ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ 2024 ᠣᠨ᠎ᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠨᠢᠭᠡᠳᠦᠭᠡᠷ ᠬᠤᠭᠤᠴᠠᠭ᠋ᠠᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠬᠢᠷᠢ ᠬᠡᠮ᠎ᠢ ᠭᠡᠷᠡᠴᠢᠯᠡᠬᠦ ᠪᠣᠯᠪᠠᠰᠤᠷᠠᠯ᠎ᠤᠨ ᠠᠩᠭᠢ ᠡᠷᠬᠢᠯᠡᠪᠡ
ᠨᠡᠶ᠋ᠢᠲᠡᠯᠡᠭᠰᠡᠨ ᠴᠠᠭ᠄ 2024-05-06

      4  ᠰᠠᠷ᠎ᠠ ᠵᠢᠨ 24᠎ᠤ ᠡᠳᠦᠷ᠎ᠠᠴᠠ 26᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 2024 ᠣᠨ᠎ᠤ ᠨᠢᠭᠡᠳᠦᠭᠡᠷ ᠬᠤᠭᠤᠴᠠᠭ᠋ᠠᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ  ᠬᠢᠷᠢ ᠬᠡᠮ᠎ᠢ ᠭᠡᠷᠡᠴᠢᠯᠡᠬᠦ ᠪᠣᠯᠪᠠᠰᠤᠷᠠᠯ᠎ᠤᠨ ᠠᠩᠭᠢ  ᠵᠢ ᠬᠠᠤᠯᠢ᠎ᠪᠠᠷ ᠵᠠᠰᠠᠬᠤ ᠪᠣᠯᠪᠠᠰᠤᠷᠠᠯ᠎ᠤᠨ ᠲᠥᠪ᠎ᠲᠤ  ᠡᠷᠬᠢᠯᠡᠪᠡ᠃


图片3.png


      ᠠᠩᠭᠢ ᠡᠬᠢᠯᠡᠬᠦ ᠶᠣᠰᠣᠯᠠᠯ ᠳᠡᠭᠡᠷ᠎ᠡ᠂ ᠲᠣᠰ ᠤᠳᠠᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠪᠣᠯᠪᠠᠰᠤᠷᠠᠯ᠎ᠢ ᠰᠠᠢ᠌ᠲᠤᠷ ᠠᠳᠬᠤᠬᠤ ᠲᠠᠯ᠎ᠠ᠎ᠪᠠᠷ ᠭᠤᠷᠪᠠᠨ ᠲᠠᠯ᠎ᠠ ᠵᠢᠨ ᠱᠠᠭ᠋ᠠᠷᠳᠠᠯᠭ᠎ᠠ  ᠳᠤᠷᠠᠳᠪᠠ᠄  ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠬᠦᠰᠡᠯᠡᠩ ᠢᠲᠡᠭᠡᠯ ᠵᠣᠷᠢᠭ ᠵᠶ᠋ᠠᠨ ᠪᠠᠲᠤᠳᠬᠠᠬᠤ ᠬᠡᠷᠡᠭᠲᠡᠢ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠰᠢᠨᠵᠢ ᠴᠢᠨᠠᠷ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ  ᠠᠵᠢᠯ᠎ᠤᠨ ᠪᠠᠢ᠌ᠳᠠᠯ᠎ᠢ ᠣᠨᠣᠪᠴᠢᠲᠠᠢ ᠡᠵᠡᠮᠳᠡᠵᠦ᠂ ᠦᠢ᠍ᠯᠡᠳᠦᠯᠭᠡ ᠵᠢᠨ  ᠳᠠᠪᠲᠠᠯᠲᠠ ᠵᠢ ᠴᠢᠬᠤᠯᠠᠴᠢᠯᠠᠵᠤ᠂ ᠰᠤᠷᠤᠯᠴᠠᠬᠤ ᠪᠠ ᠰᠡᠳᠬᠢᠬᠦ᠂ ᠦᠢ᠍ᠯᠡᠳᠦᠯᠭᠡᠵᠢᠭᠦᠯᠬᠦ ᠪᠠ ᠤᠬᠠᠮᠰᠠᠷᠠᠬᠤ ᠵᠢ ᠤᠶᠠᠯᠳᠤᠭᠤᠯᠵᠤ᠂ ᠮᠡᠳᠡᠬᠦᠢ ᠬᠢᠬᠦᠢ ᠵᠢ ᠨᠢᠭᠡᠳᠬᠡᠬᠦ ᠵᠢ ᠪᠠᠷᠢᠮᠲᠠᠯᠠᠵᠤ᠂ ᠰᠤᠷᠤᠯᠴᠠᠯᠭ᠎ᠠ᠎ᠳᠤ ᠲᠦᠰᠢᠭᠯᠡᠨ ᠢᠲᠡᠭᠡᠯ ᠵᠣᠷᠢᠭ ᠵᠶ᠋ᠠᠨ ᠪᠠᠲᠤᠳᠬᠠᠵᠤ᠂ ᠴᠢᠳᠠᠪᠤᠷᠢ᠎ᠪᠠᠨ ᠳᠡᠭᠡᠭᠰᠢᠯᠡᠭᠦᠯᠵᠦ᠂ ᠬᠠᠷᠢᠴᠠᠯᠠᠰᠢ ᠦᠭᠡᠢ ᠦᠨᠡᠨᠴᠢ ᠰᠢᠳᠤᠷᠭᠤ᠂ ᠬᠠᠷᠢᠴᠠᠯᠠᠰᠢ ᠦᠭᠡᠢ ᠴᠡᠪᠡᠷ᠂ ᠬᠠᠷᠢᠴᠠᠯᠠᠰᠢ ᠦᠭᠡᠢ ᠨᠠᠢ᠌ᠳᠠᠪᠤᠷᠢᠲᠠᠢ ᠢᠲᠡᠭᠡᠯ ᠪᠢᠰᠢᠷᠡᠯ᠎ᠢ ᠪᠤᠢ ᠪᠣᠯᠭ᠋ᠠᠵᠤ᠂ ᠥᠪᠡᠷ᠎ᠤᠨ ᠦᠰᠦᠨ ᠪᠣᠢ᠌ᠵᠢᠵᠤ ᠴᠢᠳᠠᠪᠤᠷᠢᠲᠠᠨ ᠪᠣᠯᠬᠤ᠎ᠳᠤ ᠪᠠᠲᠤ ᠪᠡᠬᠢ ᠦᠵᠡᠯ ᠰᠠᠨᠠᠭ᠋ᠠᠨ᠎ᠤ ᠰᠠᠭᠤᠷᠢ ᠵᠢ ᠲᠠᠯᠪᠢᠬᠤ ᠬᠡᠷᠡᠭᠲᠡᠢ᠃ ᠨᠠᠰᠤᠨ ᠲᠤᠷᠰᠢᠲᠠ ᠰᠤᠷᠤᠯᠴᠠᠬᠤ ᠵᠢ ᠪᠠᠷᠢᠮᠲᠠᠯᠠᠵᠤ᠂ ᠬᠠᠤᠯᠢ ᠬᠡᠷᠡᠭᠵᠢᠭᠦᠯᠬᠦ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠃ 《ᠰᠤᠷᠤᠯᠴᠠᠬᠤ》 ᠴᠢᠳᠠᠪᠤᠷᠢ᠎ᠪᠠᠨ ᠳᠡᠭᠡᠭᠰᠢᠯᠡᠭᠦᠯᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠠᠢ᠌ᠷᠢ ᠵᠢᠨ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠠᠤᠯᠢ᠂ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠬᠠᠤᠯᠢ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ ᠵᠡᠷᠭᠡ ᠬᠠᠮᠢᠶ᠎ᠠ ᠪᠦᠬᠦᠢ ᠮᠡᠳᠡᠯᠭᠡ ᠵᠢᠨ ᠰᠤᠷᠤᠯᠴᠠᠯᠭ᠎ᠠ᠎ᠪᠠᠨ ᠲᠠᠰᠤᠷᠠᠯᠲᠠ ᠦᠭᠡᠢ ᠴᠢᠩᠭ᠋ᠠᠳᠬᠠᠵᠤ᠂ ᠰᠣᠷᠣᠭᠰᠠᠨ ᠣᠨᠣᠯ᠎ᠤᠨ ᠮᠡᠳᠡᠯᠭᠡ ᠪᠠ ᠠᠵᠢᠯ᠎ᠤᠨ ᠪᠣᠳᠠᠲᠤ ᠪᠠᠢ᠌ᠳᠠᠯ ᠵᠶ᠋ᠠᠨ ᠬᠠᠷᠢᠯᠴᠠᠨ ᠠᠭᠤᠰᠤᠯᠴᠠᠭᠤᠯᠬᠤ᠎ᠪᠠᠷ  ᠴᠢᠷᠮᠠᠢ᠌ᠬᠤ  ᠬᠡᠷᠡᠭᠲᠡᠢ᠃ ᠰᠠᠬᠢᠯᠭ᠎ᠠ ᠪᠠᠲᠤ ᠵᠢ ᠴᠢᠩᠭ᠎ᠠ ᠬᠡᠷᠡᠭᠵᠢᠭᠦᠯᠵᠦ᠂ ᠰᠤᠷᠤᠯᠴᠠᠯᠭ᠎ᠠ ᠵᠢᠨ ᠦᠷ᠎ᠡ ᠪᠦᠲᠦᠮᠵᠢ ᠵᠢ ᠦᠨᠡᠨ ᠬᠦ᠌ ᠪᠠᠲᠤᠯᠠᠬᠤ ᠬᠡᠷᠡᠭᠲᠡᠢ᠃ ᠣᠪᠣᠷ ᠵᠶ᠋ᠠᠨ ᠲᠥᠪ ᠪᠣᠯᠭ᠋ᠠᠵᠤ᠂ ᠦᠵᠡᠯ ᠰᠠᠨᠠᠭ᠋ᠠᠨ᠎ᠤ ᠲᠠᠯ᠎ᠠ᠎ᠪᠠᠷ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠳᠡᠭᠡᠳᠦ ᠬᠡᠮᠵᠢᠶᠡᠨ᠎ᠤ ᠤᠬᠠᠮᠰᠠᠷ᠎ᠠᠴᠠ᠎ᠪᠠᠨ᠂ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠰᠤᠷᠤᠯᠴᠠᠯᠭ᠎ᠠ᠎ᠳᠤ ᠣᠷᠣᠯᠴᠠᠬᠤ ᠬᠡᠷᠡᠭᠲᠡᠢ᠃ ᠰᠠᠬᠢᠯᠭ᠎ᠠ ᠪᠠᠲᠤ ᠵᠢ ᠴᠢᠩᠭ᠎ᠠ ᠰᠠᠬᠢᠵᠤ᠂ ᠲᠣᠬᠢᠷᠠᠭᠤᠯᠤᠯᠲᠠ ᠵᠢ ᠳᠠᠭ᠋ᠠᠵᠤ᠂ ᠵᠢᠯᠣᠭᠣᠳᠤᠯᠭ᠎ᠠ ᠵᠢ ᠳᠠᠭ᠋ᠠᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠩᠨᠡᠭᠡ ᠵᠢᠨ ᠰᠠᠢ᠌ᠨ ᠰᠠᠢ᠌ᠬᠠᠨ ᠳᠦᠷᠢ ᠲᠥᠷᠬᠦ ᠵᠢ ᠢᠯᠡᠷᠡᠭᠦᠯᠬᠦ

ᠬᠡᠷᠡᠭᠲᠡᠢ᠃

      ᠪᠣᠯᠪᠠᠰᠤᠷᠠᠯ᠎ᠳᠤ ᠵᠠᠰᠠᠭ ᠵᠠᠬᠢᠷᠭ᠋ᠠᠨ᠎ᠤ  ᠬᠠᠤᠯᠢ ᠬᠡᠷᠡᠭᠵᠢᠭᠦᠯᠬᠦ  ᠬᠦᠷᠢᠶᠡᠨ᠎ᠤ ᠲᠤᠰᠬᠠᠢ ᠮᠡᠷᠭᠡᠵᠢᠯᠲᠡᠨ᠂ ᠫᠷᠤᠹᠧᠰᠰᠤᠷ᠎ᠢ  ᠤᠷᠢᠵᠤ᠂ ᠰᠢ ᠵᠢᠨ  ᠫᠢᠩ ᠎ᠤᠨ  ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠂ ᠵᠠᠰᠠᠭ ᠵᠠᠬᠢᠷᠭ᠋ᠠᠨ᠎ᠤ ᠰᠢᠢ᠍ᠳᠬᠡᠯ᠎ᠢ ᠵᠢᠷᠤᠮᠵᠢᠭᠤᠯᠬᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠵᠣᠬᠢᠶᠠᠬᠤ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ》 ᠵᠢᠴᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠬᠠᠮᠢᠶ᠎ᠠ ᠪᠦᠬᠦᠢ ᠬᠠᠤᠯᠢ ᠴᠠᠭ᠋ᠠᠵᠠ ᠵᠢᠨ ᠮᠡᠳᠡᠯᠭᠡ ᠵᠡᠷᠭᠡ ᠠᠭᠤᠯᠭ᠎ᠠ ᠵᠢ ᠰᠤᠷᠤᠯᠴᠠᠨ  ᠲᠤᠭᠤᠰᠢᠯᠠᠭᠤᠯᠤᠨ  ᠨᠠᠢ᠌ᠳᠠᠪᠤᠷᠢᠵᠢᠭᠤᠯᠬᠤ ᠲᠣᠭᠣᠷᠢᠨ᠎ᠳᠤ ᠭᠣᠣᠯᠳᠠᠯᠭ᠎ᠠ᠎ᠲᠠᠢ᠎ᠪᠠᠷ ᠭᠦᠨᠵᠡᠭᠡᠢ ᠲᠠᠢ᠌ᠯᠤᠮᠵᠢ ᠬᠢᠪᠡ᠃ ᠬᠢᠴᠢᠶᠡᠯ ᠵᠢᠭ᠋ᠠᠬᠤ ᠪᠠᠭᠰᠢ ᠵᠠᠰᠠᠭ ᠵᠠᠬᠢᠷᠭ᠋ᠠᠨ᠎ᠤ  ᠰᠢᠢ᠍ᠳᠬᠡᠯ᠎ᠤᠨ ᠬᠠᠤᠯᠢ᠂ ᠵᠠᠰᠠᠭ ᠵᠠᠬᠢᠷᠭ᠋ᠠᠨ᠎ᠤ  ᠳᠠᠬᠢᠨ ᠵᠥᠪᠯᠡᠬᠦ ᠬᠠᠤᠯᠢ᠎ᠪᠠᠷ ᠭᠣᠣᠯ ᠰᠢᠵᠢᠮ ᠪᠣᠯᠭ᠋ᠠᠵᠤ᠂ ᠦᠢ᠍ᠯᠡᠳᠦᠯᠭᠡ ᠪᠠ ᠬᠠᠤᠯᠢ ᠬᠡᠷᠡᠭᠵᠢᠭᠦᠯᠦᠭᠰᠡᠨ  ᠬᠡᠷᠡᠭ᠎ᠤᠨ ᠵᠢᠱ᠌ᠢᠶ᠎ᠡ ᠵᠡᠷᠭᠡ ᠠᠭᠤᠯᠭ᠎ᠠ᠎ᠲᠠᠢ ᠤᠶᠠᠯᠳᠤᠭᠤᠯᠤᠨ ᠭᠣᠣᠯᠳᠠᠯᠭ᠎ᠠ᠎ᠲᠠᠢ ᠬᠠᠪᠰᠤᠷᠤᠨ ᠵᠢᠯᠤᠭᠣᠳᠴᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠪᠤᠴᠠ᠎ᠳᠤ ᠲᠣᠬᠢᠶᠠᠯᠳᠤᠭᠰᠠᠨ ᠵᠠᠷᠢᠮ ᠪᠠᠢ᠌ᠩᠭᠤ ᠲᠣᠬᠢᠶᠠᠯᠳᠤᠬᠤ ᠠᠰᠠᠭᠤᠳᠠᠯ᠎ᠢ  ᠭᠦᠨᠵᠡᠭᠡᠢ ᠲᠠᠢ᠌ᠯᠪᠤᠷᠢᠯᠠᠬᠤ ᠵᠢᠨ ᠬᠠᠮᠲᠤ ᠪᠣᠳᠠᠲᠠᠢ ᠬᠠᠤᠯᠢ ᠬᠡᠷᠡᠭᠵᠢᠭᠦᠯᠦᠭᠰᠡᠨ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠬᠤ ᠵᠢ  ᠵᠢᠯᠤᠭᠤᠳᠪᠠ᠃

      ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 12 ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ 105 ᠰᠢᠨ᠎ᠡ᠎ᠪᠠᠷ ᠨᠡᠮᠡᠭᠳᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ ᠲᠣᠰ ᠤᠳᠠᠭ᠋ᠠᠨ᠎ᠤ ᠪᠣᠯᠪᠠᠰᠤᠷᠠᠯ᠎ᠳᠤ ᠣᠷᠣᠯᠴᠠᠪᠠ᠃ 

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            