ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠾᠧ ᠷᠦᠩ ᠳᠤᠮᠳᠠᠳᠤ ᠤᠯᠤᠰ᠎ᠤᠨ ᠨᠠᠶ᠋ᠢᠳᠠᠯᠭ᠎ᠠ ᠵᠢᠨ ᠠᠯᠪᠠᠨ ᠭᠡᠷᠡᠴᠢᠯᠡᠭᠴᠢ (ᠰᠢᠶᠠᠩᠭ᠋ᠠᠩ) ᠵᠢᠨ ᠨᠡᠢ᠌ᠭᠡᠮᠯᠢᠭ᠎ᠤᠨ ᠲᠥᠯᠥᠭᠡᠯᠡᠭᠴᠢᠳ᠎ᠤᠨ ᠪᠦᠯᠬᠦᠮ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2025-05-09

      5 ᠰᠠᠷ᠎ᠠ ᠵᠢᠨ 8᠎ᠤ ᠡᠳᠦᠷ᠂  ᠬᠠᠤᠯᠢ  ᠴᠠᠭ᠋ᠠᠵᠠ ᠵᠢᠨ ᠶᠠᠮᠤᠨ᠎ᠤ ᠰᠠᠢ᠌ᠳ ᠾᠧ ᠷᠦᠩ ᠪᠡᠭᠡᠵᠢᠩ᠎ᠳᠤ ᠳᠤᠮᠳᠠᠳᠤ ᠤᠯᠤᠰ᠎ᠤᠨ ᠨᠠᠶ᠋ᠢᠳᠠᠯᠭ᠎ᠠ ᠵᠢᠨ ᠠᠯᠪᠠᠨ ᠭᠡᠷᠡᠴᠢᠯᠡᠭᠴᠢ (ᠰᠢᠶᠠᠩᠭ᠋ᠠᠩ) ᠵᠢᠨ ᠨᠡᠢ᠌ᠭᠡᠮᠯᠢᠭ᠎ᠤᠨ ᠲᠡᠷᠢᠭᠦᠯᠡᠭᠴᠢ ᠰᠢᠦᠢ ᠸᠸᠨ ᠵᠢᠶᠧ ᠨᠠᠷ᠎ᠲᠠᠢ ᠠᠭᠤᠯᠵᠠᠵᠤ᠂  ᠨᠠᠶ᠋ᠢᠳᠠᠯᠭ᠎ᠠ ᠵᠢᠨ ᠠᠯᠪᠠᠨ ᠭᠡᠷᠡᠴᠢᠯᠡᠭᠴᠢ ᠵᠢᠨ ᠳᠦᠷᠢᠮ᠎ᠤᠨ ᠦᠢ᠍ᠯᠡᠳᠦᠯ᠎ᠢ ᠨᠠᠩ ᠰᠠᠢ᠌ᠲᠤᠷ ᠪᠠᠳᠠᠷᠠᠭᠤᠯᠬᠤ ᠵᠡᠷᠭᠡ ᠲᠠᠯ᠎ᠠ᠎ᠪᠠᠷ ᠰᠠᠨᠠᠯ ᠵᠶ᠋ᠠᠨ ᠭᠦᠨᠵᠡᠭᠡᠢ ᠰᠣᠯᠢᠯᠴᠠᠪᠠ᠃


100000.jpg 

     

      ᠬᠠᠤᠯᠢ ᠴᠠᠭ᠋ᠠᠵᠠ ᠵᠢᠨ ᠶᠠᠮᠤᠨ᠎ᠤ ᠰᠠᠢ᠌ᠳ ᠾᠧ ᠷᠦᠩ 5 ᠰᠠᠷ᠎ᠠ ᠵᠢᠨ 8᠎ᠤ ᠡᠳᠦᠷ ᠪᠡᠭᠡᠵᠢᠩ᠎ᠳᠤ ᠳᠤᠮᠳᠠᠳᠤ ᠤᠯᠤᠰ᠎ᠤᠨ ᠨᠠᠶ᠋ᠢᠳᠠᠯᠭ᠎ᠠ ᠵᠢᠨ ᠠᠯᠪᠠᠨ ᠭᠡᠷᠡᠴᠢᠯᠡᠭᠴᠢ (ᠰᠢᠶᠠᠩᠭ᠋ᠠᠩ) ᠵᠢᠨ ᠨᠡᠢ᠌ᠭᠡᠮᠯᠢᠭ᠎ᠤᠨ ᠲᠡᠷᠢᠭᠦᠯᠡᠭᠴᠢ ᠰᠢᠦᠢ ᠸᠸᠨ ᠵᠢᠶᠧ ᠨᠠᠷ᠎ᠲᠠᠢ ᠠᠭᠤᠯᠵᠠᠪᠠ᠃ 

      ᠾᠧ ᠷᠦᠩ᠂  ᠨᠠᠶ᠋ᠢᠳᠠᠯᠭ᠎ᠠ ᠵᠢᠨ ᠠᠯᠪᠠᠨ ᠭᠡᠷᠡᠴᠢᠯᠡᠭᠴᠢ ᠵᠢᠨ ᠳᠦᠷᠢᠮ ᠪᠣᠯ 《ᠨᠢᠭᠡ ᠤᠯᠤᠰ ᠬᠣᠶᠠᠷ ᠪᠠᠢ᠌ᠭᠤᠯᠤᠯ》᠎ᠤᠨ ᠠᠮᠵᠢᠯᠲᠠ᠎ᠲᠠᠢ ᠬᠠᠤᠯᠢ ᠴᠠᠭ᠋ᠠᠵᠠ ᠵᠢᠨ ᠦᠢ᠍ᠯᠡᠳᠦᠯᠭᠡ ᠪᠣᠯᠣᠨ᠎ᠠ᠂  ᠬᠠᠤᠯᠢ ᠴᠠᠭ᠋ᠠᠵᠠ ᠵᠢᠨ ᠶᠠᠮᠤᠨ᠎ᠠᠴᠠ ᠨᠡᠢ᠌ᠭᠡᠮᠯᠢᠭ᠎ᠤᠨ ᠡᠯ᠎ᠡ ᠵᠦᠢ᠍ᠯ᠎ᠤᠨ ᠠᠵᠢᠯ᠎ᠢ ᠦᠷᠭᠦᠯᠵᠢᠯᠡᠨ ᠳᠡᠮᠵᠢᠵᠦ᠂  ᠨᠠᠶ᠋ᠢᠳᠠᠯᠭ᠎ᠠ ᠵᠢᠨ ᠠᠯᠪᠠᠨ ᠭᠡᠷᠡᠴᠢᠯᠡᠭᠴᠢ ᠵᠢᠨ ᠳᠦᠷᠢᠮ᠎ᠢ ᠲᠡᠭᠦᠯᠳᠡᠷᠵᠢᠭᠦᠯᠵᠦ᠂  ᠰᠣᠯᠢᠯᠴᠠᠭ᠎ᠠ ᠬᠠᠮᠲᠤᠷᠠᠯᠴᠠᠭ᠋ᠠᠨ᠎ᠤ ᠲᠠᠪᠴᠠᠩ᠎ᠢ ᠪᠠᠢ᠌ᠭᠤᠯᠵᠤ᠂  ᠨᠠᠶ᠋ᠢᠳᠠᠯᠭ᠎ᠠ ᠵᠢᠨ ᠠᠯᠪᠠᠨ ᠭᠡᠷᠡᠴᠢᠯᠡᠭᠡ ᠵᠢᠨ ᠦᠢ᠍ᠯᠡᠰ᠎ᠤᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠠᠬᠢᠭᠤᠯᠤᠨ᠎ᠠ᠃  ᠨᠡᠢ᠌ᠭᠡᠮᠯᠢᠭ᠎ᠤᠨ᠎ᠬᠢᠨ ᠤᠯᠤᠰ ᠵᠶ᠋ᠠᠨ ᠬᠠᠢ᠌ᠷᠠᠯᠠᠵᠤ ᠰᠢᠶᠠᠩᠭ᠋ᠠᠩ ᠵᠶ᠋ᠠᠨ ᠬᠠᠢ᠌ᠷᠠᠯᠠᠬᠤ ᠵᠣᠷᠢᠭ ᠰᠠᠨᠠᠭ᠎ᠠ ᠵᠢ ᠦᠷᠭᠦᠯᠵᠢᠯᠡᠨ ᠪᠠᠳᠠᠷᠠᠭᠤᠯᠵᠤ᠂  ᠥᠷᠭᠡᠨ ᠤᠯᠠᠨ ᠨᠠᠶ᠋ᠢᠳᠠᠯᠭ᠎ᠠ ᠵᠢᠨ ᠠᠯᠪᠠᠨ ᠭᠡᠷᠡᠴᠢᠯᠡᠭᠴᠢ ᠵᠢ ᠳᠠᠭ᠋ᠠᠭᠤᠯᠤᠨ ᠨᠠᠶ᠋ᠢᠳᠠᠯᠭ᠎ᠠ ᠵᠢᠨ ᠠᠯᠪᠠᠨ ᠭᠡᠷᠡᠴᠢᠯᠡᠭᠡ ᠵᠢᠨ ᠴᠢᠨᠠᠷ ᠴᠢᠨᠰᠠᠭ᠎ᠠ ᠦᠷ᠎ᠡ ᠠᠰᠢᠭ᠎ᠢ ᠴᠢᠨᠠᠭᠰᠢᠳᠠ ᠳᠡᠭᠡᠭᠰᠢᠯᠡᠭᠦᠯᠵᠦ᠂ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠬᠡ ᠪᠤᠯᠤᠩ᠎ᠤᠨ ᠲᠣᠭᠣᠷᠢᠭ᠎ᠤᠨ ᠪᠦᠲᠦᠭᠡᠨ ᠪᠠᠢ᠌ᠭᠤᠯᠤᠯᠲᠠ᠎ᠳᠤ ᠢᠳᠡᠪᠬᠢᠲᠡᠢ ᠣᠷᠣᠯᠴᠠᠵᠤ᠂  ᠰᠢᠶᠠᠩᠭ᠋ᠠᠩ᠎ᠤᠨ ᠤᠯᠤᠰ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠨᠡᠩ ᠰᠠᠢ᠌ᠲᠤᠷ ᠠᠭᠤᠰᠤᠯᠴᠠᠬᠤ ᠵᠢ ᠠᠬᠢᠭᠤᠯᠬᠤ᠎ᠳᠤ ᠬᠠᠤᠯᠢᠵᠢᠯ᠎ᠤᠨ ᠬᠦᠴᠦᠨ ᠴᠢᠳᠠᠯ ᠵᠶ᠋ᠠᠨ ᠡᠷᠭᠦᠬᠦ ᠵᠢ ᠬᠦᠰᠡᠵᠦ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃ 

      ᠰᠢᠦᠢ  ᠸᠸᠨ ᠵᠢᠶᠸ ᠬᠠᠤᠯᠢ ᠴᠠᠭ᠋ᠠᠵᠠ ᠵᠢᠨ ᠶᠠᠮᠤᠨ᠎ᠠᠴᠠ ᠨᠡᠢ᠌ᠭᠡᠮᠯᠢᠭ᠎ᠢ ᠳᠡᠮᠵᠢᠭᠰᠡᠨ᠎ᠳᠤ ᠲᠠᠯᠠᠷᠬᠠᠵᠤ᠂  ᠨᠠᠶ᠋ᠢᠳᠠᠯᠭ᠎ᠠ ᠵᠢᠨ ᠠᠯᠪᠠᠨ ᠭᠡᠷᠡᠴᠢᠯᠡᠭᠡ ᠵᠢᠨ ᠬᠣᠯᠪᠣᠭᠳᠠᠯ ᠪᠦᠬᠦᠢ ᠠᠵᠢᠯ᠎ᠤᠨ ᠠᠬᠢᠴᠠ ᠵᠢ ᠲᠠᠨᠢᠯᠴᠠᠭᠤᠯᠵᠤ᠂  ᠨᠡᠢ᠌ᠭᠡᠮᠯᠢᠭ᠎ᠤᠨ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠵᠤ᠂  ᠰᠢᠶᠠᠩᠭ᠋ᠠᠩ ᠪᠣᠯᠣᠨ ᠳᠣᠲᠣᠷ᠎ᠠ ᠭᠠᠵᠠᠷ᠎ᠤᠨ ᠠᠵᠤ ᠠᠬᠤᠢ ᠠᠷᠠᠯᠵᠢᠶ᠎ᠠ ᠰᠣᠶᠣᠯ ᠢᠷᠭᠡᠨᠰᠢᠯ᠎ᠤᠨ ᠶᠠᠪᠤᠯᠴᠠᠭ᠎ᠠ ᠵᠢ ᠠᠬᠢᠭᠤᠯᠬᠤ᠎ᠳᠤ ᠰᠢᠯᠢᠳᠡᠭ ᠰᠠᠢ᠌ᠨ ᠬᠠᠤᠯᠢ ᠴᠠᠭ᠋ᠠᠵᠠ ᠵᠢᠨ ᠦᠢ᠍ᠯᠡᠴᠢᠯᠡᠭᠡ ᠬᠠᠩᠭ᠋ᠠᠨ᠎ᠠ ᠭᠡᠵᠦ ᠢᠯᠡᠳᠬᠡᠪᠡ᠃

ᠢᠷᠡᠯᠲᠡ᠄ᠬᠠᠤᠯᠢ ᠴᠠᠭ᠋ᠠᠵᠠ ᠵᠢᠨ ᠶᠠᠮᠤᠨ
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠬᠠᠤᠯᠢᠵᠢᠯ᠎ᠤᠨ ᠬᠡᠪᠯᠡᠯ᠎ᠤᠨ ᠬᠣᠷᠢᠶ᠎ᠠ ᠵᠢᠨ ᠶᠡᠷᠦᠩᠬᠡᠢ ᠨᠠᠢ᠌ᠷᠠᠭᠤᠯᠤᠭᠴᠢ᠂ ᠶᠡᠷᠦᠩᠬᠡᠢ ᠳᠠᠭ᠋ᠠᠭ᠋ᠠᠮᠠᠯ ᠸᠠᠩ ᠯᠧᠢ ᠨᠠᠷ ᠮᠠᠨ᠎ᠤ ᠣᠷᠣᠨ᠎ᠳᠤ ᠢᠷᠠᠵᠤ ᠪᠠᠢ᠌ᠴᠠᠭ᠋ᠠᠨ ᠰᠤᠳᠤᠯᠤᠯᠲᠠ ᠬᠢᠪᠡ
ᠾᠧ ᠷᠦᠩ ᠪᠸᠯᠦᠷᠦ᠋ᠰᠢᠶ᠎ᠠ ᠵᠢᠨ ᠤᠯᠤᠰ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠵᠥᠪᠯᠡᠯ᠎ᠤᠨ ᠲᠡᠷᠢᠭᠦᠯᠡᠭᠴᠢ ᠸᠤᠯᠺᠸᠹ᠎ᠲᠠᠢ ᠠᠭᠤᠯᠵᠠᠪᠠ
ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ 《ᠨᠡᠭᠡᠭᠡᠯᠲᠡᠲᠤ ᠡᠳᠦᠷ》᠎ᠨᠢ ᠵᠠᠰᠠᠭ᠎ᠤᠨ ᠣᠷᠳᠣᠨ ᠪᠠ ᠠᠷᠠᠳ᠎ᠤᠨ ᠬᠠᠷᠢᠯᠴᠠᠨ ᠦᠢ᠍ᠯᠡᠳᠦᠯᠴᠡᠬᠦ ᠰᠢᠨ᠎ᠡ ᠲᠠᠪᠴᠠᠩ᠎ᠢ ᠪᠣᠶ ᠪᠣᠯᠭ᠋ᠠᠪᠠ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠦᠬᠦ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠵᠢᠴᠢ ᠠᠵᠤ ᠠᠬᠤᠢ᠌ᠯᠠᠯ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠵᠢ ᠠᠬᠢᠭᠤᠯᠬᠤ ᠬᠤᠷᠠᠯ᠎ᠢ ᠬᠤᠷᠠᠯᠳᠤᠭᠤᠯᠪᠠ
ᠬᠠᠤᠯᠢ ᠴᠠᠭ᠋ᠠᠵᠠ ᠵᠢᠨ ᠶᠠᠮᠤᠨ᠎ᠤ ᠰᠠᠢ᠌ᠳ ᠾᠧ ᠷᠦᠩ ᠣᠣᠮᠧᠨ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠡᠴᠦᠰ᠎ᠤᠨ ᠰᠢᠭᠦᠯᠲᠡ ᠵᠢᠨ ᠰᠢᠭᠦᠬᠦ ᠬᠣᠷᠢᠶᠠᠨ᠎ᠤ ᠳᠠᠷᠤᠭ᠎ᠠ ᠰᠦᠩ ᠮᠢᠨ ᠯᠢ᠎ᠲᠠᠢ ᠠᠭᠤᠯᠵᠠᠪᠠ
 
            