ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ 2025 ᠣᠨ᠎ᠤ 13 ᠳ᠋ᠤᠭ᠋ᠠᠷ ᠤᠳᠠᠭ᠎ᠠ ᠵᠢᠨ (ᠥᠷᠭᠡᠳᠬᠡᠭᠰᠡᠨ) ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ
ᠨᠡᠶ᠋ᠢᠲᠡᠯᠡᠭᠰᠡᠨ ᠴᠠᠭ᠄ 2025-04-30

      4 ᠰᠠᠷ᠎ᠠ ᠵᠢᠨ 29᠎ᠤ ᠡᠳᠦᠷ᠂  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ 2025 ᠣᠨ᠎ᠤ 13 ᠳ᠋ᠤᠭ᠋ᠠᠷ ᠤᠳᠠᠭ᠎ᠠ ᠵᠢᠨ (ᠥᠷᠭᠡᠳᠬᠡᠭᠰᠡᠨ) ᠬᠤᠷᠠᠯ ᠬᠤᠷᠠᠯᠳᠤᠭᠤᠯᠵᠤ᠂  ᠶᠡᠷᠦᠩᠬᠡᠢ ᠱᠦᠵᠢ ᠰᠢ ᠵᠢᠨ ᠫᠢᠩ᠎ᠤᠨ ᠡᠷᠬᠢᠯᠡᠨ ᠬᠤᠷᠠᠯᠳᠤᠭᠤᠯᠤᠭᠰᠠᠨ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂  ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠬᠣᠷᠢᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂  ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠳᠤᠮᠳᠠᠳᠤ ᠵᠢᠨ ᠠᠵᠢᠯᠴᠢᠨ᠎ᠤ ᠶᠡᠷᠦᠩᠬᠡᠢ ᠡᠪᠯᠡᠯ ᠪᠠᠢ᠌ᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠵᠢᠴᠢ ᠪᠦᠬᠦ ᠤᠯᠤᠰ᠎ᠤᠨ ᠬᠥᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ᠎ᠢ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂  ᠶᠡᠷᠦᠩᠬᠡᠢ ᠱᠦᠵᠢ ᠰᠢ ᠵᠢᠨ ᠫᠢᠩ᠎ᠤᠨ  ᠬᠣᠶᠠᠷ᠎ᠢ ᠬᠦᠷᠢᠶᠡᠯᠡᠬᠦ ᠠᠵᠢᠯ᠎ᠳᠤ ᠭᠠᠷᠭ᠋ᠠᠭᠰᠠᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠂  ᠤᠯᠤᠰ᠎ᠤᠨ ᠲᠡᠷᠢᠭᠦᠯᠡᠭᠴᠢ ᠰᠢ ᠵᠢᠨ ᠫᠢᠩ᠎ᠤᠨ ᠠᠭᠤᠷ ᠠᠮᠢᠰᠬᠤᠯ ᠪᠣᠯᠣᠨ ᠲᠥᠪ ᠭᠣᠣᠯᠴᠢ᠎ᠪᠠᠷ ᠬᠡᠯᠪᠡᠷᠢ᠎ᠪᠠᠨ ᠬᠤᠪᠢᠷᠠᠭᠤᠯᠬᠤ ᠤᠳᠤᠷᠢᠳᠬᠤ ᠬᠥᠮᠥᠰ᠎ᠤᠨ ᠲᠦᠷᠦᠭᠦᠴᠦᠳ᠎ᠤᠨ ᠬᠤᠷᠠᠯ ᠳᠡᠭᠡᠷ᠎ᠡ  ᠶᠠᠷᠢᠭᠰᠠᠨ ᠶᠠᠷᠢᠶ᠎ᠠ᠂  ᠪᠥᠬᠥ ᠣᠷᠣᠨ᠎ᠤ ᠠᠵᠤ ᠠᠬᠤᠢ ᠵᠢᠨ ᠠᠵᠢᠯ᠎ᠤᠨ ᠵᠠᠳᠠᠯᠤᠯᠲᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠬᠤᠷᠠᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠱᠦᠵᠢ᠂  ᠲᠢᠩᠬᠢᠮ᠎ᠤᠨ ᠳᠠᠷᠤᠭ᠎ᠠ ᠪᠠᠢ ᠶᠦᠩ ᠫᠢᠩ ᠬᠤᠷᠠᠯ᠎ᠢ ᠡᠷᠬᠢᠯᠡᠪᠡ᠃


1.png 


      ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠵᠤ᠂  ᠣᠳᠣᠬᠠᠨ᠎ᠤ ᠠᠵᠤ ᠠᠬᠤᠢ ᠵᠢᠨ ᠠᠵᠢᠯ᠎ᠢ ᠰᠠᠢ᠌ᠲᠤᠷ ᠬᠢᠬᠦ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂  ᠨᠠᠮ᠎ᠤᠨ ᠲᠥᠪ ᠬᠣᠷᠢᠶᠠᠨ᠎ᠤ ᠠᠵᠤ ᠠᠬᠤᠢ ᠵᠢᠨ ᠠᠵᠢᠯ᠎ᠤᠨ ᠲᠤᠬᠠᠢ ᠬᠠᠮᠤᠭ᠎ᠤᠨ ᠰᠢᠨ᠎ᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠣᠯᠣᠨ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠵᠠᠳᠠᠯᠤᠯᠲᠠ ᠵᠢᠨ ᠬᠤᠷᠠᠯ᠎ᠤᠨ ᠪᠣᠳᠠᠲᠠᠢ ᠱᠠᠭ᠋ᠠᠷᠳᠠᠯᠭ᠎ᠠ ᠵᠢ ᠪᠠᠲᠤ ᠡᠵᠡᠮᠳᠡᠵᠦ᠂  ᠪᠦᠬᠦ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠭᠣᠣᠯᠳᠠᠯᠭ᠎ᠠ᠎ᠲᠠᠢ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠴᠢᠨᠠᠷ ᠰᠠᠢ᠌ᠲᠠᠢ ᠬᠠᠤᠯᠢᠵᠢᠯ᠎ᠤᠨ ᠦᠢ᠍ᠯᠡᠴᠢᠯᠡᠭᠡ ᠪᠣᠯᠣᠨ ᠪᠠᠲᠤᠯᠠᠭ᠎ᠠ ᠵᠢ ᠬᠠᠩᠭ᠋ᠠᠬᠤ ᠬᠡᠷᠡᠭᠲᠡᠢ᠃  ᠬᠥᠳᠡᠯᠮᠦᠷᠢᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠦᠲᠦᠮᠵᠢᠲᠡᠶ᠎ᠪᠠᠷ ᠬᠠᠮᠠᠭ᠋ᠠᠯᠠᠵᠤ᠂  ᠬᠠᠤᠯᠢ ᠴᠠᠭ᠋ᠠᠵᠠ ᠵᠢᠨ ᠲᠤᠰᠠᠯᠠᠮᠵᠢ ᠵᠢᠨ 《ᠰᠠᠨᠠᠭ᠎ᠠ ᠠᠮᠤᠷ ᠠᠵᠢᠯᠯᠠᠭ᠎ᠠ》 ᠵᠢ ᠥᠷᠨᠢᠭᠦᠯᠵᠦ᠂  ᠲᠤᠰᠠᠯᠠᠪᠠᠰᠤ ᠵᠣᠬᠢᠬᠤ ᠵᠢ᠎ᠨᠢ ᠴᠥᠮ ᠲᠤᠰᠠᠯᠠᠵᠤ᠂  ᠲᠤᠰᠠᠯᠠᠪᠠᠰᠤ ᠵᠣᠬᠢᠬᠤ ᠵᠢ᠎ᠨᠢ ᠬᠠᠷᠠᠭ᠋ᠠᠯᠵᠠᠨ ᠲᠤᠰᠠᠯᠠᠬᠤ ᠵᠢ ᠪᠡᠶᠡᠯᠡᠭᠦᠯᠬᠦ ᠬᠡᠷᠡᠭᠲᠡᠢ᠃ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯ ᠣᠯᠭᠣᠯᠲᠠ ᠵᠢ ᠠᠬᠢᠭᠤᠯᠬᠤ ᠬᠠᠤᠯᠢ》  ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠭᠦᠨᠵᠡᠭᠡᠢ ᠤᠬᠠᠭᠤᠯᠵᠤ᠂  ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠡᠷᠬᠡ ᠠᠰᠢᠭ᠎ᠢ ᠬᠠᠮᠠᠭ᠋ᠠᠯᠠᠬᠤ ᠦᠵᠡᠯ ᠤᠬᠠᠮᠰᠠᠷ᠎ᠢ  ᠴᠢᠩᠭ᠋ᠠᠷᠠᠭᠤᠯᠬᠤ ᠬᠡᠷᠡᠭᠲᠡᠢ᠃  ᠠᠵᠤ ᠠᠬᠤᠢ᠌ᠯᠠᠯ᠎ᠳᠤ ᠬᠣᠯᠪᠣᠭᠳᠠᠬᠤ ᠬᠠᠤᠯᠢ ᠴᠠᠭ᠋ᠠᠵᠠ ᠵᠢᠨ ᠦᠢ᠍ᠯᠡᠴᠢᠯᠡᠭᠡ ᠵᠢ ᠤᠯᠠᠮ ᠴᠢᠨᠠᠭᠰᠢᠳᠠ ᠰᠢᠯᠢᠳᠡᠭᠵᠢᠭᠦᠯᠵᠦ᠂ 《ᠲᠦᠮᠡᠨ  ᠰᠠᠯᠪᠤᠷᠢ ᠲᠦᠮᠡᠨ  ᠨᠡᠢ᠌ᠭᠡᠮᠯᠢᠭ ᠬᠣᠯᠪᠣᠭ᠋ᠠᠯᠠᠬᠤ》 ᠠᠵᠢᠯᠯᠠᠭ᠎ᠠ ᠵᠢ ᠭᠦᠨᠵᠡᠭᠡᠢ᠌ᠷᠡᠭᠦᠯᠵᠦ᠂  ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ 《ᠬᠠᠤᠯᠢᠵᠢᠯ᠎ᠤᠨ ᠪᠡᠶ᠎ᠡ ᠵᠢᠨ ᠪᠠᠢ᠌ᠴᠠᠭ᠋ᠠᠯᠲᠠ》 ᠵᠢ ᠥᠷᠨᠢᠭᠦᠯᠵᠦ᠂ 《ᠠᠯᠪᠠᠨ ᠭᠡᠷᠡᠴᠢᠯᠡᠭᠡ ᠵᠢᠨ ᠵᠢᠷᠤᠮᠵᠢᠯ᠎ᠲᠠᠢ ᠴᠢᠨᠠᠷ ᠰᠠᠢ᠌ᠲᠠᠢ》 ᠠᠵᠢᠯᠯᠠᠭ᠎ᠠ ᠵᠢ ᠥᠷᠨᠢᠭᠦᠯᠵᠦ᠂  ᠦᠢ᠍ᠯᠡᠴᠢᠯᠡᠭᠡᠨ᠎ᠤ ᠠᠵᠤ ᠠᠬᠤᠢ᠌ᠯᠠᠯ᠎ᠤᠨ ᠣᠨᠣᠪᠴᠢ ᠵᠢᠨ ᠬᠡᠮᠵᠢᠶ᠎ᠡ᠂ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ᠃ 《ᠨᠢᠭᠡ ᠤᠳᠠᠭ᠎ᠠ ᠶᠡᠷᠦᠩᠬᠡᠢ᠌ᠯᠡᠨ ᠪᠠᠢ᠌ᠴᠠᠭ᠋ᠠᠬᠤ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂  ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠲᠡᠭᠦᠯᠳᠡᠷᠵᠢᠭᠦᠯᠬᠦ ᠬᠡᠷᠡᠭᠲᠡᠢ᠃  ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠠᠶᠠᠯᠠᠯ ᠬᠠᠮᠠᠭ᠋ᠠᠯᠠᠬᠤ ᠠᠵᠤ ᠠᠬᠤᠢ᠌ᠯᠠᠯ᠎ᠤᠨ ᠴᠢᠨᠠᠷ ᠰᠠᠢ᠌ᠲᠠᠢ ᠬᠥᠭᠵᠢᠯᠲᠡ ᠵᠢᠨ ᠠᠵᠢᠯ᠎ᠢ ᠭᠦᠨᠵᠡᠭᠡᠢ᠌ᠷᠡᠭᠦᠯᠵᠦ᠂  ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠦᠨᠡᠨ ᠪᠣᠳᠠᠲᠠᠢ᠎ᠪᠠᠷ ᠰᠢᠢ᠍ᠳᠪᠦᠷᠢᠯᠡᠨ᠂  ᠭᠣᠣᠯ ᠠᠷᠭ᠎ᠠ ᠵᠠᠮ᠎ᠤᠨ ᠦᠢ᠍ᠯᠡᠳᠦᠯ᠎ᠢ ᠨᠠᠩ ᠰᠠᠢ᠌ᠲᠤᠷ  ᠪᠠᠳᠠᠷᠠᠭᠤᠯᠬᠤ ᠬᠡᠷᠡᠭᠲᠡᠢ᠃  ᠥᠪᠡᠷᠲᠡᠭᠡᠨ ᠵᠠᠰᠠᠬᠤ ᠣᠷᠣᠨ᠎ᠤ ᠦᠨᠡᠨᠴᠢ ᠢᠲᠡᠭᠡᠮᠵᠢ ᠵᠢᠨ ᠠᠯᠪᠠᠨ ᠭᠡᠷ᠎ᠤᠨ ᠲᠦᠷᠦᠭᠦᠯᠡᠨ ᠶᠡᠷᠦᠩᠬᠡᠢ᠌ᠯᠡᠨ ᠠᠳᠬᠤᠬᠤ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂  ᠠᠵᠤ ᠠᠬᠤᠢ᠌ᠯᠠᠯ᠎ᠤᠨ ᠬᠦᠴᠢᠷᠳᠡᠯ᠎ᠲᠠᠢ ᠠᠰᠠᠭᠤᠳᠠᠯ᠎ᠢ ᠦᠨᠡᠨ ᠪᠣᠳᠠᠲᠠᠢ᠎ᠪᠠᠷ ᠰᠢᠢ᠍ᠳᠪᠦᠷᠢᠯᠡᠬᠦ ᠵᠢ ᠦᠨᠡᠨᠬᠦ ᠠᠬᠢᠭᠤᠯᠬᠤ ᠬᠡᠷᠡᠭᠲᠡᠢ  ᠭᠡᠵᠦ ᠱᠠᠭ᠋ᠠᠷᠳᠠᠵᠠᠢ᠃

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠾᠧ ᠷᠦᠩ ᠳᠤᠮᠳᠠᠳᠤ ᠤᠯᠤᠰ᠎ᠤᠨ ᠨᠠᠶ᠋ᠢᠳᠠᠯᠭ᠎ᠠ ᠵᠢᠨ ᠠᠯᠪᠠᠨ ᠭᠡᠷᠡᠴᠢᠯᠡᠭᠴᠢ (ᠰᠢᠶᠠᠩᠭ᠋ᠠᠩ) ᠵᠢᠨ ᠨᠡᠢ᠌ᠭᠡᠮᠯᠢᠭ᠎ᠤᠨ ᠲᠥᠯᠥᠭᠡᠯᠡᠭᠴᠢᠳ᠎ᠤᠨ ᠪᠦᠯᠬᠦᠮ᠎ᠲᠠᠢ ᠠᠭᠤᠯᠵᠠᠪᠠ
ᠳᠤᠮᠳᠠᠳᠤ ᠤᠯᠤᠰ᠎ᠤᠨ ᠬᠠᠤᠯᠢᠵᠢᠯ᠎ᠤᠨ ᠬᠡᠪᠯᠡᠯ᠎ᠤᠨ ᠬᠣᠷᠢᠶ᠎ᠠ ᠵᠢᠨ ᠶᠡᠷᠦᠩᠬᠡᠢ ᠨᠠᠢ᠌ᠷᠠᠭᠤᠯᠤᠭᠴᠢ᠂ ᠶᠡᠷᠦᠩᠬᠡᠢ ᠳᠠᠭ᠋ᠠᠭ᠋ᠠᠮᠠᠯ ᠸᠠᠩ ᠯᠧᠢ ᠨᠠᠷ ᠮᠠᠨ᠎ᠤ ᠣᠷᠣᠨ᠎ᠳᠤ ᠢᠷᠠᠵᠤ ᠪᠠᠢ᠌ᠴᠠᠭ᠋ᠠᠨ ᠰᠤᠳᠤᠯᠤᠯᠲᠠ ᠬᠢᠪᠡ
ᠾᠧ ᠷᠦᠩ ᠪᠸᠯᠦᠷᠦ᠋ᠰᠢᠶ᠎ᠠ ᠵᠢᠨ ᠤᠯᠤᠰ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠵᠥᠪᠯᠡᠯ᠎ᠤᠨ ᠲᠡᠷᠢᠭᠦᠯᠡᠭᠴᠢ ᠸᠤᠯᠺᠸᠹ᠎ᠲᠠᠢ ᠠᠭᠤᠯᠵᠠᠪᠠ
ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ 《ᠨᠡᠭᠡᠭᠡᠯᠲᠡᠲᠤ ᠡᠳᠦᠷ》᠎ᠨᠢ ᠵᠠᠰᠠᠭ᠎ᠤᠨ ᠣᠷᠳᠣᠨ ᠪᠠ ᠠᠷᠠᠳ᠎ᠤᠨ ᠬᠠᠷᠢᠯᠴᠠᠨ ᠦᠢ᠍ᠯᠡᠳᠦᠯᠴᠡᠬᠦ ᠰᠢᠨ᠎ᠡ ᠲᠠᠪᠴᠠᠩ᠎ᠢ ᠪᠣᠶ ᠪᠣᠯᠭ᠋ᠠᠪᠠ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠦᠬᠦ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠵᠢᠴᠢ ᠠᠵᠤ ᠠᠬᠤᠢ᠌ᠯᠠᠯ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠵᠢ ᠠᠬᠢᠭᠤᠯᠬᠤ ᠬᠤᠷᠠᠯ᠎ᠢ ᠬᠤᠷᠠᠯᠳᠤᠭᠤᠯᠪᠠ
 
            