ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠠᠢ᠌ᠴᠠᠭ᠋ᠠᠨ ᠰᠤᠳᠤᠯᠬᠤ ᠳᠤᠭᠤᠢ᠌ᠯᠠᠩ ᠪᠠᠢ᠌ᠭᠤᠯᠵᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 20 ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠲᠤ ᠪᠠᠢ᠌ᠴᠠᠭ᠋ᠠᠨ ᠰᠤᠳᠤᠯᠤᠯᠲᠠ ᠬᠢᠪᠡ
ᠨᠡᠶ᠋ᠢᠲᠡᠯᠡᠭᠰᠡᠨ ᠴᠠᠭ᠄ 2025-02-24

      ᠨᠠᠮ᠎ᠤᠨ ᠲᠥᠪ ᠬᠣᠷᠢᠶ᠎ᠠ᠂  ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ  ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠣᠢ᠌ᠯᠠᠭ᠋ᠠᠵᠤ᠂  ᠥᠪᠡᠷᠲᠡᠭᠡᠨ ᠵᠠᠰᠠᠬᠤ ᠣᠷᠣᠨ᠎ᠤ 《ᠵᠢᠷᠭᠤᠭ᠋ᠠᠨ ᠠᠵᠢᠯᠯᠠᠭ᠎ᠠ》 ᠵᠢ ᠭᠦᠨᠵᠡᠭᠡᠢ ᠪᠥᠭᠡᠳ ᠪᠣᠳᠠᠲᠠᠢ ᠠᠳᠬᠤᠵᠤ᠂  ᠡᠯ᠎ᠡ ᠵᠦᠢ᠍ᠯ᠎ᠤᠨ ᠡᠭᠦᠷᠭᠡ ᠵᠢ ᠲᠦᠷᠭᠡᠨ ᠰᠤᠳᠤᠯᠤᠨ ᠪᠠᠢ᠌ᠷᠢᠯᠠᠭᠤᠯᠵᠤ᠂  ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠨᠠᠷᠢᠯᠢᠭ ᠣᠨᠣᠴᠠᠲᠠᠢ᠎ᠪᠠᠷ ᠲᠦᠯᠬᠢᠨ ᠠᠬᠢᠭᠤᠯᠬᠤ ᠵᠢᠨ ᠲᠤᠰᠠᠳᠠ᠂ 2  ᠰᠠᠷ᠎ᠠ ᠵᠢᠨ 19᠎ᠤ ᠡᠳᠦᠷ᠎ᠠᠴᠠ 2 ᠰᠠᠷ᠎ᠠ ᠵᠢᠨ 21᠎ᠤ ᠡᠳᠦᠷ ᠪᠣᠯᠲᠠᠯ᠎ᠠ᠂  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠠᠴᠠ 4 ᠪᠠᠢ᠌ᠴᠠᠭ᠋ᠠᠨ ᠰᠤᠳᠤᠯᠬᠤ ᠳᠤᠭᠤᠢ᠌ᠯᠠᠩ ᠪᠠᠢ᠌ᠭᠤᠯᠵᠤ᠂  ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 20  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠲᠤ ᠬᠦᠷᠴᠦ ᠲᠤᠬᠠᠢ ᠵᠢᠨ ᠭᠠᠵᠠᠷ᠎ᠲᠤᠨᠢ ᠲᠣᠰ ᠲᠣᠰ ᠪᠠᠢ᠌ᠴᠠᠭ᠋ᠠᠨ ᠰᠤᠳᠤᠯᠤᠯᠲᠠ ᠬᠢᠵᠦ᠂  ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠠᠵᠢᠯ᠎ᠤᠨ ᠪᠠᠢ᠌ᠳᠠᠯ ᠪᠠ ᠬᠡᠷᠡᠭᠴᠡᠭᠡ ᠱᠠᠭ᠋ᠠᠷᠳᠠᠯᠭ᠎ᠠ ᠵᠢ ᠭᠦᠨᠵᠡᠭᠡᠢ ᠣᠢ᠌ᠯᠠᠭ᠋ᠠᠨ᠂  ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠬᠠᠤᠯᠢ ᠴᠠᠭ᠋ᠠᠵᠠ ᠵᠢᠨ ᠪᠠᠲᠤᠯᠠᠭ᠎ᠠ ᠪᠠ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯ᠎ᠢ ᠨᠠᠩ ᠰᠠᠢ᠌ᠲᠤᠷ  ᠬᠢᠬᠦ᠎ᠳᠤ ᠰᠠᠭᠤᠷᠢ ᠲᠠᠯᠪᠢᠵᠠᠢ᠃


1.png 


      ᠶᠠᠷᠢᠯᠴᠠᠬᠤ ᠬᠤᠷᠠᠯ ᠳᠡᠭᠡᠷ᠎ᠡ᠂  ᠬᠤᠷᠠᠯ᠎ᠳᠤ ᠣᠷᠣᠯᠴᠠᠭᠰᠠᠨ ᠡᠯ᠎ᠡ ᠳᠤᠭᠤᠢ᠌ᠯᠠᠩ᠎ᠤᠨ ᠬᠥᠮᠥᠰ ᠲᠤᠰ ᠬᠦᠷᠢᠶᠡᠨ᠎ᠤ᠎ᠪᠠᠨ ᠠᠵᠢᠯ᠎ᠤᠨ ᠪᠣᠳᠠᠲᠤ ᠪᠠᠢ᠌ᠳᠠᠯ᠎ᠠᠴᠠ ᠡᠭᠦᠰᠴᠦ᠂  ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠴᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ᠂  ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠬᠦ᠂  ᠬᠠᠤᠯᠢ ᠴᠠᠭ᠋ᠠᠵᠠ ᠵᠢᠨ ᠵᠥᠪᠯᠡᠭᠴᠢ ᠵᠢ ᠤᠷᠢᠨ ᠬᠡᠷᠡᠭᠯᠡᠬᠦ᠂  ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠡᠷᠭᠡ ᠲᠠᠯ᠎ᠠ ᠵᠢᠨ ᠠᠵᠢᠯ᠎ᠤᠨ ᠲᠤᠬᠠᠢ ᠭᠦᠨᠵᠡᠭᠡᠢ ᠰᠤᠳᠤᠯᠤᠨ ᠶᠠᠷᠢᠯᠴᠠᠵᠤ᠂  ᠠᠵᠢᠯ᠎ᠤᠨ ᠳᠤᠮᠳᠠ ᠣᠷᠣᠰᠢᠵᠤ ᠪᠠᠢ᠌ᠭ᠎ᠠ ᠠᠰᠠᠭᠤᠳᠠᠯ ᠪᠠ ᠬᠦᠴᠢᠷᠳᠡᠯ᠎ᠢ ᠵᠢᠭ᠋ᠠᠨ ᠭᠠᠷᠭ᠋ᠠᠭᠰᠠᠨ ᠪᠥᠭᠡᠳ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠰᠠᠨᠠᠯ ᠪᠠ ᠰᠠᠨᠠᠭᠤᠯᠭ᠎ᠠ ᠳᠤᠷᠠᠳᠤᠭᠰᠠᠨ ᠪᠠᠢ᠌ᠨ᠎ᠠ᠃  ᠡᠭᠦᠨ᠎ᠤ ᠬᠠᠮᠲᠤ᠂  ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠣᠢ᠌ᠷ᠎ᠠ ᠵᠢᠨ ᠵᠢᠯ᠎ᠤᠨ ᠲᠤᠷᠰᠢᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠲᠠᠢ ᠬᠣᠯᠪᠣᠭᠳᠠᠭᠰᠠᠨ 《ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ

(2023—2025 ᠣᠨ)》 《ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ᠎ᠤᠨ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠰᠠᠨᠠᠯ》 《ᠠᠵᠤ ᠠᠬᠤᠢ᠌ᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢ ᠴᠢᠩᠭ᠎ᠠ ᠵᠢᠷᠤᠮᠵᠢᠭᠤᠯᠬᠤ ᠲᠤᠬᠠᠢ ᠰᠠᠨᠠᠯ》 ᠵᠡᠷᠭᠡ ᠤᠯᠤᠰ᠎ᠤᠨ ᠲᠠᠰ ᠳᠠᠪᠬᠤᠷᠭ᠎ᠠ ᠵᠢᠨ ᠳᠡᠭᠡᠳᠦ ᠳᠠᠪᠬᠤᠷᠭ᠎ᠠ ᠵᠢᠨ ᠵᠢᠷᠤᠭ ᠲᠥᠯᠥᠪᠯᠡᠭᠡ ᠵᠢᠨ ᠪᠢᠴᠢᠭ ᠮᠠᠲ᠋ᠧᠷᠢᠶᠠᠯ᠎ᠳᠤ ᠭᠣᠣᠯᠳᠠᠯᠭ᠎ᠠ᠎ᠲᠠᠢ ᠲᠠᠢ᠌ᠯᠤᠮᠵᠢ ᠬᠢᠪᠡ᠃  ᠡᠭᠦᠨ᠎ᠤ ᠬᠠᠮᠲᠤ 2025 ᠣᠨ᠎ᠤ ᠬᠣᠯᠪᠣᠭᠳᠠᠯ ᠪᠦᠬᠦᠢ ᠠᠵᠢᠯ᠎ᠤᠨ ᠱᠠᠭ᠋ᠠᠷᠳᠠᠯᠭ᠎ᠠ ᠪᠣᠯᠣᠨ ᠭᠣᠣᠯᠳᠠᠯᠭ᠎ᠠ᠎ᠲᠠᠢ ᠡᠭᠦᠷᠭᠡ ᠵᠢ ᠤᠯᠠᠮ ᠴᠢᠨᠠᠭᠰᠢᠳᠠ ᠲᠣᠳᠣᠷᠬᠠᠢ᠌ᠯᠠᠵᠤ᠂  ᠤᠯᠠᠨ ᠵᠶ᠋ᠠᠷ ᠵᠶ᠋ᠠᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠪᠠᠢ᠌ᠭ᠋ᠠᠳ ᠠᠵᠢᠯ ᠵᠶ᠋ᠠᠨ ᠰᠠᠢ᠌ᠲᠤᠷ ᠵᠣᠬᠢᠴᠠᠭᠤᠯᠵᠤ᠂  ᠰᠠᠢ᠌ᠲᠤᠷ ᠲᠥᠯᠥᠪᠵᠢᠭᠦᠯᠵᠦ᠂  ᠰᠠᠢ᠌ᠲᠤᠷ ᠨᠠᠢ᠌ᠳᠠᠪᠤᠷᠢᠵᠢᠭᠤᠯᠬᠤ ᠵᠢ ᠬᠦᠰᠡᠵᠦ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃ 


2.jpg

 

 3.jpg

 

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            