3 ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠠᠴᠠ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠡᠩᠨᠡᠭᠡ ᠵᠢᠨ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ 《ᠬᠢᠴᠢᠶᠡᠯ᠎ᠤᠨ ᠲᠠᠩᠬᠢᠮ》᠎ᠢ ᠡᠷᠭᠢᠯᠡᠪᠡ (ᠬᠣᠶᠠᠳᠤᠭ᠋ᠠᠷ ᠬᠤᠭᠤᠴᠠᠭ᠎ᠠ)᠃ ᠪᠡᠭᠡᠵᠢᠩ ᠬᠤᠳᠠ ᠵᠢᠨ ᠬᠠᠤᠯᠢ ᠴᠠᠭ᠋ᠠᠵᠠ ᠵᠢᠨ ᠨᠡᠢ᠌ᠭᠡᠮᠯᠢᠭ᠎ᠤᠨ ᠡᠷᠡᠭᠦᠦ ᠵᠢᠨ ᠬᠠᠤᠯᠢ ᠵᠢᠨ ᠵᠥᠪᠯᠡᠯ᠎ᠤᠨ ᠳᠡᠳ᠋ ᠡᠷᠬᠢᠯᠡᠭᠴᠢ᠂ ᠪᠡᠭᠡᠵᠢᠩ᠎ᠤᠨ ᠬᠠᠢ ᠷᠦᠨ ᠲᠢᠶᠠᠨ ᠷᠦᠢ ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠤᠨ ᠳᠡᠭᠡᠳᠦ ᠵᠡᠷᠭᠡ ᠵᠢᠨ ᠬᠣᠷᠰᠢᠭᠴᠢ ᠯᠢ ᠪᠢᠨ᠎ᠢ ᠲᠤᠰᠬᠠᠢ᠌ᠯᠠᠨ ᠤᠷᠢᠵᠤ ᠲᠤᠰᠬᠠᠢ ᠰᠡᠳᠦᠪ ᠵᠶ᠋ᠡᠷ ᠬᠢᠴᠢᠶᠡᠯᠯᠡᠭᠦᠯᠪᠡ᠃

ᠯᠢ ᠪᠢᠨ 《ᠡᠭᠦᠰᠬᠡᠬᠦ ᠮᠠᠶᠢᠭ᠎ᠤᠨ AI ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠠᠵᠢᠯ᠎ᠳᠤ ᠬᠡᠷᠬᠢᠨ ᠴᠢᠳᠠᠮᠵᠢ ᠣᠯᠭᠣᠬᠤ ᠪᠣᠶ》 ᠭᠡᠬᠦ ᠰᠡᠳᠦᠪ ᠵᠶ᠋ᠡᠷ᠂ ᠣᠢ᠌ᠷ᠎ᠠ ᠵᠢᠨ ᠵᠢᠯ᠎ᠤᠨ ᠲᠤᠷᠰᠢᠬᠢ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠣᠬᠢᠶᠠᠮᠠᠯ ᠣᠶᠤᠨᠯᠢᠭ᠎ᠤᠨ ᠬᠠᠮᠤᠭ᠎ᠤᠨ ᠰᠢᠨ᠎ᠡ ᠠᠬᠢᠯᠲᠠ ᠵᠢᠨ ᠦᠷ᠎ᠡ ᠪᠦᠲᠦᠭᠡᠯ᠎ᠢ ᠨᠠᠷᠢᠨ ᠲᠠᠨᠢᠯᠴᠠᠭᠤᠯᠵᠤ᠂ DeepSeek ᠭᠣᠣᠯ ᠦᠨᠳᠦᠰᠦᠯᠡᠯ᠂ ᠭᠣᠣᠯᠯᠠᠬᠤ ᠴᠢᠳᠠᠮᠵᠢ᠂ ᠠᠵᠢᠯᠯᠠᠬᠤ ᠶᠠᠪᠤᠴᠠ ᠵᠢᠴᠢ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠠᠵᠢᠯ᠎ᠤᠨ ᠳᠤᠮᠳᠠᠬᠢ ᠥᠪᠡᠷᠮᠢᠴᠡ ᠳᠠᠪᠠᠭᠤᠯᠢᠭ ᠪᠠ ᠪᠣᠳᠠᠲᠠᠢ ᠬᠡᠷᠡᠭᠯᠡᠭᠡᠨ᠎ᠤ ᠲᠠᠯᠠᠪᠤᠷ᠎ᠲᠤ ᠭᠣᠣᠯᠳᠠᠯᠭ᠎ᠠ᠎ᠲᠠᠢ᠎ᠪᠠᠷ ᠨᠠᠷᠢᠨ ᠲᠠᠢ᠌ᠯᠪᠤᠷᠢᠯᠠᠯᠲᠠ ᠬᠢᠪᠡ᠃

ᠪᠣᠯᠪᠠᠰᠤᠷᠠᠯ᠎ᠳᠤ ᠣᠷᠣᠯᠴᠠᠭᠰᠠᠳ᠂ ᠲᠠᠢ᠌ᠯᠤᠮᠵᠢ ᠵᠢᠨ ᠠᠭᠤᠯᠭ᠎ᠠ ᠪᠠᠶᠠᠯᠢᠭ᠂ ᠬᠡᠷᠡᠭ᠎ᠤᠨ ᠵᠢᠱ᠌ᠢᠶ᠎ᠡ ᠠᠮᠢᠳᠤᠯᠢᠭ ᠪᠠᠢ᠌ᠵᠤ᠂ ᠵᠣᠬᠢᠶᠠᠮᠠᠯ ᠤᠶᠤᠨ ᠴᠢᠳᠠᠪᠤᠷᠢ ᠵᠢᠨ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠂ ᠠᠵᠢᠯ᠎ᠤᠨ ᠶᠠᠪᠤᠴᠠ ᠵᠢ ᠰᠢᠯᠢᠳᠡᠭᠵᠢᠭᠦᠯᠬᠦ ᠲᠠᠯ᠎ᠠ᠎ᠪᠠᠷ ᠠᠪᠴᠢᠷᠠᠭᠰᠠᠨ ᠯᠤᠲᠤ ᠶᠡᠬᠡ ᠲᠠᠯᠳᠠ ᠬᠦᠴᠦᠨ᠎ᠢ ᠤᠯᠠᠨ᠎ᠳᠤ ᠭᠦᠨᠵᠡᠭᠡᠢ ᠲᠠᠨᠢᠭᠤᠯᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠠᠵᠢᠯᠲᠠᠳ᠎ᠤᠨ ᠵᠣᠬᠢᠶᠠᠮᠠᠯ ᠤᠶᠤᠨ ᠴᠢᠳᠠᠪᠤᠷᠢ ᠵᠢ ᠰᠤᠷᠤᠯᠴᠠᠵᠤ ᠬᠡᠷᠡᠭᠯᠡᠬᠦ᠎ᠳᠤ ᠰᠢᠨ᠎ᠡ ᠵᠢ ᠡᠭᠦᠳᠬᠦ ᠬᠠᠷᠠᠭ᠋ᠠᠰᠤ ᠪᠠ ᠦᠢ᠍ᠯᠡᠳᠦᠯᠭᠡ ᠵᠢᠨ ᠰᠡᠳᠬᠢᠴᠡ ᠵᠢ ᠥᠷᠭᠡᠳᠬᠡᠵᠡᠢ ᠭᠡᠵᠦ ᠢᠯᠡᠳᠬᠡᠵᠡᠭᠡᠪᠡ᠃
ᠬᠠᠤᠯᠢ ᠴᠠᠭ᠋ᠠᠵᠠ ᠵᠢᠨ ᠲᠢᠩᠬᠢᠮ᠎ᠤᠨ ᠪᠠᠢ᠌ᠭᠤᠯᠭ᠎ᠠ᠎ᠳᠤ᠎ᠪᠠᠨ ᠪᠠᠢ᠌ᠭ᠎ᠠ ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠭᠦᠨ᠂ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ᠂ ᠲᠢᠩᠬᠢᠮ᠎ᠤᠨ ᠪᠠᠢ᠌ᠭᠤᠯᠭ᠎ᠠ ᠵᠢᠴᠢ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠡ ᠵᠢᠨ ᠪᠦᠬᠦ ᠺᠠᠳ᠋ᠷ ᠭᠣᠣᠯ ᠬᠤᠷᠠᠯ᠎ᠤᠨ ᠲᠠᠯᠠᠪᠠᠢ᠎ᠳᠤ ᠣᠷᠣᠯᠴᠠᠪᠠ; ᠡᠯ᠎ᠡ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠂ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ᠂ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠪᠠᠢ᠌ᠭᠤᠯᠭ᠎ᠠ ᠵᠢᠨ ᠪᠥᠬᠥ ᠺᠠᠳ᠋ᠷ ᠪᠣᠯᠣᠨ ᠡᠯ᠎ᠡ ᠭᠢᠨᠳᠠᠨ᠎ᠤ ᠨᠢᠭᠡᠴᠡ᠂ ᠬᠣᠣᠷ ᠲᠠᠲᠠᠬᠤ ᠵᠢ ᠵᠣᠭᠰᠤᠭ᠋ᠠᠬᠤ ᠭᠠᠵᠠᠷ᠎ᠤᠨ ᠵᠢᠵᠢᠭᠦᠷᠯᠡᠵᠦ ᠪᠠᠢ᠌ᠭ᠎ᠠ᠎ᠠᠴᠠ ᠪᠤᠰᠤᠳ ᠪᠥᠬᠥ ᠺᠠᠳ᠋ᠷ ᠬᠤᠪᠢᠶᠠᠷᠢ ᠬᠤᠷᠠᠯ᠎ᠤᠨ ᠲᠠᠯᠠᠪᠠᠶ᠎ᠳᠤ ᠰᠤᠷᠤᠯᠴᠠᠯᠭ᠎ᠠ ᠪᠣᠯᠪᠠᠰᠤᠷᠠᠯ᠎ᠳᠤ ᠣᠷᠣᠯᠴᠠᠪᠠ᠃