2025 ᠣᠨ᠎ᠤ 3 ᠰᠠᠷ᠎ᠠ ᠵᠢᠨ 21᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ ᠵᠢ ᠬᠡᠷᠡᠭᠵᠢᠭᠦᠯᠦᠭᠰᠡᠨ ᠨᠢᠭᠡ ᠵᠢᠯ᠎ᠤᠨ ᠣᠶ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂ ᠳᠡᠳ᠋ ᠲᠢᠩᠬᠢᠮ᠎ᠤᠨ ᠳᠠᠷᠤᠭ᠎ᠠ ᠳ᠋ᠠᠢ ᠶᠠᠨ ᠭᠣᠣᠯ ᠵᠣᠷᠢᠯᠲᠠ ᠵᠢ ᠨᠡᠢ᠌ᠲᠡᠯᠡᠪᠡ᠃
ᠳ᠋ᠠᠢ ᠶᠠᠨ ᠲᠠᠨᠢᠯᠴᠠᠭᠤᠯᠬᠤ᠎ᠳᠠᠭᠠᠨ᠂ 2024 ᠣᠨ ᠪᠣᠯ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ ᠵᠢ ᠬᠡᠷᠡᠭᠵᠢᠭᠦᠯᠦᠭᠰᠡᠨ ᠠᠩᠬᠠᠨ᠎ᠤ ᠵᠢᠯ ᠮᠥᠨ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠠᠵᠢᠯ᠎ᠤᠨ ᠰᠢᠨ᠎ᠡ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ ᠰᠢᠨ᠎ᠡ ᠪᠠᠢ᠌ᠳᠠᠯ᠎ᠢ ᠡᠭᠦᠳᠴᠦ ᠰᠢᠨ᠎ᠡ ᠵᠢᠳᠬᠦᠯ ᠴᠢᠷᠮᠠᠢ᠌ᠯᠭ᠎ᠠ ᠵᠢ ᠬᠠᠷᠠᠭᠤᠯᠬᠤ ᠡᠬᠢᠯᠡᠯᠲᠡ ᠵᠢᠨ ᠵᠢᠯ ᠮᠥᠨ᠃ ᠨᠢᠭᠡ ᠵᠢᠯ᠎ᠤᠨ ᠲᠤᠷᠰᠢ᠂ ᠪᠦᠬᠦ ᠣᠷᠣᠨ᠎ᠤ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠᠢ᠌ᠭᠤᠯᠤᠯᠭ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ ᠠᠵᠢᠯ᠎ᠤᠨ ᠭᠣᠣᠯ ᠰᠢᠵᠢᠮ᠎ᠢ ᠪᠠᠲᠤ ᠡᠵᠡᠮᠳᠡᠵᠦ᠂ ᠭᠣᠣᠯᠳᠠᠯᠭ᠎ᠠ ᠵᠢᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠵᠦ᠂ 《ᠠᠷᠠᠳ᠎ᠤᠨ ᠲᠥᠯᠥᠭᠡ ᠲᠠᠬᠢᠨ ᠵᠥᠪᠯᠡᠬᠦ》 ᠵᠢ ᠪᠠᠷᠢᠮᠲᠠᠯᠠᠨ᠂ ᠬᠠᠤᠯᠢ ᠶᠣᠰᠣᠭ᠋ᠠᠷ ᠬᠡᠷᠡᠭ ᠰᠢᠢ᠍ᠳᠪᠦᠷᠢᠯᠡᠬᠦ ᠵᠢ ᠴᠢᠩᠳᠠᠯᠠᠵᠤ᠂ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠠᠷᠢᠯᠭ᠋ᠠᠬᠤ ᠭᠣᠣᠯ ᠠᠷᠭ᠎ᠠ ᠵᠠᠮ᠎ᠤᠨ ᠪᠠᠢ᠌ᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ 《ᠬᠣᠶᠠᠷ ᠶᠡᠬᠡ ᠶᠠᠪᠤᠳᠠᠯ》᠎ᠢ ᠰᠠᠢ᠌ᠲᠤᠷ ᠬᠢᠬᠦ᠂ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠬᠦ ᠵᠡᠷᠭᠡ ᠭᠣᠣᠯ ᠠᠵᠢᠯ᠎ᠳᠤ ᠪᠠᠲᠤ ᠪᠡᠬᠢ ᠬᠠᠤᠯᠢᠵᠢᠯ᠎ᠤᠨ ᠪᠠᠲᠤᠯᠠᠭ᠎ᠠ ᠬᠠᠩᠭ᠋ᠠᠪᠠ᠃
ᠳᠣᠣᠷᠠᠬᠢ ᠵᠢᠷᠤᠭ᠎ᠤᠳ ᠲᠠᠨ᠎ᠢ ᠳᠠᠭ᠋ᠠᠭᠤᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ ᠵᠢ ᠬᠡᠷᠡᠭᠵᠢᠭᠦᠯᠦᠭᠰᠡᠨ ᠨᠢᠭᠡ ᠵᠢᠯ᠎ᠤᠨ ᠣᠶ ᠵᠢᠨ ᠠᠵᠢᠯ᠎ᠤᠨ ᠦᠷ᠎ᠡ ᠪᠦᠲᠦᠮᠵᠢ ᠵᠢ ᠲᠦᠷᠭᠡᠨ ᠣᠢ᠌ᠯᠠᠭ᠋ᠠᠶ᠎ᠠ᠄







