ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠠᠴᠠ ᠲᠠᠷᠬᠠᠭ᠋ᠠᠭᠰᠠᠨ [2019] 16 ᠳ᠋ᠤᠭ᠋ᠠᠷ ᠲᠣᠭ᠋ᠠᠲᠤ
ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠯ᠎ᠡ ᠬᠡᠯᠳᠡᠰ᠂ ᠡᠯ᠎ᠡ ᠰᠢᠭᠤᠳ ᠬᠠᠷᠢᠶ᠎ᠠ ᠪᠠᠶ᠋ᠢᠭᠤᠯᠤᠮᠵᠢ᠎ᠨᠤᠭᠤᠳ᠎ᠲᠤ᠄
ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠡᠳ᠂ ᠡᠳᠦᠭᠡ 2020 ᠣᠨ᠎ᠤ ᠰᠢᠨ᠎ᠡ ᠵᠢᠯ᠂ ᠴᠠᠭ᠋ᠠᠨ ᠰᠠᠷ᠎ᠠ᠂ ᠬᠠᠩᠰᠢ ᠵᠢᠨ ᠡᠳᠦᠷ᠂ ᠬᠥᠳᠡᠯᠮᠦᠷᠢᠴᠢᠳ᠎ᠤᠨ ᠪᠠᠶᠠᠷ᠂ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠪᠠᠶᠠᠷ᠂ ᠤᠯᠤᠰ᠎ᠤᠨ ᠪᠠᠶᠠᠷ ᠪᠣᠯᠤᠨ ᠲᠡᠷᠭᠡᠯ ᠰᠠᠷᠠᠨ᠎ᠤ ᠪᠠᠶᠠᠷ ᠤᠨ ᠠᠮᠠᠷᠠᠯᠲᠠ ᠲᠠᠯᠪᠢᠵᠤ ᠲᠤᠬᠢᠷᠠᠭᠤᠯᠤᠨ ᠠᠮᠠᠷᠠᠬᠤ ᠡᠳᠦᠷ ᠬᠤᠭᠤᠴᠠᠭ᠎ᠠ ᠵᠢᠨ ᠪᠣᠳᠠᠲᠠᠶ ᠲᠣᠬᠢᠷᠠᠭᠤᠯᠤᠯᠲᠠ ᠵᠢ ᠳᠣᠤᠷᠠᠬᠢ ᠮᠡᠲᠦ ᠮᠡᠳᠡᠭᠳᠡᠶ᠎ᠡ᠃
ᠨᠢᠭᠡ᠂ ᠰᠢᠨ᠎ᠡ ᠵᠢᠯ᠄ 2020 ᠣᠨ᠎ᠤ 1 ᠰᠠᠷ᠎ᠠ ᠵᠢᠨ 1᠎ᠤ ᠡᠳᠦᠷ ᠠᠮᠠᠷᠠᠯᠲᠠ ᠲᠠᠯᠪᠢᠨ᠎ᠠ᠂ ᠨᠡᠶ᠋ᠢᠲᠡ 1 ᠡᠳᠦᠷ᠃
ᠬᠣᠶᠠᠷ᠂ ᠴᠠᠭ᠋ᠠᠨ ᠰᠠᠷ᠎ᠠ᠄ 1 ᠰᠠᠷ᠎ᠠ ᠵᠢᠨ 24᠎ᠤ ᠡᠳᠦᠷ᠎ᠠᠴᠠ 30᠎ᠤ ᠡᠳᠦᠷ ᠪᠣᠯᠲᠠᠯ᠎ᠠ 7 ᠡᠳᠦᠷ ᠠᠮᠠᠷᠠᠨ᠎ᠠ᠃ 1 ᠰᠠᠷ᠎ᠠ ᠵᠢᠨ 19᠎ᠤ ᠡᠳᠦᠷ (ᠭᠠᠷᠠᠭ᠎ᠤᠨ ᠡᠳᠦᠷ)᠂ 2 ᠰᠠᠷ᠎ᠠ ᠵᠢᠨ 1᠎ᠤ ᠡᠳᠦᠷ (ᠭᠠᠷᠠᠭ᠎ᠤᠨ ᠵᠢᠷᠭᠤᠭ᠋ᠠᠨ) ᠠᠵᠢᠯᠯᠠᠨ᠎ᠠ᠃
ᠭᠤᠷᠪᠠ᠂ ᠬᠠᠩᠰᠢ᠄ 4 ᠰᠠᠷ᠎ᠠ ᠵᠢᠨ 4᠎ᠤ ᠡᠳᠦᠷ᠎ᠠᠴᠠ 6᠎ᠤ ᠡᠳᠦᠷ ᠪᠣᠯᠲᠠᠯ᠎ᠠ ᠨᠡᠶ᠋ᠢᠲᠡ 3 ᠡᠳᠦᠷ ᠠᠮᠠᠷᠠᠨ᠎ᠠ᠃
ᠳᠦᠷᠪᠡ᠂ ᠬᠥᠳᠡᠯᠮᠦᠷᠢᠴᠢᠳ᠎ᠤᠨ ᠪᠠᠶᠠᠷ᠄ 5 ᠰᠠᠷ᠎ᠠ ᠵᠢᠨ 1᠎ᠤ ᠡᠳᠦᠷ᠎ᠠᠴᠠ 5᠎ᠤ ᠡᠳᠦᠷ ᠪᠣᠯᠲᠠᠯ᠎ᠠ ᠠᠮᠠᠷᠠᠯᠲᠠ ᠲᠠᠯᠪᠢᠨ᠎ᠠ᠂ ᠨᠡᠶ᠋ᠢᠲᠡ 5 ᠡᠳᠦᠷ᠃ 4 ᠰᠠᠷ᠎ᠠ ᠵᠢᠨ 26᠎ᠤ ᠡᠳᠦᠷ (ᠭᠠᠷᠠᠭ᠎ᠤᠨ ᠡᠳᠦᠷ)᠂ 5 ᠰᠠᠷ᠎ᠠ ᠵᠢᠨ 9᠎ᠤ ᠡᠳᠦᠷ (ᠭᠠᠷᠠᠭ᠎ᠤᠨ ᠵᠢᠷᠭᠤᠭ᠋ᠠᠨ) ᠠᠵᠢᠯᠯᠠᠨ᠎ᠠ᠃
ᠲᠠᠪᠤ᠂ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠄ 6 ᠰᠠᠷ᠎ᠠ ᠵᠢᠨ 25᠎ᠤ ᠡᠳᠦᠷ᠎ᠠᠴᠠ 27᠎ᠤ ᠡᠳᠦᠷ ᠪᠣᠯᠲᠠᠯ᠎ᠠ ᠨᠡᠶ᠋ᠢᠲᠡ 3 ᠡᠳᠦᠷ ᠠᠮᠠᠷᠠᠨ᠎ᠠ᠃ 6 ᠰᠠᠷ᠎ᠠ ᠵᠢᠨ 28᠎ᠤ ᠡᠳᠦᠷ (ᠭᠠᠷᠠᠭ᠎ᠤᠨ ᠡᠳᠦᠷ) ᠠᠵᠢᠯᠯᠠᠨ᠎ᠠ᠃
ᠵᠢᠷᠭᠤᠭ᠎ᠠ᠂ ᠤᠯᠤᠰ᠎ᠤᠨ ᠪᠠᠶᠠᠷ᠂ ᠲᠡᠷᠭᠡᠯ ᠰᠠᠷᠠᠨ᠎ᠤ ᠪᠠᠶᠠᠷ᠄ 10 ᠰᠠᠷ᠎ᠠ ᠵᠢᠨ 1᠎ᠤ ᠡᠳᠦᠷ᠎ᠠᠴᠠ 8᠎ᠤ ᠡᠳᠦᠷ ᠪᠣᠯᠲᠠᠯ᠎ᠠ 8 ᠡᠳᠦᠷ ᠠᠮᠠᠷᠠᠨ᠎ᠠ᠃ 9 ᠰᠠᠷ᠎ᠠ ᠵᠢᠨ 27᠎ᠤ ᠡᠳᠦᠷ (ᠭᠠᠷᠠᠭ᠎ᠤᠨ ᠡᠳᠦᠷ)᠂ 10 ᠰᠠᠷ᠎ᠠ ᠵᠢᠨ 10᠎ᠤ ᠡᠳᠦᠷ (ᠭᠠᠷᠠᠭ᠎ᠤᠨ ᠵᠢᠷᠭᠤᠭ᠋ᠠᠨ) ᠠᠵᠢᠯᠯᠠᠨ᠎ᠠ᠃
ᠪᠠᠶᠠᠷ ᠳᠤᠷᠠᠰᠬᠠᠯ᠎ᠤᠨ ᠠᠮᠠᠷᠠᠯᠲᠠ ᠵᠢᠨ ᠡᠳᠦᠷ᠎ᠤᠨ ᠬᠤᠭᠤᠴᠠᠭ᠋ᠠᠨ᠎ᠳᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠳ ᠵᠢᠵᠢᠭᠦᠷᠯᠡᠬᠦ ᠪᠠ ᠠᠮᠤᠷ ᠲᠦᠪᠰᠢᠨ᠂ ᠠᠮᠤᠷ᠎ᠢ ᠬᠠᠮᠠᠭ᠋ᠠᠯᠠᠬᠤ ᠵᠡᠷᠭᠡ ᠠᠵᠢᠯ᠎ᠢ ᠲᠣᠬᠢᠲᠠᠶ ᠰᠠᠶ᠋ᠢᠲᠤᠷ ᠲᠣᠬᠢᠷᠠᠭᠤᠯᠵᠤ᠂ ᠤᠨᠴᠠ ᠶᠡᠬᠡ ᠭᠡᠨᠡᠳᠲᠡ ᠵᠢᠨ ᠬᠡᠷᠡᠭ ᠲᠣᠬᠢᠶᠠᠯᠳᠤᠪᠠᠯ᠂ ᠲᠣᠭᠲᠠᠭ᠋ᠠᠯ ᠶᠣᠰᠣᠭ᠋ᠠᠷ ᠴᠠᠭ ᠲᠤᠬᠠᠶ᠎ᠳᠤᠨᠢ ᠮᠡᠳᠡᠭᠦᠯᠬᠦ ᠵᠢᠨ ᠬᠠᠮᠲᠤ ᠲᠣᠬᠢᠲᠠᠶ ᠰᠢᠢᠳᠪᠦᠷᠢᠯᠡᠵᠦ᠂ ᠠᠷᠠᠳ ᠣᠯᠠᠨ᠎ᠤ ᠪᠠᠶᠠᠷ ᠳᠤᠷᠠᠰᠬᠠᠯ᠎ᠤᠨ ᠡᠳᠦᠷ᠎ᠤᠨ ᠠᠮᠠᠷᠠᠯᠲᠠ᠎ᠪᠠᠨ ᠠᠮᠤᠷ ᠲᠠᠶ᠋ᠢᠪᠤᠩ ᠥᠩᠭᠡᠷᠡᠭᠦᠯᠬᠦ ᠵᠢ ᠦᠨᠡᠨᠬᠦ ᠪᠠᠲᠤᠯᠠᠬᠤ ᠬᠡᠷᠡᠭᠲᠡᠶ᠃
ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ
2019 ᠣᠨ 11 ᠰᠠᠷ᠎ᠠ ᠵᠢᠨ 21᠎ᠤ ᠡᠳᠦᠷ