ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠦᠬᠦ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠵᠢᠴᠢ ᠠᠵᠤ ᠠᠬᠤᠢ᠌ᠯᠠᠯ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠵᠢ ᠠᠬᠢᠭᠤᠯᠬᠤ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-06-05

      6  ᠰᠠᠷ᠎ᠠ ᠵᠢᠨ 4᠎ᠤ ᠡᠳᠦᠷ᠂  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠥᠬᠥ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠤᠬᠠᠢ᠌ᠯᠠᠭᠰᠠᠨ ᠠᠵᠢᠯ᠎ᠤᠨ  ᠪᠣᠯᠪᠠᠰᠤᠷᠠᠯ ᠵᠢᠴᠢ ᠠᠵᠤ ᠠᠬᠤᠢ᠌ᠯᠠᠯ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠵᠢ ᠠᠬᠢᠭᠤᠯᠬᠤ ᠬᠤᠷᠠᠯ ᠎ᠢ ᠬᠤᠷᠠᠯᠳᠤᠭᠤᠯᠪᠠ᠃  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂  ᠲᠢᠩᠬᠢᠮ᠎ᠤᠨ  ᠳᠡᠳ᠋ ᠳᠠᠷᠤᠭ᠎ᠠ ᠳ᠋ᠠᠢ ᠶᠠᠨ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂  ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠎ᠤᠨ ᠬᠠᠤᠯᠢ ᠴᠠᠭ᠋ᠠᠵᠠ ᠵᠢᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠴᠡᠴᠡᠭ ᠬᠤᠷᠠᠯ᠎ᠳᠤ ᠣᠷᠣᠯᠴᠠᠨ ᠵᠢᠭ᠋ᠠᠨ ᠵᠢᠯᠣᠭᠣᠳᠪᠠ᠃  ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂  ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂  ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠂  ᠬᠥᠬᠡᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠂  ᠪᠤᠭᠤᠲᠤ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠂  ᠤᠯᠠᠭ᠋ᠠᠨᠬᠠᠳᠠ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠂  ᠤᠯᠠᠭ᠋ᠠᠨᠴᠠᠪ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠤᠳᠤᠷᠢᠳᠤᠯᠭ᠎ᠠ ᠨᠠᠷ ᠲᠣᠰ ᠰᠠᠯᠠᠭ᠎ᠠ ᠮᠥᠴᠢᠷ ᠲᠣᠰ ᠭᠠᠵᠠᠷ ᠣᠷᠣᠨ᠎ᠤ ᠠᠵᠤ ᠠᠬᠤᠢ᠌ᠯᠠᠯ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠵᠢᠨ ᠠᠵᠢᠯ᠎ᠢ ᠲᠦᠯᠬᠢᠨ ᠠᠬᠢᠭᠤᠯᠤᠭᠰᠠᠨ ᠪᠠᠢ᠌ᠳᠠᠯ᠎ᠤᠨ ᠲᠤᠬᠠᠢ ᠶᠠᠷᠢᠶ᠎ᠠ ᠲᠠᠯᠪᠢᠵᠤ ᠰᠠᠨᠠᠯ ᠵᠶ᠋ᠠᠨ ᠰᠣᠯᠢᠯᠴᠠᠪᠠ᠃  ᠥᠪᠡᠷᠲᠡᠭᠡᠨ ᠵᠠᠰᠠᠬᠤ ᠣᠷᠣᠨ᠎ᠤ 37 ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠂  ᠡᠯ᠎ᠡ ᠠᠢ᠌ᠮᠠᠭ ᠬᠤᠳᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠂  ᠮᠠᠨᠵᠤᠤᠷ᠎ᠤᠨ ᠬᠠᠤᠯᠢ ᠴᠠᠭ᠋ᠠᠵᠠ ᠵᠢᠨ ᠲᠣᠪᠴᠢᠶ᠎ᠠ᠂  ᠡᠷᠢᠶᠡᠨ ᠬᠤᠳᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃


图片1.png


      ᠬᠤᠷᠠᠯ᠎ᠠᠴᠠ ᠠᠵᠤ ᠠᠬᠤᠢ᠌ᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠵᠢ ᠪᠦᠬᠦ ᠲᠠᠯ᠎ᠠ᠎ᠪᠠᠷ ᠠᠬᠢᠭᠤᠯᠤᠭ᠋ᠠᠳ ᠣᠯᠣᠭᠰᠠᠨ ᠱᠠᠲᠤᠴᠢ ᠴᠢᠨᠠᠷᠲᠠᠢ ᠦᠷ᠎ᠡ ᠪᠦᠲᠦᠭᠡᠯ᠎ᠳᠤ ᠪᠠᠭ᠎ᠠ ᠳ᠋ᠦᠩᠨᠡᠯᠲᠡ ᠬᠢᠵᠦ᠂  ᠠᠬᠢᠭᠤᠯᠬᠤ ᠶᠠᠪᠤᠴᠠ᠎ᠳᠤ ᠢᠯᠡᠷᠡᠭᠦᠯᠦᠭᠰᠡᠨ ᠠᠰᠠᠭᠤᠳᠠᠯ᠎ᠳᠤ ᠭᠦᠨᠵᠡᠭᠡᠢ ᠵᠠᠳᠠᠯᠤᠯᠲᠠ ᠬᠢᠵᠦ᠂  ᠲᠤᠰᠬᠠᠢ ᠠᠵᠢᠯᠯᠠᠭ᠎ᠠ ᠵᠢᠨ ᠴᠠᠭ᠎ᠤᠨ ᠬᠦᠰᠦᠨᠦᠭᠲᠦ᠂  ᠵᠠᠮ ᠱᠤᠭᠤᠮ᠎ᠤᠨ ᠵᠢᠷᠤᠭ᠂  ᠡᠭᠦᠷᠭᠡ ᠵᠢᠨ ᠪᠢᠴᠢᠭ᠎ᠢ ᠲᠣᠳᠣᠷᠬᠠᠢ᠌ᠯᠠᠵᠤ᠂  ᠠᠰᠠᠭᠤᠳᠠᠯ᠎ᠤᠨ ᠰᠦᠪᠡᠭᠴᠢ ᠵᠢ ᠮᠡᠳᠡᠭᠦᠯᠦᠨ ᠬᠦᠷᠭᠡᠬᠦ ᠵᠢ ᠴᠢᠩᠭ᠋ᠠᠳᠬᠠᠬᠤ᠂  ᠲᠣᠷᠭ᠋ᠠᠵᠤ ᠬᠤᠷᠢᠶᠠᠭᠰᠠᠨ ᠣᠷᠣᠯᠭ᠎ᠠ ᠵᠢᠨ ᠬᠡᠪ᠎ᠤᠨ ᠪᠤᠰᠤ ᠨᠡᠮᠡᠭᠳᠡᠯ ᠪᠠ ᠠᠰᠢᠭ ᠬᠥᠭᠡᠭᠡᠴᠡᠯᠳᠦᠬᠦ ᠴᠢᠨᠠᠷᠲᠠᠢ ᠬᠠᠤᠯᠢ ᠬᠡᠷᠡᠭᠵᠢᠭᠦᠯᠦᠯᠲᠡ ᠵᠢ ᠴᠡᠭᠴᠡᠯᠡᠨ ᠵᠠᠰᠠᠬᠤ ᠵᠡᠷᠭᠡ ᠵᠢ ᠳᠠᠷᠠᠭ᠋ᠠᠴᠢ ᠵᠢᠨ ᠠᠯᠬᠤᠮ᠎ᠤᠨ ᠭᠣᠣᠯᠳᠠᠯᠭ᠎ᠠ᠎ᠲᠠᠢ ᠠᠵᠢᠯ ᠪᠣᠯᠭ᠋ᠠᠪᠠ᠃ 

      ᠬᠤᠷᠠᠯ᠎ᠠᠴᠠ᠂  ᠲᠤᠰᠬᠠᠢ ᠠᠵᠢᠯᠯᠠᠭ᠎ᠠ ᠥᠷᠨᠢᠭᠦᠯᠦᠭᠰᠡᠨ᠎ᠠᠴᠠ  ᠨᠠᠭ᠋ᠠᠰᠢ᠂  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂  ᠦᠳᠲᠡᠷ ᠲᠦᠷᠭᠡᠨ ᠡᠬᠢᠯᠡᠭᠦᠯᠵᠦ᠂  ᠠᠳᠠᠯᠢ ᠰᠡᠳᠦᠪ᠎ᠢ ᠬᠠᠮᠲᠤᠪᠠᠷ ᠬᠠᠷᠢᠭᠤᠯᠵᠤ᠂  ᠭᠣᠣᠯᠳᠠᠯᠭ᠎ᠠ᠎ᠲᠠᠢ ᠠᠰᠠᠭᠤᠳᠠᠯ᠂  ᠭᠣᠣᠯᠳᠠᠯᠭ᠎ᠠ᠎ᠲᠠᠢ ᠬᠦᠷᠢᠶ᠎ᠡ ᠪᠣᠯᠣᠨ ᠭᠣᠣᠯᠳᠠᠯᠭ᠎ᠠ᠎ᠲᠠᠢ ᠭᠠᠵᠠᠷ ᠣᠷᠣᠨ᠎ᠤ ᠲᠣᠭᠣᠷᠢᠨ᠎ᠳᠤ ᠲᠦᠷᠪᠡᠨ ᠲᠦᠷᠦᠯ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠦᠷᠢᠶᠡᠨ᠎ᠤ ᠲᠣᠪᠣᠢ᠌ᠮ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠱᠠᠲᠤᠴᠢ ᠴᠢᠨᠠᠷᠲᠠᠢ ᠦᠷ᠎ᠡ ᠪᠦᠲᠦᠮᠵᠢ ᠣᠯᠵᠠᠢ  ᠭᠡᠵᠦ ᠵᠢᠭ᠋ᠠᠵᠤ ᠭᠠᠷᠭ᠋ᠠᠵᠠᠢ᠃ 

      ᠬᠤᠷᠠᠯ᠎ᠠᠴᠠ᠂  ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂  ᠡᠯ᠎ᠡ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠲᠦᠷᠦᠭᠦᠯᠡᠨ ᠶᠡᠷᠦᠩᠬᠡᠢ ᠠᠵᠢᠯ᠎ᠢ ᠠᠳᠬᠤᠬᠤ ᠦᠢ᠍ᠯᠡᠳᠦᠯ ᠵᠶ᠋ᠡᠨ ᠪᠠᠳᠠᠷᠠᠭᠤᠯᠵᠤ᠂  ᠵᠢᠭ᠋ᠠᠨ ᠵᠢᠯᠤᠭᠣᠳᠴᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ 《ᠰᠦᠪᠡᠭᠴᠢ ᠴᠥᠭᠡᠨ》 ᠠᠰᠠᠭᠤᠳᠠᠯ᠎ᠢ ᠬᠦᠴᠦ᠎ᠪᠠᠨ ᠬᠠᠮᠲᠤᠳᠬᠠᠨ ᠰᠢᠢ᠍ᠳᠪᠦᠷᠢᠯᠡᠬᠦ ᠬᠡᠷᠡᠭᠲᠡᠢ᠃  ᠠᠰᠠᠭᠤᠳᠠᠯ᠎ᠢ ᠵᠢᠭᠰᠠᠭ᠋ᠠᠨ ᠪᠠᠢ᠌ᠴᠠᠭ᠋ᠠᠬᠤ ᠵᠢ ᠴᠢᠩᠭ᠎ᠠ ᠠᠳᠬᠤᠵᠤ᠂  ᠲᠣᠪᠣᠢ᠌ᠮ᠎ᠠ ᠠᠰᠠᠭᠤᠳᠠᠯ᠎ᠤᠨ ᠰᠦᠪᠡᠭᠴᠢ ᠵᠢ ᠪᠥᠬᠥ ᠲᠠᠯ᠎ᠠ᠎ᠪᠠᠷ ᠴᠤᠭᠯᠠᠭᠤᠯᠵᠤ᠂ ᠠᠰᠠᠭᠤᠳᠠᠯ᠎ᠤᠨ ᠰᠦᠪᠡᠭᠴᠢ ᠵᠢᠨ ᠡᠬᠡ ᠲᠠᠩᠰᠠ ᠵᠢ ᠪᠠᠢ᠌ᠭᠤᠯᠤᠨ᠂  ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠎ᠠᠴᠠ ᠲᠣᠰ ᠭᠠᠵᠠᠷ ᠣᠷᠣᠨ᠎ᠤ ᠠᠰᠠᠭᠤᠳᠠᠯ᠎ᠤᠨ ᠰᠦᠪᠡᠭᠴᠢ ᠵᠢ ᠱᠠᠲᠤ ᠬᠤᠪᠢᠶᠠᠨ ᠮᠡᠳᠡᠭᠦᠯᠦᠨ ᠬᠦᠷᠭᠡᠬᠦ ᠠᠵᠢᠯ᠎ᠢ ᠨᠢᠭᠡᠳᠦᠯᠲᠡᠢ ᠲᠥᠯᠥᠪᠯᠡᠬᠦ ᠵᠢᠨ ᠬᠠᠮᠲᠤ ᠵᠢᠯᠤᠭᠣᠳᠬᠤ ᠬᠡᠷᠡᠭᠲᠡᠢ᠃  ᠠᠵᠤ ᠠᠬᠤᠢ᠌ᠯᠠᠯ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢ ᠠᠬᠢᠭᠤᠯᠵᠤ᠂ 《ᠠᠵᠤ ᠠᠬᠤᠢ᠌ᠯᠠᠯ᠎ᠳᠤ ᠣᠷᠣᠵᠤ ᠺᠣᠳ᠋ ᠰᠢᠷᠪᠢᠬᠦ》  ᠰᠢᠰᠲ᠋ᠧᠮ᠎ᠤᠨ ᠬᠡᠷᠡᠭᠯᠡᠯᠲᠡ ᠵᠢᠨ ᠰᠠᠭᠤᠷᠢ ᠠᠵᠢᠯ᠎ᠢ ᠰᠠᠢ᠌ᠲᠤᠷ ᠬᠢᠵᠦ᠂  ᠬᠠᠤᠯᠢ ᠬᠡᠷᠡᠭᠵᠢᠭᠦᠯᠬᠦ ᠠᠵᠢᠯᠲᠠᠨ᠎ᠤ ᠮᠡᠳᠡᠭᠡ ᠵᠠᠩᠭᠢ ᠵᠢ ᠴᠠᠭ ᠲᠤᠬᠠᠢ᠎ᠳᠤᠨᠢ ᠴᠡᠪᠡᠷᠯᠡᠬᠦ ᠵᠢᠨ ᠬᠠᠮᠲᠤ 《ᠬᠣᠶᠠᠷ ᠨᠠᠷᠢᠨ ᠲᠠᠩᠰᠠ》 ᠵᠢ ᠡᠮᠬᠢᠯᠡᠵᠦ᠂  ᠬᠡᠷᠡᠭ᠎ᠤᠨ ᠰᠢᠯᠲᠠᠭ᠋ᠠᠨ᠎ᠢ ᠬᠠᠮᠠᠭ᠋ᠠᠯᠠᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃  ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠵᠢ ᠴᠢᠩᠭ᠋ᠠᠳᠬᠠᠵᠤ᠂  ᠪᠥᠬᠥ ᠤᠯᠤᠰ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠶᠡᠷᠦᠩᠬᠡᠢ᠌ᠯᠡᠭᠰᠡᠨ ᠬᠠᠮᠢᠶᠠᠷᠤᠯᠲᠠ ᠬᠢᠨᠠᠯᠲᠠ ᠵᠢᠨ ᠠᠵᠢᠯ᠎ᠤᠨ ᠲᠠᠪᠴᠠᠩ ᠵᠶ᠋ᠠᠷ ᠳᠠᠮᠵᠢᠭᠤᠯᠤᠨ ᠲᠤᠰᠬᠠᠢ ᠠᠵᠢᠯᠯᠠᠭ᠎ᠠ ᠵᠢᠨ ᠠᠵᠢᠯ ᠵᠶ᠋ᠠᠨ ᠲᠠᠰ ᠬᠤᠪᠢᠶᠠᠨ᠂  ᠲᠥᠷᠥᠯ ᠬᠤᠪᠢᠶᠠᠨ ᠳᠡᠭᠡᠭᠰᠢ ᠮᠡᠳᠡᠭᠦᠯᠬᠦ ᠵᠢᠨ ᠬᠠᠮᠲᠤ ᠬᠢᠨᠠᠯᠲᠠ ᠲᠠᠯᠪᠢᠭᠰᠠᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠭᠦᠨᠵᠡᠭᠡᠢ ᠠᠭᠤᠳᠠᠯᠬᠤ ᠬᠡᠷᠡᠭᠲᠡᠢ᠃  ᠠᠵᠢᠯ ᠵᠶ᠋ᠠᠨ ᠨᠢᠭᠡᠳᠦᠯᠲᠡᠢ ᠲᠥᠯᠥᠪᠵᠢᠭᠦᠯᠬᠦ ᠵᠢ ᠰᠠᠢ᠌ᠲᠤᠷ ᠬᠢᠵᠦ᠂  ᠡᠯ᠎ᠡ ᠭᠠᠵᠠᠷ᠎ᠤᠨ᠎ᠬᠢᠨ  ᠳᠡᠭᠡᠷ᠎ᠡ ᠳᠣᠣᠷ᠎ᠠ ᠱᠠᠲᠤ᠎ᠪᠠᠷ ᠵᠶ᠋ᠠᠨ ᠬᠣᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂  ᠠᠰᠠᠭᠤᠳᠠᠯ᠎ᠢ ᠪᠠᠢ᠌ᠴᠠᠭ᠋ᠠᠨ ᠵᠠᠯᠠᠷᠠᠭᠤᠯᠵᠤ ᠴᠡᠭᠴᠡᠯᠡᠨ ᠰᠠᠢ᠌ᠵᠢᠷᠠᠭᠤᠯᠬᠤ᠎ᠳᠤ ᠬᠢᠨᠠᠯᠲᠠ ᠲᠠᠯᠪᠢᠬᠤ ᠡᠷᠴᠢᠮ ᠵᠶ᠋ᠡᠨ ᠴᠢᠩᠭ᠋ᠠᠷᠠᠭᠤᠯᠵᠤ᠂  ᠤᠯᠠᠨ ᠠᠷᠭ᠎ᠠ ᠬᠡᠮᠵᠢᠶ᠎ᠡ ᠵᠢ ᠵᠡᠷᠭᠡᠪᠡᠷ ᠬᠡᠷᠡᠭᠵᠢᠭᠦᠯᠵᠦ ᠲᠤᠰᠬᠠᠢ ᠠᠵᠢᠯᠯᠠᠭ᠎ᠠ ᠵᠢᠨ ᠭᠦᠨᠵᠡᠭᠡᠢ᠌ᠷᠡᠨ ᠪᠣᠳᠠᠲᠠᠢ᠌ᠵᠢᠬᠤ ᠵᠢ ᠠᠬᠢᠭᠤᠯᠬᠤ ᠬᠡᠷᠡᠭᠲᠡᠢ  ᠭᠡᠵᠦ ᠴᠢᠬᠤᠯᠠᠴᠢᠯᠠᠵᠠᠢ᠃


图片2.png 


      ᠲᠤᠰᠬᠠᠢ ᠠᠵᠢᠯᠯᠠᠭ᠎ᠠ ᠵᠢ ᠥᠷᠨᠢᠭᠦᠯᠦᠭᠰᠡᠨ᠎ᠠᠴᠠ  ᠨᠠᠭ᠋ᠠᠰᠢ ᠨᠢᠭᠡᠨᠲᠡ ᠢᠯᠡᠳᠲᠡ ᠦᠷ᠎ᠡ ᠪᠦᠲᠦᠮᠵᠢ ᠣᠯᠵᠤ᠂  ᠣᠳᠣᠬᠠᠨ᠎ᠳᠤ ᠨᠢᠭᠡᠨᠲᠡ 290 ᠠᠰᠠᠭᠤᠳᠠᠯ᠎ᠤᠨ ᠰᠦᠪᠡᠭᠴᠢ ᠵᠢ ᠬᠠᠤᠯᠢ ᠴᠠᠭ᠋ᠠᠵᠠ ᠵᠢᠨ ᠶᠠᠮᠤᠨ᠎ᠳᠤ ᠮᠡᠳᠡᠭᠦᠯᠦᠨ ᠬᠦᠷᠭᠡᠵᠦ᠂ 2 ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠮᠡᠳᠡᠭᠦᠯᠦᠨ ᠬᠦᠷᠭᠡᠵᠡᠢ᠃  ᠵᠠᠰᠠᠭ ᠵᠠᠬᠢᠷᠭ᠋ᠠᠨ᠎ᠤ  ᠰᠢᠢ᠍ᠳᠬᠡᠯ ᠲᠣᠷᠭ᠋ᠠᠭᠤᠯᠢ ᠵᠢᠨ ᠬᠡᠷᠡᠭ ᠠᠳᠠᠯᠢ ᠬᠤᠭᠤᠴᠠᠭ᠋ᠠᠨ᠎ᠤ᠎ᠬᠢ᠎ᠠᠴᠠ 31.62% ᠵᠶ᠋ᠠᠷ ᠪᠠᠭᠤᠷᠠᠵᠤ᠂  ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠠᠳᠠᠯᠢ ᠬᠤᠭᠤᠴᠠᠭ᠋ᠠᠨ᠎ᠤ᠎ᠬᠢ᠎ᠠᠴᠠ 18%᠎ᠪᠠᠷ ᠪᠠᠭᠤᠷᠠᠵᠤ᠂  ᠠᠵᠤ ᠠᠬᠤᠢ᠌ᠯᠠᠯ᠎ᠤᠨ ᠬᠣᠬᠢᠷᠠᠯ᠎ᠢ 1280.87 ᠲᠦᠮᠡᠨ ᠲᠥᠭᠥᠷᠢᠭ ᠡᠭᠡᠭᠦᠯᠦᠨ ᠠᠪᠴᠢᠷᠠᠵᠤ᠂  ᠪᠥᠬᠥ ᠣᠷᠣᠨ᠎ᠤ ᠵᠠᠰᠠᠭ ᠵᠠᠬᠢᠷᠭ᠋ᠠᠨ᠎ᠤ  ᠰᠢᠢ᠍ᠳᠬᠡᠯ ᠲᠣᠷᠭ᠋ᠠᠭᠤᠯᠢ ᠵᠢᠨ ᠲᠣᠭ᠎ᠠ ᠬᠡᠮᠵᠢᠶ᠎ᠡ ᠶᠡᠷᠦᠩᠬᠡᠢ᠎ᠳᠡᠭᠡᠨ ᠪᠠᠭᠤᠷᠠᠬᠤ ᠬᠠᠨᠳᠤᠰᠢ᠎ᠲᠠᠢ ᠪᠣᠯᠵᠤ᠂  ᠳᠤᠷ᠎ᠠ᠎ᠪᠠᠷ ᠵᠶ᠋ᠠᠨ ᠪᠠᠢ᠌ᠴᠠᠭ᠋ᠠᠬᠤ ᠵᠢ ᠪᠦᠲᠦᠮᠵᠢᠲᠡᠶ ᠬᠣᠷᠢᠭᠯᠠᠪᠠ᠃

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠬᠠᠤᠯᠢ ᠴᠠᠭ᠋ᠠᠵᠠ ᠵᠢᠨ ᠶᠠᠮᠤᠨ᠎ᠤ ᠰᠠᠢ᠌ᠳ ᠾᠧ ᠷᠦᠩ ᠣᠣᠮᠧᠨ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠡᠴᠦᠰ᠎ᠤᠨ ᠰᠢᠭᠦᠯᠲᠡ ᠵᠢᠨ ᠰᠢᠭᠦᠬᠦ ᠬᠣᠷᠢᠶᠠᠨ᠎ᠤ ᠳᠠᠷᠤᠭ᠎ᠠ ᠰᠦᠩ ᠮᠢᠨ ᠯᠢ᠎ᠲᠠᠢ ᠠᠭᠤᠯᠵᠠᠪᠠ
ᠥᠪᠡᠷᠲᠡᠭᠡᠨ ᠵᠠᠰᠠᠬᠤ ᠣᠷᠣᠨ᠎ᠤ ᠬᠥᠨᠳᠡᠯᠡᠨ᠎ᠠᠴᠠ ᠲᠠᠰᠤᠯᠬᠤ ᠨᠡᠢ᠌ᠭᠡᠮᠯᠢᠭ 2025 ᠣᠨ᠎ᠤ ᠪᠥᠬᠥ ᠣᠷᠣᠨ᠎ᠤ ᠬᠥᠨᠳᠡᠯᠡᠨ᠎ᠠᠴᠠ ᠲᠠᠰᠤᠯᠬᠤ ᠠᠵᠢᠯ᠎ᠤᠨ ᠪᠣᠯᠪᠠᠰᠤᠷᠠᠯ᠎ᠤᠨ ᠠᠩᠭᠢ ᠵᠢ ᠡᠷᠬᠢᠯᠡᠪᠡ
ᠾᠧ ᠷᠦᠩ ᠤᠯᠠᠨ ᠤᠯᠤᠰ᠎ᠤᠨ ᠠᠯᠪᠠᠨ ᠭᠡᠷᠡᠴᠢᠯᠡᠭᠡ ᠵᠢᠨ ᠬᠣᠯᠪᠣᠭ᠎ᠠ ᠵᠢᠨ ᠲᠡᠷᠢᠭᠦᠯᠡᠭᠴᠢ ᠯᠸᠤᠨ᠋ᠸᠯ·ᠭᠠᠯᠢᠽ᠎ᠲᠠᠢ ᠠᠭᠤᠯᠵᠠᠪᠠ
ᠣᠷᠣᠨ ᠪᠦᠰᠡ ᠪᠠ ᠪᠦᠬᠦ ᠪᠥᠮᠪᠥᠷᠴᠡᠭ᠎ᠤᠨ ᠠᠵᠤ ᠠᠬᠤᠢ ᠵᠢᠨ ᠨᠡᠮᠡᠭᠳᠡᠯ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ — ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ᠎ᠲᠤ ᠭᠠᠷ᠎ᠤᠨ ᠦᠰᠦᠭ ᠵᠢᠷᠤᠭᠰᠠᠨ ᠲᠤᠬᠠᠢ ᠲᠠᠶ᠋ᠢᠯᠤᠮᠵᠢ
ᠪᠦᠬᠦ ᠪᠥᠮᠪᠥᠷᠴᠡᠭ᠎ᠤᠨ ᠬᠠᠮᠤᠭ᠎ᠤᠨ ᠶᠡᠭᠡ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ ᠵᠢᠩᠬᠢᠨᠢ᠎ᠪᠠᠷ ᠲᠣᠭᠲᠠᠪᠠ!
 
            