ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠾᠧ ᠷᠦᠩ ᠪᠸᠯᠦᠷᠦ᠋ᠰᠢᠶ᠎ᠠ ᠵᠢᠨ ᠤᠯᠤᠰ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠵᠥᠪᠯᠡᠯ᠎ᠤᠨ ᠲᠡᠷᠢᠭᠦᠯᠡᠭᠴᠢ ᠸᠤᠯᠺᠸᠹ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2025-05-15

      ᠬᠠᠤᠯᠢ ᠴᠠᠭ᠋ᠠᠵᠠ ᠵᠢᠨ ᠶᠠᠮᠤᠨ᠎ᠤ ᠰᠠᠢ᠌ᠳ ᠾᠧ ᠷᠦᠩ 5 ᠰᠠᠷ᠎ᠠ ᠵᠢᠨ 14᠎ᠤ ᠡᠳᠦᠷ ᠪᠡᠭᠡᠵᠢᠩ᠎ᠳᠤ ᠪᠸᠯᠦᠷᠦ᠋ᠰᠢᠶ᠎ᠠ ᠵᠢᠨ ᠤᠯᠤᠰ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠺᠣᠮᠢᠰ᠎ᠤᠨ ᠲᠡᠷᠢᠭᠦᠯᠡᠭᠴᠢ ᠸᠤᠯᠺᠸᠹ ᠨᠠᠷ᠎ᠲᠠᠢ ᠠᠭᠤᠯᠵᠠᠪᠠ᠃


22.jpg 


      ᠾᠧ ᠷᠦᠩ ᠨᠡᠢ᠌ᠭᠡᠮ ᠵᠢᠷᠤᠮ᠎ᠤᠨ ᠬᠠᠤᠯᠢᠵᠢᠯ᠎ᠤᠨ ᠦᠵᠡᠯ ᠰᠠᠨᠠᠭ᠋ᠠᠨ᠎ᠤ ᠳᠠᠭ᠋ᠠᠭᠤᠯᠭ᠎ᠠ ᠳᠣᠣᠷᠠᠬᠢ ᠳᠤᠮᠳᠠᠳᠤ ᠤᠯᠤᠰ᠎ᠤᠨ ᠬᠠᠤᠯᠢᠵᠢᠯ᠎ᠤᠨ ᠪᠠᠢ᠌ᠭᠤᠯᠤᠯᠲᠠ ᠵᠢᠨ ᠣᠯᠣᠭᠰᠠᠨ ᠠᠮᠵᠢᠯᠲᠠ ᠪᠣᠯᠣᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯ᠎ᠤᠨ ᠪᠠᠢ᠌ᠳᠠᠯ᠎ᠢ ᠲᠠᠨᠢᠯᠴᠠᠭᠤᠯᠵᠤ᠂  ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠳᠦᠷᠢᠮ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠰᠢ ᠵᠢᠨ ᠫᠢᠩ᠎ᠤᠨ ᠬᠠᠤᠯᠢ ᠴᠠᠭ᠋ᠠᠵᠠ ᠵᠢᠨ ᠳᠦᠷᠢᠮ᠎ᠤᠨ ᠴᠢᠬᠤᠯᠠ ᠪᠦᠷᠢᠯᠳᠦᠭᠦᠨ ᠬᠡᠰᠡᠭ ᠮᠥᠨ᠂  ᠵᠠᠷᠭᠤ᠎ᠳᠤ ᠬᠣᠯᠪᠣᠭᠳᠠᠭᠰᠠᠨ ᠲᠤᠰᠬᠠᠢ ᠴᠢᠨᠠᠷᠲᠠᠢ ᠠᠰᠠᠭᠤᠳᠠᠯ᠎ᠢ ᠰᠢᠢ᠍ᠳᠪᠦᠷᠢᠯᠡᠨ᠎ᠡ᠃  ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠶᠠᠮᠤᠨ ᠳᠤᠷᠠᠲᠠᠶ᠎ᠠ ᠪᠸᠯᠦᠷᠦ᠋ᠰᠢᠶ᠎ᠠ  ᠵᠢᠨ ᠤᠯᠤᠰ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠵᠥᠪᠯᠡᠯ᠎ᠲᠠᠢ ᠬᠠᠮᠲᠤᠪᠠᠷ᠂  ᠬᠣᠶᠠᠷ ᠤᠯᠤᠰ᠎ᠤᠨ ᠲᠡᠷᠢᠭᠦᠨ᠎ᠤ ᠲᠣᠬᠢᠷᠠᠯᠴᠠᠭᠰᠠᠨ ᠴᠢᠬᠤᠯᠠ ᠬᠠᠮᠲᠤ ᠵᠢᠨ ᠲᠠᠨᠢᠯᠲᠠ ᠵᠢ ᠨᠠᠢ᠌ᠳᠠᠪᠤᠷᠢᠵᠢᠭᠤᠯᠵᠤ᠂  ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂  ᠮᠡᠷᠭᠡᠵᠢᠯ᠎ᠤᠨ ᠬᠡᠷᠡᠭᠯᠡᠯᠲᠡ᠂  ᠬᠥᠮᠦᠵᠢᠯ  ᠪᠣᠯᠪᠠᠰᠤᠷᠠᠯ᠂  ᠴᠢᠳᠠᠪᠤᠷᠢᠲᠠᠨ᠎ᠢ ᠬᠥᠮᠥᠵᠢᠭᠦᠯᠬᠦ ᠵᠡᠷᠭᠡ ᠲᠠᠯ᠎ᠠ᠎ᠪᠠᠷ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂  ᠬᠣᠶᠠᠷ ᠤᠯᠤᠰ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠬᠠᠤᠯᠢᠵᠢᠯ᠎ᠤᠨ ᠦᠢ᠍ᠯᠡᠴᠢᠯᠡᠭᠡ ᠬᠠᠩᠭ᠋ᠠᠨ᠎ᠠ  ᠭᠡᠵᠦ ᠢᠯᠡᠳᠬᠡᠪᠡ᠃ 

      ᠸᠤᠯᠺᠸᠹ ᠬᠣᠶᠠᠷ ᠲᠠᠯ᠎ᠠ ᠵᠢᠨ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂  ᠳᠤᠷᠠᠲᠠᠶ᠎ᠠ ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠶᠠᠮᠤᠨ᠎ᠯᠤᠭ᠎ᠠ ᠵᠢᠨ ᠰᠣᠯᠢᠯᠴᠠᠭ᠎ᠠ ᠲᠤᠯᠢᠳᠠᠯᠭ᠎ᠠ ᠪᠠ ᠬᠠᠮᠲᠤᠷᠠᠯᠴᠠᠭ᠎ᠠ᠎ᠪᠠᠨ ᠴᠢᠨᠠᠭᠰᠢᠳᠠ ᠭᠦᠨᠵᠡᠭᠡᠢ᠌ᠷᠡᠭᠦᠯᠦᠨ᠎ᠡ ᠭᠡᠵᠦ ᠢᠯᠡᠳᠬᠡᠪᠡ᠃ 

      ᠬᠠᠤᠯᠢ ᠴᠠᠭ᠋ᠠᠵᠠ ᠵᠢᠨ ᠶᠠᠮᠤᠨ᠎ᠤ ᠳᠡᠳ᠋ ᠰᠠᠢ᠌ᠳ  ᠬᠤ᠌ ᠸᠧᠢ  ᠯᠢᠶᠸ᠂  ᠳᠤᠮᠳᠠᠳᠤ ᠤᠯᠤᠰ᠎ᠲᠤ ᠰᠠᠭᠤᠭ᠎ᠠ ᠪᠸᠯᠦᠷᠦ᠋ᠰᠢᠶ᠎ᠠ ᠵᠢᠨ ᠡᠯᠴᠢᠨ ᠰᠠᠢ᠌ᠳ  ᠴᠢᠶᠸᠯᠸᠸᠶᠠᠺᠹ᠂  ᠤᠯᠤᠰ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠵᠥᠪᠯᠡᠯ᠎ᠤᠨ ᠳᠡᠳ᠋ ᠲᠡᠷᠢᠭᠦᠯᠡᠭᠴᠢ  ᠠᠯᠢᠶᠸᠱᠨ᠋ᠺᠠᠢ᠌ᠸᠸᠴᠢ ᠠᠭᠤᠯᠵᠠᠯᠲᠠ᠎ᠳᠤ ᠣᠷᠣᠯᠴᠠᠪᠠ᠃ 

ᠢᠷᠡᠯᠲᠡ᠄ᠬᠠᠤᠯᠢ ᠴᠠᠭ᠋ᠠᠵᠠ ᠵᠢᠨ ᠶᠠᠮᠤᠨ
          
ᠬᠠᠮᠢᠶ᠎ᠡ ᠪᠦᠬᠦᠢ ᠰᠣᠨᠢᠨ
ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ 《ᠨᠡᠭᠡᠭᠡᠯᠲᠡᠲᠤ ᠡᠳᠦᠷ》᠎ᠨᠢ ᠵᠠᠰᠠᠭ᠎ᠤᠨ ᠣᠷᠳᠣᠨ ᠪᠠ ᠠᠷᠠᠳ᠎ᠤᠨ ᠬᠠᠷᠢᠯᠴᠠᠨ ᠦᠢ᠍ᠯᠡᠳᠦᠯᠴᠡᠬᠦ ᠰᠢᠨ᠎ᠡ ᠲᠠᠪᠴᠠᠩ᠎ᠢ ᠪᠣᠶ ᠪᠣᠯᠭ᠋ᠠᠪᠠ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠦᠬᠦ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠵᠢᠴᠢ ᠠᠵᠤ ᠠᠬᠤᠢ᠌ᠯᠠᠯ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠵᠢ ᠠᠬᠢᠭᠤᠯᠬᠤ ᠬᠤᠷᠠᠯ᠎ᠢ ᠬᠤᠷᠠᠯᠳᠤᠭᠤᠯᠪᠠ
ᠬᠠᠤᠯᠢ ᠴᠠᠭ᠋ᠠᠵᠠ ᠵᠢᠨ ᠶᠠᠮᠤᠨ᠎ᠤ ᠰᠠᠢ᠌ᠳ ᠾᠧ ᠷᠦᠩ ᠣᠣᠮᠧᠨ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠡᠴᠦᠰ᠎ᠤᠨ ᠰᠢᠭᠦᠯᠲᠡ ᠵᠢᠨ ᠰᠢᠭᠦᠬᠦ ᠬᠣᠷᠢᠶᠠᠨ᠎ᠤ ᠳᠠᠷᠤᠭ᠎ᠠ ᠰᠦᠩ ᠮᠢᠨ ᠯᠢ᠎ᠲᠠᠢ ᠠᠭᠤᠯᠵᠠᠪᠠ
ᠥᠪᠡᠷᠲᠡᠭᠡᠨ ᠵᠠᠰᠠᠬᠤ ᠣᠷᠣᠨ᠎ᠤ ᠬᠥᠨᠳᠡᠯᠡᠨ᠎ᠠᠴᠠ ᠲᠠᠰᠤᠯᠬᠤ ᠨᠡᠢ᠌ᠭᠡᠮᠯᠢᠭ 2025 ᠣᠨ᠎ᠤ ᠪᠥᠬᠥ ᠣᠷᠣᠨ᠎ᠤ ᠬᠥᠨᠳᠡᠯᠡᠨ᠎ᠠᠴᠠ ᠲᠠᠰᠤᠯᠬᠤ ᠠᠵᠢᠯ᠎ᠤᠨ ᠪᠣᠯᠪᠠᠰᠤᠷᠠᠯ᠎ᠤᠨ ᠠᠩᠭᠢ ᠵᠢ ᠡᠷᠬᠢᠯᠡᠪᠡ
ᠾᠧ ᠷᠦᠩ ᠤᠯᠠᠨ ᠤᠯᠤᠰ᠎ᠤᠨ ᠠᠯᠪᠠᠨ ᠭᠡᠷᠡᠴᠢᠯᠡᠭᠡ ᠵᠢᠨ ᠬᠣᠯᠪᠣᠭ᠎ᠠ ᠵᠢᠨ ᠲᠡᠷᠢᠭᠦᠯᠡᠭᠴᠢ ᠯᠸᠤᠨ᠋ᠸᠯ·ᠭᠠᠯᠢᠽ᠎ᠲᠠᠢ ᠠᠭᠤᠯᠵᠠᠪᠠ
 
            