠠᠯᠭ᠎ᠠ᠎ᠲᠠᠢ  ᠠᠵᠢᠯ᠎ᠤᠨ 《ᠨᠠᠢ᠍ᠮᠠᠨ  ᠵᠦᠢ᠍ᠯ᠎ᠤᠨ  ᠢᠨᠵᠧᠨᠧᠷᠢᠩ》᠎ᠢ ᠨᠠᠢ᠌ᠳᠠᠪᠤᠷᠢᠵᠢᠭᠤᠯᠤᠨ  ᠪᠤᠲᠠᠲᠠᠢ᠌ᠵᠢᠭᠤᠯᠬᠤ ᠵᠢ ᠦᠷᠭᠦᠯᠵᠢᠯᠡᠨ ᠴᠢᠩᠭ᠎ᠠ ᠠᠩᠬᠠᠷᠴᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠦᠴᠦᠨ ᠴᠢᠳᠠᠯ ᠵᠶ᠋ᠠᠨ  ᠨᠡᠮᠡᠷᠢᠯᠡᠬᠦ ᠬᠡᠷᠡᠭᠲᠡᠢ᠃ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠬᠠᠮᠢᠶ᠎ᠠ ᠪᠦᠬᠦᠢ ᠠᠵᠢᠯ᠎ᠢ ᠠᠬᠢᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠵᠶ᠋ᠡᠷ ᠠᠵᠠ ᠲᠣᠬᠢᠶᠠᠯ ᠪᠣᠯᠭ᠋ᠠᠵᠤ᠂ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠪᠠᠢ᠌ᠩᠭᠤᠵᠢᠭᠰᠠᠨ  ᠲᠣᠭᠲᠠᠴᠠ ᠵᠢ ᠪᠦᠷᠢᠨᠰᠢᠭᠦᠯᠵᠦ᠂ ᠭᠦᠢ᠍ᠴᠡᠳᠬᠡᠪᠡᠰᠦ ᠵᠣᠬᠢᠬᠤ ᠬᠠᠷᠢᠭᠤᠴᠠᠯᠭ᠎ᠠ ᠪᠣᠯᠣᠨ ᠬᠥᠩᠭᠡᠷᠡᠭᠦᠯᠪᠡᠰᠦ ᠵᠣᠬᠢᠬᠤ ᠳᠠᠷᠤᠭ᠋ᠠᠰᠤ ᠵᠢ ᠴᠢᠨᠠᠭᠰᠢᠳᠠ ᠲᠣᠳᠣᠷᠬᠠᠢ᠌ᠯᠠᠵᠤ᠂ ᠠᠵᠢᠯ ᠬᠢᠵᠦ ᠦᠢ᠍ᠯᠡᠰ ᠪᠣᠰᠬᠠᠬᠤ᠎ᠳᠤ ᠠᠰᠢᠭᠲᠠᠢ ᠰᠠᠢ᠌ᠨ ᠰᠠᠢ᠌ᠬᠠᠨ ᠣᠷᠴᠢᠨ ᠲᠣᠭᠣᠷᠢᠨ᠎ᠢ ᠢᠳᠡᠪᠬᠢᠲᠡᠢ ᠪᠤᠢ ᠪᠣᠯᠭ᠋ᠠᠬᠤ ᠬᠡᠷᠡᠭᠲᠡᠢ᠃ ᠠᠮᠤᠷ ᠲᠦᠪᠰᠢᠨ ᠲᠣᠭᠲᠠᠭᠤᠨ᠎ᠤ ᠬᠥᠪᠴᠢ ᠵᠢ ᠦᠷᠭᠦᠯᠵᠢᠯᠡᠨ ᠴᠢᠩᠭ᠋ᠠᠷᠠᠭᠤᠯᠵᠤ᠂ 《 5·1》᠎ᠤ ᠪᠠᠶᠠᠷ᠎ᠠᠴᠠ ᠡᠮᠦᠨᠡᠬᠢ ᠠᠶᠤᠯᠭᠦᠢ ᠦᠢ᠍ᠯᠡᠳᠪᠦᠷᠢᠯᠡᠯ᠎ᠤᠨ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠢ ᠰᠠᠢ᠌ᠲᠤᠷ ᠬᠢᠵᠦ᠂ ᠭᠣᠣᠯᠳᠠᠯᠭ᠎ᠠ᠎ᠲᠠᠢ ᠣᠷᠣᠨ ᠪᠠᠢ᠌ᠷᠢ᠂ ᠭᠣᠣᠯᠳᠠᠯᠭ᠎ᠠ᠎ᠲᠠᠢ ᠴᠠᠭ ᠬᠤᠭᠤᠴᠠᠭ᠎ᠠ᠂ ᠭᠣᠣᠯᠳᠠᠯᠭ᠎ᠠ᠎ᠲᠠᠢ ᠬᠥᠮᠥᠰ᠎ᠤᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠪᠠᠶᠠᠷ ᠳᠤᠷᠠᠰᠬᠠᠯ  ᠠᠮᠠᠷᠠᠯᠲᠠ ᠵᠢᠨ ᠬᠤᠭᠤᠴᠠᠭ᠋ᠠᠨ᠎ᠳᠠᠬᠢ ᠵᠥᠷᠢᠴᠡᠯ ᠵᠢᠭᠤᠷᠠᠯᠳᠤᠭ᠋ᠠᠨ᠎ᠢ ᠪᠠᠢ᠌ᠴᠠᠭ᠋ᠠᠨ ᠰᠢᠢ᠍ᠳᠪᠦᠷᠢᠯᠡᠬᠦ ᠠᠵᠢᠯ᠎ᠢ ᠦᠷᠭᠦᠯᠵᠢᠯᠡᠨ ᠰᠠᠢ᠌ᠲᠤᠷ ᠬᠢᠵᠦ᠂ ᠨᠡᠢ᠌ᠭᠡᠮ᠎ᠤᠨ ᠡᠶ᠎ᠡ ᠵᠣᠬᠢᠴᠠᠯ ᠪᠠ ᠲᠣᠭᠲᠠᠭᠤᠨ ᠪᠠᠢ᠌ᠳᠠᠯ᠎ᠢ ᠦᠨᠡᠨ ᠬᠦ᠌  ᠬᠠᠮᠠᠭ᠋ᠠᠯᠠᠬᠤ ᠬᠡᠷᠡᠭᠲᠡᠢ᠃ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠰᠠᠨᠠᠭᠤᠯᠭ᠎ᠠ᠂ ᠤᠯᠤᠰ ᠲᠦᠷᠦ ᠵᠢᠨ ᠵᠥᠪᠯᠡᠯᠭᠡᠨ᠎ᠤ ᠰᠠᠨᠠᠯ ᠳᠤᠷᠠᠳᠤᠯᠭ᠎ᠠ ᠵᠢ  ᠰᠢᠢ᠍ᠳᠪᠦᠷᠢᠯᠡᠬᠦ ᠠᠵᠢᠯ᠎ᠤᠨ ᠡᠷᠴᠢᠮ᠎ᠢ ᠴᠢᠩᠭ᠋ᠠᠷᠠᠭᠤᠯᠵᠤ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠎ᠯᠦᠭᠡ ᠵᠢᠨ ᠣᠯᠣᠯᠴᠠᠭ᠎ᠠ ᠵᠣᠬᠢᠴᠠᠭᠤᠯᠭ᠎ᠠ᠎ᠪᠠᠨ ᠰᠠᠨᠠᠭ᠋ᠠᠴᠢᠯᠠᠭ᠎ᠠ᠎ᠠᠴᠠ᠎ᠪᠠᠨ ᠴᠢᠩᠭ᠋ᠠᠳᠬᠠᠵᠤ᠂ ᠶᠠᠪᠤᠳᠠᠯ ᠪᠦᠬᠦᠨ᠎ᠢ ᠨᠠᠢ᠌ᠳᠠᠪᠤᠷᠢᠵᠢᠭᠤᠯᠵᠤ᠂ ᠶᠠᠪᠤᠳᠠᠯ ᠪᠦᠬᠦᠨ᠎ᠳᠤ ᠬᠠᠷᠢᠭᠤᠯᠲᠠ ᠥᠭᠬᠦ ᠬᠡᠷᠡᠭᠲᠡᠢ  ᠭᠡᠪᠡ᠃ 

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            