5 ᠰᠠᠷ᠎ᠠ ᠵᠢᠨ 13᠎ᠤ ᠡᠳᠦᠷ᠂ ᠳᠤᠮᠳᠠᠳᠤ ᠤᠯᠤᠰ᠎ᠤᠨ ᠬᠠᠤᠯᠢᠵᠢᠯ᠎ᠤᠨ ᠬᠡᠪᠯᠡᠯ᠎ᠤᠨ ᠬᠣᠷᠢᠶ᠎ᠠ ᠵᠢᠨ ᠶᠡᠷᠦᠩᠬᠡᠢ ᠨᠠᠢ᠌ᠷᠠᠭᠤᠯᠤᠭᠴᠢ᠂ ᠶᠡᠷᠦᠩᠬᠡᠢ ᠳᠠᠭ᠋ᠠᠭ᠋ᠠᠮᠠᠯ ᠸᠠᠩ ᠯᠧᠢ ᠨᠠᠷ ᠥᠪᠥᠷ ᠮᠣᠩᠭᠣᠯ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ᠃ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠪᠠᠢ᠌ᠭᠤᠯᠭ᠎ᠠ᠂ ᠥᠪᠡᠷᠲᠡᠭᠡᠨ ᠵᠠᠰᠠᠬᠤ ᠣᠷᠣᠨ᠎ᠤ ᠬᠠᠤᠯᠢᠵᠢᠯ᠎ᠤᠨ ᠪᠣᠯᠪᠠᠰᠤᠷᠠᠯ᠎ᠤᠨ ᠲᠥᠪ᠂ ᠥᠪᠥᠷ ᠮᠣᠩᠭᠣᠯ᠎ᠤᠨ ᠡᠮᠡᠭᠲᠡᠢ᠌ᠴᠦᠳ᠎ᠢ ᠠᠯᠪᠠᠳᠠᠯᠭ᠎ᠠ᠎ᠪᠠᠷ ᠲᠤᠰᠠᠭ᠋ᠠᠷᠯᠠᠵᠤ ᠬᠣᠣᠷ ᠲᠠᠲᠠᠬᠤ ᠵᠢ ᠵᠣᠭᠰᠤᠭ᠋ᠠᠬᠤ ᠭᠠᠵᠠᠷ᠎ᠲᠤ ᠬᠦᠷᠴᠦ᠂ ᠥᠪᠥᠷ ᠮᠣᠩᠭᠣᠯ᠎ᠤᠨ ᠬᠠᠤᠯᠢᠵᠢᠯ᠎ᠤᠨ ᠪᠠᠢ᠌ᠭᠤᠯᠤᠯᠲᠠ ᠪᠣᠯᠣᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠠᠵᠢᠯ᠎ᠤᠨ ᠬᠠᠮᠢᠶ᠎ᠠ ᠪᠦᠬᠦᠢ ᠪᠠᠢ᠌ᠳᠠᠯ᠎ᠢ ᠣᠢ᠌ᠯᠠᠭ᠋ᠠᠬᠤ ᠵᠢᠨ ᠬᠠᠮᠲᠤ ᠶᠠᠷᠢᠯᠴᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠱᠦᠵᠢ᠂ ᠲᠢᠩᠬᠢᠮ᠎ᠤᠨ ᠳᠠᠷᠤᠭ᠎ᠠ
ᠪᠠᠢ ᠶᠦᠩ ᠫᠢᠩ ᠶᠠᠷᠢᠯᠴᠠᠬᠤ ᠬᠤᠷᠠᠯ᠎ᠢ ᠡᠷᠬᠢᠯᠡᠪᠡ᠃
ᠶᠠᠷᠢᠯᠴᠠᠬᠤ ᠬᠤᠷᠠᠯ ᠳᠡᠭᠡᠷ᠎ᠡ᠂ ᠬᠣᠶᠠᠷ ᠲᠠᠯ᠎ᠠ᠎ᠪᠠᠷ ᠵᠶ᠋ᠠᠨ ᠡᠯ᠎ᠡ ᠬᠦᠷᠢᠶᠡᠨ᠎ᠤ ᠠᠵᠢᠯ᠎ᠤᠨ ᠦᠷ᠎ᠡ ᠪᠦᠲᠦᠭᠡᠯ ᠵᠢᠴᠢ ᠬᠥᠭᠵᠢᠯᠲᠡ ᠵᠢᠨ ᠳᠠᠪᠠᠭᠤᠯᠢᠭ᠎ᠢ ᠲᠠᠨᠢᠯᠴᠠᠭᠤᠯᠵᠤ᠂ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠪᠠ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠬᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ᠂ ᠡᠷᠡᠭᠦᠦ ᠰᠢᠢ᠍ᠳᠬᠡᠯ᠎ᠢ ᠭᠦᠢ᠍ᠴᠡᠳᠬᠡᠬᠦ᠂ ᠤᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡ᠂ ᠭᠠᠳᠠᠭ᠋ᠠᠳᠤ᠎ᠳᠤ ᠬᠣᠯᠪᠣᠭᠳᠠᠬᠤ ᠬᠠᠤᠯᠢ᠎ᠪᠠᠷ ᠵᠠᠰᠠᠬᠤ ᠵᠡᠷᠭᠡ ᠠᠵᠢᠯ᠎ᠤᠨ ᠲᠣᠭᠣᠷᠢᠨ᠎ᠳᠤ ᠰᠠᠨᠠᠯ ᠵᠶ᠋ᠠᠨ ᠭᠦᠨᠵᠡᠭᠡᠢ ᠰᠣᠯᠢᠯᠴᠠᠪᠠ᠃ ᠬᠣᠶᠠᠷ ᠲᠠᠯ᠎ᠠ᠎ᠪᠠᠷ ᠵᠶ᠋ᠠᠨ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠪᠣᠯᠣᠨ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠤᠯᠢ ᠴᠠᠭ᠋ᠠᠵᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠵᠢᠭ᠋ᠠᠪᠤᠷᠢ ᠵᠢᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠤᠯᠤᠰ᠎ᠤᠨ ᠬᠠᠤᠯᠢᠵᠢᠯ᠎ᠤᠨ ᠬᠡᠪᠯᠡᠯ᠎ᠤᠨ ᠬᠣᠷᠢᠶ᠎ᠠ ᠵᠢᠨ ᠤᠬᠠᠭᠤᠯᠭ᠎ᠠ ᠰᠣᠶᠣᠯ᠎ᠤᠨ ᠳᠠᠪᠠᠭᠤᠯᠢᠭ ᠪᠠ ᠥᠪᠥᠷ ᠮᠣᠩᠭᠣᠯ᠎ᠤᠨ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠦᠢ᠍ᠯᠡᠳᠦᠯᠭᠡ ᠵᠢᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠤᠨ᠂ ᠪᠣᠳᠠᠲᠠᠢ ᠵᠢ ᠡᠷᠬᠢᠮᠯᠡᠭᠰᠡᠨ ᠥᠨᠳᠥᠷ ᠪᠦᠲᠦᠮᠵᠢᠲᠡᠶ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠵᠢ ᠥᠷᠨᠢᠭᠦᠯᠵᠦ᠂ ᠡᠬᠢ ᠪᠠᠶᠠᠯᠢᠭ᠎ᠢ ᠬᠠᠮᠲᠤ᠎ᠪᠠᠷ ᠭᠥᠷᠳᠡᠬᠦ᠂ ᠳᠠᠪᠠᠭᠤᠯᠢᠭ ᠵᠶ᠋ᠠᠨ ᠬᠠᠷᠢᠯᠴᠠᠨ ᠨᠥᠬᠥᠪᠦᠷᠢᠯᠡᠬᠦ᠂ ᠲᠤᠷᠰᠢᠯᠭ᠎ᠠ᠎ᠪᠠᠨ ᠬᠠᠷᠢᠯᠴᠠᠨ ᠲᠣᠯᠢᠯᠠᠬᠤ᠂ ᠬᠠᠮᠲᠤᠷᠠᠨ ᠠᠵᠢᠯᠯᠠᠵᠤ ᠬᠠᠮᠲᠤ᠎ᠪᠠᠷ ᠠᠰᠢᠭ ᠭᠥᠷᠳᠡᠬᠦ ᠵᠢ ᠪᠡᠶᠡᠯᠡᠭᠦᠯᠵᠦ᠂ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠪᠠ ᠬᠠᠤᠯᠢ ᠴᠠᠭ᠋ᠠᠵᠠ ᠵᠠᠰᠠᠭ ᠵᠠᠬᠢᠷᠭ᠋ᠠᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠎ᠠ ᠭᠡᠵᠦ ᠢᠯᠡᠳᠬᠡᠵᠡᠭᠡᠪᠡ᠃ ᠬᠤᠷᠠᠯ ᠳᠡᠭᠡᠷ᠎ᠡ᠂ ᠬᠣᠶᠠᠷ ᠲᠠᠯ᠎ᠠ᠎ᠪᠠᠷ ᠵᠶ᠋ᠠᠨ ᠬᠠᠮᠢᠶ᠎ᠠ ᠪᠦᠬᠦᠢ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠬᠢᠷᠠᠯᠴᠠᠵᠠᠢ᠃
ᠲᠢᠩᠬᠢᠮ᠎ᠤᠨ ᠤᠳᠤᠷᠢᠳᠤᠯᠭ᠎ᠠ ᠸᠠᠩ ᠫᠢᠩ᠂ ᠸᠠᠩ ᠰᠢᠶᠠᠩ ᠳ᠋ᠦᠩ ᠠᠵᠢᠯᠯᠠᠭ᠎ᠠ᠎ᠳᠤ ᠣᠷᠣᠯᠴᠠᠪᠠ᠃