4 ᠰᠠᠷ᠎ᠠ ᠵᠢᠨ 25᠎ᠤ ᠡᠳᠦᠷ᠂ ᠪᠥᠬᠥ ᠤᠯᠤᠰ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠣᠣᠷ ᠲᠠᠲᠠᠬᠤ ᠵᠢ ᠵᠣᠭᠰᠤᠭ᠋ᠠᠬᠤ ᠰᠢᠰᠲ᠋ᠧᠮ᠎ᠤᠨ ᠮᠤᠵᠢ ᠵᠢᠨ ᠬᠣᠭᠣᠷᠣᠨᠳᠣᠬᠢ ᠴᠠᠭᠳᠠᠭ᠋ᠠᠨ᠎ᠤ ᠶᠠᠪᠤᠳᠠᠯ᠎ᠤᠨ ᠰᠣᠯᠢᠯᠴᠠᠭ᠎ᠠ ᠬᠠᠮᠵᠢᠯᠴᠠᠭ᠎ᠠ (ᠨᠢᠭᠡᠳᠦᠭᠡᠷ ᠳᠤᠭᠤᠢ᠌ᠯᠠᠩ) ᠵᠢᠨ ᠭᠤᠷᠪᠠᠳᠤᠭ᠋ᠠᠷ ᠤᠳᠠᠭ᠋ᠠᠨ᠎ᠤ ᠬᠠᠮᠲᠤᠷᠠᠭᠰᠠᠨ ᠬᠤᠷᠠᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠎ᠳᠤ ᠬᠤᠷᠠᠯᠳᠤᠪᠠ᠃ ᠬᠠᠤᠯᠢ ᠴᠠᠭ᠋ᠠᠵᠠ ᠵᠢᠨ ᠶᠠᠮᠤᠨ᠎ᠤ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶᠠᠨ᠎ᠤ ᠳᠠᠷᠤᠭ᠎ᠠ ᠵᠠᠩ ᠴᠠᠩ ᠨᠢᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠱᠦᠵᠢ᠂ ᠲᠢᠩᠬᠢᠮ᠎ᠤᠨ ᠳᠠᠷᠤᠭ᠎ᠠ᠂ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠨᠢᠭᠡᠳᠦᠭᠡᠷ ᠺᠣᠮᠢᠰᠰᠠᠷ ᠪᠠᠢ ᠶᠦᠩ ᠫᠢᠩ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠫᠢᠩ ᠬᠤᠷᠠᠯ᠎ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠨᠠᠮ᠎ᠤᠨ ᠬᠣᠷᠢᠶ᠎ᠠ ᠵᠢᠨ ᠱᠦᠵᠢ᠂ ᠲᠣᠪᠴᠢᠶ᠎ᠠ ᠵᠢᠨ ᠳᠠᠷᠤᠭ᠎ᠠ ᠠᠯᠲᠠᠨᠪᠠᠭ᠋ᠠᠨᠠ ᠵᠢᠵᠢᠭᠦᠷ ᠶᠠᠷᠢᠶ᠎ᠠ ᠲᠠᠯᠪᠢᠪᠠ᠃
ᠬᠤᠷᠠᠯ ᠳᠡᠭᠡᠷ᠎ᠡ᠂ ᠮᠤᠵᠢ ᠵᠢᠨ ᠬᠣᠭᠣᠷᠣᠨᠳᠣᠬᠢ ᠴᠠᠭᠳᠠᠭ᠋ᠠᠨ᠎ᠤ ᠶᠠᠪᠤᠳᠠᠯ᠎ᠤᠨ ᠰᠣᠯᠢᠯᠴᠠᠭ᠎ᠠ ᠬᠠᠮᠵᠢᠯᠴᠠᠭ᠎ᠠ (ᠨᠢᠭᠡᠳᠦᠭᠡᠷ ᠳᠤᠭᠤᠢ᠌ᠯᠠᠩ) ᠵᠢᠨ ᠡᠭᠡᠯᠵᠢᠯᠡᠨ ᠵᠢᠵᠢᠭᠦᠷᠯᠡᠬᠦ ᠨᠢᠭᠡᠴᠡ ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠶᠠᠪᠤᠭᠳᠠᠪᠠ᠃ ᠰᠸᠴᠤᠸᠠᠨ ᠮᠤᠵᠢ᠂ ᠾᠧᠪᠧᠢ ᠮᠤᠵᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠂ ᠭᠤᠸᠠᠩᠰᠢ ᠵᠢᠨ ᠵᠦᠦᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠂ ᠴᠦᠩᠴᠢᠩ ᠬᠣᠲᠠ᠂ ᠭᠠᠨᠰᠤ ᠮᠤᠵᠢ ᠵᠢᠨ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠭᠣᠣᠯ ᠤᠳᠤᠷᠢᠳᠤᠯᠭ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ᠎ᠠᠴᠠ 《ᠬᠣᠣᠷ ᠲᠠᠲᠠᠬᠤ ᠵᠢ ᠵᠣᠭᠰᠤᠭ᠋ᠠᠬᠤ ᠠᠵᠢᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠰᠤᠷᠭ᠋ᠠᠨ ᠬᠥᠮᠥᠵᠢᠭᠦᠯᠵᠦ ᠴᠡᠭᠡᠷᠯᠡᠨ ᠵᠠᠰᠠᠬᠤ ᠶᠠᠰᠤ ᠴᠢᠨᠠᠷ᠎ᠢ ᠳᠡᠭᠡᠭᠰᠢᠯᠡᠭᠦᠯᠦᠨ᠂ ᠠᠮᠤᠷ ᠠᠮᠤᠭᠤᠯᠠᠩ ᠳᠤᠮᠳᠠᠳᠤ ᠤᠯᠤᠰ᠂ ᠬᠠᠤᠯᠢ᠎ᠪᠠᠷ ᠵᠠᠰᠠᠬᠤ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ᠎ᠳᠤ ᠬᠦᠴᠦᠨ ᠴᠢᠳᠠᠯ ᠵᠶ᠋ᠠᠨ ᠡᠷᠭᠦᠬᠦ》 ᠵᠢᠨ ᠲᠣᠭᠣᠷᠢᠨ᠎ᠳᠤ ᠭᠣᠣᠯ ᠰᠡᠳᠦᠪᠲᠦ ᠶᠠᠷᠢᠶ᠎ᠠ ᠲᠠᠯᠪᠢᠭᠰᠠᠨ ᠪᠥᠭᠡᠳ 《ᠮᠤᠵᠢ ᠵᠢᠨ ᠬᠣᠭᠣᠷᠣᠨᠳᠣᠬᠢ ᠴᠠᠭᠳᠠᠭ᠋ᠠᠨ᠎ᠤ ᠶᠠᠪᠤᠳᠠᠯ᠎ᠤᠨ ᠰᠣᠯᠢᠯᠴᠠᠭ᠎ᠠ ᠬᠠᠮᠵᠢᠯᠴᠠᠭ᠎ᠠ (ᠨᠢᠭᠡᠳᠦᠭᠡᠷ
ᠳᠤᠭᠤᠢ᠌ᠯᠠᠩ) ᠵᠢᠨ ᠨᠠᠮ᠎ᠤᠨ ᠪᠠᠢ᠌ᠭᠤᠯᠤᠯᠲᠠ ᠵᠢᠨ ᠬᠣᠯᠪᠣᠭ᠋ᠠᠨ᠎ᠤ ᠬᠡᠯᠡᠯᠴᠡᠭᠡᠷ》᠎ᠲᠤ ᠬᠠᠮᠲᠤᠷᠠᠨ ᠭᠠᠷᠤᠨ ᠥᠰᠥᠭ ᠵᠢᠷᠤᠪᠠ᠃ ᠵᠢᠷᠭᠤᠭ᠋ᠠᠨ ᠭᠠᠵᠠᠷ᠎ᠤᠨ ᠲᠤᠬᠠᠢ᠌ᠯᠠᠭᠰᠠᠨ ᠠᠵᠢᠯ᠎ᠤᠨ ᠭᠣᠣᠯᠯᠠᠭᠴᠢ ᠬᠦᠴᠦᠨ ᠲᠤᠰ ᠨᠢᠭᠡᠴᠡ ᠵᠢᠨ ᠵᠶ᠋ᠡᠨ ᠰᠢᠨ᠎ᠡ ᠵᠢ ᠡᠭᠦᠳᠦᠭᠰᠡᠨ ᠦᠢ᠍ᠯᠡᠳᠦᠯᠭᠡ ᠵᠢᠨ ᠲᠣᠭᠣᠷᠢᠨ᠎ᠳᠤ ᠲᠤᠷᠰᠢᠯᠭ᠎ᠠ᠎ᠪᠠᠨ ᠰᠣᠯᠢᠯᠴᠠᠪᠠ᠃
ᠬᠤᠷᠠᠯ᠎ᠠᠴᠠ᠂ 2023 ᠣᠨ᠎ᠳᠤ ᠮᠤᠵᠢ ᠵᠢᠨ ᠬᠣᠭᠣᠷᠣᠨᠳᠣᠬᠢ ᠴᠠᠭᠳᠠᠭ᠋ᠠᠨ᠎ᠤ ᠶᠠᠪᠤᠳᠠᠯ᠎ᠤᠨ ᠰᠣᠯᠢᠯᠴᠠᠭ᠎ᠠ ᠬᠠᠮᠵᠢᠯᠴᠠᠭ᠎ᠠ ᠵᠢᠨ ᠲᠣᠭᠲᠠᠴᠠ ᠵᠢ ᠬᠡᠷᠡᠭᠵᠢᠭᠦᠯᠦᠭᠰᠡᠨ᠎ᠠᠴᠠ ᠨᠠᠭ᠋ᠠᠰᠢ᠂ ᠵᠢᠵᠢᠭᠦᠷ ᠮᠤᠵᠢ ᠣᠷᠣᠨ᠎ᠤ ᠳᠠᠭ᠋ᠠᠭᠤᠯᠭ᠎ᠠ ᠳᠣᠣᠷ᠎ᠠ᠂ ᠪᠥᠬᠥ ᠰᠢᠰᠲ᠋ᠧᠮ ᠵᠶ᠋ᠡᠷ ᠵᠶ᠋ᠡᠨ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ᠂ ᠭᠦᠨᠵᠡᠭᠡᠢ ᠰᠣᠯᠢᠯᠴᠠᠨ ᠬᠠᠮᠵᠢᠯᠴᠠᠵᠤ᠂ ᠲᠣᠭᠲᠠᠴᠠ ᠵᠢᠨ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠤᠨ᠂ ᠡᠯ᠎ᠡ ᠵᠦᠢ᠍ᠯ᠎ᠤᠨ ᠠᠵᠢᠯ ᠵᠶ᠋ᠠᠨ ᠡᠮᠬᠢ ᠵᠢᠷᠤᠮ᠎ᠲᠠᠢ ᠥᠷᠨᠢᠭᠦᠯᠵᠦ᠂ ᠦᠨᠳᠦᠰᠦᠨ ᠱᠠᠲᠤᠨ᠎ᠤ ᠠᠷᠠᠳ᠎ᠤᠨ ᠴᠠᠭᠳᠠᠭ᠎ᠠ ᠴᠢᠩᠭ᠎ᠠ ᠲᠤᠰᠬᠠᠯ ᠭᠠᠷᠭ᠋ᠠᠵᠤ᠂ ᠨᠡᠢ᠌ᠳᠡᠮ ᠪᠠᠶᠠᠷᠯᠠᠨ ᠤᠭᠲᠤᠵᠤ᠂ ᠡᠯ᠎ᠡ ᠪᠦᠷᠢᠯᠳᠦᠭᠦᠨ ᠨᠢᠭᠡᠴᠡ ᠳᠠᠪᠠᠭᠤᠯᠢᠭ ᠵᠶ᠋ᠠᠨ ᠬᠠᠷᠢᠯᠴᠠᠨ ᠨᠥᠬᠥᠪᠦᠷᠢᠯᠡᠵᠦ᠂ ᠲᠤᠷᠰᠢᠯᠭ᠎ᠠ᠎ᠪᠠᠨ ᠬᠠᠷᠢᠯᠴᠠᠨ ᠲᠣᠯᠢᠯᠠᠵᠤ᠂ ᠡᠬᠢ ᠪᠠᠶᠠᠯᠢᠭ ᠵᠶ᠋ᠠᠨ ᠬᠠᠷᠢᠯᠴᠠᠨ ᠡᠳ᠋ᠯᠡᠵᠦ᠂ ᠬᠣᠣᠷ ᠲᠠᠲᠠᠬᠤ ᠵᠢ ᠵᠣᠭᠰᠤᠭ᠋ᠠᠬᠤ ᠠᠵᠢᠯ᠎ᠳᠤ ᠰᠢᠨ᠎ᠡ ᠠᠮᠢᠵᠢᠷᠠᠯ᠎ᠤᠨ ᠬᠦᠴᠦᠨ ᠪᠠ ᠬᠥᠳᠡᠯᠭᠡᠬᠦ ᠬᠦᠴᠦᠨ ᠣᠯᠭᠣᠵᠤ᠂ ᠡᠯᠪᠡᠭ ᠪᠠᠶᠠᠯᠢᠭ ᠦᠷ᠎ᠡ ᠪᠦᠲᠦᠭᠡᠯ ᠣᠯᠣᠭᠰᠠᠨ ᠪᠠᠢ᠌ᠨ᠎ᠠ᠃
ᠬᠤᠷᠠᠯ᠎ᠠᠴᠠ᠂ ᠳ᠋ᠦᠩᠨᠡᠨ ᠳᠡᠭᠡᠭᠰᠢᠯᠡᠭᠦᠯᠬᠦ ᠵᠢ ᠴᠢᠬᠤᠯᠠᠴᠢᠯᠠᠵᠤ᠂ ᠦᠷ᠎ᠡ ᠪᠦᠲᠦᠭᠡᠯ᠎ᠢ ᠭᠦᠨᠵᠡᠭᠡᠢ᠌ᠷᠡᠭᠦᠯᠬᠦ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠣᠢ᠌ᠷ᠎ᠠ ᠵᠢᠨ ᠵᠢᠯ᠎ᠤᠳ᠎ᠲᠤ᠂ ᠡᠯ᠎ᠡ ᠪᠦᠷᠢᠯᠳᠦᠭᠦᠨ ᠨᠢᠭᠡᠴᠡ᠎ᠨᠦᠭᠦᠳ ᠢᠳᠡᠪᠬᠢᠲᠡᠢ᠎ᠪᠠᠷ ᠰᠢᠨ᠎ᠡ ᠵᠢ ᠡᠭᠦᠳᠴᠦ᠂ ᠲᠣᠯᠢ ᠪᠣᠯᠭ᠋ᠠᠬᠤ ᠠᠴᠢ ᠬᠣᠯᠪᠣᠭᠳᠠᠯ᠎ᠲᠠᠢ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠤᠳ᠎ᠢ ᠪᠤᠢ ᠪᠣᠯᠭ᠋ᠠᠭᠰᠠᠨ ᠪᠠᠢ᠌ᠨ᠎ᠠ᠃ ᠳ᠋ᠦᠩᠨᠡᠬᠦ᠂ ᠪᠡᠬᠢᠵᠢᠭᠦᠯᠬᠦ᠂ ᠳᠡᠭᠡᠭᠰᠢᠯᠡᠭᠦᠯᠬᠦ ᠠᠵᠢᠯ᠎ᠢ ᠤᠯᠠᠮ ᠨᠢᠭᠡ ᠠᠯᠬᠤᠮ ᠰᠠᠢ᠌ᠲᠤᠷ ᠬᠢᠵᠦ᠂ 《ᠭᠠᠳᠠᠭᠰᠢ ᠭᠠᠷᠴᠤ》 ᠬᠠᠷᠠᠭ᠎ᠠ᠎ᠪᠠᠨ ᠥᠷᠭᠡᠳᠬᠡᠬᠦ ᠮᠥᠷᠲᠡᠭᠡᠨ ᠪᠠᠰᠠ 《ᠤᠷᠢᠵᠤ ᠠᠪᠴᠢᠷᠠᠬᠤ》 ᠪᠠᠷ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭ᠋ᠠᠵᠤ᠂ ᠦᠷ᠎ᠡ ᠪᠦᠲᠦᠭᠡᠯ᠎ᠤᠨ ᠣᠷᠳᠣ ᠬᠤᠭᠤᠴᠠᠭ᠋ᠠᠨ᠎ᠤ ᠪᠦᠲᠦᠮᠵᠢᠲᠡᠶ ᠪᠣᠯᠬᠤ᠂ ᠬᠠᠮᠤᠭ᠎ᠤᠨ ᠶᠡᠬᠡ ᠪᠣᠯᠬᠤ ᠵᠢ ᠴᠢᠷᠮᠠᠢ᠌ᠨ ᠪᠡᠶᠡᠯᠡᠭᠦᠯᠵᠦ᠂ 《ᠬᠠᠮᠲᠤ᠎ᠪᠠᠷ ᠠᠬᠢᠭᠤᠯᠵᠤ ᠬᠠᠮᠲᠤ᠎ᠪᠠᠷ ᠤᠷᠤᠭᠰᠢᠯᠠᠬᠤ》 ᠭᠦᠨ ᠵᠤᠵᠠᠭ᠋ᠠᠨ ᠠᠭᠤᠷ ᠠᠮᠢᠰᠬᠤᠯ᠎ᠢ ᠲᠠᠰᠤᠷᠠᠯᠲᠠ ᠦᠭᠡᠢ ᠪᠣᠶ ᠪᠣᠯᠭ᠋ᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠬᠠᠮᠵᠢᠯᠴᠠᠬᠤ ᠵᠢ ᠴᠢᠩᠭ᠋ᠠᠳᠬᠠᠵᠤ᠂ ᠭᠣᠣᠯᠳᠠᠯᠭ᠎ᠠ᠎ᠲᠠᠢ ᠡᠭᠦᠷᠭᠡ ᠵᠢᠨ ᠲᠠᠯ᠎ᠠ᠎ᠪᠠᠷ ᠠᠷᠭ᠎ᠠ ᠤᠬᠠᠭ᠋ᠠᠨ ᠭᠠᠷᠭ᠋ᠠᠬᠤ ᠬᠡᠷᠡᠭᠲᠡᠢ᠃ ᠨᠢᠭᠡ ᠳᠤᠭᠤᠢ᠌ᠯᠠᠩ ᠵᠢᠷᠭᠤᠭ᠋ᠠᠨ ᠭᠠᠵᠠᠷ᠎ᠲᠤ ᠮᠠᠰᠢ ᠴᠢᠩᠭ᠎ᠠ ᠣᠷᠣᠨ ᠪᠠᠢ᠌ᠷᠢ ᠵᠢᠨ ᠳᠠᠪᠠᠭᠤᠯᠢᠭ᠂ ᠬᠠᠷᠢᠴᠠᠭᠤᠯᠤᠭᠰᠠᠨ ᠳᠠᠪᠠᠭᠤᠯᠢᠭ᠎ᠲᠠᠢ᠂ ᠬᠠᠷᠢᠯᠴᠠᠨ ᠨᠥᠬᠥᠪᠦᠷᠢᠯᠡᠬᠦ ᠴᠢᠨᠠᠷ ᠵᠶ᠋ᠠᠷ ᠴᠢᠩᠭ᠎ᠠ᠂ ᠬᠠᠮᠵᠢᠯᠴᠠᠨ ᠬᠠᠮᠲᠤ᠎ᠪᠠᠷ ᠠᠰᠢᠭ ᠬᠦᠷᠳᠡᠬᠦ ᠲᠠᠯᠳᠠ ᠬᠦᠴᠦᠨ ᠶᠡᠬᠡ ᠪᠠᠢ᠌ᠳᠠᠭ᠃ ᠭᠣᠣᠯᠳᠠᠯᠭ᠎ᠠ᠎ᠲᠠᠢ ᠠᠵᠢᠯ᠎ᠤᠨ ᠡᠭᠦᠷᠭᠡ᠎ᠲᠠᠢ ᠤᠶᠠᠯᠳᠤᠭᠤᠯᠵᠤ᠂ ᠲᠣᠭᠲᠠᠴᠠ ᠵᠢᠨ ᠲᠠᠪᠴᠠᠩ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠤᠷᠭ᠋ᠠᠨ ᠬᠥᠮᠥᠵᠢᠭᠦᠯᠵᠦ ᠴᠡᠭᠡᠷᠯᠡᠨ ᠵᠠᠰᠠᠬᠤ᠂ ᠪᠣᠳᠠᠲᠤ ᠪᠠᠢ᠌ᠯᠳᠤᠭ᠋ᠠᠨ ᠵᠶ᠋ᠠᠷ ᠴᠡᠷᠢᠭ᠎ᠢ ᠪᠣᠯᠪᠠᠰᠤᠷᠠᠭᠤᠯᠬᠤ ᠵᠡᠷᠭᠡ ᠲᠠᠯ᠎ᠠ᠎ᠪᠠᠷ ᠦᠷᠭᠦᠯᠵᠢᠯᠡᠨ ᠰᠣᠯᠢᠯᠴᠠᠭ᠎ᠠ ᠥᠷᠨᠢᠭᠦᠯᠵᠦ᠂ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠳᠠᠪᠠᠭᠤᠯᠢᠭ ᠵᠶ᠋ᠠᠨ ᠤᠯᠠᠮ ᠴᠢᠨᠠᠭᠰᠢᠳᠠ ᠢᠯᠠᠯᠲᠠ ᠵᠢᠨ ᠬᠠᠨᠳᠤᠰᠢ ᠪᠣᠯᠭ᠋ᠠᠬᠤ ᠬᠡᠷᠡᠭᠲᠡᠢ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠨᠢᠭᠡ ᠴᠣᠭᠴᠠᠵᠢᠭᠤᠯᠤᠨ ᠠᠬᠢᠭᠤᠯᠬᠤ ᠲᠠᠯ᠎ᠠ᠎ᠪᠠᠷ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ ᠬᠡᠷᠡᠭᠲᠡᠢ᠃ ᠬᠦᠨᠳᠦ ᠪᠡᠷᠬᠡᠲᠡᠢ ᠠᠵᠢᠯ᠂ ᠳᠤᠲᠠᠭᠤᠳᠠᠯ ᠪᠠᠭᠤᠷᠠᠢ ᠵᠦᠢ᠍ᠯᠡᠰ᠎ᠤᠨ ᠰᠣᠯᠢᠯᠴᠠᠭ᠎ᠠ ᠵᠢ ᠴᠢᠩᠭ᠋ᠠᠳᠬᠠᠵᠤ᠂ ᠮᠤᠵᠢ ᠵᠢᠨ ᠬᠣᠭᠣᠷᠣᠨᠳᠣᠬᠢ ᠬᠣᠣᠷ ᠲᠠᠲᠠᠬᠤ ᠵᠢ ᠵᠣᠭᠰᠤᠭ᠋ᠠᠬᠤ ᠤᠨᠤᠯ᠎ᠤᠨ ᠰᠤᠳᠤᠯᠭ᠋ᠠᠨ᠎ᠤ ᠬᠠᠮᠲᠤᠷᠠᠯᠴᠠᠭ᠎ᠠ ᠪᠠ ᠦᠢ᠍ᠯᠡᠳᠦᠯᠭᠡ ᠵᠢ ᠢᠳᠡᠪᠬᠢᠲᠡᠢ᠎ᠪᠠᠷ ᠲᠦᠯᠬᠢᠨ ᠠᠬᠢᠭᠤᠯᠵᠤ᠂ 《ᠨᠢᠭᠡ ᠴᠣᠭᠴᠠᠵᠢᠭᠤᠯᠤᠭᠰᠠᠨ ᠬᠣᠶᠠᠷ ᠵᠢᠭᠦᠷ》᠎ᠤᠨ ᠠᠵᠢᠯ᠎ᠤᠨ ᠪᠠᠢ᠌ᠷᠢᠰᠢᠯ᠎ᠢ ᠪᠤᠢ ᠪᠣᠯᠭ᠋ᠠᠬᠤ᠂ ᠬᠣᠣᠷ ᠲᠠᠲᠠᠬᠤ ᠵᠢ ᠵᠣᠭᠰᠣᠭ᠋ᠠᠵᠤ ᠡᠷᠡᠭᠦᠯᠵᠢᠭᠦᠯᠬᠦ᠂ ᠲᠠᠯᠠᠪᠤᠷ ᠭᠠᠵᠠᠷ᠎ᠤᠨ ᠴᠠᠭᠳᠠᠭ᠋ᠠᠨ᠎ᠤ ᠬᠦᠴᠦᠨ᠎ᠢ ᠲᠣᠬᠢᠷᠠᠭᠤᠯᠬᠤ᠂ ᠬᠡᠷᠡᠭ ᠶᠠᠪᠤᠳᠠᠯ᠎ᠢ ᠬᠠᠷᠢᠯᠴᠠᠨ ᠬᠠᠮᠵᠢᠯᠴᠠᠬᠤ ᠵᠡᠷᠭᠡ ᠲᠠᠯ᠎ᠠ᠎ᠪᠠᠷ ᠠᠷᠭ᠋ᠠᠴᠠᠬᠤ ᠪᠣᠳᠣᠯᠭ᠎ᠠ ᠵᠢ ᠬᠠᠮᠲᠤ᠎ᠪᠠᠷ ᠵᠥᠪᠳᠡᠯᠴᠡᠵᠦ᠂ ᠬᠣᠣᠷ ᠲᠠᠲᠠᠬᠤ ᠵᠢ ᠵᠣᠭᠰᠤᠭ᠋ᠠᠬᠤ ᠠᠵᠢᠯ᠎ᠤᠨ ᠬᠥᠭᠵᠢᠯᠲᠡ ᠵᠢ ᠬᠢᠵᠠᠭ᠋ᠠᠷᠯᠠᠵᠤ ᠪᠠᠢ᠌ᠭ᠎ᠠ ᠪᠠᠢ᠌ᠭᠤᠯᠤᠯ᠎ᠤᠨ ᠴᠢᠨᠠᠷᠲᠠᠢ᠂ ᠲᠣᠭᠲᠠᠴᠠ ᠵᠢᠨ ᠴᠢᠨᠠᠷᠲᠠᠢ ᠬᠠᠷᠰᠢ ᠰᠠᠭ᠋ᠠᠳ᠎ᠲᠤ ᠬᠦᠴᠦ᠎ᠪᠠᠨ ᠬᠠᠮᠲᠤᠳᠬᠠᠨ ᠪᠡᠷᠬᠡ ᠰᠡᠳᠦᠪ᠎ᠢ ᠰᠢᠢ᠍ᠳᠪᠦᠷᠢᠯᠡᠬᠦ ᠬᠡᠷᠡᠭᠲᠡᠢ᠃ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠵᠢ ᠴᠢᠬᠤᠯᠠᠴᠢᠯᠠᠵᠤ᠂ ᠪᠠᠢ᠌ᠴᠠᠭ᠋ᠠᠨ ᠰᠤᠳᠤᠯᠤᠯᠲᠠ ᠵᠢ ᠭᠦᠨᠵᠡᠭᠡᠢ ᠥᠷᠨᠢᠭᠦᠯᠬᠦ ᠬᠡᠷᠡᠭᠲᠡᠢ᠃ ᠰᠣᠯᠢᠯᠴᠠᠭ᠎ᠠ ᠪᠣᠯᠪᠠᠰᠤᠷᠠᠯ᠂ ᠮᠡᠷᠭᠡᠵᠢᠯ ᠴᠢᠳᠠᠪᠤᠷᠢ ᠵᠢᠨ ᠮᠥᠷᠥᠢ᠌ᠴᠡᠭᠡᠨ᠂ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ ᠵᠡᠷᠭᠡ᠎ᠯᠦᠭᠡ ᠢᠵᠢ ᠪᠦᠷᠢᠳᠦᠭᠦᠯᠦᠭᠰᠡᠨ ᠠᠵᠢᠯ᠎ᠤᠨ ᠲᠣᠭᠲᠠᠴᠠ ᠵᠢ ᠤᠯᠠᠮ ᠨᠢᠭᠡ ᠠᠯᠬᠤᠮ ᠪᠠᠢ᠌ᠭᠤᠯᠵᠤ᠂ ᠲᠣᠭᠲᠠᠴᠠ ᠵᠢᠨ ᠠᠵᠢᠯᠯᠠᠭ᠋ᠠᠨ᠎ᠤ ᠦᠷᠭᠦᠯᠵᠢᠯᠡᠬᠦ ᠴᠢᠨᠠᠷ᠂ ᠬᠤᠭᠤᠴᠠᠭ᠋ᠠᠲᠤ ᠴᠢᠨᠠᠷ᠎ᠢ ᠦᠨᠡᠨᠬᠦ ᠪᠠᠲᠤᠯᠠᠵᠤ᠂ ᠵᠢᠵᠢᠭᠦᠷ ᠨᠢᠭᠡᠴᠡ᠎ᠪᠠᠷ ᠲᠦᠷᠦᠭᠦᠯᠡᠭᠦᠯᠦᠭᠰᠡᠨ᠂ ᠪᠦᠷᠢᠯᠳᠦᠭᠦᠨ ᠨᠢᠭᠡᠴᠡ᠎ᠨᠦᠭᠦᠳ ᠢᠳᠡᠪᠬᠢᠲᠡᠢ ᠣᠷᠣᠯᠴᠠᠭᠰᠠᠨ 《ᠬᠠᠮᠵᠢᠯᠴᠠᠨ ᠬᠠᠮᠲᠤ᠎ᠪᠠᠷ ᠡᠭᠦᠳᠬᠦ᠂ ᠳᠠᠪᠠᠭᠤᠯᠢᠭ᠎ᠢ ᠲᠥᠪᠯᠡᠷᠡᠭᠦᠯᠬᠦ》 ᠰᠢᠨ᠎ᠡ ᠪᠠᠢ᠌ᠷᠢᠰᠢᠯ᠎ᠢ ᠬᠦᠴᠦᠯᠡᠨ ᠪᠣᠶ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠵᠠᠢ᠃


ᠬᠤᠷᠠᠯ᠎ᠤᠨ ᠬᠤᠭᠤᠴᠠᠭ᠋ᠠᠨ᠎ᠳᠤ᠂ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠥᠪᠡᠷᠲᠡᠭᠡᠨ ᠵᠠᠰᠠᠬᠤ ᠣᠷᠣᠨ᠎ᠤ ᠰᠠᠢ᠌ᠬᠠᠨ ᠠᠯᠪᠠᠳᠠᠯᠭ᠎ᠠ᠎ᠪᠠᠷ ᠲᠤᠰᠠᠭ᠋ᠠᠷᠯᠠᠵᠤ ᠬᠣᠣᠷ ᠲᠠᠲᠠᠬᠤ ᠵᠢ ᠵᠣᠭᠰᠤᠭ᠋ᠠᠬᠤ ᠭᠠᠵᠠᠷ᠂ ᠡᠮᠡᠭᠲᠡᠢ᠌ᠴᠦᠳ᠎ᠢ ᠠᠯᠪᠠᠳᠠᠯᠭ᠎ᠠ᠎ᠪᠠᠷ ᠲᠤᠰᠠᠭ᠋ᠠᠷᠯᠠᠵᠤ ᠬᠣᠣᠷ ᠲᠠᠲᠠᠬᠤ ᠵᠢ ᠵᠣᠭᠰᠤᠭ᠋ᠠᠬᠤ ᠭᠠᠵᠠᠷ᠎ᠲᠤ ᠪᠠᠢ᠌ᠴᠠᠭ᠋ᠠᠨ ᠰᠤᠳᠤᠯᠤᠯᠲᠠ ᠬᠢᠵᠡᠢ᠃