3 ᠰᠠᠷ᠎ᠠ ᠵᠢᠨ 30᠎ᠠᠴᠠ 31᠎ᠤ ᠡᠳᠦᠷ ᠪᠣᠯᠲᠠᠯ᠎ᠠ᠂ 《ᠨᠢᠭᠡ ᠪᠦᠰᠡ ᠨᠢᠭᠡ ᠵᠠᠮ》 ᠤᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠤᠯᠠᠨ ᠤᠯᠤᠰ᠎ᠤᠨ ᠶᠠᠷᠢᠶᠠᠨ᠎ᠤ ᠲᠠᠪᠴᠠᠩ ᠰᠢᠶᠠᠮᠧᠨ᠎ᠳᠤ ᠶᠠᠪᠤᠭᠳᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠠ ᠲᠣᠪᠴᠢᠶᠠᠨ᠎ᠤ ᠭᠡᠰᠢᠭᠦᠨ᠂ ᠲᠥᠪ᠎ᠤᠨ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶᠠᠨ᠎ᠤ ᠱᠦᠵᠢ ᠴᠧᠨ ᠸᠸᠨ ᠴᠢᠩ ᠶᠠᠷᠢᠶᠠᠨ᠎ᠤ ᠲᠠᠪᠴᠠᠩ᠎ᠤᠨ ᠡᠬᠢᠯᠡᠯᠲᠡ᠎ᠳᠤ ᠶᠣᠰᠣᠯᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠬᠠᠤᠯᠢ ᠴᠠᠭ᠋ᠠᠵᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠾᠧ ᠷᠦᠩ᠂ ᠹᠦᠵᠢᠶᠠᠨ ᠮᠤᠵᠢ ᠵᠢᠨ ᠨᠠᠮ᠎ᠤᠨ ᠬᠣᠷᠢᠶᠠᠨ᠎ᠤ ᠱᠦᠵᠢ ᠵᠧᠦ ᠽᠦ᠍ ᠢ᠂ ᠬᠣᠯᠪᠣᠭᠳᠠᠯ ᠪᠦᠬᠦᠢ ᠤᠯᠠᠨ ᠤᠯᠤᠰ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ ᠶᠠᠷᠢᠶᠠᠨ᠎ᠤ ᠲᠠᠪᠴᠠᠩ᠎ᠤᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠲᠥᠪ᠎ᠤᠨ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶᠠᠨ᠎ᠤ ᠨᠠᠷᠢᠨ ᠪᠢᠴᠢᠭ᠎ᠤᠨ ᠳᠠᠷᠤᠭ᠎ᠠ ᠶᠢᠨ ᠪᠠᠢ᠂ ᠲᠥᠪ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠹᠦᠵᠢᠶᠠᠨ ᠮᠤᠵᠢ᠂ ᠰᠢᠶᠠᠮᠧᠨ ᠬᠣᠲᠠ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ ᠶᠠᠷᠢᠶᠠᠨ᠎ᠤ ᠲᠠᠪᠴᠠᠩ᠎ᠤᠨ ᠡᠬᠢᠯᠡᠬᠦ ᠶᠣᠰᠣᠯᠠᠯ᠎ᠳᠤ ᠣᠷᠣᠯᠴᠠᠪᠠ᠃ ᠬᠠᠤᠯᠢ ᠴᠠᠭ᠋ᠠᠵᠠ ᠵᠢᠨ ᠶᠠᠮᠤᠨ᠎ᠤ ᠳᠡᠳ᠋ ᠰᠠᠢ᠌ᠳ ᠸᠠᠩ ᠵᠧᠨ ᠵᠢᠶᠠᠩ ᠡᠬᠢᠯᠡᠯᠲᠡ ᠵᠢᠨ ᠶᠣᠰᠣᠯᠠᠯ᠎ᠢ ᠡᠷᠭᠢᠯᠡᠪᠡ᠃
ᠲᠤᠰ ᠤᠳᠠᠭ᠎ᠠ ᠵᠢᠨ ᠶᠠᠷᠢᠶᠠᠨ᠎ᠤ ᠲᠠᠪᠴᠠᠩ᠎ᠨᠢ 《ᠬᠠᠤᠯᠢ ᠴᠠᠭ᠋ᠠᠵᠠ ᠵᠢᠨ ᠦᠢ᠍ᠯᠡᠴᠢᠯᠡᠭᠡ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢᠨ ᠰᠢᠨ᠎ᠡ ᠵᠢ ᠡᠭᠦᠳᠴᠦ ᠦᠢ᠍ᠯᠡᠴᠢᠯᠡᠭᠡ᠎ᠳᠤ ᠰᠢᠨ᠎ᠡ ᠵᠢ ᠡᠭᠦᠳᠴᠦ 〈ᠨᠢᠭᠡ ᠪᠦᠰᠡ ᠨᠢᠭᠡ ᠵᠠᠮ〉᠎ᠤᠨ ᠴᠢᠨᠠᠷ ᠰᠠᠢ᠌ᠲᠠᠢ ᠬᠥᠭᠵᠢᠯᠲᠡ ᠵᠢ ᠬᠠᠮᠲᠤ᠎ᠪᠠᠷ ᠪᠠᠢ᠌ᠭᠤᠯᠤᠶ᠎ᠠ》 ᠭᠡᠬᠦ ᠭᠣᠣᠯ ᠰᠡᠳᠦᠪ ᠵᠶ᠋ᠡᠷ ᠭᠣᠣᠯ ᠵᠤᠷᠢᠯᠳᠠᠳᠤ ᠶᠠᠷᠢᠶ᠎ᠠ ᠢᠯᠡᠳᠬᠡᠯ ᠪᠠ 4 ᠬᠤᠪᠢᠶᠠᠷᠢ ᠶᠠᠷᠢᠶᠠᠨ᠎ᠤ ᠲᠠᠪᠴᠠᠩ᠎ᠢ ᠲᠣᠬᠢᠷᠠᠭᠤᠯᠪᠠ᠃ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠢ᠌ᠭᠤᠯᠤᠭᠰᠠᠨ 25 ᠤᠯᠤᠰ ᠪᠠ ᠭᠠᠵᠠᠷ ᠣᠷᠣᠨ᠎ᠤ ᠬᠠᠤᠯᠢᠴᠢ᠂ ᠬᠥᠨᠳᠡᠯᠡᠨ᠎ᠠᠴᠠ ᠲᠠᠰᠤᠯᠬᠤ᠂ ᠬᠤᠳᠠᠯᠳᠤᠭ᠋ᠠᠨ᠎ᠤ ᠶᠠᠪᠤᠳᠠᠯ᠎ᠤᠨ ᠡᠶᠡᠳᠡᠭᠦᠯᠭᠡ ᠵᠡᠷᠭᠡ ᠬᠦᠷᠢᠶᠡᠨ᠎ᠤ ᠲᠤᠰᠬᠠᠢ ᠮᠡᠷᠭᠡᠵᠢᠯ᠎ᠤᠨ ᠬᠥᠮᠥᠰ᠂ ᠡᠯ᠎ᠡ ᠮᠤᠵᠢ (ᠣᠷᠣᠨ᠂
ᠬᠣᠲᠠ) ᠵᠢᠨ ᠬᠠᠤᠯᠢ ᠴᠠᠭ᠋ᠠᠵᠠ ᠵᠢᠨ ᠲᠢᠩᠬᠢᠮ (ᠲᠣᠪᠴᠢᠶ᠎ᠠ)᠎ᠤᠨ ᠭᠣᠣᠯ ᠬᠠᠷᠢᠭᠤᠴᠠᠯᠭ᠋ᠠᠲᠠᠨ ᠨᠥᠬᠥᠷ᠂ ᠬᠣᠯᠪᠣᠭᠳᠠᠯ ᠪᠦᠬᠦᠢ ᠤᠯᠤᠰ ᠲᠥᠷᠥ ᠬᠠᠤᠯᠢ ᠴᠠᠭ᠋ᠠᠵᠠ ᠵᠢᠨ ᠳᠡᠭᠡᠳᠦ ᠰᠤᠷᠭ᠋ᠠᠭᠤᠯᠢ ᠵᠢᠨ ᠭᠣᠣᠯ ᠬᠠᠷᠢᠭᠤᠴᠠᠯᠭ᠋ᠠᠲᠠᠨ ᠨᠥᠬᠥᠳ ᠪᠣᠯᠣᠨ ᠲᠤᠰᠬᠠᠢ ᠮᠡᠷᠭᠡᠵᠢᠯᠲᠡᠨ ᠡᠷᠳᠡᠮᠲᠡᠨ ᠵᠡᠷᠭᠡ 300 ᠰᠢᠬᠠᠮ ᠬᠥᠮᠥᠨ ᠨᠢᠭᠡ ᠲᠠᠩᠬᠢᠮ᠎ᠳᠤ ᠴᠤᠭᠯᠠᠷᠠᠵᠤ᠂ ᠥᠨᠳᠥᠷ ᠬᠢᠷᠢ ᠲᠦᠪᠰᠢᠨ ᠪᠦᠬᠦᠢ ᠬᠠᠤᠯᠢ ᠴᠠᠭ᠋ᠠᠵᠠ ᠵᠢᠨ ᠦᠢ᠍ᠯᠡᠴᠢᠯᠡᠭᠡ᠎ᠪᠠᠷ ᠴᠢᠨᠠᠷ ᠰᠠᠢ᠌ᠲᠠᠢ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠵᠢ ᠠᠬᠢᠭᠤᠯᠬᠤ ᠵᠢᠨ ᠲᠣᠭᠣᠷᠢᠨ᠎ᠳᠤ᠂ ᠬᠠᠤᠯᠢ ᠴᠠᠭ᠋ᠠᠵᠠ ᠵᠢᠨ ᠦᠢ᠍ᠯᠡᠴᠢᠯᠡᠭᠡ ᠪᠣᠯᠣᠨ 《ᠨᠢᠭᠡ ᠪᠦᠰᠡ ᠨᠢᠭᠡ ᠵᠠᠮ》 ᠤᠨ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠵᠢᠨ ᠴᠢᠯᠦᠭᠡᠵᠢᠯᠲᠡ ᠳᠥᠭᠥᠮᠵᠢᠯᠲᠡ᠂ ᠬᠥᠨᠳᠡᠯᠡᠨ᠎ᠠᠴᠠ ᠲᠠᠰᠤᠯᠬᠤ ᠪᠣᠯᠣᠨ 《ᠨᠢᠭᠡ ᠪᠦᠰᠡ ᠨᠢᠭᠡ ᠵᠠᠮ》᠎ᠤᠨ ᠤᠯᠠᠨ ᠤᠯᠤᠰ᠎ᠤᠨ ᠬᠤᠳᠠᠯᠳᠤᠭ᠋ᠠᠨ᠎ᠤ ᠶᠠᠪᠤᠳᠠᠯ᠎ᠤᠨ ᠮᠠᠷᠭᠤᠯᠳᠤᠭ᠋ᠠᠨ᠎ᠢ ᠰᠢᠢ᠍ᠳᠪᠦᠷᠢᠯᠡᠬᠦ᠂ ᠵᠣᠬᠢᠶᠠᠮᠠᠯ ᠤᠶᠤᠨ ᠴᠢᠳᠠᠪᠤᠷᠢ ᠪᠣᠯᠣᠨ ᠭᠠᠳᠠᠭ᠋ᠠᠳᠤ᠎ᠳᠤ ᠬᠣᠯᠪᠣᠭᠳᠠᠬᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠰᠢᠨ᠎ᠡ ᠡᠭᠦᠳᠦᠯᠲᠡ ᠪᠣᠯᠣᠨ ᠦᠢ᠍ᠯᠡᠳᠦᠯᠭᠡ᠂ ᠬᠤᠳᠠᠯᠳᠤᠭ᠋ᠠᠨ᠎ᠤ ᠶᠠᠪᠤᠳᠠᠯ᠎ᠤᠨ ᠡᠶᠡᠳᠡᠭᠦᠯᠭᠡ ᠵᠢᠨ ᠤᠯᠠᠨ ᠤᠯᠤᠰ᠎ᠤᠨ ᠬᠥᠭᠵᠢᠯᠲᠡ ᠵᠢᠨ ᠬᠠᠨᠳᠤᠰᠢ ᠪᠣᠯᠣᠨ ᠳᠤᠮᠳᠠᠳᠤ ᠤᠯᠤᠰ᠎ᠤᠨ ᠲᠥᠰᠥᠯ ᠵᠡᠷᠭᠡ ᠵᠥᠪᠯᠡᠬᠦ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠦᠨ ᠭᠦᠨᠵᠡᠭᠡᠢ ᠰᠣᠯᠢᠯᠴᠠᠵᠤ ᠰᠤᠳᠤᠯᠤᠨ ᠶᠠᠷᠢᠯᠴᠠᠪᠠ᠃ ᠬᠠᠤᠯᠢᠵᠢᠯ᠎ᠤᠨ ᠬᠠᠮᠲᠤ ᠵᠢᠨ ᠲᠠᠨᠢᠯᠲᠠ ᠵᠢ ᠨᠢᠭᠲᠠᠷᠠᠭᠤᠯᠬᠤ᠂ ᠬᠠᠤᠯᠢᠵᠢᠯ᠎ᠤᠨ ᠬᠠᠷᠢᠯᠴᠠᠨ ᠲᠣᠯᠢᠳᠠᠬᠤ ᠵᠢ ᠠᠬᠢᠭᠤᠯᠬᠤ᠂ ᠬᠠᠤᠯᠢᠵᠢᠯ᠎ᠤᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠲᠠᠯ᠎ᠠ᠎ᠪᠠᠷ ᠪᠣᠳᠠᠲᠠᠢ ᠵᠢ ᠡᠷᠬᠢᠮᠯᠡᠭᠰᠡᠨ ᠦᠷ᠎ᠡ ᠪᠦᠲᠦᠭᠡᠯ ᠣᠯᠪᠠ᠃


ᠶᠠᠷᠢᠶᠠᠨ᠎ᠤ ᠲᠠᠪᠴᠠᠩ᠎ᠢ ᠡᠷᠬᠢᠯᠡᠬᠦ᠎ᠠᠴᠠ ᠡᠮᠦᠨ᠎ᠡ᠂ 《ᠨᠢᠭᠡ ᠪᠦᠰᠡ ᠨᠢᠭᠡ ᠵᠠᠮ》 ᠤᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠬᠣᠯᠪᠣᠭ᠎ᠠ᠎ᠠᠴᠠ ᠠᠩᠬᠠᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ ᠪᠣᠯᠣᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ᠎ᠤᠨ ᠳᠠᠷᠤᠭ᠎ᠠ ᠵᠢ ᠰᠣᠩᠭᠣᠨ ᠭᠠᠷᠭ᠋ᠠᠪᠠ᠃ 《ᠨᠢᠭᠡ ᠪᠦᠰᠡ ᠨᠢᠭᠡ ᠵᠠᠮ》 ᠤᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠬᠣᠯᠪᠣᠭ᠎ᠠ ᠵᠢ ᠪᠠᠶ᠋ᠢᠭᠤᠯᠬᠤ ᠪᠣᠯ ᠲᠡᠷᠢᠭᠦᠯᠡᠭᠴᠢ ᠰᠢ ᠵᠢᠨ ᠫᠢᠩ᠎ᠤᠨ ᠳᠤᠷᠠᠳᠤᠭᠰᠠᠨ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠶ᠋ᠢᠭᠤᠯᠬᠤ ᠰᠠᠨᠠᠭ᠋ᠠᠴᠢᠯᠠᠭ᠎ᠠ ᠪᠣᠯᠣᠨ ᠪᠦᠬᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ᠂ ᠪᠦᠬᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ᠂ ᠪᠦᠬᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠨᠢᠭᠡ ᠪᠦᠰᠡ ᠨᠢᠭᠡ ᠵᠠᠮ》᠎ᠤᠨ ᠬᠠᠤᠯᠢᠵᠢᠯ᠎ᠤᠨ ᠬᠦᠷᠢᠶᠡᠨ᠎ᠳᠠᠬᠢ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠬᠤ ᠪᠣᠳᠠᠲᠠᠢ ᠵᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠣᠨ᠎ᠠ᠃ ᠬᠣᠯᠪᠣᠭ᠎ᠠ᠎ᠨᠢ 《ᠨᠢᠭᠡ ᠪᠦᠰᠡ ᠨᠢᠭᠡ ᠵᠠᠮ》᠎ᠤᠨ ᠤᠯᠤᠰ ᠪᠠ ᠭᠠᠵᠠᠷ ᠣᠷᠣᠨ᠎ᠢ ᠬᠠᠮᠲᠤ᠎ᠪᠠᠷ ᠪᠠᠶ᠋ᠢᠭᠤᠯᠬᠤ ᠬᠠᠤᠯᠢᠴᠢ᠂ ᠬᠥᠨᠳᠡᠯᠡᠨ᠎ᠠᠴᠠ ᠲᠠᠰᠤᠯᠬᠤ᠂ ᠬᠤᠳᠠᠯᠳᠤᠭ᠋ᠠᠨ᠎ᠤ ᠶᠠᠪᠤᠳᠠᠯ᠎ᠤᠨ ᠡᠶᠡᠳᠡᠭᠦᠯᠭᠡ ᠵᠡᠷᠭᠡ ᠬᠦᠷᠢᠶᠡᠨ᠎ᠤ ᠠᠵᠢᠯ ᠲᠦᠷᠦᠯ᠎ᠤᠨ ᠨᠡᠢ᠌ᠭᠡᠮᠯᠢᠭ᠂ ᠬᠠᠤᠯᠢ ᠴᠠᠭ᠋ᠠᠵᠠ ᠵᠢᠨ ᠪᠠᠢ᠌ᠭᠤᠯᠤᠮᠵᠢ ᠵᠢᠴᠢ ᠬᠤᠪᠢ ᠬᠥᠮᠥᠨ ᠵᠡᠷᠭᠡ᠎ᠪᠠᠷ ᠪᠦᠷᠢᠯᠳᠦᠵᠡᠢ᠃ ᠬᠠᠤᠯᠢᠵᠢᠯ᠎ᠤᠨ ᠬᠦᠷᠢᠶᠡᠨ᠎ᠳᠠᠬᠢ ᠠᠩᠬᠠᠳᠠᠭᠴᠢ 《ᠨᠢᠭᠡ ᠪᠦᠰᠡ ᠨᠢᠭᠡ ᠵᠠᠮ》 ᠵᠢᠨᠷ ᠨᠡᠷᠡᠢ᠌ᠳᠦᠭᠰᠡᠨ ᠤᠯᠠᠨ ᠤᠯᠤᠰ᠎ᠤᠨ ᠴᠢᠨᠠᠷᠲᠠᠢ ᠲᠤᠰᠬᠠᠢ ᠮᠡᠷᠭᠡᠵᠢᠯ᠎ᠤᠨ ᠵᠣᠬᠢᠶᠠᠨ ᠪᠠᠢ᠌ᠭᠤᠯᠤᠯᠲᠠ ᠪᠣᠯᠣᠨ᠎ᠠ᠂ ᠬᠠᠤᠯᠢᠴᠢ᠂ ᠬᠥᠨᠳᠡᠯᠡᠨ᠎ᠠᠴᠠ ᠲᠠᠰᠤᠯᠬᠤ᠂ ᠬᠤᠳᠠᠯᠳᠤᠭ᠋ᠠᠨ᠎ᠤ ᠶᠠᠪᠤᠳᠠᠯ᠎ᠤᠨ ᠡᠶᠡᠳᠡᠭᠦᠯᠭᠡ ᠵᠡᠷᠭᠡ ᠪᠦᠬᠦ ᠬᠡᠯᠬᠢᠶ᠎ᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠡᠬᠢ ᠪᠠᠶᠠᠯᠢᠭ᠎ᠢ ᠪᠦᠲᠦᠮᠵᠢᠲᠡᠢ ᠬᠤᠷᠠᠮᠳᠤᠭᠤᠯᠵᠤ᠂ ᠤᠯᠤᠰ᠎ᠤᠨ ᠠᠵᠤ ᠠᠬᠤᠢ ᠠᠷᠠᠯᠵᠢᠶ᠎ᠠ ᠰᠣᠶᠣᠯ ᠢᠷᠭᠡᠨᠰᠢᠯ᠎ᠤᠨ ᠶᠠᠪᠤᠯᠴᠠᠭ᠎ᠠ ᠵᠢ ᠬᠠᠮᠲᠤ᠎ᠪᠠᠷ ᠪᠠᠶ᠋ᠢᠭᠤᠯᠬᠤ᠎ᠳᠤ ᠰᠢᠯᠢᠳᠡᠭ ᠰᠠᠢ᠌ᠨ ᠬᠠᠤᠯᠢ ᠴᠠᠭ᠋ᠠᠵᠠ ᠵᠢᠨ ᠦᠢ᠍ᠯᠡᠴᠢᠯᠡᠭᠡ ᠬᠠᠩᠭ᠋ᠠᠵᠤ᠂ ᠨᠡᠩ ᠰᠠᠢ᠌ᠨ ᠦᠢ᠍ᠯᠡᠴᠢᠯᠡᠵᠦ᠂ 《ᠨᠢᠭᠡ ᠪᠦᠰᠡ ᠨᠢᠭᠡ ᠵᠠᠮ》 ᠢ ᠶᠠᠰᠤ ᠴᠢᠨᠠᠷᠲᠠᠢ᠎ᠪᠠᠷ ᠬᠠᠮᠲᠤ᠎ᠪᠠᠷ ᠪᠠᠶ᠋ᠢᠭᠤᠯᠬᠤ ᠵᠢ ᠪᠠᠲᠤᠯᠠᠵᠤ ᠯᠠᠪᠳᠠᠭᠤᠨ ᠵᠶ᠋ᠠᠷ ᠬᠤᠯᠠ ᠠᠶᠠᠯᠠᠬᠤ ᠵᠢ ᠪᠠᠲᠤᠯᠠᠨ᠎ᠠ᠃