ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠴᠢᠬᠤᠯᠠ ᠶᠡᠭᠡ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶ᠎ᠡ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠬᠦᠷᠢᠶ᠎ᠡ᠂ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠲᠠ ᠵᠢᠨ ᠬᠦᠷᠢᠶ᠎ᠡ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠠᠬᠢᠭᠤᠯᠬᠤ ᠲᠣᠬᠠᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠭᠢᠮ᠎ᠤᠨ ᠰᠠᠨᠠᠯ᠎ᠢ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠭᠢᠮ᠎ᠤᠨ ᠤᠯᠠᠮᠵᠢᠯᠠᠨ ᠶᠠᠪᠤᠭᠤᠯᠬᠤ ᠮᠡᠳᠡᠭᠳᠡᠯ
ᠨᠡᠶ᠋ᠢᠲᠡᠯᠡᠭᠰᠡᠨ ᠴᠠᠭ᠄ 2020-11-04

ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠦᠪᠡᠷᠲᠡᠭᠡᠨ ᠵᠠᠰᠠᠬᠤ ᠣᠷᠣᠨ᠎ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠡ᠎ᠳᠤ᠄
     《ᠴᠢᠬᠤᠯᠠ ᠶᠡᠭᠡ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠠᠬᠢᠭᠤᠯᠬᠤ ᠲᠣᠬᠠᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠭᠢᠮ᠎ᠤᠨ ᠰᠠᠨᠠᠯ》 (ᠲᠥᠷᠥ ᠠᠯᠪᠠᠨ ᠲᠠᠷᠬᠠᠭ᠋ᠠᠭᠰᠠᠨ [2017] 94 ᠳ᠋ᠤᠭᠡᠷ ᠲᠣᠭ᠋ᠠᠲᠤ)᠂ 《ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠠᠬᠢᠭᠤᠯᠬᠤ ᠲᠣᠬᠠᠢ ᠰᠠᠨᠠᠯ》 (ᠲᠥᠷᠥ ᠠᠯᠪᠠᠨ ᠲᠠᠷᠬᠠᠭ᠋ᠠᠭᠰᠠᠨ [2017] 97 ᠳ᠋ᠤᠭ᠋ᠠᠷ ᠲᠣᠭ᠋ᠠᠲᠤ) ᠪᠠ 《ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠠᠬᠢᠭᠤᠯᠬᠤ ᠲᠣᠬᠠᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠭᠢᠮ᠎ᠤᠨ ᠰᠠᠨᠠᠯ》 (ᠲᠥᠷᠥ ᠠᠯᠪᠠᠨ ᠲᠠᠷᠬᠠᠭ᠋ᠠᠭᠰᠠᠨ [2018] 10 ᠳ᠋ᠤᠭ᠋ᠠᠷ ᠲᠣᠭ᠋ᠠᠲᠤ)᠎ᠢ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠᠨᠠᠷ᠎ᠲᠤ ᠤᠯᠠᠮᠵᠢᠯᠠᠨ ᠶᠠᠪᠤᠭᠤᠯᠬᠤ ᠵᠢᠨ ᠬᠠᠮᠲᠤ᠂ ᠪᠣᠲᠠᠲᠠᠢ᠎ᠲᠠᠢ᠎ᠪᠠᠨ ᠤᠶᠠᠯᠳᠤᠭᠤᠯᠵᠤ ᠳᠣᠣᠷᠠᠬᠢ ᠮᠡᠲᠦ ᠰᠠᠨᠠᠯ᠎ᠢ ᠳᠤᠷᠠᠳᠪᠠ᠂ ᠬᠠᠮᠲᠤ᠎ᠳᠤᠨᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠢ᠃
      ᠦᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠨᠢᠭᠡᠴᠡ᠎ᠨᠢ ᠠᠵᠢᠯ ᠲᠦᠷᠦᠯ ᠨᠢᠭᠡᠲᠡᠢ ᠤᠯᠤᠰ᠎ᠤᠨ ᠶᠠᠮᠦᠨ ᠵᠦᠪᠯᠡᠯ᠎ᠤᠨ ᠴᠢᠬᠤᠯᠠ ᠶᠡᠭᠡ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶ᠎ᠡ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠬᠦᠷᠢᠶ᠎ᠡ᠂ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠲᠠ ᠵᠢᠨ ᠬᠦᠷᠢᠶ᠎ᠡ (ᠳᠣᠷᠤᠭᠰᠢ ᠭᠤᠷᠪᠠᠨ ᠲᠤᠮᠤ ᠬᠦᠷᠢᠶ᠎ᠡ ᠭᠡᠵᠦ ᠲᠣᠪᠴᠢᠯᠠᠨ᠎ᠠ)᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠬᠠᠷᠠᠯᠲᠠ ᠪᠠ ᠠᠷᠭ᠎ᠠ ᠬᠡᠮᠵᠢᠶ᠎ᠠ᠎ᠲᠠᠢ ᠤᠶᠠᠯᠳᠤᠭᠤᠯᠤᠨ᠂ ᠲᠤᠰ ᠰᠠᠯᠠᠭ᠎ᠠ ᠮᠦᠴᠢᠷ᠂ ᠲᠤᠰ ᠰᠢᠰᠲ᠋ᠧᠮ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠬᠠᠮᠢᠶ᠎ᠠ ᠪᠦᠬᠦᠢ ᠠᠵᠢᠯ᠎ᠢ ᠵᠢᠯᠤᠭᠤᠳᠬᠤ ᠪᠣᠲᠠᠲᠠᠢ ᠬᠡᠷᠡᠭᠵᠢᠭᠦᠯᠬᠦ ᠲᠦᠰᠦᠯ ᠵᠶ᠋ᠠᠨ ᠲᠣᠭᠲᠠᠭ᠋ᠠᠨ ᠨᠡᠶ᠋ᠢᠲᠡᠯᠡᠵᠦ᠂ ᠢᠯᠡ ᠪᠣᠯᠭ᠋ᠠᠬᠤ ᠬᠠᠷᠠᠯᠲᠠ ᠪᠠ ᠡᠭᠦᠷᠭᠡ ᠵᠢ ᠨᠠᠷᠢᠯᠢᠬ᠍ᠵᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠡᠭᠦᠨ᠎ᠤ ᠬᠠᠮᠲᠤ᠂ ᠲᠤᠰ ᠰᠢᠰᠲ᠋ᠧᠮ᠎ᠤᠨ ᠭᠤᠷᠪᠠᠨ ᠲᠤᠮᠤ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠵᠢᠯᠤᠭᠤᠳᠬᠤ ᠪᠠ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠢᠯᠡ ᠪᠣᠯᠭ᠋ᠠᠬᠤ ᠵᠢᠨ ᠪᠣᠲᠠᠲᠠᠢ ᠦᠷ᠎ᠡ ᠪᠦᠲᠦᠮᠵᠢ ᠵᠢ ᠦᠨᠡᠨᠬᠦ ᠪᠠᠲᠤᠯᠠᠬᠤ ᠬᠡᠷᠡᠭᠲᠡᠢ᠃  
      ᠨᠢᠭᠡ᠂ ᠢᠯᠡ ᠪᠣᠯᠭ᠋ᠠᠬᠤ ᠵᠦᠢ᠍ᠯᠡᠰ᠎ᠢ ᠬᠢᠨᠠᠮᠠᠭ᠋ᠠᠢ ᠡᠮᠬᠢᠯᠡᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ᠎ᠨᠢ ᠭᠤᠷᠪᠠᠨ ᠲᠤᠮᠤ ᠬᠦᠷᠢᠶᠡᠨ᠎ᠳᠠᠬᠢ ᠢᠯᠡ ᠪᠣᠯᠭ᠋ᠠᠬᠤ ᠭᠤᠣᠯᠳᠠᠯᠭ᠎ᠠ᠎ᠲᠠᠢ ᠠᠭᠤᠯᠭ᠎ᠠ ᠵᠢᠨ ᠲᠣᠭᠤᠷᠢᠨ᠎ᠳᠤ ᠵᠣᠷᠪᠤᠰᠯᠠᠨ ᠭᠠᠷᠴᠠᠭᠯᠠᠬᠤ ᠠᠷᠭ᠎ᠠ ᠮᠠᠶᠢᠭ ᠵᠶ᠋ᠠᠷ ᠵᠦᠢ᠍ᠯ ᠳᠠᠷᠠᠭ᠋ᠠᠯᠠᠨ ᠨᠠᠷᠢᠯᠢᠬ᠍ᠵᠢᠭᠤᠯᠵᠤ ᠲᠦᠷᠦᠯ ᠬᠤᠪᠢᠶᠠᠨ᠂ ᠢᠯᠡ ᠪᠣᠯᠭ᠋ᠠᠬᠤ ᠵᠦᠢ᠍ᠯᠡᠰ᠎ᠤᠨ ᠠᠩᠬᠢᠯᠠᠯ᠎ᠨᠢ ᠰᠢᠨᠵᠢᠯᠡᠬᠦ ᠤᠬᠠᠭ᠋ᠠᠨᠴᠢ᠂ ᠨᠡᠷᠡᠶ᠋ᠢᠳᠦᠯ᠎ᠨᠢ ᠵᠢᠷᠤᠮᠵᠢᠯ᠎ᠲᠠᠢ᠂ ᠴᠢᠭᠯᠡᠯ᠎ᠨᠢ ᠲᠤᠳᠤᠷᠬᠠᠢ ᠪᠠᠶ᠋ᠢᠯᠭ᠋ᠠᠬᠤ ᠵᠢ ᠦᠨᠡᠨᠬᠦ ᠪᠠᠲᠤᠯᠠᠬᠤ ᠬᠡᠷᠡᠭᠲᠡᠢ᠃
      ᠬᠤᠶᠠᠷ᠂ ᠢᠯᠡ ᠪᠣᠯᠭ᠋ᠠᠬᠤ ᠵᠦᠢ᠍ᠯᠡᠰ᠎ᠤᠨ ᠪᠠᠷᠢᠮᠵᠢᠶ᠎ᠠ ᠵᠢ ᠨᠠᠶ᠋ᠢᠷᠠᠭᠤᠯᠤᠨ ᠵᠣᠬᠢᠶᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠎ᠨᠢ ᠪᠦᠬᠦ ᠲᠠᠯ᠎ᠠ᠎ᠪᠠᠷ ᠡᠮᠬᠢᠯᠡᠨ ᠨᠠᠷᠢᠯᠢᠬ᠍ᠵᠢᠭᠤᠯᠤᠭᠰᠠᠨ ᠰᠠᠭᠤᠷᠢᠨ ᠳᠡᠭᠡᠷ᠎ᠡ᠂ ᠢᠯᠡ ᠪᠣᠯᠭ᠋ᠠᠬᠤ ᠵᠦᠢ᠍ᠯᠡᠰ᠎ᠤᠨ ᠨᠡᠷᠡᠶ᠋ᠢᠳᠦᠯ᠂ ᠦᠨᠳᠦᠰᠦᠯᠡᠯ ᠵᠢᠴᠢ ᠢᠯᠡ ᠪᠣᠯᠭ᠋ᠠᠪᠠᠰᠤ ᠵᠣᠬᠢᠬᠤ ᠠᠭᠤᠯᠭ᠎ᠠ᠂ ᠭᠤᠣᠯ ᠴᠤᠭᠴᠠ᠂ ᠴᠠᠬ ᠬᠤᠭᠤᠴᠠᠭ᠎ᠠ᠂ ᠠᠷᠭ᠎ᠠ ᠮᠠᠶᠢᠭ ᠵᠡᠷᠭᠡ ᠬᠦᠴᠦᠨ ᠵᠦᠢ᠍ᠯ᠎ᠢ ᠪᠠᠭᠲᠠᠭ᠋ᠠᠭᠰᠠᠨ ᠪᠣᠲᠠᠲᠠᠢ ᠵᠦᠢ᠍ᠯᠡᠰ ᠪᠦᠷᠢ ᠵᠢᠨ ᠢᠯᠡ ᠪᠣᠯᠭ᠋ᠠᠬᠤ ᠪᠠᠷᠢᠮᠵᠢᠶ᠎ᠠ ᠵᠢ ᠵᠦᠢ᠍ᠯ ᠳᠠᠷᠠᠭ᠋ᠠᠯᠠᠨ ᠲᠣᠭᠲᠠᠭ᠋ᠠᠵᠤ᠂ ᠭᠤᠷᠪᠠᠨ ᠲᠤᠮᠤ ᠬᠦᠷᠢᠶᠡᠨ᠎ᠳᠠᠬᠢ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠦᠢ᠍ᠯᠡᠰ᠎ᠤᠨ ᠪᠠᠷᠢᠮᠵᠢᠶ᠎ᠠ ᠵᠢᠨ ᠭᠠᠷᠴᠠᠭ᠎ᠢ ᠬᠤᠷᠢᠶᠠᠩᠭᠤᠶ᠋ᠢᠯᠠᠨ ᠨᠠᠶ᠋ᠢᠷᠠᠭᠤᠯᠵᠤ ᠵᠣᠬᠢᠶᠠᠬᠤ ᠵᠢᠨ ᠬᠠᠮᠲᠤ᠂ ᠬᠦᠳᠡᠯᠦᠩᠭᠦᠢ ᠲᠣᠬᠢᠷᠠᠭᠤᠯᠤᠯᠲᠠ ᠵᠢ ᠬᠡᠷᠡᠭᠵᠢᠭᠦᠯᠬᠦ ᠬᠡᠷᠡᠭᠲᠡᠢ᠃
      ᠭᠤᠷᠪᠠ᠂ ᠢᠯᠡ ᠪᠣᠯᠭ᠋ᠠᠬᠤ ᠠᠵᠢᠯ᠎ᠤᠨ ᠴᠤᠪᠤᠷᠠᠯ᠎ᠢ ᠵᠢᠷᠤᠮᠵᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ᠎ᠨᠢ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠦᠢ᠍ᠯᠡᠰ᠎ᠤᠨ ᠪᠠᠷᠢᠮᠵᠢᠶ᠎ᠠ ᠵᠢ ᠨᠠᠶ᠋ᠢᠷᠠᠭᠤᠯᠤᠨ ᠵᠣᠬᠢᠶᠠᠬᠤ ᠵᠢᠨ ᠬᠠᠮᠲᠤ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢ ᠬᠤᠪᠢᠷᠠᠭᠤᠯᠬᠤ ᠪᠠ 《ᠲᠠᠪᠤ ᠵᠢ ᠢᠯᠡ ᠪᠣᠯᠭ᠋ᠠᠬᠤ》 ᠵᠢ ᠠᠬᠢᠭᠤᠯᠬᠤ ᠱᠠᠭ᠋ᠠᠷᠳᠠᠯᠭ᠎ᠠ ᠶᠣᠰᠤᠭ᠋ᠠᠷ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠴᠤᠪᠤᠷᠠᠯ᠎ᠢ ᠪᠦᠬᠦ ᠲᠠᠯ᠎ᠠ᠎ᠪᠠᠷ ᠡᠮᠬᠢᠯᠡᠨ ᠰᠢᠯᠢᠳᠡᠭᠵᠢᠭᠦᠯᠵᠦ᠂ ᠠᠵᠢᠯ᠎ᠤᠨ ᠲᠣᠭᠲᠠᠴᠠ ᠵᠢ ᠪᠦᠷᠢᠨᠰᠢᠭᠦᠯᠬᠦ ᠬᠡᠷᠡᠭᠲᠡᠢ᠃
      ᠳᠥᠷᠪᠡ᠂ ᠢᠯᠡ ᠪᠣᠯᠭ᠋ᠠᠬᠤ ᠠᠷᠭ᠎ᠠ ᠮᠠᠶᠢᠭ᠎ᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ᠎ᠨᠢ ᠪᠣᠳᠠᠳᠤ ᠪᠠᠶ᠋ᠢᠳᠠᠯ ᠵᠶ᠋ᠠᠨ ᠦᠨᠳᠦᠰᠦᠯᠡᠨ᠂ ᠫᠣᠷᠲ᠋ᠧᠯ ᠰᠦᠯᠵᠢᠶ᠎ᠡ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠂ ᠷᠠᠳᠢᠣ᠋᠂ ᠲᠧᠯᠸᠢᠰ᠂ ᠰᠣᠨᠢᠨ᠂ ᠵᠠᠷᠯᠠᠨ ᠨᠡᠶ᠋ᠢᠲᠡᠯᠡᠬᠦ ᠪᠣᠯᠣᠩ ᠵᠡᠷᠭᠡ ᠲᠡᠪᠴᠡᠩ ᠪᠠ ᠠᠵᠢᠯ ᠶᠠᠪᠤᠳᠠᠯ ᠭᠦᠢ᠍ᠴᠡᠳᠭᠡᠬᠦ ᠲᠠᠩᠬᠢᠮ᠂ ᠠᠷᠠᠳ᠎ᠲᠤ ᠲᠦᠭᠦᠮ ᠦᠵᠡᠭᠦᠯᠬᠦ ᠦᠢ᠍ᠯᠡᠴᠢᠯᠡᠭᠡᠨ᠎ᠤ ᠴᠤᠩᠬᠤᠪᠴᠢ ᠵᠡᠷᠭᠡ ᠲᠠᠯᠠᠪᠤᠷ᠎ᠢ ᠶᠡᠷᠦᠩᠬᠡᠶ᠋ᠢᠯᠡᠨ ᠠᠰᠢᠭᠯᠠᠵᠤ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢ ᠣᠯᠠᠨ ᠠᠷᠭ᠎ᠠ ᠵᠠᠮ ᠵᠶ᠋ᠠᠷ ᠨᠡᠶ᠋ᠢᠲᠡᠯᠡᠵᠦ᠂ ᠣᠯᠠᠨ ᠲᠦᠮᠡᠨ᠎ᠤ ᠬᠠᠶ᠋ᠢᠨ ᠯᠠᠪᠯᠠᠬᠤ ᠪᠠ ᠬᠦᠷᠲᠡᠵᠦ ᠣᠯᠬᠤ᠎ᠳᠤ ᠳᠦᠭᠦᠮ ᠦᠵᠡᠭᠦᠯᠬᠦ ᠬᠡᠷᠡᠭᠲᠡᠢ᠃
      ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠯᠪᠠᠨ ᠭᠡᠷ᠎ᠨᠢ ᠤᠯᠤᠰ᠎ᠤᠨ ᠱᠠᠭ᠋ᠠᠷᠳᠠᠯᠭ᠎ᠠ ᠶᠤᠰᠤᠭ᠋ᠠᠷ᠂ ᠭᠤᠷᠪᠠᠨ ᠲᠤᠮᠤ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠣᠨ᠎ᠤ ᠰᠢᠯᠭ᠋ᠠᠨ ᠬᠢᠨᠠᠬᠤ ᠭᠦᠢ᠍ᠴᠡᠳᠭᠡᠯ ᠲᠤᠭ᠎ᠠ ᠪᠠ ᠭᠤᠣᠯᠳᠠᠯᠭ᠎ᠠ᠎ᠲᠠᠢ ᠰᠢᠮᠳᠠᠭᠤᠯᠤᠨ ᠪᠠᠶ᠋ᠢᠴᠠᠭ᠋ᠠᠬᠤ ᠠᠭᠤᠯᠭ᠎ᠠ᠎ᠳᠠᠭᠠᠨ ᠵᠢᠭᠰᠠᠭ᠋ᠠᠨ ᠣᠷᠤᠭᠤᠯᠵᠤ᠂ ᠭᠤᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠪᠦᠬᠦ ᠲᠠᠯ᠎ᠠ᠎ᠪᠠᠷ ᠭᠦᠨᠵᠡᠭᠡᠢ ᠠᠬᠢᠭᠤᠯᠤᠨ᠂ ᠵᠠᠰᠠᠭ᠎ᠤᠨ ᠣᠷᠳᠣᠨ᠎ᠤ ᠢᠯᠡ ᠲᠤᠳᠣ ᠪᠠᠶ᠋ᠢᠬᠤ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠣᠯᠠᠨ᠎ᠤ ᠪᠠᠶ᠋ᠢᠳᠠᠯ᠎ᠢ ᠮᠡᠳᠡᠬᠦ ᠡᠷᠬᠡ᠂ ᠣᠷᠤᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠵᠢ ᠭᠦᠢ᠍ᠴᠡᠳ ᠪᠠᠲᠤᠯᠠᠬᠤ ᠬᠡᠷᠡᠭᠲᠡᠢ᠃
                         2018 ᠣᠨ᠎ᠤ 4 ᠳ᠋ᠤᠭᠡᠷ ᠰᠠᠷ᠎ᠠ ᠵᠢᠨ 9᠎ᠤ ᠡᠳᠦᠷ
                          (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)

ᠴᠢᠬᠤᠯᠠ ᠶᠡᠭᠡ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠠᠬᠢᠭᠤᠯᠬᠤ ᠲᠣᠬᠠᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠭᠢᠮ᠎ᠤᠨ ᠰᠠᠨᠠᠯ

(ᠲᠥᠷᠥ ᠠᠯᠪᠠᠨ ᠲᠠᠷᠬᠠᠭ᠋ᠠᠭᠰᠠᠨ [2017] 94 ᠳ᠋ᠤᠭᠡᠷ ᠲᠣᠭ᠋ᠠᠲᠤ)

ᠡᠯ᠎ᠡ ᠮᠤᠵᠢ᠂ ᠦᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠡᠯ᠎ᠡ ᠶᠠᠮᠦᠨ ᠵᠦᠪᠯᠡᠯ᠂ ᠡᠯ᠎ᠡ ᠰᠢᠭᠤᠳ ᠬᠠᠷᠢᠶ᠎ᠠ ᠪᠠᠶ᠋ᠢᠭᠤᠯᠤᠮᠵᠢ᠎ᠳᠤ᠄
      ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠠ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠭᠢᠮ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠭᠢᠮ᠎ᠤᠨ 〈ᠵᠠᠰᠠᠭ᠎ᠤᠨ ᠶᠠᠪᠤᠳᠠᠯ᠎ᠢ ᠢᠯᠠ ᠪᠣᠯᠭ᠋ᠠᠬᠤ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠲᠣᠬᠠᠢ ᠰᠠᠨᠠᠯ〉᠎ᠢ ᠳᠠᠷᠤᠮᠠᠯᠯᠠᠨ ᠶᠠᠪᠤᠭᠤᠯᠬᠤ ᠮᠡᠳᠡᠭᠳᠡᠯ》 ᠵᠡᠷᠭᠡ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠤᠭ᠋ᠠᠷ᠂ ᠴᠢᠬᠤᠯᠠ ᠶᠡᠭᠡ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠤᠯᠠᠮ ᠨᠢᠭᠡ ᠠᠯᠬᠤᠮ ᠠᠬᠢᠭᠤᠯᠬᠤ ᠵᠢᠨ ᠲᠤᠰᠠᠳᠠ᠂ ᠲᠥᠷᠥ ᠵᠢᠨ ᠶᠠᠪᠤᠳᠠᠯ᠎ᠤᠨ ᠬᠤᠷᠢᠶ᠎ᠠ᠎ᠪᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠰᠠᠨᠠᠯ᠎ᠢ ᠳᠤᠷᠠᠳᠪᠠ᠃
      ᠨᠢᠭᠡ᠂ ᠶᠡᠷᠦᠩᠬᠡᠢ ᠱᠠᠭ᠋ᠠᠷᠳᠠᠯᠭ᠎ᠠ
     (ᠨᠢᠭᠡ) ᠵᠢᠯᠤᠭᠤᠳᠬᠤ ᠦᠵᠡᠯ ᠰᠠᠨᠠᠭ᠎ᠠ᠃
      ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ 《ᠲᠠᠪᠤ ᠵᠢ ᠨᠢᠭᠡ ᠴᠤᠭᠴᠠᠵᠢᠭᠤᠯᠬᠤ》 ᠶᠡᠷᠦᠩᠬᠡᠢ ᠪᠠᠶ᠋ᠢᠷᠢᠰᠢᠭᠤᠯᠤᠯ᠎ᠢ ᠨᠢᠭᠡᠲᠦᠯᠲᠡᠢ ᠲᠦᠯᠦᠪᠴᠢᠭᠦᠯᠦᠨ ᠠᠬᠢᠭᠤᠯᠬᠤ ᠪᠠ 《ᠳᠥᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠰᠢᠭᠤᠯᠤᠯ᠎ᠢ ᠵᠣᠬᠢᠴᠠᠭᠤᠯᠤᠨ ᠠᠬᠢᠭᠤᠯᠵᠤ᠂ ᠰᠢᠨ᠎ᠡ ᠵᠢ ᠡᠭᠦᠳᠬᠦ᠂ ᠵᠣᠬᠢᠴᠠᠭᠤᠯᠬᠤ᠂ ᠪᠣᠬᠢᠷᠳᠤᠯ ᠦᠭᠡᠢ᠂ ᠨᠡᠭᠡᠭᠡᠯᠲᠡ᠎ᠲᠠᠢ᠂ ᠬᠠᠮᠲᠤᠪᠠᠷ ᠬᠦᠷᠲᠡᠬᠦ ᠬᠥᠭᠵᠢᠯᠲᠡ ᠵᠢᠨ ᠣᠨᠣᠯᠵᠢᠬᠤᠨ᠎ᠢ ᠪᠠᠲᠤ ᠪᠠᠬᠢ ᠪᠣᠢ ᠪᠣᠯᠭ᠋ᠠᠬᠤ ᠪᠠ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠲᠣᠬᠠᠢ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠴᠢᠬᠤᠯᠠ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠶᠤᠰᠤᠭ᠋ᠠᠷ᠂ ᠴᠢᠬᠤᠯᠠ ᠶᠡᠭᠡ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ᠎ᠪᠠᠷ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠵᠢᠨ ᠴᠢᠬᠤᠯᠠ ᠠᠭᠤᠯᠭ᠎ᠠ ᠪᠣᠯᠭ᠋ᠠᠵᠤ᠂ ᠨᠡᠶ᠋ᠢᠭᠡᠮ᠎ᠤᠨ᠎ᠬᠢᠨ᠎ᠤ ᠠᠩᠬᠠᠷᠤᠯ ᠲᠠᠯᠪᠢᠵᠤ ᠪᠠᠶ᠋ᠢᠭ᠎ᠠ ᠵᠦᠢ᠍ᠯᠡᠰ᠎ᠲᠤ ᠢᠳᠡᠪᠬᠢᠲᠡᠢ᠎ᠪᠠᠷ ᠬᠠᠷᠢᠭᠤ ᠲᠤᠰᠬᠠᠵᠤ᠂ ᠠᠷᠠᠳ ᠣᠯᠠᠨ᠎ᠤ ᠪᠠᠶ᠋ᠢᠳᠠᠯ᠎ᠢ ᠮᠡᠳᠡᠬᠦ ᠡᠷᠬᠡ᠂ ᠣᠷᠤᠯᠴᠠᠬᠤ ᠡᠷᠬᠡ᠂ ᠢᠯᠡᠳᠭᠡᠬᠦ ᠡᠷᠬᠡ᠂ ᠬᠢᠨᠠᠯᠲᠠ ᠲᠠᠯᠪᠢᠬᠤ ᠡᠷᠬᠡ ᠵᠢ ᠨᠡᠩ ᠰᠠᠶ᠋ᠢᠲᠤᠷ ᠪᠠᠲᠤᠯᠠᠨ᠎ᠠ᠃
     (ᠬᠤᠶᠠᠷ) ᠦᠨᠳᠦᠰᠦᠨ ᠵᠠᠷᠴᠢᠮ᠃
      ᠢᠯᠡ ᠪᠣᠯᠭ᠋ᠠᠬᠤ ᠵᠢ ᠬᠡᠪ᠎ᠤᠨ ᠪᠠᠶ᠋ᠢᠳᠠᠯ ᠵᠶ᠋ᠠᠷ ᠦᠵᠡᠵᠦ᠂ ᠢᠯᠡ ᠪᠣᠯᠭ᠋ᠠᠬᠤ ᠦᠭᠡᠢ ᠵᠢ ᠣᠨᠴᠤᠭᠤᠢ ᠪᠠᠶ᠋ᠢᠳᠠᠯ ᠵᠶ᠋ᠠᠷ ᠦᠵᠡᠬᠦ ᠬᠡᠷᠡᠭᠲᠡᠢ᠃ ᠤᠯᠤᠰ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ ᠪᠠ ᠬᠤᠪᠢ ᠵᠢᠨ ᠨᠢᠭᠤᠴᠠ᠎ᠳᠤ ᠬᠤᠯᠪᠣᠭᠳᠠᠬᠤ ᠪᠠ ᠪᠤᠰᠤᠳ ᠬᠠᠤᠯᠢ ᠶᠤᠰᠤᠭ᠋ᠠᠷ ᠢᠯᠡ ᠪᠣᠯᠭ᠋ᠠᠵᠤ ᠪᠣᠯᠬᠤ ᠦᠭᠡᠢ ᠠᠭᠤᠯᠭ᠎ᠠ᠎ᠠᠴᠠ ᠭᠠᠳᠠᠨ᠎ᠠ᠂ ᠴᠢᠬᠤᠯᠠ ᠶᠡᠭᠡ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠵᠥᠪᠰᠢᠶᠡᠷᠡᠬᠦ ᠪᠠ ᠬᠡᠷᠡᠭᠵᠢᠭᠦᠯᠬᠦ ᠶᠠᠪᠤᠴᠠ᠎ᠳᠠᠬᠢ ᠮᠡᠳᠡᠭᠡ ᠵᠠᠩᠭᠢ ᠵᠢ ᠠᠯᠢ ᠪᠣᠯᠬᠤ᠎ᠪᠠᠷ ᠭᠠᠳᠠᠭᠰᠢ ᠢᠯᠡ ᠪᠣᠯᠭ᠋ᠠᠵᠤ᠂ ᠢᠯᠡ ᠪᠣᠯᠭ᠋ᠠᠬᠤ᠎ᠪᠠᠷ ᠲᠦᠷᠦᠯ ᠵᠦᠢ᠍ᠯ᠎ᠢ ᠵᠥᠪᠰᠢᠶᠡᠷᠡᠵᠦ᠂ ᠬᠡᠷᠡᠭᠵᠢᠭᠦᠯᠬᠦ ᠵᠢᠨ ᠢᠯᠡ ᠲᠣᠳᠣ ᠵᠢᠨ ᠬᠡᠮᠵᠢᠶ᠎ᠡ ᠪᠠ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠠᠷᠠᠳ ᠣᠯᠠᠨ᠎ᠤ ᠬᠠᠤᠯᠢ ᠶᠤᠰᠤᠨ᠎ᠤ ᠡᠷᠬᠡ ᠠᠰᠢᠭ᠎ᠢ ᠪᠠᠲᠤᠯᠠᠨ᠎ᠠ᠃
      ᠭᠤᠣᠯᠳᠠᠯᠭ᠎ᠠ ᠵᠢ ᠳᠤᠪᠤᠶ᠋ᠢᠯᠭ᠋ᠠᠵᠤ᠂ ᠡᠮᠬᠢ ᠵᠢᠷᠤᠮ᠎ᠲᠠᠢ ᠠᠬᠢᠭᠤᠯᠬᠤ ᠬᠡᠷᠡᠭᠲᠡᠢ᠃ ᠴᠢᠬᠤᠯᠠ ᠶᠡᠭᠡ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠵᠥᠪᠰᠢᠶᠡᠷᠡᠬᠦ ᠪᠠ ᠬᠡᠷᠡᠭᠵᠢᠭᠦᠯᠬᠦ ᠶᠠᠪᠤᠴᠠ᠎ᠳᠠᠬᠢ ᠨᠡᠶ᠋ᠢᠭᠡᠮ᠎ᠤᠨ ᠬᠠᠯᠠᠮᠵᠢᠯᠠᠨ ᠠᠩᠬᠠᠷᠴᠤ ᠪᠠᠶ᠋ᠢᠬᠤ ᠬᠡᠮᠵᠢᠶ᠎ᠡ᠎ᠪᠠᠷ ᠶᠡᠬᠡ ᠪᠠᠶ᠋ᠢᠭ᠎ᠠ ᠮᠡᠳᠡᠭᠡ ᠵᠠᠩᠭᠢ᠎ᠪᠠᠷ ᠭᠤᠣᠯᠳᠠᠯᠭ᠎ᠠ ᠪᠣᠯᠭ᠋ᠠᠵᠤ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ᠎ᠪᠠᠷ ᠬᠤᠰᠢᠭᠤᠷᠠᠨ ᠳᠠᠭ᠋ᠠᠭᠤᠯᠵᠤ᠂ ᠲᠦᠷᠦᠯ ᠵᠦᠢ᠍ᠯ᠎ᠤᠨ ᠬᠠᠤᠯᠢ ᠵᠢᠨ ᠡᠷᠬᠡᠲᠡᠨ ᠨᠢᠭᠡᠴᠡ ᠵᠢᠨ ᠮᠡᠳᠡᠭᠡ ᠵᠠᠩᠭᠢ ᠵᠢ ᠪᠦᠲᠦᠮᠵᠢᠲᠡᠢ ᠴᠤᠬᠯᠠᠭᠤᠯᠤᠨ ᠨᠡᠶ᠋ᠢᠯᠡᠭᠦᠯᠵᠦ᠂ ᠴᠠᠭ ᠲᠣᠬᠠᠢ᠎ᠳᠤᠨᠢ ᠢᠯᠡ ᠪᠣᠯᠭ᠋ᠠᠬᠤ ᠵᠢ ᠠᠬᠢᠭᠤᠯᠤᠨ᠎ᠠ᠃
      ᠭᠤᠣᠯ ᠴᠤᠭᠴᠠ ᠵᠢ ᠲᠤᠳᠤᠷᠬᠠᠶ᠋ᠢᠯᠠᠵᠤ᠂ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠢ᠃ ᠴᠢᠬᠤᠯᠠ ᠶᠡᠭᠡ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠵᠥᠪᠰᠢᠶᠡᠷᠡᠬᠦ ᠪᠠ ᠬᠡᠷᠡᠭᠵᠢᠭᠦᠯᠬᠦ ᠶᠠᠪᠤᠴᠠ᠎ᠳᠤ᠂ ᠡᠯ᠎ᠡ ᠱᠠᠲᠤᠨ᠎ᠤ ᠵᠠᠰᠠᠭ᠎ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ᠎ᠠᠴᠠ ᠲᠡᠳᠡᠨᠦᠰ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠭᠰᠡᠨ ᠶᠠᠪᠤᠴᠠ᠎ᠳᠤ ᠪᠢᠴᠢᠵᠦ ᠵᠣᠬᠢᠶᠠᠭᠰᠠᠨ ᠪᠣᠶᠣ ᠬᠠᠳᠠᠭ᠋ᠠᠯᠠᠭᠰᠠᠨ ᠮᠡᠳᠡᠭᠡ ᠵᠠᠩᠭᠢ ᠵᠢ ᠬᠠᠷᠢᠭᠤᠴᠠᠨ ᠢᠯᠡ ᠪᠣᠯᠭ᠋ᠠᠬᠤ ᠵᠢᠨ ᠬᠠᠮᠲᠤ᠂ ᠲᠦᠷᠦᠯ ᠵᠦᠢ᠍ᠯ᠎ᠤᠨ ᠬᠠᠤᠯᠢ ᠵᠢᠨ ᠡᠷᠬᠡᠲᠡᠨ ᠨᠢᠭᠡᠴᠡ ᠵᠢᠨ ᠢᠯᠡ ᠪᠣᠯᠭ᠋ᠠᠭᠰᠠᠨ ᠲᠦᠷᠦᠯ ᠵᠦᠢ᠍ᠯ᠎ᠤᠨ ᠮᠡᠳᠡᠭᠡ ᠵᠠᠩᠭᠢ᠎ᠳᠤ ᠬᠠᠤᠯᠢ ᠶᠤᠰᠤᠭ᠋ᠠᠷ ᠬᠢᠨᠠᠯᠲᠠ ᠲᠠᠯᠪᠢᠨ᠎ᠠ᠃ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ᠎ᠳᠤ ᠲᠤᠳᠤᠷᠬᠠᠢ ᠲᠣᠭᠲᠠᠭ᠋ᠠᠯ ᠭᠠᠷᠭ᠋ᠠᠭᠰᠠᠨ ᠦᠭᠡᠢ ᠪᠣᠯ᠂ ᠲᠦᠷᠦᠯ ᠵᠦᠢ᠍ᠯ᠎ᠤᠨ ᠬᠠᠤᠯᠢ ᠵᠢᠨ ᠡᠷᠬᠡᠲᠡᠨ ᠨᠢᠭᠡᠴᠡ ᠵᠢᠨ᠎ᠬᠢᠨ᠎ᠤ ᠲᠦᠷᠦᠯ ᠵᠦᠢ᠍ᠯ᠎ᠤᠨ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠵᠢ ᠵᠣᠷᠢᠬ᠍ᠵᠢᠭᠤᠯᠤᠨ᠎ᠠ᠃
      ᠬᠤᠶᠠᠷ᠂ ᠭᠤᠣᠯ ᠡᠭᠦᠷᠭᠡ
      ᠲᠤᠰ ᠰᠠᠨᠠᠯ᠎ᠳᠤ ᠬᠡᠯᠡᠵᠦ ᠪᠠᠶ᠋ᠢᠭ᠎ᠠ ᠴᠢᠬᠤᠯᠠ ᠶᠡᠭᠡ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ ᠭᠡᠳᠡᠭ᠎ᠨᠢ ᠬᠤᠯᠪᠣᠭᠳᠠᠯ ᠪᠦᠬᠦᠢ ᠲᠣᠭᠲᠠᠭ᠋ᠠᠯ ᠶᠤᠰᠤᠭ᠋ᠠᠷ ᠵᠠᠰᠠᠭ᠎ᠤᠨ ᠣᠷᠳᠣᠨ᠎ᠠᠴᠠ ᠬᠢᠨᠠᠨ ᠵᠥᠪᠰᠢᠶᠡᠷᠡᠭᠰᠡᠨ ᠪᠣᠶᠣ ᠬᠠᠷᠭᠤᠭᠤᠯᠤᠨ ᠵᠥᠪᠰᠢᠶᠡᠷᠡᠭᠰᠡᠨ᠂ ᠠᠵᠤ ᠠᠬᠤᠢ ᠨᠡᠶ᠋ᠢᠭᠡᠮ᠎ᠤᠨ ᠬᠥᠭᠵᠢᠯᠲᠡ᠂ ᠠᠷᠠᠳ᠎ᠤᠨ ᠠᠮᠢᠳᠤᠷᠠᠯ᠎ᠤᠨ ᠰᠠᠶ᠋ᠢᠵᠢᠷᠠᠯᠲᠠ᠎ᠳᠤ ᠰᠢᠭᠤᠳ᠂ ᠥᠷᠭᠡᠨ ᠳᠡᠯᠭᠡᠷ ᠪᠠ ᠴᠢᠬᠤᠯᠠ ᠨᠦᠯᠦᠭᠡ ᠦᠵᠡᠭᠦᠯᠬᠦ ᠲᠣᠭᠲᠠᠮᠠᠯ ᠡᠳ᠋ ᠬᠦᠷᠦᠩᠭᠡ ᠵᠢᠨ ᠪᠡᠯᠡ ᠣᠷᠤᠭᠤᠯᠤᠯᠲᠠ ᠵᠢᠨ ᠲᠦᠷᠦᠯ ᠵᠦᠢ᠍ᠯ (ᠬᠢᠯᠢ ᠵᠢᠨ ᠭᠠᠳᠠᠨᠠᠬᠢ ᠪᠡᠯᠡ ᠣᠷᠤᠭᠤᠯᠤᠯᠲᠠ ᠵᠢᠨ ᠲᠦᠷᠦᠯ ᠵᠦᠢ᠍ᠯ ᠪᠠ ᠭᠠᠳᠠᠭ᠋ᠠᠲᠤ ᠵᠢ ᠲᠤᠰᠠᠯᠠᠬᠤ ᠲᠦᠷᠦᠯ ᠵᠦᠢ᠍ᠯ ᠪᠠᠭᠲᠠᠬᠤ ᠦᠭᠡᠢ)᠎ᠢ ᠵᠢᠭ᠋ᠠᠵᠤ ᠪᠣᠢ᠃ ᠡᠯ᠎ᠡ ᠮᠤᠵᠢ (ᠣᠷᠣᠨ᠂ ᠬᠤᠲᠠ) ᠵᠢᠨ ᠵᠠᠰᠠᠭ᠎ᠤᠨ ᠣᠷᠳᠣᠨ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠦᠴᠢᠷ᠎ᠨᠢ ᠣᠷᠣᠨ ᠪᠦᠰᠡ᠂ ᠠᠵᠢᠯ ᠲᠦᠷᠦᠯ᠎ᠤᠨ ᠣᠨᠴᠠᠯᠢᠭ ᠪᠠ ᠠᠵᠢᠯ᠎ᠤᠨ ᠭᠤᠣᠯᠳᠠᠯᠭ᠎ᠠ᠎ᠪᠠᠨ ᠦᠨᠳᠦᠰᠦᠯᠡᠵᠦ᠂ ᠲᠤᠰ ᠭᠠᠵᠠᠷ ᠣᠷᠣᠨ᠂ ᠲᠤᠰ ᠬᠦᠷᠢᠶᠡᠨ᠎ᠳᠠᠬᠢ ᠴᠢᠬᠤᠯᠠ ᠶᠡᠭᠡ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠬᠡᠪᠴᠢᠶ᠎ᠡ᠎ᠪᠠᠨ ᠤᠯᠠᠮ ᠨᠢᠭᠡ ᠠᠯᠬᠤᠮ ᠲᠤᠳᠤᠷᠬᠠᠶ᠋ᠢᠯᠠᠨ᠎ᠠ᠃
     (ᠨᠢᠭᠡ) ᠢᠯᠡ ᠪᠣᠯᠭ᠋ᠠᠬᠤ ᠭᠤᠣᠯᠳᠠᠯᠭ᠎ᠠ ᠵᠢ ᠳᠤᠪᠤᠶ᠋ᠢᠯᠭ᠋ᠠᠨ᠎ᠠ᠃
      ᠴᠢᠬᠤᠯᠠ ᠶᠡᠭᠡ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠵᠥᠪᠰᠢᠶᠡᠷᠡᠬᠦ ᠪᠠ ᠬᠡᠷᠡᠭᠵᠢᠭᠦᠯᠬᠦ ᠶᠠᠪᠤᠴᠠ᠎ᠳᠤ᠂ ᠵᠥᠪᠰᠢᠶᠡᠷᠡᠬᠦ ᠦᠢ᠍ᠯᠡᠴᠢᠯᠡᠭᠡ ᠵᠢᠨ ᠮᠡᠳᠡᠭᠡ ᠵᠠᠩᠭᠢ᠂ ᠵᠥᠪᠰᠢᠶᠡᠷᠡᠭᠰᠡᠨ ᠦᠷ᠎ᠡ ᠳ᠋ᠦ᠍ᠢ᠍ᠩ᠎ᠤᠨ ᠮᠡᠳᠡᠭᠡ ᠵᠠᠩᠭᠢ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠮᠡᠳᠡᠭᠡ ᠵᠠᠩᠭᠢ᠂ ᠭᠠᠵᠠᠷ ᠰᠢᠷᠣᠢ ᠲᠠᠲᠠᠪᠤᠷᠢᠯᠠᠬᠤ ᠮᠡᠳᠡᠭᠡ ᠵᠠᠩᠭᠢ᠂ ᠴᠢᠬᠤᠯᠠ ᠶᠡᠭᠡ ᠵᠢᠷᠤᠭ ᠲᠦᠯᠦᠪᠯᠡᠭᠡ ᠵᠢ ᠬᠤᠪᠢᠷᠠᠭᠤᠯᠬᠤ ᠮᠡᠳᠡᠭᠡ ᠵᠠᠩᠭᠢ᠂ ᠪᠠᠷᠢᠯᠭ᠎ᠠ ᠪᠠᠷᠢᠬᠤ ᠬᠤᠯᠪᠣᠭᠳᠠᠯ ᠪᠦᠬᠦᠢ ᠮᠡᠳᠡᠭᠡ ᠵᠠᠩᠭᠢ᠂ ᠶᠠᠰᠤ ᠴᠢᠨᠠᠷ᠎ᠤᠨ ᠠᠮᠦᠷ ᠲᠥᠪᠰᠢᠨ᠎ᠳᠤ ᠬᠢᠨᠠᠯᠲᠠ ᠲᠠᠯᠪᠢᠬᠤ ᠮᠡᠳᠡᠭᠡ ᠵᠠᠩᠭᠢ᠂ ᠪᠠᠷᠢᠯᠭ᠎ᠠ ᠳᠠᠭᠤᠰᠤᠭᠰᠠᠨ ᠬᠤᠯᠪᠣᠭᠳᠠᠯ ᠪᠦᠬᠦᠢ ᠮᠡᠳᠡᠭᠡ ᠵᠠᠩᠭᠢ ᠵᠡᠷᠭᠡ 8 ᠲᠦᠷᠦᠯ᠎ᠤᠨ ᠮᠡᠳᠡᠭᠡ ᠵᠠᠩᠭᠢ ᠵᠢ ᠭᠤᠣᠯᠳᠠᠯᠭ᠎ᠠ᠎ᠲᠠᠢ ᠢᠯᠡ ᠪᠣᠯᠭ᠋ᠠᠨ᠎ᠠ᠃ ᠭᠤᠣᠯ ᠠᠭᠤᠯᠭ᠎ᠠ᠎ᠳᠤ ᠪᠠᠭᠲᠠᠭᠳᠠᠬᠤ᠎ᠨᠢ᠄
     1 ᠵᠥᠪᠰᠢᠶᠡᠷᠡᠬᠦ ᠦᠢ᠍ᠯᠡᠴᠢᠯᠡᠭᠡ ᠵᠢᠨ ᠮᠡᠳᠡᠭᠡ ᠵᠠᠩᠭᠢ᠄ ᠭᠤᠶᠤᠴᠢᠯᠠᠨ ᠮᠡᠳᠡᠭᠦᠯᠬᠦ ᠱᠠᠭ᠋ᠠᠷᠳᠠᠯᠭ᠎ᠠ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠤᠨ ᠨᠠᠷᠢᠨ ᠬᠠᠭᠤᠳᠠᠰᠤ᠂ ᠵᠥᠪᠰᠢᠶᠡᠷᠡᠬᠦ ᠴᠤᠪᠤᠷᠠᠯ᠂ ᠭᠦᠢ᠍ᠴᠡᠳᠭᠡᠬᠦ ᠴᠠᠭ ᠬᠤᠭᠤᠴᠠᠭ᠎ᠠ᠂ ᠬᠦᠯᠢᠶᠡᠨ ᠠᠪᠴᠤ ᠰᠢᠢ᠍ᠳᠪᠦᠷᠢᠯᠡᠬᠦ ᠪᠠᠶ᠋ᠢᠭᠤᠯᠤᠮᠵᠢ ᠵᠢᠨ ᠬᠠᠷᠢᠯᠴᠠᠬᠤ ᠠᠷᠭ᠎ᠠ ᠮᠠᠶᠢᠭ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠮᠠᠶᠢᠭ ᠵᠡᠷᠭᠡ᠃
     2 ᠵᠥᠪᠰᠢᠶᠡᠷᠡᠭᠰᠡᠨ ᠦᠷ᠎ᠡ ᠳ᠋ᠦ᠍ᠢ᠍ᠩ᠎ᠤᠨ ᠮᠡᠳᠡᠭᠡ ᠵᠠᠩᠭᠢ᠄ ᠲᠦᠷᠦᠯ ᠵᠦᠢ᠍ᠯ᠎ᠤᠨ ᠰᠠᠨᠠᠭᠤᠯᠭ᠎ᠠ ᠵᠢᠨ ᠪᠢᠴᠢᠭ᠎ᠢ ᠬᠢᠨᠠᠨ ᠵᠥᠪᠰᠢᠶᠡᠷᠡᠭᠰᠡᠨ ᠦᠷ᠎ᠡ ᠳ᠋ᠦ᠍ᠢ᠍ᠩ᠂ ᠬᠡᠷᠡᠭᠵᠢᠭᠦᠯᠵᠦ ᠪᠣᠯᠬᠤᠶ᠋ᠢᠴᠠ ᠰᠤᠳᠤᠯᠭ᠋ᠠᠨ᠎ᠤ ᠮᠡᠳᠡᠭᠦᠯᠦᠯᠲᠡ ᠵᠢ ᠬᠢᠨᠠᠨ ᠵᠥᠪᠰᠢᠶᠡᠷᠡᠭᠰᠡᠨ ᠦᠷ᠎ᠡ ᠳ᠋ᠦ᠍ᠢ᠍ᠩ᠂ ᠠᠩᠬᠠᠨ᠎ᠤ ᠵᠢᠷᠤᠭ ᠲᠦᠯᠦᠪᠯᠡᠭᠡ ᠵᠢᠨ ᠪᠢᠴᠢᠭ ᠮᠠᠲ᠋ᠧᠷᠢᠶᠠᠯ᠎ᠢ ᠬᠢᠨᠠᠨ ᠵᠥᠪᠰᠢᠶᠡᠷᠡᠭᠰᠡᠨ ᠦᠷ᠎ᠡ ᠳ᠋ᠦ᠍ᠢ᠍ᠩ᠂ ᠲᠦᠷᠦᠯ ᠵᠦᠢ᠍ᠯ᠎ᠢ ᠬᠠᠷᠭᠤᠭᠤᠯᠤᠨ ᠵᠥᠪᠰᠢᠶᠡᠷᠡᠭᠰᠡᠨ ᠦᠷ᠎ᠡ ᠳ᠋ᠦ᠍ᠢ᠍ᠩ᠂ ᠡᠨᠧᠷᠬᠢ ᠠᠷᠪᠢᠯᠠᠬᠤ ᠵᠢ ᠬᠢᠨᠠᠨ ᠪᠠᠶ᠋ᠢᠴᠠᠭ᠋ᠠᠭᠰᠠᠨ ᠰᠠᠨᠠᠯ᠂ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠳᠤ ᠭᠠᠵᠠᠷ ᠰᠤᠩᠭᠤᠬᠤ ᠰᠠᠨᠠᠯ᠎ᠢ ᠬᠢᠨᠠᠨ ᠵᠥᠪᠰᠢᠶᠡᠷᠡᠭᠰᠡᠨ ᠦᠷ᠎ᠡ ᠳ᠋ᠦ᠍ᠢ᠍ᠩ᠂ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠳᠤ ᠬᠡᠷᠡᠭᠯᠡᠬᠦ ᠭᠠᠵᠠᠷ (ᠳᠠᠯᠠᠢ)᠎ᠢ ᠤᠷᠢᠳᠴᠢᠯᠡᠨ ᠬᠢᠨᠠᠭᠰᠠᠨ ᠦᠷ᠎ᠡ ᠳ᠋ᠦ᠍ᠢ᠍ᠩ᠂ ᠣᠷᠴᠢᠨ ᠲᠣᠭᠤᠷᠢᠨ᠎ᠤ ᠨᠦᠯᠦᠭᠡᠯᠡᠯ᠎ᠤᠨ ᠦᠨᠡᠯᠡᠯᠲᠡ ᠵᠢ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ᠂ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠲᠦᠯᠦᠪᠵᠢᠭᠦᠯᠭᠡ ᠵᠢᠨ ᠵᠥᠪᠰᠢᠶᠡᠷᠡᠯ᠎ᠢ ᠬᠢᠨᠠᠨ ᠵᠥᠪᠰᠢᠶᠡᠷᠡᠭᠰᠡᠨ ᠦᠷ᠎ᠡ ᠳ᠋ᠦ᠍ᠢ᠍ᠩ᠂ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠲᠦᠯᠦᠪᠵᠢᠭᠦᠯᠭᠡ ᠵᠢᠨ ᠲᠦᠷᠦᠯ᠎ᠤᠨ ᠵᠥᠪᠰᠢᠶᠡᠷᠡᠯ᠎ᠢ ᠬᠢᠨᠠᠨ ᠵᠥᠪᠰᠢᠶᠡᠷᠡᠭᠰᠡᠨ ᠦᠷ᠎ᠡ ᠳ᠋ᠦ᠍ᠢ᠍ᠩ᠂ ᠪᠠᠷᠢᠯᠭ᠎ᠠ ᠪᠠᠷᠢᠬᠤ ᠵᠥᠪᠰᠢᠶᠡᠷᠡᠯ (ᠠᠵᠢᠯ ᠡᠬᠢᠯᠡᠭᠦᠯᠬᠦ ᠮᠡᠳᠡᠭᠦᠯᠦᠯᠲᠡ)᠎ᠢ ᠬᠢᠨᠠᠨ ᠵᠥᠪᠰᠢᠶᠡᠷᠡᠭᠰᠡᠨ ᠦᠷ᠎ᠡ ᠳ᠋ᠦ᠍ᠢ᠍ᠩ᠂ ᠳᠠᠭ᠋ᠠᠭ᠋ᠠᠴᠢᠯᠠᠯᠲᠠ ᠵᠠᠷᠯᠠᠬᠤ ᠵᠦᠢ᠍ᠯᠡᠰ᠎ᠢ ᠬᠢᠨᠠᠨ ᠵᠥᠪᠰᠢᠶᠡᠷᠡᠵᠦ ᠬᠠᠷᠭᠤᠭᠤᠯᠤᠭᠰᠠᠨ ᠦᠷ᠎ᠡ ᠳ᠋ᠦ᠍ᠢ᠍ᠩ᠂ ᠤᠰᠤ ᠲᠠᠲᠠᠬᠤ ᠵᠥᠪᠰᠢᠶᠡᠷᠡᠯ᠂ ᠬᠦᠷᠦᠰᠦ ᠰᠢᠷᠤᠢ ᠬᠠᠮᠠᠭ᠋ᠠᠯᠠᠬᠤ ᠲᠦᠰᠦᠯ᠂ ᠦᠶᠡᠷ᠎ᠤᠨ ᠨᠦᠯᠦᠭᠡᠯᠡᠯ᠎ᠤᠨ ᠦᠨᠡᠯᠡᠯᠲᠡ ᠵᠡᠷᠭᠡ ᠤᠰᠤ᠎ᠲᠠᠢ ᠬᠤᠯᠪᠣᠭᠳᠠᠬᠤ ᠵᠦᠢ᠍ᠯᠡᠰ᠎ᠢ ᠬᠢᠨᠠᠨ ᠵᠥᠪᠰᠢᠶᠡᠷᠡᠭᠰᠡᠨ ᠦᠷ᠎ᠡ ᠳ᠋ᠦ᠍ᠢ᠍ᠩ ᠵᠡᠷᠭᠡ᠃
     3 ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠮᠡᠳᠡᠭᠡ ᠵᠠᠩᠭᠢ᠄ ᠬᠢᠷᠢ ᠭᠡᠮ᠎ᠢ ᠤᠷᠢᠳᠴᠢᠯᠠᠨ ᠬᠢᠨᠠᠭᠰᠠᠨ ᠠᠯᠪᠠᠨ ᠵᠠᠷ᠂ ᠳᠠᠭ᠋ᠠᠭ᠋ᠠᠴᠢᠯᠠᠯᠲᠠ ᠵᠠᠷᠯᠠᠬᠤ ᠠᠯᠪᠠᠨ ᠵᠠᠷ᠂ ᠳᠠᠭ᠋ᠠᠭ᠋ᠠᠴᠢᠯᠠᠯᠲᠠ᠎ᠳᠤ ᠤᠨᠤᠭᠳᠠᠬᠤ ᠵᠢᠱ᠌ᠢᠭᠳᠡᠭᠰᠡᠳ᠎ᠢ ᠨᠡᠶ᠋ᠢᠲᠡᠯᠡᠬᠦ᠂ ᠳᠠᠭ᠋ᠠᠭ᠋ᠠᠴᠢᠯᠠᠯᠲᠠ᠎ᠳᠤ ᠣᠨᠤᠭᠳᠠᠭᠰᠠᠨ ᠦᠷ᠎ᠡ ᠳ᠋ᠦ᠍ᠢ᠍ᠩ᠎ᠢ ᠨᠡᠶ᠋ᠢᠲᠡᠯᠡᠬᠦ᠂ ᠭᠡᠷ᠎ᠡ ᠲᠣᠭᠲᠠᠭᠰᠠᠨ ᠪᠠ ᠭᠦᠢ᠍ᠴᠡᠳᠭᠡᠭᠰᠡᠨ ᠪᠠᠶ᠋ᠢᠳᠠᠯ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠬᠠᠤᠯᠢ᠎ᠠᠴᠠ ᠵᠦᠷᠢᠴᠡᠭᠰᠡᠨ᠎ᠢ ᠰᠢᠳᠭᠡᠵᠤ ᠲᠣᠷᠭ᠋ᠠᠭᠰᠠᠨ ᠮᠡᠳᠡᠭᠡ ᠵᠠᠩᠭᠢ ᠵᠡᠷᠭᠡ᠃
     4 ᠭᠠᠵᠠᠷ ᠰᠢᠷᠤᠢ ᠲᠠᠲᠠᠪᠤᠷᠢᠯᠠᠬᠤ ᠮᠡᠳᠡᠭᠡ ᠵᠠᠩᠭᠢ᠄ ᠭᠠᠵᠠᠷ ᠰᠢᠷᠤᠢ ᠲᠠᠲᠠᠪᠤᠷᠢᠯᠠᠬᠤ ᠵᠢᠨ ᠮᠡᠳᠡᠭᠳᠡᠬᠦ ᠪᠢᠴᠢᠭ ᠵᠢᠴᠢ ᠭᠠᠵᠠᠷ ᠰᠢᠷᠤᠢ ᠲᠠᠲᠠᠪᠤᠷᠢᠯᠠᠬᠤ ᠵᠢ ᠮᠡᠳᠡᠭᠦᠯᠦᠨ ᠵᠥᠪᠰᠢᠶᠡᠷᠡᠭᠦᠯᠬᠦ᠎ᠠᠴᠠ ᠡᠮᠦᠨᠡᠬᠢ ᠳᠡᠰ ᠳᠠᠷᠠᠭ᠋ᠠᠯᠠᠯ᠎ᠢ ᠭᠦᠢ᠍ᠴᠡᠳᠭᠡᠬᠦ᠎ᠳᠤ ᠬᠡᠷᠡᠭᠰᠡᠬᠦ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ᠂ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠳᠤ ᠬᠡᠷᠡᠭᠯᠡᠬᠦ ᠭᠠᠵᠠᠷ᠎ᠢ ᠳᠡᠭᠡᠭᠰᠢ ᠮᠡᠳᠡᠭᠦᠯᠬᠦ ᠲᠠᠶ᠋ᠢᠯᠪᠤᠷᠢ ᠪᠢᠴᠢᠭ᠂ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠰᠢᠯᠵᠢᠭᠦᠯᠦᠨ ᠬᠡᠷᠡᠭᠯᠡᠬᠦ ᠲᠦᠰᠦᠯ᠂ ᠲᠠᠷᠢᠶᠠᠨ ᠭᠠᠵᠠᠷ᠎ᠢ ᠨᠦᠬᠦᠪᠦᠷᠢᠯᠡᠬᠦ ᠲᠦᠰᠦᠯ᠂ ᠭᠠᠵᠠᠷ ᠰᠢᠷᠤᠢ ᠲᠠᠲᠠᠪᠤᠷᠢᠯᠠᠬᠤ ᠲᠦᠰᠦᠯ᠂ ᠭᠠᠵᠠᠷ ᠰᠢᠷᠤᠢ ᠬᠠᠩᠭ᠋ᠠᠬᠤ ᠲᠦᠰᠦᠯ᠂ ᠭᠠᠵᠠᠷ ᠰᠢᠷᠤᠢ ᠲᠠᠲᠠᠪᠤᠷᠢᠯᠠᠬᠤ ᠵᠢ ᠵᠥᠪᠰᠢᠶᠡᠷᠡᠭᠰᠡᠨ᠎ᠤ ᠳᠠᠷᠠᠭ᠋ᠠᠬᠢ ᠬᠡᠷᠡᠭᠵᠢᠭᠦᠯᠬᠦ ᠶᠠᠪᠤᠴᠠ᠎ᠳᠠᠬᠢ ᠭᠠᠵᠠᠷ ᠰᠢᠷᠤᠢ ᠲᠠᠲᠠᠪᠤᠷᠢᠯᠠᠬᠤ ᠠᠯᠪᠠᠨ ᠵᠠᠷ᠂ ᠲᠠᠲᠠᠪᠤᠷᠢᠯᠠᠭᠰᠠᠨ ᠭᠠᠵᠠᠷ ᠰᠢᠷᠤᠢ ᠵᠢ ᠨᠦᠬᠦᠪᠦᠷᠢᠯᠡᠵᠦ ᠲᠦᠪᠬᠢᠨᠡᠭᠦᠯᠬᠦ ᠲᠦᠰᠦᠯ᠎ᠤᠨ ᠠᠯᠪᠠᠨ ᠵᠠᠷ ᠵᠡᠷᠭᠡ᠃
     5 ᠴᠢᠬᠤᠯᠠ ᠶᠡᠭᠡ ᠵᠢᠷᠤᠭ ᠲᠦᠯᠦᠪᠯᠡᠭᠡ ᠵᠢ ᠬᠤᠪᠢᠷᠠᠭᠤᠯᠬᠤ ᠮᠡᠳᠡᠭᠡ ᠵᠠᠩᠭᠢ᠄ ᠲᠦᠷᠦᠯ ᠵᠦᠢ᠍ᠯ᠎ᠤᠨ ᠵᠢᠷᠤᠭ ᠲᠦᠯᠦᠪᠯᠡᠭᠡ ᠵᠢ ᠬᠤᠪᠢᠷᠠᠭᠤᠯᠬᠤ ᠰᠢᠯᠲᠠᠭ᠋ᠠᠨ᠂ ᠭᠤᠣᠯ ᠬᠤᠪᠢᠷᠠᠭᠤᠯᠬᠤ ᠠᠭᠤᠯᠭ᠎ᠠ᠂ ᠬᠤᠪᠢᠷᠠᠭᠤᠯᠬᠤ ᠦᠨᠳᠦᠰᠦᠯᠡᠯ᠂ ᠵᠥᠪᠰᠢᠶᠡᠷᠡᠬᠦ ᠨᠢᠭᠡᠴᠡ᠂ ᠬᠤᠪᠢᠷᠠᠭᠤᠯᠤᠭᠰᠠᠨ ᠦᠷ᠎ᠡ ᠳ᠋ᠦ᠍ᠢ᠍ᠩ ᠵᠡᠷᠭᠡ᠃
     6 ᠪᠠᠷᠢᠯᠭ᠎ᠠ ᠪᠠᠷᠢᠬᠤ ᠬᠤᠯᠪᠣᠭᠳᠠᠯ ᠪᠦᠬᠦᠢ ᠮᠡᠳᠡᠭᠡ ᠵᠠᠩᠭᠢ᠄ ᠲᠦᠷᠦᠯ ᠵᠦᠢ᠍ᠯ᠎ᠤᠨ ᠬᠠᠤᠯᠢ ᠵᠢᠨ ᠡᠷᠬᠡᠲᠡᠨ ᠨᠢᠭᠡᠴᠡ ᠵᠢᠴᠢ ᠲᠡᠳᠡᠭᠡᠷ᠎ᠤᠨ ᠭᠤᠣᠯ ᠬᠠᠷᠢᠭᠤᠴᠠᠯᠭ᠋ᠠᠲᠠᠨ᠎ᠤ ᠮᠡᠳᠡᠭᠡ ᠵᠠᠩᠭᠢ᠂ ᠵᠢᠷᠤᠵᠤ ᠲᠦᠯᠦᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠨᠢᠭᠡᠴᠡ ᠵᠢᠴᠢ ᠲᠡᠳᠡᠭᠡᠷ᠎ᠤᠨ ᠭᠤᠣᠯ ᠬᠠᠷᠢᠭᠤᠴᠠᠯᠭ᠋ᠠᠲᠠᠨ᠂ ᠲᠦᠷᠦᠯ ᠵᠦᠢ᠍ᠯ᠎ᠤᠨ ᠬᠠᠷᠢᠭᠤᠴᠠᠯᠭ᠋ᠠᠲᠠᠨ᠎ᠤ ᠮᠡᠳᠡᠭᠡ ᠵᠠᠩᠭᠢ᠂ ᠬᠢᠷᠢ ᠭᠡᠮ᠎ᠤᠨ ᠪᠠᠶ᠋ᠢᠳᠠᠯ᠂ ᠪᠠᠷᠢᠯᠭ᠎ᠠ ᠪᠠᠷᠢᠬᠤ ᠨᠢᠭᠡᠴᠡ ᠵᠢᠨ ᠲᠦᠷᠦᠯ ᠵᠦᠢ᠍ᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠲᠣᠬᠢᠷᠠᠭᠤᠯᠤᠯᠲᠠ᠂ ᠠᠵᠢᠯ᠎ᠤᠨ ᠡᠭᠦᠷᠭᠡ ᠬᠠᠷᠢᠭᠤᠴᠠᠯᠭ᠎ᠠ᠂ ᠭᠤᠣᠯ ᠬᠠᠮᠢᠶᠠᠷᠤᠯᠲᠠ ᠵᠢᠨ ᠳᠦᠷᠢᠮ᠂ ᠪᠠᠷᠢᠯᠭ᠎ᠠ ᠪᠠᠷᠢᠬᠤ ᠬᠤᠭᠤᠴᠠᠭ᠋ᠠᠨ᠎ᠳᠠᠬᠢ ᠣᠷᠴᠢᠨ ᠲᠣᠭᠤᠷᠢᠨ᠎ᠢ ᠬᠠᠮᠠᠭ᠋ᠠᠯᠠᠬᠤ ᠠᠷᠭ᠎ᠠ ᠬᠡᠮᠵᠢᠶ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠵᠡᠷᠭᠡ᠃
     7 ᠶᠠᠰᠤ ᠴᠢᠨᠠᠷ᠎ᠤᠨ ᠠᠮᠦᠷ ᠲᠥᠪᠰᠢᠨ᠎ᠳᠤ ᠬᠢᠨᠠᠯᠲᠠ ᠲᠠᠯᠪᠢᠬᠤ ᠮᠡᠳᠡᠭᠡ ᠵᠠᠩᠭᠢ᠄ ᠶᠠᠰᠤ ᠴᠢᠨᠠᠷ᠎ᠤᠨ ᠠᠮᠦᠷ ᠲᠥᠪᠰᠢᠨ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ ᠵᠢᠴᠢ ᠲᠡᠳᠡᠨ᠎ᠤ ᠬᠠᠷᠢᠯᠴᠠᠬᠤ ᠠᠷᠭ᠎ᠠ ᠮᠠᠶᠢᠭ᠂ ᠶᠠᠰᠤ ᠴᠢᠨᠠᠷ᠎ᠤᠨ ᠠᠮᠦᠷ ᠲᠥᠪᠰᠢᠨ᠎ᠤ ᠵᠠᠰᠠᠭ ᠵᠠᠬᠢᠷᠭ᠋ᠠᠨ᠎ᠤ ᠰᠢᠳᠭᠡᠯ ᠲᠣᠷᠭ᠋ᠠᠭᠤᠯᠢ ᠵᠢᠨ ᠪᠠᠶ᠋ᠢᠳᠠᠯ ᠵᠡᠷᠭᠡ᠃
     8 ᠪᠠᠷᠢᠯᠭ᠎ᠠ ᠳᠠᠭᠤᠰᠤᠭᠰᠠᠨ ᠬᠤᠯᠪᠣᠭᠳᠠᠯ ᠪᠦᠬᠦᠢ ᠮᠡᠳᠡᠭᠡ ᠵᠠᠩᠭᠢ᠄ ᠪᠠᠷᠢᠯᠭ᠎ᠠ ᠳᠠᠭᠤᠰᠬᠤ᠎ᠳᠤ ᠰᠢᠯᠭ᠋ᠠᠵᠤ ᠬᠤᠷᠢᠶᠠᠨ ᠠᠪᠬᠤ ᠴᠠᠭ᠂ ᠪᠠᠷᠢᠯᠭ᠎ᠠ ᠵᠢᠨ ᠶᠠᠰᠤ ᠴᠢᠨᠠᠷ᠎ᠢ ᠰᠢᠯᠭ᠋ᠠᠵᠤ ᠬᠤᠷᠢᠶᠠᠨ ᠠᠪᠤᠭᠰᠠᠨ ᠦᠷ᠎ᠡ ᠳ᠋ᠦ᠍ᠢ᠍ᠩ᠂ ᠪᠠᠷᠢᠯᠭ᠎ᠠ ᠳᠠᠭᠤᠰᠬᠤ᠎ᠳᠤ ᠰᠢᠯᠭ᠋ᠠᠵᠤ ᠬᠤᠷᠢᠶᠠᠨ ᠠᠪᠴᠤ ᠪᠦᠷᠢᠳᠭᠡᠨ ᠳᠠᠩᠰᠠᠯᠠᠭᠰᠠᠨ ᠴᠠᠭ᠂ ᠪᠦᠷᠢᠳᠭᠡᠨ ᠳᠠᠩᠰᠠᠯᠠᠭᠰᠠᠨ ᠳ᠋ᠤᠭ᠋ᠠᠷ᠂ ᠪᠦᠷᠢᠳᠭᠡᠨ ᠳᠠᠩᠰᠠᠯᠠᠭᠰᠠᠨ ᠰᠠᠯᠠᠭ᠎ᠠ ᠮᠦᠴᠢᠷ᠂ ᠲᠤᠰᠢᠶᠠᠵᠤ ᠬᠡᠷᠡᠭᠯᠡᠭᠦᠯᠬᠦ ᠴᠠᠭ᠂ ᠪᠠᠷᠢᠯᠭ᠎ᠠ ᠳᠠᠭᠤᠰᠬᠤ᠎ᠳᠤ ᠲᠠᠰᠤᠯᠤᠨ ᠪᠤᠳᠤᠵᠤ ᠬᠢᠨᠠᠨ ᠪᠤᠳᠤᠬᠤ ᠨᠢᠭᠡᠴᠡ᠂ ᠬᠢᠨᠠᠨ ᠪᠤᠳᠤᠭᠰᠠᠨ ᠳ᠋ᠦ᠍ᠢ᠍ᠩᠨᠡᠯᠲᠡ᠂ ᠡᠳ᠋᠎ᠤᠨ ᠶᠠᠪᠤᠳᠠᠯ᠎ᠠᠴᠠ ᠲᠠᠰᠤᠯᠤᠨ ᠪᠤᠳᠤᠭᠰᠠᠨ ᠵᠤᠭᠤᠰᠤᠨ᠎ᠤ ᠲᠤᠭ᠎ᠠ ᠵᠡᠷᠭᠡ᠃
      ᠡᠯ᠎ᠡ ᠮᠤᠵᠢ (ᠣᠷᠣᠨ᠂ ᠬᠤᠲᠠ) ᠵᠢᠨ ᠵᠠᠰᠠᠭ᠎ᠤᠨ ᠣᠷᠳᠣᠨ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠦᠴᠢᠷ᠎ᠤᠳ ᠳᠡᠭᠡᠷᠡᠬᠢ ᠠᠭᠤᠯᠭ᠎ᠠ᠎ᠪᠠᠷ ᠯᠠᠪᠯᠠᠯᠲᠠ ᠪᠣᠯᠭ᠋ᠠᠵᠤ᠂ ᠨᠡᠶ᠋ᠢᠭᠡᠮ᠎ᠤᠨ᠎ᠬᠢᠨ᠎ᠤ ᠬᠠᠯᠠᠮᠵᠢᠯᠠᠨ ᠠᠩᠬᠠᠷᠴᠤ ᠪᠠᠶ᠋ᠢᠬᠤ ᠬᠡᠮᠵᠢᠶ᠎ᠡ᠎ᠪᠠᠷ ᠶᠡᠬᠡ᠂ ᠣᠯᠠᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠ᠎ᠲᠠᠢ ᠨᠢᠭᠲᠠ ᠬᠤᠯᠪᠣᠭᠳᠠᠬᠤ ᠬᠠᠮᠢᠶ᠎ᠠ ᠪᠦᠬᠦᠢ ᠲᠦᠷᠦᠯ ᠵᠦᠢ᠍ᠯ᠎ᠳᠤ ᠠᠩᠬᠠᠷᠤᠯ ᠵᠶ᠋ᠠᠨ ᠲᠦᠪᠯᠡᠷᠡᠭᠦᠯᠵᠦ᠂ ᠲᠤᠰ ᠭᠠᠵᠠᠷ ᠣᠷᠣᠨ᠂ ᠲᠤᠰ ᠰᠠᠯᠠᠭ᠎ᠠ ᠮᠦᠴᠢᠷ᠎ᠤᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ᠎ᠳᠠᠬᠢ ᠮᠡᠳᠡᠭᠡ ᠵᠠᠩᠭᠢ ᠵᠢ ᠢᠯᠡ ᠪᠣᠯᠭ᠋ᠠᠬᠤ ᠭᠤᠣᠯᠳᠠᠯᠭ᠎ᠠ᠎ᠪᠠᠨ ᠲᠤᠰ ᠲᠤᠰ᠎ᠲᠤᠨᠢ ᠲᠣᠭᠲᠠᠭ᠋ᠠᠵᠤ᠂ ᠢᠯᠡ ᠪᠣᠯᠭ᠋ᠠᠬᠤ ᠵᠦᠢ᠍ᠯᠡᠰ᠂ ᠠᠭᠤᠯᠭ᠎ᠠ᠂ ᠴᠠᠬ ᠬᠤᠭᠤᠴᠠᠭ᠎ᠠ᠂ ᠠᠷᠭ᠎ᠠ ᠮᠠᠶᠢᠭ᠂ ᠬᠠᠷᠢᠭᠤᠴᠠᠬᠤ ᠭᠤᠣᠯ ᠴᠤᠭᠴᠠ᠂ ᠬᠢᠨᠠᠯᠲᠠ ᠲᠠᠯᠪᠢᠬᠤ ᠠᠷᠭ᠎ᠠ ᠵᠠᠮ ᠵᠡᠷᠭᠡ ᠵᠢ ᠤᠯᠠᠮ ᠨᠢᠭᠡ ᠠᠯᠬᠤᠮ ᠨᠠᠷᠢᠯᠢᠬ᠍ᠵᠢᠭᠤᠯᠵᠤ᠂ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠦᠨᠳᠦᠰᠦᠨ ᠭᠠᠷᠴᠠᠭ᠎ᠲᠤ ᠣᠷᠤᠭᠤᠯᠤᠨ᠂ ᠢᠯᠡ ᠪᠣᠯᠭ᠋ᠠᠬᠤ ᠡᠷᠴᠢᠮ ᠵᠶ᠋ᠠᠨ ᠲᠠᠰᠤᠷᠠᠯᠲᠠ ᠦᠭᠡᠢ ᠴᠢᠩᠭ᠋ᠠᠷᠠᠭᠤᠯᠬᠤ ᠬᠡᠷᠡᠭᠲᠡᠢ᠃
     (ᠬᠤᠶᠠᠷ) ᠢᠯᠡ ᠪᠣᠯᠭ᠋ᠠᠬᠤ ᠭᠤᠣᠯ ᠴᠤᠭᠴᠠ ᠵᠢ ᠲᠤᠳᠤᠷᠬᠠᠶ᠋ᠢᠯᠠᠨ᠎ᠠ᠃
      ᠡᠯ᠎ᠡ ᠱᠠᠲᠤᠨ᠎ᠤ ᠵᠠᠰᠠᠭ᠎ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ᠎ᠨᠢ ᠢᠯᠡ ᠪᠣᠯᠭ᠋ᠠᠬᠤ ᠵᠢ ᠬᠡᠪ᠎ᠤᠨ ᠪᠠᠶ᠋ᠢᠳᠠᠯ ᠵᠶ᠋ᠠᠷ ᠦᠵᠡᠵᠦ᠂ ᠢᠯᠡ ᠪᠣᠯᠭ᠋ᠠᠬᠤ ᠦᠭᠡᠢ ᠵᠢ ᠣᠨᠴᠤᠭᠤᠢ ᠪᠠᠶ᠋ᠢᠳᠠᠯ ᠵᠶ᠋ᠠᠷ ᠦᠵᠡᠬᠦ ᠵᠢ ᠪᠠᠷᠢᠮᠲᠠᠯᠠᠵᠤ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠳᠦᠷᠢᠮ》᠎ᠤᠨ ᠬᠤᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠡᠵᠦ᠂ ᠪᠢᠴᠢᠵᠦ ᠵᠣᠬᠢᠶᠠᠭᠰᠠᠨ ᠪᠤᠶᠤ ᠬᠠᠳᠠᠭ᠋ᠠᠯᠠᠭᠰᠠᠨ ᠲᠦᠷᠦᠯ ᠵᠦᠢ᠍ᠯ᠎ᠤᠨ ᠮᠡᠳᠡᠭᠡ ᠵᠠᠩᠭᠢ᠎ᠪᠠᠨ ᠢᠯᠡ ᠪᠣᠯᠭ᠋ᠠᠨ᠎ᠠ᠃ ᠨᠢᠭᠤᠴᠠ ᠵᠢ ᠬᠠᠮᠠᠭ᠋ᠠᠯᠠᠬᠤ ᠵᠢᠨ ᠬᠢᠨᠠᠨ ᠪᠠᠶ᠋ᠢᠴᠠᠭ᠋ᠠᠬᠤ ᠳᠡᠰ ᠳᠠᠷᠠᠭ᠋ᠠᠯᠠᠯ᠎ᠢ ᠴᠢᠩᠭ᠎ᠠ ᠭᠦᠢ᠍ᠴᠡᠳᠭᠡᠵᠦ᠂ ᠢᠯᠡ ᠪᠣᠯᠭ᠋ᠠᠪᠠᠰᠤ ᠵᠣᠬᠢᠬᠤ ᠮᠡᠳᠡᠭᠡ ᠵᠠᠩᠭᠢ ᠵᠢ ᠡᠷᠡᠰ ᠢᠯᠡ ᠪᠣᠯᠭ᠋ᠠᠵᠤ᠂ ᠬᠠᠮᠠᠭ᠋ᠠᠯᠠᠪᠠᠰᠤ ᠵᠣᠬᠢᠬᠤ ᠤᠯᠤᠰ᠎ᠤᠨ ᠨᠢᠭᠤᠴᠠ ᠵᠢ ᠡᠷᠡᠰ ᠬᠠᠮᠠᠭ᠋ᠠᠯᠠᠬᠤ ᠬᠡᠷᠡᠭᠲᠡᠢ᠃ ᠵᠥᠪᠰᠢᠶᠡᠷᠡᠬᠦ ᠦᠢ᠍ᠯᠡᠴᠢᠯᠡᠭᠡ ᠵᠢᠨ ᠮᠡᠳᠡᠭᠡ ᠵᠠᠩᠭᠢ᠂ ᠵᠥᠪᠰᠢᠶᠡᠷᠡᠭᠰᠡᠨ ᠦᠷ᠎ᠡ ᠳ᠋ᠦ᠍ᠢ᠍ᠩ᠎ᠤᠨ ᠮᠡᠳᠡᠭᠡ ᠵᠠᠩᠭᠢ ᠵᠢ ᠴᠢᠬᠤᠯᠠ ᠶᠡᠭᠡ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ ᠪᠣᠯᠣᠨ ᠬᠤᠯᠪᠣᠭᠳᠠᠯ ᠪᠦᠬᠦᠢ ᠴᠢᠬᠤᠯᠠ ᠮᠠᠲ᠋ᠧᠷᠢᠶᠠᠯ᠎ᠢ ᠵᠥᠪᠰᠢᠶᠡᠷᠡᠵᠦ ᠭᠦᠢ᠍ᠴᠡᠳᠭᠡᠬᠦ ᠡᠯ᠎ᠡ ᠱᠠᠲᠤᠨ᠎ᠤ ᠵᠠᠰᠠᠭ᠎ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ᠎ᠠᠴᠠ ᠲᠤᠰ ᠲᠤᠰ ᠬᠠᠷᠢᠭᠤᠴᠠᠨ ᠢᠯᠡ ᠪᠣᠯᠭ᠋ᠠᠵᠤ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠮᠡᠳᠡᠭᠡ ᠵᠠᠩᠭᠢ ᠵᠢ ᠳᠠᠭ᠋ᠠᠭ᠋ᠠᠴᠢᠯᠠᠯᠲᠠ ᠵᠠᠷᠯᠠᠭᠰᠠᠨ ᠬᠦᠮᠦᠨ ᠪᠤᠶᠤ ᠬᠤᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠯᠲᠠ ᠵᠢᠨ ᠰᠠᠯᠠᠭ᠎ᠠ ᠮᠦᠴᠢᠷ᠎ᠠᠴᠠ ᠬᠠᠤᠯᠢ ᠶᠤᠰᠤᠭ᠋ᠠᠷ ᠢᠯᠡ ᠪᠣᠯᠭ᠋ᠠᠨ᠂ ᠭᠠᠵᠠᠷ ᠰᠢᠷᠤᠢ ᠲᠠᠲᠠᠪᠤᠷᠢᠯᠠᠬᠤ ᠮᠡᠳᠡᠭᠡ ᠵᠠᠩᠭᠢ ᠵᠢ ᠬᠠᠷᠢᠶᠠᠯᠠᠭᠳᠠᠬᠤ ᠣᠷᠣᠨ᠎ᠤ ᠵᠠᠰᠠᠭ᠎ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ᠎ᠠᠴᠠ ᠬᠠᠷᠢᠭᠤᠴᠠᠵᠤ ᠢᠯᠡ ᠪᠣᠯᠭ᠋ᠠᠨ᠂ ᠴᠢᠬᠤᠯᠠ ᠶᠡᠭᠡ ᠵᠢᠷᠤᠭ ᠲᠦᠯᠦᠪᠯᠡᠭᠡ ᠵᠢ ᠬᠤᠪᠢᠷᠠᠭᠤᠯᠬᠤ ᠮᠡᠳᠡᠭᠡ ᠵᠠᠩᠭᠢ ᠵᠢ ᠵᠥᠪᠰᠢᠶᠡᠷᠡᠭᠰᠡᠨ ᠨᠢᠭᠡᠴᠡ᠎ᠠᠴᠠ ᠬᠠᠷᠢᠭᠤᠴᠠᠨ ᠢᠯᠡ ᠪᠣᠯᠭ᠋ᠠᠵᠤ᠂ ᠪᠠᠷᠢᠯᠭ᠎ᠠ ᠪᠠᠷᠢᠬᠤ ᠬᠤᠯᠪᠣᠭᠳᠠᠯ ᠪᠦᠬᠦᠢ ᠮᠡᠳᠡᠭᠡ ᠵᠠᠩᠭᠢ᠂ ᠶᠠᠰᠤ ᠴᠢᠨᠠᠷ᠎ᠤᠨ ᠠᠮᠦᠷ ᠲᠥᠪᠰᠢᠨ᠎ᠳᠤ ᠬᠢᠨᠠᠯᠲᠠ ᠲᠠᠯᠪᠢᠬᠤ ᠮᠡᠳᠡᠭᠡ ᠵᠠᠩᠭᠢ᠂ ᠪᠠᠷᠢᠯᠭ᠎ᠠ ᠳᠠᠭᠤᠰᠤᠭᠰᠠᠨ ᠬᠤᠯᠪᠣᠭᠳᠠᠯ ᠪᠦᠬᠦᠢ ᠮᠡᠳᠡᠭᠡ ᠵᠠᠩᠭᠢ ᠵᠢ ᠪᠢᠴᠢᠵᠦ ᠵᠣᠬᠢᠶᠠᠭᠰᠠᠨ ᠪᠤᠶᠤ ᠬᠠᠳᠠᠭ᠋ᠠᠯᠠᠭᠰᠠᠨ ᠰᠠᠯᠠᠭ᠎ᠠ ᠮᠦᠴᠢᠷ᠎ᠠᠴᠠ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠤᠰᠤᠭ᠋ᠠᠷ ᠲᠤᠰ ᠲᠤᠰ ᠬᠠᠷᠢᠭᠤᠴᠠᠵᠤ ᠢᠯᠡ ᠪᠣᠯᠭ᠋ᠠᠨ᠎ᠠ᠃
     (ᠭᠤᠷᠪᠠ) ᠢᠯᠡ ᠪᠣᠯᠭ᠋ᠠᠬᠤ ᠠᠷᠭ᠎ᠠ ᠵᠠᠮ᠎ᠢ ᠦᠷᠭᠡᠵᠢᠭᠦᠯᠦᠨ᠎ᠡ᠃
      ᠡᠯ᠎ᠡ ᠱᠠᠲᠤᠨ᠎ᠤ ᠵᠠᠰᠠᠭ᠎ᠤᠨ ᠣᠷᠳᠣᠨ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ᠎ᠨᠢ ᠵᠠᠰᠠᠭ᠎ᠤᠨ ᠣᠷᠳᠣᠨ᠎ᠤ ᠠᠯᠪᠠᠨ ᠮᠡᠳᠡᠭᠡ᠂ ᠵᠠᠰᠠᠭ᠎ᠤᠨ ᠣᠷᠳᠣᠨ᠎ᠤ ᠰᠦᠯᠵᠢᠶ᠎ᠡ᠂ ᠰᠢᠨ᠎ᠡ ᠵᠠᠭᠤᠴᠢᠯᠠᠭᠤᠷ᠎ᠤᠨ ᠲᠡᠪᠴᠡᠩ᠂ ᠰᠣᠨᠢᠨ ᠮᠡᠳᠡᠭᠡ ᠨᠡᠶ᠋ᠢᠲᠡᠯᠡᠬᠦ ᠬᠤᠷᠠᠯ ᠵᠡᠷᠭᠡ᠎ᠪᠠᠷ ᠳᠠᠮᠵᠢᠭᠤᠯᠵᠤ ᠡᠯ᠎ᠡ ᠲᠦᠷᠦᠯ ᠵᠦᠢ᠍ᠯ᠎ᠤᠨ ᠮᠡᠳᠡᠭᠡ ᠵᠠᠩᠭᠢ ᠵᠢ ᠴᠠᠭ ᠲᠣᠬᠠᠢ᠎ᠳᠤᠨᠢ ᠢᠯᠡ ᠪᠣᠯᠭ᠋ᠠᠬᠤ ᠵᠢᠨ ᠬᠠᠮᠲᠤ᠂ ᠣᠯᠠᠨ ᠨᠡᠶ᠋ᠢᠲᠡ ᠵᠢᠨ ᠠᠩᠬᠠᠷᠴᠤ ᠪᠠᠶ᠋ᠢᠭ᠎ᠠ ᠵᠦᠢ᠍ᠯᠡᠰ᠎ᠲᠤ ᠴᠠᠭ ᠲᠣᠬᠠᠢ᠎ᠳᠤᠨᠢ ᠬᠠᠷᠢᠭᠤ ᠲᠤᠰᠬᠠᠨ᠎ᠠ᠃ ᠪᠦᠬᠦ ᠤᠯᠤᠰ᠎ᠤᠨ ᠪᠡᠯᠡ ᠣᠷᠤᠭᠤᠯᠤᠯᠲᠠ ᠵᠢᠨ ᠲᠦᠷᠦᠯ ᠵᠦᠢ᠍ᠯ᠎ᠢ ᠰᠦᠯᠵᠢᠶ᠎ᠡ᠎ᠪᠠᠷ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠲᠡᠪᠴᠡᠩ᠂ ᠪᠦᠬᠦ ᠤᠯᠤᠰ᠎ᠤᠨ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠡᠪᠴᠡᠩ᠂ 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ ᠵᠡᠷᠭᠡ ᠵᠢ ᠭᠦᠢ᠍ᠴᠡᠳ ᠠᠰᠢᠭᠯᠠᠵᠤ᠂ ᠴᠢᠬᠤᠯᠠ ᠶᠡᠭᠡ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶᠡᠨ᠎ᠳᠠᠬᠢ ᠮᠡᠳᠡᠭᠡ ᠵᠠᠩᠭᠢ ᠵᠢ ᠬᠠᠮᠲᠤᠪᠠᠷ ᠬᠦᠷᠲᠡᠬᠦ ᠪᠠ ᠢᠯᠡ ᠪᠣᠯᠭ᠋ᠠᠬᠤ ᠵᠢ ᠠᠬᠢᠭᠤᠯᠤᠨ᠎ᠠ᠃ ᠴᠢᠬᠤᠯᠠ ᠶᠡᠭᠡ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠵᠥᠪᠰᠢᠶᠡᠷᠡᠬᠦ ᠪᠠ ᠬᠡᠷᠡᠭᠵᠢᠭᠦᠯᠬᠦ ᠶᠠᠪᠤᠴᠠ᠎ᠳᠤ ᠪᠣᠢ ᠪᠣᠯᠣᠭᠰᠠᠨ ᠢᠲᠡᠭᠡᠮᠵᠢ ᠵᠢᠨ ᠮᠡᠳᠡᠭᠡ ᠵᠠᠩᠭᠢ ᠵᠢ ᠪᠦᠬᠦ ᠤᠯᠤᠰ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠲᠤᠪᠠᠷ ᠬᠦᠷᠲᠡᠬᠦ ᠲᠡᠪᠴᠡᠩ᠎ᠳᠤ ᠣᠷᠤᠭᠤᠯᠬᠤ ᠵᠢ ᠠᠬᠢᠭᠤᠯᠵᠤ᠂ ᠨᠡᠶ᠋ᠢᠭᠡᠮ᠎ᠳᠤ ᠢᠯᠡ ᠪᠣᠯᠭ᠋ᠠᠵᠤ ᠪᠣᠯᠬᠤ ᠵᠢ᠎ᠨᠢ ᠡᠯ᠎ᠡ ᠭᠠᠵᠠᠷ ᠣᠷᠣᠨ᠎ᠤ ᠢᠲᠡᠭᠡᠮᠵᠢ ᠵᠢᠨ ᠰᠦᠯᠵᠢᠶ᠎ᠡ ᠪᠠ 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ᠎ᠪᠠᠷ ᠬᠠᠤᠯᠢ ᠲᠣᠭᠲᠠᠭ᠋ᠠᠯ ᠶᠤᠰᠤᠭ᠋ᠠᠷ ᠢᠯᠡ ᠪᠣᠯᠭ᠋ᠠᠨ᠎ᠠ᠃ ᠭᠤᠶᠤᠴᠢᠯᠠᠯ ᠵᠶ᠋ᠠᠷ ᠢᠯᠡ ᠪᠣᠯᠭ᠋ᠠᠬᠤ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠵᠦ᠂ ᠬᠠᠮᠢᠶ᠎ᠠ ᠪᠦᠬᠦᠢ ᠠᠵᠢᠯ᠎ᠢ ᠡᠮᠬᠢ ᠵᠢᠷᠤᠮ᠎ᠲᠠᠢ ᠦᠷᠨᠢᠭᠦᠯᠬᠦ ᠵᠢ ᠦᠨᠡᠨᠬᠦ ᠪᠠᠲᠤᠯᠠᠬᠤ ᠬᠡᠷᠡᠭᠲᠡᠢ᠃ ᠲᠦᠷᠦᠯ ᠵᠦᠢ᠍ᠯ᠎ᠤᠨ ᠬᠠᠤᠯᠢ ᠵᠢᠨ ᠡᠷᠬᠡᠲᠡᠨ ᠨᠢᠭᠡᠴᠡ᠎ᠨᠢ ᠲᠣᠬᠠᠢ ᠵᠢᠨ ᠲᠠᠯᠠᠪᠤᠷ᠎ᠲᠤᠨᠢ ᠢᠯᠡ ᠪᠣᠯᠭ᠋ᠠᠬᠤ᠂ ᠰᠦᠯᠵᠢᠶᠡᠨ ᠳᠡᠭᠡᠷ᠎ᠡ ᠵᠠᠷᠯᠠᠬᠤ ᠵᠡᠷᠭᠡ ᠣᠯᠠᠨ ᠵᠦᠢ᠍ᠯ᠎ᠤᠨ ᠠᠷᠭ᠎ᠠ ᠵᠠᠮ᠎ᠢ ᠠᠰᠢᠭᠯᠠᠨ ᠲᠦᠷᠦᠯ ᠵᠦᠢ᠍ᠯ᠎ᠤᠨ ᠮᠡᠳᠡᠭᠡ ᠵᠠᠩᠭᠢ ᠵᠢ ᠢᠯᠡ ᠪᠣᠯᠭ᠋ᠠᠵᠤ᠂ ᠨᠡᠶ᠋ᠢᠲᠡ ᠣᠯᠠᠨ᠎ᠤ ᠬᠠᠶ᠋ᠢᠨ ᠯᠠᠪᠯᠠᠬᠤ ᠪᠠ ᠨᠡᠶ᠋ᠢᠭᠡᠮ᠎ᠤᠨ᠎ᠬᠢᠨ᠎ᠤ ᠬᠢᠨᠠᠯᠲᠠ ᠲᠠᠯᠪᠢᠬᠤ᠎ᠳᠤ ᠳᠦᠭᠦᠮ ᠦᠵᠡᠭᠦᠯᠦᠨ᠎ᠡ᠃
     (ᠳᠥᠷᠪᠡ) ᠢᠯᠡ ᠪᠣᠯᠭ᠋ᠠᠬᠤ ᠬᠦᠴᠦᠨ ᠲᠡᠭᠦᠯᠳᠡᠷ ᠬᠤᠭᠤᠴᠠᠭ᠎ᠠ ᠵᠢ ᠴᠢᠩᠭ᠋ᠠᠷᠠᠭᠤᠯᠤᠨ᠎ᠠ᠃
      ᠴᠢᠬᠤᠯᠠ ᠶᠡᠭᠡ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠵᠥᠪᠰᠢᠶᠡᠷᠡᠬᠦ ᠪᠠ ᠬᠡᠷᠡᠭᠵᠢᠭᠦᠯᠬᠦ ᠶᠠᠪᠤᠴᠠ᠎ᠳᠤ ᠪᠣᠢ ᠪᠣᠯᠣᠭᠰᠠᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ᠎ᠪᠠᠷ ᠲᠣᠭᠲᠠᠭ᠋ᠠᠭᠰᠠᠨ ᠪᠣᠯ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠳᠦᠷᠢᠮ》᠎ᠤᠨ ᠲᠣᠭᠲᠠᠭ᠋ᠠᠯ᠎ᠢ ᠴᠢᠩᠭ᠎ᠠ ᠵᠢᠷᠤᠮᠯᠡᠵᠦ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠪᠣᠢ ᠪᠣᠯᠣᠭᠰᠠᠨ ᠪᠤᠶᠤ ᠬᠤᠪᠢᠷᠠᠭᠤᠯᠤᠭᠰᠠᠨ ᠡᠳᠦᠷ᠎ᠠᠴᠠ ᠡᠬᠢᠯᠡᠵᠦ 20 ᠠᠵᠢᠯ᠎ᠤᠨ ᠡᠳᠦᠷ ᠳᠤᠲᠤᠷ᠎ᠠ ᠢᠯᠡ ᠪᠣᠯᠭ᠋ᠠᠬᠤ ᠬᠡᠷᠡᠭᠲᠡᠢ; ᠭᠤᠶᠤᠴᠢᠯᠠᠯ ᠵᠶ᠋ᠠᠷ ᠢᠯᠡ ᠪᠣᠯᠭ᠋ᠠᠬᠤ᠎ᠪᠠᠷ ᠲᠣᠭᠲᠠᠭ᠋ᠠᠭᠰᠠᠨ ᠪᠣᠯ᠂ ᠬᠠᠤᠯᠢ᠎ᠪᠠᠷ ᠲᠣᠭᠲᠠᠭ᠋ᠠᠭᠰᠠᠨ ᠴᠠᠭ ᠬᠤᠭᠤᠴᠠᠭ᠎ᠠ ᠵᠢ ᠴᠢᠩᠭ᠎ᠠ ᠵᠢᠷᠤᠮᠯᠡᠨ ᠭᠤᠶᠤᠴᠢᠯᠠᠭᠴᠢ᠎ᠳᠤ ᠬᠠᠷᠢᠭᠤᠯᠲᠠ ᠥᠭᠬᠦ ᠬᠡᠷᠡᠭᠲᠡᠢ; ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ᠎ᠠᠴᠠ ᠪᠤᠰᠤᠳ᠂ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠵᠠᠰᠠᠭ ᠵᠠᠬᠢᠷᠭ᠋ᠠᠨ᠎ᠤ ᠰᠢᠳᠭᠡᠯ ᠲᠣᠷᠭ᠋ᠠᠭᠤᠯᠢ ᠵᠢᠨ ᠵᠦᠢ᠍ᠯᠡᠰ᠎ᠢ ᠵᠠᠰᠠᠭ ᠵᠠᠬᠢᠷᠭ᠋ᠠᠨ᠎ᠤ ᠲᠣᠭᠲᠠᠭ᠋ᠠᠯ ᠭᠠᠷᠭ᠋ᠠᠭᠰᠠᠨ ᠡᠳᠦᠷ᠎ᠠᠴᠠ ᠡᠬᠢᠯᠡᠵᠦ 7 ᠠᠵᠢᠯ᠎ᠤᠨ ᠡᠳᠦᠷ ᠳᠤᠲᠤᠷ᠎ᠠ ᠰᠦᠯᠵᠢᠶᠡᠨ ᠳᠡᠭᠡᠷ᠎ᠡ ᠢᠯᠡ ᠪᠣᠯᠭ᠋ᠠᠬᠤ ᠬᠡᠷᠡᠭᠲᠡᠢ᠃ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ᠎ᠳᠤ ᠲᠦᠷᠦᠯ ᠵᠦᠢ᠍ᠯ᠎ᠤᠨ ᠬᠠᠤᠯᠢ ᠵᠢᠨ ᠡᠷᠬᠡᠲᠡᠨ ᠨᠢᠭᠡᠴᠡ ᠵᠢᠨ ᠲᠦᠷᠦᠯ ᠵᠦᠢ᠍ᠯ᠎ᠤᠨ ᠮᠡᠳᠡᠭᠡ ᠵᠠᠩᠭᠢ ᠵᠢ ᠢᠯᠠ ᠪᠣᠯᠭ᠋ᠠᠬᠤ᠎ᠳᠤ ᠲᠤᠳᠤᠷᠬᠠᠢ ᠲᠣᠭᠲᠠᠭ᠋ᠠᠯ ᠭᠠᠷᠭ᠋ᠠᠭᠰᠠᠨ ᠪᠠᠶ᠋ᠢᠪᠠᠯ᠂ ᠡᠯ᠎ᠡ ᠱᠠᠲᠤᠨ᠎ᠤ ᠵᠠᠰᠠᠭ᠎ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ᠎ᠠᠴᠠ ᠲᠦᠷᠦᠯ ᠵᠦᠢ᠍ᠯ᠎ᠤᠨ ᠬᠠᠤᠯᠢ ᠵᠢᠨ ᠡᠷᠬᠡᠲᠡᠨ ᠨᠢᠭᠡᠴᠡ ᠵᠢᠨ ᠲᠦᠷᠦᠯ ᠵᠦᠢ᠍ᠯ᠎ᠤᠨ ᠮᠡᠳᠡᠭᠡ ᠵᠠᠩᠭᠢ᠎ᠪᠠᠨ ᠬᠠᠤᠯᠢ ᠶᠤᠰᠤᠭ᠋ᠠᠷ ᠴᠠᠭ ᠲᠣᠬᠠᠢ᠎ᠳᠤᠨᠢ ᠢᠯᠡ ᠪᠣᠯᠭ᠋ᠠᠬᠤ᠎ᠳᠤ ᠬᠢᠨᠠᠯᠲᠠ ᠲᠠᠯᠪᠢᠨ᠎ᠠ; ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ᠎ᠳᠤ ᠲᠤᠳᠤᠷᠬᠠᠢ ᠲᠣᠭᠲᠠᠭ᠋ᠠᠯ ᠭᠠᠷᠭ᠋ᠠᠭᠰᠠᠨ ᠦᠭᠡᠢ ᠪᠣᠯ᠂ ᠲᠦᠷᠦᠯ ᠵᠦᠢ᠍ᠯ᠎ᠤᠨ ᠬᠠᠤᠯᠢ ᠵᠢᠨ ᠡᠷᠬᠡᠲᠡᠨ ᠨᠢᠭᠡᠴᠡ ᠵᠢᠨ ᠲᠦᠷᠦᠯ ᠵᠦᠢ᠍ᠯ᠎ᠤᠨ ᠮᠡᠳᠡᠭᠡ ᠵᠠᠩᠭᠢ᠎ᠪᠠᠨ ᠢᠯᠡ ᠪᠣᠯᠭ᠋ᠠᠬᠤ ᠵᠢ ᠵᠣᠷᠢᠬ᠍ᠵᠢᠭᠤᠯᠤᠨ᠎ᠠ᠃
      ᠭᠤᠷᠪᠠ᠂ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠪᠠ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠠᠵᠢᠯ
     (ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠨ᠎ᠠ᠃
      ᠡᠯ᠎ᠡ ᠱᠠᠲᠤᠨ᠎ᠤ ᠵᠠᠰᠠᠭ᠎ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ᠎ᠨᠢ ᠴᠢᠬᠤᠯᠠ ᠶᠡᠭᠡ ᠲᠦᠷᠦᠯ ᠵᠦᠢ᠍ᠯ᠎ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠬᠤ ᠵᠢᠨ ᠬᠠᠮᠲᠤ ᠬᠢᠨᠠᠮᠠᠭ᠋ᠠᠢ ᠰᠠᠶ᠋ᠢᠲᠤᠷ ᠬᠢᠵᠦ᠂ ᠴᠡᠭ ᠵᠶ᠋ᠠᠷ ᠨᠡᠶ᠋ᠢᠳᠡᠮ᠎ᠢ ᠳᠠᠶ᠋ᠢᠴᠢᠯᠠᠬᠤ ᠪᠠ ᠵᠢᠱ᠌ᠢᠶ᠎ᠡ ᠦᠵᠡᠭᠦᠯᠬᠦ᠎ᠪᠠᠷ ᠳᠠᠶ᠋ᠢᠴᠢᠯᠠᠵᠤ᠂ ᠡᠭᠦᠨ ᠵᠶ᠋ᠠᠷ ᠵᠠᠰᠠᠭ᠎ᠤᠨ ᠶᠠᠪᠤᠳᠠᠯ᠎ᠤᠨ ᠢᠯᠡ ᠪᠣᠯᠭ᠋ᠠᠬᠤ ᠠᠵᠢᠯ᠎ᠢ ᠭᠦᠨᠵᠡᠭᠡᠶ᠋ᠢᠷᠡᠭᠦᠯᠬᠦ ᠵᠢᠨ ᠬᠦᠴᠦᠲᠡᠢ ᠭᠠᠷᠳᠠᠴᠠ ᠪᠣᠯᠭ᠋ᠠᠬᠤ ᠬᠡᠷᠡᠭᠲᠡᠢ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠢ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠬᠠᠷᠢᠭᠤᠴᠠᠯᠭ᠎ᠠ ᠪᠠ ᠠᠵᠢᠯ᠎ᠤᠨ ᠬᠤᠪᠢᠶᠠᠷᠢᠯᠠᠯ ᠵᠶ᠋ᠠᠨ ᠲᠤᠳᠤᠷᠬᠠᠶ᠋ᠢᠯᠠᠨ᠎ᠠ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠠᠯᠪᠠᠨ ᠲᠢᠩᠭᠢᠮ (ᠭᠡᠷ)᠎ᠨᠢ ᠵᠣᠬᠢᠶᠠᠨ ᠪᠠᠶ᠋ᠢᠭᠤᠯᠵᠤ ᠵᠣᠬᠢᠴᠠᠭᠤᠯᠬᠤ ᠰᠠᠯᠠᠭ᠎ᠠ ᠮᠦᠴᠢᠷ ᠪᠣᠯᠣᠭᠰᠠᠨ᠎ᠤ ᠬᠤᠪᠢ᠎ᠳᠤ᠂ ᠬᠥᠭᠵᠢᠭᠦᠯᠦᠯᠲᠡ ᠦᠭᠡᠷᠡᠴᠢᠯᠡᠯᠲᠡ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠵᠢᠯᠲᠠ᠂ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠂ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠣᠷᠣᠨ ᠰᠠᠭᠤᠴᠠ ᠬᠤᠲᠠ ᠬᠦᠳᠡᠭᠡ ᠵᠢᠨ ᠪᠦᠲᠦᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠲᠠᠷᠢᠶᠠᠯᠠᠩ᠂ ᠡᠷᠡᠭᠦᠯ ᠬᠠᠮᠠᠭ᠋ᠠᠯᠠᠯ ᠲᠦᠯᠦᠪᠯᠡᠭᠡᠲᠦ ᠦᠷᠡᠵᠢᠯ᠂ ᠣᠢ ᠰᠢᠭᠤᠢ ᠵᠡᠷᠭᠡ ᠰᠠᠯᠠᠭ᠎ᠠ ᠮᠦᠴᠢᠷ᠎ᠢ ᠵᠢᠯᠤᠭᠤᠳᠤᠨ ᠬᠢᠨᠠᠯᠲᠠ ᠲᠠᠯᠪᠢᠵᠤ᠂ ᠲᠤᠳᠤᠷᠬᠠᠢ ᠠᠵᠢᠯ᠎ᠤᠨ ᠬᠠᠷᠠᠯᠲᠠ ᠪᠠ ᠠᠷᠭ᠎ᠠ ᠬᠡᠮᠵᠢᠶ᠎ᠡ ᠵᠢ ᠳᠤᠷᠠᠳᠤᠨ᠂ ᠬᠢᠨᠠᠮᠠᠭ᠋ᠠᠢ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ; ᠡᠯ᠎ᠡ ᠮᠤᠵᠢ (ᠣᠷᠣᠨ᠂ ᠬᠤᠲᠠ) ᠵᠢᠨ ᠵᠠᠰᠠᠭ᠎ᠤᠨ ᠣᠷᠳᠣᠨ᠎ᠨᠢ ᠲᠤᠰ ᠭᠠᠵᠠᠷ ᠣᠷᠣᠨ᠎ᠤ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠰᠢᠮᠳᠠᠭᠤᠯᠤᠨ ᠪᠠᠶ᠋ᠢᠴᠠᠭ᠋ᠠᠬᠤ ᠪᠠ ᠵᠢᠯᠤᠭᠤᠳᠴᠤ᠂ ᠡᠯ᠎ᠡ ᠵᠦᠢ᠍ᠯ᠎ᠤᠨ ᠡᠭᠦᠷᠭᠡ ᠵᠢ ᠨᠠᠶ᠋ᠢᠳᠠᠪᠤᠷᠢᠵᠢᠭᠤᠯᠵᠤ ᠪᠣᠲᠠᠲᠠᠶ᠋ᠢᠵᠢᠭᠤᠯᠬᠤ ᠵᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ᠎ᠨᠢ ᠪᠣᠲᠠᠲᠠᠢ᠎ᠲᠠᠢ᠎ᠪᠠᠨ ᠤᠶᠠᠯᠳᠤᠭᠤᠯᠤᠨ᠂ ᠲᠤᠰ ᠬᠦᠷᠢᠶ᠎ᠡ ᠴᠠᠷᠠᠭ᠋ᠠᠨ᠎ᠳᠠᠬᠢ ᠴᠢᠬᠤᠯᠠ ᠶᠡᠭᠡ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠵᠥᠪᠰᠢᠶᠡᠷᠡᠭᠰᠡᠨ ᠪᠠ ᠬᠡᠷᠡᠭᠵᠢᠭᠦᠯᠦᠭᠰᠡᠨ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢᠨ ᠬᠡᠷᠡᠭᠵᠢᠭᠦᠯᠬᠦ ᠲᠦᠰᠦᠯ᠎ᠢ ᠲᠣᠭᠲᠠᠭ᠋ᠠᠬᠤ ᠬᠡᠷᠡᠭᠲᠡᠢ᠃
     (ᠬᠤᠶᠠᠷ) ᠰᠢᠯᠭ᠋ᠠᠨ ᠬᠢᠨᠠᠬᠤ ᠡᠷᠴᠢᠮ᠎ᠢ ᠴᠢᠩᠭ᠋ᠠᠷᠠᠭᠤᠯᠤᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ᠎ᠨᠢ ᠴᠢᠬᠤᠯᠠ ᠶᠡᠭᠡ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠵᠠᠰᠠᠭ᠎ᠤᠨ ᠶᠠᠪᠤᠳᠠᠯ᠎ᠤᠨ ᠢᠯᠡ ᠪᠣᠯᠭ᠋ᠠᠬᠤ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠵᠢᠨ ᠴᠢᠬᠤᠯᠠ ᠠᠭᠤᠯᠭ᠎ᠠ ᠪᠣᠯᠭ᠋ᠠᠵᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠬᠠᠮᠢᠶ᠎ᠠ ᠪᠦᠬᠦᠢ ᠲᠣᠭᠲᠠᠭ᠋ᠠᠯ ᠶᠤᠰᠤᠭ᠋ᠠᠷ᠂ ᠰᠢᠯᠭ᠋ᠠᠨ ᠬᠢᠨᠠᠬᠤ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠢ᠃ ᠠᠵᠢᠯ ᠵᠶ᠋ᠠᠨ ᠠᠬᠢᠭᠤᠯᠤᠭᠰᠠᠨ ᠵᠶ᠋ᠠᠷ ᠬᠦᠴᠦᠲᠡᠢ᠂ ᠢᠯᠡᠳᠲᠡ ᠦᠷ᠎ᠡ ᠪᠦᠲᠦᠮᠵᠢ ᠤᠯᠤᠭᠰᠠᠨ ᠨᠢᠭᠡᠴᠡ ᠪᠣᠯᠣᠨ ᠬᠤᠪᠢ ᠬᠦᠮᠦᠨ᠎ᠢ ᠲᠣᠭᠲᠠᠭ᠋ᠠᠯ ᠶᠤᠰᠤᠭ᠋ᠠᠷ ᠰᠠᠶ᠋ᠢᠰᠢᠶᠠᠨ ᠬᠦᠬᠢᠭᠦᠯᠬᠦ ᠬᠡᠷᠡᠭᠲᠡᠢ; ᠬᠠᠮᠢᠶ᠎ᠠ ᠪᠦᠬᠦᠢ ᠲᠣᠭᠲᠠᠭ᠋ᠠᠯ ᠪᠠ ᠱᠠᠭ᠋ᠠᠷᠳᠠᠯᠭ᠎ᠠ ᠶᠤᠰᠤᠭ᠋ᠠᠷ ᠡᠭᠦᠷᠭᠡ ᠬᠠᠷᠢᠭᠤᠴᠠᠯᠭ᠎ᠠ᠎ᠪᠠᠨ ᠦᠯᠦ ᠭᠦᠢ᠍ᠴᠡᠳᠭᠡᠭᠰᠡᠨ ᠪᠠᠶ᠋ᠢᠪᠠᠯ᠂ ᠨᠡᠪᠲᠡᠷᠡᠭᠦᠯᠦᠨ ᠮᠡᠳᠡᠭᠡᠯᠡᠵᠦ ᠰᠢᠭᠦᠮᠵᠢᠯᠡᠬᠦ ᠵᠢᠨ ᠬᠠᠮᠲᠤ᠂ ᠵᠢᠯ᠎ᠤᠨ ᠰᠢᠯᠭ᠋ᠠᠨ ᠬᠢᠨᠠᠬᠤ ᠠᠵᠢᠯ᠎ᠳᠤ ᠢᠯᠡᠷᠡᠭᠦᠯᠬᠦ ᠬᠡᠷᠡᠭᠲᠡᠢ᠃
     (ᠭᠤᠷᠪᠠ) ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠢ ᠴᠢᠬᠤᠯᠠ ᠶᠡᠭᠡ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶᠡᠨ᠎ᠳᠠᠬᠢ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠪᠠᠶ᠋ᠢᠴᠠᠭ᠋ᠠᠬᠤ ᠬᠡᠷᠡᠭᠲᠡᠢ᠂ ᠭᠤᠣᠯᠳᠠᠭᠤ ᠵᠠᠰᠠᠭ᠎ᠤᠨ ᠣᠷᠳᠣᠨ᠎ᠤ ᠮᠡᠳᠡᠭᠡ ᠵᠠᠩᠭᠢ᠂ ᠲᠦᠷᠦᠯ ᠵᠦᠢ᠍ᠯ᠎ᠤᠨ ᠬᠠᠤᠯᠢ ᠵᠢᠨ ᠡᠷᠬᠡᠲᠡᠨ᠎ᠤ ᠮᠡᠳᠡᠭᠡ ᠵᠠᠩᠭᠢ ᠵᠢᠨ ᠢᠯᠡ ᠪᠣᠯᠭ᠋ᠠᠬᠤ ᠠᠭᠤᠯᠭ᠎ᠠ᠂ ᠢᠯᠡ ᠪᠣᠯᠭ᠋ᠠᠬᠤ ᠠᠷᠭ᠎ᠠ ᠵᠠᠮ ᠪᠠ ᠢᠯᠡ ᠪᠣᠯᠭ᠋ᠠᠬᠤ ᠬᠦᠴᠦᠨ ᠲᠡᠭᠦᠯᠳᠡᠷ ᠬᠤᠭᠤᠴᠠᠭ᠎ᠠ ᠵᠡᠷᠭᠡ ᠵᠢ ᠪᠠᠭᠲᠠᠭ᠋ᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ᠎ᠨᠢ ᠲᠤᠰ ᠰᠠᠯᠠᠭ᠎ᠠ ᠮᠦᠴᠢᠷ᠎ᠤᠨ ᠠᠵᠢᠯ᠎ᠤᠨ ᠠᠬᠢᠴᠠ ᠵᠢᠨ ᠪᠠᠶ᠋ᠢᠳᠠᠯ ᠵᠶ᠋ᠠᠨ ᠠᠳᠠᠯᠢ ᠱᠠᠲᠤᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠲᠤ ᠵᠢᠯ ᠪᠦᠷᠢ ᠮᠡᠳᠡᠭᠦᠯᠬᠦ ᠵᠢᠨ ᠬᠠᠮᠲᠤ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ᠎ᠳᠤ ᠨᠡᠶ᠋ᠢᠲᠡᠯᠡᠵᠦ᠂ ᠨᠡᠶ᠋ᠢᠭᠡᠮ ᠨᠡᠶ᠋ᠢᠲᠡ᠂ ᠰᠣᠨᠢᠨ ᠮᠡᠳᠡᠭᠡ ᠵᠠᠭᠤᠴᠢᠯᠠᠭᠤᠷ᠎ᠤᠨ ᠬᠢᠨᠠᠯᠲᠠ ᠲᠠᠯᠪᠢᠯᠲᠠ ᠵᠢ ᠬᠦᠯᠢᠶᠡᠬᠦ ᠬᠡᠷᠡᠭᠲᠡᠢ᠃
                                 2017 ᠣᠨ᠎ᠤ 12 ᠳ᠋ᠤᠭ᠋ᠠᠷ ᠰᠠᠷ᠎ᠠ ᠵᠢᠨ 4᠎ᠤ ᠡᠳᠦᠷ
                                      (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)

ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠠᠬᠢᠭᠤᠯᠬᠤ ᠲᠣᠬᠠᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠭᠢᠮ᠎ᠤᠨ ᠰᠠᠨᠠᠯ (ᠲᠥᠷᠥ ᠠᠯᠪᠠᠨ ᠲᠠᠷᠬᠠᠭ᠋ᠠᠭᠰᠠᠨ [2017] 97 ᠳ᠋ᠤᠭ᠋ᠠᠷ ᠲᠣᠭ᠋ᠠᠲᠤ)

ᠡᠯ᠎ᠡ ᠮᠤᠵᠢ᠂ ᠦᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠡᠯ᠎ᠡ ᠶᠠᠮᠦᠨ ᠵᠦᠪᠯᠡᠯ᠂ ᠡᠯ᠎ᠡ ᠰᠢᠭᠤᠳ ᠬᠠᠷᠢᠶ᠎ᠠ ᠪᠠᠶ᠋ᠢᠭᠤᠯᠤᠮᠵᠢ᠎ᠳᠤ᠄
      ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠠ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠭᠢᠮ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠭᠢᠮ᠎ᠤᠨ 〈ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠲᠣᠬᠠᠢ ᠰᠠᠨᠠᠯ〉᠎ᠢ ᠳᠠᠷᠤᠮᠠᠯᠯᠠᠨ ᠶᠠᠪᠤᠭᠤᠯᠬᠤ ᠮᠡᠳᠡᠭᠳᠡᠯ》 ᠵᠡᠷᠭᠡ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠤᠰᠤᠭ᠋ᠠᠷ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠤᠯᠠᠮ ᠨᠢᠭᠡ ᠠᠯᠬᠤᠮ ᠠᠬᠢᠭᠤᠯᠬᠤ ᠵᠢᠨ ᠲᠤᠰᠠᠳᠠ᠂ ᠲᠥᠷᠥ ᠵᠢᠨ ᠶᠠᠪᠤᠳᠠᠯ᠎ᠤᠨ ᠬᠤᠷᠢᠶ᠎ᠠ᠎ᠪᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃
      ᠨᠢᠭᠡ᠂ ᠵᠢᠯᠤᠭᠤᠳᠬᠤ ᠦᠵᠡᠯ ᠰᠠᠨᠠᠭ᠎ᠠ
      ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ 《ᠲᠠᠪᠤ ᠵᠢ ᠨᠢᠭᠡ ᠴᠤᠭᠴᠠᠵᠢᠭᠤᠯᠬᠤ》 ᠶᠡᠷᠦᠩᠬᠡᠢ ᠪᠠᠶ᠋ᠢᠷᠢᠰᠢᠭᠤᠯᠤᠯ᠎ᠢ ᠨᠢᠭᠡᠲᠦᠯᠲᠡᠢ ᠲᠦᠯᠦᠪᠵᠢᠭᠦᠯᠦᠨ ᠠᠬᠢᠭᠤᠯᠬᠤ ᠪᠠ 《ᠳᠥᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠰᠢᠭᠤᠯᠤᠯ᠎ᠢ ᠵᠣᠬᠢᠴᠠᠭᠤᠯᠤᠨ ᠠᠬᠢᠭᠤᠯᠵᠤ᠂ ᠰᠢᠨ᠎ᠡ ᠵᠢ ᠡᠭᠦᠳᠬᠦ᠂ ᠵᠣᠬᠢᠴᠠᠭᠤᠯᠬᠤ᠂ ᠪᠤᠬᠢᠷᠳᠤᠯ ᠦᠭᠡᠢ᠂ ᠨᠡᠭᠡᠭᠡᠯᠲᠡ᠎ᠲᠠᠢ᠂ ᠬᠠᠮᠲᠤᠪᠠᠷ ᠬᠦᠷᠲᠡᠬᠦ ᠬᠥᠭᠵᠢᠯᠲᠡ ᠵᠢᠨ ᠣᠨᠣᠵᠢᠯᠬᠤᠨ᠎ᠢ ᠪᠠᠲᠤ ᠪᠠᠬᠢ ᠪᠣᠢ ᠪᠣᠯᠭ᠋ᠠᠬᠤ ᠪᠠ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠯᠤᠰ᠎ᠤᠨ ᠵᠠᠰᠠᠯᠲᠠ ᠵᠢᠨ ᠰᠢᠰᠲ᠋ᠧᠮᠵᠢ ᠪᠠ ᠵᠠᠰᠠᠬᠤ ᠴᠢᠳᠠᠪᠤᠷᠢ ᠵᠢᠨ ᠤᠳᠤᠬᠢᠴᠢᠯᠠᠯᠲᠠ ᠵᠢ ᠲᠠᠰᠤᠷᠠᠯᠲᠠ ᠦᠭᠡᠢ ᠠᠬᠢᠭᠤᠯᠤᠨ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠲᠣᠬᠠᠢ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠴᠢᠬᠤᠯᠠ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠶᠤᠰᠤᠭ᠋ᠠᠷ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠰᠢᠢ᠍ᠳᠪᠦᠷᠢᠲᠦ ᠪᠣᠳᠣᠯᠭ᠎ᠠ᠂ ᠬᠡᠷᠡᠭᠵᠢᠭᠦᠯᠦᠯᠲᠡ᠂ ᠬᠠᠮᠢᠶᠠᠷᠤᠯᠲᠠ᠂ ᠦᠢ᠍ᠯᠡᠴᠢᠯᠡᠭᠡ᠂ ᠦᠷ᠎ᠡ ᠳ᠋ᠦ᠍ᠢ᠍ᠩ᠎ᠢ ᠢᠯᠡ ᠪᠣᠯᠭ᠋ᠠᠬᠤ ᠵᠢ ᠠᠬᠢᠭᠤᠯᠵᠤ᠂ ᠣᠯᠠᠨ ᠨᠡᠶ᠋ᠢᠲᠡ ᠵᠢᠨ ᠬᠢᠨᠠᠯᠲᠠ ᠲᠠᠯᠪᠢᠯᠲᠠ ᠵᠢ ᠦᠷᠭᠡᠳᠭᠡᠨ᠂ ᠢᠯᠡ ᠪᠣᠯᠭ᠋ᠠᠬᠤ ᠪᠤᠳᠠᠳᠤ ᠦᠷ᠎ᠡ ᠪᠦᠲᠦᠮᠵᠢ ᠵᠢ ᠨᠡᠮᠡᠭᠳᠡᠭᠦᠯᠵᠦ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠪᠦᠬᠦ ᠴᠤᠪᠤᠷᠠᠯ᠎ᠢ ᠢᠯᠡ ᠲᠤᠳᠣ ᠪᠣᠯᠭ᠋ᠠᠬᠤ ᠵᠢ ᠴᠢᠷᠮᠠᠶ᠋ᠢᠨ ᠪᠡᠶᠡᠯᠡᠭᠦᠯᠵᠦ᠂ ᠣᠯᠠᠨ ᠨᠡᠶ᠋ᠢᠲᠡ ᠵᠢᠨ ᠡᠬᠢ ᠪᠠᠶᠠᠯᠢᠭ᠎ᠢ ᠬᠡᠷᠡᠭᠯᠡᠬᠦ ᠦᠷ᠎ᠡ ᠠᠰᠢᠭ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠤ ᠠᠬᠤᠶ᠋ᠢᠯᠠᠯ ᠪᠣᠯᠣᠨ ᠣᠯᠠᠨ ᠲᠦᠮᠡᠨ᠎ᠤ ᠬᠠᠤᠯᠢ ᠶᠤᠰᠤᠨ᠎ᠤ ᠡᠷᠬᠡ ᠠᠰᠢᠭ᠎ᠢ ᠬᠠᠮᠠᠭ᠋ᠠᠯᠠᠵᠤ᠂ ᠨᠡᠮᠡᠭᠳᠡᠯ᠎ᠢ ᠲᠣᠭᠲᠠᠭᠤᠨ ᠪᠠᠶ᠋ᠢᠯᠭ᠋ᠠᠬᠤ᠂ ᠦᠭᠡᠷᠡᠴᠢᠯᠡᠯᠲᠡ ᠵᠢ ᠠᠬᠢᠭᠤᠯᠬᠤ᠂ ᠪᠦᠲᠦᠴᠡ ᠵᠢ ᠲᠣᠬᠢᠷᠠᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠲᠥᠭᠰᠢᠭᠦᠷᠢ ᠵᠢ ᠰᠡᠷᠭᠡᠶ᠋ᠢᠯᠡᠬᠦ᠎ᠳᠤ ᠬᠤᠪᠢ ᠨᠡᠮᠡᠷᠢ᠎ᠪᠠᠨ ᠦᠵᠡᠭᠦᠯᠵᠦ᠂ ᠠᠵᠤ ᠠᠬᠤᠢ ᠨᠡᠶ᠋ᠢᠭᠡᠮ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠠᠬᠢᠭᠤᠯᠤᠨ᠎ᠠ᠃
      ᠬᠤᠶᠠᠷ᠂ ᠭᠤᠣᠯ ᠡᠭᠦᠷᠭᠡ
      ᠲᠤᠰ ᠰᠠᠨᠠᠯ᠎ᠳᠤ ᠬᠡᠯᠡᠵᠦ ᠪᠠᠶ᠋ᠢᠭ᠎ᠠ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠭᠡᠳᠡᠭ᠎ᠲᠤ ᠭᠤᠣᠯᠳᠠᠭᠤ ᠪᠠᠲᠤᠯᠠᠭ᠎ᠠ ᠵᠢᠨ ᠴᠢᠨᠠᠷᠲᠠᠢ ᠬᠢᠮᠳᠠ ᠣᠷᠣᠨ ᠰᠠᠭᠤᠴᠠ ᠵᠢᠨ ᠢᠨᠵᠧᠨᠧᠷᠢᠩ᠎ᠢ ᠪᠦᠲᠦᠭᠡᠨ ᠪᠠᠶ᠋ᠢᠭᠤᠯᠬᠤ᠂ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢ ᠬᠤᠪᠢᠶᠠᠷᠢᠯᠠᠬᠤ᠂ ᠤᠯᠤᠰ᠎ᠤᠨ ᠭᠠᠵᠠᠷ ᠰᠢᠷᠤᠢ ᠪᠠ ᠠᠭᠤᠷᠬᠠᠢ ᠵᠢᠨ ᠡᠬᠢ ᠪᠠᠶᠠᠯᠢᠭ᠎ᠤᠨ ᠬᠡᠷᠡᠭᠯᠡᠬᠦ ᠡᠷᠬᠡ ᠵᠢ ᠬᠢᠮᠳᠠ ᠦᠨ᠎ᠡ᠎ᠪᠠᠷ ᠬᠤᠳᠠᠯᠳᠤᠬᠤ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠤᠯᠤᠰ᠎ᠤᠨ ᠦᠮᠴᠢᠯᠡᠬᠦ ᠡᠷᠬᠡ ᠵᠢ ᠠᠷᠠᠯᠵᠢᠶᠠᠯᠠᠬᠤ᠂ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠵᠡᠷᠭᠡ ᠨᠡᠶ᠋ᠢᠭᠡᠮ᠎ᠤᠨ᠎ᠬᠢᠨ᠎ᠤ ᠬᠠᠯᠠᠮᠵᠢᠯᠠᠨ ᠠᠩᠬᠠᠷᠴᠤ ᠪᠠᠶ᠋ᠢᠬᠤ ᠬᠡᠮᠵᠢᠶ᠎ᠡ᠎ᠪᠠᠷ ᠶᠡᠬᠡ᠂ ᠬᠠᠮᠲᠤ ᠵᠢᠨ ᠪᠠ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ᠂ ᠠᠵᠤ ᠠᠬᠤᠢ ᠨᠡᠶ᠋ᠢᠭᠡᠮ᠎ᠤᠨ ᠬᠥᠭᠵᠢᠯᠲᠡ᠂ ᠠᠷᠠᠳ᠎ᠤᠨ ᠠᠮᠢᠳᠤᠷᠠᠯ᠎ᠤᠨ ᠰᠠᠶ᠋ᠢᠵᠢᠷᠠᠯᠲᠠ᠎ᠳᠤ ᠰᠢᠭᠤᠳ᠂ ᠥᠷᠭᠡᠨ ᠳᠡᠯᠭᠡᠷ ᠪᠠ ᠴᠢᠬᠤᠯᠠ ᠨᠦᠯᠦᠭᠡ ᠦᠵᠡᠭᠦᠯᠬᠦ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠬᠤᠪᠢᠶᠠᠷᠢᠯᠠᠯᠲᠠ ᠵᠢᠨ ᠵᠦᠢ᠍ᠯᠡᠰ ᠪᠠᠭᠲᠠᠵᠤ ᠪᠣᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ᠎ᠨᠢ ᠣᠷᠣᠨ ᠪᠦᠰᠡ᠂ ᠠᠵᠢᠯ ᠲᠦᠷᠦᠯ᠎ᠤᠨ ᠣᠨᠴᠠᠯᠢᠭ ᠵᠶ᠋ᠠᠨ ᠦᠨᠳᠦᠰᠦᠯᠡᠨ᠂ ᠲᠤᠰ ᠭᠠᠵᠠᠷ ᠣᠷᠣᠨ᠂ ᠲᠣᠰ ᠠᠵᠢᠯ ᠲᠦᠷᠦᠯ᠎ᠤᠨ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠬᠡᠪᠴᠢᠶ᠎ᠡ᠎ᠪᠠᠨ ᠤᠯᠠᠮ ᠨᠢᠭᠡ ᠠᠯᠬᠤᠮ ᠲᠤᠳᠤᠷᠬᠠᠶ᠋ᠢᠯᠠᠵᠤ᠂ ᠢᠯᠡ ᠪᠣᠯᠭ᠋ᠠᠬᠤ ᠵᠦᠢ᠍ᠯᠡᠰ᠂ ᠠᠭᠤᠯᠭ᠎ᠠ᠂ ᠴᠠᠬ ᠬᠤᠭᠤᠴᠠᠭ᠎ᠠ᠂ ᠠᠷᠭ᠎ᠠ ᠮᠠᠶᠢᠭ᠂ ᠬᠠᠷᠢᠭᠤᠴᠠᠬᠤ ᠭᠤᠣᠯ ᠴᠤᠭᠴᠠ᠂ ᠬᠢᠨᠠᠯᠲᠠ ᠲᠠᠯᠪᠢᠬᠤ ᠠᠷᠭ᠎ᠠ ᠵᠠᠮ ᠵᠡᠷᠭᠡ ᠵᠢ ᠨᠠᠷᠢᠯᠢᠬ᠍ᠵᠢᠭᠤᠯᠤᠨ᠂ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠭᠠᠷᠴᠠᠭ᠎ᠤᠨ ᠨᠠᠷᠢᠨ ᠬᠠᠭᠤᠳᠠᠰᠤ᠎ᠳᠤ ᠣᠷᠤᠭᠤᠯᠤᠨ᠎ᠠ᠃
     (ᠨᠢᠭᠡ) ᠢᠯᠡ ᠪᠣᠯᠭ᠋ᠠᠬᠤ ᠭᠤᠣᠯᠳᠠᠯᠭ᠎ᠠ ᠵᠢ ᠳᠤᠪᠤᠶ᠋ᠢᠯᠭ᠋ᠠᠨ᠎ᠠ᠃
     1 ᠣᠷᠣᠨ ᠰᠠᠭᠤᠴᠠ ᠵᠢᠨ ᠪᠠᠲᠤᠯᠠᠭ᠎ᠠ ᠵᠢᠨ ᠬᠦᠷᠢᠶ᠎ᠡ᠃ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠲᠠᠯ᠎ᠠ᠎ᠪᠠᠷ᠂ ᠭᠤᠣᠯ᠎ᠨᠢ ᠬᠤᠲᠠ ᠪᠠᠯᠭ᠋ᠠᠰᠤ ᠵᠢᠨ ᠪᠠᠲᠤᠯᠠᠭ᠎ᠠ ᠵᠢᠨ ᠴᠢᠨᠠᠷᠲᠠᠢ ᠬᠢᠮᠳᠠ ᠣᠷᠣᠨ ᠰᠠᠭᠤᠴᠠ ᠵᠢᠨ ᠢᠨᠵᠧᠨᠧᠷᠢᠩ᠎ᠤᠨ ᠲᠦᠯᠦᠪᠵᠢᠭᠦᠯᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠦᠰᠦᠯ᠂ ᠣᠨ᠎ᠤ ᠪᠦᠲᠦᠭᠡᠨ ᠪᠠᠶ᠋ᠢᠭᠤᠯᠤᠯᠲᠠ ᠵᠢᠨ ᠲᠦᠯᠦᠪᠯᠡᠭᠡ ᠵᠢᠨ ᠮᠡᠳᠡᠭᠡ ᠵᠠᠩᠭᠢ (ᠪᠦᠲᠦᠭᠡᠨ ᠪᠠᠶ᠋ᠢᠭᠤᠯᠤᠯᠲᠠ ᠵᠢᠨ ᠲᠦᠯᠦᠪᠯᠡᠭᠡ ᠵᠢᠨ ᠡᠭᠦᠷᠭᠡ ᠵᠢᠨ ᠬᠡᠮᠵᠢᠶ᠎ᠡ᠂ ᠲᠦᠯᠦᠪᠯᠡᠭᠰᠡᠨ ᠲᠦᠷᠦᠯ ᠵᠦᠢ᠍ᠯ᠎ᠤᠨ ᠮᠡᠳᠡᠭᠡ ᠵᠠᠩᠭᠢ᠂ ᠲᠦᠯᠦᠪᠯᠡᠭᠰᠡᠨ ᠦᠷᠦᠭᠡ ᠵᠢᠨ ᠬᠡᠯᠪᠡᠷᠢ ᠪᠠᠭᠲᠠᠨ᠎ᠠ)᠂ ᠪᠦᠲᠦᠭᠡᠨ ᠪᠠᠶ᠋ᠢᠭᠤᠯᠤᠯᠲᠠ ᠵᠢᠨ ᠲᠦᠯᠦᠪᠯᠡᠭᠡ ᠵᠢ ᠪᠡᠶᠡᠯᠡᠭᠦᠯᠦᠭᠰᠡᠨ ᠪᠠᠶ᠋ᠢᠳᠠᠯ᠎ᠤᠨ ᠮᠡᠳᠡᠭᠡ ᠵᠠᠩᠭᠢ (ᠲᠦᠯᠦᠪᠯᠡᠭᠰᠡᠨ ᠡᠭᠦᠷᠭᠡ ᠵᠢ ᠪᠡᠶᠡᠯᠡᠭᠦᠯᠦᠭᠰᠡᠨ ᠠᠬᠢᠴᠠ᠂ ᠨᠢᠭᠡᠨᠲᠡ ᠠᠵᠢᠯ ᠡᠬᠢᠯᠡᠭᠦᠯᠦᠭᠰᠡᠨ ᠲᠦᠷᠦᠯ ᠵᠦᠢ᠍ᠯ᠎ᠤᠨ ᠦᠨᠳᠦᠰᠦᠨ ᠮᠡᠳᠡᠭᠡ ᠵᠠᠩᠭᠢ᠂ ᠨᠢᠭᠡᠨᠲᠡ ᠪᠠᠷᠢᠯᠭ᠎ᠠ ᠳᠠᠭᠤᠰᠤᠭᠰᠠᠨ ᠲᠦᠷᠦᠯ ᠵᠦᠢ᠍ᠯ᠎ᠤᠨ ᠦᠨᠳᠦᠰᠦᠨ ᠮᠡᠳᠡᠭᠡ ᠵᠠᠩᠭᠢ᠂ ᠳᠦᠬᠦᠷ ᠪᠡᠯᠡᠳᠭᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠳᠠᠯ ᠪᠠᠭᠲᠠᠨ᠎ᠠ)᠂ ᠬᠦᠳᠡᠭᠡ ᠲᠤᠰᠬᠤᠨ᠎ᠤ ᠨᠤᠷᠠᠬᠤ ᠠᠶᠤᠯᠲᠠᠢ ᠭᠡᠷ ᠪᠠᠶ᠋ᠢᠰᠢᠩ᠎ᠢ ᠦᠭᠡᠷᠡᠴᠢᠯᠡᠨ ᠰᠢᠨᠡᠳᠭᠡᠬᠦ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠠ ᠵᠢ ᠬᠡᠷᠡᠭᠵᠢᠭᠦᠯᠦᠭᠰᠡᠨ ᠪᠠᠶ᠋ᠢᠳᠠᠯ᠎ᠤᠨ ᠮᠡᠳᠡᠭᠡ ᠵᠠᠩᠭᠢ (ᠬᠦᠳᠡᠭᠡ ᠲᠤᠰᠬᠤᠨ᠎ᠤ ᠨᠤᠷᠠᠬᠤ ᠠᠶᠤᠯᠲᠠᠢ ᠭᠡᠷ ᠪᠠᠶ᠋ᠢᠰᠢᠩ᠎ᠢ ᠦᠭᠡᠷᠡᠴᠢᠯᠡᠨ ᠰᠢᠨᠡᠳᠭᠡᠬᠦ ᠲᠥᠷᠥ ᠵᠢᠨ ᠪᠣᠳᠣᠯᠭ᠎ᠠ᠂ ᠨᠤᠷᠠᠬᠤ ᠠᠶᠤᠯᠲᠠᠢ ᠭᠡᠷ ᠪᠠᠶ᠋ᠢᠰᠢᠩ᠎ᠨᠢ ᠬᠡᠨ᠎ᠤ ᠪᠣᠯᠬᠤ ᠵᠢ ᠮᠠᠭ᠋ᠠᠳᠯᠠᠨ ᠲᠣᠭᠲᠠᠭ᠋ᠠᠬᠤ ᠶᠠᠪᠤᠴᠠ᠂ ᠨᠦᠬᠦᠪᠦᠷᠢ ᠵᠢᠨ ᠪᠡᠯᠡ ᠮᠦᠩᠭᠦ ᠵᠢ ᠬᠤᠪᠢᠶᠠᠷᠢᠯᠠᠬᠤ᠂ ᠦᠭᠡᠷᠡᠴᠢᠯᠡᠨ ᠰᠢᠨᠡᠳᠭᠡᠭᠰᠡᠨ ᠦᠷ᠎ᠡ ᠳ᠋ᠦ᠍ᠢ᠍ᠩ ᠪᠠᠭᠲᠠᠨ᠎ᠠ) ᠵᠢ ᠢᠯᠡ ᠪᠣᠯᠭ᠋ᠠᠨ᠎ᠠ; ᠣᠷᠣᠨ ᠰᠠᠭᠤᠴᠠ ᠵᠢ ᠬᠤᠪᠢᠶᠠᠷᠢᠯᠠᠬᠤ ᠲᠠᠯ᠎ᠠ᠎ᠪᠠᠷ᠂ ᠭᠤᠣᠯ᠎ᠨᠢ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢ ᠬᠤᠪᠢᠶᠠᠷᠢᠯᠠᠬᠤ ᠲᠥᠷᠥ ᠵᠢᠨ ᠪᠣᠳᠣᠯᠭ᠎ᠠ᠂ ᠬᠤᠪᠢᠶᠠᠷᠢᠯᠠᠵᠤ ᠣᠯᠬᠤ ᠬᠦᠮᠦᠰ᠂ ᠬᠤᠪᠢᠶᠠᠷᠢᠯᠠᠬᠤ ᠭᠡᠷ ᠪᠠᠶ᠋ᠢᠰᠢᠩ᠎ᠤᠨ ᠢᠷᠡᠯᠲᠡ᠂ ᠬᠤᠪᠢᠶᠠᠷᠢᠯᠠᠬᠤ ᠳᠡᠰ ᠳᠠᠷᠠᠭ᠋ᠠᠯᠠᠯ᠂ ᠬᠤᠪᠢᠶᠠᠷᠢᠯᠠᠬᠤ ᠶᠠᠪᠤᠴᠠ᠂ ᠬᠤᠪᠢᠶᠠᠷᠢᠯᠠᠭᠰᠠᠨ ᠦᠷ᠎ᠡ ᠳ᠋ᠦ᠍ᠢ᠍ᠩ ᠵᠡᠷᠭᠡ ᠮᠡᠳᠡᠭᠡ ᠵᠠᠩᠭᠢ ᠵᠢ ᠢᠯᠡ ᠪᠣᠯᠭ᠋ᠠᠨ᠎ᠠ᠃
     2 ᠤᠯᠤᠰ᠎ᠤᠨ ᠭᠠᠵᠠᠷ ᠰᠢᠷᠤᠢ ᠬᠡᠷᠡᠭᠯᠡᠬᠦ ᠡᠷᠬᠡ ᠵᠢ ᠬᠢᠮᠳᠠ ᠦᠨ᠎ᠡ᠎ᠪᠠᠷ ᠬᠤᠳᠠᠯᠳᠤᠬᠤ ᠬᠦᠷᠢᠶ᠎ᠡ᠃ ᠭᠤᠣᠯ᠎ᠨᠢ ᠭᠠᠵᠠᠷ ᠰᠢᠷᠤᠢ ᠬᠠᠩᠭ᠋ᠠᠬᠤ ᠲᠦᠯᠦᠪᠯᠡᠭᠡ᠂ ᠬᠢᠮᠳᠠ ᠦᠨ᠎ᠡ᠎ᠪᠠᠷ ᠬᠤᠳᠠᠯᠳᠤᠬᠤ ᠠᠯᠪᠠᠨ ᠵᠠᠷ᠂ ᠬᠤᠳᠠᠯᠳᠤᠭ᠋ᠠᠯᠠᠬᠤ ᠵᠠᠷᠯᠠᠯ᠂ ᠬᠠᠩᠭ᠋ᠠᠯᠭ᠎ᠠ ᠵᠢᠨ ᠦᠷ᠎ᠡ ᠳ᠋ᠦ᠍ᠢ᠍ᠩ ᠵᠡᠷᠭᠡ ᠮᠡᠳᠡᠭᠡ ᠵᠠᠩᠭᠢ ᠵᠢ ᠢᠯᠡ ᠪᠣᠯᠭ᠋ᠠᠨ᠎ᠠ᠃
     3 ᠠᠭᠤᠷᠬᠠᠢ ᠵᠢᠨ ᠡᠬᠢ ᠪᠠᠶᠠᠯᠢᠭ ᠬᠡᠷᠡᠭᠯᠡᠬᠦ ᠡᠷᠬᠡ ᠵᠢ ᠬᠢᠮᠳᠠ ᠦᠨ᠎ᠡ᠎ᠪᠠᠷ ᠬᠤᠳᠠᠯᠳᠤᠬᠤ ᠬᠦᠷᠢᠶ᠎ᠡ᠃ ᠭᠤᠣᠯ᠎ᠨᠢ ᠬᠢᠮᠳᠠ ᠦᠨ᠎ᠡ᠎ᠪᠠᠷ ᠬᠤᠳᠠᠯᠳᠤᠬᠤ ᠠᠯᠪᠠᠨ ᠵᠠᠷ ᠵᠠᠷᠯᠠᠯ᠂ ᠬᠢᠨᠠᠨ ᠵᠥᠪᠰᠢᠶᠡᠷᠡᠭᠰᠡᠨ ᠦᠷ᠎ᠡ ᠳ᠋ᠦ᠍ᠢ᠍ᠩ᠎ᠤᠨ ᠮᠡᠳᠡᠭᠡ ᠵᠠᠩᠭᠢ᠂ ᠲᠦᠷᠦᠯ ᠵᠦᠢ᠍ᠯ᠎ᠤᠨ ᠮᠡᠳᠡᠭᠡ ᠵᠠᠩᠭᠢ ᠵᠡᠷᠭᠡ ᠮᠡᠳᠡᠭᠡ ᠵᠠᠩᠭᠢ ᠵᠢ ᠢᠯᠡ ᠪᠣᠯᠭ᠋ᠠᠨ᠎ᠠ᠃
     4 ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠷᠢᠶ᠎ᠡ᠃ ᠭᠤᠣᠯ᠎ᠨᠢ ᠬᠤᠳᠠᠯᠳᠤᠨ ᠠᠪᠬᠤ ᠲᠦᠷᠦᠯ ᠵᠦᠢ᠍ᠯ᠎ᠤᠨ ᠠᠯᠪᠠᠨ ᠵᠠᠷ᠂ ᠬᠤᠳᠠᠯᠳᠤᠨ ᠠᠪᠬᠤ ᠠᠵᠢᠯ᠎ᠤᠨ ᠪᠢᠴᠢᠭ ᠮᠠᠲ᠋ᠧᠷᠢᠶᠠᠯ᠂ ᠬᠤᠳᠠᠯᠳᠤᠨ ᠠᠪᠬᠤ ᠲᠦᠷᠦᠯ ᠵᠦᠢ᠍ᠯ᠎ᠤᠨ ᠲᠦᠰᠦᠪ᠎ᠤᠨ ᠵᠤᠭᠤᠰᠤᠨ᠎ᠤ ᠲᠤᠭ᠎ᠠ᠂ ᠬᠤᠳᠠᠯᠳᠤᠨ ᠠᠪᠤᠭᠰᠠᠨ ᠦᠷ᠎ᠡ ᠳ᠋ᠦ᠍ᠢ᠍ᠩ᠂ ᠬᠤᠳᠠᠯᠳᠤᠨ ᠠᠪᠬᠤ ᠭᠡᠷ᠎ᠡ ᠵᠡᠷᠭᠡ ᠬᠤᠳᠠᠯᠳᠤᠨ ᠠᠪᠬᠤ ᠲᠦᠷᠦᠯ ᠵᠦᠢ᠍ᠯ᠎ᠤᠨ ᠮᠡᠳᠡᠭᠡ ᠵᠠᠩᠭᠢ᠂ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠠᠴᠠ ᠭᠠᠷᠭ᠋ᠠᠭᠰᠠᠨ ᠵᠠᠭ᠋ᠠᠯᠳᠤᠯᠭ᠎ᠠ ᠪᠠ ᠬᠢᠨᠠᠯᠲᠠ ᠲᠠᠯᠪᠢᠵᠤ ᠪᠠᠶ᠋ᠢᠴᠠᠭ᠋ᠠᠬᠤ ᠵᠡᠷᠭᠡ ᠰᠢᠢ᠍ᠳᠪᠦᠷᠢᠯᠡᠬᠦ ᠲᠣᠭᠲᠠᠭ᠋ᠠᠯ᠂ ᠲᠦᠪᠯᠡᠷᠡᠭᠦᠯᠵᠦ ᠬᠤᠳᠠᠯᠳᠤᠨ ᠠᠪᠬᠤ ᠪᠠᠶ᠋ᠢᠭᠤᠯᠤᠮᠵᠢ ᠵᠢ ᠰᠢᠯᠭ᠋ᠠᠨ ᠬᠢᠨᠠᠭᠰᠠᠨ ᠦᠷ᠎ᠡ ᠳ᠋ᠦ᠍ᠢ᠍ᠩ᠂ ᠬᠠᠤᠯᠢ᠎ᠠᠴᠠ ᠵᠦᠷᠢᠴᠡᠵᠦ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠲᠡᠮᠲᠡᠭᠯᠡᠯ ᠵᠡᠷᠭᠡ ᠬᠢᠨᠠᠯᠲᠠ ᠲᠠᠯᠪᠢᠵᠤ ᠰᠢᠳᠭᠡᠨ ᠲᠣᠷᠭ᠋ᠠᠭᠰᠠᠨ ᠮᠡᠳᠡᠭᠡ ᠵᠠᠩᠭᠢ ᠵᠢ ᠢᠯᠡ ᠪᠣᠯᠭ᠋ᠠᠨ᠎ᠠ᠃
     5 ᠤᠯᠤᠰ᠎ᠤᠨ ᠦᠮᠴᠢᠯᠡᠬᠦ ᠡᠷᠬᠡ ᠵᠢ ᠠᠷᠠᠯᠵᠢᠶᠠᠯᠠᠬᠤ ᠬᠦᠷᠢᠶ᠎ᠡ᠃ ᠬᠤᠳᠠᠯᠳᠤᠭ᠋ᠠᠨ᠎ᠤ ᠨᠢᠭᠤᠴᠠ᠎ᠳᠤ ᠬᠤᠯᠪᠤᠭᠳᠠᠬᠤ᠎ᠠᠴᠠ ᠪᠤᠰᠤᠳ᠂ ᠭᠤᠣᠯ᠎ᠨᠢ ᠦᠮᠴᠢᠯᠡᠬᠦ ᠡᠷᠬᠡ ᠵᠢ ᠠᠷᠠᠯᠵᠢᠶᠠᠯᠠᠬᠤ ᠰᠢᠢ᠍ᠳᠪᠦᠷᠢᠲᠦ ᠪᠣᠳᠣᠯᠭ᠎ᠠ ᠵᠢᠴᠢ ᠵᠥᠪᠰᠢᠶᠡᠷᠡᠭᠰᠡᠨ ᠮᠡᠳᠡᠭᠡ ᠵᠠᠩᠭᠢ᠂ ᠠᠷᠠᠯᠵᠢᠶᠠᠯᠠᠬᠤ ᠲᠦᠷᠦᠯ ᠵᠦᠢ᠍ᠯ᠎ᠤᠨ ᠮᠡᠳᠡᠭᠡ ᠵᠠᠩᠭᠢ᠂ ᠰᠢᠯᠵᠢᠭᠦᠯᠦᠨ ᠥᠭᠬᠦ ᠦᠨ᠎ᠡ ᠬᠠᠩᠰᠢ᠂ ᠠᠷᠠᠯᠵᠢᠶᠠᠯᠠᠬᠤ ᠦᠨ᠎ᠡ ᠬᠠᠩᠰᠢ᠂ ᠬᠠᠮᠢᠶ᠎ᠠ ᠪᠦᠬᠦᠢ ᠵᠠᠭᠤᠴᠢ ᠪᠠᠶ᠋ᠢᠭᠤᠯᠤᠮᠵᠢ᠎ᠳᠤ ᠬᠢᠨᠠᠨ ᠪᠣᠳᠣᠯᠲᠠ ᠬᠢᠭᠰᠡᠨ ᠦᠷ᠎ᠡ ᠳ᠋ᠦ᠍ᠢ᠍ᠩ ᠵᠡᠷᠭᠡ ᠮᠡᠳᠡᠭᠡ ᠵᠠᠩᠭᠢ ᠵᠢ ᠢᠯᠡ ᠪᠣᠯᠭ᠋ᠠᠨ᠎ᠠ᠃
     6 ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠬᠦᠷᠢᠶ᠎ᠡ᠃ ᠭᠤᠣᠯ᠎ᠨᠢ ᠬᠠᠤᠯᠢ ᠶᠤᠰᠤᠭ᠋ᠠᠷ ᠡᠷᠬᠡᠪᠰᠢ ᠳᠠᠭ᠋ᠠᠭ᠋ᠠᠴᠢᠯᠠᠯᠲᠠ ᠵᠠᠷᠯᠠᠬᠤ ᠲᠦᠷᠦᠯ ᠵᠦᠢ᠍ᠯ᠎ᠢ ᠬᠢᠨᠠᠨ ᠵᠥᠪᠰᠢᠶᠡᠷᠡᠵᠦ ᠬᠠᠷᠭᠤᠭᠤᠯᠤᠨ ᠵᠥᠪᠰᠢᠶᠡᠷᠡᠭᠰᠡᠨ ᠪᠠ ᠪᠦᠷᠢᠳᠭᠡᠨ ᠳᠠᠩᠰᠠᠯᠠᠭᠰᠠᠨ ᠮᠡᠳᠡᠭᠡ ᠵᠠᠩᠭᠢ᠂ ᠵᠠᠬ᠎ᠠ ᠳᠡᠯᠭᠡᠭᠦᠷ᠎ᠤᠨ ᠭᠤᠣᠯ ᠴᠤᠭᠴᠠ ᠵᠢᠨ ᠢᠲᠡᠭᠡᠮᠵᠢ ᠵᠡᠷᠭᠡ ᠮᠡᠳᠡᠭᠡ ᠵᠠᠩᠭᠢ ᠵᠢ ᠢᠯᠡ ᠪᠣᠯᠭ᠋ᠠᠨ᠎ᠠ᠃ ᠤᠯᠤᠰ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ᠎ᠳᠤ ᠬᠤᠯᠪᠣᠭᠳᠠᠬᠤ᠎ᠠᠴᠠ ᠪᠤᠰᠤᠳ᠂ ᠳᠠᠭ᠋ᠠᠭ᠋ᠠᠴᠢᠯᠠᠯᠲᠠ ᠵᠠᠷᠯᠠᠬᠤ ᠠᠯᠪᠠᠨ ᠵᠠᠷ (ᠳᠠᠭ᠋ᠠᠭ᠋ᠠᠴᠢᠯᠠᠯᠲᠠ ᠵᠠᠷᠯᠠᠬᠤ ᠨᠦᠬᠦᠴᠡᠯ᠂ ᠲᠦᠷᠦᠯ ᠵᠦᠢ᠍ᠯ᠎ᠤᠨ ᠲᠣᠶ᠋ᠢᠮᠤ ᠪᠠᠶ᠋ᠢᠳᠠᠯ ᠬᠢᠭᠡᠳ ᠳᠠᠭ᠋ᠠᠭ᠋ᠠᠴᠢᠯᠠᠯᠲᠠ ᠵᠠᠷᠯᠠᠬᠤ ᠬᠡᠪᠴᠢᠶ᠎ᠠ᠂ ᠳᠠᠭ᠋ᠠᠭ᠋ᠠᠴᠢᠯᠠᠯᠲᠠ ᠬᠦᠯᠢᠶᠡᠬᠦ ᠬᠦᠮᠦᠰ᠎ᠤᠨ ᠬᠢᠷᠢ ᠭᠡᠮ᠎ᠤᠨ ᠱᠠᠭ᠋ᠠᠷᠳᠠᠯᠭ᠎ᠠ᠂ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠢ ᠣᠯᠬᠤ᠂ ᠳᠠᠭ᠋ᠠᠭ᠋ᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ᠎ᠢ ᠭᠠᠷᠳᠠᠭᠤᠯᠬᠤ ᠵᠡᠷᠭᠡ ᠪᠠᠭᠲᠠᠨ᠎ᠠ)᠂ ᠳᠠᠭ᠋ᠠᠭ᠋ᠠᠴᠢᠯᠠᠯᠲᠠ᠎ᠳᠤ ᠤᠨᠤᠭᠳᠠᠬᠤ ᠵᠢᠱ᠌ᠢᠭᠳᠡᠭᠴᠢ (ᠳᠠᠭ᠋ᠠᠭ᠋ᠠᠴᠢᠯᠠᠯᠲᠠ᠎ᠳᠤ ᠣᠨᠣᠭᠳᠠᠬᠤ ᠵᠢᠱ᠌ᠢᠭᠳᠡᠭᠴᠢ ᠵᠢᠨ ᠵᠢᠭᠰᠠᠭ᠋ᠠᠯᠲᠠ᠂ ᠨᠡᠷᠡᠶ᠋ᠢᠳᠦᠯ᠂ ᠳᠠᠭ᠋ᠠᠭ᠋ᠠᠴᠢᠯᠠᠯᠲᠠ ᠬᠦᠯᠢᠶᠡᠬᠦ᠎ᠳᠤ ᠮᠡᠳᠡᠭᠦᠯᠦᠭᠰᠡᠨ ᠦᠨ᠎ᠡ᠂ ᠪᠠᠷᠢᠯᠭ᠎ᠠ ᠵᠢᠨ ᠬᠤᠭᠤᠴᠠᠭ᠎ᠠ᠂ ᠳᠠᠭ᠋ᠠᠭ᠋ᠠᠴᠢᠯᠠᠯᠲᠠ ᠲᠣᠭᠲᠠᠭ᠋ᠠᠬᠤ ᠪᠠᠶ᠋ᠢᠳᠠᠯ᠂ ᠲᠦᠷᠦᠯ ᠵᠦᠢ᠍ᠯ᠎ᠤᠨ ᠬᠠᠷᠢᠭᠤᠴᠠᠬᠤ ᠬᠦᠮᠦᠨ᠂ ᠬᠤᠪᠢ ᠬᠦᠮᠦᠨ᠎ᠤ ᠠᠵᠢᠯ᠎ᠤᠨ ᠠᠮᠵᠢᠯᠲᠠ᠂ ᠬᠤᠯᠪᠣᠭᠳᠠᠯ ᠪᠦᠬᠦᠢ ᠦᠨᠡᠮᠯᠡᠯ ᠵᠢᠴᠢ ᠳ᠋ᠤᠭ᠋ᠠᠷ᠂ ᠳᠠᠭ᠋ᠠᠭ᠋ᠠᠴᠢᠯᠠᠯᠲᠠ᠎ᠳᠤ ᠣᠨᠣᠭᠳᠠᠬᠤ ᠵᠢᠱ᠌ᠢᠭᠳᠡᠭᠴᠢ᠎ᠨᠢ ᠳᠠᠭ᠋ᠠᠭ᠋ᠠᠴᠢᠯᠠᠯᠲᠠ ᠬᠦᠯᠢᠶᠡᠬᠦ ᠮᠠᠲ᠋ᠧᠷᠢᠶᠠᠯ᠎ᠳᠤ ᠲᠠᠭᠯᠠᠭᠰᠠᠨ ᠬᠢᠷᠢ ᠭᠡᠮ ᠴᠢᠳᠠᠪᠤᠷᠢ ᠵᠢᠨ ᠨᠦᠬᠦᠴᠡᠯ᠂ ᠣᠨᠳᠣᠣ ᠰᠠᠨᠠᠯ ᠳᠤᠷᠠᠳᠬᠤ ᠠᠷᠭ᠎ᠠ ᠵᠠᠮ ᠪᠠ ᠠᠷᠭ᠎ᠠ ᠮᠠᠶᠢᠭ ᠵᠡᠷᠭᠡ ᠪᠠᠭᠲᠠᠨ᠎ᠠ) ᠳᠠᠭ᠋ᠠᠭ᠋ᠠᠴᠢᠯᠠᠯᠲᠠ᠎ᠳᠤ ᠣᠨᠣᠭᠳᠠᠭᠰᠠᠨ ᠦᠷ᠎ᠡ ᠳ᠋ᠦ᠍ᠢ᠍ᠩ᠂ ᠭᠡᠷ᠎ᠡ ᠲᠣᠭᠲᠠᠬᠤ ᠪᠠ ᠭᠦᠢ᠍ᠴᠡᠳᠭᠡᠬᠦ ᠵᠡᠷᠭᠡ ᠮᠡᠳᠡᠭᠡ ᠵᠠᠩᠭᠢ ᠵᠢ ᠪᠦᠷ ᠨᠡᠶ᠋ᠢᠭᠡᠮ᠎ᠳᠤ ᠨᠡᠶ᠋ᠢᠲᠡᠯᠡᠨ᠎ᠡ᠃
     (ᠬᠤᠶᠠᠷ) ᠢᠯᠡ ᠪᠣᠯᠭ᠋ᠠᠬᠤ ᠭᠤᠣᠯ ᠴᠤᠭᠴᠠ ᠵᠢ ᠲᠤᠳᠤᠷᠬᠠᠶ᠋ᠢᠯᠠᠨ᠎ᠠ᠃
     《ᠬᠡᠨ ᠬᠢᠨᠠᠨ ᠵᠥᠪᠰᠢᠶᠡᠷᠡᠪᠡᠯ᠂ ᠲᠡᠷᠡ ᠢᠯᠡ ᠪᠣᠯᠭ᠋ᠠᠬᠤ᠂ ᠬᠡᠨ ᠬᠡᠷᠡᠭᠵᠢᠭᠦᠯᠪᠡᠯ᠂ ᠲᠡᠷᠡ ᠢᠯᠡ ᠪᠣᠯᠭ᠋ᠠᠬᠤ᠂ ᠬᠡᠨ ᠪᠢᠴᠢᠵᠦ ᠵᠣᠬᠢᠶᠠᠪᠠᠯ᠂ ᠲᠡᠷᠡ ᠢᠯᠡ ᠪᠣᠯᠭ᠋ᠠᠬᠤ》 ᠵᠠᠷᠴᠢᠮ ᠵᠶ᠋ᠠᠷ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠳᠤ ᠬᠤᠯᠪᠤᠭᠳᠠᠪᠠᠯ ᠵᠥᠪᠰᠢᠶᠡᠷᠡᠭᠰᠡᠨ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠦᠷ᠎ᠡ ᠳ᠋ᠦ᠍ᠢ᠍ᠩ᠎ᠤᠨ ᠮᠡᠳᠡᠭᠡ ᠵᠠᠩᠭᠢ ᠵᠢ ᠬᠢᠨᠠᠨ ᠵᠥᠪᠰᠢᠶᠡᠷᠡᠬᠦ ᠰᠠᠯᠠᠭ᠎ᠠ ᠮᠦᠴᠢᠷ᠎ᠠᠴᠠ ᠬᠠᠷᠢᠭᠤᠴᠠᠵᠤ ᠢᠯᠡ ᠪᠣᠯᠭ᠋ᠠᠨ᠎ᠠ; ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠦᠷᠦᠯ ᠵᠦᠢ᠍ᠯ᠎ᠤᠨ ᠦᠨᠳᠦᠰᠦᠨ ᠮᠡᠳᠡᠭᠡ ᠵᠠᠩᠭᠢ᠂ ᠲᠣᠬᠢᠷᠠᠭᠤᠯᠤᠯᠲᠠ (ᠠᠷᠠᠯᠵᠢᠶ᠎ᠠ) ᠬᠢᠬᠦ ᠶᠠᠪᠤᠴᠠ ᠵᠢᠨ ᠮᠡᠳᠡᠭᠡ ᠵᠠᠩᠭᠢ᠂ ᠳᠠᠭ᠋ᠠᠭ᠋ᠠᠴᠢᠯᠠᠯᠲᠠ᠎ᠳᠤ ᠣᠨᠣᠭᠳᠠᠭᠰᠠᠨ (ᠬᠤᠳᠠᠯᠳᠤᠭ᠋ᠠᠯᠠᠭᠰᠠᠨ) ᠮᠡᠳᠡᠭᠡ ᠵᠠᠩᠭᠢ᠂ ᠭᠡᠷ᠎ᠡ ᠵᠢᠨ ᠪᠣᠯᠵᠤᠭ᠎ᠠ ᠵᠢ ᠭᠦᠢ᠍ᠴᠡᠳᠭᠡᠭᠰᠡᠨ ᠮᠡᠳᠡᠭᠡ ᠵᠠᠩᠭᠢ ᠵᠢ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠬᠠᠮᠢᠶᠠᠷᠬᠤ ᠪᠠ ᠬᠡᠷᠡᠭᠵᠢᠭᠦᠯᠵᠦ ᠪᠠᠶ᠋ᠢᠭ᠎ᠠ ᠤᠯᠤᠰ᠎ᠤᠨ ᠪᠠᠶ᠋ᠢᠭᠤᠯᠭ᠎ᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠎ᠠᠴᠠ ᠡᠵᠡᠮᠳᠡᠵᠦ ᠪᠠᠶ᠋ᠢᠭ᠎ᠠ ᠮᠡᠳᠡᠭᠡ ᠵᠠᠩᠭᠢ ᠵᠢᠨ ᠪᠠᠶ᠋ᠢᠳᠠᠯ ᠵᠶ᠋ᠠᠷ ᠵᠶ᠋ᠠᠨ ᠲᠤᠰ ᠲᠤᠰ᠎ᠲᠠᠭᠠᠨ ᠢᠯᠡ ᠪᠣᠯᠭ᠋ᠠᠨ᠎ᠠ᠃ ᠡᠭᠦᠨ᠎ᠠᠴᠠ ᠭᠠᠳᠠᠨ᠎ᠠ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠲᠠᠯ᠎ᠠ᠎ᠪᠠᠷ᠎ᠬᠢ 《ᠬᠠᠷ᠎ᠠ ᠳᠠᠩᠰᠠ》 ᠵᠢᠨ ᠳᠦᠷᠢᠮ᠎ᠢ ᠰᠦᠪᠡᠭᠴᠢᠯᠡᠨ ᠪᠠᠶ᠋ᠢᠭᠤᠯᠵᠤ᠂ ᠣᠯᠠᠨ ᠨᠡᠶ᠋ᠢᠲᠡ ᠵᠢᠨ ᠡᠬᠢ ᠪᠠᠶᠠᠯᠢᠭ᠎ᠢ ᠮᠡᠬᠡᠯᠡᠨ ᠠᠪᠤᠭᠰᠠᠨ ᠵᠡᠷᠭᠡ ᠮᠠᠭᠤ ᠦᠢ᠍ᠯᠡ ᠠᠵᠢᠯᠯᠠᠭ᠎ᠠ ᠵᠢᠨ ᠮᠡᠳᠡᠭᠡ ᠵᠠᠩᠭᠢ ᠵᠢ ᠠᠯᠬᠤᠮ ᠠᠯᠬᠤᠮ ᠵᠶ᠋ᠠᠷ 《ᠬᠠᠷ᠎ᠠ ᠳᠠᠩᠰᠠ》᠎ᠳᠤ ᠣᠷᠤᠭᠤᠯᠵᠤ᠂ ᠬᠠᠮᠢᠶ᠎ᠠ ᠪᠦᠬᠦᠢ ᠮᠡᠳᠡᠭᠡ ᠵᠠᠩᠭᠢ ᠵᠢ ᠬᠠᠷᠢᠭᠤᠴᠠᠨ ᠬᠠᠮᠢᠶᠠᠷᠴᠤ ᠪᠠᠶ᠋ᠢᠭ᠎ᠠ ᠰᠠᠯᠠᠭ᠎ᠠ ᠮᠦᠴᠢᠷ᠎ᠠᠴᠠ ᠲᠤᠰ ᠲᠤᠰ᠎ᠲᠠᠭᠠᠨ ᠢᠯᠡ ᠪᠣᠯᠭ᠋ᠠᠨ᠎ᠠ᠃
     (ᠭᠤᠷᠪᠠ) ᠢᠯᠡ ᠪᠣᠯᠭ᠋ᠠᠬᠤ ᠠᠷᠭ᠎ᠠ ᠵᠠᠮ᠎ᠢ ᠥᠷᠭᠡᠳᠭᠡᠨ᠎ᠡ᠃ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠲᠦᠷᠦᠭᠦᠯᠡᠭᠴᠢ ᠪᠣᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠬᠦᠷᠢᠶᠡᠨ᠎ᠳᠠᠬᠢ ᠡᠯ᠎ᠡ ᠲᠦᠷᠦᠯ᠎ᠤᠨ ᠮᠡᠳᠡᠭᠡ ᠵᠠᠩᠭᠢ ᠵᠢ ᠴᠠᠭ ᠲᠣᠬᠠᠢ᠎ᠳᠤᠨᠢ ᠨᠡᠶ᠋ᠢᠲᠡᠯᠡᠵᠦ᠂ ᠭᠤᠶᠤᠴᠢᠯᠠᠯ ᠵᠶ᠋ᠠᠷ ᠢᠯᠡ ᠪᠣᠯᠭ᠋ᠠᠬᠤ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠦᠨ᠎ᠡ᠃ ᠵᠠᠰᠠᠭ᠎ᠤᠨ ᠶᠠᠪᠤᠳᠠᠯ᠎ᠤᠨ ᠪᠢᠴᠢᠯ ᠪᠥᠷᠭᠡ ᠪᠠ ᠸᠢᠴᠠᠲ᠂ ᠰᠣᠨᠢᠨ ᠮᠡᠳᠡᠭᠡ ᠵᠠᠭᠤᠴᠢᠯᠠᠭᠤᠷ᠂ ᠵᠠᠰᠠᠭ᠎ᠤᠨ ᠶᠠᠪᠤᠳᠠᠯ᠎ᠤᠨ ᠬᠡᠷᠡᠭᠯᠡᠭᠴᠢ ᠵᠢᠨ ᠦᠢ᠍ᠯᠡᠴᠢᠯᠡᠭᠦᠷ ᠫᠷᠣᠭ᠌ᠷᠠᠮ ᠵᠡᠷᠭᠡ ᠵᠢ ᠢᠳᠡᠪᠬᠢᠲᠡᠢ᠎ᠪᠠᠷ ᠠᠰᠢᠭᠯᠠᠨ ᠮᠡᠳᠡᠭᠡ ᠵᠠᠩᠭᠢ ᠵᠢ ᠢᠯᠡ ᠪᠣᠯᠭ᠋ᠠᠬᠤ ᠠᠷᠭ᠎ᠠ ᠵᠠᠮ᠎ᠢ ᠥᠷᠭᠡᠳᠭᠡᠵᠦ᠂ ᠰᠦᠯᠵᠢᠶᠡᠨ ᠳᠡᠭᠡᠷᠡᠬᠢ ᠦᠢ᠍ᠯᠡᠴᠢᠯᠡᠭᠡ ᠵᠢ ᠦᠷᠨᠢᠭᠦᠯᠦᠨ᠂ ᠬᠡᠷᠡᠭᠯᠡᠭᠴᠢᠳ᠎ᠤᠨ ᠪᠡᠶ᠎ᠡ᠎ᠪᠠᠷ ᠵᠶ᠋ᠠᠨ ᠣᠶ᠋ᠢᠯᠠᠭ᠋ᠠᠵᠤ ᠬᠢᠬᠦ ᠵᠢ ᠳᠡᠭᠡᠭᠰᠢᠯᠡᠭᠦᠯᠦᠨ᠎ᠡ᠃ ᠪᠦᠬᠦ ᠤᠯᠤᠰ᠎ᠤᠨ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠯᠠᠬᠤ ᠲᠡᠪᠴᠡᠩ ᠵᠶ᠋ᠠᠷ ᠭᠦᠢ᠍ᠰᠦ ᠪᠣᠯᠭ᠋ᠠᠭᠰᠠᠨ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠤᠭ᠎ᠠ ᠪᠠᠷᠢᠮᠲᠠ ᠵᠢ ᠬᠠᠮᠲᠤᠪᠠᠷ ᠬᠦᠷᠲᠡᠬᠦ ᠲᠡᠪᠴᠡᠩ᠎ᠤᠨ ᠰᠢᠰᠲ᠋ᠧᠮᠵᠢ ᠵᠢ ᠪᠠᠶ᠋ᠢᠭᠤᠯᠵᠤ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠪᠦᠬᠦ ᠴᠤᠪᠤᠷᠠᠯ᠎ᠤᠨ ᠢᠯᠡ ᠲᠤᠳᠣ ᠪᠣᠯᠬᠤ ᠵᠢ ᠠᠬᠢᠭᠤᠯᠵᠤ᠂ ᠬᠠᠤᠯᠢ ᠶᠤᠰᠤᠭ᠋ᠠᠷ ᠢᠯᠡ ᠪᠣᠯᠭ᠋ᠠᠪᠠᠰᠤ ᠵᠣᠬᠢᠬᠤ ᠡᠯ᠎ᠡ ᠲᠦᠷᠦᠯ᠎ᠤᠨ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠠᠯᠪᠠᠨ ᠵᠠᠷ᠂ ᠬᠢᠷᠢ ᠭᠡᠮ᠎ᠢ ᠬᠢᠨᠠᠨ ᠪᠠᠶ᠋ᠢᠴᠠᠭ᠋ᠠᠭᠰᠠᠨ ᠦᠷ᠎ᠡ ᠳ᠋ᠦ᠍ᠢ᠍ᠩ᠂ ᠠᠷᠠᠯᠵᠢᠶᠠᠯᠠᠬᠤ ᠶᠠᠪᠤᠴᠠ ᠵᠢᠨ ᠮᠡᠳᠡᠭᠡ ᠵᠠᠩᠭᠢ᠂ ᠬᠤᠳᠠᠯᠳᠤᠭ᠋ᠠᠯᠠᠭᠰᠠᠨ ᠮᠡᠳᠡᠭᠡ ᠵᠠᠩᠭᠢ᠂ ᠭᠡᠷ᠎ᠡ ᠵᠢᠨ ᠪᠣᠯᠵᠤᠭ᠎ᠠ ᠵᠢ ᠭᠦᠢ᠍ᠴᠡᠳᠭᠡᠭᠰᠡᠨ ᠮᠡᠳᠡᠭᠡ ᠵᠠᠩᠭᠢ ᠵᠢᠴᠢ ᠬᠤᠯᠪᠣᠭᠳᠠᠯ ᠪᠦᠬᠦᠢ ᠰᠢᠨᠡᠳᠭᠡᠵᠦ ᠬᠤᠪᠢᠷᠠᠭᠤᠯᠤᠭᠰᠠᠨ ᠮᠡᠳᠡᠭᠡ ᠵᠠᠩᠭᠢ ᠵᠡᠷᠭᠡ ᠵᠢ ᠲᠣᠭᠲᠠᠭ᠋ᠠᠭᠰᠠᠨ ᠵᠠᠭᠤᠴᠢᠯᠠᠭᠤᠷ᠎ᠲᠤ ᠨᠡᠶ᠋ᠢᠲᠡᠯᠡᠭᠰᠡᠨ᠎ᠤ ᠳᠠᠷᠠᠭ᠎ᠠ᠂ ᠵᠣᠬᠢᠬᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠡᠪᠴᠡᠩ᠎ᠯᠤᠭ᠎ᠠ ᠮᠡᠳᠡᠭᠡ ᠵᠠᠩᠭᠢ᠎ᠪᠠᠨ ᠬᠠᠮᠲᠤᠪᠠᠷ ᠬᠦᠷᠲᠡᠬᠦ ᠵᠢ ᠪᠡᠶᠡᠯᠡᠭᠦᠯᠬᠦ ᠵᠢᠨ ᠬᠠᠮᠲᠤ᠂ ᠪᠦᠬᠦ ᠤᠯᠤᠰ᠎ᠤᠨ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠡᠪᠴᠡᠩ᠎ᠲᠠᠢ ᠴᠠᠭ ᠲᠣᠬᠠᠢ᠎ᠳᠤᠨᠢ ᠬᠠᠷᠢᠯᠴᠠᠨ ᠰᠤᠯᠢᠯᠴᠠᠵᠤ ᠬᠤᠷᠢᠶᠠᠩᠭᠤᠶ᠋ᠢᠯᠠᠨ ᠨᠡᠶ᠋ᠢᠲᠡᠯᠡᠨ᠎ᠡ᠃ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠬᠦᠷᠢᠶᠡᠨ᠎ᠳᠠᠬᠢ ᠢᠲᠡᠭᠡᠮᠵᠢ ᠵᠢᠨ ᠮᠡᠳᠡᠭᠡ ᠵᠠᠩᠭᠢ ᠵᠢ ᠪᠦᠬᠦ ᠤᠯᠤᠰ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤᠪᠠᠷ ᠬᠦᠷᠲᠡᠬᠦ ᠲᠡᠪᠴᠡᠩ᠎ᠲᠠᠢ ᠴᠠᠭ ᠲᠣᠬᠠᠢ᠎ᠳᠤᠨᠢ ᠬᠠᠷᠢᠯᠴᠠᠨ ᠰᠤᠯᠢᠯᠴᠠᠬᠤ ᠵᠢᠨ ᠬᠠᠮᠲᠤ᠂ 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ᠎ᠳᠤ ᠲᠦᠰᠢᠭᠯᠡᠨ ᠴᠠᠭ ᠲᠣᠬᠠᠢ᠎ᠳᠤᠨᠢ ᠢᠯᠡ ᠪᠣᠯᠭ᠋ᠠᠨ᠎ᠠ᠃ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠡᠪᠴᠡᠩ᠎ᠢ ᠪᠤᠰᠤᠳ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠰᠢᠰᠲ᠋ᠧᠮ᠎ᠯᠦᠭᠡ ᠡᠮᠬᠢᠯᠡᠨ ᠨᠡᠶ᠋ᠢᠯᠡᠭᠦᠯᠵᠦ ᠬᠠᠮᠲᠤᠪᠠᠷ ᠬᠦᠷᠲᠡᠬᠦ ᠪᠣᠯᠭ᠋ᠠᠵᠤ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠮᠡᠳᠡᠭᠡ ᠵᠠᠩᠭᠢ ᠵᠢ ᠪᠤᠰᠤᠳ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠡᠬᠢ ᠪᠠᠶᠠᠯᠢᠭ᠎ᠯᠤᠭ᠎ᠠ ᠬᠠᠮᠲᠤᠪᠠᠷ ᠬᠦᠷᠲᠡᠵᠦ ᠪᠣᠯᠬᠤ᠎ᠪᠠᠷ ᠵᠤᠯᠭ᠋ᠠᠭᠤᠯᠬᠤ ᠵᠢ ᠪᠡᠶᠡᠯᠡᠭᠦᠯᠦᠨ᠎ᠡ᠃
     (ᠳᠥᠷᠪᠡ) ᠢᠯᠡ ᠪᠣᠯᠭ᠋ᠠᠬᠤ ᠬᠦᠴᠦᠨ ᠲᠡᠭᠦᠯᠳᠡᠷ ᠬᠤᠭᠤᠴᠠᠭ᠎ᠠ ᠵᠢ ᠴᠢᠩᠭ᠋ᠠᠷᠠᠭᠤᠯᠤᠨ᠎ᠠ᠃ ᠢᠯᠡ ᠪᠣᠯᠭ᠋ᠠᠬᠤ ᠵᠢ ᠬᠡᠪ᠎ᠤᠨ ᠪᠠᠶ᠋ᠢᠳᠠᠯ ᠵᠶ᠋ᠠᠷ ᠦᠵᠡᠬᠦ᠂ ᠢᠯᠡ ᠪᠣᠯᠭ᠋ᠠᠬᠤ ᠦᠭᠡᠢ ᠵᠢ ᠣᠨᠴᠤᠭᠤᠢ ᠪᠠᠶ᠋ᠢᠳᠠᠯ ᠵᠶ᠋ᠠᠷ ᠦᠵᠡᠬᠦ ᠵᠢ ᠪᠠᠷᠢᠮᠲᠠᠯᠠᠵᠤ᠂ ᠤᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠶᠠᠪᠤᠴᠠ᠎ᠳᠤ ᠪᠣᠢ ᠪᠣᠯᠣᠭᠰᠠᠨ ᠵᠠᠰᠠᠭ᠎ᠤᠨ ᠣᠷᠳᠣᠨ᠎ᠤ ᠮᠡᠳᠡᠭᠡ ᠵᠠᠩᠭᠢ᠎ᠳᠠᠬᠢ ᠤᠯᠤᠰ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ ᠵᠡᠷᠭᠡ ᠠᠭᠤᠯᠭ᠎ᠠ᠎ᠳᠤ ᠬᠤᠯᠪᠣᠭᠳᠠᠬᠤ᠎ᠠᠴᠠ ᠪᠤᠰᠤᠳ᠎ᠢ ᠪᠣᠯ ᠬᠠᠤᠯᠢ ᠶᠤᠰᠤᠭ᠋ᠠᠷ ᠴᠠᠭ ᠲᠣᠬᠠᠢ᠎ᠳᠤᠨᠢ ᠢᠯᠡ ᠪᠣᠯᠭ᠋ᠠᠨ᠎ᠠ᠃ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ᠎ᠪᠠᠷ ᠲᠣᠭᠲᠠᠭ᠋ᠠᠭᠳᠠᠭᠰᠠᠨ ᠮᠡᠳᠡᠭᠡ ᠵᠠᠩᠭᠢ ᠵᠢ ᠪᠣᠯ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ᠎ᠠᠴᠠ ᠪᠤᠰᠤᠳ᠎ᠲᠤᠨᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠳᠦᠷᠢᠮ》᠎ᠤᠨ ᠲᠣᠭᠲᠠᠭ᠋ᠠᠯ᠎ᠢ ᠴᠢᠩᠭ᠎ᠠ ᠵᠢᠷᠤᠮᠯᠡᠵᠦ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠪᠣᠢ ᠪᠣᠯᠣᠭᠰᠠᠨ ᠪᠤᠶᠤ ᠰᠢᠨᠡᠳᠭᠡᠵᠦ ᠬᠤᠪᠢᠷᠠᠭᠤᠯᠤᠬᠰᠠᠨ ᠡᠳᠦᠷ᠎ᠠᠴᠠ ᠡᠬᠢᠯᠡᠵᠦ 20 ᠠᠵᠢᠯ᠎ᠤᠨ ᠡᠳᠦᠷ ᠳᠤᠲᠤᠷ᠎ᠠ ᠢᠯᠡ ᠪᠣᠯᠭ᠋ᠠᠵᠤ᠂ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠵᠠᠰᠠᠭ ᠵᠠᠬᠢᠷᠭ᠋ᠠᠨ᠎ᠤ ᠰᠢᠳᠭᠡᠯ ᠲᠣᠷᠭ᠋ᠠᠭᠤᠯᠢ ᠵᠢᠨ ᠵᠦᠢ᠍ᠯᠡᠰ᠎ᠢ ᠵᠠᠰᠠᠭ ᠵᠠᠬᠢᠷᠭ᠋ᠠᠨ᠎ᠤ ᠲᠣᠭᠲᠠᠭ᠋ᠠᠯ ᠭᠠᠷᠭ᠋ᠠᠭᠰᠠᠨ ᠡᠳᠦᠷ᠎ᠠᠴᠠ ᠡᠬᠢᠯᠡᠵᠦ 7 ᠠᠵᠢᠯ᠎ᠤᠨ ᠡᠳᠦᠷ ᠲᠤᠳᠤᠷ᠎ᠠ ᠰᠦᠯᠵᠢᠶᠡᠨ ᠳᠡᠭᠡᠷ᠎ᠡ ᠢᠯᠡ ᠪᠣᠯᠭ᠋ᠠᠨ᠎ᠠ᠃ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠳᠤ ᠬᠠᠤᠯᠢ᠎ᠪᠠᠷ ᠲᠣᠭᠲᠠᠭ᠋ᠠᠭᠰᠠᠨ ᠴᠠᠭ ᠬᠤᠭᠤᠴᠠᠭ᠎ᠠ ᠪᠠ ᠰᠢᠯᠲᠠᠭ᠋ᠠᠨ᠎ᠢ ᠴᠢᠩᠭ᠎ᠠ ᠵᠢᠷᠤᠮᠯᠡᠨ ᠬᠠᠷᠢᠭᠤ ᠥᠭᠬᠦ ᠬᠡᠷᠡᠭᠲᠡᠢ᠃
      ᠭᠤᠷᠪᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ
     (ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠷᠠᠭᠤᠯᠤᠨ᠎ᠠ᠃  
      ᠡᠯ᠎ᠡ ᠱᠠᠲᠤᠨ᠎ᠤ ᠵᠠᠰᠠᠭ᠎ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ᠎ᠨᠢ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠨ᠂ ᠡᠭᠦᠷᠭᠡ ᠵᠢ ᠨᠠᠶ᠋ᠢᠳᠠᠪᠤᠷᠢᠵᠢᠭᠤᠯᠬᠤ ᠵᠢ ᠴᠢᠩᠭ᠎ᠠ ᠠᠳᠬᠤᠵᠤ᠂ ᠡᠭᠦᠨ ᠵᠶ᠋ᠠᠷ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠭᠦᠨᠵᠡᠭᠡᠶ᠋ᠢᠷᠡᠭᠦᠯᠬᠦ ᠵᠢᠨ ᠪᠦᠲᠦᠮᠵᠢᠲᠡᠢ ᠭᠠᠷᠳᠠᠴᠠ ᠪᠣᠯᠭ᠋ᠠᠬᠤ ᠬᠡᠷᠡᠭᠲᠡᠢ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠢ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠠᠵᠢᠯ᠎ᠤᠨ ᠬᠤᠪᠢᠶᠠᠷᠢᠯᠠᠯ ᠵᠶ᠋ᠠᠨ ᠲᠤᠳᠤᠷᠬᠠᠶ᠋ᠢᠯᠠᠨ᠂ ᠬᠠᠷᠢᠭᠤᠴᠠᠯᠭ᠎ᠠ᠎ᠪᠠᠨ ᠪᠠᠲᠤᠳᠬᠠᠬᠤ ᠬᠡᠷᠡᠭᠲᠡᠢ᠂ ᠵᠠᠰᠠᠭ᠎ᠤᠨ ᠣᠷᠳᠣᠨ᠎ᠤ ᠠᠯᠪᠠᠨ ᠲᠢᠩᠭᠢᠮ (ᠭᠡᠷ)᠎ᠨᠢ ᠵᠣᠬᠢᠶᠠᠨ ᠪᠠᠶ᠋ᠢᠭᠤᠯᠵᠤ ᠵᠣᠬᠢᠴᠠᠭᠤᠯᠬᠤ ᠰᠠᠯᠠᠭ᠎ᠠ ᠮᠦᠴᠢᠷ ᠪᠤᠯᠤᠭᠰᠠᠨ᠎ᠤ ᠬᠤᠪᠢ᠎ᠳᠤ᠂ ᠬᠥᠭᠵᠢᠭᠦᠯᠦᠯᠲᠡ ᠦᠭᠡᠷᠡᠴᠢᠯᠡᠯᠲᠡ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠵᠢᠯᠲᠠ᠂ ᠡᠳ᠋᠎ᠤᠨ ᠵᠠᠰᠠᠭ᠂ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠂ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠣᠷᠣᠨ ᠰᠠᠭᠤᠴᠠ ᠬᠤᠲᠠ ᠬᠦᠳᠡᠭᠡ ᠵᠢᠨ ᠪᠦᠲᠦᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠲᠠᠷᠢᠶᠠᠯᠠᠩ᠂ ᠬᠤᠳᠠᠯᠳᠤᠭ᠋ᠠᠨ᠎ᠤ ᠶᠠᠪᠤᠳᠠᠯ᠂ ᠡᠷᠡᠭᠦᠯ ᠬᠠᠮᠠᠭ᠋ᠠᠯᠠᠯ ᠲᠦᠯᠦᠪᠯᠡᠭᠡᠲᠦ ᠦᠷᠡᠵᠢᠯ᠂ ᠬᠢᠨᠠᠨ ᠪᠣᠳᠣᠯᠲᠠ᠂ ᠤᠯᠤᠰ᠎ᠤᠨ ᠦᠮᠴᠢᠯᠡᠯᠲᠦ ᠡᠳ᠋ ᠬᠦᠷᠦᠩᠭᠡ ᠵᠢᠨ ᠬᠢᠨᠠᠯᠲᠠ ᠬᠠᠮᠢᠶᠠᠷᠤᠯᠲᠠ᠂ ᠭᠠᠶ᠋ᠢᠯᠢ ᠵᠢᠨ ᠶᠠᠪᠤᠳᠠᠯ᠂ ᠣᠢ ᠰᠢᠭᠤᠢ᠂ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠡᠷᠭᠡ ᠰᠠᠯᠠᠭ᠎ᠠ ᠮᠦᠴᠢᠷ ᠵᠢᠴᠢ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠤᠮᠵᠢ᠎ᠲᠠᠢ ᠬᠠᠮᠲᠤᠷᠠᠨ᠂ ᠲᠤᠳᠤᠷᠬᠠᠢ ᠠᠵᠢᠯ᠎ᠤᠨ ᠬᠠᠷᠠᠯᠲᠠ ᠪᠠ ᠪᠣᠲᠠᠲᠠᠢ ᠠᠵᠢᠯ᠎ᠤᠨ ᠲᠣᠬᠢᠷᠠᠭᠤᠯᠤᠯᠲᠠ ᠵᠢ ᠳᠤᠷᠠᠳᠴᠤ᠂ ᠬᠢᠨᠠᠮᠠᠭ᠋ᠠᠢ᠎ᠪᠠᠷ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠵᠢᠨ ᠬᠠᠮᠲᠤ᠂ ᠵᠠᠰᠠᠭ᠎ᠤᠨ ᠶᠠᠪᠤᠳᠠᠯ᠎ᠤᠨ ᠶᠠᠷᠢᠶ᠎ᠠ ᠬᠡᠯᠡᠯᠴᠡᠭᠡ ᠵᠢ ᠬᠢᠨᠠᠨ ᠰᠢᠨᠵᠢᠬᠦ ᠪᠠ ᠬᠠᠷᠢᠭᠤ ᠲᠤᠰᠬᠠᠬᠤ ᠵᠢ ᠰᠠᠶ᠋ᠢᠲᠤᠷ ᠬᠢᠵᠦ᠂ ᠡᠭᠦᠷᠭᠡ ᠵᠢ ᠵᠦᠢ᠍ᠯ ᠳᠠᠷᠠᠭ᠋ᠠᠯᠠᠨ ᠨᠠᠶ᠋ᠢᠳᠠᠪᠤᠷᠢᠵᠢᠭᠤᠯᠬᠤ᠎ᠪᠠᠨ ᠦᠨᠡᠨᠬᠦ ᠪᠠᠲᠤᠯᠠᠬᠤ ᠬᠡᠷᠡᠭᠲᠡᠢ᠃
     (ᠬᠤᠶᠠᠷ) ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠴᠢᠩᠭ᠋ᠠᠳᠬᠠᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠢ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠪᠠᠶ᠋ᠢᠴᠠᠭ᠋ᠠᠬᠤ ᠬᠡᠷᠡᠭᠲᠡᠢ᠂ ᠭᠤᠣᠯᠳᠠᠭᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠭᠰᠠᠨ ᠪᠠᠶ᠋ᠢᠳᠠᠯ᠂ ᠢᠯᠡ ᠪᠣᠯᠭ᠋ᠠᠬᠤ ᠬᠦᠴᠦᠨ ᠲᠡᠭᠦᠯᠳᠡᠷ ᠬᠤᠭᠤᠴᠠᠭ᠎ᠠ᠂ ᠠᠷᠠᠯᠵᠢᠶᠠᠨ᠎ᠤ ᠲᠡᠪᠴᠡᠩ᠎ᠤᠨ ᠡᠵᠡᠮᠳᠡᠵᠦ ᠪᠠᠶ᠋ᠢᠭ᠎ᠠ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠪᠠ ᠢᠯᠡ ᠪᠣᠯᠭ᠋ᠠᠭᠰᠠᠨ ᠪᠠᠶ᠋ᠢᠳᠠᠯ ᠵᠡᠷᠭᠡ ᠪᠠᠭᠲᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ᠎ᠨᠢ ᠲᠤᠰ ᠬᠦᠷᠢᠶᠡᠨ᠎ᠳᠠᠬᠢ ᠠᠵᠢᠯ᠎ᠤᠨ ᠠᠬᠢᠴᠠ ᠵᠢᠨ ᠪᠠᠶ᠋ᠢᠳᠠᠯ ᠵᠶ᠋ᠠᠨ ᠠᠳᠠᠯᠢ ᠱᠠᠲᠤᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠲᠤ ᠵᠢᠯ ᠪᠦᠷᠢ ᠮᠡᠳᠡᠭᠦᠯᠬᠦ ᠵᠢᠨ ᠬᠠᠮᠲᠤ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠭᠰᠠᠨ ᠣᠨ᠎ᠤ ᠮᠡᠳᠡᠭᠦᠯᠦᠯᠲᠡ᠎ᠳᠤ ᠨᠡᠶ᠋ᠢᠲᠡᠯᠡᠵᠦ᠂ ᠨᠡᠶ᠋ᠢᠭᠡᠮ ᠨᠡᠶ᠋ᠢᠲᠡ᠂ ᠰᠣᠨᠢᠨ ᠮᠡᠳᠡᠭᠡ ᠵᠠᠭᠤᠴᠢᠯᠠᠭᠤᠷ᠎ᠤᠨ ᠬᠢᠨᠠᠯᠲᠠ ᠲᠠᠯᠪᠢᠯᠲᠠ ᠵᠢ ᠬᠦᠯᠢᠶᠡᠬᠦ ᠬᠡᠷᠡᠭᠲᠡᠢ᠃
     (ᠭᠤᠷᠪᠠ) ᠰᠢᠯᠭ᠋ᠠᠨ ᠬᠢᠨᠠᠵᠤ ᠦᠨᠡᠯᠡᠨ ᠵᠢᠱ᠌ᠢᠬᠦ ᠵᠢ ᠰᠠᠶ᠋ᠢᠲᠤᠷ ᠬᠢᠨ᠎ᠡ᠃ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠢ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠬᠠᠮᠢᠶ᠎ᠠ ᠪᠦᠬᠦᠢ ᠲᠣᠭᠲᠠᠭ᠋ᠠᠯ ᠶᠤᠰᠤᠭ᠋ᠠᠷ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠵᠠᠰᠠᠭ᠎ᠤᠨ ᠶᠠᠪᠤᠳᠠᠯ᠎ᠤᠨ ᠢᠯᠡ ᠪᠣᠯᠭ᠋ᠠᠬᠤ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠬᠡᠪᠴᠢᠶᠡᠨ᠎ᠳᠤ ᠣᠷᠤᠭᠤᠯᠵᠤ᠂ ᠰᠢᠯᠭ᠋ᠠᠨ ᠬᠢᠨᠠᠬᠤ ᠡᠷᠴᠢᠮ ᠵᠶ᠋ᠠᠨ ᠴᠢᠩᠭ᠋ᠠᠷᠠᠭᠤᠯᠬᠤ ᠵᠢᠨ ᠬᠠᠮᠲᠤ᠂ ᠭᠤᠷᠪᠠᠳᠡᠬᠢ ᠡᠲᠡᠭᠡᠳ᠎ᠠᠴᠠ ᠦᠨᠡᠯᠡᠨ ᠵᠢᠱ᠌ᠢᠬᠦ ᠲᠣᠭᠲᠠᠴᠠ ᠵᠢ ᠲᠠᠲᠠᠨ ᠣᠷᠤᠭᠤᠯᠬᠤ᠎ᠪᠠᠷ ᠰᠦᠪᠡᠭᠴᠢᠯᠡᠵᠦ᠂ ᠠᠵᠢᠯ᠎ᠤᠨ ᠪᠦᠲᠦᠮᠵᠢᠲᠡᠢ ᠦᠷᠨᠢᠭᠦᠯᠬᠦ ᠵᠢ ᠠᠬᠢᠭᠤᠯᠬᠤ ᠬᠡᠷᠡᠭᠲᠡᠢ᠃ ᠤᠷᠮᠠᠰᠢᠭᠤᠯᠬᠤ ᠪᠠ ᠬᠦᠯᠢᠶᠡᠰᠦᠯᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠢᠯᠡ ᠪᠣᠯᠭ᠋ᠠᠬᠤ ᠡᠭᠦᠷᠭᠡ ᠬᠠᠷᠢᠭᠤᠴᠠᠯᠭ᠎ᠠ᠎ᠪᠠᠨ ᠬᠠᠮᠢᠶ᠎ᠠ ᠪᠦᠬᠦᠢ ᠲᠣᠭᠲᠠᠭ᠋ᠠᠯ ᠪᠠ ᠱᠠᠭ᠋ᠠᠷᠳᠠᠯᠭ᠎ᠠ ᠶᠤᠰᠤᠭ᠋ᠠᠷ ᠭᠦᠢ᠍ᠴᠡᠳᠭᠡᠭᠰᠡᠨ ᠦᠭᠡᠢ ᠪᠣᠯ ᠨᠡᠪᠲᠡᠷᠡᠭᠦᠯᠦᠨ ᠮᠡᠳᠡᠭᠡᠯᠡᠵᠦ ᠰᠢᠭᠦᠮᠵᠢᠯᠡᠬᠦ ᠵᠢᠨ ᠬᠠᠮᠲᠤ᠂ ᠣᠨ᠎ᠤ ᠰᠢᠯᠭ᠋ᠠᠨ ᠬᠢᠨᠠᠬᠤ ᠠᠵᠢᠯ᠎ᠳᠤ ᠢᠯᠡᠷᠡᠭᠦᠯᠬᠦ ᠬᠡᠷᠡᠭᠲᠡᠢ; ᠠᠵᠢᠯ᠎ᠤᠨ ᠦᠷ᠎ᠡ ᠪᠦᠲᠦᠮᠵᠢ᠎ᠪᠠᠷ ᠳᠤᠪᠤᠶ᠋ᠢᠮ᠎ᠠ ᠪᠠᠶ᠋ᠢᠪᠠᠯ᠂ ᠰᠠᠶ᠋ᠢᠰᠢᠶᠠᠨ ᠬᠦᠬᠢᠭᠦᠯᠬᠦ᠎ᠪᠠᠷ ᠨᠡᠪᠲᠡᠷᠡᠭᠦᠯᠦᠨ ᠮᠡᠳᠡᠭᠡᠯᠡᠨ᠎ᠡ᠃
                              2017 ᠣᠨ᠎ᠤ 12 ᠳ᠋ᠤᠭ᠋ᠠᠷ ᠰᠠᠷ᠎ᠠ ᠵᠢᠨ 19᠎ᠤ ᠡᠳᠦᠷ
                               (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)

ᠨᠡᠶ᠋ᠢᠬᠡᠮ᠎ᠤᠨ ᠨᠡᠶ᠋ᠢᠳᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠳᠠ ᠵᠢᠨ ᠭᠦᠷᠢᠶᠡᠨ᠎ᠳᠠᠬᠢ ᠵᠠᠰᠠᠭ᠎ᠤᠨ ᠤᠷᠳᠤᠨ᠎ᠤ ᠮᠡᠳᠡᠭᠡ ᠵᠠᠩᠬᠢ ᠵᠢᠨ ᠢᠯᠡ ᠪᠤᠯᠭ᠋ᠠᠬᠤ ᠵᠢ ᠠᠬᠢᠭᠤᠯᠬᠤ ᠲᠤᠬᠠᠢ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ ᠰᠠᠨᠠᠯ
(ᠲᠦᠷᠦ ᠠᠯᠪᠠᠨ ᠲᠠᠷᠬᠠᠭ᠋ᠠᠨᠨᠰᠠᠨ [2018] 10 ᠳ᠋ᠤᠭ᠋ᠠᠷ ᠲᠤᠭ᠋ᠠᠳᠤ)

ᠡᠯ᠎ᠡ ᠮᠤᠵᠢ᠂ ᠦᠪᠡᠷᠳᠡᠬᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠡᠯ᠎ᠡ ᠶᠠᠮᠤᠨ ᠵᠦᠪᠯᠡᠯ᠂ ᠡᠯ᠎ᠡ ᠰᠢᠭᠤᠳ ᠬᠠᠷᠢᠶ᠎ᠠ ᠪᠠᠶ᠋ᠢᠭᠤᠯᠤᠮᠵᠢ᠎ᠳᠤ᠄
      ᠨᠡᠶ᠋ᠢᠬᠡᠮ᠎ᠤᠨ ᠨᠡᠶ᠋ᠢᠳᠡ ᠵᠢᠨ ᠠᠰᠠᠷᠠᠮᠵᠢ ᠵᠢᠨ ᠦᠢ᠍ᠯᠡᠰ ᠪᠤᠯ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠨᠡᠮᠡᠭᠳᠡᠬᠦᠯᠬᠦ᠂ ᠨᠡᠶ᠋ᠢᠬᠡᠮ᠎ᠤᠨ ᠲᠦᠮᠡᠨ ᠤᠯᠠᠨ᠎ᠳᠤ ᠠᠰᠢᠭ ᠭᠦᠷᠳᠡᠬᠡᠬᠦ ᠦᠢ᠍ᠯᠡᠰ ᠮᠦᠨ᠂ ᠲᠡᠷᠡ᠎ᠨᠢ ᠠᠵᠦ ᠠᠬᠤᠢ ᠨᠡᠶ᠋ᠢᠬᠡᠮ᠎ᠤᠨ ᠭᠦᠭᠵᠢᠯᠳᠡ ᠵᠢᠨ ᠵᠤᠬᠢᠴᠠᠩᠭᠤᠢ ᠭᠦᠭᠵᠢᠯᠳᠡ᠎ᠳᠤ ᠬᠤᠯᠪᠤᠨᠨᠳᠠᠵᠦ᠂ ᠠᠷᠠᠳ᠎ᠤᠨ ᠠᠮᠢᠳᠤᠷᠠᠯ᠎ᠢ ᠪᠠᠳᠤᠯᠠᠨ ᠰᠠᠶ᠋ᠢᠵᠢᠷᠠᠭᠤᠯᠬᠤ᠂ ᠨᠡᠶ᠋ᠢᠬᠡᠮ᠎ᠤᠨ ᠡᠶ᠎ᠡ ᠵᠤᠬᠢᠴᠠᠯ ᠪᠠ ᠲᠤᠨᠨᠳᠠᠭᠤᠨ ᠪᠠᠶ᠋ᠢᠳᠠᠯ᠎ᠢ ᠠᠬᠢᠭᠤᠯᠬᠤ᠂ ᠦᠨᠳᠦᠰᠦᠳᠡᠨ᠎ᠤ ᠵᠤᠷᠢᠭ ᠰᠠᠨᠠᠭ᠎ᠠ ᠵᠢ ᠤᠯᠠᠮᠵᠢᠯᠠᠨ ᠵᠠᠯᠭ᠋ᠠᠮᠵᠢᠯᠠᠬᠤ᠂ ᠨᠡᠶ᠋ᠢᠬᠡᠮ᠎ᠤᠨ ᠬᠡᠪ ᠵᠠᠩᠰᠢᠯ᠎ᠢ ᠭᠦᠳᠦᠯᠦᠨ ᠵᠢᠯᠤᠭᠤᠳᠬᠤ᠎ᠳᠤ ᠴᠢᠬᠤᠯᠠ ᠠᠴᠢ ᠬᠤᠯᠪᠤᠨᠨᠳᠠᠯ᠎ᠲᠠᠢ ᠶᠤᠮ᠃ ᠤᠶ᠋ᠢᠷ᠎ᠠ ᠵᠢᠨ ᠵᠢᠯ᠎ᠤᠳ᠎ᠲᠤ᠂ ᠮᠠᠨ᠎ᠤ ᠤᠯᠤᠰ᠎ᠤᠨ ᠨᠡᠶ᠋ᠢᠬᠡᠮ᠎ᠤᠨ ᠨᠡᠶ᠋ᠢᠳᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠳᠠ ᠮᠡᠳᠡᠭᠳᠡᠬᠦᠶ᠋ᠢᠴᠡ ᠠᠮᠵᠢᠯᠳᠠ ᠪᠦᠳᠦᠮᠵᠢ ᠤᠯᠵᠦ᠂ ᠨᠡᠶ᠋ᠢᠬᠡᠮ᠎ᠤᠨ ᠡᠯ᠎ᠡ ᠡᠳᠡᠬᠡᠳ᠎ᠤᠨ᠎ᠬᠢᠨ᠎ᠤ ᠤᠷᠤᠯᠴᠠᠬᠤ ᠤᠷᠬᠢᠯᠦᠮ᠎ᠠ ᠰᠡᠳᠬᠢᠯᠬᠡ ᠪᠠ ᠬᠠᠯᠠᠮᠵᠢᠯᠠᠨ ᠠᠩᠬᠠᠷᠴᠤ ᠪᠠᠶ᠋ᠢᠭ᠎ᠠ ᠬᠡᠮᠵᠢᠶ᠎ᠡ ᠤᠯᠠᠮ᠎ᠠᠴᠠ ᠤᠯᠠᠮ ᠨᠡᠮᠡᠭᠳᠡᠭᠰᠡᠨ ᠪᠤᠯᠪᠠᠴᠤ᠂ ᠮᠦᠨᠬᠦ ᠰᠠᠨᠠᠭ᠋ᠠᠴᠢᠯᠠᠭ᠎ᠠ᠎ᠠᠴᠠ᠎ᠪᠠᠨ᠂ ᠴᠠᠭ ᠲᠤᠬᠠᠢ᠎ᠳᠤᠨᠢ᠂ ᠪᠦᠭᠦ ᠲᠠᠯ᠎ᠠ᠎ᠪᠠᠷ ᠬᠠᠮᠢᠶ᠎ᠠ ᠪᠦᠭᠦᠢ ᠮᠡᠳᠡᠭᠡ ᠵᠠᠩᠬᠢ ᠵᠢ ᠢᠯᠡ ᠪᠤᠯᠭ᠋ᠠᠬᠤ ᠦᠬᠡᠢ᠂ ᠨᠡᠶ᠋ᠢᠳᠡ ᠤᠯᠠᠨ᠎ᠤ ᠠᠩᠬᠠᠷᠤᠯ ᠲᠠᠯᠪᠢᠵᠦ ᠪᠠᠶ᠋ᠢᠭ᠎ᠠ ᠵᠦᠢ᠍ᠯ᠎ᠳᠤ ᠲᠠᠶ᠋ᠢᠯᠤᠮᠵᠢ ᠬᠢᠵᠦ ᠭᠦᠳᠦᠯᠦᠨ ᠵᠢᠯᠤᠭᠤᠳᠬᠤ᠎ᠪᠠᠷ ᠭᠦᠷᠦᠯᠴᠡᠬᠦ ᠦᠬᠡᠢ ᠵᠡᠷᠬᠡ ᠠᠰᠠᠭᠤᠳᠠᠯ ᠤᠷᠤᠰᠢᠵᠦ ᠪᠠᠶ᠋ᠢᠬᠤ ᠪᠤᠯᠬᠤᠷ᠂ ᠨᠡᠶ᠋ᠢᠬᠡᠮ᠎ᠤᠨ ᠨᠡᠶ᠋ᠢᠳᠡ ᠵᠢᠨ ᠠᠰᠠᠷᠠᠮᠵᠢ ᠵᠢᠨ ᠦᠢ᠍ᠯᠡᠰ᠎ᠤᠨ ᠨᠡᠶ᠋ᠢᠳᠡ᠎ᠳᠤ ᠢᠳᠡᠬᠡᠬᠦᠯᠬᠦ ᠭᠦᠴᠦᠨ ᠪᠠ ᠲᠦᠪ ᠭᠤᠤᠯᠴᠢ ᠴᠢᠨᠠᠷ᠎ᠲᠤ ᠵᠤᠬᠢᠬᠤ ᠬᠡᠮᠵᠢᠶᠡᠨ᠎ᠤ ᠬᠤᠬᠢᠷᠠᠯ ᠤᠴᠠᠷᠠᠭᠤᠯᠪᠠ᠃ ᠨᠡᠶ᠋ᠢᠬᠡᠮ᠎ᠤᠨ ᠨᠡᠶ᠋ᠢᠳᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠳᠠ ᠵᠢᠨ ᠭᠦᠷᠢᠶᠡᠨ᠎ᠳᠠᠬᠢ ᠵᠠᠰᠠᠭ᠎ᠤᠨ ᠤᠷᠳᠤᠨ᠎ᠤ ᠮᠡᠳᠡᠭᠡ ᠵᠠᠩᠬᠢ ᠵᠢ ᠢᠯᠡ ᠪᠤᠯᠭ᠋ᠠᠬᠤ ᠠᠵᠢᠯ᠎ᠢ ᠤᠯᠠᠮ ᠨᠢᠬᠡ ᠠᠯᠬᠤᠮ ᠠᠬᠢᠭᠤᠯᠵᠦ᠂ ᠤᠯᠤᠰ᠎ᠤᠨ ᠵᠠᠰᠠᠯᠳᠠ ᠵᠢᠨ ᠰᠢᠰᠲ᠋ᠧᠮᠵᠢ ᠪᠠ ᠵᠠᠰᠠᠯᠳᠠ ᠵᠢᠨ ᠴᠢᠳᠠᠪᠤᠷᠢ ᠵᠢᠨ ᠤᠳᠤᠬᠢᠴᠢᠯᠠᠯᠳᠠ ᠵᠢ ᠠᠬᠢᠭᠤᠯᠬᠤ ᠵᠢᠨ ᠲᠤᠰᠠᠳᠠ᠂ ᠲᠦᠷᠦ ᠵᠢᠨ ᠶᠠᠪᠤᠳᠠᠯ᠎ᠤᠨ ᠬᠤᠷᠢᠶ᠎ᠠ᠎ᠪᠠᠷ ᠵᠦᠪᠰᠢᠶᠡᠷᠡᠬᠦᠯᠦᠬᠡᠳ᠂ ᠡᠳᠦᠬᠡ ᠲᠤᠤᠷᠠᠬᠢ ᠮᠡᠳᠦ ᠰᠠᠨᠠᠯ᠎ᠢ ᠲᠤᠷᠠᠳᠪᠠ᠃
      ᠨᠢᠬᠡ᠂ ᠶᠡᠷᠦᠩᠬᠡᠢ ᠱᠠᠭ᠋ᠠᠷᠳᠠᠯᠭ᠎ᠠ
     (ᠨᠢᠬᠡ) ᠵᠢᠯᠤᠭᠤᠳᠬᠤ ᠦᠵᠡᠯ ᠰᠠᠨᠠᠭ᠎ᠠ᠃ ᠨᠠᠮ᠎ᠤᠨ ᠠᠷᠪᠠ ᠶᠢᠰᠦᠳᠦᠬᠡᠷ ᠶᠡᠭᠡ ᠬᠤᠷᠠᠯ᠎ᠤᠨ ᠵᠤᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠦ᠂ ᠰᠢ ᠵᠢᠨ ᠫᠢᠩ᠎ᠤᠨ ᠰᠢᠨ᠎ᠠ ᠴᠠᠭ ᠦᠶ᠎ᠡ ᠵᠢᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠬᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠬᠤ ᠵᠢ ᠪᠠᠷᠢᠮᠳᠠᠯᠠᠨ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠪᠦᠭᠦ ᠲᠠᠯ᠎ᠠ᠎ᠪᠠᠷ ᠠᠬᠢᠭᠤᠯᠬᠤ ᠲᠤᠬᠠᠢ ᠨᠠᠮ᠎ᠤᠨ ᠲᠦᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠪᠠᠶ᠋ᠢᠷᠢᠯᠠᠭᠤᠯᠤᠯᠳᠠ ᠪᠠ ᠱᠠᠭ᠋ᠠᠷᠳᠠᠯᠭ᠎ᠠ ᠶᠤᠰᠤᠭ᠋ᠠᠷ᠂ ᠨᠡᠶ᠋ᠢᠬᠡᠮ᠎ᠤᠨ ᠨᠡᠶ᠋ᠢᠳᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠳᠠ ᠵᠢᠨ ᠵᠢᠮ᠎ᠠ ᠶᠤᠰᠤ ᠪᠠ ᠤᠨᠴᠠᠯᠢᠭ᠎ᠢ ᠤᠨᠤᠪᠴᠢᠳᠠᠢ᠎ᠪᠠᠷ ᠡᠵᠡᠮᠳᠡᠵᠦ᠂ ᠮᠡᠳᠡᠭᠡ ᠵᠠᠩᠬᠢ ᠵᠢ ᠢᠯᠡ ᠪᠤᠯᠭ᠋ᠠᠬᠤ ᠡᠷᠴᠢᠮ ᠵᠶ᠋ᠠᠨ ᠤᠯᠠᠮ ᠨᠢᠬᠡ ᠠᠯᠬᠤᠮ ᠴᠢᠩᠭ᠋ᠠᠳᠬᠠᠨ᠂ ᠢᠯᠠ ᠪᠤᠯᠭ᠋ᠠᠬᠤ ᠭᠤᠤᠯᠳᠠᠯᠭ᠎ᠠ ᠵᠢ ᠲᠤᠳᠤᠷᠬᠠᠶ᠋ᠢᠯᠠᠵᠦ᠂ ᠢᠯᠡ ᠪᠤᠯᠭ᠋ᠠᠬᠤ ᠠᠭᠤᠯᠭ᠎ᠠ ᠵᠢ ᠨᠠᠷᠢᠯᠢᠨᠨᠵᠢᠭᠤᠯᠤᠨ᠂ ᠢᠯᠡ ᠪᠤᠯᠭ᠋ᠠᠬᠤ ᠵᠢᠨ ᠪᠤᠳᠠᠳᠤ ᠦᠷ᠎ᠡ ᠪᠦᠳᠦᠮᠵᠢ ᠵᠢ ᠴᠢᠩᠭ᠋ᠠᠳᠬᠠᠵᠦ᠂ ᠨᠡᠶ᠋ᠢᠬᠡᠮ᠎ᠤᠨ ᠨᠡᠶ᠋ᠢᠳᠡ ᠵᠢᠨ ᠠᠰᠠᠷᠠᠮᠵᠢ ᠵᠢᠨ ᠦᠢ᠍ᠯᠡᠰ᠎ᠤᠨ ᠢᠯᠡ ᠲᠤᠳᠤ ᠵᠢᠨ ᠬᠡᠮᠵᠢᠶ᠎ᠡ ᠵᠢ ᠲᠠᠰᠤᠷᠠᠯᠳᠠ ᠦᠬᠡᠢ ᠲᠡᠬᠡᠭᠰᠢᠯᠡᠬᠦᠯᠦᠨ᠂ ᠠᠷᠠᠳ ᠤᠯᠠᠨ᠎ᠳᠤ ᠨᠡᠩ ᠤᠯᠠᠨ ᠭᠦᠷᠳᠡᠬᠡᠯ᠎ᠤᠨ ᠮᠡᠳᠡᠷᠡᠮᠵᠢ᠂ ᠵᠤᠯ ᠵᠢᠷᠭ᠋ᠠᠯᠳᠤ ᠰᠡᠳᠬᠢᠭᠳᠡᠯ᠂ ᠠᠮᠤᠷ ᠲᠦᠪᠰᠢᠨ᠎ᠤ ᠲᠦᠷᠦᠭᠳᠡᠯ ᠤᠯᠭᠤᠵᠦ᠂ ᠨᠠᠮ ᠪᠠ ᠵᠠᠰᠠᠭ᠎ᠤᠨ ᠤᠷᠳᠤᠨ᠎ᠳᠤ ᠢᠳᠡᠬᠡᠯ᠎ᠲᠠᠢ ᠪᠠᠶ᠋ᠢᠬᠤ ᠵᠢ᠎ᠨᠢ ᠴᠢᠩᠭ᠋ᠠᠷᠠᠭᠤᠯᠤᠨ᠎ᠠ᠃
     (ᠬᠤᠶᠠᠷ) ᠦᠨᠳᠦᠰᠦᠨ ᠵᠠᠷᠴᠢᠮ᠃ ᠬᠠᠤᠯᠢ ᠲᠦᠷᠢᠮ ᠶᠤᠰᠤᠭ᠋ᠠᠷ ᠠᠵᠢᠯᠯᠠᠬᠤ ᠵᠢ ᠪᠠᠷᠢᠮᠳᠠᠯᠠᠵᠦ᠂ ᠬᠠᠤᠯᠢ ᠴᠠᠭ᠋ᠠᠵᠠ ᠬᠠᠤᠯᠢ ᠲᠤᠨᠨᠳᠠᠭ᠋ᠠᠯ᠎ᠳᠤ ᠴᠠᠭ᠋ᠠᠵᠠᠯᠬᠠᠰᠠᠨ ᠲᠤᠨᠨᠳᠠᠭ᠋ᠠᠯ᠎ᠲᠠᠢ ᠪᠠᠶ᠋ᠢᠬᠤ᠎ᠠᠴᠠ ᠪᠤᠰᠤᠳ᠂ ᠨᠡᠶ᠋ᠢᠬᠡᠮ᠎ᠤᠨ ᠨᠡᠶ᠋ᠢᠳᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠳᠠ ᠵᠢᠨ ᠭᠦᠷᠢᠶᠡᠨ᠎ᠳᠠᠬᠢ ᠵᠠᠰᠠᠭ᠎ᠤᠨ ᠤᠷᠳᠤᠨ᠎ᠤ ᠮᠡᠳᠡᠭᠡ ᠵᠠᠩᠬᠢ ᠵᠢ ᠵᠠᠪᠠᠯ ᠰᠠᠨᠠᠭ᠋ᠠᠴᠢᠯᠠᠭ᠎ᠠ᠎ᠠᠴᠠ᠎ᠪᠠᠨ ᠪᠦᠭᠦ ᠲᠠᠯ᠎ᠠ᠎ᠪᠠᠷ ᠪᠦᠭᠦᠨ᠎ᠢ ᠢᠯᠡ ᠪᠤᠯᠭ᠋ᠠᠬᠤ ᠬᠡᠷᠡᠭᠳᠡᠢ᠃ ᠭᠤᠤᠯᠳᠠᠯᠭ᠎ᠠ ᠵᠢ ᠲᠤᠪᠤᠶ᠋ᠢᠯᠭ᠋ᠠᠬᠤ ᠵᠢ ᠪᠠᠷᠢᠮᠳᠠᠯᠠᠵᠦ᠂ ᠠᠷᠠᠳ ᠤᠯᠠᠨ᠎ᠤ ᠬᠠᠮᠤᠭ᠎ᠠᠴᠠ ᠰᠡᠳᠬᠢᠯ ᠲᠠᠯᠪᠢᠵᠦ ᠪᠠᠶ᠋ᠢᠭ᠎ᠠ ᠬᠠᠮᠤᠭ᠎ᠤᠨ ᠰᠢᠭᠤᠳ ᠬᠠᠮᠤᠭ᠎ᠤᠨ ᠪᠤᠳᠠᠳᠠᠢ ᠠᠰᠢᠭ ᠲᠤᠰᠠ ᠵᠢᠨ ᠠᠰᠠᠭᠤᠳᠠᠯ᠎ᠤᠨ ᠲᠤᠭᠤᠷᠢᠨ᠎ᠳᠤ᠂ ᠬᠠᠮᠢᠶ᠎ᠠ ᠪᠦᠭᠦᠢ ᠮᠡᠳᠡᠭᠡ ᠵᠠᠩᠬᠢ ᠵᠢ ᠢᠯᠡ ᠪᠤᠯᠭ᠋ᠠᠬᠤ ᠭᠤᠤᠯ ᠴᠤᠨᠨᠴᠠ᠂ ᠠᠭᠤᠯᠭ᠎ᠠ᠂ ᠪᠠᠷᠢᠮᠵᠢᠶ᠎ᠠ᠂ ᠠᠷᠭ᠎ᠠ ᠬᠡᠯᠪᠡᠷᠢ᠂ ᠲᠡᠰ ᠲᠠᠷᠠᠭ᠋ᠠᠯᠠᠯ᠎ᠢ ᠲᠤᠳᠤᠷᠬᠠᠶ᠋ᠢᠯᠠᠬᠤ ᠬᠡᠷᠡᠭᠳᠡᠢ᠃ ᠠᠷᠠᠳ᠎ᠲᠤ ᠪᠦᠳᠦᠮᠵᠢ ᠰᠠᠶ᠋ᠢᠳᠠᠢ᠎ᠪᠠᠷ ᠲᠦᠭᠦᠮ ᠦᠵᠡᠬᠦᠯᠬᠦ ᠵᠢ ᠪᠠᠷᠢᠮᠳᠠᠯᠠᠵᠦ᠂ ᠦᠨᠳᠦᠰᠦᠨ ᠱᠠᠳᠤᠨ᠎ᠳᠤ ᠬᠠᠨᠳᠤᠭᠤᠯᠤᠨ᠂ ᠤᠯᠠᠨ ᠲᠦᠮᠡᠨ᠎ᠲᠠᠢ ᠤᠶ᠋ᠢᠷᠠᠳᠴᠤ᠂ ᠤᠯᠠᠨ ᠵᠦᠢ᠍ᠯ᠎ᠤᠨ ᠠᠷᠭ᠎ᠠ ᠬᠡᠯᠪᠡᠷᠢ ᠵᠢ ᠬᠡᠷᠡᠭᠯᠡᠵᠦ ᠪᠠᠶ᠋ᠢᠭ᠋ᠠᠳ ᠮᠡᠳᠡᠭᠡ ᠵᠠᠩᠬᠢ ᠨᠡᠶ᠋ᠢᠳᠡᠯᠡᠬᠦ᠂ ᠲᠦᠷᠦ ᠵᠢᠨ ᠪᠤᠳᠤᠯᠭ᠎ᠠ᠎ᠳᠤ ᠲᠠᠶ᠋ᠢᠯᠤᠮᠵᠢ ᠬᠢᠬᠦ᠂ ᠭᠦᠳᠦᠯᠦᠨ ᠵᠢᠯᠤᠭᠤᠳᠬᠤ᠎ᠪᠠᠨ ᠴᠢᠩᠭ᠋ᠠᠳᠬᠠᠵᠦ᠂ ᠤᠯᠠᠨ ᠲᠦᠮᠡᠨ᠎ᠤ ᠲᠠᠨᠢᠵᠦ ᠮᠡᠳᠡᠬᠦ᠂ ᠤᠶ᠋ᠢᠯᠠᠭ᠋ᠠᠬᠤ ᠪᠠ ᠬᠢᠨᠠᠯᠳᠠ ᠲᠠᠯᠪᠢᠬᠤ᠎ᠳᠤ ᠲᠦᠭᠦᠮ ᠦᠵᠡᠬᠦᠯᠦᠨ᠎ᠠ᠃ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠪᠠᠷᠢᠮᠳᠠᠯᠠᠨ᠂ ᠢᠯᠡ ᠪᠤᠯᠭ᠋ᠠᠬᠤ᠎ᠪᠠᠷ ᠵᠢᠷᠤᠮᠵᠢᠯ᠎ᠢ ᠠᠬᠢᠭᠤᠯᠵᠦ᠂ ᠦᠢ᠍ᠯᠡᠴᠢᠯᠡᠭᠡ ᠵᠢ ᠠᠬᠢᠭᠤᠯᠵᠦ᠂ ᠵᠠᠰᠠᠯᠳᠠ ᠵᠢ ᠠᠬᠢᠭᠤᠯᠵᠦ᠂ ᠬᠠᠮᠳᠤ᠎ᠪᠠᠷ ᠪᠠᠶ᠋ᠢᠭᠤᠯᠵᠦ ᠬᠠᠮᠳᠤ᠎ᠪᠠᠷ ᠵᠠᠰᠠᠵᠦ ᠬᠠᠮᠳᠤ᠎ᠪᠠᠷ ᠭᠦᠷᠳᠡᠬᠦ ᠵᠢ ᠠᠬᠢᠭᠤᠯᠤᠨ᠂ ᠨᠡᠶ᠋ᠢᠬᠡᠮ᠎ᠤᠨ ᠨᠡᠶ᠋ᠢᠳᠡ ᠵᠢᠨ ᠠᠰᠠᠷᠠᠮᠵᠢ ᠵᠢᠨ ᠦᠢ᠍ᠯᠡᠰ᠎ᠤᠨ ᠡᠷᠡᠭᠦᠯ ᠪᠦᠬᠡᠳ ᠡᠮᠬᠢ ᠵᠢᠷᠤᠮ᠎ᠲᠠᠢ᠎ᠪᠠᠷ ᠭᠦᠭᠵᠢᠬᠦ ᠵᠢ ᠠᠬᠢᠭᠤᠯᠬᠤ ᠬᠡᠷᠡᠭᠳᠡᠢ᠃
     (ᠭᠤᠷᠪᠠ) ᠠᠵᠢᠯ᠎ᠤᠨ ᠬᠠᠷᠠᠯᠳᠠ᠃ 3 ᠵᠢᠯ ᠤᠷᠴᠢᠮ᠎ᠤᠨ ᠴᠢᠷᠮᠠᠶ᠋ᠢᠯᠠᠭ᠎ᠠ᠎ᠪᠠᠷ ᠲᠠᠮᠵᠢᠨ᠂ ᠢᠯᠠ ᠪᠤᠯᠭ᠋ᠠᠬᠤ ᠠᠭᠤᠯᠭ᠎ᠠ᠎ᠳᠤ ᠨᠡᠶ᠋ᠢᠬᠡᠮ᠎ᠤᠨ ᠨᠡᠶ᠋ᠢᠳᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠳᠠ ᠵᠢᠨ ᠡᠯ᠎ᠡ ᠭᠦᠷᠢᠶ᠎ᠡ᠂ ᠡᠯ᠎ᠡ ᠵᠠᠩᠬᠢᠯᠠᠭ᠎ᠠ ᠵᠢ ᠬᠠᠮᠤᠷᠤᠭᠤᠯᠵᠦ᠂ ᠢᠯᠡ ᠪᠤᠯᠭ᠋ᠠᠬᠤ ᠠᠵᠢᠯ᠎ᠤᠨ ᠲᠦᠷᠢᠮᠵᠢᠬᠦ᠂ ᠵᠢᠷᠤᠮᠵᠢᠬᠤ᠂ ᠪᠠᠷᠢᠮᠵᠢᠶᠠᠵᠢᠬᠤ ᠬᠢᠷᠢ ᠬᠡᠮᠵᠢᠶ᠎ᠡ ᠵᠢ ᠮᠡᠳᠡᠭᠳᠡᠬᠦᠶ᠋ᠢᠴᠡ ᠨᠡᠮᠡᠭᠳᠡᠬᠦᠯᠦᠨ᠂ ᠨᠡᠶ᠋ᠢᠬᠡᠮ᠎ᠤᠨ ᠨᠡᠶ᠋ᠢᠳᠡ ᠵᠢᠨ ᠠᠰᠠᠷᠠᠮᠵᠢ ᠵᠢᠨ ᠦᠢ᠍ᠯᠡᠰ᠎ᠤᠨ ᠢᠯᠡ ᠲᠤᠳᠤ ᠵᠢᠨ ᠬᠡᠮᠵᠢᠶ᠎ᠡ ᠵᠢ ᠢᠯᠡᠳᠳᠡ ᠳᠡᠭᠡᠭᠰᠢᠯᠡᠭᠦᠯᠵᠦ᠂ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠡᠬᠢ ᠪᠠᠶᠠᠯᠢᠭ᠎ᠤᠨ ᠲᠤᠬᠢᠷᠠᠭᠤᠯᠤᠯᠳᠠ ᠵᠢ ᠨᠡᠩ ᠡᠷᠬᠡ ᠲᠡᠭᠰᠢ ᠲᠥᠪ ᠭᠤᠣᠯᠴᠢ ᠪᠤᠯᠭ᠋ᠠᠨ᠂ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠲᠠᠬᠢ ᠨᠡᠶ᠋ᠢᠲᠡ ᠵᠢᠨ ᠠᠰᠠᠷᠠᠮᠵᠢ ᠵᠢᠨ ᠬᠠᠷᠢᠶᠠᠯᠬᠠᠳᠠᠬᠤ ᠴᠢᠨᠠᠷ᠎ᠢ ᠨᠡᠩ ᠰᠠᠶ᠋ᠢᠲᠤᠷ ᠢᠯᠡᠷᠡᠬᠦᠯᠵᠦ᠂ ᠪᠦᠬᠦ ᠨᠡᠶ᠋ᠢᠭᠡᠮ ᠵᠶ᠋ᠠᠷ ᠵᠶ᠋ᠠᠨ ᠨᠡᠶ᠋ᠢᠲᠡ ᠵᠢᠨ ᠠᠰᠠᠷᠠᠮᠵᠢ ᠵᠢ ᠬᠠᠯᠠᠮᠵᠢᠯᠠᠬᠤ᠂ ᠨᠡᠶ᠋ᠢᠲᠡ ᠵᠢᠨ ᠠᠰᠠᠷᠠᠮᠵᠢ ᠵᠢ ᠲᠡᠮᠵᠢᠬᠦ᠂ ᠨᠡᠶ᠋ᠢᠲᠡ ᠵᠢᠨ ᠠᠰᠠᠷᠠᠮᠵᠢ᠎ᠳᠤ ᠣᠷᠣᠯᠴᠠᠬᠤ ᠠᠭᠤᠷ ᠠᠮᠢᠰᠬᠤᠯ᠎ᠢ᠎ᠨᠢ ᠨᠡᠩ ᠦᠳᠬᠡᠷᠡᠭᠦᠯᠦᠨ᠎ᠠ᠃
      ᠬᠤᠶᠠᠷ᠂ ᠢᠯᠡ ᠪᠤᠯᠭ᠋ᠠᠬᠤ ᠠᠭᠤᠯᠭ᠎ᠠ ᠵᠢ ᠲᠤᠳᠤᠷᠬᠠᠶ᠋ᠢᠯᠠᠨ᠎ᠠ
     (ᠨᠢᠭᠡ) ᠰᠢᠢ᠍ᠳᠪᠦᠷᠢᠲᠦ ᠪᠤᠳᠤᠯᠭ᠎ᠠ ᠵᠢᠨ ᠮᠡᠳᠡᠭᠡ ᠵᠠᠩᠭᠢ ᠵᠢ ᠢᠯᠡ ᠪᠤᠯᠭ᠋ᠠᠬᠤ ᠬᠡᠷᠡᠭᠳᠡᠢ᠃ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠴᠢᠬᠤᠯᠠ ᠶᠡᠭᠡ ᠰᠢᠢ᠍ᠳᠪᠦᠷᠢᠲᠦ ᠪᠤᠳᠤᠯᠭ᠎ᠠ ᠵᠢᠨ ᠢᠯᠡ ᠪᠣᠯᠭ᠋ᠠᠬᠤ ᠡᠷᠴᠢᠮ᠎ᠢ ᠴᠢᠩᠭ᠋ᠠᠷᠠᠭᠤᠯᠵᠤ᠂ ᠤᠯᠠᠨ ᠲᠦᠮᠡᠨ᠎ᠤ ᠠᠰᠢᠭ ᠲᠤᠰᠠ ᠵᠢ ᠰᠢᠭᠤᠳ ᠨᠦᠯᠦᠬᠡᠯᠡᠬᠦ᠂ ᠨᠡᠶ᠋ᠢᠭᠡᠮ᠎ᠤᠨ ᠠᠩᠬᠠᠷᠤᠯ᠎ᠢ ᠳᠡᠭᠡᠳᠦ ᠬᠡᠮᠵᠢᠶ᠎ᠡ᠎ᠪᠠᠷ ᠲᠠᠲᠠᠭᠰᠠᠨ ᠴᠢᠬᠤᠯᠠ ᠶᠡᠭᠡ ᠥᠭᠡᠷᠡᠴᠢᠯᠡᠯᠲᠡ ᠵᠢᠨ ᠲᠥᠰᠦᠯ᠂ ᠴᠢᠬᠤᠯᠠ ᠶᠡᠭᠡ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ᠂ ᠭᠤᠣᠯᠳᠠᠯᠭ᠎ᠠ᠎ᠲᠠᠢ ᠪᠦᠳᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ ᠵᠡᠷᠭᠡ᠎ᠳᠤ ᠬᠠᠨᠳᠤᠭᠤᠯᠤᠨ᠂ ᠡᠯ᠎ᠡ ᠲᠠᠯ᠎ᠠ ᠵᠢᠨ᠎ᠬᠢᠨ᠎ᠤ ᠵᠦᠢ ᠵᠣᠬᠢᠰᠲᠠᠶ ᠰᠠᠨᠠᠯ᠎ᠢ ᠥᠷᠭᠡᠨ ᠵᠶ᠋ᠠᠷ ᠬᠤᠷᠢᠶᠠᠬᠤ ᠵᠢᠨ ᠬᠠᠮᠳᠤ ᠰᠢᠢ᠍ᠳᠪᠦᠷᠢᠲᠦ ᠪᠤᠳᠤᠯᠭ᠎ᠠ ᠲᠤᠨᠨᠳᠠᠭ᠋ᠠᠬᠤ ᠶᠠᠪᠤᠴᠠ᠎ᠳᠤ ᠢᠯᠡᠷᠡᠭᠦᠯᠵᠦ᠂ ᠪᠤᠳᠠᠳᠠᠢ᠎ᠲᠠᠢ᠎ᠪᠠᠨ ᠤᠶᠠᠯᠳᠤᠭᠤᠯᠵᠤ ᠪᠠᠶ᠋ᠢᠭ᠋ᠠᠳ ᠰᠠᠨᠠᠯ᠎ᠢ ᠬᠥᠯᠢᠶᠡᠨ ᠠᠪᠴᠤ ᠬᠡᠷᠡᠭᠯᠡᠭᠰᠡᠨ ᠪᠠᠶ᠋ᠢᠳᠠᠯ ᠵᠶ᠋ᠠᠨ ᠠᠯᠢ ᠴᠢᠳᠠᠬᠤ᠎ᠪᠠᠷ ᠢᠯᠡ ᠪᠣᠯᠭ᠋ᠠᠬᠤ ᠬᠡᠷᠡᠭᠲᠡᠶ᠃ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠴᠢᠬᠤᠯᠠ ᠶᠡᠭᠡ ᠰᠢᠢ᠍ᠳᠪᠦᠷᠢᠲᠦ ᠪᠤᠳᠤᠯᠭ᠎ᠠ ᠵᠢ ᠢᠯᠡ ᠪᠣᠯᠭ᠋ᠠᠬᠤ ᠵᠢᠨ ᠪᠤᠳᠠᠳᠤ ᠦᠷ᠎ᠡ ᠪᠦᠳᠦᠮᠵᠢ᠎ᠪᠠᠨ ᠲᠡᠬᠡᠭᠰᠢᠯᠡᠬᠦᠯᠦᠨ᠂ ᠢᠯᠠ ᠪᠣᠯᠭ᠋ᠠᠬᠤ᠎ᠠᠴᠠ ᠡᠮᠦᠨᠡᠬᠢ ᠢᠯᠡ ᠪᠤᠯᠭ᠋ᠠᠬᠤ ᠵᠢᠨ ᠦᠷ᠎ᠡ ᠨᠦᠯᠦᠬᠡ ᠵᠢ ᠬᠢᠨᠠᠮᠠᠭ᠋ᠠᠶ ᠦᠨᠡᠯᠡᠨ ᠵᠢᠱ᠌ᠢᠵᠦ᠂ ᠠᠳᠠᠭ᠋ᠠᠷᠬᠠᠨ ᠮᠦᠴᠡᠬᠡᠷᠬᠡᠬᠦ᠂ ᠲᠦᠷᠬᠢᠷᠡᠬᠦᠯᠬᠦ ᠵᠡᠷᠬᠡ ᠴᠢᠬᠤᠯᠠ ᠪᠤᠰᠤ ᠦᠵᠡᠭᠳᠡᠯ ᠡᠭᠦᠰᠬᠦ᠎ᠠᠴᠠ ᠵᠠᠶ᠋ᠢᠯᠠᠭᠤᠯᠤᠨ᠂ ᠢᠯᠡ ᠪᠣᠯᠭ᠋ᠠᠭᠰᠠᠨ᠎ᠤ ᠳᠠᠷᠠᠭ᠎ᠠ᠎ᠪᠠᠷ ᠨᠡᠶ᠋ᠢᠳᠡ ᠤᠯᠠᠨ᠎ᠤ ᠲᠤᠷᠠᠳᠤᠨᠨᠰᠠᠨ ᠬᠠᠮᠢᠶ᠎ᠠ ᠪᠦᠭᠦᠢ ᠰᠠᠨᠠᠯ᠎ᠳᠤ ᠬᠢᠨᠠᠮᠠᠭ᠋ᠠᠶ ᠬᠠᠨᠳᠤᠬᠤ ᠵᠢᠨ ᠬᠠᠮᠳᠤ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠶ᠃
     (ᠬᠤᠶᠠᠷ) ᠬᠠᠮᠢᠶᠠᠷᠤᠯᠲᠠ ᠪᠠ ᠦᠢ᠍ᠯᠡᠴᠢᠯᠡᠭᠡᠨ᠎ᠤ ᠮᠡᠳᠡᠭᠡ ᠵᠠᠩᠭᠢ ᠵᠢ ᠢᠯᠡ ᠪᠤᠯᠭ᠋ᠠᠬᠤ ᠬᠡᠷᠡᠭᠳᠡᠢ᠃ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠢ ᠡᠷᠬᠢᠯᠡᠵᠦ ᠪᠠᠶ᠋ᠢᠭ᠎ᠠ ᠤᠯᠠᠨ ᠨᠡᠶ᠋ᠢᠳᠡ ᠵᠢᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠬᠡᠴᠡ᠂ ᠨᠡᠶ᠋ᠢᠬᠡᠮ᠎ᠤᠨ ᠵᠤᠬᠢᠶᠠᠨ ᠪᠠᠶ᠋ᠢᠭᠤᠯᠤᠯᠳᠠ ᠵᠢᠨ ᠨᠡᠷᠡᠰ᠎ᠤᠨ ᠵᠢᠨᠨᠰᠠᠭ᠋ᠠᠯᠳᠠ᠂ ᠲᠠᠩᠰᠠᠯᠠᠨ ᠲᠡᠮᠳᠡᠭᠯᠡᠬᠦᠯᠵᠦ᠂ ᠬᠤᠪᠢᠷᠠᠭ᠋ᠠᠬᠤ᠂ ᠬᠦᠴᠦᠨ ᠦᠭᠡᠢ ᠪᠣᠯᠭ᠋ᠠᠬᠤ ᠵᠡᠷᠭᠡ ᠬᠢᠨᠠᠨ ᠵᠦᠪᠰᠢᠶᠡᠷᠡᠭᠦᠯᠬᠦ ᠮᠡᠳᠡᠭᠡ ᠵᠠᠩᠭᠢ᠂ ᠣᠨ᠎ᠤ ᠪᠠᠶ᠋ᠢᠴᠠᠭ᠋ᠠᠯᠲᠠ ᠤᠨ᠎ᠤ ᠮᠡᠳᠡᠭᠦᠯᠦᠯᠲᠡ᠂ ᠦᠨᠡᠯᠡᠨ ᠵᠢᠱ᠌ᠢᠭᠰᠡᠨ ᠪᠠᠶ᠋ᠢᠴᠠᠭ᠋ᠠᠯᠳᠠ᠂ ᠱᠠᠩᠨᠠᠯ ᠬᠦᠬᠢᠭᠦᠯᠦᠯ ᠪᠠ ᠰᠢᠳᠬᠡᠯ ᠲᠤᠷᠭ᠋ᠠᠭᠤᠯᠢ ᠵᠡᠷᠭᠡ ᠬᠠᠮᠢᠶᠠᠷᠤᠯᠲᠠ ᠵᠢᠨ ᠮᠡᠳᠡᠭᠡ ᠵᠠᠩᠭᠢ ᠵᠢ ᠭᠤᠣᠯᠳᠠᠯᠭ᠎ᠠ᠎ᠲᠠᠢ ᠢᠯᠡ ᠪᠤᠯᠭ᠋ᠠᠬᠤ ᠬᠡᠷᠡᠭᠳᠡᠢ᠃ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠨᠠᠷᠢᠨ ᠬᠠᠭᠤᠳᠠᠰᠤ᠂ ᠦᠢ᠍ᠯᠡᠴᠢᠯᠡᠭᠡᠨ᠎ᠤ ᠵᠦᠭᠯᠡᠬᠦᠷ᠂ ᠦᠢ᠍ᠯᠡᠴᠢᠯᠡᠭᠡᠨ᠎ᠤ ᠪᠠᠷᠢᠮᠵᠢᠶ᠎ᠠ᠂ ᠪᠠᠳᠤᠯᠠᠭ᠎ᠠ ᠵᠢᠨ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠢᠯᠡ ᠪᠤᠯᠭ᠋ᠠᠵᠦ᠂ ᠵᠠᠰᠠᠭ᠎ᠤᠨ ᠣᠷᠳᠣᠨ ᠣᠯᠠᠨ ᠨᠡᠶ᠋ᠢᠲᠡ ᠵᠢᠨ ᠦᠢ᠍ᠯᠡᠴᠢᠯᠡᠭᠡ ᠬᠤᠳᠠᠯᠳᠤᠨ ᠠᠪᠬᠤ᠂ ᠵᠠᠰᠠᠭ᠎ᠤᠨ ᠣᠷᠳᠣᠨ ᠪᠠ ᠨᠡᠶ᠋ᠢᠭᠡᠮ᠎ᠤᠨ ᠬᠥᠷᠥᠩᠭᠡ ᠬᠠᠮᠳᠤᠷᠠᠯᠴᠠᠵᠦ ᠪᠠᠶ᠋ᠢᠭ᠋ᠠᠳ ᠤᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠬᠤ ᠵᠡᠷᠭᠡ ᠮᠡᠳᠡᠭᠡ ᠵᠠᠩᠭᠢ ᠵᠢ ᠴᠠᠭ ᠲᠤᠬᠠᠶ᠎ᠳᠤᠨᠢ ᠣᠨᠣᠪᠴᠢᠲᠠᠶ᠎ᠪᠠᠷ ᠢᠯᠡ ᠪᠣᠯᠭ᠋ᠠᠬᠤ ᠬᠡᠷᠡᠭᠳᠡᠢ᠃ ᠬᠤᠳᠠ ᠬᠥᠳᠡᠭᠡ ᠨᠡᠶ᠋ᠢᠭᠡᠮ ᠲᠣᠭᠤᠷᠢᠭ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠡᠯᠡᠳᠬᠡᠮᠵᠢ ᠵᠢᠨ ᠪᠦᠳᠦᠭᠡᠨ ᠪᠠᠶ᠋ᠢᠭᠤᠯᠤᠯᠲᠠ᠂ ᠡᠳ᠋᠎ᠤᠨ ᠵᠠᠰᠠᠭ᠎ᠤᠨ ᠪᠡᠯᠡ ᠮᠥᠩᠭᠦ ᠵᠢ ᠨᠡᠶ᠋ᠢᠬᠡᠮ ᠲᠤᠭᠤᠷᠢᠭ᠎ᠤᠨ ᠤᠯᠠᠨ ᠨᠡᠶ᠋ᠢᠳᠡ ᠵᠢᠨ ᠦᠢ᠍ᠯᠡᠴᠢᠯᠡᠭᠡ᠎ᠳᠤ ᠰᠢᠭᠤᠳ ᠪᠡᠯᠡ ᠤᠷᠤᠭᠤᠯᠬᠤ ᠪᠠ ᠬᠤᠳᠠᠯᠳᠤᠨ ᠠᠪᠤᠭᠤᠯᠬᠤ᠂ ᠨᠡᠶ᠋ᠢᠭᠡᠮ ᠲᠣᠭᠤᠷᠢᠭ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠂ ᠡᠳᠡᠬᠡᠳ᠂ ᠭᠦᠢ᠍ᠴᠡᠳᠬᠡᠬᠦ ᠲᠡᠰ ᠲᠠᠷᠠᠭ᠋ᠠᠯᠠᠯ᠂ ᠬᠠᠷᠢᠭᠤᠴᠠᠯᠭ᠋ᠠᠳᠤ ᠰᠠᠯᠠᠭ᠎ᠠ ᠮᠥᠴᠢᠷ᠂ ᠬᠠᠩᠭ᠋ᠠᠯᠭ᠎ᠠ ᠬᠡᠷᠡᠭᠴᠡᠬᠡᠨ᠎ᠤ ᠪᠠᠶ᠋ᠢᠳᠠᠯ ᠪᠠ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠨ ᠵᠢᠱ᠌ᠢᠬᠦ ᠵᠡᠷᠭᠡ ᠮᠡᠳᠡᠭᠡ ᠵᠠᠩᠭᠢ ᠵᠢᠨ ᠢᠯᠡ ᠪᠤᠯᠭ᠋ᠠᠬᠤ ᠵᠢ ᠠᠬᠢᠭᠤᠯᠬᠤ ᠬᠡᠷᠡᠭᠳᠡᠢ᠃
     (ᠭᠤᠷᠪᠠ) ᠬᠡᠷᠡᠭᠵᠢᠬᠦᠯᠦᠯᠳᠡ ᠪᠠ ᠦᠷ᠎ᠡ ᠳ᠋ᠦ᠍ᠢ᠍ᠩ᠎ᠤᠨ ᠮᠡᠳᠡᠭᠡ ᠵᠠᠩᠭᠢ ᠵᠢ ᠢᠯᠡ ᠪᠤᠯᠭ᠋ᠠᠬᠤ ᠬᠡᠷᠡᠭᠳᠡᠢ᠃ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠬᠤᠯᠪᠤᠨᠨᠳᠠᠯ ᠪᠦᠬᠦᠢ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠳᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠨᠨᠰᠠᠨ ᠪᠠᠶ᠋ᠢᠳᠠᠯ᠎ᠢ ᠢᠯᠡ ᠪᠣᠯᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠴᠢᠬᠤᠯᠠ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠨᠨᠰᠠᠨ ᠪᠠᠶ᠋ᠢᠳᠠᠯ᠎ᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠤᠯᠭ᠋ᠠᠵᠦ᠂ ᠤᠨᠴᠤᠭᠤᠶ᠋ᠢᠯᠠᠨ ᠤᠯᠤᠰ᠎ᠠᠴᠠ ᠭᠦᠴᠢᠷᠳᠡᠯᠳᠡᠢ ᠣᠯᠠᠨ ᠲᠦᠮᠡᠨ᠎ᠳᠤ ᠬᠠᠨᠳᠤᠭᠤᠯᠤᠭᠰᠠᠨ ᠲᠡᠳᠬᠦᠨ ᠲᠡᠮᠵᠢᠬᠦ᠂ ᠠᠪᠤᠷᠠᠨ ᠲᠤᠰᠠᠯᠠᠬᠤ ᠵᠡᠷᠭᠡ ᠲᠥᠷᠥ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠨᠨᠰᠠᠨ ᠪᠠᠶ᠋ᠢᠳᠠᠯ ᠪᠠ ᠭᠤᠣᠯ ᠦᠷ᠎ᠡ ᠪᠦᠲᠦᠮᠵᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠬᠡᠷᠡᠭᠳᠡᠢ᠃ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠲᠠ ᠵᠢᠨ ᠪᠡᠯᠡ ᠮᠥᠩᠭᠦ ᠵᠢ ᠬᠤᠪᠢᠶᠠᠷᠢᠯᠬᠠᠰᠠᠨ ᠪᠠ ᠬᠡᠷᠡᠭᠯᠡᠭᠰᠡᠨ ᠪᠠᠶ᠋ᠢᠳᠠᠯ ᠵᠶ᠋ᠠᠨ ᠢᠯᠡ ᠪᠤᠯᠭ᠋ᠠᠬᠤ ᠵᠢ ᠭᠦᠨᠵᠡᠬᠡᠶ᠋ᠢᠷᠡᠬᠦᠯᠵᠦ᠂ ᠪᠡᠯᠡ ᠮᠥᠩᠭᠦ ᠵᠢᠨ ᠪᠤᠳᠠᠳᠠᠢ ᠭᠦᠢ᠍ᠯᠭᠡᠭᠡᠨ᠎ᠤ ᠬᠠᠨᠳᠤᠰᠢ ᠵᠢ ᠤᠨᠤᠪᠴᠢᠳᠠᠢ ᠲᠡᠮᠳᠡᠭᠯᠡᠬᠦ ᠵᠢᠨ ᠬᠠᠮᠳᠤ ᠨᠡᠶ᠋ᠢᠭᠡᠮ᠎ᠳᠤ ᠢᠯᠡ ᠪᠣᠯᠭ᠋ᠠᠬᠤ ᠬᠡᠷᠡᠭᠳᠡᠢ᠃ ᠱᠠᠩᠨᠠᠯᠳᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠦ ᠵᠢ ᠬᠡᠷᠡᠭᠯᠡᠭᠰᠡᠨ ᠬᠡᠪᠴᠢᠶ᠎ᠡ᠂ ᠵᠤᠭᠤᠰ ᠵᠶ᠋ᠠᠷ ᠲᠤᠰᠠᠯᠬᠠᠰᠠᠨ ᠲᠦᠷᠦᠯ ᠵᠦᠢ᠍ᠯ᠂ ᠬᠡᠷᠡᠭᠵᠢᠬᠦᠯᠦᠭᠰᠡᠨ ᠪᠠᠶ᠋ᠢᠳᠠᠯ ᠪᠠ ᠪᠣᠳᠠᠲᠤ ᠦᠷ᠎ᠡ ᠨᠦᠯᠦᠬᠡ ᠵᠡᠷᠭᠡ ᠮᠡᠳᠡᠭᠡ ᠵᠠᠩᠭᠢ ᠵᠢᠨ ᠢᠯᠡ ᠪᠣᠯᠭ᠋ᠠᠬᠤ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠳᠡᠢ᠃ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠲᠠ᠎ᠳᠤ ᠦᠨᠡᠯᠡᠨ ᠵᠢᠱ᠌ᠢᠯᠳᠠ ᠦᠷᠨᠢᠬᠦᠯᠬᠦ ᠵᠢ ᠵᠤᠷᠢᠨᠨᠵᠢᠭᠤᠯᠤᠨ᠂ ᠲᠦᠷᠦ ᠵᠢᠨ ᠪᠤᠳᠣᠯᠭ᠎ᠠ ᠵᠢ ᠨᠠᠶ᠋ᠢᠳᠠᠪᠤᠷᠢᠵᠢᠭᠤᠯᠤᠨᠨᠰᠠᠨ ᠦᠷ᠎ᠡ ᠨᠦᠯᠦᠬᠡ ᠵᠢ ᠰᠢᠨᠵᠢᠯᠡᠬᠦ ᠤᠬᠠᠭ᠋ᠠᠨᠴᠢ᠎ᠪᠠᠷ ᠰᠢᠯᠭ᠋ᠠᠨ ᠦᠨᠡᠯᠡᠵᠦ᠂ ᠦᠨᠡᠯᠡᠨ ᠵᠢᠱ᠌ᠢᠭᠰᠡᠨ ᠦᠷ᠎ᠡ ᠳ᠋ᠦ᠍ᠢ᠍ᠩ ᠵᠶ᠋ᠠᠨ ᠴᠠᠭ ᠲᠤᠬᠠᠢ᠎ᠳᠤᠨᠢ ᠢᠯᠡ ᠪᠤᠯᠭ᠋ᠠᠬᠤ ᠬᠡᠷᠡᠭᠲᠡᠶ᠃
      ᠭᠤᠷᠪᠠ᠂ ᠢᠯᠡ ᠪᠣᠯᠭ᠋ᠠᠬᠤ ᠭᠤᠣᠯᠳᠠᠯᠭ᠎ᠠ ᠵᠢ ᠲᠤᠪᠤᠶ᠋ᠢᠯᠭ᠋ᠠᠨ᠎ᠠ
      ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ ᠪᠠ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠨᠢ ᠨᠡᠶ᠋ᠢᠭᠡᠮ᠎ᠤᠨ᠎ᠬᠢᠨ᠎ᠤ ᠳᠡᠭᠡᠳᠦ ᠬᠡᠮᠵᠢᠶ᠎ᠡ᠎ᠪᠠᠷ ᠠᠩᠬᠠᠷᠴᠤ ᠪᠠᠶ᠋ᠢᠭ᠎ᠠ᠂ ᠨᠡᠶ᠋ᠢᠲᠡ ᠵᠢᠨ ᠠᠰᠠᠷᠠᠮᠵᠢ ᠵᠢᠨ ᠰᠢᠨᠵᠢ ᠪᠠᠶ᠋ᠢᠳᠠᠯ ᠵᠶ᠋ᠠᠷ ᠶᠡᠭᠡ ᠪᠠᠶ᠋ᠢᠳᠠᠭ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ ᠵᠶ᠋ᠠᠷ ᠭᠤᠣᠯᠳᠠᠯᠭ᠎ᠠ ᠪᠣᠯᠭ᠋ᠠᠨ᠂ ᠶᠠᠳᠠᠭᠤ᠎ᠠᠴᠠ ᠠᠩᠭᠢᠵᠢᠷᠠᠭᠤᠯᠬᠤ ᠰᠢᠪᠳᠤᠯᠤᠯᠳᠠ ᠵᠢᠨ ᠲᠠᠶ᠋ᠢᠯᠠᠯᠳᠤᠭ᠋ᠠᠨ᠂ ᠨᠡᠶ᠋ᠢᠭᠡᠮ᠎ᠤᠨ ᠠᠪᠤᠷᠠᠨ ᠲᠤᠰᠠᠯᠠᠯᠳᠠ ᠪᠠ ᠨᠡᠶ᠋ᠢᠭᠡᠮ᠎ᠤᠨ ᠠᠰᠠᠷᠠᠮᠵᠢ᠂ ᠰᠤᠷᠭ᠋ᠠᠨ ᠭᠦᠮᠦᠵᠢᠯ᠂ ᠦᠨᠳᠦᠰᠦᠨ ᠡᠮᠴᠢᠯᠡᠭᠡ ᠡᠷᠡᠭᠦᠯ ᠬᠠᠮᠠᠭ᠋ᠠᠯᠠᠯ᠂ ᠣᠷᠴᠢᠨ ᠲᠤᠭᠤᠷᠢᠨ᠎ᠤ ᠬᠠᠮᠠᠭ᠋ᠠᠯᠠᠯᠲᠠ᠂ ᠭᠠᠢ ᠭᠠᠮᠰᠢᠭ᠎ᠤᠨ ᠠᠳᠡᠯ ᠬᠡᠷᠡᠭ᠎ᠤᠨ ᠠᠪᠤᠷᠠᠯᠳᠠ᠂ ᠤᠯᠠᠨ ᠨᠡᠶ᠋ᠢᠲᠡ ᠵᠢᠨ ᠰᠣᠶᠣᠯ ᠪᠡᠶ᠎ᠡ ᠵᠢᠨ ᠲᠠᠮᠢᠷ ᠵᠡᠷᠭᠡ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠬᠡᠷᠡᠭᠲᠡᠶ᠃ ᠡᠭᠦᠨ᠎ᠤ ᠬᠠᠮᠲᠤ ᠣᠷᠣᠨ ᠪᠦᠰᠡ᠂ ᠠᠵᠢᠯ ᠲᠥᠷᠥᠯ᠎ᠤᠨ ᠣᠨᠴᠠᠯᠢᠭ᠎ᠢ ᠦᠨᠳᠦᠰᠦᠯᠡᠵᠦ᠂ ᠲᠤᠰ ᠭᠠᠵᠠᠷ ᠣᠷᠣᠨ᠂ ᠲᠤᠰ ᠠᠵᠢᠯ ᠲᠥᠷᠥᠯ᠎ᠤᠨ ᠭᠤᠣᠯᠳᠠᠯᠭ᠎ᠠ᠎ᠲᠠᠢ ᠢᠯᠡ ᠪᠣᠯᠭ᠋ᠠᠬᠤ ᠪᠤᠰᠤᠳ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠤᠯᠠᠮ ᠨᠢᠬᠡ ᠠᠯᠬᠤᠮ ᠲᠤᠳᠤᠷᠬᠠᠶ᠋ᠢᠯᠠᠨ᠂ ᠮᠡᠳᠡᠭᠡ ᠵᠠᠩᠭᠢ ᠵᠢ ᠢᠯᠡ ᠪᠣᠯᠭ᠋ᠠᠬᠤ ᠬᠡᠪᠴᠢᠶ᠎ᠡ᠎ᠪᠠᠨ ᠲᠠᠰᠤᠷᠠᠯᠲᠠ ᠦᠭᠡᠢ ᠦᠷᠬᠡᠳᠬᠡᠬᠦ ᠬᠡᠷᠡᠭᠳᠡᠢ᠃
     (ᠨᠢᠭᠡ) ᠶᠠᠳᠠᠭᠤ᠎ᠠᠴᠠ ᠠᠩᠭᠢᠵᠢᠷᠠᠭᠤᠯᠬᠤ ᠰᠢᠪᠳᠤᠯᠤᠯᠳᠠ ᠵᠢᠨ ᠲᠠᠶ᠋ᠢᠯᠠᠯᠳᠤᠭ᠋ᠠᠨ᠎ᠤ ᠭᠦᠷᠢᠶ᠎ᠡ᠃ 《ᠬᠡᠨ᠎ᠢ ᠲᠡᠳᠬᠦᠬᠦ᠂ ᠬᠡᠨ ᠲᠡᠳᠬᠦᠬᠦ᠂ ᠬᠡᠷᠬᠢᠨ ᠲᠡᠳᠬᠦᠬᠦ᠂ ᠶᠠᠭ᠋ᠠᠬᠢᠵᠤ ᠪᠤᠴᠠᠭ᠋ᠠᠨ ᠭᠠᠷᠭ᠋ᠠᠬᠤ》 ᠵᠢᠨ ᠲᠤᠭᠤᠷᠢᠨ᠎ᠳᠤ᠂ ᠲᠤᠶ᠋ᠢᠯ᠎ᠤᠨ ᠤᠨᠤᠪᠴᠢᠳᠠᠢ᠎ᠪᠠᠷ ᠶᠠᠳᠠᠭᠤ ᠵᠢ ᠲᠡᠳᠬᠦᠬᠦ᠂ ᠲᠤᠶ᠋ᠢᠯ᠎ᠤᠨ ᠤᠨᠤᠪᠴᠢᠳᠠᠢ᠎ᠪᠠᠷ ᠶᠠᠳᠠᠭᠤ᠎ᠠᠴᠠ ᠠᠩᠭᠢᠵᠢᠷᠠᠭᠤᠯᠬᠤ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠤᠯᠠᠮ ᠨᠢᠬᠡ ᠠᠯᠬᠤᠮ ᠰᠠᠶ᠋ᠢᠲᠤᠷ ᠬᠢᠬᠦ ᠬᠡᠷᠡᠭᠲᠡᠶ᠃ ᠶᠠᠳᠠᠭᠤ ᠵᠢ ᠲᠡᠳᠬᠦᠬᠦ ᠲᠦᠷᠦ ᠵᠢᠨ ᠪᠤᠳᠤᠯᠭ᠎ᠠ᠂ ᠶᠠᠳᠠᠭᠤ ᠵᠢ ᠲᠡᠳᠬᠦᠬᠦ ᠲᠥᠯᠥᠪᠵᠢᠭᠦᠯᠭᠡ᠂ ᠶᠠᠳᠠᠭᠤ ᠵᠢ ᠲᠡᠳᠬᠦᠬᠦ ᠲᠥᠷᠥᠯ ᠵᠦᠢ᠍ᠯ᠎ᠤᠨ ᠨᠡᠷᠡᠶ᠋ᠢᠳᠦᠯ᠂ ᠪᠡᠯᠠ ᠮᠥᠩᠭᠦ ᠵᠢᠨ ᠢᠷᠡᠯᠳᠠ᠂ ᠬᠡᠷᠡᠭᠵᠢᠬᠦᠯᠬᠦ᠎ᠪᠠᠷ ᠲᠤᠨᠨᠳ᠋ᠬᠠᠰᠠᠨ ᠬᠤᠭᠤᠴᠠᠭ᠎ᠠ᠂ ᠵᠢᠱ᠌ᠢᠭᠰᠡᠨ ᠬᠠᠷᠠᠯᠲᠠ᠂ ᠬᠡᠷᠡᠭᠵᠢᠭᠦᠯᠦᠭᠰᠡᠨ ᠦᠷ᠎ᠡ ᠳ᠋ᠦ᠍ᠢ᠍ᠩ᠂ ᠬᠡᠷᠡᠭᠵᠢᠭᠦᠯᠬᠦ ᠨᠢᠭᠡᠴᠡ ᠵᠢᠴᠢ ᠬᠠᠷᠢᠭᠤᠴᠠᠯᠭ᠋ᠠᠳᠠᠨ᠂ ᠢᠯᠡᠴᠢᠯᠡᠨ ᠮᠡᠳᠡᠭᠦᠯᠬᠦ ᠤᠳᠠᠰᠤ᠂ ᠪᠠᠶ᠋ᠢᠴᠠᠭ᠋ᠠᠵᠤ ᠰᠢᠯᠭ᠋ᠠᠨ ᠬᠤᠷᠢᠶᠠᠵᠦ ᠠᠪᠤᠭᠰᠠᠨ ᠦᠷ᠎ᠡ ᠳ᠋ᠦ᠍ᠢ᠍ᠩ ᠵᠡᠷᠭᠡ ᠮᠡᠳᠡᠭᠡ ᠵᠠᠩᠭᠢ ᠵᠢ ᠴᠠᠭ᠎ᠲᠤᠨᠢ ᠨᠡᠶ᠋ᠢᠭᠡᠮ ᠲᠠᠶᠠᠭ᠋ᠠᠷ᠎ᠲᠤ ᠨᠡᠶ᠋ᠢᠲᠡᠯᠡᠵᠦ᠂ ᠣᠨᠴᠠ ᠲᠣᠭᠲᠠᠭᠰᠠᠨ ᠣᠷᠣᠨ ᠪᠦᠰᠡ ᠵᠢᠨ ᠤᠨᠴᠤᠭᠤᠢ ᠬᠠᠷᠠᠭ᠋ᠠᠯᠵᠠᠬᠤ ᠭᠦᠮᠦᠰ᠎ᠲᠤ ᠭᠦᠴᠢᠷᠳᠡᠯᠳᠡᠢ ᠡᠰᠡᠬᠦ ᠵᠢ ᠢᠯᠭ᠋ᠠᠨ ᠲᠤᠳᠤᠯᠠᠬᠤ᠂ ᠭᠦᠴᠢᠷᠳᠡᠯᠳᠡᠢ ᠪᠠᠶ᠋ᠢᠭ᠎ᠠ ᠵᠢᠨ ᠲᠤᠭ᠋ᠠᠨ᠎ᠠᠴᠠ ᠪᠤᠴᠠᠭ᠋ᠠᠨ ᠭᠠᠷᠭ᠋ᠠᠬᠤ᠂ ᠶᠠᠳᠠᠭᠤ ᠵᠢ ᠲᠡᠳᠬᠦᠬᠦ ᠪᠡᠯᠡ ᠮᠥᠩᠭᠦ ᠵᠢᠨ ᠬᠤᠪᠢᠶᠠᠷᠢᠯᠬᠠᠰᠠᠨ ᠪᠠ ᠬᠡᠷᠡᠭᠯᠡᠭᠰᠡᠨ ᠪᠠᠶ᠋ᠢᠳᠠᠯ᠂ ᠬᠠᠪᠰᠤᠷᠤᠨ ᠲᠡᠳᠬᠦᠬᠦ ᠬᠠᠷᠢᠭᠤᠴᠠᠯᠭ᠋ᠠᠲᠠᠨ᠂ ᠶᠠᠳᠠᠭᠤ ᠵᠢ ᠲᠡᠳᠬᠦᠬᠦ ᠦᠷ᠎ᠡ ᠪᠦᠲᠦᠮᠵᠢ ᠵᠡᠷᠭᠡ ᠮᠡᠳᠡᠭᠡ ᠵᠠᠩᠭᠢ ᠵᠢ ᠢᠯᠡ ᠪᠤᠯᠭ᠋ᠠᠬᠤ ᠬᠡᠷᠡᠭᠳᠡᠢ᠃ ᠮᠡᠷᠭᠡᠵᠢᠯ᠎ᠤᠨ ᠠᠷᠭ᠎ᠠ ᠠᠪᠴᠢᠯ ᠬᠡᠷᠡᠭᠯᠡᠬᠦ ᠵᠢ ᠴᠢᠬᠤᠯᠠᠴᠢᠯᠠᠬᠤ᠎ᠪᠠᠷ ᠲᠠᠮᠵᠢᠨ ᠢᠯᠠ ᠪᠤᠯᠭ᠋ᠠᠨᠨᠰᠠᠨ ᠮᠡᠳᠡᠭᠡ ᠵᠠᠩᠭᠢ᠎ᠳᠤ ᠬᠠᠶ᠋ᠢᠯᠳᠠ ᠬᠢᠵᠦ ᠪᠤᠯᠬᠤ᠂ ᠬᠠᠷᠭᠤᠭᠤᠯᠤᠨ ᠬᠢᠨᠠᠵᠦ ᠪᠤᠯᠬᠤ᠂ ᠠᠰᠢᠭᠯᠠᠵᠤ ᠪᠣᠯᠬᠤ ᠵᠢ ᠪᠡᠶᠡᠯᠡᠬᠦᠯᠵᠦ᠂ ᠶᠠᠳᠠᠭᠤ᠎ᠠᠴᠠ ᠠᠩᠭᠢᠵᠢᠷᠠᠭᠤᠯᠬᠤ ᠰᠢᠪᠳᠤᠯᠤᠯᠳᠠ ᠵᠢᠨ ᠲᠠᠶ᠋ᠢᠯᠠᠯᠳᠤᠭ᠋ᠠᠨ᠎ᠤ ᠦᠢ᠍ᠯᠡᠰ᠎ᠲᠤ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠤᠷᠤᠯᠴᠠᠬᠤ᠎ᠳᠤ ᠦᠢ᠍ᠯᠡᠴᠢᠯᠡᠭᠡ ᠬᠠᠩᠭ᠋ᠠᠵᠤ᠂ ᠠᠷᠠᠳ ᠤᠯᠠᠨ᠎ᠤ ᠬᠢᠨᠠᠯᠲᠠ ᠲᠠᠯᠪᠢᠬᠤ᠎ᠳᠤ ᠲᠦᠭᠦᠮ ᠦᠵᠡᠬᠦᠯᠬᠦ ᠬᠡᠷᠡᠭᠳᠡᠢ᠃
     (ᠬᠤᠶᠠᠷ) ᠨᠡᠶ᠋ᠢᠭᠡᠮ᠎ᠤᠨ ᠠᠪᠤᠷᠠᠨ ᠲᠤᠰᠠᠯᠠᠯᠳᠠ ᠪᠠ ᠨᠡᠶ᠋ᠢᠭᠡᠮ᠎ᠤᠨ ᠠᠰᠠᠷᠠᠮᠵᠢ ᠵᠢᠨ ᠬᠦᠷᠢᠶ᠎ᠡ᠃ ᠭᠤᠤᠯᠳᠠᠭᠤ ᠬᠤᠳᠠ ᠬᠥᠳᠡᠭᠡ ᠵᠢᠨ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ᠂ ᠣᠨᠴᠠ ᠭᠦᠴᠢᠷᠳᠡᠯᠳᠡᠢ ᠬᠥᠮᠦᠰ᠎ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠭᠠᠮᠰᠢᠨᠨᠳ᠋ᠬᠠᠰᠠᠳ᠎ᠢ ᠠᠪᠤᠷᠠᠨ ᠲᠤᠰᠠᠯᠠᠬᠤ᠂ ᠡᠮᠴᠢᠯᠡᠭᠡ᠎ᠪᠠᠷ ᠠᠪᠤᠷᠠᠨ ᠲᠤᠰᠠᠯᠠᠬᠤ᠂ ᠰᠤᠷᠭ᠋ᠠᠨ ᠬᠥᠮᠦᠵᠢᠯ ᠵᠶ᠋ᠠᠷ ᠠᠪᠤᠷᠠᠨ ᠲᠤᠰᠠᠯᠠᠬᠤ᠂ ᠤᠷᠤᠨ ᠰᠠᠭᠤᠴᠠ᠎ᠪᠠᠷ ᠠᠪᠤᠷᠠᠨ ᠲᠤᠰᠠᠯᠠᠬᠤ᠂ ᠠᠵᠢᠯ ᠤᠯᠭᠤᠯᠳᠠ᠎ᠪᠠᠷ ᠠᠪᠤᠷᠠᠨ ᠲᠤᠰᠠᠯᠠᠬᠤ᠂ ᠲᠦᠷ ᠴᠠᠭ᠎ᠤᠨ ᠠᠪᠤᠷᠠᠨ ᠲᠤᠰᠠᠯᠠᠬᠤ᠂ ᠨᠠᠰᠤᠲᠠᠶ᠋ᠢᠴᠤᠳ᠎ᠤᠨ ᠠᠰᠠᠷᠠᠮᠵᠢ᠂ ᠵᠡᠮᠳᠡᠭᠴᠦᠳ᠎ᠤᠨ ᠠᠰᠠᠷᠠᠮᠵᠢ᠂ ᠬᠡᠦᠬᠡᠳ᠎ᠤᠨ ᠠᠰᠠᠷᠠᠮᠵᠢ᠂ ᠥᠨᠥᠴᠢᠨ ᠬᠡᠦᠬᠡᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ᠂ ᠲᠥᠯᠥᠪᠯᠡᠭᠡᠲᠦ ᠦᠷᠡᠵᠢᠯ ᠬᠢᠭᠰᠡᠨ ᠤᠨᠴᠠ ᠭᠦᠴᠢᠷᠳᠡᠢ ᠭᠡᠷ ᠪᠦᠯᠢ ᠵᠢ ᠲᠡᠳᠬᠦᠨ ᠲᠤᠰᠠᠯᠠᠬᠤ ᠵᠡᠷᠭᠡ ᠵᠦᠢ᠍ᠯᠡᠰ᠎ᠤᠨ ᠲᠤᠭᠤᠷᠢᠨ᠎ᠳᠤ᠂ ᠠᠪᠤᠷᠠᠨ ᠲᠤᠰᠠᠯᠠᠭᠤᠯᠬᠤ ᠡᠲᠡᠭᠡᠳ᠎ᠢ ᠮᠠᠭ᠋ᠠᠳᠯᠠᠨ ᠲᠤᠨᠨᠳᠠᠭ᠋ᠠᠬᠤ᠂ ᠠᠪᠤᠷᠠᠨ ᠲᠤᠰᠠᠯᠠᠬᠤ ᠪᠠᠷᠢᠮᠵᠢᠶ᠎ᠠ᠂ ᠠᠰᠠᠷᠠᠮᠵᠢ ᠵᠢᠨ ᠨᠡᠮᠡᠭᠦᠷᠢ ᠭᠤᠶᠤᠴᠢᠯᠠᠨ ᠠᠪᠬᠤ ᠵᠢᠴᠢ ᠬᠢᠨᠠᠨ ᠵᠦᠪᠰᠢᠶᠡᠷᠡᠬᠦᠯᠬᠦ᠎ᠪᠠᠷ ᠭᠤᠶᠤᠴᠢᠯᠠᠬᠤ ᠲᠡᠰ ᠲᠠᠷᠠᠭ᠋ᠠᠯᠠᠯ ᠵᠡᠷᠭᠡ ᠬᠠᠮᠢᠶ᠎ᠠ ᠪᠦᠬᠦᠢ ᠲᠦᠷᠦ ᠵᠢᠨ ᠪᠤᠳᠤᠯᠭ᠎ᠠ ᠵᠢ ᠪᠦᠭᠦ ᠲᠠᠯ᠎ᠠ᠎ᠪᠠᠷ ᠢᠯᠡ ᠪᠤᠯᠭ᠋ᠠᠵᠦ᠂ ᠠᠪᠤᠷᠠᠨ ᠲᠤᠰᠠᠯᠠᠬᠤ ᠡᠳ᠋ ᠮᠥᠩᠭᠦ ᠵᠢ ᠬᠠᠮᠢᠶᠠᠷᠴᠤ ᠬᠡᠷᠡᠭᠯᠡᠬᠦ᠂ ᠠᠰᠠᠷᠠᠮᠵᠢ ᠵᠢᠨ ᠨᠡᠮᠡᠭᠦᠷᠢ ᠣᠯᠭᠤᠬᠤ ᠵᠡᠷᠭᠡ ᠪᠠᠶ᠋ᠢᠳᠠᠯ᠎ᠢ ᠴᠢᠭᠯᠡᠯᠳᠦ ᠴᠢᠨᠠᠷᠳᠠᠢ᠎ᠪᠠᠷ ᠢᠯᠡ ᠪᠤᠯᠭ᠋ᠠᠬᠤ ᠬᠡᠷᠡᠭᠳᠡᠢ᠃ ᠢᠯᠡ ᠪᠣᠯᠭ᠋ᠠᠬᠤ ᠠᠷᠭ᠎ᠠ ᠬᠡᠯᠪᠡᠷᠢ ᠠᠷᠭ᠎ᠠ ᠮᠠᠶᠢᠭ᠎ᠢ ᠭᠠᠵᠠᠷ ᠣᠷᠣᠨ᠎ᠤ ᠪᠠᠶ᠋ᠢᠳᠠᠯ᠎ᠳᠤ᠎ᠨᠢ ᠲᠤᠬᠢᠷᠠᠭᠤᠯᠵᠦ᠂ ᠤᠴᠢᠷ ᠶᠠᠪᠤᠳᠠᠯ᠎ᠤᠨ ᠤᠨᠴᠠᠯᠢᠭ᠎ᠲᠤ᠎ᠨᠢ ᠲᠤᠬᠢᠷᠠᠭᠤᠯᠤᠨ᠂ ᠢᠯᠡ ᠪᠤᠯᠭ᠋ᠠᠬᠤ ᠵᠢᠨ ᠪᠣᠳᠠᠲᠤ ᠦᠷ᠎ᠡ ᠪᠦᠲᠦᠮᠵᠢ ᠵᠢ ᠦᠨᠡᠨ ᠬᠦ᠌ ᠪᠠᠳᠤᠯᠠᠵᠦ᠂ ᠬᠤᠷᠢᠭ᠎ᠠ ᠱᠤᠭᠤᠮ ᠪᠠ ᠪᠠᠳᠤᠯᠠᠭ᠎ᠠ ᠵᠢᠨ ᠲᠦᠪ ᠭᠤᠤᠯᠴᠢ ᠵᠢ ᠬᠠᠮᠠᠭ᠋ᠠᠯᠠᠬᠤ ᠮᠥᠷᠲᠡᠭᠡᠨ ᠬᠠᠮᠢᠶ᠎ᠠ ᠪᠦᠬᠦᠢ ᠭᠦᠮᠦᠰ᠎ᠤᠨ ᠬᠤᠪᠢ ᠵᠢᠨ ᠨᠢᠭᠤᠴᠠ ᠵᠢ ᠬᠠᠮᠠᠭ᠋ᠠᠯᠠᠬᠤ ᠬᠡᠷᠡᠭᠳᠡᠢ᠃
     (ᠭᠤᠷᠪᠠ) ᠰᠤᠷᠭ᠋ᠠᠨ ᠬᠥᠮᠦᠵᠢᠯ᠎ᠤᠨ ᠬᠦᠷᠢᠶ᠎ᠡ᠃ ᠠᠷᠠᠳ ᠲᠦᠮᠡᠨ᠎ᠤ ᠰᠡᠳᠬᠢᠯ᠎ᠳᠤ ᠬᠠᠨᠤᠮᠵᠢᠳᠠᠢ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠬᠦ᠎ᠳᠤ ᠰᠠᠭᠤᠷᠢᠯᠠᠵᠦ᠂ ᠰᠤᠷᠭ᠋ᠠᠨ ᠬᠥᠮᠦᠵᠢᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠨ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠂ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠂ ᠤᠨᠴᠤᠭᠤᠢ ᠰᠤᠷᠭ᠋ᠠᠨ ᠬᠥᠮᠦᠵᠢᠯ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ ᠵᠡᠷᠭᠡ ᠲᠠᠯ᠎ᠠ᠎ᠪᠠᠷ᠎ᠬᠢ ᠮᠡᠳᠡᠭᠡ ᠵᠠᠩᠭᠢ ᠵᠢᠨ ᠢᠯᠡ ᠪᠣᠯᠭ᠋ᠠᠬᠤ ᠵᠢ ᠭᠤᠤᠯᠳᠠᠯᠭ᠎ᠠ᠎ᠲᠠᠢ ᠰᠠᠶ᠋ᠢᠳᠤᠷ ᠬᠢᠬᠦ ᠬᠡᠷᠡᠭᠳᠡᠢ᠃ ᠠᠰᠢᠭ ᠲᠤᠰᠠ ᠵᠢᠨ ᠬᠠᠷᠢᠴᠠᠭ᠎ᠠ᠎ᠪᠠᠷ ᠰᠢᠭᠤᠳ᠂ ᠪᠣᠳᠠᠲᠤ ᠵᠥᠷᠢᠴᠡᠯ ᠵᠶ᠋ᠠᠷ ᠲᠤᠪᠤᠶ᠋ᠢᠮ᠎ᠠ ᠵᠦᠢ᠍ᠯᠡᠰ᠎ᠢ ᠴᠢᠩᠭ᠎ᠠ ᠠᠳᠬᠤᠵᠦ᠂ ᠬᠠᠮᠢᠶ᠎ᠠ ᠪᠦᠬᠦᠢ ᠲᠦᠷᠦ ᠵᠢᠨ ᠪᠤᠳᠤᠯᠭ᠎ᠠ᠂ ᠭᠦᠭᠵᠢᠯᠳᠡ ᠵᠢᠨ ᠲᠥᠯᠥᠪᠵᠢᠭᠦᠯᠭᠡ᠂ ᠵᠠᠷᠤᠳᠠᠯ᠎ᠤᠨ ᠣᠷᠣᠭᠤᠯᠤᠯᠲᠠ ᠪᠠ ᠬᠡᠷᠡᠭᠯᠡᠯᠳᠡ᠂ ᠭᠦᠴᠢᠷᠳᠡᠢ ᠰᠤᠷᠤᠭᠴᠢᠳ᠎ᠲᠤ ᠵᠤᠭᠤᠰ ᠵᠶ᠋ᠠᠷ ᠲᠤᠰᠠᠯᠠᠬᠤ ᠵᠢ ᠬᠡᠷᠡᠭᠵᠢᠭᠦᠯᠦᠭᠰᠡᠨ ᠪᠠᠶ᠋ᠢᠳᠠᠯ ᠵᠡᠷᠭᠡ ᠮᠡᠳᠡᠭᠡ ᠵᠠᠩᠭᠢ ᠵᠢ ᠭᠤᠤᠯᠳᠠᠯᠭ᠎ᠠ᠎ᠲᠠᠢ ᠢᠯᠡ ᠪᠤᠯᠭ᠋ᠠᠬᠤ ᠬᠡᠷᠡᠭᠳᠡᠢ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠤᠯᠭ᠎ᠠ ᠲᠤᠷᠭᠤᠮᠳᠠᠬᠤ ᠵᠢ ᠡᠵᠡᠮᠳᠡᠵᠦ ᠰᠤᠷᠤᠯᠭ᠎ᠠ ᠵᠢ ᠪᠠᠳᠤᠯᠠᠬᠤ᠂ ᠰᠢᠶᠠᠨ᠎ᠤ ᠬᠡᠪᠴᠢᠶᠡᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠲᠡᠩᠴᠡᠭᠦᠷᠢᠲᠡᠶ ᠬᠥᠭᠵᠢᠭᠦᠯᠬᠦ ᠵᠡᠷᠭᠡ ᠠᠵᠢᠯ᠎ᠤᠨ ᠠᠬᠢᠴᠠ ᠵᠢᠨ ᠪᠠᠶ᠋ᠢᠳᠠᠯ᠎ᠢ ᠢᠯᠡ ᠪᠤᠯᠭ᠋ᠠᠬᠤ ᠵᠢ ᠰᠠᠶ᠋ᠢᠳᠤᠷ ᠬᠢᠬᠦ ᠬᠡᠷᠡᠭᠳᠡᠢ᠃ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠬᠢᠷᠢ ᠬᠡᠮ᠂ ᠰᠤᠷᠭ᠋ᠠᠭᠤᠯᠢ ᠡᠷᠬᠢᠯᠡᠬᠦ ᠴᠢᠨᠠᠷ ᠴᠢᠨᠰᠠᠭ᠎ᠠ᠂ ᠰᠤᠷᠤᠭᠴᠢ ᠡᠯᠰᠡᠬᠦ ᠬᠡᠪᠴᠢᠶ᠎ᠡ ᠪᠠ ᠬᠤᠷᠢᠶᠠᠬᠤ ᠰᠦᠢ᠍ᠳᠬᠡᠯ ᠵᠡᠷᠭᠡ ᠮᠡᠳᠡᠭᠡ ᠵᠠᠩᠭᠢ ᠵᠢᠨ ᠢᠯᠡ ᠪᠣᠯᠭ᠋ᠠᠬᠤ ᠵᠢ ᠠᠬᠢᠭᠤᠯᠬᠤ ᠬᠡᠷᠡᠭᠲᠡᠶ᠃
     (ᠲᠦᠷᠪᠡ) ᠦᠨᠳᠦᠰᠦᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠭᠦᠷᠢᠶ᠎ᠡ᠃ ᠤᠯᠠᠨ ᠨᠡᠶ᠋ᠢᠲᠡ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠲᠠᠯ᠎ᠠ᠎ᠳᠠᠬᠢ ᠠᠷᠠᠳ ᠤᠯᠠᠨ᠎ᠤ ᠪᠠᠶ᠋ᠢᠳᠠᠯ᠎ᠢ ᠮᠡᠳᠡᠬᠦ ᠡᠷᠬᠡ ᠵᠢ ᠪᠠᠳᠤᠯᠠᠵᠦ᠂ ᠬᠦᠨᠳᠦ ᠡᠪᠡᠳᠴᠢᠨ ᠡᠮᠭᠡᠭ᠎ᠢ ᠤᠷᠢᠳᠴᠢᠯᠡᠨ ᠰᠡᠷᠬᠡᠶ᠋ᠢᠯᠡᠵᠦ ᠡᠵᠡᠮᠳᠡᠬᠦ᠂ ᠤᠯᠤᠰ᠎ᠤᠨ ᠡᠭᠡᠯᠢᠯᠡᠭᠡ ᠵᠢᠨ ᠲᠥᠯᠥᠪᠵᠢᠭᠦᠯᠭᠡ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠂ ᠬᠠᠯᠳᠠᠪᠤᠷᠢᠲᠤ ᠡᠪᠡᠳᠴᠢᠨ ᠬᠢᠵᠢᠭ᠎ᠤᠨ ᠪᠠᠶ᠋ᠢᠳᠠᠯ ᠵᠢᠴᠢ ᠰᠡᠷᠭᠡᠶ᠋ᠢᠯᠡᠨ ᠡᠵᠡᠮᠳᠡᠬᠦ ᠵᠡᠷᠭᠡ ᠮᠡᠳᠡᠭᠡ ᠵᠠᠩᠭᠢ ᠵᠢ ᠭᠤᠤᠯᠳᠠᠯᠭ᠎ᠠ᠎ᠲᠠᠢ ᠢᠯᠡ ᠪᠤᠯᠭ᠋ᠠᠬᠤ ᠬᠡᠷᠡᠭᠳᠡᠢ᠃ ᠡᠷᠡᠭᠦᠯ ᠡᠩᠬᠡ ᠵᠢᠨ ᠰᠢᠨᠵᠢᠯᠡᠬᠦ ᠤᠬᠠᠭ᠋ᠠᠨ᠎ᠤ ᠲᠦᠬᠡᠮᠡᠯᠵᠢᠬᠦᠯᠦᠯᠳᠡ ᠵᠢ ᠶᠡᠬᠡᠪᠡᠷ ᠦᠷᠨᠢᠬᠦᠯᠵᠦ᠂ ᠡᠮᠡᠭᠲᠡᠶ᠋ᠢᠴᠦᠳ᠂ ᠨᠠᠰᠤᠨ᠎ᠳᠤ ᠦᠯᠦ ᠬᠦᠷᠦᠭᠰᠡᠳ᠂ ᠨᠠᠰᠤᠲᠠᠶ᠋ᠢᠴᠤᠳ ᠵᠡᠷᠭᠡ ᠭᠤᠣᠯᠳᠠᠯᠭ᠎ᠠ᠎ᠲᠠᠢ ᠬᠥᠮᠦᠰ ᠪᠠ ᠬᠥᠳᠡᠭᠡ ᠲᠣᠰᠬᠤᠨ᠂ ᠦᠢ᠍ᠯᠡᠳᠪᠦᠷᠢ ᠠᠭᠤᠷᠬᠠᠶ ᠵᠢᠨ ᠠᠵᠤ ᠠᠬᠤᠶ᠋ᠢᠯᠠᠯ ᠵᠡᠷᠭᠡ ᠭᠤᠣᠯᠳᠠᠯᠭ᠎ᠠ᠎ᠲᠠᠢ ᠣᠷᠣᠨ ᠪᠦᠰᠡ᠎ᠳᠤ ᠬᠠᠨᠳᠤᠭᠤᠯᠤᠨ᠂ ᠡᠷᠡᠭᠦᠯ ᠡᠩᠬᠡ ᠵᠢᠨ ᠲᠤᠰᠬᠠᠢ ᠵᠦᠢ᠍ᠯ᠎ᠤᠨ ᠰᠢᠨᠵᠢᠯᠡᠬᠦ ᠤᠬᠠᠭ᠋ᠠᠨ᠎ᠤ ᠲᠦᠬᠡᠮᠡᠯᠵᠢᠯᠳᠡ ᠵᠢ ᠦᠷᠨᠢᠬᠦᠯᠵᠦ᠂ ᠤᠳᠤ ᠦᠶ᠎ᠡ ᠵᠢᠨ ᠠᠨᠠᠭ᠋ᠠᠬᠤ ᠤᠬᠠᠭ᠋ᠠᠨ᠎ᠤ ᠮᠡᠳᠡᠯᠭᠡ᠎ᠪᠠᠷ ᠠᠷᠠᠳ ᠤᠯᠠᠨ᠎ᠳᠤ ᠡᠷᠡᠭᠦᠯ ᠡᠩᠬᠡ ᠵᠢᠨ ᠦᠢ᠍ᠯᠡᠴᠢᠯᠡᠭᠡ ᠬᠠᠩᠭ᠋ᠠᠬᠤ ᠬᠡᠷᠡᠭᠲᠡᠶ᠃ ᠡᠪᠡᠳᠴᠢᠨ ᠡᠮᠭᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠠᠪᠤᠷᠠᠨ ᠲᠤᠰᠠᠯᠠᠯᠳᠠ᠂ ᠡᠷᠡᠭᠦᠯ ᠡᠩᠬᠡ᠎ᠪᠠᠷ ᠶᠠᠳᠠᠭᠤ ᠵᠢ ᠲᠡᠳᠬᠦᠬᠦ ᠲᠦᠷᠦ ᠵᠢᠨ ᠪᠤᠳᠤᠯᠭ᠎ᠠ ᠵᠢᠨ ᠨᠠᠶ᠋ᠢᠳᠠᠪᠤᠷᠢᠵᠢᠭᠤᠯᠤᠨᠨᠰᠠᠨ ᠪᠠᠶ᠋ᠢᠳᠠᠯ᠎ᠢ ᠢᠯᠠ ᠪᠤᠯᠭ᠋ᠠᠬᠤ ᠠᠵᠢᠯ᠎ᠢ ᠤᠯᠠᠮ ᠨᠢᠬᠡ ᠠᠯᠬᠤᠮ ᠰᠠᠶ᠋ᠢᠳᠤᠷ ᠬᠢᠬᠦ ᠬᠡᠷᠡᠭᠲᠡᠶ᠃ ᠮᠡᠳᠡᠭᠡ ᠵᠠᠩᠭᠢ ᠵᠢ ᠢᠯᠡ ᠪᠣᠯᠭ᠋ᠠᠬᠤ ᠠᠷᠭ᠎ᠠ ᠠᠪᠴᠢᠯ᠎ᠢ ᠠᠰᠢᠨᠨᠯᠠᠵᠦ ᠪᠠᠶ᠋ᠢᠭ᠋ᠠᠳ ᠡᠷᠡᠭᠦᠯ ᠬᠠᠮᠠᠭ᠋ᠠᠯᠠᠯ᠎ᠤᠨ ᠲᠠᠯ᠎ᠠ᠎ᠪᠠᠷ᠎ᠬᠢ ᠬᠢᠨᠠᠯᠳᠠ ᠲᠠᠯᠪᠢᠯᠳᠠ ᠵᠢ ᠴᠢᠩᠭ᠋ᠠᠳᠬᠠᠬᠤ᠎ᠪᠠᠷ ᠰᠦᠪᠡᠭᠴᠢᠯᠡᠬᠦ ᠬᠡᠷᠡᠭᠲᠡᠶ᠃ ᠢᠳᠡᠭᠡᠨ᠎ᠤ ᠵᠦᠢ᠍ᠯ᠎ᠤᠨ ᠠᠮᠤᠷ ᠲᠦᠪᠰᠢᠨ᠎ᠤ ᠮᠡᠳᠡᠭᠡ ᠵᠠᠩᠭᠢ ᠵᠢᠨ ᠢᠯᠡ ᠪᠣᠯᠭ᠋ᠠᠬᠤ ᠵᠢ ᠭᠦᠨᠵᠡᠬᠡᠶ᠋ᠢᠷᠡᠬᠦᠯᠦᠨ᠂ ᠠᠵᠤ ᠠᠬᠤᠶ᠋ᠢᠯᠠᠯ᠎ᠤᠨ 《ᠬᠠᠷ᠎ᠠ ᠳᠠᠩᠰᠠ》 ᠵᠢᠨ ᠳᠦᠷᠢᠮ᠎ᠢ ᠲᠡᠭᠦᠯᠳᠡᠷᠵᠢᠭᠦᠯᠦᠨ ᠲᠡᠯᠬᠡᠷᠡᠭᠦᠯᠵᠦ᠂ ᠬᠠᠤᠯᠢ ᠵᠥᠷᠢᠴᠡᠭᠰᠡᠳ᠎ᠢ ᠤᠷᠤᠬᠤ ᠭᠠᠵᠠᠷ ᠦᠬᠡᠢ ᠪᠤᠯᠭ᠋ᠠᠵᠦ᠂ ᠠᠷᠠᠳ ᠤᠯᠠᠨ᠎ᠢ ᠢᠳᠡᠬᠡᠨ ᠤᠮᠳᠠᠭ᠋ᠠᠨ᠎ᠤ ᠲᠠᠯ᠎ᠠ᠎ᠪᠠᠷ ᠰᠡᠳᠬᠢᠯ ᠠᠮᠤᠷ ᠪᠠᠶ᠋ᠢᠯᠭ᠋ᠠᠨ᠎ᠠ᠃
     (ᠲᠠᠪᠤ) ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠦᠷᠢᠶ᠎ᠡ᠃ ᠨᠡᠶ᠋ᠢᠭᠡᠮ ᠨᠡᠶ᠋ᠢᠳᠡ᠎ᠪᠠᠷ ᠵᠶ᠋ᠠᠨ ᠨᠡᠶ᠋ᠢᠳᠡᠮ ᠠᠩᠬᠠᠷᠴᠤ ᠪᠠᠶ᠋ᠢᠭ᠎ᠠ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠬᠥᠷᠥᠰᠥ ᠰᠢᠷᠣᠶ ᠵᠢᠨ ᠪᠣᠬᠢᠷᠲᠤᠯ᠎ᠢ ᠬᠠᠮᠢᠶᠠᠷᠤᠨ ᠡᠵᠡᠮᠳᠡᠬᠦ ᠪᠠ ᠦᠩᠵᠢᠬᠦᠯᠦᠨ ᠰᠡᠷᠭᠦᠭᠡᠬᠦ ᠵᠡᠷᠭᠡ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠤᠯᠠᠮ ᠨᠢᠬᠡ ᠠᠯᠬᠤᠮ ᠰᠠᠶ᠋ᠢᠲᠤᠷ ᠬᠢᠬᠦ ᠬᠡᠷᠡᠭᠲᠡᠶ᠃ ᠣᠷᠴᠢᠨ ᠲᠤᠭᠤᠷᠢᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠠ ᠠᠮᠢ ᠠᠬᠤᠶ ᠵᠢ ᠬᠠᠮᠠᠭ᠋ᠠᠯᠠᠬᠤ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ᠂ ᠬᠡᠷᠡᠭᠵᠢᠬᠦᠯᠦᠭᠰᠡᠨ ᠦᠷ᠎ᠡ ᠨᠦᠯᠦᠬᠡ᠂ ᠪᠣᠬᠢᠷᠲᠤᠯ᠎ᠤᠨ ᠡᠬᠢ ᠢᠷᠡᠯᠳᠡ ᠵᠢ ᠬᠢᠨᠠᠨ ᠰᠢᠨᠵᠢᠬᠦ ᠵᠢᠴᠢ ᠪᠣᠬᠢᠷᠲᠤᠯ ᠪᠣᠳᠠᠰ ᠭᠠᠳ᠋ᠬᠠᠰᠢᠯᠠᠭᠤᠯᠬᠤ ᠵᠢ ᠪᠠᠭ᠋ᠠᠰᠬᠠᠨᠨᠰᠠᠨ᠂ ᠪᠦᠳᠤᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠣᠷᠴᠢᠨ ᠲᠣᠭᠤᠷᠢᠨ᠎ᠳᠤ ᠦᠵᠡᠬᠦᠯᠬᠦ ᠰᠦᠬᠡᠷᠬᠦ ᠨᠦᠯᠦᠬᠡ ᠵᠢ ᠰᠢᠯᠭ᠋ᠠᠨ ᠦᠨᠡᠯᠡᠬᠦ ᠬᠢᠨᠠᠨ ᠵᠦᠪᠰᠢᠶᠡᠷᠡᠯ᠂ ᠣᠷᠴᠢᠨ ᠲᠤᠭᠤᠷᠢᠨ᠎ᠤ ᠪᠣᠬᠢᠷᠲᠤᠯ ᠪᠠ ᠠᠮᠢ ᠠᠬᠤᠶ ᠵᠢᠨ ᠡᠪᠳᠡᠯᠡᠭᠡ ᠵᠢᠨ ᠲᠠᠯ᠎ᠠ᠎ᠪᠠᠷ᠎ᠬᠢ ᠬᠦᠨᠳᠦ ᠶᠡᠭᠡ ᠬᠡᠷᠡᠭ᠎ᠤᠨ ᠪᠠᠶ᠋ᠢᠴᠠᠭ᠋ᠠᠨ ᠰᠶ᠋ᠢᠳᠪᠦᠷᠢᠯᠡᠭᠰᠡᠨ᠂ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠬᠦᠯᠵᠦ ᠬᠢᠨᠠᠨ ᠬᠠᠮᠢᠶᠠᠷᠤᠨᠨᠰᠠᠨ᠂ ᠵᠠᠭ᠋ᠠᠯᠳᠤᠯᠭ᠎ᠠ ᠵᠢ ᠰᠶ᠋ᠢᠳᠪᠦᠷᠢᠯᠡᠭᠰᠡᠨ ᠵᠡᠷᠭᠡ ᠮᠡᠳᠡᠭᠡ ᠵᠠᠩᠭᠢ ᠵᠢ ᠭᠤᠣᠯᠳᠠᠯᠭ᠎ᠠ᠎ᠲᠠᠢ ᠢᠯᠡ ᠪᠤᠯᠭ᠋ᠠᠬᠤ ᠬᠡᠷᠡᠭᠳᠡᠢ᠃ ᠦᠷᠬᠡᠨ ᠬᠡᠪᠴᠢᠶᠡᠳᠡᠢ ᠬᠦᠨᠳᠦ ᠪᠤᠬᠢᠷᠳᠤᠨᠨᠰᠠᠨ ᠴᠠᠭ ᠠᠭᠤᠷ᠎ᠢ ᠰᠡᠷᠡᠮᠵᠢᠯᠡᠭᠦᠯᠬᠦ ᠰᠠᠨᠠᠭᠤᠯᠤᠮᠵᠢ ᠵᠢᠨ ᠮᠡᠳᠡᠭᠡ ᠵᠠᠩᠭᠢ ᠵᠢ ᠴᠠᠭ ᠲᠤᠬᠠᠢ᠎ᠳᠤᠨᠢ ᠨᠡᠶ᠋ᠢᠳᠡᠯᠡᠵᠦ᠂ ᠬᠦᠨᠳᠦ ᠪᠤᠬᠢᠷᠳᠤᠨᠨᠰᠠᠨ ᠴᠠᠭ ᠠᠭᠤᠷ᠎ᠤᠨ ᠬᠤᠭᠤᠴᠠᠭ᠋ᠠᠨ᠎ᠳᠠᠬᠢ ᠮᠡᠳᠡᠭᠡ ᠵᠠᠩᠭᠢ ᠨᠡᠶ᠋ᠢᠲᠡᠯᠡᠬᠦ᠂ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠢ ᠬᠥᠲᠥᠯᠥᠨ ᠵᠢᠯᠤᠭᠤᠳᠬᠤ ᠵᠡᠷᠭᠡ ᠠᠵᠢᠯ᠎ᠢ ᠨᠢᠬᠡᠳᠦᠯᠳᠡᠢ ᠲᠦᠯᠦᠪᠵᠢᠬᠦᠯᠦᠨ ᠰᠠᠶ᠋ᠢᠳᠤᠷ ᠬᠢᠬᠦ ᠬᠡᠷᠡᠭᠳᠡᠢ᠃ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠮᠡᠳᠡᠭᠡ ᠵᠠᠩᠭᠢ ᠵᠢ ᠠᠯᠪᠠᠳᠠᠯᠭ᠎ᠠ ᠵᠢᠨ ᠴᠢᠨᠠᠷᠲᠠᠶ᠎ᠪᠠᠷ ᠨᠡᠶ᠋ᠢᠳᠡᠯᠡᠬᠦ ᠲᠥᠷᠢᠮ᠎ᠢ ᠲᠡᠭᠦᠯᠳᠡᠷᠵᠢᠬᠦᠯᠬᠦ ᠬᠡᠷᠡᠭᠳᠡᠢ᠃
     (ᠵᠢᠷᠭᠤᠭ᠎ᠠ) ᠭᠠᠶ ᠭᠠᠮᠰᠢᠭ᠎ᠤᠨ ᠠᠳᠡᠯ ᠬᠡᠷᠡᠭ᠎ᠠᠴᠠ ᠠᠪᠤᠷᠠᠨ ᠲᠤᠰᠠᠯᠠᠬᠤ ᠬᠦᠷᠢᠶ᠎ᠡ᠃ ᠪᠠᠶ᠋ᠢᠭ᠋ᠠᠯᠢ ᠵᠢᠨ ᠭᠠᠶ ᠭᠠᠮᠰᠢᠭ᠂ ᠬᠦᠨᠳᠦ ᠶᠡᠭᠡ ᠠᠳᠡᠯ ᠬᠡᠷᠡᠭ᠎ᠤᠨ ᠭᠠᠶ ᠭᠠᠮᠰᠢᠭ᠂ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠬᠡᠷᠡᠭ ᠵᠡᠷᠭᠡ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠬᠢᠬᠡᠳ ᠠᠪᠤᠷᠠᠨ ᠲᠤᠰᠠᠯᠠᠬᠤ᠂ ᠡᠮᠴᠢᠯᠡᠬᠡᠨ᠎ᠤ ᠠᠪᠤᠷᠠᠯᠳᠠ ᠬᠢᠬᠡᠳ ᠡᠷᠡᠭᠦᠯ᠎ᠢ ᠬᠠᠮᠠᠭ᠋ᠠᠯᠠᠵᠤ ᠬᠢᠵᠢᠭ᠎ᠢ ᠰᠡᠷᠭᠡᠶ᠋ᠢᠯᠡᠬᠦ᠂ ᠲᠠᠭ᠋ᠠᠯᠳᠤᠨ ᠪᠤᠢ ᠪᠤᠯᠬᠤ ᠭᠠᠶ ᠭᠠᠮᠰᠢᠭ᠎ᠢ ᠤᠷᠢᠳᠴᠢᠯᠠᠨ ᠰᠡᠷᠡᠮᠵᠢᠯᠡᠵᠦ ᠰᠡᠷᠭᠡᠶ᠋ᠢᠯᠡᠬᠦ ᠵᠡᠷᠭᠡ ᠠᠵᠢᠯ᠎ᠤᠨ ᠪᠠᠶ᠋ᠢᠳᠠᠯ ᠵᠢᠴᠢ ᠬᠥᠳᠡᠯᠦᠩᠭᠦᠶ ᠮᠡᠳᠡᠭᠡ ᠵᠠᠩᠭᠢ ᠵᠢ ᠤᠨᠤᠪᠴᠢᠳᠠᠢ᠎ᠪᠠᠷ ᠴᠠᠭ ᠲᠤᠬᠠᠢ᠎ᠳᠤᠨᠢ ᠨᠡᠶ᠋ᠢᠳᠡᠯᠡᠬᠦ ᠬᠡᠷᠡᠭᠳᠡᠢ᠃ ᠭᠠᠢ ᠭᠠᠮᠰᠢᠭ᠎ᠠᠴᠠ ᠠᠪᠤᠷᠠᠨ ᠲᠤᠰᠠᠯᠠᠬᠤ ᠬᠡᠷᠡᠭᠴᠡᠬᠡᠳᠡᠢ ᠮᠡᠳᠡᠭᠡ ᠵᠠᠩᠬᠢ ᠵᠢ ᠴᠠᠭ ᠲᠤᠬᠠᠢ᠎ᠳᠤᠨᠢ ᠨᠡᠶ᠋ᠢᠳᠡᠯᠡᠵᠦ᠂ ᠠᠪᠤᠷᠠᠨ ᠲᠤᠰᠠᠯᠠᠬᠤ ᠡᠳ᠋ ᠮᠥᠩᠭᠦ ᠪᠠ ᠬᠠᠨᠳᠢᠪᠯᠠᠵᠦ ᠬᠦᠷᠭᠡᠭᠰᠡᠨ ᠡᠳ᠋ ᠮᠥᠩᠭᠦ ᠵᠢᠨ ᠲᠤᠭ᠎ᠠ ᠬᠡᠮᠵᠢᠶ᠎ᠡ᠂ ᠬᠡᠷᠡᠭᠯᠡᠭᠰᠡᠨ ᠪᠠᠶ᠋ᠢᠳᠠᠯ᠂ ᠠᠪᠤᠷᠠᠨ ᠲᠤᠰᠠᠯᠠᠭᠤᠯᠬᠤ ᠡᠲᠡᠭᠡᠳ ᠵᠢᠴᠢ ᠠᠪᠤᠷᠠᠨ ᠲᠤᠰᠠᠯᠠᠬᠤ ᠡᠳ᠋ ᠮᠦᠩᠭᠦ ᠵᠢ ᠬᠦᠯᠢᠶᠡᠨ ᠠᠪᠤᠨᠨᠰᠠᠨ ᠲᠤᠭ᠎ᠠ᠂ ᠭᠠᠮᠰᠢᠭ᠎ᠤᠨ ᠲᠠᠷᠠᠭ᠎ᠠ᠎ᠪᠠᠷ᠎ᠬᠢ ᠰᠡᠷᠭᠦᠭᠡᠨ ᠵᠠᠰᠠᠵᠦ ᠲᠠᠬᠢᠨ ᠪᠠᠶ᠋ᠢᠭᠤᠯᠬᠤ ᠠᠵᠢᠯ᠎ᠤᠨ ᠠᠬᠢᠴᠠ ᠵᠡᠷᠭᠡ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠠᠬᠢᠭᠤᠯᠤᠨ ᠰᠠᠶ᠋ᠢᠲᠤᠷ ᠬᠢᠬᠦ ᠬᠡᠷᠡᠭᠲᠡᠶ᠃
     (ᠲᠤᠯᠤᠭ᠎ᠠ) ᠤᠯᠠᠨ ᠨᠡᠶ᠋ᠢᠲᠡ ᠵᠢᠨ ᠰᠣᠶᠣᠯ ᠪᠡᠶ᠎ᠡ ᠵᠢᠨ ᠲᠠᠮᠢᠷ᠎ᠤᠨ ᠭᠦᠷᠢᠶ᠎ᠡ᠃ ᠤᠯᠠᠨ ᠨᠡᠶ᠋ᠢᠲᠡ ᠵᠢᠨ ᠰᠣᠶᠣᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠲᠠᠯ᠎ᠠ᠎ᠳᠠᠬᠢ ᠨᠡᠶ᠋ᠢᠲᠡ ᠵᠢᠨ ᠠᠰᠠᠷᠠᠮᠵᠢ ᠵᠢᠨ ᠴᠢᠨᠠᠷ ᠠᠳᠠᠯᠢ ᠲᠡᠭᠰᠢ ᠴᠢᠨᠠᠷ ᠪᠠ ᠳᠥᠭᠦᠮ ᠳᠥᠲᠡ ᠪᠠᠶ᠋ᠢᠯᠭ᠋ᠠᠬᠤ ᠴᠢᠨᠠᠷ᠎ᠲᠤ ᠰᠠᠭᠤᠷᠢᠯᠠᠵᠦ᠂ ᠤᠯᠠᠨ ᠨᠡᠶ᠋ᠢᠲᠡ ᠵᠢᠨ ᠰᠣᠶᠣᠯ ᠪᠡᠶ᠎ᠡ ᠵᠢᠨ ᠲᠠᠮᠢᠷ᠎ᠤᠨ ᠦᠢ᠍ᠯᠡᠴᠢᠯᠡᠵᠦ ᠪᠠᠳᠤᠯᠠᠬᠤ ᠲᠦᠷᠦ ᠵᠢᠨ ᠪᠤᠳᠤᠯᠭ᠎ᠠ᠂ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ᠂ ᠡᠳ᠋᠎ᠤᠨ ᠵᠠᠰᠠᠭ᠎ᠤᠨ ᠪᠡᠯᠡ ᠮᠥᠩᠭᠦ ᠵᠢᠨ ᠣᠷᠣᠭᠤᠯᠤᠯᠲᠠ ᠪᠠ ᠬᠡᠷᠡᠭᠯᠡᠯᠳᠡ᠂ ᠪᠡᠯᠡᠳᠬᠡᠮᠵᠢ ᠵᠢᠨ ᠪᠠᠶ᠋ᠢᠭᠤᠯᠤᠯᠳᠠ ᠪᠠ ᠬᠡᠷᠡᠭᠯᠡᠯᠳᠡ᠂ ᠵᠠᠰᠠᠭ᠎ᠤᠨ ᠣᠷᠳᠣᠨ᠎ᠤ ᠤᠯᠠᠨ ᠨᠡᠶ᠋ᠢᠲᠡ ᠵᠢᠨ ᠰᠣᠶᠣᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ ᠬᠤᠳᠠᠯᠳᠤᠨ ᠠᠪᠬᠤ ᠭᠠᠷᠴᠠᠭ᠂ ᠠᠵᠢᠯ᠎ᠤᠨ ᠠᠮᠵᠢᠯᠳᠠ ᠪᠦᠲᠦᠮᠵᠢ ᠵᠢ ᠦᠨᠡᠯᠡᠭᠰᠡᠨ ᠦᠷ᠎ᠡ ᠳ᠋ᠦ᠍ᠢ᠍ᠩ ᠵᠡᠷᠭᠡ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠶᠡᠬᠡᠪᠡᠷ ᠠᠬᠢᠭᠤᠯᠬᠤ ᠬᠡᠷᠡᠭᠲᠡᠶ᠃ ᠰᠣᠶᠣᠯ᠎ᠤᠨ ᠦᠪ᠎ᠤᠨ ᠬᠠᠮᠠᠭ᠋ᠠᠯᠠᠯᠳᠠ᠂ ᠤᠯᠠᠨ ᠨᠡᠶ᠋ᠢᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠪᠡᠯᠡᠳᠬᠡᠮᠵᠢ ᠵᠢᠨ ᠨᠡᠷᠡᠰ᠎ᠤᠨ ᠵᠢᠭᠰᠠᠭ᠋ᠠᠯᠲᠠ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠰᠣᠶᠣᠯ᠎ᠤᠨ ᠦᠢ᠍ᠯᠡᠴᠢᠯᠡᠭᠡᠨ᠎ᠤ ᠠᠵᠢᠯᠯᠠᠭ᠎ᠠ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠪᠡᠶ᠎ᠡ ᠵᠢᠨ ᠲᠠᠮᠢᠷ᠎ᠤᠨ ᠤᠷᠤᠯᠳᠤᠭ᠋ᠠᠨ ᠪᠠ ᠠᠵᠢᠯᠯᠠᠭ᠎ᠠ᠂ ᠬᠠᠨᠳᠢᠪᠯᠠᠭᠰᠠᠨ ᠡᠳ᠋ ᠮᠦᠩᠭᠦ ᠵᠢ ᠬᠠᠮᠢᠶᠠᠷᠴᠤ ᠬᠡᠷᠡᠭᠯᠡᠭᠰᠡᠨ ᠵᠡᠷᠭᠡ ᠪᠠᠶ᠋ᠢᠳᠠᠯ᠎ᠢ ᠢᠯᠡ ᠪᠤᠯᠭ᠋ᠠᠬᠤ ᠬᠡᠷᠡᠭᠳᠡᠢ᠃
      ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ ᠪᠠ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠨᠢ ᠲᠤᠰ ᠲᠤᠰ᠎ᠤᠨ ᠵᠶ᠋ᠠᠨ ᠡᠭᠦᠷᠬᠡ ᠬᠠᠷᠢᠭᠤᠴᠠᠯᠭ᠎ᠠ ᠡᠷᠬᠡ ᠮᠡᠳᠡᠯ᠎ᠤᠨ ᠶᠤᠰᠤᠭ᠋ᠠᠷ᠂ ᠲᠦᠷᠦᠯ ᠬᠤᠪᠢᠶᠠᠨ ᠵᠢᠭ᠋ᠠᠨ ᠵᠢᠯᠣᠭᠤᠳᠬᠤ᠎ᠪᠠᠨ ᠴᠢᠩᠭ᠋ᠠᠳᠬᠠᠵᠤ᠂ ᠤᠷᠲᠤ ᠬᠤᠭᠤᠴᠠᠭ᠋ᠠᠨ᠎ᠤ ᠪᠦᠳᠦᠮᠵᠢᠳᠡᠢ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠤᠯᠠᠨ ᠨᠡᠶ᠋ᠢᠲᠡ ᠵᠢᠨ ᠬᠤᠯᠪᠣᠭᠳᠠᠯ ᠪᠦᠬᠦᠢ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠬᠡᠴᠡ᠂ ᠨᠢᠭᠦᠯᠡᠰᠦᠩᠭᠦᠶ ᠵᠢᠨ ᠦᠢ᠍ᠯᠡᠰ᠎ᠤᠨ ᠵᠣᠬᠢᠶᠠᠨ ᠪᠠᠶ᠋ᠢᠭᠤᠯᠤᠯᠲᠠ ᠵᠢᠨ᠎ᠬᠢᠨ᠎ᠤ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠮᠡᠳᠡᠭᠡ ᠵᠠᠩᠭᠢ ᠵᠢ ᠦᠨᠡᠨ ᠮᠦᠨ ᠵᠶ᠋ᠠᠷ ᠢᠯᠡ ᠪᠤᠯᠭ᠋ᠠᠬᠤ ᠵᠢ ᠠᠬᠢᠭᠤᠯᠬᠤ ᠬᠡᠷᠡᠭᠳᠡᠢ᠃ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠰᠤᠷᠭ᠋ᠠᠨ ᠬᠥᠮᠦᠵᠢᠯ᠂ ᠣᠷᠴᠢᠨ ᠲᠤᠭᠤᠷᠢᠨ᠎ᠤ ᠬᠠᠮᠠᠭ᠋ᠠᠯᠠᠯᠲᠠ᠂ ᠰᠣᠶᠣᠯ᠂ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ ᠵᠡᠷᠭᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠤᠯᠪᠣᠭᠳᠠᠯ ᠪᠥᠬᠦᠢ ᠰᠠᠯᠠᠭ᠎ᠠ ᠮᠥᠴᠢᠷ᠎ᠤᠳ 2018 ᠣᠨ᠎ᠤ ᠰᠡᠬᠦᠯᠴᠢ᠎ᠠᠴᠠ ᠡᠮᠦᠨ᠎ᠡ ᠲᠤᠰ ᠰᠠᠯᠠᠭ᠎ᠠ ᠮᠥᠴᠢᠷ᠎ᠤᠨ ᠬᠢᠨᠠᠨ ᠬᠠᠮᠢᠶᠠᠷᠴᠤ ᠪᠠᠶ᠋ᠢᠭ᠎ᠠ ᠤᠯᠠᠨ ᠨᠡᠶ᠋ᠢᠳᠡ ᠵᠢᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠬᠡᠴᠡ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠳᠦᠷᠢᠮ᠎ᠢ ᠪᠠᠶ᠋ᠢᠭᠤᠯᠤᠨ ᠲᠡᠭᠦᠯᠳᠡᠷᠵᠢᠬᠦᠯᠵᠦ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠨᠢ ᠨᠢᠭᠦᠯᠡᠰᠦᠩᠭᠦᠶ ᠵᠢᠨ ᠦᠢ᠍ᠯᠡᠰ᠎ᠤᠨ ᠵᠣᠬᠢᠶᠠᠨ ᠪᠠᠶ᠋ᠢᠭᠤᠯᠤᠯᠲᠠ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠠᠷᠭ᠎ᠠ ᠵᠢ ᠲᠠᠷᠤᠶ᠋ᠢᠬᠠᠨ ᠲᠤᠨᠨᠳᠠᠭ᠋ᠠᠨ ᠨᠡᠶ᠋ᠢᠳᠡᠯᠡᠵᠦ᠂ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠢᠯᠡ ᠪᠣᠯᠭ᠋ᠠᠬᠤ ᠵᠢ ᠲᠦᠷᠢᠮᠵᠢᠬᠦᠯᠵᠦ ᠵᠢᠷᠤᠮᠵᠢᠭᠤᠯᠬᠤ ᠬᠢᠷᠢ ᠲᠦᠪᠰᠢᠨ ᠵᠶ᠋ᠠᠨ ᠲᠠᠰᠤᠷᠠᠯᠳᠠ ᠦᠬᠡᠢ ᠲᠡᠬᠡᠭᠰᠢᠯᠡᠬᠦᠯᠬᠦ ᠬᠡᠷᠡᠭᠳᠡᠢ᠃
      ᠲᠦᠷᠪᠡ᠂ ᠢᠯᠡ ᠪᠤᠯᠭ᠋ᠠᠬᠤ ᠪᠣᠳᠠᠲᠤ ᠦᠷ᠎ᠡ ᠪᠦᠲᠦᠮᠵᠢ ᠵᠢ ᠴᠢᠩᠭ᠋ᠠᠳᠬᠠᠨ᠎ᠠ
     (ᠨᠢᠭᠡ) ᠢᠯᠡ ᠪᠣᠯᠭ᠋ᠠᠬᠤ ᠬᠡᠪᠴᠢᠶ᠎ᠡ ᠵᠢ ᠥᠷᠭᠡᠳᠬᠡᠬᠦ ᠬᠡᠷᠡᠭᠲᠡᠶ᠃ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ ᠪᠠ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠨᠢ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠎ᠤᠨ ᠵᠶ᠋ᠠᠨ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠵᠠᠪᠠᠯ ᠢᠯᠡ ᠪᠣᠯᠭ᠋ᠠᠬᠤ ᠵᠦᠢ᠍ᠯᠡᠰ᠎ᠢ ᠡᠮᠬᠢᠯᠡᠨ ᠲᠢᠭᠯᠡᠵᠦ ᠨᠠᠷᠢᠯᠢᠨᠨᠵᠢᠭᠤᠯᠬᠤ ᠬᠡᠷᠡᠭᠲᠡᠶ᠂ ᠵᠠᠰᠠᠭ᠎ᠤᠨ ᠣᠷᠳᠣᠨ᠎ᠤ ᠬᠠᠮᠢᠶ᠎ᠠ ᠪᠦᠭᠦᠢ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ᠂ ᠪᠦᠭᠦ ᠲᠠᠯ᠎ᠠ᠎ᠪᠠᠷ᠂ ᠴᠠᠭ ᠲᠤᠬᠠᠢ᠎ᠳᠤᠨᠢ ᠢᠯᠡ ᠪᠤᠯᠭ᠋ᠠᠬᠤ ᠬᠡᠷᠡᠭᠲᠡᠶ᠃ ᠦᠨᠳᠦᠰᠦᠨ ᠱᠠᠲᠤᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢᠨ ᠪᠠᠷᠢᠮᠵᠢᠶᠠᠵᠢᠭᠤᠯᠵᠦ ᠲᠦᠷᠢᠮᠵᠢᠬᠦᠯᠬᠦ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠪᠣᠳᠠᠲᠤ ᠪᠠᠶ᠋ᠢᠳᠠᠯ᠎ᠲᠠᠢ ᠨᠡᠶ᠋ᠢᠴᠡᠭᠰᠡᠨ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠪᠠᠷᠢᠮᠵᠢᠶ᠎ᠠ ᠪᠠ ᠵᠢᠷᠤᠮᠵᠢᠯ᠎ᠢ ᠰᠦᠪᠡᠭᠴᠢᠯᠡᠨ ᠪᠦᠷᠢᠯᠳᠦᠬᠦᠯᠬᠦ ᠬᠡᠷᠡᠭᠳᠡᠢ᠃ ᠠᠷᠠᠳ ᠢᠷᠭᠡᠨ᠂ ᠬᠠᠤᠯᠢ ᠵᠢᠨ ᠡᠷᠬᠡᠳᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢᠨ ᠳᠤᠷᠠᠳᠤᠭᠰᠠᠨ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠳᠦᠷᠢᠮ》᠎ᠤᠨ ᠲᠣᠭᠲᠠᠭ᠋ᠠᠯ ᠶᠤᠰᠤᠭ᠋ᠠᠷ ᠬᠢᠨᠠᠮᠠᠭ᠋ᠠᠶ ᠭᠦᠢ᠍ᠴᠡᠳᠬᠡᠵᠦ᠂ ᠨᠡᠶ᠋ᠢᠳᠡ ᠤᠯᠠᠨ᠎ᠤ ᠮᠡᠳᠡᠭᠡ ᠵᠠᠩᠭᠢ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠮᠤᠭ᠎ᠤᠨ ᠶᠡᠭᠡ ᠬᠡᠪᠴᠢᠶ᠎ᠡ᠎ᠪᠠᠷ ᠬᠠᠩᠭ᠋ᠠᠬᠤ ᠬᠡᠷᠡᠭᠲᠡᠶ᠃
     (ᠬᠤᠶᠠᠷ) ᠢᠯᠡ ᠪᠣᠯᠭ᠋ᠠᠬᠤ ᠠᠷᠭ᠎ᠠ ᠬᠡᠯᠪᠡᠷᠢ ᠵᠢ ᠲᠡᠭᠦᠯᠳᠡᠷᠵᠢᠬᠦᠯᠬᠦ ᠬᠡᠷᠡᠭᠳᠡᠢ᠃ ᠵᠠᠰᠠᠭ᠎ᠤᠨ ᠣᠷᠳᠣᠨ᠎ᠤ ᠰᠦᠯᠵᠢᠶ᠎ᠡ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠦ᠂ ᠠᠭᠤᠯᠭ᠎ᠠ ᠵᠢ᠎ᠨᠢ ᠡᠷᠬᠡ ᠰᠦᠷ᠎ᠲᠠᠢ᠂ ᠬᠡᠪ ᠵᠬᠠᠪᠤᠷ᠎ᠢ᠎ᠨᠢ ᠵᠢᠷᠤᠮᠵᠢᠯ᠎ᠲᠠᠢ᠂ ᠵᠤᠬᠢᠶᠠᠮᠵᠢ ᠵᠢ᠎ᠨᠢ ᠨᠢᠭᠡᠳᠦᠯᠲᠡᠶ ᠪᠠᠶ᠋ᠢᠯᠭ᠋ᠠᠬᠤ ᠱᠠᠭ᠋ᠠᠷᠳᠠᠯᠭ᠎ᠠ ᠶᠣᠰᠣᠭ᠋ᠠᠷ᠂ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠮᠡᠳᠡᠭᠡ ᠵᠠᠩᠭᠢ ᠵᠢ ᠲᠦᠪᠯᠡᠷᠡᠩᠬᠦᠢ ᠨᠡᠶ᠋ᠢᠲᠡᠯᠡᠵᠦ᠂ ᠤᠯᠠᠨ ᠨᠡᠶ᠋ᠢᠲᠡ ᠵᠢᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠬᠡᠴᠡ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠨᠡᠶ᠋ᠢᠲᠡᠯᠡᠭᠰᠡᠨ ᠬᠠᠮᠢᠶ᠎ᠠ ᠪᠦᠬᠦᠢ ᠮᠡᠳᠡᠭᠡ ᠵᠠᠩᠭᠢ ᠵᠢ ᠴᠤᠬᠯᠠᠭᠤᠯᠤᠨ ᠨᠡᠢ᠍ᠢ᠍ᠯᠡᠭᠦᠯᠵᠦ ᠪᠠᠶ᠋ᠢᠭ᠋ᠠᠳ ᠲᠡᠯᠬᠡᠨ ᠦᠵᠡᠬᠦᠯᠵᠦ᠂ ᠨᠡᠶ᠋ᠢᠳᠡ ᠤᠯᠠᠨ᠎ᠤ ᠬᠠᠶ᠋ᠢᠨ ᠯᠠᠪᠯᠠᠵᠦ ᠠᠰᠢᠨᠨᠯᠠᠬᠤ᠎ᠳᠤ ᠳᠦᠭᠦᠮ ᠦᠵᠡᠬᠦᠯᠬᠦ ᠬᠡᠷᠡᠭᠲᠡᠶ᠃ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠮᠡᠳᠡᠭᠡ ᠵᠠᠩᠭᠢ ᠵᠢ ᠬᠠᠮᠳᠤᠪᠡᠷ ᠭᠦᠷᠳᠡᠬᠦ ᠪᠠ ᠲᠤᠭ᠎ᠠ ᠪᠠᠷᠢᠮᠲᠠ ᠵᠢ ᠴᠢᠯᠥᠭᠡᠲᠡᠶ ᠪᠤᠯᠭ᠋ᠠᠬᠤ ᠵᠢ ᠯᠠᠪᠳᠠᠭᠤᠨ ᠵᠶ᠋ᠠᠷ ᠠᠬᠢᠭᠤᠯᠵᠦ᠂ ᠰᠠᠯᠠᠭ᠎ᠠ ᠮᠥᠴᠢᠷ᠎ᠤᠳ᠎ᠤᠨ ᠬᠤᠭᠤᠷᠣᠨᠳᠣ᠎ᠪᠠᠨ ᠬᠢᠨᠠᠨ ᠬᠠᠷᠭᠤᠭᠤᠯᠬᠤ ᠪᠠ ᠨᠡᠶ᠋ᠢᠭᠡᠮ᠎ᠠᠴᠠ ᠨᠡᠭᠡᠭᠡᠨ ᠭᠦᠭᠵᠢᠬᠦᠯᠵᠦ ᠠᠰᠢᠭᠯᠠᠬᠤ᠎ᠳᠤ ᠨᠥᠬᠦᠴᠡᠯ ᠬᠠᠩᠭ᠋ᠠᠬᠤ ᠬᠡᠷᠡᠭᠲᠡᠶ᠃ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠨᠢ ᠭᠤᠣᠯᠳᠠᠭᠤ ᠦᠨᠳᠦᠰᠦᠨ ᠱᠠᠳᠤ ᠪᠠ ᠤᠨᠴᠤᠭᠤᠢ ᠭᠦᠮᠦᠰ᠎ᠲᠤ ᠦᠢ᠍ᠯᠡᠴᠢᠯᠡᠳᠡᠭ ᠣᠨᠴᠠᠯᠢᠭ᠎ᠲᠤ ᠬᠠᠨᠳᠤᠭᠤᠯᠵᠦ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠂ ᠰᠣᠨᠢᠨ ᠮᠡᠳᠡᠬᠡᠨ᠎ᠤ ᠵᠠᠭᠤᠴᠢᠯᠠᠭᠤᠷ᠂ ᠭᠠᠷ ᠤᠲᠠᠰᠤᠨ᠎ᠤ ᠤᠬᠤᠷ ᠴᠢᠮᠡᠭᠡ᠂ ᠨᠡᠶ᠋ᠢᠳᠡ᠎ᠳᠤ ᠵᠠᠷᠯᠠᠬᠤ ᠪᠤᠯᠤᠩ᠂ ᠤᠬᠠᠭᠤᠯᠭ᠎ᠠ ᠵᠢᠨ ᠲᠣᠪᠬᠢᠮᠠᠯ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠲᠠᠪᠴᠠᠩ ᠵᠡᠷᠭᠡ ᠤᠯᠠᠨ ᠵᠦᠢ᠍ᠯ᠎ᠤᠨ ᠠᠴᠢᠶᠠᠯᠠᠪᠤᠷᠢ ᠪᠣᠯᠤᠨ ᠠᠷᠭ᠎ᠠ ᠬᠡᠯᠪᠡᠷᠢ ᠵᠢ ᠠᠮᠢᠳᠤᠯᠢᠭ ᠵᠶ᠋ᠠᠷ ᠬᠡᠷᠡᠭᠯᠡᠵᠦ᠂ ᠬᠠᠨᠳᠤᠯᠭ᠎ᠠ᠎ᠲᠠᠢ᠎ᠪᠠᠷ ᠨᠡᠶ᠋ᠢᠳᠡᠯᠡᠨ᠂ ᠤᠨᠤᠪᠴᠢᠳᠠᠢ᠎ᠪᠠᠷ ᠭᠦᠷᠬᠡᠵᠦ᠂ ᠮᠡᠳᠡᠭᠡ ᠵᠠᠩᠭᠢ ᠵᠢᠨ ᠬᠠᠮᠤᠷᠬᠤ ᠬᠡᠪᠴᠢᠶ᠎ᠡ᠂ ᠬᠦᠷᠬᠦ ᠨᠤᠷᠮ᠎ᠠ ᠵᠢ ᠲᠡᠬᠡᠭᠰᠢᠯᠡᠬᠦᠯᠦᠨ᠂ ᠠᠷᠠᠳ ᠤᠯᠠᠨ᠎ᠳᠤ ᠦᠵᠡᠬᠦᠯᠵᠦ ᠤᠶ᠋ᠢᠯᠠᠭ᠋ᠠᠭᠤᠯᠬᠤ ᠵᠢ ᠪᠠᠳᠤᠯᠠᠬᠤ ᠬᠡᠷᠡᠭᠳᠡᠢ᠃
     (ᠭᠤᠷᠪᠠ) ᠲᠠᠶ᠋ᠢᠯᠤᠮᠵᠢ ᠬᠢᠵᠦ ᠬᠥᠲᠥᠯᠥᠨ ᠵᠢᠯᠤᠭᠤᠳᠬᠤ᠎ᠪᠠᠨ ᠴᠢᠩᠭ᠋ᠠᠳᠬᠠᠬᠤ ᠬᠡᠷᠡᠭᠳᠡᠢ᠃ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠲᠦᠷᠦ ᠵᠢᠨ ᠪᠤᠲᠣᠯᠭ᠎ᠠ ᠵᠢᠨ ᠲᠠᠶ᠋ᠢᠯᠤᠮᠵᠢ ᠬᠢᠬᠦ ᠪᠠ ᠬᠥᠲᠥᠯᠥᠨ ᠵᠢᠯᠤᠭᠤᠳᠬᠤ ᠠᠵᠢᠯ᠎ᠢ ᠲᠡᠬᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠬᠦ ᠬᠡᠷᠡᠭᠳᠡᠢ᠃ ᠨᠡᠶ᠋ᠢᠳᠡᠯᠡᠭᠰᠡᠨ ᠬᠠᠮᠢᠶ᠎ᠠ ᠪᠦᠭᠦᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠳᠤ ᠪᠤᠯ ᠪᠤᠰᠤᠳᠴᠢ ᠪᠦᠬᠡᠳ ᠪᠣᠳᠠᠲᠤ ᠬᠡᠷᠡᠭ᠎ᠢ ᠨᠡᠩ ᠣᠯᠠᠨ ᠠᠰᠢᠨᠨᠯᠠᠨ ᠬᠡᠷᠡᠭᠯᠡᠵᠦ ᠪᠠᠶ᠋ᠢᠭ᠋ᠠᠳ ᠲᠠᠶ᠋ᠢᠯᠤᠮᠵᠢ ᠬᠢᠬᠦ ᠵᠢ ᠴᠢᠬᠤᠯᠠᠴᠢᠯᠠᠵᠦ᠂ ᠲᠦᠷᠦ ᠵᠢᠨ ᠪᠤᠳᠤᠯᠭ᠎ᠠ ᠵᠢᠨ ᠤᠳᠬ᠎ᠠ ᠤᠴᠢᠷ᠎ᠢ ᠴᠠᠭ ᠲᠤᠬᠠᠢ᠎ᠳᠤᠨᠢ ᠤᠨᠤᠪᠴᠢᠳᠠᠢ᠎ᠪᠠᠷ ᠤᠯᠠᠮᠵᠢᠯᠠᠨ ᠲᠠᠮᠵᠢᠭᠤᠯᠵᠦ᠂ ᠠᠷᠠᠳ ᠤᠯᠠᠨ᠎ᠤ ᠤᠶ᠋ᠢᠯᠠᠭ᠋ᠠᠯᠳᠠ ᠪᠠ ᠢᠲᠡᠭᠡᠯ᠎ᠢ ᠤᠯᠬᠤ ᠬᠡᠷᠡᠭᠲᠡᠶ᠃ ᠭᠦᠨᠳᠡᠭᠦᠷ ᠵᠦᠢ᠍ᠯᠡᠰ ᠪᠠ ᠲᠡᠭᠦᠨ᠎ᠤ ᠣᠷᠣᠰᠢᠵᠤ ᠪᠠᠶ᠋ᠢᠭ᠎ᠠ ᠭᠠᠵᠠᠷ ᠣᠷᠣᠨ᠂ ᠬᠦᠷᠢᠶ᠎ᠡ ᠴᠠᠷᠠᠭ᠎ᠠ᠎ᠪᠠᠷ ᠵᠦᠷᠢᠶᠡᠳᠡᠢ ᠪᠠᠶ᠋ᠢᠬᠤ ᠬᠠᠮᠢᠶ᠎ᠠ ᠪᠦᠬᠦᠢ ᠲᠦᠷᠦ ᠵᠢᠨ ᠪᠤᠳᠤᠯᠭ᠎ᠠ ᠵᠢ ᠢᠯᠡ ᠪᠤᠯᠭ᠋ᠠᠬᠤ ᠦᠶᠡᠰ᠎ᠲᠤ᠂ ᠲᠦᠷᠦ ᠵᠢᠨ ᠪᠤᠳᠤᠯᠭ᠎ᠠ ᠵᠢ ᠴᠠᠭ ᠲᠤᠬᠠᠢ᠎ᠳᠤᠨᠢ ᠲᠣᠳᠣᠷᠬᠠᠶ ᠲᠠᠶ᠋ᠢᠯᠪᠤᠷᠢᠯᠠᠵᠦ᠂ ᠪᠤᠷᠤᠭᠤ ᠲᠠᠶ᠋ᠢᠯᠪᠤᠷᠢᠯᠠᠨ ᠠᠳᠡᠬᠦᠦ ᠤᠶ᠋ᠢᠯᠠᠭ᠋ᠠᠭᠤᠯᠬᠤ᠎ᠠᠴᠠ ᠪᠤᠯᠭᠤᠮᠵᠢᠯᠠᠬᠤ ᠬᠡᠷᠡᠭᠳᠡᠢ᠃ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠬᠠᠯᠠᠮᠰᠢᠯ᠎ᠲᠠᠢ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠤᠷᠢᠳᠴᠢᠯᠠᠨ ᠮᠠᠭ᠋ᠠᠳᠯᠠᠬᠤ᠂ ᠮᠥᠷᠳᠡᠬᠦ ᠪᠠ ᠰᠢᠢ᠍ᠳᠪᠦᠷᠢᠯᠡᠬᠦ᠎ᠪᠠᠨ ᠴᠢᠩᠭ᠋ᠠᠳᠬᠠᠵᠦ᠂ ᠨᠡᠶ᠋ᠢᠭᠡᠮ᠎ᠤᠨ᠎ᠬᠢᠨ᠎ᠤ ᠠᠩᠬᠠᠷᠤᠯ ᠲᠠᠯᠪᠢᠵᠤ ᠪᠠᠶ᠋ᠢᠭ᠎ᠠ ᠵᠦᠢ᠍ᠯᠡᠰ᠎ᠢ ᠬᠥᠲᠥᠯᠥᠨ ᠵᠢᠯᠤᠭᠤᠳᠬᠤ ᠵᠢᠨ ᠴᠢᠭᠯᠡᠯᠳᠦ ᠴᠢᠨᠠᠷ ᠪᠠ ᠴᠠᠭ ᠬᠤᠭᠤᠴᠠᠭ᠋ᠠᠳᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠶ᠃ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠢ ᠡᠷᠬᠢᠯᠡᠵᠦ ᠪᠠᠶ᠋ᠢᠭ᠎ᠠ ᠤᠯᠠᠨ ᠨᠡᠶ᠋ᠢᠲᠡ ᠵᠢᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠬᠡᠴᠡ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢ ᠵᠢᠭ᠋ᠠᠨ ᠵᠢᠯᠤᠭᠤᠳᠬᠤ ᠪᠠ ᠲᠡᠳᠡᠬᠡᠷ᠎ᠲᠤ ᠬᠢᠨᠠᠯᠳᠠ ᠲᠠᠯᠪᠢᠵᠦ ᠪᠠᠶ᠋ᠢᠭ᠋ᠠᠳ ᠬᠠᠮᠢᠶ᠎ᠠ ᠪᠦᠭᠦᠢ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠢ ᠰᠶ᠋ᠢᠳᠪᠦᠷᠢᠯᠡᠬᠦ ᠠᠵᠢᠯ ᠵᠶ᠋ᠠᠨ ᠰᠠᠶ᠋ᠢᠳᠤᠷ ᠬᠢᠵᠦ᠂ ᠵᠤᠨᠨᠰᠤᠯᠳᠠ᠎ᠪᠠᠨ ᠢᠯᠡᠷᠬᠡᠶ᠋ᠢᠯᠡᠬᠦ᠂ ᠬᠠᠷᠢᠭᠤᠴᠠᠯᠭ᠎ᠠ᠎ᠳᠠᠭᠠᠨ ᠦᠯᠦ ᠤᠰᠤᠯᠳᠠᠬᠤ ᠵᠢ ᠪᠠᠳᠤᠯᠠᠬᠤ ᠬᠡᠷᠡᠭᠳᠡᠢ᠃
      ᠲᠠᠪᠤ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠴᠢᠩᠭ᠋ᠠᠷᠠᠭᠤᠯᠤᠨ᠎ᠠ
     (ᠨᠢᠭᠡ) ᠵᠣᠬᠢᠶᠠᠨ ᠪᠠᠶ᠋ᠢᠭᠤᠯᠵᠦ ᠬᠡᠷᠡᠭᠵᠢᠬᠦᠯᠬᠦ ᠵᠢ ᠰᠠᠶ᠋ᠢᠳᠤᠷ ᠠᠳᠬᠤᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠨᠢ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠢᠯᠡ ᠪᠣᠯᠭ᠋ᠠᠬᠤ ᠵᠢ ᠠᠬᠢᠭᠤᠯᠬᠤ ᠵᠢᠨ ᠴᠢᠬᠤᠯᠠ ᠴᠢᠨᠠᠷ᠎ᠢ ᠭᠦᠢ᠍ᠴᠡᠳ ᠲᠠᠨᠢᠵᠦ᠂ ᠢᠯᠡ ᠪᠤᠯᠭ᠋ᠠᠬᠤ ᠦᠵᠡᠯ ᠤᠬᠠᠮᠰᠠᠷ ᠪᠠ ᠦᠢ᠍ᠯᠡᠴᠢᠯᠡᠬᠦ ᠦᠵᠡᠯ ᠤᠬᠠᠮᠰᠠᠷ᠎ᠢ ᠦᠨᠡᠨᠬᠦ ᠴᠢᠩᠭ᠋ᠠᠳᠬᠠᠨ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠪᠦᠭᠦ ᠲᠠᠯ᠎ᠠ᠎ᠪᠠᠷ ᠠᠬᠢᠭᠤᠯᠬᠤ᠎ᠲᠠᠢ ᠤᠶᠠᠯᠳᠤᠭᠤᠯᠤᠨ ᠨᠢᠭᠡᠳᠦᠯᠲᠡᠶ ᠲᠦᠯᠦᠪᠵᠢᠬᠦᠯᠦᠨ ᠤᠬᠠᠭ᠋ᠠᠯᠠᠨ ᠲᠦᠯᠦᠪᠯᠡᠵᠦ᠂ ᠬᠡᠪᠰᠢᠭᠰᠡᠨ ᠲᠣᠭᠲᠠᠴᠠ ᠵᠢ ᠪᠦᠷᠢᠯᠳᠦᠬᠦᠯᠦᠨ᠂ ᠡᠷᠬᠡᠪᠰᠢ ᠪᠣᠳᠠᠲᠤ ᠦᠷ᠎ᠡ ᠪᠦᠳᠦᠮᠵᠢ ᠤᠯᠬᠤ ᠬᠡᠷᠡᠭᠲᠡᠶ᠃ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ (ᠭᠡᠷ)᠎ᠨᠢ ᠵᠣᠬᠢᠶᠠᠨ ᠪᠠᠶ᠋ᠢᠭᠤᠯᠵᠦ ᠵᠤᠬᠢᠴᠠᠭᠤᠯᠬᠤ᠎ᠪᠠᠨ ᠴᠢᠩᠭ᠋ᠠᠳᠬᠠᠨ᠂ ᠲᠤᠰ ᠱᠠᠳᠤᠨ᠎ᠤ ᠵᠠᠰᠠᠭ᠎ᠤᠨ ᠣᠷᠳᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠳᠤᠷᠠᠯᠴᠠᠵᠦ ᠪᠠᠶ᠋ᠢᠭ᠋ᠠᠳ ᠪᠣᠳᠠᠲᠠᠶ ᠠᠷᠭ᠎ᠠ ᠬᠡᠮᠵᠢᠶ᠎ᠡ ᠳᠤᠷᠠᠳᠴᠤ᠂ ᠠᠵᠢᠯ ᠵᠶ᠋ᠠᠨ ᠲᠣᠳᠣᠷᠬᠠᠶ ᠬᠤᠪᠢᠶᠠᠷᠢᠯᠠᠵᠤ᠂ ᠬᠠᠷᠢᠭᠤᠴᠠᠯᠭ᠎ᠠ᠎ᠪᠠᠨ ᠪᠤᠳᠠᠳᠠᠶ᠋ᠢᠵᠢᠭᠤᠯᠤᠨ ᠴᠢᠩᠭ᠋ᠠᠳᠬᠠᠵᠦ᠂ ᠡᠯ᠎ᠡ ᠵᠦᠢ᠍ᠯ᠎ᠤᠨ ᠡᠭᠦᠷᠭᠡ ᠵᠢ ᠨᠠᠶ᠋ᠢᠳᠠᠪᠤᠷᠢᠵᠢᠭᠤᠯᠵᠦ ᠪᠤᠳᠠᠳᠠᠶ᠋ᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
     (ᠬᠤᠶᠠᠷ) ᠰᠢᠯᠭ᠋ᠠᠨ ᠬᠢᠨᠠᠵᠦ ᠦᠨᠡᠯᠡᠨ ᠵᠢᠱ᠌ᠢᠬᠦ ᠵᠢ ᠦᠷᠨᠢᠬᠦᠯᠬᠦ ᠬᠡᠷᠡᠭᠳᠡᠢ᠃ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠢ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠭᠰᠠᠨ ᠪᠠᠶ᠋ᠢᠳᠠᠯ᠎ᠢ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢᠨ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠬᠡᠪᠴᠢᠶᠡᠨ᠎ᠳᠤ ᠣᠷᠣᠭᠤᠯᠵᠤ᠂ ᠰᠢᠮᠳᠠᠭᠤᠯᠤᠨ ᠨᠠᠶ᠋ᠢᠳᠠᠪᠤᠷᠢᠵᠢᠭᠤᠯᠬᠤ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠳᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠵᠦ᠂ ᠬᠢᠨᠠᠨ ᠬᠠᠮᠢᠶᠠᠷᠴᠤ ᠪᠠᠶ᠋ᠢᠭ᠎ᠠ ᠤᠯᠠᠨ ᠨᠡᠶ᠋ᠢᠳᠡ ᠵᠢᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠬᠡᠴᠡ᠂ ᠨᠢᠭᠦᠯᠡᠰᠦᠩᠭᠦᠶ ᠵᠢᠨ ᠦᠢ᠍ᠯᠡᠰ᠎ᠤᠨ ᠵᠣᠬᠢᠶᠠᠨ ᠪᠠᠶ᠋ᠢᠭᠤᠯᠤᠯᠲᠠ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠪᠠᠶ᠋ᠢᠳᠠᠯ᠎ᠢ ᠦᠨᠡᠯᠡᠨ ᠵᠢᠱ᠌ᠢᠬᠦ ᠵᠢ ᠵᠤᠬᠢᠶᠠᠨ ᠪᠠᠶ᠋ᠢᠭᠤᠯᠤᠨ ᠥᠷᠨᠢᠭᠦᠯᠵᠦ᠂ ᠦᠨᠡᠯᠡᠨ ᠵᠢᠱ᠌ᠢᠭᠰᠡᠨ ᠦᠷ᠎ᠡ ᠳ᠋ᠦ᠍ᠢ᠍ᠩ ᠵᠶ᠋ᠠᠨ ᠢᠯᠡ ᠪᠣᠯᠭ᠋ᠠᠬᠤ ᠬᠡᠷᠡᠭᠲᠡᠶ᠃ ᠤᠯᠠᠨ ᠲᠦᠮᠡᠨ᠎ᠤ ᠵᠠᠭ᠋ᠠᠯᠳᠤᠵᠦ ᠢᠯᠡᠴᠢᠯᠡᠨ ᠮᠡᠳᠡᠬᠦᠯᠬᠦ ᠠᠷᠭ᠎ᠠ ᠵᠠᠮ᠎ᠢ ᠰᠢᠯᠤᠭᠤᠳᠬᠠᠵᠦ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ᠎ᠳᠤ ᠨᠡᠶ᠋ᠢᠭᠡᠮ᠎ᠤᠨ ᠬᠢᠨᠠᠯᠲᠠ ᠲᠠᠯᠪᠢᠬ᠍ᠴᠢ ᠵᠢᠨ ᠳᠦᠷᠢᠮ᠎ᠢ ᠰᠦᠪᠡᠭᠴᠢᠯᠡᠨ ᠪᠠᠶ᠋ᠢᠭᠤᠯᠵᠤ᠂ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠳᠤ ᠨᠡᠶ᠋ᠢᠭᠡᠮ᠎ᠤᠨ ᠬᠢᠨᠠᠯᠲᠠ ᠲᠠᠯᠪᠢᠯᠳᠠ ᠵᠢ ᠴᠢᠩᠭ᠋ᠠᠳᠬᠠᠬᠤ ᠬᠡᠷᠡᠭᠲᠡᠶ᠃
     (ᠭᠤᠷᠪᠠ) ᠬᠢᠨᠠᠯᠲᠠ ᠲᠠᠯᠪᠢᠵᠤ ᠬᠠᠷᠢᠭᠤᠴᠠᠯᠭ᠎ᠠ ᠬᠡᠯᠡᠯᠴᠡᠬᠦ ᠵᠢ ᠴᠢᠩᠭ᠋ᠠᠳᠬᠠᠬᠤ ᠬᠡᠷᠡᠭᠳᠡᠢ᠃ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ ᠪᠠ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠬᠤᠯᠪᠤᠨᠨᠳᠠᠯ ᠪᠦᠬᠦᠢ ᠰᠠᠯᠠᠭ᠎ᠠ ᠮᠥᠴᠢᠷ᠎ᠨᠢ ᠲᠤᠰ ᠭᠠᠵᠠᠷ ᠣᠷᠣᠨ ᠲᠤᠰ ᠠᠵᠢᠯ ᠲᠦᠷᠤᠯ᠎ᠤᠨ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠠ ᠪᠣᠯᠭ᠋ᠠᠭᠰᠠᠨ ᠪᠠᠶ᠋ᠢᠳᠠᠯ᠎ᠳᠤ ᠬᠢᠨᠠᠯᠳᠠ ᠲᠠᠯᠪᠢᠵᠦ ᠪᠠᠶ᠋ᠢᠴᠠᠭ᠋ᠠᠬᠤ ᠵᠢ ᠴᠢᠩᠭ᠋ᠠᠳᠬᠠᠬᠤ ᠬᠡᠷᠡᠭᠳᠡᠢ᠃ ᠠᠵᠢᠯ᠎ᠤᠨ ᠠᠷᠭ᠎ᠠ ᠬᠡᠮᠵᠢᠶ᠎ᠡ᠎ᠪᠠᠨ ᠲᠡᠭᠦᠯᠳᠡᠷᠵᠢᠭᠦᠯᠵᠦ᠂ ᠤᠷᠮᠠᠰᠢᠭᠤᠯᠬᠤ ᠪᠠ ᠭᠦᠯᠢᠶᠡᠰᠦᠯᠡᠬᠦ᠎ᠪᠠᠨ ᠴᠢᠩᠭ᠋ᠠᠷᠠᠭᠤᠯᠤᠨ᠂ ᠬᠢᠨᠠᠯᠲᠠ ᠲᠠᠯᠪᠢᠵᠦ ᠪᠠᠶ᠋ᠢᠴᠠᠭ᠋ᠠᠨᠨᠰᠠᠨ ᠪᠠᠶ᠋ᠢᠳᠠᠯ ᠵᠶ᠋ᠠᠨ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠬᠡᠯᠡᠨ ᠨᠡᠪᠳᠡᠷᠡᠬᠦᠯᠬᠦ ᠲᠦᠷᠢᠮ᠎ᠢ ᠪᠠᠶ᠋ᠢᠭᠤᠯᠵᠤ᠂ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠰᠠᠶ᠋ᠢᠨ ᠨᠠᠶ᠋ᠢᠳᠠᠪᠤᠷᠢᠵᠢᠭᠤᠯᠤᠨᠨᠰᠠᠨ ᠪᠠᠶ᠋ᠢᠪᠠᠯ ᠰᠠᠶ᠋ᠢᠰᠢᠶᠠᠨ ᠭᠦᠬᠢᠬᠦᠯᠬᠦ᠎ᠪᠠᠷ ᠮᠡᠳᠡᠬᠡᠯᠡᠨ ᠨᠡᠪᠳᠡᠷᠡᠬᠦᠯᠬᠦ ᠬᠡᠷᠡᠭᠳᠡᠢ; ᠨᠠᠶ᠋ᠢᠳᠠᠪᠤᠷᠢᠵᠢᠭᠤᠯᠤᠭᠰᠠᠨ ᠵᠶ᠋ᠠᠷ ᠬᠦᠷᠦᠯᠴᠡᠬᠦ ᠥᠭᠡᠢ ᠪᠠᠶ᠋ᠢᠪᠠᠯ ᠮᠡᠳᠡᠬᠡᠯᠡᠨ ᠨᠡᠪᠳᠡᠷᠡᠬᠦᠯᠵᠦ ᠰᠢᠭᠦᠮᠵᠢᠯᠡᠬᠦ ᠬᠡᠷᠡᠭᠳᠡᠢ; ᠬᠤᠯᠪᠣᠭᠳᠠᠯ ᠪᠦᠬᠦᠢ ᠲᠣᠭᠲᠠᠭ᠋ᠠᠯ᠎ᠢ ᠵᠦᠷᠢᠴᠡᠭᠰᠡᠨ᠂ ᠢᠯᠡ ᠪᠣᠯᠭ᠋ᠠᠬᠤ ᠡᠭᠦᠷᠭᠡ᠎ᠪᠠᠨ ᠭᠦᠢ᠍ᠴᠡᠳᠬᠡᠭᠰᠡᠨ ᠦᠬᠡᠢ ᠮᠥᠷᠲᠡᠭᠡᠨ ᠬᠦᠨᠳᠦ ᠨᠣᠴᠢᠲᠠᠶ ᠨᠦᠯᠦᠬᠡ ᠭᠠᠷᠭ᠋ᠠᠨᠨᠰᠠᠨ ᠪᠠᠶ᠋ᠢᠪᠠᠯ᠂ ᠬᠠᠤᠯᠢ ᠲᠤᠨᠨᠳᠠᠭ᠋ᠠᠯ ᠶᠣᠰᠣᠭ᠋ᠠᠷ ᠬᠠᠮᠢᠶ᠎ᠠ ᠪᠦᠬᠦᠢ ᠨᠢᠬᠡᠴᠡ ᠪᠠ ᠠᠵᠢᠯᠳᠠᠨ᠎ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃

                                2018 ᠤᠨ᠎ᠤ 2 ᠳ᠋ᠤᠭ᠋ᠠᠷ ᠰᠠᠷ᠎ᠠ ᠵᠢᠨ 9᠎ᠤ ᠡᠳᠦᠷ
                                (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠳᠡᠯᠡᠨ᠎ᠠ)


ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            