3 ᠰᠠᠷ᠎ᠠ ᠵᠢᠨ 7᠎ᠤ ᠡᠳᠦᠷ᠎ᠤᠨ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ ᠵᠶ᠋ᠠᠷ ᠥᠪᠡᠷᠲᠡᠭᠡᠨ ᠵᠠᠰᠠᠬᠤ ᠣᠷᠣᠨ᠎ᠤ ᠬᠠᠤᠯᠢᠵᠢᠯ᠎ᠤᠨ ᠪᠣᠯᠪᠠᠰᠤᠷᠠᠯ᠎ᠤᠨ ᠲᠥᠪ᠎ᠲᠤ ᠪᠥᠬᠥ ᠣᠷᠣᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠬᠡᠷᠡᠭ᠎ᠤᠨ ᠶᠠᠰᠤ ᠴᠢᠨᠠᠷ ᠪᠠ ᠲᠠᠩᠰᠠ ᠡᠪᠬᠡᠮᠡᠯ᠎ᠤᠨ ᠶᠠᠰᠤ ᠴᠢᠨᠠᠷ᠎ᠤᠨ ᠪᠣᠯᠪᠠᠰᠤᠷᠠᠯ᠎ᠢ ᠡᠷᠬᠢᠯᠡᠪᠡ᠃ ᠪᠦᠬᠦ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠲᠤᠬᠠᠢ᠌ᠯᠠᠭᠰᠠᠨ ᠠᠵᠢᠯ᠎ᠢ ᠬᠠᠷᠢᠭᠤᠴᠠᠵᠤ ᠪᠠᠢ᠌ᠭ᠎ᠠ ᠬᠠᠮᠢᠶᠠᠷᠤᠯᠲᠠ ᠵᠢᠨ ᠺᠠᠳ᠋ᠷ᠂ ᠡᠯ᠎ᠡ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠂ ᠲᠤᠰᠬᠠᠢ ᠲᠤᠰᠢᠶᠠᠯ ᠬᠠᠪᠰᠤᠷᠭ᠋ᠠᠭᠰᠠᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠭᠴᠢ ᠵᠢᠴᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠬᠢᠨᠠᠨ ᠲᠣᠭᠲᠠᠭ᠋ᠠᠭᠴᠢ ᠵᠢᠨ ᠲᠤᠰᠠᠯᠠᠭᠴᠢ ᠵᠢᠨ ᠨᠡᠢ᠍ᠢ᠍ᠳᠡ 700 ᠭᠠᠷᠤᠢ ᠬᠥᠮᠥᠨ ᠲᠤᠰ ᠤᠳᠠᠭ᠋ᠠᠨ᠎ᠤ ᠪᠣᠯᠪᠠᠰᠤᠷᠠᠯ᠎ᠳᠤ ᠣᠷᠣᠯᠴᠠᠪᠠ᠃

ᠪᠣᠯᠪᠠᠰᠤᠷᠠᠯ᠎ᠳᠤ ᠮᠠᠨ᠎ᠤ ᠣᠷᠣᠨ᠎ᠤ ᠬᠠᠤᠯᠢ ᠵᠢᠨ ᠠᠨᠠᠭ᠋ᠠᠬᠤ ᠤᠬᠠᠭ᠋ᠠᠨ᠎ᠤ ᠲᠥᠷᠥᠯ᠂ ᠪᠣᠳᠠᠰ᠎ᠤᠨ ᠭᠡᠷᠡᠴᠢ ᠵᠢᠨ ᠲᠥᠷᠥᠯ (ᠵᠠᠮ ᠬᠠᠷᠢᠯᠴᠠᠭ᠋ᠠᠨ᠎ᠤ ᠡᠨᠳᠡᠯ᠎ᠤᠨ ᠣᠷᠣᠮ᠎ᠤᠨ ᠪᠣᠳᠠᠰ᠎ᠤᠨ ᠭᠡᠷᠡᠴᠢ)᠂ ᠳᠠᠭᠤ ᠳᠦᠷᠰᠦ ᠵᠢᠨ ᠮᠠᠲ᠋ᠧᠷᠢᠶᠠᠯ ᠪᠠ ᠣᠷᠴᠢᠨ ᠲᠣᠭᠣᠷᠢᠨ᠎ᠤ ᠬᠣᠬᠢᠷᠠᠯ ᠵᠡᠷᠭᠡ ᠳᠥᠷᠪᠡᠨ ᠲᠥᠷᠥᠯ᠎ᠤᠨ 5 ᠠᠵᠢᠯ ᠲᠥᠷᠥᠯ᠎ᠤᠨ ᠲᠤᠰᠬᠠᠢ ᠮᠡᠷᠭᠡᠵᠢᠯᠲᠡᠨ᠎ᠢ ᠤᠷᠢᠵᠤ᠂ ᠡᠨᠡ ᠵᠢᠯ᠎ᠤᠨ 2 ᠰᠠᠷ᠎ᠠ᠎ᠳᠤ ᠪᠥᠬᠥ ᠣᠷᠣᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠬᠡᠷᠡᠭ᠎ᠤᠨ ᠡᠪᠬᠡᠮᠡᠯ᠎ᠢ ᠦᠨᠡᠯᠡᠨ ᠪᠠᠢ᠌ᠴᠠᠭ᠋ᠠᠬᠤ ᠪᠠ ᠲᠠᠩᠰᠠ ᠡᠪᠬᠡᠮᠡᠯ᠎ᠢ ᠦᠨᠡᠯᠡᠨ ᠪᠠᠢ᠌ᠴᠠᠭ᠋ᠠᠵᠤ ᠭᠠᠷᠭ᠋ᠠᠭᠰᠠᠨ ᠬᠢᠯᠠᠰ ᠴᠡᠭ ᠪᠠ ᠬᠦᠷᠦᠯᠴᠡᠬᠦ ᠦᠭᠡᠢ ᠲᠠᠯ᠎ᠠ᠎ᠳᠤ ᠴᠢᠭᠯᠡᠭᠦᠯᠦᠨ᠂ ᠬᠢᠨᠠᠨ ᠲᠣᠭᠲᠠᠭ᠋ᠠᠯᠲᠠ ᠵᠢᠨ ᠨᠠᠶ᠋ᠢᠳᠠᠯᠭ᠎ᠠ᠂ ᠲᠠᠩᠰᠠ ᠡᠪᠬᠡᠮᠡᠯ᠎ᠢ ᠡᠪᠬᠡᠮᠡᠯᠯᠡᠨ ᠲᠠᠩᠰᠠ ᠡᠪᠬᠡᠮᠡᠯ᠎ᠳᠤ ᠣᠷᠣᠭᠤᠯᠬᠤ᠂ ᠬᠢᠨᠠᠨ ᠲᠣᠭᠲᠠᠭ᠋ᠠᠯᠲᠠ ᠵᠢᠨ ᠪᠢᠴᠢᠭ ᠬᠠᠷ᠎ᠠ ᠵᠢᠨ ᠬᠡᠯᠪᠡᠷᠢ ᠮᠠᠶᠢᠭ᠂ ᠬᠢᠨᠠᠨ ᠲᠣᠭᠲᠠᠭ᠋ᠠᠬᠤ ᠲᠠᠰ ᠳᠠᠷᠠᠭ᠋ᠠᠯᠠᠯ᠂ ᠬᠢᠨᠠᠨ ᠲᠣᠭᠲᠠᠭ᠋ᠠᠯᠲᠠ ᠵᠢᠨ ᠮᠠᠲ᠋ᠧᠷᠢᠶᠠᠯ᠂ ᠬᠢᠨᠠᠨ ᠲᠣᠭᠲᠠᠭ᠋ᠠᠯᠲᠠ ᠵᠢᠨ ᠰᠠᠨᠠᠯ ᠵᠢᠴᠢ ᠬᠡᠷᠡᠭ᠎ᠢ ᠳᠠᠭᠤᠰᠬᠠᠬᠤ ᠳᠦᠷᠢᠮ ᠵᠡᠷᠭᠡ ᠲᠠᠯ᠎ᠠ᠎ᠪᠠᠷ ᠲᠠᠢ᠌ᠯᠤᠮᠵᠢ ᠬᠢᠭᠰᠡᠨ ᠪᠥᠭᠡᠳ ᠲᠣᠰ ᠤᠳᠠᠭ᠋ᠠᠨ᠎ᠤ ᠬᠡᠷᠡᠭ᠎ᠤᠨ ᠡᠪᠬᠡᠮᠡᠯ᠎ᠤᠨ ᠶᠠᠰᠤ ᠴᠢᠨᠠᠷ ᠪᠠ ᠲᠠᠩᠰᠠ ᠡᠪᠬᠡᠮᠡᠯ᠎ᠤᠨ ᠶᠠᠰᠤ ᠴᠢᠨᠠᠷ᠎ᠢ ᠦᠨᠡᠯᠡᠨ ᠪᠠᠢ᠌ᠴᠠᠭ᠋ᠠᠵᠤ ᠭᠠᠷᠭ᠋ᠠᠭᠰᠠᠨ ᠰᠢᠯᠢᠳᠡᠭ ᠬᠡᠷᠡᠭ᠎ᠤᠨ ᠵᠢᠱ᠌ᠢᠶ᠎ᠡ ᠵᠢ ᠪᠥᠬᠥ ᠲᠠᠯ᠎ᠠ᠎ᠪᠠᠷ ᠲᠠᠢ᠌ᠯᠤᠮᠵᠢ ᠬᠢᠭᠰᠡᠨ ᠪᠠᠢ᠌ᠨ᠎ᠠ᠃
ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠨᠢ ᠦᠨᠡᠯᠡᠨ ᠪᠠᠢ᠌ᠴᠠᠭ᠋ᠠᠬᠤ ᠳᠤᠮᠳᠠ ᠢᠯᠡᠷᠡᠭᠦᠯᠦᠭᠰᠡᠨ ᠲᠣᠪᠣᠢ᠌ᠮ᠎ᠠ ᠠᠰᠠᠭᠤᠳᠠᠯ᠎ᠲᠠᠢ ᠤᠶᠠᠯᠳᠤᠭᠤᠯᠤᠨ᠂ ᠬᠠᠤᠯᠢ ᠴᠠᠭ᠋ᠠᠵᠠ ᠵᠢᠨ ᠰᠢᠯᠭ᠋ᠠᠨ ᠲᠣᠭᠲᠠᠭ᠋ᠠᠯᠲᠠ ᠵᠢ ᠨᠠᠢ᠌ᠳᠠᠨ ᠭᠥᠯᠢᠶᠡᠨ ᠠᠪᠴᠤ ᠰᠢᠢ᠍ᠳᠪᠦᠷᠢᠯᠡᠬᠦ᠂ ᠪᠠᠷᠢᠮᠵᠢᠶ᠎ᠠ ᠵᠢ ᠡᠰᠢᠯᠡᠨ ᠬᠡᠷᠡᠭᠯᠡᠬᠦ᠂ ᠰᠢᠯᠭ᠋ᠠᠨ ᠲᠣᠭᠲᠠᠭ᠋ᠠᠯᠲᠠ ᠵᠢᠨ ᠲᠤᠬᠠᠢ ᠵᠢᠨ ᠲᠠᠯᠠᠪᠤᠷ᠎ᠢ ᠲᠡᠮᠳᠡᠭᠯᠡᠬᠦ᠂ ᠰᠢᠯᠭ᠋ᠠᠨ ᠲᠣᠭᠲᠠᠭ᠋ᠠᠯᠲᠠ ᠵᠢᠨ ᠰᠠᠨᠠᠯ᠎ᠤᠨ ᠪᠢᠴᠢᠭ᠎ᠢ ᠭᠠᠷᠭ᠋ᠠᠵᠤ ᠥᠭᠬᠦ ᠵᠡᠷᠭᠡ ᠭᠣᠣᠯᠳᠠᠯᠭ᠎ᠠ᠎ᠲᠠᠢ ᠭᠣᠭᠴᠣᠭ᠎ᠠ ᠵᠢᠨ ᠬᠢᠨᠠᠯᠲᠠ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠰᠢᠯᠭ᠋ᠠᠨ ᠲᠣᠭᠲᠠᠭ᠋ᠠᠯᠲᠠ ᠵᠢᠨ ᠲᠠᠰ ᠳᠠᠷᠠᠭ᠋ᠠᠯᠠᠯ᠎ᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ ᠡᠭᠦᠨ᠎ᠤ ᠬᠠᠮᠲᠤ᠂ ᠲᠤᠰ ᠤᠳᠠᠭ᠎ᠠ ᠵᠢᠨ ᠦᠨᠡᠯᠡᠨ ᠪᠠᠢ᠌ᠴᠠᠭ᠋ᠠᠯᠲᠠ᠎ᠳᠤ ᠢᠯᠡᠷᠡᠭᠦᠯᠦᠭᠰᠡᠨ ᠠᠰᠠᠭᠤᠳᠠᠯ᠎ᠢ ᠬᠤᠷᠢᠶᠠᠩᠭᠤᠢ᠌ᠯᠠᠭᠰᠠᠨ᠎ᠤ ᠳᠠᠷᠠᠭ᠎ᠠ ᠴᠠᠭ ᠲᠤᠬᠠᠢᠳᠤᠨᠢ ᠡᠯ᠎ᠡ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠪᠠᠢ᠌ᠭᠤᠯᠤᠮᠵᠢ᠎ᠳᠤ ᠬᠠᠷᠢᠭᠤ ᠲᠤᠰᠬᠠᠵᠤ᠂ ᠵᠢᠯᠤᠭᠣᠳᠬᠤ ᠪᠠᠢ᠌ᠭᠤᠯᠤᠮᠵᠢ ᠨᠢᠭᠡ᠎ᠠᠴᠠ ᠵᠦᠢ᠍ᠴᠢᠯᠡᠵᠦ ᠨᠦᠬᠦᠭᠡ ᠵᠢ ᠮᠡᠳᠡᠵᠦ᠂ ᠪᠦᠬᠦ ᠲᠠᠯ᠎ᠠ᠎ᠪᠠᠷ ᠥᠪᠡᠷ᠎ᠢ᠎ᠪᠠᠨ ᠪᠠᠢ᠌ᠴᠠᠭ᠋ᠠᠵᠤ᠂ ᠠᠰᠠᠭᠤᠳᠠᠯ᠎ᠤᠨ ᠦᠨᠳᠦᠰᠦ ᠰᠤᠷᠪᠤᠯᠵᠢ ᠵᠢ ᠨᠠᠷᠢᠨ ᠬᠢᠨᠠᠮᠠᠭ᠋ᠠᠢ ᠵᠠᠳᠠᠯᠵᠤ᠂ ᠠᠯᠳᠠᠰᠢ ᠭᠠᠷᠬᠤ ᠵᠢ ᠬᠣᠷᠢᠭᠯᠠᠵᠤ᠂ ᠪᠠᠯᠠᠢ ᠣᠷᠣᠨ᠎ᠢ ᠠᠷᠢᠯᠭ᠋ᠠᠵᠤ᠂ ᠦᠷ᠎ᠡ ᠪᠦᠲᠦᠭᠡᠯ ᠵᠶ᠋ᠡᠨ ᠪᠡᠬᠢᠵᠢᠭᠦᠯᠵᠦ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠶᠠᠰᠤ ᠴᠢᠨᠠᠷ᠎ᠤᠨ ᠲᠦᠪᠰᠢᠨ᠎ᠢ ᠳᠡᠭᠡᠭᠰᠢᠯᠡᠭᠦᠯᠬᠦ ᠵᠢ ᠪᠠᠲᠤᠯᠠᠨ᠎ᠠ᠃