ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠬᠥᠨᠳᠡᠯᠡᠨ᠎ᠠᠴᠠ ᠲᠠᠰᠤᠯᠬᠤ ᠨᠡᠢ᠌ᠭᠡᠮᠯᠢᠭ 2025 ᠣᠨ᠎ᠤ ᠪᠥᠬᠥ ᠣᠷᠣᠨ᠎ᠤ ᠬᠥᠨᠳᠡᠯᠡᠨ᠎ᠠᠴᠠ ᠲᠠᠰᠤᠯᠬᠤ ᠠᠵᠢᠯ᠎ᠤᠨ ᠪᠣᠯᠪᠠᠰᠤᠷᠠᠯ᠎ᠤᠨ ᠠᠩᠭᠢ ᠵᠢ ᠡᠷᠬᠢᠯᠡᠪᠡ
ᠨᠡᠶ᠋ᠢᠲᠡᠯᠡᠭᠰᠡᠨ ᠴᠠᠭ᠄ 2025-06-24

      6  ᠰᠠᠷ᠎ᠠ ᠵᠢᠨ 17—19᠎ᠤ ᠡᠳᠦᠷ ᠪᠣᠯᠲᠠᠯ᠎ᠠ᠂  ᠥᠪᠡᠷᠲᠡᠭᠡᠨ ᠵᠠᠰᠠᠬᠤ ᠣᠷᠣᠨ᠎ᠤ ᠬᠥᠨᠳᠡᠯᠡᠨ᠎ᠠᠴᠠ ᠲᠠᠰᠤᠯᠬᠤ ᠨᠡᠢ᠌ᠭᠡᠮᠯᠢᠭ᠎ᠠᠴᠠ ᠥᠪᠡᠷᠲᠡᠭᠡᠨ ᠵᠠᠰᠠᠬᠤ ᠣᠷᠣᠨ᠎ᠤ  ᠬᠠᠤᠯᠢᠵᠢᠯ᠎ᠤᠨ ᠪᠣᠯᠪᠠᠰᠤᠷᠠᠯ᠎ᠤᠨ ᠲᠥᠪ (ᠬᠥᠬᠡᠬᠣᠲᠠ)᠎ᠳᠤ 2025 ᠣᠨ᠎ᠤ ᠪᠥᠬᠥ ᠣᠷᠣᠨ᠎ᠤ ᠬᠥᠨᠳᠡᠯᠡᠨ᠎ᠠᠴᠠ ᠲᠠᠰᠤᠯᠬᠤ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠪᠡ᠃


27.png


      ᠪᠣᠯᠪᠠᠰᠤᠷᠠᠯ᠎ᠳᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠲᠠᠢ ᠨᠢᠭᠲᠠ  ᠤᠶᠠᠯᠳᠤᠭᠤᠯᠤᠨ ᠬᠥᠨᠳᠡᠯᠡᠨ᠎ᠠᠴᠠ ᠲᠠᠰᠤᠯᠤᠭᠴᠢ ᠵᠢᠨ ᠠᠵᠢᠯ ᠮᠡᠷᠭᠡᠵᠢᠯ᠎ᠤᠨ ᠶᠣᠰᠣ ᠮᠣᠷᠠᠯ ᠪᠠ ᠠᠵᠢᠯ ᠡᠷᠬᠢᠯᠡᠬᠦ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂  ᠬᠥᠨᠳᠡᠯᠡᠨ᠎ᠠᠴᠠ ᠲᠠᠰᠤᠯᠬᠤ ᠪᠠᠢ᠌ᠭᠤᠯᠤᠮᠵᠢ ᠵᠢᠨ ᠵᠠᠰᠠᠯᠲᠠ᠂  ᠪᠠᠷᠢᠯᠭ᠎ᠠ ᠵᠢᠨ ᠠᠵᠢᠯ᠎ᠤᠨ ᠬᠥᠨᠳᠡᠯᠡᠨ᠎ᠠᠴᠠ ᠲᠠᠰᠤᠯᠬᠤ ᠪᠣᠳᠠᠲᠤ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠬᠠᠤᠯᠢ ᠴᠠᠭ᠋ᠠᠵᠠ ᠵᠢᠨ ᠶᠠᠮᠤᠨ᠎ᠤ ᠤᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠲᠣᠪᠴᠢᠶᠠᠨ᠎ᠤ ᠬᠥᠨᠳᠡᠯᠡᠨ᠎ᠠᠴᠠ ᠲᠠᠰᠤᠯᠬᠤ ᠠᠵᠢᠯ᠎ᠤᠨ ᠭᠠᠵᠠᠷ᠎ᠤᠨ ᠡᠷᠬᠢᠯᠡᠭᠴᠢ ᠨᠢᠭᠡᠳᠦᠭᠡᠷ ᠳᠡᠰ᠎ᠤᠨ ᠡᠷᠬᠢᠯᠡᠭᠴᠢ ᠭᠡᠰᠢᠭᠦᠴᠢ ᠢ ᠯᠠᠨ ᠲᠢᠩ᠎ᠢ ᠤᠷᠢᠵᠤ ᠠᠷᠪᠠᠨ ᠲᠠᠪᠤᠳᠤᠭ᠋ᠠᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠬᠥᠨᠳᠡᠯᠡᠨ᠎ᠠᠴᠠ ᠲᠠᠰᠤᠯᠬᠤ ᠦᠢ᠍ᠯᠡᠰ᠎ᠤᠨ ᠰᠢᠨ᠎ᠡ ᠬᠥᠭᠵᠢᠯᠲᠡ ᠵᠢᠨ ᠲᠣᠭᠣᠷᠢᠨ᠎ᠳᠤ ᠬᠥᠨᠳᠡᠯᠡᠨ᠎ᠠᠴᠠ ᠲᠠᠰᠤᠯᠬᠤ ᠠᠵᠢᠯ᠎ᠤᠨ ᠰᠢᠨ᠎ᠡ ᠴᠠᠭ ᠦᠶ᠎ᠡ᠎ᠳᠠᠬᠢ ᠴᠢᠬᠤᠯᠠ ᠡᠭᠦᠷᠭᠡ ᠪᠠ ᠬᠥᠭᠵᠢᠯᠲᠡ ᠵᠢᠨ ᠴᠢᠭᠯᠡᠯ᠎ᠳᠤ ᠭᠦᠨᠵᠡᠭᠡᠢ  ᠲᠠᠢ᠌ᠯᠤᠮᠵᠢ ᠬᠢᠵᠡᠢ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠬᠥᠨᠳᠡᠯᠡᠨ᠎ᠠᠴᠠ  ᠲᠠᠰᠤᠯᠬᠤ ᠬᠠᠮᠢᠶᠠᠷᠤᠭᠴᠢ ᠠᠰᠠᠭᠤᠳᠠᠯ ᠵᠶ᠋ᠠᠷ ᠵᠢᠯᠣᠭᠣᠳᠤᠮᠵᠢ ᠪᠣᠯᠭ᠋ᠠᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ  ᠬᠥᠨᠳᠡᠯᠡᠨ᠎ᠠᠴᠠ ᠲᠠᠰᠤᠯᠬᠤ ᠠᠵᠢᠯ᠎ᠢ ᠴᠢᠩᠭ᠋ᠠᠳᠬᠠᠵᠤ᠂  ᠬᠥᠨᠳᠡᠯᠡᠨ᠎ᠠᠴᠠ  ᠲᠠᠰᠤᠯᠬᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ  ᠵᠢᠯᠤᠭᠣᠳᠬᠤ ᠰᠠᠨᠠᠯ》᠎ᠳᠤ ᠭᠦᠨᠵᠡᠭᠡᠢ ᠲᠠᠢ᠌ᠯᠤᠮᠵᠢ ᠬᠢᠵᠦ᠂  ᠥᠪᠡᠷᠲᠡᠭᠡᠨ ᠵᠠᠰᠠᠬᠤ ᠣᠷᠣᠨ᠎ᠤ ᠬᠥᠨᠳᠡᠯᠡᠨ᠎ᠠᠴᠠ ᠲᠠᠰᠤᠯᠬᠤ ᠨᠡᠢ᠌ᠭᠡᠮᠯᠢᠭ᠎ᠤᠨ ᠳᠠᠷᠤᠭ᠎ᠠ ᠦ᠋ ᠵᠧᠨ ᠫᠢᠩ ᠮᠠᠨ᠎ᠤ ᠣᠷᠣᠨ᠎ᠤ ᠬᠥᠨᠳᠡᠯᠡᠨ᠎ᠠᠴᠠ ᠲᠠᠰᠤᠯᠬᠤ ᠬᠥᠭᠵᠢᠯᠲᠡ ᠵᠢᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂  ᠵᠢᠯᠤᠭᠣᠳᠬᠤ ᠰᠠᠨᠠᠯ ᠪᠠ ᠪᠣᠯᠣᠮᠵᠢᠲᠤ ᠰᠠᠨᠠᠭᠤᠯᠭ᠎ᠠ ᠳᠤᠷᠠᠳᠴᠤ᠂  ᠡᠯ᠎ᠡ ᠭᠠᠵᠠᠷ᠎ᠤᠨ ᠬᠥᠨᠳᠡᠯᠡᠨ᠎ᠠᠴᠠ ᠲᠠᠰᠤᠯᠬᠤ  ᠵᠥᠪᠯᠡᠯ᠎ᠤᠨ ᠦᠢ᠍ᠯᠡᠳᠦᠯ᠎ᠢ ᠪᠠᠳᠠᠷᠠᠭᠤᠯᠬᠤ᠂  ᠬᠥᠨᠳᠡᠯᠡᠨ᠎ᠠᠴᠠ ᠲᠠᠰᠤᠯᠬᠤ ᠶᠠᠰᠤ ᠴᠢᠨᠠᠷ᠎ᠢ ᠬᠠᠮᠢᠶᠠᠷᠤᠨ ᠡᠵᠡᠮᠳᠡᠬᠦ ᠪᠠ ᠬᠥᠨᠳᠡᠯᠡᠨ᠎ᠠᠴᠠ ᠲᠠᠰᠤᠯᠤᠭᠴᠢ ᠵᠢᠨ ᠡᠩᠨᠡᠭᠡ ᠵᠢᠨ ᠬᠠᠮᠢᠶᠠᠷᠤᠯᠲᠠ ᠵᠢ ᠴᠢᠩᠭ᠋ᠠᠳᠬᠠᠬᠤ ᠵᠢ ᠬᠥᠲᠥᠯᠥᠨ  ᠵᠢᠯᠣᠭᠣᠳᠴᠠᠢ᠃

      ᠪᠣᠯᠪᠠᠰᠤᠷᠠᠯ᠎ᠳᠤ ᠪᠠᠰᠠ ᠾᠧᠪᠧᠢ ᠮᠤᠵᠢ ᠵᠢᠨ ᠬᠥᠨᠳᠡᠯᠡᠨ᠎ᠠᠴᠠ ᠲᠠᠰᠤᠯᠬᠤ ᠨᠡᠢ᠌ᠭᠡᠮᠯᠢᠭ᠎ᠤᠨ ᠳᠡᠳ᠋ ᠳᠠᠷᠤᠭ᠎ᠠ᠂  ᠲᠠᠩᠱ᠌ᠠᠨ᠎ᠤ ᠬᠥᠨᠳᠡᠯᠡᠨ᠎ᠠᠴᠠ ᠲᠠᠰᠤᠯᠬᠤ  ᠵᠥᠪᠯᠡᠯ᠎ᠤᠨ ᠡᠷᠬᠢᠯᠡᠭᠴᠢ ᠢᠦᠢ ᠬᠣᠩ ᠰᠢᠶᠠᠩ᠂  ᠦᠬᠠᠨ᠎ᠤ ᠬᠥᠨᠳᠡᠯᠡᠨ᠎ᠠᠴᠠ ᠲᠠᠰᠤᠯᠬᠤ  ᠵᠥᠪᠯᠡᠯ᠎ᠤᠨ ᠠᠯᠪᠠᠨ ᠭᠡᠷ᠎ᠤᠨ ᠳᠡᠳ᠋ ᠡᠷᠬᠢᠯᠡᠭᠴᠢ ᠯᠢ ᠴᠢᠶᠠᠨ᠂  ᠪᠡᠭᠡᠵᠢᠩ᠎ᠤᠨ ᠬᠥᠨᠳᠡᠯᠡᠨ᠎ᠠᠴᠠ ᠲᠠᠰᠤᠯᠬᠤ  ᠵᠥᠪᠯᠡᠯ᠎ᠤᠨ ᠤᠤᠯ᠎ᠤᠨ ᠳᠡᠳ᠋ ᠡᠷᠬᠢᠯᠡᠭᠴᠢ᠂  ᠨᠠᠷᠢᠨ ᠪᠢᠴᠢᠭ᠎ᠤᠨ ᠳᠠᠷᠤᠭ᠎ᠠ ᠸᠠᠩ ᠬᠣᠩ ᠰᠥᠩ ᠵᠡᠷᠭᠡ ᠬᠥᠨᠳᠡᠯᠡᠨ᠎ᠠᠴᠠ ᠲᠠᠰᠤᠯᠬᠤ ᠠᠵᠢᠯ ᠲᠥᠷᠥᠯ᠎ᠤᠨ ᠳᠣᠲᠣᠷᠠᠬᠢ ᠨᠡᠷ᠎ᠡ ᠬᠦᠨᠳᠦᠲᠦ ᠲᠤᠰᠬᠠᠢ ᠮᠡᠷᠭᠡᠵᠢᠯᠲᠡᠨ ᠪᠠ ᠬᠥᠬᠡᠬᠣᠲᠠ ᠵᠢᠨ ᠠᠷᠠᠳ᠎ᠤᠨ ᠳᠤᠮᠳᠠ ᠵᠡᠷᠭᠡ ᠵᠢᠨ ᠰᠢᠭᠦᠬᠦ ᠬᠣᠷᠢᠶᠠᠨ᠎ᠤ ᠮᠡᠳᠡᠯᠭᠡ ᠵᠢᠨ  ᠥᠮᠴᠢᠯᠡᠯ᠎ᠤᠨ ᠡᠷᠬᠡ ᠵᠢᠨ ᠰᠢᠭᠦᠬᠦ ᠲᠢᠩᠬᠢᠮ᠎ᠤᠨ ᠳᠡᠳ᠋ ᠳᠠᠷᠤᠭ᠎ᠠ ᠸᠠᠩ ᠬᠠᠢ ᠢᠩ᠎ᠠᠴᠠ ᠬᠥᠨᠳᠡᠯᠡᠨ᠎ᠠᠴᠠ ᠲᠠᠰᠤᠯᠤᠭᠴᠢ ᠵᠢᠨ ᠠᠵᠢᠯ ᠮᠡᠷᠭᠡᠵᠢᠯ᠎ᠤᠨ ᠶᠣᠰᠣ ᠮᠣᠷᠠᠯ᠂  ᠬᠥᠨᠳᠡᠯᠡᠨ᠎ᠠᠴᠠ ᠲᠠᠰᠤᠯᠬᠤ ᠪᠠᠢ᠌ᠭᠤᠯᠤᠮᠵᠢ ᠵᠢᠨ ᠵᠢᠷᠤᠮᠵᠢᠭᠤᠯᠤᠨ ᠵᠠᠰᠠᠬᠤ ᠪᠠ ᠬᠥᠨᠳᠡᠯᠡᠨ᠎ᠠᠴᠠ ᠲᠠᠰᠤᠯᠤᠭᠴᠢ ᠵᠢᠨ  ᠡᠩᠨᠡᠭᠡᠨ᠎ᠤ ᠪᠠᠢ᠌ᠭᠤᠯᠤᠯᠲᠠ᠂  ᠪᠠᠷᠢᠯᠭ᠎ᠠ ᠵᠢᠨ ᠠᠵᠢᠯ᠎ᠤᠨ ᠬᠦᠷᠢᠶᠡᠨ᠎ᠳᠠᠬᠢ ᠬᠥᠨᠳᠡᠯᠡᠨ᠎ᠠᠴᠠ ᠲᠠᠰᠤᠯᠬᠤ ᠤᠨᠤᠯ ᠪᠠ ᠪᠣᠳᠠᠲᠤ ᠶᠠᠪᠤᠳᠠᠯ ᠵᠢᠴᠢ ᠬᠥᠨᠳᠡᠯᠡᠨ᠎ᠠᠴᠠ ᠲᠠᠰᠤᠯᠬᠤ ᠬᠠᠤᠯᠢ ᠴᠠᠭ᠋ᠠᠵᠠ ᠵᠢᠨ ᠬᠢᠨᠠᠨ ᠪᠠᠢ᠌ᠴᠠᠭ᠋ᠠᠯᠲᠠ ᠵᠢᠨ ᠭᠣᠣᠯᠳᠠᠯᠭ᠎ᠠ ᠵᠡᠷᠭᠡ᠎ᠲᠠᠢ ᠤᠶᠠᠯᠳᠤᠭᠤᠯᠤᠨ  ᠬᠢᠴᠢᠶᠡᠯᠯᠡᠵᠦ᠂  ᠬᠥᠨᠳᠡᠯᠡᠨ᠎ᠠᠴᠠ ᠲᠠᠰᠤᠯᠬᠤ ᠤᠨᠤᠯ᠎ᠤᠨ ᠮᠡᠳᠡᠯᠭᠡ ᠵᠢ ᠠᠳᠠᠯᠢ ᠪᠤᠰᠤ ᠲᠠᠯ᠎ᠠ᠎ᠠᠴᠠ ᠭᠦᠨᠵᠡᠭᠡᠢ ᠲᠠᠢ᠌ᠯᠪᠤᠷᠢᠯᠠᠬᠤ ᠵᠢᠨ ᠬᠠᠮᠲᠤ ᠨᠡᠢ᠌ᠲᠡᠯᠢᠭ ᠦᠢ᠍ᠯᠡᠳᠦᠯᠭᠡ ᠵᠢᠨ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ ᠰᠤᠷᠤᠭᠴᠢᠳ᠎ᠲᠤ ᠦᠨᠡᠨ ᠪᠣᠳᠠᠲᠠᠢ ᠪᠠᠢ᠌ᠯᠳᠤᠭ᠋ᠠᠨ᠎ᠤ ᠲᠤᠷᠰᠢᠯᠭ᠎ᠠ ᠪᠠ ᠠᠰᠠᠭᠤᠳᠠᠯ᠎ᠢ ᠰᠢᠢ᠍ᠳᠪᠦᠷᠢᠯᠡᠬᠦ ᠡᠷᠬᠢᠮ ᠨᠠᠨᠳᠢᠨ ᠲᠥᠰᠥᠯ᠎ᠢ ᠬᠠᠩᠭ᠋ᠠᠪᠠ᠃

      ᠪᠣᠯᠪᠠᠰᠤᠷᠠᠯ᠎ᠳᠤ ᠠᠩᠬ᠎ᠠ ᠤᠳᠠᠭ᠎ᠠ ᠳᠠᠭᠤᠷᠢᠶᠠᠮᠠᠯ ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠰᠢᠭᠦᠯᠲᠡ ᠵᠢᠨ ᠪᠣᠳᠠᠲᠠᠢ ᠪᠣᠯᠪᠠᠰᠤᠷᠠᠯ᠎ᠤᠨ ᠭᠣᠭᠴᠣᠭ᠎ᠠ ᠵᠢ ᠣᠷᠣᠭᠤᠯᠤᠨ ᠠᠪᠴᠢᠷᠠᠵᠤ᠂  ᠬᠥᠬᠡᠬᠣᠲᠠ ᠵᠢᠨ ᠬᠥᠨᠳᠡᠯᠡᠨ᠎ᠠᠴᠠ ᠲᠠᠰᠤᠯᠬᠤ  ᠵᠥᠪᠯᠡᠯ᠎ᠤᠨ᠎ᠬᠢᠨ ᠬᠣᠶᠠᠷ ᠲᠠᠯ᠎ᠠ ᠵᠢᠨ ᠬᠠᠷᠢᠭᠤ ᠮᠠᠷᠭᠤᠬᠤ᠂  ᠲᠤᠯᠭ᠋ᠠᠨ ᠭᠡᠷᠡᠴᠢᠯᠡᠬᠦ᠂  ᠭᠡᠳᠡᠷᠭᠦ ᠭᠤᠶᠤᠴᠢᠯᠠᠬᠤ ᠵᠡᠷᠭᠡ ᠬᠡᠷᠡᠭ᠎ᠤᠨ ᠰᠢᠭᠦᠯᠲᠡ ᠵᠢᠨ ᠪᠥᠬᠥ ᠶᠠᠪᠤᠴᠠ ᠵᠢ ᠳᠠᠭᠤᠷᠢᠶᠠᠨ ᠲᠣᠭᠯᠠᠪᠠ᠂  ᠭᠦᠨᠵᠡᠭᠡᠢ ᠣᠢ᠌ᠯᠠᠭ᠋ᠠᠯᠲᠠ᠎ᠪᠠᠷ ᠳᠡᠮᠵᠢᠨ᠂  ᠰᠤᠷᠤᠭᠴᠢᠳ᠎ᠲᠤ ᠬᠥᠨᠳᠡᠯᠡᠨ᠎ᠠᠴᠠ ᠲᠠᠰᠤᠯᠬᠤ ᠵᠢᠷᠤᠮ᠎ᠤᠨ ᠵᠢᠷᠤᠮᠵᠢᠯ ᠪᠠ ᠡᠶᠡᠳᠡᠭᠦᠯᠬᠦ ᠪᠣᠳᠠᠲᠤ ᠠᠵᠢᠯ᠎ᠤᠨ ᠤᠷ᠎ᠠ ᠮᠡᠷᠭᠡᠵᠢᠯ᠎ᠢ ᠭᠦᠨᠵᠡᠭᠡᠢ ᠣᠢ᠌ᠯᠠᠭ᠋ᠠᠭᠤᠯᠵᠤ᠂  ᠬᠥᠨᠳᠡᠯᠡᠨ᠎ᠠᠴᠠ ᠲᠠᠰᠤᠯᠬᠤ ᠦᠢ᠍ᠯᠡᠴᠢᠯᠡᠭᠡᠨ᠎ᠤ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠪᠡ᠃

      ᠪᠥᠬᠥ ᠣᠷᠣᠨ᠎ᠤ ᠡᠯ᠎ᠡ ᠲᠣᠭᠣᠷᠢᠭ᠎ᠲᠠᠢ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠬᠥᠨᠳᠡᠯᠡᠨ᠎ᠠᠴᠠ ᠲᠠᠰᠤᠯᠬᠤ ᠠᠵᠢᠯ᠎ᠢ ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠤᠯᠭ᠎ᠠ᠂  ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠰᠠᠯᠠᠭ᠎ᠠ ᠵᠢᠨ ᠬᠠᠷᠢᠭᠤᠴᠠᠯᠭ᠋ᠠᠲᠠᠨ᠂  ᠡᠯ᠎ᠡ ᠬᠥᠨᠳᠡᠯᠡᠨ᠎ᠠᠴᠠ ᠲᠠᠰᠤᠯᠬᠤ  ᠵᠥᠪᠯᠡᠯ᠎ᠤᠨ ᠬᠠᠮᠢᠶᠠᠷᠤᠯᠲᠠ ᠵᠢᠨ ᠠᠵᠢᠯᠲᠠᠨ᠂  ᠭᠣᠣᠯᠯᠠᠭᠴᠢ ᠬᠥᠨᠳᠡᠯᠡᠨ᠎ᠠᠴᠠ ᠲᠠᠰᠤᠯᠤᠭᠴᠢ᠂  ᠬᠥᠨᠳᠡᠯᠡᠨ᠎ᠠᠴᠠ ᠲᠠᠰᠤᠯᠬᠤ ᠨᠠᠷᠢᠨ ᠪᠢᠴᠢᠭᠡᠴᠢ ᠨᠡᠶ᠋ᠢᠲᠡ 110 ᠭᠠᠷᠤᠢ ᠬᠥᠮᠥᠨ ᠥᠪᠡᠷᠲᠡᠭᠡᠨ ᠵᠠᠰᠠᠬᠤ ᠣᠷᠣᠨ᠎ᠤ  ᠬᠠᠤᠯᠢᠵᠢᠯ᠎ᠤᠨ ᠪᠣᠯᠪᠠᠰᠤᠷᠠᠯ᠎ᠤᠨ ᠲᠥᠪ᠎ᠲᠤ ᠪᠣᠯᠪᠠᠰᠤᠷᠠᠯ ᠰᠤᠷᠤᠯᠴᠠᠯᠭ᠎ᠠ᠎ᠳᠤ ᠣᠷᠣᠯᠴᠠᠵᠤ᠂ 3100 ᠭᠠᠷᠤᠢ ᠬᠠᠮᠢᠶ᠎ᠠ ᠪᠦᠬᠦᠢ ᠬᠥᠮᠥᠰ ᠰᠦᠯᠵᠢᠶᠡᠨ ᠭᠠᠳᠠᠨ᠎ᠠ ᠬᠣᠯᠪᠤᠭ᠋ᠠᠯᠠᠨ ᠬᠥᠳᠡᠯᠦᠯᠴᠡᠵᠦ ᠪᠣᠯᠪᠠᠰᠤᠷᠠᠯ᠎ᠳᠤ ᠣᠷᠣᠯᠴᠠᠵᠠᠢ᠃ 

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠾᠧ ᠷᠦᠩ ᠤᠯᠠᠨ ᠤᠯᠤᠰ᠎ᠤᠨ ᠠᠯᠪᠠᠨ ᠭᠡᠷᠡᠴᠢᠯᠡᠭᠡ ᠵᠢᠨ ᠬᠣᠯᠪᠣᠭ᠎ᠠ ᠵᠢᠨ ᠲᠡᠷᠢᠭᠦᠯᠡᠭᠴᠢ ᠯᠸᠤᠨ᠋ᠸᠯ·ᠭᠠᠯᠢᠽ᠎ᠲᠠᠢ ᠠᠭᠤᠯᠵᠠᠪᠠ
ᠣᠷᠣᠨ ᠪᠦᠰᠡ ᠪᠠ ᠪᠦᠬᠦ ᠪᠥᠮᠪᠥᠷᠴᠡᠭ᠎ᠤᠨ ᠠᠵᠤ ᠠᠬᠤᠢ ᠵᠢᠨ ᠨᠡᠮᠡᠭᠳᠡᠯ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ — ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ᠎ᠲᠤ ᠭᠠᠷ᠎ᠤᠨ ᠦᠰᠦᠭ ᠵᠢᠷᠤᠭᠰᠠᠨ ᠲᠤᠬᠠᠢ ᠲᠠᠶ᠋ᠢᠯᠤᠮᠵᠢ
ᠪᠦᠬᠦ ᠪᠥᠮᠪᠥᠷᠴᠡᠭ᠎ᠤᠨ ᠬᠠᠮᠤᠭ᠎ᠤᠨ ᠶᠡᠭᠡ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ ᠵᠢᠩᠬᠢᠨᠢ᠎ᠪᠠᠷ ᠲᠣᠭᠲᠠᠪᠠ!
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2020 ᠣᠨ᠎ᠤ ᠬᠠᠤᠯᠢᠴᠢ ᠵᠢᠨ ᠠᠯᠪᠠᠨ ᠭᠡᠷᠡᠴᠢᠯᠡᠭᠡ ᠵᠢᠨ ᠰᠢᠷᠢᠰ ᠮᠡᠷᠭᠡᠵᠢᠯ᠎ᠤᠨ ᠴᠣᠯᠠ ᠬᠢᠨᠠᠨ ᠲᠤᠭᠲᠠᠭ᠋ᠠᠬᠤ ᠠᠵᠢᠯ ᠤᠷᠤᠭᠰᠢᠲᠠᠶ ᠪᠡᠶᠡᠯᠡᠭᠳᠡᠪᠡ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠳ᠋ᠢᠩ ᠸᠧᠶ ᠮᠢᠨ ᠨᠥᠬᠥᠷ᠎ᠤᠨ ᠲᠡᠷᠢᠭᠦᠨ᠎ᠤ ᠦᠢ᠍ᠯᠡ ᠠᠵᠢᠯᠯᠠᠭ᠎ᠠ ᠵᠢᠨ ᠮᠡᠳᠡᠭᠦᠯᠦᠯᠲᠡ ᠵᠢᠨ ᠬᠤᠷᠠᠯ᠎ᠤᠨ ᠪᠡᠯᠡᠳᠬᠡᠯ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
 
            