ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
《〈ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ》 ᠵᠢᠨ ᠭᠦᠭᠵᠢᠯᠳᠡ ᠵᠢ ᠠᠬᠢᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠰᠠᠨᠠᠯ》 (ᠲᠥᠷᠥ ᠠᠯᠪᠠᠨ ᠲᠠᠷᠬᠠᠭ᠋ᠠᠭᠰᠠᠨ [2018] 26 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠭᠦᠨᠵᠡᠬᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠤᠰᠠᠳᠠ᠂ 《〈ᠡᠷᠡᠭᠦᠯ ᠡᠩᠬᠡ ᠥᠪᠥᠷ ᠮᠣᠩᠭᠤᠯ 2030〉 ᠵᠢᠨ ᠬᠡᠷᠡᠭᠵᠢᠭᠦᠯᠬᠦ ᠲᠥᠰᠦᠯ》 ᠪᠤᠯᠤᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠮᠡᠨᠳᠦ ᠡᠮᠴᠢᠯᠡᠭᠡ ᠵᠢᠨ ᠲᠤᠮᠤ ᠳ᠋ᠠᠶ᠋ᠢᠲ᠋ᠠ ᠵᠢ ᠬᠡᠷᠡᠭᠯᠡᠵᠦ ᠭᠦᠭᠵᠢᠬᠦᠯᠬᠦ ᠲᠥᠯᠥᠪᠵᠢᠭᠦᠯᠭᠡ (2016 — 2020 ᠣᠨ)》 ᠵᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠬᠡ 《ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ》 ᠵᠢᠨ ᠬᠥᠭᠵᠢᠯᠲᠡ ᠵᠢ ᠠᠬᠢᠭᠤᠯᠬᠤ᠎ᠪᠠᠷ ᠲᠤᠤᠷᠠᠬᠢ ᠬᠡᠷᠡᠭᠵᠢᠬᠦᠯᠬᠦ ᠰᠠᠨᠠᠯ᠎ᠢ ᠲᠤᠷᠠᠳᠪᠠ᠃
ᠨᠢᠭᠡ᠂ 《ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ》 ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠦᠷᠢᠨᠰᠢᠬᠦᠯᠦᠨ᠎ᠠ
ᠡᠷᠡᠭᠦᠯ ᠮᠡᠨᠳᠦ ᠡᠮᠴᠢᠯᠡᠬᠡᠨ᠎ᠤ ᠲᠤᠮᠤ ᠳ᠋ᠠᠶ᠋ᠢᠲ᠋ᠠ ᠵᠢ ᠬᠡᠷᠡᠭᠯᠡᠬᠦ ᠢᠨᠵᠧᠨᠧᠷᠢᠩ᠎ᠢ ᠬᠡᠷᠡᠭᠵᠢᠬᠦᠯᠵᠦ᠂ ᠢᠨᠲ᠋ᠧᠷ ᠰᠦᠯᠵᠢᠶᠡᠨ᠎ᠤ ᠡᠮᠴᠢᠯᠡᠭᠡ᠂ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠶᠡᠷᠦᠩᠬᠡᠶ᠋ᠢᠯᠡᠭᠰᠡᠨ ᠬᠠᠮᠢᠶᠠᠷᠤᠯᠳᠠ᠂ ᠲᠥᠯᠥᠪᠯᠡᠭᠡᠲᠦ ᠦᠷᠡᠵᠢᠯ᠎ᠤᠨ ᠦᠢ᠍ᠯᠡᠴᠢᠯᠡᠬᠡᠨ᠎ᠤ ᠬᠠᠮᠢᠶᠠᠷᠤᠯᠳᠠ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠬᠡᠨ᠎ᠤ ᠶᠡᠷᠦᠩᠬᠡᠶ᠋ᠢᠯᠡᠭᠰᠡᠨ ᠬᠠᠮᠢᠶᠠᠷᠤᠯᠳᠠ ᠪᠤᠯᠤᠨ ᠰᠠᠭᠤᠭ᠋ᠠᠯᠢ ᠠᠷᠠᠳ᠎ᠤᠨ ᠡᠷᠡᠭᠦᠯ ᠮᠡᠨᠳᠦ ᠵᠢᠨ ᠺᠠᠷᠲ ᠵᠢ ᠲᠦᠭᠡᠮᠡᠯᠵᠢᠭᠦᠯᠦᠨ ᠬᠡᠷᠡᠭᠯᠡᠬᠦ ᠵᠡᠷᠭᠡ ᠲᠦᠷᠦᠯ ᠵᠦᠢ᠍ᠯ ᠵᠶ᠋ᠠᠷ ᠭᠠᠷᠳᠠᠴᠠ ᠪᠣᠯᠭ᠋ᠠᠵᠤ᠂ 《ᠢᠨᠲ᠋ᠧᠷ ᠰᠦᠯᠵᠢᠶ᠎ᠡ + ᠡᠷᠡᠭᠦᠯ ᠮᠡᠨᠳᠦ ᠡᠮᠴᠢᠯᠡᠭᠡ》 ᠵᠢᠨ ᠦᠢ᠍ᠯᠡᠴᠢᠯᠡᠬᠡᠨ᠎ᠤ ᠰᠢᠰᠲ᠋ᠧᠮᠵᠢ ᠵᠢᠨ ᠭᠦᠭᠵᠢᠯᠳᠡ ᠵᠢ ᠠᠬᠢᠭᠤᠯᠤᠨ᠎ᠠ᠃
(ᠨᠢᠭᠡ) 《ᠢᠨᠲ᠋ᠧᠷ ᠰᠦᠯᠵᠢᠶ᠎ᠡ +》 ᠡᠮᠴᠢᠯᠡᠭᠡᠨ᠎ᠤ ᠦᠢ᠍ᠯᠡᠴᠢᠯᠡᠭᠡ ᠵᠢ ᠭᠦᠭᠵᠢᠬᠦᠯᠦᠨ᠎ᠠ
1 ᠪᠥᠬᠦ ᠣᠷᠣᠨ᠎ᠤ ᠢᠨᠲ᠋ᠧᠷ ᠰᠦᠯᠵᠢᠶᠡᠨ᠎ᠤ ᠡᠮᠴᠢᠯᠡᠭᠡ ᠵᠢᠨ ᠦᠢ᠍ᠯᠡᠴᠢᠯᠡᠬᠡᠨ᠎ᠤ ᠨᠢᠭᠡᠳᠦᠯᠲᠡᠶ ᠪᠦᠳᠦᠭᠦᠪᠴᠢ ᠲᠦᠰᠦᠪ᠎ᠤᠨ ᠰᠢᠰᠲ᠋ᠧᠮᠵᠢ ᠵᠢ ᠪᠠᠶ᠋ᠢᠭᠤᠯᠤᠨ᠎ᠠ᠃ ᠡᠮᠴᠢᠯᠡᠬᠡᠨ᠎ᠤ ᠪᠠᠶ᠋ᠢᠭᠤᠯᠤᠮᠵᠢ᠎ᠪᠠᠷ ᠭᠤᠣᠯ ᠴᠣᠭᠴᠠ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ᠎ᠤ ᠡᠮᠨᠡᠯᠭᠡ ᠵᠢᠨ ᠬᠤᠷᠢᠶ᠎ᠠ ᠪᠣᠯᠤᠨ ᠰᠤᠮᠤ ᠰᠢᠶᠠᠩ ᠪᠠᠯᠭ᠋ᠠᠰᠤ ᠵᠢᠨ ᠭᠤᠤᠯ ᠡᠷᠡᠭᠦᠯ ᠬᠠᠮᠠᠭ᠋ᠠᠯᠠᠯ᠎ᠤᠨ ᠬᠤᠷᠢᠶᠠᠨᠤᠭᠤᠳ 《ᠢᠨᠲ᠋ᠧᠷ ᠰᠦᠯᠵᠢᠶᠡᠨ᠎ᠤ ᠡᠮᠴᠢᠯᠡᠭᠡ》 (ᠠᠯᠤᠰ ᠡᠮᠴᠢᠯᠡᠭᠡ ᠪᠠᠭᠲᠠᠨ᠎ᠠ) ᠵᠢ ᠦᠷᠨᠢᠬᠦᠯᠵᠦ ᠪᠤᠯᠬᠤᠶ᠋ᠢᠴᠠ ᠬᠠᠳᠠᠭᠤ ᠬᠡᠷᠡᠭᠰᠡᠯ᠎ᠤᠨ ᠣᠷᠴᠢᠨ ᠨᠥᠬᠦᠴᠡᠯ ᠪᠤᠯᠤᠨ ᠬᠢᠨᠠᠨ ᠬᠠᠮᠢᠶᠠᠷᠬᠤ ᠦᠢ᠍ᠯᠡᠴᠢᠯᠡᠭᠡᠨ᠎ᠤ ᠰᠢᠰᠲ᠋ᠧᠮ᠎ᠢ ᠪᠠᠶ᠋ᠢᠭᠤᠯᠵᠦ᠂ ᠡᠪᠡᠳᠴᠢᠲᠡᠨ᠎ᠳᠤ ᠰᠦᠯᠵᠢᠶ᠎ᠡ᠎ᠪᠠᠷ ᠪᠣᠯᠵᠣᠵᠤ ᠳ᠋ᠤᠭ᠋ᠠᠷᠯᠠᠬᠤ᠂ ᠡᠮᠨᠡᠬᠦᠯᠬᠦ᠎ᠳᠤ ᠵᠥᠪᠯᠡᠯᠭᠡ ᠦᠭᠬᠦ᠂ ᠪᠠᠶ᠋ᠢᠩᠭᠤ ᠲᠣᠬᠢᠶᠠᠯᠳᠤᠳᠠᠭ ᠵᠠᠷᠢᠮ ᠡᠪᠡᠳᠴᠢᠨ᠂ ᠤᠵᠢᠭ ᠡᠪᠡᠳᠴᠢᠨ᠎ᠲᠠᠢ ᠵᠢ ᠲᠠᠬᠢᠨᠳᠠ ᠡᠮᠨᠡᠬᠦ᠂ ᠭᠦᠴᠢᠷ ᠲᠦᠪᠡᠭᠳᠡᠢ ᠡᠪᠡᠳᠴᠢᠨ᠎ᠢ ᠬᠠᠮᠲᠤᠷᠠᠨ ᠡᠮᠨᠡᠬᠦ ᠵᠡᠷᠭᠡ ᠬᠡᠪᠰᠢᠭᠰᠡᠨ ᠦᠢ᠍ᠯᠡᠴᠢᠯᠡᠭᠡ ᠬᠠᠩᠭ᠋ᠠᠨ᠎ᠠ᠃ ᠶᠡᠭᠡ ᠡᠮᠴᠢ ᠨᠠᠷ ᠡᠪᠡᠳᠴᠢᠲᠡᠨ᠎ᠤ ᠡᠪᠡᠳᠴᠢᠨ᠎ᠤ ᠲᠡᠮᠳᠡᠭᠯᠡᠯ᠎ᠤᠨ ᠮᠠᠲ᠋ᠧᠷᠢᠶᠠᠯ᠎ᠢ ᠡᠵᠡᠮᠰᠢᠭᠰᠡᠨ᠎ᠤ ᠳᠠᠷᠠᠭ᠎ᠠ᠂ ᠰᠦᠯᠵᠢᠶᠡᠨ᠎ᠳᠤ ᠪᠠᠶ᠋ᠢᠩᠭᠤ ᠲᠣᠬᠢᠶᠠᠯᠳᠤᠳᠠᠭ ᠵᠠᠷᠢᠮ ᠡᠪᠡᠳᠴᠢᠨ᠂ ᠤᠵᠢᠭ ᠡᠪᠡᠳᠴᠢᠨ᠎ᠤ ᠵᠣᠷ ᠪᠢᠴᠢᠬᠦ ᠵᠢ᠎ᠨᠢ ᠵᠦᠪᠰᠢᠶᠡᠷᠡᠨ᠎ᠠ᠃ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠡᠮᠨᠡᠯᠭᠡ ᠵᠢᠨ ᠬᠤᠷᠢᠶ᠎ᠠ᠎ᠳᠤ ᠵᠢᠷᠤᠭ ᠲᠦᠷᠰᠦ ᠵᠢᠨ ᠲᠥᠪ ᠪᠠ ᠵᠢᠷᠦᠬᠡᠨ᠎ᠤ ᠴᠠᠬᠢᠯᠭ᠋ᠠᠨ ᠵᠢᠷᠤᠭ᠎ᠤᠨ ᠲᠥᠪ ᠪᠠᠶ᠋ᠢᠭᠤᠯᠵᠦ᠂ ᠰᠤᠮᠤ ᠰᠢᠶᠠᠩ ᠪᠠᠯᠭ᠋ᠠᠰᠤᠨ᠎ᠤ ᠭᠤᠤᠯ ᠡᠷᠡᠭᠦᠯ ᠬᠠᠮᠠᠭ᠋ᠠᠯᠠᠯ᠎ᠤᠨ ᠬᠤᠷᠢᠶᠠᠨ᠎ᠳᠤ ᠪᠠᠶ᠋ᠢᠴᠠᠭ᠋ᠠᠯᠲᠠ ᠬᠢᠬᠦ᠂ ᠬᠤᠰᠢᠭᠤ ᠰᠢᠶᠠᠨ᠎ᠤ ᠱᠠᠲᠤᠨ᠎ᠤ ᠡᠮᠨᠡᠯᠭᠡ ᠵᠢᠨ ᠬᠤᠷᠢᠶ᠎ᠠ᠎ᠨᠢ ᠤᠨᠤᠰᠢᠯᠬᠠᠰᠠᠨ ᠮᠡᠳᠡᠭᠦᠯᠦᠯᠲᠡ ᠭᠠᠷᠭ᠋ᠠᠬᠤ᠂ ᠠᠶ᠋ᠢᠮᠠᠭ ᠬᠤᠳᠠ ᠵᠢᠨ ᠱᠠᠲᠤᠨ᠎ᠤ ᠡᠮᠨᠡᠯᠭᠡ ᠵᠢᠨ ᠬᠤᠷᠢᠶ᠎ᠠ᠎ᠨᠢ ᠬᠤᠰᠢᠭᠤ ᠰᠢᠶᠠᠨ᠎ᠤ ᠱᠠᠲᠤᠨ᠎ᠤ ᠡᠮᠨᠡᠯᠭᠡ ᠵᠢᠨ ᠬᠤᠷᠢᠶ᠎ᠠ᠎ᠳᠤ ᠭᠦᠴᠢᠷ ᠲᠦᠪᠡᠭᠲᠡᠶ ᠡᠪᠡᠳᠴᠢᠨ᠎ᠤ ᠵᠢᠱ᠌ᠢᠶ᠎ᠡ ᠵᠢ ᠣᠨᠣᠰᠢᠯᠠᠬᠤ ᠦᠢ᠍ᠯᠡᠴᠢᠯᠡᠭᠡ ᠬᠠᠩᠭ᠋ᠠᠬᠤ ᠵᠢ ᠪᠡᠶᠡᠯᠡᠬᠦᠯᠦᠨ᠎ᠠ᠃ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠬᠡᠰᠡᠭ ᠶᠡᠷᠦᠩᠬᠡᠶ᠋ᠢᠯᠡᠭᠰᠡᠨ ᠡᠮᠨᠡᠯᠭᠡ ᠵᠢᠨ ᠬᠤᠷᠢᠶ᠎ᠠ ᠪᠣᠯᠤᠨ ᠠᠶ᠋ᠢᠮᠠᠭ ᠬᠤᠳᠠ ᠵᠢᠨ ᠱᠠᠲᠤᠨ᠎ᠤ ᠶᠡᠷᠦᠩᠬᠡᠶ᠋ᠢᠯᠡᠭᠰᠡᠨ ᠡᠮᠨᠡᠯᠭᠡ ᠵᠢᠨ ᠬᠤᠷᠢᠶ᠎ᠠ᠎ᠳᠤ ᠡᠪᠡᠳᠴᠢᠨ᠎ᠤ ᠵᠦᠶ ᠵᠢᠨ ᠤᠨᠤᠰᠢᠯᠠᠬᠤ ᠲᠥᠪ᠎ᠢ ᠪᠠᠶ᠋ᠢᠭᠤᠯᠤᠨ᠂ ᠬᠤᠰᠢᠭᠤ ᠰᠢᠶᠠᠨ᠎ᠤ ᠱᠠᠲᠤᠨ᠎ᠤ ᠶᠡᠷᠦᠩᠬᠡᠶ᠋ᠢᠯᠡᠭᠰᠡᠨ ᠡᠮᠨᠡᠯᠭᠡ ᠵᠢᠨ ᠬᠤᠷᠢᠶᠠᠨ᠎ᠳᠤ ᠡᠪᠡᠳᠴᠢᠨ᠎ᠤ ᠵᠦᠢ ᠵᠢᠨ ᠪᠢᠴᠢᠯ ᠵᠦᠰᠦᠮ ᠬᠢᠵᠦ᠂ ᠠᠶ᠋ᠢᠮᠠᠭ ᠬᠤᠳᠠ ᠵᠢᠨ ᠱᠠᠲᠤᠨ᠎ᠠᠴᠠ ᠳᠡᠭᠡᠭᠰᠢᠬᠢ ᠡᠮᠨᠡᠯᠭᠡ ᠵᠢᠨ ᠬᠤᠷᠢᠶᠠᠨ᠎ᠳᠤ ᠤᠨᠤᠰᠢᠯᠬᠠᠰᠠᠨ ᠮᠡᠳᠡᠬᠦᠯᠦᠯᠳᠡ ᠭᠠᠷᠭ᠋ᠠᠬᠤ ᠵᠢ ᠪᠡᠶᠡᠯᠡᠬᠦᠯᠦᠨ᠎ᠠ᠃ ᠰᠦᠯᠵᠢᠶ᠎ᠡ᠎ᠪᠠᠷ ᠪᠢᠴᠢᠭᠰᠡᠨ ᠪᠠᠶ᠋ᠢᠩᠭᠤ ᠲᠣᠬᠢᠶᠠᠯᠳᠤᠳᠠᠭ ᠡᠪᠡᠳᠴᠢᠨ᠂ ᠤᠵᠢᠭ ᠡᠪᠡᠳᠴᠢᠨ᠎ᠤ ᠵᠣᠷ᠎ᠢ ᠡᠮ ᠨᠠᠶ᠋ᠢᠷᠠᠭᠴᠢ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠡᠮᠴᠢᠯᠡᠭᠡᠨ᠎ᠤ ᠪᠠᠶ᠋ᠢᠭᠤᠯᠤᠮᠵᠢ᠂ ᠡᠮ᠎ᠤᠨ ᠵᠦᠢ᠍ᠯ᠎ᠢ ᠡᠵᠡᠩᠨᠡᠬᠦ ᠠᠵᠤ ᠠᠬᠤᠶ᠋ᠢᠯᠠᠯ᠎ᠤᠳ ᠨᠥᠬᠦᠴᠡᠯ᠎ᠳᠤ ᠨᠡᠶ᠋ᠢᠴᠡᠬᠦ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ᠎ᠳᠤ ᠨᠠᠶ᠋ᠢᠳᠠᠵᠦ ᠪᠠᠶ᠋ᠢᠭ᠋ᠠᠳ ᠲᠤᠬᠢᠷᠠᠭᠤᠯᠤᠨ ᠭᠦᠷᠬᠡᠯᠬᠡᠵᠦ ᠪᠤᠯᠤᠨ᠎ᠠ᠃ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠵᠣᠷ᠎ᠤᠨ ᠮᠡᠳᠡᠭᠡ ᠵᠠᠩᠭᠢ ᠬᠢᠬᠡᠳ ᠡᠮ᠎ᠤᠨ ᠵᠦᠢ᠍ᠯ᠎ᠢ ᠵᠢᠵᠢᠭᠯᠡᠨ ᠪᠣᠷᠣᠯᠠᠭᠤᠯᠬᠤ ᠬᠡᠷᠡᠭᠯᠡᠭᠡ ᠵᠢᠨ ᠮᠡᠳᠡᠭᠡ ᠵᠠᠩᠭᠢ᠎ᠪᠠᠨ ᠬᠠᠷᠢᠯᠴᠠᠨ ᠬᠤᠯᠪᠣᠭ᠋ᠠᠯᠠᠵᠤ ᠬᠠᠷᠢᠯᠴᠠᠨ ᠨᠡᠪᠳᠡᠷᠡᠯᠴᠡᠵᠦ᠂ ᠴᠠᠭ ᠲᠤᠬᠠᠢᠳᠤᠨᠢ ᠬᠠᠮᠳᠤ᠎ᠳᠤ᠎ᠪᠠᠨ ᠭᠦᠷᠳᠡᠵᠦ ᠪᠤᠯᠬᠤ᠎ᠪᠠᠷ ᠰᠦᠪᠡᠭᠴᠢᠯᠡᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠢᠳᠡᠭᠡᠨ ᠪᠠ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠲᠣᠮᠣ ᠳ᠋ᠠᠶ᠋ᠢᠲ᠋ᠠ ᠵᠢᠨ ᠬᠥᠭᠵᠢᠭᠦᠯᠦᠯᠲᠡ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ᠂ ᠲᠡᠷᠢᠬᠦᠨ᠎ᠳᠤ ᠵᠢᠨᠨᠰᠠᠭ᠋ᠠᠨᠨᠰᠠᠨ ᠰᠠᠯᠠᠭ᠎ᠠ ᠮᠥᠴᠢᠷ ᠪᠤᠯ ᠲᠦᠷᠦᠭᠦᠯᠡᠨ ᠬᠢᠬᠦ ᠰᠠᠯᠠᠭ᠎ᠠ ᠮᠥᠴᠢᠷ ᠪᠤᠯᠤᠨ᠎ᠠ᠂ ᠳᠣᠷᠣᠭᠰᠢ ᠠᠳᠠᠯᠢ)
2 ᠡᠮᠴᠢᠯᠡᠬᠡᠨ᠎ᠤ ᠪᠠᠶ᠋ᠢᠭᠤᠯᠤᠮᠵᠢ᠎ᠨᠤᠭᠤᠳ ᠢᠨᠲ᠋ᠧᠷ ᠰᠦᠯᠵᠢᠶ᠎ᠡ ᠵᠡᠷᠬᠡ ᠮᠡᠳᠡᠭᠡ ᠵᠠᠩᠬᠢ ᠵᠢᠨ ᠮᠡᠷᠬᠡᠵᠢᠯ᠎ᠢ ᠬᠡᠷᠡᠭᠯᠡᠵᠦ ᠡᠮᠴᠢᠯᠡᠬᠡᠨ᠎ᠤ ᠦᠢ᠍ᠯᠡᠴᠢᠯᠡᠭᠡ ᠵᠢᠨ ᠤᠷᠤᠨ ᠵᠠᠢ ᠪᠠ ᠠᠭᠤᠯᠭ᠎ᠠ᠎ᠪᠠᠨ ᠦᠷᠬᠡᠳᠬᠡᠬᠦ ᠵᠢ ᠵᠤᠷᠢᠨᠨᠵᠢᠭᠤᠯᠵᠦ᠂ ᠤᠨᠤᠰᠢᠯᠠᠬᠤ᠎ᠠᠴᠠ ᠡᠮᠤᠨ᠎ᠠ᠂ ᠤᠨᠤᠰᠢᠯᠠᠬᠤ ᠶᠠᠪᠤᠴᠠ᠂ ᠤᠨᠤᠰᠢᠯᠬᠠᠰᠠᠨᠤ ᠲᠠᠷᠠᠭ᠋ᠠᠬᠢ ᠵᠢ ᠬᠠᠮᠤᠷᠤᠨᠨᠰᠠᠨ ᠰᠦᠯᠵᠢᠶᠡᠨ᠎ᠳᠠᠬᠢ ᠪᠠ ᠰᠦᠯᠵᠢᠶᠡᠨ᠎ᠠᠴᠠ ᠭᠠᠳᠠᠭᠤᠷᠬᠢ ᠵᠢ ᠨᠢᠬᠡ ᠴᠤᠨᠨᠴᠠᠵᠢᠭᠤᠯᠤᠨᠨᠰᠠᠨ ᠡᠮᠴᠢᠯᠡᠬᠡᠨ᠎ᠤ ᠦᠢ᠍ᠯᠡᠴᠢᠯᠡᠭᠡ ᠵᠢᠨ ᠵᠬᠠᠪᠤᠷ᠎ᠢ ᠪᠠᠶ᠋ᠢᠭᠤᠯᠤᠨ᠎ᠠ᠃ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠂ ᠨᠦᠭᠦᠴᠡᠯ᠎ᠳᠤ ᠨᠡᠶ᠋ᠢᠴᠡᠬᠦ ᠭᠤᠷᠪᠠᠳᠠᠬᠢ ᠡᠳᠡᠬᠡᠳ᠎ᠤᠨ ᠪᠠᠶ᠋ᠢᠭᠤᠯᠤᠮᠵᠢ᠎ᠨᠤᠭᠤᠳ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠬᠢ ᠵᠢᠨ ᠲᠡᠪᠴᠡᠩ ᠪᠠᠶ᠋ᠢᠭᠤᠯᠬᠤ ᠵᠢ ᠲᠡᠮᠵᠢᠵᠦ᠂ ᠠᠮᠤᠷ ᠲᠦᠪᠰᠢᠨ ᠪᠦᠬᠡᠳ ᠲᠤᠬᠢᠳᠠᠢ ᠡᠮᠴᠢᠯᠡᠬᠡᠨ᠎ᠤ ᠦᠢ᠍ᠯᠡᠴᠢᠯᠡᠭᠡ ᠬᠠᠩᠭ᠋ᠠᠨ᠂ ᠠᠯᠤᠰ ᠡᠮᠴᠢᠯᠡᠭᠡ᠂ ᠡᠷᠡᠭᠦᠯ ᠮᠡᠨᠳᠦ ᠵᠢᠨ ᠲᠠᠯ᠎ᠠ᠎ᠪᠠᠷ᠎ᠬᠢ ᠵᠦᠪᠯᠡᠯᠬᠡ᠂ ᠡᠷᠡᠭᠦᠯ ᠮᠡᠨᠳᠦ ᠵᠢ ᠬᠠᠮᠢᠶᠠᠷᠬᠤ ᠦᠢ᠍ᠯᠡᠴᠢᠯᠡᠭᠡ ᠦᠷᠨᠢᠬᠦᠯᠵᠦ᠂ ᠡᠮᠨᠡᠯᠬᠡ ᠵᠢᠨ ᠬᠤᠷᠢᠶ᠎ᠠ᠂ ᠡᠮᠴᠢᠯᠡᠬᠡᠨ᠎ᠤ ᠠᠵᠢᠯᠳᠠᠨ᠂ ᠡᠪᠡᠳᠴᠢᠳᠡᠨ᠎ᠤ ᠬᠤᠭᠤᠷᠤ ᠬᠤᠭᠤᠷᠤᠨᠳᠤ᠎ᠪᠠᠨ ᠪᠦᠳᠦᠮᠵᠢᠳᠡᠢ᠎ᠪᠠᠷ ᠤᠶ᠋ᠢᠯᠠᠭ᠋ᠠᠯᠴᠠᠵᠦ ᠤᠯᠤᠯᠴᠠᠬᠤ ᠵᠢ ᠠᠬᠢᠭᠤᠯᠤᠨ᠎ᠠ᠃ (ᠦᠪᠡᠷᠳᠡᠬᠡᠨ ᠵᠠᠰᠠᠬᠤ ᠤᠷᠤᠨ᠎ᠤ ᠡᠷᠡᠭᠦᠯ ᠬᠠᠮᠠᠭ᠋ᠠᠯᠠᠯ ᠲᠦᠯᠦᠪᠯᠡᠬᠡᠳᠦ ᠦᠷᠡᠵᠢᠯ᠎ᠤᠨ ᠵᠦᠪᠯᠡᠯ᠂ ᠭᠦᠭᠵᠢᠬᠦᠯᠦᠯᠳᠡ ᠦᠬᠡᠷᠡᠴᠢᠯᠡᠯᠳᠡ ᠵᠢᠨ ᠵᠦᠪᠯᠡᠯ᠂ ᠲᠤᠮᠤ ᠳ᠋ᠠᠶ᠋ᠢᠲ᠋ᠠ ᠵᠢᠨ ᠭᠦᠭᠵᠢᠬᠦᠯᠦᠯᠳᠡ ᠬᠠᠮᠢᠶᠠᠷᠤᠯᠳᠠ ᠵᠢᠨ ᠲᠤᠪᠴᠢᠶ᠎ᠡ ᠬᠠᠷᠢᠭᠤᠴᠠᠨ᠎ᠠ)
3 ᠡᠮᠴᠢᠯᠡᠬᠡᠨ᠎ᠤ ᠬᠤᠯᠪᠣᠭ᠋ᠠᠲᠤ ᠴᠤᠨᠨᠴᠠ ᠵᠢᠨ ᠲᠤᠳᠤᠷᠠᠬᠢ ᠳᠡᠭᠡᠳᠦ ᠱᠠᠲᠤᠨ᠎ᠤ ᠡᠮᠴᠢᠯᠡᠬᠡᠨ᠎ᠤ ᠪᠠᠶ᠋ᠢᠭᠤᠯᠤᠮᠵᠢ᠎ᠨᠢ ᠢᠨᠲ᠋ᠧᠷ ᠰᠦᠯᠵᠢᠶᠡᠨ᠎ᠤ ᠮᠡᠷᠭᠡᠵᠢᠯ᠎ᠢ ᠠᠰᠢᠨᠨᠯᠠᠵᠦ᠂ ᠦᠨᠳᠦᠰᠦᠨ ᠱᠠᠲᠤᠨ᠎ᠳᠤ ᠬᠠᠨᠳᠤᠭᠤᠯᠤᠨ ᠠᠯᠤᠰ᠎ᠠᠴᠠ ᠬᠠᠮᠳᠤᠷᠠᠨ ᠤᠨᠤᠰᠢᠯᠠᠬᠤ᠂ ᠠᠯᠤᠰ᠎ᠠᠴᠠ ᠴᠠᠬᠢᠯᠭ᠋ᠠᠨ ᠵᠢᠷᠤᠭ ᠵᠶ᠋ᠠᠷ ᠣᠨᠣᠰᠢᠯᠠᠬᠤ᠂ ᠠᠯᠤᠰ᠎ᠠᠴᠠ ᠵᠢᠷᠤᠭ ᠳᠦᠷᠰᠦ᠎ᠪᠠᠷ ᠣᠨᠣᠰᠢᠯᠠᠬᠤ ᠵᠡᠷᠭᠡ ᠦᠢ᠍ᠯᠡᠴᠢᠯᠡᠭᠡ ᠬᠠᠩᠭ᠋ᠠᠬᠤ ᠵᠢ ᠵᠤᠷᠢᠨᠨᠵᠢᠭᠤᠯᠵᠦ᠂ ᠡᠮᠴᠢᠯᠡᠬᠡᠨ᠎ᠤ ᠬᠤᠯᠪᠣᠭ᠋ᠠᠲᠤ ᠴᠤᠨᠨᠴᠠ ᠵᠢᠨ ᠲᠤᠳᠤᠷᠠᠬᠢ ᠡᠮᠴᠢᠯᠡᠭᠡᠨ᠎ᠤ ᠪᠠᠶ᠋ᠢᠭᠤᠯᠤᠮᠵᠢ᠎ᠨᠤᠭᠤᠳ ᠬᠤᠭᠤᠷᠤᠨᠳᠤ᠎ᠪᠠᠨ ᠪᠠᠶ᠋ᠢᠴᠠᠭ᠋ᠠᠨ ᠰᠢᠯᠭ᠋ᠠᠭᠰᠠᠨ ᠦᠷ᠎ᠡ ᠳ᠋ᠦ᠍ᠢ᠍ᠩ ᠵᠶ᠋ᠠᠨ ᠴᠠᠭ ᠲᠤᠬᠠᠶ᠎ᠳᠤᠨᠢ ᠪᠠᠶ᠋ᠢᠴᠠᠭ᠋ᠠᠨ ᠦᠵᠡᠬᠦ ᠪᠠ ᠬᠠᠷᠢᠯᠴᠠᠨ ᠮᠡᠳᠡᠷᠡᠵᠦ ᠬᠠᠮᠳᠤ᠎ᠳᠤ᠎ᠪᠠᠨ ᠭᠦᠷᠳᠡᠬᠦ ᠵᠢ ᠠᠬᠢᠭᠤᠯᠤᠨ᠎ᠠ᠃ ᠠᠯᠤᠰ ᠡᠮᠴᠢᠯᠡᠬᠡᠨ᠎ᠤ ᠦᠢ᠍ᠯᠡᠴᠢᠯᠡᠭᠡ ᠵᠢ ᠪᠥᠬᠦ ᠣᠷᠣᠨ᠎ᠤ ᠡᠮᠴᠢᠯᠡᠭᠡᠨ᠎ᠤ ᠬᠤᠯᠪᠣᠭ᠋ᠠᠲᠤ ᠴᠣᠭᠴᠠ ᠪᠤᠯᠤᠨ ᠬᠤᠰᠢᠭᠤ ᠰᠢᠶᠠᠨ᠎ᠤ ᠱᠠᠲᠤᠨ᠎ᠤ ᠡᠮᠨᠡᠯᠭᠡ ᠵᠢᠨ ᠬᠤᠷᠢᠶ᠎ᠠ ᠪᠦᠭᠦᠨ᠎ᠳᠤ ᠬᠠᠮᠤᠷᠤᠭᠤᠯᠬᠤ ᠵᠢ ᠠᠬᠢᠭᠤᠯᠬᠤ ᠵᠢᠨ ᠬᠠᠮᠳᠤ᠂ ᠨᠡᠶ᠋ᠢᠭᠡᠮ ᠲᠣᠭᠤᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠂ ᠰᠤᠮᠤ ᠰᠢᠶᠠᠩ ᠪᠠᠯᠭ᠋ᠠᠰᠤ ᠵᠢᠨ ᠡᠷᠡᠭᠦᠯ ᠬᠠᠮᠠᠭ᠋ᠠᠯᠠᠯ᠎ᠤᠨ ᠬᠤᠷᠢᠶ᠎ᠠ ᠪᠣᠯᠤᠨ ᠭᠠᠴᠠᠭ᠎ᠠ ᠲᠣᠰᠬᠤᠨ᠎ᠤ ᠡᠷᠡᠭᠦᠯ ᠬᠠᠮᠠᠭ᠋ᠠᠯᠠᠯ᠎ᠤᠨ ᠲᠠᠰᠤᠭ ᠲᠡᠶ᠋ᠢᠰᠢ ᠠᠯᠬᠤᠮ ᠠᠯᠬᠤᠮ ᠵᠶ᠋ᠠᠷ ᠤᠷᠲᠤᠳᠬᠠᠨ᠂ ᠦᠨᠳᠦᠰᠦᠨ ᠱᠠᠲᠤᠨ᠎ᠤ ᠡᠮᠴᠢᠯᠡᠭᠡᠨ᠎ᠤ ᠦᠢ᠍ᠯᠡᠴᠢᠯᠡᠬᠦ ᠴᠢᠳᠠᠪᠤᠷᠢ ᠪᠠ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠱᠠᠲᠤ ᠬᠤᠪᠢᠶᠠᠵᠤ ᠣᠨᠣᠰᠢᠯᠠᠨ ᠡᠮᠨᠡᠬᠦ ᠵᠢᠨ ᠡᠮᠬᠢ ᠵᠢᠷᠤᠮ᠎ᠲᠠᠢ ᠪᠠᠶ᠋ᠢᠷᠢᠰᠢᠯ᠎ᠢ ᠪᠠᠶ᠋ᠢᠭᠤᠯᠵᠦ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠲᠣᠮᠣ ᠳ᠋ᠠᠶ᠋ᠢᠲ᠋ᠠ ᠵᠢᠨ ᠬᠥᠭᠵᠢᠭᠦᠯᠦᠯᠲᠡ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
(ᠬᠤᠶᠠᠷ) 《ᠢᠨᠲ᠋ᠧᠷ ᠰᠦᠯᠵᠢᠶ᠎ᠡ +》 ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠦᠢ᠍ᠯᠡᠴᠢᠯᠡᠭᠡ ᠵᠢ ᠦᠷᠨᠢᠬᠦᠯᠦᠨ᠎ᠠ
4 ᠪᠥᠬᠦ ᠣᠷᠣᠨ᠎ᠤ ᠢᠨᠲ᠋ᠧᠷ ᠰᠦᠯᠵᠢᠶᠡᠨ᠎ᠤ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠦᠢ᠍ᠯᠡᠴᠢᠯᠡᠬᠡᠨ᠎ᠤ ᠨᠢᠭᠡᠳᠦᠯᠲᠡᠶ ᠪᠦᠳᠦᠭᠦᠪᠴᠢ ᠲᠦᠰᠦᠪ᠎ᠤᠨ ᠰᠢᠰᠲ᠋ᠧᠮᠵᠢ ᠵᠢ ᠪᠠᠶ᠋ᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠶ᠎ᠪᠠᠷ ᠲᠦᠯᠦᠪᠯᠡᠵᠦ ᠵᠢᠷᠤᠵᠦ ᠲᠦᠯᠦᠪᠯᠡᠨ᠂ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠶᠡᠷᠦᠩᠬᠡᠶ᠋ᠢᠯᠡᠭᠰᠡᠨ ᠬᠠᠮᠢᠶᠠᠷᠤᠯᠲᠠ ᠵᠢᠨ ᠰᠢᠰᠲ᠋ᠧᠮ᠎ᠢ ᠨᠢᠬᠡᠳᠦᠯᠳᠡᠢ ᠨᠡᠬᠡᠬᠡᠨ ᠠᠰᠢᠨᠨᠯᠠᠬᠤ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ ᠪᠣᠯᠤᠨ ᠠᠶ᠋ᠢᠮᠠᠭ ᠬᠤᠳᠠ ᠵᠢᠨ ᠪᠦᠬᠦ ᠠᠷᠠᠳ᠎ᠤᠨ ᠡᠷᠡᠭᠦᠯ ᠮᠡᠨᠳᠦ ᠵᠢᠨ ᠮᠡᠳᠡᠭᠡ ᠵᠠᠩᠭᠢ ᠵᠢᠨ ᠲᠠᠪᠴᠠᠩ᠎ᠳᠤ ᠨᠢᠭᠡᠳᠦᠯᠲᠡᠶ ᠪᠠᠶ᠋ᠢᠷᠢᠯᠠᠭᠤᠯᠬᠤ ᠪᠤᠯᠤᠨ᠎ᠠ᠂ ᠡᠭᠦᠨ᠎ᠳᠤ ᠭᠤᠣᠯᠳᠠᠭᠤ ᠡᠪᠡᠳᠴᠢᠨ ᠡᠮᠭᠡᠭ᠎ᠢ ᠤᠷᠢᠳᠴᠢᠯᠠᠨ ᠰᠡᠷᠬᠡᠶ᠋ᠢᠯᠡᠵᠦ ᠡᠵᠡᠮᠳᠡᠬᠦ᠂ ᠡᠬᠡ ᠨᠢᠯᠬᠠᠰ᠎ᠤᠨ ᠡᠷᠡᠭᠦᠯᠵᠢᠯ᠂ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠬᠢᠨᠠᠯᠲᠠ ᠲᠠᠯᠪᠢᠯᠳᠠ᠂ ᠴᠢᠰᠦᠨ᠎ᠤ ᠬᠠᠮᠢᠶᠠᠷᠤᠯᠳᠠ᠂ ᠡᠷᠡᠭᠦᠯ ᠬᠠᠮᠠᠭ᠋ᠠᠯᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠳᠠ ᠪᠣᠯᠤᠨ ᠲᠥᠯᠥᠪᠯᠡᠭᠡᠲᠦ ᠦᠷᠡᠵᠢᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠬᠡᠨ᠎ᠤ ᠬᠠᠮᠢᠶᠠᠷᠤᠯᠲᠠ ᠵᠡᠷᠭᠡ ᠰᠢᠰᠲ᠋ᠧᠮ ᠪᠠᠭᠳᠠᠨ᠎ᠠ᠃ ᠰᠠᠭᠤᠭ᠋ᠠᠯᠢ ᠠᠷᠠᠳ᠎ᠤᠨ ᠡᠷᠡᠭᠦᠯ ᠮᠡᠨᠳᠦ ᠵᠢᠨ ᠡᠯᠧᠺᠲᠷᠣᠨ ᠲᠠᠩᠰᠠ ᠡᠪᠬᠡᠮᠡᠯ᠎ᠢ ᠰᠦᠯᠵᠢᠶᠡᠨ ᠳᠡᠭᠡᠷ᠎ᠡ ᠬᠠᠶ᠋ᠢᠵᠦ ᠯᠠᠪᠯᠠᠬᠤ ᠪᠠ ᠵᠢᠷᠤᠮᠵᠢᠭᠤᠯᠤᠨ ᠬᠡᠷᠡᠭᠯᠡᠬᠦ ᠵᠢ ᠪᠡᠶᠡᠯᠡᠬᠦᠯᠦᠨ ᠠᠬᠢᠭᠤᠯᠤᠨ᠎ᠠ᠃ ᠬᠡᠷ ᠪᠦᠯᠢ ᠵᠢᠨ ᠡᠮᠴᠢ ᠨᠠᠷ᠎ᠲᠠᠢ ᠰᠦᠯᠵᠢᠶᠡᠨ᠎ᠳᠤ ᠭᠡᠷ᠎ᠡ ᠲᠤᠨᠨᠳᠠᠬᠤ ᠦᠢ᠍ᠯᠡᠴᠢᠯᠡᠭᠡ ᠵᠢ ᠦᠷᠨᠢᠬᠦᠯᠦᠨ᠂ ᠭᠡᠷ᠎ᠡ ᠲᠣᠭᠲᠠᠭᠰᠠᠨ ᠰᠠᠭᠤᠭ᠋ᠠᠯᠢ ᠠᠷᠠᠳ᠎ᠲᠤ ᠰᠦᠯᠵᠢᠶ᠎ᠡ᠎ᠪᠠᠷ ᠡᠷᠡᠭᠦᠯ ᠮᠡᠨᠳᠦ᠎ᠤᠨ ᠵᠦᠪᠯᠡᠯᠬᠡ᠂ ᠪᠤᠯᠵᠤᠵᠦ ᠰᠢᠯᠵᠢᠬᠦᠯᠦᠨ ᠡᠮᠨᠡᠬᠦᠯᠬᠦ᠂ ᠤᠵᠢᠭ ᠡᠪᠡᠳᠴᠢᠨ᠎ᠲᠠᠢ ᠵᠢ᠎ᠲᠠᠭᠠᠨ ᠰᠤᠷᠪᠤᠯᠵᠢᠯᠠᠬᠤ᠂ ᠡᠷᠡᠭᠦᠯ ᠮᠡᠨᠳᠦ ᠵᠢ᠎ᠨᠢ ᠬᠠᠮᠢᠶᠠᠷᠬᠤ᠂ ᠵᠣᠷ ᠦᠭᠬᠦ᠎ᠪᠠᠨ ᠤᠷᠳᠤᠳᠬᠠᠬᠤ ᠵᠡᠷᠭᠡ ᠦᠢ᠍ᠯᠡᠴᠢᠯᠡᠭᠡ ᠬᠠᠩᠭ᠋ᠠᠵᠤ᠂ ᠰᠦᠯᠵᠢᠶᠡᠨ᠎ᠳᠤ ᠰᠢᠯᠭ᠋ᠠᠨ ᠬᠢᠨᠠᠵᠦ ᠦᠨᠡᠯᠡᠬᠦ ᠪᠠ ᠤᠷᠮᠠᠰᠢᠭᠤᠯᠤᠨ ᠵᠣᠷᠢᠬ᠍ᠵᠢᠭᠤᠯᠬᠤ ᠲᠣᠭᠲᠠᠴᠠ ᠵᠢ ᠪᠠᠶ᠋ᠢᠭᠤᠯᠤᠨ᠎ᠠ᠃ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ᠎ᠪᠠᠷ ᠭᠤᠣᠯᠳᠠᠯᠭ᠎ᠠ ᠪᠤᠯᠭ᠋ᠠᠵᠦ᠂ ᠨᠠᠰᠤᠲᠠᠶ᠋ᠢᠴᠤᠤᠯᠤᠨ ᠤᠵᠢᠭ ᠡᠪᠡᠳᠴᠢᠨ᠎ᠢ ᠰᠦᠯᠵᠢᠶ᠎ᠡ᠎ᠪᠠᠷ ᠦᠢ᠍ᠯᠡᠴᠢᠯᠡᠵᠦ ᠬᠠᠮᠢᠶᠠᠷᠬᠤ ᠵᠢ ᠴᠢᠩᠭ᠋ᠠᠳᠬᠠᠨ᠎ᠠ᠃ ᠬᠦᠨᠳᠦ ᠬᠡᠴᠡᠬᠦᠦ ᠣᠶᠣᠨ ᠮᠡᠳᠡᠷᠡᠯ᠎ᠤᠨ ᠰᠠᠭ᠋ᠠᠳ᠎ᠲᠠᠢ ᠡᠪᠡᠳᠴᠢᠲᠡᠨ᠎ᠤ ᠮᠡᠳᠡᠭᠡ ᠵᠠᠩᠭᠢ ᠵᠢ ᠬᠠᠮᠢᠶᠠᠷᠬᠤ᠂ᠲᠠᠭᠠᠨ ᠰᠤᠷᠪᠤᠯᠵᠢᠯᠠᠵᠦ ᠦᠨᠡᠯᠡᠨ ᠵᠢᠱ᠌ᠢᠬᠦ ᠪᠤᠯᠤᠨ ᠲᠥᠷᠥᠯ ᠬᠤᠪᠢᠶᠠᠵᠦ ᠬᠠᠮᠢᠶᠠᠷᠤᠨ ᠵᠢᠯᠤᠭᠤᠳᠬᠤ ᠵᠢ ᠪᠡᠶᠡᠯᠡᠬᠦᠯᠦᠨ᠎ᠠ᠃ ᠤᠯᠤᠰ᠎ᠤᠨ ᠡᠭᠡᠯᠢᠯᠡᠭᠡ ᠵᠢᠨ ᠲᠥᠯᠥᠪᠵᠢᠭᠦᠯᠭᠡ᠎ᠳᠤ ᠵᠢᠨᠨᠰᠠᠭ᠋ᠠᠨ ᠤᠷᠤᠭᠤᠯᠤᠨᠨᠰᠠᠨ ᠬᠡᠦᠬᠡᠳ᠎ᠤᠳ᠎ᠢ ᠭᠤᠣᠯᠳᠠᠯᠭ᠎ᠠ᠎ᠲᠠᠢ ᠦᠢ᠍ᠯᠡᠴᠢᠯᠡᠬᠦ ᠡᠳᠡᠬᠡᠳ ᠪᠤᠯᠭ᠋ᠠᠨ᠂ ᠤᠳᠤᠬᠢ ᠰᠡᠷᠬᠡᠶ᠋ᠢᠯᠡᠬᠦ ᠲᠠᠷᠢᠯᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠢ ᠡᠮᠬᠢᠯᠡᠨ ᠨᠡᠶ᠋ᠢᠯᠡᠬᠦᠯᠵᠦ᠂ ᠰᠡᠷᠬᠡᠶ᠋ᠢᠯᠡᠬᠦ ᠲᠠᠷᠢᠯᠭ᠎ᠠ ᠵᠢᠨ ᠦᠢ᠍ᠯᠡᠴᠢᠯᠡᠭᠡ ᠵᠢ ᠰᠢᠯᠢᠳᠡᠭᠵᠢᠬᠦᠯᠦᠨ᠎ᠠ᠃ ᠵᠢᠷᠮᠤᠰᠤᠯᠠᠵᠦ ᠬᠥᠩᠭᠡᠵᠢᠬᠦ ᠡᠮᠡᠭᠳᠡᠶ᠋ᠢᠴᠦᠳᠤᠨ ᠡᠷᠡᠭᠦᠯ ᠮᠡᠨᠳᠦ ᠵᠢᠨ ᠬᠠᠮᠢᠶᠠᠷᠤᠯᠲᠠ ᠪᠠ ᠬᠡᠦᠬᠡᠳ᠎ᠤᠨ ᠡᠷᠡᠭᠦᠯ ᠮᠡᠨᠳᠦ ᠵᠢᠨ ᠬᠠᠮᠢᠶᠠᠷᠤᠯᠲᠠ ᠬᠠᠩᠭ᠋ᠠᠵᠦ᠂ ᠲᠦᠷᠦᠵᠦ ᠭᠦᠩᠬᠡᠵᠢᠬᠦ ᠵᠢᠨ ᠲᠠᠩᠰᠠᠯᠠᠨ ᠲᠡᠮᠳᠡᠭᠯᠡᠬᠦ ᠦᠨᠡᠮᠯᠡᠯ᠎ᠢ ᠰᠦᠯᠵᠢᠶ᠎ᠡ᠎ᠪᠠᠷ ᠭᠦᠢ᠍ᠴᠡᠳᠬᠡᠬᠦ ᠪᠠ ᠲᠥᠯᠥᠪᠯᠡᠭᠡᠲᠦ ᠦᠷᠡᠵᠢᠯ᠎ᠤᠨ ᠦᠢ᠍ᠯᠡᠴᠢᠯᠡᠭᠡ ᠬᠢᠬᠡᠳ ᠵᠢᠯᠤᠭᠤᠳᠤᠯᠭ᠎ᠠ ᠵᠢ ᠦᠷᠨᠢᠬᠦᠯᠦᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠲᠣᠮᠣ ᠳ᠋ᠠᠶ᠋ᠢᠲ᠋ᠠ ᠵᠢᠨ ᠬᠥᠭᠵᠢᠭᠦᠯᠦᠯᠲᠡ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
5 ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠬᠢᠬᠡᠳ ᠢᠨᠲ᠋ᠧᠷ ᠰᠦᠯᠵᠢᠶᠡᠨ᠎ᠤ ᠠᠵᠦ ᠠᠬᠤᠶ᠋ᠢᠯᠠᠯ᠎ᠤᠨ ᠬᠠᠮᠳᠤᠷᠠᠯᠴᠠᠬᠤ ᠵᠢ ᠵᠤᠷᠢᠨᠨᠵᠢᠭᠤᠯᠵᠦ᠂ ᠤᠷᠤᠨ ᠪᠦᠰᠡ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠮᠡᠳᠡᠭᠡ ᠵᠠᠩᠬᠢ᠎ᠪᠠᠨ ᠡᠮᠬᠢᠯᠡᠨ ᠨᠡᠶ᠋ᠢᠯᠡᠬᠦᠯᠬᠦ ᠵᠢ ᠴᠢᠩᠭ᠋ᠠᠳᠬᠠᠨ᠂ ᠭᠦᠮᠦᠨ ᠠᠮᠠ ᠵᠢᠨ ᠨᠡᠭᠦᠳᠡᠯ᠂ ᠠᠭᠤᠷ ᠠᠮᠢᠰᠬᠤᠯ᠎ᠤᠨ ᠬᠤᠪᠢᠷᠠᠯᠳᠠ ᠵᠡᠷᠬᠡ᠎ᠳᠤ ᠲᠤᠮᠤ ᠳ᠋ᠠᠶ᠋ᠢᠲ᠋ᠠ ᠵᠢᠨ ᠮᠡᠷᠬᠡᠵᠢᠯ ᠵᠶ᠋ᠠᠷ ᠵᠠᠳᠠᠯᠤᠯᠳᠠ ᠬᠢᠬᠦ ᠠᠷᠭ᠎ᠠ ᠪᠠᠷᠢᠯ ᠬᠡᠷᠡᠭᠯᠡᠬᠦ ᠵᠢ ᠰᠦᠪᠡᠭᠴᠢᠯᠡᠵᠦ᠂ ᠡᠪᠡᠳᠴᠢᠨ ᠡᠮᠭᠡᠭ ᠳᠡᠯᠭᠡᠷᠡᠬᠦ ᠬᠠᠨᠳᠤᠰᠢ ᠵᠢ ᠤᠷᠢᠳᠴᠢᠯᠠᠨ ᠲᠦᠰᠦᠬᠡᠯᠡᠵᠦ᠂ ᠬᠠᠯᠳᠠᠪᠤᠷᠢᠲᠤ ᠡᠪᠡᠳᠴᠢᠨ ᠮᠡᠲᠦ ᠵᠢᠨ ᠡᠪᠡᠳᠴᠢᠨ ᠡᠮᠭᠡᠭ᠎ᠢ ᠤᠶᠤᠨᠴᠢ᠎ᠪᠠᠷ ᠬᠢᠨᠠᠨ ᠰᠢᠨᠵᠢᠬᠦ᠎ᠪᠠᠨ ᠴᠢᠩᠭ᠋ᠠᠳᠬᠠᠨ᠂ ᠬᠦᠨᠳᠦ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠪᠠ ᠭᠡᠨᠡᠳᠲᠡ ᠡᠭᠦᠰᠦᠭᠰᠡᠨ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠬᠡᠷᠡᠭ᠎ᠢ ᠠᠷᠭ᠋ᠠᠴᠠᠭ᠋ᠠᠬᠤ ᠴᠢᠳᠠᠪᠤᠷᠢ᠎ᠪᠠᠨ ᠲᠡᠬᠡᠭᠰᠢᠯᠡᠬᠦᠯᠦᠨ᠎ᠠ᠃ ᠡᠮᠦᠰᠴᠦ ᠵᠡᠭᠦᠵᠦ ᠪᠤᠯᠬᠤᠶ᠋ᠢᠴᠠ ᠲᠥᠬᠦᠭᠡᠷᠦᠮᠵᠢ ᠵᠢ ᠬᠡᠷᠡᠭᠯᠡᠵᠦ ᠠᠮᠢ ᠪᠡᠶ᠎ᠡ ᠵᠢᠨ ᠢᠯᠡᠷᠡᠯ᠎ᠤᠨ ᠲᠤᠭ᠎ᠠ ᠪᠠᠷᠢᠮᠳᠠ ᠴᠤᠨᠨᠯᠠᠭᠤᠯᠵᠦ ᠤᠯᠬᠤ ᠵᠢ ᠵᠤᠷᠢᠨᠨᠵᠢᠭᠤᠯᠵᠦ᠂ ᠵᠢᠷᠮᠦᠰᠦᠯᠡᠵᠦ ᠭᠦᠩᠬᠡᠵᠢᠬᠦ ᠪᠦᠰᠡᠬᠦᠢ᠎ᠳᠤ ᠡᠷᠡᠭᠦᠯ ᠮᠡᠨᠳᠦ ᠵᠢᠨ ᠰᠢᠨᠵᠢᠯᠳᠡ ᠬᠢᠬᠡᠳ ᠬᠠᠮᠢᠶᠠᠷᠤᠯᠳᠠ ᠬᠠᠩᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠂ ᠲᠣᠮᠣ ᠳ᠋ᠠᠶ᠋ᠢᠲ᠋ᠠ ᠵᠢᠨ ᠬᠥᠭᠵᠢᠭᠦᠯᠦᠯᠲᠡ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
(ᠭᠤᠷᠪᠠ) 《ᠢᠨᠲ᠋ᠧᠷ ᠰᠦᠯᠵᠢᠶ᠎ᠡ +》 ᠡᠮᠴᠢᠯᠡᠬᠡᠨ᠎ᠤ ᠪᠠᠲᠤᠯᠠᠭ᠎ᠠ ᠵᠢᠨ ᠳ᠋ᠦ᠍ᠢ᠍ᠩᠨᠡᠨ ᠪᠤᠳᠦᠬᠤ ᠦᠢ᠍ᠯᠡᠴᠢᠯᠡᠭᠡ ᠵᠢ ᠠᠬᠢᠭᠤᠯᠤᠨ᠎ᠠ
6 ᠡᠮᠴᠢᠯᠡᠬᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠵᠤᠯᠭ᠋ᠠᠯᠳᠤᠭᠤᠯᠵᠦ ᠡᠮᠬᠢᠯᠡᠨ ᠨᠡᠶ᠋ᠢᠯᠡᠬᠦᠯᠬᠦ ᠵᠢ ᠲᠦᠷᠬᠡᠳᠬᠡᠵᠦ᠂ ᠡᠮᠴᠢᠯᠡᠬᠡᠨ᠎ᠤ ᠪᠠᠲᠤᠯᠠᠭ᠎ᠠ ᠵᠢᠨ ᠲᠤᠭ᠎ᠠ ᠪᠠᠷᠢᠮᠲᠠ ᠵᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠲᠤᠭ᠎ᠠ ᠪᠠᠷᠢᠮᠲᠠ᠎ᠲᠠᠢ ᠬᠤᠯᠪᠣᠭ᠋ᠠᠯᠠᠨ ᠨᠡᠪᠲᠡᠷᠡᠭᠦᠯᠵᠦ ᠬᠠᠮᠳᠤ᠎ᠳᠤ᠎ᠪᠠᠨ ᠭᠦᠷᠳᠡᠬᠡᠬᠦ ᠵᠢ ᠪᠡᠶᠡᠯᠡᠬᠦᠯᠦᠨ᠂ ᠰᠦᠯᠵᠢᠶ᠎ᠡ᠎ᠪᠠᠷ ᠲᠤᠭ᠋ᠠᠴᠠᠭ᠎ᠠ ᠬᠢᠬᠦ ᠴᠢᠳᠠᠮᠵᠢ ᠵᠢ ᠠᠯᠬᠤᠮ ᠠᠯᠬᠤᠮ ᠵᠶ᠋ᠠᠷ ᠦᠷᠬᠡᠵᠢᠬᠦᠯᠵᠦ᠂ 《ᠨᠢᠭᠡ ᠥᠷᠲᠡᠭᠡ ᠮᠠᠶᠢᠭ》 ᠵᠶ᠋ᠠᠷ ᠳ᠋ᠦ᠍ᠢ᠍ᠩᠨᠡᠨ ᠪᠤᠳᠦᠬᠤ ᠵᠢ ᠠᠬᠢᠭᠤᠯᠤᠨ᠂ ᠳᠠᠭ᠋ᠠᠳᠬᠠᠯ᠎ᠳᠤ ᠤᠷᠤᠯᠴᠬᠠᠰᠠᠳ᠎ᠲᠤ ᠨᠡᠩ ᠳᠥᠭᠦᠮ ᠳᠥᠲᠡ ᠦᠢ᠍ᠯᠡᠴᠢᠯᠡᠭᠡ ᠬᠠᠩᠭ᠋ᠠᠨ᠎ᠠ᠃ ᠰᠦᠯᠵᠢᠶ᠎ᠡ ᠬᠤᠯᠪᠤᠨᠨᠰᠠᠨ ᠲᠤᠨᠨᠳᠠᠮᠠᠯ ᠡᠮᠴᠢᠯᠡᠭᠡᠨ᠎ᠤ ᠪᠠᠶ᠋ᠢᠭᠤᠯᠤᠮᠵᠢ ᠵᠢᠨ ᠬᠡᠪᠴᠢᠶ᠎ᠡ ᠵᠢ ᠦᠷᠭᠦᠯᠵᠢᠯᠡᠨ ᠥᠷᠭᠡᠳᠬᠡᠵᠦ᠂ ᠤᠨᠳᠤᠤ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ᠎ᠨᠢ ᠰᠢᠭᠤᠳ ᠳ᠋ᠦ᠍ᠢ᠍ᠩᠨᠡᠨ ᠪᠤᠳᠤᠬᠤ᠎ᠳᠤ ᠨᠡᠩ ᠤᠯᠠᠨ ᠦᠨᠳᠦᠰᠦᠨ ᠱᠠᠲᠤᠨ᠎ᠤ ᠡᠮᠴᠢᠯᠡᠬᠡᠨ᠎ᠤ ᠪᠠᠶ᠋ᠢᠭᠤᠯᠤᠮᠵᠢ ᠵᠢ ᠠᠯᠬᠤᠮ ᠠᠯᠬᠤᠮ ᠵᠶ᠋ᠠᠷ ᠤᠷᠤᠭᠤᠯᠤᠨ᠎ᠠ᠃ ᠭᠠᠳᠠᠭᠰᠢ ᠭᠠᠷᠴᠤ ᠭᠦᠯᠦᠰᠦᠨ ᠠᠵᠢᠯ ᠬᠢᠵᠦ ᠪᠠᠶ᠋ᠢᠭ᠎ᠠ ᠭᠦᠮᠦᠰ ᠪᠤᠯᠤᠨ ᠥᠷᠭᠡᠨ ᠤᠯᠠᠨ 《ᠦᠢ᠍ᠯᠡᠰ ᠴᠤᠨᠨᠴᠠᠯᠠᠵᠦ ᠰᠢᠨ᠎ᠡ ᠵᠢ ᠡᠭᠦᠳᠬᠦ》 ᠬᠥᠮᠦᠰ᠎ᠤᠨ ᠣᠷᠣᠨ ᠠᠯᠤᠰᠯᠠᠨ ᠣᠨᠳᠣᠤ ᠭᠠᠵᠠᠷ᠎ᠤᠨ ᠡᠮᠨᠡᠯᠭᠡ᠎ᠳᠤ ᠰᠠᠭᠤᠭᠰᠠᠨ ᠵᠠᠷᠤᠳᠠᠯ᠎ᠢ᠎ᠨᠢ ᠰᠢᠭᠤᠳ ᠳ᠋ᠦ᠍ᠢ᠍ᠩᠨᠡᠨ ᠪᠤᠳᠤᠬᠤ ᠠᠵᠢᠯ᠎ᠢ ᠤᠯᠠᠮ ᠨᠢᠬᠡ ᠠᠯᠬᠤᠮ ᠰᠠᠶ᠋ᠢᠳᠤᠷ ᠬᠢᠨ᠎ᠠ᠃ ᠡᠮᠴᠢᠯᠡᠭᠡᠨ᠎ᠤ ᠳᠠᠭ᠋ᠠᠳᠬᠠᠯ᠎ᠢ ᠤᠶᠤᠨᠴᠢ᠎ᠪᠠᠷ ᠬᠢᠨᠠᠨ ᠬᠠᠷᠭᠤᠭᠤᠯᠬᠤ ᠪᠠ ᠴᠠᠭ ᠲᠤᠬᠠᠢᠳᠤᠨᠢ ᠬᠢᠨᠠᠨ ᠡᠵᠡᠮᠳᠡᠬᠦ ᠵᠢ ᠶᠡᠭᠡ᠎ᠪᠠᠷ ᠠᠬᠢᠭᠤᠯᠵᠦ᠂ ᠡᠮᠴᠢᠯᠡᠭᠡᠨ᠎ᠤ ᠵᠠᠮ ᠮᠥᠷ᠂ ᠵᠣᠬᠢᠰᠲᠠᠶ᠎ᠪᠠᠷ ᠡᠮ ᠬᠡᠷᠡᠭᠯᠡᠬᠦ᠂ ᠲᠤᠭ᠋ᠠᠴᠠᠭ᠎ᠠ ᠬᠢᠬᠦ ᠲᠥᠷᠥ ᠵᠢᠨ ᠪᠣᠳᠣᠯᠭ᠎ᠠ ᠵᠡᠷᠭᠡ ᠲᠦᠷᠢᠮ᠎ᠢ ᠡᠮᠨᠡᠯᠭᠡ ᠵᠢᠨ ᠬᠤᠷᠢᠶ᠎ᠠ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠰᠢᠬᠢᠳᠬᠡᠨ ᠤᠷᠤᠭᠤᠯᠵᠦ᠂ ᠡᠮᠴᠢᠯᠡᠭᠡᠨ᠎ᠤ ᠠᠵᠢᠯᠯᠠᠭ᠎ᠠ ᠪᠣᠯᠤᠨ ᠵᠠᠷᠤᠳᠠᠯ᠎ᠤᠨ ᠬᠢᠨᠠᠨ ᠬᠠᠮᠢᠶᠠᠷᠤᠯᠳᠠ ᠵᠢ ᠴᠢᠩᠳᠠᠯᠠᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠂ ᠲᠣᠮᠣ ᠳ᠋ᠠᠶ᠋ᠢᠲ᠋ᠠ ᠵᠢᠨ ᠬᠥᠭᠵᠢᠭᠦᠯᠦᠯᠲᠡ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
(ᠳᠥᠷᠪᠡ) 《ᠢᠨᠲ᠋ᠧᠷ ᠰᠦᠯᠵᠢᠶ᠎ᠡ +》 ᠠᠨᠠᠭ᠋ᠠᠬᠤ ᠤᠬᠠᠭ᠋ᠠᠨ᠎ᠤ ᠬᠥᠮᠦᠵᠢᠯ ᠪᠤᠯᠤᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠦᠢ᠍ᠯᠡᠴᠢᠯᠡᠭᠡ ᠵᠢ ᠴᠢᠩᠭ᠋ᠠᠳᠬᠠᠨ᠎ᠠ
7 ᠡᠮᠴᠢᠯᠡᠭᠡ ᠡᠷᠡᠭᠦᠯ ᠮᠡᠨᠳᠦ ᠵᠢᠨ ᠬᠥᠮᠦᠵᠢᠯ ᠪᠣᠯᠪᠠᠰᠤᠷᠠᠭᠤᠯᠤᠯ᠎ᠤᠨ ᠡᠭᠦᠯᠡᠨ ᠲᠠᠪᠴᠠᠩ ᠪᠠᠶ᠋ᠢᠭᠤᠯᠬᠤ ᠵᠢ ᠵᠣᠷᠢᠬ᠍ᠵᠢᠭᠤᠯᠵᠤ᠂ ᠰᠦᠯᠵᠢᠶᠡᠨ᠎ᠳᠠᠬᠢ ᠠᠨᠠᠭ᠋ᠠᠬᠤ ᠤᠬᠠᠭ᠋ᠠᠨ᠎ᠤ ᠤᠯᠠᠨ ᠶᠠᠩᠵᠦ ᠵᠢᠨ ᠬᠢᠴᠢᠶᠡᠯ ᠪᠤᠯᠤᠨ ᠠᠨᠠᠭ᠋ᠠᠬᠤ ᠤᠬᠠᠭ᠋ᠠᠨ᠎ᠤ ᠬᠥᠮᠦᠵᠢᠯ ᠬᠠᠩᠭ᠋ᠠᠨ᠎ᠠ᠃ ᠰᠦᠯᠵᠢᠶᠡᠵᠢᠭᠰᠡᠨ᠂ ᠲᠤᠭ᠋ᠠᠵᠢᠭᠤᠯᠤᠨᠨᠰᠠᠨ᠂ ᠦᠪᠡᠷᠮᠢᠴᠡᠵᠢᠭᠰᠡᠨ᠂ ᠨᠠᠰᠤᠨ ᠲᠤᠷᠰᠢᠳᠠ ᠵᠢᠨ ᠠᠨᠠᠭ᠋ᠠᠬᠤ ᠤᠬᠠᠭ᠋ᠠᠨ᠎ᠤ ᠬᠥᠮᠦᠵᠢᠯ ᠪᠣᠯᠪᠠᠰᠤᠷᠠᠭᠤᠯᠤᠯ᠎ᠤᠨ ᠰᠢᠰᠲ᠋ᠧᠮᠵᠢ ᠵᠢ ᠪᠠᠶ᠋ᠢᠭᠤᠯᠵᠦ᠂ ᠡᠮᠴᠢᠯᠡᠬᠡᠨ᠎ᠤ ᠠᠵᠢᠯᠲᠠᠳ᠎ᠤᠨ ᠬᠦᠴᠢᠷ ᠲᠦᠪᠡᠭᠲᠡᠶ ᠡᠪᠡᠳᠴᠢᠨ ᠵᠢᠴᠢ ᠬᠦᠨᠳᠦ ᠡᠪᠡᠳᠴᠢᠨ ᠡᠮᠭᠡᠭ᠎ᠤᠨ ᠡᠪᠡᠳᠴᠢᠨ᠎ᠤ ᠵᠢᠱ᠌ᠢᠶ᠎ᠡ ᠵᠢ ᠰᠤᠳᠤᠯᠤᠨ ᠶᠠᠷᠢᠯᠴᠠᠵᠤ ᠪᠣᠳᠣᠯ ᠰᠠᠨᠠᠯ ᠵᠶ᠋ᠠᠨ ᠰᠤᠯᠢᠯᠴᠠᠬᠤ ᠵᠢ ᠵᠤᠷᠢᠨᠨᠵᠢᠭᠤᠯᠵᠦ᠂ ᠲᠤᠬᠠᠶ᠋ᠢᠯᠠᠭᠰᠠᠨ ᠠᠵᠢᠯ᠎ᠤᠨ ᠬᠡᠪ ᠪᠤᠯᠪᠠᠰᠤᠷᠠᠯ᠎ᠢ᠎ᠨᠢ ᠲᠠᠰᠤᠷᠠᠯᠲᠠ ᠦᠭᠡᠢ ᠲᠡᠬᠡᠭᠰᠢᠯᠡᠬᠦᠯᠦᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠂ ᠰᠤᠷᠭ᠋ᠠᠨ ᠬᠥᠮᠦᠵᠢᠯ᠎ᠤᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠲᠣᠮᠣ ᠳ᠋ᠠᠶ᠋ᠢᠲ᠋ᠠ ᠵᠢᠨ ᠬᠥᠭᠵᠢᠭᠦᠯᠦᠯᠲᠡ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
8 《ᠠᠨᠠᠭ᠋ᠠᠬᠤ ᠤᠬᠠᠭ᠋ᠠᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ + ᠵᠤᠬᠢᠮᠵᠢᠳᠠᠢ ᠮᠡᠷᠭᠡᠵᠢᠯ᠎ᠢ ᠳᠡᠯᠭᠡᠷᠡᠭᠦᠯᠬᠦ》 ᠠᠵᠢᠯᠯᠠᠭ᠎ᠠ ᠵᠢ ᠬᠡᠷᠡᠭᠵᠢᠬᠦᠯᠦᠨ᠂ ᠡᠷᠡᠭᠦᠯ ᠮᠡᠨᠳᠦ᠎ᠪᠠᠷ ᠶᠠᠳᠠᠭᠤ ᠵᠢ ᠲᠡᠳᠬᠦᠬᠦ ᠬᠡᠷᠡᠭᠴᠡᠭᠡ ᠱᠠᠭ᠋ᠠᠷᠳᠠᠯᠭ᠎ᠠ ᠵᠢᠨ ᠲᠤᠭᠤᠷᠢᠨ᠎ᠳᠤ᠂ ᠦᠨᠳᠦᠰᠦᠨ ᠱᠠᠳᠤ ᠪᠣᠯᠤᠨ ᠶᠠᠳᠠᠭᠤ ᠬᠦᠴᠢᠷᠳᠡᠯᠲᠡᠶ ᠭᠠᠵᠠᠷ ᠣᠷᠣᠨ᠎ᠳᠤ ᠭᠤᠤᠯᠳᠠᠯᠭ᠎ᠠ᠎ᠲᠠᠢ ᠬᠠᠨᠳᠤᠭᠤᠯᠵᠦ ᠪᠠᠶ᠋ᠢᠭ᠋ᠠᠳ ᠠᠯᠤᠰ᠎ᠤᠨ ᠵᠢᠭ᠋ᠠᠨ ᠰᠤᠷᠭ᠋ᠠᠬᠤ ᠠᠷᠭ᠎ᠠ ᠪᠠᠷᠢᠯ ᠵᠶ᠋ᠠᠷ ᠲᠠᠮᠵᠢᠭᠤᠯᠤᠨ᠂ ᠪᠤᠳᠠᠳᠠᠢ ᠬᠡᠷᠡᠭᠯᠡᠬᠡᠨ᠎ᠤ ᠬᠡᠯᠪᠡᠷᠢ ᠵᠢᠨ ᠵᠤᠬᠢᠮᠵᠢᠳᠠᠢ ᠮᠡᠷᠬᠡᠵᠢᠯ᠎ᠢ ᠪᠤᠯᠪᠠᠰᠤᠷᠠᠭᠤᠯᠬᠤ ᠪᠠ ᠳᠡᠯᠭᠡᠷᠡᠭᠦᠯᠦᠨ ᠲᠦᠬᠡᠮᠡᠯᠵᠢᠬᠦᠯᠦᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠂ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠲᠣᠮᠣ ᠳ᠋ᠠᠶ᠋ᠢᠲ᠋ᠠ ᠵᠢᠨ ᠬᠥᠭᠵᠢᠭᠦᠯᠦᠯᠲᠡ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
9 ᠰᠦᠯᠵᠢᠶ᠎ᠡ᠎ᠪᠠᠷ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠲᠠᠪᠴᠠᠩ᠎ᠢ ᠪᠠᠶ᠋ᠢᠭᠤᠯᠤᠨ᠂ ᠢᠨᠲ᠋ᠧᠷ ᠰᠦᠯᠵᠢᠶ᠎ᠡ ᠵᠢ ᠠᠰᠢᠭᠯᠠᠨ ᠡᠷᠡᠭᠦᠯ ᠮᠡᠨᠳᠦ ᠵᠢᠨ ᠰᠢᠨᠵᠢᠯᠡᠬᠦ ᠤᠬᠠᠭ᠋ᠠᠨ ᠲᠦᠬᠡᠮᠡᠯᠵᠢᠬᠦᠯᠬᠦ ᠮᠡᠳᠡᠯᠬᠡ ᠵᠢᠨ ᠲᠠᠯ᠎ᠠ᠎ᠪᠠᠷ᠎ᠬᠢ ᠲᠤᠶ᠋ᠢᠯ᠎ᠤᠨ ᠤᠨᠤᠪᠴᠢᠳᠠᠢ ᠬᠥᠮᠦᠵᠢᠯ᠎ᠢ ᠬᠠᠩᠭ᠋ᠠᠵᠦ᠂ ᠡᠷᠡᠭᠦᠯ ᠰᠠᠷᠠᠭᠤᠯ ᠠᠮᠢᠳᠤᠷᠠᠯ᠎ᠤᠨ ᠠᠷᠭ᠎ᠠ ᠬᠡᠯᠪᠡᠷᠢ ᠵᠢ ᠲᠦᠬᠡᠮᠡᠯᠵᠢᠬᠦᠯᠦᠨ᠂ ᠰᠠᠭᠤᠭ᠋ᠠᠯᠢ ᠠᠷᠠᠳ᠎ᠤᠨ ᠬᠤᠪᠢ ᠪᠡᠶ᠎ᠡ ᠵᠢᠨ ᠵᠶ᠋ᠠᠨ ᠡᠷᠡᠭᠦᠯ ᠮᠡᠨᠳᠦ ᠵᠢ ᠡᠵᠡᠮᠳᠡᠨ ᠬᠠᠮᠢᠶᠠᠷᠠᠬᠤ ᠴᠢᠳᠠᠪᠤᠷᠢ ᠪᠣᠯᠤᠨ ᠡᠷᠡᠭᠦᠯ ᠮᠡᠨᠳᠦ ᠵᠢᠨ ᠴᠢᠨᠰᠠᠭ᠎ᠠ ᠵᠢ᠎ᠨᠢ ᠲᠡᠬᠡᠭᠰᠢᠯᠡᠬᠦᠯᠦᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠂ ᠰᠢᠨᠵᠢᠯᠡᠭᠡ ᠤᠬᠠᠭ᠋ᠠᠨ ᠲᠧᠭᠨᠢᠭ ᠮᠡᠷᠬᠡᠵᠢᠯ᠎ᠤᠨ ᠨᠡᠶ᠋ᠢᠬᠡᠮᠯᠢᠭ᠂ ᠲᠣᠮᠣ ᠳ᠋ᠠᠶ᠋ᠢᠲ᠋ᠠ ᠵᠢᠨ ᠬᠥᠭᠵᠢᠭᠦᠯᠦᠯᠲᠡ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
(ᠲᠠᠪᠤ) 《ᠢᠨᠲ᠋ᠧᠷ ᠰᠦᠯᠵᠢᠶ᠎ᠡ +》 ᠵᠣᠬᠢᠶᠠᠮᠠᠯ ᠤᠶᠤᠨᠴᠢ ᠬᠡᠷᠡᠭᠯᠡᠭᠡᠨ᠎ᠤ ᠦᠢ᠍ᠯᠡᠴᠢᠯᠡᠭᠡ ᠵᠢ ᠠᠬᠢᠭᠤᠯᠤᠨ᠎ᠠ
10 ᠵᠣᠬᠢᠶᠠᠮᠠᠯ ᠤᠶᠤᠨᠴᠢ᠎ᠳᠤ ᠰᠠᠭᠤᠷᠢᠯᠠᠭᠰᠠᠨ ᠡᠮᠴᠢᠯᠡᠬᠡᠨ᠎ᠤ ᠣᠨᠣᠰᠢᠯᠠᠨ ᠡᠮᠨᠡᠬᠦ ᠵᠢᠨ ᠰᠢᠢ᠍ᠳᠪᠦᠷᠢᠳᠦ ᠪᠤᠳᠤᠯᠭ᠎ᠠ ᠭᠠᠷᠭ᠋ᠠᠬᠤ᠎ᠳᠤ᠎ᠨᠢ ᠲᠡᠮ ᠪᠤᠯᠬᠤ ᠰᠢᠰᠲ᠋ᠧᠮ ᠰᠤᠳᠤᠯᠤᠨ ᠨᠡᠬᠡᠬᠡᠬᠦ ᠵᠢ ᠵᠤᠷᠢᠨᠨᠵᠢᠭᠤᠯᠵᠦ᠂ ᠤᠶᠤᠨᠴᠢ ᠠᠨᠠᠭ᠋ᠠᠬᠤ ᠤᠬᠠᠭ᠋ᠠᠨ᠎ᠤ ᠵᠢᠷᠤᠭ ᠳᠦᠷᠰᠦ᠎ᠪᠠᠷ ᠢᠯᠭ᠋ᠠᠨ ᠲᠠᠨᠢᠬᠤ᠂ ᠡᠪᠡᠳᠴᠢᠨ᠎ᠤ ᠵᠦᠢ ᠵᠢᠨ ᠬᠡᠯᠪᠡᠷᠢ ᠬᠤᠪᠢᠶᠠᠬᠤ ᠪᠠ ᠣᠯᠠᠨ ᠲᠥᠷᠥᠯ᠎ᠤᠨ ᠰᠢᠨᠵᠢᠯᠡᠭᠡᠨ᠎ᠤ ᠬᠠᠮᠲᠤᠷᠠᠨ ᠣᠨᠣᠰᠢᠯᠠᠬᠤ ᠵᠢᠴᠢ ᠡᠮᠴᠢᠯᠡᠬᠡᠨ᠎ᠤ ᠡᠷᠡᠭᠦᠯ ᠮᠡᠨᠳᠦ ᠵᠢᠨ ᠣᠯᠠᠨ ᠪᠠᠶ᠋ᠢᠳᠠᠯ ᠳᠣᠣᠷᠠᠬᠢ ᠤᠶᠤᠨᠴᠢ ᠠᠪᠢᠶᠠᠨ᠎ᠤ ᠮᠡᠷᠭᠡᠵᠢᠯ᠎ᠤᠨ ᠬᠡᠷᠡᠭᠯᠡᠬᠡ᠎ᠨᠢ ᠦᠷᠨᠢᠬᠦᠯᠵᠦ ᠪᠠᠶ᠋ᠢᠭ᠋ᠠᠳ ᠡᠮᠴᠢᠯᠡᠭᠡ᠎ᠪᠠᠷ ᠦᠢ᠍ᠯᠡᠴᠢᠯᠡᠬᠦ ᠦᠷ᠎ᠡ ᠪᠦᠲᠦᠮᠵᠢ ᠵᠢ᠎ᠨᠢ ᠲᠡᠬᠡᠭᠰᠢᠯᠡᠬᠦᠯᠦᠨ᠎ᠠ᠃ ᠮᠣᠩᠭᠤᠯ ᠬᠢᠲᠠᠳ ᠡᠮᠨᠡᠯᠭᠡ ᠵᠢᠨ ᠬᠤᠪᠢᠰᠤᠩᠭᠤᠶ ᠶᠤᠷᠤᠨᠳᠡᠭ ᠤᠶᠤᠨᠴᠢ ᠲᠤᠰᠠᠯᠠᠬᠤ ᠰᠢᠰᠲ᠋ᠧᠮ᠎ᠤᠨ ᠬᠡᠷᠡᠭᠯᠡᠬᠡ᠎ᠨᠢ ᠲᠡᠮᠵᠢᠵᠦ᠂ ᠦᠨᠳᠦᠰᠦᠨ ᠱᠠᠲᠤᠨ᠎ᠤ ᠮᠣᠩᠭᠤᠯ ᠬᠢᠲᠠᠳ ᠡᠮᠨᠡᠯᠭᠡ ᠵᠢᠨ ᠣᠨᠣᠰᠢᠯᠠᠨ ᠡᠮᠨᠡᠵᠦ ᠦᠢ᠍ᠯᠡᠴᠢᠯᠡᠬᠦ ᠴᠢᠳᠠᠪᠤᠷᠢ ᠵᠢ ᠲᠡᠬᠡᠭᠰᠢᠯᠡᠬᠦᠯᠦᠨ᠎ᠠ᠃ ᠵᠤᠬᠢᠶᠠᠮᠠᠯ ᠤᠶᠤᠨᠴᠢ ᠮᠡᠷᠭᠡᠵᠢᠯ᠂ ᠡᠮᠴᠢᠯᠡᠭᠡ ᠡᠷᠡᠭᠦᠯ ᠮᠡᠨᠳᠦ ᠵᠢᠨ ᠤᠶᠤᠨᠴᠢ ᠲᠥᠬᠦᠭᠡᠷᠦᠮᠵᠢ᠎ᠳᠤ ᠰᠠᠭᠤᠷᠢᠯᠬᠠᠰᠠᠨ ᠨᠡᠭᠦᠳᠡᠯ ᠡᠮᠴᠢᠯᠡᠭᠡ᠎ᠪᠠᠷ ᠵᠢᠱ᠌ᠢᠶ᠎ᠡ ᠦᠵᠡᠭᠦᠯᠬᠦ ᠵᠢ ᠦᠷᠨᠢᠬᠦᠯᠵᠦ᠂ ᠬᠤᠪᠢ ᠬᠥᠮᠦᠨ᠎ᠤ ᠡᠷᠡᠭᠦᠯ ᠴᠢᠭᠢᠷᠠᠭ᠎ᠢ ᠴᠠᠭ ᠲᠤᠬᠠᠢᠳᠤᠨᠢ ᠰᠢᠨᠵᠢᠬᠦ ᠬᠢᠬᠡᠳ ᠦᠨᠡᠯᠡᠨ ᠵᠢᠱ᠌ᠢᠬᠦ᠂ ᠡᠪᠡᠳᠴᠢᠨ ᠡᠮᠭᠡᠭ᠎ᠢ ᠰᠡᠷᠡᠮᠵᠢᠯᠡᠭᠦᠯᠬᠦ᠂ ᠤᠵᠢᠭ ᠡᠪᠡᠳᠴᠢᠨ᠎ᠢ ᠰᠢᠭᠰᠢᠨ ᠪᠠᠶ᠋ᠢᠴᠠᠭ᠋ᠠᠬᠤ᠂ ᠰᠠᠨᠠᠭ᠋ᠠᠴᠢᠯᠠᠭ᠎ᠠ᠎ᠲᠠᠢ᠎ᠪᠠᠷ ᠬᠠᠮᠢᠶᠠᠷᠤᠨ ᠵᠢᠯᠤᠭᠤᠳᠬᠤ ᠵᠢ ᠪᠡᠶᠡᠯᠡᠬᠦᠯᠦᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠠᠵᠤ ᠠᠬᠤᠶ ᠪᠠ ᠮᠡᠳᠡᠭᠡ ᠵᠠᠩᠬᠢᠴᠢᠯᠠᠯᠳᠠ ᠵᠢᠨ ᠵᠥᠪᠯᠡᠯ᠂ ᠲᠣᠮᠣ ᠳ᠋ᠠᠶ᠋ᠢᠲ᠋ᠠ ᠵᠢᠨ ᠬᠥᠭᠵᠢᠭᠦᠯᠦᠯᠲᠡ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
11 ᠡᠮᠴᠢᠯᠡᠭᠡ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠤᠭ᠎ᠠ ᠪᠠᠷᠢᠮᠲᠠ ᠵᠢ ᠡᠮᠬᠢᠯᠡᠨ ᠨᠡᠶ᠋ᠢᠯᠡᠭᠦᠯᠵᠦ ᠬᠠᠮᠲᠤ᠎ᠳᠤ᠎ᠪᠠᠨ ᠭᠦᠷᠳᠡᠬᠦ ᠪᠠ ᠬᠡᠷᠡᠭᠯᠡᠬᠦ ᠵᠢ ᠴᠢᠩᠭ᠋ᠠᠳᠬᠠᠵᠦ᠂ ᠡᠮᠴᠢᠯᠡᠭᠡ ᠡᠷᠡᠭᠦᠯ ᠮᠡᠨᠳᠦ ᠵᠢᠨ ᠬᠠᠮᠢᠶ᠎ᠠ ᠪᠦᠬᠦᠢ ᠵᠣᠬᠢᠶᠠᠮᠠᠯ ᠤᠶᠤᠨᠴᠢ ᠮᠡᠷᠭᠡᠵᠢᠯ᠂ ᠡᠮᠨᠡᠯᠭᠡ᠎ᠳᠤ ᠬᠡᠷᠡᠭᠯᠡᠬᠦ ᠮᠠᠰᠢᠨ ᠬᠥᠮᠦᠨ᠂ ᠡᠮᠴᠢᠯᠡᠬᠡᠨ᠎ᠤ ᠲᠣᠮᠣ ᠬᠡᠯᠪᠡᠷᠢ ᠵᠢᠨ ᠲᠥᠬᠦᠭᠡᠷᠦᠮᠵᠢ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠦ ᠠᠪᠤᠷᠠᠨ ᠲᠤᠰᠠᠯᠠᠬᠤ ᠡᠮᠴᠢᠯᠡᠬᠡᠨ᠎ᠤ ᠲᠥᠬᠦᠭᠡᠷᠦᠮᠵᠢ᠂ ᠠᠮᠢᠳᠤ ᠪᠣᠳᠠᠰ᠎ᠤᠨ ᠭᠤᠷᠪᠠᠨ ᠬᠡᠮᠵᠢᠯᠳᠦ ᠳᠠᠷᠤᠮᠠᠯᠯᠠᠬᠤ ᠮᠡᠷᠭᠡᠵᠢᠯ ᠪᠤᠯᠤᠨ ᠡᠮᠦᠰᠴᠦ ᠵᠡᠭᠦᠵᠦ ᠪᠤᠯᠬᠤᠶ᠋ᠢᠴᠠ ᠲᠥᠬᠦᠭᠡᠷᠦᠮᠵᠢ ᠵᠡᠷᠭᠡ ᠵᠢ ᠰᠤᠳᠤᠯᠤᠨ ᠨᠡᠬᠡᠬᠡᠬᠦ ᠵᠢ ᠲᠡᠮᠵᠢᠨ᠎ᠠ᠃ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶᠡᠨ᠎ᠤ ᠰᠢᠨ᠎ᠡ ᠵᠢ ᠡᠭᠦᠳᠬᠦ ᠬᠥᠭᠵᠢᠯᠲᠡ ᠵᠢᠨ ᠬᠠᠨᠳᠤᠰᠢ ᠵᠢ ᠲᠠᠭ᠋ᠠᠵᠦ᠂ ᠡᠮᠴᠢᠯᠡᠭᠡ ᠡᠷᠡᠭᠦᠯ ᠮᠡᠨᠳᠦ ᠵᠢᠨ ᠲᠥᠬᠦᠭᠡᠷᠦᠮᠵᠢ ᠵᠢᠨ ᠲᠤᠭ᠋ᠠᠵᠢᠭᠤᠯᠤᠨ᠂ ᠤᠶᠤᠨᠴᠢᠯᠠᠨ ᠦᠢ᠍ᠯᠡᠳᠬᠦ ᠬᠢᠷᠢ ᠬᠡᠮᠵᠢᠶ᠎ᠡ ᠵᠢ ᠲᠡᠬᠡᠭᠰᠢᠯᠡᠬᠦᠯᠵᠦ᠂ ᠠᠵᠤ ᠦᠢ᠍ᠯᠡᠰ᠎ᠤᠨ ᠲᠡᠰ ᠳᠡᠪᠰᠢᠬᠦ ᠵᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠠᠵᠤ ᠠᠬᠤᠶ ᠪᠠ ᠮᠡᠳᠡᠭᠡ ᠵᠠᠩᠬᠢᠴᠢᠯᠠᠯᠳᠠ ᠵᠢᠨ ᠵᠥᠪᠯᠡᠯ᠂ ᠲᠣᠮᠣ ᠳ᠋ᠠᠶ᠋ᠢᠲ᠋ᠠ ᠵᠢᠨ ᠬᠥᠭᠵᠢᠭᠦᠯᠦᠯᠲᠡ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
ᠬᠤᠶᠠᠷ᠂ 《ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ》 ᠵᠢᠨ ᠲᠤᠯᠭ᠋ᠠᠭᠤᠷᠢᠯᠠᠬᠤ ᠰᠢᠰᠲ᠋ᠧᠮᠵᠢ ᠵᠢ ᠲᠡᠭᠦᠯᠳᠡᠷᠵᠢᠬᠦᠯᠦᠨ᠎ᠠ
ᠥᠪᠡᠷᠲᠡᠭᠡᠨ ᠵᠠᠰᠠᠬᠤ ᠣᠷᠣᠨ ᠪᠣᠯᠤᠨ ᠠᠶ᠋ᠢᠮᠠᠭ ᠬᠤᠳᠠ ᠵᠢᠨ ᠣᠷᠣᠨ ᠪᠦᠰᠡ᠎ᠳᠠᠬᠢ ᠪᠦᠬᠦ ᠠᠷᠠᠳ᠎ᠤᠨ ᠡᠷᠡᠭᠦᠯ ᠮᠡᠨᠳᠦ ᠵᠢᠨ ᠮᠡᠳᠡᠭᠡ ᠵᠠᠩᠭᠢ ᠵᠢᠨ ᠲᠠᠪᠴᠠᠩ᠎ᠢ ᠪᠠᠶ᠋ᠢᠭᠤᠯᠵᠦ᠂ ᠲᠠᠪᠴᠠᠩ᠎ᠳᠤ ᠪᠦᠭᠦ ᠬᠥᠮᠦᠨ ᠠᠮᠠ ᠵᠢᠨ ᠳ᠋ᠠᠶ᠋ᠢᠲ᠋ᠠ ᠬᠥᠮᠥᠷᠭᠡ᠂ ᠰᠠᠭᠤᠭ᠋ᠠᠯᠢ ᠠᠷᠠᠳ᠎ᠤᠨ ᠡᠷᠡᠭᠦᠯ ᠮᠡᠨᠳᠦ ᠵᠢᠨ ᠲᠠᠩᠰᠠ ᠡᠪᠬᠡᠮᠡᠯ᠎ᠤᠨ ᠳ᠋ᠠᠶ᠋ᠢᠲ᠋ᠠ ᠬᠥᠮᠥᠷᠭᠡ᠂ ᠡᠪᠡᠳᠴᠢᠨ᠎ᠤ ᠡᠯᠧᠺᠲᠷᠣᠨ ᠲᠡᠮᠳᠡᠭᠯᠡᠯ᠎ᠤᠨ ᠳ᠋ᠠᠶ᠋ᠢᠲ᠋ᠠ ᠬᠥᠮᠥᠷᠭᠡ ᠵᠢ ᠪᠠᠶ᠋ᠢᠭᠤᠯᠬᠤ ᠪᠠ ᠰᠠᠭᠤᠭ᠋ᠠᠯᠢ ᠠᠷᠠᠳ᠎ᠤᠨ ᠡᠷᠡᠭᠦᠯ ᠮᠡᠨᠳᠦ ᠵᠢᠨ ᠺᠠᠷᠲ᠎ᠢ ᠳᠡᠯᠭᠡᠷᠡᠭᠦᠯᠦᠨ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠬᠢᠬᠡᠳ ᠠᠶ᠋ᠢᠮᠠᠭ ᠬᠤᠳᠠ ᠵᠢᠨ ᠲᠠᠪᠴᠠᠩ᠎ᠢ ᠬᠤᠯᠪᠤᠨ ᠨᠡᠪᠳᠡᠷᠡᠬᠦᠯᠬᠦ᠂ ᠠᠶ᠋ᠢᠮᠠᠭ ᠬᠤᠳᠠ ᠵᠢᠨ ᠲᠠᠪᠴᠠᠩ ᠬᠢᠬᠡᠳ ᠣᠷᠣᠨ ᠪᠦᠰᠡ ᠵᠢᠨ ᠲᠤᠳᠤᠭ᠋ᠠᠳᠤ᠎ᠳᠠᠬᠢ ᠪᠠᠶ᠋ᠢᠭᠤᠯᠤᠮᠵᠢ ᠵᠢ ᠬᠤᠯᠪᠤᠨ ᠨᠡᠪᠳᠡᠷᠡᠬᠦᠯᠬᠦ ᠵᠢ ᠠᠬᠢᠭᠤᠯᠵᠦ᠂ ᠬᠠᠷᠢᠯᠴᠠᠨ ᠬᠤᠯᠪᠣᠵᠤ ᠬᠠᠷᠢᠯᠴᠠᠨ ᠨᠡᠪᠲᠡᠷᠡᠯᠴᠡᠬᠦ ᠪᠠ ᠮᠡᠳᠡᠭᠡ ᠵᠠᠩᠭᠢ ᠵᠢ ᠬᠠᠮᠲᠤ᠎ᠳᠤ᠎ᠪᠠᠨ ᠭᠦᠷᠳᠡᠬᠦ ᠵᠢ ᠪᠡᠶᠡᠯᠡᠬᠦᠯᠦᠨ᠂ 《ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ》 ᠵᠢᠨ ᠭᠦᠭᠵᠢᠯᠳᠡ᠎ᠳᠤ ᠰᠠᠭᠤᠷᠢ ᠪᠠᠲᠤᠯᠠᠭ᠎ᠠ ᠬᠠᠩᠭ᠋ᠠᠨ᠎ᠠ᠃
(ᠵᠢᠷᠭᠤᠭ᠎ᠠ) ᠪᠦᠬᠦ ᠠᠷᠠᠳ᠎ᠤᠨ ᠡᠷᠡᠭᠦᠯ ᠮᠡᠨᠳᠦ ᠵᠢᠨ ᠮᠡᠳᠡᠭᠡ ᠵᠠᠩᠭᠢ ᠵᠢᠨ ᠲᠠᠪᠴᠠᠩ᠎ᠤᠨ ᠪᠠᠶ᠋ᠢᠭᠤᠯᠤᠯᠲᠠ ᠵᠢ ᠲᠦᠷᠬᠡᠳᠬᠡᠨ᠎ᠠ
12 ᠥᠪᠡᠷᠲᠡᠭᠡᠨ ᠵᠠᠰᠠᠬᠤ ᠣᠷᠣᠨ᠎ᠤ ᠪᠦᠬᠦ ᠠᠷᠠᠳ᠎ᠤᠨ ᠡᠷᠡᠭᠦᠯ ᠮᠡᠨᠳᠦ ᠵᠢᠨ ᠮᠡᠳᠡᠭᠡ ᠵᠠᠩᠭᠢ ᠵᠢᠨ ᠲᠠᠪᠴᠠᠩ᠎ᠢ ᠲᠡᠭᠦᠯᠳᠡᠷᠵᠢᠬᠦᠯᠦᠨ᠎ᠠ᠃ ᠥᠪᠡᠷᠲᠡᠭᠡᠨ ᠵᠠᠰᠠᠬᠤ ᠣᠷᠣᠨ᠎ᠤ ᠲᠠᠪᠴᠠᠩ᠎ᠳᠤ ᠲᠡᠬᠡᠭᠰᠢ᠎ᠪᠠᠨ ᠤᠯᠤᠰ᠎ᠤᠨ ᠲᠠᠰ᠎ᠤᠨ ᠲᠠᠪᠴᠠᠩ᠎ᠲᠠᠢ ᠵᠠᠯᠭ᠋ᠠᠯᠳᠤᠭᠤᠯᠵᠦ᠂ ᠲᠤᠭᠤᠨᠨᠰᠢᠪᠠᠨ ᠠᠶ᠋ᠢᠮᠠᠭ ᠬᠤᠳᠠ ᠵᠢᠨ ᠲᠠᠪᠴᠠᠩ᠎ᠲᠠᠢ ᠬᠤᠯᠪᠤᠯᠳᠤᠭᠤᠯᠬᠤ᠎ᠪᠠᠨ ᠪᠡᠶᠡᠯᠡᠬᠦᠯᠬᠦ ᠵᠢ ᠠᠬᠢᠭᠤᠯᠤᠨ᠂ ᠲᠤᠮᠤ ᠳ᠋ᠠᠶ᠋ᠢᠲ᠋ᠠ᠎ᠪᠠᠷ ᠬᠠᠳᠠᠭ᠋ᠠᠯᠠᠵᠦ᠂ ᠪᠦᠬᠦ ᠠᠷᠠᠳ᠎ᠤᠨ ᠡᠷᠡᠭᠦᠯ ᠮᠡᠨᠳᠦ ᠵᠢᠨ ᠮᠡᠳᠡᠭᠡ ᠵᠠᠩᠭᠢ ᠵᠢ ᠰᠤᠯᠢᠯᠴᠠᠬᠤ ᠬᠢᠬᠡᠳ ᠬᠠᠮᠲᠤ᠎ᠳᠤ᠎ᠪᠠᠨ ᠭᠦᠷᠳᠡᠬᠦ ᠦᠢ᠍ᠯᠡᠴᠢᠯᠡᠭᠡ ᠵᠢ ᠡᠭᠦᠷᠬᠡᠯᠡᠨ᠎ᠠ᠃ ᠬᠠᠲᠠᠭᠤ ᠬᠡᠷᠡᠭᠰᠡᠯ᠎ᠤᠨ ᠡᠬᠢ ᠪᠠᠶᠠᠯᠢᠭ ᠲᠤᠬᠢᠷᠠᠭᠤᠯᠬᠤ ᠵᠢ ᠨᠠᠶ᠋ᠢᠳᠠᠪᠤᠷᠢᠵᠢᠭᠤᠯᠵᠤ᠂ ᠮᠡᠳᠡᠭᠡ ᠵᠠᠩᠭᠢ ᠬᠠᠳᠠᠭ᠋ᠠᠯᠠᠬᠤ ᠱᠠᠭ᠋ᠠᠷᠳᠠᠯᠭ᠎ᠠ ᠵᠢ ᠬᠠᠩᠭ᠋ᠠᠨ᠎ᠠ᠃ ᠰᠢᠰᠲ᠋ᠧᠮ᠎ᠤᠨ ᠪᠠᠭ᠋ᠠᠵᠢ ᠬᠡᠷᠡᠭᠯᠡᠬᠦᠷ᠎ᠤᠨ ᠵᠥᠭᠡᠯᠡᠨ ᠬᠡᠷᠡᠭᠰᠡᠯ ᠪᠤᠯᠤᠨ ᠰᠦᠯᠵᠢᠶᠡᠨ᠎ᠤ ᠠᠮᠤᠷ ᠲᠦᠪᠰᠢᠨ᠎ᠤ ᠵᠥᠭᠡᠯᠡᠨ ᠪᠠ ᠬᠠᠲᠠᠭᠤ ᠬᠡᠷᠡᠭᠰᠡᠯ᠎ᠢ ᠭᠦᠢ᠍ᠴᠡᠳ ᠲᠤᠬᠢᠷᠠᠭᠤᠯᠤᠨ᠎ᠠ᠃ ᠴᠢᠳᠠᠮᠵᠢ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ᠂ ᠣᠷᠣᠨ ᠪᠦᠰᠡ᠂ ᠠᠵᠢᠯ ᠲᠦᠷᠦᠯ᠎ᠤᠨ ᠬᠤᠭᠤᠷᠤᠨᠳᠤ ᠵᠢᠨ ᠲᠤᠭ᠎ᠠ ᠪᠠᠷᠢᠮᠲᠠ ᠵᠢ ᠬᠠᠮᠳᠤ᠎ᠳᠤ᠎ᠪᠠᠨ ᠭᠦᠷᠳᠡᠬᠦ ᠨᠡᠪᠳᠡᠷᠡᠯ ᠵᠠᠮ᠎ᠢ ᠰᠢᠯᠤᠭᠤᠳᠬᠠᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠠᠬᠤᠶ ᠪᠠ ᠮᠡᠳᠡᠭᠡ ᠵᠠᠩᠬᠢᠴᠢᠯᠠᠯᠳᠠ ᠵᠢᠨ ᠵᠥᠪᠯᠡᠯ᠂ ᠲᠣᠮᠣ ᠳ᠋ᠠᠶ᠋ᠢᠲ᠋ᠠ ᠵᠢᠨ ᠬᠥᠭᠵᠢᠭᠦᠯᠦᠯᠲᠡ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
13 ᠠᠶ᠋ᠢᠮᠠᠭ ᠬᠤᠳᠠ ᠵᠢᠨ ᠣᠷᠣᠨ ᠪᠦᠰᠡ᠎ᠳᠠᠬᠢ ᠪᠦᠬᠦ ᠠᠷᠠᠳ᠎ᠤᠨ ᠡᠷᠡᠭᠦᠯ ᠮᠡᠨᠳᠦ ᠵᠢᠨ ᠮᠡᠳᠡᠭᠡ ᠵᠠᠩᠭᠢ ᠵᠢᠨ ᠲᠠᠪᠴᠠᠩ᠎ᠤᠨ ᠪᠠᠶ᠋ᠢᠭᠤᠯᠤᠯᠳᠠ ᠵᠢ ᠴᠢᠩᠭ᠋ᠠᠳᠬᠠᠨ᠎ᠠ᠃ ᠠᠶ᠋ᠢᠮᠠᠭ ᠬᠤᠳᠠ ᠵᠢᠨ ᠣᠷᠣᠨ ᠪᠦᠰᠡ ᠵᠢᠨ ᠲᠠᠪᠴᠠᠩ᠎ᠢ ᠥᠪᠡᠷᠲᠡᠭᠡᠨ ᠵᠠᠰᠠᠬᠤ ᠣᠷᠣᠨ᠎ᠤ ᠲᠠᠪᠴᠠᠩ᠎ᠯᠤᠭ᠎ᠠ ᠵᠤᠯᠭ᠋ᠠᠯᠳᠤᠭᠤᠯᠵᠦ᠂ ᠣᠷᠣᠨ ᠪᠦᠰᠡ ᠵᠢᠨ ᠲᠤᠳᠤᠭ᠋ᠠᠳᠤ᠎ᠳᠠᠬᠢ ᠡᠮᠴᠢᠯᠡᠭᠡᠨ᠎ᠤ ᠡᠷᠡᠭᠦᠯ ᠮᠡᠨᠳᠦ ᠵᠢᠨ ᠮᠡᠳᠡᠭᠡ ᠵᠠᠩᠭᠢ ᠵᠢ ᠬᠠᠮᠳᠤ᠎ᠳᠤ᠎ᠪᠠᠨ ᠭᠥᠷᠳᠡᠵᠦ ᠬᠡᠷᠡᠭᠯᠡᠬᠦ ᠵᠢ ᠪᠡᠶᠡᠯᠡᠬᠦᠯᠦᠨ᠎ᠠ᠃ ᠬᠤᠰᠢᠭᠤ ᠰᠢᠶᠠᠨ (ᠬᠤᠳᠠ᠂ ᠲᠣᠭᠤᠷᠢᠭ)᠎ᠳᠤ ᠲᠤᠰᠠᠭ᠋ᠠᠷ ᠲᠠᠪᠴᠠᠩ ᠪᠠᠶ᠋ᠢᠭᠤᠯᠬᠤ ᠵᠢ ᠱᠠᠭ᠋ᠠᠷᠳᠠᠬᠤ ᠦᠭᠡᠢ᠂ ᠠᠶ᠋ᠢᠮᠠᠭ ᠬᠤᠲᠠ ᠵᠢᠨ ᠣᠷᠣᠨ ᠪᠦᠰᠡ ᠵᠢᠨ ᠲᠠᠪᠴᠠᠩ᠎ᠳᠤ ᠬᠠᠷᠢᠶ᠎ᠠ ᠬᠤᠰᠢᠭᠤ ᠰᠢᠶᠠᠨ (ᠬᠤᠳᠠ᠂ ᠲᠣᠭᠤᠷᠢᠭ)᠎ᠤ ᠵᠢᠱ᠌ᠢᠮᠡᠭ ᠲᠠᠪᠴᠠᠩ ᠪᠠᠶ᠋ᠢᠭᠤᠯᠵᠦ ᠪᠤᠯᠤᠨ᠎ᠠ᠃ 2018 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ ᠠᠶ᠋ᠢᠮᠠᠭ ᠬᠤᠲᠠ᠎ᠨᠤᠭᠤᠳ ᠣᠷᠣᠨ ᠪᠦᠰᠡ ᠵᠢᠨ ᠲᠠᠪᠴᠠᠩ ᠪᠠᠶ᠋ᠢᠭᠤᠯᠬᠤ ᠡᠭᠦᠷᠬᠡ᠎ᠪᠠᠨ ᠪᠡᠶᠡᠯᠡᠬᠦᠯᠵᠦ᠂ ᠭᠤᠣᠯ ᠪᠤᠯᠬᠤ ᠴᠢᠳᠠᠮᠵᠢ ᠵᠢ ᠤᠯᠤᠰ᠎ᠤᠨ 《ᠮᠤᠵᠢ᠎ᠠᠴᠠ ᠣᠷᠣᠨ ᠪᠦᠰᠡ᠎ᠳᠠᠬᠢ ᠬᠥᠮᠦᠨ ᠠᠮᠠ ᠵᠢᠨ ᠡᠷᠡᠭᠦᠯ ᠮᠡᠨᠳᠦ ᠵᠢᠨ ᠮᠡᠳᠡᠭᠡ ᠵᠠᠩᠭᠢ ᠵᠢᠨ ᠲᠠᠪᠴᠠᠩ᠎ᠤᠨ ᠬᠡᠷᠡᠭᠯᠡᠬᠡ᠎ᠨᠢ ᠨᠢᠬᠡᠳᠦᠯᠳᠡᠢ ᠲᠦᠯᠦᠪᠯᠡᠬᠦ ᠴᠢᠳᠠᠮᠵᠢ ᠵᠢᠨ ᠵᠢᠯᠣᠭᠤᠳᠤᠮᠵᠢ》 ᠵᠢᠨ ᠪᠠᠷᠢᠮᠵᠢᠶ᠎ᠠ᠎ᠳᠤ ᠭᠦᠷᠬᠡᠵᠦ᠂ ᠭᠦᠨᠳᠡᠯᠡᠨ ᠭᠤᠯᠳᠤ᠎ᠪᠠᠷ ᠪᠦᠭᠦᠨ᠎ᠢ ᠵᠤᠬᠢᠴᠠᠭᠤᠯᠤᠨ ᠪᠠᠭᠳᠠᠭ᠋ᠠᠬᠤ ᠵᠢ ᠪᠡᠶᠡᠯᠡᠬᠦᠯᠦᠨ᠂ ᠮᠡᠳᠡᠭᠡ ᠵᠠᠩᠬᠢ ᠵᠢ ᠬᠠᠷᠢᠯᠴᠠᠨ ᠬᠤᠯᠪᠤᠭ᠋ᠠᠯᠠᠵᠦ ᠬᠠᠷᠢᠯᠴᠠᠨ ᠨᠡᠪᠳᠡᠷᠡᠯᠴᠡᠬᠦ ᠬᠠᠮᠳᠤ᠎ᠳᠤ᠎ᠪᠠᠨ ᠭᠦᠷᠳᠡᠬᠦ ᠵᠢ ᠪᠡᠶᠡᠯᠡᠬᠦᠯᠦᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠂ ᠠᠵᠤ ᠠᠬᠤᠶ ᠪᠠ ᠮᠡᠳᠡᠭᠡ ᠵᠠᠩᠬᠢᠴᠢᠯᠠᠯᠳᠠ ᠵᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠲᠣᠮᠣ ᠳ᠋ᠠᠶ᠋ᠢᠲ᠋ᠠ ᠵᠢᠨ ᠬᠥᠭᠵᠢᠭᠦᠯᠦᠯᠲᠡ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
(ᠳᠤᠯᠤᠭ᠎ᠠ) 《ᠰᠠᠭᠤᠷᠢ ᠡᠬᠢ ᠪᠠᠶᠠᠯᠢᠭ᠎ᠤᠨ ᠭᠤᠷᠪᠠᠨ ᠲᠤᠮᠤ ᠳ᠋ᠠᠶ᠋ᠢᠲ᠋ᠠ ᠬᠥᠮᠥᠷᠭᠡ》 ᠪᠠᠶ᠋ᠢᠭᠤᠯᠬᠤ ᠵᠢ ᠲᠦᠷᠬᠡᠳᠬᠡᠨ᠎ᠠ
14 ᠡᠪᠡᠳᠴᠢᠨ᠎ᠤ ᠡᠯᠧᠺᠲᠷᠣᠨ ᠲᠡᠮᠳᠡᠭᠯᠡᠯ᠎ᠤᠨ ᠳ᠋ᠠᠶ᠋ᠢᠲ᠋ᠠ ᠬᠥᠮᠥᠷᠭᠡ ᠵᠢ ᠪᠠᠶ᠋ᠢᠭᠤᠯᠤᠨ᠎ᠠ᠃ ᠡᠪᠡᠳᠴᠢᠨ᠎ᠤ ᠡᠯᠧᠺᠲᠷᠣᠨ ᠲᠡᠮᠳᠡᠭᠯᠡᠯ᠎ᠤᠨ ᠲᠤᠭ᠎ᠠ ᠪᠠᠷᠢᠮᠲᠠ ᠵᠢ ᠴᠤᠭᠯᠠᠭᠤᠯᠬᠤ᠂ ᠬᠠᠷᠭᠤᠭᠤᠯᠤᠨ ᠪᠠᠶ᠋ᠢᠴᠠᠭ᠋ᠠᠬᠤ᠂ ᠨᠢᠬᠡᠳᠬᠡᠨ ᠬᠤᠷᠢᠶᠠᠩᠭᠤᠶ᠋ᠢᠯᠠᠬᠤ ᠠᠵᠢᠯ᠎ᠤᠨ ᠲᠣᠭᠲᠠᠴᠠ ᠪᠤᠯᠤᠨ ᠲᠦᠷᠢᠮ᠎ᠢ ᠪᠠᠶ᠋ᠢᠭᠤᠯᠤᠨ᠎ᠠ᠃ ᠬᠤᠶᠠᠳᠤᠭ᠋ᠠᠷ ᠳᠡᠰ᠎ᠠᠴᠠ ᠳᠡᠭᠡᠭᠰᠢᠬᠢ ᠡᠮᠨᠡᠯᠭᠡ ᠵᠢᠨ ᠬᠤᠷᠢᠶᠠᠨ᠎ᠤ ᠡᠭᠦᠳᠡᠨ ᠡᠮᠨᠡᠯᠭᠡ ᠪᠠ ᠡᠮᠨᠡᠯᠭᠡ᠎ᠳᠤ ᠰᠠᠭᠤᠨᠨᠰᠠᠨ ᠡᠪᠡᠳᠴᠢᠨ᠎ᠤ ᠡᠯᠧᠺᠲᠷᠣᠨ ᠲᠡᠮᠳᠡᠭᠯᠡᠯ᠎ᠤᠨ ᠲᠤᠭ᠎ᠠ ᠪᠠᠷᠢᠮᠲᠠ ᠵᠢ ᠥᠪᠡᠷᠲᠡᠭᠡᠨ ᠵᠠᠰᠠᠬᠤ ᠣᠷᠣᠨ ᠪᠣᠯᠤᠨ ᠠᠶ᠋ᠢᠮᠠᠭ ᠬᠤᠳᠠ ᠵᠢᠨ ᠪᠦᠬᠦ ᠠᠷᠠᠳ᠎ᠤᠨ ᠡᠷᠡᠭᠦᠯ ᠮᠡᠨᠳᠦ ᠵᠢᠨ ᠮᠡᠳᠡᠭᠡ ᠵᠠᠩᠭᠢ ᠵᠢᠨ ᠲᠠᠪᠴᠠᠩ᠎ᠳᠤ ᠲᠦᠪᠯᠡᠷᠡᠬᠦᠯᠦᠨ ᠤᠷᠤᠭᠤᠯᠤᠨ᠎ᠠ᠃ ᠡᠪᠡᠳᠴᠢᠨ᠎ᠤ ᠡᠯᠧᠺᠲᠷᠣᠨ ᠲᠡᠮᠳᠡᠭᠯᠡᠯ᠎ᠤᠨ ᠳ᠋ᠠᠶ᠋ᠢᠲ᠋ᠠ ᠬᠥᠮᠥᠷᠭᠡ ᠪᠠᠶ᠋ᠢᠭᠤᠯᠬᠤ ᠲᠤᠭᠤᠷᠢᠨ᠎ᠳᠤ᠂ ᠡᠮᠴᠢᠯᠡᠬᠡᠨ᠎ᠤ ᠦᠢ᠍ᠯᠡᠴᠢᠯᠡᠭᠡ ᠵᠢᠨ ᠶᠡᠷᠦᠩᠬᠡᠶ᠋ᠢᠯᠡᠭᠰᠡᠨ ᠬᠠᠮᠢᠶᠠᠷᠤᠯᠲᠠ ᠵᠢᠨ ᠰᠢᠰᠲ᠋ᠧᠮ᠎ᠢ ᠨᠡᠬᠡᠬᠡᠨ ᠭᠦᠭᠵᠢᠬᠦᠯᠵᠦ᠂ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠠᠵᠢᠯᠯᠠᠭ᠋ᠠᠨ᠎ᠢ ᠬᠠᠮᠢᠶᠠᠷᠬᠤ᠂ ᠡᠮᠨᠡᠯᠬᠡ ᠵᠢᠨ ᠬᠤᠷᠢᠶᠠᠨ᠎ᠤ ᠦᠢ᠍ᠯᠡᠴᠢᠯᠡᠬᠦ ᠶᠠᠰᠤ ᠴᠢᠨᠠᠷ᠎ᠢ ᠬᠢᠨᠠᠨ ᠬᠠᠮᠢᠶᠠᠷᠬᠤ᠂ ᠰᠢᠯᠭ᠋ᠠᠨ ᠪᠠᠶ᠋ᠢᠴᠠᠭ᠋ᠠᠨᠨᠰᠠᠨ ᠦᠷ᠎ᠡ ᠳ᠋ᠦ᠍ᠢ᠍ᠩ ᠵᠶ᠋ᠠᠨ ᠬᠠᠷᠢᠯᠴᠠᠨ ᠮᠡᠳᠡᠷᠡᠬᠦ ᠪᠠ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠥᠭᠡᠷᠡᠴᠢᠯᠡᠯᠲᠡ ᠵᠢᠨ ᠠᠬᠢᠴᠠ ᠵᠢ ᠬᠢᠨᠠᠨ ᠰᠢᠨᠵᠢᠬᠦ ᠵᠢ᠎ᠨᠢ ᠴᠢᠩᠭ᠋ᠠᠳᠬᠠᠨ᠎ᠠ᠃ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶ᠎ᠠ᠎ᠳᠤ ᠡᠮ᠎ᠤᠨ ᠵᠦᠢ᠍ᠯ ᠬᠠᠩᠭ᠋ᠠᠵᠦ ᠪᠠᠳᠤᠯᠠᠬᠤ ᠮᠡᠳᠡᠭᠡ ᠵᠠᠩᠭᠢ ᠵᠢᠨ ᠰᠢᠰᠲ᠋ᠧᠮ᠎ᠢ ᠪᠠᠶ᠋ᠢᠭᠤᠯᠵᠤ᠂ ᠡᠮᠴᠢᠯᠡᠬᠡᠨ᠎ᠤ ᠪᠠᠶ᠋ᠢᠭᠤᠯᠤᠮᠵᠢ ᠵᠢᠨ ᠡᠮ᠎ᠤᠨ ᠵᠦᠢ᠍ᠯ (ᠬᠤᠷᠣᠭᠳᠠᠯ ᠮᠠᠲ᠋ᠧᠷᠢᠶᠠᠯ)᠎ᠳᠤ ᠳᠠᠭ᠋ᠠᠭ᠋ᠠᠴᠢᠯᠠᠯᠲᠠ ᠵᠠᠷᠯᠠᠬᠤ᠂ ᠬᠤᠳᠠᠯᠳᠤᠨ ᠠᠪᠬᠤ᠂ ᠲᠤᠬᠢᠷᠠᠭᠤᠯᠤᠨ ᠬᠦᠷᠭᠡᠬᠦ᠂ ᠭᠦᠮᠦᠷᠬᠡ᠎ᠳᠤ ᠤᠷᠤᠭᠤᠯᠬᠤ ᠵᠢᠴᠢ ᠬᠡᠷᠡᠭᠯᠡᠬᠦ ᠪᠦᠬᠦ ᠶᠠᠪᠤᠴᠠ᠎ᠳᠤ᠎ᠨᠢ ᠲᠤᠬᠠᠶ᠋ᠢᠯᠠᠭᠰᠠᠨ ᠠᠵᠢᠯ᠎ᠤᠨ ᠬᠢᠨᠠᠯᠲᠠ ᠬᠠᠮᠢᠶᠠᠷᠤᠯᠲᠠ ᠬᠢᠬᠦ ᠵᠢ ᠪᠡᠶᠡᠯᠡᠬᠦᠯᠵᠦ᠂ ᠢᠨᠲ᠋ᠧᠷ ᠰᠦᠯᠵᠢᠶ᠎ᠡ᠎ᠳᠤ ᠰᠠᠭᠤᠷᠢᠯᠠᠭᠰᠠᠨ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠤᠨ ᠣᠯᠠᠨ ᠢᠷᠡᠯᠳᠡ᠎ᠲᠠᠢ ᠮᠡᠳᠡᠭᠡ ᠵᠠᠩᠭᠢ ᠵᠢ ᠴᠤᠭᠯᠠᠭᠤᠯᠬᠤ ᠪᠠ ᠬᠠᠩᠭ᠋ᠠᠬᠤ ᠲᠤᠬᠠᠶ᠋ᠢᠯᠠᠭᠰᠠᠨ ᠠᠵᠢᠯ᠎ᠢ ᠬᠠᠮᠵᠢᠯᠴᠠᠭᠤᠯᠤᠨ ᠬᠡᠷᠡᠭᠯᠡᠬᠦ ᠵᠢ ᠴᠢᠩᠭ᠋ᠠᠳᠬᠠᠨ᠂ ᠦᠨᠳᠦᠰᠦᠨ ᠡᠮ᠎ᠤᠨ ᠵᠦᠢ᠍ᠯ᠎ᠤᠨ ᠭᠠᠷᠴᠠᠭ᠂ ᠲᠠᠭᠤᠷᠢᠶᠠᠵᠦ ᠨᠠᠶ᠋ᠢᠷᠠᠬᠤ ᠵᠢ ᠵᠤᠷᠢᠬ᠍ᠵᠢᠭᠤᠯᠬᠤ ᠡᠮ᠎ᠤᠨ ᠵᠦᠢ᠍ᠯ᠎ᠤᠨ ᠭᠠᠷᠴᠠᠭ᠎ᠢ ᠰᠢᠯᠢᠨ ᠰᠣᠩᠭᠤᠬᠤ ᠵᠡᠷᠭᠡ ᠴᠢᠳᠠᠪᠤᠷᠢ ᠵᠢ ᠲᠡᠬᠡᠭᠰᠢᠯᠡᠬᠦᠯᠦᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠂ ᠢᠳᠡᠭᠡᠨ ᠪᠠ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
15 ᠡᠷᠡᠭᠦᠯ ᠮᠡᠨᠳᠦ ᠵᠢᠨ ᠲᠠᠩᠰᠠ ᠡᠪᠬᠡᠮᠡᠯ᠎ᠤᠨ ᠳ᠋ᠠᠶ᠋ᠢᠲ᠋ᠠ ᠬᠥᠮᠥᠷᠭᠡ ᠵᠢ ᠪᠠᠶ᠋ᠢᠭᠤᠯᠤᠨ᠎ᠠ᠃ ᠡᠷᠡᠭᠦᠯ ᠮᠡᠨᠳᠦ ᠵᠢᠨ ᠲᠠᠩᠰᠠ ᠡᠪᠬᠡᠮᠡᠯ᠎ᠤᠨ ᠲᠤᠭ᠎ᠠ ᠪᠠᠷᠢᠮᠲᠠ ᠵᠢ ᠴᠤᠭᠯᠠᠭᠤᠯᠬᠤ᠂ ᠬᠠᠷᠭᠤᠭᠤᠯᠤᠨ ᠪᠠᠶ᠋ᠢᠴᠠᠭ᠋ᠠᠬᠤ᠂ ᠨᠢᠬᠡᠳᠬᠡᠨ ᠬᠤᠷᠢᠶᠠᠩᠭᠤᠶ᠋ᠢᠯᠠᠬᠤ ᠠᠵᠢᠯ᠎ᠤᠨ ᠲᠣᠭᠲᠠᠴᠠ ᠪᠤᠯᠤᠨ ᠲᠦᠷᠢᠮ᠎ᠢ ᠪᠠᠶ᠋ᠢᠭᠤᠯᠵᠦ᠂ ᠡᠷᠡᠭᠦᠯ ᠮᠡᠨᠳᠦ ᠵᠢᠨ ᠳᠠᠩᠰᠠ ᠡᠪᠬᠡᠮᠡᠯ᠎ᠤᠨ ᠲᠤᠭ᠎ᠠ ᠪᠠᠷᠢᠮᠲᠠ ᠵᠢ ᠥᠪᠡᠷᠲᠡᠭᠡᠨ ᠵᠠᠰᠠᠬᠤ ᠣᠷᠣᠨ ᠪᠣᠯᠤᠨ ᠠᠶ᠋ᠢᠮᠠᠭ ᠬᠤᠳᠠ ᠵᠢᠨ ᠣᠷᠣᠨ ᠪᠦᠰᠡ᠎ᠪᠠᠷ᠎ᠬᠢ ᠪᠦᠬᠦ ᠠᠷᠠᠳ᠎ᠤᠨ ᠡᠷᠡᠭᠦᠯ ᠮᠡᠨᠳᠦ ᠵᠢᠨ ᠮᠡᠳᠡᠭᠡ ᠵᠠᠩᠭᠢ ᠵᠢᠨ ᠲᠠᠪᠴᠠᠩ᠎ᠳᠤ ᠬᠤᠷᠢᠶᠠᠩᠭᠤᠶ᠋ᠢᠯᠠᠨ ᠲᠦᠪᠯᠡᠷᠡᠬᠦᠯᠦᠨ᠎ᠠ᠃ ᠡᠷᠡᠭᠦᠯ ᠮᠡᠨᠳᠦ ᠵᠢᠨ ᠳᠠᠩᠰᠠ ᠡᠪᠬᠡᠮᠡᠯ᠎ᠤᠨ ᠲᠤᠭ᠎ᠠ ᠪᠠᠷᠢᠮᠲᠠ ᠵᠢᠨ ᠲᠤᠭᠤᠷᠢᠨ᠎ᠳᠤ᠂ ᠦᠨᠳᠦᠰᠦᠨ ᠱᠠᠲᠤᠨ᠎ᠤ ᠡᠷᠡᠭᠦᠯ ᠬᠠᠮᠠᠭ᠋ᠠᠯᠠᠯ᠎ᠤᠨ ᠶᠡᠷᠦᠩᠬᠡᠶ᠋ᠢᠯᠡᠭᠰᠡᠨ ᠬᠠᠮᠢᠶᠠᠷᠤᠯᠲᠠ ᠵᠢᠨ ᠰᠢᠰᠲ᠋ᠧᠮ᠎ᠢ ᠨᠡᠬᠡᠬᠡᠨ ᠭᠦᠭᠵᠢᠬᠦᠯᠵᠦ᠂ ᠤᠯᠤᠰ᠎ᠤᠨ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠨᠳᠦᠰᠦᠨ ᠦᠢ᠍ᠯᠡᠴᠢᠯᠡᠭᠡᠨ᠎ᠤ ᠬᠠᠮᠢᠶᠠᠷᠤᠯᠲᠠ ᠵᠢ ᠨᠠᠶ᠋ᠢᠳᠠᠪᠤᠷᠢᠵᠢᠭᠤᠯᠤᠨ᠂ ᠰᠠᠭᠤᠭ᠋ᠠᠯᠢ ᠠᠷᠠᠳ᠎ᠤᠨ ᠡᠷᠡᠭᠦᠯ ᠮᠡᠨᠳᠦ ᠵᠢᠨ ᠬᠠᠮᠢᠶᠠᠷᠤᠯᠳᠠ ᠵᠢᠨ ᠦᠨᠡᠯᠡᠨ ᠵᠢᠱ᠌ᠢᠯᠳᠡ᠂ ᠬᠡᠷ ᠪᠦᠯᠢ ᠵᠢᠨ ᠡᠮᠴᠢ ᠵᠢᠨ ᠦᠢ᠍ᠯᠡᠴᠢᠯᠡᠬᠡᠨ᠎ᠤ ᠬᠠᠮᠢᠶᠠᠷᠤᠯᠳᠠ᠂ ᠤᠵᠢᠭ ᠡᠪᠡᠳᠴᠢᠨ᠎ᠤ ᠦᠢ᠍ᠯᠡᠴᠢᠯᠡᠬᠡᠨ᠎ᠤ ᠬᠠᠮᠢᠶᠠᠷᠤᠯᠳᠠ᠂ ᠲᠦᠯᠦᠪᠯᠡᠭᠡ᠎ᠲᠠᠢ ᠡᠬᠡᠯᠢᠯᠡᠭᠡ ᠵᠢᠨ ᠬᠠᠮᠢᠶᠠᠷᠤᠯᠳᠠ ᠵᠢ ᠦᠷᠨᠢᠬᠦᠯᠦᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ ᠬᠠᠷᠢᠭᠤᠴᠠᠨ᠎ᠠ)
16 ᠪᠦᠬᠦ ᠬᠥᠮᠦᠨ ᠠᠮᠠ ᠵᠢᠨ ᠳ᠋ᠠᠶ᠋ᠢᠲ᠋ᠠ ᠬᠥᠮᠥᠷᠭᠡ ᠵᠢ ᠲᠡᠭᠦᠯᠳᠡᠷᠵᠢᠬᠦᠯᠦᠨ᠎ᠠ᠃ ᠪᠦᠬᠦ ᠬᠥᠮᠦᠨ ᠠᠮᠠ ᠵᠢᠨ ᠲᠤᠭ᠎ᠠ ᠪᠠᠷᠢᠮᠲᠠ ᠵᠢ ᠴᠤᠭᠯᠠᠭᠤᠯᠬᠤ᠂ ᠬᠠᠷᠭᠤᠭᠤᠯᠤᠨ ᠪᠠᠶ᠋ᠢᠴᠠᠭ᠋ᠠᠬᠤ᠂ ᠨᠢᠬᠡᠳᠬᠡᠨ ᠬᠤᠷᠢᠶᠠᠩᠭᠤᠶ᠋ᠢᠯᠠᠬᠤ ᠠᠵᠢᠯ᠎ᠤᠨ ᠲᠣᠭᠲᠠᠴᠠ ᠪᠠ ᠲᠦᠷᠢᠮ᠎ᠢ ᠪᠠᠶ᠋ᠢᠭᠤᠯᠵᠦ᠂ ᠠᠶ᠋ᠢᠮᠠᠭ ᠬᠤᠳᠠ ᠵᠢᠨ ᠬᠠᠷᠢᠭᠤᠴᠠᠯᠭ᠎ᠠ ᠵᠢ ᠴᠢᠩᠭ᠋ᠠᠷᠠᠭᠤᠯᠤᠨ᠂ ᠱᠠᠳᠤ ᠬᠤᠪᠢᠶᠠᠨ ᠬᠠᠮᠢᠶᠠᠷᠬᠤ ᠵᠢ ᠬᠡᠷᠡᠭᠵᠢᠬᠦᠯᠦᠨ᠎ᠠ᠃ ᠪᠦᠬᠦ ᠬᠥᠮᠦᠨ ᠠᠮᠠ ᠵᠢᠨ ᠳ᠋ᠠᠶ᠋ᠢᠲ᠋ᠠ ᠬᠥᠮᠥᠷᠭᠡ ᠵᠢ ᠪᠠᠶ᠋ᠢᠭᠤᠯᠬᠤ ᠵᠢᠨ ᠲᠤᠭᠤᠷᠢᠨ᠎ᠳᠤ᠂ ᠲᠥᠯᠥᠪᠯᠡᠭᠡᠲᠦ ᠦᠷᠡᠵᠢᠯ᠎ᠤᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠰᠢᠰᠲ᠋ᠧᠮ᠎ᠢ ᠨᠡᠬᠡᠬᠡᠨ ᠭᠦᠭᠵᠢᠬᠦᠯᠵᠦ᠂ ᠲᠥᠯᠥᠪᠯᠡᠭᠡᠲᠦ ᠦᠷᠡᠵᠢᠯ᠎ᠤᠨ ᠵᠢᠭ᠋ᠠᠨ ᠵᠢᠯᠤᠭᠤᠳᠤᠯᠭ᠎ᠠ᠂ ᠨᠡᠭᠦᠳᠡᠯ ᠬᠥᠮᠦᠨ ᠠᠮᠠ ᠵᠢᠨ ᠬᠠᠮᠢᠶᠠᠷᠤᠯᠲᠠ ᠪᠤᠯᠤᠨ ᠣᠨᠴᠠᠭ᠋ᠠᠶ ᠬᠡᠷ ᠪᠦᠯᠢ ᠵᠢᠨ ᠦᠢ᠍ᠯᠡᠴᠢᠯᠡᠭᠡ ᠦᠷᠨᠢᠬᠦᠯᠦᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠬᠠᠷᠢᠭᠤᠴᠠᠨ᠎ᠠ)
17 《ᠭᠤᠷᠪᠠᠨ ᠲᠤᠮᠤ ᠳ᠋ᠠᠶ᠋ᠢᠲ᠋ᠠ ᠬᠥᠮᠥᠷᠭᠡ》᠎ᠢ ᠪᠠᠶ᠋ᠢᠭᠤᠯᠬᠤ ᠲᠤᠭᠤᠷᠢᠨ᠎ᠳᠤ᠂ ᠢᠨᠲ᠋ᠧᠷ ᠰᠦᠯᠵᠢᠶ᠎ᠡ᠂ ᠲᠣᠮᠣ ᠳ᠋ᠠᠶ᠋ᠢᠲ᠋ᠠ ᠵᠢᠨ ᠮᠡᠷᠭᠡᠵᠢᠯ᠎ᠳᠤ ᠰᠠᠭᠤᠷᠢᠯᠬᠠᠰᠠᠨ ᠱᠠᠳᠤ ᠬᠤᠪᠢᠶᠠᠨ ᠣᠨᠣᠰᠢᠯᠠᠨ ᠡᠮᠨᠡᠬᠦ ᠮᠡᠳᠡᠭᠡ ᠵᠠᠩᠭᠢ ᠵᠢᠨ ᠰᠢᠰᠲ᠋ᠧᠮ᠎ᠢ ᠪᠦᠷᠢᠨᠰᠢᠬᠦᠯᠵᠦ᠂ ᠡᠯ᠎ᠡ ᠱᠠᠳᠤᠨ᠎ᠤ ᠡᠯ᠎ᠡ ᠲᠦᠷᠦᠯ᠎ᠤᠨ ᠡᠮᠨᠡᠯᠭᠡ ᠵᠢᠨ ᠬᠤᠷᠢᠶᠠᠨᠤᠬᠢᠨᠤ ᠡᠷᠡᠭᠦᠯ ᠮᠡᠨᠳᠦ ᠵᠢᠨ ᠡᠯᠧᠺᠲᠷᠣᠨ ᠲᠠᠩᠰᠠ ᠡᠪᠬᠡᠮᠡᠯ᠂ ᠡᠪᠡᠳᠴᠢᠨ᠎ᠤ ᠡᠯᠧᠺᠲᠷᠣᠨ ᠲᠡᠮᠳᠡᠭᠯᠡᠯ᠂ ᠰᠢᠯᠭ᠋ᠠᠨ ᠪᠠᠶ᠋ᠢᠴᠠᠭ᠋ᠠᠨᠨᠰᠠᠨ ᠦᠷ᠎ᠡ ᠳ᠋ᠦ᠍ᠢ᠍ᠩ᠎ᠢ ᠬᠠᠮᠳᠤ᠎ᠳᠤ᠎ᠪᠠᠨ ᠭᠦᠷᠳᠡᠬᠦ ᠵᠢ ᠠᠯᠬᠤᠮ ᠠᠯᠬᠤᠮ ᠵᠶ᠋ᠠᠷ ᠠᠬᠢᠭᠤᠯᠬᠤ ᠵᠢᠴᠢ ᠠᠳᠠᠯᠢ ᠪᠤᠰᠤ ᠲᠠᠰ ᠱᠠᠳᠤ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠬᠤᠭᠤᠷᠤ ᠬᠤᠭᠤᠷᠣᠨᠳᠣ᠎ᠪᠠᠨ ᠡᠷᠬᠡ ᠤᠯᠭᠤᠵᠦ ᠬᠡᠷᠡᠭᠯᠡᠬᠦ ᠵᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ ᠬᠠᠷᠢᠭᠤᠴᠠᠨ᠎ᠠ)
(ᠨᠠᠢ᠍ᠮᠠ) ᠰᠠᠭᠤᠭ᠋ᠠᠯᠢ ᠠᠷᠠᠳ᠎ᠤᠨ ᠡᠷᠡᠭᠦᠯ ᠮᠡᠨᠳᠦ ᠵᠢᠨ ᠺᠠᠷᠲ ᠬᠡᠷᠡᠭᠯᠡᠬᠦ ᠵᠢ ᠲᠡᠯᠬᠡᠷᠡᠬᠦᠯᠦᠨᠠ
18 ᠰᠠᠭᠤᠭ᠋ᠠᠯᠢ ᠠᠷᠠᠳ᠎ᠤᠨ ᠡᠷᠡᠭᠦᠯ ᠮᠡᠨᠳᠦ ᠵᠢᠨ ᠺᠠᠷᠲ᠎ᠤᠨ ᠬᠠᠮᠢᠶᠠᠷᠤᠯᠲᠠ ᠵᠢᠨ ᠰᠢᠰᠲ᠋ᠧᠮ ᠪᠣᠯᠤᠨ ᠪᠥᠬᠦ ᠣᠷᠣᠨ᠎ᠤ ᠰᠠᠭᠤᠭ᠋ᠠᠯᠢ ᠠᠷᠠᠳ᠎ᠤᠨ ᠡᠷᠡᠭᠦᠯ ᠮᠡᠨᠳᠦ ᠵᠢᠨ ᠺᠠᠷᠲ᠎ᠤᠨ ᠨᠢᠬᠡᠳᠦᠯᠳᠡᠢ ᠨᠢᠭᠤᠴᠠ ᠤᠨᠢᠰᠤ ᠵᠢᠨ ᠬᠠᠮᠢᠶᠠᠷᠤᠯᠳᠠ ᠵᠢᠨ ᠰᠢᠰᠲ᠋ᠧᠮ᠎ᠢ ᠪᠦᠷᠢᠨᠰᠢᠬᠦᠯᠦᠨ᠎ᠠ᠃ ᠰᠠᠭᠤᠭ᠋ᠠᠯᠢ ᠠᠷᠠᠳ ᠪᠤᠯᠭ᠋ᠠᠨ᠎ᠳᠤ ᠦᠢ᠍ᠯᠡᠴᠢᠯᠡᠭᠡᠨ᠎ᠤ ᠴᠢᠳᠠᠮᠵᠢ᠎ᠪᠠᠷ ᠲᠡᠭᠦᠯᠳᠡᠷ ᠡᠷᠡᠭᠦᠯ ᠮᠡᠨᠳᠦ ᠵᠢᠨ 1 ᠺᠠᠷᠲ᠎ᠲᠠᠢ ᠪᠠᠶ᠋ᠢᠬᠤ ᠵᠢ ᠪᠡᠶᠡᠯᠡᠬᠦᠯᠦᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ ᠬᠠᠷᠢᠭᠤᠴᠠᠨ᠎ᠠ)
19 ᠪᠦᠭᠦ ᠠᠷᠠᠳ᠎ᠤᠨ ᠡᠷᠡᠭᠦᠯ ᠮᠡᠨᠳᠦ ᠵᠢᠨ ᠮᠡᠳᠡᠭᠡ ᠵᠠᠩᠭᠢ ᠵᠢᠨ ᠲᠠᠪᠴᠠᠩ᠎ᠳᠤ ᠲᠦᠰᠢᠭᠯᠡᠨ᠂ ᠬᠥᠮᠦᠨ ᠠᠮᠠ ᠵᠢᠨ ᠮᠡᠳᠡᠭᠡ ᠵᠠᠩᠭᠢ᠂ ᠡᠷᠡᠭᠦᠯ ᠮᠡᠨᠳᠦ ᠵᠢᠨ ᠡᠯᠧᠺᠲᠷᠣᠨ ᠲᠠᠩᠰᠠ ᠡᠪᠬᠡᠮᠡᠯ᠂ ᠡᠪᠡᠳᠴᠢᠨ᠎ᠤ ᠡᠯᠧᠺᠲᠷᠤᠨ ᠲᠡᠮᠳᠡᠭᠯᠡᠯ᠎ᠤᠨ ᠮᠡᠳᠡᠭᠡ ᠵᠠᠩᠭᠢ ᠵᠢ ᠪᠦᠳᠦᠮᠵᠢᠳᠡᠢ᠎ᠪᠠᠷ ᠬᠠᠮᠳᠤ᠎ᠳᠤ᠎ᠪᠠᠨ ᠭᠦᠷᠳᠡᠬᠦ ᠪᠤᠯᠭ᠋ᠠᠵᠦ᠂ ᠰᠠᠭᠤᠭ᠋ᠠᠯᠢ ᠠᠷᠠᠳ᠎ᠤᠨ ᠪᠡᠶ᠎ᠡ ᠭᠠᠷᠤᠯ᠎ᠢ ᠢᠯᠭ᠋ᠠᠨ ᠲᠠᠨᠢᠬᠤ᠂ ᠡᠷᠡᠭᠦᠯ ᠮᠡᠨᠳᠦ ᠵᠢᠨ ᠦᠨᠳᠦᠰᠦᠨ ᠮᠡᠳᠡᠭᠡ ᠵᠠᠩᠭᠢ ᠵᠢ ᠬᠠᠳᠠᠭ᠋ᠠᠯᠠᠬᠤ᠂ ᠣᠷᠣᠨ ᠪᠦᠰᠡ ᠪᠤᠶᠤ ᠪᠠᠶ᠋ᠢᠭᠤᠯᠤᠮᠵᠢ ᠠᠯᠤᠰᠯᠠᠨ ᠡᠮᠨᠡᠭᠦᠯᠬᠦ ᠪᠠ ᠵᠠᠷᠤᠳᠠᠯ᠎ᠢ ᠳ᠋ᠦ᠍ᠢ᠍ᠩᠨᠡᠨ ᠪᠤᠳᠤᠬᠤ ᠵᠢ ᠪᠡᠶᠡᠯᠡᠬᠦᠯᠵᠦ᠂ ᠰᠠᠭᠤᠭ᠋ᠠᠯᠢ ᠠᠷᠠᠳ᠎ᠤᠨ ᠬᠤᠪᠢ ᠬᠥᠮᠦᠨ᠎ᠤ ᠡᠷᠡᠭᠦᠯ ᠮᠡᠨᠳᠦ ᠵᠢᠨ ᠮᠡᠳᠡᠭᠡ ᠵᠠᠩᠭᠢ ᠵᠢᠨ ᠪᠠᠶ᠋ᠢᠳᠠᠯ᠎ᠢ ᠴᠠᠭ ᠲᠤᠬᠠᠢᠳᠤᠨᠢ ᠰᠢᠨᠡᠳᠬᠡᠬᠦ ᠵᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠂ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠬᠠᠷᠢᠭᠤᠴᠠᠨ᠎ᠠ)
(ᠶᠢᠰᠦ) 《ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ》 ᠵᠢᠨ ᠪᠠᠷᠢᠮᠵᠢᠶ᠎ᠠ᠎ᠳᠤ ᠰᠢᠰᠲ᠋ᠧᠮᠵᠢ ᠵᠢ ᠪᠦᠷᠢᠨᠰᠢᠬᠦᠯᠦᠨ᠎ᠠ
20 ᠪᠥᠬᠦ ᠣᠷᠣᠨ᠎ᠤ ᠡᠮᠴᠢᠯᠡᠭᠡ ᠡᠷᠡᠭᠦᠯ ᠮᠡᠨᠳᠦ ᠵᠢᠨ ᠲᠤᠭ᠎ᠠ ᠪᠠᠷᠢᠮᠲᠠ ᠵᠢᠨ ᠡᠬᠢ ᠪᠠᠶᠠᠯᠢᠭ᠎ᠤᠨ ᠨᠢᠭᠡᠳᠦᠯᠲᠡᠶ ᠵᠢᠷᠤᠮᠵᠢᠭᠤᠯᠤᠨᠨᠰᠠᠨ ᠭᠠᠷᠴᠠᠭ ᠪᠣᠯᠤᠨ ᠪᠠᠷᠢᠮᠵᠢᠶ᠎ᠠ᠎ᠳᠤ ᠰᠢᠰᠲ᠋ᠧᠮᠵᠢ ᠵᠢ ᠪᠦᠷᠢᠨᠰᠢᠬᠦᠯᠦᠨ᠎ᠠ᠃ 《ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ》 ᠵᠢᠨ ᠪᠠᠷᠢᠮᠵᠢᠶ᠎ᠠ ᠵᠢ ᠵᠢᠷᠤᠮᠵᠢᠭᠤᠯᠤᠨ ᠬᠠᠮᠢᠶᠠᠷᠬᠤ᠎ᠪᠠᠨ ᠴᠢᠩᠭ᠋ᠠᠳᠬᠠᠵᠦ᠂ ᠡᠮᠴᠢᠯᠡᠬᠡᠨ᠎ᠤ ᠦᠢ᠍ᠯᠡᠴᠢᠯᠡᠭᠡ᠂ ᠲᠤᠭ᠎ᠠ ᠪᠠᠷᠢᠮᠳᠠ ᠵᠢᠨ ᠠᠮᠤᠷ ᠲᠦᠪᠰᠢᠨ᠂ ᠬᠤᠪᠢ ᠬᠥᠮᠦᠨ᠎ᠤ ᠮᠡᠳᠡᠭᠡ ᠵᠠᠩᠭᠢ ᠵᠢᠨ ᠬᠠᠮᠠᠭ᠋ᠠᠯᠠᠯᠳᠠ᠂ ᠮᠡᠳᠡᠭᠡ ᠵᠠᠩᠭᠢ ᠵᠢ ᠬᠠᠮᠲᠤ᠎ᠳᠤ᠎ᠪᠠᠨ ᠭᠦᠷᠳᠡᠬᠦ ᠵᠡᠷᠭᠡ ᠦᠨᠳᠦᠰᠦᠨ ᠪᠠᠷᠢᠮᠵᠢᠶ᠎ᠠ ᠵᠢ ᠨᠠᠶ᠋ᠢᠳᠠᠪᠤᠷᠢᠵᠢᠭᠤᠯᠵᠦ᠂ ᠡᠪᠡᠳᠴᠢᠨ᠎ᠤ ᠪᠠᠶ᠋ᠢᠳᠠᠯ᠎ᠢ᠎ᠨᠢ ᠲᠦᠷᠦᠭᠦᠤ ᠬᠠᠭᠤᠳᠠᠰᠤᠨ᠎ᠳᠤ ᠪᠢᠴᠢᠬᠦ ᠵᠢᠷᠤᠮᠵᠢᠯ᠂ ᠡᠪᠡᠳᠴᠢᠨ ᠡᠮᠭᠡᠭ᠎ᠤᠨ ᠠᠩᠬᠢᠯᠠᠯ ᠬᠢᠭᠡᠳ ᠤᠷᠤᠯᠠᠬᠤ ᠲᠡᠮᠳᠡᠭ᠂ ᠮᠡᠰᠡ ᠵᠠᠰᠠᠯ ᠬᠢᠬᠦ ᠠᠵᠢᠯᠯᠠᠭ᠋ᠠᠨ᠎ᠤ ᠠᠩᠬᠢᠯᠠᠯ ᠬᠢᠭᠡᠳ ᠤᠷᠤᠯᠠᠬᠤ ᠲᠡᠮᠳᠡᠭ᠂ ᠠᠨᠠᠭ᠋ᠠᠬᠤ ᠤᠬᠠᠭ᠋ᠠᠨ᠎ᠤ ᠨᠡᠷ᠎ᠡ ᠲᠣᠮᠢᠶ᠎ᠠ ᠵᠢᠨ 《ᠳᠥᠷᠪᠡ ᠵᠢ ᠨᠢᠭᠡᠳᠬᠡᠬᠦ》 ᠵᠢ ᠪᠦᠭᠦ ᠲᠠᠯ᠎ᠠ᠎ᠪᠠᠷ ᠲᠡᠯᠬᠡᠷᠡᠬᠦᠯᠦᠨᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠂ ᠲᠣᠮᠣ ᠳ᠋ᠠᠶ᠋ᠢᠲ᠋ᠠ ᠵᠢᠨ ᠬᠥᠭᠵᠢᠭᠦᠯᠦᠯᠲᠡ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
(ᠠᠷᠪᠠ) ᠡᠮᠨᠡᠯᠭᠡ ᠵᠢᠨ ᠬᠤᠷᠢᠶᠠᠨ᠎ᠤ ᠮᠡᠳᠡᠭᠡ ᠵᠠᠩᠬᠢᠴᠢᠯᠠᠯᠳᠠ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ
21 ᠤᠯᠤᠰ᠎ᠤᠨ 《ᠡᠮᠨᠡᠯᠭᠡ ᠵᠢᠨ ᠬᠤᠷᠢᠶᠠᠨ᠎ᠤ ᠮᠡᠳᠡᠭᠡ ᠵᠠᠩᠭᠢ ᠵᠢᠨ ᠲᠠᠪᠴᠠᠩ᠎ᠤᠨ ᠴᠢᠳᠠᠮᠵᠢ ᠵᠢᠨ ᠵᠢᠯᠣᠭᠤᠳᠤᠮᠵᠢ》 《ᠡᠮᠨᠡᠯᠭᠡ ᠵᠢᠨ ᠬᠤᠷᠢᠶᠠᠨ᠎ᠤ ᠮᠡᠳᠡᠭᠡ ᠵᠠᠩᠬᠢᠴᠢᠯᠠᠯᠳᠠ ᠵᠢ ᠪᠠᠶ᠋ᠢᠭᠤᠯᠬᠤ ᠬᠡᠷᠡᠭᠯᠡᠭᠡᠨ᠎ᠤ ᠮᠡᠷᠭᠡᠵᠢᠯ᠎ᠤᠨ ᠵᠢᠯᠤᠭᠤᠳᠤᠮᠵᠢ》 ᠪᠣᠯᠤᠨ 《ᠪᠦᠬᠦ ᠤᠯᠤᠰ᠎ᠤᠨ ᠡᠮᠨᠡᠯᠭᠡ ᠵᠢᠨ ᠬᠤᠷᠢᠶᠠᠨ᠎ᠤ ᠮᠡᠳᠡᠭᠡ ᠵᠠᠩᠬᠢᠴᠢᠯᠠᠯᠳᠠ ᠵᠢ ᠪᠠᠶ᠋ᠢᠭᠤᠯᠬᠤ ᠪᠠᠷᠢᠮᠵᠢᠶ᠎ᠠ ᠬᠢᠭᠡᠳ ᠵᠢᠷᠤᠮᠵᠢᠯ (ᠲᠤᠷᠰᠢᠨ ᠬᠡᠷᠡᠭᠵᠢᠭᠦᠯᠬᠦ)》᠎ᠢ ᠴᠢᠩᠳᠠ ᠨᠠᠶ᠋ᠢᠳᠠᠪᠤᠷᠢᠵᠢᠭᠤᠯᠵᠦ᠂ ᠲᠠᠪᠴᠠᠩ᠎ᠤᠨ ᠪᠠᠶ᠋ᠢᠭᠤᠯᠤᠯᠲᠠ ᠵᠢ ᠢᠳᠡᠪᠬᠢᠲᠡᠶ ᠦᠷᠨᠢᠬᠦᠯᠦᠨ᠂ ᠦᠢ᠍ᠯᠡᠴᠢᠯᠡᠬᠡᠨ᠎ᠤ ᠴᠢᠳᠠᠮᠵᠢ ᠵᠢ ᠲᠡᠭᠦᠯᠳᠡᠷᠵᠢᠭᠦᠯᠵᠦ᠂ ᠬᠡᠷᠡᠭᠯᠡᠭᠡᠨ᠎ᠤ ᠮᠡᠷᠭᠡᠵᠢᠯ᠎ᠢ ᠲᠡᠬᠡᠭᠰᠢᠯᠡᠬᠦᠯᠦᠨ᠂ ᠲᠤᠭ᠎ᠠ ᠪᠠᠷᠢᠮᠲᠠ ᠵᠢᠨ ᠪᠠᠷᠢᠮᠵᠢᠶ᠎ᠠ᠎ᠲᠠᠢ ᠬᠡᠷᠡᠭᠯᠡᠬᠡ᠎ᠨᠢ ᠨᠠᠶ᠋ᠢᠳᠠᠪᠤᠷᠢᠵᠢᠭᠤᠯᠤᠨ᠂ ᠲᠤᠭ᠎ᠠ ᠪᠠᠷᠢᠮᠲᠠ ᠵᠢᠨ ᠵᠠᠯᠭ᠋ᠠᠭ᠋ᠠᠰᠤ ᠵᠢ ᠨᠢᠬᠡᠳᠬᠡᠵᠦ᠂ ᠮᠡᠳᠡᠭᠡ ᠵᠠᠩᠭᠢ᠎ᠪᠠᠨ ᠬᠠᠷᠢᠯᠴᠠᠨ ᠨᠡᠪᠳᠡᠷᠡᠭᠦᠯᠵᠦ ᠬᠠᠮᠳᠤ᠎ᠳᠤ᠎ᠪᠠᠨ ᠭᠦᠷᠳᠡᠬᠦ᠎ᠳᠤ ᠲᠤᠯᠭ᠋ᠠᠭᠤᠷᠢᠯᠠᠯ ᠬᠠᠩᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ ᠬᠠᠷᠢᠭᠤᠴᠠᠨ᠎ᠠ)
22 ᠮᠡᠳᠡᠭᠡ ᠵᠠᠩᠭᠢ ᠵᠢᠨ ᠲᠠᠪᠴᠠᠩ᠎ᠤᠨ ᠴᠢᠳᠠᠮᠵᠢ ᠵᠢ ᠪᠦᠷᠢᠨᠰᠢᠬᠦᠯᠦᠨ᠂ ᠡᠮᠨᠡᠯᠬᠡ ᠵᠢᠨ ᠬᠤᠷᠢᠶᠠᠨ᠎ᠤ ᠲᠤᠳᠤᠭ᠋ᠠᠳᠤ᠎ᠳᠠᠬᠢ ᠡᠯ᠎ᠡ ᠲᠥᠷᠥᠯ᠎ᠤᠨ ᠰᠢᠰᠲ᠋ᠧᠮ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠡᠮᠨᠡᠯᠭᠡ ᠵᠢᠨ ᠬᠤᠷᠢᠶᠠᠨ᠎ᠤ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ 2020 ᠣᠨ᠎ᠠᠴᠠ ᠡᠮᠦᠨ᠎ᠡ᠂ ᠬᠤᠶᠠᠳᠤᠭ᠋ᠠᠷ ᠳᠡᠰ᠎ᠠᠴᠠ ᠳᠡᠭᠡᠭᠰᠢᠬᠢ ᠡᠮᠨᠡᠯᠭᠡ ᠵᠢᠨ ᠬᠤᠷᠢᠶ᠎ᠠ᠎ᠨᠢ ᠴᠠᠭ ᠬᠤᠪᠢᠶᠠᠨ ᠪᠣᠯᠵᠣᠵᠤ ᠡᠮᠨᠡᠬᠦ᠂ ᠤᠶᠤᠨᠴᠢ᠎ᠪᠠᠷ ᠭᠦᠳᠦᠯᠦᠨ ᠬᠤᠪᠢᠳᠠᠵᠦ ᠣᠨᠣᠰᠢᠯᠠᠬᠤ᠂ ᠡᠮᠨᠡᠭᠦᠯᠬᠦ᠎ᠪᠠᠷ ᠭᠦᠯᠢᠶᠡᠵᠦ ᠪᠠᠶ᠋ᠢᠭ᠎ᠠ ᠵᠢ᠎ᠨᠢ ᠰᠠᠨᠠᠭᠤᠯᠬᠤ᠂ ᠪᠠᠶ᠋ᠢᠴᠠᠭ᠋ᠠᠨ ᠰᠢᠯᠭ᠋ᠠᠨᠨᠰᠠᠨ ᠦᠷ᠎ᠡ ᠳ᠋ᠦ᠍ᠢ᠍ᠩ᠎ᠢ ᠪᠠᠶ᠋ᠢᠴᠠᠭ᠋ᠠᠨ ᠯᠠᠪᠯᠠᠬᠤ᠂ ᠡᠮᠨᠡᠬᠦᠯᠬᠦ ᠬᠤᠭᠤᠴᠠᠭ᠋ᠠᠨ᠎ᠳᠤ ᠳ᠋ᠦ᠍ᠢ᠍ᠩᠨᠡᠨ ᠪᠤᠳᠤᠬᠤ᠂ ᠰᠢᠯᠵᠢᠬᠡ ᠲᠣᠭ᠋ᠠᠴᠠᠭ᠎ᠠ ᠬᠢᠬᠦ ᠵᠡᠷᠭᠡ ᠰᠦᠯᠵᠢᠶᠡᠨ᠎ᠤ ᠦᠢ᠍ᠯᠡᠴᠢᠯᠡᠭᠡ ᠬᠠᠩᠭ᠋ᠠᠨ᠎ᠠ᠃ ᠨᠥᠬᠦᠴᠡᠯ᠎ᠲᠠᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠨᠢ ᠲᠠᠭ᠋ᠠᠵᠦ ᠰᠤᠪᠢᠯᠠᠬᠤ᠂ ᠠᠮᠢ ᠪᠡᠶ᠎ᠡ ᠵᠢᠨ ᠢᠯᠡᠷᠡᠯ᠎ᠢ ᠰᠦᠯᠵᠢᠶ᠎ᠡ᠎ᠪᠠᠷ ᠬᠢᠨᠠᠨ ᠰᠢᠨᠵᠢᠬᠦ᠂ ᠠᠨᠠᠭ᠋ᠠᠬᠤ ᠤᠬᠠᠭ᠋ᠠᠨ᠎ᠤ ᠵᠢᠷᠤᠭ ᠳᠦᠷᠰᠦ ᠵᠢ ᠤᠶᠤᠨᠴᠢ᠎ᠪᠠᠷ ᠢᠯᠭ᠋ᠠᠨ ᠲᠠᠨᠢᠬᠤ᠂ ᠭᠡᠷ ᠪᠦᠯᠢ ᠵᠢᠨ᠎ᠬᠢᠨ᠎ᠢ ᠬᠢᠨᠠᠨ ᠰᠢᠨᠵᠢᠬᠦ ᠵᠡᠷᠭᠡ ᠦᠢ᠍ᠯᠡᠴᠢᠯᠡᠭᠡ ᠦᠷᠨᠢᠭᠦᠯᠵᠦ ᠪᠤᠯᠤᠨ᠎ᠠ᠃ ᠭᠤᠷᠪᠠᠳᠤᠭ᠋ᠠᠷ ᠳᠡᠰ᠎ᠤᠨ ᠡᠮᠨᠡᠯᠭᠡ ᠵᠢᠨ ᠬᠤᠷᠢᠶ᠎ᠠ᠎ᠨᠢ ᠡᠮᠨᠡᠯᠬᠡ ᠵᠢᠨ ᠬᠤᠷᠢᠶᠠᠨ᠎ᠤ ᠡᠮᠴᠢᠯᠡᠬᠦ ᠦᠢ᠍ᠯᠡᠴᠢᠯᠡᠬᠡᠨ᠎ᠤ ᠮᠡᠳᠡᠭᠡ ᠵᠠᠩᠭᠢ ᠵᠢ ᠬᠠᠷᠢᠯᠴᠠᠨ ᠨᠡᠪᠲᠡᠷᠡᠭᠦᠯᠵᠦ ᠬᠠᠮᠳᠤ᠎ᠳᠤ᠎ᠪᠠᠨ ᠭᠦᠷᠳᠡᠬᠡᠬᠦ ᠵᠢ ᠪᠡᠶᠡᠯᠡᠬᠦᠯᠦᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ ᠬᠠᠷᠢᠭᠤᠴᠠᠨ᠎ᠠ)
23 ᠠᠨᠠᠭ᠋ᠠᠬᠤ ᠤᠬᠠᠭ᠋ᠠᠨ᠎ᠤ ᠪᠠᠶ᠋ᠢᠴᠠᠭ᠋ᠠᠨ ᠰᠢᠯᠭ᠋ᠠᠬᠤ ᠪᠠᠶ᠋ᠢᠭᠤᠯᠤᠮᠵᠢ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠨᠤᠭᠤᠳ᠎ᠤᠨ ᠢᠨᠲ᠋ᠧᠷ ᠰᠦᠯᠵᠢᠶᠡᠨ᠎ᠤ ᠠᠵᠤ ᠠᠬᠤᠶ᠋ᠢᠯᠠᠯ᠎ᠲᠠᠢ ᠬᠤᠯᠪᠤᠭ᠋ᠠᠯᠠᠬᠤ ᠵᠢ ᠲᠡᠮᠵᠢᠵᠦ᠂ ᠡᠪᠡᠳᠴᠢᠨ ᠡᠮᠭᠡᠭ᠎ᠢ ᠰᠡᠷᠭᠡᠶ᠋ᠢᠯᠡᠬᠦ᠂ ᠰᠢᠯᠭ᠋ᠠᠨ ᠪᠠᠶ᠋ᠢᠴᠠᠭ᠋ᠠᠵᠤ ᠰᠢᠯᠭ᠋ᠠᠨ ᠰᠢᠨᠵᠢᠬᠦ ᠵᠡᠷᠭᠡ ᠡᠮᠴᠢᠯᠡᠭᠡ ᠡᠷᠡᠭᠦᠯ ᠮᠡᠨᠳᠦ ᠵᠢᠨ ᠦᠢ᠍ᠯᠡᠴᠢᠯᠡᠭᠡ ᠦᠷᠨᠢᠬᠦᠯᠦᠨ᠎ᠠ᠃ ᠡᠮᠨᠡᠯᠭᠡ᠎ᠳᠤ ᠰᠠᠭᠤᠬᠤ᠎ᠠᠴᠠ ᠡᠮᠦᠨᠡᠬᠢ ᠲᠦᠷᠭᠡᠨ ᠠᠪᠦᠷᠡᠬᠤ ᠲᠡᠷᠭᠡ᠎ᠳᠤ ᠤᠨᠨᠰᠠᠷᠬᠠᠰᠠᠨ ᠬᠢᠨᠠᠵᠦ ᠬᠠᠮᠠᠭ᠋ᠠᠯᠠᠬᠤ ᠰᠢᠰᠲ᠋ᠧᠮ ᠬᠢᠬᠡᠳ ᠣᠷᠣᠨ ᠪᠦᠰᠡ ᠪᠤᠶᠤ ᠡᠮᠨᠡᠯᠭᠡ ᠵᠢᠨ ᠬᠤᠷᠢᠶ᠎ᠠ ᠵᠢᠨ ᠮᠡᠳᠡᠭᠡ ᠵᠠᠩᠭᠢ ᠵᠢᠨ ᠲᠠᠪᠴᠠᠩ᠎ᠤᠨ ᠵᠠᠯᠭ᠋ᠠᠭᠤᠯᠬᠤ ᠵᠢ ᠠᠬᠢᠭᠤᠯᠵᠦ᠂ ᠡᠪᠡᠳᠴᠢᠲᠡᠨ᠎ᠤ ᠮᠡᠳᠡᠭᠡ ᠵᠠᠩᠭᠢ ᠵᠢ ᠵᠢᠷᠤᠮᠵᠢᠭᠤᠯᠵᠦ ᠬᠠᠮᠳᠤ᠎ᠳᠤ᠎ᠪᠠᠨ ᠭᠦᠷᠳᠡᠬᠦ᠂ ᠠᠯᠤᠰ᠎ᠲᠤ ᠲᠦᠷᠭᠡᠨ ᠠᠪᠤᠷᠠᠬᠤ ᠵᠢᠯᠤᠭᠤᠳᠤᠯᠭ᠎ᠠ ᠬᠢᠬᠦ ᠪᠠ ᠡᠮᠨᠡᠯᠬᠡ ᠵᠢᠨ ᠬᠤᠷᠢᠶᠠᠨ᠎ᠳᠤ᠎ᠪᠠᠨ ᠲᠦᠷᠭᠡᠨ ᠠᠪᠤᠷᠠᠯᠳᠠ ᠬᠢᠬᠦ ᠪᠡᠯᠡᠳᠬᠡᠯ ᠵᠡᠷᠭᠡ ᠠᠵᠢᠯ᠎ᠢ ᠰᠠᠶ᠋ᠢᠳᠤᠷ ᠬᠢᠵᠦ᠂ ᠲᠦᠷᠭᠡᠨ ᠠᠪᠤᠷᠠᠬᠤ ᠦᠷ᠎ᠡ ᠴᠢᠳᠠᠮᠵᠢ ᠵᠢ ᠲᠡᠬᠡᠭᠰᠢᠯᠡᠬᠦᠯᠦᠨ᠎ᠠ᠃ 《ᠬᠢᠲᠠᠳ ᠡᠮ᠎ᠤᠨ ᠤᠶᠤᠨᠴᠢ ᠳᠡᠯᠭᠡᠭᠦᠷ》᠎ᠢ ᠲᠡᠯᠬᠡᠷᠡᠬᠦᠯᠵᠦ᠂ ᠬᠢᠲᠠᠳ ᠡᠮ᠎ᠤᠨ ᠴᠢᠨᠠᠬᠤ ᠡᠮ᠂ ᠪᠡᠯᠡᠨ ᠵᠣᠷ᠎ᠲᠠᠢ ᠨᠠᠶ᠋ᠢᠷᠠᠮᠠᠯ ᠡᠮ ᠵᠡᠷᠭᠡ ᠡᠮ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠲᠡᠬᠡᠭᠰᠢᠯᠡᠬᠦᠯᠦᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠎ᠠᠴᠠ ᠬᠠᠷᠢᠭᠤᠴᠠᠨ᠎ᠠ)
(ᠠᠷᠪᠠᠨ ᠨᠢᠭᠡ) ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠰᠦᠯᠵᠢᠶᠡᠨ᠎ᠤ ᠰᠠᠭᠤᠷᠢ ᠲᠥᠬᠦᠭᠡᠷᠦᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ
24 ᠬᠤᠳᠠ ᠬᠥᠳᠡᠭᠡ ᠵᠢᠨ ᠡᠯ᠎ᠡ ᠱᠠᠲᠤᠨ᠎ᠤ ᠡᠮᠴᠢᠯᠡᠭᠡᠨ᠎ᠤ ᠪᠠᠶ᠋ᠢᠭᠤᠯᠤᠮᠵᠢ᠎ᠳᠤ ᠲᠠᠮᠵᠢᠭᠤᠯᠤᠯᠳᠠ ᠰᠠᠶ᠋ᠢᠳᠠᠢ ᠥᠷᠭᠡᠨ ᠪᠦᠰᠡᠲᠦ ᠰᠦᠯᠵᠢᠶ᠎ᠡ ᠵᠢ ᠨᠡᠶ᠋ᠢᠳᠡᠮ ᠬᠠᠮᠤᠷᠠᠭᠤᠯᠬᠤ ᠵᠢ᠎ᠨᠢ ᠭᠤᠤᠯᠳᠠᠯᠭ᠎ᠠ᠎ᠲᠠᠢ ᠲᠡᠮᠵᠢᠵᠦ᠂ ᠴᠠᠬᠢᠯᠭ᠋ᠠᠨ ᠬᠤᠯᠪᠣᠭ᠋ᠠᠨ᠎ᠤ ᠨᠡᠶ᠋ᠢᠳᠡᠮ ᠦᠢ᠍ᠯᠡᠴᠢᠯᠡᠭᠡ ᠵᠢᠨ ᠲᠤᠷᠰᠢᠯᠲᠠ ᠵᠢ ᠭᠦᠨᠵᠡᠭᠡᠶ ᠦᠷᠨᠢᠬᠦᠯᠦᠨ᠂ ᠭᠡᠷᠡᠯᠯᠢᠭ ᠰᠢᠷᠬᠡᠭ᠎ᠤᠨ ᠥᠷᠭᠡᠨ ᠪᠦᠰᠡᠲᠦ ᠰᠦᠯᠵᠢᠶ᠎ᠡ ᠵᠢ ᠲᠠᠷᠢᠶᠠᠯᠠᠬᠤ ᠮᠠᠯᠵᠢᠬᠤ ᠣᠷᠣᠨ᠎ᠤ ᠡᠮᠴᠢᠯᠡᠭᠡᠨ᠎ᠤ ᠪᠠᠶ᠋ᠢᠭᠤᠯᠤᠮᠵᠢ᠎ᠳᠤ ᠬᠦᠷᠲᠡᠯ᠎ᠡ ᠤᠷᠳᠤᠳᠬᠠᠬᠤ ᠵᠢ ᠠᠬᠢᠭᠤᠯᠤᠨ᠎ᠠ᠃ ᠴᠠᠬᠢᠯᠭ᠋ᠠᠨ ᠬᠤᠯᠪᠣᠭ᠋ᠠᠨ᠎ᠤ ᠠᠵᠤ ᠠᠬᠤᠶ᠋ᠢᠯᠠᠯ᠎ᠤᠨ ᠥᠷᠭᠡᠨ ᠪᠦᠰᠡᠲᠦ ᠰᠦᠯᠵᠢᠶ᠎ᠡ᠎ᠪᠠᠷ ᠤᠯᠠᠷᠢᠭᠤᠯᠤᠨ ᠬᠤᠪᠢᠷᠠᠭᠤᠯᠵᠦ ᠲᠠᠰ ᠲᠡᠪᠰᠢᠭᠦᠯᠬᠦ ᠠᠯᠬᠤᠴᠠ ᠵᠢ ᠠᠬᠢᠭᠤᠯᠵᠦ᠂ ᠪᠠᠭᠳᠠᠭ᠋ᠠᠮᠵᠢ ᠶᠡᠬᠡᠳᠡᠢ ᠭᠡᠷᠡᠯᠯᠢᠭ ᠰᠢᠷᠬᠡᠭ᠎ᠤᠨ ᠥᠷᠭᠡᠨ ᠪᠦᠰᠡᠲᠦ ᠰᠦᠯᠵᠢᠶ᠎ᠡ ᠵᠢ ᠪᠠᠶ᠋ᠢᠷᠢᠯᠠᠭᠤᠯᠤᠨ᠂ ᠲᠠᠮᠵᠢᠭᠤᠯᠤᠯᠳᠠ ᠰᠠᠶ᠋ᠢᠳᠠᠢ ᠰᠦᠯᠵᠢᠶ᠎ᠡ᠎ᠳᠤ ᠵᠠᠯᠭ᠋ᠠᠭᠤᠯᠵᠦ ᠤᠷᠤᠭᠤᠯᠬᠤ ᠵᠢ ᠬᠠᠩᠭ᠋ᠠᠨ᠎ᠠ᠃ ᠰᠢᠯᠵᠢᠬᠡ ᠥᠷᠭᠡᠨ ᠪᠦᠰᠡᠲᠦ ᠰᠦᠯᠵᠢᠶ᠎ᠡ᠎ᠪᠠᠷ ᠬᠠᠮᠤᠷᠬᠤ ᠵᠢ ᠲᠡᠭᠦᠯᠳᠡᠷᠵᠢᠭᠦᠯᠵᠦ᠂ ᠲᠦᠷᠭᠡᠨ ᠠᠪᠦᠷᠡᠬᠤ ᠲᠡᠷᠭᠡ᠎ᠪᠠᠷ ᠠᠴᠢᠶᠠᠯᠠᠵᠦ ᠠᠯᠤᠰ ᠣᠨᠣᠰᠢᠯᠠᠨ ᠡᠮᠨᠡᠬᠦ᠎ᠳᠤ ᠲᠤᠯᠭ᠋ᠠᠭᠤᠷᠢᠯᠠᠭᠤᠯᠬᠤ ᠵᠢ ᠦᠷᠨᠢᠬᠦᠯᠦᠨ᠎ᠠ᠃ ᠠᠯᠤᠰ᠎ᠠᠴᠠ ᠡᠮᠴᠢᠯᠡᠬᠦ᠂ ᠡᠮᠴᠢᠯᠡᠬᠡᠨ᠎ᠤ ᠮᠡᠳᠡᠭᠡ ᠵᠠᠩᠭᠢ ᠵᠢ ᠬᠠᠮᠲᠤ᠎ᠳᠤ᠎ᠪᠠᠨ ᠭᠦᠷᠳᠡᠬᠦ ᠵᠡᠷᠭᠡ ᠬᠡᠷᠡᠭᠴᠡᠭᠡ ᠱᠠᠭ᠋ᠠᠷᠳᠠᠯᠭ᠎ᠠ᠎ᠳᠤ ᠬᠠᠨᠳᠤᠭᠤᠯᠤᠨ᠂ ᠴᠠᠬᠢᠯᠭ᠋ᠠᠨ ᠬᠤᠯᠪᠣᠭ᠋ᠠᠨ᠎ᠤ ᠠᠵᠤ ᠠᠬᠤᠶ᠋ᠢᠯᠠᠯ᠎ᠤᠳ᠎ᠤᠨ ᠡᠮᠨᠡᠯᠭᠡ ᠵᠢᠨ ᠪᠠᠶ᠋ᠢᠭᠤᠯᠤᠮᠵᠢ᠎ᠳᠤ ᠴᠢᠨᠠᠷ ᠰᠠᠶ᠋ᠢᠲᠠᠶ ᠢᠨᠲ᠋ᠧᠷ ᠰᠦᠯᠵᠢᠶᠡᠨ᠎ᠤ ᠲᠤᠰᠬᠠᠶ ᠱᠤᠭᠤᠮ ᠬᠠᠩᠭ᠋ᠠᠬᠤ᠂ ᠵᠢᠱ᠌ᠢᠮᠡᠭ ᠲᠤᠰᠬᠠᠶ ᠬᠡᠷᠡᠭᠯᠡᠬᠡᠨ᠎ᠤ ᠰᠦᠯᠵᠢᠶ᠎ᠡ (VPN) ᠵᠡᠷᠭᠡ ᠰᠦᠯᠵᠢᠶ᠎ᠡ ᠵᠢ ᠵᠠᠯᠭ᠋ᠠᠭᠤᠯᠵᠦ ᠤᠷᠤᠭᠤᠯᠬᠤ ᠦᠢ᠍ᠯᠡᠴᠢᠯᠡᠭᠡ ᠬᠠᠩᠭ᠋ᠠᠬᠤ ᠵᠢ ᠵᠤᠷᠢᠨᠨᠵᠢᠭᠤᠯᠵᠦ᠂ ᠠᠯᠤᠰ᠎ᠠᠴᠠ ᠡᠮᠴᠢᠯᠡᠬᠦ ᠲᠤᠰᠬᠠᠶ ᠰᠦᠯᠵᠢᠶᠡᠨ᠎ᠤ ᠪᠠᠶ᠋ᠢᠭᠤᠯᠤᠯᠲᠠ ᠵᠢ ᠠᠬᠢᠭᠤᠯᠤᠨ᠂ ᠡᠮᠴᠢᠯᠡᠬᠡᠨ᠎ᠤ ᠬᠠᠮᠢᠶ᠎ᠠ ᠪᠥᠬᠦᠶ ᠲᠤᠭ᠎ᠠ ᠪᠠᠷᠢᠮᠲᠠ ᠵᠢᠨ ᠲᠠᠮᠵᠢᠭᠤᠯᠬᠤ ᠦᠢ᠍ᠯᠡᠴᠢᠯᠡᠭᠡᠨ᠎ᠤ ᠶᠠᠰᠤ ᠴᠢᠨᠠᠷ᠎ᠢ ᠪᠠᠳᠤᠯᠠᠨ᠎ᠠ᠃ ᠡᠯ᠎ᠡ ᠡᠮᠴᠢᠯᠡᠭᠡᠨ᠎ᠤ ᠪᠠᠶ᠋ᠢᠭᠤᠯᠤᠮᠵᠢ᠎ᠨᠤᠭᠤᠳ᠎ᠤᠨ ᠲᠠᠮᠵᠢᠭᠤᠯᠤᠯᠳᠠ ᠰᠠᠶ᠋ᠢᠳᠠᠢ ᠪᠦᠬᠡᠳ ᠨᠠᠶ᠋ᠢᠳᠠᠪᠤᠷᠢᠲᠠᠶ ᠰᠦᠯᠵᠢᠶ᠎ᠡ ᠵᠢ ᠵᠠᠯᠭ᠋ᠠᠵᠦ ᠤᠷᠤᠭᠤᠯᠬᠤ ᠦᠢ᠍ᠯᠡᠴᠢᠯᠡᠭᠡ ᠰᠤᠩᠭᠤᠨ ᠬᠡᠷᠡᠭᠯᠡᠬᠦ ᠵᠢ᠎ᠨᠢ ᠲᠡᠮᠵᠢᠨ᠎ᠠ᠃ (ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠪᠠ ᠮᠡᠳᠡᠭᠡ ᠵᠠᠩᠬᠢᠴᠢᠯᠠᠯᠳᠠ ᠵᠢᠨ ᠵᠥᠪᠯᠡᠯ᠂ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠂ ᠲᠣᠮᠣ ᠳ᠋ᠠᠶ᠋ᠢᠲ᠋ᠠ ᠵᠢᠨ ᠬᠥᠭᠵᠢᠭᠦᠯᠦᠯᠲᠡ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
25 ᠨᠥᠬᠦᠵᠦ ᠪᠦᠷᠢᠨᠰᠢᠬᠦᠯᠬᠦ ᠵᠠᠷᠴᠢᠮ ᠶᠣᠰᠣᠭ᠋ᠠᠷ᠂ ᠭᠤᠤᠯ ᠡᠷᠡᠭᠦᠯ ᠬᠠᠮᠠᠭ᠋ᠠᠯᠠᠯ᠎ᠤᠨ ᠬᠤᠷᠢᠶ᠎ᠠ᠎ᠳᠤ DR᠂ ᠪᠤᠳᠤᠭᠲᠤ ᠬᠡᠲᠦ ᠳᠣᠯᠭᠢᠶᠠᠨ᠂ ᠪᠦᠷᠢᠨ ᠠᠦ᠋ᠲ᠋ᠤᠴᠢᠯᠠᠭᠰᠠᠨ ᠠᠮᠢᠳᠤ ᠪᠣᠳᠠᠰ᠎ᠤᠨ ᠬᠢᠮᠢ ᠵᠢᠨ ᠵᠠᠳᠠᠯᠤᠯᠲᠠ ᠵᠢᠨ ᠴᠠᠭᠯᠢᠭ᠂ ᠵᠢᠷᠦᠬᠡᠨ᠎ᠤ ᠴᠠᠬᠢᠯᠭ᠋ᠠᠨ ᠵᠢᠷᠤᠭ᠎ᠤᠨ ᠮᠠᠰᠢᠨ ᠵᠡᠷᠭᠡ ᠲᠤᠭ᠋ᠠᠵᠢᠭᠤᠯᠤᠨᠨᠰᠠᠨ ᠡᠮᠴᠢᠯᠡᠭᠡᠨ᠎ᠤ ᠲᠥᠬᠦᠭᠡᠷᠦᠮᠵᠢ ᠲᠤᠬᠢᠷᠠᠭᠤᠯᠬᠤ ᠵᠢ ᠲᠡᠮᠵᠢᠵᠦ᠂ ᠲᠤᠨᠤᠬ ᠲᠥᠬᠦᠭᠡᠷᠦᠮᠵᠢ ᠬᠤᠳᠠᠯᠳᠤᠨ ᠠᠪᠬᠤ ᠪᠠ ᠬᠡᠷᠡᠭᠯᠡᠵᠦ ᠬᠠᠮᠢᠶᠠᠷᠬᠤ ᠵᠢ ᠰᠠᠶ᠋ᠢᠲᠤᠷ ᠨᠠᠶ᠋ᠢᠳᠠᠪᠤᠷᠢᠵᠢᠭᠤᠯᠤᠨ᠂ ᠠᠯᠤᠰ ᠡᠮᠴᠢᠯᠡᠬᠡᠨ᠎ᠤ ᠦᠢ᠍ᠯᠡᠴᠢᠯᠡᠭᠡ ᠵᠢ ᠰᠤᠮᠤ ᠰᠢᠶᠠᠩ ᠪᠠᠯᠭ᠋ᠠᠰᠤ ᠲᠡᠶ᠋ᠢᠰᠢ ᠤᠷᠳᠤᠳᠬᠠᠬᠤ᠎ᠳᠤ ᠪᠠᠲᠤᠯᠠᠭ᠎ᠠ ᠬᠠᠩᠭ᠋ᠠᠨ᠎ᠠ᠃ ᠬᠤᠪᠢᠰᠬᠠᠯ᠎ᠤᠨ ᠬᠠᠭᠤᠴᠢᠨ ᠰᠠᠭᠤᠷᠢᠨ ᠴᠦᠬᠡᠨ ᠲᠤᠭ᠋ᠠᠳᠤ ᠦᠨᠳᠦᠰᠦᠳᠡᠨ᠎ᠤ ᠤᠷᠤᠨ ᠬᠢᠯᠢ ᠬᠢᠵᠠᠭ᠋ᠠᠷ ᠤᠷᠤᠨ ᠶᠠᠳᠠᠭᠤ ᠭᠦᠴᠢᠷᠳᠡᠯᠳᠡᠢ ᠭᠠᠵᠠᠷ ᠣᠷᠣᠨ᠎ᠤ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠮᠡᠳᠡᠭᠡ ᠵᠡᠩᠬᠢᠴᠢᠯᠡᠬᠤ ᠵᠥᠭᠡᠯᠡᠨ ᠪᠠ ᠬᠠᠲᠠᠭᠤ ᠬᠡᠷᠡᠭᠰᠡᠯ᠎ᠤᠨ ᠪᠠᠶ᠋ᠢᠭᠤᠯᠤᠯᠲᠠ ᠵᠢ ᠲᠡᠮᠵᠢᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ ᠬᠠᠷᠢᠭᠤᠴᠠᠨ᠎ᠠ)
(ᠠᠷᠪᠠᠨ ᠬᠤᠶᠠᠷ) ᠬᠠᠮᠢᠶ᠎ᠠ ᠪᠥᠬᠦᠶ ᠲᠥᠬᠦᠷ ᠲᠥᠷᠥ ᠵᠢᠨ ᠪᠣᠳᠣᠯᠭ᠎ᠠ ᠵᠢ ᠲᠤᠨᠨᠳᠠᠭ᠋ᠠᠵᠦ ᠲᠡᠭᠦᠯᠳᠡᠷᠵᠢᠬᠦᠯᠦᠨ᠎ᠠ
26 《ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ》 ᠵᠢᠨ ᠭᠦᠭᠵᠢᠯᠳᠡ᠎ᠲᠠᠢ ᠲᠤᠬᠢᠷᠠᠯᠴᠠᠭᠤᠯᠵᠦ᠂ ᠡᠮᠴᠢᠯᠡᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠬᠦᠯᠦᠨ᠎ᠠ᠃ ᠨᠥᠬᠦᠴᠡᠯ᠎ᠳᠤ ᠨᠡᠶ᠋ᠢᠴᠡᠭᠰᠡᠨ ᠢᠨᠲ᠋ᠧᠷ ᠰᠦᠯᠵᠢᠶ᠎ᠡ᠎ᠪᠠᠷ ᠣᠨᠣᠰᠢᠯᠠᠨ ᠡᠮᠨᠡᠬᠦ ᠦᠢ᠍ᠯᠡᠴᠢᠯᠡᠭᠡᠨ᠎ᠢ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠦᠷᠢᠶ᠎ᠡ ᠬᠡᠪᠴᠢᠶ᠎ᠡ᠎ᠳᠤ ᠠᠯᠬᠤᠮ ᠠᠯᠬᠤᠮ ᠵᠶ᠋ᠠᠷ ᠣᠷᠣᠭᠤᠯᠵᠤ᠂ ᠵᠠᠷᠤᠳᠠᠯ᠎ᠢ ᠬᠤᠪᠢᠶᠠᠨ ᠡᠭᠦᠷᠭᠡᠯᠡᠬᠦ ᠲᠣᠭᠲᠠᠴᠠ ᠵᠢ ᠪᠠᠶ᠋ᠢᠭᠤᠯᠤᠨ᠂ ᠤᠯᠠᠨ ᠲᠦᠮᠡᠨ᠎ᠤ ᠦᠢ᠍ᠷ᠎ᠠ ᠬᠠᠪᠢ᠎ᠳᠠᠭᠠᠨ ᠡᠪᠡᠳᠴᠢᠨ ᠦᠵᠡᠭᠦᠯᠬᠦ᠎ᠳᠤᠨᠢ ᠳᠥᠭᠦᠮ ᠦᠵᠡᠬᠦᠯᠵᠦ᠂ ᠴᠢᠨᠠᠷ ᠰᠠᠶ᠋ᠢᠲᠠᠶ ᠡᠮᠴᠢᠯᠡᠭᠡᠨ᠎ᠤ ᠡᠬᠢ ᠪᠠᠶᠠᠯᠢᠭ᠎ᠢ ᠪᠦᠳᠦᠮᠵᠢᠳᠡᠢ ᠠᠰᠢᠨᠨᠯᠠᠬᠤ ᠵᠢ ᠠᠬᠢᠭᠤᠯᠤᠨ᠎ᠠ᠃ ᠢᠨᠲ᠋ᠧᠷ ᠰᠦᠯᠵᠢᠶ᠎ᠡ᠎ᠪᠠᠷ ᠣᠨᠣᠰᠢᠯᠠᠨ ᠡᠮᠨᠡᠬᠦ ᠵᠢᠨ ᠰᠦᠢ᠍ᠳᠬᠡᠯ ᠬᠤᠷᠢᠶᠠᠬᠤ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠵᠦ᠂ ᠬᠡᠷᠡᠭᠯᠡᠬᠦ ᠪᠠ ᠬᠠᠮᠢᠶᠠᠷᠬᠤ ᠵᠢ ᠴᠢᠩᠭ᠋ᠠᠳᠬᠠᠨ᠂ ᠠᠰᠢᠭ ᠲᠤᠰᠠ ᠵᠢᠨ ᠵᠦᠢ ᠵᠣᠬᠢᠰᠲᠠᠶ ᠬᠤᠪᠢᠶᠠᠷᠢᠯᠠᠯᠲᠠ ᠵᠢᠨ ᠲᠣᠭᠲᠠᠴᠠ ᠪᠦᠷᠢᠯᠳᠦᠬᠦ ᠵᠢ ᠠᠬᠢᠭᠤᠯᠵᠦ᠂ ᠢᠨᠲ᠋ᠧᠷ ᠰᠦᠯᠵᠢᠶᠡᠨ᠎ᠤ ᠡᠮᠴᠢᠯᠡᠭᠡᠨ᠎ᠤ ᠦᠢ᠍ᠯᠡᠴᠢᠯᠡᠭᠡ᠎ᠪᠠᠨ ᠦᠷᠭᠦᠯᠵᠢᠯᠡᠨ ᠭᠦᠭᠵᠢᠬᠦᠯᠬᠦ ᠵᠢ ᠲᠡᠮᠵᠢᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠬᠠᠷᠢᠭᠤᠴᠠᠨ᠎ᠠ) 27 ᠶᠡᠭᠡ ᠡᠮᠴᠢ ᠵᠢᠨ ᠤᠯᠠᠨ ᠴᠡᠭ᠎ᠲᠤ ᠠᠵᠢᠯ ᠡᠷᠬᠢᠯᠡᠬᠦ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠵᠦ᠂ ᠠᠵᠢᠯ ᠡᠷᠬᠢᠯᠡᠬᠦ ᠶᠡᠬᠡ ᠡᠮᠴᠢ ᠵᠢᠨ 《ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ》 ᠵᠢᠨ ᠦᠢ᠍ᠯᠡᠴᠢᠯᠡᠭᠡ ᠦᠷᠨᠢᠬᠦᠯᠬᠦ ᠵᠢ ᠵᠤᠷᠢᠨᠨᠵᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ ᠬᠠᠷᠢᠭᠤᠴᠠᠨ᠎ᠠ)
ᠭᠤᠷᠪᠠ᠂ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠪᠠ ᠠᠮᠤᠷ ᠲᠦᠪᠰᠢᠨ᠎ᠤ ᠪᠠᠲᠤᠯᠠᠭ᠎ᠠ ᠵᠢ ᠴᠢᠩᠭ᠋ᠠᠳᠬᠠᠨ᠎ᠠ
(ᠠᠷᠪᠠᠨ ᠭᠤᠷᠪᠠ) ᠡᠮᠴᠢᠯᠡᠭᠡᠨ᠎ᠤ ᠶᠠᠰᠤ ᠴᠢᠨᠠᠷ᠎ᠲᠤ ᠬᠢᠨᠠᠯᠲᠠ ᠬᠠᠮᠢᠶᠠᠷᠤᠯᠲᠠ ᠬᠢᠬᠦ ᠵᠢ ᠴᠢᠩᠭ᠋ᠠᠷᠠᠭᠤᠯᠤᠨ᠎ᠠ
28 ᠢᠨᠲ᠋ᠧᠷ ᠰᠦᠯᠵᠢᠶ᠎ᠡ᠎ᠪᠠᠷ ᠣᠨᠣᠰᠢᠯᠠᠨ ᠡᠮᠨᠡᠬᠦ ᠠᠵᠢᠯᠯᠠᠭ᠎ᠠ ᠵᠢ ᠵᠢᠷᠤᠮᠵᠢᠭᠤᠯᠬᠤ ᠬᠠᠮᠢᠶᠠᠷᠤᠯᠲᠠ ᠵᠢᠨ ᠠᠷᠭ᠎ᠠ ᠵᠢ ᠨᠡᠶ᠋ᠢᠲᠡᠯᠡᠵᠦ᠂ ᠬᠢᠨᠠᠨ ᠬᠠᠮᠢᠶᠠᠷᠬᠤ ᠵᠢᠨ ᠪᠠᠳᠤᠯᠠᠬᠤ ᠱᠤᠭᠤᠮ᠎ᠢ ᠲᠤᠳᠤᠷᠬᠠᠶ᠋ᠢᠯᠠᠨ᠂ ᠠᠵᠢᠯ ᠶᠠᠪᠤᠲᠠᠯ᠎ᠤᠨ ᠳᠤᠮᠳᠠᠬᠢ ᠪᠠ ᠠᠵᠢᠯ ᠶᠠᠪᠤᠲᠠᠯ᠎ᠤᠨ ᠲᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠦ᠂ ᠡᠮᠴᠢᠯᠡᠭᠡ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠶᠠᠰᠤ ᠴᠢᠨᠠᠷ ᠪᠣᠯᠤᠨ ᠠᠮᠤᠷ ᠲᠦᠪᠰᠢᠨ᠎ᠢ ᠦᠨᠡᠨ ᠬᠦ᠌ ᠪᠠᠳᠤᠯᠠᠨ᠎ᠠ᠃ ᠰᠦᠯᠵᠢᠶᠡᠨ᠎ᠤ ᠢᠳᠡᠬᠡᠮᠵᠢᠬᠦᠯᠬᠦ ᠰᠢᠰᠲ᠋ᠧᠮᠵᠢ ᠵᠢᠨ ᠪᠠᠶ᠋ᠢᠭᠤᠯᠤᠯᠲᠠ ᠵᠢ ᠠᠬᠢᠭᠤᠯᠵᠤ᠂ ᠪᠥᠬᠦ ᠣᠷᠣᠨ᠎ᠤ ᠨᠢᠭᠡᠳᠦᠯᠲᠡᠶ ᠢᠯᠭ᠋ᠠᠬᠤ ᠲᠡᠮᠳᠡᠭ᠎ᠲᠠᠢ ᠪᠠᠶ᠋ᠢᠯᠭ᠋ᠠᠬᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯᠳᠠᠨ ᠪᠣᠯᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠢᠳᠡᠬᠡᠮᠵᠢᠬᠦᠯᠬᠦ ᠵᠢᠨ ᠠᠨᠠᠭ᠋ᠠᠬᠤ ᠤᠬᠠᠭ᠋ᠠᠨ᠎ᠤ ᠲᠤᠭ᠋ᠠᠵᠢᠳᠤ ᠪᠡᠶ᠎ᠡ ᠭᠠᠷᠤᠯ᠂ ᠡᠯᠧᠺᠲᠷᠣᠨ᠎ᠤ ᠦᠨᠡᠨ ᠨᠡᠷ᠎ᠡ ᠵᠢᠨ ᠬᠡᠷᠡᠴᠢᠯᠡᠭᠡ᠂ ᠲᠤᠭ᠎ᠠ ᠪᠠᠷᠢᠮᠳᠠᠳᠤ ᠰᠤᠷᠪᠤᠯᠵᠢᠯᠠᠵᠦ ᠡᠵᠡᠮᠰᠢᠬᠦ ᠮᠡᠳᠡᠭᠡ ᠵᠠᠩᠬᠢ ᠵᠢᠨ ᠰᠢᠰᠲ᠋ᠧᠮ᠎ᠢ ᠲᠦᠷᠬᠡᠳᠬᠡᠨ ᠪᠠᠶ᠋ᠢᠭᠤᠯᠤᠨ᠎ᠠ᠃ ᠡᠮᠴᠢᠯᠡᠭᠡᠨ᠎ᠤ ᠬᠠᠷᠢᠭᠤᠴᠠᠯᠭ᠎ᠠ ᠵᠢ ᠬᠤᠪᠢᠶᠠᠨ ᠡᠭᠦᠷᠭᠡᠯᠡᠬᠦ ᠲᠣᠭᠲᠠᠴᠠ ᠵᠢ ᠪᠠᠶ᠋ᠢᠭᠤᠯᠤᠨ᠂ ᠰᠦᠯᠵᠢᠶ᠎ᠡ᠎ᠪᠠᠷ ᠪᠠᠶ᠋ᠢᠳᠠᠯ᠎ᠢ ᠮᠡᠳᠡᠵᠦ ᠵᠥᠪᠰᠢᠶᠡᠷᠡᠬᠦ ᠪᠠ ᠮᠡᠳᠡᠭᠳᠡᠬᠦ ᠵᠢ ᠠᠬᠢᠭᠤᠯᠵᠦ᠂ ᠡᠮᠴᠢᠯᠡᠭᠡᠨ᠎ᠤ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠨ᠎ᠠ᠃ ᠢᠨᠲ᠋ᠧᠷ ᠰᠦᠯᠵᠢᠶᠡᠨ᠎ᠤ ᠡᠮᠴᠢᠯᠡᠭᠡ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠲᠠᠪᠴᠠᠩ ᠵᠡᠷᠬᠡ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ ᠵᠢᠨ ᠬᠠᠩᠭ᠋ᠠᠨᠨᠰᠠᠨ ᠦᠢ᠍ᠯᠡᠴᠢᠯᠡᠭᠡᠨ᠎ᠤ ᠠᠵᠢᠯᠳᠠᠳ᠎ᠤᠨ ᠬᠢᠷᠢ ᠬᠡᠮ᠎ᠨᠢ ᠬᠤᠯᠪᠣᠭᠳᠠᠯ ᠪᠦᠬᠦᠢ ᠲᠣᠭᠲᠠᠭ᠋ᠠᠯ᠎ᠤᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠵᠢ ᠦᠨᠡᠨ ᠬᠦ᠌ ᠪᠠᠲᠤᠯᠠᠬᠤ ᠵᠢᠨ ᠬᠠᠮᠳᠤ᠂ ᠬᠠᠩᠭ᠋ᠠᠨᠨᠰᠠᠨ ᠦᠢ᠍ᠯᠡᠴᠢᠯᠡᠭᠡ᠎ᠳᠤ᠎ᠪᠠᠨ ᠬᠠᠷᠢᠭᠤᠴᠠᠯᠭ᠎ᠠ ᠡᠭᠦᠷᠬᠡᠯᠡᠨ᠎ᠠ᠃ 《ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ》 ᠵᠢᠨ ᠦᠢ᠍ᠯᠡᠴᠢᠯᠡᠬᠡᠨ᠎ᠳᠤ ᠪᠤᠢ ᠪᠤᠯᠤᠨᠨᠰᠠᠨ ᠲᠤᠭ᠎ᠠ ᠪᠠᠷᠢᠮᠲᠠ ᠵᠢ ᠪᠦᠬᠦ ᠶᠠᠪᠤᠴᠠ᠎ᠲᠠᠢ᠎ᠨᠢ ᠦᠯᠡᠳᠡᠬᠡᠨ ᠬᠠᠳᠠᠭ᠋ᠠᠯᠠᠬᠤ ᠵᠢᠨ ᠬᠠᠮᠳᠤ᠂ ᠪᠠᠶ᠋ᠢᠴᠠᠭ᠋ᠠᠨ ᠯᠠᠪᠯᠠᠵᠤ᠂ ᠮᠥᠷᠳᠡᠵᠦ ᠤᠬᠤᠴᠢᠯᠠᠵᠦ ᠪᠤᠯᠬᠤᠶ᠋ᠢᠴᠠ ᠪᠤᠯᠭ᠋ᠠᠨ᠂ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠂ ᠠᠵᠤ ᠠᠬᠤᠶ ᠪᠠ ᠮᠡᠳᠡᠭᠡ ᠵᠠᠩᠭᠢᠴᠢᠯᠠᠯᠲᠠ ᠵᠢᠨ ᠵᠥᠪᠯᠡᠯ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠲᠣᠮᠣ ᠳ᠋ᠠᠶ᠋ᠢᠲ᠋ᠠ ᠵᠢᠨ ᠬᠥᠭᠵᠢᠭᠦᠯᠦᠯᠲᠡ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
(ᠠᠷᠪᠠᠨ ᠳᠥᠷᠪᠡ) ᠲᠤᠭ᠎ᠠ ᠪᠠᠷᠢᠮᠲᠠ ᠵᠢᠨ ᠮᠡᠳᠡᠭᠡ ᠵᠠᠩᠭᠢ ᠵᠢᠨ ᠠᠮᠤᠷ ᠲᠦᠪᠰᠢᠨ᠎ᠢ ᠪᠠᠳᠤᠯᠠᠨ᠎ᠠ
29 ᠡᠷᠡᠭᠦᠯ ᠮᠡᠨᠳᠦ ᠡᠮᠴᠢᠯᠡᠬᠡᠨ᠎ᠤ ᠲᠤᠮᠤ ᠳ᠋ᠠᠶ᠋ᠢᠲ᠋ᠠ ᠵᠢᠨ ᠡᠷᠬᠡ ᠨᠤᠲᠠᠯᠠᠨ ᠲᠣᠭᠲᠠᠭ᠋ᠠᠬᠤ᠂ ᠴᠢᠯᠦᠬᠡᠳᠡᠢ ᠪᠠᠶ᠋ᠢᠯᠭ᠋ᠠᠬᠤ᠂ ᠭᠦᠢ᠍ᠯᠬᠡᠬᠡᠬᠦ᠂ ᠠᠷᠠᠯᠵᠢᠶᠠᠯᠠᠬᠤ ᠪᠠ ᠥᠮᠴᠢᠯᠡᠬᠦ ᠡᠷᠬᠡ ᠵᠢ ᠬᠠᠮᠠᠭ᠋ᠠᠯᠠᠬᠤ ᠵᠡᠷᠭᠡ ᠲᠠᠯ᠎ᠠ᠎ᠪᠠᠷ᠎ᠬᠢ ᠣᠷᠣᠨ ᠨᠤᠲᠤᠭ᠎ᠤᠨ ᠬᠠᠤᠯᠢ ᠲᠤᠨᠨᠳᠠᠭ᠋ᠠᠬᠤ ᠵᠢ ᠠᠬᠢᠭᠤᠯᠤᠨ᠎ᠠ᠃ ᠮᠡᠳᠡᠭᠡ ᠵᠠᠩᠭᠢ ᠵᠢᠨ ᠠᠮᠤᠷ ᠲᠦᠪᠰᠢᠨ ᠪᠣᠯᠤᠨ ᠡᠷᠡᠭᠦᠯ ᠮᠡᠨᠳᠦ ᠡᠮᠴᠢᠯᠡᠬᠡᠨ᠎ᠤ ᠲᠤᠭ᠎ᠠ ᠪᠠᠷᠢᠮᠲᠠ᠎ᠳᠤ ᠨᠢᠭᠤᠴᠠ ᠵᠢ ᠬᠠᠮᠠᠭ᠋ᠠᠯᠠᠬᠤ ᠲᠣᠭᠲᠠᠭ᠋ᠠᠯ᠎ᠢ ᠴᠢᠩᠭ᠎ᠠ ᠬᠡᠷᠡᠭᠵᠢᠬᠦᠯᠦᠨ᠂ ᠬᠤᠪᠢ ᠬᠥᠮᠦᠨ᠎ᠤ ᠨᠢᠭᠤᠴᠠ᠎ᠳᠤ ᠬᠤᠯᠪᠣᠭᠳᠠᠬᠤ ᠮᠡᠳᠡᠭᠡ ᠵᠠᠩᠭᠢ ᠵᠢ ᠬᠠᠮᠠᠭ᠋ᠠᠯᠠᠬᠤ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠡᠪᠡᠳᠴᠢᠲᠡᠨ᠎ᠤ ᠮᠡᠳᠡᠭᠡ ᠵᠠᠩᠭᠢ᠂ ᠬᠡᠷᠡᠭᠯᠡᠭᠴᠢᠳ᠎ᠤᠨ ᠮᠠᠲ᠋ᠧᠷᠢᠶᠠᠯ᠂ ᠭᠧᠨ᠎ᠤ ᠲᠤᠭ᠎ᠠ ᠪᠠᠷᠢᠮᠲᠠ ᠵᠡᠷᠭᠡ ᠵᠢ ᠴᠢᠩᠭ᠎ᠠ ᠬᠠᠮᠢᠶᠠᠷᠤᠨ᠂ ᠬᠠᠤᠯᠢ ᠪᠤᠰᠤ᠎ᠪᠠᠷ ᠬᠤᠳᠠᠯᠳᠤᠭ᠋ᠠᠯᠠᠭᠰᠠᠨ᠂ ᠮᠡᠳᠡᠭᠡ ᠵᠠᠩᠭᠢ ᠵᠢ ᠵᠠᠳᠠᠷᠠᠭᠤᠯᠤᠭᠰᠠᠨ ᠦᠢ᠍ᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠵᠠᠯᠬᠠᠭ᠋ᠠᠨ ᠰᠢᠢ᠍ᠳᠬᠡᠨᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠂ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠂ ᠠᠵᠤ ᠠᠬᠤᠶ ᠪᠠ ᠮᠡᠳᠡᠭᠡ ᠵᠠᠩᠬᠢᠴᠢᠯᠠᠯᠳᠠ ᠵᠢᠨ ᠵᠥᠪᠯᠡᠯ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠲᠣᠮᠣ ᠳ᠋ᠠᠶ᠋ᠢᠲ᠋ᠠ ᠵᠢᠨ ᠬᠥᠭᠵᠢᠭᠦᠯᠦᠯᠲᠡ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
30 ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠂ ᠢᠨᠲ᠋ᠧᠷ ᠰᠦᠯᠵᠢᠶᠡᠨ᠎ᠤ ᠡᠮᠴᠢᠯᠡᠭᠡ ᠡᠷᠡᠭᠦᠯ ᠮᠡᠨᠳᠦ ᠵᠢᠨ ᠦᠢ᠍ᠯᠡᠴᠢᠯᠡᠬᠡᠨ᠎ᠤ ᠲᠠᠪᠴᠠᠩ᠂ ᠡᠮᠴᠢᠯᠡᠭᠡᠨ᠎ᠤ ᠤᠶᠤᠨᠴᠢ ᠲᠥᠬᠦᠭᠡᠷᠦᠮᠵᠢ ᠵᠢᠴᠢ ᠵᠠᠩᠭᠢᠯᠠᠭ᠎ᠠ ᠵᠢᠨ ᠮᠡᠳᠡᠭᠡ ᠵᠠᠩᠭᠢ ᠵᠢᠨ ᠰᠠᠭᠤᠷᠢ ᠪᠡᠯᠡᠳᠬᠡᠮᠵᠢ᠂ ᠲᠤᠭ᠎ᠠ ᠪᠠᠷᠢᠮᠳᠠ ᠵᠢᠨ ᠬᠡᠷᠡᠭᠯᠡᠵᠦ ᠦᠢ᠍ᠯᠡᠴᠢᠯᠡᠬᠦ ᠮᠡᠳᠡᠭᠡ ᠵᠠᠩᠭᠢ ᠵᠢᠨ ᠰᠡᠷᠬᠡᠶ᠋ᠢᠯᠡᠨ ᠬᠠᠮᠠᠭ᠋ᠠᠯᠠᠬᠤ ᠵᠢ ᠴᠢᠩᠭ᠋ᠠᠳᠬᠠᠵᠦ᠂ ᠮᠡᠳᠡᠭᠡ ᠵᠠᠩᠭᠢ ᠵᠢᠨ ᠠᠮᠤᠷ ᠲᠦᠪᠰᠢᠨ᠎ᠤ ᠲᠠᠯᠳᠠ ᠭᠡᠮ ᠰᠤᠭᠤᠭ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠢᠭᠰᠠᠭ᠋ᠠᠨ ᠪᠠᠶ᠋ᠢᠴᠠᠭ᠋ᠠᠬᠤ᠂ ᠬᠢᠨᠠᠨ ᠰᠢᠨᠵᠢᠬᠦ ᠪᠠ ᠰᠡᠷᠡᠮᠵᠢᠯᠡᠬᠦᠯᠦᠨᠠ᠃ ᠡᠪᠡᠳᠴᠢᠲᠡᠨ᠎ᠤ ᠮᠡᠳᠡᠭᠡ ᠵᠠᠩᠭᠢ ᠵᠡᠷᠭᠡ ᠰᠡᠷᠭᠡᠭ ᠲᠤᠭ᠎ᠠ ᠪᠠᠷᠢᠮᠳᠠ ᠵᠢ ᠬᠢᠯᠢ ᠵᠢᠨ ᠲᠤᠳᠤᠭ᠋ᠠᠳᠤ᠎ᠳᠤ᠎ᠪᠠᠨ ᠬᠠᠳᠠᠭ᠋ᠠᠯᠠᠬᠤ ᠬᠡᠷᠡᠭᠲᠡᠶ᠂ ᠬᠢᠯᠢ ᠵᠢᠨ ᠭᠠᠳᠠᠨ᠎ᠠ ᠦᠨᠡᠨ ᠬᠦ᠌ ᠬᠠᠩᠭ᠋ᠠᠬᠤ ᠱᠠᠭ᠋ᠠᠷᠳᠠᠯᠭ᠎ᠠ᠎ᠲᠠᠢ ᠪᠠᠶ᠋ᠢᠪᠠᠯ᠂ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠠᠮᠤᠷ ᠲᠦᠪᠰᠢᠨ᠎ᠤ ᠲᠠᠯ᠎ᠠ᠎ᠪᠠᠷ ᠦᠨᠡᠯᠡᠨ ᠵᠢᠱ᠌ᠢᠬᠦ ᠬᠡᠷᠡᠭᠲᠡᠶ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠬᠡᠷ᠂ ᠠᠵᠤ ᠠᠬᠤᠶ ᠪᠠ ᠮᠡᠳᠡᠭᠡ ᠵᠠᠩᠭᠢᠴᠢᠯᠠᠯᠲᠠ ᠵᠢᠨ ᠵᠥᠪᠯᠡᠯ᠂ ᠲᠣᠮᠣ ᠳ᠋ᠠᠶ᠋ᠢᠲ᠋ᠠ ᠵᠢᠨ ᠬᠥᠭᠵᠢᠭᠦᠯᠦᠯᠲᠡ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
ᠡᠯ᠎ᠡ ᠠᠶ᠋ᠢᠮᠠᠭ ᠬᠤᠲᠠ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠪᠠᠶ᠋ᠢᠷᠢᠯᠠᠭᠤᠯᠤᠯᠲᠠ ᠶᠣᠰᠣᠭ᠋ᠠᠷ᠂ ᠲᠥᠬᠦᠷ ᠲᠥᠷᠥ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠴᠠᠭ ᠲᠤᠬᠠᠶ᠎ᠳᠤᠨᠢ ᠨᠡᠶ᠋ᠢᠲᠡᠯᠡᠵᠦ᠂ ᠲᠤᠬᠠᠢ ᠵᠢᠨ ᠭᠠᠵᠠᠷ᠎ᠲᠤ᠎ᠪᠠᠨ ᠲᠤᠬᠢᠷᠠᠭᠤᠯᠤᠨ᠂ 《ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ》 ᠵᠢ ᠢᠳᠡᠪᠬᠢᠳᠡᠢ ᠭᠦᠭᠵᠢᠬᠦᠯᠵᠦ᠂ ᠴᠢᠨᠠᠷ ᠰᠠᠶ᠋ᠢᠲᠠᠶ ᠡᠮᠴᠢᠯᠡᠭᠡᠨ᠎ᠤ ᠡᠬᠢ ᠪᠠᠶᠠᠯᠢᠭ᠎ᠢ ᠣᠷᠣᠭᠤᠯᠤᠨ ᠠᠪᠴᠢᠷᠠᠵᠤ᠂ ᠡᠮᠴᠢᠯᠡᠭᠡ ᠡᠷᠡᠭᠦᠯ ᠮᠡᠨᠳᠦ ᠵᠢᠨ ᠦᠢ᠍ᠯᠡᠴᠢᠯᠡᠬᠡᠨ᠎ᠤ ᠲᠠᠭ᠋ᠠᠭ᠋ᠠᠨ ᠭᠦᠴᠦᠷᠡᠬᠦ ᠴᠢᠨᠠᠷ᠎ᠢ ᠲᠡᠬᠡᠭᠰᠢᠯᠡᠬᠦᠯᠦᠨ᠂ ᠡᠯ᠎ᠡ ᠵᠦᠢ᠍ᠯ᠎ᠤᠨ ᠪᠠᠶ᠋ᠢᠷᠢᠯᠠᠭᠤᠯᠤᠯᠲᠠ ᠵᠢᠨ ᠨᠠᠶ᠋ᠢᠳᠠᠪᠤᠷᠢᠵᠢᠭᠤᠯᠤᠨᠨᠳᠠᠨ ᠪᠤᠳᠠᠳᠠᠶ᠋ᠢᠵᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠦᠪᠯᠡᠯ᠎ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠳᠤᠷᠠᠯᠴᠠᠨ ᠡᠭᠦᠷᠭᠡ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠠᠵᠢᠯ᠎ᠢ ᠵᠢᠭ᠋ᠠᠨ ᠵᠢᠯᠤᠭᠤᠳᠬᠤ ᠪᠠ ᠰᠢᠪᠠᠳᠠᠨ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠨᠠᠶ᠋ᠢᠳᠠᠪᠤᠷᠢᠵᠢᠭᠤᠯᠤᠨᠨᠰᠠᠨ ᠪᠠᠶ᠋ᠢᠳᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠴᠠᠭ ᠲᠤᠬᠠᠶ᠎ᠳᠤᠨᠢ ᠮᠡᠳᠡᠬᠦᠯᠬᠦ ᠬᠡᠷᠡᠭᠳᠡᠢ᠃