ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠵᠠᠰᠠᠭ ᠵᠠᠬᠢᠷᠭ᠋ᠠᠨ᠎ᠤ ᠳᠠᠬᠢᠨ ᠵᠥᠪᠯᠡᠵᠦ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠨᠠᠮᠳᠠᠭᠤᠯᠬᠤ ᠭᠣᠣᠯ ᠠᠷᠭ᠎ᠠ ᠵᠠᠮ᠎ᠤᠨ ᠦᠢ᠍ᠯᠡᠳᠦᠯ ᠲᠠᠰᠤᠷᠠᠯᠲᠠ ᠦᠭᠡᠢ ᠢᠯᠡᠷᠡᠵᠦ᠂ 2024 ᠣᠨ᠎ᠳᠤ ᠪᠥᠬᠥ ᠤᠯᠤᠰ᠎ᠤᠨ ᠰᠢᠨ᠎ᠡ᠎ᠪᠠᠷ ᠬᠤᠷᠢᠶᠠᠭᠰᠠᠨ ᠵᠠᠰᠠᠭ ᠵᠠᠬᠢᠷᠭ᠋ᠠᠨ᠎ᠤ ᠳᠠᠬᠢᠨ ᠵᠥᠪᠯᠡᠭᠰᠡᠨ ᠬᠡᠷᠡᠭ 74.96 ᠲᠦᠮᠡᠨ ᠬᠤᠪᠢ ᠠᠳᠠᠯᠢ ᠬᠤᠭᠤᠴᠠᠭ᠋ᠠᠨ᠎ᠤ᠎ᠬᠢ᠎ᠠᠴᠠ 94.7%᠎ᠪᠠᠷ ᠨᠡᠮᠡᠭᠳᠡᠪᠡ
ᠨᠡᠶ᠋ᠢᠲᠡᠯᠡᠭᠰᠡᠨ ᠴᠠᠭ᠄ 2025-03-03

      ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ  ᠬᠠᠤᠯᠢ ᠵᠢ ᠬᠡᠷᠡᠭᠵᠢᠭᠦᠯᠦᠭᠡᠳ ᠨᠢᠭᠡᠨᠲᠡ ᠨᠢᠭᠡ ᠵᠢᠯ ᠥᠩᠭᠡᠷᠡᠪᠡ᠃ ᠬᠠᠤᠯᠢ ᠴᠠᠭ᠋ᠠᠵᠠ ᠵᠢᠨ ᠶᠠᠮᠤᠨ 2 ᠰᠠᠷ᠎ᠠ ᠵᠢᠨ 28᠎ᠤ ᠡᠳᠦᠷ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠦ᠂ ᠬᠠᠤᠯᠢ ᠴᠠᠭ᠋ᠠᠵᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂  ᠳᠡᠳ᠋ ᠰᠠᠢ᠌ᠳ  ᠬᠤ᠌ ᠸᠧᠢ  ᠯᠢᠶᠸ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠣᠯᠴᠠᠵᠤ᠂  ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ ᠵᠢ ᠬᠡᠷᠡᠭᠵᠢᠭᠦᠯᠦᠭᠰᠡᠨ᠎ᠠᠴᠠ ᠨᠠᠰᠢᠬᠢ ᠨᠢᠭᠡ ᠵᠢᠯ᠎ᠤᠨ ᠲᠤᠷᠰᠢᠬᠢ ᠶᠡᠷᠦᠩᠬᠡᠢ ᠪᠠᠢ᠌ᠳᠠᠯ ᠵᠢᠴᠢ ᠵᠠᠰᠠᠭ ᠵᠠᠬᠢᠷᠭ᠋ᠠᠨ᠎ᠤ ᠳᠠᠬᠢᠨ ᠵᠥᠪᠯᠡᠭᠰᠡᠨ 10 ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠲᠠᠨᠢᠯᠴᠠᠭᠤᠯᠪᠠ᠃  ᠬᠤ᠌ ᠸᠧᠢ ᠯᠢᠶᠸ᠂  ᠤᠯᠠᠮ᠎ᠠᠴᠠ ᠤᠯᠠᠮ ᠣᠯᠠᠨ ᠣᠯᠠᠨ ᠲᠦᠮᠡᠨ ᠪᠠ ᠠᠵᠤ ᠠᠬᠤᠢ᠌ᠯᠠᠯ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠎ᠪᠠᠷ ᠳᠠᠮᠵᠢᠭᠤᠯᠤᠨ ᠲᠣᠰ ᠪᠡᠶ᠎ᠡ ᠵᠢᠨ ᠡᠷᠬᠡ ᠠᠰᠢᠭ ᠵᠶ᠋ᠠᠨ ᠬᠠᠤᠯᠢ ᠶᠣᠰᠣᠭ᠋ᠠᠷ ᠬᠠᠮᠠᠭ᠋ᠠᠯᠠᠬᠤ ᠵᠢ ᠰᠣᠩᠭᠣᠵᠤ᠂  ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠎ᠪᠠᠷ ᠳᠠᠮᠵᠢᠭᠤᠯᠤᠨ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠰᠢᠢ᠍ᠳᠪᠦᠷᠢᠯᠡᠬᠦ ᠭᠣᠣᠯ ᠠᠷᠭ᠎ᠠ ᠵᠠᠮ᠎ᠤᠨ ᠦᠢ᠍ᠯᠡᠳᠦᠯ ᠲᠠᠰᠤᠷᠠᠯᠲᠠ ᠦᠭᠡᠢ ᠢᠯᠡᠷᠡᠵᠦ ᠪᠠᠢ᠌ᠨ᠎ᠠ  ᠭᠡᠵᠡᠢ᠃ 


1.jpg


      2024 ᠣᠨ᠎ᠤ 1 ᠰᠠᠷ᠎ᠠ ᠵᠢᠨ 1᠎ᠤ ᠡᠳᠦᠷ᠂  ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ ᠵᠢ ᠵᠢᠩᠬᠢᠨᠢ᠎ᠪᠠᠷ ᠬᠡᠷᠡᠭᠵᠢᠭᠦᠯᠪᠡ᠂  ᠡᠨᠡ ᠪᠣᠯ ᠵᠠᠰᠠᠭ ᠵᠠᠬᠢᠷᠭ᠋ᠠᠨ᠎ᠤ ᠬᠦᠷᠢᠶᠡᠨ᠎ᠳᠠᠬᠢ ᠨᠢᠭᠡᠨ ᠴᠢᠬᠤᠯᠠ ᠬᠠᠤᠯᠢ ᠴᠠᠭ᠋ᠠᠵᠠ ᠪᠣᠯᠣᠨ᠎ᠠ᠃ ᠬᠤ᠌ ᠸᠧᠢ ᠯᠢᠶᠸ ᠵᠢᠨ ᠲᠠᠨᠢᠯᠴᠠᠭᠤᠯᠤᠭᠰᠠᠨ ᠵᠶ᠋ᠠᠷ᠂  ᠨᠢᠭᠡ ᠵᠢᠯ᠎ᠤᠨ ᠲᠤᠷᠰᠢ᠂  ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠᠢ᠌ᠭᠤᠯᠭ᠎ᠠ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ ᠵᠢ ᠬᠢᠨᠠᠮᠠᠭ᠋ᠠᠢ  ᠲᠤᠭᠤᠰᠢᠯᠠᠭᠤᠯᠤᠨ ᠬᠡᠷᠡᠭᠵᠢᠭᠦᠯᠦᠭᠡᠳ ᠢᠳᠡᠪᠬᠢᠲᠡᠢ ᠦᠷ᠎ᠡ ᠪᠦᠲᠦᠮᠵᠢ ᠣᠯᠣᠭᠰᠠᠨ ᠪᠠᠢ᠌ᠨ᠎ᠠ᠃ 2024 ᠣᠨ᠎ᠳᠤ ᠪᠥᠬᠥ ᠤᠯᠤᠰ᠎ᠤᠨ ᠰᠢᠨ᠎ᠡ᠎ᠪᠠᠷ ᠬᠤᠷᠢᠶᠠᠭᠰᠠᠨ ᠵᠠᠰᠠᠭ ᠵᠠᠬᠢᠷᠭ᠋ᠠᠨ᠎ᠤ ᠳᠠᠬᠢᠨ ᠵᠥᠪᠯᠡᠭᠰᠡᠨ ᠬᠡᠷᠡᠭ 74.96 ᠲᠦᠮᠡᠨ ᠬᠤᠪᠢ ᠪᠠᠢ᠌ᠵᠤ᠂  ᠠᠳᠠᠯᠢ ᠬᠤᠭᠤᠴᠠᠭ᠋ᠠᠨ᠎ᠤ᠎ᠬᠢ᠎ᠠᠴᠠ 94.7%᠎ᠪᠠᠷ ᠨᠡᠮᠡᠭᠳᠡᠪᠡ; 64.1 ᠲᠦᠮᠡᠨ ᠬᠤᠪᠢ ᠬᠡᠷᠡᠭ᠎ᠢ ᠰᠢᠢ᠍ᠳᠪᠦᠷᠢᠯᠡᠨ ᠳᠠᠭᠤᠰᠬᠠᠵᠤ᠂  ᠠᠳᠠᠯᠢ ᠬᠤᠭᠤᠴᠠᠭ᠋ᠠᠨ᠎ᠤ᠎ᠬᠢ᠎ᠠᠴᠠ 82.1% ᠎ᠪᠠᠷ ᠨᠡᠮᠡᠭᠳᠡᠪᠡ᠃  ᠵᠠᠰᠠᠭ ᠵᠠᠬᠢᠷᠭ᠋ᠠᠨ ᠵᠶ᠋ᠠᠷ ᠲᠠᠬᠢᠨ ᠵᠥᠪᠯᠡᠭᠦᠯᠦᠭᠰᠡᠨ᠎ᠤ ᠲᠠᠷᠠᠭ᠎ᠠ᠂ 90.3%  ᠵᠢᠨ ᠬᠡᠷᠡᠭ᠎ᠢ ᠵᠠᠰᠠᠭ ᠵᠠᠬᠢᠷᠭ᠋ᠠᠨ᠎ᠤ ᠵᠠᠷᠭᠤ ᠪᠤᠶᠤ ᠵᠠᠬᠢᠳᠠᠯ ᠰᠣᠷᠪᠤᠯᠵᠢᠯᠠᠭ᠎ᠠ ᠵᠢᠨ ᠵᠢᠷᠤᠮ᠎ᠳᠤ ᠲᠠᠬᠢᠵᠤ ᠣᠷᠣᠭᠤᠯᠤᠭᠰᠠᠨ ᠦᠭᠡᠢ ᠪᠣᠯᠬᠣᠷ ᠬᠡᠷᠡᠭ᠎ᠢ ᠳᠠᠭᠤᠰᠬᠠᠵᠤ ᠤᠴᠢᠷ ᠶᠠᠪᠤᠳᠠᠯ᠎ᠢ ᠳᠠᠭᠤᠰᠬᠠᠬᠤ ᠵᠢ ᠪᠦᠲᠦᠮᠵᠢᠲᠡᠶ ᠪᠡᠶᠡᠯᠡᠭᠦᠯᠪᠡ᠃ 

      ᠰᠢᠨ᠎ᠡ ᠴᠠᠭ ᠦᠶ᠎ᠡ ᠵᠢᠨ 《ᠹᠸᠩᠴᠢᠶᠤᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂  ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠦᠨᠡᠨ ᠪᠣᠳᠠᠲᠠᠢ᠎ᠪᠠᠷ ᠰᠢᠢ᠍ᠳᠪᠦᠷᠢᠯᠡᠬᠦ ᠠᠵᠢᠯ᠎ᠢ ᠭᠦᠨᠵᠡᠭᠡᠢ ᠪᠥᠭᠡᠳ ᠪᠣᠳᠠᠲᠠᠢ᠎ᠪᠠᠷ  ᠬᠢᠵᠡᠢ᠃  ᠡᠶᠡᠳᠡᠭᠦᠯᠭᠡ ᠵᠢᠨ ᠳᠦᠷᠢᠮ᠎ᠢ ᠭᠦᠢ᠍ᠴᠡᠳ ᠬᠡᠷᠡᠭᠯᠡᠨ᠂  ᠡᠶᠡᠳᠡᠭᠦᠯᠬᠦ᠂  ᠡᠶᠡᠳᠡᠬᠦ ᠠᠷᠭ᠎ᠠ ᠮᠠᠶᠢᠭ ᠵᠶ᠋ᠠᠷ 16.79 ᠲᠦᠮᠡᠨ ᠬᠡᠷᠡᠭ᠎ᠢ ᠳᠠᠭᠤᠰᠬᠠᠵᠤ᠂  ᠰᠢᠭᠦᠵᠦ ᠳᠠᠭᠤᠰᠬᠠᠭᠰᠠᠨ ᠶᠡᠷᠦᠩᠬᠡᠢ ᠲᠣᠭ᠋ᠠᠨ᠎ᠤ 26.3% ᠵᠢ ᠡᠵᠡᠯᠡᠪᠡ᠃  ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢ ᠵᠢᠭ᠋ᠠᠨ ᠵᠢᠯᠤᠭᠣᠳᠴᠤ ᠪᠠᠢ᠌ᠭ᠋ᠠᠳ 4.35 ᠲᠦᠮᠡᠨ ᠬᠤᠪᠢ ᠵᠢᠭᠤᠷᠠᠯᠳᠤᠭ᠋ᠠᠨ᠎ᠢ ᠤᠷᠢᠳ ᠵᠶ᠋ᠠᠷ ᠨᠠᠮᠳᠠᠭᠤᠯᠵᠤ᠂  ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ 《ᠡᠷᠲᠡ᠎ᠠᠴᠠ ᠢᠯᠡᠷᠡᠭᠦᠯᠵᠦ᠂  ᠪᠠᠭ᠎ᠠ᠎ᠠᠴᠠ᠎ᠨᠢ ᠨᠠᠮᠳᠠᠭᠤᠯᠬᠤ》᠎ᠪᠠᠷ ᠴᠢᠷᠮᠠᠢ᠌ᠪᠠ᠃  ᠵᠥᠷᠢᠴᠡᠯ ᠵᠢᠭᠤᠷᠠᠯᠳᠤᠭ᠋ᠠᠨ᠎ᠢ ᠤᠯᠠᠨ ᠡᠰᠢᠵᠢᠭᠦᠯᠦᠨ ᠰᠢᠢ᠍ᠳᠪᠦᠷᠢᠯᠡᠬᠦ ᠲᠣᠭᠲᠠᠴᠠ ᠵᠢᠨ ᠪᠠᠢ᠌ᠭᠤᠯᠤᠯᠲᠠ ᠵᠢ ᠲᠦᠷᠭᠡᠳᠬᠡᠵᠦ᠂  ᠬᠠᠤᠯᠢ ᠴᠠᠭ᠋ᠠᠵᠠ ᠵᠢᠨ ᠶᠠᠮᠤᠨ᠎ᠠᠴᠠ ᠠᠷᠠᠳ᠎ᠤᠨ ᠳᠡᠭᠡᠳᠦ ᠰᠢᠭᠦᠬᠦ ᠬᠣᠷᠢᠶ᠎ᠠ᠂  ᠠᠷᠠᠳ᠎ᠤᠨ ᠳᠡᠭᠡᠳᠦ ᠪᠠᠢ᠌ᠴᠠᠭ᠋ᠠᠬᠤ ᠬᠣᠷᠢᠶ᠎ᠠ ᠵᠢᠴᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ᠂  ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠤᠷᠢᠳᠴᠢᠯᠠᠨ ᠰᠡᠷᠭᠡᠢ᠌ᠯᠡᠬᠦ ᠪᠠ ᠦᠨᠡᠨ ᠪᠣᠳᠠᠲᠠᠢ᠎ᠪᠠᠷ ᠠᠷᠢᠯᠭ᠋ᠠᠬᠤ ᠠᠵᠢᠯ᠎ᠤᠨ ᠲᠣᠭᠲᠠᠴᠠ ᠵᠢ ᠬᠠᠮᠲᠤ᠎ᠪᠠᠷ ᠪᠠᠢ᠌ᠭᠤᠯᠵᠤ᠂  ᠭᠣᠣᠯᠳᠠᠯᠭ᠎ᠠ᠎ᠲᠠᠢ ᠬᠠᠤᠯᠢ ᠬᠡᠷᠡᠭᠵᠢᠭᠦᠯᠬᠦ ᠬᠦᠷᠢᠶᠡᠨ᠎ᠳᠠᠬᠢ ᠲᠣᠪᠣᠢ᠌ᠮ᠎ᠠ ᠠᠰᠠᠭᠤᠳᠠᠯ᠎ᠢ ᠬᠠᠮᠲᠤ᠎ᠪᠠᠷ ᠰᠤᠳᠤᠯᠤᠨ ᠰᠢᠢ᠍ᠳᠪᠦᠷᠢᠯᠡᠵᠦ᠂  ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠡᠬᠢ ᠡᠭᠦᠰᠦᠯ᠎ᠠᠴᠠ᠎ᠨᠢ ᠵᠠᠰᠠᠬᠤ ᠵᠢ ᠲᠦᠯᠬᠢᠨ ᠠᠬᠢᠭᠤᠯᠵᠤ᠂  ᠨᠡᠢ᠌ᠭᠡᠮ᠎ᠤᠨ ᠡᠶ᠎ᠡ ᠵᠣᠬᠢᠴᠠᠯ ᠪᠠ ᠲᠣᠭᠲᠠᠭᠤᠨ ᠪᠠᠢ᠌ᠳᠠᠯ᠎ᠢ ᠪᠦᠲᠦᠮᠵᠢᠲᠡᠶ᠎ᠪᠠᠷ ᠬᠠᠮᠠᠭ᠋ᠠᠯᠠᠪᠠ᠃ 

      ᠣᠨᠴᠠᠭ᠋ᠠᠶ ᠬᠡᠷᠡᠭ᠎ᠤᠨ ᠠᠯᠳᠠᠭ᠎ᠠ ᠪᠤᠷᠤᠭᠤ ᠵᠢ ᠵᠠᠯᠠᠷᠠᠭᠤᠯᠬᠤ ᠪᠠ ᠲᠥᠷᠥᠯ ᠵᠦᠢ᠍ᠯ᠎ᠤᠨ ᠬᠡᠷᠡᠭ᠎ᠢ ᠵᠢᠷᠤᠮᠵᠢᠭᠤᠯᠬᠤ ᠡᠷᠴᠢᠮ᠎ᠢ ᠲᠠᠰᠤᠷᠠᠯᠲᠠ ᠦᠭᠡᠢ ᠴᠢᠩᠭ᠋ᠠᠷᠠᠭᠤᠯᠵᠤ᠂  ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠎ᠳᠤ ᠬᠢᠨᠠᠯᠲᠠ ᠲᠠᠯᠪᠢᠬᠤ ᠬᠠᠤᠯᠢ ᠶᠣᠰᠣᠭ᠋ᠠᠷ ᠵᠠᠰᠠᠭ ᠶᠠᠪᠤᠭᠤᠯᠬᠤ ᠬᠦᠴᠦᠨ ᠴᠢᠳᠠᠪᠤᠷᠢ ᠵᠢ ᠦᠨᠡᠨᠬᠦ  ᠪᠠᠳᠠᠷᠠᠭᠤᠯᠵᠠᠢ᠃  ᠡᠯ᠎ᠡ ᠲᠦᠷᠦᠯ᠎ᠤᠨ ᠪᠤᠷᠤᠭᠤ ᠵᠢ ᠵᠠᠯᠠᠷᠠᠭᠤᠯᠬᠤ ᠲᠣᠭᠲᠠᠭ᠋ᠠᠯ᠎ᠢ ᠶᠡᠷᠦᠩᠬᠡᠢ᠌ᠯᠡᠨ ᠬᠡᠷᠡᠭᠯᠡᠵᠦ᠂ ᠬᠠᠤᠯᠢ᠎ᠠᠴᠠ ᠵᠥᠷᠢᠴᠡᠭᠰᠡᠨ ᠪᠤᠶᠤ ᠵᠦᠢ ᠵᠣᠬᠢᠰ ᠦᠭᠡᠢ ᠵᠠᠰᠠᠭ ᠵᠠᠬᠢᠷᠭ᠋ᠠᠨ᠎ᠤ ᠦᠢ᠍ᠯᠡ ᠠᠵᠢᠯᠯᠠᠭ᠎ᠠ ᠵᠢ 5.8 ᠲᠦᠮᠡᠨ ᠬᠤᠪᠢ ᠵᠠᠯᠠᠷᠠᠭᠤᠯᠵᠤ᠂  ᠪᠤᠷᠤᠭᠤ ᠵᠢ ᠰᠢᠭᠤᠳ ᠵᠠᠯᠠᠷᠠᠭᠤᠯᠤᠭᠰᠠᠨ ᠨᠤᠷᠮ᠎ᠠ 12.07%᠎ᠳᠤ ᠬᠦᠷᠴᠦ᠂  ᠳᠤᠷ᠎ᠠ᠎ᠪᠠᠷ ᠵᠶ᠋ᠠᠨ ᠵᠣᠭᠣᠰ ᠵᠶ᠋ᠠᠷ ᠲᠣᠷᠭ᠋ᠠᠬᠤ᠂  ᠠᠵᠢᠯ ᠬᠢᠬᠦ ᠦᠭᠡᠢ ᠵᠡᠷᠭᠡ ᠬᠠᠤᠯᠢ ᠬᠡᠷᠡᠭᠵᠢᠭᠦᠯᠬᠦ ᠲᠠᠯ᠎ᠠ᠎ᠪᠠᠷ᠎ᠬᠢ ᠨᠢᠭᠡ ᠪᠦᠯᠦᠭ ᠲᠣᠪᠣᠢ᠌ᠮ᠎ᠠ ᠠᠰᠠᠭᠤᠳᠠᠯ᠎ᠢ ᠪᠦᠲᠦᠮᠵᠢᠲᠡᠶ᠎ᠪᠠᠷ ᠵᠢᠷᠤᠮᠵᠢᠭᠤᠯᠪᠠ᠃  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠨᠡᠢ᠌ᠲᠡᠯᠢᠭ ᠴᠢᠨᠠᠷᠲᠠᠢ ᠠᠰᠠᠭᠤᠳᠠᠯ᠎ᠳᠤ ᠴᠢᠭᠯᠡᠭᠦᠯᠦᠨ ᠵᠠᠰᠠᠭ ᠵᠠᠬᠢᠷᠭ᠋ᠠᠨ᠎ᠤ ᠳᠠᠬᠢᠨ ᠵᠥᠪᠯᠡᠭᠦᠯᠬᠦ ᠰᠠᠨᠠᠯ᠎ᠤᠨ ᠪᠢᠴᠢᠭ᠂ ᠰᠠᠨᠠᠭᠤᠯᠭ᠎ᠠ ᠵᠢᠨ ᠪᠢᠴᠢᠭ᠎ᠢ 7114 ᠬᠤᠪᠢ ᠲᠣᠭᠲᠠᠭ᠋ᠠᠨ ᠲᠠᠷᠬᠠᠭ᠋ᠠᠵᠤ᠂ 1387 ᠬᠤᠪᠢ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠳᠠᠭ᠋ᠠᠯᠳᠤᠭᠤᠯᠤᠨ ᠬᠢᠨᠠᠨ ᠪᠠᠢ᠌ᠴᠠᠭ᠋ᠠᠵᠤ᠂  ᠬᠠᠤᠯᠢ᠎ᠠᠴᠠ ᠵᠥᠷᠢᠴᠡᠭᠰᠡᠨ ᠪᠤᠶᠤ ᠵᠦᠢ ᠵᠣᠬᠢᠰ ᠦᠭᠡᠢ ᠵᠠᠰᠠᠭ ᠵᠠᠬᠢᠷᠭ᠋ᠠᠨ᠎ᠤ ᠦᠢ᠍ᠯᠡ ᠠᠵᠢᠯᠯᠠᠭ᠎ᠠ ᠵᠢ ᠡᠬᠢ ᠰᠤᠷᠪᠤᠯᠵᠢ᠎ᠠᠴᠠ᠎ᠨᠢ ᠵᠠᠯᠠᠷᠠᠭᠤᠯᠤᠨ ᠰᠡᠷᠭᠡᠢ᠌ᠯᠡᠵᠦ᠂  ᠬᠡᠷᠡᠭ ᠵᠶ᠋ᠡᠷ ᠵᠠᠰᠠᠬᠤ ᠵᠢ ᠠᠬᠢᠭᠤᠯᠬᠤ᠂  ᠬᠡᠷᠡᠭ ᠵᠶ᠋ᠡᠷ ᠥᠭᠡᠷᠡᠴᠢᠯᠡᠬᠦ ᠵᠢ ᠠᠬᠢᠭᠤᠯᠬᠤ ᠵᠢ ᠪᠡᠶᠡᠯᠡᠭᠦᠯᠵᠦ᠂  ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠪᠦᠲᠦᠮᠵᠢᠲᠡᠶ᠎ᠪᠠᠷ ᠲᠦᠯᠬᠢᠨ ᠠᠬᠢᠭᠤᠯᠪᠠ᠃ 

      ᠠᠵᠤ ᠠᠬᠤᠢ᠌ᠯᠠᠯ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠠᠵᠢᠯᠯᠠᠭ᠎ᠠ ᠵᠢ ᠴᠢᠩᠭ᠎ᠠ ᠵᠢᠷᠤᠮᠵᠢᠭᠤᠯᠵᠤ᠂  ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠎ᠳᠤ ᠬᠦᠴᠦ  ᠨᠡᠮᠡᠷᠢᠯᠡᠵᠡᠢ᠃  ᠬᠠᠤᠯᠢ ᠴᠠᠭ᠋ᠠᠵᠠ ᠵᠢᠨ ᠶᠠᠮᠤᠨ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂  ᠳᠤᠮᠳᠠᠳᠤ ᠵᠢᠨ ᠪᠦᠬᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠋ᠠᠲᠤ ᠬᠤᠷᠠᠯ᠎ᠲᠠᠢ ᠬᠠᠮᠲᠤᠷᠠᠨ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠬᠦ ᠠᠶᠠᠯᠠᠯ ᠬᠠᠮᠠᠭ᠋ᠠᠯᠠᠬᠤ ᠠᠵᠤ ᠠᠬᠤᠢ᠌ᠯᠠᠯ᠎ᠤᠨ ᠴᠢᠨᠠᠷ ᠰᠠᠢ᠌ᠲᠠᠢ ᠬᠥᠭᠵᠢᠯᠲᠡ ᠵᠢᠨ ᠲᠤᠰᠬᠠᠢ ᠠᠵᠢᠯᠯᠠᠭ᠎ᠠ ᠥᠷᠨᠢᠭᠦᠯᠵᠦ᠂  ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠠᠵᠤ ᠠᠬᠤᠢ᠌ᠯᠠᠯ᠎ᠳᠤ ᠬᠣᠯᠪᠣᠭᠳᠠᠬᠤ ᠬᠠᠤᠯᠢ ᠬᠡᠷᠡᠭᠵᠢᠭᠦᠯᠬᠦ ᠲᠦᠪᠰᠢᠨ ᠵᠶ᠋ᠡᠨ ᠳᠡᠭᠡᠭᠰᠢᠯᠡᠭᠦᠯᠬᠦ ᠵᠢ ᠠᠬᠢᠭᠤᠯᠪᠠ᠃  ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠᠢ᠌ᠭᠤᠯᠭ᠎ᠠ᠎ᠨᠢ ᠠᠵᠤ ᠠᠬᠤᠢ᠌ᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠡᠷᠡᠭ᠎ᠢ 7.9 ᠲᠦᠮᠡᠨ ᠬᠤᠪᠢ ᠬᠠᠤᠯᠢ ᠶᠣᠰᠣᠭ᠋ᠠᠷ ᠰᠢᠢ᠍ᠳᠪᠦᠷᠢᠯᠡᠵᠦ᠂  ᠡᠶᠡᠳᠡᠭᠦᠯᠬᠦ᠂  ᠡᠶᠡᠳᠡᠬᠦ ᠵᠡᠷᠭᠡ ᠠᠷᠭ᠎ᠠ ᠮᠠᠶᠢᠭ ᠵᠶ᠋ᠠᠷ 1.9 ᠲᠦᠮᠡᠨ ᠬᠤᠪᠢ ᠵᠢ ᠦᠨᠡᠨ ᠪᠣᠳᠠᠲᠠᠢ᠎ᠪᠠᠷ ᠰᠢᠢ᠍ᠳᠪᠦᠷᠢᠯᠡᠵᠦ᠂  ᠠᠵᠤ ᠠᠬᠤᠢ᠌ᠯᠠᠯ᠎ᠤᠨ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠭᠰᠠᠨ

ᠬᠠᠤᠯᠢ᠎ᠠᠴᠠ ᠵᠥᠷᠢᠴᠡᠭᠰᠡᠨ ᠪᠠ ᠵᠦᠢ ᠵᠣᠬᠢᠰ ᠦᠭᠡᠢ ᠵᠠᠰᠠᠭ ᠵᠠᠬᠢᠷᠭ᠋ᠠᠨ᠎ᠤ ᠦᠢᠯᠡ ᠠᠵᠢᠯᠯᠠᠭ᠎ᠠ ᠵᠢ 6500 ᠭᠠᠷᠤᠢ ᠬᠤᠪᠢ ᠰᠢᠭᠤᠳ ᠵᠠᠯᠠᠷᠠᠭᠤᠯᠵᠤ᠂  ᠡᠯ᠎ᠡ ᠲᠥᠷᠥᠯ᠎ᠤᠨ ᠡᠵᠡᠩᠨᠡᠯᠲᠡ ᠵᠢᠨ ᠭᠣᠣᠯ ᠴᠣᠭᠴᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠡᠷᠬᠡ ᠲᠡᠭᠰᠢ᠎ᠪᠠᠷ ᠬᠠᠮᠠᠭ᠋ᠠᠯᠠᠪᠠ᠃ 

      ᠢᠵᠢ ᠪᠦᠷᠢᠳᠦᠭᠦᠯᠬᠦ ᠳᠦᠷᠢᠮ᠎ᠤᠨ ᠪᠠᠢ᠌ᠭᠤᠯᠤᠯᠲᠠ ᠵᠢ ᠲᠡᠭᠦᠯᠳᠡᠷᠵᠢᠭᠦᠯᠵᠦ᠂  ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠵᠦ ᠬᠡᠷᠡᠭ ᠰᠢᠢ᠍ᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠵᠢ  ᠳᠡᠭᠡᠭᠰᠢᠯᠡᠭᠦᠯᠵᠡᠢ᠃  ᠬᠠᠤᠯᠢ ᠴᠠᠭ᠋ᠠᠵᠠ ᠵᠢᠨ ᠶᠠᠮᠤᠨ᠎ᠠᠴᠠ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠵᠢᠨ ᠰᠠᠨᠠᠯ ᠰᠣᠨᠣᠰᠬᠤ ᠠᠷᠭ᠎ᠠ᠂  ᠭᠡᠷᠡᠴᠢᠯᠡᠭᠡ ᠰᠣᠨᠣᠰᠬᠤ ᠠᠷᠭ᠎ᠠ ᠪᠠ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠵᠢᠨ ᠡᠶᠡᠳᠡᠭᠦᠯᠬᠦ ᠠᠵᠢᠯ᠎ᠢ ᠴᠢᠩᠭ᠋ᠠᠳᠬᠠᠬᠤ ᠵᠢᠯᠤᠭᠣᠳᠬᠤ ᠰᠠᠨᠠᠯ ᠵᠢᠴᠢ ᠬᠠᠮᠢᠶ᠎ᠠ ᠪᠦᠬᠦᠢ ᠢᠵᠢ ᠪᠦᠷᠢᠳᠦᠭᠰᠡᠨ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠵᠤ᠂  ᠵᠠᠰᠠᠭ ᠵᠠᠬᠢᠷᠭ᠋ᠠᠨ᠎ᠤ  ᠲᠠᠬᠢᠨ ᠵᠥᠪᠯᠡᠬᠦ ᠬᠠᠤᠯᠢ ᠵᠢ ᠬᠡᠷᠡᠭᠵᠢᠭᠦᠯᠬᠦ ᠳᠦᠷᠢᠮ᠎ᠳᠤ ᠵᠠᠰᠠᠪᠤᠷᠢ ᠣᠷᠣᠭᠤᠯᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂  ᠵᠠᠰᠠᠭ ᠵᠠᠬᠢᠷᠭ᠋ᠠᠨ᠎ᠤ  ᠳᠠᠬᠢᠨ ᠵᠥᠪᠯᠡᠬᠦ  ᠺᠣᠮᠢᠰ᠎ᠤᠨ ᠠᠵᠢᠯ᠎ᠤᠨ ᠳᠦᠷᠢᠮ᠎ᠢ ᠰᠤᠳᠤᠯᠤᠨ ᠲᠣᠭᠲᠠᠭ᠋ᠠᠵᠤ᠂  ᠡᠯ᠎ᠡ ᠭᠠᠵᠠᠷ᠎ᠤᠨ᠎ᠬᠢᠨ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ  ᠬᠠᠤᠯᠢ ᠵᠢᠨ ᠰᠢᠨ᠎ᠡ ᠳᠦᠷᠢᠮ᠂  ᠰᠢᠨ᠎ᠡ ᠱᠠᠭ᠋ᠠᠷᠳᠠᠯᠭ᠎ᠠ ᠵᠢᠨ ᠲᠣᠭᠣᠷᠢᠨ᠎ᠳᠤ ᠠᠷᠠᠳ᠎ᠲᠤ ᠲᠦᠬᠦᠮ ᠦᠵᠡᠭᠦᠯᠵᠦ ᠠᠷᠠᠳ᠎ᠲᠤ ᠠᠰᠢᠭ ᠬᠦᠷᠲᠡᠭᠡᠬᠦ ᠠᠵᠢᠯ᠎ᠤᠨ ᠲᠣᠭᠲᠠᠴᠠ ᠵᠢ ᠲᠠᠰᠤᠷᠠᠯᠳᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂  ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ  ᠳᠦᠷᠢᠮ᠎ᠤᠨ ᠰᠢᠰᠲ᠋ᠧᠮ᠎ᠢ ᠨᠡᠩ ᠲᠡᠭᠦᠯᠳᠡᠷᠵᠢᠭᠦᠯᠵᠦ᠂  ᠳᠦᠷᠢᠮ᠎ᠤᠨ ᠳᠠᠪᠠᠭᠤᠯᠢᠭ᠎ᠢ ᠨᠡᠩ ᠭᠦᠢ᠍ᠴᠡᠳ ᠢᠯᠡᠷᠡᠭᠦᠯᠪᠡ᠃ 

      ᠲᠣᠰ ᠡᠳᠦᠷ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷ᠎ᠡ᠂ ᠬᠠᠤᠯᠢ ᠴᠠᠭ᠋ᠠᠵᠠ ᠵᠢᠨ ᠶᠠᠮᠤᠨ  ᠪᠠᠰᠠ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ ᠵᠢ ᠬᠡᠷᠡᠭᠵᠢᠭᠦᠯᠦᠭᠰᠡᠨ ᠨᠢᠭᠡ ᠵᠢᠯ᠎ᠤᠨ ᠣᠶ ᠵᠢᠨ 10 ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠪᠡ᠃  ᠡᠳᠡᠭᠡᠷ ᠬᠡᠷᠡᠭ᠎ᠤᠨ ᠵᠢᠱ᠌ᠢᠶ᠎ᠡ ᠪᠣᠯ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ  ᠵᠢ ᠬᠡᠷᠡᠭᠵᠢᠭᠦᠯᠦᠭᠰᠡᠨ ᠨᠢᠭᠡ ᠵᠢᠯ᠎ᠤᠨ ᠲᠤᠷᠰᠢᠬᠢ ᠪᠠᠶᠠᠯᠢᠭ ᠦᠢ᠍ᠯᠡᠳᠦᠯᠭᠡ  ᠵᠢᠨ ᠨᠢᠭᠡᠨ ᠬᠤᠷᠢᠶᠠᠩᠭᠤᠢ ᠳᠦᠷᠰᠦ ᠮᠥᠨ᠂  ᠮᠥᠨ ᠴᠦ᠍ ᠥᠷᠭᠡᠨ ᠣᠯᠠᠨ ᠳᠠᠬᠢᠨ ᠵᠥᠪᠯᠡᠬᠦ ᠠᠵᠢᠯᠲᠠᠳ᠎ᠤᠨ ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ᠂  ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ᠂  ᠬᠠᠢ᠌ᠨ ᠰᠦᠪᠡᠭᠴᠢᠯᠡᠵᠦ ᠰᠢᠨ᠎ᠡ ᠵᠢ ᠡᠭᠦᠳᠬᠦ ᠵᠢᠨ ᠲᠥᠪᠯᠡᠷᠡᠩᠭᠦᠢ ᠢᠯᠡᠷᠡᠯ ᠮᠥᠨ᠂  ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠎ᠨᠢ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠴᠢᠩᠭ᠎ᠠ ᠵᠢᠷᠤᠮᠵᠢᠭᠤᠨ ᠲᠥᠪ ᠭᠣᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠠᠬᠢᠭᠤᠯᠬᠤ᠂  ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠡᠬᠢ ᠡᠭᠦᠰᠦᠯ᠎ᠠᠴᠠ᠎ᠨᠢ ᠤᠷᠢᠳᠴᠢᠯᠠᠨ ᠰᠡᠷᠭᠡᠢ᠌ᠯᠡᠬᠦ ᠪᠠ ᠦᠨᠡᠨ ᠪᠣᠳᠠᠲᠠᠢ᠎ᠪᠠᠷ ᠨᠠᠮᠳᠠᠭᠤᠯᠬᠤ᠂  ᠠᠷᠠᠳ ᠤᠯᠠᠨ᠎ᠤ ᠬᠠᠤᠯᠢ ᠶᠣᠰᠣᠨ᠎ᠤ ᠡᠷᠬᠡ ᠠᠰᠢᠭ᠎ᠢ

ᠦᠨᠡᠨ ᠬᠦ᠌ ᠬᠠᠮᠠᠭ᠋ᠠᠯᠠᠬᠤ ᠵᠡᠷᠭᠡ ᠲᠠᠯ᠎ᠠ᠎ᠪᠠᠷ᠎ᠬᠢ ᠢᠳᠡᠪᠬᠢ ᠦᠢ᠍ᠯᠡᠳᠦᠯ᠎ᠢ ᠲᠤᠰᠬᠠᠵᠤ᠂  ᠨᠡᠯᠢᠶᠡᠳ ᠴᠢᠩᠭ᠎ᠠ ᠨᠡᠢ᠌ᠲᠡᠯᠢᠭ ᠴᠢᠨᠠᠷ ᠪᠠ ᠯᠠᠪᠯᠠᠯᠲᠠ ᠵᠢᠨ ᠦᠨ᠎ᠡ ᠦᠷᠳᠡᠭ᠎ᠲᠠᠢ ᠪᠠᠢ᠌ᠵᠤ᠂  ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠤᠯᠢ ᠬᠡᠷᠡᠭᠵᠢᠭᠦᠯᠬᠦ ᠪᠠ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠᠢ᠌ᠭᠤᠯᠭ᠎ᠠ ᠵᠢᠨ ᠬᠡᠷᠡᠭ ᠰᠢᠢ᠍ᠳᠪᠦᠷᠢᠯᠡᠬᠦ᠎ᠳᠤ ᠯᠠᠪᠯᠠᠯᠲᠠ ᠬᠠᠩᠭ᠋ᠠᠵᠤ ᠴᠢᠳᠠᠨ᠎ᠠ》  ᠭᠡᠵᠦ ᠬᠤ᠌ ᠸᠧᠢ ᠯᠢᠶᠸ ᠬᠡᠯᠡᠪᠡ᠃ 

      ᠬᠤ᠌ ᠸᠧᠢ ᠯᠢᠶᠸ᠂  ᠳᠠᠷᠠᠭ᠋ᠠᠴᠢ ᠵᠢᠨ ᠠᠯᠬᠤᠮ᠎ᠳᠤ᠂  ᠬᠠᠤᠯᠢ ᠴᠠᠭ᠋ᠠᠵᠠ ᠵᠢᠨ ᠶᠠᠮᠤᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠦᠷᠭᠦᠯᠵᠢᠯᠡᠨ ᠨᠠᠮ᠎ᠤᠨ ᠲᠥᠪ ᠬᠣᠷᠢᠶ᠎ᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ᠂  ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠᠢ᠌ᠭᠤᠯᠤᠮᠵᠢ ᠵᠢᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠎ᠪᠠᠷ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠨᠠᠮᠳᠠᠭᠤᠯᠬᠤ ᠭᠣᠣᠯ ᠠᠷᠭ᠎ᠠ ᠵᠠᠮ᠎ᠤᠨ ᠪᠠᠢ᠌ᠭᠤᠯᠤᠯᠲᠠ ᠵᠢᠨ ᠶᠡᠷᠦᠩᠬᠡᠢ ᠬᠠᠷᠠᠯᠲᠠ ᠵᠢ ᠲᠣᠭᠲᠠᠭ᠋ᠠᠬᠤ ᠵᠢ ᠠᠬᠢᠭᠤᠯᠵᠤ᠂  ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠᠢ᠌ᠭᠤᠯᠤᠮᠵᠢ ᠲᠣᠭᠲᠠᠴᠠ ᠵᠢ ᠪᠦᠷᠢᠨᠰᠢᠭᠦᠯᠵᠦ᠂  ᠰᠢᠨ᠎ᠡ ᠴᠠᠭ ᠦᠶ᠎ᠡ ᠵᠢᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠠᠵᠢᠯ᠎ᠤᠨ ᠴᠢᠨᠠᠷ ᠰᠠᠢ᠌ᠲᠠᠢ ᠬᠥᠭᠵᠢᠯᠲᠡ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠨᠡᠩ ᠰᠠᠢ᠌ᠨ ᠦᠢ᠍ᠯᠡᠴᠢᠯᠡᠵᠦ ᠪᠠᠲᠤᠯᠠᠨ᠎ᠠ  ᠭᠡᠵᠡᠢ᠃ 

      ᠬᠤ᠌ ᠸᠧᠢ ᠯᠢᠶᠸ᠂ ᠨᠡᠢ᠌ᠭᠡᠮ ᠨᠡᠶ᠋ᠢᠲᠡ ᠵᠢᠨ ᠠᠩᠬᠠᠷᠴᠤ ᠪᠠᠢ᠌ᠭ᠎ᠠ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ

ᠠᠵᠢᠯ᠎ᠨᠢ ᠣᠯᠠᠨ ᠲᠦᠮᠡᠨ ᠪᠠ ᠠᠵᠤ ᠠᠬᠤᠢ᠌ᠯᠠᠯ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ᠂  ᠬᠠᠤᠯᠢ ᠶᠣᠰᠣᠭ᠋ᠠᠷ ᠵᠠᠰᠠᠭ ᠶᠠᠪᠤᠭᠤᠯᠬᠤ ᠠᠵᠢᠯ᠎ᠳᠤ ᠬᠢᠨᠠᠯᠲᠠ ᠲᠠᠯᠪᠢᠬᠤ ᠲᠠᠯ᠎ᠠ᠎ᠪᠠᠷ ᠶᠠᠮᠠᠷ ᠶᠠᠮᠠᠷ ᠭᠣᠣᠯᠳᠠᠯᠭ᠎ᠠ᠎ᠲᠠᠢ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠬᠦ  ᠲᠤᠬᠠᠢ ᠶᠠᠷᠢᠬᠤ᠎ᠳᠤ᠎ᠪᠠᠨ᠂ 2025 ᠣᠨ᠎ᠳᠤ᠂  ᠬᠠᠤᠯᠢ ᠴᠠᠭ᠋ᠠᠵᠠ ᠵᠢᠨ ᠶᠠᠮᠤᠨ ᠭᠣᠣᠯᠳᠠᠭᠤ 《ᠬᠡᠷᠡᠭ ᠵᠶ᠋ᠡᠷ ᠥᠭᠡᠷᠡᠴᠢᠯᠡᠯᠲᠡ ᠵᠢ ᠠᠬᠢᠭᠤᠯᠵᠤ ᠵᠠᠰᠠᠯᠲᠠ ᠵᠢ ᠠᠬᠢᠭᠤᠯᠬᠤ》 ᠡᠭᠦᠳᠡᠨ᠎ᠠᠴᠠ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠎ᠳᠤ ᠬᠢᠨᠠᠯᠲᠠ ᠲᠠᠯᠪᠢᠬᠤ ᠬᠠᠤᠯᠢ ᠶᠣᠰᠣᠭ᠋ᠠᠷ ᠵᠠᠰᠠᠭ ᠶᠠᠪᠤᠭᠤᠯᠬᠤ ᠡᠷᠴᠢᠮ᠎ᠢ ᠴᠢᠩᠭ᠋ᠠᠷᠠᠭᠤᠯᠵᠤ᠂  ᠣᠨᠴᠠᠭ᠋ᠠᠶ ᠬᠡᠷᠡᠭ᠎ᠤᠨ ᠪᠤᠷᠤᠭᠤ ᠵᠢ ᠵᠠᠯᠠᠷᠠᠭᠤᠯᠬᠤ ᠵᠢ ᠴᠢᠬᠤᠯᠠᠴᠢᠯᠠᠵᠤ᠂  ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠤᠯᠢ᠎ᠪᠠᠷ ᠲᠣᠭᠲᠠᠭ᠋ᠠᠭᠰᠠᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ᠎ᠨᠢ ᠭᠦᠢ᠍ᠴᠡᠳ ᠪᠤᠰᠤ᠂  ᠵᠢᠷᠤᠮ᠎ᠨᠢ ᠬᠠᠤᠯᠢ᠎ᠠᠴᠠ ᠵᠥᠷᠢᠴᠡᠭᠰᠡᠨ᠂  ᠳᠤᠷ᠎ᠠ᠎ᠪᠠᠷ ᠵᠶ᠋ᠠᠨ ᠵᠣᠭᠣᠰ ᠵᠶ᠋ᠠᠷ ᠲᠣᠷᠭ᠋ᠠᠭᠰᠠᠨ ᠵᠡᠷᠭᠡ ᠬᠠᠤᠯᠢ ᠬᠡᠷᠡᠭᠵᠢᠭᠦᠯᠦᠯᠲᠡ ᠵᠢᠨ ᠲᠣᠪᠣᠢ᠌ᠮ᠎ᠠ ᠠᠰᠠᠭᠤᠳᠠᠯ᠎ᠢ ᠴᠢᠩᠭ᠎ᠠ ᠠᠩᠬᠠᠷᠬᠤ ᠮᠥᠷᠲᠡᠭᠡᠨ ᠪᠠᠰᠠ ᠲᠦᠷᠦᠯ᠎ᠤᠨ ᠬᠡᠷᠡᠭ᠎ᠤᠨ ᠵᠢᠷᠤᠮᠵᠢᠯ᠎ᠢ ᠴᠢᠬᠤᠯᠠᠴᠢᠯᠠᠵᠤ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠨᠡᠢ᠌ᠲᠡᠯᠢᠭ ᠴᠢᠨᠠᠷᠲᠠᠢ ᠠᠰᠠᠭᠤᠳᠠᠯ᠎ᠢ ᠴᠠᠭ ᠲᠤᠬᠠᠢ᠎ᠳᠤᠨᠢ ᠵᠠᠯᠠᠷᠠᠭᠤᠯᠤᠨ ᠵᠠᠰᠠᠵᠤ᠂ ᠠᠳᠠᠯᠢ ᠲᠦᠷᠦᠯ᠎ᠤᠨ ᠬᠡᠷᠡᠭ᠎ᠤᠨ ᠲᠠᠬᠢᠨ ᠡᠭᠦᠰᠬᠦ᠎ᠠᠴᠠ ᠵᠠᠢ᠌ᠯᠠᠰᠬᠢᠵᠦ᠂  ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠡᠬᠢ ᠰᠤᠷᠪᠤᠯᠵᠢ᠎ᠠᠴᠠ᠎ᠨᠢ ᠤᠷᠢᠳᠴᠢᠯᠠᠨ ᠰᠡᠷᠭᠡᠢ᠌ᠯᠡᠬᠦ ᠪᠠ ᠪᠠᠭ᠋ᠠᠰᠬᠠᠨ᠎ᠠ  ᠭᠡᠵᠡᠢ᠃  

ᠢᠷᠡᠯᠲᠡ᠄ᠬᠠᠤᠯᠢ ᠴᠠᠭ᠋ᠠᠵᠠ ᠵᠢᠨ ᠶᠠᠮᠤᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠥᠬᠥ ᠣᠷᠣᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠬᠡᠷᠡᠭ᠎ᠤᠨ ᠶᠠᠰᠤ ᠴᠢᠨᠠᠷ ᠪᠠ ᠲᠠᠩᠰᠠ ᠡᠪᠬᠡᠮᠡᠯ᠎ᠤᠨ ᠶᠠᠰᠤ ᠴᠢᠨᠠᠷ᠎ᠤᠨ ᠪᠣᠯᠪᠠᠰᠤᠷᠠᠯ᠎ᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ 2025 ᠣᠨ᠎ᠤ 8 ᠳ᠋ᠤᠭ᠋ᠠᠷ ᠤᠳᠠᠭ᠎ᠠ ᠵᠢᠨ (ᠥᠷᠭᠡᠳᠬᠡᠭᠰᠡᠨ) ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠪᠥᠬᠥ ᠤᠯᠤᠰ᠎ᠤᠨ ᠬᠣᠶᠠᠷ ᠬᠤᠷᠠᠯ᠎ᠤᠨ ᠬᠣᠯᠪᠣᠭᠳᠠᠯ ᠪᠦᠬᠦᠢ ᠪᠦᠯᠬᠦᠮ ᠳᠤᠭᠤᠢ᠌ᠯᠠᠩ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠠᠢ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠡᠩᠨᠡᠭᠡ ᠵᠢᠨ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ 《ᠶᠡᠬᠡ ᠬᠢᠴᠢᠶᠡᠯ᠎ᠤᠨ ᠲᠠᠩᠬᠢᠮ》᠎ᠢ ᠡᠷᠭᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠭᠡᠷᠡᠴᠢᠯᠡᠭᠡ ᠵᠢᠨ ᠨᠡᠢ᠌ᠭᠡᠮᠯᠢᠭ 《ᠪᠥᠬᠥ ᠣᠷᠣᠨ᠎ᠤ ᠲᠡᠷᠢᠭᠦᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ》 ᠵᠢᠨ ᠬᠥᠬᠢᠭᠦᠯᠦᠯ᠎ᠢ ᠬᠦᠷᠲᠡᠵᠡᠢ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ ᠵᠢ ᠲᠤᠭᠤᠰᠢᠯᠠᠭᠤᠯᠤᠨ ᠬᠡᠷᠡᠭᠵᠢᠭᠦᠯᠦᠭᠰᠡᠨ ᠨᠢᠭᠡ ᠵᠢᠯ᠎ᠤᠨ ᠣᠶ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠪᠠ
 
            