ᠡᠯ᠎ᠡ ᠠᠶ᠋ᠢᠮᠠᠭ᠎ᠤᠨ ᠵᠠᠬᠢᠷᠭ᠎ᠠ᠂ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠂ ᠦᠪᠡᠷᠳᠡᠬᠡᠨ ᠵᠠᠰᠠᠭ᠍ᠤ ᠤᠷᠤᠨ᠎ᠤ ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠡ᠎ᠳᠤ᠄
《〈ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠪᠦᠭᠦ ᠲᠠᠯ᠎ᠠ᠎ᠪᠠᠷ ᠠᠬᠢᠭᠤᠯᠬᠤ ᠲᠤᠬᠠᠢ ᠰᠠᠨᠠᠯ〉᠎ᠤᠨ ᠬᠡᠷᠡᠭᠵᠢᠬᠦᠯᠬᠦ ᠨᠠᠷᠢᠨ ᠲᠦᠷᠢᠮ᠎ᠢ ᠲᠠᠷᠤᠮᠠᠯᠯᠠᠨ ᠶᠠᠪᠤᠭᠤᠯᠬᠤ ᠲᠤᠬᠠᠢ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ》 (ᠲᠦᠷᠦ ᠠᠯᠪᠠᠨ ᠲᠠᠷᠬᠠᠭ᠋ᠠᠨᠨᠰᠠᠨ [2016] 80 ᠳ᠋ᠤᠭ᠋ᠠᠷ ᠲᠤᠭ᠋ᠠᠳᠤ᠂ ᠲᠤᠷᠤᠨᠨᠰᠢ 《ᠬᠡᠷᠡᠭᠵᠢᠬᠦᠯᠬᠦ ᠨᠠᠷᠢᠨ ᠲᠦᠷᠢᠮ》 ᠬᠡᠵᠦ ᠲᠤᠪᠴᠢᠯᠠᠨ᠎ᠠ)᠎ᠢ ᠦᠪᠡᠷᠳᠡᠬᠡᠨ ᠵᠠᠰᠠᠭ᠍ᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ ᠵᠶ᠋ᠠᠷ ᠵᠦᠪᠰᠢᠶᠡᠷᠡᠭᠦᠯᠦᠬᠡᠳ᠂ ᠡᠳᠦᠬᠡ ᠲᠠᠨᠠᠷ᠎ᠲᠤ ᠤᠯᠠᠮᠵᠢᠯᠠᠨ ᠶᠠᠪᠤᠭᠤᠯᠬᠤ ᠵᠢᠨ ᠬᠠᠮᠳᠤ ᠲᠤᠤᠷᠠᠬᠢ ᠮᠡᠳᠦ ᠰᠠᠨᠠᠯ᠎ᠢ ᠲᠤᠷᠠᠳᠪᠠ᠂ ᠬᠠᠮᠳᠤ᠎ᠳᠤᠨᠢ ᠲᠤᠤᠱᠯᠠᠭᠤᠯᠤᠨ ᠨᠠᠶ᠋ᠢᠳᠠᠪᠤᠷᠢᠵᠢᠭᠤᠯᠳᠤᠭ᠋ᠠᠢ᠃
ᠨᠢᠬᠡ᠂ ᠭᠤᠤᠯ ᠴᠤᠨᠨᠴᠠ ᠵᠢᠨ ᠬᠠᠷᠢᠭᠤᠴᠠᠯᠭ᠎ᠠ ᠵᠢ ᠤᠯᠠᠮ ᠨᠢᠬᠡ ᠠᠯᠬᠤᠮ ᠨᠠᠶ᠋ᠢᠳᠠᠪᠤᠷᠢᠵᠢᠭᠤᠯᠤᠨ᠎ᠠ
ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ᠎ᠨᠢ ᠤᠯᠠᠨ ᠨᠡᠶ᠋ᠢᠳᠡ ᠵᠢᠨ ᠪᠠᠶ᠋ᠢᠳᠠᠯ᠎ᠢ ᠮᠡᠳᠡᠬᠦ ᠡᠷᠬᠡ᠂ ᠤᠷᠤᠯᠴᠠᠭ᠍ᠤ ᠡᠷᠬᠡ᠂ ᠢᠯᠡᠳᠬᠡᠬᠦ ᠡᠷᠬᠡ ᠪᠠ ᠬᠢᠨᠠᠯᠳᠠ ᠲᠠᠯᠪᠢᠬᠤ ᠡᠷᠬᠡ ᠵᠢ ᠪᠠᠳᠤᠯᠠᠵᠦ᠂ ᠵᠠᠰᠠᠭ᠎ᠤᠨ ᠤᠷᠳᠤᠨ᠎ᠤ ᠤᠯᠠᠨ ᠨᠡᠶ᠋ᠢᠳᠡ ᠵᠢ ᠢᠳᠡᠬᠡᠬᠦᠯᠬᠦ ᠭᠦᠴᠦᠨ ᠪᠠ ᠬᠡᠷᠡᠭᠵᠢᠬᠦᠯᠬᠦ ᠭᠦᠴᠦᠨ᠎ᠢ ᠴᠢᠩᠭ᠋ᠠᠳᠬᠠᠨ᠂ ᠵᠠᠰᠠᠭ᠎ᠤᠨ ᠤᠷᠳᠤᠨ᠎ᠤ ᠵᠠᠰᠠᠯᠳᠠ ᠵᠢᠨ ᠴᠢᠳᠠᠪᠤᠷᠢ ᠵᠢ ᠲᠡᠬᠡᠭᠰᠢᠯᠡᠬᠦᠯᠬᠦ ᠵᠢᠨ ᠲᠦᠷᠢᠮ᠎ᠤᠨ ᠲᠤᠬᠢᠷᠠᠭᠤᠯᠤᠯᠳᠠ ᠪᠤᠯᠤᠨ᠎ᠠ᠃ ᠡᠯ᠎ᠡ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠂ ᠬᠠᠤᠯᠢ ᠴᠠᠭ᠋ᠠᠵᠠ ᠬᠠᠤᠯᠢ ᠲᠤᠨᠨᠳᠠᠭ᠋ᠠᠯ᠎ᠠᠴᠠ ᠡᠷᠬᠡ ᠤᠯᠭᠤᠵᠦ ᠪᠦᠭᠦᠢ ᠤᠯᠠᠨ ᠨᠡᠶ᠋ᠢᠳᠡ ᠵᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠬᠡ ᠴᠢᠳᠠᠪᠦᠷᠢᠲᠦ ᠵᠤᠬᠢᠶᠠᠨ ᠪᠠᠶ᠋ᠢᠭᠤᠯᠤᠯᠳᠠ᠎ᠨᠢ ᠢᠯᠡ ᠪᠤᠯᠭ᠋ᠠᠬᠤ ᠵᠢ ᠬᠡᠪ᠎ᠤᠨ ᠪᠠᠶ᠋ᠢᠳᠠᠯ᠂ ᠦᠯᠦ ᠢᠯᠡ ᠪᠤᠯᠭ᠋ᠠᠬᠤ ᠵᠢ ᠠᠰᠲᠤᠨᠢ ᠦᠵᠡᠬᠦ ᠵᠢ ᠪᠠᠷᠢᠮᠳᠠᠯᠠᠵᠦ᠂ ᠲᠤᠰ ᠨᠢᠬᠡᠴᠡ ᠵᠢᠨ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠭᠤᠤᠯ ᠴᠤᠨᠨᠴᠠ ᠵᠢᠨ ᠬᠠᠷᠢᠭᠤᠴᠠᠯᠭ᠎ᠠ ᠵᠢ ᠵᠤᠬᠢᠶᠠᠨ ᠪᠠᠶ᠋ᠢᠭᠤᠯᠤᠨ ᠠᠬᠢᠭᠤᠯᠬᠤ ᠵᠢ ᠬᠢᠨᠠᠮᠠᠭ᠋ᠠᠢ ᠰᠠᠶ᠋ᠢᠳᠤᠷ ᠬᠡᠷᠡᠭᠵᠢᠬᠦᠯᠦᠨ᠂ ᠡᠯ᠎ᠡ ᠵᠦᠢ᠍ᠯ᠎ᠤᠨ ᠠᠵᠢᠯ᠎ᠤᠨ ᠡᠭᠦᠷᠬᠡ ᠵᠢ ᠰᠠᠶ᠋ᠢᠳᠤᠷ ᠨᠠᠶ᠋ᠢᠳᠠᠪᠤᠷᠢᠵᠢᠭᠤᠯᠬᠤ ᠬᠡᠷᠡᠭᠳᠡᠢ; ᠡᠯ᠎ᠡ ᠱᠠᠳᠤᠨ᠎ᠤ ᠵᠠᠰᠠᠭ᠎ᠤᠨ ᠤᠷᠳᠤᠨ ᠵᠢᠴᠢ ᠠᠵᠢᠯᠯᠠᠭ᠍ᠤ ᠰᠠᠯᠠᠭ᠎ᠠ ᠮᠦᠴᠢᠷ᠎ᠤᠨ ᠠᠯᠪᠠᠨ ᠬᠡᠷ (ᠲᠠᠰᠤᠭ)᠎ᠨᠢ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠨᠨᠰᠠᠨᠤ ᠬᠤᠪᠢ᠎ᠳᠤ᠂ ᠲᠤᠨᠨᠳᠠᠴᠠ ᠵᠢ ᠤᠯᠠᠮ ᠨᠢᠬᠡ ᠠᠯᠬᠤᠮ ᠰᠢᠯᠤᠭᠤᠳᠬᠠᠵᠦ᠂ ᠠᠵᠢᠯᠳᠠᠨ᠎ᠢ ᠭᠦᠢ᠍ᠴᠡᠳ ᠲᠤᠬᠢᠷᠠᠭᠤᠯᠵᠦ ᠰᠢᠯᠢᠳᠡᠭ᠎ᠢ᠎ᠨᠢ ᠲᠤᠬᠢᠷᠠᠭᠤᠯᠤᠨ᠂ ᠲᠤᠰ ᠭᠠᠵᠠᠷ ᠤᠷᠤᠨ ᠲᠤᠰ ᠰᠢᠰᠲ᠋ᠤᠮ᠎ᠤᠨ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠵᠤᠬᠢᠶᠠᠨ ᠪᠠᠶ᠋ᠢᠭᠤᠯᠵᠦ ᠵᠤᠬᠢᠴᠠᠭᠤᠯᠬᠤ᠂ ᠵᠢᠭ᠋ᠠᠨ ᠵᠢᠯᠤᠭᠤᠳᠴᠤ ᠠᠬᠢᠭᠤᠯᠬᠤ ᠪᠠ ᠬᠢᠨᠠᠯᠳᠠ ᠲᠠᠯᠪᠢᠵᠦ ᠪᠠᠶ᠋ᠢᠴᠠᠭ᠋ᠠᠬᠤ ᠵᠢ ᠦᠨᠡᠨᠬᠦ ᠴᠢᠩᠭ᠋ᠠᠳᠬᠠᠬᠤ ᠬᠡᠷᠡᠭᠳᠡᠢ; ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠤᠯᠠᠨ ᠨᠡᠶ᠋ᠢᠳᠡ ᠵᠢᠨ ᠠᠵᠦ ᠠᠬᠤᠶ᠋ᠢᠯᠠᠯ ᠠᠵᠢᠯ ᠦᠢ᠍ᠯᠡᠰ᠎ᠤᠨ ᠨᠢᠬᠡᠴᠡ ᠵᠢ ᠲᠦᠷᠦᠯ ᠬᠤᠪᠢᠶᠠᠵᠦ ᠵᠢᠭ᠋ᠠᠨ ᠵᠢᠯᠤᠭᠤᠳᠬᠤ᠎ᠪᠠᠨ ᠴᠢᠩᠭ᠋ᠠᠳᠬᠠᠵᠦ᠂ ᠤᠯᠠᠨ ᠨᠡᠶ᠋ᠢᠳᠡ ᠵᠢᠨ ᠠᠵᠦ ᠠᠬᠤᠶ᠋ᠢᠯᠠᠯ ᠠᠵᠢᠯ ᠦᠢ᠍ᠯᠡᠰ᠎ᠤᠨ ᠨᠢᠬᠡᠴᠡ ᠵᠢᠨ ᠬᠡᠷᠡᠭ ᠡᠷᠬᠢᠯᠡᠬᠦ ᠵᠢ ᠢᠯᠡ ᠪᠤᠯᠭ᠋ᠠᠬᠤ ᠡᠭᠦᠷᠬᠡ ᠬᠠᠷᠢᠭᠤᠴᠠᠯᠭ᠎ᠠ᠎ᠪᠠᠨ ᠠᠬᠢᠭᠤᠯᠬᠤ ᠵᠢ ᠵᠤᠬᠢᠶᠠᠨ ᠪᠠᠶ᠋ᠢᠭᠤᠯᠵᠦ ᠵᠤᠬᠢᠴᠠᠭᠤᠯᠬᠤ᠂ ᠬᠢᠨᠠᠯᠳᠠ ᠲᠠᠯᠪᠢᠵᠦ ᠵᠢᠭ᠋ᠠᠨ ᠵᠢᠯᠤᠭᠤᠳᠬᠤ ᠵᠢ ᠦᠨᠡᠨᠬᠦ ᠡᠭᠦᠷᠬᠡᠯᠡᠬᠦ ᠬᠡᠷᠡᠭᠳᠡᠢ᠃ ᠤᠯᠠᠨ ᠨᠡᠶ᠋ᠢᠳᠡ ᠵᠢᠨ ᠠᠵᠦ ᠠᠬᠤᠶ᠋ᠢᠯᠠᠯ ᠠᠵᠢᠯ ᠦᠢ᠍ᠯᠡᠰ᠎ᠤᠨ ᠨᠢᠬᠡᠴᠡ᠎ᠨᠢ 《ᠬᠡᠷᠡᠭᠵᠢᠬᠦᠯᠬᠦ ᠨᠠᠷᠢᠨ ᠲᠦᠷᠢᠮ》 ᠵᠶ᠋ᠠᠷ ᠯᠠᠪᠯᠠᠯᠳᠠ ᠪᠤᠯᠭ᠋ᠠᠨ ᠬᠡᠷᠡᠭᠵᠢᠬᠦᠯᠬᠦ ᠬᠡᠷᠡᠭᠳᠡᠢ᠃
ᠬᠤᠶᠠᠷ᠂ ᠠᠵᠢᠯ᠎ᠤᠨ ᠲᠤᠨᠨᠳᠠᠴᠠ ᠵᠢ ᠤᠯᠠᠮ ᠨᠢᠬᠡ ᠠᠯᠬᠤᠮ ᠲᠡᠭᠦᠯᠳᠡᠷᠵᠢᠬᠦᠯᠦᠨ᠎ᠠ
ᠡᠯ᠎ᠡ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠂ ᠬᠠᠤᠯᠢ ᠴᠠᠭ᠋ᠠᠵᠠ ᠬᠠᠤᠯᠢ ᠲᠤᠨᠨᠳᠠᠭ᠋ᠠᠯ᠎ᠠᠴᠠ ᠡᠷᠬᠡ ᠤᠯᠭᠤᠵᠦ ᠪᠦᠭᠦᠢ ᠤᠯᠠᠨ ᠨᠡᠶ᠋ᠢᠳᠡ ᠵᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠬᠡ ᠴᠢᠳᠠᠪᠦᠷᠢᠲᠦ ᠵᠤᠬᠢᠶᠠᠨ ᠪᠠᠶ᠋ᠢᠭᠤᠯᠤᠯᠳᠠ᠎ᠨᠢ 《ᠬᠡᠷᠡᠭᠵᠢᠬᠦᠯᠬᠦ ᠨᠠᠷᠢᠨ ᠲᠦᠷᠢᠮ》᠎ᠳᠤ ᠲᠤᠳᠤᠷᠬᠠᠶ᠋ᠢᠯᠬᠠᠰᠠᠨ ᠪᠤᠳᠠᠳᠠᠢ ᠠᠵᠢᠯ᠎ᠤᠨ ᠱᠠᠭ᠋ᠠᠷᠳᠠᠯᠭ᠎ᠠ᠎ᠲᠠᠢ ᠬᠠᠷᠢᠴᠠᠭᠤᠯᠵᠦ᠂ ᠲᠤᠰ ᠨᠢᠬᠡᠴᠡ ᠵᠢᠨ ᠪᠢᠴᠢᠭ ᠮᠠᠲᠸᠷᠢᠶᠠᠯ ᠪᠠᠭᠤᠯᠭ᠋ᠠᠵᠦ ᠬᠤᠷᠠᠯ ᠬᠤᠷᠠᠯᠳᠤᠭᠤᠯᠬᠤ ᠲᠠᠰ ᠲᠠᠷᠠᠭ᠋ᠠᠯᠠᠯ᠎ᠳᠠᠭᠠᠨ 《ᠲᠠᠪᠤ ᠵᠢ ᠢᠯᠡ ᠪᠤᠯᠭ᠋ᠠᠬᠤ》 ᠠᠵᠢᠯ᠎ᠤᠨ ᠲᠤᠨᠨᠳᠠᠴᠠ ᠵᠢ ᠨᠠᠶ᠋ᠢᠳᠠᠪᠤᠷᠢᠵᠢᠭᠤᠯᠬᠤ᠂ ᠢᠯᠡ ᠪᠤᠯᠭ᠋ᠠᠬᠤ ᠠᠭᠤᠯᠭ᠎ᠠ ᠵᠢᠨ ᠪᠠᠢ᠍ᠢ᠍ᠳᠠᠯ᠎ᠢ ᠲᠤᠬᠢᠷᠠᠭᠤᠯᠬᠤ ᠪᠠ ᠲᠤᠨᠨᠳᠠᠮᠠᠯ ᠬᠤᠭᠤᠴᠠᠭ᠎ᠠ᠎ᠲᠠᠢ ᠬᠢᠨᠠᠨ ᠪᠠᠶ᠋ᠢᠴᠠᠭ᠋ᠠᠬᠤ ᠲᠤᠨᠨᠳᠠᠴᠠ᠂ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ ᠬᠢᠬᠡᠳ ᠲᠦᠷᠦ ᠵᠢᠨ ᠪᠤᠳᠤᠯᠭ᠎ᠠ ᠵᠢᠨ ᠤᠩᠰᠢᠨ ᠲᠠᠶ᠋ᠢᠯᠪᠤᠷᠢᠯᠠᠯᠳᠠ ᠬᠢᠬᠦ ᠵᠢᠨ ᠵᠡᠷᠬᠡᠪᠡᠷ ᠵᠤᠬᠢᠶᠠᠨ ᠪᠠᠶ᠋ᠢᠭᠤᠯᠤᠨ ᠬᠢᠨᠠᠵᠦ ᠭᠠᠷᠤᠨ ᠦᠰᠦᠭ ᠵᠢᠷᠤᠵᠦ ᠪᠠᠶ᠋ᠢᠷᠢᠯᠠᠭᠤᠯᠬᠤ ᠲᠤᠨᠨᠳᠠᠴᠠ᠂ ᠵᠠᠰᠠᠭ᠎ᠤᠨ ᠶᠠᠪᠤᠳᠠᠯ᠎ᠤᠨ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠢ ᠴᠤᠨᠨᠯᠠᠭᠤᠯᠵᠦ ᠰᠤᠳᠤᠯᠤᠨ ᠲᠠᠰᠤᠯᠵᠦ ᠬᠠᠷᠢᠭᠤ ᠦᠭᠭᠦ ᠲᠤᠨᠨᠳᠠᠴᠠ᠂ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠢᠨ ᠬᠠᠮᠢᠶᠠᠷᠤᠯᠳᠠ ᠵᠢᠴᠢ ᠰᠦᠯᠵᠢᠶᠡᠨ ᠦᠷᠳᠡᠭᠡ ᠵᠢᠨ ᠬᠤᠭᠤᠷᠤᠨᠳᠤ᠎ᠪᠠᠨ ᠵᠤᠬᠢᠴᠠᠭᠤᠯᠵᠦ ᠬᠤᠯᠪᠤᠭ᠋ᠠᠯᠠᠨ ᠭᠦᠳᠡᠯᠦᠯᠴᠡᠬᠦ ᠲᠤᠨᠨᠳᠠᠴᠠ᠂ ᠤᠯᠠᠨ ᠨᠡᠶ᠋ᠢᠳᠡ ᠵᠢᠨ ᠤᠷᠤᠯᠴᠠᠭ᠍ᠤ ᠲᠤᠨᠨᠳᠠᠴᠠ ᠵᠢ ᠦᠷᠬᠡᠳᠬᠡᠬᠦ ᠵᠡᠷᠬᠡ ᠵᠢ ᠤᠯᠠᠮ ᠨᠢᠬᠡ ᠠᠯᠬᠤᠮ ᠲᠡᠭᠦᠯᠳᠡᠷᠵᠢᠬᠦᠯᠦᠨ᠎ᠠ᠃ ᠠᠵᠢᠯ᠎ᠤᠨ ᠲᠤᠨᠨᠳᠠᠴᠠ ᠵᠢᠨ ᠪᠠᠶ᠋ᠢᠭᠤᠯᠤᠯᠳᠠ ᠵᠢ ᠴᠢᠩᠭ᠋ᠠᠳᠬᠠᠬᠤ᠎ᠪᠠᠷ ᠭᠦᠴᠦᠯᠡᠴᠡ ᠪᠤᠯᠭ᠋ᠠᠵᠦ᠂ ᠲᠤᠰ ᠨᠢᠬᠡᠴᠡ ᠵᠢᠨ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠶᠠᠰᠤ ᠴᠢᠨᠠᠷ ᠪᠠ ᠬᠢᠷᠢ ᠬᠡᠮᠵᠢᠶ᠎ᠡ ᠵᠢ ᠲᠠᠰᠤᠷᠠᠯᠳᠠ ᠦᠬᠡᠢ ᠲᠡᠬᠡᠭᠰᠢᠯᠡᠬᠦᠯᠬᠦ ᠬᠡᠷᠡᠭᠳᠡᠢ᠃
ᠭᠤᠷᠪᠠ᠂ ᠰᠢᠯᠭ᠋ᠠᠨ ᠦᠨᠡᠯᠡᠵᠦ ᠬᠠᠷᠢᠭᠤᠴᠠᠯᠭ᠎ᠠ ᠬᠡᠯᠡᠯᠴᠡᠬᠦ ᠵᠢ ᠤᠯᠠᠮ ᠨᠢᠬᠡ ᠠᠯᠬᠤᠮ ᠴᠢᠩᠭ᠋ᠠᠳᠬᠠᠨ᠎ᠠ
ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ᠎ᠤᠳ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠡᠳᠦᠷ ᠲᠤᠳᠤᠮ᠎ᠤᠨ ᠬᠢᠨᠠᠯᠳᠠ ᠲᠠᠯᠪᠢᠯᠳᠠ ᠪᠠᠶ᠋ᠢᠴᠠᠭ᠋ᠠᠯᠳᠠ ᠵᠢ ᠴᠢᠩᠭ᠋ᠠᠳᠬᠠᠬᠤ ᠵᠢ ᠠᠵᠢᠯ᠎ᠤᠨ ᠠᠮᠵᠢᠯᠳᠠ ᠪᠦᠳᠦᠮᠵᠢ ᠵᠢ ᠰᠢᠯᠭ᠋ᠠᠨ ᠬᠢᠨᠠᠭ᠍ᠤ ᠰᠢᠰᠲ᠋ᠤᠮᠵᠢ᠎ᠳᠤ ᠤᠷᠤᠭᠤᠯᠤᠨ᠂ ᠡᠷᠬᠡ ᠵᠢᠨ ᠬᠠᠷᠢᠴᠠᠯ᠎ᠢ 4 %᠎ᠠᠴᠠ ᠲᠤᠤᠷ᠎ᠠ ᠪᠠᠶ᠋ᠢᠯᠭ᠋ᠠᠵᠦ ᠪᠤᠯᠬᠤ ᠦᠬᠡᠢ᠃ ᠡᠯ᠎ᠡ ᠱᠠᠳᠤᠨ᠎ᠤ ᠵᠠᠰᠠᠭ᠎ᠤᠨ ᠤᠷᠳᠤᠨ᠎ᠤ ᠠᠯᠪᠠᠨ ᠲᠢᠩᠬᠢᠮ (ᠬᠡᠷ)᠎ᠨᠢ ᠰᠢᠨᠵᠢᠯᠡᠬᠦ ᠤᠬᠠᠭ᠋ᠠᠨᠴᠢ ᠵᠦᠢ ᠵᠤᠬᠢᠰᠳᠠᠢ ᠪᠤᠳᠠᠳᠠᠶ᠋ᠢᠵᠢᠭᠤᠯᠤᠨ ᠦᠨᠡᠯᠡᠬᠦ ᠰᠢᠰᠲ᠋ᠤᠮᠵᠢ ᠵᠢ ᠰᠤᠳᠤᠯᠤᠨ ᠪᠠᠶ᠋ᠢᠭᠤᠯᠵᠦ᠂ ᠭᠤᠷᠪᠠᠳᠠᠬᠢ ᠡᠳᠡᠬᠡᠳ᠎ᠠᠴᠠ ᠦᠨᠡᠯᠡᠬᠦ ᠪᠠ ᠠᠷᠠᠳ᠎ᠤᠨ ᠰᠠᠨᠠᠭ᠎ᠠ ᠵᠢ ᠪᠠᠶ᠋ᠢᠴᠠᠭ᠋ᠠᠬᠤ ᠵᠡᠷᠬᠡ ᠠᠷᠭ᠎ᠠ ᠮᠠᠶᠢᠭ ᠵᠶ᠋ᠠᠷ ᠲᠠᠮᠵᠢᠭᠤᠯᠤᠨ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠦᠷ᠎ᠡ ᠪᠦᠳᠦᠮᠵᠢ ᠵᠢ ᠦᠨᠡᠯᠡᠬᠦ ᠵᠢ ᠴᠢᠩᠭ᠋ᠠᠳᠬᠠᠵᠦ᠂ ᠦᠨᠡᠯᠡᠯᠳᠡ ᠪᠠ ᠪᠠᠶ᠋ᠢᠴᠠᠭ᠋ᠠᠯᠳᠠ ᠵᠢᠨ ᠦᠷ᠎ᠡ ᠳ᠋ᠦ᠍ᠢ᠍ᠩ᠎ᠢ ᠰᠢᠯᠭ᠋ᠠᠨ ᠬᠢᠨ᠋ᠬᠠᠰᠠᠨ ᠦᠷ᠎ᠡ ᠳ᠋ᠦ᠍ᠢ᠍ᠩ᠎ᠳᠤ ᠤᠷᠤᠭᠤᠯᠬᠤ ᠬᠡᠷᠡᠭᠳᠡᠢ᠃ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠱᠠᠩᠨᠠᠵᠦ ᠲᠤᠷᠭᠤᠭ᠋ᠠᠬᠤ ᠲᠤᠨᠨᠳᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠠᠵᠢᠯ ᠵᠶ᠋ᠠᠨ ᠰᠠᠶ᠋ᠢᠨ ᠨᠠᠶ᠋ᠢᠳᠠᠪᠤᠷᠢᠵᠢᠭᠤᠯᠤᠨᠨᠰᠠᠨ ᠪᠠᠶ᠋ᠢᠪᠠᠯ᠂ ᠬᠤᠯᠪᠤᠨᠨᠳᠠᠯ ᠪᠦᠭᠦᠢ ᠲᠤᠨᠨᠳᠠᠭ᠋ᠠᠯ ᠶᠤᠰᠤᠭ᠋ᠠᠷ ᠰᠠᠶ᠋ᠢᠰᠢᠶᠠᠨ ᠭᠦᠬᠢᠬᠦᠯᠵᠦ᠂ ᠠᠵᠢᠯ ᠵᠶ᠋ᠠᠨ ᠪᠤᠳᠠᠳᠠᠢ ᠨᠠᠶ᠋ᠢᠳᠠᠪᠤᠷᠢᠵᠢᠭᠤᠯᠤᠨᠨᠰᠠᠨ ᠦᠬᠡᠢ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠬᠤᠯᠪᠤᠨᠨᠳᠠᠯ ᠪᠦᠭᠦᠢ ᠲᠤᠨᠨᠳᠠᠭ᠋ᠠᠯ᠎ᠠᠴᠠ ᠵᠦᠷᠢᠴᠡᠵᠦ᠂ ᠢᠯᠡ ᠪᠤᠯᠭ᠋ᠠᠬᠤ ᠡᠭᠦᠷᠬᠡ᠎ᠪᠠᠨ ᠭᠦᠢ᠍ᠴᠡᠳᠬᠡᠭᠰᠡᠨ ᠦᠬᠡᠢ᠂ ᠭᠦᠨ᠎ᠳᠦ ᠨᠤᠴᠢᠳᠠᠢ ᠨᠦᠯᠦᠬᠡ ᠤᠴᠠᠷᠠᠭᠤᠯᠤᠨᠨᠰᠠᠨ ᠪᠠᠶ᠋ᠢᠪᠠᠯ᠂ ᠰᠠᠬᠢᠯᠭ᠎ᠠ ᠪᠠᠳᠤ ᠬᠠᠤᠯᠢ ᠴᠠᠭ᠋ᠠᠵᠠ ᠶᠤᠰᠤᠭ᠋ᠠᠷ ᠬᠠᠮᠢᠶ᠎ᠠ ᠪᠦᠭᠦᠢ ᠨᠢᠬᠡᠴᠡ ᠪᠠ ᠠᠵᠢᠯᠳᠠᠨ᠎ᠠᠴᠠ ᠬᠠᠷᠢᠭᠤᠴᠠᠯᠭ᠎ᠠ ᠨᠡᠬᠡᠮᠵᠢᠯᠡᠨ᠎ᠠ᠃
2017 ᠤᠨ᠎ᠤ 1 ᠳ᠋ᠤᠬᠡᠷ ᠰᠠᠷ᠎ᠠ ᠵᠢᠨ 3᠎ᠤ ᠡᠳᠦᠷ
(ᠲᠤᠰ ᠪᠢᠴᠢᠭ ᠮᠠᠲᠸᠷᠢᠶᠠᠯ᠎ᠢ ᠢᠯᠡ ᠨᠡᠶ᠋ᠢᠳᠡᠯᠡᠨ᠎ᠠ)
《ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠪᠦᠭᠦ ᠲᠠᠯ᠎ᠠ᠎ᠪᠠᠷ ᠠᠬᠢᠭᠤᠯᠬᠤ ᠲᠤᠬᠠᠢ ᠰᠠᠨᠠᠯ》᠎ᠤᠨ ᠬᠡᠷᠡᠭᠵᠢᠬᠦᠯᠬᠦ ᠨᠠᠷᠢᠨ ᠲᠦᠷᠢᠮ᠎ᠢ ᠲᠠᠷᠤᠮᠠᠯᠯᠠᠨ ᠶᠠᠪᠤᠭᠤᠯᠬᠤ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ
ᠲᠦᠷᠦ ᠠᠯᠪᠠᠨ ᠲᠠᠷᠬᠠᠭ᠋ᠠᠨᠨᠰᠠᠨ [2016] 80 ᠳ᠋ᠤᠭ᠋ᠠᠷ ᠲᠤᠭ᠋ᠠᠳᠤ
ᠡᠯ᠎ᠡ ᠮᠤᠵᠢ᠂ ᠦᠪᠡᠷᠳᠡᠬᠡᠨ ᠵᠠᠰᠠᠭ᠍ᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠡᠯ᠎ᠡ ᠶᠠᠮᠤᠨ ᠵᠦᠪᠯᠡᠯ᠂ ᠡᠯ᠎ᠡ ᠰᠢᠭᠤᠳ ᠬᠠᠷᠢᠶ᠎ᠠ ᠪᠠᠶ᠋ᠢᠭᠤᠯᠤᠮᠵᠢ᠎ᠳᠤ᠄
《〈ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠪᠦᠭᠦ ᠲᠠᠯ᠎ᠠ᠎ᠪᠠᠷ ᠠᠬᠢᠭᠤᠯᠬᠤ ᠲᠤᠬᠠᠢ ᠰᠠᠨᠠᠯ〉᠎ᠤᠨ ᠬᠡᠷᠡᠭᠵᠢᠬᠦᠯᠬᠦ ᠨᠠᠷᠢᠨ ᠲᠦᠷᠢᠮ》᠎ᠢ ᠨᠢᠬᠡᠨᠳᠡ ᠲᠦᠷᠦ ᠵᠢᠨ ᠶᠠᠪᠤᠳᠠᠯ᠎ᠤᠨ ᠬᠤᠷᠢᠶ᠎ᠠ᠎ᠪᠠᠷ ᠵᠦᠪᠰᠢᠶᠡᠷᠡᠭᠦᠯᠦᠬᠡᠳ᠂ ᠡᠳᠦᠬᠡ ᠲᠠᠨᠠᠷ᠎ᠲᠤ ᠲᠠᠷᠤᠮᠠᠯᠯᠠᠨ ᠶᠠᠪᠤᠭᠤᠯᠤᠯ᠎ᠠ᠂ ᠪᠤᠳᠠᠳᠠᠢ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠢ ᠲᠤᠤᠱᠯᠠᠭᠤᠯᠤᠨ ᠨᠠᠶ᠋ᠢᠳᠠᠪᠤᠷᠢᠵᠢᠭᠤᠯᠳᠤᠭ᠋ᠠᠢ᠃
ᠪᠦᠭᠦᠳᠡ ᠨᠠᠶ᠋ᠢᠷᠠᠮᠳᠠᠭ᠍ᠤ ᠲᠤᠮᠳᠠᠳᠤ ᠠᠷᠠᠳ ᠤᠯᠤᠰ᠎ᠤᠨ
ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ
2016 ᠤᠨ᠎ᠤ 11 ᠳ᠋ᠤᠬᠡᠷ ᠰᠠᠷ᠎ᠠ ᠵᠢᠨ 10᠎ᠤ ᠡᠳᠦᠷ
(ᠲᠤᠰ ᠪᠢᠴᠢᠭ ᠮᠠᠲᠸᠷᠢᠶᠠᠯ᠎ᠢ ᠢᠯᠡ ᠨᠡᠶ᠋ᠢᠳᠡᠯᠡᠨ᠎ᠠ)
《ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠪᠦᠭᠦ ᠲᠠᠯ᠎ᠠ᠎ᠪᠠᠷ
ᠠᠬᠢᠭᠤᠯᠬᠤ ᠲᠤᠬᠠᠢ ᠰᠠᠨᠠᠯ》᠎ᠤᠨ ᠬᠡᠷᠡᠭᠵᠢᠬᠦᠯᠬᠦ ᠨᠠᠷᠢᠨ ᠲᠦᠷᠢᠮ
ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶ᠎ᠠ ᠵᠢᠨ ᠠᠯᠪᠠᠨ ᠲᠢᠩᠬᠢᠮ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ 《ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠪᠦᠭᠦ ᠲᠠᠯ᠎ᠠ᠎ᠪᠠᠷ ᠠᠬᠢᠭᠤᠯᠬᠤ ᠲᠤᠬᠠᠢ ᠰᠠᠨᠠᠯ》᠎ᠤᠨ ᠱᠠᠭ᠋ᠠᠷᠳᠠᠯᠭ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠵᠦ᠂ ᠰᠶ᠋ᠢᠳᠪᠦᠷᠢᠳᠦ ᠪᠤᠳᠤᠯᠭ᠎ᠠ ᠲᠤᠨᠨᠳᠠᠭ᠋ᠠᠬᠤ᠂ ᠬᠡᠷᠡᠭᠵᠢᠬᠦᠯᠬᠦ᠂ ᠬᠠᠮᠢᠶᠠᠷᠬᠤ᠂ ᠦᠢ᠍ᠯᠡᠴᠢᠯᠡᠬᠦ᠂ ᠦᠷ᠎ᠡ ᠳ᠋ᠦ᠍ᠢ᠍ᠩ᠎ᠢ ᠢᠯᠡ ᠪᠤᠯᠭ᠋ᠠᠬᠤ (ᠲᠤᠷᠤᠨᠨᠰᠢ 《ᠲᠠᠪᠤ ᠵᠢ ᠢᠯᠡ ᠪᠤᠯᠭ᠋ᠠᠬᠤ》 ᠬᠡᠵᠦ ᠨᠢᠬᠡᠳᠬᠡᠨᠠ) ᠵᠢ ᠤᠯᠠᠮ ᠨᠢᠬᠡ ᠠᠯᠬᠤᠮ ᠠᠬᠢᠭᠤᠯᠤᠨ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ᠂ ᠨᠡᠶ᠋ᠢᠬᠡᠮ᠎ᠤᠨ ᠠᠩᠬᠠᠷᠴᠤ ᠪᠦᠭᠦᠢ ᠶᠠᠪᠤᠳᠠᠯ᠎ᠳᠤ ᠬᠠᠷᠢᠭᠤ ᠦᠭᠭᠦ᠂ ᠢᠯᠡ ᠪᠤᠯᠭ᠋ᠠᠬᠤ ᠲᠡᠪᠴᠡᠩ᠎ᠤᠨ ᠪᠠᠶ᠋ᠢᠭᠤᠯᠤᠯᠳᠠ ᠵᠢ ᠴᠢᠩᠭ᠋ᠠᠳᠬᠠᠵᠦ᠂ ᠵᠠᠰᠠᠭ᠎ᠢ ᠴᠤᠮᠬᠠᠳᠬᠠᠨ ᠡᠷᠬᠡ ᠵᠢ ᠲᠤᠷᠤᠨᠨᠰᠢ ᠪᠠᠭᠤᠯᠭ᠋ᠠᠬᠤ᠂ ᠪᠠᠭᠤᠯᠭ᠋ᠠᠵᠦ ᠬᠠᠮᠢᠶᠠᠷᠬᠤ ᠵᠢ ᠤᠶᠠᠯᠳᠤᠭᠤᠯᠬᠤ᠂ ᠦᠢ᠍ᠯᠡᠴᠢᠯᠡᠬᠡᠨ᠎ᠢ ᠰᠢᠯᠢᠳᠡᠭᠵᠢᠬᠦᠯᠬᠦ ᠦᠬᠡᠷᠡᠴᠢᠯᠡᠯᠳᠡ ᠵᠢ ᠦᠷᠬᠦᠯᠵᠢᠯᠡᠨ ᠠᠬᠢᠭᠤᠯᠬᠤ ᠵᠢᠨ ᠲᠤᠰᠠᠳᠠ᠂ ᠲᠤᠰ ᠬᠡᠷᠡᠭᠵᠢᠬᠦᠯᠬᠦ ᠨᠠᠷᠢᠨ ᠲᠦᠷᠢᠮ᠎ᠢ ᠲᠤᠨᠨᠳᠠᠭ᠋ᠠᠪᠠ᠃
ᠨᠢᠬᠡ᠂ 《ᠲᠠᠪᠤ ᠵᠢ ᠢᠯᠡ ᠪᠤᠯᠭ᠋ᠠᠬᠤ》 ᠵᠢ ᠭᠦᠴᠦᠯᠡᠨ ᠠᠬᠢᠭᠤᠯᠤᠨ᠎ᠠ
(ᠨᠢᠬᠡ) 《ᠲᠠᠪᠤ ᠵᠢ ᠢᠯᠡ ᠪᠤᠯᠭ᠋ᠠᠬᠤ》 ᠱᠠᠭ᠋ᠠᠷᠳᠠᠯᠭ᠎ᠠ ᠵᠢ ᠠᠯᠪᠠᠨ ᠪᠢᠴᠢᠭ᠎ᠢ ᠭᠦᠢ᠍ᠴᠡᠳᠬᠡᠬᠦ ᠲᠠᠰ ᠲᠠᠷᠠᠭ᠋ᠠᠯᠠᠯ᠎ᠳᠤ ᠨᠠᠶ᠋ᠢᠳᠠᠪᠤᠷᠢᠵᠢᠭᠤᠯᠬᠤ ᠬᠡᠷᠡᠭᠳᠡᠢ᠃ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠠᠯᠪᠠᠨ ᠪᠢᠴᠢᠭ ᠲᠤᠭᠤᠷᠪᠢᠬᠤ ᠦᠶᠡᠰ᠂ ᠰᠠᠨᠠᠭ᠋ᠠᠴᠢᠯᠠᠭ᠎ᠠ᠎ᠠᠴᠠ᠎ᠪᠠᠨ ᠢᠯᠡ ᠪᠤᠯᠭ᠋ᠠᠬᠤ᠂ ᠭᠤᠶᠤᠴᠢᠯᠠᠯ ᠶᠤᠰᠤᠭ᠋ᠠᠷ ᠢᠯᠡ ᠪᠤᠯᠭ᠋ᠠᠬᠤ᠂ ᠦᠯᠦ ᠢᠯᠡ ᠪᠤᠯᠭ᠋ᠠᠬᠤ ᠵᠡᠷᠬᠡ ᠰᠢᠨᠵᠢ ᠴᠢᠨᠠᠷ᠎ᠢ ᠲᠤᠳᠤᠷᠬᠠᠶ᠋ᠢᠯᠠᠨ᠂ ᠠᠯᠪᠠᠨ ᠪᠢᠴᠢᠭᠯᠦᠭᠡ ᠵᠡᠷᠬᠡᠪᠡᠷ ᠮᠡᠳᠡᠬᠦᠯᠦᠨ ᠵᠦᠪᠰᠢᠶᠡᠷᠡᠬᠦᠯᠵᠦ᠂ ᠦᠯᠦ ᠢᠯᠡ ᠪᠤᠯᠭ᠋ᠠᠬᠤ᠎ᠪᠠᠷ ᠪᠠᠶ᠋ᠢᠪᠠᠯ᠂ ᠬᠠᠤᠯᠢ ᠴᠠᠭ᠋ᠠᠵᠠ ᠬᠠᠤᠯᠢ ᠲᠤᠨᠨᠳᠠᠭ᠋ᠠᠯ ᠶᠤᠰᠤᠭ᠋ᠠᠷ ᠰᠢᠯᠳᠠᠭ᠋ᠠᠨ᠎ᠢ᠎ᠨᠢ ᠲᠤᠳᠤᠷᠬᠠᠶ᠋ᠢᠯᠠᠭ᠍ᠤ ᠬᠡᠷᠡᠭᠳᠡᠢ᠃ ᠦᠯᠦ ᠢᠯᠡ ᠪᠤᠯᠭ᠋ᠠᠬᠤ᠎ᠪᠠᠷ ᠪᠠᠶ᠋ᠢᠭ᠎ᠠ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠮᠡᠳᠡᠬᠦᠯᠦᠨ ᠵᠦᠪᠰᠢᠶᠡᠷᠡᠭᠦᠯᠭᠦ᠎ᠠᠴᠠ ᠡᠮᠤᠨ᠎ᠠ ᠤᠷᠢᠳᠠᠪᠡᠷ ᠲᠤᠰ ᠨᠢᠬᠡᠴᠡ ᠵᠢᠨ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠪᠠᠶ᠋ᠢᠭᠤᠯᠤᠮᠵᠢ᠎ᠳᠤ ᠭᠦᠷᠬᠡᠵᠦ ᠬᠢᠨᠠᠨ ᠪᠠᠶ᠋ᠢᠴᠠᠭ᠋ᠠᠯᠭ᠋ᠠᠬᠤ ᠬᠡᠷᠡᠭᠳᠡᠢ᠃ ᠰᠠᠯᠠᠭ᠎ᠠ ᠮᠦᠴᠢᠷ᠎ᠠᠴᠠ ᠵᠠᠰᠠᠭ᠎ᠤᠨ ᠤᠷᠳᠤᠨ᠎ᠤ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠤᠷᠤᠯᠠᠨ ᠲᠤᠭᠤᠷᠪᠢᠬᠤ ᠦᠶᠡᠰ᠂ ᠢᠯᠡ ᠪᠤᠯᠭ᠋ᠠᠬᠤ ᠰᠢᠨᠵᠢ ᠴᠢᠨᠠᠷ᠎ᠲᠤ ᠲᠤᠳᠤᠷᠬᠠᠢ ᠰᠠᠨᠠᠭᠤᠯᠭ᠎ᠠ ᠲᠤᠷᠠᠳᠬᠤ ᠵᠢᠨ ᠬᠠᠮᠳᠤ ᠤᠴᠢᠷ ᠰᠢᠯᠳᠠᠭ᠋ᠠᠨ᠎ᠢ ᠲᠤᠳᠤᠷᠬᠠᠶ᠋ᠢᠯᠠᠭ᠍ᠤ ᠬᠡᠷᠡᠭᠳᠡᠢ; ᠰᠠᠯᠠᠭ᠎ᠠ ᠮᠦᠴᠢᠷ᠎ᠤᠨ ᠲᠡᠬᠡᠭᠰᠢ ᠮᠡᠳᠡᠬᠦᠯᠦᠭᠰᠡᠨ ᠠᠯᠪᠠᠨ ᠪᠢᠴᠢᠭ ᠪᠠᠭᠤᠯᠭ᠋ᠠᠵᠦ ᠵᠢᠭ᠋ᠠᠪᠤᠷᠢ ᠠᠪᠬᠤ ᠪᠢᠴᠢᠭ᠎ᠲᠤ ᠢᠯᠡ ᠪᠤᠯᠭ᠋ᠠᠬᠤ ᠰᠢᠨᠵᠢ ᠴᠢᠨᠠᠷ᠎ᠤᠨ ᠲᠤᠬᠠᠢ ᠲᠤᠳᠤᠷᠬᠠᠢ ᠰᠠᠨᠠᠭᠤᠯᠭ᠎ᠠ ᠦᠬᠡᠢ ᠪᠤᠶᠤ ᠬᠠᠤᠯᠢ ᠴᠠᠭ᠋ᠠᠵᠠ ᠬᠠᠤᠯᠢ ᠲᠤᠨᠨᠳᠠᠭ᠋ᠠᠯ ᠶᠤᠰᠤᠭ᠋ᠠᠷ ᠦᠯᠦ ᠢᠯᠡ ᠪᠤᠯᠭ᠋ᠠᠨᠨᠰᠠᠨ ᠤᠴᠢᠷ ᠰᠢᠯᠳᠠᠭ᠋ᠠᠨ ᠵᠶ᠋ᠠᠨ ᠲᠤᠳᠤᠷᠬᠠᠶ᠋ᠢᠯᠬᠠᠰᠠᠨ ᠦᠬᠡᠢ ᠪᠠᠶ᠋ᠢᠪᠠᠯ᠂ ᠲᠤᠰ ᠱᠠᠳᠤᠨ᠎ᠤ ᠵᠠᠰᠠᠭ᠎ᠤᠨ ᠤᠷᠳᠤᠨ᠎ᠤ ᠠᠯᠪᠠᠨ ᠲᠢᠩᠬᠢᠮ (ᠬᠡᠷ)᠎ᠨᠢ ᠲᠤᠨᠨᠳᠠᠭ᠋ᠠᠯ ᠶᠤᠰᠤᠭ᠋ᠠᠷ ᠠᠯᠪᠠᠨ ᠪᠢᠴᠢᠭ᠎ᠢ ᠪᠤᠴᠠᠭ᠋ᠠᠵᠦ ᠪᠤᠯᠤᠨ᠎ᠠ᠃
(ᠬᠤᠶᠠᠷ) 《ᠲᠠᠪᠤ ᠵᠢ ᠢᠯᠡ ᠪᠤᠯᠭ᠋ᠠᠬᠤ》 ᠱᠠᠭ᠋ᠠᠷᠳᠠᠯᠭ᠎ᠠ ᠵᠢ ᠬᠤᠷᠠᠯ᠎ᠳᠤ ᠭᠦᠢ᠍ᠴᠡᠳᠬᠡᠬᠦ ᠲᠠᠰ ᠲᠠᠷᠠᠭ᠋ᠠᠯᠠᠯ᠎ᠳᠤ ᠨᠠᠶ᠋ᠢᠳᠠᠪᠤᠷᠢᠵᠢᠭᠤᠯᠬᠤ ᠬᠡᠷᠡᠭᠳᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠨᠢ 2017 ᠤᠨ᠎ᠤ ᠵᠢᠯ ᠵᠢᠨ ᠰᠡᠬᠦᠯᠴᠢ᠎ᠠᠴᠠ ᠡᠮᠤᠨ᠎ᠠ᠂ ᠠᠰᠢᠭ ᠲᠤᠰᠠ ᠵᠢᠨ ᠬᠠᠮᠢᠶ᠎ᠠ ᠪᠦᠭᠦᠢ ᠲᠠᠯ᠎ᠠ᠂ ᠤᠯᠠᠨ ᠨᠡᠶ᠋ᠢᠳᠡ ᠵᠢᠨ ᠲᠦᠯᠦᠬᠡᠯᠡᠭᠴᠢ᠂ ᠲᠤᠰᠬᠠᠢ ᠮᠡᠷᠬᠡᠵᠢᠯᠳᠡᠨ᠂ ᠵᠠᠭᠤᠴᠢᠯᠠᠭᠤᠷ ᠵᠡᠷᠬᠡ ᠵᠢᠨ ᠵᠠᠰᠠᠭ᠎ᠤᠨ ᠤᠷᠳᠤᠨ᠎ᠤ ᠬᠤᠯᠪᠤᠨᠨᠳᠠᠯ ᠪᠦᠭᠦᠢ ᠬᠤᠷᠠᠯ᠎ᠳᠤ ᠰᠤᠯᠠ ᠤᠷᠤᠯᠴᠠᠭ᠍ᠤ ᠲᠦᠷᠢᠮ᠎ᠢ ᠪᠠᠶ᠋ᠢᠭᠤᠯᠤᠨ ᠪᠦᠷᠢᠨᠰᠢᠬᠦᠯᠵᠦ᠂ ᠰᠶ᠋ᠢᠳᠪᠦᠷᠢᠳᠦ ᠪᠤᠳᠤᠯᠭ᠎ᠠ ᠵᠢᠨ ᠢᠯᠡ ᠪᠤᠯᠭ᠋ᠠᠬᠤ ᠬᠡᠮᠵᠢᠶ᠎ᠡ ᠵᠢ ᠲᠡᠬᠡᠭᠰᠢᠯᠡᠬᠦᠯᠬᠦ ᠬᠡᠷᠡᠭᠳᠡᠢ᠃ ᠤᠷᠤᠨ ᠨᠤᠳᠤᠭ᠎ᠤᠨ ᠵᠠᠰᠠᠭ᠎ᠤᠨ ᠤᠷᠳᠤᠨ᠎ᠤ ᠪᠠᠶ᠋ᠢᠩᠭᠤ ᠵᠢᠨ ᠬᠤᠷᠠᠯ ᠪᠠ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠰᠠᠯᠠᠭ᠎ᠠ ᠮᠦᠴᠢᠷ᠎ᠤᠨ ᠶᠠᠮᠤᠨ᠎ᠤ ᠶᠠᠪᠤᠳᠠᠯ᠎ᠤᠨ ᠬᠤᠷᠠᠯ᠎ᠠᠴᠠ ᠬᠢᠨᠠᠨ ᠵᠦᠪᠯᠡᠭᠰᠡᠨ ᠴᠢᠬᠤᠯᠠ ᠦᠬᠡᠷᠡᠴᠢᠯᠡᠯᠳᠡ ᠵᠢᠨ ᠲᠦᠰᠦᠯ ᠪᠠ ᠴᠢᠬᠤᠯᠠ ᠶᠡᠭᠡ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠲᠡᠪᠰᠢᠬᠦᠯᠦᠨ ᠲᠤᠰᠢᠶᠠᠭ᠍ᠤ᠎ᠳᠠᠭᠠᠨ᠂ ᠬᠠᠤᠯᠢ ᠶᠤᠰᠤᠭ᠋ᠠᠷ ᠨᠢᠭᠤᠴᠠ ᠵᠢ ᠬᠠᠮᠠᠭ᠋ᠠᠯᠠᠭ᠍ᠤ ᠴᠢᠬᠤᠯᠠᠳᠠᠢ᠎ᠠᠴᠠ ᠪᠤᠰᠤᠳ᠂ ᠰᠶ᠋ᠢᠳᠪᠦᠷᠢᠳᠦ ᠪᠤᠳᠤᠯᠭ᠎ᠠ ᠲᠤᠨᠨᠳᠠᠭ᠋ᠠᠬᠤ᠎ᠠᠴᠠ ᠡᠮᠤᠨ᠎ᠠ ᠨᠡᠶ᠋ᠢᠬᠡᠮ ᠨᠡᠶ᠋ᠢᠳᠡ᠎ᠳᠤ ᠰᠶ᠋ᠢᠳᠪᠦᠷᠢᠳᠦ ᠪᠤᠳᠤᠯᠭ᠎ᠠ ᠵᠢᠨ ᠡᠬᠡ ᠨᠤᠤᠷᠠᠭ᠂ ᠰᠶ᠋ᠢᠳᠪᠦᠷᠢᠳᠦ ᠪᠤᠳᠤᠯᠭ᠎ᠠ ᠲᠤᠨᠨᠳᠠᠭ᠋ᠠᠨᠨᠰᠠᠨ ᠦᠨᠳᠦᠰᠦ ᠪᠠᠷᠢᠮᠳᠠ ᠵᠢ ᠨᠡᠶ᠋ᠢᠳᠡᠯᠡᠵᠦ᠂ ᠤᠯᠠᠨ ᠨᠡᠶ᠋ᠢᠳᠡ ᠵᠢᠨ ᠰᠠᠨᠠᠯ᠎ᠢ ᠦᠷᠬᠡᠨ ᠵᠶ᠋ᠠᠷ ᠭᠦᠯᠢᠶᠡᠨ ᠠᠪᠴᠤ ᠰᠤᠨᠤᠰᠬᠤ ᠬᠡᠷᠡᠭᠳᠡᠢ᠃ ᠤᠯᠠᠨ ᠨᠡᠶ᠋ᠢᠳᠡ ᠵᠢᠨ ᠠᠰᠢᠭ ᠲᠤᠰᠠ᠎ᠳᠤ ᠬᠤᠯᠪᠤᠨᠨᠳᠠᠭ᠍ᠤ᠂ ᠨᠡᠶ᠋ᠢᠬᠡᠮ᠎ᠳᠤ ᠦᠷᠬᠡᠨ ᠵᠶ᠋ᠠᠷ ᠮᠡᠳᠡᠷᠡᠬᠦᠯᠬᠦ ᠴᠢᠬᠤᠯᠠᠳᠠᠢ ᠲᠤᠯᠸᠢᠰ ᠳ᠋ᠢᠶᠠᠩᠬᠤᠸᠠ ᠬᠤᠷᠠᠯ᠎ᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠷᠠᠳᠢᠤ᠋ ᠲᠤᠯᠸᠢᠰ᠂ ᠲᠤᠤᠷ ᠰᠦᠯᠵᠢᠶ᠎ᠡ ᠪᠠ ᠰᠢᠨ᠎ᠠ ᠵᠠᠭᠤᠴᠢᠯᠠᠭᠤᠷ ᠵᠶ᠋ᠠᠷ ᠰᠢᠭᠤᠳ ᠨᠡᠪᠳᠡᠷᠡᠬᠦᠯᠬᠦ ᠵᠡᠷᠬᠡ ᠬᠡᠯᠪᠡᠷᠢ ᠮᠠᠶᠢᠭ᠎ᠢ ᠢᠳᠡᠪᠬᠢᠳᠡᠢ᠎ᠪᠠᠷ ᠬᠡᠷᠡᠭᠯᠡᠵᠦ ᠨᠡᠶ᠋ᠢᠬᠡᠮ ᠨᠡᠶ᠋ᠢᠳᠡ᠎ᠳᠤ ᠢᠯᠡ ᠪᠤᠯᠭ᠋ᠠᠬᠤ ᠬᠡᠷᠡᠭᠳᠡᠢ᠃ ᠠᠷᠠᠳ᠎ᠤᠨ ᠠᠮᠢᠳᠤᠷᠠᠯ᠎ᠤᠨ ᠴᠢᠬᠤᠯᠠ ᠶᠡᠭᠡ ᠵᠦᠢ᠍ᠯᠡᠰ᠎ᠲᠤ ᠬᠤᠯᠪᠤᠨᠨᠳ᠋ᠬᠠᠰᠠᠨ ᠬᠤᠷᠠᠯ᠎ᠤᠨ ᠵᠦᠪᠯᠡᠬᠦ ᠰᠡᠳᠦᠪ᠎ᠲᠤ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠰᠠᠯᠠᠭ᠎ᠠ ᠮᠦᠴᠢᠷ᠂ ᠤᠷᠤᠨ ᠨᠤᠳᠤᠭ᠎ᠤᠨ ᠡᠯ᠎ᠡ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠢᠯᠠᠩᠭᠤᠶ᠎ᠠ ᠬᠤᠳᠠ ᠰᠢᠶᠠᠨ ᠬᠤᠶᠠᠷ ᠱᠠᠳᠤᠨ᠎ᠤ ᠵᠠᠰᠠᠭ᠎ᠤᠨ ᠤᠷᠳᠤᠨ᠎ᠠᠴᠠ ᠬᠤᠷᠠᠯ᠎ᠤᠨ ᠲᠦᠰᠦᠯ᠎ᠢ ᠲᠤᠨᠨᠳᠠᠭ᠋ᠠᠬᠤ ᠦᠶᠡᠰ᠂ ᠬᠤᠯᠪᠤᠨᠨᠳᠠᠯ ᠪᠦᠭᠦᠢ ᠲᠠᠯ᠎ᠠ ᠵᠢᠨ ᠠᠵᠢᠯᠳᠠᠨ᠎ᠢ ᠤᠷᠢᠵᠦ ᠬᠤᠷᠠᠯ᠎ᠳᠤ ᠰᠤᠯᠠ ᠤᠷᠤᠯᠴᠠᠭᠤᠯᠬᠤ ᠡᠰᠡᠬᠦ᠂ ᠢᠯᠡ ᠪᠤᠯᠭ᠋ᠠᠬᠤ ᠡᠰᠡᠬᠦ ᠵᠢᠴᠢ ᠢᠯᠡ ᠪᠤᠯᠭ᠋ᠠᠬᠤ ᠠᠷᠭ᠎ᠠ ᠮᠠᠶᠢᠭ᠎ᠤᠨ ᠰᠠᠨᠠᠯ᠎ᠢ ᠲᠤᠷᠠᠳᠴᠤ᠂ ᠬᠤᠷᠠᠯ᠎ᠤᠨ ᠲᠦᠰᠦᠯ᠎ᠲᠠᠢ ᠵᠡᠷᠬᠡᠪᠡᠷ ᠮᠡᠳᠡᠬᠦᠯᠦᠨ ᠵᠦᠪᠰᠢᠶᠡᠷᠡᠬᠦᠯᠬᠦ ᠬᠡᠷᠡᠭᠳᠡᠢ; ᠡᠭᠦᠨ᠎ᠠᠴᠠ ᠤᠷᠢᠳ ᠨᠢᠬᠡᠨᠳᠡ ᠢᠯᠡ᠎ᠪᠠᠷ ᠰᠠᠨᠠᠯ ᠬᠤᠷᠢᠶᠬᠠᠰᠠᠨ ᠪᠠᠶ᠋ᠢᠪᠠᠯ᠂ ᠰᠠᠨᠠᠯ ᠬᠤᠷᠢᠶᠬᠠᠰᠠᠨ ᠪᠠ ᠬᠡᠷᠡᠭᠯᠡᠭᠰᠡᠨ ᠪᠠᠶ᠋ᠢᠳᠠᠯ᠎ᠤᠨ ᠲᠤᠳᠤᠷᠬᠠᠶ᠋ᠢᠯᠠᠯᠳᠠ ᠵᠢ ᠬᠠᠮᠳᠤ᠎ᠳᠤᠨᠢ ᠲᠠᠭ᠋ᠠᠯᠳᠤᠭᠤᠯᠬᠤ ᠬᠡᠷᠡᠭᠳᠡᠢ᠃
(ᠭᠤᠷᠪᠠ) ᠰᠠᠨᠠᠭ᠋ᠠᠴᠢᠯᠠᠭ᠎ᠠ᠎ᠠᠴᠠ᠎ᠪᠠᠨ ᠢᠯᠡ ᠪᠤᠯᠭ᠋ᠠᠬᠤ ᠭᠠᠷᠴᠬᠠᠯᠠᠯᠢ ᠪᠠᠶ᠋ᠢᠭᠤᠯᠤᠨ ᠪᠦᠷᠢᠨᠰᠢᠬᠦᠯᠬᠦ ᠬᠡᠷᠡᠭᠳᠡᠢ᠃ ᠰᠠᠨᠠᠭ᠋ᠠᠴᠢᠯᠠᠭ᠎ᠠ᠎ᠠᠴᠠ᠎ᠪᠠᠨ ᠢᠯᠡ ᠪᠤᠯᠭ᠋ᠠᠬᠤ ᠭᠠᠷᠴᠬᠠᠯᠠᠯ᠎ᠤᠨ ᠰᠢᠰᠲ᠋ᠤᠮᠵᠢ ᠵᠢᠨ ᠪᠠᠶ᠋ᠢᠭᠤᠯᠤᠯᠳᠠ ᠵᠢ ᠠᠬᠢᠭᠤᠯᠤᠨ᠂ ᠢᠯᠡ ᠪᠤᠯᠭ᠋ᠠᠬᠤ ᠵᠢ ᠬᠡᠪ᠎ᠤᠨ ᠪᠠᠶ᠋ᠢᠳᠠᠯ᠂ ᠦᠯᠦ ᠢᠯᠡ ᠪᠤᠯᠭ᠋ᠠᠬᠤ ᠵᠢ ᠠᠰᠲᠤᠨᠢ ᠦᠵᠡᠬᠦ ᠵᠢ ᠪᠠᠷᠢᠮᠳᠠᠯᠠᠵᠦ᠂ ᠡᠯ᠎ᠡ ᠭᠦᠷᠢᠶ᠎ᠡ ᠴᠠᠷᠠᠭ᠎ᠠ ᠵᠢᠨ 《ᠲᠠᠪᠤ ᠵᠢ ᠢᠯᠡ ᠪᠤᠯᠭ᠋ᠠᠬᠤ》 ᠵᠢᠨ ᠭᠤᠤᠯ ᠴᠤᠨᠨᠴᠠ᠂ ᠠᠭᠤᠯᠭ᠎ᠠ᠂ ᠴᠠᠭ᠎ᠤᠨ ᠬᠢᠵᠠᠭ᠋ᠠᠷ᠂ ᠠᠷᠭ᠎ᠠ ᠮᠠᠶᠢᠭ ᠵᠡᠷᠬᠡ ᠵᠢ ᠤᠯᠠᠮ ᠨᠢᠬᠡ ᠠᠯᠬᠤᠮ ᠲᠤᠳᠤᠷᠬᠠᠶ᠋ᠢᠯᠠᠨ᠎ᠠ᠃ 2017 ᠤᠨ᠎ᠤ ᠵᠢᠯ᠎ᠤᠨ ᠰᠡᠭᠦᠯᠴᠢ᠎ᠠᠴᠠ ᠡᠮᠤᠨ᠎ᠠ᠂ ᠭᠦᠭᠵᠢᠬᠦᠯᠦᠯᠳᠡ ᠦᠬᠡᠷᠡᠴᠢᠯᠡᠯᠳᠡ᠂ ᠰᠤᠷᠭ᠋ᠠᠨ ᠭᠦᠮᠦᠵᠢᠯ᠂ ᠠᠵᠦ ᠦᠢ᠍ᠯᠡᠳᠪᠦᠷᠢ ᠪᠠ ᠮᠡᠳᠡᠭᠡ ᠵᠠᠩᠬᠢᠵᠢᠯᠳᠠ᠂ ᠲᠤᠳᠤᠭ᠋ᠠᠳᠤ ᠵᠢ ᠬᠠᠮᠠᠭ᠋ᠠᠯᠠᠭ᠍ᠤ᠂ ᠠᠷᠠᠳ᠎ᠤᠨ ᠶᠠᠪᠤᠳᠠᠯ᠂ ᠡᠳ᠋᠎ᠤᠨ ᠵᠠᠰᠠᠭ᠂ ᠭᠦᠮᠦᠨ᠎ᠤ ᠭᠦᠴᠦᠨ᠎ᠤ ᠡᠬᠡ ᠪᠠᠶᠠᠯᠢᠭ ᠨᠡᠶ᠋ᠢᠬᠡᠮ᠎ᠤᠨ ᠪᠠᠳᠤᠯᠠᠭ᠎ᠠ᠂ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠂ ᠵᠠᠮ ᠬᠠᠷᠢᠯᠴᠠᠭ᠎ᠠ ᠲᠡᠬᠡᠬᠡᠪᠦᠷᠢ᠂ ᠤᠷᠴᠢᠨ ᠲᠤᠭᠤᠷᠢᠨ᠎ᠤ ᠬᠠᠮᠠᠭ᠋ᠠᠯᠠᠯᠳᠠ᠂ ᠤᠷᠤᠨ ᠰᠠᠭᠤᠴᠠ ᠪᠠ ᠬᠤᠳᠠ ᠭᠦᠳᠡᠭᠡ ᠵᠢᠨ ᠪᠦᠳᠦᠬᠡᠨ ᠪᠠᠶ᠋ᠢᠭᠤᠯᠤᠯᠳᠠ᠂ ᠬᠤᠳᠠᠯᠳᠤᠭ᠋ᠠᠨ᠎ᠤ ᠶᠠᠪᠤᠳᠠᠯ᠂ ᠡᠷᠡᠭᠦᠯ ᠬᠠᠮᠠᠭ᠋ᠠᠯᠠᠯ ᠲᠦᠯᠦᠪᠯᠡᠬᠡᠳᠦ ᠦᠷᠡᠵᠢᠯ᠂ ᠪᠤᠭᠤᠮᠳᠠ᠂ ᠭᠠᠶ᠋ᠢᠯᠢ ᠵᠢᠨ ᠶᠠᠪᠤᠳᠠᠯ᠂ ᠠᠵᠦ ᠦᠢ᠍ᠯᠡᠳᠪᠦᠷᠢ ᠬᠤᠳᠠᠯᠳᠤᠭ᠎ᠠ᠂ ᠶᠠᠰᠤ ᠴᠢᠨᠠᠷ᠎ᠲᠤ ᠮᠡᠷᠬᠡᠵᠢᠯ᠎ᠤᠨ ᠬᠢᠨᠠᠯᠳᠠ ᠲᠠᠯᠪᠢᠬᠤ᠂ ᠠᠮᠤᠷ ᠲᠦᠪᠰᠢᠨ᠎ᠤ ᠬᠢᠨᠠᠯᠳᠠ ᠬᠠᠮᠢᠶᠠᠷᠤᠯᠳᠠ᠂ ᠢᠳᠡᠬᠡᠨ ᠪᠠ ᠡᠮ᠎ᠤᠨ ᠵᠦᠢ᠍ᠯ᠎ᠤᠨ ᠬᠢᠨᠠᠯᠳᠠ ᠬᠠᠮᠢᠶᠠᠷᠤᠯᠳᠠ᠂ ᠦᠨᠡᠳᠦ ᠲᠡᠮᠳᠡᠭᠳᠦ ᠵᠢᠨ ᠬᠢᠨᠠᠯᠳᠠ ᠬᠠᠮᠢᠶᠠᠷᠤᠯᠳᠠ᠂ ᠶᠠᠳᠠᠭᠤ ᠵᠢ ᠲᠡᠳᠬᠦᠬᠦ ᠵᠡᠷᠬᠡ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠰᠠᠯᠠᠭ᠎ᠠ ᠮᠦᠴᠢᠷ᠎ᠨᠢ ᠲᠤᠰ ᠰᠠᠯᠠᠭ᠎ᠠ ᠮᠦᠴᠢᠷ ᠲᠤᠰ ᠰᠢᠰᠲ᠋ᠤᠮ᠎ᠤᠨ ᠢᠯᠡ ᠪᠤᠯᠭ᠋ᠠᠬᠤ ᠵᠤᠬᠢᠰᠳᠠᠢ ᠠᠭᠤᠯᠭ᠎ᠠ ᠵᠢ ᠡᠮᠬᠢᠯᠡᠭᠰᠡᠨ ᠰᠠᠭᠤᠷᠢᠨ ᠲᠡᠬᠡᠷ᠎ᠡ᠂ ᠲᠤᠰ ᠰᠠᠯᠠᠭ᠎ᠠ ᠮᠦᠴᠢᠷ ᠲᠤᠰ ᠰᠢᠰᠲ᠋ᠤᠮ᠎ᠤᠨ ᠰᠠᠨᠠᠭ᠋ᠠᠴᠢᠯᠠᠭ᠎ᠠ᠎ᠠᠴᠠ᠎ᠪᠠᠨ ᠢᠯᠡ ᠪᠤᠯᠭ᠋ᠠᠬᠤ ᠦᠨᠳᠦᠰᠦᠨ ᠭᠠᠷᠴᠬᠠᠯᠠᠯᠢ ᠲᠤᠨᠨᠳᠠᠭ᠋ᠠᠬᠤ ᠬᠡᠷᠡᠭᠳᠡᠢ; 2018 ᠤᠨ᠎ᠤ ᠵᠢᠯ᠎ᠤᠨ ᠰᠡᠭᠦᠯᠴᠢ᠎ᠠᠴᠠ ᠡᠮᠤᠨ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠡᠯ᠎ᠡ ᠰᠠᠯᠠᠭ᠎ᠠ ᠮᠦᠴᠢᠷ᠎ᠨᠢ ᠲᠤᠰ ᠰᠠᠯᠠᠭ᠎ᠠ ᠮᠦᠴᠢᠷ ᠲᠤᠰ ᠰᠢᠰᠲ᠋ᠤᠮ᠎ᠤᠨ ᠰᠠᠨᠠᠭ᠋ᠠᠴᠢᠯᠠᠭ᠎ᠠ᠎ᠠᠴᠠ᠎ᠪᠠᠨ ᠢᠯᠡ ᠪᠤᠯᠭ᠋ᠠᠬᠤ ᠦᠨᠳᠦᠰᠦᠨ ᠭᠠᠷᠴᠬᠠᠯᠠᠯ᠎ᠤᠨ ᠤᠷᠤᠨ ᠲᠤᠭ᠋ᠠᠨ᠎ᠤ ᠠᠵᠢᠯ᠎ᠢ ᠪᠦᠭᠦ ᠲᠠᠯ᠎ᠠ᠎ᠪᠠᠷ ᠪᠡᠶᠡᠯᠡᠬᠦᠯᠬᠦ ᠵᠢᠨ ᠬᠠᠮᠳᠤ ᠪᠠᠢ᠍ᠢ᠍ᠳᠠᠯ ᠵᠶ᠋ᠠᠨ ᠰᠢᠨᠡᠳᠬᠡᠵᠦ᠂ ᠰᠠᠨᠠᠭ᠋ᠠᠴᠢᠯᠠᠭ᠎ᠠ᠎ᠠᠴᠠ᠎ᠪᠠᠨ ᠢᠯᠡ ᠪᠤᠯᠭ᠋ᠠᠬᠤ ᠵᠢᠨ ᠪᠠᠷᠢᠮᠵᠢᠶᠠᠵᠢᠭᠤᠯᠬᠤ ᠵᠢᠷᠤᠮᠵᠢᠭᠤᠯᠬᠤ ᠬᠢᠷᠢ ᠬᠡᠮᠵᠢᠶ᠎ᠡ ᠵᠢ ᠲᠠᠰᠤᠷᠠᠯᠳᠠ ᠦᠬᠡᠢ ᠲᠡᠬᠡᠭᠰᠢᠯᠡᠬᠦᠯᠬᠦ ᠬᠡᠷᠡᠭᠳᠡᠢ᠃
(ᠲᠦᠷᠪᠡ) ᠢᠯᠡ ᠪᠤᠯᠭ᠋ᠠᠬᠤ ᠠᠭᠤᠯᠭ᠎ᠠ ᠵᠢ ᠭᠦᠳᠡᠯᠦᠩᠭᠦᠢ᠎ᠪᠠᠷ ᠦᠷᠬᠡᠳᠬᠡᠬᠦ ᠪᠠ ᠲᠤᠨᠨᠳᠠᠮᠠᠯ ᠬᠤᠭᠤᠴᠠᠭ᠎ᠠ᠎ᠲᠠᠢ᠎ᠪᠠᠷ ᠬᠢᠨᠠᠨ ᠪᠠᠶ᠋ᠢᠴᠠᠭ᠋ᠠᠬᠤ ᠬᠡᠷᠡᠭᠳᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠨᠢ ᠵᠢᠯ ᠪᠦᠷᠢ ᠨᠠᠮ᠎ᠤᠨ ᠲᠦᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠰᠢᠨ᠎ᠠ ᠱᠠᠭ᠋ᠠᠷᠳᠠᠯᠭ᠎ᠠ ᠵᠢᠴᠢ ᠤᠯᠠᠨ ᠨᠡᠶ᠋ᠢᠳᠡ ᠵᠢᠨ ᠠᠩᠬᠠᠷᠴᠤ ᠪᠦᠭᠦᠢ ᠶᠠᠪᠤᠳᠠᠯ᠎ᠢ ᠦᠨᠳᠦᠰᠦᠯᠡᠵᠦ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠤᠨ᠎ᠤ ᠠᠵᠢᠯ᠎ᠤᠨ ᠭᠤᠤᠯᠳᠠᠯᠭ᠎ᠠ ᠵᠢ ᠲᠤᠳᠤᠷᠬᠠᠶ᠋ᠢᠯᠠᠨ᠂ ᠢᠯᠡ ᠪᠤᠯᠭ᠋ᠠᠬᠤ ᠡᠷᠴᠢᠮ ᠪᠠ ᠠᠶ᠋ᠢᠵᠠᠮ᠎ᠢ ᠰᠠᠶ᠋ᠢᠳᠤᠷ ᠡᠵᠡᠮᠰᠢᠵᠦ᠂ 《ᠲᠠᠪᠤ ᠵᠢ ᠢᠯᠡ ᠪᠤᠯᠭ᠋ᠠᠬᠤ》 ᠵᠢᠨ ᠬᠡᠪᠴᠢᠶ᠎ᠡ ᠵᠢ ᠯᠠᠪᠳᠠᠭᠤᠨ ᠡᠮᠬᠢ ᠴᠡᠭᠴᠡ᠎ᠲᠠᠢ᠎ᠪᠠᠷ ᠦᠷᠬᠡᠳᠬᠡᠨ᠂ ᠢᠯᠡ ᠪᠤᠯᠭ᠋ᠠᠬᠤ ᠠᠭᠤᠯᠭ᠎ᠠ ᠵᠢ ᠨᠠᠷᠢᠯᠢᠨᠨᠵᠢᠭᠤᠯᠬᠤ ᠬᠡᠷᠡᠭᠳᠡᠢ᠃ ᠡᠯ᠎ᠡ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ 《ᠲᠠᠪᠤ ᠵᠢ ᠢᠯᠡ ᠪᠤᠯᠭ᠋ᠠᠬᠤ》 ᠵᠢᠨ ᠱᠠᠭ᠋ᠠᠷᠳᠠᠯᠭ᠎ᠠ᠎ᠲᠠᠢ ᠬᠠᠷᠢᠴᠠᠭᠤᠯᠵᠦ᠂ ᠵᠢᠯ ᠪᠦᠷᠢ ᠲᠤᠰ ᠪᠠᠶ᠋ᠢᠭᠤᠯᠭ᠎ᠠ ᠵᠢᠨ ᠢᠯᠡ ᠪᠤᠯᠭ᠋ᠠᠬᠤ ᠦᠬᠡᠢ ᠮᠡᠳᠡᠭᠡ ᠵᠠᠩᠬᠢ ᠵᠢᠴᠢ ᠭᠤᠶᠤᠴᠢᠯᠠᠯ ᠶᠤᠰᠤᠭ᠋ᠠᠷ ᠢᠯᠡ ᠪᠤᠯᠭ᠋ᠠᠬᠤ ᠨᠡᠯᠢᠶᠡᠳ ᠲᠦᠪᠯᠡᠷᠡᠭᠰᠡᠨ ᠮᠡᠳᠡᠭᠡ ᠵᠠᠩᠬᠢ᠎ᠳᠤ ᠪᠦᠭᠦ ᠲᠠᠯ᠎ᠠ᠎ᠪᠠᠷ ᠦᠪᠡᠰᠦᠪᠠᠨ ᠪᠠᠶ᠋ᠢᠴᠠᠭ᠋ᠠᠯᠳᠠ ᠬᠢᠵᠦ᠂ ᠢᠯᠡ ᠪᠤᠯᠭ᠋ᠠᠬᠤ ᠶᠤᠰᠤᠳᠠᠢ ᠠᠳᠠᠯ᠎ᠠ ᠦᠯᠦ ᠢᠯᠡ ᠪᠤᠯᠭ᠋ᠠᠨᠨᠰᠠᠨ ᠮᠡᠳᠡᠭᠡ ᠵᠠᠩᠬᠢ ᠵᠢ ᠢᠯᠡᠷᠡᠭᠦᠯᠪᠡᠯ ᠢᠯᠡ ᠪᠤᠯᠭ᠋ᠠᠵᠦ᠂ ᠰᠠᠨᠠᠭ᠋ᠠᠴᠢᠯᠠᠭ᠎ᠠ᠎ᠠᠴᠠ᠎ᠪᠠᠨ ᠢᠯᠡ ᠪᠤᠯᠭ᠋ᠠᠵᠦ ᠪᠤᠯᠬᠤ ᠵᠢ᠎ᠨᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠤᠯᠭ᠋ᠠᠵᠦ᠂ ᠦᠪᠡᠰᠦᠪᠠᠨ ᠪᠠᠶ᠋ᠢᠴᠠᠭ᠋ᠠᠯᠳᠠ ᠬᠢᠵᠦ ᠴᠡᠭᠴᠡᠯᠡᠨ ᠦᠬᠡᠷᠡᠴᠢᠯᠡᠭᠰᠡᠨ ᠪᠠᠶ᠋ᠢᠳᠠᠯ ᠵᠶ᠋ᠠᠨ ᠴᠠᠭ ᠲᠤᠬᠠᠢᠳᠤᠨᠢ ᠲᠤᠰ ᠱᠠᠳᠤᠨ᠎ᠤ ᠵᠠᠰᠠᠭ᠎ᠤᠨ ᠤᠷᠳᠤᠨ᠎ᠤ ᠠᠯᠪᠠᠨ ᠲᠢᠩᠬᠢᠮ (ᠬᠡᠷ)᠎ᠲᠤ ᠮᠡᠳᠡᠬᠦᠯᠦᠨ ᠭᠦᠷᠬᠡᠬᠦ ᠬᠡᠷᠡᠭᠳᠡᠢ᠃ ᠡᠯ᠎ᠡ ᠱᠠᠳᠤᠨ᠎ᠤ ᠵᠠᠰᠠᠭ᠎ᠤᠨ ᠤᠷᠳᠤᠨ᠎ᠤ ᠠᠯᠪᠠᠨ ᠲᠢᠩᠬᠢᠮ (ᠬᠡᠷ)᠎ᠨᠢ ᠲᠤᠨᠨᠳᠠᠮᠠᠯ ᠬᠤᠭᠤᠴᠠᠭ᠎ᠠ᠎ᠲᠠᠢ᠎ᠪᠠᠷ ᠰᠤᠭᠤᠴᠢᠨ ᠪᠠᠶ᠋ᠢᠴᠠᠭ᠋ᠠᠵᠦ᠂ ᠢᠯᠡ ᠪᠤᠯᠭ᠋ᠠᠬᠤ ᠶᠤᠰᠤᠳᠠᠢ ᠠᠳᠠᠯ᠎ᠠ ᠦᠯᠦ ᠢᠯᠡ ᠪᠤᠯᠭ᠋ᠠᠨᠨᠰᠠᠨ ᠵᠡᠷᠬᠡ ᠠᠰᠠᠭᠤᠳᠠᠯ᠎ᠢ ᠢᠯᠡᠷᠡᠬᠦᠯᠪᠡᠯ ᠴᠠᠭ ᠲᠤᠬᠠᠢᠳᠤᠨᠢ ᠰᠢᠮᠳᠠᠭᠤᠯᠵᠦ ᠴᠡᠭᠴᠡᠯᠡᠨ ᠦᠬᠡᠷᠡᠴᠢᠯᠡᠬᠦ ᠬᠡᠷᠡᠭᠳᠡᠢ᠃ ᠢᠯᠡ ᠪᠤᠯᠭ᠋ᠠᠬᠤ᠎ᠠᠴᠠ ᠡᠮᠤᠨ᠎ᠠ ᠨᠢᠭᠤᠴᠠ ᠵᠢ ᠬᠠᠮᠠᠭ᠋ᠠᠯᠠᠵᠦ ᠬᠢᠨᠠᠨ ᠪᠠᠶ᠋ᠢᠴᠠᠭ᠋ᠠᠬᠤ ᠲᠤᠨᠨᠳᠠᠴᠠ ᠵᠢ ᠴᠢᠩᠭ᠎ᠠ ᠨᠠᠶ᠋ᠢᠳᠠᠪᠤᠷᠢᠵᠢᠭᠤᠯᠵᠦ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠪᠠ ᠤᠯᠤᠰ᠎ᠤᠨ ᠨᠢᠭᠤᠴᠠ ᠵᠢ ᠬᠠᠮᠠᠭ᠋ᠠᠯᠠᠭ᠍ᠤ ᠵᠢᠨ ᠬᠠᠷᠢᠴᠠᠭ᠎ᠠ ᠵᠢ ᠲᠤᠬᠢᠳᠠᠢ ᠰᠶ᠋ᠢᠳᠪᠦᠷᠢᠯᠡᠬᠦ ᠬᠡᠷᠡᠭᠳᠡᠢ᠃
(ᠲᠠᠪᠤ) ᠦᠨᠳᠦᠰᠦᠨ ᠱᠠᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠵᠢ ᠠᠬᠢᠭᠤᠯᠬᠤ ᠬᠡᠷᠡᠭᠳᠡᠢ᠃ ᠪᠦᠭᠦ ᠤᠯᠤᠰ᠎ᠲᠤ 100 ᠰᠢᠶᠠᠨ (ᠬᠤᠳᠠ᠂ ᠲᠤᠭᠤᠷᠢᠭ)᠎ᠢ ᠰᠤᠩᠭᠤᠨ ᠲᠤᠷᠰᠢᠯᠳᠠ ᠵᠢᠨ ᠨᠢᠬᠡᠴᠡ ᠪᠤᠯᠭ᠋ᠠᠵᠦ᠂ ᠭᠤᠤᠯᠳᠠᠭᠤ ᠦᠨᠳᠦᠰᠦᠨ ᠱᠠᠳᠤᠨ᠎ᠤ ᠭᠠᠵᠠᠷ ᠰᠢᠷᠤᠢ ᠵᠢ ᠠᠰᠢᠨᠨᠯᠠᠭ᠍ᠤ ᠶᠡᠷᠦᠩᠬᠡᠢ ᠲᠦᠯᠦᠪᠵᠢᠬᠦᠯᠬᠡ᠂ ᠭᠠᠶ᠋ᠢᠯᠢ ᠵᠢᠨ ᠵᠠᠷᠤᠳᠠᠯ ᠬᠤᠷᠢᠶᠠᠭ᠍ᠤ᠂ ᠭᠠᠵᠠᠷ ᠰᠢᠷᠦᠢ ᠲᠠᠳᠠᠪᠤᠷᠢᠯᠠᠵᠦ ᠨᠦᠭᠦᠪᠦᠷᠢ ᠦᠭᠭᠦ᠂ ᠨᠡᠬᠦᠯᠬᠡᠨ ᠨᠤᠷᠠᠭ᠋ᠠᠵᠦ ᠲᠦᠪᠬᠢᠨᠡᠬᠦᠯᠬᠦ᠂ ᠤᠷᠴᠢᠨ ᠲᠤᠭᠤᠷᠢᠨ᠎ᠢ ᠵᠠᠰᠠᠭ᠍ᠤ᠂ ᠤᠯᠠᠨ ᠨᠡᠶ᠋ᠢᠳᠡ ᠵᠢᠨ ᠠᠵᠢᠯ ᠦᠢ᠍ᠯᠡᠰ᠎ᠲᠤ ᠪᠡᠯᠡ ᠤᠷᠤᠭᠤᠯᠬᠤ᠂ ᠤᠯᠠᠨ ᠨᠡᠶ᠋ᠢᠳᠡ ᠵᠢᠨ ᠰᠤᠶᠤᠯ᠎ᠤᠨ ᠦᠢ᠍ᠯᠡᠴᠢᠯᠡᠭᠡ᠂ ᠶᠠᠳᠠᠭᠤ ᠵᠢ ᠲᠡᠳᠬᠦᠨ ᠭᠠᠮᠰᠢᠭ᠎ᠠᠴᠠ ᠠᠪᠤᠷᠠᠭ᠍ᠤ ᠵᠡᠷᠬᠡ ᠤᠯᠠᠨ ᠲᠦᠮᠡᠨ᠎ᠤ ᠠᠩᠬᠠᠷᠴᠤ ᠪᠦᠭᠦᠢ ᠮᠡᠳᠡᠭᠡ ᠵᠠᠩᠬᠢ ᠵᠢᠴᠢ ᠭᠦᠳᠡᠯᠮᠦᠷᠢ ᠠᠵᠢᠯ ᠤᠯᠭᠤᠯᠳᠠ᠂ ᠨᠡᠶ᠋ᠢᠬᠡᠮ᠎ᠤᠨ ᠲᠠᠭ᠋ᠠᠳᠬᠠᠯ᠂ ᠨᠡᠶ᠋ᠢᠬᠡᠮ᠎ᠤᠨ ᠠᠪᠤᠷᠠᠨ ᠲᠤᠰᠠᠯᠠᠯᠳᠠ᠂ ᠨᠡᠶ᠋ᠢᠬᠡᠮ᠎ᠤᠨ ᠠᠰᠠᠷᠠᠮᠵᠢ᠂ ᠡᠷᠦᠬᠡ ᠠᠮᠠ ᠵᠢᠨ ᠬᠠᠮᠢᠶᠠᠷᠤᠯᠳᠠ᠂ ᠬᠡᠷ ᠪᠠᠷᠢᠬᠤ ᠭᠠᠵᠠᠷ᠎ᠢ ᠬᠢᠨᠠᠵᠦ ᠵᠦᠪᠰᠢᠶᠡᠷᠡᠬᠦ᠂ ᠲᠠᠷᠢᠶᠠᠯᠠᠩ᠎ᠳᠤ ᠬᠤᠯᠪᠤᠨᠨᠳᠠᠭ᠍ᠤ ᠨᠦᠭᠦᠪᠦᠷᠢ᠂ ᠡᠮᠴᠢᠯᠡᠭᠡ ᠡᠷᠡᠬᠦᠯ ᠬᠠᠮᠠᠭ᠋ᠠᠯᠠᠯ ᠵᠡᠷᠬᠡ ᠲᠠᠯ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠵᠦᠢ᠍ᠯᠡᠰ᠎ᠤᠨ ᠲᠤᠭᠤᠷᠢᠨ᠎ᠳᠤ 《ᠲᠠᠪᠤ ᠵᠢ ᠢᠯᠡ ᠪᠤᠯᠭ᠋ᠠᠬᠤ》 ᠵᠢ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠲᠤᠷᠰᠢᠯᠳᠠ ᠵᠢᠨ ᠠᠵᠢᠯ᠎ᠢ ᠦᠷᠨᠢᠬᠦᠯᠵᠦ᠂ ᠦᠨᠳᠦᠰᠦᠨ ᠱᠠᠳᠤᠨ᠎ᠤ ᠤᠨᠴᠠᠯᠢᠭᠲᠤ ᠲᠤᠬᠢᠷᠠᠭ᠍ᠤ ᠢᠯᠡ ᠪᠤᠯᠭ᠋ᠠᠬᠤ ᠠᠷᠭ᠎ᠠ ᠮᠠᠶᠢᠭ᠎ᠢ ᠰᠦᠪᠡᠭᠴᠢᠯᠡᠨ᠂ ᠬᠤᠶᠠᠷ ᠵᠢᠯ᠎ᠤᠨ ᠴᠠᠭ ᠬᠤᠭᠤᠴᠠᠭ᠎ᠠ ᠵᠠᠷᠤᠴᠠᠭᠤᠯᠵᠦ ᠪᠠᠶ᠋ᠢᠭ᠋ᠠᠳ ᠰᠢᠶᠠᠨ ᠰᠢᠶᠠᠩ᠎ᠤᠨ ᠵᠠᠰᠠᠭ᠎ᠤᠨ ᠤᠷᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠪᠠᠷᠢᠮᠵᠢᠶᠠᠵᠢᠭᠤᠯᠬᠤ ᠪᠠ ᠵᠢᠷᠤᠮᠵᠢᠭᠤᠯᠵᠦ᠂ ᠲᠡᠯᠬᠡᠷᠡᠭᠦᠯᠵᠦ ᠪᠤᠯᠬᠤ᠂ ᠲᠠᠭᠤᠷᠢᠶᠠᠵᠦ ᠪᠤᠯᠬᠤ ᠲᠤᠷᠰᠢᠯᠭ᠎ᠠ ᠵᠢ ᠳ᠋ᠦ᠍ᠢ᠍ᠩᠨᠡᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠦᠨᠡᠨᠬᠦ ᠰᠢᠯᠢᠳᠡᠭᠵᠢᠬᠦᠯᠵᠦ᠂ ᠵᠠᠰᠠᠭ᠎ᠤᠨ ᠤᠷᠳᠤᠨ᠎ᠤ ᠦᠷ᠎ᠡ ᠴᠢᠳᠠᠮᠵᠢ ᠵᠢ ᠲᠡᠬᠡᠭᠰᠢᠯᠡᠬᠦᠯᠦᠨ᠂ ᠠᠵᠦ ᠠᠬᠤᠶ᠋ᠢᠯᠠᠯ ᠪᠠ ᠤᠯᠠᠨ ᠲᠦᠮᠡᠨ᠎ᠤ 《ᠭᠦᠢ᠍ᠴᠡᠳᠭᠡᠬᠦ ᠦᠨᠡᠮᠯᠡᠯ᠎ᠨᠢ ᠤᠯᠠᠨ᠂ ᠶᠠᠪᠤᠳᠠᠯ ᠪᠦᠳᠦᠬᠡᠬᠦ᠎ᠳᠤ ᠭᠦᠴᠢᠷᠳᠡᠢ》 ᠠᠰᠠᠭᠤᠳᠠᠯ᠎ᠢ ᠲᠠᠶ᠋ᠢᠯᠵᠦ᠂ ᠵᠠᠰᠠᠭ᠎ᠤᠨ ᠤᠷᠳᠤᠨ᠎ᠤ ᠤᠯᠠᠨ ᠲᠦᠮᠡᠨ᠎ᠲᠠᠢ ᠬᠠᠷᠢᠯᠴᠠᠵᠦ ᠤᠯᠠᠨ ᠲᠦᠮᠡᠨ᠎ᠳᠤ ᠦᠢ᠍ᠯᠡᠴᠢᠯᠡᠬᠦ 《ᠬᠠᠮᠤᠭ ᠡᠴᠦᠰ᠎ᠤᠨ ᠨᠢᠬᠡ ᠺᠢᠯᠤᠮᠤᠲᠷ》᠎ᠢ ᠨᠡᠪᠳᠡᠷᠡᠬᠦᠯᠬᠦ ᠬᠡᠷᠡᠭᠳᠡᠢ᠃
ᠬᠤᠶᠠᠷ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠵᠢ ᠴᠢᠩᠭ᠋ᠠᠳᠬᠠᠨ᠎ᠠ
(ᠨᠢᠬᠡ) ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠴᠢᠬᠤᠯᠠ ᠶᠡᠭᠡ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠠᠵᠢᠯ᠎ᠢ ᠰᠠᠶ᠋ᠢᠳᠤᠷ ᠬᠢᠬᠦ ᠬᠡᠷᠡᠭᠳᠡᠢ᠃
ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠰᠠᠯᠠᠭ᠎ᠠ ᠮᠦᠴᠢᠷ ᠪᠤᠯ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠵᠢᠨ ᠬᠠᠷᠢᠭᠤᠴᠠᠯᠭ᠎ᠠ ᠵᠢᠨ ᠭᠤᠤᠯ ᠴᠤᠨᠨᠴᠠ ᠮᠦᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠴᠢᠬᠤᠯᠠ ᠶᠡᠭᠡ ᠲᠦᠷᠦ ᠵᠢᠨ ᠪᠤᠳᠤᠯᠭ᠎ᠠ ᠬᠠᠤᠯᠢ ᠲᠤᠨᠨᠳᠠᠭ᠋ᠠᠯ᠂ ᠲᠦᠯᠦᠪᠵᠢᠬᠦᠯᠬᠡ ᠵᠢᠨ ᠲᠦᠰᠦᠯ ᠪᠠ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠪᠠᠶ᠋ᠢᠩᠭᠤ ᠵᠢᠨ ᠬᠤᠷᠠᠯ᠎ᠤᠨ ᠵᠦᠪᠯᠡᠨ ᠲᠤᠨᠨᠳ᠋ᠬᠠᠰᠠᠨ ᠵᠦᠢ᠍ᠯᠡᠰ ᠵᠡᠷᠬᠡ ᠵᠢᠨ ᠲᠤᠭᠤᠷᠢᠨ᠎ᠳᠤ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠲᠦᠷᠦ ᠵᠢᠨ ᠪᠤᠳᠤᠯᠭ᠎ᠠ ᠵᠢᠨ ᠤᠴᠢᠷ ᠶᠠᠪᠤᠳᠠᠯ ᠮᠡᠳᠡᠭᠳᠡᠬᠦ ᠵᠤᠷᠰᠢᠯᠳᠤ ᠬᠤᠷᠠᠯ᠂ ᠰᠤᠨᠢᠨ ᠮᠡᠳᠡᠭᠡ ᠨᠡᠶ᠋ᠢᠳᠡᠯᠡᠬᠦ ᠬᠤᠷᠠᠯ᠂ ᠤᠩᠰᠢᠨ ᠲᠠᠶ᠋ᠢᠯᠪᠤᠷᠢᠯᠠᠭ᠍ᠤ ᠵᠤᠬᠢᠶᠠᠯ ᠪᠢᠴᠢᠬᠦ᠂ ᠵᠠᠭᠤᠴᠢᠯᠠᠭᠤᠷ᠎ᠤᠨ ᠰᠤᠷᠪᠤᠯᠵᠢᠯᠠᠭ᠎ᠠ ᠵᠢ ᠭᠦᠯᠢᠶᠡᠬᠦ ᠪᠠ ᠰᠦᠯᠵᠢᠶᠡᠨ ᠲᠡᠬᠡᠷ᠎ᠡ ᠰᠤᠷᠪᠤᠯᠵᠢᠯᠠᠭ᠍ᠤ ᠵᠡᠷᠬᠡ ᠠᠷᠭ᠎ᠠ ᠮᠠᠶᠢᠭ ᠵᠶ᠋ᠠᠷ ᠲᠠᠮᠵᠢᠭᠤᠯᠵᠦ ᠪᠠᠶ᠋ᠢᠭ᠋ᠠᠳ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠵᠦ᠂ ᠲᠦᠷᠦ ᠵᠢᠨ ᠪᠤᠳᠤᠯᠭ᠎ᠠ ᠵᠢᠨ ᠠᠬᠤᠢ ᠪᠠᠶ᠋ᠢᠳᠠᠯ᠂ ᠭᠤᠤᠯ ᠠᠭᠤᠯᠭ᠎ᠠ᠂ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢᠴᠢ ᠠᠵᠢᠯ᠎ᠤᠨ ᠠᠬᠢᠴᠠ ᠵᠢ ᠪᠦᠭᠦ ᠲᠠᠯ᠎ᠠ᠎ᠪᠠᠷ ᠭᠦᠨᠵᠡᠬᠡᠢ ᠲᠠᠨᠢᠯᠴᠠᠭᠤᠯᠤᠨ᠂ ᠰᠠᠨᠠᠭ᠋ᠠᠴᠢᠯᠠᠭ᠎ᠠ᠎ᠠᠴᠠ᠎ᠪᠠᠨ ᠠᠰᠠᠭᠤᠯᠳᠠ ᠬᠠᠷᠢᠭᠤᠯᠵᠦ ᠮᠠᠳᠠᠭ᠎ᠢ ᠠᠯᠳᠠᠷᠠᠭ᠋ᠠᠵᠦ᠂ ᠤᠯᠤᠰ᠎ᠤᠨ ᠲᠤᠳᠤᠭ᠋ᠠᠳᠤ ᠭᠠᠳᠠᠭ᠋ᠠᠳᠤ ᠵᠢᠨ ᠶᠠᠷᠢᠶ᠎ᠠ ᠬᠡᠯᠡᠯᠴᠡᠭᠡ ᠵᠢ ᠢᠳᠡᠪᠬᠢᠳᠡᠢ᠎ᠪᠠᠷ ᠭᠦᠳᠦᠯᠦᠨ ᠵᠢᠯᠤᠭᠤᠳᠴᠤ᠂ ᠤᠯᠠᠨ ᠤᠯᠤᠰ᠎ᠤᠨ ᠶᠠᠷᠢᠶ᠎ᠠ ᠬᠡᠯᠡᠯᠴᠡᠭᠡ ᠵᠢ ᠢᠳᠡᠪᠬᠢᠳᠡᠢ᠎ᠪᠠᠷ ᠨᠦᠯᠦᠬᠡᠯᠡᠨ᠂ ᠨᠡᠶ᠋ᠢᠬᠡᠮ᠎ᠤᠨ ᠵᠢᠱ᠌ᠢᠯᠳᠡ ᠵᠢ ᠢᠳᠡᠪᠬᠢᠳᠡᠢ᠎ᠪᠠᠷ ᠬᠠᠮᠢᠶᠠᠷᠬᠤ ᠬᠡᠷᠡᠭᠳᠡᠢ᠃
ᠲᠦᠷᠦ ᠵᠢᠨ ᠶᠠᠪᠤᠳᠠᠯ᠎ᠤᠨ ᠬᠤᠷᠢᠶ᠎ᠠ᠎ᠠᠴᠠ ᠴᠢᠬᠤᠯᠠ ᠶᠡᠭᠡ ᠲᠦᠷᠦ ᠵᠢᠨ ᠪᠤᠳᠤᠯᠭ᠎ᠠ ᠨᠡᠶ᠋ᠢᠳᠡᠯᠡᠪᠡᠯ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠬᠠᠮᠢᠶ᠎ᠠ ᠪᠦᠭᠦᠢ ᠰᠠᠯᠠᠭ᠎ᠠ ᠮᠦᠴᠢᠷ᠎ᠨᠢ ᠡᠷᠬᠡ ᠰᠦᠷᠳᠡᠢ᠎ᠪᠠᠷ ᠤᠩᠰᠢᠨ ᠲᠠᠶ᠋ᠢᠯᠪᠤᠷᠢᠯᠠᠯᠳᠠ ᠬᠢᠵᠦ᠂ ᠰᠢᠠᠭ᠍ᠤᠸᠠ ᠬᠤᠷᠢᠶ᠎ᠠ᠎ᠨᠢ ᠡᠷᠬᠡ ᠰᠦᠷᠳᠡᠢ᠎ᠪᠠᠷ ᠨᠡᠶ᠋ᠢᠳᠡᠯᠡᠵᠦ᠂ ᠲᠦᠪ᠎ᠤᠨ ᠡᠯ᠎ᠡ ᠰᠤᠨᠢᠨ ᠮᠡᠳᠡᠬᠡᠨ᠎ᠤ ᠵᠠᠭᠤᠴᠢᠯᠠᠭᠤᠷ᠎ᠨᠢ ᠤᠯᠠᠮᠵᠢᠯᠠᠨ ᠨᠡᠶ᠋ᠢᠳᠡᠯᠡᠬᠦ ᠬᠡᠷᠡᠭᠳᠡᠢ᠃ ᠰᠠᠯᠠᠭ᠎ᠠ ᠮᠦᠴᠢᠷ᠎ᠤᠨ ᠭᠤᠤᠯ ᠬᠠᠷᠢᠭᠤᠴᠠᠯᠭ᠋ᠠᠳᠠᠨ ᠪᠤᠯ 《ᠨᠢᠬᠡᠳᠦᠬᠡᠷ ᠤᠩᠰᠢᠨ ᠲᠠᠶ᠋ᠢᠯᠪᠤᠷᠢᠯᠬᠠᠴᠢ ᠪᠠ ᠬᠠᠷᠢᠭᠤᠴᠠᠯᠭ᠋ᠠᠳᠠᠨ》 ᠪᠤᠯᠬᠤᠷ ᠵᠤᠷᠢᠨᠨᠳᠠᠢ᠎ᠪᠠᠷ ᠬᠠᠷᠢᠭᠤᠴᠠᠯᠭ᠎ᠠ ᠡᠭᠦᠷᠬᠡᠯᠡᠨ᠂ ᠶᠠᠷᠢᠶ᠎ᠠ ᠲᠠᠯᠪᠢᠵᠦ᠂ ᠵᠤᠬᠢᠶᠠᠯ ᠪᠢᠴᠢᠬᠦ᠂ ᠰᠤᠷᠪᠤᠯᠵᠢᠯᠠᠯ ᠭᠦᠯᠢᠶᠡᠬᠦ᠂ ᠰᠤᠨᠢᠨ ᠮᠡᠳᠡᠭᠡ ᠨᠡᠶ᠋ᠢᠳᠡᠯᠡᠬᠦ ᠬᠤᠷᠠᠯ᠎ᠳᠤ ᠤᠷᠤᠯᠴᠠᠭ᠍ᠤ ᠵᠡᠷᠬᠡ ᠤᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠲᠠᠮᠵᠢᠭᠤᠯᠤᠨ᠂ ᠲᠦᠷᠦ ᠵᠢᠨ ᠪᠤᠳᠤᠯᠭ᠎ᠠ ᠵᠢ ᠲᠦᠷᠦᠭᠦᠯᠡᠨ ᠤᠩᠰᠢᠨ ᠲᠠᠶ᠋ᠢᠯᠪᠤᠷᠢᠯᠠᠵᠦ᠂ ᠡᠷᠬᠡ ᠰᠦᠷᠳᠡᠢ ᠮᠡᠳᠡᠭᠡ ᠵᠠᠩᠬᠢ ᠲᠠᠮᠵᠢᠭᠤᠯᠬᠤ ᠬᠡᠷᠡᠭᠳᠡᠢ᠃ ᠲᠦᠷᠦ ᠵᠢᠨ ᠶᠠᠪᠤᠳᠠᠯ᠎ᠤᠨ ᠬᠤᠷᠢᠶ᠎ᠠ ᠪᠤᠶᠤ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ ᠨᠡᠷ᠎ᠡ᠎ᠪᠠᠷ ᠲᠠᠷᠤᠮᠠᠯᠯᠠᠨ ᠶᠠᠪᠤᠭᠤᠯᠬᠤ ᠴᠢᠬᠤᠯᠠ ᠶᠡᠭᠡ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠲᠤᠭᠤᠷᠪᠢᠬᠰᠠᠨ ᠰᠠᠯᠠᠭ᠎ᠠ ᠮᠦᠴᠢᠷ᠎ᠨᠢ ᠤᠷᠤᠯᠠᠨ ᠨᠤᠤᠷᠬᠠᠯᠬᠠᠰᠠᠨ ᠡᠬᠡ ᠪᠢᠴᠢᠭ᠎ᠢ ᠲᠡᠬᠡᠭᠰᠢ ᠮᠡᠳᠡᠬᠦᠯᠬᠦ᠎ᠳᠡᠭᠡᠨ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠲᠦᠰᠦᠯ ᠪᠠ ᠤᠩᠰᠢᠨ ᠲᠠᠶ᠋ᠢᠯᠪᠤᠷᠢᠯᠠᠭ᠍ᠤ ᠮᠠᠲᠸᠷᠢᠶᠠᠯ᠎ᠢ ᠵᠡᠷᠬᠡᠪᠡᠷ ᠮᠡᠳᠡᠬᠦᠯᠦᠨ ᠭᠦᠷᠬᠡᠬᠦ ᠵᠢᠨ ᠬᠠᠮᠳᠤ ᠰᠠᠶ᠋ᠢᠳᠤᠷ ᠨᠠᠶ᠋ᠢᠳᠠᠪᠤᠷᠢᠵᠢᠭᠤᠯᠬᠤ ᠬᠡᠷᠡᠭᠳᠡᠢ᠃ ᠰᠤᠨᠢᠨ ᠮᠡᠳᠡᠬᠡᠨ᠎ᠤ ᠡᠬᠡ ᠪᠢᠴᠢᠭ ᠬᠠᠪᠰᠤᠷᠭ᠋ᠠᠨ ᠨᠡᠶ᠋ᠢᠳᠡᠯᠡᠬᠦ ᠴᠢᠬᠤᠯᠠᠳᠠᠢ ᠪᠠᠶ᠋ᠢᠪᠠᠯ᠂ ᠪᠢᠴᠢᠭ ᠮᠠᠲᠸᠷᠢᠶᠠᠯ᠎ᠢ ᠲᠦᠷᠦᠭᠦᠯᠡᠨ ᠲᠤᠭᠤᠷᠪᠢᠬᠰᠠᠨ ᠰᠠᠯᠠᠭ᠎ᠠ ᠮᠦᠴᠢᠷ᠎ᠨᠢ ᠬᠢᠨᠠᠮᠠᠭ᠋ᠠᠢ ᠰᠠᠶ᠋ᠢᠨ ᠪᠡᠯᠡᠳᠬᠡᠵᠦ᠂ ᠬᠠᠮᠢᠶ᠎ᠠ ᠪᠦᠭᠦᠢ ᠰᠠᠯᠠᠭ᠎ᠠ ᠮᠦᠴᠢᠷ᠎ᠤᠨ ᠰᠠᠨᠠᠯ᠎ᠢ ᠭᠦᠢ᠍ᠴᠡᠳ ᠬᠤᠷᠢᠶᠠᠵᠦ᠂ ᠲᠤᠰ ᠰᠠᠯᠠᠭ᠎ᠠ ᠮᠦᠴᠢᠷ᠎ᠤᠨ ᠭᠤᠤᠯ ᠬᠠᠷᠢᠭᠤᠴᠠᠯᠭ᠋ᠠᠳᠠᠨ ᠵᠶ᠋ᠠᠷ ᠬᠢᠨᠠᠭᠤᠯᠵᠦ ᠭᠠᠷᠤᠨ ᠦᠰᠦᠭ ᠵᠢᠷᠤᠭᠤᠯᠤᠨ᠂ ᠲᠡᠰ ᠲᠠᠷᠠᠭ᠋ᠠᠯᠠᠯ ᠵᠶ᠋ᠠᠷ ᠮᠡᠳᠡᠬᠦᠯᠦᠨ ᠵᠦᠪᠰᠢᠶᠡᠷᠡᠭᠦᠯᠦᠭᠰᠡᠨ᠎ᠤ ᠲᠠᠷᠠᠭ᠎ᠠ᠂ ᠲᠦᠪ᠎ᠤᠨ ᠭᠤᠤᠯ ᠵᠠᠭᠤᠴᠢᠯᠠᠭᠤᠷ᠎ᠠᠴᠠ ᠮᠡᠳᠡᠬᠡᠯᠡᠨ ᠨᠡᠶ᠋ᠢᠳᠡᠯᠡᠬᠦ ᠬᠡᠷᠡᠭᠳᠡᠢ᠃ ᠡᠯ᠎ᠡ ᠰᠠᠯᠠᠭ᠎ᠠ ᠮᠦᠴᠢᠷ᠎ᠤᠨ ᠲᠦᠷᠦ ᠵᠢᠨ ᠪᠤᠳᠤᠯᠭ᠎ᠠ ᠲᠤᠨᠨᠳᠠᠭ᠋ᠠᠬᠤ᠎ᠳᠤ ᠤᠷᠤᠯᠴᠬᠠᠴᠢ ᠪᠠ ᠬᠠᠮᠢᠶ᠎ᠠ ᠪᠦᠭᠦᠢ ᠲᠦᠷᠦ ᠵᠢᠨ ᠪᠤᠳᠤᠯᠭ᠎ᠠ ᠵᠢ ᠡᠵᠡᠮᠰᠢᠵᠦ᠂ ᠬᠤᠯᠪᠤᠨᠨᠳᠠᠯ ᠪᠦᠭᠦᠢ ᠭᠦᠷᠢᠶ᠎ᠡ ᠴᠠᠷᠠᠭ᠎ᠠ ᠵᠢᠨ ᠲᠤᠬᠠᠶ᠋ᠢᠯᠬᠠᠰᠠᠨ ᠠᠵᠢᠯ᠎ᠢ ᠲᠤᠳᠤᠷᠬᠠᠢ ᠤᠶ᠋ᠢᠯᠠᠭ᠋ᠠᠬᠤ ᠡᠷᠳᠡᠮᠳᠡᠨ ᠮᠡᠷᠬᠡᠵᠢᠯᠳᠡᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠤᠯᠤᠰ᠎ᠤᠨ ᠲᠤᠳᠤᠭ᠋ᠠᠳᠤ ᠭᠠᠳᠠᠭ᠋ᠠᠳᠤ ᠵᠢᠨ ᠶᠠᠷᠢᠶ᠎ᠠ ᠬᠡᠯᠡᠯᠴᠡᠬᠡᠨ᠎ᠤ ᠠᠩᠬᠠᠷᠬᠤᠢ ᠵᠢᠨ ᠲᠤᠭᠤᠷᠢᠨ᠎ᠳᠤ ᠤᠯᠠᠨ ᠬᠠᠷᠠᠭ᠋ᠠᠰᠤ᠂ ᠤᠯᠠᠨ ᠲᠠᠯ᠎ᠠ᠎ᠠᠴᠠ ᠡᠮᠬᠢ ᠵᠢᠷᠤᠮ᠎ᠲᠠᠢ ᠦᠷ᠎ᠡ ᠪᠦᠳᠦᠮᠵᠢᠳᠡᠢ᠎ᠪᠠᠷ ᠲᠦᠷᠦ ᠵᠢᠨ ᠪᠤᠳᠤᠯᠭ᠎ᠠ ᠵᠢ ᠲᠤᠳᠤᠷᠬᠠᠶ᠋ᠢᠯᠠᠨ ᠲᠠᠶ᠋ᠢᠯᠪᠤᠷᠢᠯᠠᠵᠦ᠂ ᠤᠩᠰᠢᠨ ᠲᠠᠶ᠋ᠢᠯᠪᠤᠷᠢᠯᠠᠭ᠍ᠤ ᠵᠢᠨ ᠡᠷᠬᠡ ᠰᠦᠷᠳᠦ ᠴᠢᠨᠠᠷ ᠪᠠ ᠴᠢᠭᠯᠡᠬᠦᠯᠦᠯᠳᠦ ᠴᠢᠨᠠᠷ᠎ᠢ ᠭᠦᠴᠦᠯᠡᠨ ᠲᠡᠬᠡᠭᠰᠢᠯᠡᠬᠦᠯᠬᠦ ᠬᠡᠷᠡᠭᠳᠡᠢ᠃ ᠲᠤᠰᠬᠠᠢ ᠠᠵᠢᠯ᠎ᠤᠨ ᠴᠢᠨᠠᠷ ᠵᠶ᠋ᠠᠷ ᠨᠡᠯᠢᠶᠡᠳ ᠴᠢᠩᠭ᠎ᠠ ᠲᠦᠷᠦ ᠵᠢᠨ ᠪᠤᠳᠤᠯᠭ᠎ᠠ᠎ᠨᠤᠭᠤᠳ᠎ᠢ ᠤᠩᠰᠢᠨ ᠲᠠᠶ᠋ᠢᠯᠪᠤᠷᠢᠯᠠᠭ᠍ᠤ᠎ᠳᠠᠭᠠᠨ ᠲᠦᠷᠰᠦᠯᠢᠭ᠂ ᠲᠦᠭᠦᠮ ᠤᠶ᠋ᠢᠯᠠᠭ᠋ᠠᠮᠵᠢᠳᠠᠢ ᠪᠠᠶ᠋ᠢᠯᠭ᠋ᠠᠵᠦ᠂ ᠢᠯᠡᠬᠦᠦ ᠪᠤᠳᠠᠳᠤ ᠵᠢᠱ᠌ᠢᠶ᠎ᠡ ᠲᠠᠳᠠᠵᠦ᠂ ᠢᠯᠡᠬᠦᠦ ᠦᠯᠢᠬᠡᠷᠴᠢᠯᠡᠨ ᠶᠠᠷᠢᠬᠤ ᠬᠡᠷᠡᠭᠳᠡᠢ᠃
ᠲᠦᠪ᠎ᠤᠨ ᠰᠤᠨᠢᠨ ᠮᠡᠳᠡᠬᠡᠨ᠎ᠤ ᠵᠠᠭᠤᠴᠢᠯᠠᠭᠤᠷ ᠵᠢᠴᠢ ᠬᠠᠷᠢᠶᠠᠳᠤ ᠰᠦᠯᠵᠢᠶᠡᠨ ᠦᠷᠳᠡᠭᠡ᠂ ᠪᠢᠴᠢᠯ ᠪᠦᠷᠬᠡ ᠸᠢᠴᠠᠲ ᠪᠠ ᠬᠠᠷᠢᠴᠠᠭ᠋ᠠᠨ᠎ᠤ ᠡᠷᠦᠬᠡ ᠵᠢᠨ ᠦᠵᠦᠭᠦᠷ᠎ᠢ ᠭᠦᠢ᠍ᠴᠡᠳ ᠠᠰᠢᠨᠨᠯᠠᠨ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠴᠢᠬᠤᠯᠠ ᠶᠡᠭᠡ ᠲᠦᠷᠦ ᠵᠢᠨ ᠪᠤᠳᠤᠯᠭ᠎ᠠ ᠵᠢ ᠤᠬᠠᠭᠤᠯᠤᠨ ᠤᠩᠰᠢᠨ ᠲᠠᠶ᠋ᠢᠯᠪᠤᠷᠢᠯᠠᠭ᠍ᠤ ᠠᠵᠢᠯ᠎ᠢ ᠰᠠᠶ᠋ᠢᠳᠤᠷ ᠬᠢᠵᠦ᠂ ᠭᠤᠤᠯ ᠤᠷᠤᠰᠬᠠᠯ ᠵᠠᠭᠤᠴᠢᠯᠠᠭᠤᠷ᠎ᠤᠨ 《ᠬᠠᠨᠳᠤᠯᠭ᠎ᠠ ᠭᠦᠭ ᠲᠤᠨᠨᠳᠠᠭ᠋ᠠᠬᠤ》 ᠦᠢ᠍ᠯᠡᠳᠦᠯ᠎ᠢ ᠪᠠᠳᠠᠷᠠᠭᠤᠯᠤᠨ᠂ ᠶᠠᠷᠢᠶ᠎ᠠ ᠬᠡᠯᠡᠯᠴᠡᠭᠡ ᠵᠢ ᠵᠦᠪ ᠵᠶ᠋ᠠᠷ ᠭᠦᠳᠦᠯᠦᠨ ᠵᠢᠯᠤᠭᠤᠳᠬᠤ ᠬᠡᠷᠡᠭᠳᠡᠢ᠃ ᠬᠤᠳᠠᠯᠳᠤᠭ᠋ᠠᠨ᠎ᠤ ᠰᠦᠯᠵᠢᠶᠡᠨ ᠦᠷᠳᠡᠭᠡ ᠵᠢᠴᠢ ᠶᠡᠭᠡ ᠬᠤᠳᠠ ᠵᠢᠨ ᠲᠦᠷᠦᠯ᠂ ᠲᠤᠰᠬᠠᠢ ᠮᠡᠷᠬᠡᠵᠢᠯ᠎ᠤᠨ ᠲᠦᠷᠦᠯ᠎ᠤᠨ ᠵᠠᠭᠤᠴᠢᠯᠠᠭᠤᠷ᠎ᠢ ᠠᠰᠢᠨᠨᠯᠠᠭ᠍ᠤ ᠵᠢ ᠠᠩᠬᠠᠷᠴᠤ᠂ ᠤᠯᠠᠨ᠎ᠠᠴᠠ ᠢᠯᠭ᠋ᠠᠴᠢᠯᠬᠠᠰᠠᠨ ᠠᠬᠤᠶ᠋ᠢᠴᠢᠯᠬᠠᠰᠠᠨ ᠤᠯᠠᠮᠵᠢᠯᠠᠨ ᠲᠠᠮᠵᠢᠭᠤᠯᠬᠤ ᠵᠢ ᠰᠠᠶ᠋ᠢᠳᠤᠷ ᠬᠢᠬᠦ ᠬᠡᠷᠡᠭᠳᠡᠢ᠃ ᠤᠬᠠᠭᠤᠯᠭ᠎ᠠ᠂ ᠲᠤᠤᠷ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠵᠢᠨ ᠰᠠᠯᠠᠭ᠎ᠠ ᠮᠦᠴᠢᠷ᠎ᠨᠢ ᠵᠢᠭ᠋ᠠᠨ ᠵᠢᠯᠤᠭᠤᠳᠴᠤ ᠵᠤᠬᠢᠴᠠᠭᠤᠯᠬᠤ ᠵᠢ ᠴᠢᠩᠭ᠋ᠠᠳᠬᠠᠵᠦ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠵᠦ ᠨᠡᠶ᠋ᠢᠳᠡᠯᠢᠭ ᠵᠢᠱ᠌ᠢᠶ᠎ᠡ ᠬᠡᠷᠡᠭ᠎ᠢ ᠵᠠᠳᠠᠯᠬᠤ ᠪᠠ ᠦᠷ᠎ᠡ ᠪᠦᠳᠦᠮᠵᠢ ᠵᠢ ᠦᠨᠡᠯᠡᠬᠦ ᠵᠢ ᠵᠤᠬᠢᠶᠠᠨ ᠪᠠᠶ᠋ᠢᠭᠤᠯᠤᠨ ᠦᠷᠨᠢᠬᠦᠯᠵᠦ᠂ ᠲᠤᠷᠰᠢᠯᠭ᠎ᠠ ᠠᠷᠭ᠎ᠠ ᠬᠢᠳᠡᠯ ᠵᠶ᠋ᠠᠨ ᠲᠠᠰᠤᠷᠠᠯᠳᠠ ᠦᠬᠡᠢ ᠳ᠋ᠦ᠍ᠢ᠍ᠩᠨᠡᠨ᠂ ᠠᠰᠠᠭᠤᠳᠠᠯ᠎ᠢ ᠴᠡᠭᠴᠡᠯᠡᠨ ᠦᠬᠡᠷᠡᠴᠢᠯᠡᠬᠦ ᠵᠢ ᠰᠢᠮᠳᠠᠭᠤᠯᠵᠦ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠵᠢᠨ ᠤᠯᠠᠮᠵᠢᠯᠠᠨ ᠲᠠᠮᠵᠢᠭᠤᠯᠬᠤ ᠭᠦᠴᠦᠨ ᠪᠠ ᠨᠦᠯᠦᠬᠡᠯᠡᠬᠦ ᠭᠦᠴᠦᠨ᠎ᠢ ᠦᠨᠡᠨᠬᠦ ᠴᠢᠩᠭ᠋ᠠᠳᠬᠠᠬᠤ ᠬᠡᠷᠡᠭᠳᠡᠢ᠃
ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠲᠦᠷᠦ ᠵᠢᠨ ᠪᠤᠳᠤᠯᠭ᠎ᠠ ᠵᠢᠨ ᠤᠴᠢᠷ ᠶᠠᠪᠤᠳᠠᠯ ᠮᠡᠳᠡᠭᠳᠡᠬᠦ ᠵᠤᠷᠰᠢᠯᠳᠦ ᠬᠤᠷᠠᠯ ᠪᠤᠯ ᠴᠢᠬᠤᠯᠠ ᠶᠡᠭᠡ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠴᠢᠬᠤᠯᠠ ᠲᠡᠪᠴᠡᠩ ᠪᠤᠯᠤᠨ᠎ᠠ᠂ ᠡᠯ᠎ᠡ ᠰᠠᠯᠠᠭ᠎ᠠ ᠮᠦᠴᠢᠷ᠎ᠤᠨ᠎ᠬᠢᠨ ᠲᠡᠬᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠭᠤᠤᠯ ᠬᠠᠷᠢᠭᠤᠴᠠᠯᠭ᠋ᠠᠳᠠᠨ ᠢᠳᠡᠪᠬᠢᠳᠡᠢ᠎ᠪᠠᠷ ᠤᠷᠤᠯᠴᠠᠨ᠂ ᠤᠴᠢᠷ ᠶᠠᠪᠤᠳᠠᠯ ᠮᠡᠳᠡᠭᠳᠡᠬᠦ ᠬᠤᠷᠠᠯ᠎ᠤᠨ ᠵᠦᠪᠯᠡᠬᠦ ᠰᠡᠳᠦᠪ᠎ᠤᠨ ᠲᠤᠭᠤᠷᠢᠨ᠎ᠳᠤ ᠬᠢᠨᠠᠮᠠᠭ᠋ᠠᠢ ᠰᠠᠶ᠋ᠢᠨ ᠪᠡᠯᠡᠳᠬᠡᠵᠦ᠂ ᠵᠤᠯᠭ᠋ᠠᠭᠤᠯᠵᠦ ᠵᠤᠬᠢᠴᠠᠭᠤᠯᠬᠤ ᠵᠢ ᠴᠢᠩᠭ᠋ᠠᠳᠬᠠᠨ᠂ ᠲᠤᠶ᠋ᠢᠯ᠎ᠤᠨ ᠤᠨᠤᠪᠴᠢᠳᠠᠢ᠎ᠪᠠᠷ ᠤᠴᠢᠷ ᠶᠠᠪᠤᠳᠠᠯ ᠮᠡᠳᠡᠭᠳᠡᠬᠦ ᠵᠢ ᠪᠡᠶᠡᠯᠡᠬᠦᠯᠬᠦ ᠬᠡᠷᠡᠭᠳᠡᠢ᠃ ᠤᠯᠠᠨ ᠤᠯᠤᠰ᠎ᠤᠨ ᠶᠠᠷᠢᠶ᠎ᠠ ᠬᠡᠯᠡᠯᠴᠡᠬᠡᠨ᠎ᠤ ᠴᠢᠬᠤᠯᠠ ᠠᠩᠬᠠᠷᠴᠤ ᠪᠦᠭᠦᠢ ᠵᠦᠢ᠍ᠯᠡᠰ᠎ᠲᠤ ᠬᠠᠮᠢᠶ᠎ᠠ ᠪᠦᠭᠦᠢ ᠰᠠᠯᠠᠭ᠎ᠠ ᠮᠦᠴᠢᠷ᠎ᠤᠨ ᠭᠤᠤᠯ ᠬᠠᠷᠢᠭᠤᠴᠠᠯᠭ᠋ᠠᠳᠠᠨ᠎ᠨᠢ ᠤᠯᠠᠨ ᠤᠯᠤᠰ᠎ᠤᠨ ᠭᠤᠤᠯ ᠤᠷᠤᠰᠬᠠᠯ ᠵᠠᠭᠤᠴᠢᠯᠠᠭᠤᠷ᠎ᠲᠤ ᠬᠠᠨᠳᠤᠭᠤᠯᠤᠨ᠂ ᠬᠠᠮᠳᠤ᠎ᠪᠠᠷ ᠰᠤᠷᠪᠤᠯᠵᠢᠯᠠᠭ᠍ᠤ᠂ ᠭᠠᠭᠴᠠᠭ᠋ᠠᠷ ᠰᠤᠷᠪᠤᠯᠵᠢᠯᠠᠯ ᠬᠢᠬᠦ ᠵᠡᠷᠬᠡ ᠤᠯᠠᠨ ᠵᠦᠢ᠍ᠯ᠎ᠤᠨ ᠬᠡᠯᠪᠡᠷᠢ ᠮᠠᠶᠢᠭ ᠵᠶ᠋ᠠᠷ ᠲᠠᠮᠵᠢᠭᠤᠯᠵᠦ᠂ ᠭᠦᠨᠵᠡᠬᠡᠢ ᠲᠤᠳᠤᠷᠬᠠᠶ᠋ᠢᠯᠠᠨ ᠲᠠᠶ᠋ᠢᠯᠪᠤᠷᠢᠯᠠᠵᠦ ᠬᠠᠷᠢᠭᠤ ᠦᠭᠴᠤ᠂ ᠤᠴᠢᠷ ᠶᠠᠪᠤᠳᠠᠯ ᠮᠡᠳᠡᠭᠳᠡᠬᠦ ᠬᠤᠷᠠᠯ᠎ᠤᠨ ᠪᠤᠳᠠᠳᠤ ᠦᠷ᠎ᠡ ᠠᠰᠢᠭ᠎ᠢ ᠤᠯᠠᠮ ᠨᠢᠬᠡ ᠠᠯᠬᠤᠮ ᠲᠡᠬᠡᠭᠰᠢᠯᠡᠬᠦᠯᠬᠦ ᠬᠡᠷᠡᠭᠳᠡᠢ᠃ ᠴᠢᠬᠤᠯᠠ ᠶᠡᠭᠡ ᠬᠡᠨᠡᠳᠳᠡ ᠵᠢᠨ ᠬᠡᠷᠡᠭ ᠪᠠ ᠨᠡᠶ᠋ᠢᠬᠡᠮ᠎ᠤᠨ ᠴᠢᠬᠤᠯᠠ ᠠᠩᠬᠠᠷᠴᠤ ᠪᠦᠭᠦᠢ ᠶᠠᠪᠤᠳᠠᠯ ᠲᠤᠬᠢᠶᠠᠯᠳᠤᠪᠠᠯ᠂ ᠬᠠᠮᠢᠶ᠎ᠠ ᠪᠦᠭᠦᠢ ᠰᠠᠯᠠᠭ᠎ᠠ ᠮᠦᠴᠢᠷ᠎ᠤᠨ ᠭᠤᠤᠯ ᠬᠠᠷᠢᠭᠤᠴᠠᠯᠭ᠋ᠠᠳᠠᠨ᠎ᠠᠴᠠ ᠤᠴᠢᠷ ᠶᠠᠪᠤᠳᠠᠯ ᠮᠡᠳᠡᠭᠳᠡᠬᠦ ᠬᠤᠷᠠᠯ᠎ᠳᠤ ᠴᠠᠭ ᠲᠤᠬᠠᠢᠳᠤᠨᠢ ᠰᠠᠨᠠᠭ᠋ᠠᠴᠢᠯᠠᠭ᠎ᠠ᠎ᠠᠴᠠ᠎ᠪᠠᠨ ᠤᠷᠤᠯᠴᠠᠵᠦ᠂ ᠵᠤᠨᠨᠰᠤᠯᠳᠠ ᠤᠪᠤᠷ ᠵᠶ᠋ᠠᠨ ᠲᠤᠳᠤᠷᠬᠠᠶ᠋ᠢᠯᠠᠨ᠂ ᠡᠷᠬᠡ ᠰᠦᠷᠳᠦ ᠲᠠᠭᠤᠨ ᠬᠤᠭᠤᠯᠠᠢ ᠭᠠᠷᠭ᠋ᠠᠬᠤ ᠬᠡᠷᠡᠭᠳᠡᠢ᠃ ᠡᠯ᠎ᠡ ᠰᠠᠯᠠᠭ᠎ᠠ ᠮᠦᠴᠢᠷ᠎ᠤᠨ ᠭᠤᠤᠯ ᠬᠠᠷᠢᠭᠤᠴᠠᠯᠭ᠋ᠠᠳᠠᠨ᠎ᠨᠢ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠲᠦᠷᠦ ᠵᠢᠨ ᠪᠤᠳᠤᠯᠭ᠎ᠠ ᠵᠢᠨ ᠤᠴᠢᠷ ᠶᠠᠪᠤᠳᠠᠯ ᠮᠡᠳᠡᠭᠳᠡᠬᠦ ᠵᠤᠷᠰᠢᠯᠳᠦ ᠬᠤᠷᠠᠯ᠎ᠳᠤ ᠤᠷᠤᠯᠴᠬᠠᠰᠠᠨ ᠪᠠᠶ᠋ᠢᠳᠠᠯ᠎ᠢ ᠲᠤᠨᠨᠳᠠᠮᠠᠯ ᠬᠤᠭᠤᠴᠠᠭ᠎ᠠ᠎ᠲᠠᠢ᠎ᠪᠠᠷ ᠨᠡᠪᠲᠡᠷᠡᠭᠦᠯᠦᠨ ᠮᠡᠳᠡᠭᠦᠯᠬᠦ ᠬᠡᠷᠡᠭᠳᠡᠢ᠃
(ᠬᠤᠶᠠᠷ) ᠡᠯ᠎ᠡ ᠭᠠᠵᠠᠷ ᠤᠷᠤᠨ᠎ᠤ ᠡᠯ᠎ᠡ ᠰᠠᠯᠠᠭ᠎ᠠ ᠮᠦᠴᠢᠷ᠎ᠨᠢ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠠᠵᠢᠯ᠎ᠢ ᠴᠢᠩᠭ᠋ᠠᠳᠬᠠᠬᠤ ᠬᠡᠷᠡᠭᠳᠡᠢ᠃
ᠡᠯ᠎ᠡ ᠭᠠᠵᠠᠷ ᠤᠷᠤᠨ᠎ᠤ ᠡᠯ᠎ᠡ ᠰᠠᠯᠠᠭ᠎ᠠ ᠮᠦᠴᠢᠷ᠎ᠨᠢ 《ᠬᠡᠨ ᠲᠤᠭᠤᠷᠪᠢᠪᠠᠯ᠂ ᠲᠡᠷᠡ ᠤᠩᠰᠢᠨ ᠲᠠᠶ᠋ᠢᠯᠪᠤᠷᠢᠯᠠᠭ᠍ᠤ》 ᠵᠠᠷᠴᠢᠮ ᠶᠤᠰᠤᠭ᠋ᠠᠷ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠠᠵᠢᠯ᠎ᠢ ᠰᠠᠶ᠋ᠢᠳᠤᠷ ᠬᠢᠬᠦ ᠬᠡᠷᠡᠭᠳᠡᠢ᠃ ᠰᠠᠯᠠᠭ᠎ᠠ ᠮᠦᠴᠢᠷ᠎ᠤᠨ ᠨᠡᠷ᠎ᠡ᠎ᠪᠠᠷ ᠲᠠᠷᠤᠮᠠᠯᠯᠠᠨ ᠶᠠᠪᠤᠭᠤᠯᠤᠨᠨᠰᠠᠨ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠲᠤᠨᠨᠳᠠᠭ᠋ᠠᠵᠦ ᠶᠠᠪᠤᠭᠤᠯᠬᠤ ᠰᠠᠯᠠᠭ᠎ᠠ ᠮᠦᠴᠢᠷ᠎ᠨᠢ ᠤᠩᠰᠢᠨ ᠲᠠᠶ᠋ᠢᠯᠪᠤᠷᠢᠯᠠᠭ᠍ᠤ ᠠᠵᠢᠯ᠎ᠢ ᠬᠠᠷᠢᠭᠤᠴᠠᠨ ᠰᠠᠶ᠋ᠢᠳᠤᠷ ᠬᠢᠨ᠎ᠠ; ᠰᠠᠯᠠᠭ᠎ᠠ ᠮᠦᠴᠢᠷ ᠬᠠᠮᠳᠤᠷᠠᠨ ᠪᠢᠴᠢᠭ ᠮᠠᠲᠸᠷᠢᠶᠠᠯ ᠶᠠᠪᠤᠭᠤᠯᠤᠨᠨᠰᠠᠨ ᠪᠠᠶ᠋ᠢᠪᠠᠯ᠂ ᠲᠦᠷᠦᠭᠦᠯᠡᠨ ᠬᠢᠬᠦ ᠰᠠᠯᠠᠭ᠎ᠠ ᠮᠦᠴᠢᠷ᠎ᠨᠢ ᠤᠩᠰᠢᠨ ᠲᠠᠶ᠋ᠢᠯᠪᠤᠷᠢᠯᠠᠭ᠍ᠤ ᠠᠵᠢᠯ᠎ᠢ ᠬᠠᠷᠢᠭᠤᠴᠠᠨ ᠰᠠᠶ᠋ᠢᠳᠤᠷ ᠬᠢᠵᠦ᠂ ᠪᠢᠴᠢᠭ ᠮᠠᠲᠸᠷᠢᠶᠠᠯ ᠬᠠᠮᠳᠤᠷᠠᠨ ᠶᠠᠪᠤᠭᠤᠯᠤᠨᠨᠰᠠᠨ ᠪᠤᠰᠤᠳ ᠰᠠᠯᠠᠭ᠎ᠠ ᠮᠦᠴᠢᠷ᠎ᠨᠢ ᠬᠠᠮᠵᠢᠯᠴᠠᠭ᠍ᠤ ᠬᠡᠷᠡᠭᠳᠡᠢ᠃ ᠵᠠᠰᠠᠭ᠎ᠤᠨ ᠤᠷᠳᠤᠨ᠎ᠤ ᠨᠡᠷ᠎ᠡ᠎ᠪᠠᠷ ᠲᠠᠷᠤᠮᠠᠯᠯᠠᠨ ᠶᠠᠪᠤᠭᠤᠯᠤᠨᠨᠰᠠᠨ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠲᠤᠭᠤᠷᠪᠢᠨᠨᠰᠠᠨ ᠰᠠᠯᠠᠭ᠎ᠠ ᠮᠦᠴᠢᠷ᠎ᠨᠢ ᠤᠩᠰᠢᠨ ᠲᠠᠶ᠋ᠢᠯᠪᠤᠷᠢᠯᠠᠭ᠍ᠤ ᠠᠵᠢᠯ᠎ᠢ ᠰᠠᠶ᠋ᠢᠳᠤᠷ ᠬᠢᠬᠦ ᠬᠡᠷᠡᠭᠳᠡᠢ᠃ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠦᠶᠡᠰ᠂ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢᠨ ᠠᠬᠤᠢ ᠪᠠᠶ᠋ᠢᠳᠠᠯ᠎ᠤᠨ ᠦᠨᠳᠦᠰᠦ ᠪᠠᠷᠢᠮᠳᠠ᠂ ᠬᠠᠷᠠᠯᠳᠠᠳᠤ ᠡᠭᠦᠷᠬᠡ᠂ ᠭᠤᠤᠯ ᠠᠭᠤᠯᠭ᠎ᠠ᠂ ᠬᠤᠯᠪᠤᠨᠨᠳᠠᠭ᠍ᠤ ᠭᠦᠷᠢᠶ᠎ᠡ ᠬᠡᠪᠴᠢᠶ᠎ᠡ᠂ ᠬᠡᠷᠡᠭᠵᠢᠬᠦᠯᠬᠦ ᠪᠠᠷᠢᠮᠵᠢᠶ᠎ᠠ᠂ ᠵᠢᠴᠢ ᠠᠩᠬᠠᠷᠬᠤ ᠵᠦᠢ᠍ᠯ᠂ ᠵᠠᠩᠬᠢᠯᠠᠭ᠎ᠠ ᠦᠬᠡᠰᠢ ᠲᠠᠶ᠋ᠢᠯᠪᠤᠷᠢᠯᠠᠭ᠍ᠤ᠂ ᠠᠷᠠᠳ᠎ᠢ ᠬᠠᠷᠠᠭ᠋ᠠᠯᠵᠠᠵᠦ ᠠᠷᠠᠳ᠎ᠲᠤ ᠠᠰᠢᠭ ᠭᠦᠷᠳᠡᠬᠡᠬᠦ ᠠᠷᠭ᠎ᠠ ᠪᠠᠷᠢᠯ᠂ ᠰᠢᠨ᠎ᠠ ᠬᠠᠭᠤᠴᠢᠨ ᠲᠦᠷᠦ ᠵᠢᠨ ᠪᠤᠳᠤᠯᠭ᠎ᠠ ᠵᠢᠨ ᠵᠦᠷᠢᠶ᠎ᠡ ᠢᠯᠭ᠋ᠠᠯ ᠵᠡᠷᠬᠡ ᠵᠢ ᠭᠤᠤᠯᠳᠠᠯᠭ᠎ᠠ᠎ᠲᠠᠢ ᠤᠩᠰᠢᠨ ᠲᠠᠶ᠋ᠢᠯᠪᠤᠷᠢᠯᠠᠵᠦ᠂ ᠲᠦᠷᠦ ᠵᠢᠨ ᠪᠤᠳᠤᠯᠭ᠎ᠠ ᠵᠢᠨ ᠠᠭᠤᠯᠤᠨᠨᠳᠠᠭ᠍ᠤᠨᠢ ᠢᠯᠡ ᠲᠤᠳᠤ ᠪᠤᠯᠭ᠋ᠠᠨ᠂ ᠲᠠᠶ᠋ᠢᠯᠤᠮᠵᠢ ᠵᠢᠨ ᠲᠠᠯ᠎ᠠ᠎ᠪᠠᠷ ᠠᠳᠡᠬᠦᠦ ᠪᠤᠷᠤᠭᠤ ᠭᠠᠷᠬᠤ᠎ᠠᠴᠠ ᠵᠠᠶ᠋ᠢᠯᠠᠰᠬᠢᠬᠦ ᠬᠡᠷᠡᠭᠳᠡᠢ᠃
ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ ᠬᠢᠬᠡᠳ ᠤᠩᠰᠢᠨ ᠲᠠᠶ᠋ᠢᠯᠪᠤᠷᠢᠯᠠᠭ᠍ᠤ ᠲᠦᠰᠦᠯ᠂ ᠤᠩᠰᠢᠨ ᠲᠠᠶ᠋ᠢᠯᠪᠤᠷᠢᠯᠠᠭ᠍ᠤ ᠮᠠᠲᠸᠷᠢᠶᠠᠯ᠎ᠢ ᠵᠡᠷᠬᠡᠪᠡᠷ ᠵᠤᠬᠢᠶᠠᠨ ᠪᠠᠶ᠋ᠢᠭᠤᠯᠵᠦ᠂ ᠢᠵᠢᠯ ᠠᠯᠬᠤᠮ ᠵᠶ᠋ᠠᠷ ᠬᠢᠨᠠᠵᠦ ᠭᠠᠷᠤᠨ ᠦᠰᠦᠭ ᠵᠢᠷᠤᠵᠦ᠂ ᠵᠡᠷᠭᠡ᠎ᠪᠡᠷ ᠪᠠᠶ᠋ᠢᠷᠢᠯᠠᠭᠤᠯᠬᠤ ᠵᠢ ᠪᠠᠷᠢᠮᠳᠠᠯᠠᠭ᠍ᠤ ᠬᠡᠷᠡᠭᠳᠡᠢ᠃ ᠰᠠᠯᠠᠭ᠎ᠠ ᠮᠦᠴᠢᠷ᠎ᠤᠨ ᠨᠡᠷ᠎ᠡ᠎ᠪᠠᠷ ᠲᠠᠷᠤᠮᠠᠯᠯᠠᠨ ᠶᠠᠪᠤᠭᠤᠯᠤᠨᠨᠰᠠᠨ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠮᠡᠳᠡᠬᠦᠯᠦᠨ ᠵᠦᠪᠰᠢᠶᠡᠷᠡᠭᠦᠯᠬᠦ ᠦᠶᠡᠰ ᠤᠩᠰᠢᠨ ᠲᠠᠶ᠋ᠢᠯᠪᠤᠷᠢᠯᠠᠭ᠍ᠤ ᠲᠦᠰᠦᠯ᠂ ᠤᠩᠰᠢᠨ ᠲᠠᠶ᠋ᠢᠯᠪᠤᠷᠢᠯᠠᠭ᠍ᠤ ᠮᠠᠲᠸᠷᠢᠶᠠᠯ᠎ᠢ ᠬᠠᠮᠲᠦ᠎ᠳᠤᠨᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ᠎ᠳᠤ ᠮᠡᠳᠡᠬᠦᠯᠦᠨ ᠬᠢᠨᠠᠭᠤᠯᠵᠦ ᠭᠠᠷᠤᠨ ᠦᠰᠦᠭ ᠵᠢᠷᠤᠭᠤᠯᠬᠤ ᠬᠡᠷᠡᠭᠳᠡᠢ᠃ ᠵᠠᠰᠠᠭ᠎ᠤᠨ ᠤᠷᠳᠤᠨ᠎ᠤ ᠨᠡᠷ᠎ᠡ᠎ᠪᠠᠷ ᠲᠠᠷᠤᠮᠠᠯᠯᠠᠨ ᠶᠠᠪᠤᠭᠤᠯᠤᠨᠨᠰᠠᠨ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠲᠦᠷᠦᠭᠦᠯᠡᠨ ᠲᠤᠭᠤᠷᠪᠢᠨᠨᠰᠠᠨ ᠰᠠᠯᠠᠭ᠎ᠠ ᠮᠦᠴᠢᠷ᠎ᠨᠢ ᠤᠷᠤᠯᠠᠨ ᠨᠤᠤᠷᠬᠠᠯᠬᠠᠰᠠᠨ ᠡᠬᠡ ᠪᠢᠴᠢᠭ᠎ᠢ ᠲᠡᠬᠡᠭᠰᠢ ᠮᠡᠳᠡᠬᠦᠯᠬᠦ ᠦᠶᠡᠰ ᠲᠤᠰ ᠰᠠᠯᠠᠭ᠎ᠠ ᠮᠦᠴᠢᠷ᠎ᠤᠨ ᠭᠤᠤᠯ ᠬᠠᠷᠢᠭᠤᠴᠠᠯᠭ᠋ᠠᠳᠠᠨ᠎ᠤ ᠬᠢᠨᠠᠨ ᠲᠤᠨᠨᠳ᠋ᠬᠠᠰᠠᠨ ᠤᠩᠰᠢᠨ ᠲᠠᠶ᠋ᠢᠯᠪᠤᠷᠢᠯᠠᠭ᠍ᠤ ᠲᠦᠰᠦᠯ ᠪᠠ ᠤᠩᠰᠢᠨ ᠲᠠᠶ᠋ᠢᠯᠪᠤᠷᠢᠯᠠᠭ᠍ᠤ ᠮᠠᠲᠸᠷᠢᠶᠠᠯ᠎ᠢ ᠬᠠᠮᠳᠤ᠎ᠳᠤᠨᠢ ᠮᠡᠳᠡᠬᠦᠯᠦᠨ ᠭᠦᠷᠬᠡᠵᠦ᠂ ᠮᠡᠳᠡᠬᠦᠯᠦᠨ ᠭᠦᠷᠬᠡᠭᠰᠡᠨ ᠮᠠᠲᠸᠷᠢᠶᠠᠯ᠎ᠨᠢ ᠪᠦᠷᠢᠨ ᠪᠤᠰᠤ ᠪᠠᠶ᠋ᠢᠪᠠᠯ᠂ ᠵᠠᠰᠠᠭ᠎ᠤᠨ ᠤᠷᠳᠤᠨ᠎ᠤ ᠠᠯᠪᠠᠨ ᠲᠢᠩᠬᠢᠮ (ᠬᠡᠷ)᠎ᠠᠴᠠ ᠲᠤᠨᠨᠳᠠᠭ᠋ᠠᠯ ᠶᠤᠰᠤᠭ᠋ᠠᠷ ᠠᠯᠪᠠᠨ ᠪᠢᠴᠢᠭ᠎ᠢ ᠪᠤᠴᠠᠭ᠋ᠠᠬᠤ ᠬᠡᠷᠡᠭᠳᠡᠢ᠃ ᠠᠯᠪᠠᠨ ᠪᠢᠴᠢᠭ᠎ᠢ ᠨᠡᠶ᠋ᠢᠳᠡᠯᠡᠬᠦ᠎ᠠᠴᠠ ᠡᠮᠤᠨ᠎ᠠ᠂ ᠲᠦᠷᠦ ᠵᠢᠨ ᠪᠤᠳᠤᠯᠭ᠎ᠠ ᠵᠢᠨ ᠤᠴᠢᠷ ᠶᠠᠪᠤᠳᠠᠯ᠎ᠢ ᠮᠡᠳᠡᠭᠳᠡᠵᠦ ᠤᠩᠰᠢᠨ ᠲᠠᠶ᠋ᠢᠯᠪᠤᠷᠢᠯᠠᠭ᠍ᠤ ᠪᠠ ᠵᠢᠱ᠌ᠢᠯᠳᠡ ᠵᠢ ᠭᠦᠳᠦᠯᠦᠨ ᠵᠢᠯᠤᠭᠤᠳᠬᠤ ᠵᠢ ᠰᠠᠶ᠋ᠢᠳᠤᠷ ᠬᠢᠬᠦ ᠬᠡᠷᠡᠭᠳᠡᠢ; ᠠᠯᠪᠠᠨ ᠪᠢᠴᠢᠭ᠎ᠢ ᠨᠡᠶ᠋ᠢᠳᠡᠯᠡᠬᠦ ᠦᠶᠡᠰ᠂ ᠬᠠᠮᠢᠶ᠎ᠠ ᠪᠦᠭᠦᠢ ᠤᠩᠰᠢᠨ ᠲᠠᠶ᠋ᠢᠯᠪᠤᠷᠢᠯᠠᠭ᠍ᠤ ᠮᠠᠲᠸᠷᠢᠶᠠᠯ᠎ᠢ ᠠᠯᠪᠠᠨ ᠪᠢᠴᠢᠭ᠎ᠲᠠᠢ ᠵᠡᠷᠬᠡᠪᠡᠷ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠪᠠ ᠵᠠᠭᠤᠴᠢᠯᠠᠭᠤᠷ᠎ᠲᠤ ᠨᠡᠶ᠋ᠢᠳᠡᠯᠡᠬᠦ ᠬᠡᠷᠡᠭᠳᠡᠢ; ᠪᠢᠴᠢᠭ ᠮᠠᠲᠸᠷᠢᠶᠠᠯ᠎ᠢ ᠬᠡᠷᠡᠭᠵᠢᠬᠦᠯᠬᠦ ᠶᠠᠪᠤᠴᠠ᠎ᠳᠤ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠢ ᠨᠢᠨᠨᠳᠠ ᠮᠦᠷᠳᠡᠵᠦ᠂ ᠤᠩᠰᠢᠨ ᠲᠠᠶ᠋ᠢᠯᠪᠤᠷᠢᠯᠠᠭ᠍ᠤ ᠵᠢ ᠬᠡᠰᠡᠭ ᠬᠤᠪᠢᠶᠠᠨ᠂ ᠤᠯᠠᠨ ᠤᠳᠠᠭ᠎ᠠ᠂ ᠦᠷᠭᠦᠯᠵᠢᠯᠡᠨ ᠦᠷᠨᠢᠬᠦᠯᠵᠦ᠂ ᠴᠠᠭ ᠲᠤᠬᠠᠢᠳᠤᠨᠢ ᠠᠰᠠᠭᠤᠯᠳᠠ ᠵᠢ ᠬᠠᠷᠢᠭᠤᠯᠵᠦ ᠮᠠᠳᠠᠭ᠎ᠢ ᠠᠯᠳᠠᠷᠠᠭ᠋ᠠᠵᠦ᠂ ᠰᠠᠨᠠᠭ᠋ᠠᠴᠢᠯᠠᠭ᠋ᠠᠳᠤ ᠴᠢᠨᠠᠷ᠂ ᠬᠠᠨᠳᠤᠯᠭ᠋ᠠᠳᠤ ᠴᠢᠨᠠᠷ ᠪᠠ ᠬᠤᠭᠤᠴᠠᠭ᠋ᠠᠳᠤ ᠴᠢᠨᠠᠷ᠎ᠢ ᠲᠠᠰᠤᠷᠠᠯᠳᠠ ᠦᠬᠡᠢ ᠴᠢᠩᠭ᠋ᠠᠳᠬᠠᠬᠤ ᠬᠡᠷᠡᠭᠳᠡᠢ᠃
ᠤᠯᠠᠨ ᠲᠦᠮᠡᠨ᠎ᠤ ᠬᠤᠪᠢ ᠪᠡᠶ᠎ᠡ ᠵᠢᠨ ᠠᠰᠢᠭ ᠲᠤᠰᠠ᠎ᠳᠤ ᠬᠤᠯᠪᠤᠨᠨᠳᠠᠭ᠍ᠤ᠂ ᠵᠠᠬ᠎ᠠ ᠲᠡᠯᠬᠡᠭᠦᠷ᠎ᠤᠨ ᠵᠢᠱ᠌ᠢᠯᠳᠡ ᠵᠢ ᠨᠦᠯᠦᠬᠡᠯᠡᠬᠦ ᠵᠡᠷᠬᠡ ᠴᠢᠬᠤᠯᠠ ᠲᠦᠷᠦ ᠵᠢᠨ ᠪᠤᠳᠤᠯᠭ᠎ᠠ᠎ᠳᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠨᠢ ᠵᠠᠭᠤᠴᠢᠯᠠᠭᠤᠷ᠎ᠢ ᠴᠢᠳᠠᠮᠠᠭ᠋ᠠᠢ ᠬᠡᠷᠡᠭᠯᠡᠵᠦ᠂ ᠦᠨᠡᠨ᠎ᠠᠴᠠ ᠵᠦᠪ᠎ᠢ ᠡᠷᠢᠵᠦ᠂ ᠬᠠᠷᠠᠯᠳᠠ᠎ᠲᠠᠢ᠎ᠪᠠᠷ ᠲᠦᠷᠦ ᠵᠢᠨ ᠪᠤᠳᠤᠯᠭ᠎ᠠ ᠵᠢᠨ ᠤᠩᠰᠢᠨ ᠲᠠᠶ᠋ᠢᠯᠪᠤᠷᠢᠯᠠᠯᠳᠠ ᠬᠢᠬᠦ ᠵᠢ ᠦᠷᠨᠢᠬᠦᠯᠵᠦ᠂ ᠵᠠᠰᠠᠭ᠎ᠤᠨ ᠤᠷᠳᠤᠨ ᠬᠢᠬᠡᠳ ᠵᠠᠬ᠎ᠠ ᠲᠡᠯᠬᠡᠭᠦᠷ᠂ ᠨᠡᠶ᠋ᠢᠬᠡᠮᠯᠦᠭᠡ ᠨᠡᠪᠳᠡᠷᠡᠯᠴᠡᠬᠦ ᠠᠵᠢᠯ᠎ᠢ ᠰᠠᠶ᠋ᠢᠳᠤᠷ ᠬᠢᠵᠦ᠂ ᠲᠦᠷᠦ ᠵᠢᠨ ᠪᠤᠳᠤᠯᠭ᠎ᠠ ᠵᠢᠨ ᠰᠠᠨᠠᠭ᠎ᠠ ᠵᠤᠷᠢᠯᠭ᠎ᠠ ᠵᠢ ᠴᠠᠭ ᠲᠤᠬᠠᠢᠳᠤᠨᠢ ᠤᠨᠤᠪᠴᠢᠳᠠᠢ ᠲᠠᠮᠵᠢᠭᠤᠯᠬᠤ ᠬᠡᠷᠡᠭᠳᠡᠢ᠃ ᠬᠠᠷᠢᠭᠤ ᠲᠤᠰᠬᠠᠯ᠎ᠤᠨ ᠮᠡᠳᠡᠭᠡ ᠵᠠᠩᠬᠢ ᠵᠢ ᠴᠤᠨᠨᠯᠠᠭᠤᠯᠬᠤ ᠵᠢ ᠴᠢᠬᠤᠯᠠᠴᠢᠯᠠᠵᠦ᠂ ᠵᠠᠬ᠎ᠠ ᠲᠡᠯᠬᠡᠭᠦᠷ ᠪᠠ ᠨᠡᠶ᠋ᠢᠬᠡᠮ᠎ᠤᠨ ᠠᠩᠬᠠᠷᠴᠤ ᠪᠦᠭᠦᠢ ᠵᠦᠢ᠍ᠯᠡᠰ᠎ᠲᠤ ᠴᠢᠭᠯᠡᠬᠦᠯᠦᠨ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠵᠢ ᠨᠡᠩ ᠨᠠᠷᠢᠯᠢᠬ ᠭᠦᠢ᠍ᠴᠡᠳ᠂ ᠨᠡᠩ ᠴᠠᠭ ᠲᠤᠬᠠᠢᠳᠤᠨᠢ ᠰᠠᠶ᠋ᠢᠳᠤᠷ ᠬᠢᠵᠦ᠂ ᠠᠳᠡᠬᠦᠦ ᠪᠤᠷᠤᠭᠤ ᠦᠢ᠍ᠯᠠᠭ᠋ᠠᠯᠳᠠ ᠵᠢ ᠪᠠᠭ᠋ᠠᠰᠬᠠᠨ᠂ ᠵᠢᠱ᠌ᠢᠭᠰᠡᠨ ᠬᠤᠭᠤᠴᠠᠭ᠎ᠠ ᠵᠢ ᠲᠤᠨᠨᠳᠠᠪᠦᠷᠢᠲᠠᠢ ᠪᠠᠶ᠋ᠢᠯᠭ᠋ᠠᠬᠤ ᠬᠡᠷᠡᠭᠳᠡᠢ᠃
ᠭᠤᠷᠪᠠ᠂ ᠠᠩᠬᠠᠷᠴᠤ ᠪᠦᠭᠦᠢ ᠵᠦᠢ᠍ᠯ᠎ᠳᠤ ᠢᠳᠡᠪᠬᠢᠳᠡᠢ᠎ᠪᠠᠷ ᠬᠠᠷᠢᠭᠤ ᠦᠭᠭᠦᠨ᠎ᠠ
(ᠨᠢᠬᠡ) ᠬᠠᠷᠢᠭᠤ ᠦᠭᠭᠦ ᠬᠠᠷᠢᠭᠤᠴᠠᠯᠭ᠎ᠠ ᠵᠢ ᠲᠤᠳᠤᠷᠬᠠᠶ᠋ᠢᠯᠠᠭ᠍ᠤ ᠬᠡᠷᠡᠭᠳᠡᠢ᠃ ᠬᠠᠷᠢᠶᠠᠳᠤ ᠤᠷᠤᠨ ᠵᠶ᠋ᠠᠨ ᠬᠠᠮᠢᠶᠠᠷᠬᠤ᠂ ᠱᠠᠳᠤ ᠬᠤᠪᠢᠶᠠᠨ ᠬᠠᠷᠢᠭᠤᠴᠠᠭ᠍ᠤ᠂ ᠬᠡᠨ ᠭᠤᠤᠯᠴᠢᠯᠠᠨ ᠬᠠᠮᠢᠶᠠᠷᠪᠠᠯ ᠲᠡᠷᠡ ᠬᠠᠷᠢᠭᠤᠴᠠᠭ᠍ᠤ ᠵᠠᠷᠴᠢᠮ ᠶᠤᠰᠤᠭ᠋ᠠᠷ᠂ ᠵᠠᠰᠠᠭ᠎ᠤᠨ ᠶᠠᠪᠤᠳᠠᠯ᠎ᠤᠨ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠳᠤ ᠬᠠᠷᠢᠭᠤ ᠦᠭᠭᠦ ᠠᠵᠢᠯ᠎ᠢ ᠰᠠᠶ᠋ᠢᠳᠤᠷ ᠬᠢᠵᠦ᠂ ᠤᠴᠢᠷ ᠶᠠᠪᠤᠳᠠᠯ᠎ᠳᠤ ᠬᠤᠯᠪᠤᠨᠨᠳᠠᠭ᠍ᠤ ᠬᠠᠷᠢᠭᠤᠴᠠᠯᠭ᠋ᠠᠳᠤ ᠰᠠᠯᠠᠭ᠎ᠠ ᠮᠦᠴᠢᠷ᠎ᠨᠢ ᠨᠢᠬᠡᠳᠦᠬᠡᠷ ᠬᠠᠷᠢᠭᠤᠴᠠᠯᠭ᠎ᠠ ᠵᠢᠨ ᠭᠤᠤᠯ ᠴᠤᠨᠨᠴᠠ ᠮᠦᠨ᠃ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠴᠢᠬᠤᠯᠠ ᠶᠡᠭᠡ ᠲᠦᠷᠦ ᠵᠢᠨ ᠪᠤᠳᠤᠯᠭ᠎ᠠ᠂ ᠴᠢᠬᠤᠯᠠ ᠠᠵᠢᠯ᠎ᠤᠨ ᠪᠠᠶ᠋ᠢᠷᠢᠯᠠᠭᠤᠯᠤᠯᠳᠠ᠎ᠳᠤ ᠬᠤᠯᠪᠤᠨᠨᠳᠠᠭ᠍ᠤ ᠵᠠᠰᠠᠭ᠎ᠤᠨ ᠶᠠᠪᠤᠳᠠᠯ᠎ᠤᠨ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠳᠤ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠬᠠᠮᠢᠶ᠎ᠠ ᠪᠦᠭᠦᠢ ᠰᠠᠯᠠᠭ᠎ᠠ ᠮᠦᠴᠢᠷ᠎ᠨᠢ ᠬᠠᠷᠢᠭᠤ ᠦᠭᠭᠦ ᠭᠤᠤᠯ ᠴᠤᠨᠨᠴᠠ ᠪᠤᠯᠤᠨ᠎ᠠ; ᠤᠷᠤᠨ ᠨᠤᠳᠤᠭ᠎ᠲᠤ ᠬᠤᠯᠪᠤᠨᠨᠳᠠᠭ᠍ᠤ ᠵᠠᠰᠠᠭ᠎ᠤᠨ ᠶᠠᠪᠤᠳᠠᠯ᠎ᠤᠨ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠳᠤ᠂ ᠬᠠᠷᠢᠶᠠᠳᠤ ᠤᠷᠤᠨ᠎ᠤ ᠤᠴᠢᠷ ᠶᠠᠪᠤᠳᠠᠯ᠎ᠳᠤ ᠬᠤᠯᠪᠤᠨᠨᠳᠠᠭ᠍ᠤ ᠬᠠᠷᠢᠭᠤᠴᠠᠯᠭ᠋ᠠᠳᠤ ᠰᠠᠯᠠᠭ᠎ᠠ ᠮᠦᠴᠢᠷ᠎ᠨᠢ ᠬᠠᠷᠢᠭᠤ ᠦᠭᠭᠦ ᠭᠤᠤᠯ ᠴᠤᠨᠨᠴᠠ ᠪᠤᠯᠤᠨ᠎ᠠ; ᠤᠯᠠᠨ ᠤᠷᠤᠨ ᠨᠤᠳᠤᠭ᠎ᠤᠨ ᠵᠠᠰᠠᠭ᠎ᠤᠨ ᠶᠠᠪᠤᠳᠠᠯ᠎ᠤᠨ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠳᠤ ᠬᠤᠯᠪᠤᠨᠨᠳᠠᠪᠠᠯ᠂ ᠲᠡᠬᠡᠳᠦ ᠱᠠᠳᠤᠨ᠎ᠤ ᠵᠠᠰᠠᠭ᠎ᠤᠨ ᠤᠷᠳᠤᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠬᠠᠷᠢᠭᠤ ᠦᠭᠭᠦ ᠭᠤᠤᠯ ᠴᠤᠨᠨᠴᠠ ᠪᠤᠯᠤᠨ᠎ᠠ᠃ ᠵᠠᠰᠠᠭ᠎ᠤᠨ ᠤᠷᠳᠤᠨ᠎ᠤ ᠠᠯᠪᠠᠨ ᠲᠢᠩᠬᠢᠮ (ᠬᠡᠷ)᠎ᠨᠢ ᠤᠬᠠᠭᠤᠯᠭ᠎ᠠ ᠵᠢᠨ ᠰᠠᠯᠠᠭ᠎ᠠ ᠮᠦᠴᠢᠷ᠎ᠯᠦᠭᠡ ᠬᠠᠮᠳᠤ᠎ᠪᠠᠷ ᠵᠤᠬᠢᠶᠠᠨ ᠪᠠᠶ᠋ᠢᠭᠤᠯᠵᠦ ᠵᠤᠬᠢᠴᠠᠭᠤᠯᠬᠤ ᠠᠵᠢᠯ᠎ᠢ ᠰᠠᠶ᠋ᠢᠳᠤᠷ ᠬᠢᠬᠦ ᠬᠡᠷᠡᠭᠳᠡᠢ᠃
(ᠬᠤᠶᠠᠷ) ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠢ ᠴᠤᠨᠨᠯᠠᠭᠤᠯᠬᠤ ᠵᠢᠨ ᠭᠤᠤᠯᠳᠠᠯᠭ᠎ᠠ ᠵᠢ ᠲᠤᠪᠤᠶ᠋ᠢᠯᠭ᠋ᠠᠬᠤ ᠬᠡᠷᠡᠭᠳᠡᠢ᠃ ᠭᠤᠤᠯᠳᠠᠭᠤ ᠨᠠᠮ᠎ᠤᠨ ᠲᠦᠪ ᠬᠤᠷᠢᠶ᠎ᠠ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠴᠢᠬᠤᠯᠠ ᠶᠡᠭᠡ ᠰᠶ᠋ᠢᠳᠪᠦᠷᠢᠳᠦ ᠪᠤᠳᠤᠯᠭ᠎ᠠ ᠵᠢᠨ ᠪᠠᠶ᠋ᠢᠷᠢᠯᠠᠭᠤᠯᠤᠯᠳᠠ᠂ ᠵᠠᠰᠠᠭ᠎ᠤᠨ ᠤᠷᠳᠤᠨ᠎ᠤ ᠪᠠᠶ᠋ᠢᠩᠭᠤ ᠵᠢᠨ ᠬᠤᠷᠠᠯ ᠪᠠ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠰᠠᠯᠠᠭ᠎ᠠ ᠮᠦᠴᠢᠷ᠎ᠤᠨ ᠶᠠᠮᠤᠨ᠎ᠤ ᠶᠠᠪᠤᠳᠠᠯ᠎ᠤᠨ ᠬᠤᠷᠠᠯ᠎ᠳᠤ ᠵᠦᠪᠳᠡᠨ ᠲᠤᠨᠨᠳ᠋ᠬᠠᠰᠠᠨ ᠵᠦᠢ᠍ᠯᠡᠰ᠎ᠲᠤ ᠬᠤᠯᠪᠤᠨᠨᠳᠠᠭ᠍ᠤ ᠵᠠᠰᠠᠭ᠎ᠤᠨ ᠶᠠᠪᠤᠳᠠᠯ᠎ᠤᠨ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠤᠨ ᠮᠡᠳᠡᠭᠡ ᠵᠠᠩᠬᠢ; ᠤᠯᠠᠨ ᠨᠡᠶ᠋ᠢᠳᠡ ᠵᠢᠨ ᠲᠤᠰ ᠪᠡᠶ᠎ᠡ ᠵᠢᠨ ᠠᠰᠢᠭ ᠲᠤᠰᠠ᠎ᠳᠤ ᠬᠤᠯᠪᠤᠨᠨᠳᠠᠭ᠍ᠤ ᠮᠦᠷᠳᠡᠬᠡᠨ ᠨᠡᠯᠢᠶᠡᠳ ᠶᠡᠭᠡ ᠨᠦᠯᠦᠬᠡ ᠦᠵᠡᠬᠦᠯᠵᠦ ᠮᠡᠳᠡᠬᠦ ᠵᠠᠭᠤᠴᠢᠯᠠᠭᠤᠷ᠎ᠤᠨ ᠮᠡᠳᠡᠬᠡᠯᠡᠯ; ᠵᠠᠭᠤᠴᠢᠯᠠᠭᠤᠷ ᠪᠠ ᠤᠯᠠᠨ ᠨᠡᠶ᠋ᠢᠳᠡ ᠵᠢᠨ ᠠᠩᠬᠠᠷᠤᠯ᠎ᠢ ᠲᠠᠳᠠᠭ᠍ᠤ᠂ ᠵᠠᠰᠠᠭ᠎ᠤᠨ ᠤᠷᠳᠤᠨ᠎ᠤ ᠲᠦᠷᠢ ᠲᠦᠷᠬᠦ ᠪᠠ ᠤᠯᠠᠨ ᠨᠡᠶ᠋ᠢᠳᠡ ᠵᠢ ᠢᠳᠡᠬᠡᠬᠦᠯᠬᠦ ᠭᠦᠴᠦᠨ᠎ᠢ ᠨᠦᠯᠦᠬᠡᠯᠡᠵᠦ ᠮᠡᠳᠡᠬᠦ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠤᠨ ᠮᠡᠳᠡᠭᠡ ᠵᠠᠩᠬᠢ; ᠴᠢᠬᠤᠯᠠ ᠶᠡᠭᠡ ᠬᠡᠨᠡᠳᠳᠡ ᠵᠢᠨ ᠬᠡᠷᠡᠭ᠎ᠢ ᠰᠶ᠋ᠢᠳᠪᠦᠷᠢᠯᠡᠬᠦ ᠪᠠ ᠪᠠᠶ᠋ᠢᠭ᠋ᠠᠯᠢ ᠵᠢᠨ ᠭᠠᠮᠰᠢᠭ᠎ᠢ ᠠᠷᠭ᠋ᠠᠴᠠᠭ᠍ᠤᠳᠤ ᠬᠤᠯᠪᠤᠨᠨᠳᠠᠭ᠍ᠤ ᠤᠯᠠᠨ᠎ᠤ ᠪᠠᠶ᠋ᠢᠳᠠᠯ᠎ᠤᠨ ᠮᠡᠳᠡᠭᠡ ᠵᠠᠩᠬᠢ; ᠨᠡᠶ᠋ᠢᠬᠡᠮ᠎ᠤᠨ ᠶᠤᠰᠤ ᠰᠤᠷᠳᠠᠭ᠍ᠤᠨ᠎ᠤ ᠬᠢᠵᠠᠭ᠋ᠠᠷ ᠱᠤᠭᠤᠮ᠎ᠳᠤ ᠭᠦᠨ᠎ᠳᠦ ᠨᠤᠴᠢᠳᠠᠢ ᠲᠠᠭ᠋ᠠᠷᠢᠯᠳᠠ ᠦᠵᠡᠬᠦᠯᠬᠦ ᠠᠷᠠᠳ᠎ᠤᠨ ᠠᠮᠢᠳᠤᠷᠠᠯ᠎ᠤᠨ ᠲᠤᠬᠠᠢ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠤᠨ ᠮᠡᠳᠡᠭᠡ ᠵᠠᠩᠬᠢ; ᠨᠡᠶ᠋ᠢᠬᠡᠮ᠎ᠤᠨ ᠡᠮᠬᠢ ᠲᠢᠭᠯᠢᠮ ᠪᠠ ᠤᠯᠤᠰ᠎ᠤᠨ ᠠᠰᠢᠭ ᠲᠤᠰᠠ ᠵᠢ ᠭᠦᠨ᠎ᠳᠦ ᠨᠤᠴᠢᠳᠠᠢ ᠬᠤᠬᠢᠷᠠᠭᠤᠯᠬᠤ ᠤᠷᠤ ᠦᠬᠡᠢ ᠮᠡᠳᠡᠭᠡ ᠵᠠᠩᠬᠢ ᠵᠡᠷᠬᠡ ᠵᠢ ᠤᠶ᠋ᠢᠯᠠᠭ᠋ᠠᠬᠤ ᠬᠡᠷᠡᠭᠳᠡᠢ᠃
(ᠭᠤᠷᠪᠠ) ᠰᠤᠳᠤᠯᠤᠨ ᠮᠠᠭ᠋ᠠᠳᠯᠠᠵᠦ ᠰᠶ᠋ᠢᠳᠪᠦᠷᠢᠯᠡᠬᠦ ᠵᠢ ᠰᠠᠶ᠋ᠢᠳᠤᠷ ᠬᠢᠬᠦ ᠬᠡᠷᠡᠭᠳᠡᠢ᠃ ᠵᠠᠰᠠᠭ᠎ᠤᠨ ᠶᠠᠪᠤᠳᠠᠯ᠎ᠤᠨ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠢ ᠴᠤᠨᠨᠯᠠᠭᠤᠯᠵᠦ᠂ ᠵᠦᠪᠳᠡᠯᠴᠡᠬᠦ᠂ ᠰᠤᠳᠤᠯᠤᠨ ᠮᠠᠭ᠋ᠠᠳᠯᠠᠭ᠍ᠤ᠂ ᠬᠠᠷᠢᠭᠤ ᠦᠭᠭᠦ᠂ ᠦᠨᠡᠯᠡᠨ ᠵᠢᠱ᠌ᠢᠬᠦ ᠲᠤᠨᠨᠳᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠴᠤᠨᠨᠯᠠᠭᠤᠯᠤᠨᠨᠰᠠᠨ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠢ ᠰᠤᠳᠤᠯᠤᠨ ᠮᠠᠭ᠋ᠠᠳᠯᠠᠭ᠍ᠤ᠎ᠪᠠᠨ ᠴᠢᠩᠭ᠋ᠠᠳᠬᠠᠨ᠂ ᠠᠳᠠᠯᠢ ᠪᠤᠰᠤ ᠪᠠᠶ᠋ᠢᠳᠠᠯ᠎ᠢ ᠢᠯᠭ᠋ᠠᠵᠦ᠂ ᠲᠦᠷᠦᠯ ᠬᠤᠪᠢᠶᠠᠨ ᠰᠶ᠋ᠢᠳᠪᠦᠷᠢᠯᠡᠬᠦ ᠬᠡᠷᠡᠭᠳᠡᠢ᠃ ᠪᠦᠳᠦᠬᠡᠯᠴᠢ ᠴᠢᠨᠠᠷᠳᠠᠢ ᠰᠠᠨᠠᠯ ᠰᠠᠨᠠᠭᠤᠯᠭ᠎ᠠ ᠵᠢ ᠭᠦᠯᠢᠶᠡᠨ ᠠᠪᠴᠤ ᠬᠡᠷᠡᠭᠯᠡᠭᠰᠡᠨ ᠪᠠᠶ᠋ᠢᠳᠠᠯ᠎ᠢ ᠭᠠᠳ᠋ᠬᠠᠰᠢ ᠢᠯᠡ ᠪᠤᠯᠭ᠋ᠠᠬᠤ ᠬᠡᠷᠡᠭᠳᠡᠢ᠃ ᠤᠯᠠᠨ ᠲᠦᠮᠡᠨ᠎ᠤ ᠲᠤᠰᠬᠠᠨᠨᠰᠠᠨ ᠪᠤᠳᠠᠳᠠᠢ ᠭᠦᠴᠢᠷᠳᠡᠯᠢ ᠰᠤᠳᠤᠯᠵᠦ ᠰᠶ᠋ᠢᠳᠪᠦᠷᠢᠯᠡᠭᠰᠡᠨ ᠪᠠᠶ᠋ᠢᠳᠠᠯ᠎ᠢ ᠭᠠᠳ᠋ᠬᠠᠰᠢ ᠨᠡᠶ᠋ᠢᠳᠡᠯᠡᠬᠦ ᠬᠡᠷᠡᠭᠳᠡᠢ᠃ ᠤᠯᠠᠨ ᠲᠦᠮᠡᠨ᠎ᠤ ᠲᠤᠰᠬᠠᠨᠨᠰᠠᠨ ᠴᠢᠬᠤᠯᠠ ᠶᠡᠭᠡ ᠠᠰᠠᠭᠤᠳᠠᠯ᠎ᠢ ᠪᠠᠶ᠋ᠢᠴᠠᠭ᠋ᠠᠵᠦ ᠰᠶ᠋ᠢᠳᠪᠦᠷᠢᠯᠡᠭᠰᠡᠨ ᠪᠠᠶ᠋ᠢᠳᠠᠯ᠎ᠢ ᠴᠠᠭ ᠲᠤᠬᠠᠢᠳᠤᠨᠢ ᠨᠡᠶ᠋ᠢᠳᠡᠯᠡᠬᠦ ᠬᠡᠷᠡᠭᠳᠡᠢ᠃ ᠤᠯᠠᠨ ᠲᠦᠮᠡᠨ᠎ᠤ ᠤᠶ᠋ᠢᠯᠠᠭ᠋ᠠᠬᠤ ᠦᠬᠡᠢ ᠪᠠᠶ᠋ᠢᠬᠤ ᠪᠠᠶ᠋ᠢᠳᠠᠯ᠂ ᠪᠠᠯᠠᠷᠬᠠᠢ ᠲᠠᠨᠢᠯᠳᠠ ᠤᠷᠤᠰᠢᠵᠦ ᠪᠠᠶ᠋ᠢᠪᠠᠯ ᠰᠠᠨᠠᠭ᠋ᠠᠴᠢᠯᠠᠭ᠎ᠠ᠎ᠠᠴᠠ᠎ᠪᠠᠨ ᠡᠷᠬᠡ ᠰᠦᠷᠳᠡᠢ ᠮᠡᠳᠡᠭᠡ ᠵᠠᠩᠬᠢ ᠨᠡᠶ᠋ᠢᠳᠡᠯᠡᠵᠦ᠂ ᠠᠰᠠᠭᠤᠯᠳᠠ ᠵᠢ ᠬᠠᠷᠢᠭᠤᠯᠵᠦ ᠮᠠᠳᠠᠭ᠎ᠢ ᠠᠯᠳᠠᠷᠠᠭ᠋ᠠᠨ᠂ ᠪᠤᠳᠠᠳᠤ ᠪᠠᠶ᠋ᠢᠳᠠᠯ᠎ᠢ ᠲᠤᠳᠤᠷᠬᠠᠶ᠋ᠢᠯᠠᠭ᠍ᠤ ᠬᠡᠷᠡᠭᠳᠡᠢ᠃ ᠪᠤᠷᠤᠭᠤ ᠦᠵᠡᠯᠳᠡ ᠪᠤᠳᠤᠯ ᠪᠠᠶ᠋ᠢᠪᠠᠯ ᠲᠠᠷᠤᠶ᠋ᠢᠬᠠᠨ ᠮᠡᠳᠡᠭᠡ ᠵᠠᠩᠬᠢ ᠨᠡᠶ᠋ᠢᠳᠡᠯᠡᠵᠦ ᠪᠠᠶ᠋ᠢᠭ᠋ᠠᠳ ᠭᠦᠳᠦᠯᠦᠨ ᠵᠢᠯᠤᠭᠤᠳᠬᠤ ᠪᠠ ᠵᠠᠰᠠᠨ ᠵᠠᠯᠠᠷᠠᠭᠤᠯᠬᠤ ᠬᠡᠷᠡᠭᠳᠡᠢ᠃ ᠬᠤᠳᠠᠯ ᠬᠠᠭᠤᠷᠮᠠᠭ ᠪᠠ ᠤᠷᠤ ᠦᠬᠡᠢ ᠮᠡᠳᠡᠭᠡ ᠵᠠᠩᠬᠢ ᠪᠠᠶ᠋ᠢᠪᠠᠯ᠂ ᠴᠠᠭ ᠲᠤᠬᠠᠢᠳᠤᠨᠢ ᠬᠠᠷᠢᠭᠤ ᠦᠭᠭᠦ ᠵᠢᠨ ᠬᠠᠮᠳᠤ ᠬᠠᠤᠯᠢ᠎ᠠᠴᠠ ᠵᠦᠷᠢᠴᠡᠭᠰᠡᠨ᠎ᠳᠤ ᠬᠤᠯᠪᠤᠨᠨᠳᠠᠭ᠍ᠤ ᠬᠤᠯᠪᠤᠨᠨᠳᠠᠯ ᠪᠦᠭᠦᠢ ᠪᠠᠶ᠋ᠢᠳᠠᠯ ᠪᠠ ᠰᠦᠪᠡᠭᠴᠢ ᠵᠢ ᠲᠤᠳᠤᠭ᠋ᠠᠳᠤ ᠵᠢ ᠬᠠᠮᠠᠭ᠋ᠠᠯᠠᠭ᠍ᠤ ᠪᠠᠶ᠋ᠢᠭᠤᠯᠭ᠎ᠠ᠂ ᠲᠤᠤᠷ ᠰᠦᠯᠵᠢᠶ᠎ᠡ ᠵᠢ ᠬᠢᠨᠠᠨ ᠬᠠᠮᠢᠶᠠᠷᠬᠤ ᠰᠠᠯᠠᠭ᠎ᠠ ᠮᠦᠴᠢᠷ᠎ᠲᠤ ᠰᠢᠯᠵᠢᠬᠦᠯᠦᠨ ᠲᠤᠰᠢᠶᠠᠵᠦ ᠪᠠᠶ᠋ᠢᠭ᠋ᠠᠳ ᠬᠠᠤᠯᠢ ᠲᠤᠨᠨᠳᠠᠭ᠋ᠠᠯ ᠶᠤᠰᠤᠭ᠋ᠠᠷ ᠪᠠᠶ᠋ᠢᠴᠠᠭ᠋ᠠᠨ ᠰᠶ᠋ᠢᠳᠪᠦᠷᠢᠯᠡᠬᠦ ᠬᠡᠷᠡᠭᠳᠡᠢ᠃ ᠬᠠᠷᠢᠭᠤ ᠦᠭᠴᠦ ᠭᠦᠳᠦᠯᠦᠨ ᠵᠢᠯᠤᠭᠤᠳᠬᠤ ᠲᠤᠰᠬᠠᠢ ᠠᠵᠢᠯ᠎ᠢ ᠤᠯᠠᠮ ᠨᠢᠬᠡ ᠠᠯᠬᠤᠮ ᠰᠠᠶ᠋ᠢᠳᠤᠷ ᠬᠢᠵᠦ᠂ ᠭᠤᠤᠯᠳᠠᠭᠤ 《ᠬᠤᠶᠠᠷ ᠬᠤᠷᠠᠯ》᠂ ᠠᠵᠦ ᠠᠬᠤᠢ ᠵᠢᠨ ᠲᠤᠭ᠎ᠠ ᠪᠠᠷᠢᠮᠳᠠ ᠵᠢ ᠨᠡᠶ᠋ᠢᠳᠡᠯᠡᠬᠦ ᠪᠠ ᠠᠵᠦ ᠠᠬᠤᠢ ᠵᠢᠨ ᠴᠠᠭ᠎ᠤᠨ ᠪᠠᠶ᠋ᠢᠳᠠᠯ᠂ ᠴᠢᠬᠤᠯᠠ ᠶᠡᠭᠡ ᠦᠬᠡᠷᠡᠴᠢᠯᠡᠯᠳᠡ ᠵᠢᠨ ᠠᠷᠭ᠎ᠠ ᠬᠡᠮᠵᠢᠶ᠎ᠡ᠂ ᠴᠢᠬᠤᠯᠠ ᠶᠡᠭᠡ ᠰᠢᠮᠳᠠᠭᠤᠯᠤᠨ ᠪᠠᠶ᠋ᠢᠴᠠᠭ᠋ᠠᠬᠤ ᠠᠵᠢᠯᠯᠠᠭ᠎ᠠ᠂ ᠴᠢᠬᠤᠯᠠ ᠶᠡᠭᠡ ᠬᠡᠨᠡᠳᠳᠡ ᠵᠢᠨ ᠬᠡᠷᠡᠭ ᠵᠡᠷᠬᠡ ᠵᠢᠨ ᠲᠤᠭᠤᠷᠢᠨ᠎ᠳᠤ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠢ ᠴᠤᠨᠨᠯᠠᠭᠤᠯᠵᠦ᠂ ᠰᠤᠳᠤᠯᠤᠨ ᠮᠠᠭ᠋ᠠᠳᠯᠠᠭ᠍ᠤ ᠪᠠ ᠬᠠᠷᠢᠭᠤ ᠦᠭᠭᠦ ᠠᠵᠢᠯ᠎ᠢ ᠰᠠᠶ᠋ᠢᠳᠤᠷ ᠬᠢᠬᠦ ᠬᠡᠷᠡᠭᠳᠡᠢ᠃
(ᠲᠦᠷᠪᠡ) ᠬᠠᠷᠢᠭᠤ ᠦᠭᠭᠦ ᠦᠷ᠎ᠡ ᠪᠦᠳᠦᠮᠵᠢ ᠵᠢ ᠲᠡᠬᠡᠭᠰᠢᠯᠡᠬᠦᠯᠬᠦ ᠬᠡᠷᠡᠭᠳᠡᠢ᠃ ᠤᠯᠠᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠ᠂ ᠵᠠᠬ᠎ᠠ ᠲᠡᠯᠬᠡᠭᠦᠷ᠎ᠤᠨ ᠵᠢᠱ᠌ᠢᠭᠰᠡᠨ ᠬᠤᠭᠤᠴᠠᠭ᠎ᠠ ᠵᠢ ᠨᠦᠯᠦᠬᠡᠯᠡᠬᠦ ᠪᠠ ᠤᠯᠠᠨ ᠨᠡᠶ᠋ᠢᠳᠡ ᠵᠢᠨ ᠬᠡᠨᠡᠳᠳᠡ ᠵᠢᠨ ᠬᠡᠷᠡᠭ ᠵᠡᠷᠬᠡ᠎ᠳᠤ ᠬᠤᠯᠪᠤᠨᠨᠳᠠᠭ᠍ᠤ ᠭᠤᠤᠯᠳᠠᠯᠭ᠎ᠠ᠎ᠲᠠᠢ ᠵᠦᠢ᠍ᠯᠡᠰ᠎ᠲᠤ ᠴᠠᠭ ᠲᠤᠬᠠᠢᠳᠤᠨᠢ ᠮᠡᠳᠡᠭᠡ ᠵᠠᠩᠬᠢ ᠨᠡᠶ᠋ᠢᠳᠡᠯᠡᠬᠦ ᠬᠡᠷᠡᠭᠳᠡᠢ᠃ ᠤᠨᠴᠠ ᠴᠢᠬᠤᠯᠠ ᠶᠡᠭᠡ᠂ ᠴᠢᠬᠤᠯᠠ ᠶᠡᠭᠡ ᠬᠡᠨᠡᠳᠳᠡ ᠵᠢᠨ ᠬᠡᠷᠡᠭ᠎ᠲᠤ ᠬᠤᠯᠪᠤᠨᠨᠳᠠᠭ᠍ᠤ ᠵᠠᠰᠠᠭ᠎ᠤᠨ ᠶᠠᠪᠤᠳᠠᠯ᠎ᠤᠨ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠢ ᠲᠦᠷᠬᠡᠨ ᠵᠶ᠋ᠠᠷ ᠬᠠᠷᠢᠭᠤ ᠲᠤᠰᠬᠠᠵᠦ᠂ ᠬᠠᠮᠤᠭ ᠤᠷᠤᠢ᠎ᠳᠠᠭᠠᠨ 5 ᠴᠠᠭ᠎ᠤᠨ ᠲᠤᠳᠤᠷ᠎ᠠ ᠡᠷᠬᠡ ᠰᠦᠷᠳᠡᠢ ᠮᠡᠳᠡᠭᠡ ᠵᠠᠩᠬᠢ ᠨᠡᠶ᠋ᠢᠳᠡᠯᠡᠨ᠂ 24 ᠴᠠᠭ᠎ᠤᠨ ᠲᠤᠳᠤᠷ᠎ᠠ ᠰᠤᠨᠢᠨ ᠮᠡᠳᠡᠭᠡ ᠨᠡᠶ᠋ᠢᠳᠡᠯᠡᠬᠦ ᠬᠤᠷᠠᠯ ᠬᠤᠷᠠᠯᠳᠤᠭᠤᠯᠬᠤ ᠵᠢᠨ ᠬᠠᠮᠳᠤ ᠠᠵᠢᠯ᠎ᠤᠨ ᠠᠬᠢᠴᠠ ᠵᠢᠨ ᠪᠠᠶ᠋ᠢᠳᠠᠯ᠎ᠢ ᠦᠨᠳᠦᠰᠦᠯᠡᠵᠦ᠂ ᠡᠷᠬᠡ ᠰᠦᠷᠳᠡᠢ ᠮᠡᠳᠡᠭᠡ ᠵᠠᠩᠬᠢ ᠵᠢ ᠦᠷᠬᠦᠯᠵᠢᠯᠡᠨ ᠨᠡᠶ᠋ᠢᠳᠡᠯᠡᠵᠦ᠂ ᠬᠤᠯᠪᠤᠨᠨᠳᠠᠯ ᠪᠦᠭᠦᠢ ᠤᠷᠤᠨ ᠨᠤᠳᠤᠭ ᠪᠠ ᠰᠠᠯᠠᠭ᠎ᠠ ᠮᠦᠴᠢᠷ᠎ᠤᠨ ᠭᠤᠤᠯ ᠬᠠᠷᠢᠭᠤᠴᠠᠯᠭ᠋ᠠᠳᠠᠨ ᠨᠠᠷ ᠲᠦᠷᠦᠭᠦᠯᠡᠨ ᠰᠠᠨᠠᠭ᠋ᠠᠴᠢᠯᠠᠭ᠎ᠠ᠎ᠠᠴᠠ᠎ᠪᠠᠨ ᠲᠤᠤᠭ᠋ᠠᠷᠬᠤ ᠬᠡᠷᠡᠭᠳᠡᠢ᠃ ᠵᠠᠰᠠᠭ᠎ᠤᠨ ᠶᠠᠪᠤᠳᠠᠯ᠎ᠤᠨ ᠴᠢᠬᠤᠯᠠ ᠶᠡᠭᠡ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠳᠤ ᠴᠢᠭᠯᠡᠬᠦᠯᠦᠨ᠂ ᠤᠬᠠᠭᠤᠯᠭ᠎ᠠ᠂ ᠲᠤᠤᠷ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠵᠡᠷᠬᠡ ᠰᠠᠯᠠᠭ᠎ᠠ ᠮᠦᠴᠢᠷᠯᠤᠭᠠ ᠲᠦᠷᠬᠡᠨ ᠬᠠᠷᠢᠭᠤ ᠲᠤᠰᠬᠠᠬᠤ ᠪᠠ ᠵᠤᠬᠢᠴᠠᠭᠤᠯᠵᠦ ᠬᠠᠮᠳᠤᠷᠠᠨ ᠭᠦᠳᠡᠯᠦᠯᠴᠡᠬᠦ ᠲᠤᠨᠨᠳᠠᠴᠠ ᠵᠢ ᠪᠠᠶ᠋ᠢᠭᠤᠯᠵᠦ᠂ ᠬᠤᠯᠪᠤᠨᠨᠳᠠᠯ ᠪᠦᠭᠦᠢ ᠰᠤᠨᠢᠨ ᠮᠡᠳᠡᠬᠡᠨ᠎ᠤ ᠵᠠᠭᠤᠴᠢᠯᠠᠭᠤᠷ ᠪᠠ ᠰᠦᠯᠵᠢᠶᠡᠨ ᠦᠷᠳᠡᠭᠡ᠎ᠲᠠᠢ ᠨᠡᠪᠳᠡᠷᠡᠯᠴᠡᠨ ᠬᠠᠷᠢᠯᠴᠠᠭ᠍ᠤ᠎ᠪᠠᠨ ᠴᠢᠩᠭ᠋ᠠᠳᠬᠠᠨ᠂ ᠬᠠᠷᠢᠭᠤ ᠦᠭᠭᠦ ᠵᠢᠨ ᠴᠠᠭ ᠲᠤᠬᠠᠶ᠋ᠢᠳᠤ ᠴᠢᠨᠠᠷ᠂ ᠴᠢᠭᠯᠡᠬᠦᠯᠦᠯᠳᠦ ᠴᠢᠨᠠᠷ᠂ ᠪᠦᠳᠦᠮᠵᠢᠳᠦ ᠴᠢᠨᠠᠷ᠎ᠢ ᠭᠦᠴᠦᠯᠡᠨ ᠲᠡᠬᠡᠭᠰᠢᠯᠡᠬᠦᠯᠬᠦ ᠬᠡᠷᠡᠭᠳᠡᠢ᠃ ᠦᠢ᠍ᠯᠡᠴᠢᠯᠡᠭᠡ ᠬᠤᠳᠠᠯᠳᠤᠨ ᠠᠪᠬᠤ᠂ ᠲᠤᠮᠤ ᠳ᠋ᠠᠶ᠋ᠢᠲ᠋ᠠ ᠵᠢᠨ ᠮᠡᠷᠬᠡᠵᠢᠯ᠎ᠤᠨ ᠲᠤᠯᠭ᠋ᠠᠭᠤᠷᠢᠯᠠᠯ᠎ᠢ ᠲᠡᠭᠦᠯᠳᠡᠷᠵᠢᠬᠦᠯᠬᠦ ᠵᠡᠷᠬᠡ ᠠᠷᠭ᠎ᠠ ᠮᠠᠶᠢᠭ ᠵᠶ᠋ᠠᠷ ᠲᠠᠮᠵᠢᠭᠤᠯᠵᠦ᠂ ᠲᠤᠰᠬᠠᠢ ᠮᠡᠷᠬᠡᠵᠢᠯ᠎ᠤᠨ ᠭᠦᠴᠦᠨ ᠴᠢᠳᠠᠯ᠎ᠢ ᠰᠠᠶ᠋ᠢᠳᠤᠷ ᠬᠡᠷᠡᠭᠯᠡᠨ᠂ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠢ ᠵᠠᠳᠠᠯᠵᠦ ᠰᠶ᠋ᠢᠳᠪᠦᠷᠢᠯᠡᠬᠦ ᠮᠡᠳᠡᠭᠡ ᠵᠠᠩᠬᠢᠵᠢᠯᠳᠠ ᠵᠢᠨ ᠬᠢᠷᠢ ᠬᠡᠮᠵᠢᠶ᠎ᠡ ᠵᠢ ᠲᠡᠬᠡᠭᠰᠢᠯᠡᠬᠦᠯᠬᠦ ᠬᠡᠷᠡᠭᠳᠡᠢ᠃
ᠲᠦᠷᠪᠡ᠂ ᠲᠡᠪᠴᠡᠩ᠎ᠤᠨ ᠪᠠᠶ᠋ᠢᠭᠤᠯᠤᠯᠳᠠ ᠵᠢ ᠴᠢᠩᠭ᠋ᠠᠳᠬᠠᠨ᠎ᠠ
(ᠨᠢᠬᠡ) ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠢ ᠪᠠᠶ᠋ᠢᠭᠤᠯᠬᠤ ᠪᠠ ᠬᠠᠮᠢᠶᠠᠷᠬᠤ᠎ᠪᠠᠨ ᠴᠢᠩᠭ᠋ᠠᠷᠠᠭᠤᠯᠬᠤ ᠬᠡᠷᠡᠭᠳᠡᠢ᠃ ᠡᠯ᠎ᠡ ᠱᠠᠳᠤᠨ᠎ᠤ ᠵᠠᠰᠠᠭ᠎ᠤᠨ ᠤᠷᠳᠤᠨ᠎ᠤ ᠠᠯᠪᠠᠨ ᠲᠢᠩᠬᠢᠮ (ᠬᠡᠷ)᠎ᠨᠢ ᠲᠤᠰ ᠱᠠᠳᠤᠨ᠎ᠤ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠢ ᠪᠠᠶ᠋ᠢᠭᠤᠯᠵᠦ ᠬᠠᠮᠢᠶᠠᠷᠬᠤ ᠲᠡᠷᠢᠬᠦᠨ᠎ᠤ ᠬᠠᠷᠢᠭᠤᠴᠠᠯᠭ᠎ᠠ ᠵᠢᠨ ᠭᠤᠤᠯ ᠴᠤᠨᠨᠴᠠ ᠮᠦᠨ᠂ ᠲᠤᠰ ᠱᠠᠳᠤᠨ᠎ᠤ ᠵᠠᠰᠠᠭ᠎ᠤᠨ ᠤᠷᠳᠤᠨ᠎ᠤ ᠫᠣᠷᠲ᠋ᠤᠯ ᠰᠦᠯᠵᠢᠶᠡᠨ ᠦᠷᠳᠡᠭᠡ ᠵᠢ ᠪᠠᠶ᠋ᠢᠭᠤᠯᠬᠤ ᠵᠢᠴᠢ ᠲᠤᠰ ᠭᠠᠵᠠᠷ ᠤᠷᠤᠨ᠎ᠤ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠢᠨ ᠬᠢᠨᠠᠯᠳᠠ ᠲᠠᠯᠪᠢᠵᠦ ᠬᠠᠮᠢᠶᠠᠷᠬᠤ ᠵᠢ ᠬᠠᠷᠢᠭᠤᠴᠠᠭ᠍ᠤ ᠬᠡᠷᠡᠭᠳᠡᠢ; ᠲᠤᠤᠷ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠠ᠂ ᠤᠷᠤᠨ ᠲᠤᠭ᠎ᠠ᠂ ᠠᠵᠦ ᠦᠢ᠍ᠯᠡᠳᠪᠦᠷᠢ ᠪᠠ ᠮᠡᠳᠡᠭᠡ ᠵᠠᠩᠬᠢᠵᠢᠯᠳᠠ᠂ ᠲᠤᠳᠤᠭ᠋ᠠᠳᠤ ᠵᠢ ᠬᠠᠮᠠᠭ᠋ᠠᠯᠠᠭ᠍ᠤ᠂ ᠨᠢᠭᠤᠴᠠ ᠵᠢ ᠬᠠᠮᠠᠭ᠋ᠠᠯᠠᠭ᠍ᠤ ᠵᠡᠷᠬᠡ ᠰᠠᠯᠠᠭ᠎ᠠ ᠮᠦᠴᠢᠷ᠎ᠯᠦᠭᠡ ᠬᠠᠮᠵᠢᠯᠴᠠᠭ᠍ᠤ᠎ᠪᠠᠨ ᠴᠢᠩᠭ᠋ᠠᠳᠬᠠᠵᠦ᠂ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠢ ᠡᠷᠬᠢᠯᠡᠨ ᠨᠡᠬᠡᠬᠡᠬᠦ᠂ ᠪᠠᠶ᠋ᠢᠭᠤᠯᠬᠤ᠂ ᠲᠡᠰ ᠲᠤᠨᠨᠳᠠᠭ᠋ᠠᠬᠤ᠂ ᠲᠠᠩᠰᠠᠨ᠎ᠳᠤ ᠲᠡᠮᠳᠡᠭᠯᠡᠬᠦ᠂ ᠠᠵᠢᠯᠯᠠᠭᠤᠯᠵᠦ ᠬᠠᠮᠠᠭ᠋ᠠᠯᠠᠭ᠍ᠤ᠂ ᠲᠡᠰ ᠵᠡᠷᠬᠡ ᠵᠢ ᠬᠠᠮᠠᠭ᠋ᠠᠯᠠᠵᠦ ᠰᠢᠯᠭ᠋ᠠᠨ ᠦᠨᠡᠯᠡᠬᠦ᠂ ᠦᠢ᠍ᠯᠡᠴᠢᠯᠡᠭᠡ᠂ ᠬᠠᠷᠢᠯᠴᠠᠨ ᠭᠦᠳᠡᠯᠦᠯᠴᠡᠬᠦ᠂ ᠠᠮᠤᠷ ᠲᠦᠪᠰᠢᠨ ᠪᠠ ᠬᠠᠭ᠋ᠠᠵᠦ ᠵᠤᠨᠨᠰᠤᠭ᠋ᠠᠬᠤ ᠵᠡᠷᠬᠡ᠎ᠳᠤ ᠬᠢᠨᠠᠯᠳᠠ ᠬᠠᠮᠢᠶᠠᠷᠤᠯᠳᠠ ᠬᠢᠬᠦ ᠬᠡᠷᠡᠭᠳᠡᠢ᠃ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠢᠨ ᠡᠳᠦᠷ ᠲᠤᠳᠤᠮ᠎ᠤᠨ ᠰᠢᠯᠭ᠋ᠠᠨ ᠬᠢᠨᠠᠭ᠍ᠤ ᠲᠤᠨᠨᠳᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠲᠤᠰ ᠭᠠᠵᠠᠷ ᠤᠷᠤᠨ᠂ ᠲᠤᠰ ᠰᠢᠰᠲ᠋ᠤᠮ᠎ᠤᠨ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ᠎ᠳᠤ ᠤᠷᠤᠰᠢᠵᠦ ᠪᠠᠶ᠋ᠢᠭ᠎ᠠ ᠲᠤᠪᠤᠶ᠋ᠢᠮ᠎ᠠ ᠠᠰᠠᠭᠤᠳᠠᠯ᠎ᠢ ᠴᠠᠭ ᠲᠤᠬᠠᠢᠳᠤᠨᠢ ᠢᠯᠡᠷᠡᠬᠦᠯᠵᠦ ᠰᠶ᠋ᠢᠳᠪᠦᠷᠢᠯᠡᠬᠦ ᠬᠡᠷᠡᠭᠳᠡᠢ᠃ ᠰᠦᠯᠵᠢᠶᠡᠨ ᠦᠷᠳᠡᠭᠡ ᠵᠢ ᠡᠷᠴᠢᠮᠵᠢᠬᠦᠯᠤᠨ ᠪᠠᠶ᠋ᠢᠭᠤᠯᠬᠤ ᠵᠢ ᠠᠬᠢᠭᠤᠯᠵᠦ᠂ ᠭᠦᠮᠦᠨ᠎ᠤ ᠭᠦᠴᠦᠨ᠂ ᠡᠳ᠋᠎ᠤᠨ ᠭᠦᠴᠦᠨ᠎ᠤ ᠪᠠᠳᠤᠯᠠᠭ᠎ᠠ ᠦᠬᠡᠢ ᠦᠨᠳᠦᠰᠦᠨ ᠱᠠᠳᠤᠨ᠎ᠤ ᠰᠦᠯᠵᠢᠶᠡᠨ ᠦᠷᠳᠡᠭᠡ ᠵᠢ ᠲᠡᠬᠡᠳᠦ ᠱᠠᠳᠤᠨ᠎ᠤ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠢᠨ ᠮᠡᠷᠬᠡᠵᠢᠯ᠎ᠤᠨ ᠲᠡᠪᠴᠡᠩ᠎ᠳᠤ ᠰᠢᠯᠵᠢᠬᠦᠯᠦᠨ ᠨᠡᠬᠦᠯᠬᠡᠵᠦ ᠪᠠᠶ᠋ᠢᠭ᠋ᠠᠳ ᠨᠢᠬᠡᠳᠦᠯᠳᠡᠢ ᠠᠵᠢᠯᠯᠠᠭᠤᠯᠤᠨ ᠡᠵᠡᠩᠨᠡᠬᠦ ᠪᠤᠶᠤ ᠠᠮᠤᠷ ᠲᠦᠪᠰᠢᠨ ᠡᠵᠡᠮᠳᠡᠵᠦ ᠪᠤᠯᠬᠤ ᠡᠭᠦᠯᠡᠨ ᠦᠢ᠍ᠯᠡᠴᠢᠯᠡᠬᠡᠨ᠎ᠤ ᠲᠡᠪᠴᠡᠩ᠎ᠳᠤ ᠰᠢᠯᠵᠢᠬᠦᠯᠦᠨ ᠨᠡᠬᠦᠯᠬᠡᠬᠦ ᠬᠡᠷᠡᠭᠳᠡᠢ᠃ ᠪᠦᠭᠦ ᠤᠯᠤᠰ᠎ᠤᠨ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠢ ᠭᠦᠭᠵᠢᠬᠦᠯᠬᠦ ᠵᠦᠭᠯᠡᠬᠦᠷ᠎ᠢ ᠲᠦᠷᠬᠡᠳᠬᠡᠨ ᠨᠡᠶ᠋ᠢᠳᠡᠯᠡᠵᠦ᠂ ᠰᠦᠯᠵᠢᠶᠡᠨ ᠦᠷᠳᠡᠭᠡ ᠵᠢᠨ ᠡᠭᠦᠷᠬᠡ ᠴᠢᠳᠠᠮᠵᠢ ᠪᠠᠶ᠋ᠢᠷᠢ ᠲᠤᠨᠨᠳᠠᠭ᠋ᠠᠯᠳᠠ ᠵᠢᠴᠢ ᠬᠠᠮᠢᠶ᠎ᠠ ᠪᠦᠭᠦᠢ ᠪᠠᠷᠢᠮᠵᠢᠶ᠎ᠠ ᠪᠠ ᠱᠠᠭ᠋ᠠᠷᠳᠠᠯᠭ᠎ᠠ ᠵᠢ ᠲᠤᠳᠤᠷᠬᠠᠶ᠋ᠢᠯᠠᠨ᠂ ᠤᠷᠤᠨ ᠪᠦᠰᠡ ᠲᠡᠰ ᠲᠠᠪᠬᠤᠷᠭ᠎ᠠ ᠲᠦᠷᠦᠯ ᠢᠯᠠᠭ᠋ᠠᠯ ᠬᠤᠪᠢᠶᠠᠵᠦ ᠪᠠᠶ᠋ᠢᠭ᠋ᠠᠳ ᠰᠦᠯᠵᠢᠶᠡᠨ ᠦᠷᠳᠡᠭᠡ ᠵᠢ ᠡᠷᠬᠢᠯᠡᠨ ᠨᠡᠬᠡᠬᠡᠭᠰᠡᠨ᠎ᠠᠴᠠ ᠬᠠᠭ᠋ᠠᠵᠦ ᠵᠤᠨᠨᠰᠤᠭ᠋ᠠᠬᠤ ᠭᠦᠷᠳᠡᠯᠡᠬᠢ ᠪᠦᠭᠦ ᠠᠮᠢ ᠨᠠᠰᠤᠨ᠎ᠤ ᠦᠶᠡᠯᠡᠯ᠎ᠢ ᠵᠢᠷᠤᠮᠵᠢᠭᠤᠯᠬᠤ ᠬᠡᠷᠡᠭᠳᠡᠢ᠃
(ᠬᠤᠶᠠᠷ) ᠰᠦᠯᠵᠢᠶᠡᠨ ᠦᠷᠳᠡᠭᠡ ᠵᠢᠨ ᠬᠤᠭᠤᠷᠤᠨᠳᠤᠬᠢ ᠬᠠᠮᠵᠢᠯᠴᠠᠨ ᠬᠤᠯᠪᠤᠭ᠋ᠠᠯᠠᠨ ᠭᠦᠳᠡᠯᠦᠯᠴᠡᠬᠦ ᠵᠢ ᠴᠢᠩᠭ᠋ᠠᠳᠬᠠᠬᠤ ᠬᠡᠷᠡᠭᠳᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠤᠨ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠢ ᠴᠢᠯᠦᠬᠡᠳᠡᠢ ᠨᠡᠪᠳᠡᠷᠡᠬᠦᠯᠵᠦ᠂ ᠡᠬᠢ ᠪᠠᠶᠠᠯᠢᠭ᠎ᠢ ᠡᠮᠬᠢᠯᠡᠨ ᠨᠡᠶ᠋ᠢᠯᠡᠬᠦᠯᠬᠦ ᠪᠠ ᠨᠡᠬᠡᠬᠡᠯᠳᠡ ᠬᠢᠵᠦ ᠬᠠᠮᠳᠤ᠎ᠪᠠᠷ ᠬᠦᠷᠲᠡᠬᠦ ᠵᠢ ᠴᠢᠩᠭ᠋ᠠᠳᠬᠠᠨ᠂ ᠰᠦᠯᠵᠢᠶᠡᠨ ᠦᠷᠳᠡᠭᠡ ᠵᠢᠨ ᠪᠦᠬᠡᠮᠨᠡᠷᠡᠯ᠎ᠤᠨ ᠦᠷ᠎ᠡ ᠨᠦᠯᠦᠬᠡ ᠵᠢ ᠲᠡᠬᠡᠭᠰᠢᠯᠡᠬᠦᠯᠵᠦ᠂ ᠨᠢᠬᠡ ᠴᠤᠨᠨᠴᠠᠵᠢᠭᠤᠯᠤᠨᠨᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠲᠤᠤᠷ ᠰᠦᠯᠵᠢᠶ᠎ᠡ ᠵᠢ ᠪᠦᠷᠢᠯᠳᠦᠬᠦᠯᠬᠦ ᠬᠡᠷᠡᠭᠳᠡᠢ᠃ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠲᠤᠮᠳᠠᠳᠤ ᠤᠯᠤᠰ᠎ᠤᠨ ᠵᠠᠰᠠᠭ᠎ᠤᠨ ᠤᠷᠳᠤᠨ᠎ᠤ ᠰᠦᠯᠵᠢᠶ᠎ᠡ᠎ᠪᠠᠷ ᠲᠠᠮᠵᠢᠭᠤᠯᠤᠨ ᠨᠡᠶ᠋ᠢᠳᠡᠯᠡᠭᠰᠡᠨ ᠪᠦᠭᠦ ᠲᠠᠯ᠎ᠠ ᠵᠢᠨ ᠠᠵᠢᠯ᠎ᠳᠤ ᠵᠢᠯᠤᠭᠤᠳᠬᠤ ᠠᠴᠢ ᠬᠤᠯᠪᠤᠨᠨᠳᠠᠯ᠎ᠲᠠᠢ᠂ ᠨᠡᠶ᠋ᠢᠬᠡᠮ᠎ᠠᠴᠠ ᠦᠷᠬᠡᠨ ᠵᠶ᠋ᠠᠷ ᠮᠡᠳᠡᠷᠡᠬᠦ ᠴᠢᠬᠤᠯᠠᠳᠠᠢ ᠴᠢᠬᠤᠯᠠ ᠲᠦᠷᠦ ᠵᠢᠨ ᠪᠤᠳᠤᠯᠭ᠎ᠠ ᠵᠢᠨ ᠮᠡᠳᠡᠭᠡ ᠵᠠᠩᠬᠢ ᠵᠢ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠡᠯ᠎ᠡ ᠰᠠᠯᠠᠭ᠎ᠠ ᠮᠦᠴᠢᠷ ᠪᠤᠯᠤᠨ ᠤᠷᠤᠨ ᠨᠤᠳᠤᠭ᠎ᠤᠨ ᠡᠯ᠎ᠡ ᠱᠠᠳᠤᠨ᠎ᠤ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠴᠠᠭ ᠲᠤᠬᠠᠢᠳᠤᠨᠢ ᠭᠦᠢ᠍ᠴᠡᠳ ᠰᠢᠯᠵᠢᠬᠦᠯᠦᠨ ᠪᠠᠭᠤᠯᠭ᠋ᠠᠵᠦ ᠠᠪᠬᠤ ᠬᠡᠷᠡᠭᠳᠡᠢ; ᠶᠠᠮᠠᠷ ᠨᠢᠬᠡᠨ ᠠᠵᠢᠯ ᠲᠦᠷᠦᠯ ᠪᠤᠶᠤ ᠭᠠᠵᠠᠷ ᠤᠷᠤᠨ᠎ᠤ ᠲᠦᠷᠦ ᠵᠢᠨ ᠪᠤᠳᠤᠯᠭ᠎ᠠ ᠵᠢᠨ ᠮᠡᠳᠡᠭᠡ ᠵᠠᠩᠬᠢ᠎ᠳᠤ ᠬᠤᠯᠪᠤᠨᠨᠳᠠᠪᠠᠯ᠂ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠤᠷᠤᠨ ᠨᠤᠳᠤᠭ᠎ᠤᠨ ᠰᠦᠯᠵᠢᠶᠡᠨ ᠦᠷᠳᠡᠭᠡ᠎ᠨᠢ ᠴᠠᠭ ᠲᠤᠬᠠᠢᠳᠤᠨᠢ ᠰᠢᠯᠵᠢᠬᠦᠯᠦᠨ ᠪᠠᠭᠤᠯᠭ᠋ᠠᠵᠦ ᠠᠪᠬᠤ ᠬᠡᠷᠡᠭᠳᠡᠢ᠃ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠨᠢ ᠲᠤᠨᠨᠳᠠᠮᠠᠯ ᠬᠤᠭᠤᠴᠠᠭ᠎ᠠ᠎ᠲᠠᠢ᠎ᠪᠠᠷ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠰᠠᠯᠠᠭ᠎ᠠ ᠮᠦᠴᠢᠷ᠂ ᠮᠤᠵᠢ ᠵᠢᠨ ᠱᠠᠳᠤᠨ᠎ᠤ ᠵᠠᠰᠠᠭ᠎ᠤᠨ ᠤᠷᠳᠤᠨ᠂ ᠬᠤᠳᠠ ᠰᠢᠶᠠᠨ᠎ᠤ ᠵᠠᠰᠠᠭ᠎ᠤᠨ ᠤᠷᠳᠤᠨ᠎ᠤ ᠫᠤᠷᠲ᠋ᠤᠯ ᠰᠦᠯᠵᠢᠶᠡᠨ ᠦᠷᠳᠡᠭᠡ ᠵᠢᠨ ᠰᠢᠯᠵᠢᠭᠦᠯᠦᠨ ᠪᠠᠭᠤᠯᠭ᠋ᠠᠵᠦ ᠠᠪᠤᠨᠨᠰᠠᠨ ᠪᠠᠶ᠋ᠢᠳᠠᠯ᠎ᠢ ᠲᠤᠰᠬᠠᠶ᠋ᠢᠯᠠᠨ ᠪᠠᠶ᠋ᠢᠴᠠᠭ᠋ᠠᠬᠤ ᠬᠡᠷᠡᠭᠳᠡᠢ᠃ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠬᠢᠬᠡᠳ ᠭᠤᠤᠯ ᠪᠤᠯᠬᠤ ᠰᠤᠨᠢᠨ ᠮᠡᠳᠡᠬᠡᠨ᠎ᠤ ᠵᠠᠭᠤᠴᠢᠯᠠᠭᠤᠷ᠂ ᠰᠤᠨᠢᠨ ᠮᠡᠳᠡᠬᠡᠨ᠎ᠤ ᠰᠦᠯᠵᠢᠶᠡᠨ ᠦᠷᠳᠡᠭᠡ᠂ ᠬᠤᠳᠠᠯᠳᠤᠭ᠋ᠠᠨ᠎ᠤ ᠰᠦᠯᠵᠢᠶᠡᠨ ᠦᠷᠳᠡᠭᠡ᠎ᠲᠠᠢ ᠬᠤᠯᠪᠤᠭ᠋ᠠᠯᠠᠨ ᠭᠦᠳᠡᠯᠦᠯᠴᠡᠬᠦ᠎ᠪᠠᠨ ᠴᠢᠩᠭ᠋ᠠᠳᠬᠠᠵᠦ᠂ ᠲᠤᠰᠬᠠᠢ ᠪᠤᠯᠤᠩ ᠲᠤᠰᠬᠠᠢ ᠬᠡᠪᠯᠡᠯ ᠬᠠᠮᠳᠤᠷᠠᠨ ᠡᠷᠬᠢᠯᠡᠬᠦ ᠵᠡᠷᠬᠡ ᠠᠷᠭ᠎ᠠ ᠮᠠᠶᠢᠭ ᠵᠶ᠋ᠠᠷ ᠲᠠᠮᠵᠢᠭᠤᠯᠤᠨ᠂ ᠰᠦᠯᠵᠢᠶᠡᠨ ᠦᠷᠳᠡᠭᠡ ᠵᠢᠨ ᠪᠦᠬᠡᠮᠨᠡᠷᠡᠯ ᠪᠠ ᠦᠷᠬᠡᠳᠬᠡᠨ ᠲᠠᠷᠬᠠᠭ᠋ᠠᠬᠤ ᠦᠷ᠎ᠡ ᠨᠦᠯᠦᠬᠡ ᠵᠢ ᠲᠡᠬᠡᠭᠰᠢᠯᠡᠬᠦᠯᠵᠦ᠂ ᠲᠠᠮᠵᠢᠭᠤᠯᠭ᠎ᠠ ᠵᠢᠨ ᠬᠠᠮᠳᠤᠷᠠᠯ᠎ᠤᠨ ᠭᠦᠴᠦᠨ᠎ᠢ ᠪᠦᠷᠢᠯᠳᠦᠬᠦᠯᠦᠨ᠂ ᠲᠠᠮᠵᠢᠭᠤᠯᠭ᠎ᠠ ᠵᠢᠨ ᠦᠷ᠎ᠡ ᠪᠦᠳᠦᠮᠵᠢ ᠵᠢ ᠲᠡᠬᠡᠭᠰᠢᠯᠡᠬᠦᠯᠬᠦ ᠬᠡᠷᠡᠭᠳᠡᠢ᠃
(ᠭᠤᠷᠪᠠ) ᠰᠤᠨᠢᠨ ᠮᠡᠳᠡᠬᠡᠨ᠎ᠤ ᠵᠠᠭᠤᠴᠢᠯᠠᠭᠤᠷ᠎ᠤᠨ ᠲᠡᠪᠴᠡᠩ᠎ᠢ ᠭᠦᠢ᠍ᠴᠡᠳ ᠠᠰᠢᠨᠨᠯᠠᠭ᠍ᠤ ᠬᠡᠷᠡᠭᠳᠡᠢ᠃ ᠰᠤᠨᠢᠨ ᠮᠡᠳᠡᠬᠡᠨ᠎ᠤ ᠵᠠᠭᠤᠴᠢᠯᠠᠭᠤᠷ ᠪᠤᠯ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠴᠢᠬᠤᠯᠠ ᠲᠡᠪᠴᠡᠩ ᠪᠤᠯᠤᠨ᠎ᠠ᠃ ᠡᠯ᠎ᠡ ᠱᠠᠳᠤᠨ᠎ᠤ ᠵᠠᠰᠠᠭ᠎ᠤᠨ ᠤᠷᠳᠤᠨ ᠵᠢᠴᠢ ᠰᠠᠯᠠᠭ᠎ᠠ ᠮᠦᠴᠢᠷ᠎ᠨᠢ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ᠂ ᠵᠠᠰᠠᠭ᠎ᠤᠨ ᠶᠠᠪᠤᠳᠠᠯ᠎ᠤᠨ ᠪᠢᠴᠢᠯ ᠪᠦᠷᠬᠡ ᠸᠢᠴᠠᠲ᠂ ᠵᠠᠰᠠᠭ᠎ᠤᠨ ᠶᠠᠪᠤᠳᠠᠯ᠎ᠤᠨ ᠬᠠᠷᠢᠴᠠᠭ᠋ᠠᠨ᠎ᠤ ᠡᠷᠦᠬᠡ ᠵᠢᠨ ᠦᠵᠦᠭᠦᠷ ᠵᠡᠷᠬᠡ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠦᠪᠡᠷ᠎ᠤᠨ ᠲᠡᠪᠴᠡᠩ᠎ᠳᠤ ᠰᠠᠭᠤᠷᠢᠯᠬᠠᠰᠠᠨ ᠰᠠᠭᠤᠷᠢᠨ ᠲᠡᠬᠡᠷ᠎ᠡ᠂ ᠤᠬᠠᠭᠤᠯᠭ᠎ᠠ᠂ ᠲᠤᠤᠷ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠵᠢᠨ ᠰᠠᠯᠠᠭ᠎ᠠ ᠮᠦᠴᠢᠷ ᠵᠢᠴᠢ ᠰᠤᠨᠢᠨ ᠮᠡᠳᠡᠬᠡᠨ᠎ᠤ ᠵᠠᠭᠤᠴᠢᠯᠠᠭᠤᠷ᠎ᠲᠠᠢ ᠨᠡᠪᠳᠡᠷᠡᠯᠴᠡᠵᠦ ᠬᠠᠷᠢᠯᠴᠠᠭ᠍ᠤ᠎ᠪᠠᠨ ᠴᠢᠩᠭ᠋ᠠᠳᠬᠠᠨ᠂ ᠰᠤᠨᠢᠨ ᠮᠡᠳᠡᠬᠡᠨ᠎ᠤ ᠵᠠᠭᠤᠴᠢᠯᠠᠭᠤᠷ᠎ᠤᠨ ᠡᠬᠢ ᠪᠠᠶᠠᠯᠢᠭ᠎ᠢ ᠭᠦᠢ᠍ᠴᠡᠳ ᠬᠡᠷᠡᠭᠯᠡᠵᠦ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠰᠠᠶ᠋ᠢᠳᠤᠷ ᠬᠢᠬᠦ ᠬᠡᠷᠡᠭᠳᠡᠢ᠃ ᠵᠠᠭᠤᠴᠢᠯᠠᠭᠤᠷ᠎ᠲᠤ ᠰᠠᠨᠠᠭ᠋ᠠᠴᠢᠯᠠᠭ᠎ᠠ᠎ᠠᠴᠠ᠎ᠪᠠᠨ ᠪᠤᠷᠤ ᠮᠠᠲᠸᠷᠢᠶᠠᠯ ᠬᠠᠩᠭ᠋ᠠᠬᠤ᠎ᠪᠠᠷ ᠲᠠᠮᠵᠢᠭᠤᠯᠤᠨ᠂ ᠵᠠᠭᠤᠴᠢᠯᠠᠭᠤᠷ᠎ᠤᠨ ᠪᠠᠶ᠋ᠢᠳᠠᠯ ᠵᠶ᠋ᠠᠨ ᠮᠡᠳᠡᠯᠴᠡᠬᠦ ᠬᠤᠷᠠᠯ ᠬᠤᠷᠠᠯᠳᠤᠭᠤᠯᠵᠦ᠂ ᠬᠠᠮᠢᠶ᠎ᠠ ᠪᠦᠭᠦᠢ ᠲᠦᠷᠦ ᠵᠢᠨ ᠪᠤᠳᠤᠯᠭ᠎ᠠ ᠵᠢ ᠡᠵᠡᠮᠰᠢᠨ᠂ ᠬᠠᠮᠢᠶ᠎ᠠ ᠪᠦᠭᠦᠢ ᠭᠦᠷᠢᠶ᠎ᠡ ᠴᠠᠷᠠᠭ᠎ᠠ ᠵᠢᠨ ᠲᠤᠬᠠᠶ᠋ᠢᠯᠬᠠᠰᠠᠨ ᠠᠵᠢᠯ᠎ᠢ ᠲᠤᠳᠤᠷᠬᠠᠢ ᠤᠶ᠋ᠢᠯᠠᠭ᠋ᠠᠬᠤ ᠡᠷᠳᠡᠮᠳᠡᠨ ᠮᠡᠷᠬᠡᠵᠢᠯᠳᠡᠨ᠎ᠢ ᠲᠠᠨᠢᠯᠴᠠᠭᠤᠯᠵᠦ ᠪᠠᠶ᠋ᠢᠭ᠋ᠠᠳ ᠵᠠᠭᠤᠴᠢᠯᠠᠭᠤᠷ᠎ᠤᠨ ᠰᠤᠷᠪᠤᠯᠵᠢᠯᠠᠯ ᠭᠦᠯᠢᠶᠡᠯᠬᠡᠬᠦ ᠵᠡᠷᠬᠡ ᠠᠷᠭ᠎ᠠ ᠮᠠᠶᠢᠭ ᠵᠶ᠋ᠠᠷ ᠵᠠᠭᠤᠴᠢᠯᠠᠭᠤᠷ᠎ᠤᠨ ᠰᠤᠷᠪᠤᠯᠵᠢᠯᠠᠭ᠍ᠤ ᠵᠠᠮ ᠮᠦᠷ᠎ᠢ ᠰᠢᠯᠦᠭᠤᠳᠬᠠᠵᠦ᠂ ᠰᠤᠨᠢᠨ ᠮᠡᠳᠡᠬᠡᠨ᠎ᠤ ᠵᠠᠭᠤᠴᠢᠯᠠᠭᠤᠷ᠎ᠤᠨ ᠢᠯᠡ ᠪᠤᠯᠭ᠋ᠠᠬᠤ ᠲᠡᠪᠴᠡᠩ᠎ᠤᠨ ᠦᠢ᠍ᠯᠡᠳᠦᠯ᠎ᠢ ᠨᠡᠩ ᠰᠠᠶ᠋ᠢᠨ ᠪᠠᠳᠠᠷᠠᠭᠤᠯᠬᠤ ᠬᠡᠷᠡᠭᠳᠡᠢ᠃ ᠲᠦᠪ ᠪᠠ ᠤᠷᠤᠨ ᠨᠤᠳᠤᠭ᠎ᠤᠨ ᠭᠤᠤᠯ ᠤᠷᠤᠰᠬᠠᠯ ᠵᠠᠭᠤᠴᠢᠯᠠᠭᠤᠷ ᠵᠢᠴᠢ ᠰᠢᠨ᠎ᠠ ᠵᠠᠭᠤᠴᠢᠯᠠᠭᠤᠷ᠎ᠤᠨ ᠬᠠᠷᠢᠭᠤᠴᠠᠯᠭ᠋ᠠᠳᠠᠨ᠎ᠢ ᠬᠤᠯᠪᠤᠨᠨᠳᠠᠯ ᠪᠦᠭᠦᠢ ᠬᠤᠷᠠᠯ᠎ᠳᠤ ᠰᠤᠯᠠ ᠤᠷᠤᠯᠴᠠᠭᠤᠯᠬᠤ ᠵᠢ ᠢᠳᠡᠪᠬᠢᠳᠡᠢ ᠲᠤᠬᠢᠷᠠᠭᠤᠯᠵᠦ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠬᠠᠮᠤᠷᠬᠤ ᠬᠡᠪᠴᠢᠶ᠎ᠡ ᠪᠠ ᠨᠦᠯᠦᠬᠡᠯᠡᠬᠦ ᠭᠦᠴᠦᠨ᠎ᠢ ᠤᠯᠠᠮ ᠨᠢᠬᠡ ᠠᠯᠬᠤᠮ ᠦᠷᠬᠡᠳᠬᠡᠬᠦ ᠬᠡᠷᠡᠭᠳᠡᠢ᠃
(ᠲᠦᠷᠪᠡ) ᠵᠠᠰᠠᠭ᠎ᠤᠨ ᠤᠷᠳᠤᠨ᠎ᠤ ᠠᠯᠪᠠᠨ ᠮᠡᠳᠡᠭᠡ ᠵᠢᠨ ᠪᠠᠷᠢᠮᠵᠢᠶ᠎ᠠ᠎ᠳᠤ ᠪᠢᠴᠢᠭ ᠰᠡᠯᠳᠡ ᠵᠢᠨ ᠦᠢ᠍ᠯᠡᠳᠦᠯ᠎ᠢ ᠰᠠᠶ᠋ᠢᠳᠤᠷ ᠪᠠᠳᠠᠷᠠᠭᠤᠯᠬᠤ ᠬᠡᠷᠡᠭᠳᠡᠢ᠃ ᠵᠠᠰᠠᠭ᠎ᠤᠨ ᠤᠷᠳᠤᠨ᠎ᠤ ᠠᠯᠪᠠᠨ ᠮᠡᠳᠡᠭᠡ᠎ᠨᠢ ᠲᠤᠰ ᠱᠠᠳᠤᠨ᠎ᠤ ᠵᠠᠰᠠᠭ᠎ᠤᠨ ᠤᠷᠳᠤᠨ ᠵᠢᠴᠢ ᠰᠠᠯᠠᠭ᠎ᠠ ᠮᠦᠴᠢᠷ᠎ᠤᠨ ᠨᠡᠶ᠋ᠢᠳᠡᠯᠡᠭᠰᠡᠨ ᠲᠦᠷᠢᠮ ᠲᠤᠨᠨᠳᠠᠭ᠋ᠠᠯ ᠪᠠ ᠵᠢᠷᠤᠮᠵᠢᠨᠨᠰᠠᠨ ᠪᠢᠴᠢᠭ ᠮᠠᠲᠸᠷᠢᠶᠠᠯ᠎ᠢ ᠴᠠᠭ ᠲᠤᠬᠠᠢᠳᠤᠨᠢ ᠤᠨᠤᠪᠴᠢᠳᠠᠢ ᠨᠡᠶ᠋ᠢᠳᠡᠯᠡᠵᠦ᠂ ᠨᠠᠶ᠋ᠢᠳᠠᠯᠠᠪᠠᠰᠤ ᠵᠤᠬᠢᠬᠤ ᠵᠢ᠎ᠨᠢ ᠤᠷᠬᠢᠬᠳᠠᠯ ᠦᠬᠡᠢ᠎ᠪᠠᠷ ᠨᠡᠶ᠋ᠢᠳᠡᠯᠡᠨ᠂ ᠤᠯᠠᠨ ᠨᠡᠶ᠋ᠢᠳᠡ ᠵᠢᠨ ᠡᠷᠢᠵᠦ ᠦᠵᠡᠬᠦ᠂ ᠬᠠᠤᠯᠢ ᠬᠡᠷᠡᠭᠵᠢᠬᠦᠯᠵᠦ ᠰᠢᠬᠦᠨ ᠲᠠᠰᠤᠯᠬᠤ ᠵᠡᠷᠬᠡ᠎ᠳᠤ ᠪᠦᠳᠦᠮᠵᠢᠳᠡᠢ ᠪᠠᠷᠢᠮᠵᠢᠶ᠎ᠠ᠎ᠳᠤ ᠪᠢᠴᠢᠭ ᠰᠡᠯᠳᠡ ᠬᠠᠩᠭ᠋ᠠᠬᠤ ᠬᠡᠷᠡᠭᠳᠡᠢ᠃ ᠡᠯ᠎ᠡ ᠱᠠᠳᠤᠨ᠎ᠤ ᠵᠠᠰᠠᠭ᠎ᠤᠨ ᠤᠷᠳᠤᠨ᠎ᠨᠢ ᠦᠩᠬᠡᠷᠡᠭᠰᠡᠨ᠎ᠤ ᠠᠯᠪᠠᠨ ᠮᠡᠳᠡᠭᠡ ᠵᠢ ᠲᠤᠭ᠋ᠠᠵᠢᠭᠤᠯᠬᠤ ᠠᠵᠢᠯ᠎ᠢ ᠠᠬᠢᠭᠤᠯᠵᠦ᠂ 《13 · 5》 ᠵᠢᠨ ᠬᠤᠭᠤᠴᠠᠭ᠋ᠠᠨ᠎ᠤ ᠰᠡᠭᠦᠯᠴᠢ ᠪᠤᠯᠳᠠᠯ᠎ᠠ᠂ ᠬᠡᠪᠯᠡᠯ ᠡᠬᠢᠯᠡᠭᠰᠡᠨ᠎ᠠᠴᠠ ᠨᠠᠰᠢᠬᠢ ᠲᠤᠰ ᠱᠠᠳᠤᠨ᠎ᠤ ᠵᠠᠰᠠᠭ᠎ᠤᠨ ᠤᠷᠳᠤᠨ᠎ᠤ ᠠᠯᠪᠠᠨ ᠮᠡᠳᠡᠭᠡ᠎ᠳᠤ ᠨᠡᠶ᠋ᠢᠳᠡᠯᠡᠭᠰᠡᠨ ᠠᠭᠤᠯᠭ᠎ᠠ ᠵᠢᠨ ᠳ᠋ᠠᠶ᠋ᠢᠲ᠋ᠠ ᠭᠦᠮᠦᠷᠬᠡ ᠵᠢ ᠪᠠᠶ᠋ᠢᠭᠤᠯᠵᠦ᠂ ᠲᠤᠰ ᠱᠠᠳᠤᠨ᠎ᠤ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠡᠷᠬᠡ᠎ᠳᠤ ᠰᠦᠯᠵᠢᠶᠡᠨ ᠲᠡᠬᠡᠷᠡᠬᠢ ᠦᠢ᠍ᠯᠡᠴᠢᠯᠡᠭᠡ ᠬᠠᠩᠭ᠋ᠠᠵᠦ᠂ ᠤᠯᠠᠨ ᠨᠡᠶ᠋ᠢᠳᠡ ᠵᠢᠨ ᠡᠷᠢᠵᠦ ᠦᠵᠡᠬᠦ᠎ᠳᠤ ᠲᠦᠭᠦᠮ ᠦᠵᠡᠬᠦᠯᠦᠨ᠎ᠠ᠃
ᠲᠠᠪᠤ᠂ ᠤᠯᠠᠨ ᠨᠡᠶ᠋ᠢᠳᠡ ᠵᠢᠨ ᠤᠷᠤᠯᠴᠠᠯᠭ᠎ᠠ ᠵᠢ ᠦᠷᠬᠡᠳᠬᠡᠨ᠎ᠠ
(ᠨᠢᠬᠡ) ᠤᠯᠠᠨ ᠨᠡᠶ᠋ᠢᠳᠡ ᠵᠢᠨ ᠤᠷᠤᠯᠴᠠᠯᠭ᠎ᠠ ᠵᠢᠨ ᠵᠦᠢ᠍ᠯᠡᠰ᠎ᠤᠨ ᠬᠡᠪᠴᠢᠶ᠎ᠡ ᠵᠢ ᠲᠤᠳᠤᠷᠬᠠᠶ᠋ᠢᠯᠠᠭ᠍ᠤ ᠬᠡᠷᠡᠭᠳᠡᠢ᠃ ᠵᠠᠰᠠᠭ᠎ᠤᠨ ᠤᠷᠳᠤᠨ᠎ᠤ ᠭᠤᠤᠯᠯᠠᠭ᠍ᠤ ᠠᠵᠢᠯ᠎ᠤᠨ ᠲᠤᠭᠤᠷᠢᠨ᠎ᠳᠤ ᠤᠯᠠᠨ ᠨᠡᠶ᠋ᠢᠳᠡ ᠵᠢᠨ ᠤᠷᠤᠯᠴᠠᠯᠭ᠎ᠠ ᠵᠢᠨ ᠵᠦᠢ᠍ᠯᠡᠰ᠎ᠤᠨ ᠬᠡᠪᠴᠢᠶ᠎ᠡ ᠵᠢ ᠨᠠᠷᠢᠯᠢᠨᠨᠵᠢᠭᠤᠯᠵᠦ᠂ ᠤᠯᠠᠨ ᠨᠡᠶ᠋ᠢᠳᠡ ᠵᠢ ᠲᠦᠷᠦ ᠵᠢᠨ ᠪᠤᠳᠤᠯᠭ᠎ᠠ ᠲᠤᠨᠨᠳᠠᠭ᠋ᠠᠬᠤ᠂ ᠬᠡᠷᠡᠭᠵᠢᠬᠦᠯᠬᠦ ᠪᠠ ᠬᠢᠨᠠᠯᠳᠠ ᠲᠠᠯᠪᠢᠬᠤ᠎ᠳᠤ ᠨᠡᠩ ᠶᠡᠭᠡ ᠬᠡᠮᠵᠢᠶ᠎ᠡ᠎ᠪᠠᠷ ᠤᠷᠤᠯᠴᠠᠭᠤᠯᠬᠤ ᠬᠡᠷᠡᠭᠳᠡᠢ᠃ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠰᠠᠯᠠᠭ᠎ᠠ ᠮᠦᠴᠢᠷ᠎ᠨᠢ ᠭᠤᠤᠯᠳᠠᠭᠤ ᠤᠯᠤᠰ ᠠᠷᠠᠳ᠎ᠤᠨ ᠠᠵᠦ ᠠᠬᠤᠢ ᠪᠠ ᠨᠡᠶ᠋ᠢᠬᠡᠮ᠎ᠤᠨ ᠭᠦᠭᠵᠢᠯᠳᠡ ᠵᠢᠨ ᠲᠦᠯᠦᠪᠯᠡᠭᠡ᠂ ᠴᠢᠬᠤᠯᠠ ᠶᠡᠭᠡ ᠲᠦᠯᠦᠪᠵᠢᠬᠦᠯᠬᠡ᠂ ᠤᠯᠤᠰ ᠪᠠ ᠨᠡᠶ᠋ᠢᠬᠡᠮ᠎ᠤᠨ ᠬᠠᠮᠢᠶᠠᠷᠤᠯᠳᠠ ᠵᠢᠨ ᠴᠢᠬᠤᠯᠠ ᠬᠡᠷᠡᠭ ᠶᠠᠪᠤᠳᠠᠯ᠂ ᠬᠠᠤᠯᠢ ᠴᠠᠭ᠋ᠠᠵᠠ ᠵᠢᠨ ᠵᠦᠪᠯᠡᠬᠦ ᠵᠦᠢ᠍ᠯ ᠪᠠ ᠵᠠᠰᠠᠭ ᠵᠠᠬᠢᠷᠭ᠋ᠠᠨ᠎ᠤ ᠬᠠᠤᠯᠢ ᠲᠤᠨᠨᠳᠠᠭ᠋ᠠᠯ ᠡᠬᠡ ᠲᠦᠰᠦᠯ ᠵᠡᠷᠬᠡ ᠵᠢᠨ ᠲᠤᠭᠤᠷᠢᠨ᠎ᠳᠤ᠂ ᠱᠠᠭ᠋ᠠᠷᠳᠠᠯᠭ᠎ᠠ᠎ᠪᠠᠨ ᠦᠨᠳᠦᠰᠦᠯᠡᠨ ᠡᠯ᠎ᠡ ᠲᠦᠷᠦᠯ᠎ᠤᠨ ᠠᠷᠭ᠎ᠠ ᠮᠠᠶᠢᠭ ᠵᠶ᠋ᠠᠷ ᠲᠠᠮᠵᠢᠭᠤᠯᠵᠦ ᠤᠯᠠᠨ ᠨᠡᠶ᠋ᠢᠳᠡ ᠵᠢᠨ ᠤᠷᠤᠯᠴᠠᠯᠭ᠎ᠠ ᠵᠢ ᠦᠷᠬᠡᠳᠬᠡᠬᠦ ᠬᠡᠷᠡᠭᠳᠡᠢ᠃ ᠮᠤᠵᠢ ᠵᠢᠨ ᠱᠠᠳᠤᠨ᠎ᠤ ᠵᠠᠰᠠᠭ᠎ᠤᠨ ᠤᠷᠳᠤᠨ᠎ᠨᠢ ᠭᠤᠤᠯᠳᠠᠭᠤ ᠤᠯᠤᠰ ᠠᠷᠠᠳ᠎ᠤᠨ ᠠᠵᠦ ᠠᠬᠤᠢ ᠪᠠ ᠨᠡᠶ᠋ᠢᠬᠡᠮ᠎ᠤᠨ ᠭᠦᠭᠵᠢᠯᠳᠡ ᠵᠢᠨ ᠲᠦᠯᠦᠪᠵᠢᠬᠦᠯᠬᠡ᠂ ᠤᠨ᠎ᠤ ᠲᠦᠯᠦᠪᠯᠡᠭᠡ ᠵᠢᠨ ᠲᠤᠭᠤᠷᠢᠨ᠎ᠳᠤ ᠮᠤᠵᠢ ᠵᠢᠨ ᠱᠠᠳᠤᠨ᠎ᠤ ᠨᠡᠶ᠋ᠢᠬᠡᠮ᠎ᠤᠨ ᠬᠠᠮᠢᠶᠠᠷᠤᠯᠳᠠ ᠵᠢᠨ ᠬᠡᠷᠡᠭ ᠶᠠᠪᠤᠳᠠᠯ᠂ ᠵᠠᠰᠠᠭ᠎ᠤᠨ ᠤᠷᠳᠤᠨ᠎ᠤ ᠲᠦᠷᠢᠮ ᠲᠤᠨᠨᠳᠠᠭ᠋ᠠᠯ ᠪᠠ ᠴᠢᠬᠤᠯᠠ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ᠂ ᠴᠢᠬᠤᠯᠠ ᠶᠡᠭᠡ ᠪᠦᠳᠦᠬᠡᠨ ᠪᠠᠶ᠋ᠢᠭᠤᠯᠤᠯᠳᠠ ᠵᠢᠨ ᠲᠦᠷᠦᠯ ᠵᠦᠢ᠍ᠯ ᠵᠡᠷᠬᠡ ᠴᠢᠬᠤᠯᠠ ᠰᠶ᠋ᠢᠳᠪᠦᠷᠢᠳᠦ ᠪᠤᠳᠤᠯᠭ᠎ᠠ ᠲᠤᠨᠨᠳᠠᠭ᠋ᠠᠬᠤ ᠵᠦᠢ᠍ᠯᠡᠰ᠎ᠤᠨ ᠲᠤᠭᠤᠷᠢᠨ᠎ᠳᠤ ᠤᠯᠠᠨ ᠨᠡᠶ᠋ᠢᠳᠡ ᠵᠢᠨ ᠤᠷᠤᠯᠴᠠᠯᠭ᠎ᠠ ᠵᠢᠨ ᠠᠵᠢᠯ᠎ᠢ ᠰᠠᠶ᠋ᠢᠳᠤᠷ ᠭᠦᠴᠦᠯᠡᠨ ᠬᠢᠬᠦ ᠬᠡᠷᠡᠭᠳᠡᠢ᠃ ᠬᠤᠳᠠ ᠰᠢᠶᠠᠨ᠎ᠤ ᠱᠠᠳᠤᠨ᠎ᠤ ᠵᠠᠰᠠᠭ᠎ᠤᠨ ᠤᠷᠳᠤᠨ᠎ᠨᠢ ᠵᠠᠬ᠎ᠠ ᠲᠡᠯᠬᠡᠬᠦᠷ᠎ᠤᠨ ᠬᠢᠨᠠᠯᠳᠠ ᠬᠠᠮᠢᠶᠠᠷᠤᠯᠳᠠ᠂ ᠠᠵᠦ ᠠᠬᠤᠢ ᠨᠡᠶ᠋ᠢᠬᠡᠮ᠎ᠤᠨ ᠭᠦᠭᠵᠢᠯᠳᠡ ᠪᠠ ᠠᠷᠠᠳ᠎ᠲᠤ ᠠᠰᠢᠭ ᠭᠦᠷᠳᠡᠬᠡᠬᠦ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠬᠡᠷᠡᠭᠵᠢᠬᠦᠯᠵᠦ ᠪᠤᠳᠠᠳᠠᠶ᠋ᠢᠵᠢᠭᠤᠯᠬᠤ ᠲᠤᠭᠤᠷᠢᠨ᠎ᠳᠤ ᠡᠷᠬᠡ ᠠᠰᠢᠭ᠎ᠤᠨ ᠬᠠᠮᠢᠶ᠎ᠠ ᠪᠦᠭᠦᠢ ᠲᠠᠯ᠎ᠠ ᠪᠠ ᠨᠡᠶ᠋ᠢᠬᠡᠮ᠎ᠤᠨ ᠤᠯᠠᠨ ᠨᠡᠶ᠋ᠢᠳᠡ ᠵᠢᠨ ᠤᠷᠤᠯᠴᠠᠯᠭ᠎ᠠ ᠵᠢ ᠭᠦᠴᠦᠯᠡᠨ ᠴᠢᠩᠭ᠋ᠠᠳᠬᠠᠬᠤ ᠬᠡᠷᠡᠭᠳᠡᠢ᠃
(ᠬᠤᠶᠠᠷ) ᠤᠯᠠᠨ ᠨᠡᠶ᠋ᠢᠳᠡ ᠵᠢᠨ ᠤᠷᠤᠯᠴᠠᠯᠭ᠎ᠠ ᠵᠢᠨ ᠠᠷᠭ᠎ᠠ ᠮᠠᠶᠢᠭ᠎ᠢ ᠵᠢᠷᠤᠮᠵᠢᠭᠤᠯᠬᠤ ᠬᠡᠷᠡᠭᠳᠡᠢ᠃ ᠠᠷᠠᠳ᠎ᠤᠨ ᠰᠠᠨᠠᠯ᠎ᠢ ᠬᠤᠷᠢᠶᠠᠨ ᠴᠤᠨᠨᠯᠠᠭᠤᠯᠬᠤ ᠲᠤᠨᠨᠳᠠᠴᠠ ᠵᠢ ᠲᠡᠭᠦᠯᠳᠡᠷᠵᠢᠬᠦᠯᠵᠦ᠂ ᠤᠯᠠᠨ ᠨᠡᠶ᠋ᠢᠳᠡ ᠵᠢᠨ ᠤᠷᠤᠯᠴᠠᠯᠭ᠎ᠠ ᠵᠢᠨ ᠢᠳᠡᠪᠬᠢᠵᠢᠯ᠎ᠢ ᠭᠦᠭᠵᠢᠬᠡᠬᠦ ᠬᠡᠷᠡᠭᠳᠡᠢ᠃ ᠤᠯᠠᠨ ᠨᠡᠶ᠋ᠢᠳᠡ ᠵᠢᠨ ᠴᠢᠬᠤᠯᠠ ᠶᠡᠭᠡ ᠠᠰᠢᠭ ᠲᠤᠰᠠ ᠪᠠ ᠤᠯᠠᠨ ᠨᠡᠶ᠋ᠢᠳᠡ ᠵᠢᠨ ᠡᠷᠬᠡ ᠠᠰᠢᠭ᠎ᠤᠨ ᠴᠢᠬᠤᠯᠠ ᠰᠶ᠋ᠢᠳᠪᠦᠷᠢᠳᠦ ᠪᠤᠳᠤᠯᠭ᠎ᠠ ᠲᠤᠨᠨᠳᠠᠭ᠍ᠤᠳᠤ ᠬᠤᠯᠪᠤᠨᠨᠳᠠᠭ᠍ᠤ᠂ ᠬᠠᠤᠯᠢ ᠶᠤᠰᠤᠭ᠋ᠠᠷ ᠨᠢᠭᠤᠴᠠ ᠵᠢ ᠬᠠᠮᠠᠭ᠋ᠠᠯᠠᠭ᠍ᠤ᠎ᠠᠴᠠ ᠭᠠᠳᠠᠨ᠎ᠠ᠂ ᠡᠷᠬᠡᠪᠰᠢ ᠰᠠᠨᠠᠯ ᠬᠤᠷᠢᠶᠠᠭ᠍ᠤ᠂ ᠬᠡᠷᠡᠴᠢᠯᠡᠭᠡ ᠰᠤᠨᠤᠰᠬᠤ ᠰᠠᠭᠤᠳᠠᠯ᠎ᠤᠨ ᠬᠤᠷᠠᠯ᠂ ᠠᠰᠠᠭᠤᠨ ᠯᠠᠪᠯᠠᠵᠦ ᠵᠦᠪᠳᠡᠯᠴᠡᠬᠦ᠂ ᠬᠤᠷᠠᠯ᠎ᠳᠤ ᠰᠤᠯᠠ ᠤᠷᠤᠯᠴᠠᠭ᠍ᠤ᠂ ᠵᠠᠭᠤᠴᠢᠯᠠᠭᠤᠷ ᠵᠶ᠋ᠠᠷ ᠤᠴᠢᠷ ᠶᠠᠪᠤᠳᠠᠯ ᠮᠡᠳᠡᠭᠳᠡᠬᠦ ᠵᠡᠷᠬᠡ ᠠᠷᠭ᠎ᠠ ᠮᠠᠶᠢᠭ ᠵᠶ᠋ᠠᠷ ᠲᠠᠮᠵᠢᠭᠤᠯᠤᠨ ᠤᠯᠠᠨ ᠨᠡᠶ᠋ᠢᠳᠡ ᠵᠢᠨ ᠤᠷᠤᠯᠴᠠᠯᠭ᠎ᠠ ᠵᠢ ᠦᠷᠬᠡᠳᠬᠡᠬᠦ ᠬᠡᠷᠡᠭᠳᠡᠢ᠃ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠬᠠᠤᠯᠢ ᠴᠠᠭ᠋ᠠᠵᠠ ᠬᠠᠤᠯᠢ ᠲᠤᠨᠨᠳᠠᠭ᠋ᠠᠯ᠎ᠳᠤ ᠲᠤᠨᠨᠳᠠᠭ᠋ᠠᠨᠨᠰᠠᠨ ᠬᠡᠷᠡᠴᠢᠯᠡᠭᠡ ᠰᠤᠨᠤᠰᠬᠤ ᠲᠡᠰ ᠲᠠᠷᠠᠭ᠋ᠠᠯᠠᠯ᠎ᠢ ᠨᠠᠶ᠋ᠢᠳᠠᠪᠤᠷᠢᠵᠢᠭᠤᠯᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠦᠯᠳᠡ ᠵᠢᠨ ᠢᠯᠡ ᠪᠤᠯᠭ᠋ᠠᠬᠤ ᠬᠡᠮᠵᠢᠶ᠎ᠡ ᠪᠠ ᠮᠡᠳᠡᠷᠡᠬᠦ ᠬᠡᠮᠵᠢᠶ᠎ᠡ ᠵᠢ ᠲᠡᠬᠡᠭᠰᠢᠯᠡᠬᠦᠯᠬᠦ ᠬᠡᠷᠡᠭᠳᠡᠢ᠃ ᠠᠷᠠᠳ᠎ᠤᠨ ᠲᠦᠯᠦᠬᠡᠯᠡᠭᠴᠢ᠂ ᠤᠯᠤᠰ ᠲᠦᠷᠦ ᠵᠢᠨ ᠵᠦᠪᠯᠡᠯᠬᠡᠨ᠎ᠤ ᠬᠡᠰᠢᠭᠦᠨ᠂ ᠠᠷᠠᠳᠴᠢᠯᠬᠠᠰᠠᠨ ᠨᠠᠮ ᠪᠦᠯᠦᠭ᠂ ᠠᠷᠠᠳ᠎ᠤᠨ ᠪᠦᠯᠭᠦᠮ᠂ ᠨᠡᠶ᠋ᠢᠬᠡᠮ᠎ᠤᠨ ᠤᠯᠠᠨ ᠨᠡᠶ᠋ᠢᠳᠡ᠂ ᠰᠤᠨᠢᠨ ᠮᠡᠳᠡᠭᠡ ᠵᠠᠭᠤᠴᠢᠯᠠᠭᠤᠷ᠎ᠤᠨ ᠬᠢᠨᠠᠯᠳᠠ ᠲᠠᠯᠪᠢᠬᠤ ᠦᠢ᠍ᠯᠡᠳᠦᠯ᠎ᠢ ᠰᠠᠶ᠋ᠢᠳᠤᠷ ᠪᠠᠳᠠᠷᠠᠭᠤᠯᠵᠦ᠂ ᠭᠤᠷᠪᠠᠳᠠᠬᠢ ᠡᠳᠡᠬᠡᠳ᠎ᠤᠨ ᠦᠨᠡᠯᠡᠨ ᠵᠢᠱ᠌ᠢᠬᠦ ᠵᠡᠷᠬᠡ ᠠᠷᠭ᠎ᠠ ᠮᠠᠶᠢᠭ᠎ᠢ ᠢᠳᠡᠪᠬᠢᠳᠡᠢ ᠬᠡᠷᠡᠭᠯᠡᠨ᠂ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠬᠡᠷᠡᠭᠵᠢᠬᠦᠯᠦᠭᠰᠡᠨ ᠪᠠᠶ᠋ᠢᠳᠠᠯ᠎ᠢ ᠦᠨᠡᠯᠡᠨ ᠵᠢᠱ᠌ᠢᠬᠦ ᠪᠠ ᠬᠢᠨᠠᠯᠳᠠ ᠲᠠᠯᠪᠢᠬᠤ ᠠᠵᠢᠯ᠎ᠢ ᠰᠠᠶ᠋ᠢᠳᠤᠷ ᠬᠢᠬᠦ ᠬᠡᠷᠡᠭᠳᠡᠢ᠃ ᠬᠤᠷᠢᠶᠬᠠᠰᠠᠨ ᠰᠠᠨᠠᠯ᠎ᠢ ᠬᠡᠷᠡᠭᠯᠡᠭᠰᠡᠨ ᠪᠠᠶ᠋ᠢᠳᠠᠯ᠎ᠢ ᠨᠡᠶ᠋ᠢᠳᠡᠯᠡᠵᠦ᠂ ᠲᠦᠪᠯᠡᠷᠡᠩᠭᠦᠢ ᠰᠢᠭ ᠰᠠᠨᠠᠯ ᠰᠠᠨᠠᠭᠤᠯᠭ᠎ᠠ ᠵᠢ ᠬᠡᠷᠡᠭᠯᠡᠭᠰᠡᠨ ᠦᠬᠡᠢ ᠪᠠᠶ᠋ᠢᠪᠠᠯ᠂ ᠨᠡᠶ᠋ᠢᠳᠡᠯᠡᠬᠦ ᠦᠶᠡᠰ᠎ᠲᠡᠭᠡᠨ ᠤᠴᠢᠷ ᠰᠢᠯᠳᠠᠭ᠋ᠠᠨ᠎ᠢ᠎ᠨᠢ ᠲᠤᠳᠤᠷᠬᠠᠶ᠋ᠢᠯᠠᠭ᠍ᠤ ᠬᠡᠷᠡᠭᠳᠡᠢ᠃
(ᠭᠤᠷᠪᠠ) ᠤᠯᠠᠨ ᠨᠡᠶ᠋ᠢᠳᠡ ᠵᠢᠨ ᠤᠷᠤᠯᠴᠠᠯᠭ᠎ᠠ ᠵᠢᠨ ᠵᠠᠮ ᠮᠦᠷ᠎ᠢ ᠲᠡᠭᠦᠯᠳᠡᠷᠵᠢᠬᠦᠯᠬᠦ ᠬᠡᠷᠡᠭᠳᠡᠢ᠃ ᠤᠯᠠᠨ ᠨᠡᠶ᠋ᠢᠳᠡ ᠵᠢᠨ ᠤᠷᠤᠯᠴᠠᠯᠭ᠎ᠠ ᠵᠢᠨ ᠰᠢᠨ᠎ᠠ ᠵᠬᠠᠪᠤᠷ᠎ᠢ ᠢᠳᠡᠪᠬᠢᠳᠡᠢ ᠰᠦᠪᠡᠭᠴᠢᠯᠡᠵᠦ᠂ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠢᠨ ᠠᠷᠠᠳ᠎ᠤᠨ ᠰᠠᠨᠠᠯ᠎ᠢ ᠬᠤᠷᠢᠶᠠᠨ ᠴᠤᠨᠨᠯᠠᠭᠤᠯᠬᠤ᠂ ᠰᠦᠯᠵᠢᠶᠡᠴᠢᠳ᠎ᠤᠨ ᠦᠯᠡᠳᠡᠬᠡᠭᠰᠡᠨ ᠦᠬᠡ ᠵᠢ ᠰᠶ᠋ᠢᠳᠪᠦᠷᠢᠯᠡᠨ ᠭᠦᠢ᠍ᠴᠡᠳᠬᠡᠬᠦ ᠵᠡᠷᠬᠡ ᠬᠠᠷᠢᠯᠴᠠᠨ ᠭᠦᠳᠡᠯᠦᠯᠴᠡᠬᠦ ᠴᠢᠳᠠᠮᠵᠢ ᠵᠢ ᠲᠠᠰᠤᠷᠠᠯᠳᠠ ᠦᠬᠡᠢ ᠦᠷᠬᠡᠳᠬᠡᠨ᠂ ᠰᠢᠨ᠎ᠠ ᠵᠠᠭᠤᠴᠢᠯᠠᠭᠤᠷ᠎ᠢ ᠢᠳᠡᠪᠬᠢᠳᠡᠢ ᠠᠰᠢᠨᠨᠯᠠᠵᠦ ᠪᠠᠶ᠋ᠢᠭ᠋ᠠᠳ ᠤᠯᠠᠨ ᠨᠡᠶ᠋ᠢᠳᠡ ᠵᠢᠨ ᠤᠷᠤᠯᠴᠠᠯᠭ᠎ᠠ ᠵᠢᠨ ᠰᠢᠨ᠎ᠠ ᠲᠡᠪᠴᠡᠩ᠎ᠢ ᠴᠤᠨᠨᠴᠠᠯᠠᠨ ᠪᠠᠶ᠋ᠢᠭᠤᠯᠵᠦ᠂ ᠵᠠᠰᠠᠭ᠎ᠤᠨ ᠤᠷᠳᠤᠨ᠎ᠤ ᠬᠠᠯᠠᠮᠰᠢᠯ ᠤᠳᠠᠰᠤ᠂ ᠷᠠᠳᠢᠤ᠋ ᠲᠤᠯᠸᠢᠰ ᠵᠶ᠋ᠠᠷ ᠵᠠᠰᠠᠭ᠎ᠤᠨ ᠶᠠᠪᠤᠳᠠᠯ ᠬᠡᠯᠡᠯᠴᠡᠬᠦ᠂ ᠤᠳᠤᠷᠢᠳᠤᠯᠭ᠎ᠠ ᠵᠢᠨ ᠵᠠᠬᠢᠳᠠᠯ᠎ᠤᠨ ᠬᠠᠶ᠋ᠢᠷᠴᠠᠭ᠂ ᠵᠠᠰᠠᠭ᠎ᠤᠨ ᠤᠷᠳᠤᠨ᠎ᠤ ᠨᠡᠬᠡᠬᠡᠯᠳᠡ ᠵᠢᠨ ᠡᠳᠦᠷ ᠵᠡᠷᠬᠡ ᠲᠡᠪᠴᠡᠩ᠎ᠤᠨ ᠪᠠᠶ᠋ᠢᠭᠤᠯᠤᠯᠳᠠ ᠵᠢ ᠴᠢᠩᠭ᠋ᠠᠳᠬᠠᠵᠦ᠂ ᠵᠠᠰᠠᠭ᠎ᠤᠨ ᠤᠷᠳᠤᠨ᠎ᠤ ᠤᠯᠠᠨ ᠨᠡᠶ᠋ᠢᠳᠡ ᠵᠢᠨ ᠲᠦᠷᠦ ᠵᠢᠨ ᠪᠤᠳᠤᠯᠭ᠎ᠠ ᠵᠢᠨ ᠲᠤᠨᠨᠳᠠᠭ᠋ᠠᠯᠳᠠ᠂ ᠤᠯᠠᠨ ᠨᠡᠶ᠋ᠢᠳᠡ ᠵᠢᠨ ᠬᠠᠮᠢᠶᠠᠷᠤᠯᠳᠠ᠂ ᠤᠯᠠᠨ ᠨᠡᠶ᠋ᠢᠳᠡ ᠵᠢᠨ ᠦᠢ᠍ᠯᠡᠴᠢᠯᠡᠭᠡ ᠵᠢᠨ ᠴᠤᠤᠷᠢᠶᠠᠳᠤᠬᠤ ᠬᠤᠷᠳᠤᠴᠠ ᠵᠢ ᠲᠡᠬᠡᠭᠰᠢᠯᠡᠬᠦᠯᠦᠨ᠂ ᠤᠯᠠᠨ ᠨᠡᠶ᠋ᠢᠳᠡ ᠵᠢᠨ ᠵᠠᠰᠠᠭ᠎ᠤᠨ ᠤᠷᠳᠤᠨ᠎ᠤ ᠠᠵᠢᠯ᠎ᠢ ᠮᠡᠳᠡᠷᠡᠵᠦ ᠲᠡᠮᠵᠢᠬᠦ ᠵᠢ ᠨᠡᠮᠡᠭᠳᠡᠬᠦᠯᠦᠨ᠎ᠠ᠃
ᠵᠢᠷᠭᠤᠭ᠎ᠠ᠂ ᠵᠤᠬᠢᠶᠠᠨ ᠪᠠᠶ᠋ᠢᠭᠤᠯᠤᠯᠳᠠ ᠵᠢᠨ ᠤᠳᠤᠷᠢᠳᠤᠯᠭ᠎ᠠ ᠵᠢ ᠴᠢᠩᠭ᠋ᠠᠳᠬᠠᠨ᠎ᠠ
(ᠨᠢᠬᠡ) ᠤᠷᠤᠨ ᠨᠤᠳᠤᠭ᠎ᠤᠨ ᠵᠠᠰᠠᠭ᠎ᠤᠨ ᠤᠷᠳᠤᠨ᠎ᠤ ᠬᠠᠷᠢᠭᠤᠴᠠᠯᠭ᠎ᠠ ᠵᠢ ᠴᠢᠩᠭ᠋ᠠᠷᠠᠭᠤᠯᠬᠤ ᠬᠡᠷᠡᠭᠳᠡᠢ᠃ ᠤᠷᠤᠨ ᠨᠤᠳᠤᠭ᠎ᠤᠨ ᠡᠯ᠎ᠡ ᠱᠠᠳᠤᠨ᠎ᠤ ᠵᠠᠰᠠᠭ᠎ᠤᠨ ᠤᠷᠳᠤᠨ᠎ᠨᠢ ᠢᠨᠲ᠋ᠤᠷ ᠰᠦᠯᠵᠢᠶ᠎ᠡ ᠵᠢᠨ ᠤᠷᠴᠢᠨ ᠨᠦᠭᠦᠴᠡᠯ ᠲᠤᠤᠷ᠎ᠠ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠰᠠᠶ᠋ᠢᠳᠤᠷ ᠬᠢᠬᠦ ᠴᠢᠬᠤᠯᠠ ᠶᠡᠭᠡ ᠠᠴᠢ ᠬᠤᠯᠪᠤᠨᠨᠳᠠᠯᠢ ᠭᠦᠢ᠍ᠴᠡᠳ ᠲᠠᠨᠢᠵᠦ᠂ ᠤᠨᠤᠯᠵᠢᠬᠤᠨ ᠵᠶ᠋ᠠᠨ ᠬᠤᠪᠢᠷᠠᠭᠤᠯᠵᠦ᠂ ᠲᠠᠨᠢᠯᠳᠠ᠎ᠪᠠᠨ ᠲᠡᠬᠡᠭᠰᠢᠯᠡᠬᠦᠯᠦᠨ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠡᠳᠦᠷ ᠲᠤᠳᠤᠮ᠎ᠤᠨ ᠴᠢᠬᠤᠯᠠ ᠬᠡᠷᠡᠭ ᠵᠦᠪᠯᠡᠬᠦ ᠵᠦᠢ᠍ᠯ᠎ᠳᠡᠭᠡᠨ ᠤᠷᠤᠭᠤᠯᠵᠦ᠂ ᠭᠤᠤᠯ ᠬᠠᠷᠢᠭᠤᠴᠠᠯᠭ᠋ᠠᠳᠠᠨ ᠪᠡᠶ᠎ᠡ᠎ᠪᠠᠷ ᠵᠶ᠋ᠠᠨ ᠠᠳᠬᠤᠵᠦ᠂ ᠬᠤᠪᠢᠳᠠᠨ ᠬᠠᠮᠢᠶᠠᠷᠴᠤ ᠪᠦᠭᠦᠢ ᠨᠢᠬᠡ ᠬᠠᠷᠢᠭᠤᠴᠠᠯᠭ᠋ᠠᠳᠠᠨ᠎ᠤ ᠪᠤᠳᠠᠳᠠᠢ ᠠᠳᠬᠤᠬᠤ ᠵᠢ ᠲᠤᠳᠤᠷᠬᠠᠶ᠋ᠢᠯᠠᠨ᠂ ᠲᠤᠰ ᠭᠠᠵᠠᠷ ᠤᠷᠤᠨ᠎ᠤ ᠡᠯ᠎ᠡ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠮᠡᠳᠡᠭᠡ ᠵᠠᠩᠬᠢ᠎ᠪᠠᠨ ᠢᠯᠡ ᠪᠤᠯᠭ᠋ᠠᠬᠠᠤ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ᠂ ᠠᠩᠬᠠᠷᠴᠤ ᠪᠦᠭᠦᠢ ᠶᠠᠪᠤᠳᠠᠯ᠎ᠳᠤ ᠬᠠᠷᠢᠭᠤ ᠦᠭᠭᠦ ᠵᠡᠷᠬᠡ ᠠᠵᠢᠯ᠎ᠢ ᠰᠠᠶ᠋ᠢᠳᠤᠷ ᠬᠢᠬᠦ ᠵᠢ ᠠᠬᠢᠭᠤᠯᠬᠤ ᠬᠡᠷᠡᠭᠳᠡᠢ᠃ ᠭᠤᠤᠯ ᠬᠠᠷᠢᠭᠤᠴᠠᠯᠭ᠋ᠠᠳᠠᠨ᠎ᠨᠢ ᠵᠢᠯ ᠪᠦᠷᠢ ᠨᠠᠭ᠋ᠠᠳᠤ ᠵᠠᠬ᠎ᠠ᠎ᠳᠠᠭᠠᠨ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠮᠡᠳᠡᠬᠦᠯᠦᠯᠳᠡ ᠵᠢ ᠨᠢᠬᠡ ᠤᠳᠠᠭ᠎ᠠ ᠰᠤᠨᠤᠰᠴᠤ᠂ ᠠᠵᠢᠯ ᠠᠬᠢᠭᠤᠯᠬᠤ ᠵᠢ ᠰᠤᠳᠤᠯᠤᠨ᠂ ᠬᠤᠯᠪᠤᠨᠨᠳᠠᠯ ᠪᠦᠭᠦᠢ ᠪᠠᠶ᠋ᠢᠳᠠᠯ ᠪᠠ ᠬᠤᠪᠢᠳᠠᠨ ᠬᠠᠮᠢᠶᠠᠷᠬᠤ ᠬᠠᠷᠢᠭᠤᠴᠠᠯᠭ᠋ᠠᠳᠠᠨ᠎ᠤ ᠠᠵᠢᠯ᠎ᠤᠨ ᠬᠤᠪᠢᠶᠠᠷᠢᠯᠠᠯ᠎ᠢ ᠭᠠᠳ᠋ᠬᠠᠰᠢ ᠨᠡᠶ᠋ᠢᠳᠡᠯᠡᠬᠦ ᠬᠡᠷᠡᠭᠳᠡᠢ᠃ ᠦᠨᠳᠦᠰᠦᠨ ᠱᠠᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠲᠤᠷᠰᠢᠯᠳᠠ ᠵᠢᠨ ᠴᠢᠬ᠎ᠤᠨ ᠠᠵᠢᠯ᠎ᠢ ᠰᠠᠶ᠋ᠢᠳᠤᠷ ᠵᠤᠬᠢᠶᠠᠨ ᠪᠠᠶ᠋ᠢᠭᠤᠯᠤᠨ ᠬᠡᠷᠡᠭᠵᠢᠬᠦᠯᠵᠦ᠂ ᠵᠠᠰᠠᠭ᠎ᠤᠨ ᠤᠷᠳᠤᠨ᠎ᠤ ᠵᠠᠰᠠᠭ ᠶᠠᠪᠤᠭᠤᠯᠬᠤ ᠵᠢ ᠤᠯᠠᠮ ᠢᠯᠡ ᠲᠤᠳᠤ ᠦᠨᠳᠦᠷ ᠦᠷ᠎ᠡ ᠪᠦᠳᠦᠮᠵᠢᠳᠡᠢ ᠪᠤᠯᠭ᠋ᠠᠵᠦ᠂ ᠠᠵᠦ ᠠᠬᠤᠶ᠋ᠢᠯᠠᠯ ᠪᠠ ᠤᠯᠠᠨ ᠲᠦᠮᠡᠨ᠎ᠤ ᠬᠡᠷᠡᠭ ᠡᠷᠬᠢᠯᠡᠵᠦ ᠠᠳᠠᠯ ᠦᠢ᠍ᠯᠡᠰ ᠴᠤᠨᠨᠴᠠᠯᠠᠭ᠍ᠤᠳᠤ ᠲᠦᠭᠦᠮ ᠦᠵᠡᠬᠦᠯᠬᠦ ᠬᠡᠷᠡᠭᠳᠡᠢ᠃
(ᠬᠤᠶᠠᠷ) ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠤᠳᠤᠷᠢᠳᠬᠤ ᠲᠤᠨᠨᠳᠠᠴᠠ ᠵᠢ ᠪᠠᠶ᠋ᠢᠭᠤᠯᠤᠨ ᠪᠦᠷᠢᠨᠰᠢᠬᠦᠯᠬᠦ ᠬᠡᠷᠡᠭᠳᠡᠢ᠃ ᠪᠦᠭᠦ ᠤᠯᠤᠰ᠎ᠤᠨ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠤᠳᠤᠷᠢᠳᠬᠤ ᠲᠤᠭᠤᠶ᠋ᠢᠯᠠᠩ᠎ᠳᠤ ᠲᠤᠬᠢᠷᠠᠭᠤᠯᠤᠯᠲᠠ ᠬᠢᠵᠦ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠦᠵᠦ ᠲᠦᠯᠦᠪᠯᠡᠭᠡ ᠪᠠ ᠴᠢᠬᠤᠯᠠ ᠶᠡᠭᠡ ᠠᠰᠠᠭᠤᠳᠠᠯ᠎ᠢ ᠵᠤᠬᠢᠴᠠᠭᠤᠯᠤᠨ ᠰᠶ᠋ᠢᠳᠪᠦᠷᠢᠯᠡᠵᠦ᠂ ᠠᠵᠢᠯ ᠠᠬᠢᠭᠤᠯᠬᠤ ᠵᠢ ᠪᠠᠶ᠋ᠢᠷᠢᠯᠠᠭᠤᠯᠤᠨ᠎ᠠ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠨᠢ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠵᠤᠬᠢᠴᠠᠭᠤᠯᠬᠤ ᠲᠤᠨᠨᠳᠠᠴᠠ ᠵᠢ ᠪᠠᠶ᠋ᠢᠭᠤᠯᠤᠨ ᠪᠦᠷᠢᠨᠰᠢᠬᠦᠯᠦᠨ᠎ᠠ᠃ ᠡᠯ᠎ᠡ ᠱᠠᠳᠤᠨ᠎ᠤ ᠵᠠᠰᠠᠭ᠎ᠤᠨ ᠤᠷᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠵᠤᠬᠢᠴᠠᠭᠤᠯᠬᠤ ᠲᠤᠨᠨᠳᠠᠴᠠ ᠵᠢᠨ ᠪᠦᠷᠢᠯᠳᠦᠬᠦᠨ ᠨᠢᠬᠡᠴᠡ᠎ᠨᠢ ᠵᠠᠰᠠᠭ᠎ᠤᠨ ᠤᠷᠳᠤᠨ᠎ᠤ ᠬᠤᠯᠪᠤᠨᠨᠳᠠᠯ ᠪᠦᠭᠦᠢ ᠰᠠᠯᠠᠭ᠎ᠠ ᠮᠦᠴᠢᠷ᠂ ᠤᠬᠠᠭᠤᠯᠭ᠎ᠠ ᠵᠢᠨ ᠰᠠᠯᠠᠭ᠎ᠠ ᠮᠦᠴᠢᠷ᠂ ᠲᠤᠤᠷ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠵᠢᠨ ᠰᠠᠯᠠᠭ᠎ᠠ ᠮᠦᠴᠢᠷ ᠵᠡᠷᠬᠡ᠎ᠪᠠᠷ ᠪᠦᠷᠢᠯᠳᠦᠨ᠎ᠠ᠃
(ᠭᠤᠷᠪᠠ) ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠲᠤᠨᠨᠳᠠᠴᠠ ᠵᠢ ᠲᠡᠬᠦᠯᠳᠡᠷᠵᠢᠬᠦᠯᠬᠦ ᠬᠡᠷᠡᠭᠳᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠨᠢ ᠭᠦᠴᠦᠨ ᠴᠢᠳᠠᠯ ᠵᠶ᠋ᠠᠨ ᠡᠮᠬᠢᠯᠡᠨ ᠨᠡᠶ᠋ᠢᠯᠡᠬᠦᠯᠵᠦ᠂ ᠲᠤᠨᠨᠳᠠᠴᠠ ᠵᠢ ᠰᠢᠯᠤᠭᠤᠳᠬᠠᠨ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠲᠠᠭ᠋ᠠᠭ᠋ᠠᠴᠢᠯᠠᠨ ᠡᠭᠦᠷᠬᠡᠯᠡᠬᠦ ᠪᠠᠶ᠋ᠢᠭᠤᠯᠤᠮᠵᠢ ᠵᠢ ᠲᠤᠳᠤᠷᠬᠠᠶ᠋ᠢᠯᠠᠵᠦ᠂ ᠠᠵᠢᠯᠳᠠᠨ᠎ᠢ ᠭᠦᠢ᠍ᠴᠡᠳ ᠲᠤᠬᠢᠷᠠᠭᠤᠯᠵᠦ ᠰᠢᠯᠢᠳᠡᠭ᠎ᠢ᠎ᠨᠢ ᠲᠤᠬᠢᠷᠠᠭᠤᠯᠤᠨ᠎ᠠ᠃ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠪᠠᠶ᠋ᠢᠭᠤᠯᠤᠮᠵᠢ᠎ᠨᠢ ᠲᠤᠰ ᠭᠠᠵᠠᠷ ᠤᠷᠤᠨ ᠲᠤᠰ ᠰᠢᠰᠲ᠋ᠤᠮ᠎ᠤᠨ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠵᠤᠬᠢᠶᠠᠨ ᠪᠠᠶ᠋ᠢᠭᠤᠯᠤᠨ ᠵᠤᠬᠢᠴᠠᠭᠤᠯᠬᠤ᠂ ᠵᠢᠭ᠋ᠠᠨ ᠵᠢᠯᠤᠭᠤᠳᠴᠤ ᠠᠬᠢᠭᠤᠯᠬᠤ᠂ ᠬᠢᠨᠠᠯᠳᠠ ᠲᠠᠯᠪᠢᠵᠦ ᠪᠠᠶ᠋ᠢᠴᠠᠭ᠋ᠠᠬᠤ ᠵᠢ ᠬᠠᠷᠢᠭᠤᠴᠠᠵᠦ᠂ ᠲᠤᠰ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠮᠡᠳᠡᠭᠡ ᠵᠠᠩᠬᠢ ᠵᠢ ᠢᠯᠡ ᠪᠤᠯᠭ᠋ᠠᠬᠤ᠂ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ᠂ ᠵᠠᠰᠠᠭ᠎ᠤᠨ ᠤᠷᠳᠤᠨ᠎ᠤ ᠠᠯᠪᠠᠨ ᠮᠡᠳᠡᠭᠡ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ᠂ ᠠᠩᠬᠠᠷᠴᠤ ᠪᠦᠭᠦᠢ ᠶᠠᠪᠤᠳᠠᠯ᠎ᠳᠤ ᠬᠠᠷᠢᠭᠤ ᠦᠭᠭᠦ᠂ ᠤᠯᠠᠨ ᠨᠡᠶ᠋ᠢᠳᠡ ᠵᠢᠨ ᠤᠷᠤᠯᠴᠠᠯᠭ᠎ᠠ ᠵᠡᠷᠬᠡ ᠠᠵᠢᠯ᠎ᠢ ᠰᠠᠶ᠋ᠢᠳᠤᠷ ᠬᠢᠨ᠎ᠠ᠃ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠵᠤᠬᠢᠴᠠᠭᠤᠯᠬᠤ ᠲᠤᠨᠨᠳᠠᠴᠠ ᠲᠤᠤᠷ᠎ᠠ᠂ ᠡᠯ᠎ᠡ ᠱᠠᠳᠤᠨ᠎ᠤ ᠵᠠᠰᠠᠭ᠎ᠤᠨ ᠤᠷᠳᠤᠨ ᠵᠢᠴᠢ ᠰᠠᠯᠠᠭ᠎ᠠ ᠮᠦᠴᠢᠷ᠎ᠨᠢ ᠤᠬᠠᠭᠤᠯᠭ᠎ᠠ ᠵᠢᠨ ᠰᠠᠯᠠᠭ᠎ᠠ ᠮᠦᠴᠢᠷ᠂ ᠲᠤᠤᠷ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠵᠢᠨ ᠰᠠᠯᠠᠭ᠎ᠠ ᠮᠦᠴᠢᠷ᠎ᠯᠦᠭᠡ ᠨᠢᠨᠨᠳᠡ ᠬᠠᠮᠵᠢᠯᠴᠠᠵᠦ᠂ ᠭᠤᠤᠯ ᠵᠠᠭᠤᠴᠢᠯᠠᠭᠤᠷ᠂ ᠰᠤᠨᠢᠨ ᠮᠡᠳᠡᠬᠡᠨ᠎ᠤ ᠭᠤᠤᠯᠳᠠᠯᠭ᠎ᠠ᠎ᠲᠠᠢ ᠰᠦᠯᠵᠢᠶᠡᠨ ᠦᠷᠳᠡᠭᠡ ᠪᠠ ᠬᠤᠳᠠᠯᠳᠤᠭ᠋ᠠᠨ᠎ᠤ ᠭᠤᠤᠯ ᠰᠦᠯᠵᠢᠶᠡᠨ ᠦᠷᠳᠡᠭᠡ ᠵᠢ ᠵᠢᠭ᠋ᠠᠨ ᠵᠢᠯᠤᠭᠤᠳᠴᠤ ᠵᠤᠬᠢᠴᠠᠭᠤᠯᠤᠨ᠂ ᠡᠯ᠎ᠡ ᠵᠠᠭᠤᠴᠢᠯᠠᠭᠤᠷ᠎ᠤᠨ ᠲᠡᠪᠴᠡᠩ᠎ᠢ ᠭᠦᠢ᠍ᠴᠡᠳ ᠠᠰᠢᠨᠨᠯᠠᠵᠦ᠂ ᠬᠠᠮ ᠵᠠᠭᠤᠴᠢᠯᠠᠭᠤᠷ᠎ᠤᠨ ᠠᠷᠭ᠎ᠠ ᠠᠪᠴᠠᠯ᠎ᠢ ᠬᠡᠷᠡᠭᠯᠡᠵᠦ ᠪᠠᠶ᠋ᠢᠭ᠋ᠠᠳ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠰᠠᠶ᠋ᠢᠳᠤᠷ ᠬᠢᠨ᠎ᠠ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠨᠢ ᠮᠡᠳᠡᠭᠡ ᠵᠠᠩᠬᠢ ᠨᠡᠶ᠋ᠢᠳᠡᠯᠡᠬᠦ ᠵᠢᠨ ᠵᠤᠬᠢᠴᠠᠭᠤᠯᠬᠤ ᠲᠤᠨᠨᠳᠠᠴᠠ ᠵᠢ ᠲᠡᠭᠦᠯᠳᠡᠷᠵᠢᠬᠦᠯᠵᠦ᠂ ᠪᠤᠰᠤᠳ ᠤᠷᠤᠨ ᠨᠤᠳᠤᠭ᠂ ᠰᠠᠯᠠᠭ᠎ᠠ ᠮᠦᠴᠢᠷ᠎ᠲᠤ ᠬᠤᠯᠪᠤᠨᠨᠳᠠᠭ᠍ᠤ ᠵᠠᠰᠠᠭ᠎ᠤᠨ ᠤᠷᠳᠤᠨ᠎ᠤ ᠮᠡᠳᠡᠭᠡ ᠵᠠᠩᠬᠢ ᠵᠢ ᠬᠤᠯᠪᠤᠨᠨᠳᠠᠯ ᠪᠦᠭᠦᠢ ᠨᠢᠬᠡᠴᠡᠯᠦᠭᠡ ᠨᠡᠪᠳᠡᠷᠡᠯᠴᠡᠵᠦ ᠲᠤᠨᠨᠳᠠᠭ᠋ᠠᠨ᠂ ᠨᠡᠶ᠋ᠢᠳᠡᠯᠡᠭᠰᠡᠨ ᠮᠡᠳᠡᠭᠡ ᠵᠠᠩᠬᠢ ᠵᠢᠨ ᠤᠨᠤᠪᠴᠢᠳᠠᠢ ᠨᠢᠬᠡᠳᠦᠯᠳᠡᠢ ᠪᠠᠶ᠋ᠢᠬᠤ ᠵᠢ ᠦᠨᠡᠨᠬᠦ ᠪᠠᠳᠤᠯᠠᠭ᠍ᠤ ᠬᠡᠷᠡᠭᠳᠡᠢ᠃
(ᠲᠦᠷᠪᠡ) ᠦᠷ᠎ᠡ ᠪᠦᠳᠦᠮᠵᠢ ᠵᠢ ᠦᠨᠡᠯᠡᠨ ᠵᠢᠱ᠌ᠢᠬᠦ ᠲᠤᠨᠨᠳᠠᠴᠠ ᠵᠢ ᠪᠠᠶ᠋ᠢᠭᠤᠯᠬᠤ ᠬᠡᠷᠡᠭᠳᠡᠢ᠃ ᠵᠠᠰᠠᠭ᠎ᠤᠨ ᠤᠷᠳᠤᠨ᠎ᠤ ᠠᠯᠪᠠᠨ ᠲᠢᠩᠬᠢᠮ (ᠬᠡᠷ)᠎ᠨᠢ ᠰᠢᠨᠵᠢᠯᠡᠬᠦ ᠤᠬᠠᠭ᠋ᠠᠨᠴᠢ᠂ ᠵᠦᠢ ᠵᠤᠬᠢᠰᠳᠠᠢ᠂ ᠦᠷ᠎ᠡ ᠪᠦᠳᠦᠮᠵᠢᠳᠡᠢ ᠪᠤᠳᠠᠳᠠᠶ᠋ᠢᠵᠢᠭᠤᠯᠤᠨ ᠦᠨᠡᠯᠡᠨ ᠵᠢᠱ᠌ᠢᠬᠦ ᠭᠦᠢ᠍ᠴᠡᠳᠬᠡᠯ ᠲᠤᠭ᠋ᠠᠨ᠎ᠤ ᠰᠢᠰᠲ᠋ᠤᠮᠵᠢ ᠵᠢ ᠪᠠᠶ᠋ᠢᠭᠤᠯᠤᠨ ᠪᠦᠷᠢᠨᠰᠢᠬᠦᠯᠵᠦ᠂ ᠴᠠᠭᠲᠤᠨᠢ ᠲᠤᠬᠢᠷᠠᠭᠤᠯᠤᠨ ᠭᠤᠷᠪᠠᠳᠠᠬᠢ ᠡᠳᠡᠬᠡᠳ᠎ᠠᠴᠠ ᠦᠨᠡᠯᠡᠨ ᠵᠢᠱ᠌ᠢᠬᠦ᠂ ᠠᠷᠠᠳ᠎ᠤᠨ ᠰᠠᠨᠠᠯ᠎ᠢ ᠪᠠᠶ᠋ᠢᠴᠠᠭ᠋ᠠᠬᠤ ᠵᠡᠷᠬᠡ ᠠᠷᠭ᠎ᠠ ᠮᠠᠶᠢᠭ ᠵᠶ᠋ᠠᠷ ᠲᠠᠮᠵᠢᠭᠤᠯᠤᠨ᠂ ᠮᠡᠳᠡᠭᠡ ᠵᠠᠩᠬᠢ ᠵᠢ ᠢᠯᠡ ᠪᠤᠯᠭ᠋ᠠᠬᠤ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ᠂ ᠠᠩᠬᠠᠷᠴᠤ ᠪᠦᠭᠦᠢ ᠶᠠᠪᠤᠳᠠᠯ᠎ᠳᠤ ᠬᠠᠷᠢᠭᠤ ᠦᠭᠭᠦ᠂ ᠵᠠᠭᠤᠴᠢᠯᠠᠭᠤᠷ ᠤᠷᠤᠯᠴᠠᠭ᠍ᠤ ᠵᠡᠷᠬᠡ ᠲᠠᠯ᠎ᠠ᠎ᠳᠤ ᠦᠨᠡᠯᠡᠨ ᠵᠢᠱ᠌ᠢᠬᠦ᠎ᠪᠠᠨ ᠴᠢᠩᠭ᠋ᠠᠳᠬᠠᠬᠤ ᠵᠢᠨ ᠬᠠᠮᠳᠤ ᠦᠨᠡᠯᠡᠨ ᠵᠢᠱ᠌ᠢᠭᠰᠡᠨ ᠦᠷ᠎ᠡ ᠳ᠋ᠦ᠍ᠢ᠍ᠩ᠎ᠢ ᠦᠨᠳᠦᠰᠦᠯᠡᠨ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠠᠷᠭ᠎ᠠ ᠮᠠᠶᠢᠭ ᠠᠷᠭ᠎ᠠ ᠪᠠᠷᠢᠯ᠎ᠢ ᠲᠠᠰᠤᠷᠠᠯᠳᠠ ᠦᠬᠡᠢ ᠲᠤᠬᠢᠷᠠᠭᠤᠯᠤᠨ ᠰᠢᠯᠢᠳᠡᠭᠵᠢᠬᠦᠯᠬᠦ ᠬᠡᠷᠡᠭᠳᠡᠢ᠃ ᠦᠨᠡᠯᠡᠨ ᠵᠢᠱ᠌ᠢᠭᠰᠡᠨ ᠦᠷ᠎ᠡ ᠳ᠋ᠦ᠍ᠢ᠍ᠩ᠎ᠢ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠠᠵᠢᠯ᠎ᠤᠨ ᠠᠮᠵᠢᠯᠳᠠ ᠪᠦᠳᠦᠮᠵᠢ ᠵᠢ ᠰᠢᠯᠭ᠋ᠠᠨ ᠬᠢᠨᠠᠭ᠍ᠤ ᠴᠢᠬᠤᠯᠠ ᠯᠠᠪᠯᠠᠯᠳᠠ ᠪᠤᠯᠭ᠋ᠠᠬᠤ ᠬᠡᠷᠡᠭᠳᠡᠢ᠃
(ᠲᠠᠪᠤ) ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠭᠦᠮᠦᠵᠢᠯ ᠪᠤᠯᠪᠠᠰᠤᠷᠠᠭᠤᠯᠤᠯ᠎ᠢ ᠴᠢᠩᠭ᠋ᠠᠳᠬᠠᠬᠤ ᠬᠡᠷᠡᠭᠳᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠨᠢ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠲᠤᠰᠬᠠᠢ ᠲᠦᠷᠦᠯ᠎ᠤᠨ ᠲᠤᠬᠠᠶ᠋ᠢᠯᠬᠠᠰᠠᠨ ᠠᠵᠢᠯ᠎ᠤᠨ ᠪᠤᠯᠪᠠᠰᠤᠷᠠᠭᠤᠯᠤᠯ᠎ᠤᠨ ᠲᠦᠯᠦᠪᠯᠡᠭᠡ ᠲᠤᠨᠨᠳᠠᠭ᠋ᠠᠵᠦ᠂ ᠲᠤᠬᠠᠶ᠋ᠢᠯᠬᠠᠰᠠᠨ ᠠᠵᠢᠯ᠎ᠤᠨ ᠪᠤᠯᠪᠠᠰᠤᠷᠠᠭᠤᠯᠤᠯ ᠪᠠ ᠰᠤᠳᠤᠯᠤᠨ ᠶᠠᠷᠢᠯᠴᠠᠭ᠍ᠤ ᠰᠤᠯᠢᠯᠴᠠᠭ᠍ᠤ ᠵᠢ ᠵᠤᠬᠢᠶᠠᠨ ᠪᠠᠶ᠋ᠢᠭᠤᠯᠤᠨ ᠦᠷᠨᠢᠬᠦᠯᠵᠦ᠂ 2018 ᠤᠨ᠎ᠤ ᠵᠢᠯ᠎ᠤᠨ ᠰᠡᠭᠦᠯᠴᠢ᠎ᠠᠴᠠ ᠡᠮᠤᠨ᠎ᠠ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯᠳᠠᠨ᠎ᠢ ᠨᠢᠬᠡ ᠤᠳᠠᠭ᠎ᠠ ᠨᠡᠶ᠋ᠢᠳᠡᠮ ᠡᠬᠡᠯᠵᠢᠯᠡᠨ ᠪᠤᠯᠪᠠᠰᠤᠷᠠᠭᠤᠯᠤᠨ᠎ᠠ᠃ ᠡᠯ᠎ᠡ ᠱᠠᠳᠤᠨ᠎ᠤ ᠵᠠᠰᠠᠭ ᠵᠠᠬᠢᠷᠭ᠋ᠠᠨ᠎ᠤ ᠲᠡᠬᠡᠳᠦ ᠰᠤᠷᠭ᠋ᠠᠭᠤᠯᠢ ᠵᠡᠷᠬᠡ ᠺᠠᠳ᠋ᠷ ᠪᠤᠯᠪᠠᠰᠤᠷᠠᠭᠤᠯᠬᠤ ᠭᠦᠷᠢᠶᠡᠯᠡᠩ ᠰᠤᠷᠭ᠋ᠠᠭᠤᠯᠢ᠎ᠨᠢ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠺᠠᠳ᠋ᠷ᠎ᠢ ᠪᠤᠯᠪᠠᠰᠤᠷᠠᠭᠤᠯᠬᠤ ᠬᠢᠴᠢᠶᠡᠯᠯᠡᠭᠡ᠎ᠳᠤ ᠤᠷᠤᠭᠤᠯᠵᠦ᠂ ᠡᠯ᠎ᠡ ᠱᠠᠳᠤᠨ᠎ᠤ ᠤᠳᠤᠷᠢᠳᠬᠤ ᠺᠠᠳ᠋ᠷ᠎ᠤᠨ ᠢᠨᠲ᠋ᠤᠷ ᠰᠦᠯᠵᠢᠶᠡᠨ᠎ᠤ ᠤᠷᠴᠢᠨ ᠨᠦᠭᠦᠴᠡᠯ ᠲᠤᠤᠷᠠᠬᠢ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠤᠨᠤᠯᠵᠢᠬᠤᠨ᠎ᠢ ᠭᠦᠴᠦᠯᠡᠨ ᠴᠢᠩᠭ᠋ᠠᠷᠠᠭᠤᠯᠵᠦ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠴᠢᠳᠠᠪᠤᠷᠢ ᠪᠠ ᠬᠢᠷᠢ ᠬᠡᠮᠵᠢᠶ᠎ᠡ ᠵᠢ ᠵᠢᠭ᠋ᠠᠨ ᠵᠢᠯᠤᠭᠤᠳᠴᠤ ᠠᠬᠢᠭᠤᠯᠬᠤ ᠵᠢ ᠲᠡᠬᠡᠭᠰᠢᠯᠡᠬᠦᠯᠬᠦ ᠬᠡᠷᠡᠭᠳᠡᠢ᠃ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯᠳᠠᠨ᠎ᠨᠢ ᠲᠦᠷᠦ ᠵᠢᠨ ᠪᠤᠳᠤᠯᠭ᠎ᠠ ᠤᠨᠤᠯ ᠰᠤᠷᠤᠯᠴᠠᠯᠭ᠎ᠠ ᠪᠠ ᠲᠤᠬᠠᠶ᠋ᠢᠯᠬᠠᠰᠠᠨ ᠠᠵᠢᠯ᠎ᠤᠨ ᠰᠤᠳᠤᠯᠭ᠋ᠠᠨ ᠵᠶ᠋ᠠᠨ ᠴᠢᠩᠭ᠋ᠠᠳᠬᠠᠵᠦ᠂ ᠲᠦᠷᠦ ᠵᠢᠨ ᠪᠤᠳᠤᠯᠭ᠎ᠠ ᠵᠢᠨ ᠵᠤᠷᠢᠭ ᠰᠠᠨᠠᠭ᠎ᠠ ᠵᠢ ᠤᠨᠤᠪᠴᠢᠳᠠᠢ ᠡᠵᠡᠮᠰᠢᠵᠦ᠂ ᠲᠤᠰᠬᠠᠢ ᠮᠡᠷᠬᠡᠵᠢᠯ᠎ᠤᠨ ᠬᠡᠪ ᠴᠢᠨᠠᠷ ᠵᠶ᠋ᠠᠨ ᠴᠢᠩᠭ᠋ᠠᠳᠬᠠᠬᠤ ᠬᠡᠷᠡᠭᠳᠡᠢ᠃
(ᠵᠢᠷᠭᠤᠭ᠎ᠠ) ᠰᠢᠯᠭ᠋ᠠᠨ ᠬᠢᠨᠠᠵᠦ ᠬᠠᠷᠢᠭᠤᠴᠠᠯᠭ᠎ᠠ ᠬᠡᠯᠡᠯᠴᠡᠬᠦ ᠲᠤᠨᠨᠳᠠᠴᠠ ᠵᠢ ᠴᠢᠩᠭ᠋ᠠᠷᠠᠭᠤᠯᠬᠤ ᠬᠡᠷᠡᠭᠳᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠨᠢ ᠮᠡᠳᠡᠭᠡ ᠵᠠᠩᠬᠢ ᠵᠢ ᠢᠯᠡ ᠪᠤᠯᠭ᠋ᠠᠬᠤ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ᠂ ᠠᠩᠬᠠᠷᠴᠤ ᠪᠦᠭᠦᠢ ᠶᠠᠪᠤᠳᠠᠯ᠎ᠳᠤ ᠬᠠᠷᠢᠭᠤ ᠦᠭᠭᠦ᠂ ᠵᠠᠭᠤᠴᠢᠯᠠᠭᠤᠷ ᠤᠷᠤᠯᠴᠠᠭ᠍ᠤ ᠵᠡᠷᠬᠡ ᠲᠠᠯ᠎ᠠ ᠵᠢᠨ ᠪᠠᠶ᠋ᠢᠳᠠᠯ᠎ᠢ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠴᠢᠬᠤᠯᠠ ᠠᠭᠤᠯᠭ᠎ᠠ ᠪᠤᠯᠭ᠋ᠠᠵᠦ ᠠᠵᠢᠯ᠎ᠤᠨ ᠠᠮᠵᠢᠯᠳᠠ ᠪᠦᠳᠦᠮᠵᠢ ᠵᠢ ᠰᠢᠯᠭ᠋ᠠᠨ ᠬᠢᠨᠠᠭ᠍ᠤ ᠰᠢᠰᠲ᠋ᠤᠮᠵᠢ᠎ᠳᠤ ᠤᠷᠤᠭᠤᠯᠤᠨ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠨᠤᠨᠨᠳᠠᠭ᠍ᠤ ᠦᠷᠳᠡᠭ᠎ᠤᠨ ᠬᠠᠷᠢᠴᠠᠯ᠎ᠢ 4%᠎ᠠᠴᠠ ᠲᠤᠤᠷ᠎ᠠ ᠪᠠᠶ᠋ᠢᠯᠭ᠋ᠠᠵᠦ ᠪᠤᠯᠬᠤ ᠦᠬᠡᠢ᠃ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠷᠠᠭᠤᠯᠵᠦ᠂ ᠲᠤᠨᠨᠳᠠᠮᠠᠯ ᠬᠤᠭᠤᠴᠠᠭ᠎ᠠ᠎ᠲᠠᠢ᠎ᠪᠠᠷ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠦᠷᠨᠢᠬᠦᠯᠵᠦ ᠪᠠᠶ᠋ᠢᠭ᠎ᠠ ᠪᠠᠶ᠋ᠢᠳᠠᠯ᠎ᠳᠤ ᠰᠢᠮᠳᠠᠭᠤᠯᠤᠨ ᠪᠠᠶ᠋ᠢᠴᠠᠭ᠋ᠠᠯᠳᠠ ᠬᠢᠵᠦ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠠᠬᠢᠭᠤᠯᠤᠨᠨᠰᠠᠨ᠎ᠨᠢ ᠭᠦᠴᠦᠳᠡᠢ᠂ ᠢᠳᠡᠪᠬᠢᠳᠡᠢ ᠤᠷᠤᠯᠴᠬᠠᠰᠠᠨ ᠨᠢᠬᠡᠴᠡ ᠪᠠ ᠬᠤᠪᠢ ᠭᠦᠮᠦᠨ᠎ᠢ ᠬᠤᠯᠪᠤᠨᠨᠳᠠᠯ ᠪᠦᠭᠦᠢ ᠲᠤᠨᠨᠳᠠᠭ᠋ᠠᠯ ᠶᠤᠰᠤᠭ᠋ᠠᠷ ᠰᠠᠶ᠋ᠢᠰᠢᠶᠠᠨ ᠭᠦᠬᠢᠬᠦᠯᠬᠦ ᠬᠡᠷᠡᠭᠳᠡᠢ; ᠴᠢᠬᠤᠯᠡ ᠮᠡᠳᠡᠭᠡ ᠵᠠᠩᠬᠢ ᠵᠢ ᠦᠯᠦ ᠨᠡᠶ᠋ᠢᠳᠡᠯᠡᠬᠦ᠂ ᠴᠢᠬᠤᠯᠠ ᠶᠡᠭᠡ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠦᠬᠡᠢ᠂ ᠬᠠᠯᠠᠮᠰᠢᠯ ᠠᠰᠠᠭᠤᠳᠠᠯ᠎ᠳᠤ ᠴᠠᠭ ᠲᠤᠬᠠᠢᠳᠤᠨᠢ ᠬᠠᠷᠢᠭᠤ ᠦᠭᠭᠦᠭᠰᠡᠨ ᠦᠬᠡᠢ ᠪᠠᠶ᠋ᠢᠪᠠᠯ ᠴᠢᠩᠭ᠎ᠠ ᠰᠢᠭᠦᠮᠵᠢᠯᠡᠵᠦ᠂ ᠢᠯᠡ᠎ᠪᠠᠷ ᠨᠡᠪᠲᠡᠷᠡᠭᠦᠯᠦᠨ ᠮᠡᠳᠡᠭᠦᠯᠬᠦ ᠬᠡᠷᠡᠭᠳᠡᠢ᠃ ᠬᠤᠳᠠᠯ ᠬᠠᠭᠤᠷᠮᠠᠭ ᠶᠠᠭᠤᠮ᠎ᠠ ᠵᠤᠬᠢᠶᠠᠭ᠍ᠤ᠂ ᠪᠤᠳᠠᠳᠠᠢ ᠪᠠᠶ᠋ᠢᠳᠠᠯ᠎ᠢ ᠨᠢᠭᠤᠨ ᠲᠠᠯᠳᠠᠯᠠᠭ᠍ᠤ᠂ ᠤᠯᠠᠨ ᠨᠡᠶ᠋ᠢᠳᠡ ᠵᠢ ᠬᠠᠭᠤᠷᠤᠨ ᠮᠡᠬᠡᠯᠡᠵᠦ᠂ ᠨᠡᠶ᠋ᠢᠬᠡᠮ ᠨᠡᠶ᠋ᠢᠳᠡ᠎ᠳᠤ ᠭᠦᠨ᠎ᠳᠦ ᠨᠤᠴᠢᠳᠠᠢ ᠨᠦᠯᠦᠬᠡ ᠤᠴᠠᠷᠠᠭᠤᠯᠤᠨᠨᠰᠠᠨ ᠪᠠᠶ᠋ᠢᠪᠠᠯ᠂ ᠰᠠᠬᠢᠯᠭ᠎ᠠ ᠪᠠᠳᠤ ᠬᠠᠤᠯᠢ ᠴᠠᠭ᠋ᠠᠵᠠ ᠶᠤᠰᠤᠭ᠋ᠠᠷ ᠬᠠᠮᠢᠶ᠎ᠠ ᠪᠦᠭᠦᠢ ᠨᠢᠬᠡᠴᠡ ᠪᠠ ᠬᠤᠪᠢ ᠭᠦᠮᠦᠨ᠎ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃
ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠪᠤᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠠᠴᠠ ᠰᠶ᠋ᠢᠳᠪᠦᠷᠢᠳᠦ ᠪᠤᠳᠤᠯᠭ᠎ᠠ ᠲᠤᠨᠨᠳᠠᠭ᠋ᠠᠬᠤ᠂ ᠬᠡᠷᠡᠭᠵᠢᠬᠦᠯᠬᠦ᠂ ᠬᠠᠮᠢᠶᠠᠷᠬᠤ᠂ ᠦᠢ᠍ᠯᠡᠴᠢᠯᠡᠬᠦ᠂ ᠦᠷ᠎ᠡ ᠳ᠋ᠦ᠍ᠢ᠍ᠩ᠎ᠢ ᠪᠦᠭᠦ ᠶᠠᠪᠤᠴᠠ᠎ᠳᠤ ᠢᠯᠡ ᠪᠤᠯᠭ᠋ᠠᠬᠤ ᠵᠢ ᠪᠦᠭᠦ ᠲᠠᠯ᠎ᠠ᠎ᠪᠠᠷ ᠠᠬᠢᠭᠤᠯᠵᠦ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ᠂ ᠠᠩᠬᠠᠷᠴᠤ ᠪᠦᠭᠦᠢ ᠶᠠᠪᠤᠳᠠᠯ᠎ᠳᠤ ᠬᠠᠷᠢᠭᠤ ᠦᠭᠭᠦ᠂ ᠲᠡᠪᠴᠡᠩ᠎ᠤᠨ ᠪᠠᠶ᠋ᠢᠭᠤᠯᠤᠯᠳᠠ᠂ ᠲᠤᠭ᠎ᠠ ᠪᠠᠷᠢᠮᠳᠠ ᠵᠢ ᠴᠢᠯᠦᠬᠡᠳᠡᠢ ᠪᠠᠶ᠋ᠢᠯᠭ᠋ᠠᠬᠤ ᠵᠢ ᠴᠢᠩᠭ᠋ᠠᠳᠬᠠᠨ᠂ ᠤᠯᠠᠨ ᠨᠡᠶ᠋ᠢᠳᠡ ᠵᠢᠨ ᠪᠠᠶ᠋ᠢᠳᠠᠯ᠎ᠢ ᠮᠡᠳᠡᠬᠦ ᠡᠷᠬᠡ᠂ ᠤᠷᠤᠯᠴᠠᠭ᠍ᠤ ᠡᠷᠬᠡ᠂ ᠢᠯᠡᠳᠬᠡᠬᠦ ᠡᠷᠬᠡ ᠪᠠ ᠬᠢᠨᠠᠯᠳᠠ ᠲᠠᠯᠪᠢᠬᠤ ᠡᠷᠬᠡ ᠵᠢ ᠪᠠᠳᠤᠯᠠᠵᠦ᠂ ᠵᠠᠰᠠᠭ᠎ᠤᠨ ᠤᠷᠳᠤᠨ᠎ᠤ ᠤᠯᠠᠨ ᠨᠡᠶ᠋ᠢᠳᠡ ᠵᠢ ᠢᠳᠡᠬᠡᠬᠦᠯᠬᠦ ᠭᠦᠴᠦᠨ ᠪᠠ ᠬᠡᠷᠡᠭᠵᠢᠬᠦᠯᠬᠦ ᠭᠦᠴᠦᠨ᠎ᠢ ᠴᠢᠩᠭ᠋ᠠᠷᠠᠭᠤᠯᠤᠨ᠂ ᠵᠠᠰᠠᠭ᠎ᠤᠨ ᠤᠷᠳᠤᠨ᠎ᠤ ᠵᠠᠰᠠᠯᠳᠠ ᠵᠢᠨ ᠴᠢᠳᠠᠪᠤᠷᠢ ᠵᠢ ᠲᠡᠬᠡᠭᠰᠢᠯᠡᠬᠦᠯᠬᠦ ᠵᠢᠨ ᠲᠦᠷᠢᠮ᠎ᠤᠨ ᠲᠤᠬᠢᠷᠠᠭᠤᠯᠤᠯᠳᠠ ᠪᠤᠯᠤᠨ᠎ᠠ᠃ ᠡᠯ᠎ᠡ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠂ ᠬᠠᠤᠯᠢ ᠴᠠᠭ᠋ᠠᠵᠠ ᠬᠠᠤᠯᠢ ᠲᠤᠨᠨᠳᠠᠭ᠋ᠠᠯ᠎ᠠᠴᠠ ᠡᠷᠬᠡ ᠤᠯᠭᠤᠨᠨᠰᠠᠨ ᠤᠯᠠᠨ ᠨᠡᠶ᠋ᠢᠳᠡ ᠵᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠬᠡ ᠴᠢᠳᠠᠪᠤᠷᠢ᠎ᠲᠠᠢ ᠵᠤᠬᠢᠶᠠᠨ ᠪᠠᠶ᠋ᠢᠭᠤᠯᠤᠯᠳᠠ ᠪᠤᠯ 《ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠪᠦᠭᠦ ᠲᠠᠯ᠎ᠠ᠎ᠪᠠᠷ ᠠᠬᠢᠭᠤᠯᠬᠤ ᠲᠤᠬᠠᠢ ᠰᠠᠨᠠᠯ》᠎ᠳᠤ ᠲᠤᠬᠢᠷᠠᠭ᠍ᠤ ᠭᠤᠤᠯ ᠴᠤᠨᠨᠴᠠ ᠪᠤᠯᠤᠨ᠎ᠠ᠂ ᠤᠯᠠᠨ ᠨᠡᠶ᠋ᠢᠳᠡ ᠵᠢᠨ ᠠᠵᠦ ᠠᠬᠤᠶ᠋ᠢᠯᠠᠯ ᠠᠵᠢᠯ ᠦᠢ᠍ᠯᠡᠰ᠎ᠤᠨ ᠨᠢᠬᠡᠴᠡ᠎ᠨᠢ ᠯᠠᠪᠯᠠᠯᠳᠠ ᠪᠤᠯᠭ᠋ᠠᠨ ᠬᠡᠷᠡᠭᠵᠢᠬᠦᠯᠬᠦ ᠬᠡᠷᠡᠭᠳᠡᠢ᠃ ᠠᠷᠠᠳ ᠢᠷᠬᠡᠳ᠂ ᠬᠠᠤᠯᠢ ᠵᠢᠨ ᠡᠷᠬᠡᠲᠡᠨ ᠪᠠ ᠪᠤᠰᠤᠳ ᠵᠤᠬᠢᠶᠠᠨ ᠪᠠᠶ᠋ᠢᠭᠤᠯᠤᠯᠳᠠᠨᠤᠭᠤᠳ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠠᠴᠠ ᠵᠠᠰᠠᠭ᠎ᠤᠨ ᠤᠷᠳᠤᠨ᠎ᠤ ᠬᠠᠮᠢᠶ᠎ᠠ ᠪᠦᠭᠦᠢ ᠮᠡᠳᠡᠭᠡ ᠵᠠᠩᠬᠢ ᠵᠢ ᠤᠯᠬᠤ᠎ᠪᠠᠷ ᠭᠤᠶᠤᠴᠢᠯᠠᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ 《ᠪᠦᠭᠦᠳᠡ ᠨᠠᠶ᠋ᠢᠷᠠᠮᠳᠠᠭ᠍ᠤ ᠲᠤᠮᠳᠠᠳᠤ ᠠᠷᠠᠳ ᠤᠯᠤᠰ᠎ᠤᠨ ᠵᠠᠰᠠᠭ᠎ᠤᠨ ᠤᠷᠳᠤᠨ᠎ᠤ ᠮᠡᠳᠡᠭᠡ ᠵᠠᠩᠬᠢ ᠵᠢ ᠢᠯᠡ ᠪᠤᠯᠭ᠋ᠠᠬᠤ ᠲᠦᠷᠢᠮ》᠎ᠤᠨ ᠲᠤᠨᠨᠳᠠᠭ᠋ᠠᠯ ᠶᠤᠰᠤᠭ᠋ᠠᠷ ᠲᠤᠬᠢᠳᠠᠢ ᠰᠶ᠋ᠢᠳᠪᠦᠷᠢᠯᠡᠬᠦ ᠬᠡᠷᠡᠭᠳᠡᠢ᠃