3 ᠰᠠᠷ᠎ᠠ ᠵᠢᠨ 27᠎ᠤ ᠡᠳᠦᠷ᠎ᠠᠴᠠ 28᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠲᠥᠪ᠎ᠤᠨ ᠨᠠᠢ᠍ᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠡᠷᠭᠢᠯᠡᠵᠦ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠨᠠᠷᠢᠨ ᠣᠢ᠌ᠯᠠᠭ᠋ᠠᠵᠤ᠂ ᠲᠥᠪ ᠬᠣᠷᠢᠶᠠᠨ᠎ᠤ ᠨᠠᠢ᠍ᠮᠠᠨ ᠵᠤᠷᠪᠤᠰ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠬᠥᠮᠦᠵᠢᠯ᠎ᠢ ᠴᠢᠩᠭ᠋ᠠᠳᠬᠠᠵᠤ᠂ ᠰᠤᠷᠲᠠᠯ᠎ᠤᠨ ᠪᠠᠢ᠌ᠭᠤᠯᠤᠯᠲᠠ ᠵᠢᠨ ᠰᠢᠨ᠎ᠡ ᠦᠷ᠎ᠡ ᠪᠦᠲᠦᠮᠵᠢ᠎ᠪᠠᠷ ᠨᠠᠮ᠎ᠤᠨ ᠭᠡᠰᠢᠭᠦᠨ ᠺᠠᠳ᠋ᠷᠴᠤᠳ᠎ᠤᠨ ᠠᠵᠢᠯ ᠬᠢᠵᠦ ᠦᠢ᠍ᠯᠡᠰ ᠪᠣᠰᠬᠠᠬᠤ ᠴᠤᠭ ᠰᠦᠯᠳᠡ ᠵᠢ ᠦᠷᠭᠦᠯᠵᠢᠯᠡᠨ ᠪᠠᠳᠠᠷᠠᠭᠤᠯᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠬᠦᠴᠦᠲᠡᠢ ᠪᠠᠲᠤᠯᠠᠭ᠎ᠠ ᠬᠠᠩᠭ᠋ᠠᠵᠠᠢ᠃ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠱᠦᠵᠢ᠂ ᠲᠢᠩᠬᠢᠮ᠎ᠤᠨ ᠳᠠᠷᠤᠭ᠎ᠠ᠂ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠨᠢᠭᠡᠳᠦᠭᠡᠷ ᠤᠯᠤᠰ ᠲᠥᠷᠥ ᠵᠢᠨ ᠭᠡᠰᠢᠭᠦᠨ ᠪᠠᠢ ᠶᠦᠩ ᠫᠢᠩ ᠨᠣᠮ ᠤᠩᠰᠢᠬᠤ ᠠᠩᠭᠢ ᠵᠢ ᠡᠷᠭᠢᠯᠡᠵᠦ ᠶᠠᠷᠢᠶ᠎ᠠ ᠲᠠᠯᠪᠢᠪᠠ᠃

ᠬᠤᠷᠠᠯ᠎ᠠᠴᠠ᠂ 《ᠬᠣᠶᠠᠷ᠎ᠢ ᠲᠣᠭᠲᠠᠭ᠋ᠠᠬᠤ》 ᠵᠢ ᠡᠷᠡᠰ ᠬᠦᠷᠢᠶᠡᠯᠡᠬᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠤᠯᠤᠰ ᠲᠥᠷᠥ ᠵᠢᠨ ᠳᠡᠭᠡᠳᠦ ᠬᠡᠮᠵᠢᠶᠡᠨ᠎ᠠᠴᠠ ᠲᠣᠰ ᠤᠳᠠᠭ᠋ᠠᠨ᠎ᠤ ᠰᠤᠷᠤᠯᠴᠠᠯᠭ᠎ᠠ ᠬᠥᠮᠦᠵᠢᠯ᠎ᠤᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠭᠦᠨᠵᠡᠭᠡᠢ ᠰᠤᠷᠤᠯᠴᠠᠵᠤ ᠨᠡᠪᠲᠡᠷᠡᠲᠡᠯ᠎ᠡ ᠣᠢ᠌ᠯᠠᠭ᠋ᠠᠬᠤ᠂ ᠦᠨᠡᠨ ᠪᠣᠳᠠᠲᠠᠢ ᠠᠵᠢᠯᠯᠠᠵᠤ ᠦᠨᠡᠨᠴᠢ ᠰᠢᠳᠤᠷᠭᠤ᠎ᠪᠠᠷ ᠠᠵᠢᠯᠯᠠᠬᠤ ᠵᠢ ᠪᠠᠷᠢᠮᠲᠠᠯᠠᠵᠤ᠂ ᠲᠥᠪ ᠬᠣᠷᠢᠶᠠᠨ᠎ᠤ ᠨᠠᠢ᠍ᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠦᠵᠡᠯ ᠰᠠᠨᠠᠭ᠋ᠠᠨ᠎ᠤ ᠤᠬᠠᠮᠰᠠᠷ᠂ ᠤᠯᠤᠰ ᠲᠥᠷᠥ ᠵᠢᠨ ᠤᠬᠠᠮᠰᠠᠷ ᠪᠠ ᠦᠢᠯᠡ ᠠᠵᠢᠯᠯᠠᠭ᠋ᠠᠨ᠎ᠤ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠬᠤ ᠬᠡᠷᠡᠭᠲᠡᠢ᠃ ᠰᠤᠷᠤᠯᠴᠠᠬᠤ᠎ᠳᠠᠭᠠᠨ ᠶᠠᠰᠤ ᠴᠢᠨᠠᠷᠲᠠᠢ ᠪᠠᠢ᠌ᠵᠤ᠂ ᠰᠤᠷᠲᠠᠯ᠎ᠤᠨ ᠪᠠᠢ᠌ᠭᠤᠯᠤᠯᠲᠠ ᠵᠢᠨ ᠦᠵᠡᠯ ᠰᠠᠨᠠᠭ᠋ᠠᠨ᠎ᠤ ᠰᠠᠭᠤᠷᠢ ᠵᠢ ᠪᠠᠲᠤᠳᠬᠠᠬᠤ ᠬᠡᠷᠡᠭᠲᠡᠢ᠃ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠥᠭᠦᠯᠡᠯᠲᠡ ᠢᠯᠠᠩᠭᠤᠶ᠎ᠠ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ 《ᠰᠤᠷᠤᠯᠴᠠᠯᠭ᠎ᠠ᠎ᠪᠠᠷ ᠰᠤᠷᠲᠠᠯ᠎ᠢ ᠲᠥᠪ ᠪᠣᠯᠭ᠋ᠠᠬᠤ》 ᠲᠤᠬᠠᠢ ᠴᠢᠬᠤᠯᠠ ᠱᠠᠭ᠋ᠠᠷᠳᠠᠯᠭ᠎ᠠ ᠵᠢ ᠰᠢᠰᠲ᠋ᠧᠮ᠎ᠲᠠᠢ ᠰᠤᠷᠤᠯᠴᠠᠬᠤ ᠵᠢᠨ ᠲᠣᠭᠣᠷᠢᠨ᠎ᠳᠤ᠂ ᠬᠤᠪᠢ ᠬᠥᠮᠥᠨ᠎ᠤ ᠥᠪᠡᠰᠦᠪᠡᠨ ᠰᠤᠷᠤᠯᠴᠠᠬᠤ ᠪᠠ ᠲᠥᠪᠯᠡᠷᠡᠭᠦᠯᠦᠨ ᠰᠤᠷᠤᠯᠴᠠᠬᠤ᠎ᠳᠤ ᠬᠣᠣᠰ ᠴᠢᠭᠯᠡᠯ ᠵᠶ᠋ᠡᠷ ᠬᠦᠴᠦᠯᠡᠬᠦ ᠵᠢ ᠪᠠᠷᠢᠮᠲᠠᠯᠠᠵᠤ᠂ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠡᠯ᠎ᠡ ᠵᠦᠢ᠍ᠯ᠎ᠤᠨ ᠱᠠᠭ᠋ᠠᠷᠳᠠᠯᠭ᠎ᠠ ᠪᠠ ᠰᠠᠬᠢᠯᠭ᠎ᠠ ᠪᠠᠲᠤ ᠵᠢᠨ ᠤᠯᠠᠭ᠋ᠠᠨ ᠱᠤᠭᠤᠮ᠎ᠢ ᠲᠣᠳᠣᠷᠬᠠᠢ ᠪᠣᠯᠭ᠋ᠠᠵᠤ᠂ ᠰᠢᠨ᠎ᠡ᠎ᠪᠠᠷ ᠳᠡᠪᠰᠢᠭᠦᠯᠦᠭᠰᠡᠨ ᠺᠠᠳ᠋ᠷ᠂ ᠵᠠᠯᠠᠭᠤ ᠺᠠᠳ᠋ᠷ᠂ ᠵᠠᠩᠭᠢᠯᠠᠭ᠎ᠠ ᠵᠢᠨ ᠠᠵᠢᠯ᠎ᠤᠨ ᠪᠠᠢ᠌ᠷᠢ ᠵᠢᠨ ᠺᠠᠳ᠋ᠷᠴᠤᠳ᠎ᠤᠨ ᠰᠤᠷᠤᠯᠴᠠᠯᠭ᠎ᠠ ᠬᠥᠮᠦᠵᠢᠯ᠎ᠢ ᠲᠣᠪᠣᠢ᠌ᠮ᠎ᠠ ᠰᠠᠢ᠌ᠲᠤᠷ ᠠᠳᠬᠤᠬᠤ ᠬᠡᠷᠡᠭᠲᠡᠢ᠃ ᠡᠷᠴᠢᠮ᠎ᠲᠠᠢ ᠪᠠᠢ᠌ᠴᠠᠭ᠋ᠠᠵᠤ᠂ ᠠᠰᠠᠭᠤᠳᠠᠯ᠎ᠤᠨ ᠦᠨᠳᠦᠰᠦ ᠰᠤᠷᠪᠤᠯᠵᠢ ᠵᠢ ᠪᠥᠬᠥ ᠲᠠᠯ᠎ᠠ᠎ᠪᠠᠷ ᠣᠨᠣᠪᠴᠢᠲᠠᠶ ᠡᠷᠢᠵᠦ ᠣᠯᠬᠤ ᠬᠡᠷᠡᠭᠲᠡᠢ᠃ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ᠂ ᠤᠯᠤᠰ ᠲᠦᠷᠦ ᠵᠢᠨ ᠴᠠᠭᠳᠠᠨ ᠪᠠᠢ᠌ᠴᠠᠭ᠋ᠠᠬᠤ᠂ ᠪᠠᠢ᠌ᠴᠠᠭ᠋ᠠᠨ ᠰᠤᠳᠤᠯᠤᠯᠲᠠ ᠬᠢᠬᠦ ᠵᠡᠷᠭᠡ ᠠᠷᠭ᠎ᠠ ᠵᠠᠮ᠎ᠢ ᠭᠦᠢ᠍ᠴᠡᠳ ᠬᠡᠷᠡᠭᠯᠡᠨ᠂ ᠠᠰᠠᠭᠤᠳᠠᠯ᠎ᠢ ᠭᠦᠨᠵᠡᠭᠡᠢ ᠪᠠᠢ᠌ᠴᠠᠭ᠋ᠠᠨ ᠳᠡᠯᠭᠡᠵᠦ᠂ ᠠᠰᠠᠭᠤᠳᠠᠯ᠎ᠤᠨ ᠦᠨᠳᠦᠰᠦ ᠰᠤᠷᠪᠤᠯᠵᠢ ᠵᠢ ᠭᠦᠨ ᠠᠭᠤᠳᠠᠯᠬᠤ ᠬᠡᠷᠡᠭᠲᠡᠢ᠃ ᠰᠡᠷᠡᠮᠵᠢᠯᠡᠭᠦᠯᠬᠦ ᠬᠥᠮᠦᠵᠢᠯ᠎ᠢ ᠴᠢᠩᠭ᠋ᠠᠳᠬᠠᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠪᠢᠰᠢᠷᠡᠨ ᠵᠢᠷᠦᠬᠡᠰᠢᠶᠡᠬᠦ ᠵᠢ ᠮᠡᠳᠡᠬᠦ᠂ ᠰᠡᠷᠡᠮᠵᠢᠯᠡᠨ ᠡᠮᠢᠶᠡᠬᠦ ᠵᠢ ᠮᠡᠳᠡᠬᠦ᠂ ᠬᠣᠷᠢᠭ᠎ᠠ ᠱᠤᠭᠤᠮ᠎ᠢ ᠰᠠᠬᠢᠬᠤ ᠵᠢ ᠬᠥᠮᠥᠵᠢᠭᠦᠯᠦᠨ ᠬᠥᠲᠥᠯᠥᠨ ᠵᠢᠯᠣᠭᠣᠳᠬᠤ ᠬᠡᠷᠡᠭᠲᠡᠢ᠃ ᠦᠷ᠎ᠡ ᠪᠦᠲᠦᠮᠵᠢ᠎ᠲᠠᠢ ᠪᠣᠯᠭ᠋ᠠᠨ ᠥᠭᠡᠷᠡᠴᠢᠯᠡᠵᠦ᠂ ᠰᠤᠷᠲᠠᠯ᠎ᠤᠨ ᠠᠷᠬᠠᠭ ᠭᠡᠮ᠎ᠢ ᠬᠦᠴᠦᠯᠡᠨ ᠵᠠᠯᠠᠷᠠᠭᠤᠯᠬᠤ ᠬᠡᠷᠡᠭᠲᠡᠢ᠃ 11 ᠲᠠᠯ᠎ᠠ ᠵᠢᠨ ᠲᠣᠪᠣᠢ᠌ᠮ᠎ᠠ ᠠᠰᠠᠭᠤᠳᠠᠯ᠎ᠲᠠᠢ ᠬᠠᠷᠢᠴᠠᠭᠤᠯᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠠᠵᠢᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ ᠴᠡᠭᠴᠡᠯᠡᠨ ᠵᠠᠰᠠᠬᠤ ᠵᠦᠢ᠍ᠯᠡᠰ᠎ᠢ ᠲᠣᠭᠲᠠᠭ᠋ᠠᠵᠤ᠂ ᠠᠰᠠᠭᠤᠳᠠᠯ᠎ᠤᠨ ᠲᠣᠳᠣᠷᠬᠠᠢ ᠬᠠᠭᠤᠳᠠᠰᠤ ᠪᠠ ᠠᠷᠭ᠎ᠠ ᠬᠡᠮᠵᠢᠶ᠎ᠡ ᠵᠢᠨ ᠲᠣᠳᠣᠷᠬᠠᠢ ᠬᠠᠭᠤᠳᠠᠰᠤ ᠵᠢ ᠵᠢᠭᠰᠠᠭ᠋ᠠᠨ᠂ ᠡᠯᠭᠦᠭᠡ ᠲᠠᠨᠭ᠌ᠰᠠ᠎ᠪᠠᠷ ᠰᠢᠪᠠᠳᠠᠨ ᠰᠢᠢ᠍ᠳᠪᠦᠷᠢᠯᠡᠭᠦᠯᠵᠦ᠂ ᠲᠠᠨᠭ᠌ᠰᠠ ᠵᠢ ᠬᠠᠷᠭᠤᠭᠤᠯᠤᠨ ᠳ᠋ᠤᠭ᠋ᠠᠷ᠎ᠢ᠎ᠨᠢ ᠬᠠᠰᠤᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠢ ᠲᠦᠷᠦᠯ ᠬᠤᠪᠢᠶᠠᠨ ᠥᠷᠨᠢᠭᠦᠯᠬᠦ ᠬᠡᠷᠡᠭᠲᠡᠢ᠃ ᠤᠯᠠᠨ ᠲᠦᠮᠡᠨ᠎ᠢ ᠲᠦᠰᠢᠭᠯᠡᠵᠦ᠂ ᠡᠭᠦᠳᠡ᠎ᠪᠠᠨ ᠨᠡᠭᠡᠭᠡᠬᠦ ᠬᠥᠮᠦᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠬᠦ ᠬᠡᠷᠡᠭᠲᠡᠢ᠃ ᠰᠢᠨ᠎ᠡ ᠴᠠᠭ ᠦᠶ᠎ᠡ ᠵᠢᠨ ᠨᠠᠮ᠎ᠤᠨ ᠤᠯᠠᠨ ᠲᠦᠮᠡᠨᠴᠢ ᠱᠤᠭᠤᠮ ᠵᠶ᠋ᠠᠷ ᠰᠠᠢ᠌ᠲᠤᠷ ᠵᠠᠮᠨᠠᠬᠤ ᠵᠢ ᠰᠤᠷᠤᠯᠴᠠᠯᠭ᠎ᠠ ᠬᠥᠮᠦᠵᠢᠯ᠎ᠤᠨ ᠪᠦᠬᠦ ᠶᠠᠪᠤᠴᠠ᠎ᠳᠤ ᠲᠤᠭᠤᠰᠢᠯᠠᠭᠤᠯᠬᠤ ᠵᠢ ᠪᠠᠷᠢᠮᠲᠠᠯᠠᠵᠤ᠂ 《ᠥᠨᠳᠥᠷ ᠪᠦᠲᠦᠮᠵᠢᠲᠡᠢ᠎ᠪᠠᠷ ᠨᠢᠭᠡ ᠶᠠᠪᠤᠳᠠᠯ᠎ᠢ ᠪᠦᠲᠦᠭᠡᠬᠦ》 ᠲᠣᠭᠣᠷᠢᠨ᠎ᠳᠤ᠂ ᠠᠷᠠᠳ᠎ᠲᠤ ᠲᠦᠬᠦᠮ ᠦᠵᠡᠭᠦᠯᠵᠦ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠪᠣᠳᠠᠲᠠᠢ ᠠᠷᠭ᠎ᠠ ᠬᠡᠮᠵᠢᠶ᠎ᠡ ᠵᠢ ᠨᠠᠷᠢᠯᠢᠭᠵᠢᠭᠤᠯᠵᠤ᠂ ᠥᠷᠭᠡᠨ ᠤᠯᠠᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠺᠠᠳ᠋ᠷ ᠴᠠᠭᠳᠠᠭ᠎ᠠ ᠵᠢ ᠵᠣᠬᠢᠶᠠᠨ ᠪᠠᠢ᠌ᠭᠤᠯᠵᠤ ᠤᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡ᠂ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠵᠡᠷᠭᠡ ᠠᠵᠢᠯ᠎ᠤᠨ ᠳᠤᠮᠳᠠ ᠤᠯᠠᠨ ᠲᠦᠮᠡᠨ᠎ᠳᠤ ᠨᠡᠩ ᠰᠠᠢ᠌ᠨ ᠦᠢ᠍ᠯᠡᠴᠢᠯᠡᠬᠦ ᠬᠡᠷᠡᠭᠲᠡᠢ᠃ ᠦᠷ᠎ᠡ ᠪᠦᠲᠦᠭᠡᠯ ᠵᠶ᠋ᠡᠨ ᠪᠠᠲᠤᠳᠬᠠᠵᠤ᠂ ᠰᠤᠷᠤᠯᠴᠠᠯᠭ᠎ᠠ ᠬᠥᠮᠦᠵᠢᠯ᠎ᠤᠨ ᠪᠠᠢ᠌ᠩᠭᠤ ᠵᠠᠰᠠᠯᠲᠠ ᠵᠢᠨ ᠤᠷᠳᠤ ᠬᠤᠭᠤᠴᠠᠭ᠋ᠠᠨ᠎ᠤ ᠪᠦᠲᠦᠮᠵᠢᠲᠡᠢ ᠪᠠᠢ᠌ᠬᠤ ᠵᠢ ᠪᠠᠲᠤᠯᠠᠬᠤ ᠰᠤᠷᠤᠯᠴᠠᠯᠭ᠎ᠠ ᠬᠥᠮᠦᠵᠢᠯ᠎ᠤᠨ ᠳᠤᠮᠳᠠᠬᠢ ᠪᠠᠢ᠌ᠴᠠᠭ᠋ᠠᠨ ᠰᠤᠳᠤᠯᠤᠯᠲᠠ ᠵᠢᠨ ᠦᠷ᠎ᠡ ᠪᠦᠲᠦᠭᠡᠯ᠎ᠤᠨ ᠬᠡᠷᠡᠭᠯᠡᠯᠲᠡ᠂ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠠᠷᠭ᠎ᠠ᠂ ᠳᠤᠲᠠᠭᠤᠳᠠᠯ᠎ᠢ ᠨᠥᠬᠥᠪᠦᠷᠢᠯᠡᠬᠦ ᠠᠷᠭ᠎ᠠ ᠬᠡᠮᠵᠢᠶ᠎ᠡ ᠵᠡᠷᠭᠡ ᠰᠠᠢ᠌ᠨ ᠠᠷᠭ᠎ᠠ ᠬᠢᠳᠡᠯ ᠰᠠᠢ᠌ᠨ ᠲᠤᠷᠰᠢᠯᠭ᠎ᠠ ᠵᠢ ᠴᠠᠭ ᠲᠤᠬᠠᠢᠳᠤᠨᠢ ᠳ᠋ᠦᠩᠨᠡᠵᠦ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠰᠤᠷᠲᠠᠯ᠎ᠤᠨ ᠪᠠᠢ᠌ᠭᠤᠯᠤᠯᠲᠠ ᠵᠢ ᠨᠡᠩ ᠵᠢᠷᠤᠮᠯᠠᠬᠤ ᠳᠦᠷᠢᠮ᠎ᠲᠠᠢ ᠪᠣᠯᠭ᠋ᠠᠬᠤ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠵᠠᠢ᠃
ᠬᠤᠷᠠᠯ᠎ᠠᠴᠠ᠂ ᠤᠯᠤᠰ ᠲᠦᠷᠦ ᠵᠢᠨ ᠦᠨᠡᠨᠴᠢ ᠰᠢᠳᠤᠷᠭᠤ ᠵᠢ ᠪᠠᠲᠤ ᠪᠤᠢ ᠪᠣᠯᠭ᠋ᠠᠬᠤ ᠲᠠᠯ᠎ᠠ᠎ᠪᠠᠷ ᠠᠵᠢᠯᠯᠠᠭ᠎ᠠ ᠬᠢᠵᠦ ᠦᠷ᠎ᠡ ᠪᠦᠲᠦᠮᠵᠢ ᠭᠠᠷᠭ᠋ᠠᠵᠤ᠂ ᠤᠬᠠᠮᠰᠠᠷ᠎ᠠᠴᠠ᠎ᠪᠠᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠨᠠᠮᠴᠢ ᠴᠢᠨᠠᠷ᠎ᠤᠨ ᠪᠣᠯᠪᠠᠰᠤᠷᠠᠯ᠎ᠤᠨ ᠪᠦᠬᠦ ᠶᠠᠪᠤᠴᠠ᠎ᠳᠤ ᠠᠭᠤᠰᠬᠠᠵᠤ᠂ ᠦᠵᠡᠯ ᠰᠠᠨᠠᠭ᠋ᠠᠨ᠎ᠤ ᠵᠥᠷᠢᠶ᠎ᠡ ᠵᠢ ᠬᠠᠷᠭᠤᠭᠤᠯᠵᠤ᠂ ᠤᠯᠤᠰ ᠲᠦᠷᠦ ᠵᠢᠨ ᠲᠣᠭᠲᠠᠯ ᠬᠦᠴᠦᠨ ᠵᠶ᠋ᠡᠨ ᠴᠢᠩᠭ᠋ᠠᠳᠬᠠᠵᠤ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠣᠢ᠌ᠯᠠᠭ᠋ᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ᠎ᠪᠠᠨ ᠴᠢᠩᠭ᠋ᠠᠳᠬᠠᠬᠤ ᠬᠡᠷᠡᠭᠲᠡᠢ᠃ ᠪᠠᠢ᠌ᠭᠤᠯᠭ᠎ᠠ ᠵᠢᠨ ᠰᠤᠷᠲᠠᠯ᠎ᠢ ᠬᠤᠪᠢᠷᠠᠭᠤᠯᠬᠤ ᠲᠠᠯ᠎ᠠ᠎ᠪᠠᠷ ᠪᠣᠳᠠᠲᠤ ᠠᠵᠢᠯᠯᠠᠭ᠎ᠠ᠎ᠲᠠᠢ ᠦᠷ᠎ᠡ ᠪᠦᠲᠦᠮᠵᠢ ᠭᠠᠷᠭ᠋ᠠᠵᠤ᠂ ᠪᠦᠬᠦ ᠲᠠᠯ᠎ᠠ᠎ᠪᠠᠷ ᠬᠠᠷᠢᠴᠠᠭᠤᠯᠵᠤ᠂ ᠴᠢᠨᠠᠷ ᠰᠠᠢ᠌ᠲᠠᠢ ᠬᠥᠭᠵᠢᠯᠲᠡ ᠵᠢ ᠨᠥᠯᠥᠭᠡᠯᠡᠬᠦ ᠰᠤᠷᠲᠠᠯ᠎ᠤᠨ ᠠᠰᠠᠭᠤᠳᠠᠯ᠎ᠢ ᠭᠦᠨᠵᠡᠭᠡᠢ ᠪᠠᠢ᠌ᠴᠠᠭ᠋ᠠᠨ ᠳᠡᠯᠭᠡᠵᠦ᠂ ᠰᠤᠷᠲᠠᠯ᠎ᠤᠨ ᠪᠠᠢ᠌ᠭᠤᠯᠤᠯᠲᠠ ᠵᠢᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯ᠎ᠤᠨ ᠭᠣᠣᠯᠳᠠᠯᠭ᠎ᠠ᠎ᠪᠠᠨ ᠬᠥᠭᠵᠢᠯᠲᠡ ᠵᠢ ᠠᠳᠬᠤᠬᠤ᠂ ᠨᠠᠢ᠌ᠳᠠᠪᠤᠷᠢᠵᠢᠭᠤᠯᠤᠯᠲᠠ ᠵᠢ ᠠᠳᠬᠤᠬᠤ ᠳᠡᠭᠡᠷ᠎ᠡ ᠲᠠᠯᠪᠢᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠰᠤᠷᠲᠠᠯ᠎ᠤᠨ ᠦᠷᠭᠦᠯᠵᠢᠯᠡᠨ ᠰᠠᠢ᠌ᠵᠢᠷᠠᠬᠤ ᠵᠢ ᠠᠬᠢᠭᠤᠯᠬᠤ ᠬᠡᠷᠡᠭᠲᠡᠢ᠃ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠲᠠᠯ᠎ᠠ᠎ᠪᠠᠷ ᠠᠮᠵᠢᠯᠲᠠ ᠪᠦᠲᠦᠮᠵᠢ ᠭᠠᠷᠭ᠋ᠠᠬᠤ ᠬᠡᠷᠡᠭᠲᠡᠢ᠃ ᠪᠣᠳᠠᠲᠠᠢ ᠠᠵᠢᠯᠯᠠᠬᠤ ᠵᠢ ᠴᠢᠬᠤᠯᠠᠴᠢᠯᠠᠬᠤ᠂ ᠪᠣᠳᠠᠲᠠᠢ ᠠᠮᠵᠢᠯᠲᠠ ᠵᠢ ᠴᠢᠬᠤᠯᠠᠴᠢᠯᠠᠬᠤ ᠢᠯᠡ ᠲᠣᠳᠣ ᠤᠳᠤᠷᠢᠳᠤᠮᠵᠢ ᠵᠢ ᠪᠠᠲᠤ ᠪᠤᠢ ᠪᠣᠯᠭ᠋ᠠᠵᠤ᠂ ᠦᠬᠦᠮᠡᠯ ᠬᠡᠷᠡᠭᠵᠢᠭᠦᠯᠬᠦ᠂ ᠬᠡᠲᠦᠷᠡᠲᠡᠯ᠎ᠡ ᠣᠷᠣ ᠮᠥᠷ ᠦᠯᠡᠳᠡᠭᠡᠬᠦ ᠳᠣᠲᠣᠭ᠋ᠠᠳᠤ ᠬᠣᠷᠣᠭᠳᠠᠯ᠎ᠢ ᠴᠢᠷᠮᠠᠢ᠌ᠨ ᠲᠡᠪᠴᠢᠵᠦ᠂ ᠶᠠᠷᠰᠢᠭ ᠲᠦᠪᠡᠭ᠎ᠲᠠᠢ ᠵᠦᠢ᠍ᠯᠡᠰ᠂ ᠪᠢᠴᠢᠭ ᠮᠠᠲ᠋ᠧᠷᠢᠶᠠᠯ ᠬᠤᠷᠠᠯ᠎ᠤᠨ ᠳᠠᠯᠠᠢ᠎ᠠᠴᠠ ᠠᠩᠭᠢᠵᠢᠷᠠᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠤᠶᠤᠨ ᠴᠢᠳᠠᠯ᠎ᠢ ᠪᠣᠳᠠᠲᠠᠢ ᠶᠠᠪᠤᠳᠠᠯ ᠬᠢᠬᠦ᠂ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠳᠡᠭᠡᠷ᠎ᠡ ᠵᠠᠷᠤᠴᠠᠭᠤᠯᠵᠤ᠂ ᠪᠦᠬᠦ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠦᠬᠦᠯᠢ ᠴᠣᠭᠴᠠ ᠵᠢᠨ ᠠᠵᠢᠯ᠎ᠤᠨ ᠲᠡᠰ ᠳᠡᠪᠰᠢᠬᠦ ᠵᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃
ᠨᠣᠮ ᠤᠩᠰᠢᠬᠤ ᠠᠩᠭᠢ᠎ᠳᠤ ᠲᠥᠪ᠎ᠤᠨ ᠨᠠᠮ᠎ᠤᠨ ᠰᠤᠷᠭ᠋ᠠᠭᠤᠯᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠰᠤᠷᠭ᠋ᠠᠭᠤᠯᠢ ᠵᠢᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ᠎ᠢ ᠤᠷᠢᠵᠤ ᠲᠤᠰᠬᠠᠢ ᠰᠡᠳᠦᠪᠲᠦ ᠬᠠᠪᠰᠤᠷᠤᠨ ᠵᠢᠯᠣᠭᠣᠳᠤᠯᠭ᠎ᠠ ᠬᠢᠯᠭᠡᠵᠦ᠂ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠭᠡᠰᠢᠭᠦᠳ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠰᠠᠨᠠᠯ ᠵᠶ᠋ᠠᠨ ᠰᠣᠯᠢᠯᠴᠠᠵᠤ ᠶᠠᠷᠢᠶ᠎ᠠ ᠲᠠᠯᠪᠢᠭᠰᠠᠨ ᠪᠥᠭᠡᠳ ᠨᠢᠭᠡᠳᠦᠭᠡᠷ ᠡᠮᠡᠭᠲᠡᠢ ᠵᠢᠨ ᠭᠢᠨᠳᠠᠨ᠎ᠳᠤ ᠬᠦᠷᠴᠦ ᠰᠡᠷᠡᠮᠵᠢᠯᠡᠭᠦᠯᠬᠦ ᠬᠥᠮᠦᠵᠢᠯ ᠥᠷᠨᠢᠭᠦᠯᠪᠡ᠃
ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠤᠳᠤᠷᠢᠳᠬᠤ ᠪᠠᠭ᠎ᠤᠨ ᠪᠦᠷᠢᠯᠳᠦᠭᠦᠨ᠂ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ᠂ ᠲᠢᠩᠬᠢᠮ᠎ᠤᠨ ᠪᠠᠢ᠌ᠭᠤᠯᠭ᠎ᠠ ᠵᠢᠴᠢ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠡ ᠵᠢᠨ ᠨᠡᠢ᠍ᠢ᠍ᠳᠡ 150 ᠭᠠᠷᠤᠢ ᠨᠠᠮ᠎ᠤᠨ ᠭᠡᠰᠢᠭᠦᠨ ᠺᠠᠳ᠋ᠷ ᠨᠣᠮ ᠤᠩᠰᠢᠬᠤ ᠠᠩᠭᠢ᠎ᠳᠤ ᠣᠷᠣᠯᠴᠠᠪᠠ᠃