ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠲᠢᠩᠬᠢᠮ᠎ᠤᠨ ᠶᠠᠪᠤᠳᠠᠯ᠎ᠤᠨ ᠬᠤᠷᠠᠯ ᠬᠤᠷᠠᠯᠳᠤᠭᠤᠯᠵᠤ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ ᠪᠠ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠤᠨ ᠲᠥᠰᠥᠯ᠎ᠢ ᠰᠤᠳᠤᠯᠤᠨ ᠶᠠᠷᠢᠯᠴᠠᠪᠠ
ᠨᠡᠶ᠋ᠢᠲᠡᠯᠡᠭᠰᠡᠨ ᠴᠠᠭ᠄ 2024-06-15

      6 ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠱᠦᠵᠢ᠂ ᠲᠢᠩᠬᠢᠮ᠎ᠤᠨ ᠳᠠᠷᠤᠭ᠎ᠠ ᠪᠠᠢ ᠶᠦᠩ ᠫᠢᠩ ᠲᠢᠩᠬᠢᠮ᠎ᠤᠨ ᠶᠠᠪᠤᠳᠠᠯ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ᠎ᠳᠤ ᠳᠡᠪᠰᠢᠭᠦᠯᠦᠨ ᠰᠤᠳᠤᠯᠤᠭᠤᠯᠬᠤ᠎ᠪᠠᠷ ᠪᠠᠢ᠌ᠭ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠷᠡᠮᠳᠡᠭ ᠲᠦᠷᠦᠭᠦ ᠵᠢ ᠰᠡᠷᠭᠡᠢ᠌ᠯᠡᠨ ᠵᠠᠰᠠᠬᠤ ᠳᠦᠷᠢᠮ (ᠲᠥᠰᠥᠯ)》 ᠵᠡᠷᠭᠡ ᠵᠢᠷᠭᠤᠭ᠋ᠠᠨ ᠵᠦᠢ᠍ᠯ᠎ᠤᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ ᠪᠠ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠤᠨ ᠲᠥᠰᠥᠯ᠎ᠢ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠭᠦᠨ᠂ ᠲᠢᠩᠬᠢᠮ ᠪᠠᠢ᠌ᠭᠤᠯᠭ᠎ᠠ ᠵᠢᠨ ᠡᠯ᠎ᠡ ᠭᠠᠵᠠᠷ  ᠲᠠᠰᠤᠭ ᠲᠣᠪᠴᠢᠶ᠎ᠠ ᠵᠢᠨ ᠭᠣᠣᠯ ᠬᠠᠷᠢᠭᠤᠴᠠᠯᠭ᠋ᠠᠲᠠᠨ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠭᠠᠵᠠᠷ ᠬᠥᠳᠡᠯᠦᠯᠲᠡ ᠵᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠤᠳᠤᠷᠢᠳᠤᠯᠭ᠎ᠠ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠪᠣᠳᠠᠲᠠᠢ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃


00.png 

     

      ᠬᠤᠷᠠᠯ ᠳᠡᠭᠡᠷ᠎ᠡ᠂  ᠬᠣᠯᠪᠣᠭᠳᠠᠯ ᠪᠦᠬᠦᠢ ᠲᠢᠩᠬᠢᠮ ᠲᠣᠪᠴᠢᠶ᠎ᠠ᠎ᠠᠴᠠ ᠲᠤᠭᠤᠷᠪᠢᠭᠰᠠᠨ ᠪᠠᠢ᠌ᠳᠠᠯ᠎ᠤᠨ ᠲᠤᠬᠠᠢ ᠲᠣᠳᠣᠷᠬᠠᠢ᠌ᠯᠠᠯᠲᠠ ᠬᠢᠵᠦ᠂  ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢ ᠲᠣᠭᠲᠠᠭ᠋ᠠᠬᠤ ᠭᠠᠵᠠᠷ᠂  ᠬᠠᠤᠯᠢ ᠲᠣᠭᠲᠠᠭ᠋ᠠᠬᠤ ᠬᠣᠶᠠᠳᠤᠭ᠋ᠠᠷ ᠭᠠᠵᠠᠷ᠎ᠠᠴᠠ ᠶᠠᠷᠢᠯᠴᠠᠭᠤᠯᠬᠤ᠎ᠪᠠᠷ ᠳᠡᠪᠰᠢᠭᠦᠯᠦᠭᠰᠡᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ ᠪᠠ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠤᠨ ᠲᠥᠰᠥᠯ᠎ᠢ ᠬᠢᠨᠠᠨ ᠪᠠᠢ᠌ᠴᠠᠭ᠋ᠠᠭᠰᠠᠨ᠂  ᠵᠣᠬᠢᠴᠠᠭᠤᠯᠤᠭᠰᠠᠨ᠂  ᠵᠠᠰᠠᠪᠤᠷᠢ ᠣᠷᠣᠭᠤᠯᠤᠭᠰᠠᠨ ᠪᠠᠢ᠌ᠳᠠᠯ᠎ᠤᠨ ᠲᠤᠬᠠᠢ ᠲᠣᠳᠣᠷᠬᠠᠢ᠌ᠯᠠᠯᠲᠠ ᠬᠢᠵᠦ᠂  ᠬᠤᠷᠠᠯ᠎ᠳᠤ ᠣᠷᠣᠯᠴᠠᠭᠰᠠᠳ ᠵᠠᠰᠠᠪᠤᠷᠢ ᠣᠷᠣᠭᠤᠯᠬᠤ ᠰᠠᠨᠠᠯ ᠪᠠ ᠰᠠᠨᠠᠭᠤᠯᠭ᠎ᠠ ᠳᠤᠷᠠᠳᠴᠠᠢ᠃ ᠬᠤᠷᠠᠯ᠎ᠠᠴᠠ ᠵᠠᠷᠴᠢᠮ ᠳᠡᠭᠡᠷ᠎ᠡ᠎ᠪᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠷᠡᠮᠳᠡᠭ ᠲᠦᠷᠦᠭᠦ ᠵᠢ ᠰᠡᠷᠭᠡᠢ᠌ᠯᠡᠨ ᠵᠠᠰᠠᠬᠤ ᠳᠦᠷᠢᠮ (ᠲᠥᠰᠥᠯ)》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠷ᠎ᠠ ᠬᠥᠷᠥᠰᠥ ᠵᠢ ᠬᠠᠮᠠᠭ᠋ᠠᠯᠠᠬᠤ ᠳᠦᠷᠢᠮ (ᠲᠥᠰᠥᠯ)》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠰᠥᠪ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢᠨ ᠳᠦᠷᠢᠮ (ᠲᠥᠰᠥᠯ)》 ᠵᠡᠷᠭᠡ 3 ᠬᠤᠪᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠤᠨ ᠲᠥᠰᠥᠯ ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠬᠡᠷᠡᠭᠵᠢᠭᠦᠯᠬᠦ ᠠᠷᠭ᠎ᠠ (ᠵᠠᠰᠠᠪᠤᠷᠢ ᠣᠷᠣᠭᠤᠯᠬᠤ ᠲᠥᠰᠥᠯ)》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠠᠶᠤᠯ ᠦᠭᠡᠢ ᠵᠢᠨ ᠴᠢᠨᠠᠷ᠎ᠢ ᠦᠨᠡᠯᠡᠬᠦ ᠬᠠᠮᠢᠶᠠᠷᠤᠯᠲᠠ ᠵᠢᠨ ᠠᠷᠭ᠎ᠠ (ᠵᠠᠰᠠᠪᠤᠷᠢ ᠣᠷᠣᠭᠤᠯᠬᠤ ᠲᠥᠰᠥᠯ)》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠢ᠌ᠯᠢ ᠰᠦᠢ᠍ᠳᠬᠡᠯ᠎ᠤᠨ ᠪᠠᠲᠤᠯᠠᠭ᠎ᠠ ᠵᠢᠨ ᠠᠷᠭ᠎ᠠ (ᠲᠥᠰᠥᠯ)》 ᠵᠡᠷᠭᠡ 3 ᠬᠤᠪᠢ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠤᠨ ᠲᠥᠰᠥᠯ᠎ᠢ  ᠪᠠᠲᠤᠯᠠᠵᠤ᠂ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ᠎ᠳᠤ ᠳᠡᠪᠰᠢᠭᠦᠯᠵᠦ ᠰᠤᠳᠤᠯᠤᠨ ᠶᠠᠷᠢᠯᠴᠠᠭᠤᠯᠬᠤ᠎ᠪᠠᠷ ᠱᠠᠭ᠋ᠠᠷᠳᠠᠪᠠ᠃

      ᠬᠤᠷᠠᠯ᠎ᠠᠴᠠ᠂  ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠬᠤ ᠠᠵᠢᠯ᠎ᠨᠢ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠰᠢ ᠵᠢᠨ ᠫᠢᠩ ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠨᠠᠷᠢᠨ ᠬᠢᠨᠠᠮᠠᠭ᠋ᠠᠢ  ᠲᠤᠭᠤᠰᠢᠯᠠᠭᠤᠯᠵᠤ᠂  ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ《ᠬᠣᠶᠠᠷ ᠶᠡᠬᠡ ᠶᠠᠪᠤᠳᠠᠯ》 ᠎ᠢ ᠪᠡᠶᠡᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢᠨ ᠬᠡᠷᠡᠭᠴᠡᠭᠡ ᠪᠣᠯᠣᠨ ᠠᠷᠠᠳ ᠤᠯᠠᠨ᠎ᠤ ᠪᠣᠳᠠᠲᠠᠢ ᠬᠦᠰᠡᠯ ᠡᠷᠡᠮᠡᠯᠵᠡᠯ᠎ᠲᠠᠢ ᠨᠢᠭᠲᠠ ᠤᠶᠠᠯᠳᠤᠭᠤᠯᠵᠤ᠂  ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ᠂  ᠠᠵᠢᠯ᠎ᠤᠨ ᠠᠬᠢᠴᠠ ᠵᠢ ᠲᠦᠷᠭᠡᠳᠬᠡᠵᠦ᠂  ᠬᠠᠤᠯᠢ ᠲᠣᠭᠲᠠᠭ᠋ᠠᠯᠲᠠ ᠵᠢᠨ ᠨᠠᠷᠢᠯᠢᠭᠵᠢᠭᠤᠯᠬᠤ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂  ᠰᠠᠢ᠌ᠨ ᠬᠠᠤᠯᠢ᠎ᠪᠠᠷ ᠴᠢᠳᠠᠮᠠᠭ᠋ᠠᠢ᠎ᠪᠠᠷ ᠵᠠᠰᠠᠬᠤ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠠᠤᠯᠢᠵᠢᠯ᠎ᠤᠨ ᠪᠠᠢ᠌ᠭᠤᠯᠤᠯᠲᠠ᠎ᠳᠤ ᠬᠦᠴᠦᠨ ᠴᠢᠳᠠᠯ ᠵᠶ᠋ᠠᠨ  ᠡᠷᠭᠦᠬᠦ ᠬᠡᠷᠡᠭᠲᠡᠢ ᠭᠡᠵᠦ ᠴᠢᠬᠤᠯᠠᠴᠢᠯᠠᠵᠠᠢ᠃ 

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠲᠥᠪ᠎ᠤᠨ ᠨᠠᠢ᠍ᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠡᠷᠬᠢᠯᠡᠪᠡ
《ᠨᠢᠭᠡ ᠪᠦᠰᠡ ᠨᠢᠭᠡ ᠵᠠᠮ》᠎ᠤᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠤᠯᠠᠨ ᠤᠯᠤᠰ᠎ᠤᠨ ᠶᠠᠷᠢᠶᠠᠨ᠎ᠤ ᠲᠠᠪᠴᠠᠩ ᠰᠢᠶᠠᠮᠧᠨ᠎ᠳᠤ ᠶᠠᠪᠤᠭᠳᠠᠪᠠ
2025 ᠣᠨ᠎ᠤ ᠪᠥᠬᠥ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ (ᠥᠪᠥᠷ ᠮᠣᠩᠭᠣᠯ᠎ᠤᠨ ᠥᠷᠲᠡᠭᠡ) ᠵᠢ ᠤᠯᠠᠭ᠋ᠠᠨᠴᠠᠪ ᠬᠣᠲᠠ᠎ᠳᠤ ᠠᠮᠵᠢᠯᠲᠠ᠎ᠲᠠᠢ ᠡᠷᠭᠢᠯᠡᠪᠡ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠬᠠᠮᠢᠶᠠᠷᠤᠯᠲᠠ ᠵᠢᠨ ᠲᠦᠷᠢᠮ》᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠬᠤᠷᠠᠯᠳᠤᠭᠤᠯᠪᠠ
ᠪᠥᠬᠥ ᠤᠯᠤᠰ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠣᠣᠷ ᠲᠠᠲᠠᠬᠤ ᠵᠢ ᠵᠣᠭᠰᠤᠭ᠋ᠠᠬᠤ ᠰᠢᠰᠲ᠋ᠧᠮ᠎ᠤᠨ ᠮᠤᠵᠢ ᠵᠢᠨ ᠬᠣᠭᠣᠷᠣᠨᠳᠣᠬᠢ ᠴᠠᠭᠳᠠᠭ᠋ᠠᠨ᠎ᠤ ᠶᠠᠪᠤᠳᠠᠯ᠎ᠤᠨ ᠰᠣᠯᠢᠯᠴᠠᠭ᠎ᠠ ᠬᠠᠮᠵᠢᠯᠴᠠᠭ᠎ᠠ (ᠨᠢᠭᠡᠳᠦᠭᠡᠷ ᠳᠤᠭᠤᠢ᠌ᠯᠠᠩ) ᠵᠢᠨ ᠭᠤᠷᠪᠠᠳᠤᠭ᠋ᠠᠷ ᠤᠳᠠᠭ᠋ᠠᠨ᠎ᠤ ᠬᠠᠮᠲᠤᠷᠠᠭᠰᠠᠨ ᠬᠤᠷᠠᠯ ᠬᠥᠬᠡᠬᠣᠲᠠ᠎ᠳᠤ ᠬᠤᠷᠠᠯᠳᠤᠪᠠ
 
            