5 ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢᠨ ᠬᠥᠬᠡᠬᠣᠲᠠ ᠵᠢᠨ ᠲᠡᠮᠦᠷ ᠵᠠᠮ᠎ᠤᠨ ᠲᠡᠭᠡᠭᠡᠪᠦᠷᠢ ᠵᠢᠨ ᠬᠤᠪᠢᠶᠠᠷᠢ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠪᠠᠢ᠌ᠴᠠᠭ᠋ᠠᠭᠴᠢ ᠳᠠᠷᠤᠭ᠎ᠠ ᠴᠧᠨ ᠪᠥᠸᠧ ᠨᠠᠷ ᠬᠠᠤᠯᠢ ᠴᠠᠭ᠋ᠠᠵᠠ ᠵᠢᠨ ᠲᠢᠩᠬᠢᠮ᠎ᠳᠤ ᠬᠦᠷᠴᠦ᠂ ᠣᠷᠴᠢᠨ ᠲᠣᠭᠣᠷᠢᠨ᠎ᠤ ᠬᠣᠬᠢᠷᠠᠯ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯ᠎ᠢ ᠵᠣᠯᠭ᠋ᠠᠭᠤᠯᠤᠨ ᠵᠥᠪᠳᠡᠯᠴᠡᠪᠡ᠃
ᠬᠣᠶᠠᠷ ᠲᠠᠯ᠎ᠠ᠎ᠪᠠᠷ ᠵᠶ᠋ᠠᠨ ᠵᠥᠪᠳᠡᠯᠴᠡᠬᠦ᠎ᠪᠠᠷ ᠲᠠᠮᠵᠢᠨ ᠬᠠᠮᠲᠤ ᠵᠢᠨ ᠲᠠᠨᠢᠯᠲᠠ᠎ᠲᠠᠢ ᠪᠣᠯᠪᠠ᠄ ᠨᠢᠭᠡ᠎ᠳᠤ ᠮᠡᠳᠡᠭᠡ ᠵᠠᠩᠭᠢ ᠵᠢᠨ ᠪᠡᠬᠢᠯᠡᠯᠲᠡ ᠵᠢ ᠡᠪᠳᠡᠵᠦ᠂ ᠬᠣᠶᠠᠷ ᠲᠠᠯ᠎ᠠ᠎ᠪᠠᠷ ᠵᠶ᠋ᠠᠨ ᠮᠡᠳᠡᠭᠡ ᠵᠠᠩᠭᠢ ᠵᠢᠨ ᠨᠡᠪᠲᠡᠷᠡᠯᠴᠡᠭᠡ ᠵᠢ ᠠᠬᠢᠭᠤᠯᠵᠤ᠂ ᠪᠦᠬᠦ ᠣᠷᠣᠨ᠎ᠤ ᠣᠷᠴᠢᠨ ᠲᠣᠭᠣᠷᠢᠨ᠎ᠤ ᠬᠣᠬᠢᠷᠠᠯ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠪᠠᠢ᠌ᠭᠤᠯᠤᠮᠵᠢ᠂ ᠠᠵᠢᠯᠲᠠᠨ ᠵᠢᠴᠢ ᠨᠡᠶ᠋ᠢᠲᠡ ᠵᠢᠨ ᠠᠰᠠᠷᠠᠮᠵᠢ ᠵᠢᠨ ᠵᠠᠷᠭᠤ᠎ᠳᠠᠬᠢ ᠣᠷᠴᠢᠨ ᠲᠣᠭᠣᠷᠢᠨ᠎ᠤ ᠬᠣᠬᠢᠷᠠᠯ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠬᠡᠷᠡᠭ᠎ᠤᠨ ᠢᠲᠡᠭᠡᠮᠵᠢ ᠵᠢᠨ ᠨᠤᠷᠮ᠎ᠠ᠂ ᠪᠢᠴᠢᠭ ᠮᠠᠲ᠋ᠧᠷᠢᠶᠠᠯ᠎ᠢ ᠪᠤᠴᠠᠭ᠋ᠠᠭᠰᠠᠨ ᠨᠤᠷᠮ᠎ᠠ ᠵᠢᠨ ᠮᠡᠳᠡᠭᠡ ᠵᠠᠩᠭᠢ ᠵᠢ ᠬᠠᠮᠲᠤ᠎ᠪᠠᠷ ᠬᠤᠪᠢᠶᠠᠯᠴᠠᠨ᠎ᠠ᠃ ᠬᠣᠶᠠᠷ᠎ᠲᠤ ᠣᠷᠴᠢᠨ ᠲᠣᠭᠣᠷᠢᠨ᠎ᠤ ᠬᠣᠬᠢᠷᠠᠯ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠬᠠᠮᠢᠶᠠᠷᠤᠯᠲᠠ ᠵᠢᠨ ᠬᠥᠮᠥᠷᠭᠡ ᠵᠢ ᠪᠠᠢ᠌ᠭᠤᠯᠵᠤ᠂ ᠣᠷᠣᠨ᠎ᠤ ᠳᠣᠲᠣᠨ᠎ᠠ ᠭᠠᠳᠠᠨᠠᠬᠢ ᠪᠠᠢ᠌ᠭᠤᠯᠤᠮᠵᠢ ᠵᠢ ᠪᠦᠷᠢᠳᠬᠡᠨ ᠳᠠᠩᠰᠠᠯᠠᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃ ᠭᠤᠷᠪᠠ᠎ᠳᠤ ᠰᠣᠯᠢᠯᠴᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠠᠴᠠ ᠣᠷᠴᠢᠨ ᠲᠣᠭᠣᠷᠢᠨ᠎ᠤ ᠬᠣᠬᠢᠷᠠᠯ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠪᠠᠢ᠌ᠭᠤᠯᠤᠮᠵᠢ᠂ ᠬᠢᠨᠠᠨ ᠲᠣᠭᠲᠠᠭ᠋ᠠᠭᠴᠢ ᠵᠢᠨ ᠨᠡᠷᠡᠰ᠎ᠤᠨ ᠳᠡᠪᠲᠡᠷ ᠵᠢᠴᠢ ᠵᠢᠯ ᠪᠦᠷᠢ ᠵᠢᠨ ᠦᠨᠡᠨᠴᠢ ᠢᠲᠡᠭᠡᠮᠵᠢ ᠵᠢᠨ ᠵᠡᠷᠭᠡ ᠳᠡᠰ᠎ᠢ ᠦᠨᠡᠯᠡᠨ ᠵᠢᠱ᠌ᠢᠭᠰᠡᠨ ᠦᠷ᠎ᠡ ᠳ᠋ᠦᠩ᠎ᠢ ᠴᠠᠭ ᠲᠤᠬᠠᠢᠳᠤᠨᠢ ᠮᠡᠳᠡᠭᠳᠡᠬᠦ ᠵᠢᠨ ᠬᠠᠮᠲᠤ ᠨᠡᠶ᠋ᠢᠲᠡ ᠵᠢᠨ ᠠᠰᠠᠷᠠᠮᠵᠢ ᠵᠢᠨ ᠵᠠᠷᠭᠤ᠎ᠳᠠᠬᠢ ᠤᠷᠢᠳᠴᠢᠯᠠᠨ ᠰᠦᠢ᠍ᠳᠬᠡᠯ ᠬᠤᠷᠢᠶᠠᠬᠤ ᠦᠭᠡᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠪᠠᠢ᠌ᠭᠤᠯᠤᠮᠵᠢ ᠵᠢ ᠬᠥᠮᠥᠷᠭᠡ᠎ᠳᠤ ᠣᠷᠣᠭᠤᠯᠬᠤ᠎ᠪᠠᠷ ᠲᠠᠨᠢᠯᠴᠠᠭᠤᠯᠤᠨ᠎ᠠ᠃ ᠬᠥᠬᠡᠬᠣᠲᠠ ᠵᠢᠨ ᠲᠡᠮᠦᠷ ᠵᠠᠮ᠎ᠤᠨ ᠲᠡᠭᠡᠭᠡᠪᠦᠷᠢ ᠵᠢᠨ ᠬᠤᠪᠢᠶᠠᠷᠢ ᠪᠠᠢ᠌ᠴᠠᠭ᠋ᠠᠬᠤ ᠬᠣᠷᠢᠶ᠎ᠠ ᠬᠢᠨᠠᠨ ᠲᠣᠭᠲᠠᠭ᠋ᠠᠬᠤ ᠠᠵᠢᠯᠯᠠᠭ᠎ᠠ ᠵᠢᠨ ᠳᠤᠮᠳᠠ ᠢᠯᠡᠷᠡᠭᠦᠯᠦᠭᠰᠡᠨ ᠲᠣᠭᠲᠠᠭ᠋ᠠᠯ᠎ᠠᠴᠠ ᠵᠥᠷᠢᠴᠡᠨ ᠠᠵᠢᠯ ᠡᠷᠭᠢᠯᠡᠭᠰᠡᠨ ᠰᠦᠪᠡᠭᠴᠢ ᠵᠢ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠤᠯᠭ᠎ᠠ᠎ᠳᠤ ᠰᠢᠯᠵᠢᠭᠦᠯᠦᠨ ᠬᠦᠷᠭᠡᠬᠦ ᠪᠣᠯᠣᠨ᠎ᠠ᠃
ᠲᠣᠰ ᠤᠳᠠᠭ᠋ᠠᠨ᠎ᠤ ᠶᠠᠷᠢᠯᠴᠠᠬᠤ ᠬᠤᠷᠠᠯ᠎ᠨᠢ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠬᠢᠭᠡᠳ ᠲᠡᠮᠦᠷ ᠵᠠᠮ᠎ᠤᠨ ᠪᠠᠢ᠌ᠴᠠᠭ᠋ᠠᠬᠤ ᠰᠠᠯᠠᠭ᠎ᠠ ᠮᠥᠴᠢᠷ᠎ᠤᠨ ᠨᠡᠪᠲᠡᠷᠡᠯᠴᠡᠭᠡ ᠬᠠᠷᠢᠯᠴᠠᠭ᠎ᠠ ᠵᠢ ᠰᠠᠭ᠋ᠠᠳ ᠦᠭᠡᠢ ᠨᠠᠪᠲᠠᠷᠡᠭᠦᠯᠵᠦ᠂ ᠣᠷᠴᠢᠨ ᠲᠣᠭᠣᠷᠢᠨ᠎ᠤ ᠬᠣᠬᠢᠷᠠᠯ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯ᠎ᠤᠨ ᠵᠢᠷᠤᠮᠵᠢᠭᠤᠯᠤᠯᠲᠠ ᠵᠢ ᠬᠠᠮᠲᠤ᠎ᠪᠠᠷ ᠲᠦᠯᠬᠢᠨ ᠠᠬᠢᠭᠤᠯᠬᠤ᠎ᠳᠤ ᠰᠠᠭᠤᠷᠢ ᠲᠠᠯᠪᠢᠵᠤ ᠥᠭᠭᠦᠭᠰᠡᠨ ᠪᠠᠢ᠌ᠨ᠎ᠠ᠃