ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ 2025 ᠣᠨ᠎ᠤ 8 ᠳ᠋ᠤᠭ᠋ᠠᠷ ᠤᠳᠠᠭ᠎ᠠ ᠵᠢᠨ (ᠥᠷᠭᠡᠳᠬᠡᠭᠰᠡᠨ) ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠪᠥᠬᠥ ᠤᠯᠤᠰ᠎ᠤᠨ ᠬᠣᠶᠠᠷ ᠬᠤᠷᠠᠯ᠎ᠤᠨ ᠬᠣᠯᠪᠣᠭᠳᠠᠯ ᠪᠦᠬᠦᠢ ᠪᠦᠯᠬᠦᠮ ᠳᠤᠭᠤᠢ᠌ᠯᠠᠩ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠠᠢ
ᠨᠡᠶ᠋ᠢᠲᠡᠯᠡᠭᠰᠡᠨ ᠴᠠᠭ᠄ 2025-03-14

      3 ᠰᠠᠷ᠎ᠠ ᠵᠢᠨ 13᠎ᠤ ᠡᠳᠦᠷ᠂  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ 2025 ᠣᠨ᠎ᠤ 8 ᠳ᠋ᠤᠭ᠋ᠠᠷ ᠤᠳᠠᠭ᠎ᠠ ᠵᠢᠨ (ᠥᠷᠭᠡᠳᠬᠡᠭᠰᠡᠨ)  ᠬᠤᠷᠠᠯ ᠬᠤᠷᠠᠯᠳᠤᠭᠤᠯᠵᠤ᠂  ᠶᠡᠷᠦᠩᠬᠡᠢ ᠱᠦᠵᠢ ᠰᠢ ᠵᠢᠨ ᠫᠢᠩ᠎ᠤᠨ ᠪᠥᠬᠥ ᠤᠯᠤᠰ᠎ᠤᠨ ᠬᠣᠶᠠᠷ ᠬᠤᠷᠠᠯ᠎ᠤᠨ ᠬᠣᠯᠪᠣᠭᠳᠠᠯ ᠪᠦᠬᠦᠢ ᠪᠦᠯᠬᠦᠮ ᠳᠤᠭᠤᠢ᠌ᠯᠠᠩ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂  ᠪᠥᠬᠥ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠪᠥᠬᠥ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ  ᠲᠤᠭᠤᠰᠢᠯᠠᠭᠤᠯᠬᠤ ᠺᠠᠳ᠋ᠷᠴᠤᠳ᠎ᠤᠨ ᠶᠡᠬᠡ ᠬᠤᠷᠠᠯ ᠵᠡᠷᠭᠡ ᠬᠣᠯᠪᠣᠭᠳᠠᠯ ᠪᠦᠬᠦᠢ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ᠃  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠱᠦᠵᠢ᠂  ᠲᠢᠩᠬᠢᠮ᠎ᠤᠨ ᠳᠠᠷᠤᠭ᠎ᠠ ᠪᠠᠢ ᠶᠦᠩ ᠫᠢᠩ ᠬᠤᠷᠠᠯ᠎ᠢ ᠡᠷᠬᠢᠯᠡᠪᠡ᠃ 


1.png


      ᠬᠤᠷᠠᠯ᠎ᠠᠴᠠ᠂  ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠣᠨ ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ  ᠲᠤᠭᠤᠰᠢᠯᠠᠭᠤᠯᠬᠤ ᠵᠢ ᠣᠳᠣᠬᠠᠨ᠎ᠤ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ᠂  ᠲᠤᠰᠬᠠᠢ ᠰᠡᠳᠦᠪᠲᠦ ᠰᠤᠷᠤᠯᠴᠠᠯᠭ᠎ᠠ ᠵᠢ ᠨᠠᠷᠢᠨ ᠬᠢᠨᠠᠮᠠᠭ᠋ᠠᠢ ᠵᠣᠬᠢᠶᠠᠨ ᠪᠠᠢ᠌ᠭᠤᠯᠤᠨ ᠥᠷᠨᠢᠭᠦᠯᠵᠦ᠂ ᠨᠠᠮ ᠪᠣᠯᠣᠨ ᠤᠯᠤᠰ᠎ᠤᠨ ᠣᠯᠣᠭᠰᠠᠨ ᠠᠭᠤᠤ ᠶᠡᠬᠡ ᠠᠮᠵᠢᠯᠲᠠ ᠪᠦᠲᠦᠮᠵᠢ᠂  ᠬᠠᠮᠤᠭ᠎ᠤᠨ  ᠰᠢᠨ᠎ᠡ ᠲᠦᠷᠦ ᠵᠢᠨ ᠪᠣᠳᠣᠯᠭ᠎ᠠ ᠵᠢ ᠨᠢᠭᠡᠳᠦᠭᠡᠷ ᠹᠷᠣᠨᠲ᠎ᠲᠤ ᠤᠯᠠᠮᠵᠢᠯᠠᠵᠤ᠂  ᠬᠥᠮᠥᠨ ᠪᠣᠯᠭ᠋ᠠᠨ ᠪᠦᠬᠦ ᠰᠢᠰᠲ᠋ᠧᠮ᠎ᠤᠨ ᠳᠣᠲᠣᠷ᠎ᠠ ᠰᠤᠷᠤᠯᠴᠠᠬᠤ ᠥᠷᠨᠢᠯᠲᠡ ᠭᠠᠷᠭ᠋ᠠᠬᠤ ᠬᠡᠷᠡᠭᠲᠡᠢ᠃ 《ᠨᠢᠭᠡᠳᠦᠭᠡᠷ ᠵᠥᠪᠯᠡᠬᠦ ᠰᠡᠳᠦᠪ》᠎ᠤᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂  ᠪᠠᠭ᠎ᠤᠨ ᠪᠦᠷᠢᠯᠳᠦᠭᠦᠨ᠎ᠤ ᠥᠯᠢᠭᠡᠷ ᠳᠠᠭᠤᠷᠢᠶᠠᠯ ᠪᠣᠯᠬᠤ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂  ᠰᠤᠷᠤᠯᠴᠠᠨ ᠣᠢ᠌ᠯᠠᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ 《ᠨᠠᠮ᠎ᠤᠨ ᠪᠠᠢ᠌ᠭᠤᠯᠤᠯᠲᠠ + ᠲᠤᠬᠠᠢ᠌ᠯᠠᠭᠰᠠᠨ ᠠᠵᠢᠯ》᠎ᠤᠨ ᠭᠠᠷᠠᠭ᠎ᠤᠨ ᠲᠣᠭᠲᠠᠮᠠᠯ ᠬᠤᠷᠠᠯ᠂ 《ᠭᠤᠷᠪᠠᠨ ᠬᠤᠷᠠᠯ ᠨᠢᠭᠡ ᠬᠢᠴᠢᠶᠡᠯ》᠂  ᠭᠣᠣᠯ ᠰᠡᠳᠦᠪᠲᠦ ᠨᠠᠮ᠎ᠤᠨ ᠡᠳᠦᠷ ᠵᠡᠷᠭᠡ ᠤᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠵᠤ᠂  ᠨᠠᠮ᠎ᠤᠨ ᠭᠡᠰᠢᠭᠦᠨ ᠺᠠᠳ᠋ᠷᠴᠤᠳ᠎ᠢ ᠪᠦᠬᠦᠨ᠎ᠢ ᠪᠦᠷᠬᠦᠭᠦᠯᠦᠨ ᠰᠤᠷᠤᠯᠴᠠᠬᠤ ᠵᠢ ᠨᠠᠷᠢᠨ ᠬᠢᠨᠠᠮᠠᠭ᠋ᠠᠢ ᠵᠣᠬᠢᠶᠠᠨ ᠪᠠᠢ᠌ᠭᠤᠯᠵᠤ᠂  ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠦᠵᠡᠯ ᠰᠠᠨᠠᠭ᠎ᠠ ᠵᠢ ᠳᠠᠭ᠋ᠠᠬᠤ᠂  ᠲᠠᠨᠢᠯᠲᠠ ᠵᠢ ᠳᠠᠭ᠋ᠠᠬᠤ᠂  ᠠᠵᠢᠯᠯᠠᠭ᠎ᠠ ᠵᠢ ᠳᠠᠭ᠋ᠠᠬᠤ ᠵᠢ ᠳᠠᠢ᠌ᠴᠢᠯᠠᠬᠤ ᠬᠡᠷᠡᠭᠲᠡᠢ᠃ 《ᠥᠪᠥᠷ ᠮᠣᠩᠭᠣᠯ᠎ᠤᠨ ᠠᠯᠠᠭ᠋ᠠᠨ ᠳᠡᠭᠡᠷᠡᠬᠢ 12348》᠂ 《ᠤᠮᠠᠷᠠᠲᠤ ᠬᠢᠯᠢ ᠵᠢᠨ ᠬᠠᠤᠯᠢ  ᠲᠦᠭᠡᠮᠡᠯᠵᠢᠭᠦᠯᠦᠯᠲᠡ》 ᠵᠡᠷᠭᠡ ᠤᠬᠠᠭᠤᠯᠭ᠎ᠠ ᠵᠢᠨ ᠲᠠᠪᠴᠠᠩ᠎ᠢ ᠰᠠᠢ᠌ᠲᠤᠷ ᠠᠰᠢᠭᠯᠠᠵᠤ᠂  ᠪᠦᠬᠦ ᠰᠢᠰᠲ᠋ᠧᠮ ᠵᠶ᠋ᠡᠷ ᠵᠶ᠋ᠡᠨ ᠭᠦᠨᠵᠡᠭᠡᠢ ᠰᠤᠷᠤᠯᠴᠠᠵᠦ ᠦᠨᠡᠨᠴᠢ ᠰᠢᠳᠤᠷᠭᠤ᠎ᠪᠠᠷ ᠬᠡᠷᠡᠭᠵᠢᠭᠦᠯᠬᠦ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠤᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠢᠯᠡᠷᠡᠭᠦᠯᠬᠦ ᠬᠡᠷᠡᠭᠲᠡᠢ  ᠭᠡᠵᠦ ᠴᠢᠬᠤᠯᠠᠴᠢᠯᠠᠵᠠᠢ᠃ 

      ᠬᠤᠷᠠᠯ᠎ᠠᠴᠠ᠂  ᠤᠯᠤᠰ ᠲᠦᠷᠦ ᠵᠢᠨ ᠵᠣᠭᠰᠣᠴᠠ᠎ᠪᠠᠨ ᠦᠨᠡᠨᠬᠦ ᠳᠡᠭᠡᠭᠰᠢᠯᠡᠭᠦᠯᠵᠦ᠂  ᠵᠠᠰᠠᠭ᠎ᠤᠨ ᠣᠷᠳᠣᠨ᠎ᠤ  ᠠᠵᠢᠯ᠎ᠤᠨ ᠢᠯᠡᠳᠬᠡᠯ᠎ᠳᠠᠬᠢ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠣᠨᠣᠪᠴᠢᠲᠠᠢ ᠡᠵᠡᠮᠳᠡᠵᠦ᠂  ᠶᠡᠬᠡ ᠲᠠᠯ᠎ᠠ᠎ᠳᠤ ᠦᠢ᠍ᠯᠡᠴᠢᠯᠡᠬᠦ ᠵᠢ ᠪᠠᠷᠢᠮᠲᠠᠯᠠᠵᠤ᠂   ᠬᠠᠤᠯᠢᠵᠢᠯ᠎ᠤᠨ ᠦᠨᠳᠦᠰᠦ ᠵᠢ ᠪᠠᠲᠤᠳᠬᠠᠬᠤ᠂  ᠵᠢᠱ᠌ᠢᠯᠲᠡ ᠵᠢ ᠲᠣᠭᠲᠠᠪᠤᠷᠢᠵᠢᠭᠤᠯᠬᠤ᠂  ᠠᠯᠤᠰ ᠬᠡᠳᠦ᠎ᠳᠤ ᠠᠰᠢᠭᠲᠠᠢ ᠪᠠᠲᠤᠯᠠᠭ᠎ᠠ ᠵᠢᠨ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂  ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂  ᠴᠢᠨᠠᠷ ᠰᠠᠢ᠌ᠲᠠᠢ ᠬᠥᠭᠵᠢᠯᠲᠡ᠎ᠳᠤ ᠬᠠᠤᠯᠢᠵᠢᠯ᠎ᠤᠨ ᠬᠦᠴᠦᠲᠡᠢ ᠪᠠᠲᠤᠯᠠᠭ᠎ᠠ ᠬᠠᠩᠭ᠋ᠠᠬᠤ ᠬᠡᠷᠡᠭᠲᠡᠢ᠃  ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠭᠦᠨᠵᠡᠭᠡᠢ᠌ᠷᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯᠲᠠ ᠵᠢᠨ ᠴᠢᠨᠠᠷ ᠴᠢᠨᠰᠠᠭ᠎ᠠ ᠦᠷ᠎ᠡ ᠠᠰᠢᠭ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ 《ᠵᠢᠷᠭᠤᠭ᠋ᠠᠨ ᠠᠵᠢᠯᠯᠠᠭ᠎ᠠ》 ᠵᠢ ᠰᠠᠢ᠌ᠲᠤᠷ ᠥᠷᠨᠢᠭᠦᠯᠦᠨ᠂  ᠬᠠᠤᠯᠢᠵᠢᠯ᠎ᠤᠨ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠵᠡᠷᠭᠡ ᠭᠣᠣᠯᠳᠠᠯᠭ᠎ᠠ᠎ᠲᠠᠢ ᠠᠵᠢᠯ᠎ᠤᠨ ᠬᠠᠤᠯᠢᠵᠢᠯ᠎ᠤᠨ ᠱᠠᠯᠠᠪᠳᠠᠭᠤᠯᠤᠨ ᠪᠠᠢ᠌ᠴᠠᠭ᠋ᠠᠯᠲᠠ ᠵᠢ ᠰᠠᠢ᠌ᠲᠤᠷ ᠬᠢᠬᠦ ᠬᠡᠷᠡᠭᠲᠡᠢ᠃  ᠬᠠᠤᠯᠢ ᠶᠣᠰᠣᠭ᠋ᠠᠷ ᠵᠠᠰᠠᠭ ᠶᠠᠪᠤᠭᠤᠯᠬᠤ ᠭᠣᠣᠯᠳᠠᠯᠭ᠎ᠠ᠎ᠲᠠᠢ ᠡᠭᠦᠷᠭᠡ᠎ᠲᠠᠢ ᠨᠢᠭᠲᠠ ᠤᠶᠠᠯᠳᠤᠭᠤᠯᠤᠨ᠂  ᠨᠠᠮ ᠵᠠᠰᠠᠭ᠎ᠤᠨ ᠪᠠᠢ᠌ᠭᠤᠯᠭ᠎ᠠ ᠵᠢᠨ ᠬᠠᠤᠯᠢ ᠴᠠᠭ᠋ᠠᠵᠠ ᠵᠢᠨ ᠵᠥᠪᠯᠡᠭᠴᠢ᠂  ᠠᠯᠪᠠᠨ ᠲᠤᠰᠢᠶᠠᠯᠲᠤ ᠬᠠᠤᠯᠢᠴᠢ ᠵᠢᠨ ᠠᠵᠢᠯ᠎ᠢ ᠴᠢᠩᠭ᠋ᠠᠳᠬᠠᠨ   ᠵᠢᠷᠤᠮᠵᠢᠭᠤᠯᠬᠤ ᠬᠡᠷᠡᠭᠲᠡᠢ᠃  ᠳᠥᠷᠪᠡᠨ ᠱᠠᠲᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ᠎ᠤᠨ ᠰᠢᠰᠲ᠋ᠧᠮᠵᠢ ᠵᠢᠨ ᠪᠠᠢ᠌ᠭᠤᠯᠤᠯᠲᠠ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂  ᠠᠵᠤ ᠠᠬᠤᠢ᠌ᠯᠠᠯ᠎ᠳᠤ ᠬᠣᠯᠪᠣᠭᠳᠠᠬᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠵᠢ ᠰᠠᠢ᠌ᠲᠤᠷ ᠥᠷᠨᠢᠭᠦᠯᠵᠦ᠂ 《ᠨᠢᠭᠡ ᠤᠳᠠᠭ᠎ᠠ ᠶᠡᠷᠦᠩᠬᠡᠢ᠌ᠯᠡᠨ ᠪᠠᠢ᠌ᠴᠠᠭ᠋ᠠᠬᠤ》  ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠵᠢ  ᠲᠡᠭᠦᠯᠳᠡᠷᠵᠢᠭᠦᠯᠬᠦ ᠬᠡᠷᠡᠭᠲᠡᠢ᠃  ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ ᠣᠨᠴᠠᠭ᠋ᠠᠶ ᠬᠡᠷᠡᠭ᠎ᠤᠨ ᠠᠯᠳᠠᠭ᠎ᠠ ᠵᠢ ᠵᠠᠯᠠᠷᠠᠭᠤᠯᠬᠤ ᠪᠠ ᠲᠥᠷᠥᠯ ᠵᠦᠢ᠍ᠯ᠎ᠤᠨ ᠬᠡᠷᠡᠭ᠎ᠤᠨ ᠵᠢᠷᠤᠮᠵᠢᠯ᠎ᠢ ᠴᠢᠩᠭ᠋ᠠᠳᠬᠠᠵᠤ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠵᠢ   ᠳᠡᠭᠡᠭᠰᠢᠯᠡᠭᠦᠯᠬᠦ ᠬᠡᠷᠡᠭᠲᠡᠢ᠃  ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠨᠡᠮᠡᠭᠳᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《30 ᠮᠢᠨᠦ᠋ᠲ᠎ᠤᠨ ᠤᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠬᠦᠷᠢᠶ᠎ᠡ》 ᠵᠢᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠵᠦ᠂  ᠤᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ  ᠬᠠᠤᠯᠢᠵᠢᠯ᠎ᠤᠨ ᠤᠬᠠᠭᠤᠯᠭ᠎ᠠ ᠵᠢᠨ 《1+8》 ᠵᠢᠨ ᠵᠠᠭᠪᠤᠷ᠎ᠢ ᠰᠢᠨ᠎ᠡ᠎ᠪᠠᠷ ᠡᠭᠦᠳᠦᠨ ᠬᠡᠷᠡᠭᠵᠢᠭᠦᠯᠵᠦ᠂ 《ᠣᠶᠤᠨᠴᠢ  ᠬᠠᠤᠯᠢᠵᠢᠯ》᠎ᠤᠨ  ᠪᠠᠢ᠌ᠭᠤᠯᠤᠯᠲᠠ ᠵᠢ ᠭᠦᠨᠵᠡᠭᠡᠢ᠌ᠷᠡᠭᠦᠯᠦᠨ᠂  ᠭᠠᠳᠠᠭ᠋ᠠᠳᠤ᠎ᠳᠤ  ᠬᠣᠯᠪᠣᠭᠳᠠᠬᠤ  ᠬᠠᠤᠯᠢᠵᠢᠯ᠎ᠤᠨ ᠪᠠᠢ᠌ᠭᠤᠯᠤᠯᠲᠠ ᠵᠢ  ᠲᠦᠷᠭᠡᠳᠬᠡᠬᠦ ᠬᠡᠷᠡᠭᠲᠡᠢ᠃  ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠬᠠᠤᠯᠢ ᠴᠠᠭ᠋ᠠᠵᠠ ᠵᠢᠨ ᠭᠠᠵᠠᠷ᠎ᠤᠨ ᠪᠠᠷᠢᠮᠵᠢᠶᠠᠵᠢᠯᠲᠠ ᠵᠢᠷᠤᠮᠵᠢᠭᠤᠯᠤᠯᠲᠠ ᠵᠢᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂  ᠵᠥᠷᠢᠴᠡᠯ ᠵᠠᠭᠤᠷᠠᠯᠳᠤᠭ᠋ᠠᠨ᠎ᠢ ᠤᠯᠠᠨ ᠡᠰᠢᠵᠢᠭᠦᠯᠦᠨ ᠰᠢᠢ᠍ᠳᠪᠦᠷᠢᠯᠡᠬᠦ ᠵᠢ ᠴᠢᠩᠭ᠋ᠠᠳᠬᠠᠵᠤ᠂  ᠦᠨᠳᠦᠰᠦᠨ ᠱᠠᠲᠤᠨ᠎ᠤ ᠵᠠᠰᠠᠯᠲᠠ ᠵᠢᠨ ᠬᠠᠤᠯᠢᠵᠢᠯ᠎ᠤᠨ ᠲᠦᠪᠰᠢᠨ᠎ᠢ ᠳᠡᠭᠡᠭᠰᠢᠯᠡᠭᠦᠯᠵᠦ᠂  ᠴᠢᠨᠠᠷ ᠰᠠᠢ᠌ᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠤ ᠰᠠᠢ᠌ᠨ ᠦᠢ᠍ᠯᠡᠳᠦᠯᠴᠡᠯ᠎ᠢ ᠴᠢᠷᠮᠠᠢ᠌ᠨ ᠪᠡᠶᠡᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃ 

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠡᠩᠨᠡᠭᠡ ᠵᠢᠨ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ 《ᠶᠡᠬᠡ ᠬᠢᠴᠢᠶᠡᠯ᠎ᠤᠨ ᠲᠠᠩᠬᠢᠮ》᠎ᠢ ᠡᠷᠭᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠭᠡᠷᠡᠴᠢᠯᠡᠭᠡ ᠵᠢᠨ ᠨᠡᠢ᠌ᠭᠡᠮᠯᠢᠭ 《ᠪᠥᠬᠥ ᠣᠷᠣᠨ᠎ᠤ ᠲᠡᠷᠢᠭᠦᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ》 ᠵᠢᠨ ᠬᠥᠬᠢᠭᠦᠯᠦᠯ᠎ᠢ ᠬᠦᠷᠲᠡᠵᠡᠢ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ ᠵᠢ ᠲᠤᠭᠤᠰᠢᠯᠠᠭᠤᠯᠤᠨ ᠬᠡᠷᠡᠭᠵᠢᠭᠦᠯᠦᠭᠰᠡᠨ ᠨᠢᠭᠡ ᠵᠢᠯ᠎ᠤᠨ ᠣᠶ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠲᠢᠩᠬᠢᠮ᠎ᠤᠨ ᠶᠠᠪᠤᠳᠠᠯ᠎ᠤᠨ ᠬᠤᠷᠠᠯ ᠬᠤᠷᠠᠯᠳᠤᠭᠤᠯᠵᠤ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ ᠪᠠ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠤᠨ ᠲᠥᠰᠥᠯ᠎ᠢ ᠰᠤᠳᠤᠯᠤᠨ ᠶᠠᠷᠢᠯᠴᠠᠪᠠ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠲᠥᠪ᠎ᠤᠨ ᠨᠠᠢ᠍ᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠡᠷᠬᠢᠯᠡᠪᠡ
 
            