ᠤᠯᠤᠰ᠎ᠤᠨ ᠠᠮᠤᠷ ᠲᠦᠪᠰᠢᠨ ᠪᠣᠯ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠦᠨᠳᠦᠰᠦ ᠰᠠᠭᠤᠷᠢ ᠮᠥᠨ᠂ ᠨᠡᠢ᠌ᠭᠡᠮ᠎ᠤᠨ ᠲᠣᠭᠲᠠᠭᠤᠨ ᠪᠠᠢ᠌ᠳᠠᠯ ᠪᠣᠯ ᠤᠯᠤᠰ ᠣᠷᠣᠨ᠎ᠤ ᠬᠦᠴᠦᠷᠬᠡᠭᠵᠢᠨ ᠮᠠᠨᠳᠤᠬᠤ ᠵᠢᠨ ᠤᠷᠢᠲᠠᠯ ᠮᠥᠨ᠃ ᠡᠨᠡ ᠵᠢᠯ ᠪᠣᠯ ᠤᠯᠤᠰ᠎ᠤᠨ ᠠᠮᠤᠷ ᠲᠦᠪᠰᠢᠨ᠎ᠤ ᠬᠠᠤᠯᠢ ᠵᠢ ᠨᠡᠢ᠌ᠲᠡᠯᠡᠵᠦ ᠬᠡᠷᠡᠭᠵᠢᠭᠦᠯᠦᠭᠰᠡᠨ 10 ᠵᠢᠯ᠎ᠤᠨ ᠤᠢ ᠪᠣᠯᠣᠨ᠎ᠠ᠂ 4 ᠰᠠᠷ᠎ᠠ ᠵᠢᠨ 15᠎ᠤ ᠡᠳᠦᠷ ᠪᠣᠯ ᠠᠷᠪᠠᠳᠤᠭ᠋ᠠᠷ 《ᠪᠦᠬᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ》 ᠪᠣᠯᠣᠨ᠎ᠠ᠃ ᠶᠡᠷᠦᠩᠬᠡᠢ ᠱᠦᠵᠢ ᠰᠢ ᠵᠢᠨ ᠫᠢᠩ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠬᠤ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠦᠬᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠤᠬᠠᠮᠰᠠᠷ ᠪᠠ ᠬᠠᠤᠯᠢᠵᠢᠯ᠎ᠤᠨ ᠤᠬᠠᠮᠰᠠᠷ᠎ᠢ ᠦᠨᠡᠨᠬᠦ ᠴᠢᠩᠭ᠋ᠠᠳᠬᠠᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠂ ᠬᠢᠯᠢ᠎ᠪᠠᠷ ᠣᠷᠣᠵᠤ ᠭᠠᠷᠬᠤ ᠬᠢᠯᠢ ᠵᠢᠨ ᠬᠠᠮᠠᠭ᠋ᠠᠯᠠᠯᠲᠠ ᠵᠢᠨ ᠪᠠᠢ᠌ᠴᠠᠭ᠋ᠠᠯᠲᠠ ᠵᠢᠨ ᠶᠡᠷᠦᠩᠬᠡᠢ ᠥᠷᠲᠡᠭᠡ ᠵᠢᠴᠢ ᠤᠯᠠᠭ᠋ᠠᠨᠴᠠᠪ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠬᠠᠮᠲᠤᠷᠠᠨ 4 ᠰᠠᠷ᠎ᠠ ᠵᠢᠨ 11᠎ᠤ ᠡᠳᠦᠷ 2025 ᠣᠨ᠎ᠤ ᠪᠥᠬᠥ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ (ᠥᠪᠥᠷ ᠮᠣᠩᠭᠣᠯ᠎ᠤᠨ ᠥᠷᠲᠡᠭᠡ) ᠵᠢ ᠡᠷᠭᠢᠯᠡᠵᠦ᠂ ᠠᠵᠢᠯᠯᠠᠭ᠎ᠠ ᠵᠢ ᠤᠯᠠᠭ᠋ᠠᠨᠴᠠᠪ ᠬᠣᠲᠠ ᠵᠢᠨ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠬᠠᠤᠯᠢ ᠴᠠᠭ᠋ᠠᠵᠠ ᠵᠢᠨ ᠲᠣᠪᠴᠢᠶ᠎ᠠ᠂ ᠬᠢᠯᠢ ᠵᠢᠨ ᠬᠠᠮᠢᠶᠠᠷᠤᠯᠲᠠ ᠵᠢᠨ ᠰᠠᠯᠪᠤᠷᠢ ᠠᠩᠭᠢ ᠬᠠᠮᠲᠤᠷᠠᠨ ᠳᠠᠭ᠋ᠠᠭ᠋ᠠᠨ ᠡᠷᠭᠢᠯᠡᠪᠡ᠃
ᠬᠠᠤᠯᠢ ᠴᠠᠭ᠋ᠠᠵᠠ ᠵᠢᠨ ᠶᠠᠮᠤᠨ᠎ᠤ ᠬᠠᠤᠯᠢ ᠲᠦᠭᠡᠮᠡᠯᠵᠢᠭᠦᠯᠬᠦ ᠪᠠ ᠬᠠᠤᠯᠢ᠎ᠪᠠᠷ ᠵᠠᠰᠠᠬᠤ ᠲᠣᠪᠴᠢᠶ᠎ᠠ ᠵᠢᠨ ᠳᠡᠳ᠋ ᠳᠠᠷᠤᠭ᠎ᠠ᠂ ᠬᠠᠤᠯᠢᠵᠢᠯ᠎ᠤᠨ ᠤᠬᠠᠭᠤᠯᠭ᠎ᠠ ᠵᠢᠨ ᠲᠥᠪ᠎ᠤᠨ ᠳᠡᠳ᠋ ᠡᠷᠬᠢᠯᠡᠭᠴᠢ ᠰᠢᠶᠸ ᠰᠢᠶᠠᠩ ᠬᠣᠩ ᠠᠵᠢᠯᠯᠠᠭ᠎ᠠ᠎ᠳᠤ ᠣᠷᠣᠯᠴᠠᠭᠰᠠᠨ ᠪᠥᠭᠡᠳ ᠪᠠᠶᠠᠷ᠎ᠤᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶᠠᠨ᠎ᠤ ᠳᠡᠳ᠋ ᠱᠦᠵᠢ ᠹᠠᠩ ᠷᠦᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠬᠣᠷᠢᠶᠠᠨ ᠳᠠᠷᠤᠭ᠎ᠠ ᠰᠦ ᠯᠢ ᠵᠢᠶᠦ᠋ᠨ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠫᠢᠩ᠂ ᠥᠪᠥᠷ ᠮᠣᠩᠭᠣᠯ᠎ᠤᠨ ᠬᠢᠯᠢ᠎ᠪᠠᠷ ᠣᠷᠣᠵᠤ ᠭᠠᠷᠬᠤ ᠬᠢᠯᠢ ᠵᠢᠨ ᠬᠠᠮᠠᠭ᠋ᠠᠯᠠᠯᠲᠠ ᠵᠢᠨ ᠪᠠᠢ᠌ᠴᠠᠭ᠋ᠠᠯᠲᠠ ᠵᠢᠨ ᠶᠡᠷᠦᠩᠬᠡᠢ ᠥᠷᠲᠡᠭᠡᠨ᠎ᠤ ᠨᠠᠮ᠎ᠤᠨ ᠬᠣᠷᠢᠶᠠᠨ᠎ᠤ ᠭᠡᠰᠢᠭᠦᠨ᠂ ᠶᠡᠷᠦᠩᠬᠡᠢ ᠥᠷᠲᠡᠭᠡᠨ᠎ᠤ ᠳᠡᠳ᠋ ᠳᠠᠷᠤᠭ᠎ᠠ ᠲᠦᠩ ᠯᠢᠩ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠬᠠᠮᠢᠶ᠎ᠠ ᠪᠦᠬᠦᠢ ᠤᠳᠤᠷᠢᠳᠤᠯᠭ᠎ᠠ ᠪᠣᠯᠣᠨ ᠤᠯᠠᠭ᠋ᠠᠨᠴᠠᠪ ᠬᠣᠲᠠ ᠵᠢᠨ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠯᠢ ᠵᠢᠶᠠᠨ ᠵᠢᠶᠦ᠋ᠨ᠂ ᠤᠯᠠᠭ᠋ᠠᠨᠴᠠᠪ ᠬᠣᠲᠠ ᠵᠢᠨ ᠠᠷᠠᠳ᠎ᠤᠨ ᠳᠤᠮᠳᠠ ᠵᠡᠷᠭᠡ ᠵᠢᠨ ᠰᠢᠭᠦᠬᠦ ᠬᠣᠷᠢᠶ᠎ᠠ᠂ ᠤᠯᠠᠭ᠋ᠠᠨᠴᠠᠪ ᠬᠣᠲᠠ ᠵᠢᠨ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢᠨ ᠭᠣᠣᠯ ᠬᠠᠷᠢᠭᠤᠴᠠᠯᠭ᠋ᠠᠲᠠᠨ ᠨᠥᠬᠥᠳ ᠠᠵᠢᠯᠯᠠᠭ᠎ᠠ᠎ᠳᠤ ᠣᠷᠣᠯᠴᠠᠵᠤ᠂ ᠤᠯᠠᠭ᠋ᠠᠨᠴᠠᠪ ᠬᠣᠲᠠ ᠵᠢᠨ ᠳᠡᠳ᠋ ᠳᠠᠷᠤᠭ᠎ᠠ᠂ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠴᠠᠢ ᠶᠤᠸᠠᠢ ᠠᠵᠢᠯᠯᠠᠭ᠎ᠠ ᠵᠢ ᠡᠷᠭᠢᠯᠡᠪᠡ᠃
《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠲᠦᠭᠡᠮᠡᠯᠵᠢᠭᠦᠯᠬᠦ ᠵᠢ ᠬᠡᠷᠡᠭᠵᠢᠭᠦᠯᠦᠭᠰᠡᠨ᠎ᠠᠴᠠ ᠨᠠᠭ᠋ᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠠᠯᠢ ᠤᠯᠠᠨ ᠥᠪᠡᠷᠮᠢᠴᠡ ᠣᠨᠴᠠᠯᠢᠭ᠎ᠲᠠᠢ᠂ ᠲᠣᠪᠣᠢ᠌ᠮ᠎ᠠ ᠦᠷ᠎ᠡ ᠪᠦᠲᠦᠮᠵᠢ᠎ᠲᠠᠢ ᠲᠤᠷᠰᠢᠯᠭ᠎ᠠ ᠠᠷᠭ᠎ᠠ ᠵᠢ ᠪᠦᠷᠢᠯᠳᠦᠭᠦᠯᠵᠦ᠂ ᠤᠯᠤᠰ᠎ᠤᠨ ᠬᠢᠯᠢ ᠬᠢᠵᠠᠭ᠋ᠠᠷ᠎ᠤᠨ ᠠᠮᠤᠷ ᠲᠦᠪᠰᠢᠨ ᠲᠣᠭᠲᠠᠭᠤᠨ᠎ᠢ ᠬᠠᠮᠠᠭ᠋ᠠᠯᠠᠬᠤ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠳᠤ ᠪᠠᠲᠤ ᠪᠡᠬᠢ ᠬᠠᠤᠯᠢᠵᠢᠯ᠎ᠤᠨ ᠪᠠᠲᠤᠯᠠᠭ᠎ᠠ ᠬᠠᠩᠭ᠋ᠠᠵᠠᠢ᠃ ᠨᠠᠢ᠍ᠮᠠᠳᠤᠭ᠋ᠠᠷ ᠲᠠᠪᠤᠨ ᠵᠢᠯ᠎ᠤᠨ ᠬᠠᠤᠯᠢ ᠲᠦᠭᠡᠮᠡᠯᠵᠢᠭᠦᠯᠬᠦ ᠠᠵᠢᠯ ᠳᠠᠭᠤᠰᠬᠤ ᠵᠢᠯ᠎ᠳᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠂ ᠤᠯᠤᠰ᠎ᠤᠨ ᠠᠮᠤᠷ ᠲᠦᠪᠰᠢᠨ᠎ᠤ ᠬᠠᠤᠯᠢ ᠵᠡᠷᠭᠡ ᠭᠣᠣᠯᠳᠠᠯᠭ᠎ᠠ᠎ᠲᠠᠢ ᠠᠭᠤᠯᠭ᠎ᠠ ᠵᠢ ᠦᠷᠭᠦᠯᠵᠢᠯᠡᠨ ᠲᠤᠪᠤᠢ᠍ᠢ᠍ᠯᠭ᠋ᠠᠵᠤ᠂ ᠤᠳᠤᠷᠢᠳᠬᠤ ᠺᠠᠳ᠋ᠷ᠂ ᠵᠠᠯᠠᠭᠤᠴᠤᠳ ᠪᠠᠭ᠋ᠠᠴᠤᠳ ᠵᠡᠷᠭᠡ ᠭᠣᠣᠯᠳᠠᠯᠭ᠎ᠠ᠎ᠲᠠᠢ ᠡᠲᠡᠭᠡᠳ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢ ᠲᠤᠪᠤᠢ᠍ᠢ᠍ᠯᠭ᠋ᠠᠵᠤ᠂ ᠠᠵᠢᠯ᠎ᠤᠨ ᠪᠣᠳᠠᠲᠤ ᠦᠷ᠎ᠡ ᠪᠦᠲᠦᠮᠵᠢ ᠵᠢ ᠨᠡᠮᠡᠭᠳᠡᠭᠦᠯᠵᠦ᠂ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠦᠷᠭᠦᠯᠵᠢᠯᠡᠨ ᠰᠠᠢ᠌ᠵᠢᠷᠠᠭᠤᠯᠪᠠ᠃
ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ ᠥᠪᠡᠷᠲᠡᠭᠡᠨ ᠵᠠᠰᠠᠬᠤ ᠣᠷᠣᠨ᠎ᠤ 《ᠨᠠᠢ᠍ᠮᠠᠳᠤᠭ᠋ᠠᠷ ᠲᠠᠪᠤᠨ
ᠵᠢᠯ》᠎ᠤᠨ 《ᠬᠠᠤᠯᠢ ᠲᠦᠭᠡᠮᠡᠯᠵᠢᠭᠦᠯᠬᠦ᠎ᠪᠠᠷ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠬᠠᠮᠲᠤ᠎ᠪᠠᠷ ᠴᠣᠭᠴᠠᠯᠠᠶ᠎ᠠ》 ᠭᠡᠬᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠹᠢᠯᠢᠮ᠎ᠢ ᠲᠠᠯᠪᠢᠵᠤ᠂ ᠥᠪᠥᠷ ᠮᠣᠩᠭᠣᠯ᠎ᠤᠨ ᠬᠠᠤᠯᠢ ᠲᠦᠭᠡᠮᠡᠯᠵᠢᠭᠦᠯᠬᠦ ᠠᠵᠢᠯ᠎ᠤᠨ ᠭᠢᠯᠠᠰ ᠴᠡᠭ ᠪᠠ ᠠᠮᠵᠢᠯᠲᠠ ᠪᠦᠲᠦᠮᠵᠢ ᠵᠢ ᠪᠦᠬᠦ ᠲᠠᠯ᠎ᠠ᠎ᠪᠠᠷ ᠳᠡᠯᠭᠡᠨ ᠦᠵᠡᠭᠦᠯᠵᠡᠢ᠃ ᠤᠯᠠᠭ᠋ᠠᠨᠴᠠᠪ ᠬᠤᠳᠠ ᠵᠢᠨ ᠳᠥᠷᠪᠡᠳ ᠬᠣᠰᠢᠭᠤᠨ᠎ᠤ ᠵᠢᠶᠠᠩ ᠠᠨ ᠰᠤᠮᠤ ᠵᠢᠨ ᠸᠧᠢ ᠵᠢᠩ ᠭᠠᠴᠠᠭ᠎ᠠ ᠵᠢᠨ ᠭᠠᠩᠪᠣᠯᠣᠳ᠎ᠤᠨ ᠬᠢᠯᠢ ᠬᠢᠵᠠᠭ᠋ᠠᠷ᠎ᠢ ᠰᠠᠬᠢᠵᠤ ᠬᠢᠯᠢ ᠬᠢᠵᠠᠭ᠋ᠠᠷ᠎ᠢ ᠪᠡᠬᠢᠵᠢᠭᠦᠯᠦᠭᠰᠡᠨ ᠲᠡᠷᠢᠭᠦᠨ᠎ᠤ ᠤᠢ᠍ᠢ᠍ᠯᠡ ᠠᠵᠢᠯᠯᠠᠭ᠎ᠠ ᠵᠢᠨ ᠣᠬᠣᠷ ᠹᠢᠯᠢᠮ 《ᠤᠯᠤᠰ ᠭᠡᠷ᠎ᠤᠨ ᠬᠠᠢ᠌ᠷ᠎ᠠ ᠰᠡᠳᠬᠢᠯᠭᠡ ᠵᠢ ᠵᠤᠵᠠᠭ᠋ᠠᠳᠬᠠᠵᠤ ᠠᠮᠤᠷ ᠲᠦᠪᠰᠢᠨ᠎ᠤ ᠬᠠᠮᠠᠭ᠋ᠠᠯᠠᠭᠴᠢ ᠪᠣᠯᠣᠭᠰᠠᠨ᠎ᠨᠢ》 ᠭᠡᠬᠦ ᠵᠢ ᠰᠣᠨᠢᠷᠬᠠᠵᠤ᠂ 《ᠬᠠᠤᠯᠢ ᠴᠠᠭ᠋ᠠᠵᠠ ᠵᠢᠨ ᠮᠡᠷᠭᠡᠨ ᠬᠥᠮᠥᠨ》᠎ᠤ ᠲᠥᠯᠥᠭᠡᠯᠡᠭᠴᠢ ᠸᠠᠩ ᠬᠤᠢ ᠵᠢᠶᠣᠣ ᠲᠤᠬᠠᠢ ᠵᠢᠨ ᠲᠠᠯᠠᠪᠠᠢ᠎ᠳᠤ ᠤᠬᠠᠭᠤᠯᠤᠨ ᠲᠠᠢ᠌ᠯᠪᠤᠷᠢᠯᠠᠬᠤ ᠵᠢ ᠰᠣᠨᠣᠰᠴᠤ᠂ ᠬᠢᠯᠢ ᠵᠢᠨ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠤᠨ ᠬᠠᠤᠯᠢ ᠲᠦᠭᠡᠮᠡᠯᠵᠢᠭᠦᠯᠬᠦ ᠠᠵᠢᠯᠲᠠᠨ ᠪᠠ ᠰᠠᠢ᠌ᠨ ᠳᠤᠷ᠎ᠠ ᠵᠢᠨ ᠠᠵᠢᠯᠯᠠᠭᠴᠢ ᠵᠢᠨ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ᠂ ᠦᠨᠳᠦᠰᠦᠨ ᠱᠠᠲᠤᠨ᠎ᠤ ᠤᠯᠠᠨ ᠲᠦᠮᠡᠨ᠎ᠳᠤ ᠦᠢ᠍ᠯᠡᠴᠢᠯᠡᠬᠦ ᠰᠡᠳᠬᠢᠯ ᠬᠥᠳᠡᠯᠭᠡᠮ᠎ᠡ ᠤᠢ᠍ᠢ᠍ᠯᠡ ᠠᠵᠢᠯᠯᠠᠭ᠎ᠠ ᠵᠢ ᠤᠬᠠᠭᠤᠯᠤᠨ ᠳᠡᠯᠭᠡᠷᠡᠭᠦᠯᠵᠡᠢ᠃ 12 ᠠᠢ᠌ᠮᠠᠭ ᠬᠤᠳᠠ ᠸᠢᠳᠢᠤ᠋᠎ᠪᠠᠷ ᠵᠠᠯᠭ᠋ᠠᠯᠳᠤᠵᠤ᠂ 2025 ᠣᠨ᠎ᠤ ᠪᠦᠬᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢ ᠵᠡᠷᠭᠡ᠎ᠪᠡᠷ ᠥᠷᠨᠢᠭᠦᠯᠵᠦ᠂ ᠤᠯᠤᠰ᠎ᠤᠨ ᠠᠮᠤᠷ ᠲᠦᠪᠰᠢᠨ᠎ᠤ ᠤᠬᠠᠭᠤᠯᠭ᠎ᠠ ᠬᠥᠮᠦᠵᠢᠯ᠎ᠤᠨ ᠪᠦᠬᠦ ᠣᠷᠣᠨ ᠪᠦᠰᠡ᠎ᠪᠠᠷ ᠵᠶ᠋ᠡᠨ ᠬᠣᠯᠪᠤᠭ᠋ᠠᠯᠠᠨ ᠬᠥᠳᠡᠯᠦᠯᠴᠡᠭᠰᠡᠨ ᠬᠠᠤᠯᠢ ᠲᠦᠭᠡᠮᠡᠯᠵᠢᠭᠦᠯᠬᠦ ᠬᠦᠴᠦᠷᠬᠡᠭ ᠶᠡᠬᠡ ᠰᠦᠷ ᠬᠦᠴᠦᠨ᠎ᠢ ᠪᠤᠢ ᠪᠣᠯᠭ᠋ᠠᠪᠠ᠃
ᠠᠵᠢᠯᠯᠠᠭ᠎ᠠ ᠵᠢᠨ ᠲᠤᠬᠠᠢ ᠵᠢᠨ ᠲᠠᠯᠠᠪᠤᠷ᠎ᠲᠤ ᠦᠵᠡᠭᠦᠯᠭᠡ ᠵᠢᠨ ᠲᠠᠪᠴᠠᠩ ᠦᠵᠡᠭᠦᠯᠭᠡ ᠵᠢᠨ ᠰᠠᠮᠪᠠᠷ᠎ᠠ ᠵᠢᠨ ᠲᠣᠭᠣᠷᠢᠭ ᠭᠠᠷᠭ᠋ᠠᠵᠤ᠂ ᠤᠯᠤᠰ᠎ᠤᠨ ᠭᠠᠵᠠᠷ ᠰᠢᠷᠣᠢ᠂ ᠰᠦᠯᠵᠢᠶ᠎ᠡ᠂ ᠠᠮᠢ ᠠᠬᠤᠢ᠂ ᠮᠥᠩᠭᠥᠨ ᠭᠦᠢ᠍ᠯᠭᠡᠭᠡ᠂ ᠲᠣᠭ᠎ᠠ ᠪᠠᠷᠢᠮᠲᠠ ᠵᠡᠷᠭᠡ ᠤᠯᠤᠰ᠎ᠤᠨ ᠠᠮᠤᠷ ᠲᠦᠪᠰᠢᠨ᠎ᠲᠠᠢ ᠬᠣᠯᠪᠣᠭᠳᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠯᠠᠭ᠋ᠠᠨᠴᠠᠪ ᠬᠣᠲᠠ ᠵᠢᠨ ᠤᠯᠤᠰ᠎ᠤᠨ ᠠᠮᠤᠷ ᠲᠦᠪᠰᠢᠨ᠎ᠤ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠲᠦᠯᠬᠢᠨ ᠠᠬᠢᠭᠤᠯᠬᠤ ᠳᠤᠮᠳᠠ ᠠᠪᠤᠭᠰᠠᠨ ᠬᠦᠴᠦᠲᠡᠢ ᠠᠷᠭ᠎ᠠ ᠬᠡᠮᠵᠢᠶ᠎ᠡ ᠪᠠ ᠪᠡᠯᠭᠡ ᠲᠡᠮᠳᠡᠭ᠎ᠤᠨ ᠴᠢᠨᠠᠷᠲᠠᠢ ᠦᠷ᠎ᠡ ᠪᠦᠲᠦᠭᠡᠯ᠎ᠢ ᠳᠡᠯᠭᠡᠨ ᠦᠵᠡᠭᠦᠯᠵᠡᠢ᠃
ᠠᠵᠢᠯᠯᠠᠭ᠎ᠠ ᠠᠴᠠ ᠡᠮᠦᠨ᠎ᠡ᠂ ᠪᠥᠬᠥ ᠣᠷᠣᠯᠴᠠᠭᠰᠠᠳ 《ᠭᠤᠷᠪᠠᠨ ᠮᠢᠩᠭ᠋ᠠᠨ ᠥᠨᠥᠴᠢᠨ ᠬᠡᠦᠬᠡᠳ᠎ᠢ ᠥᠪᠥᠷ ᠮᠣᠩᠭᠣᠯ᠎ᠳᠤ ᠠᠪᠴᠢᠷᠠᠭᠰᠠᠨ᠎ᠨᠢ》 ᠭᠡᠬᠦ ᠬᠥᠮᠥᠰ᠎ᠤᠨ ᠰᠡᠳᠬᠢᠯ ᠢ ᠬᠥᠳᠡᠯᠭᠡᠮ᠎ᠡ ᠦᠢᠯᠡ ᠠᠵᠢᠯᠯᠠᠭ᠎ᠠ᠎ᠪᠠᠷ ᠤᠭ ᠳᠦᠷᠢ ᠪᠣᠯᠭ᠋ᠠᠨ ᠵᠣᠬᠢᠶᠠᠨ ᠪᠦᠲᠦᠭᠡᠭᠰᠡᠨ ᠠᠬᠤᠢ ᠣᠷᠴᠢᠨ᠎ᠤ ᠵᠦᠴᠦᠭᠡ 《ᠤᠯᠤᠰ ᠪᠣᠯ ᠬᠠᠮᠤᠭ᠎ᠤᠨ ᠰᠠᠢ᠌ᠨ ᠡᠵᠢ ᠮᠥᠨ》 ᠭᠡᠬᠦ ᠵᠦᠴᠦᠭᠡ ᠵᠢ ᠦᠵᠡᠵᠦ᠂ ᠲᠠᠯ᠎ᠠ ᠨᠤᠲᠤᠭ᠎ᠤᠨ ᠬᠥᠪᠡᠭᠦᠳ ᠥᠬᠢᠳ᠎ᠤᠨ ᠤᠯᠤᠰ᠎ᠤᠨ ᠠᠮᠤᠷ ᠲᠦᠪᠰᠢᠨ᠂ ᠬᠢᠯᠢ ᠬᠢᠵᠠᠭ᠋ᠠᠷ᠎ᠤᠨ ᠲᠣᠭᠲᠠᠭᠤᠨ ᠪᠠᠢ᠌ᠳᠠᠯ᠎ᠢ ᠬᠠᠮᠠᠭ᠋ᠠᠯᠠᠬᠤ ᠭᠣᠶᠠᠴᠢ ᠦᠭᠡᠢ ᠵᠣᠷᠢᠭᠤᠯᠬᠤ ᠵᠣᠷᠢᠭ ᠰᠠᠨᠠᠭ᠎ᠠ ᠵᠢ ᠭᠦᠨᠵᠡᠭᠡᠢ ᠣᠢ᠌ᠯᠠᠭ᠋ᠠᠪᠠ᠃ ᠠᠵᠢᠯᠯᠠᠭ᠎ᠠ ᠵᠢᠨ ᠲᠠᠷᠠᠭ᠎ᠠ᠂ ᠵᠢᠨᠢᠩ᠎ᠤᠨ ᠳᠠᠢ᠌ᠯᠠᠯᠳᠤᠭ᠋ᠠᠨ᠎ᠤ ᠳᠤᠷᠠᠰᠬᠠᠯ᠎ᠤᠨ ᠣᠷᠳᠣᠨ᠎ᠢ ᠲᠣᠭᠣᠷᠢᠨ ᠦᠵᠡᠵᠦ᠂ ᠬᠤᠪᠢᠰᠬᠠᠯ᠎ᠤᠨ ᠲᠡᠦᠬᠡ ᠵᠢ ᠲᠠᠬᠢᠨ ᠡᠷᠭᠢᠴᠡᠭᠦᠯᠵᠦ᠂ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ᠎ᠪᠠᠨ ᠤᠯᠠᠮ ᠴᠢᠨᠠᠭᠰᠢᠳᠠ ᠴᠢᠩᠭ᠋ᠠᠳᠬᠠᠵᠠᠢ᠃
ᠲᠤᠰ ᠤᠳᠠᠭ᠋ᠠᠨ᠎ᠤ ᠠᠵᠢᠯᠯᠠᠭ᠎ᠠ ᠪᠣᠯ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠪᠦᠬᠦ ᠣᠷᠣᠨ᠎ᠤ 《ᠨᠠᠢ᠍ᠮᠠᠳᠤᠭ᠋ᠠᠷ ᠲᠠᠪᠤᠨ ᠵᠢᠯ》 ᠤᠨ ᠬᠠᠤᠯᠢ ᠲᠦᠭᠡᠮᠡᠯᠵᠢᠭᠦᠯᠬᠦ ᠠᠵᠢᠯ᠎ᠢ ᠭᠦᠨᠵᠡᠭᠡᠢ ᠪᠣᠳᠠᠲᠠᠢ᠌ᠵᠢᠭᠤᠯᠬᠤ ᠵᠢᠨ ᠴᠢᠬᠤᠯᠠ ᠭᠠᠷᠳᠠᠴᠠ ᠪᠣᠯᠣᠨ᠎ᠠ᠃ ᠤᠯᠤᠰ᠎ᠤᠨ ᠶᠡᠷᠦᠩᠬᠡᠢ ᠴᠣᠭᠴᠠ ᠵᠢᠨ ᠠᠮᠤᠷ ᠲᠦᠪᠰᠢᠨ᠎ᠤ ᠦᠵᠡᠯᠲᠡ ᠵᠢ ᠲᠤᠭᠤᠰᠢᠯᠠᠭᠤᠯᠵᠤ᠂ ᠬᠠᠤᠯᠢ ᠴᠠᠭ᠋ᠠᠵᠠ ᠵᠢᠨ ᠶᠠᠮᠤᠨ᠂ ᠪᠦᠬᠦ ᠤᠯᠤᠰ᠎ᠤᠨ ᠬᠠᠤᠯᠢ ᠲᠦᠭᠡᠮᠡᠯᠵᠢᠭᠦᠯᠬᠦ ᠠᠯᠪᠠᠨ ᠭᠡᠷ᠎ᠤᠨ ᠪᠦᠬᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢᠨ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠰᠠᠢ᠌ᠲᠤᠷ ᠥᠷᠨᠢᠭᠦᠯᠬᠦ ᠵᠢᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠮᠥᠨ ᠴᠦ᠍ ᠪᠦᠬᠦ ᠠᠷᠠᠳ ᠵᠶ᠋ᠠᠷ ᠵᠶ᠋ᠠᠨ ᠬᠠᠤᠯᠢ ᠵᠢ ᠰᠠᠬᠢᠵᠤ ᠬᠠᠤᠯᠢ ᠵᠢ ᠲᠦᠭᠡᠮᠡᠯᠵᠢᠭᠦᠯᠬᠦ ᠡᠨᠡᠬᠦ ᠤᠷᠲᠤ ᠬᠤᠭᠤᠴᠠᠭ᠋ᠠᠨ᠎ᠤ ᠴᠢᠨᠠᠷᠲᠠᠢ ᠰᠠᠭᠤᠷᠢ ᠴᠢᠨᠠᠷᠲᠠᠢ ᠠᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠵᠤ᠂ 《ᠨᠢᠭᠡ ᠭᠣᠣᠯ ᠰᠢᠵᠢᠮ᠎ᠢ ᠲᠤᠭᠤᠰᠢᠯᠠᠭᠤᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠰᠢᠨ᠎ᠡ ᠵᠠᠮ ᠵᠶ᠋ᠠᠷ ᠵᠠᠮᠨᠠᠵᠤ ᠳᠤᠮᠳᠠ ᠤᠷᠤᠰᠬᠠᠯ᠎ᠳᠤ ᠣᠷᠣᠬᠤ》 ᠵᠢᠨ ᠲᠣᠭᠣᠷᠢᠨ᠎ᠳᠤ ᠦᠷᠭᠦᠯᠵᠢᠯᠡᠨ ᠬᠦᠴᠦᠯᠡᠬᠦ ᠪᠣᠳᠠᠲᠠᠢ ᠵᠢ ᠡᠷᠬᠢᠮᠯᠡᠭᠰᠡᠨ ᠠᠵᠢᠯᠯᠠᠭ᠎ᠠ ᠪᠠᠢ᠌ᠵᠤ᠂ ᠨᠡᠩ ᠴᠤ᠌ 《ᠤᠮᠠᠷᠠᠲᠤ ᠵᠢᠨ ᠬᠠᠤᠯᠢ ᠲᠦᠭᠡᠮᠡᠯᠵᠢᠭᠦᠯᠬᠦ ᠲᠦᠮᠡᠨ ᠭᠠᠵᠠᠷ᠎ᠤᠨ ᠠᠶᠠᠯᠠᠯ》᠎ᠢ ᠪᠣᠳᠠᠲᠠᠢ᠌ᠵᠢᠭᠤᠯᠤᠨ ᠭᠦᠨᠵᠡᠭᠡᠢ᠌ᠷᠡᠭᠦᠯᠵᠦ᠂ ᠬᠠᠤᠯᠢᠵᠢᠯ᠎ᠤᠨ ᠬᠦᠴᠦᠨ ᠵᠶ᠋ᠡᠷ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠡᠪᠳᠡᠷᠡᠰᠢ ᠦᠭᠡᠢ ᠪᠠᠲᠤ ᠪᠡᠬᠢ ᠪᠣᠯᠭ᠋ᠠᠨ ᠴᠣᠭᠴᠠᠯᠠᠬᠤ ᠪᠠᠰᠠ ᠨᠢᠭᠡ ᠴᠢᠬᠤᠯᠠ ᠠᠵᠢᠯᠯᠠᠭ᠎ᠠ ᠪᠣᠯᠣᠨ᠎ᠠ᠃ ᠨᠢᠭᠡᠳᠦᠯᠲᠡᠢ ᠲᠣᠬᠢᠷᠠᠭᠤᠯᠤᠯᠲᠠ ᠪᠠᠢ᠌ᠷᠢᠯᠠᠭᠤᠯᠤᠯᠲᠠ ᠶᠣᠰᠣᠭ᠋ᠠᠷ᠂ ᠲᠤᠰ ᠤᠳᠠᠭ᠎ᠠ ᠵᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢ ᠪᠠᠰᠠ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠲᠤ ᠪᠤᠤᠬᠢᠶ᠎ᠠ ᠳᠠᠮᠵᠢᠭᠤᠯᠵᠤ᠂ ᠲᠥᠪᠯᠡᠷᠡᠭᠦᠯᠦᠨ ᠤᠬᠠᠭᠤᠯᠬᠤ᠂ ᠱᠠᠩᠨᠠᠯᠲᠤ ᠠᠰᠠᠭᠤᠯᠲᠠ ᠬᠠᠷᠢᠭᠤᠯᠲᠠ᠂ ᠬᠠᠤᠯᠢᠵᠢᠯ᠎ᠤᠨ ᠤᠳᠬ᠎ᠠ ᠤᠷᠠᠯᠢᠭ᠎ᠤᠨ ᠪᠦᠲᠦᠭᠡᠯ ᠴᠤᠭᠯᠠᠭᠤᠯᠬᠤ᠂ ᠭᠣᠣᠯ ᠰᠡᠳᠦᠪᠲᠦ ᠤᠷᠠᠨ ᠪᠢᠴᠢᠯᠭᠡ ᠭᠡᠷᠡᠯ ᠵᠢᠷᠤᠭ᠎ᠤᠨ ᠦᠵᠡᠰᠬᠦᠯᠡᠩ ᠡᠷᠬᠢᠯᠡᠬᠦ ᠵᠡᠷᠭᠡ ᠤᠯᠠᠨ ᠵᠦᠢ᠍ᠯ᠎ᠤᠨ ᠬᠡᠯᠪᠡᠷᠢ᠎ᠪᠠᠷ ᠤᠯᠤᠰ᠎ᠤᠨ ᠠᠮᠤᠷ ᠲᠦᠪᠰᠢᠨ᠎ᠤ ᠣᠢ᠌ᠯᠠᠭ᠋ᠠᠭᠳᠠᠬᠤᠨ᠎ᠢ ᠬᠥᠮᠥᠰ᠎ᠤᠨ ᠰᠡᠳᠬᠢᠯ᠎ᠳᠤ ᠬᠠᠳᠠᠩᠰᠢᠭᠤᠯᠬᠤ ᠵᠢ ᠦᠷᠭᠦᠯᠵᠢᠯᠡᠨ ᠠᠬᠢᠭᠤᠯᠵᠤ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠡᠬᠢᠵᠢᠭᠦᠯᠬᠦ᠎ᠳᠤ ᠬᠠᠤᠯᠢᠵᠢᠯ᠎ᠤᠨ ᠬᠥᠳᠡᠯᠭᠡᠬᠦ ᠬᠦᠴᠦᠨ ᠨᠡᠮᠡᠷᠢᠯᠡᠪᠡ᠃