ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠬᠠᠮᠢᠶᠠᠷᠤᠯᠲᠠ ᠵᠢᠨ ᠲᠦᠷᠢᠮ》᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-04-16

      4 ᠰᠠᠷ᠎ᠠ ᠵᠢᠨ 15᠎ᠤ ᠡᠳᠦᠷ᠎ᠤᠨ ᠦᠳᠡ ᠵᠢᠨ ᠡᠮᠦᠨ᠎ᠡ᠂  ᠥᠪᠡᠷᠲᠡᠭᠡᠨ ᠵᠠᠰᠠᠬᠤ ᠣᠷᠣᠨ᠎ᠤ ᠬᠠᠤᠯᠢ  ᠴᠠᠭ᠋ᠠᠵᠠ ᠵᠢᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠬᠠᠮᠢᠶᠠᠷᠤᠯᠲᠠ ᠵᠢᠨ ᠳᠦᠷᠢᠮ》 (ᠳᠣᠷᠣᠭᠰᠢ 《ᠳᠦᠷᠢᠮ》 ᠭᠡᠵᠦ ᠲᠣᠪᠴᠢᠯᠠᠨ᠎ᠠ)᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ᠃  ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂  ᠲᠢᠩᠬᠢᠮ᠎ᠤᠨ  ᠳᠡᠳ᠋ ᠳᠠᠷᠤᠭ᠎ᠠ ᠳ᠋ᠠᠢ ᠶᠠᠨ ᠭᠣᠣᠯ ᠰᠡᠳᠦᠪᠲᠦ ᠨᠡᠶ᠋ᠢᠲᠡᠯᠡᠯᠲᠡ ᠬᠢᠵᠦ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠬᠠᠤᠯᠢ ᠳᠦᠷᠢᠮ᠎ᠤᠨ ᠠᠵᠢᠯ᠎ᠤᠨ ᠵᠥᠪᠯᠡᠯ᠎ᠤᠨ ᠳᠡᠳ᠋ ᠡᠷᠬᠢᠯᠡᠭᠴᠢ ᠰᠢᠦᠢ ᠶᠠ ᠯᠦ᠍᠂  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠤᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠬᠠᠷᠢᠭᠤᠴᠠᠯᠭ᠋ᠠᠲᠠᠨ ᠵᠢᠴᠢ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠨᠡᠢ᠌ᠭᠡᠮᠯᠢᠭ᠎ᠤᠨ ᠳᠠᠷᠤᠭ᠎ᠠ ᠯᠢᠦ ᠶᠦᠩ ᠢ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ  ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃


01.png 


      《ᠳᠦᠷᠢᠮ》᠎ᠢ 2025 ᠣᠨ᠎ᠤ 2  ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠨ ᠲᠠᠪᠤᠳᠤᠭ᠋ᠠᠷ ᠬᠤᠷᠠᠯ ᠎ᠠᠴᠠ ᠪᠠᠲᠤᠯᠠᠵᠤ᠂ 2025 ᠣᠨ᠎ᠤ 5  ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《ᠳᠦᠷᠢᠮ》᠎ᠢ ᠲᠣᠭᠲᠠᠭ᠋ᠠᠭᠰᠠᠨ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ ᠎ᠠᠴᠠ  ᠨᠠᠭ᠋ᠠᠰᠢ᠂  ᠰᠢ ᠵᠢᠨ ᠫᠢᠩ ᠨᠥᠬᠥᠷ ᠵᠶ᠋ᠡᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ᠎ᠠᠴᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠨᠢᠭᠡᠳᠦᠯᠲᠡᠢ ᠬᠠᠮᠢᠶᠠᠷᠤᠯᠲᠠ ᠵᠢᠨ ᠪᠠᠢ᠌ᠭᠤᠯᠤᠯ᠎ᠢ ᠪᠦᠷᠢᠨᠰᠢᠭᠦᠯᠬᠦ᠂  ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠥᠭᠡᠷᠡᠴᠢᠯᠡᠯᠲᠡ ᠵᠢ ᠲᠦᠯᠬᠢᠨ ᠠᠬᠢᠭᠤᠯᠬᠤ ᠲᠠᠯ᠎ᠠ᠎ᠪᠠᠷ ᠭᠠᠷᠭ᠋ᠠᠭᠰᠠᠨ ᠴᠢᠬᠤᠯᠠ ᠵᠢᠭ᠋ᠠᠪᠤᠷᠢ ᠵᠢ  ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃  ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯᠯᠠᠭ᠎ᠠ ᠵᠢ ᠵᠢᠷᠤᠮᠵᠢᠭᠤᠯᠬᠤ᠂  ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯ ᠲᠦᠷᠦᠯ᠎ᠤᠨ ᠡᠮᠬᠢ ᠵᠢᠷᠤᠮ᠎ᠲᠠᠢ ᠬᠥᠭᠵᠢᠯᠲᠡ ᠵᠢ ᠠᠬᠢᠭᠤᠯᠬᠤ᠂  ᠠᠵᠢᠯ ᠡᠷᠬᠢᠯᠡᠬᠦ ᠬᠠᠮᠢᠶᠠᠷᠤᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠬᠦ᠂  ᠪᠠᠢ᠌ᠭᠤᠯᠤᠮᠵᠢ ᠪᠠ ᠠᠵᠢᠯᠲᠠᠨ᠎ᠤ ᠠᠵᠢᠯ ᠡᠷᠬᠢᠯᠡᠬᠦ ᠪᠠᠲᠤᠯᠠᠭ᠎ᠠ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠰᠢᠰᠲ᠋ᠧᠮ᠎ᠲᠠᠢ ᠵᠢᠷᠤᠮᠵᠢᠯ᠎ᠢ ᠨᠡᠢ᠌ᠲᠡᠯᠡᠵᠦ᠂  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯ ᠲᠦᠷᠦᠯ᠎ᠤᠨ ᠬᠥᠭᠵᠢᠯᠲᠡ᠎ᠳᠤ ᠪᠠᠲᠤ ᠪᠡᠬᠢ ᠬᠠᠤᠯᠢᠵᠢᠯ᠎ᠤᠨ ᠲᠤᠯᠭ᠋ᠠᠭᠤᠷᠢᠯᠠᠯ ᠬᠠᠩᠭ᠋ᠠᠪᠠ᠃ 

      《ᠳᠦᠷᠢᠮ》 ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠠᠴᠠ᠎ᠪᠠᠨ  ᠡᠭᠦᠰᠴᠦ᠂  ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯᠯᠠᠭ᠎ᠠ ᠵᠢ ᠵᠢᠷᠤᠮᠵᠢᠭᠤᠯᠬᠤ᠂  ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯ ᠲᠥᠷᠥᠯ᠎ᠤᠨ ᠡᠮᠬᠢ ᠵᠢᠷᠤᠮ᠎ᠲᠠᠢ ᠬᠥᠭᠵᠢᠯᠲᠡ ᠵᠢ ᠠᠬᠢᠭᠤᠯᠬᠤ᠂  ᠠᠵᠢᠯ ᠡᠷᠭᠢᠯᠡᠬᠦ ᠬᠠᠮᠢᠶᠠᠷᠤᠯᠲᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠬᠦ᠂  ᠪᠠᠢ᠌ᠭᠤᠯᠤᠮᠵᠢ ᠪᠠ ᠠᠵᠢᠯᠲᠠᠨ᠎ᠤ ᠠᠵᠢᠯ ᠡᠷᠭᠢᠯᠡᠬᠦ ᠪᠠᠲᠤᠯᠠᠭ᠎ᠠ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠭᠣᠣᠯᠳᠠᠯᠭ᠎ᠠ᠎ᠲᠠᠢ᠎ᠪᠠᠷ ᠳᠦᠷᠢᠮ᠎ᠤᠨ ᠵᠢᠷᠤᠮᠵᠢᠯ᠎ᠢ ᠨᠡᠢ᠌ᠲᠡᠯᠡᠵᠦ᠂  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯ ᠲᠥᠷᠥᠯ᠎ᠤᠨ ᠬᠥᠭᠵᠢᠯᠲᠡ᠎ᠳᠤ ᠣᠷᠣᠨ ᠨᠤᠲᠤᠭ᠎ᠤᠨ ᠬᠠᠤᠯᠢ ᠲᠣᠭᠲᠠᠭ᠋ᠠᠬᠤ ᠪᠠᠲᠤ ᠪᠡᠬᠢ ᠪᠠᠲᠤᠯᠠᠭ᠎ᠠ ᠵᠢ ᠬᠠᠩᠭ᠋ᠠᠨ᠎ᠠ᠃  ᠪᠣᠳᠠᠲᠠᠢ᠎ᠪᠠᠷ ᠬᠡᠯᠡᠪᠡᠯ ᠳᠣᠣᠷᠠᠬᠢ ᠲᠠᠪᠤᠨ ᠲᠠᠯ᠎ᠠ ᠵᠢ ᠪᠠᠭᠲᠠᠭ᠋ᠠᠨ᠎ᠠ᠃  ᠨᠢᠭᠡ᠎ᠳᠤ᠂  ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯ᠎ᠤᠨ ᠤᠯᠤᠰ ᠲᠦᠷᠦ ᠵᠢᠨ ᠰᠢᠨᠵᠢ ᠴᠢᠨᠠᠷ᠎ᠢ  ᠲᠣᠳᠣᠷᠬᠠᠢ᠌ᠯᠠᠵᠠᠢ᠃  ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯ᠎ᠳᠤ ᠡᠷᠬᠡᠪᠰᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂  ᠪᠡᠶ᠎ᠡ᠎ᠪᠠᠨ ᠳᠠᠭ᠋ᠠᠭ᠋ᠠᠬᠤ᠂ ᠪᠤᠰᠤᠳᠴᠢ᠂  ᠰᠢᠨᠵᠢᠯᠡᠬᠦ ᠤᠬᠠᠭ᠋ᠠᠨᠴᠢ᠂  ᠲᠥᠪ ᠭᠣᠣᠯᠴᠢ ᠪᠠᠢ᠌ᠬᠤ ᠵᠠᠷᠴᠢᠮ᠎ᠢ ᠪᠠᠷᠢᠮᠲᠠᠯᠠᠵᠤ᠂  ᠨᠡᠶ᠋ᠢᠲᠡ ᠵᠢᠨ ᠠᠰᠠᠷᠠᠮᠵᠢ ᠵᠢᠨ ᠰᠢᠨᠵᠢ ᠴᠢᠨᠠᠷ᠎ᠢ ᠲᠤᠪᠤᠢ᠍ᠢ᠍ᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃  ᠬᠣᠶᠠᠷ᠎ᠲᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠪᠠᠢ᠌ᠭᠤᠯᠤᠮᠵᠢ ᠪᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯᠲᠠᠨ᠎ᠤ ᠠᠵᠢᠯ ᠡᠷᠬᠢᠯᠡᠬᠦ ᠳᠠᠩᠰᠠᠯᠠᠯᠲᠠ ᠵᠢᠨ ᠬᠠᠮᠢᠶᠠᠷᠤᠯᠲᠠ ᠵᠢ  ᠴᠢᠩᠭ᠋ᠠᠳᠬᠠᠵᠠᠢ᠃  ᠬᠠᠤᠯᠢ ᠵᠢᠨ ᠡᠮᠴᠢ ᠵᠢᠨ ᠲᠦᠷᠦᠯ᠂  ᠪᠣᠳᠠᠰ᠎ᠤᠨ ᠭᠡᠷᠡᠴᠢ ᠵᠢᠨ ᠲᠦᠷᠦᠯ᠂  ᠳᠠᠭᠤ ᠳᠦᠷᠰᠦ ᠰᠢᠩᠭᠡᠭᠡᠯᠲᠡ ᠵᠢᠨ ᠮᠠᠲ᠋ᠧᠷᠢᠶᠠᠯ ᠵᠢᠴᠢ ᠣᠷᠴᠢᠨ ᠠᠬᠤᠢ ᠵᠢᠨ ᠬᠣᠬᠢᠷᠠᠯ ᠵᠡᠷᠭᠡ ᠲᠦᠷᠪᠡᠨ ᠲᠦᠷᠦᠯ᠎ᠤᠨ ᠬᠠᠤᠯᠢ  ᠴᠠᠭ᠋ᠠᠵᠠ ᠵᠢᠨ ᠰᠢᠯᠭ᠋ᠠᠨ ᠲᠣᠭᠲᠠᠭ᠋ᠠᠯᠲᠠ ᠵᠢᠨ ᠲᠤᠬᠠᠢ᠌ᠯᠠᠭᠰᠠᠨ ᠠᠵᠢᠯ᠎ᠤᠨ ᠪᠠᠢ᠌ᠭᠤᠯᠤᠮᠵᠢ ᠪᠠ ᠠᠵᠢᠯᠲᠠᠨ᠎ᠢ ᠬᠠᠮᠢᠶᠠᠷᠤᠯᠲᠠ ᠵᠢᠨ ᠬᠡᠪᠴᠢᠶᠡᠨ᠎ᠳᠤ ᠣᠷᠣᠭᠤᠯᠬᠤ ᠵᠢ ᠲᠣᠳᠣᠷᠬᠠᠢ᠌ᠯᠠᠬᠤ ᠵᠢᠨ ᠬᠠᠮᠲᠤ ᠠᠵᠢᠯ ᠡᠷᠬᠢᠯᠡᠬᠦ ᠳᠠᠩᠰᠠᠯᠠᠯᠲᠠ ᠵᠢᠨ ᠬᠠᠮᠢᠶᠠᠷᠤᠯᠲᠠ ᠵᠢ ᠬᠡᠷᠡᠭᠵᠢᠭᠦᠯᠦᠨ᠎ᠡ᠂  ᠬᠠᠤᠯᠢ ᠶᠣᠰᠣᠭ᠋ᠠᠷ ᠳᠠᠩᠰᠠᠯᠠᠭᠤᠯᠤᠭᠰᠠᠨ ᠦᠭᠡᠢ ᠪᠣᠯ ᠬᠠᠤᠯᠢ  ᠴᠠᠭ᠋ᠠᠵᠠ ᠵᠢᠨ ᠰᠢᠯᠭ᠋ᠠᠨ ᠲᠣᠭᠲᠠᠭ᠋ᠠᠯᠲᠠ ᠵᠢᠨ ᠲᠤᠬᠠᠢ᠌ᠯᠠᠭᠰᠠᠨ ᠠᠵᠢᠯ᠎ᠢ ᠡᠷᠬᠢᠯᠡᠵᠤ ᠪᠣᠯᠬᠤ ᠦᠭᠡᠢ᠃  ᠭᠤᠷᠪᠠ᠎ᠳᠤ ᠬᠠᠤᠯᠢ  ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯ ᠡᠷᠬᠢᠯᠡᠬᠦ ᠠᠵᠢᠯᠯᠠᠭ᠎ᠠ ᠵᠢ ᠴᠢᠩᠭ᠎ᠠ  ᠵᠢᠷᠤᠮᠵᠢᠭᠤᠯᠵᠠᠢ᠃  ᠬᠠᠤᠯᠢ ᠴᠠᠭ᠋ᠠᠵᠠ ᠵᠢᠨ ᠰᠢᠯᠭ᠋ᠠᠨ ᠲᠣᠭᠲᠠᠭ᠋ᠠᠯᠲᠠ ᠵᠢᠨ ᠨᠠᠶ᠋ᠢᠳᠠᠯᠭ᠎ᠠ ᠵᠢ ᠬᠦᠯᠢᠶᠡᠨ ᠠᠪᠬᠤ᠂  ᠬᠦᠯᠢᠶᠡᠨ ᠠᠪᠴᠤ ᠰᠢᠢ᠍ᠳᠪᠦᠷᠢᠯᠡᠬᠦ᠂  ᠮᠠᠲ᠋ᠧᠷᠢᠶᠠᠯ᠎ᠢ ᠰᠢᠯᠵᠢᠭᠦᠯᠦᠨ ᠬᠦᠷᠭᠡᠬᠦ᠂  ᠰᠢᠯᠭ᠋ᠠᠨ ᠲᠣᠭᠲᠠᠭ᠋ᠠᠬᠤ ᠶᠠᠪᠤᠴᠠ ᠵᠢᠴᠢ ᠰᠢᠯᠭ᠋ᠠᠨ ᠲᠣᠭᠲᠠᠭ᠋ᠠᠭᠰᠠᠨ ᠳ᠋ᠦᠩᠨᠡᠯᠲᠡ ᠵᠢ ᠭᠠᠷᠭ᠋ᠠᠵᠤ ᠥᠭᠬᠦ ᠲᠠᠯ᠎ᠠ᠎ᠪᠠᠷ ᠪᠦᠷᠢᠨ ᠭᠦᠢ᠍ᠴᠡᠳ ᠲᠣᠭᠲᠠᠭ᠋ᠠᠯ ᠭᠠᠷᠭ᠋ᠠᠵᠤ᠂  ᠰᠢᠯᠭ᠋ᠠᠨ ᠲᠣᠭᠲᠠᠭ᠋ᠠᠬᠤ ᠶᠠᠪᠤᠴᠠ᠎ᠳᠤ ᠭᠠᠷᠤᠭᠰᠠᠨ ᠵᠠᠢ᠌ᠯᠠᠬᠤ᠂  ᠲᠤᠷᠭᠤᠨ ᠵᠣᠭᠰᠤᠭ᠋ᠠᠬᠤ᠂  ᠨᠥᠬᠥᠪᠦᠷᠢᠯᠡᠨ ᠰᠢᠯᠭ᠋ᠠᠨ ᠲᠣᠭᠲᠠᠭ᠋ᠠᠬᠤ᠂ ᠳᠠᠬᠢᠨ ᠰᠢᠯᠭ᠋ᠠᠨ ᠲᠣᠭᠲᠠᠭ᠋ᠠᠬᠤ ᠵᠡᠷᠭᠡ ᠪᠠᠢ᠌ᠳᠠᠯ᠎ᠢ ᠵᠢᠷᠤᠮᠵᠢᠭᠤᠯᠵᠠᠢ᠃  ᠡᠭᠦᠨ᠎ᠤ ᠬᠠᠮᠲᠤ ᠬᠠᠤᠯᠢ ᠴᠠᠭ᠋ᠠᠵᠠ ᠵᠢᠨ ᠰᠢᠯᠭ᠋ᠠᠨ ᠲᠣᠭᠲᠠᠭ᠋ᠠᠭᠴᠢ ᠵᠢᠨ ᠬᠠᠷᠢᠭᠤᠴᠠᠬᠤ ᠳᠦᠷᠢᠮ᠎ᠢ ᠬᠡᠷᠡᠭᠵᠢᠭᠦᠯᠦᠨ᠎ᠡ᠃  ᠳᠥᠷᠪᠡ᠎ᠳᠤ ᠬᠠᠤᠯᠢ  ᠴᠠᠭ᠋ᠠᠵᠠ ᠵᠢᠨ ᠰᠢᠯᠭ᠋ᠠᠨ ᠲᠣᠭᠲᠠᠭ᠋ᠠᠯᠲᠠ ᠵᠢᠨ ᠠᠵᠢᠯᠯᠠᠭ᠎ᠠ ᠵᠢᠨ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠪᠠ᠃  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠪᠠᠢ᠌ᠭᠤᠯᠤᠮᠵᠢ ᠪᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠭᠴᠢ ᠵᠢ ᠬᠢᠨᠠᠨ ᠰᠢᠯᠭ᠋ᠠᠬᠤ ᠳᠦᠷᠢᠮ᠂  ᠦᠨᠡᠨᠴᠢ ᠢᠲᠡᠭᠡᠮᠵᠢ ᠵᠢᠨ ᠦᠨᠡᠯᠡᠯᠲᠡ ᠵᠢᠨ ᠳᠦᠷᠢᠮ᠎ᠢ ᠪᠠᠢ᠌ᠭᠤᠯᠵᠤ᠂  ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠪᠠᠢ᠌ᠭᠤᠯᠤᠮᠵᠢ᠂  ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠭᠴᠢ ᠵᠢᠨ ᠠᠵᠢᠯ ᠡᠷᠬᠢᠯᠡᠵᠤ ᠪᠠᠢ᠌ᠭ᠎ᠠ ᠪᠠᠢ᠌ᠳᠠᠯ᠎ᠢ ᠬᠢᠨᠠᠨ ᠰᠢᠯᠭ᠋ᠠᠵᠤ ᠦᠨᠡᠯᠡᠬᠦ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢ᠌ᠭᠤᠯᠤᠨ᠎ᠠ ᠭᠡᠵᠦ ᠲᠣᠭᠲᠠᠭ᠋ᠠᠪᠠ᠃  ᠮᠡᠳᠡᠭᠡ ᠵᠠᠩᠭᠢᠵᠢᠯᠲᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂  ᠪᠥᠬᠥ ᠣᠷᠣᠨ᠎ᠤ ᠨᠢᠭᠡᠳᠦᠯᠲᠡᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠬᠠᠮᠢᠶᠠᠷᠤᠯᠲᠠ ᠵᠢᠨ ᠰᠢᠰᠲ᠋ᠧᠮ᠎ᠢ ᠪᠠᠢ᠌ᠭᠤᠯᠵᠤ᠂  ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠲᠣᠮᠣ ᠳ᠋ᠠᠢ᠌ᠲ᠋ᠠ ᠵᠢᠨ ᠣᠶᠤᠨᠴᠢᠯᠠᠭᠰᠠᠨ ᠬᠡᠷᠡᠭᠯᠡᠭᠡᠨ᠎ᠤ ᠲᠠᠪᠴᠠᠩ᠎ᠳᠤ ᠵᠠᠯᠭ᠋ᠠᠨ ᠣᠷᠣᠭᠤᠯᠵᠤ᠂  ᠬᠢᠨᠠᠨ ᠬᠠᠮᠢᠶᠠᠷᠬᠤ ᠰᠠᠯᠠᠭ᠎ᠠ ᠮᠥᠴᠢᠷ ᠪᠠ ᠨᠠᠢ᠌ᠳᠠᠭᠰᠠᠨ ᠰᠠᠯᠠᠭ᠎ᠠ ᠮᠥᠴᠢᠷ᠎ᠤᠨ ᠮᠡᠳᠡᠭᠡ ᠵᠠᠩᠭᠢ ᠵᠢ ᠬᠠᠮᠲᠤᠪᠠᠷ ᠭᠥᠷᠳᠡᠬᠦ ᠵᠢ ᠪᠡᠶᠡᠯᠡᠭᠦᠯᠦᠨ᠂  ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯ ᠡᠷᠭᠢᠯᠡᠬᠦ ᠠᠵᠢᠯᠯᠠᠭ᠎ᠠ᠎ᠳᠤ ᠴᠠᠭ ᠲᠤᠬᠠᠢ᠎ᠳᠤᠨᠢ ᠬᠢᠨᠠᠯᠲᠠ ᠲᠠᠯᠪᠢᠨ᠎ᠠ᠃  ᠡᠭᠦᠨ᠎ᠤ ᠵᠡᠷᠭᠡᠴᠡᠭᠡᠪᠡᠷ ᠪᠠᠰᠠ ᠵᠠᠭ᠋ᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂  ᠬᠠᠤᠯᠢ  ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯᠯᠠᠭ᠎ᠠ᠎ᠳᠤ ᠨᠡᠢ᠌ᠭᠡᠮ᠎ᠤᠨ ᠬᠢᠨᠠᠯᠲᠠ ᠲᠠᠯᠪᠢᠬᠤ ᠵᠢ ᠬᠦᠯᠢᠶᠡᠵᠦ᠂  ᠨᠢᠭᠲᠠ ᠴᠢᠩᠭ᠎ᠠ ᠪᠥᠭᠡᠳ ᠪᠦᠷᠢᠨ ᠲᠡᠭᠦᠯᠳᠡᠷ ᠬᠢᠨᠠᠯᠲᠠ ᠲᠠᠯᠪᠢᠬᠤ ᠰᠢᠰᠲ᠋ᠧᠮ᠎ᠢ ᠪᠠᠶ᠋ᠢᠭᠤᠯᠬᠤ ᠬᠡᠷᠡᠭᠲᠡᠢ᠃  ᠲᠠᠪᠤ᠎ᠳᠤ ᠬᠠᠤᠯᠢ ᠵᠢᠨ ᠬᠠᠷᠢᠭᠤᠴᠠᠯᠭ᠎ᠠ ᠵᠢᠨ ᠲᠤᠬᠠᠢ ᠲᠣᠭᠲᠠᠭ᠋ᠠᠯ᠎ᠢ ᠴᠢᠩᠳᠠᠯᠠᠪᠠ᠃  ᠦᠢᠯᠡ ᠪᠠᠢ᠌ᠳᠠᠯ᠎ᠤᠨ ᠬᠦᠨᠳᠦ ᠬᠥᠩᠭᠡᠨ᠎ᠢ ᠦᠨᠳᠦᠰᠦᠯᠡᠨ᠂  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠲᠣᠰ ᠲᠣᠰ ᠳᠣᠩᠭᠣᠳᠬᠤ᠂  ᠵᠣᠭᠣᠰ ᠵᠶ᠋ᠠᠷ ᠲᠣᠷᠭ᠋ᠠᠬᠤ᠂  ᠬᠠᠤᠯᠢ ᠵᠥᠷᠢᠴᠡᠵᠦ ᠣᠯᠣᠭᠰᠠᠨ ᠣᠯᠵᠠᠪᠤᠷᠢ ᠵᠢ᠎ᠨᠢ ᠬᠣᠷᠢᠶᠠᠨ ᠠᠪᠬᠤ᠂  ᠬᠠᠤᠯᠢ ᠵᠥᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠣᠭᠰᠤᠭ᠋ᠠᠬᠤ᠂  ᠴᠢᠨᠠᠭᠰᠢᠯᠠᠪᠠᠯ ᠳᠠᠩᠰᠠᠯᠠᠯᠲᠠ ᠵᠢ᠎ᠨᠢ ᠬᠦᠴᠦᠨ ᠦᠭᠡᠢ ᠪᠣᠯᠭ᠋ᠠᠬᠤ ᠵᠠᠰᠠᠭ ᠵᠠᠬᠢᠷᠭ᠋ᠠᠨ᠎ᠤ  ᠰᠢᠢ᠍ᠳᠬᠡᠯ ᠥᠭᠭᠦᠨ᠎ᠡ᠃  ᠵᠣᠷᠢᠭᠤᠳᠠ ᠪᠤᠶᠤ ᠬᠦᠨᠳᠦ ᠶᠡᠬᠡ ᠡ᠊ᠨᠳᠡᠯ ᠭᠠᠷᠭ᠋ᠠᠭᠰᠠᠨ ᠦᠢ᠍ᠯᠡ ᠠᠵᠢᠯᠯᠠᠭ᠎ᠠ᠎ᠠᠴᠠ ᠪᠣᠯᠵᠤ ᠲᠤᠬᠠᠢ ᠵᠢᠨ ᠬᠥᠮᠥᠨ᠎ᠳᠤ ᠬᠣᠬᠢᠷᠠᠯ ᠤᠴᠠᠷᠠᠭᠤᠯᠤᠭᠰᠠᠨ ᠪᠠᠢ᠌ᠪᠠᠯ᠂  ᠬᠠᠤᠯᠢ ᠶᠣᠰᠣᠭ᠋ᠠᠷ ᠢᠷᠭᠡᠨ᠎ᠤ ᠬᠡᠷᠡᠭ᠎ᠤᠨ ᠲᠥᠯᠥᠪᠦᠷᠢ ᠵᠢᠨ ᠬᠠᠷᠢᠭᠤᠴᠠᠯᠭ᠎ᠠ ᠡᠭᠦᠷᠭᠡᠯᠡᠨ᠎ᠡ᠃  ᠶᠠᠯ᠎ᠠ ᠪᠣᠯᠵᠤ ᠪᠦᠷᠢᠯᠳᠦᠭᠰᠡᠨ ᠪᠠᠢ᠌ᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃ 

      ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠎ᠠᠴᠠ ᠬᠢᠨᠠᠯᠲᠠ ᠲᠠᠯᠪᠢᠬᠤ ᠪᠠ ᠬᠠᠤᠯᠢ ᠴᠠᠭ᠋ᠠᠵᠠ ᠵᠢ ᠲᠠᠢ᠌ᠯᠪᠤᠷᠢᠯᠠᠬᠤ ᠠᠵᠢᠯ᠎ᠢ ᠴᠢᠩᠭ᠋ᠠᠳᠬᠠᠵᠤ᠂ 

《ᠳᠦᠷᠢᠮ》᠎ᠢ  ᠲᠤᠭᠤᠰᠢᠯᠠᠭᠤᠯᠤᠨ ᠬᠡᠷᠡᠭᠵᠢᠭᠦᠯᠬᠦ ᠵᠢ ᠠᠬᠢᠭᠤᠯᠤᠨ᠎ᠠ᠃  ᠪᠥᠬᠥ ᠣᠷᠣᠨ᠎ᠤ ᠡᠯ᠎ᠡ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂  ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠨᠡᠢ᠌ᠭᠡᠮᠯᠢᠭ ᠪᠣᠯᠣᠨ ᠡᠯ᠎ᠡ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠪᠠᠢ᠌ᠭᠤᠯᠤᠮᠵᠢ  ᠤᠬᠠᠭᠤᠯᠬᠤ ᠡᠷᠴᠢᠮ ᠵᠶ᠋ᠡᠨ ᠴᠢᠩᠭ᠋ᠠᠷᠠᠭᠤᠯᠵᠤ᠂  ᠡᠯ᠎ᠡ ᠵᠦᠢ᠍ᠯ᠎ᠤᠨ ᠬᠠᠤᠯᠢ ᠴᠠᠭ᠋ᠠᠵᠠ ᠵᠢᠨ ᠲᠣᠭᠲᠠᠭ᠋ᠠᠯ᠎ᠢ ᠣᠨᠣᠪᠴᠢᠲᠠᠶ ᠡᠵᠡᠮᠳᠡᠬᠦ ᠵᠢᠨ ᠬᠠᠮᠲᠤ ᠨᠠᠢ᠌ᠳᠠᠪᠤᠷᠢᠵᠢᠭᠤᠯᠵᠤ᠂  ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯ ᠲᠥᠷᠥᠯ᠎ᠤᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠯᠲᠡ ᠵᠢ ᠬᠠᠮᠲᠤᠪᠠᠷ ᠲᠦᠯᠬᠢᠨ  ᠠᠬᠢᠭᠤᠯᠬᠤ ᠬᠡᠷᠡᠭᠲᠡᠢ᠃

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠪᠥᠬᠥ ᠤᠯᠤᠰ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠣᠣᠷ ᠲᠠᠲᠠᠬᠤ ᠵᠢ ᠵᠣᠭᠰᠤᠭ᠋ᠠᠬᠤ ᠰᠢᠰᠲ᠋ᠧᠮ᠎ᠤᠨ ᠮᠤᠵᠢ ᠵᠢᠨ ᠬᠣᠭᠣᠷᠣᠨᠳᠣᠬᠢ ᠴᠠᠭᠳᠠᠭ᠋ᠠᠨ᠎ᠤ ᠶᠠᠪᠤᠳᠠᠯ᠎ᠤᠨ ᠰᠣᠯᠢᠯᠴᠠᠭ᠎ᠠ ᠬᠠᠮᠵᠢᠯᠴᠠᠭ᠎ᠠ (ᠨᠢᠭᠡᠳᠦᠭᠡᠷ ᠳᠤᠭᠤᠢ᠌ᠯᠠᠩ) ᠵᠢᠨ ᠭᠤᠷᠪᠠᠳᠤᠭ᠋ᠠᠷ ᠤᠳᠠᠭ᠋ᠠᠨ᠎ᠤ ᠬᠠᠮᠲᠤᠷᠠᠭᠰᠠᠨ ᠬᠤᠷᠠᠯ ᠬᠥᠬᠡᠬᠣᠲᠠ᠎ᠳᠤ ᠬᠤᠷᠠᠯᠳᠤᠪᠠ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ 2025 ᠣᠨ᠎ᠤ 13 ᠳ᠋ᠤᠭ᠋ᠠᠷ ᠤᠳᠠᠭ᠎ᠠ ᠵᠢᠨ (ᠥᠷᠭᠡᠳᠬᠡᠭᠰᠡᠨ) ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ
ᠾᠧ ᠷᠦᠩ ᠳᠤᠮᠳᠠᠳᠤ ᠤᠯᠤᠰ᠎ᠤᠨ ᠨᠠᠶ᠋ᠢᠳᠠᠯᠭ᠎ᠠ ᠵᠢᠨ ᠠᠯᠪᠠᠨ ᠭᠡᠷᠡᠴᠢᠯᠡᠭᠴᠢ (ᠰᠢᠶᠠᠩᠭ᠋ᠠᠩ) ᠵᠢᠨ ᠨᠡᠢ᠌ᠭᠡᠮᠯᠢᠭ᠎ᠤᠨ ᠲᠥᠯᠥᠭᠡᠯᠡᠭᠴᠢᠳ᠎ᠤᠨ ᠪᠦᠯᠬᠦᠮ᠎ᠲᠠᠢ ᠠᠭᠤᠯᠵᠠᠪᠠ
ᠳᠤᠮᠳᠠᠳᠤ ᠤᠯᠤᠰ᠎ᠤᠨ ᠬᠠᠤᠯᠢᠵᠢᠯ᠎ᠤᠨ ᠬᠡᠪᠯᠡᠯ᠎ᠤᠨ ᠬᠣᠷᠢᠶ᠎ᠠ ᠵᠢᠨ ᠶᠡᠷᠦᠩᠬᠡᠢ ᠨᠠᠢ᠌ᠷᠠᠭᠤᠯᠤᠭᠴᠢ᠂ ᠶᠡᠷᠦᠩᠬᠡᠢ ᠳᠠᠭ᠋ᠠᠭ᠋ᠠᠮᠠᠯ ᠸᠠᠩ ᠯᠧᠢ ᠨᠠᠷ ᠮᠠᠨ᠎ᠤ ᠣᠷᠣᠨ᠎ᠳᠤ ᠢᠷᠠᠵᠤ ᠪᠠᠢ᠌ᠴᠠᠭ᠋ᠠᠨ ᠰᠤᠳᠤᠯᠤᠯᠲᠠ ᠬᠢᠪᠡ
ᠾᠧ ᠷᠦᠩ ᠪᠸᠯᠦᠷᠦ᠋ᠰᠢᠶ᠎ᠠ ᠵᠢᠨ ᠤᠯᠤᠰ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠵᠥᠪᠯᠡᠯ᠎ᠤᠨ ᠲᠡᠷᠢᠭᠦᠯᠡᠭᠴᠢ ᠸᠤᠯᠺᠸᠹ᠎ᠲᠠᠢ ᠠᠭᠤᠯᠵᠠᠪᠠ
 
            