ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠭᠡᠷᠡᠴᠢᠯᠡᠭᠡ ᠵᠢᠨ ᠨᠡᠢ᠌ᠭᠡᠮᠯᠢᠭ 《ᠪᠥᠬᠥ ᠣᠷᠣᠨ᠎ᠤ ᠲᠡᠷᠢᠭᠦᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ》 ᠵᠢᠨ ᠬᠥᠬᠢᠭᠦᠯᠦᠯ᠎ᠢ ᠬᠦᠷᠲᠡᠵᠡᠢ
ᠨᠡᠶ᠋ᠢᠲᠡᠯᠡᠭᠰᠡᠨ ᠴᠠᠭ᠄ 2025-03-18

      ᠲᠦᠷᠦᠭᠦᠬᠡᠨ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠠᠯᠪᠠᠨ ᠰᠦᠯᠵᠢᠶ᠎ᠡ᠎ᠠᠴᠠ 《ᠪᠥᠬᠥ ᠣᠷᠣᠨ᠎ᠤ ᠲᠡᠷᠢᠭᠦᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠥᠬᠢᠭᠦᠯᠦᠨ ᠰᠠᠢ᠌ᠰᠢᠶᠠᠬᠤ ᠲᠤᠬᠠᠢ ᠲᠣᠭᠲᠠᠭ᠋ᠠᠯ》᠎ᠢ ᠨᠡᠢ᠌ᠲᠡᠯᠡᠵᠦ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠭᠡᠷᠡᠴᠢᠯᠡᠭᠡ ᠵᠢᠨ ᠨᠡᠢ᠌ᠭᠡᠮᠯᠢᠭ ᠎ᠨᠢ 《ᠪᠥᠬᠥ ᠣᠷᠣᠨ᠎ᠤ ᠲᠡᠷᠢᠭᠦᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ》 ᠵᠢᠨ ᠬᠥᠬᠢᠭᠦᠯᠦᠯ᠎ᠢ  ᠬᠦᠷᠲᠡᠵᠡᠢ᠃ 


1.png


2.png


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠭᠡᠷᠡᠴᠢᠯᠡᠭᠡ ᠵᠢᠨ ᠨᠡᠢ᠌ᠭᠡᠮᠯᠢᠭ ᠪᠣᠯ ᠪᠥᠬᠥ ᠣᠷᠣᠨ᠎ᠤ ᠠᠯᠪᠠᠨ ᠭᠡᠷᠡᠴᠢᠯᠡᠭᠡ ᠵᠢᠨ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠴᠢᠨᠠᠷᠲᠠᠢ ᠵᠣᠬᠢᠶᠠᠨ ᠪᠠᠢ᠌ᠭᠤᠯᠤᠯᠲᠠ ᠪᠣᠯᠣᠨ᠎ᠠ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠵᠢᠯᠣᠭᠣᠳᠤᠯᠭ᠎ᠠ ᠳᠣᠣᠷ᠎ᠠ᠂  ᠪᠥᠬᠥ ᠣᠷᠣᠨ᠎ᠤ ᠠᠯᠪᠠᠨ ᠭᠡᠷᠡᠴᠢᠯᠡᠭᠡ ᠵᠢᠨ ᠠᠵᠢᠯ ᠡᠷᠭᠢᠯᠡᠬᠦ ᠪᠠᠢ᠌ᠭᠤᠯᠤᠮᠵᠢ ᠪᠣᠯᠣᠨ ᠠᠯᠪᠠᠨ ᠭᠡᠷᠡᠴᠢᠯᠡᠭᠡ ᠵᠢᠨ ᠠᠵᠢᠯᠲᠠᠨ᠎ᠳᠤ ᠬᠠᠤᠯᠢ ᠶᠣᠰᠣᠭ᠋ᠠᠷ ᠠᠵᠢᠯ ᠲᠥᠷᠥᠯ᠎ᠤᠨ  ᠬᠠᠮᠢᠶᠠᠷᠤᠯᠲᠠ ᠵᠢ ᠬᠡᠷᠡᠭᠵᠢᠭᠦᠯᠵᠡᠢ᠃ 1992 ᠣᠨ᠎ᠳᠤ ᠪᠠᠢ᠌ᠭᠤᠯᠤᠭᠳᠠᠭᠰᠠᠨ ᠎ᠠᠴᠠ  ᠨᠠᠭ᠋ᠠᠰᠢ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠭᠡᠷᠡᠴᠢᠯᠡᠭᠡ ᠵᠢᠨ ᠨᠡᠢ᠌ᠭᠡᠮᠯᠢᠭ ᠡᠭᠦᠷᠭᠡ ᠬᠠᠷᠢᠭᠤᠴᠠᠯᠭ᠎ᠠ᠎ᠪᠠᠨ ᠢᠮᠠᠭᠲᠠ ᠪᠠᠲᠤ ᠰᠠᠬᠢᠵᠤ᠂  ᠨᠠᠮ᠎ᠤᠨ ᠪᠠᠢ᠌ᠭᠤᠯᠤᠯᠲᠠ᠎ᠪᠠᠷ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠨ᠂  ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠦᠢ᠍ᠯᠡᠳᠦᠯ᠎ᠢ ᠢᠳᠡᠪᠬᠢᠲᠡᠢ ᠪᠠᠳᠠᠷᠠᠭᠤᠯᠵᠤ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠭᠡᠷᠡᠴᠢᠯᠡᠭᠡ ᠵᠢᠨ ᠠᠵᠢᠯ᠎ᠤᠨ ᠴᠢᠨᠠᠷ ᠰᠠᠢ᠌ᠲᠠᠢ  ᠬᠥᠭᠵᠢᠯᠲᠡ ᠵᠢ ᠪᠦᠬᠦ ᠬᠦᠴᠦᠨ ᠵᠶ᠋ᠡᠷ ᠵᠶ᠋ᠡᠨ ᠲᠦᠯᠬᠢᠨ ᠠᠬᠢᠭᠤᠯᠵᠠᠢ᠃  ᠣᠳᠣᠬᠠᠨ᠎ᠳᠤ᠂  ᠪᠥᠬᠥ ᠣᠷᠣᠨ᠎ᠤ ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ ᠨᠡᠶ᠋ᠢᠲᠡ 115᠂  ᠠᠯᠪᠠᠨ ᠭᠡᠷᠡᠴᠢᠯᠡᠭᠴᠢ 612 ᠬᠥᠮᠥᠨ ᠪᠠᠢ᠌ᠵᠤ᠂ 2024 ᠣᠨ᠎ᠳᠤ ᠪᠥᠬᠥ ᠣᠷᠣᠨ᠎ᠤ ᠠᠯᠪᠠᠨ ᠭᠡᠷᠡᠴᠢᠯᠡᠭᠡ ᠵᠢᠨ ᠲᠤᠬᠠᠢ᠌ᠯᠠᠭᠰᠠᠨ ᠠᠵᠢᠯ᠎ᠢ ᠨᠡᠶ᠋ᠢᠲᠡ 33.2 ᠲᠦᠮᠡᠨ ᠬᠤᠪᠢ ᠭᠦᠢ᠍ᠴᠡᠳᠬᠡᠵᠡᠢ᠃  ᠨᠡᠢ᠌ᠭᠡᠮᠯᠢᠭ᠎ᠠᠴᠠ ᠭᠡᠰᠢᠭᠦᠳ᠎ᠢ ᠬᠥᠲᠥᠯᠥᠨ ᠳᠠᠭ᠋ᠠᠭᠤᠯᠵᠤ ᠦᠢ᠍ᠯᠡᠴᠢᠯᠡᠭᠡᠨ᠎ᠤ ᠬᠦᠷᠢᠶ᠎ᠡ ᠵᠢ ᠢᠳᠡᠪᠬᠢᠲᠡᠢ ᠥᠷᠭᠡᠳᠬᠡᠵᠦ᠂  ᠠᠷᠠᠳ ᠲᠦᠮᠡᠨ᠎ᠳᠤ ᠦᠢ᠍ᠯᠡᠴᠢᠯᠡᠬᠦ ᠲᠦᠪᠰᠢᠨ᠎ᠢ ᠳᠡᠭᠡᠭᠰᠢᠯᠡᠭᠦᠯᠵᠦ᠂  ᠵᠥᠷᠢᠴᠡᠯ ᠵᠠᠭᠤᠷᠠᠯᠳᠤᠭ᠋ᠠᠨ᠎ᠢ ᠤᠯᠠᠨ ᠡᠰᠢᠵᠢᠭᠦᠯᠦᠨ ᠰᠢᠢ᠍ᠳᠪᠦᠷᠢᠯᠡᠬᠦ ᠪᠠ ᠵᠠᠷᠭᠤ ᠵᠢᠨ ᠢᠷᠡᠯᠲᠡ ᠵᠢ ᠵᠠᠰᠠᠬᠤ ᠠᠵᠢᠯ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠵᠤ᠂  ᠭᠠᠳᠠᠭ᠋ᠠᠳᠤ᠎ᠳᠤ ᠬᠣᠯᠪᠣᠭᠳᠠᠬᠤ ᠠᠯᠪᠠᠨ ᠭᠡᠷᠡᠴᠢᠯᠡᠭᠡ ᠵᠢᠨ ᠠᠵᠢᠯ᠎ᠢ ᠴᠢᠩᠭ᠋ᠠᠳᠬᠠᠵᠤ᠂ 2024 ᠣᠨ᠎ᠳᠤ 《ᠠᠯᠪᠠᠨ ᠭᠡᠷᠡᠴᠢᠯᠡᠭᠡ ᠵᠢᠨ ᠦᠨᠡᠮᠯᠡᠯ᠎ᠢ ᠬᠠᠰᠤᠵᠤ ᠠᠷᠠᠳ᠎ᠲᠤ ᠲᠦᠬᠦᠮ ᠦᠵᠡᠭᠦᠯᠬᠦ ᠬᠤᠷᠳᠤᠴᠠ ᠵᠢ ᠲᠦᠷᠭᠡᠳᠬᠡᠬᠦ》 ᠠᠵᠢᠯ᠎ᠢ ᠥᠷᠨᠢᠭᠦᠯᠵᠦ᠂  ᠪᠦᠬᠦ ᠣᠷᠣᠨ ᠵᠶ᠋ᠠᠷ ᠵᠶ᠋ᠠᠨ ᠴᠠᠭ ᠬᠤᠭᠤᠴᠠᠭ᠎ᠠ ᠵᠢ ᠪᠠᠭ᠋ᠠᠰᠬᠠᠬᠤ ᠠᠯᠪᠠᠨ ᠭᠡᠷᠡᠴᠢᠯᠡᠭᠡ 10.9 ᠲᠦᠮᠡᠨ ᠬᠤᠪᠢ ᠭᠦᠢ᠍ᠴᠡᠳᠬᠡᠵᠦ᠂  ᠠᠯᠪᠠᠨ ᠭᠡᠷᠡᠴᠢᠯᠡᠭᠡ ᠬᠢᠬᠦ ᠪᠠ ᠺᠣᠨᠰᠦ᠋ᠯ᠎ᠤᠨ ᠭᠡᠷᠡᠴᠢᠯᠡᠭᠡ ᠬᠢᠬᠦ 《ᠭᠠᠷ ᠭᠠᠷ ᠵᠶ᠋ᠠᠨ ᠬᠣᠯᠪᠣᠯᠴᠠᠬᠤ》 ᠠᠵᠢᠯᠯᠠᠭ᠎ᠠ ᠵᠢ ᠥᠷᠨᠢᠭᠦᠯᠵᠦ᠂  ᠪᠦᠬᠦ ᠵᠢᠯ᠎ᠳᠤ ᠭᠠᠳᠠᠭ᠋ᠠᠳᠤ᠎ᠳᠤ ᠬᠣᠯᠪᠣᠭᠳᠠᠬᠤ ᠠᠯᠪᠠᠨ ᠭᠡᠷᠡᠴᠢᠯᠡᠭᠡ 2.6 ᠲᠦᠮᠡᠨ ᠬᠤᠪᠢ ᠭᠦᠢ᠍ᠴᠡᠳᠬᠡᠪᠡ᠃  ᠨᠡᠢ᠌ᠭᠡᠮᠯᠢᠭ᠎ᠠᠴᠠ ᠲᠣᠰ ᠪᠡᠶ᠎ᠡ ᠵᠢᠨ ᠪᠠᠢ᠌ᠭᠤᠯᠤᠯᠲᠠ᠎ᠪᠠᠨ ᠴᠢᠩᠭ᠋ᠠᠳᠬᠠᠵᠤ᠂  ᠥᠪᠡᠷᠲᠡᠭᠡᠨ ᠵᠠᠰᠠᠬᠤ ᠣᠷᠣᠨ᠎ᠤ ᠠᠯᠪᠠᠨ ᠭᠡᠷᠡᠴᠢᠯᠡᠭᠡ ᠵᠢᠨ ᠠᠵᠢᠯ ᠲᠥᠷᠥᠯ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠨᠠᠮ᠎ᠤᠨ ᠪᠠᠢ᠌ᠭᠤᠯᠤᠯᠲᠠ ᠵᠢᠨ ᠵᠢᠯᠣᠭᠣᠳᠤᠯᠭ᠎ᠠ᠂  ᠬᠡᠷᠡᠭ ᠡᠷᠬᠢᠯᠡᠭᠴᠢᠳ᠎ᠤᠨ ᠬᠤᠷᠠᠯ᠎ᠤᠨ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠠᠬᠢᠭᠤᠯᠬᠤ᠂  ᠬᠢᠨᠠᠭᠴᠢᠳ᠎ᠤᠨ ᠵᠥᠪᠯᠡᠯ᠎ᠠᠴᠠ ᠬᠢᠨᠠᠯᠲᠠ ᠲᠠᠯᠪᠢᠬᠤ ᠵᠢ ᠥᠷᠨᠢᠭᠦᠯᠬᠦ᠂  ᠡᠯ᠎ᠡ ᠲᠤᠰᠬᠠᠢ ᠮᠡᠷᠭᠡᠵᠢᠯ ᠪᠠ ᠠᠵᠢᠯ᠎ᠤᠨ ᠵᠥᠪᠯᠡᠯ ᠲᠣᠰ ᠲᠣᠰ᠎ᠲᠠᠭᠠᠨ ᠡᠯ᠎ᠡ ᠬᠦᠷᠢᠶᠡᠨ᠎ᠤ ᠠᠵᠢᠯ᠎ᠢ ᠬᠠᠷᠢᠭᠤᠴᠠᠬᠤ ᠠᠵᠢᠯᠯᠠᠭ᠋ᠠᠨ᠎ᠤ ᠲᠣᠭᠲᠠᠴᠠ ᠵᠢ ᠪᠣᠶ ᠪᠣᠯᠭ᠋ᠠᠵᠤ᠂  ᠠᠵᠢᠯ ᠲᠥᠷᠥᠯ᠎ᠤᠨ ᠨᠢᠭᠲᠠᠷᠠᠯ᠎ᠤᠨ ᠬᠦᠴᠦᠨ ᠪᠠ ᠨᠥᠯᠥᠭᠡᠯᠡᠬᠦ ᠬᠦᠴᠦᠨ᠎ᠢ ᠦᠷᠭᠦᠯᠵᠢᠯᠡᠨ ᠦᠷᠭᠡᠳᠬᠡᠪᠡ᠃ 

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ ᠵᠢ ᠲᠤᠭᠤᠰᠢᠯᠠᠭᠤᠯᠤᠨ ᠬᠡᠷᠡᠭᠵᠢᠭᠦᠯᠦᠭᠰᠡᠨ ᠨᠢᠭᠡ ᠵᠢᠯ᠎ᠤᠨ ᠣᠶ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠲᠢᠩᠬᠢᠮ᠎ᠤᠨ ᠶᠠᠪᠤᠳᠠᠯ᠎ᠤᠨ ᠬᠤᠷᠠᠯ ᠬᠤᠷᠠᠯᠳᠤᠭᠤᠯᠵᠤ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ ᠪᠠ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠤᠨ ᠲᠥᠰᠥᠯ᠎ᠢ ᠰᠤᠳᠤᠯᠤᠨ ᠶᠠᠷᠢᠯᠴᠠᠪᠠ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠲᠥᠪ᠎ᠤᠨ ᠨᠠᠢ᠍ᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠡᠷᠬᠢᠯᠡᠪᠡ
《ᠨᠢᠭᠡ ᠪᠦᠰᠡ ᠨᠢᠭᠡ ᠵᠠᠮ》᠎ᠤᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠤᠯᠠᠨ ᠤᠯᠤᠰ᠎ᠤᠨ ᠶᠠᠷᠢᠶᠠᠨ᠎ᠤ ᠲᠠᠪᠴᠠᠩ ᠰᠢᠶᠠᠮᠧᠨ᠎ᠳᠤ ᠶᠠᠪᠤᠭᠳᠠᠪᠠ
2025 ᠣᠨ᠎ᠤ ᠪᠥᠬᠥ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ (ᠥᠪᠥᠷ ᠮᠣᠩᠭᠣᠯ᠎ᠤᠨ ᠥᠷᠲᠡᠭᠡ) ᠵᠢ ᠤᠯᠠᠭ᠋ᠠᠨᠴᠠᠪ ᠬᠣᠲᠠ᠎ᠳᠤ ᠠᠮᠵᠢᠯᠲᠠ᠎ᠲᠠᠢ ᠡᠷᠭᠢᠯᠡᠪᠡ
 
            