ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ 2025 ᠣᠨ᠎ᠤ 5 ᠳ᠋ᠤᠭ᠋ᠠᠷ ᠤᠳᠠᠭ᠎ᠠ ᠵᠢᠨ (ᠥᠷᠭᠡᠳᠬᠡᠭᠰᠡᠨ) ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠠᠢ
ᠨᠡᠶ᠋ᠢᠲᠡᠯᠡᠭᠰᠡᠨ ᠴᠠᠭ᠄ 2025-02-25

      2  ᠰᠠᠷ᠎ᠠ ᠵᠢᠨ 24᠎ᠤ ᠡᠳᠦᠷ᠂  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ 2025 ᠣᠨ᠎ᠤ 5 ᠳ᠋ᠤᠭ᠋ᠠᠷ ᠤᠳᠠᠭ᠎ᠠ ᠵᠢᠨ (ᠥᠷᠭᠡᠳᠬᠡᠭᠰᠡᠨ) ᠬᠤᠷᠠᠯ ᠬᠤᠷᠠᠯᠳᠤᠭᠤᠯᠵᠤ᠂  ᠶᠡᠷᠦᠩᠬᠡᠢ ᠱᠦᠵᠢ ᠰᠢ ᠵᠢᠨ ᠫᠢᠩ᠎ᠤᠨ ᠠᠷᠠᠳ᠎ᠤᠨ ᠡᠵᠡᠩᠨᠡᠭᠰᠡᠨ ᠠᠵᠤ ᠠᠬᠤᠢ᠌ᠯᠠᠯ᠎ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂  ᠥᠪᠡᠷᠲᠡᠭᠡᠨ ᠵᠠᠰᠠᠬᠤ ᠣᠷᠣᠨ᠎ᠤ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ᠃  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠱᠦᠵᠢ᠂  ᠲᠢᠩᠬᠢᠮ᠎ᠤᠨ ᠳᠠᠷᠤᠭ᠎ᠠ ᠪᠠᠢ ᠶᠦᠩ ᠫᠢᠩ ᠬᠤᠷᠠᠯ᠎ᠢ ᠡᠷᠬᠢᠯᠡᠪᠡ᠃ 


1.jpg


      ᠬᠤᠷᠠᠯ᠎ᠠᠴᠠ᠂ ᠶᠡᠷᠦᠩᠬᠡᠢ ᠱᠦᠵᠢ  ᠰᠢ ᠵᠢᠨ ᠫᠢᠩ᠎ᠤᠨ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠬᠠᠤᠯᠢ ᠴᠠᠭ᠋ᠠᠵᠠ ᠵᠢᠨ ᠲᠢᠩᠬᠢᠮ᠎ᠤᠨ ᠥᠪᠡᠷᠲᠡᠭᠡᠨ ᠵᠠᠰᠠᠬᠤ ᠣᠷᠣᠨ᠎ᠤ 《ᠵᠢᠷᠭᠤᠭ᠋ᠠᠨ ᠠᠵᠢᠯᠯᠠᠭ᠎ᠠ》᠎ᠳᠤ ᠦᠢ᠍ᠯᠡᠴᠢᠯᠡᠬᠦ ᠪᠣᠳᠠᠲᠠᠢ ᠠᠷᠭ᠎ᠠ ᠬᠡᠮᠵᠢᠶ᠎ᠡ ᠵᠢ ᠰᠠᠢ᠌ᠲᠤᠷ ᠨᠠᠢ᠌ᠳᠠᠪᠤᠷᠢᠵᠢᠭᠤᠯᠵᠤ᠂  ᠴᠢᠨᠠᠷ ᠰᠠᠢ᠌ᠲᠠᠢ ᠥᠨᠳᠥᠷ ᠪᠦᠲᠦᠮᠵᠢᠲᠡᠢ ᠬᠠᠤᠯᠢ ᠴᠠᠭ᠋ᠠᠵᠠ ᠵᠢᠨ ᠦᠢ᠍ᠯᠡᠴᠢᠯᠡᠭᠡ᠎ᠪᠠᠷ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠡᠷᠡᠭᠦᠯ ᠬᠥᠭᠵᠢᠯᠲᠡ᠂  ᠴᠢᠨᠠᠷ ᠰᠠᠢ᠌ᠲᠠᠢ ᠬᠥᠭᠵᠢᠯᠲᠡ᠎ᠳᠤ ᠬᠦᠴᠦᠨ ᠨᠡᠮᠡᠷᠢᠯᠡᠬᠦ ᠬᠡᠷᠡᠭᠲᠡᠢ᠃  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠡᠷᠴᠢᠮ ᠵᠶ᠋ᠡᠨ ᠦᠷᠭᠦᠯᠵᠢᠯᠡᠨ ᠴᠢᠩᠭ᠋ᠠᠳᠬᠠᠵᠤ᠂  ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠳᠤ ᠬᠣᠯᠪᠣᠭᠳᠠᠭᠰᠠᠨ ᠪᠠᠢ᠌ᠴᠠᠭ᠋ᠠᠯᠲᠠ ᠵᠢᠨ ᠠᠵᠢᠯᠯᠠᠭ᠎ᠠ ᠵᠢ ᠵᠢᠷᠤᠮᠵᠢᠭᠤᠯᠵᠤ᠂ 《ᠨᠢᠭᠡ ᠤᠳᠠᠭ᠎ᠠ ᠶᠡᠷᠦᠩᠬᠡᠢ᠌ᠯᠡᠨ ᠪᠠᠢ᠌ᠴᠠᠭ᠋ᠠᠬᠤ》  ᠬᠠᠮᠲᠤᠷᠠᠭᠰᠠᠨ ᠬᠠᠤᠯᠢ ᠬᠡᠷᠡᠭᠵᠢᠭᠦᠯᠬᠦ ᠲᠣᠭᠲᠠᠴᠠ ᠵᠢ ᠲᠡᠭᠦᠯᠳᠡᠷᠵᠢᠭᠦᠯᠵᠦ᠂  ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠲᠡᠭᠦᠯᠳᠡᠷᠵᠢᠭᠦᠯᠵᠦ᠂  ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠠᠶᠠᠯᠠᠯ ᠬᠠᠮᠠᠭ᠋ᠠᠯᠠᠬᠤ ᠠᠵᠤ ᠠᠬᠤᠢ᠌ᠯᠠᠯ᠎ᠤᠨ ᠴᠢᠨᠠᠷ ᠰᠠᠢ᠌ᠲᠠᠢ ᠬᠥᠭᠵᠢᠯᠲᠡ ᠵᠢᠨ ᠠᠵᠢᠯ᠎ᠢ ᠭᠦᠨᠵᠡᠭᠡᠢ᠌ᠷᠡᠭᠦᠯᠵᠦ᠂  ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠦᠨᠡᠨ ᠪᠣᠳᠠᠲᠠᠢ᠎ᠪᠠᠷ ᠰᠢᠢ᠍ᠳᠪᠦᠷᠢᠯᠡᠬᠦ ᠡᠷᠴᠢᠮ᠎ᠢ ᠴᠢᠩᠭ᠋ᠠᠷᠠᠭᠤᠯᠬᠤ ᠬᠡᠷᠡᠭᠲᠡᠢ᠃  ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠳᠤ ᠬᠣᠯᠪᠣᠭᠳᠠᠬᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠰᠢᠯᠢᠳᠡᠭᠵᠢᠭᠦᠯᠵᠦ᠂ 《ᠲᠦᠮᠡᠨ ᠭᠠᠵᠠᠷ  ᠲᠦᠮᠡᠨ  ᠨᠡᠢ᠌ᠭᠡᠮᠯᠢᠭ ᠬᠣᠯᠪᠣᠭ᠋ᠠᠯᠠᠬᠤ》 ᠠᠵᠢᠯᠯᠠᠭ᠎ᠠ ᠵᠢ ᠭᠦᠨᠵᠡᠭᠡᠢ᠌ᠷᠡᠭᠦᠯᠵᠦ᠂  ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ 《ᠬᠠᠤᠯᠢᠵᠢᠯ᠎ᠤᠨ ᠪᠡᠶ᠎ᠡ ᠵᠢᠨ ᠪᠠᠢ᠌ᠴᠠᠭ᠋ᠠᠯᠲᠠ》 ᠥᠷᠨᠢᠭᠦᠯᠬᠦ᠂ 《ᠠᠯᠪᠠᠨ ᠭᠡᠷᠡᠴᠢᠯᠡᠭᠡ ᠵᠢᠨ ᠵᠢᠷᠤᠮᠵᠢᠯ᠎ᠲᠠᠢ ᠴᠢᠨᠠᠷ ᠰᠠᠢ᠌ᠲᠠᠢ》 ᠠᠵᠢᠯᠯᠠᠭ᠎ᠠ ᠵᠢ ᠥᠷᠨᠢᠭᠦᠯᠵᠦ᠂  ᠠᠯᠪᠠᠨ ᠭᠡᠷᠡᠴᠢᠯᠡᠭᠡ ᠬᠢᠬᠦ᠂  ᠬᠥᠨᠳᠡᠯᠡᠨ᠎ᠠᠴᠠ ᠲᠠᠰᠤᠯᠬᠤ ᠪᠠ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠠᠵᠢᠯ᠎ᠤᠨ ᠬᠠᠮᠵᠢᠯᠴᠠᠬᠤ ᠲᠣᠭᠲᠠᠴᠠ ᠵᠢ ᠪᠠᠢ᠌ᠭᠤᠯᠵᠤ᠂  ᠦᠢ᠍ᠯᠡᠴᠢᠯᠡᠭᠡᠨ᠎ᠤ ᠠᠵᠤ ᠠᠬᠤᠢ᠌ᠯᠠᠯ᠎ᠤᠨ ᠣᠨᠣᠪᠴᠢ ᠵᠢᠨ ᠬᠡᠮᠵᠢᠶ᠎ᠡ ᠵᠢ ᠳᠡᠭᠡᠭᠰᠢᠯᠡᠭᠦᠯᠵᠦ᠂  ᠤᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡ᠎ᠳᠤ ᠲᠥᠷᠥᠭᠳᠡᠯ ᠣᠯᠭᠣᠬᠤ ᠬᠡᠷᠡᠭᠲᠡᠢ᠃  ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠳᠤ ᠬᠠᠨᠳᠤᠭᠤᠯᠤᠨ ᠤᠨᠢᠨ ᠳᠡᠭᠡᠷ᠎ᠡ᠎ᠨᠢ ᠬᠠᠤᠯᠢ  ᠲᠦᠭᠡᠮᠡᠯᠵᠢᠭᠦᠯᠵᠦ᠂ 《ᠬᠠᠤᠯᠢᠵᠢᠯ᠎ᠤᠨ ᠤᠬᠠᠭᠤᠯᠭ᠎ᠠ᠎ᠪᠠᠷ ᠠᠵᠤ ᠠᠬᠤᠢ᠌ᠯᠠᠯ᠎ᠢ ᠲᠤᠰᠠᠯᠠᠬᠤ》 ᠠᠵᠢᠯᠯᠠᠭ᠎ᠠ ᠵᠢ ᠥᠷᠨᠢᠭᠦᠯᠵᠦ᠂  ᠠᠵᠤ ᠠᠬᠤᠢ᠌ᠯᠠᠯ᠎ᠤᠨ ᠬᠠᠤᠯᠢ ᠴᠠᠭ᠋ᠠᠵᠠ ᠵᠢᠨ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠤᠬᠠᠮᠰᠠᠷ ᠪᠣᠯᠣᠨ ᠴᠢᠳᠠᠪᠤᠷᠢ ᠵᠢ ᠴᠢᠩᠭ᠋ᠠᠳᠬᠠᠬᠤ 《ᠥᠪᠥᠷ ᠮᠣᠩᠭᠣᠯ᠎ᠤᠨ ᠠᠵᠤ ᠠᠬᠤᠢ᠌ᠯᠠᠯ᠎ᠳᠤ ᠨᠡᠪᠲᠡᠷᠡᠭᠰᠡᠨ》  ᠠᠵᠤ ᠠᠬᠤᠢ᠌ᠯᠠᠯ᠎ᠤᠨ ᠲᠤᠰᠬᠠᠭᠰᠠᠨ ᠠᠰᠠᠭᠤᠳᠠᠯ᠎ᠢ  ᠴᠣᠩᠬᠣᠪᠴᠢ᠎ᠪᠠᠷ ᠰᠢᠮᠳᠠᠭᠤᠯᠤᠨ ᠭᠦᠢ᠍ᠴᠡᠳᠬᠡᠬᠦ ᠠᠵᠢᠯ᠎ᠢ ᠴᠢᠩᠭ᠋ᠠᠳᠬᠠᠵᠤ᠂  ᠠᠵᠤ ᠠᠬᠤᠢ᠌ᠯᠠᠯ᠎ᠤᠨ ᠬᠦᠴᠢᠷᠳᠡᠯᠲᠡᠢ ᠠᠰᠠᠭᠤᠳᠠᠯ᠎ᠢ ᠦᠨᠡᠨ ᠪᠣᠳᠠᠲᠠᠢ᠎ᠪᠠᠷ ᠰᠢᠢ᠍ᠳᠪᠦᠷᠢᠯᠡᠬᠦ ᠵᠢ ᠦᠨᠡᠨᠬᠦ ᠠᠬᠢᠭᠤᠯᠵᠤ᠂  ᠠᠷᠠᠳ ᠎ᠠᠴᠠ ᠡᠵᠡᠩᠨᠡᠭᠰᠡᠨ ᠠᠵᠤ ᠠᠬᠤᠢ᠌ᠯᠠᠯ ᠪᠠ

ᠠᠷᠠᠳ ᠎ᠠᠴᠠ ᠡᠵᠡᠩᠨᠡᠭᠰᠡᠨ ᠠᠵᠤ ᠠᠬᠤᠢ᠌ᠯᠠᠯᠲᠠᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠬᠤ ᠬᠡᠷᠡᠭᠲᠡᠢ  ᠭᠡᠵᠦ ᠱᠠᠭ᠋ᠠᠷᠳᠠᠵᠠᠢ᠃ 

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠠᠢ᠌ᠴᠠᠭ᠋ᠠᠨ ᠰᠤᠳᠤᠯᠬᠤ ᠳᠤᠭᠤᠢ᠌ᠯᠠᠩ ᠪᠠᠢ᠌ᠭᠤᠯᠵᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 20 ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠲᠤ ᠪᠠᠢ᠌ᠴᠠᠭ᠋ᠠᠨ ᠰᠤᠳᠤᠯᠤᠯᠲᠠ ᠬᠢᠪᠡ
ᠵᠠᠰᠠᠭ ᠵᠠᠬᠢᠷᠭ᠋ᠠᠨ᠎ᠤ ᠳᠠᠬᠢᠨ ᠵᠥᠪᠯᠡᠵᠦ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠨᠠᠮᠳᠠᠭᠤᠯᠬᠤ ᠭᠣᠣᠯ ᠠᠷᠭ᠎ᠠ ᠵᠠᠮ᠎ᠤᠨ ᠦᠢ᠍ᠯᠡᠳᠦᠯ ᠲᠠᠰᠤᠷᠠᠯᠲᠠ ᠦᠭᠡᠢ ᠢᠯᠡᠷᠡᠵᠦ᠂ 2024 ᠣᠨ᠎ᠳᠤ ᠪᠥᠬᠥ ᠤᠯᠤᠰ᠎ᠤᠨ ᠰᠢᠨ᠎ᠡ᠎ᠪᠠᠷ ᠬᠤᠷᠢᠶᠠᠭᠰᠠᠨ ᠵᠠᠰᠠᠭ ᠵᠠᠬᠢᠷᠭ᠋ᠠᠨ᠎ᠤ ᠳᠠᠬᠢᠨ ᠵᠥᠪᠯᠡᠭᠰᠡᠨ ᠬᠡᠷᠡᠭ 74.96 ᠲᠦᠮᠡᠨ ᠬᠤᠪᠢ ᠠᠳᠠᠯᠢ ᠬᠤᠭᠤᠴᠠᠭ᠋ᠠᠨ᠎ᠤ᠎ᠬᠢ᠎ᠠᠴᠠ 94.7%᠎ᠪᠠᠷ ᠨᠡᠮᠡᠭᠳᠡᠪᠡ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠥᠬᠥ ᠣᠷᠣᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠬᠡᠷᠡᠭ᠎ᠤᠨ ᠶᠠᠰᠤ ᠴᠢᠨᠠᠷ ᠪᠠ ᠲᠠᠩᠰᠠ ᠡᠪᠬᠡᠮᠡᠯ᠎ᠤᠨ ᠶᠠᠰᠤ ᠴᠢᠨᠠᠷ᠎ᠤᠨ ᠪᠣᠯᠪᠠᠰᠤᠷᠠᠯ᠎ᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ 2025 ᠣᠨ᠎ᠤ 8 ᠳ᠋ᠤᠭ᠋ᠠᠷ ᠤᠳᠠᠭ᠎ᠠ ᠵᠢᠨ (ᠥᠷᠭᠡᠳᠬᠡᠭᠰᠡᠨ) ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠪᠥᠬᠥ ᠤᠯᠤᠰ᠎ᠤᠨ ᠬᠣᠶᠠᠷ ᠬᠤᠷᠠᠯ᠎ᠤᠨ ᠬᠣᠯᠪᠣᠭᠳᠠᠯ ᠪᠦᠬᠦᠢ ᠪᠦᠯᠬᠦᠮ ᠳᠤᠭᠤᠢ᠌ᠯᠠᠩ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠠᠢ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠡᠩᠨᠡᠭᠡ ᠵᠢᠨ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ 《ᠶᠡᠬᠡ ᠬᠢᠴᠢᠶᠡᠯ᠎ᠤᠨ ᠲᠠᠩᠬᠢᠮ》᠎ᠢ ᠡᠷᠭᠢᠯᠡᠪᠡ
 
            