ᠲᠥᠷᠥ ᠶᠠᠪᠤᠳᠠᠯ᠎ᠤᠨ ᠬᠤᠷᠢᠶᠠᠨ᠎ᠠᠴᠠ ᠲᠠᠷᠬᠠᠭ᠋ᠠᠭᠰᠠᠨ [2019] 23 ᠳ᠋ᠤᠭ᠋ᠠᠷ ᠲᠣᠭ᠋ᠠᠲᠤ
ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠭᠤᠳ ᠬᠠᠷᠢᠶ᠎ᠠ ᠪᠠᠶ᠋ᠢᠭᠤᠯᠤᠮᠵᠢ᠎ᠨᠤᠭᠤᠳ᠎ᠲᠤ᠄
ᠭᠠᠳᠠᠭᠰᠢ ᠨᠡᠭᠡᠭᠡᠯᠲᠡ ᠬᠢᠬᠦ ᠪᠣᠯ ᠮᠠᠨ᠎ᠤ ᠤᠯᠤᠰ᠎ᠤᠨ ᠦᠨᠳᠦᠰᠦᠨ ᠪᠣᠳᠣᠯᠭ᠎ᠠ ᠮᠥᠨ᠃ ᠭᠠᠳᠠᠭ᠋ᠠᠳᠤ ᠪᠡᠯᠡᠨ᠎ᠢ ᠮᠠᠨ᠎ᠤ ᠤᠯᠤᠰ᠎ᠤᠨ ᠠᠵᠤ ᠠᠬᠤᠢ ᠵᠢᠨ ᠬᠥᠭᠵᠢᠯᠲᠡ ᠵᠢᠨ ᠳᠤᠮᠳᠠ ᠴᠢᠬᠤᠯᠠ ᠦᠢᠯᠡᠳᠦᠯ ᠦᠵᠡᠭᠦᠯᠪᠡ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠂ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ᠎ᠳᠤ ᠡᠷᠬᠡᠪᠰᠢ ᠭᠠᠳᠠᠭ᠋ᠠᠳᠤ ᠪᠡᠯᠡ ᠵᠢ ᠠᠰᠢᠭᠯᠠᠬᠤ ᠵᠢ ᠢᠮᠠᠭᠲᠠ ᠳᠡᠭᠡᠲᠤ ᠬᠡᠮᠵᠢᠶ᠎ᠡ᠎ᠪᠠᠷ ᠴᠢᠬᠤᠯᠠᠴᠢᠯᠠᠬᠤ ᠬᠡᠷᠡᠭᠲᠡᠶ᠃ ᠣᠳᠣᠬᠠᠨ᠎ᠳᠤ᠂ ᠣᠯᠠᠨ ᠤᠯᠤᠰ᠎ᠤᠨ ᠪᠡᠯᠡ ᠣᠷᠣᠭᠤᠯᠤᠯᠲᠠ ᠵᠢᠨ ᠪᠠᠶ᠋ᠢᠷᠢᠰᠢᠯ᠎ᠳᠤ ᠭᠦᠨᠵᠡᠭᠡᠶ ᠲᠣᠬᠢᠷᠠᠭᠤᠯᠤᠯᠲᠠ ᠬᠢᠵᠦ᠂ ᠮᠠᠨ᠎ᠤ ᠤᠯᠤᠰ᠎ᠤᠨ ᠭᠠᠳᠠᠭ᠋ᠠᠳᠤ ᠪᠡᠯᠡ ᠵᠢ ᠠᠰᠢᠭᠯᠠᠬᠤ ᠠᠵᠢᠯ ᠰᠢᠨ᠎ᠡ ᠪᠠᠢ᠌ᠳᠠᠯ᠂ ᠰᠢᠨ᠎ᠡ ᠣᠨᠴᠠᠯᠢᠭ᠂ ᠰᠢᠨ᠎ᠡ ᠥᠷᠢᠰᠥᠯᠳᠦᠭᠡᠨ᠎ᠳᠤ ᠲᠤᠯᠭ᠋ᠠᠷᠠᠵᠤ ᠪᠠᠶ᠋ᠢᠨ᠎ᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠠ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠬᠦᠨᠵᠡᠬᠡᠢ ᠲᠤᠤᠱᠯᠠᠭᠤᠯᠵᠤ᠂ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠶ ᠪᠠᠶ᠋ᠢᠷᠢᠰᠢᠭᠤᠯᠤᠯᠲᠠ ᠵᠢ ᠨᠢᠭᠡᠳᠦᠯᠲᠡᠶ᠎ᠳᠤ ᠲᠥᠯᠥᠪᠵᠢᠭᠦᠯᠦᠨ ᠠᠬᠢᠭᠤᠯᠵᠤ᠂ 《ᠳᠥᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠰᠢᠭᠤᠯᠤᠯᠲᠠ ᠵᠢ ᠵᠣᠬᠢᠴᠠᠭᠤᠯᠤᠨ ᠠᠬᠢᠭᠤᠯᠵᠤ᠂ ᠨᠠᠮ᠎ᠤᠨ ᠲᠥᠪ ᠬᠣᠷᠢᠶ᠎ᠠ᠂ ᠲᠥᠷᠦ ᠵᠢᠨ ᠶᠠᠪᠤᠳᠠᠯ᠎ᠤᠨ ᠬᠣᠷᠢᠶᠠᠨ᠎ᠤ ᠭᠠᠳᠠᠭ᠋ᠠᠳᠤ ᠪᠡᠯᠡ ᠵᠢ ᠲᠣᠭᠲᠠᠪᠤᠷᠢᠵᠢᠭᠤᠯᠬᠤ ᠠᠵᠢᠯ ᠵᠢᠨ ᠲᠤᠬᠠᠶ ᠰᠢᠢᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠬᠦ᠂ ᠪᠡᠯᠡ ᠣᠷᠣᠭᠤᠯᠤᠯᠲᠠ ᠵᠢᠨ ᠢᠲᠡᠭᠡᠯ᠎ᠢ ᠬᠥᠭᠵᠢᠭᠡᠬᠦ᠎ᠪᠠᠷ ᠦᠨᠳᠦᠰᠦᠯᠡᠯ ᠪᠣᠯᠭ᠋ᠠᠵᠤ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠤᠨ ᠤᠯᠤᠰ ᠠᠷᠠᠳ᠎ᠤᠨ ᠣᠯᠭᠣᠮᠵᠢ ᠵᠢ ᠪᠠᠲᠤᠯᠠᠬᠤ᠎ᠪᠠᠷ ᠭᠣᠤᠯᠳᠠᠯᠭ᠎ᠠ ᠪᠣᠯᠭ᠋ᠠᠨ᠂ ᠢᠯᠡ ᠲᠣᠳᠣ᠂ ᠵᠢᠱ᠌ᠢᠵᠦ ᠪᠣᠯᠬᠤᠶ᠋ᠢᠴᠠ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠬᠤ ᠣᠷᠴᠢᠨ ᠲᠣᠭᠣᠷᠢᠨ᠎ᠢ ᠪᠤᠢ ᠪᠣᠯᠭ᠋ᠠᠬᠤ᠎ᠪᠠᠷ ᠭᠣᠤᠯᠳᠠᠯᠭ᠎ᠠ ᠪᠣᠯᠭ᠋ᠠᠵᠤ᠂ 《ᠪᠦᠳᠦᠭᠦᠯᠢᠭ》 ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠭᠠᠳᠠᠭ᠋ᠠᠳᠤ ᠪᠡᠯᠡ ᠵᠢ ᠠᠰᠢᠭᠯᠠᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠵᠦ᠂ ᠭᠠᠳᠠᠭ᠋ᠠᠳᠤ ᠪᠡᠯᠡ ᠵᠢᠨ ᠬᠡᠪᠴᠢᠶ᠎ᠡ ᠵᠢ ᠲᠣᠭᠲᠠᠪᠤᠷᠢᠵᠢᠭᠤᠯᠤᠨ᠂ ᠭᠠᠳᠠᠭ᠋ᠠᠳᠤ ᠪᠡᠯᠡ ᠵᠢᠨ ᠪᠦᠲᠦᠴᠡ ᠵᠢ ᠰᠢᠯᠢᠳᠡᠭᠵᠢᠭᠦᠯᠬᠦ᠎ᠪᠠᠷ ᠡᠳᠦᠭᠡ ᠳᠣᠤᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠭᠠᠳᠠᠭ᠋ᠠᠳᠤ ᠨᠡᠭᠡᠭᠡᠯᠲᠡ ᠵᠢ ᠭᠦᠨᠵᠡᠭᠡᠶ᠋ᠢᠷᠡᠭᠦᠯᠦᠨ᠎ᠡ
(ᠨᠢᠭᠡ) ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠠᠯᠠ ᠣᠷᠣᠭᠤᠯᠤᠯᠲᠠ ᠵᠢᠨ ᠰᠢᠨ᠎ᠡ ᠨᠡᠭᠡᠭᠡᠯᠲᠡ᠎ᠲᠠᠢ ᠬᠦᠷᠢᠶ᠎ᠡ ᠴᠠᠷᠠᠭ᠎ᠠ ᠵᠢ ᠳᠠᠮᠵᠢᠨ᠎ᠠ᠃ ᠪᠦᠬᠦ ᠤᠯᠤᠰ ᠪᠣᠯᠤᠨ ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠳᠤ ᠭᠠᠳᠠᠭ᠋ᠠᠳᠤ ᠵᠢᠨ ᠠᠷᠠᠯᠵᠢᠶᠠᠴᠢᠨ᠎ᠤ ᠪᠡᠯᠡ ᠣᠷᠣᠭᠤᠯᠤᠯᠲᠠ ᠣᠷᠣᠬᠤ ᠵᠢ ᠵᠥᠪᠰᠢᠶᠡᠷᠡᠬᠦ ᠨᠠᠵᠠᠭ᠋ᠠᠶ ᠲᠠᠯ᠎ᠠ ᠵᠢᠨ ᠨᠠᠷᠢᠨ ᠳᠠᠩᠰᠠ ᠵᠢ ᠦᠷᠭᠦᠯᠵᠢᠯᠡᠨ ᠪᠠᠭ᠋ᠠᠰᠬᠠᠵᠤ᠂ ᠨᠠᠵᠠᠭ᠋ᠠᠶ ᠲᠠᠯ᠎ᠠ ᠵᠢᠨ ᠨᠠᠷᠢᠨ ᠳᠠᠩᠰᠠᠨ᠎ᠳᠤ ᠣᠷᠣᠭᠤᠯᠤᠭᠰᠠᠨ ᠦᠭᠡᠢ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠴᠡᠪᠡᠷᠯᠡᠨ ᠬᠦᠴᠦᠨ ᠦᠭᠡᠢ ᠪᠣᠯᠭ᠋ᠠᠵᠤ᠂ ᠨᠡᠭᠡᠭᠡᠯᠲᠡ ᠬᠢᠬᠦ ᠠᠷᠭ᠎ᠠ ᠬᠡᠮᠵᠢᠶ᠎ᠡ ᠵᠢᠨ ᠪᠦᠲᠦᠮᠵᠢᠲᠡᠶ ᠬᠡᠷᠡᠭᠵᠢᠭᠦᠯᠦᠭᠳᠡᠬᠦ ᠵᠢ ᠪᠠᠲᠤᠯᠠᠵᠤ᠂ ᠨᠡᠭᠡᠭᠡᠯᠲᠡ ᠬᠢᠬᠦ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠦᠨ᠎ᠡ᠃ (ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠲᠦᠷᠦᠭᠦᠯᠡᠵᠦ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠡᠭᠦᠷᠭᠡ ᠬᠠᠷᠢᠭᠤᠴᠠᠯᠭ᠎ᠠ ᠵᠢᠨ ᠠᠵᠢᠯ ᠵᠢᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠬᠣᠶᠠᠷ) ᠮᠥᠩᠭᠥᠨ ᠭᠦᠢᠯᠭᠡᠭᠡᠨ᠎ᠤ ᠦᠢ᠍ᠯᠡᠰ᠎ᠤᠨ ᠨᠡᠭᠡᠭᠡᠯᠲᠡ ᠵᠢᠨ ᠠᠬᠢᠴᠠ ᠵᠢ ᠲᠦᠷᠭᠡᠳᠬᠡᠨ᠎ᠡ᠃ ᠳᠤᠮᠳᠠᠳᠤ ᠤᠯᠤᠰ᠎ᠲᠠᠬᠢ ᠭᠠᠳᠠᠭ᠋ᠠᠳᠤ ᠪᠡᠯᠡ ᠵᠢᠨ ᠪᠠᠩᠬᠢ᠂ ᠦᠨᠡᠲᠦ ᠲᠡᠮᠳᠡᠭᠲᠦ ᠵᠢᠨ ᠺᠣᠮᠫᠠᠨᠢ᠂ ᠰᠠᠭᠤᠷᠢ ᠮᠥᠩᠭᠥᠨ᠎ᠤ ᠬᠠᠮᠢᠶᠠᠷᠤᠯᠲᠠ ᠵᠢᠨ ᠺᠣᠮᠫᠠᠨᠢ ᠵᠡᠷᠭᠡ ᠮᠥᠩᠭᠥᠨ ᠭᠦᠢᠯᠭᠡᠭᠡᠨ᠎ᠤ ᠪᠠᠶ᠋ᠢᠭᠤᠯᠤᠮᠵᠢ ᠵᠢᠨ ᠬᠢᠵᠠᠭ᠋ᠠᠷᠯᠠᠯ᠎ᠢ ᠪᠦᠬᠦ ᠲᠠᠯ᠎ᠠ᠎ᠪᠠᠷ ᠬᠦᠴᠦᠨ ᠦᠭᠡᠢ ᠪᠣᠯᠭ᠋ᠠᠵᠤ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢ ᠪᠠᠶᠠᠯᠢᠭᠵᠢᠭᠤᠯᠤᠨ᠂ ᠵᠠᠬ᠎ᠠ ᠳᠡᠯᠭᠡᠭᠦᠷ᠎ᠤᠨ ᠠᠮᠢᠳᠤᠯᠢᠭ ᠬᠦᠴᠦᠨ᠎ᠢ ᠨᠡᠮᠡᠭᠳᠡᠭᠦᠯᠦᠨ᠎ᠡ᠃ ᠭᠠᠳᠠᠭ᠋ᠠᠳᠤ ᠤᠯᠤᠰ᠎ᠤᠨ ᠪᠡᠯᠡ ᠣᠷᠣᠭᠤᠯᠤᠭᠴᠢ ᠵᠢᠨ ᠪᠡᠯᠡ ᠣᠷᠣᠭᠤᠯᠵᠤ ᠪᠠᠩᠬᠢ ᠵᠢᠨ ᠦᠢᠯᠡᠰ᠂ ᠳᠠᠭ᠋ᠠᠳᠬᠠᠯ᠎ᠤᠨ ᠦᠢ᠍ᠯᠡᠰ᠎ᠤᠨ ᠪᠠᠶ᠋ᠢᠭᠤᠯᠤᠮᠵᠢ ᠪᠠᠶ᠋ᠢᠭᠤᠯᠬᠤ ᠪᠠ ᠬᠣᠯᠪᠣᠭᠳᠠᠯ ᠪᠦᠬᠦᠢ ᠲᠤᠬᠠᠶ᠋ᠢᠯᠠᠭᠰᠠᠨ ᠠᠵᠢᠯ᠎ᠢ ᠥᠷᠨᠢᠭᠦᠯᠬᠦ ᠲᠣᠭ᠎ᠠ ᠬᠡᠮᠵᠢᠶᠡᠨ᠎ᠤ ᠬᠡᠯᠪᠡᠷᠢ ᠵᠢᠨ ᠵᠥᠪᠰᠢᠶᠡᠷᠡᠨ ᠣᠷᠣᠭᠤᠯᠬᠤ ᠨᠥᠬᠥᠴᠡᠯ᠎ᠢ ᠪᠠᠭ᠋ᠠᠰᠬᠠᠵᠤ᠂ ᠭᠠᠳᠠᠭ᠋ᠠᠳᠤ ᠤᠯᠤᠰ᠎ᠤᠨ ᠪᠠᠩᠬᠢ ᠵᠢᠨ ᠳᠤᠮᠳᠠᠳᠤ ᠤᠯᠤᠰ᠎ᠲᠤ ᠢᠷᠡᠵᠦ ᠪᠠᠶ᠋ᠢᠭᠤᠯᠤᠭᠰᠠᠨ ᠭᠠᠳᠠᠭ᠋ᠠᠳᠤ ᠪᠡᠯᠡ ᠵᠢᠨ ᠬᠠᠤᠯᠢ ᠵᠢᠨ ᠡᠷᠬᠡᠲᠡᠨ᠎ᠤ ᠪᠠᠩᠬᠢ᠂ ᠬᠤᠪᠢᠶᠠᠷᠢ ᠪᠠᠩᠬᠢ ᠵᠢᠨ ᠶᠡᠷᠦᠩᠬᠡᠶ ᠡᠳ᠋ ᠬᠥᠷᠥᠩᠭᠡ ᠵᠢᠨ ᠱᠠᠭ᠋ᠠᠷᠳᠠᠯᠭ᠎ᠠ ᠵᠢ ᠬᠦᠴᠦᠨ ᠦᠭᠡᠢ ᠪᠣᠯᠭ᠋ᠠᠵᠤ᠂ ᠭᠠᠳᠠᠭ᠋ᠠᠳᠤ ᠤᠯᠤᠰ᠎ᠤᠨ ᠳᠠᠭ᠋ᠠᠳᠬᠠᠯ᠎ᠤᠨ ᠺᠣᠮᠫᠠᠨᠢ ᠵᠢᠨ ᠳᠤᠮᠳᠠᠳᠤ ᠤᠯᠤᠰ᠎ᠲᠤ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ ᠡᠵᠡᠩᠨᠡᠬᠦ ᠡᠵᠡᠩᠨᠡᠯᠲᠡ ᠵᠢᠨ ᠵᠢᠯ ᠬᠤᠭᠤᠴᠠᠭ᠎ᠠ᠂ ᠶᠡᠷᠦᠩᠬᠡᠶ ᠡᠳ᠋ ᠬᠥᠷᠥᠩᠭᠡ ᠵᠢᠨ ᠱᠠᠭ᠋ᠠᠷᠳᠠᠯᠭ᠎ᠠ ᠵᠢ ᠬᠦᠴᠦᠨ ᠦᠭᠡᠢ ᠪᠣᠯᠭ᠋ᠠᠨ᠎ᠠ᠃ ᠪᠡᠯᠡ ᠣᠷᠣᠭᠤᠯᠵᠤ ᠬᠤᠪᠢ ᠣᠷᠣᠭᠤᠯᠬᠤ ᠭᠠᠳᠠᠭ᠋ᠠᠳᠤ ᠪᠡᠯᠡ ᠵᠢᠨ ᠪᠠᠩᠬᠢ ᠪᠣᠯᠤᠨ ᠭᠠᠳᠠᠭ᠋ᠠᠳᠤ ᠪᠡᠯᠡ ᠵᠢᠨ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠬᠤᠪᠢ ᠣᠷᠣᠭᠤᠯᠤᠭᠴᠢ ᠵᠢᠨ ᠬᠡᠪᠴᠢᠶ᠎ᠡ ᠵᠢ ᠥᠷᠭᠡᠳᠬᠡᠵᠦ᠂ ᠲᠤᠮᠳᠠᠳᠤ ᠭᠠᠳᠠᠭ᠋ᠠᠳᠤ ᠬᠠᠮᠳᠤᠷᠠᠭᠰᠠᠨ ᠪᠠᠩᠬᠢ ᠵᠢᠨ ᠳᠤᠮᠳᠠᠳᠤ ᠵᠢᠨ ᠲᠠᠯ᠎ᠠ ᠵᠢᠨ ᠴᠣᠷ᠎ᠤᠨ ᠭᠠᠭᠴᠠ ᠪᠤᠶᠤ ᠭᠣᠤᠯ ᠪᠣᠯᠬᠤ ᠬᠤᠪᠢ ᠣᠷᠣᠭᠤᠯᠤᠭᠴᠢ᠎ᠨᠢ ᠡᠷᠬᠡᠪᠰᠢ ᠮᠥᠩᠭᠥᠨ ᠭᠦᠢᠯᠭᠡᠭᠡᠨ᠎ᠤ ᠪᠠᠶ᠋ᠢᠭᠤᠯᠤᠮᠵᠢ ᠵᠢᠨ ᠱᠠᠭ᠋ᠠᠷᠳᠠᠯᠭ᠎ᠠ ᠪᠣᠯᠬᠤ ᠵᠢ ᠦᠭᠡᠶ᠋ᠢᠰᠬᠡᠵᠦ᠂ ᠭᠠᠳᠠᠭ᠋ᠠᠳᠤ ᠤᠯᠤᠰ᠎ᠤᠨ ᠳᠠᠭ᠋ᠠᠳᠬᠠᠯ᠎ᠤᠨ ᠪᠦᠯᠦᠭᠯᠡᠯ᠎ᠤᠨ ᠪᠡᠯᠡ ᠣᠷᠣᠭᠤᠯᠵᠤ ᠳᠠᠭ᠋ᠠᠳᠬᠠᠯ᠎ᠤᠨ ᠲᠥᠷᠥᠯ᠎ᠤᠨ ᠪᠠᠶ᠋ᠢᠭᠤᠯᠤᠮᠵᠢ ᠪᠠᠶ᠋ᠢᠭᠤᠯᠬᠤ ᠵᠢ ᠵᠥᠪᠰᠢᠶᠡᠷᠡᠨ᠎ᠡ᠃ ᠳᠣᠲᠣᠭ᠋ᠠᠳᠤ ᠭᠠᠳᠠᠭ᠋ᠠᠳᠤ ᠪᠡᠯᠡ ᠵᠢᠨ ᠨᠢᠭᠡᠳᠦᠯᠲᠡᠶ ᠪᠠᠢ᠌ᠬᠤ ᠵᠠᠷᠴᠢᠮ᠎ᠤᠨ ᠶᠣᠰᠣᠭ᠋ᠠᠷ ᠭᠠᠳᠠᠭ᠋ᠠᠳᠤ ᠪᠡᠯᠡ ᠵᠢᠨ ᠳᠠᠭ᠋ᠠᠳᠬᠠᠯ᠎ᠤᠨ ᠺᠣᠮᠫᠠᠨᠢ ᠵᠢᠴᠢ ᠲᠡᠭᠦᠨ᠎ᠤ ᠬᠤᠪᠢᠶᠠᠷᠢ ᠰᠠᠯᠪᠤᠷᠢ ᠪᠠᠶ᠋ᠢᠭᠤᠯᠤᠮᠵᠢ ᠪᠠᠶ᠋ᠢᠭᠤᠯᠬᠤ ᠵᠢᠴᠢ ᠬᠤᠪᠢᠷᠠᠭᠤᠯᠬᠤ ᠵᠡᠷᠭᠡ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢᠯᠡᠰ᠎ᠢ ᠭᠦᠢᠴᠡᠳᠬᠡᠬᠦ ᠵᠢ ᠦᠷᠭᠦᠯᠵᠢᠯᠡᠨ ᠳᠠᠮᠵᠢᠨ᠎ᠠ᠃ 2020 ᠣᠨ᠎ᠳᠤ ᠦᠨᠡᠲᠦ ᠲᠡᠮᠳᠡᠭᠲᠦ ᠵᠢᠨ ᠺᠣᠮᠫᠠᠨᠢ᠂ ᠦᠨᠡᠲᠦ ᠲᠡᠮᠳᠡᠭᠲᠦ ᠵᠢᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢᠨ ᠬᠠᠮᠢᠶᠠᠷᠤᠯᠲᠠ ᠵᠢᠨ ᠺᠣᠮᠫᠠᠨᠢ᠂ ᠬᠤᠭᠤᠴᠠᠭ᠋ᠠᠲᠤ ᠪᠠᠷᠠᠭ᠎ᠠ ᠵᠢᠨ ᠺᠣᠮᠫᠠᠨᠢ᠂ ᠠᠮᠢ ᠨᠠᠰᠤᠨ᠎ᠤ ᠳᠠᠭ᠋ᠠᠳᠬᠠᠯ᠎ᠤᠨ ᠺᠣᠮᠫᠠᠨᠢ ᠵᠢᠨ ᠭᠠᠳᠠᠭ᠋ᠠᠳᠤ ᠪᠡᠯᠡ ᠵᠢᠨ ᠬᠠᠷᠢᠴᠠᠯ 51 %᠎ᠠᠴᠠ ᠬᠡᠲᠦᠷᠡᠬᠦ ᠦᠭᠡᠢ ᠪᠠᠢ᠌ᠬᠤ ᠬᠢᠵᠠᠭ᠋ᠠᠷᠯᠠᠯ᠎ᠢ ᠬᠦᠴᠦᠨ ᠦᠭᠡᠢ ᠪᠣᠯᠭ᠋ᠠᠨ᠎ᠠ᠃ (ᠠᠷᠠᠳ᠎ᠤᠨ ᠪᠠᠩᠬᠢ᠂ ᠪᠠᠩᠬᠢ ᠪᠠ ᠳᠠᠭ᠋ᠠᠳᠬᠠᠯ᠎ᠤᠨ ᠲᠢᠩᠬᠢᠮ᠂ ᠬᠡᠷᠡᠴᠢᠯᠡᠭᠡᠨᠤ ᠬ᠋ᠢᠨᠡᠯᠳᠠ ᠵᠢᠨ ᠵᠦᠪᠯᠡᠯ ᠡᠭᠦᠷᠭᠡ ᠬᠠᠷᠢᠭᠤᠴᠠᠯᠭ᠎ᠠ ᠵᠢᠨ ᠠᠵᠢᠯ ᠵᠢᠨ ᠬᠤᠪᠢᠶᠠᠷᠢᠯᠠᠯ ᠵᠶ᠋ᠠᠷ ᠬᠠᠷᠢᠭᠤᠴᠠᠨ᠎ᠠ)
(ᠭᠤᠷᠪᠠ) ᠮᠠᠰᠢᠨ ᠲᠡᠷᠭᠡᠨ᠎ᠤ ᠬᠦᠷᠢᠶ᠎ᠡ ᠴᠠᠷᠠᠭ᠎ᠠ ᠵᠢᠨ ᠭᠠᠳᠠᠭ᠋ᠠᠳᠤ ᠪᠡᠯᠡ ᠵᠢᠨ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠦᠨ᠎ᠡ᠃ ᠡᠯ᠎ᠡ ᠭᠠᠵᠠᠷ ᠣᠷᠣᠨ᠎ᠨᠤᠭᠤᠳ ᠳᠣᠲᠣᠭ᠋ᠠᠳᠤ ᠭᠠᠳᠠᠭ᠋ᠠᠳᠤ ᠵᠢᠨ ᠪᠡᠯᠡ ᠵᠢᠨ ᠮᠠᠰᠢᠨ ᠲᠡᠷᠭᠡ ᠦᠢᠯᠡᠳᠬᠦ ᠠᠵᠤ ᠠᠬᠤᠶ᠋ᠢᠯᠠᠯ᠎ᠤᠨ ᠦᠢᠯᠡᠳᠪᠦᠷᠢᠯᠡᠭᠰᠡᠨ ᠰᠢᠨ᠎ᠡ ᠡᠨᠧᠷᠭᠢ ᠵᠢᠨ ᠮᠠᠰᠢᠨ ᠲᠡᠷᠭᠡ ᠵᠢ ᠠᠳᠠᠯᠢ ᠲᠡᠰ᠎ᠤᠨ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ᠎ᠳᠤ ᠣᠯᠭᠣᠮᠵᠢ ᠬᠦᠷᠲᠡᠬᠦ ᠵᠢ ᠪᠠᠲᠤᠯᠠᠬᠤ ᠬᠡᠷᠡᠭᠲᠡᠶ᠃ ᠰᠠᠭᠤᠳᠠᠯ᠎ᠤᠨ ᠮᠠᠰᠢᠨ ᠲᠡᠷᠭᠡᠨ᠎ᠤ ᠠᠵᠤ ᠠᠬᠤᠶ᠋ᠢᠯᠠᠯ᠎ᠤᠨ ᠳᠤᠮᠳᠠᠴᠢ ᠲᠦᠯᠡᠰᠢ ᠵᠢᠨ ᠬᠡᠮᠵᠢᠶ᠎ᠡ ᠬᠢᠭᠡᠳ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠤᠪᠢ ᠬᠤᠷᠠᠮᠳᠤᠭᠤᠯᠬᠤ ᠬᠠᠮᠢᠶᠠᠷᠤᠯᠲᠠ ᠵᠢᠨ ᠠᠷᠭ᠎ᠠ᠎ᠳᠤ ᠵᠠᠰᠠᠪᠤᠷᠢ ᠣᠷᠣᠭᠤᠯᠵᠤ᠂ ᠭᠠᠳᠠᠭ᠋ᠠᠳᠤ ᠵᠢᠨ ᠲᠠᠯ᠎ᠠ ᠬᠢᠭᠡᠳ ᠳᠤᠮᠳᠠᠳᠤ ᠵᠢᠨ ᠲᠠᠯ᠎ᠠ ᠵᠢᠨ ᠪᠡᠯᠡ ᠨᠡᠶ᠋ᠢᠯᠡᠭᠦᠯᠦᠭᠰᠡᠨ ᠬᠠᠨᠢᠲᠠᠨ ᠵᠥᠪᠳᠡᠯᠴᠡᠭᠡᠳ ᠰᠠᠨᠠᠯ ᠨᠢᠭᠡᠳᠦᠭᠰᠡᠨᠤ ᠳᠠᠷᠠᠭ᠎ᠠ᠂ ᠭᠠᠳᠠᠭ᠋ᠠᠳᠤ ᠵᠢᠨ ᠲᠠᠯ᠎ᠠ ᠵᠢᠨ ᠳᠤᠮᠳᠠᠳᠤ ᠤᠯᠤᠰ᠎ᠲᠤ ᠪᠡᠯᠡ ᠣᠷᠣᠭᠤᠯᠤᠭᠰᠠᠨ ᠮᠠᠰᠢᠨ᠎ᠤ ᠠᠵᠤ ᠠᠬᠤᠶ᠋ᠢᠯᠠᠯ᠎ᠤᠨ ᠬᠣᠭᠣᠷᠣᠨᠳᠣ᠎ᠪᠠᠨ ᠬᠤᠪᠢ ᠬᠤᠷᠠᠮᠳᠤᠭᠤᠯᠬᠤ ᠡᠷᠬᠡ᠎ᠪᠠᠨ ᠰᠢᠯᠵᠢᠭᠦᠯᠬᠦ ᠵᠢ ᠵᠥᠪᠰᠢᠶᠡᠷᠡᠨ᠎ᠡ᠃ (ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠂ ᠡᠯ᠎ᠡ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠵᠢᠨ ᠠᠵᠢᠯ ᠵᠢᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠳᠦᠷᠪᠡ) ᠡᠷᠬᠡ ᠲᠡᠭᠰᠢ ᠡᠵᠡᠩᠨᠡᠯᠲᠡ ᠵᠢᠨ ᠣᠷᠴᠢᠨ ᠲᠣᠭᠣᠷᠢᠨ᠎ᠢ ᠬᠦᠴᠦᠯᠡᠨ ᠪᠤᠢ ᠪᠣᠯᠭ᠋ᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠳ ᠵᠠᠬ᠎ᠠ ᠳᠡᠯᠭᠡᠭᠦᠷ᠎ᠤᠨ ᠭᠣᠤᠯᠴᠢ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ ᠭᠣᠤᠯᠴᠢ ᠥᠷᠢᠰᠥᠯᠳᠦᠭᠡᠨ᠎ᠢ ᠵᠥᠷᠢᠴᠡᠭᠰᠡᠨ ᠠᠷᠭ᠎ᠠ ᠬᠢᠳᠡᠯ᠎ᠢ ᠴᠠᠭ ᠲᠤᠬᠠᠶ᠎ᠳᠤᠨᠢ ᠵᠠᠯᠠᠷᠠᠭᠤᠯᠵᠤ᠂ ᠭᠣᠤᠯᠴᠢ ᠥᠷᠢᠰᠥᠯᠳᠦᠭᠡᠨ᠎ᠢ ᠬᠠᠷᠰᠢᠯᠠᠬᠤ ᠳᠦᠷᠢᠮ᠎ᠤᠨ ᠴᠢᠨᠠᠷᠲᠠᠶ ᠬᠠᠷᠰᠢ ᠰᠠᠭ᠋ᠠᠳ᠎ᠢ ᠬᠦᠴᠦᠯᠡᠨ ᠠᠷᠢᠯᠭ᠋ᠠᠬᠤ ᠬᠡᠷᠡᠭᠲᠡᠶ᠃ ᠳᠣᠲᠣᠭ᠋ᠠᠳᠤ ᠭᠠᠳᠠᠭ᠋ᠠᠳᠤ ᠪᠡᠯᠡ ᠵᠢᠨ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠲᠤᠬᠠᠢ᠌ᠯᠠᠭᠰᠠᠨ ᠠᠵᠢᠯ ᠵᠢ ᠲᠠᠭ᠋ᠠᠭ᠋ᠠᠴᠢᠯᠠᠬᠤ ᠵᠢ ᠨᠢᠭᠡᠳᠬᠡᠨ᠎ᠡ᠃ ᠭᠠᠳᠠᠭ᠋ᠠᠳᠤ ᠤᠯᠤᠰ᠎ᠤᠨ ᠪᠡᠯᠡ ᠣᠷᠣᠭᠤᠯᠤᠭᠴᠢ ᠵᠢᠨ ᠢᠨᠲ᠋ᠧᠷ ᠰᠦᠯᠵᠢᠶᠡᠨ᠎ᠤ ᠦᠢᠯᠡᠴᠢᠯᠡᠭᠡᠨ᠎ᠤ ᠡᠵᠡᠩᠨᠡᠯᠲᠡ ᠵᠢᠨ ᠲᠠᠯᠠᠪᠤᠷ᠂ ᠵᠤᠭ᠎ᠠ ᠴᠡᠩᠭᠡᠯ᠎ᠤᠨ ᠲᠠᠯᠠᠪᠤᠷ᠎ᠤᠨ ᠡᠵᠡᠩᠨᠡᠯᠲᠡ ᠵᠡᠷᠭᠡ ᠲᠤᠬᠠᠶ᠋ᠢᠯᠠᠭᠰᠠᠨ ᠠᠵᠢᠯ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠲᠡᠭᠦᠯᠳᠡᠷᠵᠢᠭᠦᠯᠦᠨ᠎ᠡ᠃ ᠳᠣᠲᠣᠭ᠋ᠠᠳᠤ ᠭᠠᠳᠠᠭ᠋ᠠᠳᠤ ᠪᠡᠯᠡ ᠵᠢᠨ ᠪᠠᠶ᠋ᠢᠭᠤᠯᠤᠮᠵᠢ ᠵᠢᠨ ᠠᠳᠠᠯᠢ ᠬᠠᠷᠠᠭ᠋ᠠᠯᠵᠠᠯᠳᠤ ᠵᠠᠷᠴᠢᠮ᠎ᠢ ᠪᠠᠷᠢᠮᠲᠠᠯᠠᠨ᠂ ᠦᠢᠯᠡᠳᠬᠦᠨ᠎ᠤ ᠭᠡᠷᠡᠴᠢᠯᠡᠯ᠎ᠤᠨ ᠠᠯᠪᠠᠳᠠᠯᠭ᠎ᠠ ᠵᠢᠨ ᠴᠢᠨᠠᠷᠲᠠᠶ ᠪᠠᠶ᠋ᠢᠭᠤᠯᠤᠮᠵᠢ ᠵᠢᠨ ᠬᠢᠷᠢ ᠴᠢᠳᠠᠮᠵᠢ ᠵᠢ ᠬᠢᠨᠠᠨ ᠵᠥᠪᠰᠢᠶᠡᠷᠡᠬᠦ ᠠᠵᠢᠯ᠎ᠢ ᠥᠷᠨᠢᠭᠦᠯᠦᠨ᠎ᠡ᠃ ᠬᠢᠮᠢ ᠵᠢᠨ ᠪᠣᠳᠠᠰ᠎ᠤᠨ ᠹᠢᠽᠢᠺ᠎ᠤᠨ ᠠᠶᠤᠯᠲᠤ ᠴᠢᠨᠠᠷ᠎ᠢ ᠬᠢᠨᠠᠨ ᠲᠣᠭᠲᠠᠭ᠋ᠠᠬᠤ ᠪᠠᠶ᠋ᠢᠭᠤᠯᠤᠮᠵᠢ ᠵᠢᠨ ᠲᠣᠭ᠎ᠠ ᠬᠡᠮᠵᠢᠶ᠎ᠡ ᠵᠢ ᠨᠡᠮᠡᠭᠳᠡᠭᠦᠯᠬᠦ᠎ᠳᠤ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠢ᠌ᠯᠠᠯ᠎ᠳᠤ ᠴᠢᠭᠯᠡᠭᠦᠯᠦᠨ ᠨᠥᠬᠥᠴᠡᠯ ᠲᠣᠬᠢᠷᠠᠭᠤᠯᠵᠤ ᠪᠣᠯᠬᠤ ᠦᠭᠡᠢ᠃ (ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠣᠷᠣᠨ ᠰᠠᠭᠤᠴᠠ ᠬᠣᠲᠠ ᠬᠥᠳᠡᠭᠡ᠎ᠤᠨ ᠪᠦᠲᠦᠭᠡᠨ ᠪᠠᠢ᠌ᠭᠤᠯᠤᠯᠳᠠ ᠵᠢᠨ ᠶᠠᠮᠦᠨ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠪᠠᠴᠢᠮ ᠪᠠᠶ᠋ᠢᠳᠠᠯ᠎ᠢ ᠠᠷᠭ᠋ᠠᠴᠠᠬᠤ ᠶᠠᠮᠤᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠂ ᠡᠯ᠎ᠡ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠡᠭᠦᠷᠭᠡ ᠬᠠᠷᠢᠭᠤᠴᠠᠯᠭ᠎ᠠ ᠵᠢᠨ ᠠᠵᠢᠯ ᠵᠢᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )
ᠬ᠊ ᠊ᠣᠶᠠᠷ᠂ ᠪᠠᠯᠠ ᠣᠷᠣᠭᠤᠯᠤᠯᠲᠠ ᠵᠢ ᠠᠬᠢᠭᠤᠯᠬᠤ ᠡᠷᠴᠢᠮ᠎ᠢ ᠴᠢᠩᠭ᠋ᠠᠷᠠᠭᠤᠯᠤᠨ᠎ᠠ
(ᠲᠠᠪᠤ) ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠠᠯᠠ ᠣᠷᠣᠭᠤᠯᠤᠭᠰᠠᠨ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠦᠢᠯᠡᠴᠢᠯᠡᠭᠡ ᠵᠢ ᠰᠢᠯᠢᠳᠡᠭᠵᠢᠭᠦᠯᠦᠨ᠎ᠡ᠃ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠤᠨ ᠳᠡᠭᠡᠲᠤ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠎ᠢ ᠮᠠᠭ᠋ᠠᠳᠯᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠬᠤ ᠲᠤᠬᠠᠶ ᠵᠢᠯᠣᠭᠣᠳᠤᠯᠭ᠎ᠠ ᠪᠠ ᠦᠢᠯᠡᠴᠢᠯᠡᠭᠡ ᠵᠢ ᠴᠢᠩᠭ᠋ᠠᠳᠬᠠᠵᠤ᠂ ᠲᠥᠷᠦ ᠵᠢᠨ ᠪᠣᠳᠣᠯᠭ᠎ᠠ ᠵᠢᠨ ᠲᠤᠰᠬᠠᠶ ᠰᠡᠳᠦᠪᠲᠦ ᠪᠣᠯᠪᠠᠰᠤᠷᠠᠭᠤᠯᠤᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠲᠥᠷᠦ ᠵᠢᠨ ᠪᠣᠳᠣᠯᠭ᠎ᠠ ᠵᠢᠨ ᠤᠬᠠᠭᠤᠯᠭ᠎ᠠ ᠵᠢ ᠴᠢᠩᠭ᠋ᠠᠳᠬᠠᠵᠤ᠂ ᠭᠠᠳᠠᠭ᠋ᠠᠳᠤ ᠪᠡᠯᠡ ᠵᠢᠨ ᠳᠡᠭᠡᠲᠤ ᠰᠢᠨ᠎ᠡ ᠮᠡᠷᠭᠡᠵᠢᠯ᠎ᠤᠨ ᠠᠵᠤ ᠦᠢᠯᠡᠰ᠎ᠲᠤ ᠨᠠᠩ ᠢᠯᠡᠭᠦᠤ ᠪᠡᠯᠡ ᠣᠷᠣᠭᠤᠯᠬᠤ ᠵᠢ ᠵᠣᠷᠢᠭᠵᠢᠭᠤᠯᠤᠨ ᠬᠥᠲᠥᠯᠥᠨ ᠵᠢᠯᠣᠭᠣᠳᠤᠨ᠎ᠠ᠃ (ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠡᠯ᠎ᠡ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠵᠢᠨ ᠠᠵᠢᠯ ᠵᠢᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠵᠢᠷᠭᠤᠭ᠎ᠠ) ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠣᠷᠣᠨ ᠨᠤᠲᠤᠭ ᠪᠠ ᠰᠠᠯᠠᠭ᠎ᠠ ᠮᠥᠴᠢᠷ᠎ᠤᠨ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢᠨ ᠬᠦᠰᠡᠯ ᠡᠷᠡᠮᠡᠯᠵᠡᠯ᠎ᠳᠤ ᠠᠩᠬᠠᠷᠤᠯ ᠵᠶ᠋ᠠᠨ ᠲᠥᠪᠯᠡᠷᠡᠭᠦᠯᠬᠦ ᠵᠢ ᠳᠠᠮᠵᠢᠵᠤ᠂ ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠨᠡᠭᠡᠭᠡᠯᠲᠡ ᠵᠢ ᠤᠯᠠᠮ ᠨᠢᠭᠡ ᠠᠯᠬᠤᠮ ᠥᠷᠭᠡᠳᠬᠡᠬᠦ ᠪᠠ ᠰᠢᠨ᠎ᠡ ᠵᠢ ᠡᠭᠦᠳᠦᠨ ᠬᠥᠭᠵᠢᠭᠦᠯᠬᠦ ᠵᠢ ᠳᠡᠮᠵᠢᠬᠦ ᠪᠣᠳᠠᠲᠠᠶ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠤ᠂ ᠬᠣᠯᠪᠣᠭᠳᠠᠯ ᠪᠦᠬᠦᠢ ᠭᠦᠨ ᠳᠠᠪᠬᠤᠷᠭ᠎ᠠ ᠵᠢᠨ ᠥᠭᠡᠷᠡᠴᠢᠯᠡᠯᠲᠡ ᠵᠢᠨ ᠵᠦᠢᠯᠡᠰ᠎ᠢ ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠳᠤ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠵᠢ ᠲᠦᠯᠬᠢᠨ ᠠᠬᠢᠭᠤᠯᠵᠤ᠂ ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠥᠭᠡᠷᠡᠴᠢᠯᠡᠯᠲᠡ ᠨᠡᠭᠡᠭᠡᠯᠲᠡ ᠵᠢᠨ ᠲᠤᠷᠰᠢᠯᠲᠠ ᠵᠢᠨ ᠴᠢᠭ᠎ᠤᠨ ᠦᠢᠯᠡᠳᠦᠯ᠎ᠢ ᠭᠦᠢᠴᠡᠳ ᠪᠠᠳᠠᠷᠠᠭᠤᠯᠤᠨ᠎ᠠ᠃ ᠨᠥᠬᠥᠴᠡᠯ ᠪᠤᠯᠤᠮᠵᠢ᠎ᠲᠠᠢ ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠳᠤ ᠨᠠᠩ ᠣᠯᠠᠨ ᠮᠤᠵᠢ ᠵᠢᠨ ᠱᠠᠲᠤᠨ᠎ᠤ ᠠᠵᠤ ᠠᠬᠤᠢ ᠵᠢᠨ ᠬᠠᠮᠢᠶᠠᠷᠤᠯᠲᠠ ᠵᠢᠨ ᠬᠢᠨᠠᠨ ᠵᠥᠪᠰᠢᠶᠡᠷᠡᠬᠦ ᠡᠷᠬᠡ ᠵᠢᠨ ᠬᠢᠵᠠᠭ᠋ᠠᠷ᠂ ᠢᠯᠠᠩᠭᠤᠶ᠎ᠠ ᠪᠡᠯᠡ ᠣᠷᠣᠭᠤᠯᠤᠯᠲᠠ ᠵᠢ ᠬᠢᠨᠠᠨ ᠵᠥᠪᠰᠢᠶᠡᠷᠡᠬᠦ᠂ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠵᠡᠷᠭᠡ ᠡᠷᠬᠡ ᠵᠢᠨ ᠬᠢᠵᠠᠭ᠋ᠠᠷ᠎ᠢ ᠲᠤᠷᠤᠭᠰᠢᠯᠠᠭᠤᠯᠤᠨ᠎ᠠ᠃ (ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠲᠦᠷᠦᠭᠦᠯᠡᠨ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠬᠣᠯᠪᠣᠭᠳᠠᠯ ᠪᠦᠬᠦᠢ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠵᠢᠨ ᠠᠵᠢᠯ ᠵᠢᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠳᠣᠯᠣᠭ᠎ᠠ) ᠨᠡᠭᠡᠭᠡᠯᠳᠡᠳᠡᠢ ᠲᠠᠪᠴᠠᠩ᠎ᠤᠨ ᠪᠡᠯᠡ ᠣᠷᠣᠭᠤᠯᠵᠤ ᠢᠷᠡᠬᠦ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠨᠡᠯᠢᠶᠡᠳ ᠴᠢᠩᠭ᠎ᠠ ᠥᠷᠢᠰᠦᠯᠳᠦᠬᠦ ᠬᠦᠴᠦᠨ᠎ᠲᠠᠢ ᠠᠵᠤ ᠦᠢ᠍ᠯᠡᠰ᠎ᠤᠨ ᠲᠥᠪᠯᠡᠷᠡᠯ ᠪᠦᠲᠦᠭᠡᠨ ᠪᠠᠶ᠋ᠢᠭᠤᠯᠬᠤ ᠨᠥᠬᠥᠴᠡᠯ ᠪᠤᠯᠤᠮᠵᠢ᠎ᠲᠠᠢ ᠤᠯᠤᠰ᠎ᠤᠨ ᠲᠡᠰ᠎ᠤᠨ ᠠᠵᠤ ᠠᠬᠤᠶ ᠵᠢᠨ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠢ ᠳᠠᠮᠵᠢᠵᠤ᠂ ᠲᠥᠷᠥᠯ ᠲᠡᠮᠳᠡᠭᠴᠢᠯᠡᠭᠰᠡᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠲᠠᠪᠴᠠᠩ ᠪᠠᠶ᠋ᠢᠭᠤᠯᠬᠤ ᠵᠢ ᠵᠣᠷᠢᠭᠵᠢᠭᠤᠯᠤᠨ᠎ᠠ᠃ ᠭᠣᠤᠯᠳᠠᠯᠭ᠎ᠠ᠎ᠲᠠᠢ ᠠᠵᠤ ᠠᠬᠤᠶ᠋ᠢᠯᠠᠯ᠎ᠤᠨ ᠬᠠᠷᠢᠯᠴᠠᠬᠤ ᠳᠦᠷᠢᠮ᠎ᠢ ᠪᠠᠶ᠋ᠢᠭᠤᠯᠵᠤ᠂ ᠲᠤᠰᠬᠠᠶ᠋ᠢᠵᠢᠭᠰᠠᠨ᠂ ᠪᠦᠬᠦ ᠱᠠᠲᠤᠨ᠎ᠤ ᠴᠤᠪᠤᠷᠠᠯ᠎ᠳᠤ ᠦᠢᠯᠡᠴᠢᠯᠡᠭᠡᠨ ᠬᠠᠩᠭ᠋ᠠᠵᠤ᠂ ᠳᠠᠶ᠋ᠢᠴᠢᠯᠠᠬᠤ ᠬᠦᠴᠦᠨ ᠵᠶ᠋ᠠᠷ ᠴᠢᠩᠭ᠎ᠠ᠂ ᠬᠡᠪᠴᠢᠶ᠎ᠡ᠎ᠨᠢ ᠥᠷᠭᠡᠨ ᠳᠠᠭ᠋ᠠᠭᠤᠯᠤᠭᠴᠢ ᠠᠵᠤ ᠠᠬᠤᠶ᠋ᠢᠯᠠᠯ ᠪᠣᠯᠤᠨ ᠠᠵᠤ ᠦᠢ᠍ᠯᠡᠰ᠎ᠤᠨ ᠬᠡᠯᠬᠢᠶ᠎ᠡ ᠵᠢᠨ ᠭᠣᠤᠯᠯᠠᠬᠤ ᠠᠵᠤ ᠠᠬᠤᠶ᠋ᠢᠯᠠᠯ᠎ᠢ ᠬᠦᠴᠦᠯᠡᠨ ᠪᠣᠶ᠋ᠢᠵᠢᠭᠤᠯᠤᠨ᠎ᠠ᠃ ᠦᠨᠡᠨᠬᠦ ᠬᠥᠭᠵᠢᠭᠦᠯᠬᠦ ᠬᠡᠷᠡᠭᠴᠡᠭᠡ᠎ᠲᠠᠢ ᠪᠥᠭᠡᠳ ᠨᠥᠬᠥᠴᠡᠯ᠎ᠳᠤ ᠨᠡᠶ᠋ᠢᠴᠡᠬᠦ ᠳᠤᠮᠳᠠ ᠪᠠ ᠪᠠᠷᠠᠭᠤᠨ ᠬᠡᠰᠡᠭ᠎ᠤᠨ ᠭᠠᠵᠠᠷ ᠣᠷᠣᠨ᠎ᠳᠤ ᠨᠢᠭᠡ ᠪᠦᠯᠦᠭ ᠶᠡᠷᠦᠩᠬᠡᠶ᠋ᠢᠯᠡᠭᠰᠡᠨ ᠭᠠᠶ᠋ᠢᠯᠢ ᠵᠢᠨ ᠪᠠᠲᠤᠯᠠᠭ᠎ᠠ ᠵᠢᠨ ᠣᠷᠣᠨ᠎ᠢ ᠡᠩ ᠲᠡᠷᠢᠭᠦᠨ᠎ᠳᠤ ᠨᠡᠮᠡᠵᠦ ᠪᠠᠶ᠋ᠢᠭᠤᠯᠤᠨ᠎ᠠ᠃ ᠤᠯᠤᠰ᠎ᠤᠨ ᠲᠡᠰ᠎ᠤᠨ ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠣᠷᠣᠨ᠎ᠤ 《ᠬᠢᠨᠠᠨ ᠵᠥᠪᠰᠢᠶᠡᠷᠡᠯ᠎ᠢ ᠣᠷᠣᠨ ᠲᠤᠭᠤᠷᠢᠭ᠎ᠲᠤ ᠬᠢᠵᠠᠭ᠋ᠠᠷᠯᠠᠬᠤ》᠂ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢᠯᠡᠴᠢᠯᠡᠭᠡ》 ᠪᠠ 《 ᠨᠢᠭᠡ ᠤᠳᠠᠭ᠎ᠠ᠎ᠳᠤ ᠰᠢᠢ᠍ᠳᠪᠦᠷᠢᠯᠡᠬᠦ》 ᠥᠭᠡᠷᠡᠴᠢᠯᠡᠯᠲᠡ ᠵᠢ ᠦᠨᠡᠨᠬᠦ ᠠᠬᠢᠭᠤᠯᠵᠤ᠂ ᠠᠵᠤ ᠠᠬᠤᠶ᠋ᠢᠯᠠᠯ᠎ᠤᠨ ᠦᠢᠯᠡᠴᠢᠯᠡᠭᠡᠨ᠎ᠤ ᠰᠢᠰᠲ᠋ᠧᠮᠵᠢ ᠵᠢᠨ ᠰᠢᠨ᠎ᠡ ᠵᠢ ᠡᠭᠦᠳᠦᠨ ᠲᠡᠭᠦᠯᠳᠡᠷᠵᠢᠭᠦᠯᠵᠦ᠂ ᠲᠡᠷᠢᠭᠦᠨ᠎ᠤ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠪᠠᠶ᠋ᠢᠭᠤᠯᠤᠨ᠎ᠠ᠃ (ᠡᠳ᠋᠎ᠤᠨ ᠵᠠᠰᠠᠭ᠎ᠤᠨ ᠶᠠᠮᠤᠨ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠭᠤᠯᠤᠯᠲᠠ ᠵᠢᠨ ᠶᠠᠮᠤᠨ᠂ ᠬᠤᠳᠠᠯᠳᠤᠭ᠋ᠠᠨ᠎ᠤ ᠶᠠᠪᠤᠳᠠᠯ ᠤᠨ ᠶᠠᠮᠤᠨ᠂ ᠪᠣᠭᠣᠮᠲᠠ ᠵᠢᠨ ᠶᠡᠷᠦᠩᠬᠡᠢ ᠵᠠᠬᠢᠷᠭ᠎ᠠ᠂ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠤᠪᠴᠢᠶ᠎ᠠ᠂ ᠡᠯ᠎ᠡ ᠮᠣᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠨᠠᠢ᠍ᠮᠠ) ᠣᠷᠣᠨ ᠨᠤᠲᠤᠭ᠎ᠤᠨ᠎ᠬᠢᠨ᠎ᠤ ᠭᠠᠳᠠᠭ᠋ᠠᠳᠤ ᠪᠡᠯᠡ ᠵᠢᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠡᠷᠴᠢᠮ ᠵᠶ᠋ᠠᠨ ᠨᠡᠮᠡᠭᠳᠡᠭᠦᠯᠬᠦ ᠵᠢ ᠳᠠᠮᠵᠢᠨ᠎ᠠ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠬᠠᠶ ᠵᠢᠨ ᠭᠠᠵᠠᠷ᠎ᠤᠨ ᠬᠤᠳᠠᠯᠳᠤᠭ᠋ᠠᠴᠢᠨ ᠤᠷᠢᠬᠤ ᠠᠵᠢᠯ᠎ᠤᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ᠂ ᠰᠢᠯᠭ᠋ᠠᠨ ᠬᠢᠨᠠᠵᠤ ᠤᠷᠮᠠᠰᠢᠭᠤᠯᠬᠤ ᠲᠥᠷᠥ ᠵᠢᠨ ᠪᠣᠳᠣᠯᠭ᠎ᠠ ᠲᠣᠭᠲᠠᠭ᠋ᠠᠵᠤ᠂ ᠬᠤᠳᠠᠯᠳᠤᠭ᠋ᠠᠴᠢᠨ ᠤᠷᠢᠬᠤ ᠰᠠᠯᠠᠭ᠎ᠠ ᠮᠥᠴᠢᠷ᠂ ᠪᠦᠯᠬᠦᠮ᠎ᠤᠨ ᠳᠣᠲᠣᠷᠠᠬᠢ ᠠᠯᠪᠠᠲᠠᠨ᠎ᠤ ᠪᠤᠰᠤ ᠠᠵᠢᠯ᠎ᠤᠨ ᠪᠠᠶ᠋ᠢᠷᠢ᠎ᠳᠤ ᠨᠠᠩ ᠠᠮᠢᠳᠤᠯᠢᠭ ᠤᠷᠮᠠᠰᠢᠭᠤᠯᠬᠤ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠵᠢ ᠵᠣᠷᠢᠭᠵᠢᠭᠤᠯᠤᠨ᠎ᠠ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠬᠠᠤᠯᠢ᠎ᠪᠠᠷ ᠲᠣᠭᠲᠠᠭ᠋ᠠᠭᠰᠠᠨ ᠡᠷᠬᠡ ᠮᠡᠳᠡᠯ᠎ᠤᠨ ᠬᠡᠪᠴᠢᠶᠡᠨ ᠳᠣᠲᠣᠷ᠎ᠠ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠠᠵᠢᠯ᠎ᠤᠨ ᠵᠠᠷᠤᠳᠠᠯ᠎ᠤᠨ ᠲᠣᠭ᠎ᠠ ᠬᠡᠮᠵᠢᠶ᠎ᠡ ᠪᠠ ᠪᠠᠷᠢᠮᠵᠢᠶ᠎ᠠ ᠵᠢ ᠵᠦᠶ ᠵᠣᠬᠢᠰᠲᠠᠶ ᠲᠣᠭᠲᠠᠭ᠋ᠠᠬᠤ ᠵᠢ ᠵᠣᠷᠢᠭᠵᠢᠭᠤᠯᠵᠤ᠂ ᠬᠢᠯᠢ᠎ᠠᠴᠠ ᠭᠠᠷᠴᠤ ᠬᠤᠳᠠᠯᠳᠤᠭ᠋ᠠᠴᠢᠨ ᠤᠷᠢᠬᠤ ᠠᠵᠢᠯᠯᠠᠭ᠎ᠠ᠂ ᠪᠦᠯᠬᠦᠮ ᠳᠤᠭᠤᠶ᠋ᠢᠯᠠᠩ᠎ᠤᠨ ᠭᠤᠶᠤᠴᠢᠯᠠᠯ ᠵᠡᠷᠭᠡ᠎ᠳᠤ ᠳᠡᠮᠵᠢᠯᠭᠡ ᠦᠵᠡᠭᠦᠯᠦᠨ᠎ᠡ᠃ (ᠭᠠᠳᠠᠭ᠋ᠠᠳᠤ ᠶᠠᠪᠤᠳᠠᠯ᠎ᠤᠨ ᠶᠠᠮᠤᠨ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠂ ᠬᠥᠮᠦᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠡᠯ᠎ᠡ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠵᠢᠨ ᠠᠵᠢᠯ ᠵᠢᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠶᠢᠰᠦ) ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ ᠵᠢ ᠰᠠᠶ᠋ᠢᠲᠤᠷ ᠠᠳᠬᠤᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠳ ᠪᠠᠯᠠ ᠣᠷᠣᠭᠤᠯᠤᠯᠲᠠ ᠵᠢᠨ ᠦᠢᠯᠡᠴᠢᠯᠡᠭᠡᠨ᠎ᠤ ᠲᠠᠪᠴᠠᠩ᠂ ᠲᠥᠷᠥ ᠵᠢᠨ ᠪᠣᠳᠣᠯᠭ᠎ᠠ ᠵᠢᠨ ᠯᠠᠪᠯᠠᠯᠭ᠎ᠠ ᠵᠢᠨ ᠴᠣᠩᠬᠣ ᠪᠠᠶ᠋ᠢᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠢᠳᠡᠪᠬᠢᠲᠡᠢ ᠥᠷᠨᠢᠭᠦᠯᠵᠦ᠂ ᠠᠵᠤ ᠠᠬᠤᠢ᠌ᠯᠠᠯ᠎ᠳᠤ ᠭᠦᠨᠵᠡᠭᠡᠶ᠋ᠢᠷᠡᠨ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠵᠤ᠂ ᠲᠥᠷᠥ ᠵᠢᠨ ᠪᠣᠳᠣᠯᠭ᠎ᠠ ᠵᠢᠨ ᠬᠡᠷᠡᠭᠵᠢᠭᠦᠯᠦᠯᠲᠡ ᠵᠢᠨ ᠬᠦᠴᠢᠷ ᠠᠰᠠᠭᠤᠳᠠᠯ᠂ ᠲᠦᠭᠵᠢᠷᠡᠯ᠎ᠤᠨ ᠴᠡᠭ᠎ᠢ ᠣᠶ᠋ᠢᠯᠭ᠋ᠠᠨ᠂ ᠠᠵᠤ ᠠᠬᠤᠶ᠋ᠢᠯᠠᠯ᠎ᠤᠨ ᠭᠤᠶᠤᠳᠠᠯ ᠲᠣᠭ᠋ᠠᠴᠢᠯᠲᠠ᠎ᠳᠤ ᠪᠥᠬᠥ ᠲᠠᠯ᠎ᠠ᠎ᠪᠠᠷ ᠬᠠᠷᠢᠭᠤ ᠲᠤᠰᠬᠠᠵᠤ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠠᠯᠠ ᠣᠷᠣᠭᠤᠯᠤᠭᠰᠠᠨ ᠠᠵᠤ ᠠᠬᠤᠶ᠋ᠢᠯᠠᠯ᠎ᠤᠨ ᠰᠢᠰᠲᠸᠮᠵᠢᠭᠰᠡᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠬᠦᠷᠲᠡᠬᠦ ᠵᠢ ᠬᠠᠤᠯᠢ ᠲᠣᠭᠲᠠᠭ᠋ᠠᠯ ᠶᠣᠰᠣᠭ᠋ᠠᠷ ᠳᠠᠮᠵᠢᠵᠤ᠂ ᠠᠵᠤ ᠠᠬᠤᠶ᠋ᠢᠯᠠᠯ᠎ᠢ ᠬᠠᠪᠰᠤᠷᠤᠨ ᠡᠯ᠎ᠡ ᠵᠦᠢᠯ᠎ᠤᠨ ᠲᠥᠷᠥ ᠵᠢᠨ ᠪᠣᠳᠣᠯᠭ᠎ᠠ ᠵᠢ ᠭᠦᠢᠴᠡᠳ ᠰᠠᠶ᠋ᠢᠲᠤᠷ ᠬᠡᠷᠡᠭᠯᠡᠬᠦ ᠬᠡᠷᠡᠭᠲᠡᠶ᠃ (ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠵᠢᠨ ᠠᠵᠢᠯ ᠵᠢᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠭᠤᠷᠪᠠ᠂ ᠪᠡᠯᠡ ᠣᠷᠣᠭᠤᠯᠤᠯᠲᠠ ᠵᠢ ᠳᠥᠭᠥᠮᠴᠢᠯᠡᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ
(ᠠᠷᠪᠠ) ᠪᠠᠯᠠ ᠮᠥᠩᠭᠥ ᠵᠢᠨ ᠬᠢᠯᠢ ᠠᠯᠤᠰᠯᠠᠨ ᠬᠡᠷᠡᠭᠯᠡᠬᠦ ᠥᠪᠡᠷ᠎ᠤᠨ ᠥᠷᠲᠡᠭ᠎ᠢ ᠪᠠᠭᠤᠷᠠᠭᠤᠯᠤᠨ᠎ᠠ᠃ ᠪᠣᠳᠠᠲᠠᠶ ᠠᠷᠭ᠎ᠠ ᠬᠡᠮᠵᠢᠶ᠎ᠡ ᠵᠢ ᠲᠦᠷᠭᠡᠬᠡᠨ ᠲᠣᠭᠲᠠᠭ᠋ᠠᠵᠤ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠤᠨ ᠠᠷᠠᠳ᠎ᠤᠨ ᠵᠣᠭᠣᠰ᠎ᠤᠨ ᠬᠢᠯᠢ ᠠᠯᠤᠰᠯᠠᠨ ᠬᠡᠷᠡᠭᠯᠡᠬᠦ ᠵᠢ ᠥᠷᠭᠡᠳᠬᠡᠬᠦ ᠵᠢ ᠳᠠᠮᠵᠢᠨ᠎ᠠ᠃ ᠬᠥᠷᠥᠩᠭᠡ ᠵᠢᠨ ᠵᠦᠢᠯᠡᠰ᠎ᠤᠨ ᠣᠷᠣᠯᠭ᠎ᠠ ᠵᠢᠨ ᠲᠥᠯᠥᠪᠦᠷᠢ ᠵᠢ ᠳᠥᠭᠥᠮᠴᠢᠯᠡᠬᠦ ᠥᠭᠡᠷᠡᠴᠢᠯᠡᠯᠲᠡ ᠵᠢᠨ ᠲᠤᠷᠰᠢᠯᠲᠠ ᠵᠢᠨ ᠬᠡᠪᠴᠢᠶ᠎ᠡ ᠵᠢ ᠥᠷᠭᠡᠳᠬᠡᠨ᠎ᠡ᠃ ᠠᠵᠤ ᠠᠬᠤᠶ᠋ᠢᠯᠠᠯ᠎ᠤᠨ ᠭᠠᠳᠠᠭ᠋ᠠᠳᠤ ᠵᠢᠭᠡᠯᠡᠯᠭᠡ ᠲᠠᠷᠬᠠᠭ᠋ᠠᠬᠤ ᠳᠠᠩᠰᠠᠯᠠᠯ᠎ᠤᠨ ᠳᠦᠷᠢᠮ᠎ᠤᠨ ᠥᠭᠡᠷᠡᠴᠢᠯᠡᠯᠲᠡ ᠵᠢ ᠲᠦᠯᠬᠢᠨ ᠠᠬᠢᠭᠤᠯᠵᠤ᠂ ᠪᠦᠬᠦ ᠰᠢᠰᠲ᠋ᠧᠮ᠎ᠤᠨ ᠬᠢᠯᠢ ᠠᠯᠤᠰᠯᠠᠭᠰᠠᠨ ᠪᠡᠯᠡ ᠲᠣᠬᠢᠷᠠᠭᠤᠯᠭ᠎ᠠ ᠵᠢᠨ ᠬᠣᠷᠸ᠎ᠠ ᠲᠠᠯ᠎ᠠ ᠵᠢᠨ ᠬᠢᠨᠠᠭᠤᠷ ᠪᠣᠯᠭᠣᠮᠵᠢᠲᠠᠶ ᠬᠠᠮᠢᠶᠠᠷᠤᠯᠲᠠ ᠵᠢᠨ ᠲᠥᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠤᠨ ᠭᠠᠳᠠᠭ᠋ᠠᠳᠤ ᠵᠢᠭᠡᠯᠡᠯᠭᠡ ᠵᠢᠭᠡᠯᠡᠬᠦ ᠵᠠᠭᠪᠤᠷ᠎ᠢ ᠡᠵᠡᠨ ᠮᠡᠳᠡᠨ ᠰᠣᠩᠭᠣᠵᠤ ᠵᠢᠭᠡᠯᠡᠨ ᠬᠡᠷᠡᠭᠯᠡᠬᠦ ᠵᠢ ᠳᠠᠮᠵᠢᠵᠤ᠂ ᠪᠡᠯᠡ ᠲᠣᠬᠢᠷᠠᠭᠤᠯᠭ᠎ᠠ ᠵᠢᠨ ᠥᠪᠡᠷ᠎ᠤᠨ ᠥᠷᠲᠡᠭ᠎ᠢ ᠪᠠᠭᠤᠷᠠᠭᠤᠯᠤᠨ᠎ᠠ᠃ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠤᠨ ᠬᠥᠷᠥᠩᠭᠡ ᠮᠥᠩᠭᠥ ᠵᠢ ᠬᠢᠯᠢ ᠵᠢᠨ ᠳᠣᠲᠣᠷᠠᠬᠢ ᠰᠲ᠋ᠣᠺ᠎ᠤᠨ ᠡᠷᠬᠡ ᠵᠢᠨ ᠪᠡᠯᠡ ᠣᠷᠣᠭᠤᠯᠤᠯᠲᠠ᠎ᠳᠤ ᠬᠠᠤᠯᠢ ᠶᠣᠰᠣᠭ᠋ᠠᠷ ᠬᠡᠷᠡᠭᠯᠡᠬᠦ ᠵᠢ ᠵᠣᠷᠢᠭᠵᠢᠭᠤᠯᠤᠨ᠎ᠠ᠃ (ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠠᠷᠠᠳ᠎ᠤᠨ ᠪᠠᠩᠬᠢ᠂ ᠭᠠᠳᠠᠭ᠋ᠠᠳᠤ ᠭᠤᠪᠢᠭᠤᠯᠭ᠎ᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠᠨ ᠨᠢᠭᠡ) ᠳᠤᠮᠳᠠᠳᠤ ᠤᠯᠤᠰ᠎ᠲᠤ ᠢᠷᠡᠵᠦ ᠠᠵᠢᠯᠯᠠᠬᠤ᠎ᠳᠤ ᠳᠥᠭᠥᠮ ᠦᠵᠡᠭᠦᠯᠬᠦ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ᠎ᠤ᠎ᠬᠢᠨ᠎ᠤ ᠲᠣᠰ ᠭᠠᠵᠠᠷ᠎ᠤᠨ ᠠᠵᠤ ᠠᠬᠤᠢ ᠵᠢᠨ ᠬᠥᠭᠵᠢᠯᠲᠡ ᠵᠢᠨ ᠬᠡᠷᠡᠭᠴᠡᠭᠡ᠎ᠪᠠᠨ ᠦᠨᠳᠦᠰᠦᠯᠡᠨ᠂ ᠪᠠᠴᠢᠮ ᠬᠡᠷᠡᠭᠴᠡᠭᠡ᠎ᠲᠠᠢ ᠰᠢᠨ᠎ᠡ ᠵᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ᠂ ᠲᠤᠰᠬᠠᠶ ᠮᠡᠷᠭᠡᠵᠢᠯ᠎ᠤᠨ ᠤᠷ᠎ᠠ ᠴᠢᠳᠠᠪᠤᠷᠢ᠎ᠲᠠᠢ ᠴᠢᠳᠠᠪᠤᠷᠢᠲᠠᠨ᠎ᠤ ᠳᠤᠮᠳᠠᠳᠤ ᠤᠯᠤᠰ᠎ᠲᠤ ᠢᠷᠡᠵᠦ ᠠᠵᠢᠯᠯᠠᠬᠤ᠎ᠳᠤ᠂ ᠨᠠᠰᠤ ᠵᠢᠯ᠂ ᠰᠤᠷᠤᠯᠭ᠎ᠠ ᠵᠢᠨ ᠨᠠᠮᠲᠠᠷ ᠪᠤᠶᠤ ᠠᠵᠢᠯ᠎ᠤᠨ ᠲᠤᠷᠰᠢᠯᠭ᠎ᠠ ᠵᠡᠷᠭᠡ ᠵᠢᠨ ᠬᠢᠵᠠᠭ᠋ᠠᠷᠯᠠᠯ᠎ᠢ ᠵᠣᠬᠢᠬᠤ ᠬᠡᠮᠵᠢᠶ᠎ᠡ᠎ᠪᠠᠷ ᠠᠭᠤᠵᠢᠭᠤ ᠲᠠᠯᠪᠢᠵᠤ ᠪᠣᠯᠤᠨ᠎ᠠ᠃ ᠰᠢᠨ᠎ᠡ ᠵᠢ ᠡᠭᠦᠳᠴᠦ ᠠᠳᠠᠯ ᠦᠢᠯᠡᠰ ᠴᠣᠭᠴᠠᠯᠠᠬᠤ ᠬᠦᠰᠡᠯ ᠰᠠᠨᠠᠭ᠎ᠠ᠎ᠲᠠᠢ ᠭᠠᠳᠠᠭ᠋ᠠᠳᠤ ᠵᠢᠨ ᠰᠤᠷᠤᠭᠴᠢ ᠳᠤᠮᠳᠠᠳᠤ ᠤᠯᠤᠰ᠎ᠤᠨ ᠶᠡᠬᠡ ᠳᠡᠭᠡᠳᠤ ᠰᠤᠷᠭ᠋ᠠᠭᠤᠯᠢ ᠵᠢᠨ ᠲᠡᠭᠦᠰᠬᠦ ᠦᠨᠡᠮᠯᠡᠯ ᠵᠶ᠋ᠠᠷ ᠵᠶ᠋ᠠᠨ 2 ᠵᠢᠯ᠎ᠤᠨ ᠬᠤᠪᠢ ᠵᠢᠨ ᠶᠠᠪᠤᠳᠠᠯ᠎ᠤᠨ ᠠᠵᠢᠯ ᠲᠥᠷᠥᠯ᠎ᠤᠨ ᠣᠷᠣᠰᠢᠨ ᠰᠠᠭᠤᠬᠤ ᠵᠥᠪᠰᠢᠶᠡᠷᠡᠯ᠎ᠢ ᠭᠤᠶᠤᠴᠢᠯᠠᠵᠤ ᠪᠣᠯᠤᠨ᠎ᠠ᠃ ᠠᠵᠢᠯ ᠲᠥᠷᠥᠯ᠎ᠤᠨ ᠣᠷᠣᠰᠢᠨ ᠰᠠᠭᠤᠬᠤ ᠵᠥᠪᠰᠢᠶᠡᠷᠡᠯ᠎ᠢ ᠭᠦᠢᠴᠡᠳᠬᠡᠬᠦ᠎ᠪᠠᠷ ᠵᠠᠯᠭ᠋ᠠᠭ᠎ᠠ᠎ᠪᠠᠷ ᠬᠣᠶᠠᠷ ᠤᠳᠠᠭ᠎ᠠ ᠭᠤᠶᠤᠴᠢᠯᠠᠭᠰᠠᠨ ᠭᠠᠳᠠᠭ᠋ᠠᠳᠤ ᠵᠢᠨ ᠬᠥᠮᠦᠨ᠂ ᠭᠤᠷᠪᠠᠳᠤᠭ᠋ᠠᠷ ᠤᠳᠠᠭ᠎ᠠ ᠭᠤᠶᠤᠴᠢᠯᠠᠬᠤ ᠣᠢᠶ᠎ᠠ᠎ᠳᠤ ᠲᠣᠭᠲᠠᠭ᠋ᠠᠯ ᠶᠣᠰᠣᠭ᠋ᠠᠷ 5 ᠵᠢᠯ᠎ᠤᠨ ᠬᠦᠴᠦᠨ᠎ᠲᠠᠢ ᠠᠵᠢᠯ ᠲᠥᠷᠥᠯ᠎ᠤᠨ ᠣᠷᠣᠰᠢᠨ ᠰᠠᠭᠤᠬᠤ ᠵᠥᠪᠰᠢᠶᠡᠷᠡᠯ᠎ᠢ ᠭᠠᠷᠤᠨ ᠦᠰᠦᠭ ᠵᠢᠷᠤᠵᠤ ᠣᠯᠭᠣᠵᠤ ᠪᠣᠯᠤᠨ᠎ᠠ᠃ ᠭᠠᠳᠠᠭ᠋ᠠᠳᠤ ᠵᠢᠨ ᠬᠥᠮᠦᠨ᠎ᠤ ᠳᠤᠮᠳᠠᠳᠤ ᠤᠯᠤᠰ᠎ᠲᠤ ᠢᠷᠡᠵᠦ ᠠᠵᠢᠯᠯᠠᠬᠤ ᠵᠥᠪᠰᠢᠶᠡᠷᠡᠯ᠎ᠢ ᠭᠦᠢᠴᠡᠳᠬᠡᠬᠦ ᠴᠤᠪᠤᠷᠠᠯ᠎ᠢ ᠰᠢᠯᠢᠳᠡᠭᠵᠢᠭᠦᠯᠵᠦ᠂ ᠰᠠᠯᠠᠭ᠎ᠠ ᠮᠥᠴᠢᠷ᠎ᠤᠨ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠲᠣᠭᠲᠠᠴᠠ ᠵᠢ ᠲᠡᠭᠦᠯᠳᠡᠷᠵᠢᠭᠦᠯᠵᠦ᠂ ᠭᠠᠳᠠᠭ᠋ᠠᠳᠤ ᠵᠢᠨ ᠬᠥᠮᠦᠨ᠎ᠤ ᠠᠵᠢᠯ ᠵᠢᠨ ᠵᠥᠪᠰᠢᠶᠡᠷᠡᠯ᠎ᠤᠨ ᠦᠨᠡᠮᠯᠡᠯ ᠪᠠ ᠠᠵᠢᠯ ᠲᠥᠷᠥᠯ᠎ᠤᠨ ᠣᠷᠣᠰᠢᠨ ᠰᠠᠭᠤᠬᠤ ᠵᠥᠪᠰᠢᠶᠡᠷᠡᠯ᠎ᠢ ᠡᠮᠬᠢᠯᠡᠨ ᠨᠡᠶ᠋ᠢᠯᠡᠭᠦᠯᠬᠦ ᠵᠢ ᠰᠦᠪᠡᠭᠴᠢᠯᠡᠨ᠎ᠡ᠃ (ᠭᠠᠳᠠᠭ᠋ᠠᠳᠤ ᠶᠠᠪᠤᠳᠠᠯ᠎ᠤᠨ ᠶᠠᠮᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠂ ᠬᠥᠮᠦᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠨᠡᠭᠦᠳᠡᠯ ᠠᠷᠠᠳ᠎ᠤᠨ ᠲᠣᠪᠴᠢᠶ᠎ᠠ᠂ ᠡᠯ᠎ᠡ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠵᠢᠨ ᠠᠵᠢᠯ ᠵᠢᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠᠨ ᠬᠣᠶᠠᠷ) ᠭᠠᠳᠠᠭ᠋ᠠᠳᠤ ᠪᠡᠯᠡ ᠵᠢᠨ ᠲᠥᠷᠥᠯ ᠵᠦᠢᠯ᠎ᠤᠨ ᠲᠥᠯᠥᠪᠵᠢᠭᠦᠯᠭᠡ᠎ᠳᠤ ᠬᠡᠷᠡᠭᠯᠡᠬᠦ ᠭᠠᠵᠠᠷ᠎ᠢ ᠬᠢᠨᠠᠨ ᠵᠥᠪᠰᠢᠶᠡᠷᠡᠬᠦ ᠳᠡᠰ ᠳᠠᠷᠠᠭ᠋ᠠᠯᠠᠯ᠎ᠢ ᠰᠢᠯᠢᠳᠡᠭᠵᠢᠭᠦᠯᠬᠦ ᠬᠡᠷᠡᠭᠲᠡᠶ᠃ ᠲᠥᠯᠥᠪᠵᠢᠭᠦᠯᠭᠡ᠎ᠳᠤ ᠬᠡᠷᠡᠭᠯᠡᠬᠦ ᠭᠠᠵᠠᠷ᠎ᠤᠨ 《ᠨᠡᠭᠡᠭᠡᠯᠳᠡ ᠬᠢᠬᠦ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠭᠠᠳᠠᠭ᠋ᠠᠳᠤ ᠪᠡᠯᠡ ᠵᠢᠨ ᠲᠥᠷᠥᠯ ᠵᠦᠢᠯ᠎ᠢ ᠨᠠᠶ᠋ᠢᠳᠠᠪᠤᠷᠢᠵᠢᠭᠤᠯᠬᠤ ᠠᠬᠢᠴᠠ ᠵᠢ ᠲᠦᠷᠭᠡᠳᠬᠡᠨ᠎ᠡ᠃ ᠭᠠᠵᠠᠷ ᠰᠣᠩᠭᠣᠬᠤ ᠪᠠ ᠭᠠᠵᠠᠷ ᠬᠡᠷᠡᠭᠯᠡᠬᠦ ᠵᠢ ᠤᠷᠢᠳᠴᠢᠯᠠᠨ ᠬᠢᠨᠠᠬᠤ ᠠᠵᠢᠯᠯᠠᠭ᠎ᠠ ᠵᠢ ᠨᠡᠢ᠌ᠯᠡᠬᠦᠯᠵᠤ᠂ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠰᠢᠷᠣᠶ ᠵᠢᠨ ᠲᠥᠯᠥᠪᠵᠢᠭᠦᠯᠭᠡ ᠵᠢ ᠵᠥᠪᠰᠢᠶᠡᠷᠡᠬᠦ ᠪᠠ ᠭᠠᠵᠠᠷ ᠬᠡᠷᠡᠭᠯᠡᠬᠦ ᠵᠢ ᠵᠦᠪᠰᠢᠶᠡᠷᠡᠬᠦ ᠠᠵᠢᠯᠯᠠᠭ᠎ᠠ ᠵᠢ ᠨᠡᠢ᠌ᠯᠡᠬᠦᠯᠵᠤ᠂ ᠣᠯᠠᠨ ᠬᠡᠮᠵᠢᠯᠲᠡ ᠵᠢ ᠡᠮᠬᠢᠯᠡᠨ ᠨᠡᠶ᠋ᠢᠯᠡᠭᠦᠯᠬᠦ᠂ ᠣᠯᠠᠨ ᠪᠠᠶ᠋ᠢᠴᠠᠭ᠋ᠠᠯᠲᠠ ᠵᠢ ᠨᠢᠭᠡᠳᠬᠡᠬᠦ ᠵᠢ ᠲᠦᠯᠬᠢᠨ ᠠᠬᠢᠭᠤᠯᠵᠤ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠲᠦᠯᠬᠢᠨ ᠠᠬᠢᠭᠤᠯᠵᠤ᠂ ᠮᠡᠳᠡᠭᠦᠯᠦᠨ ᠬᠢᠨᠠᠨ ᠵᠥᠪᠰᠢᠶᠡᠷᠡᠭᠦᠯᠬᠦ ᠮᠠᠲ᠋ᠧᠷᠢᠶᠠᠯ᠎ᠢ ᠳᠥᠭᠥᠮᠴᠢᠯᠡᠨ᠎ᠡ᠃ (ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ ᠲᠦᠷᠦᠭᠦᠯᠡᠨ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠳᠠ ᠵᠢᠨ ᠶᠠᠮᠦᠨ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ ᠰᠠᠯᠠᠭ᠎ᠠ ᠮᠥᠴᠢᠷ ᠪᠠ ᠡᠯ᠎ᠡ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠵᠢᠨ ᠠᠵᠢᠯ ᠵᠢᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠳᠦᠷᠪᠡ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠎ᠠ
(ᠠᠷᠪᠠᠨ ᠭᠤᠷᠪᠠ) ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠵᠢᠨ ᠬᠠᠤᠯᠢ ᠵᠢ ᠪᠦᠬᠦ ᠲᠠᠯ᠎ᠠ᠎ᠪᠠᠷ ᠲᠤᠤᠱᠯᠠᠭᠤᠯᠤᠨ᠎ᠠ᠃ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠵᠢᠨ ᠬᠠᠤᠯᠢ ᠵᠢᠴᠢ ᠲᠡᠭᠦᠨ᠎ᠤ ᠢᠵᠢ ᠪᠦᠷᠢᠳᠦᠭᠦᠯᠬᠦ ᠬᠠᠤᠯᠢ ᠲᠣᠭᠲᠠᠭ᠋ᠠᠯ᠎ᠢ ᠬᠡᠷᠡᠭᠵᠢᠭᠦᠯᠦᠭᠰᠡᠨ᠎ᠤ ᠲᠠᠷᠠᠭ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠴᠢᠩᠭ᠎ᠠ ᠳᠤᠤᠱᠯᠠᠭᠤᠯᠤᠨ ᠨᠠᠢ᠌ᠳᠠᠪᠤᠷᠢᠵᠢᠭᠤᠯᠵᠤ᠂ ᠬᠣᠯᠪᠣᠭᠳᠠᠯ ᠪᠦᠬᠦᠢ ᠬᠠᠤᠯᠢ ᠲᠣᠭᠲᠠᠭ᠋ᠠᠯ᠎ᠢ ᠤᠯᠠᠮ ᠨᠢᠭᠡ ᠠᠯᠬᠤᠮ ᠡᠮᠬᠢᠯᠡᠨ ᠲᠢᠭᠯᠡᠵᠦ᠂ ᠪᠤᠳᠠᠳᠠᠢ ᠬᠡᠷᠡᠭᠵᠢᠬᠦᠯᠬᠦ ᠠᠷᠭ᠎ᠠ ᠬᠡᠮᠵᠢᠶ᠎ᠡ ᠪᠠ ᠬᠣᠯᠪᠣᠭᠳᠠᠯ ᠪᠦᠬᠦᠢ ᠬᠠᠤᠯᠢ ᠪᠠᠷᠢᠬᠤ ᠲᠠᠶ᠋ᠢᠯᠪᠤᠷᠢᠯᠠᠯᠲᠠ ᠵᠢ ᠱᠠᠯᠠᠪᠳᠠᠨ ᠲᠣᠭᠲᠠᠭ᠋ᠠᠨ ᠲᠡᠭᠦᠯᠳᠡᠷᠵᠢᠭᠦᠯᠵᠦ᠂ ᠲᠠᠶ᠋ᠢᠯᠤᠮᠵᠢ ᠬᠢᠬᠦ ᠪᠠ ᠪᠣᠯᠪᠠᠰᠤᠷᠠᠭᠤᠯᠬᠤ ᠠᠵᠢᠯ᠎ᠢ ᠰᠠᠶ᠋ᠢᠲᠤᠷ ᠬᠢᠵᠦ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠵᠢᠨ ᠬᠠᠤᠯᠢ ᠵᠢᠨ ᠡᠯ᠎ᠡ ᠵᠦᠢᠯ᠎ᠤᠨ ᠳᠦᠷᠢᠮ᠎ᠢ ᠪᠦᠲᠦᠮᠵᠢᠲᠡᠶ ᠬᠡᠷᠡᠭᠵᠢᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ (ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠷᠠᠳ᠎ᠤᠨ ᠳᠡᠭᠡᠲᠤ ᠰᠢᠭᠦᠬᠦ ᠬᠣᠷᠢᠶ᠎ᠠ᠂ ᠬᠠᠤᠯᠢ ᠴᠠᠭ᠋ᠠᠵᠠ ᠵᠢᠨ ᠶᠠᠮᠤᠨ ᠲᠦᠷᠦᠭᠦᠯᠡᠨ᠂ ᠡᠯ᠎ᠡ ᠰᠠᠯᠠᠭ᠎ᠠ ᠮᠥᠴᠢᠷ᠂ ᠡᠯ᠎ᠡ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠡᠭᠦᠷᠭᠡ ᠬᠠᠷᠢᠭᠤᠴᠠᠯᠭ᠎ᠠ ᠵᠢᠨ ᠠᠵᠢᠯ ᠵᠢᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠᠨ ᠳᠦᠷᠪᠡ) ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠎ᠠ᠃ ᠡᠯ᠎ᠡ ᠭᠠᠵᠠᠷ ᠣᠷᠣᠨ᠎ᠨᠤᠭᠤᠳ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠤᠨ ᠵᠠᠭ᠋ᠠᠯᠳᠤᠯᠭ᠎ᠠ ᠵᠢ ᠬᠦᠯᠢᠶᠡᠨ ᠠᠪᠴᠤ ᠰᠢᠢᠳᠪᠦᠷᠢᠯᠡᠬᠦ ᠪᠠᠶ᠋ᠢᠭᠤᠯᠤᠮᠵᠢ ᠵᠢ ᠪᠠᠶ᠋ᠢᠭᠤᠯᠤᠨ ᠪᠦᠷᠢᠨᠰᠢᠭᠦᠯᠵᠦ᠂ ᠰᠢᠢᠳᠪᠦᠷᠢᠯᠡᠬᠦ ᠳᠦᠷᠢᠮ ᠵᠶ᠋ᠠᠨ ᠲᠡᠭᠦᠯᠳᠡᠷᠵᠢᠭᠦᠯᠦᠨ᠂ ᠰᠢᠢᠳᠪᠦᠷᠢᠯᠡᠬᠦ ᠳᠡᠰ ᠳᠠᠷᠠᠭ᠋ᠠᠯᠠᠯ ᠵᠶ᠋ᠠᠨ ᠵᠢᠷᠤᠮᠵᠢᠭᠤᠯᠵᠤ᠂ ᠰᠢᠢᠳᠪᠦᠷᠢᠯᠡᠬᠦ ᠦᠷ᠎ᠡ ᠪᠦᠲᠦᠮᠵᠢ᠎ᠪᠠᠨ ᠳᠡᠭᠡᠭᠰᠢᠯᠡᠭᠦᠯᠬᠦ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠵᠢᠨ ᠬᠠᠤᠯᠢ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠴᠢᠩᠳᠠᠯᠠᠵᠤ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ᠎ᠳᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠬᠡᠷᠡᠭᠵᠢᠭᠦᠯᠬᠦ ᠬᠡᠷᠡᠭᠲᠡᠶ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠡᠪᠴᠢᠶ᠎ᠡ᠂ ᠵᠢᠷᠤᠮ ᠵᠢᠴᠢ ᠪᠠᠷᠢᠮᠵᠢᠶ᠎ᠠ ᠵᠡᠷᠭᠡ ᠵᠢ ᠬᠤᠪᠢᠷᠠᠭᠤᠯᠵᠤ ᠪᠣᠯᠬᠤ ᠦᠭᠡᠢ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠴᠢ ᠲᠡᠭᠦᠨ᠎ᠤ ᠠᠵᠢᠯᠲᠠᠨ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠬᠢᠨᠠᠯᠲᠠ ᠪᠠᠶ᠋ᠢᠴᠠᠭ᠋ᠠᠯᠲᠠ᠂ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠡᠷᠭᠡ᠎ᠪᠠᠷ ᠳᠠᠮᠵᠢᠭᠤᠯᠤᠨ᠂ ᠭᠠᠳᠠᠭ᠋ᠠᠳᠤ ᠤᠯᠤᠰ᠎ᠤᠨ ᠪᠡᠯᠡ ᠣᠷᠣᠭᠤᠯᠤᠭᠴᠢ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠢ ᠠᠯᠪᠠᠳᠠᠬᠤ ᠪᠤᠶᠤ ᠬᠡᠯᠪᠡᠷᠢᠢᠨᠢ ᠦᠭᠡᠷᠳᠡᠬᠦᠯᠦᠨ ᠲᠡᠬᠦᠨ᠎ᠤ ᠲᠧᠭᠨᠢᠭ ᠮᠡᠷᠭᠡᠵᠢᠯ᠎ᠢ ᠰᠢᠯᠵᠢᠬᠦᠯᠵᠤ ᠪᠣᠯᠬᠤ ᠦᠭᠡᠢ᠃ (ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠠᠴᠠ ᠲᠦᠷᠦᠭᠦᠯᠡᠵᠦ᠂ ᠡᠯ᠎ᠡ ᠰᠠᠯᠠᠭ᠎ᠠ ᠮᠥᠴᠢᠷ᠂ ᠡᠯ᠎ᠡ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠡᠭᠦᠷᠭᠡ ᠬᠠᠷᠢᠭᠤᠴᠠᠯᠭ᠎ᠠ ᠠᠵᠢᠯ ᠵᠢᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠᠨ ᠲᠠᠪᠤ) ᠬᠢᠨᠠᠯᠲᠠ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠵᠢᠷᠤᠮᠵᠢᠯ᠎ᠤᠨ ᠴᠢᠨᠠᠷ᠎ᠢ ᠴᠢᠩᠭ᠋ᠠᠷᠠᠭᠤᠯᠬᠤ ᠬᠡᠷᠡᠭᠲᠡᠶ᠃ ᠬᠢᠨᠠᠨ ᠬᠠᠮᠢᠶᠠᠷᠬᠤ ᠠᠷᠭ᠎ᠠ ᠮᠠᠶᠢᠭ᠎ᠢ ᠰᠢᠯᠢᠳᠡᠭᠵᠢᠭᠦᠯᠵᠦ᠂ ᠣᠷᠴᠢᠨ ᠠᠬᠤᠢ ᠵᠢᠨ ᠬᠠᠮᠠᠭ᠋ᠠᠯᠠᠯᠲᠠ᠂ ᠠᠶᠤᠯᠭᠦᠶ ᠦᠢᠯᠡᠳᠪᠦᠷᠢᠯᠡᠯ ᠵᠡᠷᠭᠡ ᠵᠢᠨ ᠬᠢᠨᠠᠨ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠬᠢᠬᠦ ᠤᠳᠠᠭ᠎ᠠ ᠵᠢ ᠰᠢᠨᠵᠢᠯᠡᠬᠦ ᠤᠬᠠᠭ᠋ᠠᠨᠴᠢ ᠪᠥᠭᠡᠳ ᠵᠦᠶ ᠵᠣᠬᠢᠰᠲᠠᠶ᠎ᠪᠠᠷ ᠲᠣᠭᠲᠠᠭ᠋ᠠᠵᠤ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠤᠨ ᠲᠣᠭᠲᠠᠭ᠋ᠠᠯ᠎ᠳᠤ ᠨᠡᠶ᠋ᠢᠴᠡᠬᠦ ᠥᠪᠡᠷ᠎ᠤᠨ ᠥᠷᠲᠡᠭ᠎ᠢ ᠪᠠᠭᠤᠷᠠᠭᠤᠯᠤᠨ᠎ᠠ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠨᠤᠭᠤᠳ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ ᠵᠡᠷᠭᠡ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠶᠣᠰᠣᠭ᠋ᠠᠷ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠡᠯ᠎ᠡ ᠭᠠᠵᠠᠷ᠎ᠤᠨ᠎ᠬᠢᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠤ ᠵᠠᠰᠠᠭ ᠵᠠᠬᠢᠷᠭ᠋ᠠᠨ᠎ᠤ ᠰᠢᠢᠳᠬᠡᠯ ᠲᠣᠷᠭ᠋ᠠᠭᠤᠯᠢ ᠵᠢᠨ ᠴᠢᠯᠥᠭᠡᠲᠡᠶ ᠲᠠᠰᠤᠯᠤᠯᠲᠠ ᠵᠢᠨ ᠪᠠᠷᠢᠮᠵᠢᠶ᠎ᠠ ᠵᠢ ᠨᠠᠷᠢᠯᠢᠭᠵᠢᠭᠤᠯᠬᠤ᠂ ᠬᠡᠮᠵᠢᠶᠡᠵᠢᠭᠦᠯᠬᠦ ᠵᠢ ᠵᠢᠯᠣᠭᠣᠳᠤᠨ᠎ᠠ᠃ (ᠠᠮᠢ ᠠᠬᠤᠶ ᠣᠷᠴᠢᠨ ᠲᠣᠭᠣᠷᠢᠨ᠎ᠤ ᠶᠠᠮᠤᠨ᠂ ᠪᠠᠴᠢᠮ ᠪᠠᠶ᠋ᠢᠳᠠᠯ᠎ᠢ ᠠᠷᠭ᠋ᠠᠴᠠᠬᠤ ᠶᠠᠮᠤᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠡᠷᠭᠡ ᠰᠠᠯᠠᠭ᠎ᠠ ᠮᠥᠴᠢᠷ ᠪᠣᠯᠤᠨ ᠡᠯ᠎ᠡ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠵᠢᠨ ᠠᠵᠢᠯ ᠵᠢᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠᠨ ᠵᠢᠷᠭᠤᠭ᠎ᠠ) ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭ᠋ᠠᠬᠤ ᠢᠯᠡ ᠲᠣᠳᠣ ᠵᠢᠨ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠳ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭᠲᠠᠭ᠋ᠠᠨ ᠨᠡᠶ᠋ᠢᠲᠡᠯᠡᠬᠦ᠂ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ᠎ᠪᠠᠨ ᠴᠢᠩᠭ᠋ᠠᠳᠬᠠᠬᠤ ᠬᠡᠷᠡᠭᠲᠡᠶ᠃ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠤᠨ ᠦᠢᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ᠎ᠲᠠᠢ ᠨᠢᠭᠲᠠ ᠬᠣᠯᠪᠣᠭ᠎ᠠ᠎ᠲᠠᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠨᠡᠢ᠌ᠳᠡᠯᠡᠬᠦ ᠵᠢᠴᠢ ᠬᠡᠷᠡᠭᠵᠢᠭᠦᠯᠬᠦ ᠵᠢᠨ ᠬᠣᠭᠣᠷᠣᠨᠳᠣᠬᠢ ᠴᠠᠭ ᠬᠤᠭᠤᠴᠠᠭ᠎ᠠ ᠵᠢ ᠵᠦᠶ ᠵᠣᠬᠢᠰᠲᠠᠶ ᠲᠣᠭᠲᠠᠭ᠋ᠠᠵᠤ᠂ ᠲᠥᠷᠦ ᠵᠢᠨ ᠪᠣᠳᠣᠯᠭ᠎ᠠ ᠵᠢᠨ ᠵᠥᠩᠨᠡᠯᠲᠡ ᠵᠢᠨ ᠴᠢᠨᠠᠷ ᠪᠠ ᠢᠯᠡ ᠲᠣᠳᠣ ᠵᠢᠨ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ᠃ (ᠡᠯ᠎ᠡ ᠰᠠᠯᠠᠭ᠎ᠠ ᠮᠥᠴᠢᠷ᠂ ᠡᠯ᠎ᠡ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠵᠢᠨ ᠠᠵᠢᠯ ᠵᠢᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠᠨ ᠳᠣᠯᠣᠭ᠎ᠠ) ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠵᠢᠨ ᠴᠢᠬᠤᠯᠠ ᠦᠢᠯᠡᠳᠦᠯ᠎ᠢ ᠪᠠᠳᠠᠷᠠᠭᠤᠯᠬᠤ ᠬᠡᠷᠡᠭᠲᠡᠶ᠃ ᠡᠳ᠋ ᠬᠥᠷᠥᠩᠭᠡ ᠵᠢ ᠬᠠᠮᠠᠭ᠋ᠠᠯᠠᠨ ᠬᠠᠳᠠᠭ᠋ᠠᠯᠠᠬᠤ᠂ ᠭᠡᠷᠡᠴᠢ ᠪᠠᠷᠢᠮᠲᠠ ᠵᠢ ᠬᠠᠮᠠᠭ᠋ᠠᠯᠠᠨ ᠬᠠᠳᠠᠭ᠋ᠠᠯᠠᠬᠤ᠂ ᠦᠢ᠍ᠯᠡ ᠠᠵᠢᠯᠯᠠᠭ᠎ᠠ ᠵᠢ ᠬᠠᠮᠠᠭ᠋ᠠᠯᠠᠨ ᠬᠠᠳᠠᠭ᠋ᠠᠯᠠᠬᠤ ᠳᠦᠷᠢᠮ᠎ᠤᠨ ᠦᠢᠯᠡᠳᠦᠯ ᠴᠢᠳᠠᠪᠤᠷᠢ ᠵᠢ ᠭᠦᠢᠴᠡᠳ ᠪᠠᠳᠠᠷᠠᠭᠤᠯᠵᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠴᠠᠭ ᠲᠤᠬᠠᠢ᠌ᠢ᠍ᠴᠢ ᠴᠢᠨᠠᠷ ᠪᠠ ᠳᠥᠭᠥᠮ ᠳᠥᠲᠡ ᠴᠢᠨᠠᠷ ᠵᠢ ᠳᠡᠭᠡᠭᠰᠢᠯᠡᠭᠦᠯᠦᠨ᠎ᠡ᠃ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠳᠤ ᠬᠣᠯᠪᠣᠭᠳᠠᠭᠰᠠᠨ ᠬᠡᠷᠡᠭ᠎ᠲᠠᠬᠢ ᠭᠡᠷᠡᠴᠢ ᠪᠠᠷᠢᠮᠲᠠ ᠵᠢᠨ ᠬᠡᠯᠪᠡᠷᠢ ᠵᠢᠨ ᠴᠢᠬᠤᠯᠠ ᠨᠥᠬᠥᠴᠡᠯ᠎ᠤᠨ ᠱᠠᠭ᠋ᠠᠷᠳᠠᠯᠭ᠎ᠠ ᠵᠢ ᠰᠢᠯᠢᠳᠡᠭᠵᠢᠭᠦᠯᠵᠦ᠂ ᠪᠣᠳᠠᠲᠤ ᠶᠠᠪᠤᠳᠠᠯ᠎ᠤᠨ ᠮᠠᠭ᠋ᠠᠳᠯᠠᠯᠳᠠ ᠵᠢ ᠬᠡᠷᠡᠭᠯᠡᠨ᠂ ᠭᠠᠳᠠᠭ᠋ᠠᠳᠤ ᠤᠯᠤᠰ᠎ᠤᠨ ᠲᠤᠬᠠᠶ ᠵᠢᠨ ᠬᠥᠮᠦᠨ᠎ᠤ ᠵᠠᠷᠭᠤ ᠵᠢᠨ ᠳᠠᠷᠤᠭ᠋ᠠᠰᠤ ᠵᠢ ᠵᠦᠶ ᠵᠣᠬᠢᠰᠲᠠᠶ ᠬᠥᠩᠭᠡᠷᠡᠭᠦᠯᠦᠨ᠎ᠡ᠃ ᠬᠤᠳᠠᠯᠳᠤᠭ᠋ᠠᠨ᠎ᠤ ᠨᠢᠭᠤᠴᠠ ᠵᠢ ᠬᠠᠮᠠᠭ᠋ᠠᠯᠠᠬᠤ᠂ ᠭᠡᠷᠡᠴᠢ ᠳᠤᠷᠠᠳᠬᠤ ᠬᠠᠷᠢᠭᠤᠴᠠᠯᠭ᠎ᠠ ᠵᠢ ᠵᠦᠶ ᠵᠣᠬᠢᠰᠲᠠᠶ ᠬᠤᠪᠢᠶᠠᠷᠢᠯᠠᠬᠤ ᠵᠢ ᠬᠠᠤᠯᠢ ᠶᠣᠰᠣᠭ᠋ᠠᠷ ᠴᠢᠩᠭ᠋ᠠᠳᠬᠠᠵᠤ᠂ ᠢᠷᠭᠡᠨ᠎ᠤ ᠬᠡᠷᠡᠭ᠎ᠤᠨ ᠬᠠᠮᠠᠭ᠋ᠠᠯᠠᠯᠲᠠ ᠪᠠ ᠡᠷᠡᠭᠦᠤ ᠵᠢᠨ ᠬᠡᠷᠡᠭ᠎ᠤᠨ ᠬᠠᠮᠠᠭ᠋ᠠᠯᠠᠯᠲᠠ ᠵᠢᠨ ᠡᠷᠴᠢᠮ᠎ᠢ ᠴᠢᠩᠭ᠋ᠠᠷᠠᠭᠤᠯᠤᠨ᠎ᠠ᠃ ᠲᠤᠰᠬᠠᠶ ᠠᠰᠢᠭ᠎ᠤᠨ ᠬᠦᠴᠦᠨ ᠦᠭᠡᠢ ᠪᠣᠯᠤᠭᠰᠠᠨ ᠪᠠ ᠡᠷᠬᠡ᠎ᠳᠤ ᠬᠠᠯᠳᠠᠭᠰᠠᠨ ᠠᠵᠢᠯᠯᠠᠭ᠎ᠠ ᠵᠢ ᠵᠠᠭ᠋ᠠᠯᠳᠤᠭᠰᠠᠨ ᠬᠡᠷᠡᠭ᠎ᠢ ᠬᠠᠤᠯᠢ ᠶᠣᠰᠣᠭ᠋ᠠᠷ ᠲᠥᠪᠯᠡᠷᠡᠭᠦᠯᠦᠨ᠂ ᠨᠢᠭᠡᠳᠦᠯᠲᠡᠶ ᠰᠢᠭᠦᠵᠦ᠂ ᠰᠢᠭᠦᠨ ᠲᠠᠰᠤᠯᠤᠯᠲᠠ ᠵᠢᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠲᠡᠭᠡᠭᠰᠢᠯᠡᠬᠦᠯᠦᠨ᠎ᠡ᠃ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠵᠠᠬ᠎ᠠ ᠳᠡᠯᠭᠡᠭᠦᠷ᠎ᠤᠨ ᠦᠨ᠎ᠡ ᠥᠷᠲᠡᠭ᠎ᠢ ᠭᠦᠢᠴᠡᠳ ᠬᠦᠨᠳᠦᠳᠬᠡᠵᠦ᠂ ᠵᠠᠯᠬᠠᠭ᠋ᠠᠬᠤ ᠴᠢᠨᠠᠷᠲᠠᠶ ᠲᠥᠯᠥᠪᠦᠷᠢ ᠵᠢ ᠢᠳᠡᠪᠬᠢᠲᠡᠢ ᠬᠡᠷᠡᠭᠯᠡᠨ᠂ ᠬᠤᠤᠷᠳᠤ ᠰᠠᠨᠠᠭ᠎ᠠ᠎ᠪᠠᠷ ᠡᠷᠬᠡ᠎ᠳᠤ ᠬᠠᠯᠳᠠᠭᠰᠠᠨ ᠦᠢ᠍ᠯᠡ ᠠᠵᠢᠯᠯᠠᠭ᠎ᠠ᠂ ᠡᠷᠬᠡ᠎ᠳᠤ ᠲᠠᠬᠢᠨᠳᠠ ᠬᠠᠯᠳᠠᠭᠰᠠᠨ ᠦᠢ᠍ᠯᠡ ᠠᠵᠢᠯᠯᠠᠭ᠎ᠠ᠎ᠳᠤ ᠴᠣᠬᠢᠯᠲᠠ ᠥᠭᠬᠦ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠶ᠃ ᠮᠡᠷᠭᠡᠵᠢᠯ᠎ᠤᠨ ᠪᠠᠶ᠋ᠢᠴᠠᠭ᠋ᠠᠯᠲᠠ ᠵᠢᠨ ᠲᠤᠰᠢᠶᠠᠯᠲᠠᠨ᠎ᠤ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠡᠷᠭᠡᠵᠢᠯ᠎ᠤᠨ ᠲᠥᠷᠥᠯ᠎ᠤᠨ ᠬᠡᠷᠡᠭ᠎ᠤᠨ ᠣᠯᠠᠨ ᠡᠰᠢᠲᠦ ᠪᠣᠳᠠᠲᠤ ᠶᠠᠪᠤᠳᠠᠯ᠎ᠢ ᠪᠠᠶ᠋ᠢᠴᠠᠭ᠋ᠠᠨ ᠲᠣᠳᠣᠯᠠᠬᠤ ᠲᠣᠭᠲᠠᠴᠠ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠪᠠᠷᠢᠮᠵᠢᠶ᠎ᠠ ᠵᠢᠨ ᠴᠢᠬᠤᠯᠠ ᠪᠦᠬᠦᠢ ᠲᠤᠰᠬᠠᠶ ᠠᠰᠢᠭ᠎ᠲᠤ ᠬᠣᠯᠪᠣᠭᠳᠠᠭᠰᠠᠨ ᠬᠡᠷᠡᠭ᠎ᠤᠨ ᠰᠢᠭᠦᠯᠲᠡ ᠵᠢ ᠴᠢᠩᠭ᠋ᠠᠳᠬᠠᠵᠤ᠂ ᠲᠥᠪ ᠭᠣᠤᠯᠴᠢ᠎ᠪᠠᠷ ᠥᠷᠢᠰᠦᠯᠳᠦᠬᠦ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠪᠠᠲᠤᠯᠠᠨ᠎ᠠ᠃ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠡᠷᠡᠭ᠎ᠢ ᠣᠯᠠᠨ ᠡᠰᠢᠵᠢᠬᠦᠯᠦᠨ ᠡᠶᠡᠳᠡᠭᠦᠯᠬᠦ ᠦᠢᠯᠡᠳᠦᠯ᠎ᠢ ᠭᠦᠢᠴᠡᠳ ᠪᠠᠳᠠᠷᠠᠭᠤᠯᠵᠤ᠂ ᠵᠢᠭᠤᠷᠠᠯᠳᠤᠭ᠋ᠠᠨ᠎ᠢ ᠦᠨᠡᠨ ᠪᠣᠳᠠᠲᠠᠶ᠎ᠪᠠᠷ ᠰᠢᠢᠳᠪᠦᠷᠢᠯᠡᠨ᠎ᠡ᠃ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠡᠷᠡᠭ᠎ᠤᠨ ᠵᠠᠷᠭᠤ ᠵᠢᠨ ᠭᠡᠷᠡᠴᠢ ᠪᠠᠷᠢᠮᠲᠠ ᠪᠠ ᠬᠠᠤᠯᠢ ᠴᠠᠭ᠋ᠠᠵᠠ ᠵᠢᠨ ᠲᠠᠰᠤᠯᠤᠨ ᠲᠣᠭᠲᠠᠭ᠋ᠠᠯᠲᠠ ᠵᠢᠨ ᠪᠠᠷᠢᠮᠵᠢᠶ᠎ᠠ ᠵᠢ ᠤᠯᠠᠮ ᠨᠢᠭᠡ ᠠᠯᠬᠤᠮ ᠨᠢᠭᠡᠳᠬᠡᠵᠦ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠲᠠᠶ᠋ᠢᠯᠪᠤᠷᠢᠯᠠᠯᠲᠠ ᠵᠢ ᠴᠠᠭᠲᠤᠨᠢ ᠲᠤᠬᠢᠷᠠᠭᠤᠯᠤᠨ ᠨᠡᠶ᠋ᠢᠲᠡᠯᠡᠵᠦ᠂ ᠵᠢᠯᠤᠭᠤᠳᠤᠯᠭ᠎ᠠ ᠵᠢᠨ ᠴᠢᠨᠠᠷᠲᠠᠶ ᠬᠡᠷᠡᠭ᠎ᠤᠨ ᠵᠢᠱ᠌ᠢᠶ᠎ᠡ ᠵᠢ ᠨᠡᠶ᠋ᠢᠲᠡᠯᠡᠵᠦ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠤᠯᠢ ᠴᠠᠭ᠋ᠠᠵᠠ ᠵᠢᠨ ᠰᠢᠭᠦᠨ ᠲᠠᠰᠤᠯᠬᠤ ᠠᠵᠢᠯ᠎ᠤᠨ ᠵᠢᠷᠤᠮᠵᠢᠯᠲᠠ᠂ ᠰᠢᠨᠵᠢᠯᠡᠬᠦ ᠤᠬᠠᠭ᠋ᠠᠨᠴᠢᠯᠠᠯᠲᠠ᠂ ᠳᠡᠯᠡᠬᠡᠶ᠋ᠢᠵᠢᠯᠲᠡ ᠵᠢᠨ ᠬᠢᠷᠢ ᠬᠡᠮᠵᠢᠶ᠎ᠡ ᠵᠢ ᠦᠷᠭᠦᠯᠵᠢᠯᠡᠨ ᠳᠡᠭᠡᠭᠰᠢᠯᠡᠭᠦᠯᠪᠡ᠃ (ᠠᠷᠠᠳ᠎ᠤᠨ ᠳᠡᠭᠡᠳᠤ ᠰᠢᠭᠦᠬᠦ ᠬᠣᠷᠢᠶ᠎ᠠ ᠬᠠᠷᠢᠭᠤᠴᠠᠨ᠎ᠠ)
(ᠠᠷᠪᠠᠨ ᠨᠠᠢ᠍ᠮᠠ) ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠬᠠᠮᠠᠭ᠋ᠠᠯᠠᠬᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠶ᠃ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠦᠷᠭᠡᠨ ᠬᠠᠮᠵᠢᠯᠴᠠᠨ ᠬᠠᠮᠠᠭ᠋ᠠᠯᠠᠬᠤ ᠪᠠ ᠢᠲᠡᠭᠡᠮᠵᠢ᠎ᠳᠤ ᠬᠤᠯᠪᠤᠭ᠋ᠠᠯᠠᠭᠰᠠᠨ ᠵᠠᠯᠬᠠᠭ᠋ᠠᠨ ᠴᠡᠭᠡᠷᠯᠡᠭᠦᠯᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠵᠢᠭᠤᠷᠠᠯᠳᠤᠭ᠋ᠠᠨ᠎ᠢ ᠬᠥᠨᠳᠡᠯᠡᠨ᠎ᠠᠴᠠ ᠲᠠᠰᠤᠯᠵᠤ ᠡᠶᠡᠳᠡᠭᠦᠯᠬᠦ ᠠᠵᠢᠯ᠎ᠢ ᠦᠷᠭᠦᠯᠵᠢᠯᠡᠨ ᠠᠬᠢᠭᠤᠯᠵᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠵᠢᠭᠤᠷᠠᠯᠳᠤᠭ᠋ᠠᠨ᠎ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠳᠠᠩᠰᠠᠯᠠᠭᠤᠯᠤᠭᠰᠠᠨ ᠲᠠᠸᠠᠷ᠎ᠤᠨ ᠲᠡᠮᠳᠡᠭᠲᠦ ᠵᠢ ᠬᠦᠴᠦᠨ ᠦᠭᠡᠢ ᠪᠣᠯᠭ᠋ᠠᠬᠤ ᠵᠢᠷᠤᠮ᠎ᠢ ᠲᠡᠭᠦᠯᠳᠡᠷᠵᠢᠭᠦᠯᠦᠨ᠎ᠡ᠃ ᠭᠠᠵᠠᠷ ᠵᠦᠶ ᠵᠢᠨ ᠲᠡᠮᠳᠡᠭ᠎ᠤᠨ ᠬᠠᠮᠠᠭ᠋ᠠᠯᠠᠯᠲᠠ ᠵᠢᠨ ᠳᠦᠷᠢᠮ᠎ᠢ ᠲᠡᠭᠦᠯᠳᠡᠷᠵᠢᠭᠦᠯᠦᠨ᠎ᠡ᠃ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠬᠠᠮᠠᠭ᠋ᠠᠯᠠᠬᠤ ᠲᠣᠭᠲᠠᠴᠠ ᠵᠢ ᠲᠡᠭᠦᠯᠳᠡᠷᠵᠢᠭᠦᠯᠵᠦ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠲᠠᠪᠴᠠᠩ᠎ᠤᠨ ᠲᠤᠰᠬᠠᠶ ᠠᠰᠢᠭ᠎ᠤᠨ ᠡᠷᠬᠡ᠎ᠳᠤ ᠬᠠᠯᠳᠠᠭᠰᠠᠨ᠎ᠢ ᠮᠠᠭ᠋ᠠᠳᠯᠠᠨ ᠲᠣᠭᠲᠠᠭ᠋ᠠᠬᠤ ᠮᠡᠳᠡᠭᠳᠡᠯ᠂ ᠰᠢᠯᠵᠢᠭᠦᠯᠦᠨ ᠠᠷᠢᠯᠭ᠋ᠠᠬᠤ ᠳᠦᠷᠢᠮ ᠵᠢ ᠲᠡᠭᠦᠯᠳᠡᠷᠵᠢᠭᠦᠯᠵᠦ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶ᠎ᠡ ᠴᠠᠷᠠᠭ᠎ᠠ ᠵᠢᠨ ᠲᠤᠰᠬᠠᠶ ᠠᠰᠢᠭ᠎ᠤᠨ ᠬᠠᠤᠯᠢ ᠬᠡᠷᠡᠭᠵᠢᠭᠦᠯᠵᠦ ᠡᠷᠬᠡ᠎ᠪᠠᠨ ᠬᠠᠮᠠᠭ᠋ᠠᠯᠠᠬᠤ ᠬᠠᠮᠵᠢᠯᠴᠠᠨ ᠲᠣᠬᠢᠷᠠᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠪᠠᠷᠢᠮᠵᠢᠶᠠᠵᠢᠭᠤᠯᠬᠤ ᠠᠷᠭ᠎ᠠ ᠵᠢ ᠢᠳᠡᠪᠬᠢᠲᠡᠶ᠎ᠪᠠᠷ ᠬᠡᠷᠡᠭᠯᠡᠵᠦ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠬᠡᠷᠡᠭᠲᠡᠶ᠃ (ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠣᠪᠴᠢᠶ᠎ᠠ᠂ ᠡᠯ᠎ᠡ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠵᠢᠨ ᠠᠵᠢᠯ ᠵᠢᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠ ᠶᠢᠰᠦ) ᠪᠠᠷᠢᠮᠵᠢᠶ᠎ᠠ ᠲᠣᠭᠲᠠᠭ᠋ᠠᠬᠤ᠎ᠳᠤ ᠣᠷᠣᠯᠴᠠᠬᠤ ᠵᠢ ᠳᠠᠮᠵᠢᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠢ ᠵᠢᠯᠣᠭᠣᠳᠴᠤ ᠪᠠᠶ᠋ᠢᠭ᠋ᠠᠳ ᠳᠣᠲᠣᠭ᠋ᠠᠳᠤ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠮᠠᠨ᠎ᠤ ᠤᠯᠤᠰ᠎ᠤᠨ ᠪᠠᠷᠢᠮᠵᠢᠶᠠᠵᠢᠭᠤᠯᠬᠤ ᠠᠵᠢᠯ᠎ᠳᠤ ᠭᠣᠤᠯᠴᠢ᠎ᠪᠠᠷ ᠣᠷᠣᠯᠴᠠᠬᠤ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠤᠨ ᠮᠠᠨ᠎ᠤ ᠤᠯᠤᠰ᠎ᠤᠨ ᠡᠮᠴᠢᠯᠡᠭᠡᠨ᠎ᠤ ᠪᠠᠭ᠋ᠠᠵᠢ ᠬᠡᠷᠡᠭᠰᠡᠯ᠂ ᠢᠳᠡᠭᠡᠨ᠎ᠤ ᠵᠦᠢᠯ᠂ ᠡᠮ᠎ᠤᠨ ᠵᠦᠢᠯ᠂ ᠮᠡᠳᠡᠭᠡ ᠵᠠᠩᠭᠢᠵᠢᠯᠲᠠ ᠵᠢᠨ ᠦᠢᠯᠡᠳᠬᠦᠨ ᠵᠡᠷᠭᠡ ᠪᠠᠷᠢᠮᠵᠢᠶ᠎ᠠ ᠲᠣᠭᠲᠠᠭ᠋ᠠᠬᠤ᠎ᠳᠤ ᠣᠷᠣᠯᠴᠠᠬᠤ ᠵᠢ ᠵᠣᠷᠢᠭᠵᠢᠭᠤᠯᠵᠤ᠂ ᠠᠵᠢᠯ ᠲᠥᠷᠥᠯ᠎ᠤᠨ ᠪᠠᠷᠢᠮᠵᠢᠶ᠎ᠠ ᠪᠠ ᠮᠡᠷᠭᠡᠵᠢᠯ᠎ᠤᠨ ᠵᠢᠷᠤᠮᠵᠢᠯ᠎ᠢ ᠲᠣᠭᠲᠠᠭ᠋ᠠᠵᠤ ᠵᠠᠰᠠᠪᠤᠷᠢ ᠣᠷᠣᠭᠤᠯᠬᠤ ᠵᠢᠨ ᠰᠢᠨᠵᠢᠯᠡᠬᠦ ᠤᠬᠠᠭ᠋ᠠᠨᠴᠢ ᠴᠢᠨᠠᠷ ᠪᠠ ᠢᠯᠡ ᠲᠣᠳᠣ ᠵᠢᠨ ᠬᠡᠮᠵᠢᠶ᠎ᠡ ᠵᠢ ᠳᠡᠭᠡᠭᠰᠢᠯᠡᠭᠦᠯᠦᠨ᠎ᠡ᠃ (ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠲᠦᠷᠦᠭᠦᠯᠡᠨ ᠬᠠᠷᠢᠭᠤᠴᠠᠵᠤ᠂ ᠡᠯ᠎ᠡ ᠰᠠᠯᠠᠭ᠎ᠠ ᠮᠥᠴᠢᠷ᠂ ᠡᠯ᠎ᠡ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠬᠣᠷᠢ) ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠳᠤ ᠬᠠᠤᠯᠢ ᠶᠣᠰᠣᠭ᠋ᠠᠷ ᠡᠷᠬᠡ ᠲᠡᠭᠰᠢ᠎ᠪᠠᠷ ᠣᠷᠣᠯᠴᠠᠬᠤ ᠵᠢ ᠪᠠᠲᠤᠯᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠮᠡᠳᠡᠭᠡ ᠵᠠᠩᠭᠢ ᠨᠡᠶ᠋ᠢᠲᠡᠯᠡᠬᠦ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠨᠥᠬᠥᠴᠡᠯ᠎ᠢ ᠲᠣᠭᠲᠠᠭ᠋ᠠᠬᠤ᠂ ᠳᠠᠭ᠋ᠠᠭ᠋ᠠᠴᠢᠯᠠᠯᠲᠠ ᠵᠢ ᠦᠨᠡᠯᠡᠬᠦ ᠪᠠᠷᠢᠮᠵᠢᠶ᠎ᠠ ᠵᠡᠷᠭᠡ ᠲᠠᠯ᠎ᠠ᠎ᠪᠠᠷ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠢ᠌ᠯᠠᠯ᠎ᠳᠤ ᠭᠠᠳᠠᠭᠤᠷᠴᠢᠯᠠᠬᠤ ᠬᠠᠷᠠᠭ᠋ᠠᠯᠵᠠᠯ ᠦᠵᠡᠭᠦᠯᠵᠦ ᠪᠣᠯᠬᠤ ᠦᠭᠡᠢ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠥᠮᠴᠢᠯᠡᠯ᠎ᠤᠨ ᠬᠡᠯᠪᠡᠷᠢ᠂ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ᠂ ᠰᠲ᠋ᠣᠺ᠎ᠤᠨ ᠡᠷᠬᠡ ᠵᠢᠨ ᠪᠦᠲᠦᠴᠡ ᠪᠤᠶᠤ ᠪᠡᠯᠡ ᠣᠷᠣᠭᠤᠯᠤᠭᠴᠢ ᠵᠢᠨ ᠤᠯᠤᠰ᠎ᠤᠨ ᠬᠠᠷᠢᠶᠠᠯᠠᠯ ᠵᠢᠴᠢ ᠦᠢᠯᠡᠳᠬᠦᠨ ᠪᠤᠶᠤ ᠦᠢᠯᠡᠴᠢᠯᠡᠭᠡᠨ᠎ᠤ ᠨᠡᠷᠡᠲᠦ ᠲᠡᠮᠳᠡᠭ ᠵᠡᠷᠭᠡ ᠵᠢ ᠬᠢᠵᠠᠭ᠋ᠠᠷᠯᠠᠨ ᠲᠣᠭᠲᠠᠭ᠋ᠠᠵᠤ ᠪᠣᠯᠬᠤ ᠦᠭᠡᠢ᠃ (ᠡᠳ᠋᠎ᠤᠨ ᠵᠠᠰᠠᠭ᠎ᠤᠨ ᠶᠠᠮᠤᠨ ᠲᠦᠷᠦᠭᠦᠯᠡᠨ ᠬᠠᠷᠢᠭᠤᠴᠠᠵᠤ᠂ ᠡᠯ᠎ᠡ ᠰᠠᠯᠠᠭ᠎ᠠ ᠮᠥᠴᠢᠷ᠂ ᠡᠯ᠎ᠡ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠵᠢᠨ ᠠᠵᠢᠯ ᠵᠢᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠳ ᠭᠠᠳᠠᠭ᠋ᠠᠳᠤ ᠪᠡᠯᠡ ᠵᠢ ᠲᠣᠭᠲᠠᠪᠤᠷᠢᠵᠢᠭᠤᠯᠬᠤ ᠠᠵᠢᠯ᠎ᠤᠨ ᠲᠤᠬᠠᠶ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠭᠦᠨᠵᠡᠭᠡᠶ ᠲᠤᠤᠱᠯᠠᠭᠤᠯᠵᠤ᠂ ᠣᠳᠣᠬᠠᠨ᠎ᠤ ᠭᠠᠳᠠᠭ᠋ᠠᠳᠤ ᠪᠡᠯᠡ ᠵᠢ ᠠᠰᠢᠭᠯᠠᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠵᠢᠨ ᠴᠢᠬᠤᠯᠠ ᠠᠴᠢ ᠬᠣᠯᠪᠣᠭᠳᠠᠯ᠎ᠢ ᠭᠦᠢᠴᠡᠳ ᠲᠠᠨᠢᠵᠤ᠂ ᠵᠤᠭᠰᠤᠯᠳᠠ᠎ᠪᠠᠨ ᠳᠡᠭᠡᠭᠰᠢᠯᠡᠭᠦᠯᠵᠦ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠨ᠂ ᠡᠯ᠎ᠡ ᠵᠦᠢᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢᠨ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ ᠬᠡᠷᠡᠭᠲᠡᠶ᠃ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠢᠴᠢᠭ ᠮᠠᠲ᠋ᠧᠷᠢᠶᠠᠯ᠂ ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠰᠡᠨ ᠳᠦᠷᠢᠮ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠣᠯᠭ᠋ᠠᠬᠤ᠎ᠳᠤ ᠬᠣᠯᠪᠣᠭᠳᠠᠪᠠᠯ᠂ ᠤᠤᠯ᠎ᠤᠨ ᠬᠤᠰᠢᠭᠤᠴᠢᠯᠠᠨ ᠲᠤᠭᠤᠷᠪᠢᠨ ᠪᠢᠴᠢᠭᠰᠡᠨ ᠰᠠᠯᠠᠭ᠎ᠠ ᠮᠥᠴᠢᠷ ᠪᠤᠶᠤ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠠᠴᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠥᠷᠥ ᠵᠢᠨ ᠶᠠᠪᠤᠳᠠᠯ᠎ᠤᠨ ᠬᠣᠷᠢᠶ᠎ᠠ᠎ᠳᠤ ᠮᠡᠳᠡᠭᠦᠯᠦᠨ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠣᠯᠭ᠋ᠠᠨ᠎ᠠ᠃ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠵᠢᠯᠣᠭᠣᠳᠬᠤ ᠪᠠ ᠵᠣᠬᠢᠴᠠᠭᠤᠯᠬᠤ᠎ᠪᠠᠨ ᠴᠢᠩᠭ᠋ᠠᠳᠬᠠᠵᠤ᠂ ᠴᠢᠬᠤᠯᠠ ᠶᠡᠬᠡ ᠠᠰᠠᠭᠤᠳᠠᠯ᠎ᠢ ᠴᠠᠭ ᠲᠤᠬᠠᠶ᠎ᠳᠤᠨᠢ ᠲᠥᠷᠥ ᠵᠢᠨ ᠶᠠᠪᠤᠳᠠᠯ᠎ᠤᠨ ᠬᠣᠷᠢᠶ᠎ᠠ᠎ᠳᠤ ᠮᠡᠳᠡᠭᠦᠯᠬᠦ ᠬᠡᠷᠡᠭᠲᠡᠶ᠃