ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ 《ᠨᠡᠭᠡᠭᠡᠯᠲᠡᠲᠤ ᠡᠳᠦᠷ》᠎ᠨᠢ ᠵᠠᠰᠠᠭ᠎ᠤᠨ ᠣᠷᠳᠣᠨ ᠪᠠ ᠠᠷᠠᠳ᠎ᠤᠨ ᠬᠠᠷᠢᠯᠴᠠᠨ ᠦᠢ᠍ᠯᠡᠳᠦᠯᠴᠡᠬᠦ ᠰᠢᠨ᠎ᠡ ᠲᠠᠪᠴᠠᠩ᠎ᠢ ᠪᠣᠶ ᠪᠣᠯᠭ᠋ᠠᠪᠠ
ᠨᠡᠶ᠋ᠢᠲᠡᠯᠡᠭᠰᠡᠨ ᠴᠠᠭ᠄ 2025-05-26

      5  ᠰᠠᠷ᠎ᠠ ᠵᠢᠨ 23᠎ᠤ ᠡᠳᠦᠷ᠂  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠠᠴᠠ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ 《ᠨᠡᠭᠡᠭᠡᠯᠲᠡᠲᠤ ᠡᠳᠦᠷ》  ᠵᠢᠴᠢ 《ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢ ᠶᠡᠬᠡ ᠲᠢᠩᠬᠢᠮ᠎ᠳᠤ ᠣᠷᠣᠭᠤᠯᠬᠤ》  ᠠᠵᠢᠯᠯᠠᠭ᠎ᠠ ᠵᠢ ᠥᠷᠨᠢᠭᠦᠯᠵᠦ᠂ 《ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ》 ᠵᠢ ᠬᠢᠨᠠᠨ ᠵᠥᠪᠰᠢᠶᠡᠷᠡᠬᠦ ᠦᠢ᠍ᠯᠡᠴᠢᠯᠡᠭᠡ᠎ᠳᠤ ᠤᠯᠠᠮ ᠨᠢᠭᠡ ᠠᠯᠬᠤᠮ ᠠᠭᠤᠰᠬᠠᠨ ᠣᠷᠣᠭᠤᠯᠵᠤ᠂  ᠡᠷᠬᠡ ᠲᠡᠭᠰᠢ ᠲᠥᠪ ᠭᠣᠥᠯᠴᠢ᠂  ᠢᠯᠡ ᠲᠣᠳᠣ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠣᠷᠴᠢᠨ ᠲᠣᠭᠣᠷᠢᠨ᠎ᠢ ᠢᠳᠡᠪᠬᠢᠲᠡᠢ ᠪᠣᠶ ᠪᠣᠯᠭ᠋ᠠᠪᠠ᠃  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂  ᠲᠢᠩᠬᠢᠮ᠎ᠤᠨ  ᠳᠡᠳ᠋  ᠳᠠᠷᠤᠭ᠎ᠠ ᠳ᠋ᠠᠢ ᠶᠠᠨ᠂  ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠢ᠌ᠲ᠋ᠠ ᠵᠢᠨ ᠲᠥᠪ᠎ᠤᠨ ᠨᠠᠮ᠎ᠤᠨ ᠬᠣᠷᠢᠶ᠎ᠠ ᠵᠢᠨ ᠱᠦᠵᠢ᠂  ᠡᠷᠬᠢᠯᠡᠭᠴᠢ ᠵᠠᠩ  ᠱᠦ᠍ ᠯᠢ ᠠᠵᠢᠯᠯᠠᠭ᠎ᠠ᠎ᠳᠤ ᠣᠷᠣᠯᠴᠠᠪᠠ᠃  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠂  ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ  ᠶᠠᠪᠤᠳᠠᠯ᠎ᠤᠨ ᠦᠢ᠍ᠯᠡᠴᠢᠯᠡᠭᠡ ᠪᠠ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠂  ᠬᠥᠬᠡᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠂  ᠬᠠᠤᠯᠢᠴᠢ᠂  ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ᠂  ᠠᠯᠪᠠᠨ ᠭᠡᠷᠡᠴᠢᠯᠡᠭᠡ ᠵᠢᠨ ᠠᠵᠢᠯ ᠲᠦᠷᠦᠯ᠎ᠤᠨ ᠲᠥᠯᠥᠭᠡᠯᠡᠭᠴᠢ ᠵᠢᠴᠢ ᠠᠵᠤ ᠠᠬᠤᠢ᠌ᠯᠠᠯ᠎ᠤᠨ ᠲᠥᠯᠥᠭᠡᠯᠡᠭᠴᠢ ᠠᠵᠢᠯᠯᠠᠭ᠎ᠠ᠎ᠳᠤ ᠣᠷᠣᠯᠴᠠᠪᠠ᠃


1.png 


      ᠠᠵᠢᠯᠯᠠᠭ᠎ᠠ ᠵᠢᠨ ᠳᠤᠮᠳᠠ᠂  ᠲᠥᠯᠥᠭᠡᠯᠡᠭᠴᠢᠳ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠡᠬᠡ ᠲᠢᠩᠬᠢᠮ᠎ᠤᠨ ᠥᠪᠡᠷᠲᠡᠭᠡᠨ ᠦᠢ᠍ᠯᠡᠴᠢᠯᠡᠬᠦ ᠲᠣᠭᠣᠷᠢᠭ᠂ ᠶᠡᠷᠦᠩᠬᠡᠢ ᠴᠣᠩᠬᠣᠪᠴᠢ  ᠵᠢᠴᠢ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ  ᠴᠣᠩᠬᠣᠪᠴᠢ᠂  ᠠᠵᠤ ᠠᠬᠤᠢ᠌ᠯᠠᠯ᠎ᠳᠤ ᠬᠣᠯᠪᠣᠭᠳᠠᠬᠤ ᠬᠠᠤᠯᠢ ᠴᠠᠭ᠋ᠠᠵᠠ ᠵᠢᠨ ᠨᠣᠮ ᠪᠢᠴᠢᠭ᠎ᠤᠨ ᠪᠤᠯᠤᠩ ᠵᠡᠷᠭᠡ ᠭᠠᠵᠠᠷ ᠣᠷᠣᠨ ᠵᠶ᠋ᠠᠷ ᠲᠣᠭᠣᠷᠢᠨ ᠦᠵᠡᠪᠡ᠃  ᠬᠠᠤᠯᠢ  ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ᠂  ᠠᠵᠢᠯᠯᠠᠭ᠋ᠠᠨ᠎ᠤ ᠵᠠᠭᠪᠤᠷ᠂  ᠦᠢ᠍ᠯᠡᠴᠢᠯᠡᠭᠡᠨ᠎ᠤ ᠠᠷᠭ᠎ᠠ ᠬᠡᠮᠵᠢᠶ᠎ᠡ ᠵᠢᠴᠢ 《ᠨᠢᠭᠡ ᠥᠷᠲᠡᠭᠡᠨ᠎ᠤ ᠮᠠᠶᠢᠭ》᠎ᠤᠨ ᠠᠵᠤ ᠠᠬᠤᠢ᠌ᠯᠠᠯ᠎ᠳᠤ ᠬᠣᠯᠪᠣᠭᠳᠠᠬᠤ ᠬᠠᠤᠯᠢ ᠴᠠᠭ᠋ᠠᠵᠠ ᠵᠢᠨ ᠦᠢ᠍ᠯᠡᠴᠢᠯᠡᠭᠡ ᠵᠡᠷᠭᠡ ᠠᠭᠤᠯᠭ᠎ᠠ ᠵᠢ ᠨᠠᠷᠢᠨ ᠣᠢ᠌ᠯᠠᠭ᠋ᠠᠵᠤ᠂  ᠬᠥᠮᠥᠨ ᠦᠭᠡᠢ ᠬᠠᠤᠯᠢ ᠴᠠᠭ᠋ᠠᠵᠠ ᠵᠢᠨ ᠭᠠᠵᠠᠷ ᠪᠠ ᠮᠠᠰᠢᠨ ᠬᠥᠮᠥᠨ 《ᠰᠢᠶᠤᠤ ᠰᠸ》᠎ᠤᠨ ᠣᠶᠤᠨᠴᠢ ᠦᠢ᠍ᠯᠡᠴᠢᠯᠡᠭᠡ ᠵᠢ ᠪᠡᠶ᠎ᠡ᠎ᠪᠠᠷ ᠵᠶ᠋ᠡᠨ ᠪᠡᠶᠡᠴᠢᠯᠡᠨ ᠣᠢ᠌ᠯᠠᠭ᠋ᠠᠵᠤ᠂  ᠰᠢᠨᠵᠢᠯᠡᠬᠦ ᠤᠬᠠᠭ᠋ᠠᠨ  ᠲᠸᠭᠨᠢᠭ ᠮᠡᠷᠭᠡᠵᠢᠯ ᠬᠢᠭᠡᠳ ᠵᠠᠰᠠᠭ᠎ᠤᠨ ᠶᠠᠪᠤᠳᠠᠯ᠎ᠤᠨ ᠠᠭᠤᠰᠤᠯᠴᠠᠯ᠎ᠤᠨ ᠳᠥᠭᠥᠮ ᠳᠥᠲᠡ ᠥᠨᠳᠥᠷ ᠪᠦᠲᠦᠮᠵᠢᠲᠡᠶ ᠪᠠᠢ᠌ᠬᠤ ᠵᠢ ᠣᠢ᠌ᠯᠠᠭ᠋ᠠᠪᠠ᠃ 

ᠠᠵᠢᠯᠯᠠᠭ᠎ᠠ ᠵᠢᠨ ᠬᠤᠭᠤᠴᠠᠭ᠋ᠠᠨ᠎ᠳᠤ᠂  ᠬᠠᠤᠯᠢ ᠴᠠᠭ᠋ᠠᠵᠠ ᠵᠢᠨ ᠲᠢᠩᠬᠢᠮ᠎ᠠᠴᠠ 《ᠬᠠᠤᠯᠢ  ᠲᠦᠭᠡᠮᠡᠯᠵᠢᠭᠦᠯᠬᠦ ᠤᠬᠠᠭᠤᠯᠭ᠎ᠠ ᠵᠢ ᠶᠡᠬᠡ ᠲᠢᠩᠬᠢᠮ᠎ᠳᠤ ᠣᠷᠣᠭᠤᠯᠬᠤ》  ᠠᠵᠢᠯᠯᠠᠭ᠎ᠠ ᠵᠢ ᠵᠡᠷᠭᠡᠪᠡᠷ ᠥᠷᠨᠢᠭᠦᠯᠵᠦ᠂  ᠮᠠᠲ᠋ᠧᠷᠢᠶᠠᠯ ᠲᠠᠷᠬᠠᠭ᠋ᠠᠬᠤ ᠴᠡᠭ ᠭᠠᠷᠭ᠋ᠠᠵᠤ᠂  ᠠᠵᠤ ᠠᠬᠤᠢ᠌ᠯᠠᠯ  ᠣᠯᠠᠨ ᠲᠦᠮᠡᠨ᠎ᠳᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠳᠡᠪᠲᠡᠷ᠂  ᠤᠬᠠᠭᠤᠯᠭ᠎ᠠ ᠵᠢᠨ ᠡᠳ᠋ ᠪᠣᠳᠠᠰ ᠵᠡᠷᠭᠡ ᠵᠢ ᠦᠨ᠎ᠡ  ᠲᠥᠯᠥᠪᠦᠷᠢ ᠦᠭᠡᠢ ᠲᠠᠷᠬᠠᠭ᠋ᠠᠨ ᠥᠭᠴᠡᠢ᠃


2.png


      《ᠨᠡᠭᠡᠭᠡᠯᠲᠡᠲᠤ ᠡᠳᠦᠷ》᠎ᠤᠨ ᠠᠵᠢᠯᠯᠠᠭ᠎ᠠ᠎ᠨᠢ ᠪᠠᠰᠠ ᠶᠠᠷᠢᠯᠴᠠᠨ ᠰᠣᠯᠢᠯᠴᠠᠬᠤ᠂  ᠠᠰᠠᠭᠤᠯᠲᠠ ᠵᠢᠨ ᠬᠠᠭᠤᠳᠠᠰᠤ᠎ᠪᠠᠷ ᠪᠠᠢ᠌ᠴᠠᠭ᠋ᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠲᠥᠯᠥᠭᠡᠯᠡᠭᠴᠢᠳ᠎ᠤᠨ ᠰᠠᠨᠠᠯ ᠰᠠᠨᠠᠭᠤᠯᠭ᠎ᠠ ᠵᠢ ᠢᠳᠡᠪᠬᠢᠲᠡᠢ ᠬᠤᠷᠢᠶᠠᠵᠤ᠂  ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ ᠵᠣᠬᠢᠰᠲᠠᠢ ᠬᠦᠯᠢᠶᠡᠨ ᠠᠪᠴᠤ᠂  ᠬᠠᠮᠢᠶᠠᠷᠤᠯᠲᠠ ᠵᠢᠨ ᠵᠠᠭᠪᠤᠷ᠎ᠢ ᠤᠯᠠᠮ ᠴᠢᠨᠠᠭᠰᠢᠳᠠ ᠰᠢᠯᠢᠳᠡᠭᠵᠢᠭᠦᠯᠵᠦ᠂  ᠠᠵᠢᠯ᠎ᠤᠨ ᠠᠭᠤᠯᠭ᠎ᠠ ᠵᠢ ᠨᠠᠷᠢᠯᠢᠭᠵᠢᠭᠤᠯᠵᠤ᠂  ᠦᠢ᠍ᠯᠡᠴᠢᠯᠡᠭᠡᠨ᠎ᠤ ᠠᠷᠭ᠎ᠠ ᠬᠡᠮᠵᠢᠶ᠎ᠡ ᠵᠢ ᠪᠣᠳᠠᠲᠠᠢ᠌ᠵᠢᠭᠤᠯᠵᠠᠢ᠃ 


3.png


      ᠲᠣᠰ ᠤᠳᠠᠭ᠎ᠠ ᠵᠢᠨ 《ᠨᠡᠭᠡᠭᠡᠯᠲᠡᠲᠤ ᠡᠳᠦᠷ》᠎ᠤᠨ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ 《ᠰᠠᠨᠠᠭ᠋ᠠᠴᠢᠯᠠᠭ᠎ᠠ᠎ᠠᠴᠠ᠎ᠪᠠᠨ ᠤᠷᠢᠳᠴᠢᠯᠠᠨ ᠦᠢ᠍ᠯᠡᠴᠢᠯᠡᠬᠦ》 ᠵᠢ ᠦᠢ᠍ᠯᠡᠳᠦᠯᠭᠡᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂  ᠲᠠᠷᠠᠭ᠋ᠠᠴᠢ ᠵᠢᠨ ᠠᠯᠬᠤᠮ᠎ᠳᠤ᠂  ᠶᠡᠬᠡ ᠲᠢᠩᠬᠢᠮ᠎ᠤᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠴᠣᠩᠬᠣᠪᠴᠢ ᠦᠷᠭᠦᠯᠵᠢᠯᠡᠨ ᠬᠢᠨᠠᠯᠲᠠ ᠵᠢ ᠬᠦᠯᠢᠶᠡᠵᠦ᠂  ᠡᠭᠦᠳᠡ᠎ᠪᠠᠨ ᠨᠡᠭᠡᠭᠡᠵᠦ ᠢᠳᠬᠠᠯ᠎ᠢ ᠬᠦᠯᠢᠶᠡᠨ ᠠᠪᠴᠤ᠂  ᠠᠵᠢᠯ᠎ᠤᠨ ᠦᠷ᠎ᠡ ᠪᠦᠲᠦᠮᠵᠢ᠎ᠪᠠᠨ ᠳᠡᠭᠡᠭᠰᠢᠯᠡᠭᠦᠯᠦᠨ᠂  ᠠᠵᠤ ᠠᠬᠤᠢ᠌ᠯᠠᠯ᠎ᠤᠨ ᠣᠯᠠᠨ ᠲᠦᠮᠡᠨ᠎ᠳᠤ ᠨᠠᠩ ᠰᠢᠯᠢᠳᠡᠭ ᠦᠢ᠍ᠯᠡᠴᠢᠯᠡᠭᠡ ᠬᠠᠩᠭ᠋ᠠᠵᠤ᠂  ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ᠎ᠳᠤ ᠪᠠᠲᠤ ᠴᠢᠩᠭ᠎ᠠ  ᠬᠠᠤᠯᠢᠵᠢᠯ᠎ᠤᠨ  ᠪᠠᠲᠤᠯᠠᠭ᠎ᠠ ᠬᠠᠩᠭ᠋ᠠᠨ᠎ᠠ᠃ 

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠦᠬᠦ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠵᠢᠴᠢ ᠠᠵᠤ ᠠᠬᠤᠢ᠌ᠯᠠᠯ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠵᠢ ᠠᠬᠢᠭᠤᠯᠬᠤ ᠬᠤᠷᠠᠯ᠎ᠢ ᠬᠤᠷᠠᠯᠳᠤᠭᠤᠯᠪᠠ
ᠬᠠᠤᠯᠢ ᠴᠠᠭ᠋ᠠᠵᠠ ᠵᠢᠨ ᠶᠠᠮᠤᠨ᠎ᠤ ᠰᠠᠢ᠌ᠳ ᠾᠧ ᠷᠦᠩ ᠣᠣᠮᠧᠨ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠡᠴᠦᠰ᠎ᠤᠨ ᠰᠢᠭᠦᠯᠲᠡ ᠵᠢᠨ ᠰᠢᠭᠦᠬᠦ ᠬᠣᠷᠢᠶᠠᠨ᠎ᠤ ᠳᠠᠷᠤᠭ᠎ᠠ ᠰᠦᠩ ᠮᠢᠨ ᠯᠢ᠎ᠲᠠᠢ ᠠᠭᠤᠯᠵᠠᠪᠠ
ᠥᠪᠡᠷᠲᠡᠭᠡᠨ ᠵᠠᠰᠠᠬᠤ ᠣᠷᠣᠨ᠎ᠤ ᠬᠥᠨᠳᠡᠯᠡᠨ᠎ᠠᠴᠠ ᠲᠠᠰᠤᠯᠬᠤ ᠨᠡᠢ᠌ᠭᠡᠮᠯᠢᠭ 2025 ᠣᠨ᠎ᠤ ᠪᠥᠬᠥ ᠣᠷᠣᠨ᠎ᠤ ᠬᠥᠨᠳᠡᠯᠡᠨ᠎ᠠᠴᠠ ᠲᠠᠰᠤᠯᠬᠤ ᠠᠵᠢᠯ᠎ᠤᠨ ᠪᠣᠯᠪᠠᠰᠤᠷᠠᠯ᠎ᠤᠨ ᠠᠩᠭᠢ ᠵᠢ ᠡᠷᠬᠢᠯᠡᠪᠡ
ᠾᠧ ᠷᠦᠩ ᠤᠯᠠᠨ ᠤᠯᠤᠰ᠎ᠤᠨ ᠠᠯᠪᠠᠨ ᠭᠡᠷᠡᠴᠢᠯᠡᠭᠡ ᠵᠢᠨ ᠬᠣᠯᠪᠣᠭ᠎ᠠ ᠵᠢᠨ ᠲᠡᠷᠢᠭᠦᠯᠡᠭᠴᠢ ᠯᠸᠤᠨ᠋ᠸᠯ·ᠭᠠᠯᠢᠽ᠎ᠲᠠᠢ ᠠᠭᠤᠯᠵᠠᠪᠠ
ᠣᠷᠣᠨ ᠪᠦᠰᠡ ᠪᠠ ᠪᠦᠬᠦ ᠪᠥᠮᠪᠥᠷᠴᠡᠭ᠎ᠤᠨ ᠠᠵᠤ ᠠᠬᠤᠢ ᠵᠢᠨ ᠨᠡᠮᠡᠭᠳᠡᠯ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ — ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ᠎ᠲᠤ ᠭᠠᠷ᠎ᠤᠨ ᠦᠰᠦᠭ ᠵᠢᠷᠤᠭᠰᠠᠨ ᠲᠤᠬᠠᠢ ᠲᠠᠶ᠋ᠢᠯᠤᠮᠵᠢ
 
            