ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
 ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ
ᠨᠡᠶ᠋ᠢᠲᠡᠯᠡᠭᠰᠡᠨ ᠴᠠᠭ᠄ 2020-12-04

721   ᠳ᠋ᠦ᠍ᠭᠡᠷ ᠲᠣᠭ᠋ᠠᠲᠤ
《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ ᠵᠢ ᠬᠡᠷᠡᠭᠵᠢᠭᠦᠯᠬᠦ ᠳᠦᠷᠢᠮ》᠎ᠢ 2019 ᠣᠨ᠎ᠤ 3 ᠰᠠᠷ᠎ᠠ ᠵᠢᠨ 26᠎ᠤ ᠡᠳᠦᠷ ᠲᠥᠷᠦ ᠵᠢᠨ ᠶᠠᠪᠤᠳᠠᠯ᠎ᠤᠨ ᠬᠣᠷᠢᠶᠠᠨ᠎ᠤ 42 ᠳ᠋ᠤᠭ᠋ᠠᠷ ᠤᠳᠠᠭ᠎ᠠ ᠵᠢᠨ ᠪᠠᠶ᠋ᠢᠩᠭᠤ ᠵᠢᠨ ᠬᠤᠷᠠᠯ᠎ᠠᠴᠠ ᠵᠠᠰᠠᠪᠤᠷᠢ ᠣᠷᠣᠭᠤᠯᠵᠤ ᠪᠠᠲᠤᠯᠠᠪᠠ᠂ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ ᠵᠢ ᠬᠡᠷᠡᠭᠵᠢᠭᠦᠯᠬᠦ ᠳᠦᠷᠢᠮ》᠎ᠢ ᠣᠳᠣ ᠨᠡᠢ᠌ᠲᠡᠯᠡᠪᠡ᠂ 2019 ᠣᠨ 12 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
ᠶᠡᠷᠦᠩᠬᠡᠶ ᠰᠠᠢ᠌ᠳ   ᠯᠢ ᠺᠸ ᠴᠢᠶᠠᠩ
2019 ᠣᠨ`᠎ᠤ 10 ᠰᠠᠷ᠎ᠠ ᠵᠢᠨ 11᠎ᠤ ᠡᠳᠦᠷ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ   ᠠᠮᠦᠷ ᠲᠦᠪᠰᠢᠨ᠎ᠤ ᠬᠠᠤᠯᠢ ᠵᠢ ᠬᠡᠷᠡᠭᠵᠢᠭᠦᠯᠬᠦ ᠲᠦᠷᠢᠮ
(2009 ᠣᠨ᠎ᠤ 7 ᠰᠠᠷ᠎ᠠ ᠵᠢᠨ 20᠎ᠤ ᠡᠳᠦᠷ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠷᠥ ᠵᠢᠨ ᠶᠠᠪᠤᠳᠠᠯ᠎ᠤᠨ ᠬᠣᠷᠢᠶᠠᠨ᠎ᠤ 557 ᠳ᠋ᠤᠭ᠋ᠠᠷ ᠵᠠᠷᠯᠢᠭ ᠵᠶ᠋ᠠᠷ ᠨᠡᠶ᠋ᠢᠲᠡᠯᠡᠪᠡ
2016 ᠣᠨ᠎ᠤ 2 ᠰᠠᠷ᠎ᠠ ᠵᠢᠨ 6᠎ᠤ ᠡᠳᠦᠷ᠎ᠤᠨ 《ᠬᠡᠰᠡᠭ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ》᠎ᠢ ᠦᠨᠳᠦᠰᠦᠯᠡᠪᠡ
2019 ᠣᠨ᠎ᠤ 3 ᠰᠠᠷ᠎ᠠ ᠵᠢᠨ 26᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ 42 ᠳ᠋ᠤᠭ᠋ᠠᠷ ᠤᠳᠠᠭ᠎ᠠ ᠵᠢᠨ ᠪᠠᠶ᠋ᠢᠩᠭᠤ ᠵᠢᠨ ᠬᠤᠷᠠᠯ᠎ᠠᠴᠠ ᠵᠠᠰᠠᠪᠤᠷᠢ ᠣᠷᠣᠭᠤᠯᠵᠤ ᠪᠠᠲᠤᠯᠠᠪᠠ)
ᠨᠢᠭᠡᠳᠦᠭᠡᠷ ᠪᠦᠯᠦᠭ ᠶᠡᠷᠦᠩᠬᠡᠶ ᠳᠦᠷᠢᠮ
ᠨᠢᠭᠡᠳᠦᠭᠡᠷ ᠵᠤᠷᠪᠤᠰ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ》 (ᠳᠣᠷᠣᠭᠰᠢ ᠢᠳᠡᠭᠡᠨ᠎ᠤ ᠠᠮᠤᠷ ᠲᠦᠪᠰᠢᠨ᠎ᠤ ᠬᠠᠤᠯᠢ ᠭᠡᠵᠦ ᠲᠣᠪᠴᠢᠯᠠᠨ᠎ᠠ) ᠵᠢ ᠦᠨᠳᠦᠰᠦᠯᠡᠨ᠂ ᠲᠣᠰ ᠳᠦᠷᠢᠮ᠎ᠢ ᠲᠣᠭᠲᠠᠭ᠋ᠠᠪᠠ᠃
ᠬᠣᠶᠠᠳᠤᠭ᠋ᠠᠷ ᠵᠤᠷᠪᠤᠰ   ᠢᠳᠡᠭᠡᠨ ᠦᠢᠯᠡᠳᠪᠦᠷᠢᠯᠡᠨ ᠡᠵᠡᠩᠨᠡᠭᠴᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠢᠳᠡᠭᠡᠨ᠎ᠤ ᠠᠮᠦᠷ ᠲᠦᠪᠰᠢᠨ᠎ᠤ ᠪᠠᠷᠢᠮᠵᠢᠶ᠎ᠠ ᠶᠣᠰᠣᠭ᠋ᠠᠷ ᠦᠢᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ ᠬᠢᠵᠦ᠂ ᠢᠳᠡᠭᠡᠨ᠎ᠤ ᠠᠮᠦᠷ ᠲᠦᠪᠰᠢᠨ᠎ᠤ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠢᠳᠡᠭᠡᠨ᠎ᠤ   ᠠᠮᠦᠷ ᠲᠦᠪᠰᠢᠨ᠎ᠤ ᠲᠦᠭᠰᠢᠭᠦᠷᠢ ᠵᠢ ᠤᠷᠢᠳᠴᠢᠯᠠᠨ ᠰᠡᠷᠭᠡᠶ᠋ᠢᠯᠡᠬᠦ ᠪᠠ ᠬᠢᠵᠠᠭ᠋ᠠᠷᠯᠠᠵᠤ᠂ ᠢᠳᠡᠭᠡᠨ᠎ᠤ   ᠠᠮᠦᠷ ᠲᠦᠪᠰᠢᠨ᠎ᠢ ᠪᠠᠲᠤᠯᠠᠬᠤ ᠬᠡᠷᠡᠭᠲᠡᠶ᠃
ᠭᠤᠷᠪᠠᠳᠤᠭ᠋ᠠᠷ ᠵᠤᠷᠪᠤᠰ ᠲᠥᠷᠦ ᠵᠢᠨ ᠶᠠᠪᠤᠳᠠᠯ᠎ᠤᠨ ᠬᠣᠷᠢᠶᠠᠨ᠎ᠤ ᠢᠳᠡᠭᠡᠨ᠎ᠤ ᠠᠶᠤᠯᠭᠦᠶ ᠵᠢᠨ ᠵᠥᠪᠯᠡᠯ᠎ᠨᠢ ᠢᠳᠡᠭᠡᠨ᠎ᠤ ᠠᠶᠤᠯᠭᠦᠶ ᠵᠢᠨ ᠪᠠᠶ᠋ᠢᠳᠠᠯ᠎ᠢ ᠵᠠᠳᠠᠯᠤᠨ ᠰᠢᠨᠵᠢᠯᠡᠬᠦ ᠵᠢ ᠬᠠᠷᠢᠭᠤᠴᠠᠵᠤ᠂ ᠢᠳᠡᠭᠡᠨ᠎ᠤ ᠠᠶᠤᠯᠭᠦᠶ ᠵᠢᠨ ᠠᠵᠢᠯ᠎ᠢ ᠰᠤᠳᠤᠯᠤᠨ ᠪᠠᠶ᠋ᠢᠷᠢᠯᠠᠭᠤᠯᠵᠤ᠂ ᠨᠢᠭᠡᠳᠦᠯᠲᠡᠶ ᠲᠥᠯᠥᠪᠯᠡᠨ ᠵᠢᠯᠣᠭᠣᠳᠴᠤ᠂ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠴᠢᠬᠤᠯᠠ ᠶᠡᠬᠡ ᠲᠥᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠤ᠂ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠰᠢᠪᠠᠳᠠᠨ ᠨᠠᠶ᠋ᠢᠳᠠᠪᠤᠷᠢᠵᠢᠭᠤᠯᠤᠨ᠎ᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠵᠥᠪᠯᠡᠯ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠲᠤᠰᠢᠶᠠᠯ ᠬᠠᠷᠢᠭᠤᠴᠠᠯᠭ᠎ᠠ ᠵᠢᠨ ᠶᠣᠰᠣᠭ᠋ᠠᠷ ᠠᠵᠢᠯ ᠵᠶ᠋ᠠᠨ ᠥᠷᠨᠢᠭᠦᠯᠦᠨ᠎ᠡ᠃
ᠳᠥᠷᠪᠡᠳᠦᠭᠡᠷ ᠵᠤᠷᠪᠤᠰ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠨᠢᠭᠡᠳᠦᠯᠲᠡᠶ ᠡᠷᠬᠡ ᠰᠦᠷᠲᠦ ᠪᠠᠶ᠋ᠢᠭᠤᠯᠤᠯ᠎ᠢ ᠪᠠᠶ᠋ᠢᠭᠤᠯᠵᠤ᠂ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃
ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯᠤᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢᠴᠡᠳᠬᠡᠵᠦ᠂ ᠵᠣᠬᠢᠴᠠᠭᠤᠯᠤᠨ ᠬᠠᠮᠵᠢᠯᠴᠠᠬᠤ᠎ᠪᠠᠨ ᠴᠢᠩᠭ᠋ᠠᠳᠬᠠᠨ᠂ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠶ᠃
ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠲᠡᠭᠦᠨ᠎ᠤ ᠲᠣᠮᠢᠯᠠᠭᠰᠠᠨ ᠪᠠᠶ᠋ᠢᠭᠤᠯᠤᠮᠵᠢ ᠵᠢᠨ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠤᠯᠢ ᠶᠣᠰᠣᠭ᠋ᠠᠷ ᠥᠷᠨᠢᠭᠦᠯᠬᠦ ᠵᠢ ᠳᠠᠮᠵᠢᠨ ᠬᠠᠪᠰᠤᠷᠬᠤ ᠬᠡᠷᠡᠭᠲᠡᠶ᠃
ᠲᠠᠪᠤᠳᠤᠭ᠋ᠠᠷ ᠵᠤᠷᠪᠤᠰ   ᠤᠯᠤᠰ᠎ᠤᠨ ᠢᠳᠡᠭᠡᠨ᠎ᠤ ᠠᠶᠤᠯᠭᠦᠶ ᠵᠢᠨ ᠮᠡᠳᠡᠯᠭᠡ ᠵᠢ ᠤᠯᠤᠰ ᠠᠷᠠᠳ᠎ᠤᠨ ᠬᠡᠪ ᠴᠢᠨᠠᠷ᠎ᠤᠨ ᠬᠥᠮᠦᠵᠢᠯ᠎ᠤᠨ ᠠᠭᠤᠯᠭ᠎ᠠ᠎ᠳᠤ ᠣᠷᠣᠭᠤᠯᠵᠤ᠂ ᠢᠳᠡᠭᠡᠨ᠎ᠤ ᠠᠶᠤᠯᠭᠦᠶ ᠵᠢᠨ ᠰᠢᠨᠵᠢᠯᠡᠬᠦ ᠤᠬᠠᠭ᠋ᠠᠨᠴᠢ ᠶᠡᠷᠦ ᠵᠢᠨ ᠮᠡᠳᠡᠯᠭᠡ ᠪᠠ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠵᠦ᠂ ᠪᠦᠬᠦ ᠨᠡᠶ᠋ᠢᠭᠡᠮ᠎ᠤᠨ ᠢᠳᠡᠭᠡᠨ᠎ᠤ ᠠᠶᠤᠯᠭᠦᠶ ᠵᠢᠨ ᠤᠬᠠᠮᠰᠠᠷ᠎ᠢ ᠳᠡᠭᠡᠭᠰᠢᠯᠡᠭᠦᠯᠦᠨ᠎ᠡ᠃
 ᠬᠣᠶᠠᠳᠤᠭ᠋ᠠᠷ ᠪᠦᠯᠦᠭ ᠢᠳᠡᠭᠡᠨ᠎ᠤ ᠠᠶᠤᠯᠭᠦᠶ ᠵᠢᠨ ᠲᠦᠭᠰᠢᠭᠦᠷᠢ ᠵᠢ ᠬᠢᠨᠠᠨ ᠬᠡᠮᠵᠢᠬᠦ ᠪᠠ ᠦᠨᠡᠯᠡᠨ ᠵᠢᠱ᠌ᠢᠬᠦ
ᠵᠢᠷᠭᠤᠳᠤᠭ᠋ᠠᠷ ᠵᠤᠷᠪᠤᠰ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠠᠳᠠᠯᠢ ᠱᠠᠲᠤᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠢᠳᠡᠭᠡᠨ᠎ᠤ ᠠᠶᠤᠯᠭᠦᠶ ᠵᠢᠨ ᠲᠦᠭᠰᠢᠭᠦᠷᠢ ᠵᠢ ᠬᠢᠨᠠᠨ ᠬᠡᠮᠵᠢᠵᠦ ᠵᠥᠪᠳᠡᠯᠴᠡᠬᠦ ᠲᠣᠭᠲᠠᠴᠠ ᠵᠢ ᠪᠠᠶ᠋ᠢᠭᠤᠯᠵᠤ᠂ ᠲᠦᠭᠰᠢᠭᠦᠷᠢ ᠵᠢ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠬᠤᠷᠢᠶᠠᠩᠭᠤᠶ᠋ᠢᠯᠠᠨ ᠵᠠᠳᠠᠯᠵᠤ᠂ ᠢᠳᠡᠭᠡᠨ᠎ᠤ ᠠᠶᠤᠯᠭᠦᠶ ᠵᠢᠨ ᠲᠦᠭᠰᠢᠭᠦᠷᠢ ᠵᠢ ᠵᠠᠳᠠᠯᠤᠨ ᠰᠢᠨᠵᠢᠯᠡᠵᠦ᠂ ᠢᠳᠡᠭᠡᠨ᠎ᠤ ᠠᠶᠤᠯᠭᠦᠶ ᠵᠢᠨ ᠲᠦᠭᠰᠢᠭᠦᠷᠢ ᠵᠢ ᠬᠢᠨᠠᠨ ᠬᠡᠮᠵᠢᠵᠦ ᠵᠠᠳᠠᠯᠤᠭᠰᠠᠨ ᠮᠡᠳᠡᠭᠦᠯᠦᠯᠲᠡ ᠵᠢ ᠪᠤᠢ ᠪᠣᠯᠭ᠋ᠠᠵᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ᠎ᠡ; ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠠᠰᠠ ᠢᠳᠡᠭᠡᠨ᠎ᠤ ᠠᠶᠤᠯᠭᠦᠶ ᠵᠢᠨ ᠲᠦᠭᠰᠢᠭᠦᠷᠢ ᠵᠢ ᠬᠢᠨᠠᠨ ᠬᠡᠮᠵᠢᠵᠦ ᠵᠠᠳᠠᠯᠤᠯᠲᠠ ᠬᠢᠭᠰᠡᠨ ᠮᠡᠳᠡᠭᠦᠯᠦᠯᠲᠡ ᠵᠢ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃ ᠢᠳᠡᠭᠡᠨ᠎ᠤ ᠠᠶᠤᠯᠭᠦᠶ ᠵᠢᠨ ᠲᠦᠭᠰᠢᠭᠦᠷᠢ ᠵᠢ ᠬᠢᠨᠠᠨ ᠬᠡᠮᠵᠢᠵᠦ ᠵᠥᠪᠳᠡᠯᠴᠡᠬᠦ ᠪᠣᠳᠠᠲᠠᠶ ᠠᠷᠭ᠎ᠠ ᠵᠢ ᠲᠥᠷᠦ ᠵᠢᠨ ᠶᠠᠪᠤᠳᠠᠯ᠎ᠤᠨ ᠬᠣᠷᠢᠶᠠᠨ᠎ᠤ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠲᠥᠷᠦ ᠵᠢᠨ ᠶᠠᠪᠤᠳᠠᠯ᠎ᠤᠨ ᠬᠣᠷᠢᠶᠠᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠨ᠎ᠠ᠃
ᠳᠣᠯᠣᠳᠤᠭ᠋ᠠᠷ ᠵᠤᠷᠪᠤᠰ   ᠢᠳᠡᠭᠡᠨ᠎ᠤ ᠠᠶᠤᠯᠭᠦᠶ ᠵᠢᠨ ᠲᠦᠭᠰᠢᠭᠦᠷᠢ ᠵᠢ ᠬᠢᠨᠠᠨ ᠬᠡᠮᠵᠢᠭᠰᠡᠨ ᠦᠷ᠎ᠡ ᠳ᠋ᠦᠩ᠎ᠨᠢ ᠢᠳᠡᠭᠡᠨ᠎ᠤ ᠠᠶᠤᠯᠭᠦᠶ ᠵᠢᠨ ᠳᠠᠯᠳᠠ ᠭᠡᠮ ᠣᠷᠣᠰᠢᠵᠤ ᠪᠠᠶ᠋ᠢᠬᠤ ᠵᠢ ᠬᠠᠷᠠᠭᠤᠯᠵᠤ᠂ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠯᠠᠮ ᠨᠢᠭᠡ ᠠᠯᠬᠤᠮ ᠪᠠᠶ᠋ᠢᠴᠠᠭ᠋ᠠᠨ ᠨᠤᠲᠠᠯᠠᠬᠤ᠎ᠪᠠᠷ ᠳᠠᠮᠵᠢᠭ᠋ᠠᠳ ᠬᠣᠯᠪᠣᠭᠳᠠᠯ ᠪᠦᠬᠦᠢ ᠢᠳᠡᠭᠡᠨ ᠦᠢᠯᠡᠳᠪᠦᠷᠢᠯᠡᠨ ᠡᠵᠡᠩᠨᠡᠭᠴᠢ᠎ᠳᠤ ᠮᠡᠳᠡᠭᠳᠡᠬᠦ ᠴᠢᠬᠤᠯᠠᠲᠠᠶ ᠪᠠᠢ᠌ᠪᠠᠯ᠂ ᠴᠠᠭ ᠲᠤᠬᠠᠶ᠎ᠳᠤᠨᠢ ᠮᠡᠳᠡᠭᠳᠡᠬᠦ ᠬᠡᠷᠡᠭᠲᠡᠶ᠃
ᠮᠡᠳᠡᠭᠳᠡᠯ᠎ᠢ ᠣᠯᠤᠭᠰᠠᠨ ᠢᠳᠡᠭᠡᠨ ᠦᠢᠯᠡᠳᠪᠦᠷᠢᠯᠡᠨ ᠡᠵᠡᠩᠨᠡᠭᠴᠢ ᠲᠡᠷᠡ ᠳᠠᠷᠤᠶ᠎ᠳᠤᠨᠢ ᠥᠪᠡᠷ ᠵᠶ᠋ᠠᠷ ᠪᠠᠶ᠋ᠢᠴᠠᠭ᠋ᠠᠵᠤ᠂ ᠢᠳᠡᠭᠡᠨ᠎ᠨᠢ ᠢᠳᠡᠭᠡᠨ᠎ᠤ ᠠᠶᠤᠯᠭᠦᠶ ᠵᠢᠨ ᠪᠠᠷᠢᠮᠵᠢᠶ᠎ᠠ᠎ᠳᠤ ᠨᠡᠶ᠋ᠢᠴᠡᠬᠦ ᠦᠭᠡᠢ ᠪᠤᠶᠤ ᠬᠥᠮᠦᠨ᠎ᠤ ᠪᠡᠶ᠎ᠡ ᠵᠢᠨ ᠡᠷᠡᠭᠦᠯ ᠮᠡᠨᠳᠦ᠎ᠳᠤ ᠬᠣᠤᠷ ᠬᠥᠨᠥᠭᠡᠯ ᠤᠴᠠᠷᠠᠭᠤᠯᠵᠤ ᠮᠡᠳᠡᠬᠦ ᠵᠢ ᠭᠡᠷᠡᠴᠢᠯᠡᠬᠦ ᠭᠡᠷᠡᠴᠢ ᠪᠠᠷᠢᠮᠲᠠ᠎ᠲᠠᠢ ᠪᠠᠶ᠋ᠢᠬᠤ ᠵᠢ ᠣᠯᠵᠤ ᠮᠡᠳᠡᠪᠡᠯ᠂ ᠢᠳᠡᠭᠡᠨ᠎ᠤ ᠠᠶᠤᠯᠭᠦᠶ ᠵᠢᠨ ᠬᠠᠤᠯᠢ ᠵᠢᠨ ᠵᠢᠷᠠᠨ ᠭᠤᠷᠪᠠᠳᠤᠭ᠋ᠠᠷ ᠵᠦᠢᠯ᠎ᠤᠨ ᠲᠣᠭᠲᠠᠭ᠋ᠠᠯ ᠶᠣᠰᠣᠭ᠋ᠠᠷ ᠦᠢᠯᠡᠳᠪᠦᠷᠢᠯᠡᠬᠦ᠂ ᠡᠵᠡᠩᠨᠡᠬᠦ᠎ᠪᠠᠨ ᠵᠣᠭᠰᠣᠭ᠋ᠠᠵᠤ᠂ ᠢᠳᠡᠭᠡᠨ᠎ᠤ ᠵᠦᠢᠯ᠎ᠢ ᠪᠤᠴᠠᠭ᠋ᠠᠨ ᠠᠪᠴᠢᠷᠠᠬᠤ ᠵᠢ ᠬᠡᠷᠡᠭᠵᠢᠭᠦᠯᠬᠦ ᠪᠥᠭᠡᠳ ᠬᠣᠯᠪᠣᠭᠳᠠᠯ ᠪᠦᠬᠦᠢ ᠪᠠᠶ᠋ᠢᠳᠠᠯ᠎ᠢ ᠮᠡᠳᠡᠭᠦᠯᠬᠦ ᠬᠡᠷᠡᠭᠲᠡᠶ᠃
ᠨᠠᠢ᠍ᠮᠠᠳᠤᠭ᠋ᠠᠷ ᠵᠤᠷᠪᠤᠰ ᠲᠥᠷᠦ ᠵᠢᠨ ᠶᠠᠪᠤᠳᠠᠯ᠎ᠤᠨ ᠬᠣᠷᠢᠶᠠᠨ᠎ᠤ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠎ᠠ᠂ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠷᠢᠶᠠᠨ ᠡᠮ᠂ ᠪᠣᠷᠳᠣᠭᠤᠷ᠂ ᠮᠠᠯ᠎ᠤᠨ ᠡᠮ᠂ ᠲᠡᠵᠢᠭᠡᠯ ᠪᠣᠷᠳᠣᠭ᠎ᠠ ᠪᠣᠯᠤᠨ ᠲᠡᠵᠢᠭᠡᠯ ᠪᠣᠷᠳᠣᠭ᠋ᠠᠨ᠎ᠤ ᠨᠡᠮᠡᠯᠲᠡ ᠡᠳ᠋ ᠵᠡᠷᠭᠡ᠎ᠳᠤ ᠠᠶᠤᠯᠬᠦᠢ ᠵᠢᠨ ᠦᠨᠡᠯᠡᠨ ᠵᠢᠱ᠌ᠢᠯᠲᠡ ᠬᠢᠬᠦ ᠴᠢᠬᠤᠯᠠᠲᠠᠶ ᠪᠠᠶ᠋ᠢᠬᠤ ᠵᠢ ᠣᠯᠵᠤ ᠮᠡᠳᠡᠪᠡᠯ᠂ ᠲᠥᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠠᠶᠤᠯᠬᠦᠢ ᠵᠢᠨ ᠦᠨᠡᠯᠡᠨ ᠵᠢᠱ᠌ᠢᠬᠦ ᠰᠠᠨᠠᠭᠤᠯᠭ᠎ᠠ ᠳᠤᠷᠠᠳᠬᠤ ᠬᠡᠷᠡᠭᠲᠡᠶ᠃ ᠲᠥᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠴᠠᠭ ᠲᠤᠬᠠᠶ᠎ᠳᠤᠨᠢ ᠵᠣᠬᠢᠶᠠᠨ ᠪᠠᠶ᠋ᠢᠭᠤᠯᠵᠤ ᠦᠨᠡᠯᠡᠨ ᠵᠢᠱ᠌ᠢᠬᠦ ᠬᠡᠷᠡᠭᠲᠡᠶ ᠪᠥᠭᠡᠳ ᠲᠥᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠦᠨᠡᠯᠡᠨ ᠵᠢᠱ᠌ᠢᠭᠰᠡᠨ ᠦᠷ᠎ᠡ ᠳ᠋ᠦᠩ ᠵᠶ᠋ᠠᠨ ᠮᠡᠳᠡᠭᠳᠡᠬᠦ ᠬᠡᠷᠡᠭᠲᠡᠶ᠃
ᠶᠢᠰᠦᠳᠦᠭᠡᠷ ᠵᠤᠷᠪᠤᠰ ᠲᠥᠷᠦ ᠵᠢᠨ ᠶᠠᠪᠤᠳᠠᠯ᠎ᠤᠨ ᠬᠣᠷᠢᠶᠠᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯᠤᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ ᠢᠳᠡᠭᠡᠨ᠎ᠤ ᠠᠶᠤᠯᠭᠦᠶ ᠵᠢᠨ ᠲᠦᠭᠰᠢᠭᠦᠷᠢ ᠵᠢᠨ ᠮᠡᠳᠡᠭᠡ ᠵᠠᠩᠭᠢ ᠵᠢ ᠰᠣᠯᠢᠯᠴᠠᠬᠤ ᠲᠣᠭᠲᠠᠴᠠ ᠵᠢ ᠪᠠᠶ᠋ᠢᠭᠤᠯᠵᠤ᠂ ᠢᠳᠡᠭᠡᠨ᠎ᠤ ᠠᠶᠤᠯᠭᠦᠶ ᠵᠢᠨ ᠲᠦᠭᠰᠢᠭᠦᠷᠢ ᠵᠢᠨ ᠮᠡᠳᠡᠭᠡ ᠵᠠᠩᠭᠢ ᠵᠢ ᠰᠣᠯᠢᠯᠴᠠᠬᠤ ᠠᠭᠤᠯᠭ᠎ᠠ᠂ ᠵᠢᠷᠤᠮ ᠪᠠ ᠱᠠᠭ᠋ᠠᠷᠳᠠᠯᠭ᠎ᠠ ᠵᠢ ᠲᠣᠳᠣᠷᠬᠠᠶ ᠪᠣᠯᠭ᠋ᠠᠨ᠎ᠠ᠃
ᠭᠤᠷᠪᠠᠳᠤᠭ᠋ᠠᠷ ᠪᠦᠯᠦᠭ ᠢᠳᠡᠭᠡᠨ᠎ᠤ ᠠᠶᠤᠯᠭᠦᠶ ᠵᠢᠨ ᠪᠠᠷᠢᠮᠵᠢᠶ᠎ᠠ
ᠠᠷᠪᠠᠳᠤᠭ᠋ᠠᠷ ᠵᠤᠷᠪᠤᠰ ᠲᠥᠷᠦ ᠵᠢᠨ ᠶᠠᠪᠤᠳᠠᠯ᠎ᠤᠨ ᠬᠣᠷᠢᠶᠠᠨ᠎ᠤ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠲᠥᠷᠦ ᠵᠢᠨ ᠶᠠᠪᠤᠳᠠᠯ᠎ᠤᠨ ᠬᠣᠷᠢᠶᠠᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ᠂ ᠲᠠᠷᠢᠶᠠᠯᠠᠩ᠎ᠤᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠢᠳᠡᠭᠡᠨ᠎ᠤ ᠠᠶᠤᠯᠭᠦᠶ ᠵᠢᠨ ᠤᠯᠤᠰ᠎ᠤᠨ ᠪᠠᠷᠢᠮᠵᠢᠶ᠎ᠠ ᠵᠢᠨ ᠲᠥᠯᠥᠪᠵᠢᠭᠦᠯᠪᠡ ᠵᠢᠴᠢ ᠲᠡᠭᠦᠨ᠎ᠤ ᠣᠨ᠎ᠤ ᠬᠡᠷᠡᠭᠵᠢᠭᠦᠯᠬᠦ ᠲᠥᠯᠥᠪᠯᠡᠭᠡ ᠵᠢ ᠲᠣᠭᠲᠠᠭ᠋ᠠᠨ᠎ᠠ᠃ ᠲᠥᠷᠦ ᠵᠢᠨ ᠶᠠᠪᠤᠳᠠᠯ᠎ᠤᠨ ᠬᠣᠷᠢᠶᠠᠨ᠎ᠤ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠲᠡᠬᠦᠨ᠎ᠤ ᠰᠦᠯᠵᠢᠶᠡᠨ ᠥᠷᠲᠡᠭᠡ ᠳᠡᠭᠡᠷ᠎ᠡ᠎ᠪᠠᠨ ᠢᠳᠡᠭᠡᠨ᠎ᠤ ᠠᠶᠤᠯᠭᠦᠶ ᠵᠢᠨ ᠤᠯᠤᠰ᠎ᠤᠨ ᠪᠠᠷᠢᠮᠵᠢᠶ᠎ᠠ ᠵᠢᠨ ᠲᠥᠯᠥᠪᠵᠢᠭᠦᠯᠪᠡ ᠵᠢᠴᠢ ᠲᠡᠭᠦᠨ᠎ᠤ ᠣᠨ᠎ᠤ ᠬᠡᠷᠡᠭᠵᠢᠭᠦᠯᠬᠦ ᠲᠥᠯᠥᠪᠯᠡᠭᠡ ᠵᠢᠨ ᠲᠥᠰᠦᠯ᠎ᠢ ᠨᠡᠶ᠋ᠢᠲᠡᠯᠡᠵᠦ᠂ ᠢᠯᠡ᠎ᠪᠠᠷ ᠰᠠᠨᠠᠯ ᠬᠤᠷᠢᠶᠠᠬᠤ ᠬᠡᠷᠡᠭᠲᠡᠶ᠃
ᠠᠷᠪᠠᠨ ᠨᠢᠭᠡᠳᠦᠭᠡᠷ ᠵᠤᠷᠪᠤᠰ   ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠢᠳᠡᠭᠡᠨ᠎ᠤ ᠠᠶᠤᠯᠬᠦᠢ ᠵᠢᠨ ᠬᠠᠤᠯᠢ ᠵᠢᠨ ᠬᠣᠷᠢ ᠶᠢᠰᠦᠳᠦᠭᠡᠷ ᠵᠤᠷᠪᠤᠰ᠎ᠤᠨ ᠲᠣᠭᠲᠠᠭ᠋ᠠᠯ ᠶᠣᠰᠣᠭ᠋ᠠᠷ ᠢᠳᠡᠭᠡᠨ᠎ᠤ ᠠᠶᠤᠯᠬᠦᠢ ᠵᠢᠨ ᠣᠷᠣᠨ ᠨᠤᠲᠤᠭ᠎ᠤᠨ ᠪᠠᠷᠢᠮᠵᠢᠶ᠎ᠠ ᠵᠢ ᠲᠣᠭᠲᠠᠭ᠋ᠠᠬᠤ᠎ᠳᠠᠭᠠᠨ ᠢᠯᠡ᠎ᠪᠠᠷ ᠰᠠᠨᠠᠯ ᠬᠤᠷᠢᠶᠠᠬᠤ ᠬᠡᠷᠡᠭᠲᠡᠶ᠃ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠢᠳᠡᠭᠡᠨ᠎ᠤ ᠠᠶᠤᠯᠭᠦᠶ ᠵᠢᠨ ᠣᠷᠣᠨ ᠨᠤᠲᠤᠭ᠎ᠤᠨ ᠪᠠᠷᠢᠮᠵᠢᠶ᠎ᠠ ᠵᠢ ᠨᠡᠶ᠋ᠢᠲᠡᠯᠡᠭᠰᠡᠨ ᠡᠳᠦᠷ᠎ᠠᠴᠠ ᠡᠬᠢᠯᠡᠨ 30 ᠠᠵᠢᠯᠯᠠᠬᠤ ᠡᠳᠦᠷ᠎ᠤᠨ ᠳᠣᠲᠣᠷ᠎ᠠ ᠣᠷᠣᠨ ᠨᠤᠲᠤᠭ᠎ᠤᠨ ᠪᠠᠷᠢᠮᠵᠢᠶ᠎ᠠ ᠵᠢ ᠲᠥᠷᠦ ᠵᠢᠨ ᠶᠠᠪᠤᠳᠠᠯ᠎ᠤᠨ ᠬᠣᠷᠢᠶᠠᠨ᠎ᠤ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠲᠥᠷᠦ ᠵᠢᠨ ᠶᠠᠪᠤᠳᠠᠯ᠎ᠤᠨ ᠬᠣᠷᠢᠶᠠᠨ᠎ᠤ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠳᠠᠩᠰᠠᠯᠠᠭᠤᠯᠤᠭᠰᠠᠨ ᠢᠳᠡᠭᠡᠨ᠎ᠤ ᠠᠶᠤᠯᠭᠦᠶ ᠵᠢᠨ ᠣᠷᠣᠨ ᠨᠤᠲᠤᠭ᠎ᠤᠨ ᠪᠠᠷᠢᠮᠵᠢᠶ᠎ᠠ᠎ᠨᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠤᠶᠤ ᠢᠳᠡᠭᠡᠨ᠎ᠤ ᠠᠶᠤᠯᠭᠦᠶ ᠵᠢᠨ ᠤᠯᠤᠰ᠎ᠤᠨ ᠪᠠᠷᠢᠮᠵᠢᠶ᠎ᠠ᠎ᠠᠴᠠ ᠵᠥᠷᠢᠴᠡᠭᠰᠡᠨ᠎ᠢ ᠣᠯᠵᠤ ᠮᠡᠳᠡᠪᠡᠯ᠂ ᠴᠠᠭ ᠲᠤᠬᠠᠶ᠎ᠳᠤᠨᠢ ᠵᠠᠯᠠᠷᠠᠭᠤᠯᠬᠤ ᠬᠡᠷᠡᠭᠲᠡᠶ᠃
ᠢᠳᠡᠭᠡᠨ᠎ᠤ ᠠᠶᠤᠯᠭᠦᠶ ᠵᠢᠨ ᠣᠷᠣᠨ ᠨᠤᠲᠤᠭ᠎ᠤᠨ ᠪᠠᠷᠢᠮᠵᠢᠶ᠎ᠠ ᠵᠢ ᠬᠠᠤᠯᠢ ᠶᠣᠰᠣᠭ᠋ᠠᠷ ᠬᠦᠴᠦᠨ ᠦᠭᠡᠢ ᠪᠣᠯᠭ᠋ᠠᠭᠰᠠᠨ ᠪᠠᠢ᠌ᠪᠠᠯ᠂ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠦᠴᠦᠨ ᠦᠭᠡᠢ ᠪᠣᠯᠭ᠋ᠠᠭᠰᠠᠨ ᠪᠠᠶ᠋ᠢᠳᠠᠯ ᠵᠶ᠋ᠠᠨ ᠰᠦᠯᠵᠢᠶᠡᠨ ᠥᠷᠲᠡᠭᠡ ᠳᠡᠭᠡᠷ᠎ᠡ᠎ᠪᠠᠨ ᠴᠠᠭ ᠲᠤᠬᠠᠶ᠎ᠳᠤᠨᠢ ᠨᠡᠶ᠋ᠢᠲᠡᠯᠡᠬᠦ ᠬᠡᠷᠡᠭᠲᠡᠶ᠃
ᠠᠷᠪᠠᠨ ᠬᠣᠶᠠᠳᠤᠭ᠋ᠠᠷ ᠵᠤᠷᠪᠤᠰ   ᠲᠠᠮᠢᠷᠵᠢᠭᠤᠯᠬᠤ ᠢᠳᠡᠭᠡᠨ᠂ ᠠᠨᠠᠭ᠋ᠠᠬᠤ ᠤᠬᠠᠭ᠋ᠠᠨ᠎ᠤ ᠣᠨᠴᠠᠭ᠋ᠠᠢ ᠬᠡᠷᠡᠭᠴᠡᠭᠡᠲᠦ ᠨᠠᠶ᠋ᠢᠷᠠᠯᠭ᠎ᠠ᠎ᠲᠠᠢ ᠢᠳᠡᠭᠡᠨ᠂ ᠨᠢᠯᠬ᠎ᠠ ᠨᠢᠷᠠᠶ ᠬᠡᠤᠬᠡᠳ᠎ᠤᠨ ᠨᠠᠶ᠋ᠢᠷᠠᠯᠭ᠎ᠠ᠎ᠲᠠᠢ ᠢᠳᠡᠭᠡᠨ ᠵᠡᠷᠭᠡ ᠣᠨᠴᠠᠭ᠋ᠠᠢ ᠢᠳᠡᠭᠡᠨ᠎ᠨᠢ ᠣᠷᠣᠨ ᠨᠤᠲᠤᠭ᠎ᠤᠨ ᠣᠨᠴᠠᠯᠢᠭ ᠪᠦᠬᠦᠢ ᠢᠳᠡᠭᠡᠨ᠎ᠳᠤ ᠬᠠᠷᠢᠶᠠᠯᠠᠭᠳᠠᠬᠤ ᠦᠭᠡᠢ᠂ ᠲᠡᠭᠦᠨ᠎ᠳᠤ ᠢᠳᠡᠭᠡᠨ᠎ᠤ ᠠᠶᠤᠯᠭᠦᠶ ᠵᠢᠨ ᠣᠷᠣᠨ ᠨᠤᠲᠤᠭ᠎ᠤᠨ ᠪᠠᠷᠢᠮᠵᠢᠶ᠎ᠠ ᠲᠣᠭᠲᠠᠭ᠋ᠠᠵᠤ ᠪᠣᠯᠬᠤ ᠦᠭᠡᠢ᠃
ᠠᠷᠪᠠᠨ ᠭᠤᠷᠪᠠᠳᠤᠭ᠋ᠠᠷ ᠵᠤᠷᠪᠤᠰ ᠢᠳᠡᠭᠡᠨ᠎ᠤ ᠠᠶᠤᠯᠭᠦᠶ ᠵᠢᠨ ᠪᠠᠷᠢᠮᠵᠢᠶ᠎ᠠ ᠵᠢ ᠨᠡᠶ᠋ᠢᠲᠡᠯᠡᠭᠰᠡᠨ᠎ᠤ ᠳᠠᠷᠠᠭ᠎ᠠ᠂ ᠢᠳᠡᠭᠡᠨ ᠦᠢᠯᠡᠳᠪᠦᠷᠢᠯᠡᠨ ᠡᠵᠡᠩᠨᠡᠭᠴᠢ ᠢᠳᠡᠭᠡᠨ᠎ᠤ ᠠᠶᠤᠯᠭᠦᠶ ᠵᠢᠨ ᠪᠠᠷᠢᠮᠵᠢᠶ᠎ᠠ᠎ᠳᠤ ᠲᠣᠭᠲᠠᠭ᠋ᠠᠭᠰᠠᠨ ᠬᠡᠷᠡᠭᠵᠢᠭᠦᠯᠬᠦ ᠡᠳᠦᠷ ᠬᠤᠭᠤᠴᠠᠭ᠎ᠠ᠎ᠠᠴᠠ ᠡᠮᠦᠨ᠎ᠡ ᠬᠡᠷᠡᠭᠵᠢᠭᠦᠯᠬᠦ ᠵᠢᠨ ᠬᠠᠮᠲᠤ ᠤᠷᠢᠳᠴᠢᠯᠠᠨ ᠬᠡᠷᠡᠭᠵᠢᠭᠦᠯᠦᠭᠰᠡᠨ ᠪᠠᠶ᠋ᠢᠳᠠᠯ ᠵᠶ᠋ᠠᠨ ᠢᠯᠡ᠎ᠪᠠᠷ ᠨᠡᠶ᠋ᠢᠲᠡᠯᠡᠵᠦ ᠪᠣᠯᠤᠨ᠎ᠠ᠃
ᠠᠷᠪᠠᠨ ᠳᠥᠷᠪᠡᠳᠦᠭᠡᠷ ᠵᠤᠷᠪᠤᠰ ᠢᠳᠡᠭᠡᠨ ᠦᠢᠯᠡᠳᠪᠦᠷᠢᠯᠡᠬᠦ ᠠᠵᠤ ᠠᠬᠤᠶ᠋ᠢᠯᠠᠯ᠎ᠨᠢ ᠢᠳᠡᠭᠡᠨ᠎ᠤ ᠠᠶᠤᠯᠭᠦᠶ ᠵᠢᠨ ᠤᠯᠤᠰ᠎ᠤᠨ ᠪᠠᠷᠢᠮᠵᠢᠶ᠎ᠠ ᠪᠤᠶᠤ ᠣᠷᠣᠨ ᠨᠤᠲᠤᠭ᠎ᠤᠨ ᠪᠠᠷᠢᠮᠵᠢᠶ᠎ᠠ ᠵᠢᠨ ᠱᠠᠭ᠋ᠠᠷᠳᠠᠯᠭ᠎ᠠ᠎ᠠᠴᠠ ᠳᠣᠤᠷ᠎ᠠ ᠠᠵᠤ ᠠᠬᠤᠶ᠋ᠢᠯᠠᠯ᠎ᠤᠨ ᠪᠠᠷᠢᠮᠵᠢᠶ᠎ᠠ ᠵᠢ ᠲᠣᠭᠲᠠᠭ᠋ᠠᠵᠤ ᠪᠣᠯᠬᠤ ᠦᠭᠡᠢ᠃ ᠢᠳᠡᠭᠡᠨ ᠦᠢᠯᠡᠳᠪᠦᠷᠢᠯᠡᠬᠦ ᠠᠵᠤ ᠠᠬᠤᠶ᠋ᠢᠯᠠᠯ ᠢᠳᠡᠭᠡᠨ᠎ᠤ ᠠᠶᠤᠯᠭᠦᠶ ᠵᠢᠨ ᠭᠦᠢᠴᠡᠳᠬᠡᠬᠦ ᠲᠣᠭ᠎ᠠ ᠵᠢ ᠢᠳᠡᠭᠡᠨ᠎ᠤ ᠠᠶᠤᠯᠭᠦᠶ ᠵᠢᠨ ᠤᠯᠤᠰ᠎ᠤᠨ ᠪᠠᠷᠢᠮᠵᠢᠶ᠎ᠠ ᠪᠤᠶᠤ ᠣᠷᠣᠨ ᠨᠤᠲᠤᠭ᠎ᠤᠨ ᠪᠠᠷᠢᠮᠵᠢᠶ᠎ᠠ᠎ᠠᠴᠠ   ᠦᠨᠳᠦᠷ ᠠᠵᠤ ᠠᠬᠤᠶ᠋ᠢᠯᠠᠯ᠎ᠤᠨ ᠪᠠᠷᠢᠮᠵᠢᠶ᠎ᠠ ᠵᠢ ᠲᠣᠭᠲᠠᠭ᠋ᠠᠬᠤ᠎ᠳᠤ ᠬᠦᠷᠪᠡᠯ᠂ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃
ᠢᠳᠡᠭᠡᠨ ᠦᠢᠯᠡᠳᠪᠦᠷᠢᠯᠡᠬᠦ ᠠᠵᠤ ᠠᠬᠤᠶ᠋ᠢᠯᠠᠯ᠎ᠨᠢ ᠠᠵᠤ ᠠᠬᠤᠶ᠋ᠢᠯᠠᠯ᠎ᠤᠨ ᠪᠠᠷᠢᠮᠵᠢᠶ᠎ᠠ ᠲᠣᠭᠲᠠᠭ᠋ᠠᠭᠰᠠᠨ ᠪᠠᠢ᠌ᠪᠠᠯ᠂ ᠢᠯᠡ ᠪᠣᠯᠭ᠋ᠠᠵᠤ᠂ ᠣᠯᠠᠨ ᠨᠡᠶ᠋ᠢᠲᠡ᠎ᠳᠤ ᠦᠨ᠎ᠡ ᠲᠥᠯᠥᠪᠦᠷᠢ ᠦᠭᠡᠢ᠎ᠪᠠᠷ ᠪᠠᠶ᠋ᠢᠴᠠᠭ᠋ᠠᠨ ᠦᠵᠡᠭᠦᠯᠬᠦ ᠬᠡᠷᠡᠭᠲᠡᠶ᠃
ᠳᠥᠷᠪᠡᠳᠦᠭᠡᠷ ᠪᠦᠯᠦᠭ ᠢᠳᠡᠭᠡᠨ᠎ᠤ ᠦᠢᠯᠡᠳᠪᠦᠷᠢᠯᠡᠯ ᠡᠵᠡᠩᠨᠡᠯᠲᠡ
ᠠᠷᠪᠠᠨ ᠲᠠᠪᠤᠳᠤᠭ᠋ᠠᠷ ᠵᠤᠷᠪᠤᠰ ᠢᠳᠡᠭᠡᠨ᠎ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠬᠦᠴᠦᠨ᠎ᠲᠠᠢ ᠬᠤᠭᠤᠴᠠᠭ᠎ᠠ᠎ᠨᠢ 5 ᠵᠢᠯ ᠪᠣᠯᠤᠨ᠎ᠠ᠃
ᠢᠳᠡᠭᠡᠨ ᠦᠢᠯᠡᠳᠪᠦᠷᠢᠯᠡᠨ ᠡᠵᠡᠩᠨᠡᠭᠴᠢ ᠵᠢᠨ ᠦᠢᠯᠡᠳᠪᠦᠷᠢᠯᠡᠯ ᠡᠵᠡᠩᠨᠡᠯᠲᠡ ᠵᠢᠨ ᠨᠥᠬᠥᠴᠡᠯ᠎ᠳᠤ ᠬᠤᠪᠢᠷᠠᠯᠲᠠ ᠭᠠᠷᠴᠤ᠂ ᠢᠳᠡᠭᠡᠨ᠎ᠤ ᠦᠢᠯᠡᠳᠪᠦᠷᠢᠯᠡᠯ ᠡᠵᠡᠩᠨᠡᠯᠲᠡ ᠵᠢᠨ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ ᠪᠣᠯᠤᠭᠰᠠᠨ ᠪᠠᠢ᠌ᠪᠠᠯ᠂ ᠢᠳᠡᠭᠡᠨ ᠦᠢᠯᠡᠳᠪᠦᠷᠢᠯᠡᠨ ᠡᠵᠡᠩᠨᠡᠭᠴᠢ ᠲᠡᠷᠡ ᠳᠠᠷᠤᠶ᠎ᠳᠤᠨᠢ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠠᠪᠬᠤ ᠬᠡᠷᠡᠭᠲᠡᠶ; ᠵᠥᠪᠰᠢᠶᠡᠷᠡᠯ᠎ᠤᠨ ᠭᠠᠷ ᠬᠦᠢ᠍ᠴᠡᠳᠬᠡᠯ᠎ᠢ ᠳᠠᠬᠢᠵᠤ ᠭᠦᠢᠴᠡᠳᠬᠡᠬᠦ ᠴᠢᠬᠤᠯᠠᠲᠠᠶ ᠪᠣᠯ ᠬᠠᠤᠯᠢ ᠶᠣᠰᠣᠭ᠋ᠠᠷ ᠭᠦᠢᠴᠡᠳᠬᠡᠬᠦ ᠬᠡᠷᠡᠭᠲᠡᠶ᠃
ᠠᠷᠪᠠᠨ ᠵᠢᠷᠭᠤᠳᠤᠭ᠋ᠠᠷ ᠵᠤᠷᠪᠤᠰ ᠲᠥᠷᠦ ᠵᠢᠨ ᠶᠠᠪᠤᠳᠠᠯ᠎ᠤᠨ ᠬᠣᠷᠢᠶᠠᠨ᠎ᠤ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠢᠳᠡᠭᠡᠨ᠎ᠤ ᠲᠦᠭᠦᠬᠡᠶ ᠮᠠᠲ᠋ᠧᠷᠢᠶᠠᠯ᠂ ᠢᠳᠡᠭᠡᠨ᠎ᠤ ᠨᠡᠮᠡᠯᠲᠡ ᠡᠳ᠋᠎ᠤᠨ ᠰᠢᠨ᠎ᠡ ᠲᠥᠷᠥᠯ ᠵᠦᠢᠯ ᠪᠠ ᠢᠳᠡᠭᠡᠨ᠎ᠲᠠᠢ ᠬᠣᠯᠪᠣᠭᠳᠠᠬᠤ ᠪᠦᠲᠦᠭᠡᠭᠳᠡᠬᠦᠨ᠎ᠤ ᠰᠢᠨ᠎ᠡ ᠲᠥᠷᠥᠯ ᠵᠦᠢᠯ᠎ᠤᠨ ᠭᠠᠷᠴᠠᠭ ᠵᠢᠴᠢ ᠬᠡᠷᠡᠭᠯᠡᠵᠦ ᠪᠠᠢ᠌ᠭ᠎ᠠ ᠢᠳᠡᠭᠡᠨ᠎ᠤ ᠠᠶᠤᠯᠭᠦᠶ ᠵᠢᠨ ᠲᠤᠬᠠᠶ ᠤᠯᠤᠰ᠎ᠤᠨ ᠪᠠᠷᠢᠮᠵᠢᠶ᠎ᠠ ᠵᠢ ᠴᠠᠭ ᠲᠤᠬᠠᠶ᠎ᠳᠤᠨᠢ ᠨᠡᠶ᠋ᠢᠲᠡᠯᠡᠬᠦ ᠬᠡᠷᠡᠭᠲᠡᠶ᠃
ᠤᠯᠠᠮᠵᠢᠯᠠᠯ ᠶᠣᠰᠣᠭ᠋ᠠᠷ ᠢᠳᠡᠭᠡᠨ ᠪᠣᠯᠬᠤ ᠮᠥᠷᠲᠡᠭᠡᠨ ᠪᠠᠰᠠ ᠬᠢᠲᠠᠳ ᠡᠮ᠎ᠤᠨ ᠮᠠᠲ᠋ᠧᠷᠢᠶᠠᠯ ᠪᠣᠯᠬᠤ ᠪᠣᠳᠠᠰ᠎ᠤᠨ ᠭᠠᠷᠴᠠᠭ᠎ᠢ ᠲᠥᠷᠦ ᠵᠢᠨ ᠶᠠᠪᠤᠳᠠᠯ᠎ᠤᠨ ᠬᠣᠷᠢᠶᠠᠨ᠎ᠤ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠲᠥᠷᠦ ᠵᠢᠨ ᠶᠠᠪᠤᠳᠠᠯ᠎ᠤᠨ ᠬᠣᠷᠢᠶᠠᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠴᠠᠭ ᠲᠤᠬᠠᠶ᠎ᠳᠤᠨᠢ ᠰᠢᠨᠡᠳᠬᠡᠬᠦ ᠬᠡᠷᠡᠭᠲᠡᠶ᠃
ᠠᠷᠪᠠᠨ ᠳᠣᠯᠣᠳᠤᠭ᠋ᠠᠷ ᠵᠤᠷᠪᠤᠰ ᠲᠥᠷᠦ ᠵᠢᠨ ᠶᠠᠪᠤᠳᠠᠯ᠎ᠤᠨ ᠬᠣᠷᠢᠶᠠᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠲᠥᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ᠎ᠤᠨ ᠵᠠᠰᠠᠭ ᠵᠠᠬᠢᠷᠭ᠎ᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠢᠳᠡᠭᠡᠨ᠎ᠤ ᠠᠶᠤᠯᠭᠦᠶ ᠵᠢᠨ ᠪᠦᠬᠦ ᠶᠠᠪᠤᠴᠠ ᠵᠢ ᠮᠥᠷᠳᠡᠨ ᠤᠬᠤᠴᠢᠯᠠᠬᠤ ᠦᠨᠳᠦᠰᠦᠨ ᠱᠠᠭ᠋ᠠᠷᠳᠠᠯᠭ᠎ᠠ ᠵᠢ ᠲᠣᠳᠣᠷᠬᠠᠶ᠋ᠢᠯᠠᠵᠤ᠂ ᠢᠳᠡᠭᠡᠨ ᠦᠢᠯᠡᠳᠪᠦᠷᠢᠯᠡᠨ ᠡᠵᠡᠩᠨᠡᠭᠴᠢ ᠵᠢᠨ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ ᠵᠶ᠋ᠠᠷ ᠢᠳᠡᠭᠡᠨ᠎ᠤ ᠠᠶᠤᠯᠭᠦᠶ ᠵᠢᠨ ᠮᠥᠷᠳᠡᠨ ᠤᠬᠤᠴᠢᠯᠠᠬᠤ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠬᠦ ᠵᠢ ᠵᠢᠭ᠋ᠠᠨ ᠵᠢᠯᠣᠭᠣᠳᠤᠨ᠎ᠠ᠃
ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢᠯᠬ᠎ᠠ ᠬᠡᠤᠬᠡᠳ᠎ᠤᠨ ᠢᠳᠡᠭᠡᠨ᠎ᠤ ᠨᠠᠶ᠋ᠢᠷᠠᠯᠭ᠎ᠠ᠎ᠲᠠᠢ ᠢᠳᠡᠭᠡᠨ ᠵᠡᠷᠭᠡ ᠣᠨᠴᠠ ᠲᠣᠭᠲᠠᠭᠰᠠᠨ ᠬᠥᠮᠦᠰ᠎ᠲᠤ ᠴᠢᠭᠯᠡᠭᠦᠯᠦᠭᠰᠡᠨ ᠢᠳᠡᠭᠡᠨ ᠵᠢᠴᠢ ᠢᠳᠡᠭᠡᠨ᠎ᠤ ᠠᠶᠤᠯᠭᠦᠶ ᠵᠢᠨ ᠪᠤᠰᠤᠳ ᠠᠶᠤᠯ ᠲᠦᠭᠰᠢᠭᠦᠷᠢ᠎ᠪᠠᠷ ᠨᠡᠯᠢᠶᠡᠳ ᠥᠨᠳᠥᠷ ᠪᠤᠶᠤ ᠪᠣᠷᠣᠯᠠᠭᠤᠯᠬᠤ ᠬᠡᠮᠵᠢᠶ᠎ᠡ᠎ᠪᠠᠷ ᠶᠡᠬᠡ ᠢᠳᠡᠭᠡᠨ᠎ᠤ ᠮᠥᠷᠳᠡᠨ ᠨᠡᠬᠡᠮᠵᠢᠯᠡᠬᠦ ᠰᠢᠰᠲ᠋ᠧᠮ᠎ᠤᠨ ᠪᠠᠶ᠋ᠢᠭᠤᠯᠤᠯᠲᠠ ᠵᠢ ᠬᠢᠨᠠᠨ ᠪᠠᠶ᠋ᠢᠴᠠᠭ᠋ᠠᠬᠤ ᠭᠣᠤᠯᠳᠠᠯᠭ᠎ᠠ ᠪᠣᠯᠭ᠋ᠠᠬᠤ ᠬᠡᠷᠡᠭᠲᠡᠶ᠃
ᠠᠷᠪᠠᠨ ᠨᠠᠢ᠍ᠮᠠᠳᠤᠭ᠋ᠠᠷ ᠵᠤᠷᠪᠤᠰ ᠢᠳᠡᠭᠡᠨ ᠦᠢ᠍ᠯᠡᠳᠪᠤᠷᠢᠯᠠᠨ ᠡᠵᠡᠩᠨᠡᠭᠴᠢ ᠢᠳᠡᠭᠡᠨ᠎ᠤ ᠠᠶᠤᠯᠬᠦᠢ ᠵᠢᠨ ᠮᠥᠷᠳᠡᠨ ᠤᠬᠤᠴᠢᠯᠠᠬᠤ ᠰᠢᠰᠲ᠋ᠧᠮᠵᠢ ᠵᠢ ᠪᠠᠶ᠋ᠢᠭᠤᠯᠵᠤ᠂ ᠢᠳᠡᠭᠡᠨ᠎ᠤ ᠠᠶᠤᠯᠬᠦᠢ ᠵᠢᠨ ᠬᠠᠤᠯᠢ ᠲᠣᠭᠲᠠᠭ᠋ᠠᠯ ᠶᠣᠰᠣᠭ᠋ᠠᠷ ᠪᠠᠷᠠᠭ᠎ᠠ ᠤᠷᠤᠭᠤᠯᠬᠤ   ᠰᠢᠯᠭ᠋ᠠᠨ ᠪᠠᠢ᠌ᠴᠠᠭ᠋ᠠᠯᠳᠠ᠂   ᠬᠦᠢ᠍ᠯᠡᠯᠭᠡ᠎ᠳᠤ   ᠤᠷᠤᠭᠤᠯᠬᠤ ᠰᠢᠯᠭ᠋ᠠᠨ ᠪᠠᠢ᠌ᠴᠠᠭ᠋ᠠᠯᠳᠠ᠂ ᠢᠳᠡᠭᠡᠨ᠎ᠤ ᠪᠣᠷᠣᠯᠠᠭᠤᠯᠭ᠎ᠠ ᠵᠡᠷᠭᠡ ᠮᠡᠳᠡᠭᠡ ᠵᠠᠩᠭᠢ ᠵᠢ ᠦᠨᠡᠨ ᠪᠣᠳᠠᠲᠠᠶ᠎ᠪᠠᠷ ᠲᠡᠮᠳᠡᠭᠯᠡᠬᠦ ᠵᠢᠨ ᠬᠠᠮᠲᠤ ᠬᠠᠳᠠᠭ᠋ᠠᠯᠠᠵᠤ᠂ ᠢᠳᠡᠭᠡᠨ᠎ᠤ ᠮᠥᠷᠳᠡᠨ ᠤᠬᠤᠴᠢᠯᠠᠵᠤ ᠪᠣᠯᠬᠤ ᠵᠢ ᠪᠠᠲᠤᠯᠠᠬᠤ ᠬᠡᠷᠡᠭᠲᠡᠶ᠃
ᠠᠷᠪᠠ ᠶᠢᠰᠦᠳᠦᠭᠡᠷ ᠵᠤᠷᠪᠤᠰ ᠢᠳᠡᠭᠡᠨ ᠦᠢ᠍ᠯᠡᠳᠪᠦᠷᠢᠯᠡᠨ ᠡᠵᠡᠩᠨᠡᠭᠴᠢ ᠠᠵᠤ ᠠᠬᠤᠶ᠋ᠢᠯᠠᠯ᠎ᠤᠨ ᠭᠣᠤᠯ ᠬᠠᠷᠢᠭᠤᠴᠠᠯᠭ᠋ᠠᠲᠠᠨ᠎ᠨᠢ ᠲᠣᠰ ᠠᠵᠤ ᠠᠬᠤᠶ᠋ᠢᠯᠠᠯ᠎ᠤᠨ ᠵᠶ᠋ᠠᠨ ᠢᠳᠡᠭᠡᠨ᠎ᠤ ᠠᠶᠤᠯᠬᠦᠢ ᠵᠢᠨ ᠠᠵᠢᠯ᠎ᠢ ᠪᠦᠬᠦ ᠲᠠᠯ᠎ᠠ᠎ᠪᠠᠷ ᠬᠠᠷᠢᠭᠤᠴᠠᠵᠤ᠂ ᠲᠣᠰ ᠠᠵᠤ ᠠᠬᠤᠶ᠋ᠢᠯᠠᠯ᠎ᠤᠨ ᠵᠶ᠋ᠠᠨ ᠢᠳᠡᠭᠡᠨ᠎ᠤ ᠠᠶᠤᠯᠬᠦᠢ ᠵᠢᠨ ᠬᠠᠷᠢᠭᠤᠴᠠᠯᠭ᠎ᠠ ᠵᠢᠨ ᠳᠦᠷᠢᠮ᠎ᠢ ᠪᠠᠶ᠋ᠢᠭᠤᠯᠤᠨ ᠨᠠᠢ᠌ᠳᠠᠪᠤᠷᠢᠵᠢᠭᠤᠯᠬᠤ᠂ ᠬᠤᠳᠠᠯᠳᠤᠭᠴᠢ ᠵᠢ ᠬᠠᠮᠢᠶᠠᠷᠬᠤ᠂ ᠪᠠᠷᠠᠭ᠎ᠠ ᠤᠷᠤᠭᠤᠯᠬᠤ ᠰᠢᠯᠭ᠋ᠠᠨ ᠪᠠᠢ᠌ᠴᠠᠭ᠋ᠠᠯᠳᠠ ᠪᠠ   ᠬᠦᠢ᠍ᠯᠡᠯᠭᠡ᠎ᠳᠤ ᠤᠷᠤᠭᠤᠯᠬᠤ ᠰᠢᠯᠭ᠋ᠠᠨ ᠪᠠᠢ᠌ᠴᠠᠭ᠋ᠠᠯᠳᠠ᠂ ᠦᠢᠯᠡᠳᠪᠦᠷᠢᠯᠡᠵᠦ ᠡᠵᠡᠩᠨᠡᠬᠦ ᠶᠠᠪᠤᠴᠠ ᠵᠢ ᠡᠵᠡᠮᠳᠡᠬᠦ᠂ ᠢᠳᠡᠭᠡᠨ᠎ᠤ ᠠᠶᠤᠯᠬᠦᠢ ᠵᠢ ᠥᠪᠡᠷ᠎ᠲᠡᠭᠡᠨ ᠪᠠᠶ᠋ᠢᠴᠠᠭ᠋ᠠᠬᠤ ᠵᠡᠷᠭᠡ ᠠᠵᠢᠯ᠎ᠢ ᠴᠢᠩᠭ᠋ᠠᠳᠬᠠᠬᠤ ᠬᠡᠷᠡᠭᠲᠡᠶ᠃ ᠢᠳᠡᠭᠡᠨ ᠦᠢ᠍ᠯᠡᠳᠪᠤᠷᠢᠯᠡᠨ ᠡᠵᠡᠩᠨᠡᠭᠴᠢ ᠠᠵᠤ ᠠᠬᠤᠶ᠋ᠢᠯᠠᠯ᠎ᠤᠨ ᠢᠳᠡᠭᠡᠨ᠎ᠤ ᠠᠶᠤᠯᠭᠦᠶ ᠵᠢᠨ ᠬᠠᠮᠢᠶᠠᠷᠤᠯᠲᠠ ᠵᠢᠨ ᠠᠵᠢᠯᠲᠠᠨ᠎ᠨᠢ ᠠᠵᠤ ᠠᠬᠤᠶ᠋ᠢᠯᠠᠯ᠎ᠤᠨ ᠭᠣᠤᠯ ᠬᠠᠷᠢᠭᠤᠴᠠᠯᠭ᠋ᠠᠲᠠᠨ᠎ᠢ ᠬᠠᠪᠰᠤᠷᠴᠤ ᠢᠳᠡᠭᠡᠨ᠎ᠤ ᠠᠶᠤᠯᠭᠦᠶ ᠵᠢᠨ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠶ᠃
ᠬᠣᠷᠢᠳᠤᠭ᠋ᠠᠷ ᠵᠤᠷᠪᠤᠰ   ᠢᠳᠡᠭᠡᠨ᠎ᠢ ᠦᠢ᠍ᠯᠡᠳᠪᠤᠷᠢᠯᠡᠨ ᠡᠵᠡᠩᠨᠡᠭᠴᠢ ᠠᠵᠤ ᠠᠬᠤᠶ᠋ᠢᠯᠠᠯ ᠢᠳᠡᠭᠡᠨ᠎ᠤ ᠠᠶᠤᠯᠭᠦᠶ ᠵᠢᠨ ᠬᠠᠮᠢᠶᠠᠷᠤᠯᠲᠠ ᠵᠢᠨ ᠠᠵᠢᠯᠲᠠᠨ᠎ᠢ ᠪᠣᠯᠪᠠᠰᠤᠷᠠᠭᠤᠯᠬᠤ ᠪᠠ ᠬᠢᠨᠠᠨ ᠰᠢᠯᠭ᠋ᠠᠬᠤ᠎ᠪᠠᠨ ᠴᠢᠩᠭ᠋ᠠᠳᠬᠠᠬᠤ ᠬᠡᠷᠡᠭᠲᠡᠶ᠃ ᠢᠳᠡᠭᠡᠨ᠎ᠤ ᠠᠶᠤᠯᠭᠦᠶ ᠵᠢᠨ ᠬᠠᠮᠢᠶᠠᠷᠤᠯᠲᠠ ᠵᠢᠨ ᠠᠵᠢᠯᠲᠠᠨ ᠠᠵᠢᠯ᠎ᠤᠨ ᠪᠠᠶ᠋ᠢᠷᠢ᠎ᠲᠠᠢ᠎ᠪᠠᠨ ᠵᠣᠬᠢᠴᠠᠭᠰᠠᠨ ᠢᠳᠡᠭᠡᠨ᠎ᠤ ᠠᠶᠤᠯᠭᠦᠶ ᠵᠢᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠪᠠᠷᠢᠮᠵᠢᠶ᠎ᠠ ᠪᠠ ᠲᠤᠰᠬᠠᠶ ᠮᠡᠷᠭᠡᠵᠢᠯ᠎ᠤᠨ ᠮᠡᠳᠡᠯᠭᠡ ᠵᠢ ᠡᠵᠡᠮᠰᠢᠵᠦ᠂ ᠢᠳᠡᠭᠡᠨ᠎ᠤ ᠠᠶᠤᠯᠭᠦᠶ ᠵᠢᠨ ᠬᠠᠮᠢᠶᠠᠷᠤᠯᠲᠠ ᠵᠢᠨ ᠴᠢᠳᠠᠪᠤᠷᠢ᠎ᠲᠠᠢ ᠪᠠᠢ᠌ᠬᠤ ᠬᠡᠷᠡᠭᠲᠡᠶ᠃ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠠᠵᠤ ᠠᠬᠤᠶ᠋ᠢᠯᠠᠯ᠎ᠤᠨ ᠢᠳᠡᠭᠡᠨ᠎ᠤ ᠠᠶᠤᠯᠭᠦᠶ ᠵᠢᠨ ᠬᠠᠮᠢᠶᠠᠷᠤᠯᠲᠠ ᠵᠢᠨ ᠠᠵᠢᠯᠲᠠᠨ᠎ᠳᠤ ᠲᠣᠬᠢᠶᠠᠯᠳᠤᠯ ᠵᠶ᠋ᠠᠷ ᠬᠢᠨᠠᠯᠲᠠ ᠲᠠᠯᠪᠢᠵᠤ ᠰᠣᠩᠭᠣᠨ ᠪᠠᠶ᠋ᠢᠴᠠᠭ᠋ᠠᠵᠤ ᠰᠢᠯᠭ᠋ᠠᠨ ᠬᠢᠨᠠᠬᠤ ᠬᠡᠷᠡᠭᠲᠡᠶ᠃ ᠬᠢᠨᠠᠨ ᠰᠢᠯᠭ᠋ᠠᠬᠤ ᠵᠦᠭᠯᠡᠭᠦᠷ᠎ᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠣᠭᠲᠠᠭ᠋ᠠᠵᠤ ᠨᠡᠶ᠋ᠢᠲᠡᠯᠡᠨ᠎ᠡ᠃
ᠬᠣᠷᠢᠨ ᠨᠢᠭᠡᠳᠦᠭᠡᠷ ᠵᠤᠷᠪᠤᠰ ᠢᠳᠡᠭᠡᠨ᠂ ᠢᠳᠡᠭᠡᠨ᠎ᠤ ᠨᠡᠮᠡᠯᠲᠡ ᠡᠳ᠋ ᠦᠢᠯᠡᠳᠪᠦᠷᠢᠯᠡᠨ ᠡᠵᠡᠩᠨᠡᠭᠴᠢ ᠢᠳᠡᠭᠡᠨ᠂ ᠢᠳᠡᠭᠡᠨ᠎ᠤ ᠨᠡᠮᠡᠯᠲᠡ ᠡᠳ᠋ ᠦᠢᠯᠡᠳᠪᠦᠷᠢᠯᠡᠬᠦ᠎ᠪᠠᠷ ᠨᠠᠶ᠋ᠢᠳᠠᠭᠰᠠᠨ ᠪᠠᠢ᠌ᠪᠠᠯ᠂ ᠢᠳᠡᠭᠡᠨ ᠦᠢᠯᠡᠳᠪᠦᠷᠢᠯᠡᠬᠦ ᠵᠥᠪᠰᠢᠶᠡᠷᠡᠯ᠂ ᠢᠳᠡᠭᠡᠨ᠎ᠤ ᠨᠡᠮᠡᠯᠲᠡ ᠡᠳ᠋ ᠦᠢᠯᠡᠳᠪᠦᠷᠢᠯᠡᠬᠦ ᠵᠥᠪᠰᠢᠶᠡᠷᠡᠯ ᠣᠯᠤᠭᠰᠠᠨ ᠦᠢᠯᠡᠳᠪᠦᠷᠢᠯᠡᠭᠴᠢ᠎ᠳᠤ ᠨᠠᠶ᠋ᠢᠳᠠᠵᠤ ᠦᠢᠯᠡᠳᠪᠦᠷᠢᠯᠡᠭᠦᠯᠬᠦ ᠬᠡᠷᠡᠭᠲᠡᠶ ᠪᠥᠭᠡᠳ ᠦᠢᠯᠡᠳᠪᠦᠷᠢᠯᠡᠬᠦ ᠦᠢ᠍ᠯᠡ ᠠᠵᠢᠯᠯᠠᠭ᠎ᠠ᠎ᠳᠠᠭᠠᠨ ᠬᠢᠨᠠᠯᠲᠠ ᠲᠠᠯᠪᠢᠵᠤ᠂ ᠦᠢᠯᠡᠳᠪᠦᠷᠢᠯᠡᠭᠦᠯᠬᠦ᠎ᠪᠠᠷ ᠨᠠᠶ᠋ᠢᠳᠠᠭᠰᠠᠨ ᠢᠳᠡᠭᠡᠨ᠂ ᠢᠳᠡᠭᠡᠨ᠎ᠤ ᠨᠡᠮᠡᠯᠲᠡ ᠡᠳ᠋᠎ᠤᠨ ᠠᠶᠤᠯᠭᠦᠶ ᠪᠠᠢ᠌ᠬᠤ᠎ᠳᠤ ᠬᠠᠷᠢᠭᠤᠴᠠᠬᠤ ᠬᠡᠷᠡᠭᠲᠡᠶ᠃ ᠨᠠᠶ᠋ᠢᠳᠠᠯᠭ᠎ᠠ ᠬᠦᠯᠢᠶᠡᠭᠰᠡᠨ ᠲᠠᠯ᠎ᠠ᠎ᠨᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠢᠳᠡᠭᠡᠨ᠎ᠤ ᠠᠶᠤᠯᠭᠦᠶ ᠵᠢᠨ ᠪᠠᠷᠢᠮᠵᠢᠶ᠎ᠠ ᠵᠢᠴᠢ ᠭᠡᠷ᠎ᠡ᠎ᠳᠤ ᠪᠣᠯᠵᠣᠨ ᠲᠣᠭᠲᠠᠭᠰᠠᠨ ᠶᠣᠰᠣᠭ᠋ᠠᠷ ᠦᠢᠯᠡᠳᠪᠦᠷᠢᠯᠡᠯ ᠬᠢᠵᠦ᠂ ᠦᠢᠯᠡᠳᠪᠦᠷᠢᠯᠡᠯ᠎ᠤᠨ ᠦᠢ᠍ᠯᠡ ᠠᠵᠢᠯᠯᠠᠭ᠎ᠠ᠎ᠳᠤ ᠬᠠᠷᠢᠭᠤᠴᠠᠬᠤ ᠬᠡᠷᠡᠭᠲᠡᠶ ᠪᠥᠭᠡᠳ ᠨᠠᠶ᠋ᠢᠳᠠᠭᠰᠠᠨ ᠲᠠᠯ᠎ᠠ ᠵᠢᠨ ᠬᠢᠨᠠᠯᠲᠠ ᠵᠢ ᠬᠦᠯᠢᠶᠡᠬᠦ ᠬᠡᠷᠡᠭᠲᠡᠶ᠃
ᠬᠣᠷᠢᠨ ᠬᠣᠶᠠᠳᠤᠭ᠋ᠠᠷ ᠵᠤᠷᠪᠤᠰ ᠢᠳᠡᠭᠡᠨ ᠦᠢᠯᠡᠳᠪᠦᠷᠢᠯᠡᠨ ᠡᠵᠡᠩᠨᠡᠭᠴᠢ ᠢᠳᠡᠭᠡᠨ ᠦᠢᠯᠡᠳᠪᠦᠷᠢᠯᠡᠬᠦ᠂ ᠪᠣᠯᠪᠠᠰᠤᠷᠠᠭᠤᠯᠬᠤ ᠲᠠᠯᠠᠪᠤᠷ᠎ᠲᠤ ᠲᠤᠰ ᠳᠦᠷᠢᠮ᠎ᠤᠨ ᠵᠢᠷᠠᠨ ᠭᠤᠷᠪᠠᠳᠤᠭ᠋ᠠᠷ   ᠵᠤᠷᠪᠤᠰ᠎ᠤᠨ ᠲᠣᠭᠲᠠᠭ᠋ᠠᠯ ᠶᠣᠰᠣᠭ᠋ᠠᠷ ᠲᠣᠭᠲᠠᠭ᠋ᠠᠭᠰᠠᠨ ᠨᠡᠷᠡᠰ᠎ᠤᠨ ᠵᠢᠭᠰᠠᠭ᠋ᠠᠯᠲᠠ᠎ᠳᠠᠬᠢ ᠡᠳ᠋ ᠪᠣᠳᠠᠰ᠎ᠢ ᠬᠠᠳᠠᠭ᠋ᠠᠯᠠᠵᠤ ᠪᠣᠯᠬᠤ ᠦᠭᠡᠢ᠃
ᠬᠣᠷᠢᠨ ᠭᠤᠷᠪᠠᠳᠤᠭ᠋ᠠᠷ ᠵᠤᠷᠪᠤᠰ ᠢᠳᠡᠭᠡᠨ᠎ᠢ ᠰᠠᠴᠤᠷᠠᠭ ᠵᠶ᠋ᠠᠷ ᠪᠣᠯᠪᠠᠰᠤᠷᠠᠭᠤᠯᠬᠤ᠎ᠳᠠᠭᠠᠨ ᠢᠳᠡᠭᠡᠨ᠎ᠤ ᠠᠶᠤᠯᠭᠦᠶ ᠵᠢᠨ ᠲᠤᠬᠠᠶ ᠤᠯᠤᠰ᠎ᠤᠨ ᠪᠠᠷᠢᠮᠵᠢᠶ᠎ᠠ ᠵᠢ ᠵᠢᠷᠤᠮᠯᠠᠬᠤ ᠬᠡᠷᠡᠭᠲᠡᠶ ᠪᠥᠭᠡᠳ ᠢᠳᠡᠭᠡᠨ᠎ᠤ ᠠᠶᠤᠯᠭᠦᠶ ᠵᠢᠨ ᠲᠤᠬᠠᠶ ᠤᠯᠤᠰ᠎ᠤᠨ ᠪᠠᠷᠢᠮᠵᠢᠶ᠎ᠠ ᠵᠢᠨ ᠱᠠᠭ᠋ᠠᠷᠳᠠᠯᠭ᠎ᠠ ᠶᠣᠰᠣᠭ᠋ᠠᠷ ᠰᠠᠴᠤᠷᠠᠭ ᠵᠶ᠋ᠠᠷ ᠪᠣᠯᠪᠠᠰᠤᠷᠠᠭᠤᠯᠤᠭᠰᠠᠨ ᠢᠳᠡᠭᠡᠨ᠎ᠢ ᠰᠢᠯᠭ᠋ᠠᠨ ᠪᠠᠶ᠋ᠢᠴᠠᠭ᠋ᠠᠬᠤ ᠪᠠ ᠲᠡᠮᠳᠡᠭ ᠬᠠᠳᠠᠬᠤ ᠬᠡᠷᠡᠭᠲᠡᠶ᠃
ᠬᠣᠷᠢᠨ ᠳᠥᠷᠪᠡᠳᠦᠭᠡᠷ ᠵᠤᠷᠪᠤᠰ ᠳᠤᠯᠠᠭ᠋ᠠᠨ᠎ᠤ ᠬᠡᠮᠵᠢᠶ᠎ᠡ᠂ ᠴᠢᠬᠢᠭ᠎ᠤᠨ ᠬᠡᠮᠵᠢᠶ᠎ᠠ ᠵᠡᠷᠭᠡ ᠣᠨᠴᠠᠭ᠋ᠠᠢ ᠱᠠᠭ᠋ᠠᠷᠳᠠᠯᠭ᠎ᠠ᠎ᠲᠠᠢ ᠢᠳᠡᠭᠡᠨ᠎ᠢ ᠬᠠᠳᠠᠭ᠋ᠠᠯᠠᠬᠤ᠂ ᠲᠡᠭᠡᠭᠡᠪᠦᠷᠢᠯᠡᠬᠦ᠎ᠳᠡᠭᠡᠨ ᠳᠤᠯᠠᠭ᠋ᠠᠨ᠎ᠢ ᠬᠠᠳᠠᠭ᠋ᠠᠯᠠᠬᠤ᠂ ᠬᠦᠢ᠍ᠲᠡᠨ ᠵᠶ᠋ᠠᠷ ᠬᠠᠳᠠᠭ᠋ᠠᠯᠠᠬᠤ ᠪᠤᠶᠤ ᠬᠥᠯᠳᠡᠭᠡᠬᠦ ᠵᠡᠷᠭᠡ ᠲᠤᠨᠤᠭ ᠲᠥᠬᠥᠭᠡᠷᠦᠮᠵᠢ ᠵᠢ ᠪᠦᠷᠢᠳᠦᠭᠦᠯᠬᠦ ᠬᠡᠷᠡᠭᠲᠡᠶ ᠪᠥᠭᠡᠳ ᠪᠦᠲᠦᠮᠵᠢᠲᠡᠶ ᠠᠵᠢᠯᠯᠠᠬᠤ ᠵᠢ ᠪᠠᠲᠤᠯᠠᠬᠤ ᠬᠡᠷᠡᠭᠲᠡᠶ᠃
ᠬᠣᠷᠢᠨ ᠲᠠᠪᠤᠳᠤᠭ᠋ᠠᠷ ᠵᠤᠷᠪᠤᠰ ᠢᠳᠡᠭᠡᠨ ᠦᠢᠯᠡᠳᠪᠦᠷᠢᠯᠡᠨ ᠡᠵᠡᠩᠨᠡᠭᠴᠢ ᠢᠳᠡᠭᠡᠨ᠎ᠢ ᠬᠠᠳᠠᠭ᠋ᠠᠯᠠᠬᠤ᠂ ᠲᠡᠭᠡᠭᠡᠪᠦᠷᠢᠯᠡᠭᠦᠯᠬᠦ᠎ᠪᠠᠷ ᠨᠠᠶ᠋ᠢᠳᠠᠭᠰᠠᠨ ᠪᠠᠢ᠌ᠪᠠᠯ᠂ ᠨᠠᠶ᠋ᠢᠳᠠᠯᠭ᠎ᠠ ᠬᠦᠯᠢᠶᠡᠭᠰᠡᠨ ᠲᠠᠯ᠎ᠠ ᠵᠢᠨ ᠢᠳᠡᠭᠡᠨ᠎ᠤ ᠠᠶᠤᠯᠭᠦᠶ ᠵᠢᠨ ᠪᠠᠲᠤᠯᠠᠭ᠎ᠠ ᠵᠢᠨ ᠴᠢᠳᠠᠪᠤᠷᠢ ᠵᠢ ᠬᠢᠨᠠᠨ ᠬᠠᠷᠭᠤᠭᠤᠯᠬᠤ ᠵᠢᠨ ᠬᠠᠮᠲᠤ ᠨᠠᠶ᠋ᠢᠳᠠᠯᠭ᠎ᠠ ᠬᠦᠯᠢᠶᠡᠭᠰᠡᠨ ᠲᠠᠯ᠎ᠠ ᠵᠢᠨ ᠢᠳᠡᠭᠡᠨ᠎ᠤ ᠠᠶᠤᠯᠭᠦᠶ ᠵᠢ ᠪᠠᠲᠤᠯᠠᠬᠤ ᠱᠠᠭ᠋ᠠᠷᠳᠠᠯᠭ᠎ᠠ ᠶᠣᠰᠣᠭ᠋ᠠᠷ ᠢᠳᠡᠭᠡᠨ᠎ᠢ ᠬᠠᠳᠠᠭ᠋ᠠᠯᠠᠬᠤ᠂ ᠲᠡᠭᠡᠭᠡᠪᠦᠷᠢᠯᠡᠬᠦ᠎ᠳᠤ ᠬᠢᠨᠠᠯᠲᠠ ᠲᠠᠯᠪᠢᠬᠤ ᠬᠡᠷᠡᠭᠲᠡᠶ᠃ ᠨᠠᠶ᠋ᠢᠳᠠᠯᠭ᠎ᠠ ᠬᠦᠯᠢᠶᠡᠭᠰᠡᠨ ᠲᠠᠯ᠎ᠠ᠎ᠨᠢ ᠢᠳᠡᠭᠡᠨ᠎ᠢ ᠬᠠᠳᠠᠭ᠋ᠠᠯᠠᠬᠤ᠂ ᠲᠡᠭᠡᠭᠡᠪᠦᠷᠢᠯᠡᠬᠦ ᠨᠥᠬᠥᠴᠡᠯ᠎ᠢ ᠢᠳᠡᠭᠡᠨ᠎ᠤ ᠠᠶᠤᠯᠭᠦᠶ ᠵᠢᠨ ᠱᠠᠭ᠋ᠠᠷᠳᠠᠯᠭ᠎ᠠ᠎ᠳᠤ ᠨᠡᠶ᠋ᠢᠴᠡᠭᠦᠯᠬᠦ ᠵᠢ ᠪᠠᠲᠤᠯᠠᠵᠤ᠂ ᠢᠳᠡᠭᠡᠨ᠎ᠢ ᠬᠠᠳᠠᠭ᠋ᠠᠯᠠᠬᠤ᠂ ᠲᠡᠭᠡᠭᠡᠪᠦᠷᠢᠯᠡᠬᠦ ᠶᠠᠪᠤᠴᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠶ᠃
ᠢᠳᠡᠭᠡᠨ ᠦᠢ᠍ᠯᠡᠳᠪᠤᠷᠢᠯᠡᠨ ᠡᠵᠡᠩᠨᠡᠭᠴᠢ ᠵᠢᠨ ᠨᠠᠶ᠋ᠢᠳᠠᠯᠭ᠎ᠠ ᠵᠢ ᠬᠦᠯᠢᠶᠡᠵᠦ ᠢᠳᠡᠭᠡᠨ᠎ᠢ ᠬᠠᠳᠠᠭ᠋ᠠᠯᠠᠵᠤ᠂ ᠲᠡᠭᠡᠭᠡᠪᠦᠷᠢᠯᠡᠭᠰᠡᠨ ᠪᠠᠢ᠌ᠪᠠᠯ᠂ ᠨᠠᠶ᠋ᠢᠳᠠᠭᠰᠠᠨ ᠲᠠᠯ᠎ᠠ ᠪᠠ ᠪᠠᠷᠠᠭ᠎ᠠ ᠬᠦᠯᠢᠶᠡᠨ ᠠᠪᠤᠭᠰᠠᠨ ᠲᠠᠯ᠎ᠠ ᠵᠢᠨ ᠨᠡᠷᠡᠶ᠋ᠢᠳᠦᠯ᠂ ᠬᠠᠶᠢᠭ᠂ ᠬᠠᠷᠢᠯᠴᠠᠬᠤ ᠠᠷᠭ᠎ᠠ ᠵᠡᠷᠭᠡ ᠠᠭᠤᠯᠭ᠎ᠠ ᠵᠢ ᠦᠨᠡᠨ ᠮᠥᠨ ᠵᠶ᠋ᠠᠷ᠎ᠨᠢ ᠲᠡᠮᠳᠡᠭᠯᠡᠬᠦ ᠬᠡᠷᠡᠭᠲᠡᠶ᠃ ᠬᠠᠳᠠᠭ᠋ᠠᠯᠠᠬᠤ᠂ ᠲᠡᠭᠡᠭᠡᠪᠦᠷᠢᠯᠡᠬᠦ ᠠᠵᠢᠯᠯᠠᠭ᠋ᠠᠨ᠎ᠤ ᠲᠡᠮᠳᠡᠭᠯᠡᠯ ᠎ᠢ ᠬᠠᠳᠠᠭ᠋ᠠᠯᠠᠬᠤ ᠬᠤᠭᠤᠴᠠᠭ᠎ᠠ ᠵᠢ ᠬᠠᠳᠠᠭ᠋ᠠᠯᠠᠬᠤ᠂ ᠲᠡᠭᠡᠭᠡᠪᠦᠷᠢᠯᠡᠬᠦ ᠠᠵᠢᠯᠯᠠᠭ᠎ᠠ ᠳᠠᠭᠤᠰᠤᠭᠰᠠᠨ 2 ᠵᠢᠯ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠢ᠃
ᠢᠳᠡᠭᠡᠨ᠎ᠤ ᠪᠤᠰᠤ ᠦᠢᠯᠡᠳᠪᠦᠷᠢᠯᠡᠨ ᠡᠵᠡᠩᠨᠡᠭᠴᠢ ᠳᠤᠯᠠᠭ᠋ᠠᠨ᠎ᠤ ᠬᠡᠮᠵᠢᠶ᠎ᠡ᠂ ᠴᠢᠭᠢᠭ᠎ᠤᠨ ᠬᠡᠮᠵᠢᠶ᠎ᠠ ᠵᠡᠷᠭᠡ ᠣᠨᠴᠠᠭ᠋ᠠᠢ ᠱᠠᠭ᠋ᠠᠷᠳᠠᠯᠭ᠎ᠠ᠎ᠲᠠᠢ ᠢᠳᠡᠭᠡᠨ᠎ᠢ ᠬᠠᠳᠠᠭ᠋ᠠᠯᠠᠬᠤ ᠲᠤᠬᠠᠶ᠋ᠢᠯᠠᠭᠰᠠᠨ ᠠᠵᠢᠯ᠎ᠢ ᠡᠷᠬᠢᠯᠡᠬᠦ᠎ᠳᠤ ᠬᠦᠷᠪᠡᠯ᠂ ᠡᠵᠡᠩᠨᠡᠯᠲᠡ ᠵᠢᠨ ᠦᠨᠡᠮᠯᠡᠯ ᠣᠯᠤᠭᠰᠠᠨ ᠡᠳᠦᠷ᠎ᠠᠴᠠ ᠡᠬᠢᠯᠡᠨ 30 ᠠᠵᠢᠯᠯᠠᠬᠤ ᠡᠳᠦᠷ᠎ᠤᠨ ᠳᠣᠲᠣᠷ᠎ᠠ ᠪᠠᠢ᠌ᠭ᠎ᠠ ᠭᠠᠵᠠᠷ᠎ᠤᠨ ᠵᠶ᠋ᠠᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠳᠠᠩᠰᠠᠯᠠᠭᠤᠯᠬᠤ ᠬᠡᠷᠡᠭᠲᠡᠶ᠃
ᠬᠣᠷᠢᠨ ᠵᠢᠷᠭᠤᠳᠤᠭ᠋ᠠᠷ ᠵᠤᠷᠪᠤᠰ ᠢᠳᠡᠭᠡᠨ ᠤᠮᠳᠠᠭ᠋ᠠᠨ᠎ᠤ ᠦᠢ᠍ᠯᠡᠴᠢᠯᠡᠭᠡ ᠬᠠᠩᠭ᠋ᠠᠭᠴᠢ ᠢᠳᠡᠭᠡᠨ ᠤᠮᠳᠠᠭ᠋ᠠᠨ᠎ᠤ ᠰᠠᠪᠠ ᠬᠡᠷᠡᠭᠰᠡᠯ᠎ᠢ ᠲᠥᠪᠯᠡᠷᠡᠭᠦᠯᠦᠨ ᠠᠷᠢᠭᠤᠳᠬᠠᠬᠤ ᠦᠢᠯᠡᠴᠢᠯᠡᠭᠡᠨ᠎ᠤ ᠨᠢᠭᠡᠴᠡ᠎ᠳᠤ ᠨᠠᠶ᠋ᠢᠳᠠᠵᠤ ᠤᠬᠢᠶᠠᠨ ᠠᠷᠢᠭᠤᠳᠬᠠᠬᠤ ᠦᠢ᠍ᠯᠡᠴᠢᠯᠡᠭᠡ ᠬᠠᠩᠭ᠋ᠠᠯᠭ᠋ᠠᠬᠤ᠎ᠳᠤ᠂ ᠢᠳᠡᠭᠡᠨ ᠤᠮᠳᠠᠭ᠋ᠠᠨ᠎ᠤ ᠰᠠᠪᠠ ᠬᠡᠷᠡᠭᠰᠡᠯ᠎ᠢ ᠲᠥᠪᠯᠡᠷᠡᠭᠦᠯᠦᠨ ᠠᠷᠢᠭᠤᠳᠬᠠᠬᠤ ᠦᠢᠯᠡᠴᠢᠯᠡᠭᠡᠨ᠎ᠤ ᠨᠢᠭᠡᠴᠡ ᠵᠢᠨ ᠡᠵᠡᠩᠨᠡᠯᠲᠡ ᠵᠢᠨ ᠦᠨᠡᠮᠯᠡᠯ᠎ᠤᠨ ᠪᠠᠭᠤᠯᠭ᠋ᠠᠪᠤᠷᠢ ᠪᠣᠯᠤᠨ ᠠᠷᠢᠭᠤᠳᠬᠠᠬᠤ᠎ᠳᠤ ᠬᠢᠷᠢ ᠲᠡᠩᠴᠡᠭᠰᠡᠨ ᠭᠡᠷᠡᠴᠢ ᠵᠢ ᠪᠠᠶ᠋ᠢᠴᠠᠭ᠋ᠠᠨ ᠰᠢᠯᠭ᠋ᠠᠵᠤ᠂ ᠦᠯᠡᠳᠡᠭᠡᠨ ᠬᠠᠳᠠᠭ᠋ᠠᠯᠠᠬᠤ ᠬᠡᠷᠡᠭᠲᠡᠶ᠃ ᠬᠠᠳᠠᠭ᠋ᠠᠯᠠᠬᠤ ᠬᠤᠭᠤᠴᠠᠭ᠎ᠠ᠎ᠨᠢ ᠢᠳᠡᠭᠡᠨ ᠤᠮᠳᠠᠭ᠋ᠠᠨ ᠠᠷᠢᠭᠤᠳᠬᠠᠬᠤ᠎ᠳᠤ ᠬᠡᠷᠡᠭᠯᠡᠬᠦ ᠬᠤᠭᠤᠴᠠᠭ᠎ᠠ ᠲᠤᠯᠤᠭᠰᠠᠨ᠎ᠤ   ᠳᠠᠷᠠᠭ᠋ᠠᠬᠢ 6 ᠰᠠᠷ᠎ᠠ᠎ᠠᠴᠠ   ᠲᠤᠤᠷ᠎ᠠ ᠪᠠᠶ᠋ᠢᠵᠤ ᠪᠣᠯᠬᠤ ᠦᠭᠡᠢ᠃
ᠬᠣᠷᠢᠨ ᠳᠣᠯᠣᠳᠤᠭ᠋ᠠᠷ ᠵᠤᠷᠪᠤᠰ   ᠢᠳᠡᠭᠡᠨ ᠤᠮᠳᠠᠭ᠋ᠠᠨ᠎ᠤ   ᠰᠠᠪᠠ ᠬᠡᠷᠡᠭᠰᠡᠯ᠎ᠢ ᠲᠥᠪᠯᠡᠷᠡᠭᠦᠯᠦᠨ ᠠᠷᠢᠭᠤᠳᠬᠠᠬᠤ ᠦᠢᠯᠡᠴᠢᠯᠡᠭᠡᠨ᠎ᠤ ᠨᠢᠭᠡᠴᠡ ᠢᠳᠡᠭᠡᠨ ᠤᠮᠳᠠᠭ᠋ᠠᠨ᠎ᠤ   ᠰᠠᠪᠠ ᠬᠡᠷᠡᠭᠰᠡᠯ᠎ᠢ ᠬᠦᠢ᠍ᠯᠡᠯᠭᠡ᠎ᠳᠤ ᠤᠷᠤᠭᠤᠯᠬᠤ ᠰᠢᠯᠭ᠋ᠠᠨ ᠪᠠᠶ᠋ᠢᠴᠠᠭ᠋ᠠᠯᠲᠠ ᠵᠢᠨ ᠲᠡᠮᠳᠡᠭᠯᠡᠯ᠎ᠤᠨ ᠳᠦᠷᠢᠮ᠎ᠢ ᠪᠠᠶ᠋ᠢᠭᠤᠯᠵᠤ᠂ ᠦᠢᠯᠡᠳᠪᠦᠷᠢ᠎ᠠᠴᠠ ᠭᠠᠷᠭ᠋ᠠᠬᠤ ᠢᠳᠡᠭᠡᠨ ᠤᠮᠳᠠᠭ᠋ᠠᠨ᠎ᠤ ᠪᠠᠭ᠋ᠠᠵᠢ ᠬᠡᠷᠡᠭᠰᠡᠯ᠎ᠤᠨ ᠲᠣᠭ᠎ᠠ ᠬᠡᠮᠵᠢᠶ᠎ᠡ᠂ ᠠᠷᠢᠭᠤᠳᠬᠠᠭᠰᠠᠨ ᠡᠳᠦᠷ ᠬᠤᠭᠤᠴᠠᠭ᠎ᠠ ᠪᠣᠯᠤᠨ ᠵᠥᠪᠰᠢᠶᠡᠷᠡᠭᠰᠡᠨ ᠨᠣᠮᠧᠷ᠂ ᠬᠡᠷᠡᠭᠯᠡᠬᠦ ᠬᠤᠭᠤᠴᠠᠭ᠎ᠠ᠂ ᠬᠦᠢ᠍ᠯᠡᠯᠭᠡ᠎ᠳᠤ ᠤᠷᠤᠭᠤᠯᠤᠭᠰᠠᠨ ᠡᠳᠦᠷ ᠬᠤᠭᠤᠴᠠᠭ᠎ᠠ ᠵᠢᠴᠢ ᠨᠠᠶ᠋ᠢᠳᠠᠭᠰᠠᠨ ᠲᠠᠯ᠎ᠠ ᠵᠢᠨ ᠨᠡᠷᠡᠶ᠋ᠢᠳᠦᠯ᠂ ᠬᠠᠶᠢᠭ᠂ ᠬᠠᠷᠢᠯᠴᠠᠬᠤ ᠠᠷᠭ᠎ᠠ ᠵᠡᠷᠭᠡ ᠠᠭᠤᠯᠭ᠎ᠠ ᠵᠢ ᠦᠨᠡᠨ ᠮᠥᠨ ᠵᠶ᠋ᠠᠷ᠎ᠨᠢ ᠲᠡᠮᠳᠡᠭᠯᠡᠬᠦ ᠬᠡᠷᠡᠭᠲᠡᠶ᠃ ᠬᠦᠢ᠍ᠯᠡᠯᠭᠡ᠎ᠳᠤ ᠤᠷᠤᠭᠤᠯᠬᠤ ᠰᠢᠯᠭ᠋ᠠᠨ ᠪᠠᠶ᠋ᠢᠴᠠᠭ᠋ᠠᠭᠰᠠᠨ ᠲᠡᠮᠳᠡᠭᠯᠡᠯ᠎ᠢ ᠬᠠᠳᠠᠭ᠋ᠠᠯᠠᠬᠤ ᠬᠤᠭᠤᠴᠠᠭ᠎ᠠ ᠵᠢ ᠠᠷᠢᠭᠤᠳᠬᠠᠭᠰᠠᠨ ᠢᠳᠡᠭᠡᠨ ᠤᠮᠳᠠᠭ᠋ᠠᠨ᠎ᠤ ᠰᠠᠪᠠ ᠬᠡᠷᠡᠭᠰᠡᠯ᠎ᠤᠨ ᠬᠡᠷᠡᠭᠯᠡᠬᠦ ᠬᠤᠭᠤᠴᠠᠭ᠎ᠠ᠎ᠨᠢ ᠲᠤᠯᠤᠭᠰᠠᠨ᠎ᠤ ᠳᠠᠷᠠᠭ᠋ᠠᠬᠢ 6 ᠰᠠᠷ᠎ᠠ᠎ᠠᠴᠠ ᠲᠤᠤᠷ᠎ᠠ ᠪᠠᠶ᠋ᠢᠯᠭ᠋ᠠᠵᠤ ᠪᠣᠯᠬᠤ ᠦᠭᠡᠢ᠃ ᠠᠷᠢᠭᠤᠳᠬᠠᠭᠰᠠᠨ᠎ᠤ ᠳᠠᠷᠠᠭ᠋ᠠᠬᠢ ᠢᠳᠡᠭᠡᠨ ᠤᠮᠳᠠᠭ᠋ᠠᠨ᠎ᠤ ᠪᠠᠭ᠋ᠠᠵᠢ ᠬᠡᠷᠡᠭᠰᠡᠯ᠎ᠤᠨ ᠪᠣᠭᠣᠳᠠᠯ ᠳᠡᠭᠡᠷ᠎ᠡ ᠢᠳᠡᠭᠡᠨ ᠤᠮᠳᠠᠭ᠋ᠠᠨ᠎ᠤ ᠨᠡᠷᠡᠶ᠋ᠢᠳᠦᠯ᠂ ᠬᠠᠶᠢᠭ᠂ ᠠᠷᠢᠭᠤᠳᠬᠠᠭᠰᠠᠨ ᠡᠳᠦᠷ ᠬᠤᠭᠤᠴᠠᠭ᠎ᠠ ᠪᠣᠯᠤᠨ ᠵᠥᠪᠰᠢᠶᠡᠷᠡᠭᠰᠡᠨ ᠨᠣᠮᠧᠷ ᠵᠢᠴᠢ ᠬᠡᠷᠡᠭᠯᠡᠬᠦ ᠬᠤᠭᠤᠴᠠᠭ᠎ᠠ ᠵᠡᠷᠭᠡ ᠠᠭᠤᠯᠭ᠎ᠠ ᠪᠠᠢ᠌ᠬᠤ ᠬᠡᠷᠡᠭᠲᠡᠶ᠃
ᠬᠣᠷᠢᠨ ᠨᠠᠢ᠌ᠮᠠᠳᠤᠭ᠋ᠠᠷ   ᠵᠤᠷᠪᠤᠰ ᠰᠤᠷᠭ᠋ᠠᠭᠤᠯᠢ᠂ ᠬᠡᠤᠬᠡᠳ ᠰᠠᠭ᠋ᠠᠲᠠᠭᠤᠯᠬᠤ ᠪᠠᠶ᠋ᠢᠭᠤᠯᠤᠮᠵᠢ᠂ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ᠂ ᠪᠠᠷᠢᠯᠭ᠎ᠠ ᠵᠢᠨ ᠭᠠᠵᠠᠷ ᠵᠡᠷᠭᠡ᠎ᠤᠨ ᠬᠣᠭᠣᠯᠠ   ᠭᠡᠷ᠎ᠨᠢ ᠲᠦᠭᠦᠬᠡᠶ ᠮᠠᠲ᠋ᠧᠷᠢᠶᠠᠯ᠎ᠢ ᠡᠵᠡᠮᠳᠡᠬᠦ᠂ ᠡᠳᠡᠭᠡᠨ ᠤᠮᠳᠠᠭ᠋ᠠᠨ᠎ᠤ ᠰᠠᠪᠠ ᠬᠡᠷᠡᠭᠰᠡᠯ᠎ᠢ ᠤᠬᠢᠶᠠᠨ ᠠᠷᠢᠭᠤᠳᠬᠠᠬᠤ᠂ ᠢᠳᠡᠭᠡᠨ᠎ᠤ ᠶᠠᠩᠵᠤ ᠦᠯᠡᠳᠡᠭᠡᠬᠦ ᠵᠡᠷᠭᠡ ᠳᠦᠷᠢᠮ᠎ᠢ ᠬᠡᠷᠡᠭᠵᠢᠭᠦᠯᠬᠦ ᠵᠢᠨ ᠬᠠᠮᠲᠤ ᠢᠳᠡᠭᠡᠨ᠎ᠤ   ᠠᠶᠤᠯᠬᠦᠢ ᠵᠢᠨ ᠬᠠᠤᠯᠢ ᠵᠢᠨ ᠳᠥᠴᠢᠨ ᠳᠣᠯᠣᠳᠤᠭ᠋ᠠᠷ ᠵᠤᠷᠪᠤᠰ᠎ᠤᠨ ᠲᠣᠭᠲᠠᠭ᠋ᠠᠯ ᠶᠣᠰᠣᠭ᠋ᠠᠷ ᠬᠣᠭᠣᠯᠠᠨ ᠭᠡᠷ᠎ᠤᠨ ᠢᠳᠡᠭᠡᠨ᠎ᠤ ᠠᠮᠤᠷ ᠲᠦᠪᠰᠢᠨ᠎ᠤ ᠥᠪᠡᠰᠦᠪᠡᠨ ᠪᠠᠶ᠋ᠢᠴᠠᠭ᠋ᠠᠬᠤ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠬᠦ ᠬᠡᠷᠡᠭᠲᠡᠶ᠃
ᠬᠣᠭᠣᠯᠠᠨ ᠭᠡᠷ᠎ᠢ ᠳᠠᠭ᠋ᠠᠭ᠋ᠠᠴᠢᠯᠠᠨ ᠡᠵᠡᠩᠨᠡᠬᠦ᠎ᠳᠤ ᠬᠦᠷᠪᠡᠯ᠂ ᠢᠳᠡᠭᠡᠨ ᠡᠵᠡᠩᠨᠡᠬᠦ ᠵᠥᠪᠰᠢᠶᠡᠷᠡᠯ᠎ᠢ ᠬᠠᠤᠯᠢ ᠶᠣᠰᠣᠭ᠋ᠠᠷ ᠣᠯᠬᠤ ᠬᠡᠷᠡᠭᠲᠡᠶ ᠪᠥᠭᠡᠳ ᠬᠣᠭᠣᠯᠠᠨ ᠭᠡᠷ᠎ᠤᠨ ᠢᠳᠡᠭᠡᠨ᠎ᠤ ᠠᠮᠤᠷ ᠲᠦᠪᠰᠢᠨ᠎ᠳᠤ ᠬᠠᠷᠢᠭᠤᠴᠠᠬᠤ ᠬᠡᠷᠡᠭᠲᠡᠶ᠃ ᠬᠤᠭᠤᠯᠠᠨ ᠭᠡᠷ᠎ᠤᠨ ᠳᠠᠭ᠋ᠠᠭ᠋ᠠᠴᠢᠯᠠᠭᠴᠢ ᠵᠢᠨ ᠢᠳᠡᠭᠡᠨ᠎ᠤ ᠠᠶᠤᠯᠭᠦᠶ ᠵᠢᠨ ᠬᠠᠮᠢᠶᠠᠷᠤᠯᠲᠠ ᠵᠢᠨ ᠳᠦᠷᠢᠮ᠎ᠢ ᠨᠠᠶ᠋ᠢᠳᠠᠪᠤᠷᠢᠵᠢᠭᠤᠯᠬᠤ ᠵᠢ ᠰᠢᠪᠠᠳᠠᠵᠤ᠂ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠡᠭᠦᠷᠭᠡᠯᠡᠭᠦᠯᠬᠦ ᠬᠡᠷᠡᠭᠲᠡᠶ᠃
ᠬᠣᠷᠢ ᠶᠢᠰᠦᠳᠦᠭᠡᠷ ᠵᠤᠷᠪᠤᠰ ᠢᠳᠡᠭᠡᠨ ᠦᠢ᠍ᠯᠡᠳᠪᠤᠷᠢᠯᠡᠨ ᠡᠵᠡᠩᠨᠡᠭᠴᠢ ᠴᠢᠨᠠᠷ ᠬᠤᠪᠢᠷᠠᠭᠰᠠᠨ᠂ ᠬᠤᠭᠤᠴᠠᠭ᠎ᠠ᠎ᠨᠢ ᠬᠡᠲᠦᠷᠡᠭᠰᠡᠨ ᠪᠤᠶᠤ ᠡᠭᠡᠭᠦᠯᠦᠨ ᠬᠤᠷᠢᠶᠠᠭᠰᠠᠨ ᠢᠳᠡᠭᠡᠨ᠎ᠢ ᠢᠯᠡᠷᠬᠡᠶ ᠢᠯᠡᠳᠬᠡᠬᠦ ᠪᠤᠶᠤ ᠲᠣᠳᠣᠷᠬᠠᠶ ᠲᠡᠮᠳᠡᠭ᠎ᠲᠠᠢ ᠲᠠᠯᠠᠪᠤᠷ᠎ᠲᠤ ᠲᠤᠰᠠᠭ᠋ᠠᠷ᠎ᠨᠢ ᠬᠠᠳᠠᠭ᠋ᠠᠯᠠᠵᠤ᠂ ᠴᠠᠭ ᠲᠤᠬᠠᠶ᠎ᠳᠤᠨᠢ ᠬᠣᠤᠷ ᠦᠭᠡᠢ᠌ᠵᠢᠬᠦᠯᠦᠨ ᠰᠢᠢᠳᠪᠦᠷᠢᠯᠡᠬᠦ᠂ ᠤᠰᠠᠳᠬᠠᠬᠤ ᠵᠡᠷᠭᠡ ᠠᠷᠭ᠎ᠠ ᠬᠡᠮᠵᠢᠶ᠎ᠡ ᠠᠪᠬᠤ ᠵᠢᠨ ᠬᠠᠮᠲᠤ ᠦᠨᠡᠨ ᠮᠥᠨ ᠵᠶ᠋ᠠᠷ᠎ᠨᠢ ᠲᠡᠮᠳᠡᠭᠯᠡᠬᠦ ᠬᠡᠷᠡᠭᠲᠡᠶ᠃
ᠢᠳᠡᠭᠡᠨ᠎ᠤ ᠠᠶᠤᠯᠬᠦᠢ ᠵᠢᠨ ᠬᠠᠤᠯᠢ᠎ᠳᠤ ᠬᠡᠯᠡᠵᠦ ᠪᠠᠢ᠌ᠭ᠎ᠠ ᠡᠭᠡᠭᠦᠯᠦᠨ ᠬᠤᠷᠢᠶᠠᠭᠰᠠᠨ ᠢᠳᠡᠭᠡᠨ ᠭᠡᠳᠡᠭ᠎ᠨᠢ ᠨᠢᠭᠡᠨᠲᠡ ᠬᠤᠳᠠᠯᠳᠤᠭᠰᠠᠨ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠢᠳᠡᠭᠡᠨ᠎ᠤ ᠠᠶᠤᠯ ᠦᠭᠡᠢ ᠵᠢᠨ ᠪᠠᠷᠢᠮᠵᠢᠶ᠎ᠠ ᠵᠢ ᠵᠥᠷᠢᠴᠡᠭᠰᠡᠨ ᠪᠤᠶᠤ ᠬᠠᠳᠠᠭ᠋ᠠᠯᠠᠬᠤ ᠬᠤᠭᠤᠴᠠᠭ᠎ᠠ᠎ᠠᠴᠠ ᠬᠡᠲᠦᠷᠡᠭᠰᠡᠨ ᠵᠡᠷᠭᠡ ᠰᠢᠯᠲᠠᠭ᠋ᠠᠨ᠎ᠠᠴᠠ ᠪᠣᠯᠵᠤ᠂ ᠳᠠᠷᠤᠭᠳᠠᠭᠰᠠᠨ ᠪᠤᠶᠤ ᠪᠤᠴᠠᠭ᠋ᠠᠭᠳᠠᠭᠰᠠᠨ ᠢᠳᠡᠭᠡᠨ᠎ᠳᠤ ᠢᠳᠡᠭᠡᠨ᠎ᠤ   ᠠᠶᠤᠯᠬᠦᠢ ᠵᠢᠨ ᠬᠠᠤᠯᠢ ᠵᠢᠨ ᠵᠢᠷᠠᠨ ᠭᠤᠷᠪᠠᠳᠤᠭ᠋ᠠᠷ ᠵᠤᠷᠪᠤᠰ᠎ᠤᠨ ᠭᠤᠷᠪᠠᠳᠤᠭ᠋ᠠᠷ ᠪᠠᠳᠠᠭ᠎ᠤᠨ ᠲᠣᠭᠲᠠᠭ᠋ᠠᠯ ᠶᠣᠰᠣᠭ᠋ᠠᠷ ᠦᠷᠭᠦᠯᠵᠢᠯᠡᠨ ᠪᠣᠷᠣᠯᠠᠭᠤᠯᠵᠤ ᠪᠣᠯᠬᠤ ᠢᠳᠡᠭᠡᠨ᠎ᠳᠤ ᠪᠠᠭᠳᠠᠭ᠋ᠠᠬᠤ ᠦᠭᠡᠢ ᠵᠢ ᠵᠢᠭ᠋ᠠᠵᠤ ᠪᠣᠢ᠃
ᠭᠤᠴᠢᠳᠤᠭ᠋ᠠᠷ ᠵᠤᠷᠪᠤᠰ   ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠬᠡᠷᠡᠭᠴᠡᠭᠡ᠎ᠪᠠᠨ ᠦᠨᠳᠦᠰᠦᠯᠡᠨ ᠢᠳᠡᠭᠡᠨ᠎ᠢ ᠬᠣᠤᠷ ᠦᠭᠡᠢ ᠪᠣᠯᠭ᠋ᠠᠨ ᠰᠢᠢᠳᠪᠦᠷᠢᠯᠡᠬᠦ ᠪᠠ ᠤᠰᠠᠳᠬᠠᠬᠤ ᠴᠢᠬᠤᠯᠠ ᠪᠦᠬᠦᠢ ᠲᠥᠬᠥᠭᠡᠷᠦᠮᠵᠢ ᠪᠠᠶ᠋ᠢᠭᠤᠯᠤᠨ᠎ᠠ᠃ ᠢᠳᠡᠭᠡᠨ ᠦᠢᠯᠡᠳᠪᠦᠷᠢᠯᠡᠨ ᠡᠵᠡᠩᠨᠡᠭᠴᠢ ᠲᠣᠭᠲᠠᠭ᠋ᠠᠯ ᠶᠣᠰᠣᠭ᠋ᠠᠷ ᠵᠠᠰᠠᠭ᠎ᠤᠨ ᠣᠷᠳᠣᠨ᠎ᠤ ᠪᠠᠶ᠋ᠢᠭᠤᠯᠤᠭᠰᠠᠨ ᠲᠥᠬᠥᠭᠡᠷᠦᠮᠵᠢ᠎ᠪᠠᠷ ᠢᠳᠡᠭᠡᠨ᠎ᠢ ᠬᠣᠤᠷ ᠦᠭᠡᠢ᠌ᠢ᠍ᠵᠢᠭᠦᠯᠦᠨ ᠰᠢᠢᠳᠪᠦᠷᠢᠯᠡᠬᠦ ᠪᠤᠶᠤ ᠤᠰᠠᠳᠬᠠᠵᠤ ᠪᠣᠯᠤᠨ᠎ᠠ᠃
ᠭᠤᠴᠢᠨ ᠨᠢᠭᠡᠳᠦᠭᠡᠷ ᠵᠤᠷᠪᠤᠰ ᠢᠳᠡᠭᠡᠨ᠎ᠤ ᠲᠦᠪᠯᠡᠷᠡᠭᠰᠡᠨ ᠰᠤᠯᠢᠯᠴᠠᠭ᠋ᠠᠨ᠎ᠤ ᠵᠠᠬ᠎ᠠ ᠳᠡᠯᠭᠡᠬᠦᠷ᠎ᠢ ᠡᠷᠬᠢᠯᠡᠨ ᠬᠢᠭᠴᠢ᠂ ᠢᠳᠡᠭᠡᠨ᠎ᠤ ᠳᠡᠯᠭᠡᠨ ᠪᠣᠷᠣᠯᠠᠭᠤᠯᠬᠤ ᠴᠤᠭᠯᠠᠭ᠋ᠠᠨ᠎ᠢ ᠡᠷᠬᠢᠯᠡᠨ ᠬᠢᠭᠴᠢ᠎ᠨᠢ ᠵᠠᠬ᠎ᠠ ᠳᠡᠯᠭᠡᠭᠦᠷ ᠡᠷᠬᠢᠯᠡᠬᠦ ᠪᠤᠶᠤ ᠳᠡᠯᠭᠡᠨ ᠪᠣᠷᠣᠯᠠᠭᠤᠯᠬᠤ ᠴᠤᠭᠯᠠᠭ᠋ᠠᠨ᠎ᠢ ᠡᠷᠬᠢᠯᠡᠬᠦ᠎ᠠᠴᠠ ᠡᠮᠦᠨ᠎ᠡ᠂ ᠪᠠᠢ᠌ᠭ᠎ᠠ ᠭᠠᠵᠠᠷ᠎ᠤᠨ ᠵᠶ᠋ᠠᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃
ᠭᠤᠴᠢᠨ ᠬᠣᠶᠠᠳᠤᠭ᠋ᠠᠷ ᠵᠤᠷᠪᠤᠰ   ᠰᠦᠯᠵᠢᠶᠡᠨ ᠳᠡᠭᠡᠷ᠎ᠡ ᠢᠳᠡᠭᠡᠨ ᠠᠷᠠᠯᠵᠢᠶᠠᠯᠠᠬᠤ ᠭᠤᠷᠪᠠᠳᠤᠭ᠋ᠠᠷ ᠡᠲᠡᠭᠡᠳ᠎ᠤᠨ ᠲᠠᠪᠴᠠᠩ᠎ᠢ ᠬᠠᠩᠭ᠋ᠠᠭᠴᠢ᠎ᠨᠢ ᠰᠦᠯᠵᠢᠶᠡᠨ᠎ᠳᠤ ᠤᠷᠤᠭᠰᠠᠨ ᠢᠳᠡᠭᠡᠨ ᠡᠵᠡᠩᠨᠡᠭᠴᠢ ᠵᠢᠨ ᠳᠠᠩᠰᠠᠯᠠᠭᠤᠯᠤᠭᠰᠠᠨ ᠮᠡᠳᠡᠭᠡ ᠵᠠᠩᠭᠢ ᠪᠠ ᠠᠷᠠᠯᠵᠢᠶᠠᠯᠠᠭᠰᠠᠨ ᠮᠡᠳᠡᠭᠡ ᠵᠠᠩᠭᠢ ᠵᠢ ᠲᠣᠬᠢᠲᠠᠶ ᠬᠠᠳᠠᠭ᠋ᠠᠯᠠᠬᠤ ᠬᠡᠷᠡᠭᠲᠡᠶ᠃ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠢᠳᠡᠭᠡᠨ᠎ᠤ ᠠᠶᠤᠯᠭᠦᠶ ᠵᠢᠨ ᠬᠢᠨᠠᠯᠲᠠ ᠪᠠᠶ᠋ᠢᠴᠠᠭ᠋ᠠᠯᠲᠠ ᠬᠢᠬᠦ᠂ ᠢᠳᠡᠭᠡᠨ᠎ᠤ ᠠᠶᠤᠯᠭᠦᠶ ᠵᠢᠨ ᠬᠡᠷᠡᠭ᠎ᠢ ᠪᠠᠶ᠋ᠢᠴᠠᠭ᠋ᠠᠨ ᠰᠢᠢᠳᠪᠦᠷᠢᠯᠡᠬᠦ᠂ ᠢᠳᠡᠭᠡᠨ᠎ᠤ ᠠᠶᠤᠯᠭᠦᠶ ᠵᠢᠨ ᠡ᠊ᠨᠳᠡᠯ᠎ᠢ ᠰᠢᠢ᠍ᠳᠪᠦᠷᠢᠯᠡᠬᠦ᠎ᠳᠤ ᠬᠣᠯᠪᠣᠭᠳᠠᠯ ᠪᠦᠬᠦᠢ ᠮᠡᠳᠡᠭᠡ ᠵᠠᠩᠭᠢ ᠵᠢ ᠣᠶ᠋ᠢᠯᠠᠭ᠋ᠠᠬᠤ ᠴᠢᠬᠤᠯᠠᠲᠠᠶ ᠪᠠᠢ᠌ᠪᠠᠯ᠂ ᠲᠡᠭᠦᠨ᠎ᠤ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠭᠡᠳ᠂ ᠰᠦᠯᠵᠢᠶᠡᠨ ᠳᠡᠭᠡᠷ᠎ᠡ ᠢᠳᠡᠭᠡᠨ ᠠᠷᠠᠯᠵᠢᠶᠠᠯᠠᠬᠤ ᠭᠤᠷᠪᠠᠳᠤᠭ᠋ᠠᠷ ᠡᠲᠡᠭᠡᠳ᠎ᠤᠨ ᠲᠠᠪᠴᠠᠩ᠎ᠢ ᠬᠠᠩᠭ᠋ᠠᠭᠴᠢ᠎ᠢ ᠬᠠᠩᠭ᠋ᠠᠯᠭ᠋ᠠᠬᠤ᠎ᠪᠠᠷ ᠱᠠᠭ᠋ᠠᠷᠳᠠᠵᠤ ᠪᠣᠯᠤᠨ᠎ᠠ᠂ ᠰᠦᠯᠵᠢᠶᠡᠨ ᠳᠡᠭᠡᠷ᠎ᠡ ᠢᠳᠡᠭᠡᠨ ᠠᠷᠠᠯᠵᠢᠶᠠᠯᠠᠬᠤ ᠭᠤᠷᠪᠠᠳᠤᠭ᠋ᠠᠷ ᠡᠲᠡᠭᠡᠳ᠎ᠤᠨ ᠲᠠᠪᠴᠠᠩ᠎ᠢ ᠬᠠᠩᠭ᠋ᠠᠭᠴᠢ᠎ᠨᠢ ᠱᠠᠭ᠋ᠠᠷᠳᠠᠯᠭ᠎ᠠ ᠶᠣᠰᠣᠭ᠋ᠠᠷ ᠬᠠᠩᠭ᠋ᠠᠬᠤ ᠬᠡᠷᠡᠭᠲᠡᠶ᠃ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠲᠡᠭᠦᠨ᠎ᠤ ᠠᠵᠢᠯᠲᠠᠨ ᠰᠦᠯᠵᠢᠶᠡᠨ ᠳᠡᠭᠡᠷ᠎ᠡ ᠢᠳᠡᠭᠡᠨ ᠠᠷᠠᠯᠵᠢᠶᠠᠯᠠᠬᠤ ᠭᠤᠷᠪᠠᠳᠤᠭ᠋ᠠᠷ ᠡᠲᠡᠭᠡᠳ᠎ᠤᠨ ᠲᠠᠪᠴᠠᠩ᠎ᠢ ᠬᠠᠩᠭ᠋ᠠᠭᠴᠢ ᠵᠢᠨ ᠮᠡᠳᠡᠭᠡ ᠵᠠᠩᠭᠢ ᠵᠢᠨ ᠨᠢᠭᠤᠴᠠ ᠵᠢ ᠬᠠᠮᠠᠭ᠋ᠠᠯᠠᠬᠤ ᠡᠭᠦᠷᠭᠡ ᠵᠢ ᠬᠠᠤᠯᠢ ᠶᠣᠰᠣᠭ᠋ᠠᠷ ᠡᠭᠦᠷᠭᠡᠯᠡᠨ᠎ᠡ᠃
ᠭᠤᠴᠢᠨ ᠭᠤᠷᠪᠠᠳᠤᠭ᠋ᠠᠷ ᠵᠤᠷᠪᠤᠰ ᠭᠧᠨ ᠬᠤᠪᠢᠷᠠᠭᠤᠯᠤᠭᠰᠠᠨ ᠢᠳᠡᠭᠡᠨ᠎ᠢ ᠦᠢᠯᠡᠳᠪᠦᠷᠢᠯᠡᠵᠦ ᠡᠵᠡᠩᠨᠡᠬᠦ᠎ᠳᠡᠭᠡᠨ ᠢᠯᠡᠷᠬᠡᠶ ᠢᠯᠡᠳᠬᠡᠮᠵᠢ ᠲᠡᠮᠳᠡᠭ ᠲᠠᠯᠪᠢᠬᠤ ᠬᠡᠷᠡᠭᠲᠡᠶ᠂ ᠢᠯᠡᠷᠬᠡᠶ᠋ᠢᠯᠡᠬᠦ ᠠᠷᠭ᠎ᠠ ᠵᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠨ᠎ᠠ᠃
ᠭᠤᠴᠢᠨ ᠳᠥᠷᠪᠡᠳᠦᠭᠡᠷ ᠵᠤᠷᠪᠤᠰ ᠬᠤᠷᠠᠯ᠂ ᠢᠯᠡᠳᠬᠡᠯ᠂ ᠡᠷᠡᠭᠦᠯ ᠮᠡᠨᠳᠦ ᠵᠢᠨ ᠯᠠᠪᠯᠠᠯᠭ᠎ᠠ ᠵᠡᠷᠭᠡ ᠵᠢ ᠪᠠᠭᠲᠠᠭ᠋ᠠᠭᠰᠠᠨ ᠶᠠᠮᠠᠷᠪᠠ ᠠᠷᠭ᠎ᠠ ᠮᠠᠶᠢᠭ᠎ᠢ ᠠᠰᠢᠭᠯᠠ ᠢᠳᠡᠭᠡᠨ᠎ᠳᠤ ᠬᠤᠳᠠᠯ ᠬᠠᠭᠤᠷᠮᠠᠭ ᠤᠬᠠᠭᠤᠯᠭ᠎ᠠ ᠬᠢᠬᠦ ᠵᠢ ᠴᠠᠭ᠋ᠠᠵᠠᠯᠠᠨ᠎ᠠ᠃ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠬᠤᠳᠠᠯ ᠬᠠᠭᠤᠷᠮᠠᠭ ᠤᠬᠠᠭᠤᠯᠭ᠎ᠠ ᠵᠢᠨ ᠦᠢ᠍ᠯᠡ ᠠᠵᠢᠯᠯᠠᠭ᠎ᠠ ᠵᠢ ᠣᠯᠵᠤ ᠮᠡᠳᠡᠪᠡᠯ᠂ ᠬᠠᠤᠯᠢ ᠶᠣᠰᠣᠭ᠋ᠠᠷ ᠴᠠᠭ ᠲᠤᠬᠠᠢ᠎ᠳᠤᠨᠢ ᠰᠢᠢ᠍ᠳᠪᠦᠷᠢᠯᠡᠬᠦ ᠬᠡᠷᠡᠭᠲᠡᠶ᠃
ᠭᠤᠴᠢᠨ ᠲᠠᠪᠤᠳᠤᠭ᠋ᠠᠷ ᠵᠤᠷᠪᠤᠰ   ᠲᠠᠮᠢᠷᠵᠢᠭᠤᠯᠬᠤ ᠢᠳᠡᠭᠡᠨ᠎ᠤ ᠦᠢᠯᠡᠳᠪᠦᠷᠢᠯᠡᠯ᠎ᠤᠨ ᠤᠷᠠᠯᠠᠯ᠎ᠳᠤ ᠲᠦᠭᠦᠬᠡᠶ ᠮᠠᠲ᠋ᠧᠷᠢᠶᠠᠯ ᠭᠠᠷᠭ᠋ᠠᠨ ᠠᠪᠬᠤ᠂ ᠴᠡᠪᠡᠷᠵᠢᠭᠦᠯᠬᠦ ᠵᠡᠷᠭᠡ᠎ᠠᠴᠠ ᠡᠮᠦᠨ᠎ᠡ ᠰᠢᠢᠳᠪᠦᠷᠢᠯᠡᠬᠦ ᠠᠵᠢᠯ᠎ᠤᠨ ᠳᠡᠰ ᠳᠠᠷᠠᠭ᠋ᠠᠯᠠᠯ ᠪᠠᠢ᠌ᠪᠠᠯ᠂ ᠦᠢᠯᠡᠳᠪᠦᠷᠢᠯᠡᠬᠦ ᠠᠵᠤ ᠠᠬᠤᠶ᠋ᠢᠯᠠᠯ᠎ᠨᠢ ᠲᠦᠭᠦᠬᠡᠶ ᠮᠠᠲ᠋ᠧᠷᠢᠶᠠᠯ ᠭᠠᠷᠭ᠋ᠠᠬᠤ᠎ᠠᠴᠠ ᠡᠮᠦᠨ᠎ᠡ ᠰᠢᠢᠳᠪᠦᠷᠢᠯᠡᠬᠦ ᠵᠣᠬᠢᠴᠠᠩᠭᠤᠶ ᠴᠢᠳᠠᠪᠤᠷᠢ᠎ᠲᠠᠢ ᠪᠠᠢ᠌ᠬᠤ ᠬᠡᠷᠡᠭᠲᠡᠶ᠃
ᠭᠤᠴᠢᠨ ᠵᠢᠷᠭᠤᠳᠤᠭ᠋ᠠᠷ ᠵᠤᠷᠪᠤᠰ ᠠᠨᠠᠭ᠋ᠠᠬᠤ ᠤᠬᠠᠭ᠋ᠠᠨ᠎ᠤ ᠣᠨᠴᠠᠭ᠋ᠠᠢ ᠬᠡᠷᠡᠭᠴᠡᠭᠡᠲᠦ ᠨᠠᠶ᠋ᠢᠷᠠᠯᠭ᠎ᠠ᠎ᠲᠠᠢ ᠢᠳᠡᠭᠡᠨ ᠦᠢᠯᠡᠳᠪᠦᠷᠢᠯᠡᠬᠦ ᠠᠵᠤ ᠠᠬᠤᠶ᠋ᠢᠯᠠᠯ ᠢᠳᠡᠭᠡᠨ᠎ᠤ ᠠᠶᠤᠯᠭᠦᠶ ᠵᠢᠨ ᠤᠯᠤᠰ᠎ᠤᠨ ᠪᠠᠷᠢᠮᠵᠢᠶ᠎ᠠ᠎ᠳᠤ ᠲᠣᠭᠲᠠᠭ᠋ᠠᠭᠰᠠᠨ ᠰᠢᠯᠭ᠋ᠠᠨ ᠪᠠᠶ᠋ᠢᠴᠠᠭ᠋ᠠᠬᠤ ᠵᠦᠢᠯᠡᠰ᠎ᠤᠨ ᠶᠣᠰᠣᠭ᠋ᠠᠷ   ᠬᠦᠢ᠍ᠯᠡᠯᠭᠡ᠎ᠳᠤ ᠤᠷᠤᠭᠤᠯᠬᠤ ᠦᠢᠯᠡᠳᠬᠦᠨ᠎ᠳᠤ ᠪᠦᠯᠦᠭ ᠳᠠᠷᠠᠭ᠋ᠠᠯᠠᠨ ᠰᠢᠯᠭ᠋ᠠᠨ ᠪᠠᠶ᠋ᠢᠴᠠᠭ᠋ᠠᠯᠲᠠ ᠬᠢᠬᠦ ᠬᠡᠷᠡᠭᠲᠡᠶ᠃
ᠠᠨᠠᠭ᠋ᠠᠬᠤ ᠤᠬᠠᠭ᠋ᠠᠨ᠎ᠤ ᠣᠨᠴᠠᠭ᠋ᠠᠢ ᠬᠡᠷᠡᠭᠴᠡᠭᠡᠲᠦ ᠨᠠᠶ᠋ᠢᠷᠠᠯᠭ᠎ᠠ᠎ᠲᠠᠢ ᠢᠳᠡᠭᠡᠨ᠎ᠤ ᠳᠣᠲᠣᠷᠠᠬᠢ ᠲᠤᠰᠬᠠᠶ ᠲᠣᠭᠲᠠᠭ᠋ᠠᠭᠰᠠᠨ ᠪᠦᠷᠢᠨ ᠲᠡᠵᠢᠭᠡᠯᠲᠦ ᠨᠠᠶ᠋ᠢᠷᠠᠯᠭ᠎ᠠ᠎ᠲᠠᠢ ᠢᠳᠡᠭᠡᠨ᠎ᠢ ᠡᠮᠴᠢᠯᠡᠭᠡᠨ᠎ᠤ ᠪᠠᠶ᠋ᠢᠭᠤᠯᠤᠮᠵᠢ ᠪᠤᠶᠤ ᠡᠮ᠎ᠤᠨ ᠵᠦᠢᠯ᠎ᠢ ᠵᠢᠵᠢᠭᠯᠡᠨ ᠬᠤᠳᠠᠯᠳᠤᠬᠤ ᠠᠵᠤ ᠠᠬᠤᠶ᠋ᠢᠯᠠᠯ ᠵᠶ᠋ᠠᠷ ᠳᠠᠮᠵᠢᠭᠤᠯᠤᠨ ᠬᠡᠷᠡᠭᠯᠡᠭᠴᠢᠳ᠎ᠲᠤ ᠪᠣᠷᠣᠯᠠᠭᠤᠯᠬᠤ ᠬᠡᠷᠡᠭᠲᠡᠶ᠃ ᠡᠮᠴᠢᠯᠡᠭᠡᠨ᠎ᠤ ᠪᠠᠶ᠋ᠢᠭᠤᠯᠤᠮᠵᠢ᠂ ᠡᠮ᠎ᠤᠨ ᠵᠦᠢᠯ᠎ᠢ ᠵᠢᠵᠢᠭᠯᠡᠨ ᠬᠤᠳᠠᠯᠳᠤᠬᠤ ᠠᠵᠤ ᠠᠬᠤᠶ᠋ᠢᠯᠠᠯ ᠲᠤᠰᠬᠠᠶ ᠲᠣᠭᠲᠠᠭ᠋ᠠᠭᠰᠠᠨ ᠪᠦᠬᠦ ᠰᠢᠮ᠎ᠡ ᠲᠡᠵᠢᠭᠡᠯᠲᠦ ᠨᠠᠶ᠋ᠢᠷᠠᠯᠭ᠎ᠠ᠎ᠲᠠᠢ ᠢᠳᠡᠭᠡᠨ᠎ᠢ ᠪᠣᠷᠣᠯᠠᠭᠤᠯᠬᠤ᠎ᠳᠤ᠂ ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ ᠣᠯᠬᠤ ᠴᠢᠬᠤᠯᠠ ᠦᠭᠡᠢ᠂ ᠭᠡᠪᠡᠴᠦ ᠢᠳᠡᠭᠡᠨ᠎ᠤ ᠠᠶᠤᠯᠭᠦᠶ ᠵᠢᠨ ᠬᠠᠤᠯᠢ ᠪᠠ ᠲᠤᠰ ᠳᠦᠷᠢᠮ᠎ᠤᠨ ᠢᠳᠡᠭᠡᠨ᠎ᠤ ᠪᠣᠷᠣᠯᠠᠭᠤᠯᠤᠯᠲᠠ ᠵᠢᠨ ᠲᠤᠬᠠᠶ ᠲᠣᠭᠲᠠᠭ᠋ᠠᠯ᠎ᠢ ᠵᠢᠷᠤᠮᠯᠠᠬᠤ ᠬᠡᠷᠡᠭᠲᠡᠶ᠃
ᠭᠤᠴᠢᠨ ᠳᠣᠯᠣᠳᠤᠭ᠋ᠠᠷ ᠵᠤᠷᠪᠤᠰ ᠠᠨᠠᠭ᠋ᠠᠬᠤ ᠤᠬᠠᠭ᠋ᠠᠨ᠎ᠤ ᠣᠨᠴᠠᠭ᠋ᠠᠢ ᠬᠡᠷᠡᠭᠴᠡᠭᠡᠲᠦ ᠨᠠᠶ᠋ᠢᠷᠠᠯᠭ᠎ᠠ᠎ᠲᠠᠢ ᠢᠳᠡᠭᠡᠨ᠎ᠤ ᠳᠣᠲᠣᠷᠠᠬᠢ ᠲᠤᠰᠬᠠᠶ ᠲᠣᠭᠲᠠᠭ᠋ᠠᠭᠰᠠᠨ ᠪᠦᠷᠢᠨ ᠲᠡᠵᠢᠭᠡᠯᠲᠦ ᠨᠠᠶ᠋ᠢᠷᠠᠯᠭ᠎ᠠ᠎ᠲᠠᠢ ᠢᠳᠡᠭᠡᠨ᠎ᠤ ᠵᠠᠷ᠎ᠢ ᠵᠣᠷ᠎ᠤᠨ ᠡᠮ᠎ᠤᠨ ᠵᠠᠷ᠎ᠤᠨ ᠬᠠᠮᠢᠶᠠᠷᠤᠯᠲᠠ ᠵᠢᠨ ᠶᠣᠰᠣᠭ᠋ᠠᠷ᠂ ᠠᠨᠠᠭ᠋ᠠᠬᠤ ᠤᠬᠠᠭ᠋ᠠᠨ᠎ᠤ ᠣᠨᠴᠠᠭ᠋ᠠᠢ ᠬᠡᠷᠡᠭᠴᠡᠭᠡᠲᠦ ᠨᠠᠶ᠋ᠢᠷᠠᠯᠭ᠎ᠠ᠎ᠲᠠᠢ ᠢᠳᠡᠭᠡᠨ᠎ᠤ ᠪᠤᠰᠤᠳ ᠲᠥᠷᠥᠯ᠎ᠤᠨ ᠵᠠᠷ᠎ᠢ ᠵᠣᠷ᠎ᠤᠨ ᠪᠤᠰᠤ ᠡᠮ᠎ᠤᠨ ᠵᠠᠷ᠎ᠤᠨ ᠶᠣᠰᠣᠭ᠋ᠠᠷ ᠬᠠᠮᠢᠶᠠᠷᠤᠨ᠎ᠠ᠃
ᠭᠤᠴᠢᠨ ᠨᠠᠢ᠍ᠮᠠᠳᠤᠭ᠋ᠠᠷ ᠵᠤᠷᠪᠤᠰ   ᠲᠠᠮᠢᠷᠵᠢᠭᠤᠯᠬᠤ ᠢᠳᠡᠭᠡᠨ᠎ᠠᠴᠠ ᠭᠠᠳᠠᠨᠠᠬᠢ ᠪᠤᠰᠤᠳ ᠢᠳᠡᠭᠡᠨ᠎ᠳᠤ ᠡᠷᠡᠭᠦᠯ ᠮᠡᠨᠳᠦ ᠵᠢ ᠬᠠᠮᠠᠭ᠋ᠠᠯᠠᠬᠤ ᠴᠢᠳᠠᠪᠤᠷᠢ᠎ᠲᠠᠢ ᠬᠡᠮᠡᠨ ᠲᠤᠭ᠋ᠠᠴᠢᠵᠤ ᠪᠣᠯᠬᠤ ᠦᠭᠡᠢ᠃
ᠢᠳᠡᠭᠡᠨ᠎ᠤ ᠠᠶᠤᠯᠬᠦᠢ ᠵᠢᠨ ᠤᠯᠤᠰ᠎ᠤᠨ ᠪᠠᠷᠢᠮᠵᠢᠶ᠎ᠠ᠎ᠳᠤ ᠲᠣᠭᠲᠠᠭ᠋ᠠᠭᠰᠠᠨ ᠰᠤᠩᠭᠤᠯᠳᠠ ᠵᠢᠨ ᠴᠢᠨᠠᠷᠳᠠᠢ ᠨᠢᠯᠬ᠎ᠠ ᠬᠡᠤᠬᠡᠳ᠎ᠤᠨ ᠨᠠᠶ᠋ᠢᠷᠠᠯᠭ᠎ᠠ᠎ᠲᠠᠢ ᠢᠳᠡᠭᠡᠨ᠎ᠳᠤ ᠰᠤᠩᠭᠤᠯᠳᠠ ᠵᠢᠨ ᠴᠢᠨᠠᠷᠳᠠᠢ ᠨᠡᠮᠡᠯᠲᠡ ᠡᠳ᠋ ᠨᠡᠮᠡᠬᠦ᠎ᠪᠠᠷ ᠨᠡᠷᠡᠶ᠋ᠢᠳᠴᠦ ᠪᠣᠯᠬᠤ ᠦᠭᠡᠢ᠃
ᠭᠤᠴᠢ ᠶᠢᠰᠦᠳᠦᠭᠡᠷ ᠵᠤᠷᠪᠤᠰ ᠣᠨᠴᠠᠭ᠋ᠠᠢ ᠢᠳᠡᠭᠡᠨ᠎ᠤ ᠱᠣᠰᠢᠭ᠎ᠠ᠂ ᠲᠣᠳᠣᠷᠬᠠᠶ᠋ᠢᠯᠠᠯᠲᠠ ᠵᠢᠨ ᠪᠢᠴᠢᠭ᠎ᠤᠨ ᠠᠭᠤᠯᠭ᠎ᠠ᠎ᠨᠢ ᠳᠠᠩᠰᠠᠯᠠᠭᠤᠯᠤᠭᠰᠠᠨ ᠪᠤᠶᠤ ᠳᠠᠩᠰᠠᠯᠠᠭᠤᠯᠤᠭᠰᠠᠨ ᠱᠣᠰᠢᠭ᠎ᠠ᠂ ᠲᠣᠳᠣᠷᠬᠠᠶ᠋ᠢᠯᠠᠯᠲᠠ ᠵᠢᠨ ᠪᠢᠴᠢᠭ᠎ᠲᠠᠢ ᠨᠢᠭᠡᠳᠦᠯᠲᠡᠶ ᠪᠠᠢ᠌ᠬᠤ ᠬᠡᠷᠡᠭᠲᠡᠶ᠃ ᠣᠨᠴᠠᠭ᠋ᠠᠢ ᠢᠳᠡᠭᠡᠨ ᠪᠣᠷᠣᠯᠠᠭᠤᠯᠬᠤ᠎ᠳᠠᠭᠠᠨ ᠢᠳᠡᠭᠡᠨ᠎ᠤ ᠱᠣᠰᠢᠭ᠎ᠠ᠂ ᠲᠣᠳᠣᠷᠬᠠᠶ᠋ᠢᠯᠠᠯᠲᠠ ᠵᠢᠨ ᠪᠢᠴᠢᠭ᠎ᠤᠨ ᠠᠭᠤᠯᠭ᠎ᠠ᠎ᠨᠢ ᠳᠠᠩᠰᠠᠯᠠᠭᠤᠯᠤᠭᠰᠠᠨ ᠪᠤᠶᠤ ᠳᠠᠩᠰᠠᠯᠠᠭᠤᠯᠤᠭᠰᠠᠨ ᠱᠣᠰᠢᠭ᠎ᠠ᠂ ᠲᠣᠳᠣᠷᠬᠠᠶ᠋ᠢᠯᠠᠯᠲᠠ ᠵᠢᠨ ᠪᠢᠴᠢᠭ᠎ᠲᠠᠢ ᠨᠢᠭᠡᠳᠦᠯᠲᠡᠶ ᠪᠠᠢ᠌ᠬᠤ ᠡᠰᠡᠬᠦ ᠵᠢ ᠬᠠᠷᠭᠤᠭᠤᠯᠬᠤ ᠬᠡᠷᠡᠭᠲᠡᠶ᠂ ᠨᠢᠭᠡᠳᠦᠯ ᠦᠭᠡᠢ ᠪᠠᠢ᠌ᠪᠠᠯ ᠪᠣᠷᠣᠯᠠᠭᠤᠯᠵᠤ ᠪᠣᠯᠬᠤ ᠦᠭᠡᠢ᠃ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠰᠦᠯᠵᠢᠶᠡᠨ ᠥᠷᠲᠡᠭᠡ ᠳᠡᠭᠡᠷ᠎ᠡ᠎ᠪᠠᠨ ᠳᠠᠩᠰᠠᠯᠠᠭᠤᠯᠤᠭᠰᠠᠨ ᠪᠤᠶᠤ ᠳᠠᠩᠰᠠᠯᠠᠭᠤᠯᠤᠭᠰᠠᠨ ᠣᠨᠴᠠᠭ᠋ᠠᠢ ᠢᠳᠡᠭᠡᠨ᠎ᠤ ᠱᠣᠰᠢᠭ᠎ᠠ᠂ ᠲᠣᠳᠣᠷᠬᠠᠶ᠋ᠢᠯᠠᠯᠲᠠ ᠵᠢᠨ ᠪᠢᠴᠢᠭ᠎ᠢ ᠨᠡᠶ᠋ᠢᠲᠡᠯᠡᠬᠦ ᠬᠡᠷᠡᠭᠲᠡᠶ᠃
ᠣᠨᠴᠠᠭ᠋ᠠᠢ ᠢᠳᠡᠭᠡᠨ᠎ᠢ ᠡᠩ᠎ᠤᠨ ᠢᠳᠡᠭᠡᠨ ᠪᠤᠶᠤ ᠡᠮ᠎ᠤᠨ ᠵᠦᠢᠯ᠎ᠲᠠᠢ ᠬᠤᠳᠬᠤᠯᠳᠤᠭᠤᠯᠤᠨ ᠪᠣᠷᠣᠯᠠᠭᠤᠯᠵᠤ ᠪᠣᠯᠬᠤ ᠦᠭᠡᠢ᠃
ᠲᠠᠪᠤᠳᠤᠭ᠋ᠠᠷ ᠪᠦᠯᠦᠭ ᠢᠳᠡᠭᠡᠨ᠎ᠢ ᠰᠢᠯᠭ᠋ᠠᠨ ᠪᠠᠶ᠋ᠢᠴᠠᠭ᠋ᠠᠬᠤ
ᠳᠥᠴᠢᠳᠦᠭᠡᠷ ᠵᠤᠷᠪᠤᠰ ᠢᠳᠡᠭᠡᠨ᠎ᠳᠤ ᠰᠢᠯᠭ᠋ᠠᠨ ᠪᠠᠶ᠋ᠢᠴᠠᠭ᠋ᠠᠯᠲᠠ ᠬᠢᠬᠦ᠎ᠳᠡᠭᠡᠨ ᠢᠳᠡᠭᠡᠨ᠎ᠤ ᠠᠶᠤᠯᠭᠦᠶ ᠵᠢᠨ ᠪᠠᠷᠢᠮᠵᠢᠶ᠎ᠠ᠂ ᠳᠠᠩᠰᠠᠯᠠᠭᠤᠯᠤᠭᠰᠠᠨ ᠪᠤᠶᠤ ᠳᠠᠩᠰᠠᠯᠠᠭᠤᠯᠤᠭᠰᠠᠨ ᠣᠨᠴᠠᠭ᠋ᠠᠢ ᠢᠳᠡᠭᠡᠨ᠎ᠤ ᠦᠢᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠵᠢᠴᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠳᠤ ᠲᠣᠭᠲᠠᠭ᠋ᠠᠭᠰᠠᠨ ᠰᠢᠯᠭ᠋ᠠᠨ ᠪᠠᠶ᠋ᠢᠴᠠᠭ᠋ᠠᠬᠤ ᠵᠦᠢᠯᠡᠰ ᠪᠠ ᠰᠢᠯᠭ᠋ᠠᠨ ᠪᠠᠶ᠋ᠢᠴᠠᠭ᠋ᠠᠬᠤ ᠠᠷᠭ᠎ᠠ ᠵᠢᠨ ᠶᠣᠰᠣᠭ᠋ᠠᠷ ᠬᠢᠬᠦ ᠬᠡᠷᠡᠭᠲᠡᠶ᠃
ᠳᠥᠴᠢᠨ ᠨᠢᠭᠡᠳᠦᠭᠡᠷ ᠵᠤᠷᠪᠤᠰ   ᠬᠠᠭᠤᠷᠮᠠᠭ ᠬᠤᠯᠢᠴᠠ᠎ᠲᠠᠢ ᠪᠤᠶᠤ ᠬᠠᠭᠤᠷᠮᠠᠭ ᠵᠢᠨ ᠪᠤᠯᠤᠮᠵᠢ᠎ᠲᠠᠢ ᠢᠳᠡᠭᠡᠨ᠎ᠳᠤ᠂ ᠤᠳᠤ ᠪᠠᠢ᠌ᠭ᠎ᠠ ᠢᠳᠡᠭᠡᠨ᠎ᠤ ᠠᠶᠤᠯᠭᠦᠶ ᠵᠢᠨ ᠪᠠᠷᠢᠮᠵᠢᠶ᠎ᠠ᠎ᠳᠤ ᠲᠣᠭᠲᠠᠭ᠋ᠠᠭᠰᠠᠨ ᠰᠢᠯᠭ᠋ᠠᠨ ᠪᠠᠶ᠋ᠢᠴᠠᠭ᠋ᠠᠬᠤ ᠵᠦᠢᠯᠡᠰ ᠪᠠ ᠰᠢᠯᠭ᠋ᠠᠨ ᠪᠠᠶ᠋ᠢᠴᠠᠭ᠋ᠠᠬᠤ ᠠᠷᠭ᠎ᠠ ᠵᠢᠴᠢ ᠢᠳᠡᠭᠡᠨ᠎ᠤ ᠠᠶᠤᠯᠭᠦᠶ ᠵᠢᠨ ᠬᠠᠤᠯᠢ ᠵᠢᠨ ᠵᠠᠭᠤ ᠠᠷᠪᠠᠨ ᠨᠢᠭᠡᠳᠦᠭᠡᠷ ᠵᠤᠷᠪᠤᠰ ᠪᠠ ᠲᠤᠰ ᠳᠦᠷᠢᠮ᠎ᠤᠨ ᠵᠢᠷᠠᠨ ᠭᠤᠷᠪᠠᠳᠤᠭ᠋ᠠᠷ   ᠵᠤᠷᠪᠤᠰ᠎ᠤᠨ ᠲᠣᠭᠲᠠᠭ᠋ᠠᠯ ᠶᠣᠰᠣᠭ᠋ᠠᠷ ᠲᠣᠭᠲᠠᠭ᠋ᠠᠭᠰᠠᠨ ᠰᠢᠯᠭ᠋ᠠᠨ ᠪᠠᠶ᠋ᠢᠴᠠᠭ᠋ᠠᠬᠤ ᠵᠦᠢᠯᠡᠰ ᠪᠠ ᠰᠢᠯᠭ᠋ᠠᠨ ᠪᠠᠶ᠋ᠢᠴᠠᠭ᠋ᠠᠬᠤ ᠠᠷᠭ᠎ᠠ᠎ᠪᠠᠷ ᠰᠢᠯᠭ᠋ᠠᠨ ᠪᠠᠶ᠋ᠢᠴᠠᠭ᠋ᠠᠬᠤ ᠵᠢᠨ ᠠᠷᠭ᠎ᠠ ᠦᠭᠡᠢ ᠪᠠᠢ᠌ᠪᠠᠯ᠂ ᠲᠥᠷᠦ ᠵᠢᠨ ᠶᠠᠪᠤᠳᠠᠯ᠎ᠤᠨ ᠬᠣᠷᠢᠶᠠᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠰᠢᠯᠭ᠋ᠠᠨ ᠪᠠᠶ᠋ᠢᠴᠠᠭ᠋ᠠᠬᠤ ᠵᠦᠢᠯᠡᠰ ᠪᠠ ᠰᠢᠯᠭ᠋ᠠᠨ ᠪᠠᠶ᠋ᠢᠴᠠᠭ᠋ᠠᠬᠤ ᠠᠷᠭ᠎ᠠ ᠵᠢ ᠨᠥᠬᠥᠪᠥᠷᠢᠯᠡᠨ ᠲᠣᠭᠲᠠᠭ᠋ᠠᠵᠤ᠂ ᠢᠳᠡᠭᠡᠨ᠎ᠤ ᠠᠶᠤᠯᠭᠦᠶ ᠵᠢᠨ ᠬᠡᠷᠡᠭ᠎ᠢ ᠪᠠᠶ᠋ᠢᠴᠠᠭ᠋ᠠᠨ ᠰᠢᠢᠳᠪᠦᠷᠢᠯᠡᠬᠦ ᠪᠠ ᠢᠳᠡᠭᠡᠨ᠎ᠤ ᠠᠶᠤᠯᠭᠦᠶ ᠵᠢᠨ ᠡ᠊ᠨᠳᠡᠯ᠎ᠢ ᠰᠢᠢ᠍ᠳᠪᠦᠷᠢᠯᠡᠬᠦ᠎ᠳᠤ ᠬᠡᠷᠡᠭᠯᠡᠵᠦ ᠪᠣᠯᠤᠨ᠎ᠠ᠃
ᠳᠥᠴᠢᠨ ᠬᠣᠶᠠᠳᠤᠭ᠋ᠠᠷ ᠵᠤᠷᠪᠤᠰ ᠢᠳᠡᠭᠡᠨ᠎ᠤ ᠠᠶᠤᠯᠬᠦᠢ ᠵᠢᠨ ᠬᠠᠤᠯᠢ ᠵᠢᠨ ᠨᠠᠶᠠᠨ ᠨᠠᠢ᠍ᠮᠠᠳᠤᠭ᠋ᠠᠷ ᠵᠤᠷᠪᠤᠰ᠎ᠤᠨ ᠲᠣᠭᠲᠠᠭ᠋ᠠᠯ ᠶᠣᠰᠣᠭ᠋ᠠᠷ ᠳᠠᠬᠢᠨ ᠪᠠᠶ᠋ᠢᠴᠠᠭ᠋ᠠᠯᠭ᠋ᠠᠬᠤ᠎ᠪᠠᠷ ᠭᠤᠶᠤᠴᠢᠯᠠᠭᠰᠠᠨ ᠪᠣᠯ ᠭᠤᠶᠤᠴᠢᠯᠠᠭᠴᠢ᠎ᠠᠴᠠ ᠳᠠᠬᠢᠨ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠳᠤ ᠳᠠᠬᠢᠨ ᠪᠠᠶ᠋ᠢᠴᠠᠭ᠋ᠠᠯᠲᠠ ᠵᠢᠨ ᠵᠠᠷᠤᠳᠠᠯ᠎ᠢ ᠤᠷᠢᠳᠠᠪᠠᠷ ᠥᠭᠬᠦ ᠬᠡᠷᠡᠭᠲᠡᠶ᠃ ᠳᠠᠬᠢᠨ ᠪᠠᠶ᠋ᠢᠴᠠᠭ᠋ᠠᠭᠰᠠᠨ ᠳ᠋ᠦᠩ᠎ᠳᠤ ᠢᠳᠡᠭᠡᠨ ᠬᠢᠷᠢ ᠲᠡᠩᠴᠡᠬᠦ ᠦᠭᠡᠢ ᠭᠡᠵᠦ ᠲᠣᠳᠣᠷᠬᠠᠶ᠋ᠢᠯᠠᠭᠰᠠᠨ ᠪᠠᠢ᠌ᠪᠠᠯ᠂ ᠳᠠᠬᠢᠨ ᠪᠠᠶ᠋ᠢᠴᠠᠭ᠋ᠠᠭᠰᠠᠨ ᠵᠠᠷᠤᠳᠠᠯ᠎ᠢ ᠳᠠᠬᠢᠨ ᠪᠠᠶ᠋ᠢᠴᠠᠭ᠋ᠠᠯᠭ᠋ᠠᠬᠤ ᠭᠤᠶᠤᠴᠢᠯᠠᠭᠴᠢ ᠡᠭᠦᠷᠭᠡᠯᠡᠨ᠎ᠡ; ᠳᠠᠬᠢᠨ ᠪᠠᠶ᠋ᠢᠴᠠᠭ᠋ᠠᠭᠰᠠᠨ ᠳ᠋ᠦᠩ᠎ᠳᠤ ᠢᠳᠡᠭᠡᠨ ᠬᠢᠷᠢ ᠲᠡᠩᠴᠡᠭᠰᠡᠨ ᠭᠡᠵᠦ ᠲᠣᠳᠣᠷᠬᠠᠶ᠋ᠢᠯᠠᠭᠰᠠᠨ ᠪᠠᠢ᠌ᠪᠠᠯ᠂ ᠳᠠᠬᠢᠨ ᠪᠠᠶ᠋ᠢᠴᠠᠭ᠋ᠠᠭᠰᠠᠨ ᠵᠠᠷᠤᠳᠠᠯ᠎ᠢ ᠦᠯᠢᠭᠡᠷ ᠠᠪᠴᠤ ᠪᠠᠶ᠋ᠢᠴᠠᠭ᠋ᠠᠨ ᠰᠢᠯᠭ᠋ᠠᠭᠰᠠᠨ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠡᠭᠦᠷᠭᠡᠯᠡᠨ᠎ᠡ᠃
ᠳᠠᠬᠢᠨ ᠪᠠᠶ᠋ᠢᠴᠠᠭ᠋ᠠᠬᠤ ᠪᠠᠶ᠋ᠢᠭᠤᠯᠤᠮᠵᠢ ᠵᠦᠶ ᠶᠣᠰᠣᠨ᠎ᠤ ᠰᠢᠯᠲᠠᠭ᠋ᠠᠨ ᠦᠭᠡᠢ᠎ᠪᠠᠷ ᠳᠠᠬᠢᠨ ᠪᠠᠶ᠋ᠢᠴᠠᠭ᠋ᠠᠬᠤ ᠡᠭᠦᠷᠭᠡ ᠡᠭᠦᠷᠭᠡᠯᠡᠬᠦ ᠵᠢ ᠲᠡᠪᠴᠢᠵᠦ ᠪᠣᠯᠬᠤ ᠦᠭᠡᠢ᠃
ᠳᠥᠴᠢᠨ ᠭᠤᠷᠪᠠᠳᠤᠭ᠋ᠠᠷ ᠵᠤᠷᠪᠤᠰ   ᠶᠠᠮᠠᠷᠪᠠ ᠨᠢᠭᠡᠴᠡ ᠪᠠ ᠬᠤᠪᠢ ᠬᠥᠮᠦᠨ ᠬᠠᠤᠯᠢ ᠶᠣᠰᠣᠭ᠋ᠠᠷ ᠬᠢᠷᠢ ᠬᠡᠮ᠎ᠢ᠎ᠨᠢ ᠮᠠᠭ᠋ᠠᠳᠯᠠᠨ   ᠲᠤᠭᠳᠠᠭ᠋ᠠᠭᠳᠠᠭᠰᠠᠨ ᠦᠭᠡᠢ ᠢᠳᠡᠭᠡᠨ᠎ᠤ ᠰᠢᠯᠭ᠋ᠠᠨ ᠪᠠᠶ᠋ᠢᠴᠠᠭ᠋ᠠᠬᠤ ᠪᠠᠶ᠋ᠢᠭᠤᠯᠤᠮᠵᠢ ᠵᠢᠨ ᠭᠠᠷᠭ᠋ᠠᠭᠰᠠᠨ ᠢᠳᠡᠭᠡᠨ᠎ᠤ ᠰᠢᠯᠭ᠋ᠠᠨ ᠪᠠᠶ᠋ᠢᠴᠠᠭ᠋ᠠᠭᠰᠠᠨ ᠮᠡᠳᠡᠭᠡ ᠵᠠᠩᠭᠢ ᠵᠢ ᠨᠡᠶ᠋ᠢᠲᠡᠯᠡᠵᠦ ᠪᠣᠯᠬᠤ ᠦᠭᠡᠢ᠂ ᠳᠡᠭᠡᠷ᠎ᠡ ᠳᠤᠷᠠᠳᠤᠭᠰᠠᠨ ᠰᠢᠯᠭ᠋ᠠᠨ ᠪᠠᠶ᠋ᠢᠴᠠᠭ᠋ᠠᠭᠰᠠᠨ ᠮᠡᠳᠡᠭᠡ ᠵᠠᠩᠭᠢ ᠵᠢ ᠠᠰᠢᠭᠯᠠ ᠢᠳᠡᠭᠡᠨ᠂ ᠢᠳᠡᠭᠡᠨ ᠦᠢᠯᠡᠳᠪᠦᠷᠢᠯᠡᠨ ᠡᠵᠡᠩᠨᠡᠭᠴᠢ᠎ᠳᠤ ᠵᠡᠷᠭᠡ ᠲᠡᠰ᠎ᠤᠨ ᠦᠨᠡᠯᠡᠨ ᠲᠣᠭᠲᠠᠭ᠋ᠠᠯᠲᠠ ᠬᠢᠵᠦ᠂ ᠬᠡᠷᠡᠭᠯᠡᠭᠴᠢᠳ᠎ᠢ ᠮᠡᠬᠡᠯᠡᠵᠦ᠂ ᠪᠤᠷᠤᠭᠤ ᠲᠡᠰᠢ ᠬᠥᠲᠥᠯᠵᠦ ᠪᠣᠯᠬᠤ ᠦᠭᠡᠢ᠃
ᠵᠢᠷᠭᠤᠳᠤᠭ᠋ᠠᠷ ᠪᠦᠯᠦᠭ   ᠢᠳᠡᠭᠡᠨ᠎ᠢ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ
ᠳᠥᠴᠢᠨ ᠳᠥᠷᠪᠡᠳᠦᠭᠡᠷ ᠵᠤᠷᠪᠤᠰ   ᠭᠠᠳᠠᠭ᠋ᠠᠳᠤ᠎ᠠᠴᠠ ᠣᠷᠣᠭᠤᠯᠬᠤ ᠬᠤᠳᠠᠯᠳᠤᠭ᠋ᠠᠴᠢᠨ ᠢᠳᠡᠭᠡᠨ᠂ ᠢᠳᠡᠭᠡᠨ᠎ᠤ ᠨᠡᠮᠡᠯᠲᠡ ᠡᠳ᠋᠎ᠢ ᠭᠠᠳᠠᠭ᠋ᠠᠳᠤ᠎ᠠᠴᠠ ᠣᠷᠣᠭᠤᠯᠬᠤ᠎ᠳᠠᠭᠠᠨ ᠲᠣᠭᠲᠠᠭ᠋ᠠᠯ ᠶᠣᠰᠣᠭ᠋ᠠᠷ ᠬᠢᠯᠢ᠎ᠪᠠᠷ ᠭᠠᠷᠬᠤ ᠣᠷᠣᠬᠤ ᠰᠢᠯᠭ᠋ᠠᠨ ᠪᠠᠶ᠋ᠢᠴᠠᠭ᠋ᠠᠯᠲᠠ ᠬᠢᠵᠢᠭ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠳᠤ ᠮᠡᠳᠡᠭᠦᠯᠦᠨ ᠪᠠᠶ᠋ᠢᠴᠠᠭ᠋ᠠᠯᠭ᠋ᠠᠵᠤ᠂ ᠦᠢᠯᠡᠳᠬᠦᠨ᠎ᠤ ᠬᠣᠯᠪᠣᠭᠳᠠᠯ ᠪᠦᠬᠦᠢ ᠮᠡᠳᠡᠭᠡ ᠵᠠᠩᠭᠢ ᠵᠢ ᠦᠨᠡᠨ ᠮᠥᠨ ᠵᠶ᠋ᠠᠷ᠎ᠨᠢ ᠮᠡᠳᠡᠭᠦᠯᠬᠦ ᠵᠢᠨ ᠬᠠᠮᠲᠤ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠬᠢᠷᠢ ᠲᠡᠩᠴᠡᠭᠰᠡᠨ ᠭᠡᠷᠡᠴᠢ ᠮᠠᠲ᠋ᠧᠷᠢᠶᠠᠯ᠎ᠢ ᠳᠠᠭ᠋ᠠᠯᠳᠤᠭᠤᠯᠬᠤ ᠬᠡᠷᠡᠭᠲᠡᠶ᠃
ᠳᠥᠴᠢᠨ ᠲᠠᠪᠤᠳᠤᠭ᠋ᠠᠷ ᠵᠤᠷᠪᠤᠰ ᠭᠠᠳᠠᠭ᠋ᠠᠳᠤ᠎ᠠᠴᠠ ᠤᠷᠤᠭᠤᠯᠤᠭᠰᠠᠨ ᠢᠳᠡᠭᠡᠨ   ᠪᠣᠭᠣᠮᠲᠠ᠎ᠳᠤ ᠬᠦᠷᠦᠭᠰᠡᠨ᠎ᠤ ᠳᠠᠷᠠᠭ᠎ᠠ᠂ ᠬᠢᠯᠢ᠎ᠪᠠᠷ ᠣᠷᠣᠭᠤᠯᠵᠤ ᠭᠠᠷᠭ᠋ᠠᠬᠤ ᠵᠢᠨ ᠰᠢᠯᠭ᠋ᠠᠨ ᠪᠠᠶ᠋ᠢᠴᠠᠭ᠋ᠠᠯᠲᠠ ᠬᠢᠵᠢᠭ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠵᠢᠨ ᠵᠢᠭ᠋ᠠᠨ ᠲᠣᠭᠲᠠᠭ᠋ᠠᠭᠰᠠᠨ ᠪᠤᠶᠤ ᠮᠡᠳᠡᠷᠡᠨ ᠵᠥᠪᠰᠢᠶᠡᠷᠡᠭᠰᠡᠨ ᠲᠠᠯᠠᠪᠤᠷ᠎ᠲᠤ ᠬᠠᠳᠠᠭ᠋ᠠᠯᠠᠬᠤ ᠬᠡᠷᠡᠭᠲᠡᠶ; ᠰᠢᠯᠵᠢᠭᠦᠯᠬᠦ ᠴᠢᠬᠤᠯᠠᠲᠠᠶ ᠪᠠᠢ᠌ᠪᠠᠯ᠂ ᠬᠢᠯᠢ᠎ᠪᠠᠷ ᠭᠠᠷᠴᠤ ᠣᠷᠣᠬᠤ ᠰᠢᠯᠭ᠋ᠠᠨ ᠪᠠᠶ᠋ᠢᠴᠠᠭ᠋ᠠᠯᠲᠠ ᠬᠢᠵᠢᠭ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠵᠢᠨ ᠱᠠᠭ᠋ᠠᠷᠳᠠᠯᠭ᠎ᠠ ᠶᠣᠰᠣᠭ᠋ᠠᠷ ᠴᠢᠬᠤᠯᠠ ᠪᠦᠬᠦᠢ ᠠᠶᠤᠯᠭᠦᠶ ᠵᠢᠨ ᠰᠡᠷᠭᠡᠶ᠋ᠢᠯᠡᠨ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠠᠪᠬᠤ ᠬᠡᠷᠡᠭᠲᠡᠶ᠃ ᠶᠡᠬᠡ ᠬᠡᠮᠵᠢᠶᠡᠨ᠎ᠤ ᠰᠤᠯᠠ ᠪᠣᠭᠣᠳᠠᠯᠯᠠᠭᠰᠠᠨ ᠭᠠᠳᠠᠭ᠋ᠠᠳᠤ᠎ᠠᠴᠠ ᠣᠷᠣᠭᠤᠯᠤᠭᠰᠠᠨ ᠢᠳᠡᠭᠡᠨ᠎ᠢ ᠪᠠᠷᠠᠭ᠎ᠠ ᠪᠠᠭᠤᠯᠭ᠋ᠠᠬᠤ ᠪᠣᠭᠣᠮᠲᠠ᠎ᠳᠤ ᠰᠢᠯᠭ᠋ᠠᠨ ᠪᠠᠶ᠋ᠢᠴᠠᠭ᠋ᠠᠬᠤ ᠬᠡᠷᠡᠭᠲᠡᠶ᠃
ᠳᠥᠴᠢᠨ ᠵᠢᠷᠭᠤᠳᠤᠭ᠋ᠠᠷ ᠵᠤᠷᠪᠤᠰ ᠤᠯᠤᠰ᠎ᠤᠨ ᠬᠢᠯᠢ᠎ᠪᠠᠷ ᠭᠠᠷᠬᠤ ᠣᠷᠣᠬᠤ ᠰᠢᠯᠭ᠋ᠠᠨ ᠪᠠᠶ᠋ᠢᠴᠠᠭ᠋ᠠᠯᠲᠠ ᠬᠢᠵᠢᠭ ᠪᠠᠶ᠋ᠢᠴᠠᠭ᠋ᠠᠯᠲᠠ ᠵᠢᠨ ᠰᠠᠯᠠᠭ᠎ᠠ ᠮᠥᠴᠢᠷ ᠲᠦᠭᠰᠢᠭᠦᠷᠢ ᠵᠢᠨ ᠬᠠᠮᠢᠶᠠᠷᠤᠯᠲᠠ ᠵᠢᠨ ᠬᠡᠷᠡᠭᠴᠡᠭᠡ ᠵᠢ ᠦᠨᠳᠦᠰᠦᠯᠡᠨ᠂ ᠬᠡᠰᠡᠭ ᠢᠳᠡᠭᠡᠨ᠎ᠳᠤ ᠪᠣᠭᠣᠮᠲᠠ᠎ᠪᠠᠷ ᠣᠷᠣᠭᠤᠯᠬᠤ ᠵᠢ ᠲᠤᠭᠳᠠᠭ᠋ᠠᠨ ᠬᠡᠷᠡᠭᠵᠢᠭᠦᠯᠵᠦ ᠪᠣᠯᠤᠨ᠎ᠠ᠃
ᠳᠥᠴᠢᠨ ᠳᠣᠯᠣᠳᠤᠭ᠋ᠠᠷ ᠵᠤᠷᠪᠤᠰ ᠲᠥᠷᠦ ᠵᠢᠨ ᠶᠠᠪᠤᠳᠠᠯ᠎ᠤᠨ ᠬᠣᠷᠢᠶᠠᠨ᠎ᠤ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠢᠳᠡᠭᠡᠨ᠎ᠤ ᠠᠶᠤᠯᠭᠦᠶ ᠵᠢᠨ ᠬᠠᠤᠯᠢ ᠵᠢᠨ ᠶᠡᠷᠡᠨ ᠭᠤᠷᠪᠠᠳᠤᠭ᠋ᠠᠷ ᠵᠦᠢᠯ᠎ᠤᠨ ᠲᠣᠭᠲᠠᠭ᠋ᠠᠯ ᠶᠣᠰᠣᠭ᠋ᠠᠷ ᠬᠢᠯᠢ ᠵᠢᠨ ᠭᠠᠳᠠᠨᠠᠬᠢ ᠭᠠᠳᠠᠭ᠋ᠠᠳᠤ᠎ᠳᠤ ᠭᠠᠷᠭ᠋ᠠᠬᠤ ᠬᠤᠳᠠᠯᠳᠤᠭ᠋ᠠᠴᠢᠨ᠂ ᠬᠢᠯᠢ ᠵᠢᠨ ᠭᠠᠳᠠᠨᠠᠬᠢ ᠦᠢᠯᠡᠳᠪᠦᠷᠢᠯᠡᠯ᠎ᠤᠨ ᠠᠵᠤ ᠠᠬᠤᠶ᠋ᠢᠯᠠᠯ ᠪᠤᠶᠤ ᠲᠡᠭᠦᠨ᠎ᠤ ᠨᠠᠶ᠋ᠢᠳᠠᠭᠰᠠᠨ ᠭᠠᠳᠠᠭ᠋ᠠᠳᠤ᠎ᠠᠴᠠ ᠣᠷᠣᠭᠤᠯᠬᠤ ᠬᠤᠳᠠᠯᠳᠤᠭ᠋ᠠᠴᠢᠨ᠎ᠤ ᠲᠤᠰᠢᠶᠠᠭᠰᠠᠨ ᠬᠣᠯᠪᠣᠭᠳᠠᠯ ᠪᠦᠬᠦᠢ ᠤᠯᠤᠰ (ᠭᠠᠵᠠᠷ ᠣᠷᠣᠨ)᠎ᠤᠨ ᠪᠠᠷᠢᠮᠵᠢᠶ᠎ᠠ ᠪᠤᠶᠤ ᠤᠯᠠᠨ ᠤᠯᠤᠰ᠎ᠤᠨ ᠪᠠᠷᠢᠮᠵᠢᠶ᠎ᠠ ᠵᠢ ᠬᠢᠨᠠᠨ ᠪᠠᠶ᠋ᠢᠴᠠᠭ᠋ᠠᠭ᠋ᠠᠳ᠂ ᠢᠳᠡᠭᠡᠨ᠎ᠤ ᠠᠶᠤᠯᠭᠦᠶ ᠵᠢᠨ ᠱᠠᠭ᠋ᠠᠷᠳᠠᠯᠭ᠎ᠠ᠎ᠳᠤ ᠨᠡᠶ᠋ᠢᠴᠡᠨ᠎ᠡ ᠭᠡᠵᠦ ᠦᠵᠡᠪᠡᠯ᠂ ᠬᠡᠷᠡᠭᠯᠡᠬᠦ ᠵᠢ ᠲᠣᠭᠲᠠᠭ᠋ᠠᠬᠤ ᠵᠢᠨ ᠬᠠᠮᠲᠤ ᠨᠡᠶ᠋ᠢᠲᠡᠯᠡᠨ᠎ᠡ; ᠬᠡᠷᠡᠭᠯᠡᠬᠦ᠎ᠳᠤ ᠲᠣᠬᠢᠷᠠᠬᠤ ᠪᠠᠷᠢᠮᠵᠢᠶ᠎ᠠ ᠵᠢ ᠨᠡᠶ᠋ᠢᠲᠡᠯᠡᠬᠦ᠎ᠠᠴᠠ ᠡᠮᠦᠨ᠎ᠡ᠂ ᠬᠠᠷᠠᠬᠠᠨ ᠢᠳᠡᠭᠡᠨ᠎ᠤ ᠠᠶᠤᠯᠭᠦᠶ ᠵᠢᠨ ᠤᠯᠤᠰ᠎ᠤᠨ ᠪᠠᠷᠢᠮᠵᠢᠶ᠎ᠠ ᠦᠭᠡᠢ ᠢᠳᠡᠭᠡᠨ᠎ᠢ ᠭᠠᠳᠠᠭ᠋ᠠᠳᠤ᠎ᠠᠴᠠ ᠣᠷᠣᠭᠤᠯᠵᠤ ᠪᠣᠯᠬᠤ ᠦᠭᠡᠢ᠃
ᠢᠳᠡᠭᠡᠨ᠎ᠤ ᠠᠶᠤᠯᠬᠦᠢ ᠵᠢᠨ ᠤᠯᠤᠰ᠎ᠤᠨ ᠪᠠᠷᠢᠮᠵᠢᠶ᠎ᠠ᠎ᠳᠤ ᠨᠡᠶ᠋ᠢᠳᠡᠮ ᠬᠡᠷᠡᠭᠯᠡᠬᠦ ᠪᠠᠷᠢᠮᠵᠢᠶ᠎ᠠ᠎ᠳᠤ ᠨᠢᠭᠡᠨᠲᠡ   ᠬᠠᠮᠤᠷᠤᠭᠳᠠᠭᠰᠠᠨ ᠢᠳᠡᠭᠡᠨ᠎ᠨᠢ ᠢᠳᠡᠭᠡᠨ᠎ᠤ ᠠᠮᠤᠷ ᠲᠦᠪᠰᠢᠨ᠎ᠤ ᠬᠠᠤᠯᠢ ᠵᠢᠨ ᠶᠡᠷᠡᠨ ᠭᠤᠷᠪᠠᠳᠤᠭ᠋ᠠᠷ ᠵᠤᠷᠪᠤᠰ᠎ᠲᠤ ᠲᠣᠭᠲᠠᠭ᠋ᠠᠭᠰᠠᠨ ᠢᠳᠡᠭᠡᠨ᠎ᠤ ᠠᠮᠤᠷ ᠲᠦᠪᠰᠢᠨ᠎ᠤ ᠤᠯᠤᠰ᠎ᠤᠨ ᠪᠠᠷᠢᠮᠵᠢᠶ᠎ᠠ ᠦᠭᠡᠢ ᠢᠳᠡᠭᠡᠨ᠎ᠳᠤ ᠬᠠᠷᠢᠶᠠᠯᠠᠭᠳᠠᠬᠤ ᠦᠭᠡᠢ᠃
 ᠳᠥᠴᠢᠨ ᠨᠠᠢ᠌ᠮᠠᠳᠤᠭ᠋ᠠᠷ ᠵᠤᠷᠪᠤᠰ ᠭᠠᠳᠠᠭ᠋ᠠᠳᠤ᠎ᠠᠴᠠ ᠣᠷᠣᠭᠤᠯᠬᠤ ᠬᠤᠳᠠᠯᠳᠤᠭ᠋ᠠᠴᠢᠨ ᠬᠢᠯᠢ ᠵᠢᠨ ᠭᠠᠳᠠᠨᠠᠬᠢ ᠭᠠᠳᠠᠭ᠋ᠠᠳᠤ᠎ᠳᠤ ᠭᠠᠷᠭ᠋ᠠᠬᠤ ᠬᠤᠳᠠᠯᠳᠤᠭ᠋ᠠᠴᠢᠨ᠂ ᠬᠢᠯᠢ ᠵᠢᠨ ᠭᠠᠳᠠᠨᠠᠬᠢ ᠦᠢᠯᠡᠳᠪᠦᠷᠢᠯᠡᠯ᠎ᠤᠨ ᠠᠵᠤ ᠠᠬᠤᠶ᠋ᠢᠯᠠᠯ᠎ᠢ ᠬᠢᠨᠠᠨ ᠬᠠᠷᠭᠤᠭᠤᠯᠬᠤ ᠳᠦᠷᠢᠮ ᠎ᠢ ᠪᠠᠶ᠋ᠢᠭᠤᠯᠵᠤ᠂ ᠬᠢᠯᠢ ᠵᠢᠨ ᠭᠠᠳᠠᠨᠠᠬᠢ ᠭᠠᠳᠠᠭ᠋ᠠᠳᠤ᠎ᠳᠤ ᠭᠠᠷᠭ᠋ᠠᠬᠤ ᠬᠤᠳᠠᠯᠳᠤᠭ᠋ᠠᠴᠢᠨ᠂ ᠬᠢᠯᠢ ᠵᠢᠨ ᠭᠠᠳᠠᠨᠠᠬᠢ ᠦᠢᠯᠡᠳᠪᠦᠷᠢᠯᠡᠯ᠎ᠤᠨ ᠠᠵᠤ ᠠᠬᠤᠶ᠋ᠢᠯᠠᠯ᠎ᠤᠨ ᠢᠳᠡᠭᠡᠨ᠎ᠤ ᠠᠶᠤᠯᠭᠦᠶ ᠵᠢᠨ ᠲᠦᠭᠰᠢᠭᠦᠷᠢ ᠵᠢ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠲᠣᠭᠲᠠᠭ᠋ᠠᠵᠤ ᠬᠡᠷᠡᠭᠵᠢᠭᠦᠯᠦᠭᠰᠡᠨ ᠪᠠᠢ᠌ᠳᠠᠯ ᠵᠢᠴᠢ ᠮᠠᠨ᠎ᠤ ᠤᠯᠤᠰ᠎ᠲᠤ ᠭᠠᠷᠭ᠋ᠠᠭᠰᠠᠨ ᠢᠳᠡᠭᠡᠨ᠎ᠨᠢ ᠢᠳᠡᠭᠡᠨ᠎ᠤ ᠠᠶᠤᠯᠭᠦᠶ ᠵᠢᠨ ᠬᠠᠤᠯᠢ᠂ ᠲᠤᠰ ᠳᠦᠷᠢᠮ ᠪᠠ ᠪᠤᠰᠤᠳ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠵᠢᠴᠢ ᠢᠳᠡᠭᠡᠨ᠎ᠤ ᠠᠶᠤᠯᠭᠦᠶ ᠵᠢᠨ ᠤᠯᠤᠰ᠎ᠤᠨ ᠪᠠᠷᠢᠮᠵᠢᠶ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠵᠦ ᠪᠠᠢ᠌ᠬᠤ ᠡᠰᠡᠬᠦ ᠵᠢ ᠭᠣᠤᠯᠳᠠᠯᠭ᠎ᠠ᠎ᠲᠠᠢ ᠬᠢᠨᠠᠨ ᠬᠠᠷᠭᠤᠭᠤᠯᠬᠤ ᠬᠡᠷᠡᠭᠲᠡᠶ᠃
ᠳᠥᠴᠢ ᠶᠢᠰᠦᠳᠦᠭᠡᠷ ᠵᠤᠷᠪᠤᠰ ᠭᠠᠳᠠᠭ᠋ᠠᠳᠤ᠎ᠠᠴᠠ ᠣᠷᠣᠭᠤᠯᠬᠤ ᠬᠤᠳᠠᠯᠳᠤᠭ᠋ᠠᠴᠢᠨ ᠢᠳᠡᠭᠡᠨ᠎ᠤ ᠠᠶᠤᠯᠭᠦᠶ ᠵᠢᠨ ᠬᠠᠤᠯᠢ ᠵᠢᠨ ᠶᠡᠷᠡᠨ ᠳᠥᠷᠪᠡᠳᠦᠭᠡᠷ ᠵᠤᠷᠪᠤᠰ᠎ᠤᠨ ᠭᠤᠷᠪᠠᠳᠤᠭ᠋ᠠᠷ ᠪᠠᠳᠠᠭ᠎ᠤᠨ ᠲᠣᠭᠲᠠᠭ᠋ᠠᠯ ᠶᠣᠰᠣᠭ᠋ᠠᠷ ᠢᠳᠡᠭᠡᠨ᠎ᠢ ᠭᠠᠳᠠᠭ᠋ᠠᠳᠤ᠎ᠠᠴᠠ ᠣᠷᠣᠭᠤᠯᠬᠤ᠎ᠳᠤ ᠬᠦᠷᠪᠡᠯ᠂ ᠢᠳᠡᠭᠡᠨ᠎ᠤ ᠵᠦᠢᠯ ᠪᠣᠯᠤᠨ ᠰᠢᠢᠳᠪᠦᠷᠢᠯᠡᠭᠰᠡᠨ ᠪᠠᠶ᠋ᠢᠳᠠᠯ ᠵᠶ᠋ᠠᠨ ᠪᠠᠢ᠌ᠭ᠎ᠠ ᠭᠠᠵᠠᠷ᠎ᠤᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯᠤᠨ ᠪᠠᠢ᠌ᠭ᠎ᠠ ᠭᠠᠵᠠᠷ᠎ᠤᠨ ᠬᠢᠯᠢ᠎ᠪᠠᠷ ᠭᠠᠷᠬᠤ ᠣᠷᠣᠬᠤ ᠰᠢᠯᠭ᠋ᠠᠨ ᠪᠠᠶ᠋ᠢᠴᠠᠭ᠋ᠠᠯᠲᠠ ᠬᠢᠵᠢᠭ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠳᠤ ᠮᠡᠳᠡᠭᠦᠯᠬᠦ ᠬᠡᠷᠡᠭᠲᠡᠶ᠃
ᠲᠠᠪᠢᠳᠤᠭ᠋ᠠᠷ ᠵᠤᠷᠪᠤᠰ ᠤᠯᠤᠰ᠎ᠤᠨ ᠬᠢᠯᠢ᠎ᠪᠠᠷ ᠭᠠᠷᠬᠤ ᠣᠷᠣᠬᠤ ᠰᠢᠯᠭ᠋ᠠᠨ ᠪᠠᠶ᠋ᠢᠴᠠᠭ᠋ᠠᠯᠲᠠ ᠬᠢᠵᠢᠭ ᠪᠠᠶ᠋ᠢᠴᠠᠭ᠋ᠠᠯᠲᠠ ᠵᠢᠨ ᠰᠠᠯᠠᠭ᠎ᠠ ᠮᠥᠴᠢᠷ ᠨᠢᠭᠡᠨᠲᠡ ᠳᠠᠩᠰᠠᠯᠠᠭᠤᠯᠤᠭᠰᠠᠨ ᠬᠢᠯᠢ ᠵᠢᠨ ᠭᠠᠳᠠᠨᠠᠬᠢ ᠢᠳᠡᠭᠡᠨ ᠦᠢᠯᠡᠳᠪᠦᠷᠢᠯᠡᠬᠦ ᠠᠵᠤ ᠠᠬᠤᠶ᠋ᠢᠯᠠᠯ ᠳᠠᠩᠰᠠᠯᠠᠭᠤᠯᠬᠤ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ ᠪᠣᠯᠤᠭᠰᠠᠨ᠎ᠢ ᠣᠯᠵᠤ ᠮᠡᠳᠡᠪᠡᠯ᠂ ᠲᠡᠭᠦᠨ᠎ᠢ ᠵᠠᠷᠯᠢᠭᠳᠠᠵᠤ ᠪᠠᠶ᠋ᠢᠭ᠋ᠠᠳ ᠲᠣᠭᠲᠠᠭᠰᠠᠨ ᠬᠤᠭᠤᠴᠠᠭ᠋ᠠᠨ ᠳᠣᠲᠣᠷ᠎ᠠ ᠴᠡᠭᠴᠡᠯᠡᠨ ᠥᠭᠡᠷᠡᠴᠢᠯᠡᠭᠦᠯᠵᠦ᠂ ᠴᠡᠭᠴᠡᠯᠡᠨ ᠰᠠᠶ᠋ᠢᠵᠢᠷᠠᠭᠤᠯᠬᠤ ᠬᠤᠭᠤᠴᠠᠭ᠋ᠠᠨ᠎ᠳᠤ ᠲᠡᠭᠦᠨ᠎ᠤ ᠦᠢᠯᠡᠳᠪᠦᠷᠢᠯᠡᠭᠰᠡᠨ ᠢᠳᠡᠭᠡᠨ᠎ᠢ ᠭᠠᠳᠠᠭ᠋ᠠᠳᠤ᠎ᠠᠴᠠ ᠣᠷᠣᠭᠤᠯᠬᠤ ᠵᠢ ᠲᠦᠷ ᠵᠣᠭᠰᠣᠭ᠋ᠠᠬᠤ ᠬᠡᠷᠡᠭᠲᠡᠶ; ᠴᠡᠭᠴᠡᠯᠡᠨ ᠰᠠᠶ᠋ᠢᠵᠢᠷᠠᠭᠤᠯᠬᠤ᠎ᠪᠠᠷ ᠳᠠᠮᠵᠢᠭ᠋ᠠᠳ ᠮᠥᠨ ᠬᠦ᠌ ᠳᠠᠩᠰᠠᠯᠠᠭᠤᠯᠬᠤ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ ᠪᠠᠢ᠌ᠪᠠᠯ᠂ ᠤᠯᠤᠰ᠎ᠤᠨ ᠬᠢᠯᠢ᠎ᠪᠠᠷ ᠣᠷᠣᠭᠤᠯᠵᠤ ᠭᠠᠷᠭ᠋ᠠᠬᠤ ᠵᠢᠨ ᠰᠢᠯᠭ᠋ᠠᠨ ᠪᠠᠢ᠌ᠴᠠᠭ᠋ᠠᠯᠳᠠ ᠬᠢᠵᠢᠭ   ᠪᠠᠢ᠌ᠴᠠᠭ᠋ᠠᠯᠳᠠ ᠵᠢᠨ ᠰᠠᠯᠠᠭ᠎ᠠ ᠮᠥᠴᠢᠷ ᠬᠢᠯᠢ ᠵᠢᠨ ᠭᠠᠳᠠᠨᠠᠬᠢ ᠢᠳᠡᠭᠡᠨ ᠦᠢᠯᠡᠳᠪᠦᠷᠢᠯᠡᠬᠦ ᠠᠵᠤ ᠠᠬᠤᠶ᠋ᠢᠯᠠᠯ᠎ᠤᠨ ᠳᠠᠩᠰᠠᠯᠠᠯ᠎ᠢ ᠬᠦᠴᠦᠨ ᠦᠭᠡᠢ ᠪᠣᠯᠭ᠋ᠠᠬᠤ ᠵᠢᠨ ᠬᠠᠮᠲᠤ ᠵᠠᠷᠯᠠᠨ ᠨᠡᠶ᠋ᠢᠲᠡᠯᠡᠬᠦ ᠬᠡᠷᠡᠭᠲᠡᠶ᠃
ᠲᠠᠪᠢᠨ ᠨᠢᠭᠡᠳᠦᠭᠡᠷ ᠵᠤᠷᠪᠤᠰ ᠮᠠᠨ᠎ᠤ ᠤᠯᠤᠰ᠎ᠤᠨ ᠰᠠᠶ᠋ᠢᠨ ᠰᠠᠶ᠋ᠢᠬᠠᠨ ᠦᠢᠯᠡᠳᠪᠦᠷᠢᠯᠡᠯ᠎ᠤᠨ ᠵᠢᠷᠤᠮᠵᠢᠯ᠂ ᠬᠣᠤᠷ ᠬᠥᠨᠥᠭᠡᠯ᠎ᠤᠨ ᠵᠠᠳᠠᠯᠤᠯᠲᠠ ᠪᠣᠯᠤᠨ ᠵᠠᠩᠭᠢᠯᠠᠭ᠎ᠠ ᠵᠢᠨ ᠡᠵᠡᠮᠳᠡᠯ᠎ᠤᠨ ᠴᠡᠭ᠎ᠤᠨ ᠰᠢᠰᠲ᠋ᠧᠮ ᠵᠶ᠋ᠠᠷ ᠳᠠᠮᠵᠢᠨ ᠭᠡᠷᠡᠴᠢᠯᠡᠭᠳᠡᠭᠰᠡᠨ ᠬᠢᠯᠢ ᠵᠢᠨ ᠭᠠᠳᠠᠨᠠᠬᠢ ᠦᠢᠯᠡᠳᠪᠦᠷᠢᠯᠡᠯ᠎ᠤᠨ ᠠᠵᠤ   ᠠᠬᠤᠢ᠌ᠯᠠᠯ᠎ᠳᠤ ᠭᠡᠷᠡᠴᠢᠯᠡᠯ᠎ᠤᠨ ᠪᠠᠶ᠋ᠢᠭᠤᠯᠤᠮᠵᠢ ᠬᠠᠤᠯᠢ ᠶᠣᠰᠣᠭ᠋ᠠᠷ ᠮᠥᠷᠳᠡᠨ ᠪᠠᠶ᠋ᠢᠴᠠᠭ᠋ᠠᠯᠲᠠ ᠬᠢᠬᠦ ᠬᠡᠷᠡᠭᠲᠡᠶ᠃ ᠭᠡᠷᠡᠴᠢᠯᠡᠯ᠎ᠤᠨ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ ᠪᠣᠯᠤᠭᠰᠠᠨ ᠠᠵᠤ ᠠᠬᠤᠶ᠋ᠢᠯᠠᠯ᠎ᠢ ᠭᠡᠷᠡᠴᠢᠯᠡᠯ᠎ᠤᠨ ᠪᠠᠶ᠋ᠢᠭᠤᠯᠤᠮᠵᠢ ᠬᠠᠤᠯᠢ ᠶᠣᠰᠣᠭ᠋ᠠᠷ ᠭᠡᠷᠡᠴᠢᠯᠡᠯ᠎ᠢ ᠬᠦᠴᠦᠨ ᠦᠭᠡᠢ ᠪᠣᠯᠭ᠋ᠠᠬᠤ ᠵᠢᠨ ᠬᠠᠮᠲᠤ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠶ᠃
ᠲᠠᠪᠢᠨ ᠬᠣᠶᠠᠳᠤᠭ᠋ᠠᠷ ᠵᠦᠢᠯ ᠬᠢᠯᠢ ᠵᠢᠨ ᠭᠠᠳᠠᠨ᠎ᠠ ᠡᠭᠦᠰᠦᠭᠰᠡᠨ ᠢᠳᠡᠭᠡᠨ᠎ᠤ ᠠᠶᠤᠯᠭᠦᠶ ᠵᠢᠨ ᠬᠡᠷᠡᠭ᠎ᠨᠢ ᠮᠠᠨ᠎ᠤ ᠤᠯᠤᠰ᠎ᠤᠨ ᠬᠢᠯᠢ ᠵᠢᠨ ᠳᠣᠲᠣᠷ᠎ᠠ ᠨᠥᠯᠥᠭᠡ ᠦᠵᠡᠭᠦᠯᠵᠦ ᠮᠡᠳᠡᠬᠦ᠂ ᠡᠰᠡᠬᠦᠯ᠎ᠡ ᠭᠠᠳᠠᠭ᠋ᠠᠳᠤ᠎ᠠᠴᠠ ᠣᠷᠣᠭᠤᠯᠤᠭᠰᠠᠨ ᠢᠳᠡᠭᠡᠨ᠂ ᠢᠳᠡᠭᠡᠨ᠎ᠤ ᠨᠡᠮᠡᠯᠲᠡ ᠡᠳ᠋᠂ ᠢᠳᠡᠭᠡᠨ᠎ᠲᠠᠢ ᠬᠣᠯᠪᠣᠭᠳᠠᠬᠤ ᠦᠢᠯᠡᠳᠬᠦᠨ᠎ᠠᠴᠠ ᠢᠳᠡᠭᠡᠨ᠎ᠤ ᠠᠶᠤᠯᠭᠦᠶ ᠵᠢᠨ ᠬᠦᠨᠳᠦ ᠨᠣᠴᠢᠲᠠᠶ ᠠᠰᠠᠭᠤᠳᠠᠯ᠎ᠢ ᠣᠯᠵᠤ ᠮᠡᠳᠡᠭᠰᠡᠨ ᠪᠠᠢ᠌ᠪᠠᠯ᠂ ᠤᠯᠤᠰ᠎ᠤᠨ ᠬᠢᠯᠢ᠎ᠪᠠᠷ ᠭᠠᠷᠬᠤ ᠣᠷᠣᠬᠤ ᠰᠢᠯᠭ᠋ᠠᠨ ᠪᠠᠶ᠋ᠢᠴᠠᠭ᠋ᠠᠯᠲᠠ ᠬᠢᠵᠢᠭ ᠪᠠᠶ᠋ᠢᠴᠠᠭ᠋ᠠᠯᠲᠠ ᠵᠢᠨ ᠰᠠᠯᠠᠭ᠎ᠠ ᠮᠥᠴᠢᠷ ᠴᠠᠭ ᠲᠤᠬᠠᠶ᠎ᠳᠤᠨᠢ ᠠᠶᠤᠯ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ ᠬᠡᠷᠡᠭᠲᠡᠶ ᠪᠥᠭᠡᠳ ᠬᠣᠯᠪᠣᠭᠳᠠᠯ ᠪᠦᠬᠦᠢ ᠢᠳᠡᠭᠡᠨ᠂ ᠢᠳᠡᠭᠡᠨ᠎ᠤ ᠨᠡᠮᠡᠯᠲᠡ ᠡᠳ᠋᠂ ᠢᠳᠡᠭᠡᠨ᠎ᠲᠠᠢ ᠬᠣᠯᠪᠣᠭᠳᠠᠬᠤ ᠦᠢᠯᠡᠳᠬᠦᠨ᠎ᠳᠤ ᠳᠣᠤᠷ᠎ᠠ ᠵᠢᠭᠰᠠᠭ᠋ᠠᠭᠰᠠᠨ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠠᠪᠴᠤ ᠪᠣᠯᠤᠨ᠎ᠠ᠄
(ᠨᠢᠭᠡ) ᠪᠠᠷᠠᠭ᠎ᠠ ᠪᠤᠴᠠᠭ᠋ᠠᠬᠤ ᠪᠤᠶᠤ ᠤᠰᠠᠳᠬᠠᠵᠤ ᠰᠢᠢᠳᠪᠦᠷᠢᠯᠡᠬᠦ;
(ᠬᠣᠶᠠᠷ) ᠭᠠᠳᠠᠭ᠋ᠠᠳᠤ᠎ᠠᠴᠠ ᠣᠷᠣᠭᠤᠯᠬᠤ ᠵᠢ ᠨᠥᠬᠥᠴᠡᠯ᠎ᠲᠠᠢ᠎ᠪᠠᠷ ᠬᠢᠵᠠᠭ᠋ᠠᠷᠯᠠᠬᠤ;
(ᠭᠤᠷᠪᠠ) ᠭᠠᠳᠠᠭ᠋ᠠᠳᠤ᠎ᠠᠴᠠ ᠣᠷᠣᠭᠤᠯᠬᠤ ᠵᠢ ᠲᠦᠷ ᠵᠣᠭᠰᠣᠭ᠋ᠠᠬᠤ ᠪᠤᠶᠤ ᠴᠠᠭ᠋ᠠᠵᠠᠯᠠᠬᠤ᠃
ᠲᠠᠪᠢᠨ ᠭᠤᠷᠪᠠᠳᠤᠭ᠋ᠠᠷ ᠵᠤᠷᠪᠤᠰ ᠭᠠᠳᠠᠭ᠋ᠠᠳᠤ᠎ᠳᠤ ᠭᠠᠷᠭ᠋ᠠᠬᠤ ᠢᠳᠡᠭᠡᠨ᠂ ᠢᠳᠡᠭᠡᠨ᠎ᠤ ᠨᠡᠮᠡᠯᠲᠡ ᠡᠳ᠋᠎ᠢ ᠦᠢᠯᠡᠳᠪᠦᠷᠢᠯᠡᠬᠦ ᠠᠵᠤ ᠠᠬᠤᠶ᠋ᠢᠯᠠᠯ᠎ᠨᠢ ᠭᠠᠳᠠᠭ᠋ᠠᠳᠤ᠎ᠳᠤ ᠭᠠᠷᠭ᠋ᠠᠬᠤ ᠢᠳᠡᠭᠡᠨ᠂ ᠢᠳᠡᠭᠡᠨ᠎ᠤ ᠨᠡᠮᠡᠯᠲᠡ ᠡᠳ᠋ ᠵᠶ᠋ᠠᠨ ᠭᠠᠳᠠᠭ᠋ᠠᠳᠤ᠎ᠠᠴᠠ ᠣᠷᠣᠭᠤᠯᠬᠤ ᠤᠯᠤᠰ (ᠭᠠᠵᠠᠷ ᠣᠷᠣᠨ)᠎ᠤᠨ ᠪᠠᠷᠢᠮᠵᠢᠶ᠎ᠠ ᠪᠤᠶᠤ ᠭᠡᠷ᠎ᠡ ᠵᠢᠨ ᠱᠠᠭ᠋ᠠᠷᠳᠠᠯᠭ᠎ᠠ᠎ᠳᠤ ᠨᠡᠶ᠋ᠢᠴᠡᠭᠦᠯᠬᠦ ᠵᠢ ᠪᠠᠲᠤᠯᠠᠬᠤ ᠬᠡᠷᠡᠭᠲᠡᠶ; ᠮᠠᠨ᠎ᠤ ᠤᠯᠤᠰ᠎ᠤᠨ ᠪᠠᠶ᠋ᠢᠭᠤᠯᠤᠭᠰᠠᠨ ᠪᠤᠶᠤ ᠣᠷᠣᠯᠴᠠᠭᠰᠠᠨ ᠣᠯᠠᠨ ᠤᠯᠤᠰ᠎ᠤᠨ ᠭᠡᠷ᠎ᠡ᠂ ᠬᠡᠯᠡᠯᠴᠡᠭᠡᠷ᠎ᠲᠤ   ᠱᠠᠭ᠋ᠠᠷᠳᠠᠭᠰᠠᠨ ᠪᠠᠢ᠌ᠪᠠᠯ᠂ ᠪᠠᠰᠠ ᠣᠯᠠᠨ ᠤᠯᠤᠰ᠎ᠤᠨ ᠭᠡᠷ᠎ᠡ᠂ ᠬᠡᠯᠡᠯᠴᠡᠭᠡᠷ ᠱᠠᠭ᠋ᠠᠷᠳᠠᠯᠭ᠎ᠠ᠎ᠳᠤ ᠨᠡᠶ᠋ᠢᠴᠡᠭᠦᠯᠬᠦ ᠬᠡᠷᠡᠭᠲᠡᠶ᠃
ᠳᠣᠯᠣᠳᠤᠭ᠋ᠠᠷ ᠪᠦᠯᠦᠭ ᠢᠳᠡᠭᠡᠨ᠎ᠤ ᠠᠶᠤᠯᠭᠦᠶ ᠵᠢᠨ ᠡ᠊ᠨᠳᠡᠯ᠎ᠢ ᠰᠢᠢᠳᠪᠦᠷᠢᠯᠡᠬᠦ
ᠲᠠᠪᠢᠨ ᠳᠥᠷᠪᠡᠳᠦᠭᠡᠷ ᠵᠤᠷᠪᠤᠰ ᠢᠳᠡᠭᠡᠨ᠎ᠤ ᠠᠶᠤᠯᠭᠦᠶ ᠵᠢᠨ ᠡ᠊ᠨᠳᠡᠯ᠎ᠢ ᠤᠯᠤᠰ᠎ᠤᠨ ᠢᠳᠡᠭᠡᠨ᠎ᠤ ᠠᠶᠤᠯᠭᠦᠶ ᠵᠢᠨ ᠡ᠊ᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠤᠷᠢᠳᠴᠢᠯᠠᠭᠰᠠᠨ ᠲᠥᠰᠦᠯ᠎ᠤᠨ ᠶᠣᠰᠣᠭ᠋ᠠᠷ ᠱᠠᠲᠤ ᠬᠤᠪᠢᠶᠠᠨ ᠬᠠᠮᠢᠶᠠᠷᠤᠨ᠎ᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠠᠳᠠᠯᠢ ᠱᠠᠲᠤᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠢᠳᠡᠭᠡᠨ᠎ᠤ ᠠᠶᠤᠯᠭᠦᠶ ᠵᠢᠨ ᠡ᠊ᠨᠳᠡᠯ᠎ᠢ ᠪᠠᠶ᠋ᠢᠴᠠᠭ᠋ᠠᠨ ᠰᠢᠢᠳᠪᠦᠷᠢᠯᠡᠬᠦ ᠠᠵᠢᠯ᠎ᠢ ᠬᠠᠷᠢᠭᠤᠴᠠᠨ᠎ᠠ᠃
ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠣᠳᠠᠲᠠᠶ ᠪᠠᠶ᠋ᠢᠳᠠᠯ ᠵᠶ᠋ᠠᠨ ᠦᠨᠳᠦᠰᠦᠯᠡᠨ ᠢᠳᠡᠭᠡᠨ᠎ᠤ ᠠᠶᠤᠯᠭᠦᠶ ᠵᠢᠨ ᠡ᠊ᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠤᠷᠢᠳᠴᠢᠯᠠᠭᠰᠠᠨ ᠲᠥᠰᠦᠯ᠎ᠳᠤ ᠴᠠᠭ ᠲᠤᠬᠠᠶ᠎ᠳᠤᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠶ᠃
ᠲᠠᠪᠢᠨ ᠲᠠᠪᠤᠳᠤᠭ᠋ᠠᠷ   ᠵᠤᠷᠪᠤᠰ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ ᠎ᠤᠨ ᠣᠷᠳᠣᠨ ᠢᠳᠡᠭᠡᠨ᠎ᠤ ᠠᠶᠤᠯᠭᠦᠶ ᠵᠢᠨ ᠡ᠊ᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠳᠠ ᠵᠢᠨ ᠲᠤᠭᠳᠠᠴᠠ ᠵᠢ ᠳᠡᠬᠦᠯᠳᠡᠷᠵᠢᠬᠦᠯᠵᠤ᠂ ᠲᠣᠨᠣᠭ ᠲᠥᠬᠥᠭᠡᠷᠦᠮᠵᠢ ᠵᠢ   ᠦᠭᠡᠷᠡᠴᠢᠯᠡᠨ ᠲᠡᠭᠦᠯᠳᠡᠷᠵᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠬᠤ ᠡᠳ᠋ ᠪᠣᠳᠠᠰ ᠨᠥᠭᠡᠴᠡᠯᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠡᠩᠨᠡᠭᠡ ᠵᠢᠨ ᠪᠠᠶ᠋ᠢᠭᠤᠯᠤᠯᠲᠠ ᠵᠢ ᠰᠠᠶ᠋ᠢᠲᠤᠷ ᠬᠢᠵᠦ᠂ ᠪᠠᠴᠢᠮ ᠪᠠᠶ᠋ᠢᠳᠠᠯ᠎ᠢ ᠠᠷᠭ᠋ᠠᠴᠠᠬᠤ ᠪᠣᠯᠪᠠᠰᠤᠷᠠᠯ᠂ ᠰᠣᠷᠢᠯᠲᠠ᠎ᠪᠠᠨ ᠴᠢᠩᠭ᠋ᠠᠳᠬᠠᠬᠤ ᠬᠡᠷᠡᠭᠲᠡᠶ᠃
ᠲᠠᠪᠢᠨ ᠵᠢᠷᠭᠤᠳᠤᠭ᠋ᠠᠷ   ᠵᠤᠷᠪᠤᠰ ᠢᠳᠡᠭᠡᠨ᠎ᠤ ᠠᠶᠤᠯᠭᠦᠶ ᠵᠢᠨ ᠡ᠊ᠨᠳᠡᠯ ᠭᠠᠷᠤᠭᠰᠠᠨ ᠨᠢᠭᠡᠴᠡ ᠢᠳᠡᠭᠡᠨ᠎ᠤ ᠠᠶᠤᠯᠭᠦᠶ ᠵᠢᠨ ᠡ᠊ᠨᠳᠡᠯ ᠭᠠᠷᠭ᠋ᠠᠭᠰᠠᠨ ᠪᠤᠶᠤ ᠭᠠᠷᠭ᠋ᠠᠵᠤ ᠮᠡᠳᠡᠬᠦ ᠢᠳᠡᠭᠡᠨ ᠵᠢᠴᠢ ᠲᠦᠭᠦᠬᠡᠶ ᠮᠠᠲ᠋ᠧᠷᠢᠶᠠᠯ᠂ ᠪᠠᠭ᠋ᠠᠵᠢ᠂ ᠪᠠᠭ᠋ᠠᠵᠢ ᠬᠡᠷᠡᠭᠰᠡᠯ᠂ ᠲᠣᠨᠣᠭ ᠲᠥᠬᠥᠭᠡᠷᠦᠮᠵᠢ ᠵᠡᠷᠭᠡ᠎ᠳᠤ ᠲᠡᠷᠡ ᠳᠠᠷᠤᠶ᠎ᠳᠤᠨᠢ ᠬᠢᠵᠠᠭ᠋ᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃
ᠲᠠᠪᠢᠨ ᠳᠣᠯᠣᠳᠤᠭ᠋ᠠᠷ ᠵᠤᠷᠪᠤᠰ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠢᠳᠡᠭᠡᠨ᠎ᠤ ᠠᠶᠤᠯᠭᠦᠶ ᠵᠢᠨ ᠡ᠊ᠨᠳᠡᠯ᠎ᠤᠨ ᠮᠡᠳᠡᠭᠦᠯᠦᠯᠲᠡ ᠵᠢ ᠣᠯᠤᠭᠰᠠᠨ᠎ᠤ ᠲᠠᠷᠠᠭ᠎ᠠ᠂ ᠲᠡᠷᠡ ᠳᠠᠷᠤᠶ᠎ᠳᠤᠨᠢ ᠠᠳᠠᠯᠢ ᠱᠠᠲᠤᠨ᠎ᠤ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠎ᠠ᠂ ᠲᠠᠷᠢᠶᠠᠯᠠᠩ᠎ᠤᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠢᠳᠡᠭᠡᠨ᠎ᠤ ᠠᠶᠤᠯᠭᠦᠶ ᠵᠢᠨ ᠬᠠᠤᠯᠢ ᠵᠢᠨ ᠵᠠᠭᠤ ᠲᠠᠪᠤᠳᠤᠭ᠋ᠠᠷ ᠵᠤᠷᠪᠤᠰ᠎ᠤᠨ ᠲᠣᠭᠲᠠᠭ᠋ᠠᠯ ᠶᠣᠰᠣᠭ᠋ᠠᠷ ᠪᠠᠶ᠋ᠢᠴᠠᠭ᠋ᠠᠨ ᠰᠢᠢᠳᠪᠦᠷᠢᠯᠡᠬᠦ ᠬᠡᠷᠡᠭᠲᠡᠶ᠃ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠡ᠊ᠨᠳᠡᠯ ᠭᠠᠷᠤᠭᠰᠠᠨ ᠨᠢᠭᠡᠴᠡ ᠵᠢᠨ ᠢᠳᠡᠭᠡᠨ ᠵᠢᠴᠢ ᠲᠦᠭᠦᠬᠡᠶ ᠮᠠᠲ᠋ᠧᠷᠢᠶᠠᠯ᠂ ᠪᠠᠭ᠋ᠠᠵᠢ ᠬᠡᠷᠡᠭᠰᠡᠯ᠂ ᠲᠣᠨᠣᠭ ᠲᠥᠬᠥᠭᠡᠷᠦᠮᠵᠢ ᠵᠡᠷᠭᠡ ᠵᠢ ᠬᠠᠮᠠᠭ᠋ᠠᠯᠠᠬᠤ ᠬᠡᠷᠡᠭᠲᠡᠶ᠂ ᠪᠢᠳᠡᠬᠦᠮᠵᠢᠯᠡᠯ ᠬᠢᠬᠦ ᠡ᠊ᠨᠳᠡᠯ ᠭᠠᠷᠤᠭᠰᠠᠨ ᠨᠢᠭᠡᠴᠡ ᠬᠠᠷᠠᠬᠠᠨ   ᠪᠢᠲᠡᠬᠦᠮᠵᠢᠯᠡᠭᠡ ᠦᠭᠡᠢ ᠪᠠᠢ᠌ᠪᠠᠯ ᠰᠢᠭᠤᠳ ᠪᠢᠲᠡᠭᠦᠮᠵᠢᠯᠡᠬᠦ ᠪᠤᠶᠤ ᠡ᠊ᠨᠳᠡᠯ ᠭᠠᠷᠤᠭᠰᠠᠨ ᠨᠢᠭᠡᠴᠡ ᠵᠢ ᠵᠠᠷᠯᠢᠭᠳᠠᠵᠤ ᠪᠠᠶ᠋ᠢᠭ᠋ᠠᠳ ᠲᠡᠷᠡ ᠳᠠᠷᠤᠶ᠎ᠳᠤᠨᠢ ᠪᠢᠳᠡᠬᠦᠮᠵᠢᠯᠡᠬᠦ ᠵᠢᠨ ᠬᠠᠮᠲᠤ ᠡᠪᠡᠳᠴᠢᠨ ᠡᠮᠭᠡᠭ᠎ᠢ ᠰᠡᠷᠭᠡᠶ᠋ᠢᠯᠡᠨ ᠬᠢᠵᠠᠭ᠋ᠠᠷᠯᠠᠬᠤ ᠪᠠᠶ᠋ᠢᠭᠤᠯᠤᠮᠵᠢ᠎ᠳᠤ ᠮᠡᠳᠡᠭᠳᠡᠵᠦ ᠡ᠊ᠨᠳᠡᠯ᠎ᠳᠤ ᠬᠣᠯᠪᠣᠭᠳᠠᠬᠤ ᠬᠦᠴᠦᠨ ᠵᠦᠢᠯ᠎ᠳᠤ ᠲᠠᠬᠤᠯ ᠡᠪᠡᠳᠴᠢᠨ᠎ᠤ ᠰᠤᠳᠤᠯᠤᠯ᠎ᠤᠨ ᠪᠠᠶ᠋ᠢᠴᠠᠭ᠋ᠠᠯᠲᠠ ᠬᠢᠯᠭᠡᠬᠦ ᠬᠡᠷᠡᠭᠲᠡᠶ᠃
ᠡᠪᠡᠳᠴᠢᠨ ᠡᠮᠭᠡᠭ᠎ᠢ ᠰᠡᠷᠭᠡᠶ᠋ᠢᠯᠡᠨ ᠬᠢᠵᠠᠭ᠋ᠠᠷᠯᠠᠬᠤ ᠪᠠᠶ᠋ᠢᠭᠤᠯᠤᠮᠵᠢ ᠪᠠᠶ᠋ᠢᠴᠠᠭ᠋ᠠᠵᠤ ᠳᠠᠭᠤᠰᠤᠭᠰᠠᠨ᠎ᠤ ᠳᠠᠷᠠᠭ᠎ᠠ ᠠᠳᠠᠯᠢ ᠱᠠᠲᠤᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ᠂ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠲᠠᠬᠤᠯ ᠡᠪᠡᠳᠴᠢᠨ᠎ᠤ ᠰᠤᠳᠤᠯᠤᠯ᠎ᠤᠨ ᠪᠠᠢ᠌ᠴᠠᠭ᠋ᠠᠯᠳᠠ ᠵᠢᠨ ᠮᠡᠳᠡᠭᠦᠯᠦᠯᠳᠡ ᠵᠢ ᠲᠤᠰᠢᠶᠠᠬᠤ ᠬᠡᠷᠡᠭᠲᠡᠶ᠃
ᠶᠠᠮᠠᠷᠪᠠ ᠨᠢᠭᠡᠴᠡ ᠪᠣᠯᠤᠨ ᠬᠤᠪᠢ ᠬᠥᠮᠦᠨ ᠡᠪᠡᠳᠴᠢᠨ ᠡᠮᠭᠡᠭ᠎ᠢ ᠰᠡᠷᠭᠡᠶ᠋ᠢᠯᠡᠨ ᠬᠢᠵᠠᠭ᠋ᠠᠷᠯᠠᠬᠤ ᠪᠠᠶ᠋ᠢᠭᠤᠯᠤᠮᠵᠢ ᠵᠢᠨ ᠲᠠᠬᠤᠯ ᠡᠪᠡᠳᠴᠢᠨ᠎ᠤ ᠰᠤᠳᠤᠯᠤᠯ᠎ᠤᠨ ᠪᠠᠶ᠋ᠢᠴᠠᠭ᠋ᠠᠯᠲᠠ ᠬᠢᠬᠦ ᠵᠢ ᠲᠡᠪᠴᠢᠬᠦ ᠪᠠ ᠬᠠᠷᠰᠢᠯᠠᠵᠤ ᠪᠣᠯᠬᠤ ᠦᠭᠡᠢ᠃ ᠬᠣᠯᠪᠣᠭᠳᠠᠯ ᠪᠦᠬᠦᠢ ᠰᠠᠯᠠᠭ᠎ᠠ ᠮᠥᠴᠢᠷ ᠡᠪᠡᠳᠴᠢᠨ ᠡᠮᠭᠡᠭ᠎ᠢ ᠰᠡᠷᠭᠡᠶ᠋ᠢᠯᠡᠨ ᠬᠢᠵᠠᠭ᠋ᠠᠷᠯᠠᠬᠤ ᠪᠠᠶ᠋ᠢᠭᠤᠯᠤᠮᠵᠢ ᠵᠢᠨ ᠲᠠᠬᠤᠯ ᠡᠪᠡᠳᠴᠢᠨ᠎ᠤ ᠰᠤᠳᠤᠯᠤᠯ᠎ᠤᠨ ᠪᠠᠶ᠋ᠢᠴᠠᠭ᠋ᠠᠯᠲᠠ ᠥᠷᠨᠢᠭᠦᠯᠬᠦ᠎ᠳᠤ ᠬᠠᠮᠵᠢᠯᠴᠠᠬᠤ ᠬᠡᠷᠡᠭᠲᠡᠶ᠃
ᠲᠠᠪᠢᠨ ᠨᠠᠢ᠍ᠮᠠᠳᠤᠭ᠋ᠠᠷ ᠵᠤᠷᠪᠤᠰ ᠲᠥᠷᠦ ᠵᠢᠨ ᠶᠠᠪᠤᠳᠠᠯ᠎ᠤᠨ ᠬᠣᠷᠢᠶᠠᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠲᠥᠷᠦ ᠵᠢᠨ ᠶᠠᠪᠤᠳᠠᠯ᠎ᠤᠨ ᠬᠣᠷᠢᠶᠠᠨ᠎ᠤ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠎ᠠ᠂ ᠲᠠᠷᠢᠶᠠᠯᠠᠩ᠎ᠤᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠪᠦᠬᠦ ᠤᠯᠤᠰ᠎ᠤᠨ ᠢᠳᠡᠭᠡᠨ᠎ᠤ ᠠᠶᠤᠯᠭᠦᠶ ᠵᠢᠨ ᠡ᠊ᠨᠳᠡᠯ᠎ᠤᠨ ᠪᠠᠢ᠌ᠳᠠᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠵᠠᠳᠠᠯᠤᠯᠲᠠ ᠬᠢᠵᠦ᠂ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠂ ᠡ᠊ᠨᠳᠡᠯ ᠭᠠᠷᠬᠤ ᠵᠢ ᠤᠷᠢᠳᠴᠢᠯᠠᠨ ᠰᠡᠷᠭᠡᠶ᠋ᠢᠯᠡᠬᠦ ᠪᠠ ᠪᠠᠭ᠋ᠠᠰᠬᠠᠨ᠎ᠠ᠃
 ᠨᠠᠢ᠍ᠮᠠᠳᠤᠭ᠋ᠠᠷ ᠪᠦᠯᠦᠭ   ᠬᠢᠨᠠᠵᠤ ᠬᠠᠮᠢᠶᠠᠷᠬᠤ
ᠲᠠᠪᠢ ᠶᠢᠰᠦᠳᠦᠭᠡᠷ ᠵᠤᠷᠪᠤᠰ ᠲᠣᠭᠣᠷᠢᠭ ᠪᠠᠶ᠋ᠢᠭᠤᠯᠤᠭᠰᠠᠨ ᠬᠣᠲᠠ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠬᠢᠨᠠᠵᠤ ᠬᠠᠮᠢᠶᠠᠷᠬᠤ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ᠂ ᠳᠣᠣᠷᠠᠳᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠢᠳᠡᠭᠡᠨ ᠦᠢᠯᠡᠳᠪᠦᠷᠢᠯᠡᠨ ᠡᠵᠡᠩᠨᠡᠭᠴᠢᠳ᠎ᠲᠤ   ᠰᠤᠭᠤᠴᠢᠨ   ᠬᠢᠨᠡᠨ ᠪᠠᠶ᠋ᠢᠴᠠᠭ᠋ᠠᠯᠲᠠ ᠬᠢᠵᠦ ᠪᠣᠯᠤᠨ᠎ᠠ᠂ ᠳᠣᠣᠷᠠᠳᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ ᠢᠳᠡᠭᠡᠨ ᠦᠢᠯᠡᠳᠪᠦᠷᠢᠯᠡᠨ ᠡᠵᠡᠩᠨᠡᠭᠴᠢ᠎ᠳᠤ ᠣᠨᠳᠣᠤ ᠭᠠᠵᠠᠷ᠎ᠤᠨ ᠬᠢᠨᠡᠨ ᠪᠠᠶ᠋ᠢᠴᠠᠭ᠋ᠠᠯᠲᠠ ᠬᠢᠭᠰᠡᠨ ᠴᠦ᠍ ᠪᠣᠯᠤᠨ᠎ᠠ᠃
ᠲᠣᠭᠣᠷᠢᠭ ᠪᠠᠶ᠋ᠢᠭᠤᠯᠤᠭᠰᠠᠨ ᠬᠣᠲᠠ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠴᠢᠬᠤᠯᠠᠲᠠᠶ ᠭᠡᠵᠦ ᠦᠵᠡᠪᠡᠯ᠂ ᠳᠣᠣᠷᠠᠳᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠠᠮᠢᠶᠠᠷᠤᠨ ᠪᠠᠢ᠌ᠭ᠎ᠠ ᠢᠳᠡᠭᠡᠨ᠎ᠤ ᠠᠶᠤᠯᠭᠦᠶ ᠵᠢᠨ ᠬᠠᠤᠯᠢ ᠵᠢ ᠵᠥᠷᠢᠴᠡᠭᠰᠡᠨ ᠬᠡᠷᠡᠭ᠎ᠢ ᠰᠢᠭᠤᠳ ᠪᠠᠶ᠋ᠢᠴᠠᠭ᠋ᠠᠨ ᠰᠢᠢᠳᠪᠦᠷᠢᠯᠡᠵᠦ ᠪᠣᠯᠤᠨ᠎ᠠ᠂ ᠪᠤᠰᠤᠳ ᠳᠣᠣᠷᠠᠳᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠢ ᠵᠢᠭ᠋ᠠᠨ ᠲᠣᠭᠲᠠᠭ᠋ᠠᠵᠤ ᠪᠠᠶ᠋ᠢᠴᠠᠭ᠋ᠠᠨ ᠰᠢᠢᠳᠪᠦᠷᠢᠯᠡᠭᠦᠯᠦᠭᠰᠡᠨ ᠴᠦ᠍ ᠪᠣᠯᠤᠨ᠎ᠠ᠃
ᠵᠢᠷᠠᠳᠤᠭ᠋ᠠᠷ ᠵᠤᠷᠪᠤᠰ ᠤᠯᠤᠰ᠎ᠤᠨ ᠢᠳᠡᠭᠡᠨ᠎ᠤ ᠠᠶᠤᠯᠭᠦᠶ ᠵᠢᠨ ᠪᠠᠶ᠋ᠢᠴᠠᠭ᠋ᠠᠭᠴᠢ ᠵᠢᠨ ᠳᠦᠷᠢᠮ᠎ᠢ ᠪᠠᠶ᠋ᠢᠭᠤᠯᠵᠤ᠂ ᠣᠳᠣ ᠵᠢᠨ ᠪᠠᠢ᠌ᠭ᠎ᠠ ᠡᠬᠢ ᠪᠠᠶᠠᠯᠢᠭ᠎ᠲᠤ ᠲᠦᠰᠢᠭᠯᠡᠨ ᠲᠤᠬᠠᠢ᠌ᠯᠠᠭᠰᠠᠨ ᠠᠵᠢᠯ᠎ᠤᠨ ᠪᠠᠶ᠋ᠢᠴᠠᠭ᠋ᠠᠭᠴᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠢᠨᠠᠨ ᠰᠢᠯᠭ᠋ᠠᠬᠤ ᠪᠣᠯᠪᠠᠰᠤᠷᠠᠭᠤᠯᠤᠯ᠎ᠢ ᠴᠢᠩᠭ᠋ᠠᠷᠠᠭᠤᠯᠤᠨ᠂ ᠪᠠᠶ᠋ᠢᠴᠠᠭ᠋ᠠᠭᠴᠢ ᠵᠢᠨ ᠲᠤᠰᠬᠠᠶ᠋ᠢᠵᠢᠭᠰᠠᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
ᠵᠢᠷᠠᠨ ᠨᠢᠭᠡᠳᠦᠭᠡᠷ ᠵᠤᠷᠪᠤᠰ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠢᠳᠡᠭᠡᠨ᠎ᠤ ᠠᠶᠤᠯᠭᠦᠶ ᠵᠢᠨ ᠬᠠᠤᠯᠢ ᠵᠢᠨ ᠵᠠᠭᠤ ᠠᠷᠪᠠᠳᠤᠭ᠋ᠠᠷ ᠵᠤᠷᠪᠤᠰ᠎ᠤᠨ ᠲᠣᠭᠲᠠᠭ᠋ᠠᠯ ᠶᠣᠰᠣᠭ᠋ᠠᠷ ᠪᠠᠶ᠋ᠢᠴᠠᠭ᠋ᠠᠨ ᠪᠢᠲᠡᠭᠦᠮᠵᠢᠯᠡᠬᠦ᠂ ᠳᠠᠷᠤᠵᠤ ᠠᠪᠬᠤ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ᠂ ᠪᠠᠶ᠋ᠢᠴᠠᠭ᠋ᠠᠨ ᠪᠢᠲᠡᠭᠦᠮᠵᠢᠯᠡᠬᠦ᠂ ᠳᠠᠷᠤᠵᠤ ᠠᠪᠬᠤ ᠬᠤᠭᠤᠴᠠᠭ᠎ᠠ ᠵᠢ 30 ᠡᠳᠦᠷ᠎ᠠᠴᠠ ᠬᠡᠲᠦᠷᠡᠭᠦᠯᠵᠦ ᠪᠣᠯᠬᠤ ᠦᠭᠡᠢ; ᠪᠠᠢ᠌ᠳᠠᠯ᠎ᠨᠢ ᠪᠤᠳᠤᠯᠢᠶᠠᠨᠲᠠᠶ ᠪᠠᠢ᠌ᠪᠠᠯ᠂ ᠪᠠᠶ᠋ᠢᠴᠠᠭ᠋ᠠᠨ ᠪᠢᠲᠡᠭᠦᠮᠵᠢᠯᠡᠬᠦ᠂ ᠳᠠᠷᠤᠵᠤ ᠠᠪᠬᠤ ᠠᠷᠭ᠎ᠠ ᠬᠡᠮᠵᠢᠶ᠎ᠡ ᠠᠪᠤᠭᠰᠠᠨ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠭᠡᠳ ᠤᠷᠲᠤᠳᠬᠠᠵᠤ ᠪᠣᠯᠤᠨ᠎ᠠ᠂ ᠤᠷᠲᠤᠳᠬᠠᠬᠤ ᠬᠤᠭᠤᠴᠠᠭ᠎ᠠ ᠵᠢ 45 ᠡᠳᠦᠷ᠎ᠠᠴᠠ ᠬᠡᠲᠦᠷᠡᠭᠦᠯᠵᠦ ᠪᠣᠯᠬᠤ ᠦᠭᠡᠢ᠃
ᠵᠢᠷᠠᠨ ᠬᠣᠶᠠᠳᠤᠭ᠋ᠠᠷ ᠵᠦᠢᠯ ᠰᠦᠯᠵᠢᠶᠡᠨ ᠳᠡᠭᠡᠷ᠎ᠡ ᠢᠳᠡᠭᠡᠨ ᠠᠷᠠᠯᠵᠢᠶᠠᠯᠠᠬᠤ ᠭᠤᠷᠪᠠᠳᠤᠭ᠋ᠠᠷ ᠡᠲᠡᠭᠡᠳ᠎ᠤᠨ ᠲᠠᠪᠴᠠᠩ᠎ᠳᠤ ᠰᠦᠯᠵᠢᠶᠡᠨ᠎ᠤ ᠢᠳᠡᠭᠡᠨ᠎ᠤ ᠡᠵᠡᠩᠨᠡᠭᠴᠢ ᠬᠠᠤᠯᠢ ᠵᠢ ᠵᠥᠷᠢᠴᠡᠨ ᠡᠵᠡᠩᠨᠡᠭᠰᠡᠨ ᠪᠤᠶᠤ ᠰᠦᠯᠵᠢᠶᠡᠨ᠎ᠤ ᠢᠳᠡᠭᠡᠨ᠎ᠤ ᠡᠵᠡᠩᠨᠡᠭᠴᠢ ᠵᠢᠨ ᠬᠠᠤᠯᠢ ᠵᠢ ᠵᠥᠷᠢᠴᠡᠨ ᠡᠵᠡᠩᠨᠡᠭᠰᠡᠨ ᠦᠢ᠍ᠯᠡ ᠠᠵᠢᠯᠯᠠᠭ᠎ᠠ ᠣᠯᠠᠨᠲᠠ ᠭᠠᠷᠴᠤ ᠬᠦᠨᠳᠦ ᠨᠣᠴᠢᠲᠠᠶ ᠤᠷᠰᠢᠭ ᠲᠠᠲᠠᠭᠰᠠᠨ ᠪᠠᠢ᠌ᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠰᠦᠯᠵᠢᠶᠡᠨ ᠳᠡᠭᠡᠷ᠎ᠡ ᠢᠳᠡᠭᠡᠨ ᠠᠷᠠᠯᠵᠢᠶᠠᠯᠠᠬᠤ ᠭᠤᠷᠪᠠᠳᠤᠭ᠋ᠠᠷ ᠡᠲᠡᠭᠡᠳ᠎ᠤᠨ ᠲᠠᠪᠴᠠᠩ᠎ᠤᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠭᠣᠤᠯ ᠬᠠᠷᠢᠭᠤᠴᠠᠯᠭ᠋ᠠᠲᠠᠨ᠎ᠲᠠᠢ ᠬᠠᠷᠢᠭᠤᠴᠠᠯᠭ᠎ᠠ ᠵᠢᠨ ᠪᠣᠯᠵᠣᠨ ᠶᠠᠷᠢᠯᠴᠠᠯᠭ᠎ᠠ ᠬᠢᠵᠦ ᠪᠣᠯᠤᠨ᠎ᠠ᠃
ᠵᠢᠷᠠᠨ ᠭᠤᠷᠪᠠᠳᠤᠭ᠋ᠠᠷ ᠵᠤᠷᠪᠤᠰ ᠲᠥᠷᠦ ᠵᠢᠨ ᠶᠠᠪᠤᠳᠠᠯ᠎ᠤᠨ ᠬᠣᠷᠢᠶᠠᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠲᠥᠷᠦ ᠵᠢᠨ ᠶᠠᠪᠤᠳᠠᠯ᠎ᠤᠨ ᠬᠣᠷᠢᠶᠠᠨ᠎ᠤ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠢᠳᠡᠭᠡᠨ᠎ᠠᠴᠠ ᠢᠷᠡᠯᠲᠡ᠎ᠲᠠᠢ ᠡᠪᠡᠳᠴᠢᠨ᠎ᠤ ᠮᠡᠳᠡᠭᠡ ᠵᠠᠩᠭᠢ᠂ ᠢᠳᠡᠭᠡᠨ᠎ᠤ ᠠᠶᠤᠯᠭᠦᠶ ᠵᠢᠨ ᠲᠦᠭᠰᠢᠭᠦᠷᠢ ᠵᠢ ᠬᠢᠨᠠᠨ ᠬᠡᠮᠵᠢᠬᠦ ᠮᠡᠳᠡᠭᠡ ᠵᠠᠩᠭᠢ ᠪᠠ ᠬᠢᠨᠠᠵᠤ ᠬᠠᠮᠢᠶᠠᠷᠬᠤ ᠮᠡᠳᠡᠭᠡ ᠵᠠᠩᠭᠢ ᠵᠡᠷᠭᠡ ᠵᠢ ᠦᠨᠳᠦᠰᠦᠯᠡᠨ᠂ ᠢᠳᠡᠭᠡᠨ᠎ᠤ ᠳᠣᠲᠣᠷ᠎ᠠ ᠨᠡᠮᠡᠭᠰᠡᠨ ᠪᠤᠶᠤ ᠨᠡᠮᠡᠵᠦ ᠮᠡᠳᠡᠬᠦ ᠢᠳᠡᠭᠡᠨ᠎ᠤ ᠪᠤᠰᠤ ᠬᠢᠮᠢ ᠵᠢᠨ ᠪᠤᠳᠠᠰ ᠪᠠ ᠬᠥᠮᠦᠨ᠎ᠤ ᠪᠡᠶ᠎ᠡ ᠵᠢᠨ ᠡᠷᠡᠭᠦᠯ ᠮᠡᠨᠳᠦ᠎ᠳᠤ ᠬᠣᠤᠷ ᠬᠥᠨᠥᠭᠡᠯ ᠤᠴᠠᠷᠠᠭᠤᠯᠵᠤ ᠮᠡᠳᠡᠬᠦ ᠪᠤᠰᠤᠳ ᠪᠣᠳᠠᠰ᠎ᠢ ᠣᠯᠵᠤ ᠮᠡᠳᠡᠭᠰᠡᠨ ᠨᠡᠷᠡᠰ᠎ᠤᠨ ᠵᠢᠭᠰᠠᠭ᠋ᠠᠯᠲᠠ ᠵᠢᠴᠢ ᠰᠢᠯᠭ᠋ᠠᠨ ᠪᠠᠶ᠋ᠢᠴᠠᠭ᠋ᠠᠬᠤ ᠠᠷᠭ᠎ᠠ ᠵᠢ ᠲᠣᠭᠲᠠᠭ᠋ᠠᠬᠤ ᠵᠢᠨ ᠬᠠᠮᠲᠤ ᠨᠡᠶ᠋ᠢᠲᠡᠯᠡᠨ᠎ᠡ᠃
ᠵᠢᠷᠠᠨ ᠳᠥᠷᠪᠡᠳᠦᠭᠡᠷ ᠵᠤᠷᠪᠤᠰ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠢᠳᠡᠭᠡᠨ ᠤᠮᠳᠠᠭ᠋ᠠᠨ᠎ᠤ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠠᠷᠢᠭᠤᠳᠬᠠᠬᠤ ᠦᠢᠯᠡᠴᠢᠯᠡᠭᠡᠨ᠎ᠤ   ᠨᠢᠭᠡᠴᠡ᠎ᠳᠤ ᠬᠢᠨᠠᠯᠲᠠ ᠲᠠᠯᠪᠢᠵᠤ ᠪᠠᠶ᠋ᠢᠴᠠᠭ᠋ᠠᠯᠲᠠ ᠬᠢᠬᠦ ᠬᠡᠷᠡᠭᠲᠡᠶ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠤᠯᠤᠰ᠎ᠤᠨ ᠬᠣᠯᠪᠣᠭᠳᠠᠯ ᠪᠦᠬᠦᠢ ᠪᠠᠷᠢᠮᠵᠢᠶ᠎ᠠ ᠵᠢᠴᠢ ᠬᠣᠯᠪᠣᠭᠳᠠᠯ ᠪᠦᠬᠦᠢ ᠡᠷᠡᠭᠦᠯ ᠬᠠᠮᠠᠭ᠋ᠠᠯᠠᠯ᠎ᠤᠨ ᠵᠢᠷᠤᠮᠵᠢᠯ ᠵᠡᠷᠭᠡ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ ᠪᠠᠶ᠋ᠢᠬᠤ ᠵᠢ ᠣᠯᠵᠤ ᠮᠡᠳᠡᠪᠡᠯ᠂ ᠴᠠᠭ ᠲᠤᠬᠠᠶ᠎ᠳᠤᠨᠢ ᠪᠠᠶ᠋ᠢᠴᠠᠭ᠋ᠠᠨ ᠰᠢᠢᠳᠪᠦᠷᠢᠯᠡᠬᠦ ᠬᠡᠷᠡᠭᠲᠡᠶ᠃ ᠬᠢᠨᠠᠯᠲᠠ ᠲᠠᠯᠪᠢᠵᠤ ᠪᠠᠶ᠋ᠢᠴᠠᠭ᠋ᠠᠭᠰᠠᠨ ᠦᠷ᠎ᠡ ᠳ᠋ᠦᠩ ᠵᠶ᠋ᠠᠨ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠶ᠃
ᠵᠢᠷᠠᠨ ᠲᠠᠪᠤᠳᠤᠭ᠋ᠠᠷ ᠵᠤᠷᠪᠤᠰ ᠤᠯᠤᠰ᠎ᠤᠨ ᠢᠳᠡᠭᠡᠨ᠎ᠤ ᠠᠶᠤᠯᠭᠦᠶ ᠵᠢᠨ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠬᠦᠯᠦᠯᠳᠡ ᠵᠢ ᠱᠠᠩᠨᠠᠬᠤ ᠳᠦᠷᠢᠮ᠎ᠢ ᠬᠡᠷᠡᠭᠵᠢᠭᠦᠯᠵᠦ᠂ ᠦᠨᠡᠨ ᠪᠣᠳᠠᠲᠠᠶ ᠢᠯᠡᠴᠢᠯᠡᠨ ᠮᠡᠳᠡᠭᠦᠯᠦᠯᠲᠡ ᠵᠢ ᠱᠠᠩᠨᠠᠨ ᠬᠥᠬᠢᠭᠦᠯᠦᠨ᠎ᠡ᠃   ᠢᠯᠡᠴᠢᠯᠡᠨ ᠮᠡᠳᠡᠬᠦᠯᠦᠭᠴᠢ᠎ᠨᠢ ᠲᠤᠬᠠᠢ ᠵᠢᠨ ᠠᠵᠤ ᠠᠬᠤᠶ᠋ᠢᠯᠠᠯ᠎ᠤᠨ ᠢᠳᠡᠭᠡᠨ᠎ᠤ ᠠᠶᠤᠯ ᠦᠭᠡᠢ ᠵᠢᠨ ᠬᠠᠤᠯᠢ᠎ᠠᠴᠠ ᠵᠥᠷᠢᠴᠡᠭᠰᠡᠨ ᠬᠦᠨᠳᠦ ᠶᠡᠬᠡ ᠶᠠᠯᠠᠲᠤ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠨ ᠪᠣᠯ ᠱᠠᠩᠨᠠᠬᠤ ᠡᠷᠴᠢᠮ ᠵᠶ᠋ᠠᠨ ᠨᠡᠮᠡᠭᠳᠡᠭᠦᠯᠬᠦ ᠬᠡᠷᠡᠭᠲᠡᠶ᠃ ᠬᠣᠯᠪᠣᠭᠳᠠᠯ ᠪᠦᠬᠦᠢ ᠰᠠᠯᠠᠭ᠎ᠠ ᠮᠥᠴᠢᠷ ᠢᠯᠡᠴᠢᠯᠡᠨ ᠮᠡᠳᠡᠬᠦᠯᠦᠭᠴᠢ ᠵᠢᠨ ᠮᠡᠳᠡᠭᠡ ᠵᠠᠩᠭᠢ ᠵᠢᠨ ᠨᠢᠭᠤᠴᠠ ᠵᠢ ᠬᠠᠮᠠᠭ᠋ᠠᠯᠠᠵᠤ᠂ ᠢᠯᠡᠴᠢᠯᠡᠨ ᠮᠡᠳᠡᠬᠦᠯᠦᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠬᠡᠷᠡᠭᠲᠡᠶ᠃ ᠢᠳᠡᠭᠡᠨ᠎ᠤ ᠠᠶᠤᠯᠭᠦᠶ ᠵᠢᠨ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢᠨ ᠢᠯᠡᠴᠢᠯᠡᠨ ᠮᠡᠳᠡᠬᠦᠯᠦᠯᠳᠡ ᠵᠢ ᠱᠠᠩᠨᠠᠬᠤ ᠠᠷᠭ᠎ᠠ ᠵᠢ ᠲᠥᠷᠦ ᠵᠢᠨ ᠶᠠᠪᠤᠳᠠᠯ᠎ᠤᠨ ᠬᠣᠷᠢᠶᠠᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠥᠷᠦ ᠵᠢᠨ ᠶᠠᠪᠤᠳᠠᠯ᠎ᠤᠨ ᠬᠣᠷᠢᠶᠠᠨ᠎ᠤ ᠡᠳ᠋᠎ᠤᠨ ᠵᠠᠰᠠᠭ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠨ᠎ᠠ᠃
ᠢᠳᠡᠭᠡᠨ᠎ᠤ ᠠᠶᠤᠯᠬᠦᠢ ᠵᠢᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠨ ᠱᠠᠩᠨᠠᠯ᠎ᠤᠨ ᠪᠡᠯᠡ ᠮᠥᠩᠭᠥ ᠵᠢ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠥᠰᠦᠪ᠎ᠲᠤ ᠣᠷᠣᠭᠤᠯᠤᠨ᠎ᠠ᠃
ᠵᠢᠷᠠᠨ ᠵᠢᠷᠭᠤᠳᠤᠭ᠋ᠠᠷ ᠵᠤᠷᠪᠤᠰ ᠲᠥᠷᠥ ᠵᠢᠨ ᠶᠠᠪᠤᠳᠠᠯ᠎ᠤᠨ ᠬᠣᠷᠢᠶᠠᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠢᠲᠡᠭᠡᠮᠵᠢ᠎ᠲᠠᠢ ᠪᠠᠢ᠌ᠪᠠᠯ ᠬᠠᠮᠲᠤᠷᠠᠨ ᠤᠷᠮᠠᠰᠢᠭᠤᠯᠬᠤ ᠪᠠ ᠢᠲᠡᠭᠡᠯ ᠠᠯᠳᠠᠪᠠᠯ ᠬᠠᠮᠲᠤᠷᠠᠨ ᠵᠠᠯᠬᠠᠭ᠋ᠠᠨ ᠴᠡᠭᠡᠷᠯᠡᠭᠦᠯᠬᠦ ᠲᠣᠭᠲᠠᠴᠠ ᠵᠢ ᠪᠠᠶ᠋ᠢᠭᠤᠯᠵᠤ᠂ ᠢᠳᠡᠭᠡᠨ ᠦᠢᠯᠡᠳᠪᠦᠷᠢᠯᠡᠨ ᠡᠵᠡᠩᠨᠡᠭᠴᠢᠳ᠎ᠤᠨ ᠢᠲᠡᠭᠡᠮᠵᠢ ᠵᠢᠨ ᠳᠠᠩᠰᠠ ᠡᠪᠬᠡᠮᠡᠯ᠎ᠲᠠᠢ ᠤᠶᠠᠯᠳᠤᠭᠤᠯᠤᠨ᠂ ᠬᠠᠤᠯᠢ ᠵᠢ ᠬᠦᠨᠳᠦ ᠨᠣᠴᠢᠲᠠᠶ ᠵᠥᠷᠢᠴᠡᠭᠰᠡᠨ ᠦᠢᠯᠡᠳᠪᠦᠷᠢᠯᠡᠨ ᠡᠵᠡᠩᠨᠡᠭᠴᠢᠳ᠎ᠤᠨ ᠨᠡᠷ᠎ᠡ ᠵᠢᠨ ᠬᠠᠷ᠎ᠠ ᠳᠠᠩᠰᠠ ᠵᠢᠨ ᠳᠦᠷᠢᠮ᠎ᠢ ᠪᠠᠶ᠋ᠢᠭᠤᠯᠵᠤ᠂ ᠢᠳᠡᠭᠡᠨ᠎ᠤ ᠠᠶᠤᠯᠭᠦᠶ ᠵᠢᠨ ᠢᠲᠡᠭᠡᠮᠵᠢ ᠵᠢᠨ ᠪᠠᠶ᠋ᠢᠳᠠᠯ᠎ᠢ ᠡᠵᠡᠩᠨᠡᠯᠳᠡ᠎ᠳᠤ ᠣᠷᠣᠬᠤ ᠵᠢ ᠵᠥᠪᠰᠢᠶᠡᠷᠡᠬᠦ᠂ ᠪᠡᠯᠡ ᠲᠣᠬᠢᠷᠠᠭᠤᠯᠬᠤ᠂ ᠢᠲᠡᠭᠡᠮᠵᠢᠲᠦ ᠵᠢᠭᠡᠯᠡᠯᠭᠡ᠂ ᠢᠲᠡᠭᠡᠮᠵᠢ ᠣᠯᠬᠤ ᠵᠡᠷᠭᠡ᠎ᠲᠠᠢ ᠵᠣᠯᠭ᠋ᠠᠯᠳᠤᠭᠤᠯᠵᠤ᠂ ᠴᠠᠭ ᠲᠤᠬᠠᠶ᠎ᠳᠤᠨᠢ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠶ᠃
ᠶᠢᠰᠦᠳᠦᠭᠡᠷ ᠪᠦᠯᠦᠭ ᠬᠠᠤᠯᠢ ᠵᠢᠨ ᠬᠠᠷᠢᠭᠤᠴᠠᠯᠭ᠎ᠠ
ᠵᠢᠷᠠᠨ ᠳᠣᠯᠣᠳᠤᠭ᠋ᠠᠷ ᠵᠤᠷᠪᠤᠰ ᠳᠣᠤᠷ᠎ᠠ ᠵᠢᠭᠰᠠᠭ᠋ᠠᠭᠰᠠᠨ ᠪᠠᠢ᠌ᠳᠠᠯ᠎ᠤᠨ ᠨᠢᠭᠡ᠎ᠨᠢ ᠪᠠᠢ᠌ᠪᠠᠯ᠂ ᠢᠳᠡᠭᠡᠨ᠎ᠤ ᠠᠶᠤᠯᠭᠦᠶ ᠵᠢᠨ ᠬᠠᠤᠯᠢ ᠵᠢᠨ ᠵᠠᠭᠤ ᠬᠣᠷᠢᠨ ᠭᠤᠷᠪᠠᠳᠤᠭ᠋ᠠᠷ ᠵᠤᠷᠪᠤᠰ᠎ᠠᠴᠠ ᠵᠠᠭᠤ ᠬᠣᠷᠢᠨ ᠵᠢᠷᠭᠤᠳᠤᠭ᠋ᠠᠷ   ᠵᠤᠷᠪᠤᠰ᠂ ᠵᠠᠭᠤ ᠭᠤᠴᠢᠨ ᠬᠣᠶᠠᠳᠤᠭ᠋ᠠᠷ ᠵᠤᠷᠪᠤᠰ ᠵᠢᠴᠢ ᠲᠤᠰ ᠳᠦᠷᠢᠮ᠎ᠤᠨ ᠳᠠᠯᠠᠨ ᠬᠣᠶᠠᠳᠤᠭ᠋ᠠᠷ   ᠵᠤᠷᠪᠤᠰ᠂ ᠳᠠᠯᠠᠨ ᠭᠤᠷᠪᠠᠳᠤᠭ᠋ᠠᠷ   ᠵᠤᠷᠪᠤᠰ᠎ᠲᠤ ᠲᠣᠭᠲᠠᠭ᠋ᠠᠭᠰᠠᠨ ᠦᠢ᠍ᠯᠡ ᠪᠠᠢ᠌ᠳᠠᠯ᠎ᠨᠢ ᠬᠦᠨᠳᠦ ᠨᠣᠴᠢᠲᠠᠶ ᠪᠠᠢ᠌ᠳᠠᠯ᠎ᠳᠤ ᠲᠣᠭ᠋ᠠᠴᠠᠭᠳᠠᠨ᠎ᠠ᠄
(ᠨᠢᠭᠡ) ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠣᠯᠪᠣᠭᠳᠠᠭᠰᠠᠨ ᠦᠢᠯᠡᠳᠬᠦᠨ᠎ᠤ ᠪᠠᠷᠠᠭ᠎ᠠ ᠵᠢᠨ ᠥᠷᠲᠡᠭ᠎ᠤᠨ ᠵᠣᠭᠣᠰ᠎ᠤᠨ ᠲᠣᠭ᠎ᠠ᠎ᠨᠢ 2 ᠲᠦᠮᠡᠨ ᠲᠥᠭᠥᠷᠢᠭ᠎ᠠᠴᠠ ᠬᠡᠲᠦᠷᠡᠭᠰᠡᠨ ᠪᠤᠶᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠨᠢ 3 ᠰᠠᠷ᠎ᠠ᠎ᠠᠴᠠ ᠬᠡᠲᠦᠷᠡᠭᠰᠡᠨ;
(ᠬᠣᠶᠠᠷ) ᠢᠳᠡᠭᠡᠨ᠎ᠠᠴᠠ ᠰᠢᠯᠲᠠᠭ᠋ᠠᠯᠠᠭᠰᠠᠨ ᠡᠪᠡᠳᠴᠢᠨ ᠡᠭᠦᠰᠭᠡᠭᠰᠡᠨ ᠪᠥᠭᠡᠳ ᠦᠬᠦᠭᠰᠡᠨ᠂ ᠡᠰᠡᠬᠦᠯ᠎ᠡ 30 ᠬᠥᠮᠦᠨ᠎ᠠᠴᠠ ᠲᠡᠭᠡᠭᠰᠢᠬᠢ ᠢᠳᠡᠭᠡᠨ᠎ᠠᠴᠠ ᠰᠢᠯᠲᠠᠭ᠋ᠠᠯᠠᠭᠰᠠᠨ ᠡᠪᠡᠳᠴᠢᠨ ᠡᠭᠦᠰᠭᠡᠭᠰᠡᠨ ᠪᠣᠯᠪᠠᠴᠤ ᠦᠬᠦᠭᠰᠡᠨ ᠡᠪᠡᠳᠴᠢᠳᠡᠨ ᠦᠭᠡᠢ;
(ᠭᠤᠷᠪᠠ) ᠵᠣᠷᠢᠭᠤᠳᠠ ᠬᠤᠳᠠᠯ ᠬᠠᠭᠤᠷᠮᠠᠭ ᠮᠡᠳᠡᠭᠡ ᠵᠠᠩᠭᠢ ᠬᠠᠩᠭ᠋ᠠᠬᠤ ᠪᠤᠶᠤ ᠦᠨᠡᠨ ᠪᠠᠢ᠌ᠳᠠᠯ᠎ᠢ ᠨᠢᠭᠤᠨ ᠳᠠᠯᠳᠠᠯᠠᠬᠤ;
(ᠳᠦᠷᠪᠡ) ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠲᠡᠪᠴᠢᠬᠦ᠂ ᠲᠡᠭᠦᠨ᠎ᠠᠴᠠ ᠵᠠᠶ᠋ᠢᠯᠠᠬᠤ;
(ᠲᠠᠪᠤ) ᠢᠳᠡᠭᠡᠨ᠎ᠤ ᠠᠶᠤᠯᠭᠦᠶ ᠵᠢᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠵᠥᠷᠢᠴᠡᠭᠰᠡᠨ᠎ᠠᠴᠠ ᠪᠣᠯᠵᠤ ᠵᠠᠰᠠᠭ ᠵᠠᠬᠢᠷᠭ᠋ᠠᠨ᠎ᠤ ᠰᠢᠢ᠍ᠳᠬᠡᠯ ᠣᠯᠤᠭᠰᠠᠨ᠎ᠤ ᠲᠠᠷᠠᠭ᠎ᠠ 1 ᠵᠢᠯ᠎ᠤᠨ ᠳᠣᠲᠣᠷ᠎ᠠ ᠪᠠᠰᠠ ᠠᠳᠠᠯᠢ ᠰᠢᠨᠵᠢ ᠴᠢᠨᠠᠷ᠎ᠲᠠᠢ ᠢᠳᠡᠭᠡᠨ᠎ᠤ ᠠᠶᠤᠯᠭᠦᠶ ᠵᠢᠨ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠢᠭᠰᠡᠨ᠂ ᠡᠰᠡᠬᠦᠯ᠎ᠡ ᠢᠳᠡᠭᠡᠨ᠎ᠤ ᠠᠶᠤᠯᠭᠦᠶ ᠵᠢᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠵᠥᠷᠢᠴᠡᠭᠰᠡᠨ᠎ᠠᠴᠠ ᠪᠣᠯᠵᠤ ᠡᠷᠡᠭᠦᠤ ᠵᠢᠨ ᠰᠢᠢ᠍ᠳᠬᠡᠯ ᠣᠯᠤᠭᠰᠠᠨ᠎ᠤ ᠲᠠᠷᠠᠭ᠎ᠠ ᠪᠠᠰᠠ ᠢᠳᠡᠭᠡᠨ᠎ᠤ ᠠᠶᠤᠯᠭᠦᠶ ᠵᠢᠨ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠢᠭᠰᠡᠨ;
(ᠵᠢᠷᠭᠤᠭ᠎ᠠ) ᠦᠢ᠍ᠯᠡ ᠪᠠᠢ᠌ᠳᠠᠯ᠎ᠨᠢ ᠬᠦᠨᠳᠦ ᠨᠣᠴᠢᠲᠠᠶ ᠪᠤᠰᠤᠳ ᠪᠠᠢ᠌ᠳᠠᠯ᠃
ᠦᠢ᠍ᠯᠡ ᠪᠠᠢ᠌ᠳᠠᠯ᠎ᠨᠢ ᠬᠦᠨᠳᠦ ᠨᠣᠴᠢᠲᠠᠶ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠬᠦ᠎ᠳᠡᠭᠡᠨ ᠬᠠᠤᠯᠢ ᠶᠣᠰᠣᠭ᠋ᠠᠷ ᠬᠦᠨᠳᠦ᠎ᠪᠠᠷ ᠴᠢᠩᠭ᠎ᠠ ᠰᠢᠢ᠍ᠳᠬᠡᠬᠦ ᠬᠡᠷᠡᠭᠲᠡᠶ᠃
 ᠵᠢᠷᠠᠨ ᠨᠠᠢ᠍ᠮᠠᠳᠤᠭ᠋ᠠᠷ ᠵᠤᠷᠪᠤᠰ ᠳᠣᠤᠷ᠎ᠠ ᠵᠢᠭᠰᠠᠭ᠋ᠠᠭᠰᠠᠨ ᠪᠠᠢ᠌ᠳᠠᠯ᠎ᠤᠨ ᠨᠢᠭᠡ᠎ᠨᠢ ᠪᠠᠢ᠌ᠪᠠᠯ᠂ ᠢᠳᠡᠭᠡᠨ᠎ᠤ ᠠᠶᠤᠯᠭᠦᠶ ᠵᠢᠨ ᠬᠠᠤᠯᠢ ᠵᠢᠨ ᠵᠠᠭᠤ ᠬᠣᠷᠢᠨ ᠲᠠᠪᠤᠳᠤᠭ᠋ᠠᠷ ᠵᠤᠷᠪᠤᠰ᠎ᠤᠨ ᠨᠢᠭᠡᠳᠦᠭᠡᠷ ᠪᠠᠳᠠᠭ᠂ ᠲᠤᠰ ᠳᠦᠷᠢᠮ᠎ᠤᠨ ᠳᠠᠯᠠᠨ ᠲᠠᠪᠤᠳᠤᠭ᠋ᠠᠷ ᠵᠤᠷᠪᠤᠰ᠎ᠤᠨ ᠲᠣᠭᠲᠠᠭ᠋ᠠᠯ ᠶᠣᠰᠣᠭ᠋ᠠᠷ ᠰᠢᠢ᠍ᠳᠬᠡᠨ᠎ᠡ᠄
(ᠨᠢᠭᠡ) ᠢᠳᠡᠭᠡᠨ ᠦᠢᠯᠡᠳᠪᠦᠷᠢᠯᠡᠬᠦ᠂ ᠪᠣᠯᠪᠠᠰᠤᠷᠠᠭᠤᠯᠬᠤ ᠭᠠᠵᠠᠷ᠎ᠲᠤ ᠲᠤᠰ ᠳᠦᠷᠢᠮ᠎ᠤᠨ ᠵᠢᠷᠠᠨ ᠭᠤᠷᠪᠠᠳᠤᠭ᠋ᠠᠷ ᠵᠤᠷᠪᠤᠰ᠎ᠤᠨ ᠲᠣᠭᠲᠠᠭ᠋ᠠᠯ ᠶᠣᠰᠣᠭ᠋ᠠᠷ ᠲᠣᠭᠲᠠᠭ᠋ᠠᠭᠰᠠᠨ ᠨᠡᠷᠡᠰ᠎ᠤᠨ ᠵᠢᠭᠰᠠᠭ᠋ᠠᠯᠲᠠ᠎ᠳᠠᠬᠢ ᠡᠳ᠋ ᠪᠣᠳᠠᠰ᠎ᠢ ᠬᠠᠳᠠᠭ᠋ᠠᠯᠠᠬᠤ;
(ᠬᠣᠶᠠᠷ) ᠦᠢᠯᠡᠳᠪᠦᠷᠢᠯᠡᠵᠦ ᠡᠵᠡᠩᠨᠡᠭᠰᠡᠨ   ᠲᠠᠮᠢᠷᠵᠢᠭᠤᠯᠬᠤ ᠢᠳᠡᠭᠡᠨ᠎ᠠᠴᠠ ᠭᠠᠳᠠᠨᠠᠬᠢ ᠢᠳᠡᠭᠡᠨ᠎ᠤ ᠱᠣᠰᠢᠭ᠎ᠠ᠂ ᠲᠣᠳᠣᠷᠬᠠᠶ᠋ᠢᠯᠠᠯᠲᠠ ᠵᠢᠨ ᠪᠢᠴᠢᠭ᠎ᠲᠤ ᠲᠠᠮᠢᠷᠵᠢᠭᠤᠯᠬᠤ ᠴᠢᠳᠠᠪᠬᠢ᠎ᠲᠠᠢ ᠬᠡᠵᠦ   ᠲᠤᠳᠤᠷᠬᠠᠢ᠌ᠯᠠᠭᠰᠠᠨ;
(ᠭᠤᠷᠪᠠ) ᠢᠳᠡᠭᠡᠨ᠎ᠤ ᠠᠶᠤᠯᠭᠦᠶ ᠵᠢᠨ ᠤᠯᠤᠰ᠎ᠤᠨ ᠪᠠᠷᠢᠮᠵᠢᠶ᠎ᠠ᠎ᠳᠤ ᠲᠣᠭᠲᠠᠭ᠋ᠠᠭᠰᠠᠨ   ᠰᠤᠩᠭᠤᠯᠳᠠ ᠵᠢᠨ ᠴᠢᠨᠠᠷᠳᠠᠢ ᠨᠡᠮᠡᠯᠲᠡ ᠪᠣᠳᠠᠰ ᠵᠶ᠋ᠠᠷ ᠨᠢᠯᠬ᠎ᠠ ᠨᠢᠷᠠᠶ ᠬᠡᠤᠬᠡᠳ᠎ᠤᠨ ᠨᠠᠶ᠋ᠢᠷᠠᠯᠭ᠎ᠠ᠎ᠲᠠᠢ ᠢᠳᠡᠭᠡᠨ᠎ᠢ ᠨᠡᠷᠡᠯᠡᠬᠦ;
(ᠳᠦᠷᠪᠡ) ᠦᠢᠯᠡᠳᠪᠦᠷᠢᠯᠡᠵᠦ ᠡᠵᠡᠩᠨᠡᠭᠰᠡᠨ ᠣᠨᠴᠠᠭ᠋ᠠᠢ ᠢᠳᠡᠭᠡᠨ᠎ᠤ ᠱᠣᠰᠢᠭ᠎ᠠ᠂ ᠲᠣᠳᠣᠷᠬᠠᠶ᠋ᠢᠯᠠᠯᠲᠠ ᠵᠢᠨ ᠪᠢᠴᠢᠭ᠎ᠤᠨ ᠠᠭᠤᠯᠭ᠎ᠠ᠎ᠨᠢ ᠳᠠᠩᠰᠠᠯᠠᠭᠤᠯᠤᠭᠰᠠᠨ ᠪᠤᠶᠤ ᠳᠠᠩᠰᠠᠯᠠᠭᠤᠯᠤᠭᠰᠠᠨ ᠱᠣᠰᠢᠭ᠎ᠠ᠂ ᠲᠣᠳᠣᠷᠬᠠᠶ᠋ᠢᠯᠠᠯᠲᠠ ᠵᠢᠨ ᠪᠢᠴᠢᠭ᠎ᠲᠠᠢ ᠨᠢᠭᠡᠳᠦᠯ ᠦᠭᠡᠢ ᠪᠠᠢ᠌ᠬᠤ᠃
ᠵᠢᠷᠠ ᠶᠢᠰᠦᠳᠦᠭᠡᠷ ᠵᠤᠷᠪᠤᠰ ᠳᠣᠤᠷ᠎ᠠ ᠵᠢᠭᠰᠠᠭ᠋ᠠᠭᠰᠠᠨ ᠪᠠᠢ᠌ᠳᠠᠯ᠎ᠤᠨ ᠨᠢᠭᠡ᠎ᠨᠢ ᠪᠠᠢ᠌ᠪᠠᠯ᠂ ᠢᠳᠡᠭᠡᠨ᠎ᠤ ᠠᠶᠤᠯᠭᠦᠶ ᠵᠢᠨ ᠬᠠᠤᠯᠢ ᠵᠢᠨ ᠵᠠᠭᠤ ᠬᠣᠷᠢᠨ ᠵᠢᠷᠭᠤᠳᠤᠭ᠋ᠠᠷ ᠵᠤᠷᠪᠤᠰ᠎ᠤᠨ ᠨᠢᠭᠡᠳᠦᠭᠡᠷ ᠪᠠᠳᠠᠭ᠂ ᠲᠤᠰ ᠳᠦᠷᠢᠮ᠎ᠤᠨ ᠳᠠᠯᠠᠨ ᠲᠠᠪᠤᠳᠤᠭ᠋ᠠᠷ ᠵᠤᠷᠪᠤᠰ᠎ᠤᠨ ᠲᠣᠭᠲᠠᠭ᠋ᠠᠯ ᠶᠣᠰᠣᠭ᠋ᠠᠷ ᠰᠢᠢ᠍ᠳᠬᠡᠨ᠎ᠡ᠄
(ᠨᠢᠭᠡ) ᠢᠳᠡᠭᠡᠨ ᠦᠢ᠍ᠯᠡᠳᠪᠤᠷᠢᠯᠡᠨ ᠡᠵᠡᠩᠨᠡᠭᠴᠢ ᠵᠢᠨ ᠨᠠᠶ᠋ᠢᠳᠠᠯᠭ᠎ᠠ ᠵᠢ ᠬᠦᠯᠢᠶᠡᠨ ᠠᠪᠴᠤ ᠢᠳᠡᠭᠡᠨ᠎ᠢ ᠬᠠᠳᠠᠭ᠋ᠠᠯᠠᠵᠤ᠂ ᠲᠡᠭᠡᠭᠡᠪᠦᠷᠢᠯᠡᠬᠦ᠎ᠳᠡᠭᠡᠨ ᠮᠡᠳᠡᠭᠡ ᠵᠠᠩᠭᠢ ᠵᠢ ᠲᠣᠭᠲᠠᠭ᠋ᠠᠯ ᠶᠣᠰᠣᠭ᠋ᠠᠷ   ᠳᠡᠮᠳᠡᠭᠯᠡᠨ ᠬᠠᠳᠠᠭ᠋ᠠᠯᠠᠭᠰᠠᠨ ᠦᠭᠡᠢ;
(ᠬᠣᠶᠠᠷ) ᠢᠳᠡᠭᠡᠨ ᠤᠮᠳᠠᠭ᠋ᠠᠨ᠎ᠤ ᠦᠢ᠍ᠯᠡᠴᠢᠯᠡᠭᠡᠨ᠎ᠤ ᠨᠢᠭᠡᠴᠡ᠎ᠨᠢ ᠢᠳᠡᠭᠡᠨ ᠤᠮᠳᠠᠭ᠋ᠠᠨ᠎ᠤ ᠰᠠᠪᠠ ᠬᠡᠷᠡᠭᠰᠡᠯ᠎ᠢ   ᠲᠦᠪᠯᠡᠷᠡᠬᠦᠯᠦᠨ ᠠᠷᠢᠭᠤᠳᠬᠠᠬᠤ ᠦᠢ᠍ᠯᠡᠴᠢᠯᠡᠭᠡᠨ᠎ᠤ ᠨᠢᠭᠡᠴᠡ ᠵᠢᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠪᠠ ᠠᠷᠢᠭᠤᠳᠬᠠᠬᠤ᠎ᠳᠤ ᠬᠢᠷᠢ ᠲᠡᠩᠴᠡᠭᠰᠡᠨ ᠭᠡᠷᠡᠴᠢ ᠵᠢ ᠪᠠᠶ᠋ᠢᠴᠠᠭ᠋ᠠᠨ ᠰᠢᠯᠭ᠋ᠠᠵᠤ᠂ ᠦᠯᠡᠳᠡᠭᠡᠨ ᠬᠠᠳᠠᠭ᠋ᠠᠯᠠᠭᠰᠠᠨ ᠦᠭᠡᠢ᠃ ᡾
(ᠭᠤᠷᠪᠠ) ᠢᠳᠡᠭᠡᠨ ᠦᠢᠯᠡᠳᠪᠦᠷᠢᠯᠡᠨ ᠡᠵᠡᠩᠨᠡᠭᠴᠢ ᠴᠢᠨᠠᠷ ᠬᠤᠪᠢᠷᠠᠭᠰᠠᠨ᠂ ᠬᠤᠭᠤᠴᠠᠭ᠎ᠠ᠎ᠨᠢ ᠬᠡᠲᠦᠷᠡᠭᠰᠡᠨ ᠪᠤᠶᠤ ᠬᠣᠷᠢᠶᠠᠨ ᠠᠪᠤᠭᠰᠠᠨ ᠢᠳᠡᠭᠡᠨ᠎ᠢ ᠲᠣᠭᠲᠠᠭ᠋ᠠᠯ ᠶᠣᠰᠣᠭ᠋ᠠᠷ ᠲᠣᠳᠣᠷᠬᠠᠶ᠋ᠢᠯᠠᠭᠰᠠᠨ ᠦᠭᠡᠢ ᠪᠤᠶᠤ ᠬᠠᠳᠠᠭ᠋ᠠᠯᠠᠭᠰᠠᠨ ᠦᠭᠡᠢ᠂ ᠡᠰᠡᠬᠦᠯ᠎ᠡ ᠳᠡᠭᠡᠷ᠎ᠡ ᠳᠤᠷᠠᠳᠤᠭᠰᠠᠨ ᠢᠳᠡᠭᠡᠨ᠎ᠢ ᠴᠠᠭ ᠲᠤᠬᠠᠶ᠎ᠳᠤᠨᠢ ᠬᠣᠤᠷ ᠦᠭᠡᠢ᠌ᠢ᠍ᠵᠢᠬᠦᠯᠦᠨ ᠰᠢᠢᠳᠪᠦᠷᠢᠯᠡᠬᠦ᠂ ᠤᠰᠠᠳᠬᠠᠬᠤ ᠵᠡᠷᠭᠡ ᠠᠷᠭ᠎ᠠ ᠬᠡᠮᠵᠢᠶ᠎ᠡ ᠠᠪᠤᠭᠰᠠᠨ ᠦᠭᠡᠢ ᠪᠥᠭᠡᠳ ᠦᠨᠡᠨ ᠮᠥᠨ ᠵᠶ᠋ᠠᠷ᠎ᠨᠢ ᠲᠡᠮᠳᠡᠭᠯᠡᠭᠰᠡᠨ ᠦᠭᠡᠢ;
(  ᠳᠦᠷᠪᠡ) ᠡᠮᠴᠢᠯᠡᠭᠡᠨ᠎ᠤ ᠪᠠᠶ᠋ᠢᠭᠤᠯᠤᠮᠵᠢ ᠪᠠ ᠡᠮ᠎ᠤᠨ ᠵᠦᠢᠯ᠎ᠢ ᠵᠢᠵᠢᠭᠯᠡᠨ ᠬᠤᠳᠠᠯᠳᠤᠬᠤ ᠠᠵᠤ ᠠᠬᠤᠶ᠋ᠢᠯᠠᠯ᠎ᠠᠴᠠ ᠭᠠᠳᠠᠨᠠᠬᠢ ᠨᠢᠭᠡᠴᠡ ᠪᠤᠶᠤ ᠬᠤᠪᠢ ᠬᠥᠮᠦᠨ ᠠᠨᠠᠭ᠋ᠠᠬᠤ ᠤᠬᠠᠭ᠋ᠠᠨ᠎ᠤ ᠣᠨᠴᠠᠭ᠋ᠠᠢ ᠬᠡᠷᠡᠭᠴᠡᠭᠡᠲᠦ ᠨᠠᠶ᠋ᠢᠷᠠᠯᠭ᠎ᠠ᠎ᠲᠠᠢ ᠢᠳᠡᠭᠡᠨ᠎ᠤ ᠳᠣᠲᠣᠷᠠᠬᠢ ᠲᠤᠰᠬᠠᠶ ᠲᠣᠭᠲᠠᠭ᠋ᠠᠭᠰᠠᠨ ᠪᠦᠷᠢᠨ ᠲᠡᠵᠢᠭᠡᠯᠲᠦ ᠨᠠᠶ᠋ᠢᠷᠠᠯᠭ᠎ᠠ᠎ᠲᠠᠢ ᠢᠳᠡᠭᠡᠨ᠎ᠢ ᠬᠡᠷᠡᠭᠯᠡᠭᠴᠢᠳ᠎ᠲᠤ ᠪᠣᠷᠣᠯᠠᠭᠤᠯᠬᠤ;
(ᠲᠠᠪᠤ) ᠣᠨᠴᠠᠭ᠋ᠠᠢ ᠢᠳᠡᠭᠡᠨ᠎ᠢ ᠡᠩ᠎ᠤᠨ ᠢᠳᠡᠭᠡᠨ ᠪᠤᠶᠤ ᠡᠮ᠎ᠤᠨ ᠵᠦᠢᠯ᠎ᠲᠠᠢ ᠬᠤᠳᠬᠤᠯᠳᠤᠭᠤᠯᠤᠨ ᠪᠣᠷᠣᠯᠠᠭᠤᠯᠬᠤ᠃
ᠳᠠᠯᠠᠳᠤᠭ᠋ᠠᠷ ᠵᠤᠷᠪᠤᠰ ᠢᠳᠡᠭᠡᠨ᠎ᠤ ᠠᠮᠤᠷ ᠲᠦᠪᠰᠢᠨ᠎ᠤ ᠬᠠᠤᠯᠢ ᠵᠢᠨ ᠵᠠᠭᠤ ᠬᠣᠷᠢᠨ ᠲᠠᠪᠤᠳᠤᠭ᠋ᠠᠷ ᠵᠤᠷᠪᠤᠰ᠎ᠤᠨ ᠨᠢᠭᠡᠳᠦᠭᠡᠷ ᠪᠠᠳᠠᠭ᠂ ᠵᠠᠭᠤ ᠬᠣᠷᠢᠨ ᠵᠢᠷᠭᠤᠳᠤᠭ᠋ᠠᠷ ᠵᠤᠷᠪᠤᠰ᠎ᠲᠤ ᠲᠣᠭᠲᠠᠭ᠋ᠠᠭᠰᠠᠨ ᠪᠠᠶ᠋ᠢᠳᠠᠯ᠎ᠢ ᠭᠠᠷᠭ᠋ᠠᠪᠠᠯ᠂ ᠢᠳᠡᠭᠡᠨ ᠦᠢ᠍ᠯᠡᠳᠪᠤᠷᠢᠯᠡᠨ ᠡᠵᠡᠩᠨᠡᠭᠴᠢ ᠵᠢᠨ ᠦᠢᠯᠡᠳᠪᠦᠷᠢᠯᠡᠵᠦ ᠡᠵᠡᠩᠨᠡᠬᠦ ᠦᠢ᠍ᠯᠡ ᠠᠵᠢᠯᠯᠠᠭ᠎ᠠ᠎ᠨᠢ ᠢᠳᠡᠭᠡᠨ᠎ᠤ ᠠᠮᠤᠷ ᠲᠦᠪᠰᠢᠨ᠎ᠤ ᠬᠠᠤᠯᠢ ᠵᠢᠨ ᠭᠤᠴᠢᠨ ᠭᠤᠷᠪᠠᠳᠤᠭ᠋ᠠᠷ ᠵᠤᠷᠪᠤᠰ᠎ᠤᠨ ᠨᠢᠭᠡᠳᠦᠭᠡᠷ ᠪᠠᠳᠠᠭ᠎ᠤᠨ ᠲᠠᠪᠤᠳᠤᠭ᠋ᠠᠷ ᠵᠦᠢ᠍ᠯ᠂ ᠳᠣᠯᠣᠳᠤᠭ᠋ᠠᠷ ᠵᠤᠷᠪᠤᠰ᠎ᠠᠴᠠ ᠠᠷᠪᠠᠳᠤᠭ᠋ᠠᠷ ᠪᠠᠳᠠᠭ ᠬᠦᠷᠲᠡᠯᠡᠬᠢ ᠲᠣᠭᠲᠠᠭ᠋ᠠᠯ᠎ᠳᠤ ᠨᠡᠶ᠋ᠢᠴᠡᠬᠦ ᠦᠭᠡᠢ ᠪᠤᠶᠤ ᠢᠳᠡᠭᠡᠨ᠎ᠤ ᠦᠢᠯᠡᠳᠪᠦᠷᠢᠯᠡᠯ ᠡᠵᠡᠩᠨᠡᠯᠲᠡ ᠵᠢᠨ ᠶᠠᠪᠤᠴᠠ ᠵᠢᠨ ᠱᠠᠭ᠋ᠠᠷᠳᠠᠯᠭ᠎ᠠ ᠵᠢᠨ ᠢᠳᠡᠭᠡᠨ᠎ᠤ ᠠᠮᠤᠷ ᠲᠦᠪᠰᠢᠨ᠎ᠤ ᠲᠤᠬᠠᠶ ᠤᠯᠤᠰ᠎ᠤᠨ ᠪᠠᠷᠢᠮᠵᠢᠶ᠎ᠠ᠎ᠳᠤ ᠨᠡᠶ᠋ᠢᠴᠡᠬᠦ ᠦᠭᠡᠢ ᠪᠣᠯ ᠢᠳᠡᠭᠡᠨ᠎ᠤ ᠠᠮᠤᠷ ᠲᠦᠪᠰᠢᠨ᠎ᠤ ᠬᠠᠤᠯᠢ ᠵᠢᠨ ᠵᠠᠭᠤ ᠬᠣᠷᠢᠨ ᠵᠢᠷᠭᠤᠳᠤᠭ᠋ᠠᠷ ᠵᠤᠷᠪᠤᠰ᠎ᠤᠨ ᠨᠢᠭᠡᠳᠦᠭᠡᠷ ᠪᠠᠳᠠᠭ᠂ ᠲᠣᠰ ᠳᠦᠷᠢᠮ᠎ᠤᠨ ᠳᠠᠯᠠᠨ ᠲᠠᠪᠤᠳᠤᠭ᠋ᠠᠷ ᠵᠤᠷᠪᠤᠰ᠎ᠤᠨ ᠲᠣᠭᠲᠠᠭ᠋ᠠᠯ ᠶᠣᠰᠣᠭ᠋ᠠᠷ ᠰᠢᠢᠳᠬᠡᠨ ᠲᠣᠷᠭ᠋ᠠᠬᠤ ᠬᠡᠷᠡᠭᠲᠡᠶ᠃
ᠳᠠᠯᠠᠨ ᠨᠢᠭᠡᠳᠦᠭᠡᠷ ᠵᠤᠷᠪᠤᠰ   ᠢᠳᠡᠭᠡᠨ ᠤᠮᠳᠠᠭ᠋ᠠᠨ᠎ᠤ ᠰᠠᠪᠠ ᠬᠡᠷᠡᠭᠰᠡᠯ᠎ᠢ ᠲᠥᠪᠯᠡᠷᠡᠭᠦᠯᠦᠨ ᠠᠷᠢᠭᠤᠳᠬᠠᠬᠤ ᠦᠢᠯᠡᠴᠢᠯᠡᠭᠡᠨ᠎ᠤ ᠨᠢᠭᠡᠴᠡ ᠲᠣᠭᠲᠠᠭ᠋ᠠᠯ ᠶᠣᠰᠣᠭ᠋ᠠᠷ   ᠬᠦᠢ᠍ᠯᠡᠯᠭᠡ᠎ᠳᠤ ᠤᠷᠤᠭᠤᠯᠬᠤ ᠰᠢᠯᠭ᠋ᠠᠨ ᠪᠠᠶ᠋ᠢᠴᠠᠭ᠋ᠠᠯᠲᠠ ᠵᠢᠨ ᠲᠡᠮᠳᠡᠭᠯᠡᠯ᠎ᠤᠨ ᠳᠦᠷᠢᠮ᠎ᠢ ᠪᠠᠶ᠋ᠢᠭᠤᠯᠵᠤ ᠵᠢᠷᠤᠮᠯᠠᠭᠰᠠᠨ ᠦᠭᠡᠢ ᠪᠠᠢ᠌ᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠢᠳᠡᠭᠡᠨ᠎ᠤ ᠠᠶᠤᠯᠭᠦᠶ ᠵᠢᠨ ᠬᠠᠤᠯᠢ ᠵᠢᠨ ᠵᠠᠭᠤ ᠬᠣᠷᠢᠨ ᠵᠢᠷᠭᠤᠳᠤᠭ᠋ᠠᠷ ᠵᠤᠷᠪᠤᠰ᠎ᠤᠨ ᠨᠢᠭᠡᠳᠦᠭᠡᠷ ᠪᠠᠳᠠᠭ᠂ ᠲᠤᠰ ᠳᠦᠷᠢᠮ᠎ᠤᠨ ᠳᠠᠯᠠᠨ ᠲᠠᠪᠤᠳᠤᠭ᠋ᠠᠷ ᠵᠤᠷᠪᠤᠰ᠎ᠤᠨ ᠲᠣᠭᠲᠠᠭ᠋ᠠᠯ ᠶᠣᠰᠣᠭ᠋ᠠᠷ ᠰᠢᠢ᠍ᠳᠬᠡᠨ᠎ᠡ᠃
ᠳᠠᠯᠠᠨ ᠬᠣᠶᠠᠳᠤᠭ᠋ᠠᠷ ᠵᠤᠷᠪᠤᠰ ᠳᠤᠯᠠᠭ᠋ᠠᠨ᠎ᠤ ᠬᠡᠮᠵᠢᠶ᠎ᠡ᠂ ᠴᠢᠭᠢᠭ᠎ᠤᠨ ᠬᠡᠮᠵᠢᠶ᠎ᠡ ᠵᠡᠷᠭᠡ ᠣᠨᠴᠠᠭ᠋ᠠᠢ ᠱᠠᠭ᠋ᠠᠷᠳᠠᠯᠭ᠎ᠠ ᠪᠦᠬᠦᠢ ᠢᠳᠡᠭᠡᠨ᠎ᠢ ᠬᠠᠳᠠᠭ᠋ᠠᠯᠠᠬᠤ ᠲᠤᠬᠠᠶ᠋ᠢᠯᠠᠭᠰᠠᠨ ᠠᠵᠢᠯ᠎ᠢ ᠡᠷᠬᠢᠯᠡᠵᠦ ᠪᠠᠢ᠌ᠭ᠎ᠠ ᠢᠳᠡᠭᠡᠨ᠎ᠤ ᠪᠤᠰᠤ ᠦᠢᠯᠡᠳᠪᠦᠷᠢᠯᠡᠨ ᠡᠵᠡᠩᠨᠡᠭᠴᠢ᠂ ᠢᠳᠡᠭᠡᠨ ᠰᠤᠯᠢᠯᠴᠠᠭ᠎ᠠ ᠵᠢ ᠡᠷᠬᠢᠯᠡᠨ ᠬᠢᠭᠴᠢ᠂ ᠢᠳᠡᠭᠡᠨ᠎ᠤ ᠳᠡᠯᠭᠡᠨ ᠪᠣᠷᠣᠯᠠᠭᠤᠯᠬᠤ ᠴᠤᠭᠯᠠᠭ᠋ᠠᠨ᠎ᠢ ᠡᠷᠬᠢᠯᠡᠨ ᠬᠢᠭᠴᠢ ᠲᠣᠭᠲᠠᠭ᠋ᠠᠯ ᠶᠣᠰᠣᠭ᠋ᠠᠷ ᠳᠠᠩᠰᠠᠯᠠᠭᠤᠯᠤᠭᠰᠠᠨ ᠦᠭᠡᠢ ᠪᠤᠶᠤ ᠮᠡᠳᠡᠭᠦᠯᠦᠭᠰᠡᠨ ᠦᠭᠡᠢ ᠪᠠᠢ᠌ᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠰᠡᠷᠡᠮᠵᠢ ᠥᠭᠭᠦᠨ᠎ᠡ; ᠵᠠᠯᠠᠷᠠᠭᠤᠯᠬᠤ ᠵᠢ ᠲᠡᠪᠴᠢᠭᠰᠡᠨ ᠪᠠᠢ᠌ᠪᠠᠯ᠂ 1 ᠲᠦᠮᠡᠨ ᠲᠥᠭᠥᠷᠢᠭ᠎ᠠᠴᠠ ᠳᠡᠭᠡᠭᠰᠢ 5 ᠲᠦᠮᠡᠨ ᠲᠥᠭᠥᠷᠢᠭ᠎ᠠᠴᠠ ᠳᠤᠷᠤᠭᠰᠢᠬᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠨ᠎ᠡ; ᠦᠢ᠍ᠯᠡ ᠪᠠᠢ᠌ᠳᠠᠯ᠎ᠨᠢ ᠬᠦᠨᠳᠦ ᠨᠣᠴᠢᠲᠠᠶ ᠪᠣᠯ ᠦᠢᠯᠡᠳᠪᠦᠷᠢᠯᠡᠯ ᠡᠵᠡᠩᠨᠡᠯᠲᠡ ᠵᠢ᠎ᠨᠢ ᠵᠠᠷᠯᠢᠭᠳᠠᠨ ᠵᠣᠭᠰᠣᠭ᠋ᠠᠵᠤ᠂ 5 ᠲᠦᠮᠡᠨ ᠲᠥᠭᠥᠷᠢᠭ᠎ᠠᠴᠠ ᠳᠡᠭᠡᠭᠰᠢ 20 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠤᠷᠭ᠋ᠠᠨ ᠰᠢᠢᠳᠬᠡᠨ᠎ᠡ᠃
ᠳᠠᠯᠠᠨ ᠭᠤᠷᠪᠠᠳᠤᠭ᠋ᠠᠷ ᠵᠤᠷᠪᠤᠰ ᠬᠤᠷᠠᠯ᠂ ᠢᠯᠡᠳᠬᠡᠯ᠂ ᠡᠷᠡᠭᠦᠯ ᠮᠡᠨᠳᠦ ᠵᠢᠨ ᠵᠥᠪᠯᠡᠯᠭᠡ ᠥᠭᠬᠦ ᠵᠡᠷᠭᠡ ᠠᠷᠭ᠎ᠠ ᠮᠠᠶᠢᠭ᠎ᠢ ᠠᠰᠢᠭᠯᠠ ᠢᠳᠡᠭᠡᠨ᠎ᠳᠤ ᠬᠤᠳᠠᠯ ᠬᠠᠭᠤᠷᠮᠠᠭ ᠤᠬᠠᠭᠤᠯᠭ᠎ᠠ ᠬᠢᠭᠰᠡᠨ ᠪᠠᠢ᠌ᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠨᠥᠯᠥᠭᠡ ᠵᠢ᠎ᠨᠢ ᠦᠭᠡᠢ᠌ᠰᠭᠡᠨ᠎ᠡ᠂ ᠬᠠᠤᠯᠢ ᠵᠢ ᠵᠥᠷᠢᠴᠡᠵᠦ ᠣᠯᠵᠠ ᠠᠰᠢᠭ ᠣᠯᠤᠭᠰᠠᠨ ᠪᠠᠢ᠌ᠪᠠᠯ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠣᠷᠢᠶᠠᠨ ᠠᠪᠤᠨ᠎ᠠ; ᠦᠢ᠍ᠯᠡ ᠪᠠᠢ᠌ᠳᠠᠯ᠎ᠨᠢ ᠬᠦᠨᠳᠦ ᠨᠣᠴᠢᠲᠠᠶ ᠪᠠᠢ᠌ᠪᠠᠯ᠂ ᠢᠳᠡᠭᠡᠨ᠎ᠤ ᠠᠶᠤᠯᠭᠦᠶ ᠵᠢᠨ ᠬᠠᠤᠯᠢ ᠵᠢᠨ ᠵᠠᠭᠤ ᠳᠥᠴᠢᠳᠦᠭᠡᠷ ᠵᠤᠷᠪᠤᠰ᠎ᠤᠨ ᠲᠠᠪᠤᠳᠤᠭ᠋ᠠᠷ ᠪᠠᠳᠠᠭ᠎ᠤᠨ ᠲᠣᠭᠲᠠᠭ᠋ᠠᠯ ᠶᠣᠰᠣᠭ᠋ᠠᠷ ᠰᠢᠢ᠍ᠳᠬᠡᠨ᠎ᠡ; ᠪᠠᠢ᠌ᠭᠤᠯᠭ᠎ᠠ ᠨᠢᠭᠡᠴᠡ ᠬᠠᠤᠯᠢ ᠵᠢ ᠵᠥᠷᠢᠴᠡᠭᠰᠡᠨ ᠪᠠᠢ᠌ᠪᠠᠯ᠂ ᠪᠠᠰᠠ ᠲᠤᠰ ᠳᠦᠷᠢᠮ᠎ᠤᠨ ᠳᠠᠯᠠᠨ ᠲᠠᠪᠤᠳᠤᠭ᠋ᠠᠷ   ᠵᠤᠷᠪᠤᠰ᠎ᠤᠨ ᠲᠣᠭᠲᠠᠭ᠋ᠠᠯ ᠶᠣᠰᠣᠭ᠋ᠠᠷ ᠪᠠᠢ᠌ᠭᠤᠯᠭ᠎ᠠ ᠨᠢᠭᠡᠴᠡ ᠵᠢᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠭᠣᠤᠯ ᠬᠠᠷᠢᠭᠤᠴᠠᠯᠭ᠋ᠠᠲᠠᠨ᠂ ᠰᠢᠭᠤᠳ ᠬᠠᠷᠢᠭᠤᠴᠠᠵᠤ ᠪᠠᠢ᠌ᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠢ ᠰᠢᠢ᠍ᠳᠬᠡᠬᠦ ᠬᠡᠷᠡᠭᠲᠡᠶ᠃
ᠢᠳᠡᠭᠡᠨ   ᠦᠢ᠍ᠯᠡᠳᠪᠦᠷᠢᠯᠡᠨ ᠡᠵᠡᠩᠨᠡᠭᠴᠢ ᠵᠢᠨ ᠦᠢᠯᠡᠳᠪᠦᠷᠢᠯᠡᠵᠦ ᠡᠵᠡᠩᠨᠡᠵᠦ ᠪᠠᠢ᠌ᠭ᠎ᠠ ᠢᠳᠡᠭᠡᠨ᠎ᠨᠢ ᠢᠳᠡᠭᠡᠨ᠎ᠤ ᠠᠶᠤᠯᠭᠦᠶ ᠵᠢᠨ ᠪᠠᠷᠢᠮᠵᠢᠶ᠎ᠠ᠎ᠳᠤ ᠨᠡᠶ᠋ᠢᠴᠡᠭᠰᠡᠨ ᠪᠣᠯᠪᠠᠴᠤ ᠢᠳᠡᠭᠡᠨ᠎ᠤ ᠵᠦᠢᠯ᠎ᠤᠨ ᠪᠠᠢ᠌ᠭ᠎ᠠ ᠠᠵᠤ ᠠᠬᠤᠶ᠋ᠢᠯᠠᠯ᠎ᠤᠨ ᠪᠠᠷᠢᠮᠵᠢᠶ᠎ᠠ᠎ᠳᠤ ᠲᠣᠭᠲᠠᠭ᠋ᠠᠭᠰᠠᠨ ᠢᠳᠡᠭᠡᠨ᠎ᠤ ᠠᠶᠤᠯᠭᠦᠶ ᠵᠢᠨ ᠭᠦᠢᠴᠡᠳᠬᠡᠬᠦ ᠲᠣᠭ᠎ᠠ᠎ᠳᠤ ᠨᠡᠶ᠋ᠢᠴᠡᠬᠦ ᠦᠭᠡᠢ ᠪᠠᠢ᠌ᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠰᠡᠷᠡᠮᠵᠢ ᠥᠭᠬᠦ ᠵᠢᠨ ᠬᠠᠮᠲᠤ ᠢᠳᠡᠭᠡᠨ᠎ᠤ ᠵᠦᠢᠯ᠎ᠤᠨ ᠡᠵᠡᠩᠨᠡᠭᠴᠢ ᠵᠢ ᠵᠠᠷᠯᠢᠭᠳᠠᠵᠤ ᠪᠠᠶ᠋ᠢᠭ᠋ᠠᠳ ᠲᠤᠰ ᠢᠳᠡᠭᠡᠨ᠎ᠤ ᠡᠵᠡᠩᠨᠡᠯᠲᠡ ᠵᠢ᠎ᠨᠢ ᠵᠣᠭᠰᠣᠭ᠋ᠠᠯᠭ᠋ᠠᠵᠤ᠂ ᠢᠳᠡᠭᠡᠨ ᠦᠢᠯᠡᠳᠪᠦᠷᠢᠯᠡᠬᠦ ᠠᠵᠤ ᠠᠬᠤᠶ᠋ᠢᠯᠠᠯ᠎ᠢ ᠵᠠᠷᠯᠢᠭᠳᠠᠨ ᠵᠠᠯᠠᠷᠠᠭᠤᠯᠤᠭᠤᠯᠤᠨ᠎ᠠ; ᠡᠵᠡᠩᠨᠡᠬᠦ ᠪᠤᠶᠤ ᠵᠠᠯᠠᠷᠠᠭᠤᠯᠬᠤ ᠵᠢ ᠲᠡᠪᠴᠢᠭᠰᠡᠨ ᠪᠠᠢ᠌ᠪᠠᠯ᠂ ᠠᠵᠤ ᠠᠬᠤᠶ᠋ᠢᠯᠠᠯ᠎ᠤᠨ ᠪᠠᠷᠢᠮᠵᠢᠶ᠎ᠠ᠎ᠳᠤ ᠲᠣᠭᠲᠠᠭ᠋ᠠᠭᠰᠠᠨ ᠢᠳᠡᠭᠡᠨ᠎ᠤ ᠠᠶᠤᠯ ᠦᠭᠡᠢ ᠵᠢᠨ ᠭᠦᠢᠴᠡᠳᠬᠡᠬᠦ ᠲᠣᠭ᠎ᠠ᠎ᠳᠤ ᠨᠡᠶ᠋ᠢᠴᠡᠬᠦ ᠦᠭᠡᠢ ᠢᠳᠡᠭᠡᠨ᠎ᠢ᠎ᠨᠢ ᠬᠣᠷᠢᠶᠠᠨ ᠠᠪᠴᠤ᠂ ᠪᠠᠷᠠᠭ᠎ᠠ ᠵᠢᠨ ᠥᠷᠲᠡᠭ᠎ᠤᠨ ᠵᠣᠭᠣᠰ᠎ᠤᠨ ᠲᠣᠭ᠎ᠠ᠎ᠨᠢ 1 ᠲᠦᠮᠡᠨ ᠲᠥᠭᠥᠷᠢᠭ᠎ᠲᠤ ᠬᠦᠷᠬᠦ ᠦᠭᠡᠢ ᠪᠣᠯ᠂ 1 ᠲᠦᠮᠡᠨ ᠲᠥᠭᠥᠷᠢᠭ᠎ᠠᠴᠠ ᠳᠡᠭᠡᠭᠰᠢ 5 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠰᠢᠢᠳᠬᠡᠨ᠎ᠡ᠂ ᠪᠠᠷᠠᠭ᠎ᠠ ᠵᠢᠨ ᠥᠷᠲᠡᠭ᠎ᠤᠨ ᠵᠣᠭᠣᠰ᠎ᠤᠨ ᠲᠣᠭ᠎ᠠ᠎ᠨᠢ 1 ᠲᠦᠮᠡᠨ ᠲᠥᠭᠥᠷᠢᠭ᠎ᠠᠴᠠ ᠳᠡᠭᠡᠭᠰᠢ ᠪᠠᠢ᠌ᠪᠠᠯ᠂ ᠪᠠᠷᠠᠭ᠎ᠠ ᠵᠢᠨ ᠥᠷᠲᠡᠭ᠎ᠤᠨ ᠵᠣᠭᠣᠰ᠎ᠤᠨ ᠲᠣᠭ᠎ᠠ ᠵᠢᠨ 5 ᠲᠠᠬᠢᠨ᠎ᠠᠴᠠ ᠳᠡᠭᠡᠭᠰᠢ 10 ᠲᠠᠬᠢᠨ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ   ᠰᠢᠢᠳᠬᠡᠨ᠎ᠡ᠃
ᠳᠠᠯᠠᠨ ᠲᠠᠪᠤᠳᠤᠭ᠋ᠠᠷ ᠵᠤᠷᠪᠤᠰ ᠢᠳᠡᠭᠡᠨ᠎ᠤ ᠦᠢᠯᠡᠳᠪᠦᠷᠢᠯᠡᠯ ᠡᠵᠡᠩᠨᠡᠯᠲᠡ ᠵᠢᠨ ᠠᠵᠤ ᠠᠬᠤᠶ᠋ᠢᠯᠠᠯ ᠵᠡᠷᠭᠡ   ᠨᠢᠭᠡᠴᠡ᠎ᠳᠤ ᠢᠳᠡᠭᠡᠨ᠎ᠤ ᠠᠶᠤᠯᠭᠦᠶ ᠵᠢᠨ ᠬᠠᠤᠯᠢ᠎ᠳᠤ ᠲᠣᠭᠲᠠᠭ᠋ᠠᠭᠰᠠᠨ ᠬᠠᠤᠯᠢ ᠵᠢ ᠵᠥᠷᠢᠴᠡᠭᠰᠡᠨ ᠪᠠᠢ᠌ᠳᠠᠯ᠎ᠲᠠᠢ ᠪᠠᠢ᠌ᠪᠠᠯ᠂ ᠢᠳᠡᠭᠡᠨ᠎ᠤ ᠠᠶᠤᠯᠭᠦᠶ ᠵᠢᠨ ᠬᠠᠤᠯᠢ ᠵᠢᠨ ᠲᠣᠭᠲᠠᠭ᠋ᠠᠯ ᠶᠣᠰᠣᠭ᠋ᠠᠷ ᠰᠢᠢ᠍ᠳᠬᠡᠯ ᠥᠭᠬᠦ᠎ᠠᠴᠠ ᠭᠠᠳᠠᠨ᠎ᠠ᠂ ᠳᠣᠤᠷ᠎ᠠ ᠵᠢᠭᠰᠠᠭ᠋ᠠᠭᠰᠠᠨ ᠪᠠᠢ᠌ᠳᠠᠯ᠎ᠤᠨ ᠨᠢᠭᠡ᠎ᠨᠢ ᠪᠠᠢ᠌ᠪᠠᠯ᠂   ᠲᠤᠰ ᠨᠢᠭᠡᠴᠡ ᠵᠢᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠭᠣᠤᠯ ᠬᠠᠷᠢᠭᠤᠴᠠᠯᠭ᠋ᠠᠲᠠᠨ᠂ ᠰᠢᠭᠤᠳ ᠬᠠᠷᠢᠭᠤᠴᠠᠵᠤ ᠪᠠᠢ᠌ᠭ᠎ᠠ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠢ ᠲᠡᠭᠦᠨ᠎ᠤ ᠳᠡᠭᠡᠷ᠎ᠡ ᠨᠢᠭᠡ ᠵᠢᠯ᠎ᠤᠨ ᠲᠤᠰ ᠨᠢᠭᠡᠴᠡ᠎ᠠᠴᠠ ᠣᠯᠤᠭᠰᠠᠨ ᠣᠷᠣᠯᠭ᠎ᠠ ᠵᠢᠨ ᠬᠢᠨᠢ ᠨᠢᠭᠡ ᠲᠠᠬᠢᠨ᠎ᠠᠴᠠ ᠳᠡᠭᠡᠭᠰᠢ ᠠᠷᠪᠠᠨ ᠲᠠᠬᠢᠨ᠎ᠠᠴᠠ ᠲᠤᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠨ᠎ᠡ᠄
(ᠨᠢᠭᠡ) ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ ᠵᠣᠷᠢᠭᠤᠳᠠ ᠬᠢᠭᠰᠡᠨ;
(ᠬᠣᠶᠠᠷ) ᠬᠠᠤᠯᠢ ᠵᠢ ᠵᠥᠷᠢᠴᠡᠭᠰᠡᠨ ᠠᠵᠢᠯᠯᠠᠭ᠎ᠠ ᠵᠢᠨ ᠰᠢᠨᠵᠢ ᠴᠢᠨᠠᠷ᠎ᠨᠢ ᠬᠤᠤᠷ ᠬᠦᠨᠦᠭᠡᠯ᠎ᠲᠠᠢ ᠪᠠᠢ᠌ᠬᠤ;
(ᠭᠤᠷᠪᠠ) ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠬᠦᠨᠳᠦ ᠨᠣᠴᠢᠲᠠᠶ ᠤᠷᠰᠢᠭ ᠲᠠᠲᠠᠭᠰᠠᠨ᠃
ᠢᠳᠡᠭᠡᠨ᠎ᠤ ᠠᠮᠤᠷ ᠲᠦᠪᠰᠢᠨ᠎ᠤ ᠬᠠᠤᠯᠢ ᠵᠢᠨ ᠵᠠᠭᠤ ᠬᠣᠷᠢᠨ ᠲᠠᠪᠤᠳᠤᠭ᠋ᠠᠷ ᠵᠤᠷᠪᠤᠰ᠎ᠤᠨ ᠬᠣᠶᠠᠳᠤᠭ᠋ᠠᠷ ᠪᠠᠳᠠᠭ᠎ᠲᠤ ᠲᠣᠭᠲᠠᠭ᠋ᠠᠭᠰᠠᠨ ᠪᠠᠢ᠌ᠳᠠᠯ᠎ᠳᠤ ᠬᠠᠷᠢᠶᠠᠯᠠᠭᠳᠠᠪᠠᠯ᠂ ᠡᠮᠦᠨᠡᠬᠢ ᠵᠤᠷᠪᠤᠰ᠎ᠤᠨ ᠲᠣᠭᠲᠠᠭ᠋ᠠᠯ᠎ᠢ ᠬᠡᠷᠡᠭᠯᠡᠬᠦ ᠦᠭᠡᠢ᠃
ᠳᠠᠯᠠᠨ ᠵᠢᠷᠭᠤᠳᠤᠭ᠋ᠠᠷ ᠵᠤᠷᠪᠤᠰ ᠢᠳᠡᠭᠡᠨ ᠦᠢᠯᠡᠳᠪᠦᠷᠢᠯᠡᠨ ᠡᠵᠡᠩᠨᠡᠭᠴᠢ ᠢᠳᠡᠭᠡᠨ᠎ᠤ ᠠᠶᠤᠯᠭᠦᠶ ᠵᠢᠨ ᠬᠠᠤᠯᠢ ᠵᠢᠨ ᠵᠢᠷᠠᠨ ᠭᠤᠷᠪᠠᠳᠤᠭ᠋ᠠᠷ ᠵᠤᠷᠪᠤᠰ᠎ᠤᠨ ᠨᠢᠭᠡᠳᠦᠭᠡᠷ ᠪᠠᠳᠠᠭ᠂ ᠬᠣᠶᠠᠳᠤᠭ᠋ᠠᠷ ᠪᠠᠳᠠᠭ᠎ᠤᠨ ᠲᠣᠭᠲᠠᠭ᠋ᠠᠯ ᠶᠣᠰᠣᠭ᠋ᠠᠷ ᠦᠢᠯᠡᠳᠪᠦᠷᠢᠯᠡᠬᠦ᠂ ᠡᠵᠡᠩᠨᠡᠬᠦ᠎ᠪᠠᠨ ᠵᠣᠭᠰᠣᠭ᠋ᠠᠵᠤ᠂ ᠢᠳᠡᠭᠡᠨ᠎ᠤ ᠵᠦᠢᠯ᠎ᠢ ᠬᠡᠷᠡᠭᠵᠢᠭᠦᠯᠬᠦ᠂ ᠡᠰᠡᠬᠦᠯ᠎ᠡ ᠪᠤᠰᠤᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠢᠳᠡᠭᠡᠨ᠎ᠤ ᠠᠶᠤᠯᠭᠦᠶ ᠵᠢᠨ ᠲᠦᠭᠰᠢᠭᠦᠷᠢ ᠵᠢ ᠬᠥᠩᠭᠡᠷᠡᠭᠦᠯᠬᠦ ᠪᠤᠶᠤ ᠠᠷᠢᠯᠭ᠋ᠠᠭ᠋ᠠᠳ᠂ ᠬᠣᠤᠷ ᠬᠥᠨᠥᠭᠡᠯ ᠤᠴᠠᠷᠠᠭᠤᠯᠬᠤ ᠤᠷᠰᠢᠭ ᠲᠠᠲᠠᠭᠰᠠᠨ ᠦᠭᠡᠢ ᠪᠠᠢ᠌ᠪᠠᠯ᠂ ᠬᠥᠩᠭᠡᠨ ᠵᠶ᠋ᠠᠷ ᠰᠢᠢ᠍ᠳᠬᠡᠬᠦ ᠪᠤᠶᠤ ᠬᠥᠩᠭᠡᠷᠡᠭᠦᠯᠦᠨ ᠰᠢᠢ᠍ᠳᠬᠡᠵᠦ ᠪᠣᠯᠤᠨ᠎ᠠ᠃
ᠳᠠᠯᠠᠨ ᠳᠤᠯᠤᠳᠤᠭ᠋ᠠᠷ ᠵᠤᠷᠪᠤᠰ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠢᠳᠡᠭᠡᠨ᠎ᠤ ᠠᠶᠤᠯᠭᠦᠶ ᠵᠢᠨ ᠬᠠᠤᠯᠢ ᠵᠢᠨ ᠵᠠᠭᠤ ᠬᠣᠷᠢᠨ ᠭᠤᠷᠪᠠᠳᠤᠭ᠋ᠠᠷ ᠵᠤᠷᠪᠤᠰ᠎ᠲᠤ ᠲᠣᠭᠲᠠᠭ᠋ᠠᠭᠰᠠᠨ ᠬᠠᠤᠯᠢ ᠵᠢ ᠵᠥᠷᠢᠴᠡᠭᠰᠡᠨ ᠪᠠᠢ᠌ᠳᠠᠯ᠎ᠲᠠᠢ ᠪᠥᠭᠡᠳ ᠦᠢ᠍ᠯᠡ ᠪᠠᠢ᠌ᠳᠠᠯ᠎ᠨᠢ ᠬᠦᠨᠳᠦ ᠨᠣᠴᠢᠲᠠᠶ ᠪᠠᠶ᠋ᠢᠵᠤ᠂ ᠵᠠᠰᠠᠭ ᠵᠠᠬᠢᠷᠭ᠋ᠠᠨ᠎ᠤ ᠲᠦᠷ ᠬᠤᠷᠢᠬᠤ ᠴᠢᠬᠤᠯᠠᠲᠠᠶ ᠪᠠᠶ᠋ᠢᠵᠤ ᠮᠡᠳᠡᠬᠦ᠎ᠳᠤ ᠬᠦᠷᠪᠡᠯ᠂   ᠦᠢ᠍ᠯᠡ ᠬᠡᠷᠡᠭ ᠵᠢᠴᠢ ᠬᠣᠯᠪᠣᠭᠳᠠᠯ ᠪᠦᠬᠦᠢ ᠮᠠᠲ᠋ᠧᠷᠢᠶᠠᠯ᠎ᠢ ᠠᠳᠠᠯᠢ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠴᠠᠭ ᠲᠤᠬᠠᠶ᠎ᠳᠤᠨᠢ ᠰᠢᠯᠵᠢᠭᠦᠯᠦᠨ ᠬᠦᠷᠭᠡᠬᠦ ᠬᠡᠷᠡᠭᠲᠡᠶ᠃ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠮᠠᠲ᠋ᠧᠷᠢᠶᠠᠯ ᠨᠥᠬᠥᠪᠥᠷᠢᠯᠡᠬᠦ ᠴᠢᠬᠤᠯᠠᠲᠠᠶ ᠭᠡᠵᠦ ᠦᠵᠡᠪᠡᠯ᠂ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠴᠠᠭ ᠲᠤᠬᠠᠶ᠎ᠳᠤᠨᠢ ᠬᠠᠩᠭ᠋ᠠᠬᠤ ᠬᠡᠷᠡᠭᠲᠡᠶ᠃ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠬᠢᠨᠠᠨ ᠪᠠᠶ᠋ᠢᠴᠠᠭ᠋ᠠᠭ᠋ᠠᠳ ᠨᠥᠬᠥᠴᠡᠯ᠎ᠢ ᠨᠡᠶ᠋ᠢᠴᠡᠬᠦ ᠦᠭᠡᠢ ᠭᠡᠵᠦ ᠦᠵᠡᠪᠡᠯ᠂ ᠦᠢ᠍ᠯᠡ ᠬᠡᠷᠡᠭ ᠵᠢᠴᠢ ᠬᠣᠯᠪᠣᠭᠳᠠᠯ ᠪᠦᠬᠦᠢ ᠮᠠᠲ᠋ᠧᠷᠢᠶᠠᠯ᠎ᠢ ᠰᠢᠯᠵᠢᠭᠦᠯᠦᠨ ᠬᠦᠷᠭᠡᠭᠰᠡᠨ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠪᠤᠴᠠᠭ᠋ᠠᠵᠤ ᠥᠭᠬᠦ ᠬᠡᠷᠡᠭᠲᠡᠶ᠃
ᠳᠠᠯᠠᠨ ᠨᠠᠢ᠍ᠮᠠᠳᠤᠭ᠋ᠠᠷ ᠵᠤᠷᠪᠤᠰ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠣᠯᠵᠤ ᠮᠡᠳᠡᠭᠰᠡᠨ ᠢᠳᠡᠭᠡᠨ᠎ᠤ ᠠᠶᠤᠯᠭᠦᠶ ᠵᠢᠨ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠢᠨᠠᠨ ᠪᠠᠶ᠋ᠢᠴᠠᠭ᠋ᠠᠭ᠋ᠠᠳ ᠶᠠᠯ᠎ᠠ ᠬᠢᠭᠰᠡᠨ ᠪᠣᠳᠠᠲᠤ ᠶᠠᠪᠤᠳᠠᠯ ᠦᠭᠡᠢ ᠪᠤᠶᠤ ᠬᠡᠷᠡᠭ ᠪᠣᠯᠭ᠋ᠠᠨ ᠳᠠᠩᠰᠠᠯᠠᠵᠤ ᠲᠤᠷᠰᠢᠨ ᠪᠠᠶ᠋ᠢᠴᠠᠭ᠋ᠠᠭᠰᠠᠨ᠎ᠤ ᠳᠠᠷᠠᠭ᠎ᠠ ᠡᠷᠡᠭᠦᠤ ᠵᠢᠨ ᠬᠠᠷᠢᠭᠤᠴᠠᠯᠭ᠎ᠠ ᠨᠡᠬᠡᠮᠵᠢᠯᠡᠬᠦ ᠴᠢᠬᠤᠯᠠ ᠦᠭᠡᠢ ᠭᠡᠵᠦ ᠦᠵᠡᠭᠰᠡᠨ ᠪᠣᠯᠪᠠᠴᠤ ᠬᠠᠤᠯᠢ ᠶᠣᠰᠣᠭ᠋ᠠᠷ ᠡᠷᠡᠭᠦᠤ ᠵᠢᠨ ᠬᠠᠷᠢᠭᠤᠴᠠᠯᠭ᠎ᠠ ᠥᠭᠬᠦ ᠬᠡᠷᠡᠭᠲᠡᠶ ᠪᠠᠢ᠌ᠪᠠᠯ᠂ ᠴᠠᠭ ᠲᠤᠬᠠᠶ᠎ᠳᠤᠨᠢ ᠰᠢᠢᠳᠬᠡᠬᠦ ᠲᠣᠭᠲᠠᠭ᠋ᠠᠯ ᠭᠠᠷᠭ᠋ᠠᠬᠤ ᠬᠡᠷᠡᠭᠲᠡᠶ; ᠥᠭᠬᠦ ᠴᠢᠬᠤᠯᠠ ᠦᠭᠡᠢ ᠪᠣᠯᠪᠠᠴᠤ ᠪᠤᠰᠤᠳ ᠵᠠᠰᠠᠭ ᠵᠠᠬᠢᠷᠭ᠋ᠠᠨ᠎ᠤ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠡᠬᠡᠮᠵᠢᠯᠡᠬᠦ ᠬᠡᠷᠡᠭᠲᠡᠶ ᠪᠠᠢ᠌ᠪᠠᠯ᠂   ᠦᠢ᠍ᠯᠡ ᠬᠡᠷᠡᠭ ᠵᠢᠴᠢ ᠬᠣᠯᠪᠣᠭᠳᠠᠯ ᠪᠦᠬᠦᠢ ᠮᠠᠲ᠋ᠧᠷᠢᠶᠠᠯ᠎ᠢ ᠠᠳᠠᠯᠢ ᠱᠠᠲᠤᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠰᠢᠯᠵᠢᠭᠦᠯᠦᠨ ᠬᠦᠷᠭᠡᠬᠦ ᠬᠡᠷᠡᠭᠲᠡᠶ᠃
ᠳᠠᠯᠠ ᠶᠢᠰᠦᠳᠦᠭᠡᠷ ᠵᠤᠷᠪᠤᠰ ᠳᠠᠬᠢᠨ ᠪᠠᠶ᠋ᠢᠴᠠᠭ᠋ᠠᠬᠤ ᠪᠠᠶ᠋ᠢᠭᠤᠯᠤᠮᠵᠢ ᠵᠦᠶ ᠶᠣᠰᠣᠨ᠎ᠤ ᠰᠢᠯᠲᠠᠭ᠋ᠠᠨ ᠦᠭᠡᠢ᠎ᠪᠠᠷ ᠳᠠᠬᠢᠨ ᠪᠠᠶ᠋ᠢᠴᠠᠭ᠋ᠠᠬᠤ ᠡᠭᠦᠷᠭᠡ ᠡᠭᠦᠷᠭᠡᠯᠡᠬᠦ ᠵᠢ ᠲᠡᠪᠴᠢᠭᠰᠡᠨ ᠪᠠᠢ᠌ᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠰᠡᠷᠡᠮᠵᠢ ᠥᠭᠭᠦᠨ᠎ᠡ᠂ ᠵᠦᠶ ᠶᠣᠰᠣᠨ᠎ᠤ ᠰᠢᠯᠲᠠᠭ᠋ᠠᠨ ᠦᠭᠡᠢ᠎ᠪᠠᠷ 1 ᠵᠢᠯ᠎ᠤᠨ ᠳᠣᠲᠣᠷ᠎ᠠ 2 ᠤᠳᠠᠭ᠎ᠠ ᠳᠠᠬᠢᠨ ᠪᠠᠶ᠋ᠢᠴᠠᠭ᠋ᠠᠬᠤ ᠡᠭᠦᠷᠭᠡ ᠡᠭᠦᠷᠭᠡᠯᠡᠬᠦ ᠵᠢ ᠲᠡᠪᠴᠢᠭᠰᠡᠨ ᠪᠠᠢ᠌ᠪᠠᠯ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠡᠭᠦᠨ᠎ᠤ ᠳᠠᠬᠢᠨ ᠪᠠᠶ᠋ᠢᠴᠠᠭ᠋ᠠᠬᠤ ᠪᠠᠶ᠋ᠢᠭᠤᠯᠤᠮᠵᠢ ᠵᠢᠨ ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠬᠤ ᠵᠢᠨ ᠬᠠᠮᠲᠤ ᠨᠡᠶ᠋ᠢᠭᠡᠮ᠎ᠳᠤ ᠨᠡᠶ᠋ᠢᠲᠡᠯᠡᠨ᠎ᠡ᠃
ᠨᠠᠶᠠᠳᠤᠭ᠋ᠠᠷ ᠵᠤᠷᠪᠤᠰ     ᠢᠳᠡᠭᠡᠨ᠎ᠢ ᠰᠢᠯᠭ᠋ᠠᠨ ᠪᠠᠶ᠋ᠢᠴᠠᠭ᠋ᠠᠬᠤ ᠪᠠᠶ᠋ᠢᠭᠤᠯᠤᠮᠵᠢ᠎ᠠᠴᠠ ᠬᠠᠤᠯᠢ ᠪᠤᠰᠤ᠎ᠪᠠᠷ ᠬᠢᠷᠢ ᠬᠡᠮ᠎ᠢ᠎ᠨᠢ ᠮᠠᠭ᠋ᠠᠳᠯᠠᠨ ᠲᠤᠭᠳᠠᠭ᠋ᠠᠵᠤ ᠭᠠᠷᠭ᠋ᠠᠭᠰᠠᠨ ᠢᠳᠡᠭᠡᠨ᠎ᠢ ᠰᠢᠯᠭ᠋ᠠᠨ ᠪᠠᠶ᠋ᠢᠴᠠᠭ᠋ᠠᠭᠰᠠᠨ ᠮᠡᠳᠡᠭᠡ ᠵᠠᠩᠭᠢ ᠵᠢ ᠬᠠᠤᠯᠢ ᠪᠤᠰᠤ᠎ᠪᠠᠷ ᠨᠡᠶ᠋ᠢᠲᠡᠯᠡᠭᠰᠡᠨ᠂ ᠡᠰᠡᠬᠦᠯ᠎ᠡ ᠳᠡᠭᠡᠷ᠎ᠡ ᠳᠤᠷᠠᠳᠤᠭᠰᠠᠨ ᠰᠢᠯᠭ᠋ᠠᠨ ᠪᠠᠶ᠋ᠢᠴᠠᠭ᠋ᠠᠭᠰᠠᠨ ᠮᠡᠳᠡᠭᠡ ᠵᠠᠩᠭᠢ ᠵᠢ ᠠᠰᠢᠭᠯᠠ ᠢᠳᠡᠭᠡᠨ᠂ ᠢᠳᠡᠭᠡᠨ ᠦᠢᠯᠡᠳᠪᠦᠷᠢᠯᠡᠨ ᠡᠵᠡᠩᠨᠡᠭᠴᠢ ᠵᠢ ᠵᠡᠷᠭᠡ ᠳᠡᠰ ᠵᠶ᠋ᠠᠷ ᠦᠨᠡᠯᠡᠨ ᠲᠣᠭᠲᠠᠭ᠋ᠠᠵᠤ᠂ ᠬᠡᠷᠡᠭᠯᠡᠭᠴᠢᠳ᠎ᠢ ᠮᠡᠬᠡᠯᠡᠭᠰᠡᠨ᠂ ᠪᠤᠷᠤᠭᠤ ᠵᠦᠭ ᠬᠥᠲᠥᠯᠥᠭᠰᠡᠨ ᠪᠠᠢ᠌ᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠤᠭᠤᠯᠤᠨ᠎ᠠ᠂ ᠬᠠᠤᠯᠢ ᠵᠢ ᠵᠥᠷᠢᠴᠡᠵᠦ ᠣᠯᠵᠠ ᠠᠰᠢᠭ ᠣᠯᠤᠭᠰᠠᠨ ᠪᠠᠢ᠌ᠪᠠᠯ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠣᠷᠢᠶᠠᠨ ᠠᠪᠴᠤ᠂ 10 ᠲᠦᠮᠡᠨ ᠲᠥᠭᠥᠷᠢᠭ᠎ᠠᠴᠠ ᠳᠡᠭᠡᠭᠰᠢ 50 ᠲᠦᠮᠡᠨ ᠲᠥᠭᠥᠷᠢᠭ᠎ᠠᠴᠠ ᠳᠤᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠬᠡᠨ᠎ᠡ; ᠵᠠᠯᠠᠷᠠᠭᠤᠯᠬᠤ ᠵᠢ ᠲᠡᠪᠴᠢᠭᠰᠡᠨ ᠪᠠᠢ᠌ᠪᠠᠯ᠂ 50 ᠲᠦᠮᠡᠨ ᠲᠥᠭᠥᠷᠢᠭ᠎ᠠᠴᠠ ᠳᠡᠭᠡᠭᠰᠢ 100 ᠲᠦᠮᠡᠨ ᠲᠥᠭᠥᠷᠢᠭ᠎ᠠᠴᠠ ᠳᠤᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠨ᠎ᠡ; ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢ ᠵᠥᠷᠢᠴᠡᠭᠰᠡᠨ ᠦᠢ᠍ᠯᠡ ᠠᠵᠢᠯᠯᠠᠭ᠎ᠠ ᠪᠣᠯᠵᠤ ᠪᠦᠷᠢᠯᠳᠦᠭᠰᠡᠨ ᠪᠠᠢ᠌ᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠬᠠᠤᠯᠢ ᠶᠣᠰᠣᠭ᠋ᠠᠷ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠬᠡᠯ ᠥᠭᠭᠦᠨ᠎ᠡ᠃
ᠨᠠᠶᠠᠨ ᠨᠢᠭᠡᠳᠦᠭᠡᠷ ᠵᠤᠷᠪᠤᠰ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠢᠳᠡᠭᠡᠨ᠎ᠤ ᠠᠶᠤᠯᠭᠦᠶ ᠵᠢᠨ ᠬᠠᠤᠯᠢ᠂ ᠲᠤᠰ ᠳᠦᠷᠢᠮ᠎ᠤᠨ ᠶᠣᠰᠣᠭ᠋ᠠᠷ ᠬᠠᠤᠯᠢ ᠵᠢ ᠵᠥᠷᠢᠴᠡᠭᠰᠡᠨ ᠨᠢᠭᠡᠴᠡ ᠪᠤᠶᠤ ᠬᠤᠪᠢ ᠬᠥᠮᠦᠨ᠎ᠢ 30 ᠲᠦᠮᠡᠨ ᠲᠥᠭᠥᠷᠢᠭ᠎ᠠᠴᠠ ᠳᠡᠭᠡᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠬᠦ᠎ᠳᠤ ᠬᠦᠷᠪᠡᠯ᠂ ᠲᠣᠭᠣᠷᠢᠭ ᠪᠠᠶ᠋ᠢᠭᠤᠯᠤᠭᠰᠠᠨ ᠬᠣᠲᠠ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠃ ᠵᠣᠭᠣᠰ ᠵᠶ᠋ᠠᠷ ᠲᠣᠷᠭ᠋ᠠᠬᠤ ᠪᠣᠳᠠᠲᠠᠶ ᠰᠢᠢ᠍ᠳᠬᠡᠬᠦ ᠡᠷᠬᠡ ᠵᠢᠨ ᠬᠡᠪᠴᠢᠶ᠎ᠡ ᠵᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠃
ᠨᠠᠶᠠᠨ ᠬᠤᠶᠠᠳᠤᠭ᠋ᠠᠷ ᠵᠤᠷᠪᠤᠰ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠨ ᠠᠵᠢᠯᠲᠠᠨ᠎ᠤ ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠭᠦᠢᠴᠡᠳᠬᠡᠬᠦ ᠵᠢ ᠬᠠᠷᠰᠢᠯᠠᠵᠤ᠂ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢ ᠵᠥᠷᠢᠴᠡᠭᠰᠡᠨ ᠦᠢ᠍ᠯᠡ ᠠᠵᠢᠯᠯᠠᠭ᠎ᠠ ᠪᠣᠯᠵᠤ ᠪᠦᠷᠢᠯᠳᠦᠭᠰᠡᠨ ᠪᠠᠢ᠌ᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠬᠠᠤᠯᠢ ᠶᠣᠰᠣᠭ᠋ᠠᠷ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠬᠡᠯ ᠥᠭᠭᠦᠨ᠎ᠡ᠃
    ᠨᠠᠶᠠᠨ ᠭᠤᠷᠪᠠᠳᠤᠭ᠋ᠠᠷ ᠵᠤᠷᠪᠤᠰ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢᠭᠡᠴᠡ ᠪᠤᠶᠤ ᠬᠤᠪᠢ ᠬᠥᠮᠦᠨ᠎ᠤ ᠢᠳᠡᠭᠡᠨ᠎ᠤ ᠠᠶᠤᠯᠭᠦᠶ ᠵᠢᠨ ᠬᠠᠤᠯᠢ ᠵᠢᠨ ᠵᠠᠭᠤ ᠬᠣᠷᠢᠳᠤᠭ᠋ᠠᠷ ᠵᠤᠷᠪᠤᠰ᠎ᠤᠨ ᠨᠢᠭᠡᠳᠦᠭᠡᠷ ᠪᠠᠳᠠᠭ᠎ᠤᠨ ᠲᠣᠭᠲᠠᠭ᠋ᠠᠯ᠎ᠢ ᠵᠥᠷᠢᠴᠡᠵᠦ᠂ ᠢᠳᠡᠭᠡᠨ᠎ᠤ ᠠᠶᠤᠯᠭᠦᠶ ᠵᠢᠨ ᠬᠤᠳᠠᠯ ᠬᠠᠭᠤᠷᠮᠠᠭ ᠮᠡᠳᠡᠭᠡ ᠵᠠᠩᠭᠢ ᠵᠢ ᠵᠣᠬᠢᠶᠠᠵᠤ ᠲᠠᠷᠬᠠᠭ᠋ᠠᠭ᠋ᠠᠳ᠂ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢ ᠵᠥᠷᠢᠴᠡᠭᠰᠡᠨ ᠦᠢ᠍ᠯᠡ ᠠᠵᠢᠯᠯᠠᠭ᠎ᠠ ᠪᠣᠯᠵᠤ ᠪᠦᠷᠢᠯᠳᠦᠭᠰᠡᠨ ᠰᠡᠵᠢᠭᠯᠡᠯᠲᠡᠶ ᠪᠠᠶ᠋ᠢᠬᠤ ᠵᠢ ᠣᠯᠵᠤ ᠮᠡᠳᠡᠪᠡᠯ᠂ ᠬᠣᠯᠪᠣᠭᠳᠠᠯ ᠪᠦᠬᠦᠢ ᠪᠠᠶ᠋ᠢᠳᠠᠯ᠎ᠢ ᠠᠳᠠᠯᠢ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠮᠡᠳᠡᠭᠳᠡᠬᠦ ᠬᠡᠷᠡᠭᠲᠡᠶ᠃
ᠨᠠᠶᠠᠨ ᠳᠥᠷᠪᠡᠳᠦᠭᠡᠷ ᠵᠤᠷᠪᠤᠰ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ ᠎ᠤᠨ ᠣᠷᠳᠣᠨ᠎ᠤ ᠢᠳᠡᠭᠡᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠲᠡᠭᠦᠨ᠎ᠤ ᠠᠵᠢᠯᠲᠠᠨ ᠰᠦᠯᠵᠢᠶᠡᠨ ᠳᠡᠭᠡᠷ᠎ᠡ ᠢᠳᠡᠭᠡᠨ ᠠᠷᠠᠯᠵᠢᠶᠠᠯᠠᠬᠤ ᠭᠤᠷᠪᠠᠳᠤᠭ᠋ᠠᠷ ᠡᠲᠡᠭᠡᠳ᠎ᠤᠨ ᠲᠠᠪᠴᠠᠩ᠎ᠤᠨ ᠬᠠᠩᠭ᠋ᠠᠭᠰᠠᠨ ᠮᠡᠳᠡᠭᠡ ᠵᠠᠩᠭᠢ ᠵᠢ ᠬᠠᠤᠯᠢ᠎ᠠᠴᠠ ᠵᠥᠷᠢᠴᠡᠨ ᠪᠤᠰᠤᠳ᠎ᠲᠤ ᠬᠠᠩᠭ᠋ᠠᠭᠰᠠᠨ ᠪᠠᠢ᠌ᠪᠠᠯ᠂ ᠢᠳᠡᠭᠡᠨ᠎ᠤ ᠠᠶᠤᠯᠭᠦᠶ ᠵᠢᠨ ᠬᠠᠤᠯᠢ ᠵᠢᠨ ᠵᠠᠭᠤ ᠳᠥᠴᠢᠨ ᠲᠠᠪᠤᠳᠤᠭ᠋ᠠᠷ   ᠵᠤᠷᠪᠤᠰ᠎ᠤᠨ ᠲᠣᠭᠲᠠᠭ᠋ᠠᠯ ᠶᠣᠰᠣᠭ᠋ᠠᠷ ᠰᠢᠢ᠍ᠳᠬᠡᠯ ᠥᠭᠭᠦᠨ᠎ᠡ᠃
ᠨᠠᠶᠠᠨ ᠲᠠᠪᠤᠳᠤᠭ᠋ᠠᠷ ᠵᠤᠷᠪᠤᠰ ᠲᠤᠰ ᠳᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠶᠠᠯ᠎ᠠ ᠪᠣᠯᠵᠤ ᠪᠦᠷᠢᠯᠳᠦᠭᠰᠡᠨ ᠪᠠᠢ᠌ᠪᠠᠯ᠂ ᠬᠠᠤᠯᠢ ᠶᠣᠰᠣᠭ᠋ᠠᠷ ᠡᠷᠡᠭᠦᠤ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠳᠠᠭ᠋ᠠᠯᠳᠤᠭᠤᠯᠤᠭᠰᠠᠨ ᠳᠦᠷᠢᠮ
ᠨᠠᠶᠠᠨ ᠵᠢᠷᠭᠤᠳᠤᠭ᠋ᠠᠷ ᠵᠤᠷᠪᠤᠰ   ᠲᠤᠰ ᠳᠦᠷᠢᠮ᠎ᠢ 2019 ᠣᠨ 12 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            