6 ᠰᠠᠷ᠎ᠠ ᠵᠢᠨ 24᠎ᠤ ᠡᠳᠦᠷ᠂ ᠬᠠᠤᠯᠢ ᠴᠠᠭ᠋ᠠᠵᠠ ᠵᠢᠨ ᠶᠠᠮᠤᠨ᠎ᠤ ᠰᠠᠢ᠌ᠳ ᠾᠧ ᠷᠦᠩ ᠪᠡᠭᠡᠵᠢᠩ᠎ᠳᠤ ᠣᠯᠠᠨ ᠤᠯᠤᠰ᠎ᠤᠨ ᠠᠯᠪᠠᠨ ᠭᠡᠷᠡᠴᠢᠯᠡᠭᠡ ᠵᠢᠨ ᠬᠣᠯᠪᠣᠭ᠎ᠠ ᠵᠢᠨ ᠲᠡᠷᠢᠭᠦᠯᠡᠭᠴᠢ ᠯᠸᠤᠨ᠋ᠸᠯ·ᠭᠠᠯᠢᠽ ᠨᠠᠷ᠎ᠲᠠᠢ ᠠᠭᠤᠯᠵᠠᠪᠠ᠃ ᠬᠣᠶᠠᠷ ᠲᠠᠯ᠎ᠠ᠎ᠪᠠᠷ ᠵᠶ᠋ᠠᠨ ᠠᠯᠪᠠᠨ ᠭᠡᠷᠡᠴᠢᠯᠡᠭᠡ ᠵᠢᠨ ᠬᠦᠷᠢᠶᠡᠨ᠎ᠳᠠᠬᠢ ᠤᠯᠠᠨ ᠤᠯᠤᠰ᠎ᠤᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠵᠢᠴᠢ ᠠᠯᠪᠠᠨ ᠭᠡᠷᠡᠴᠢᠯᠡᠭᠡ ᠵᠢᠨ ᠦᠢ᠍ᠯᠡᠴᠢᠯᠡᠭᠡ ᠵᠢ ᠥᠷᠭᠡᠳᠬᠡᠨ ᠰᠢᠯᠢᠳᠡᠭᠵᠢᠭᠦᠯᠬᠦ᠂ ᠠᠯᠪᠠᠨ ᠭᠡᠷᠡᠴᠢᠯᠡᠭᠡ ᠵᠢᠨ ᠤᠷᠢᠳᠴᠢᠯᠠᠨ ᠰᠡᠷᠭᠡᠢ᠌ᠯᠡᠬᠦ ᠴᠢᠨᠠᠷᠲᠠᠢ ᠬᠠᠤᠯᠢ ᠴᠠᠭ᠋ᠠᠵᠠ ᠵᠢᠨ ᠳᠦᠷᠢᠮ ᠪᠣᠯᠬᠤ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠬᠤ ᠵᠡᠷᠭᠡ ᠵᠥᠪᠯᠡᠬᠦ ᠰᠡᠳᠦᠪ᠎ᠤᠨ ᠲᠤᠬᠠᠢ ᠪᠣᠳᠠᠲᠠᠢ ᠵᠢ ᠡᠷᠬᠢᠮᠯᠡᠨ ᠭᠦᠨᠵᠡᠭᠡᠢ ᠰᠣᠯᠢᠯᠴᠠᠪᠠ᠃
