ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠨᠠᠮ᠎ᠤᠨ ᠲᠥᠪ ᠬᠣᠷᠢᠶ᠎ᠠ᠂ ᠲᠥᠷᠦ ᠵᠢᠨ ᠶᠠᠪᠤᠳᠠᠯ᠎ᠤᠨ ᠬᠣᠷᠢᠶ᠎ᠠ 《ᠰᠢᠨ᠎ᠡ ᠴᠠᠭ ᠦᠶ᠎ᠡ ᠵᠢᠨ ᠡᠬᠡ ᠣᠷᠣᠨᠴᠢ ᠦᠵᠡᠯ ᠵᠶ᠋ᠠᠨ ᠬᠥᠮᠦᠵᠢᠯ᠎ᠢ ᠬᠡᠷᠡᠭᠵᠢᠭᠦᠯᠬᠦ ᠬᠦᠳᠡᠯᠪᠦᠷᠢ》 ᠵᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2020-10-14

      ᠤᠢ᠌ᠷ᠎ᠠ ᠵᠢᠨ ᠡᠳᠦᠷ᠂ ᠨᠠᠮ᠎ᠤᠨ ᠲᠥᠪ ᠬᠣᠷᠢᠶ᠎ᠠ᠂ ᠲᠥᠷᠦ ᠵᠢᠨ ᠶᠠᠪᠤᠳᠠᠯ᠎ᠤᠨ ᠬᠣᠷᠢᠶ᠎ᠠ 《ᠰᠢᠨ᠎ᠡ ᠴᠠᠭ ᠦᠶ᠎ᠡ ᠵᠢᠨ ᠡᠬᠡ ᠣᠷᠣᠨᠴᠢ ᠦᠵᠡᠯ᠎ᠤᠨ ᠬᠥᠮᠦᠵᠢᠯ᠎ᠢ ᠬᠡᠷᠡᠭᠵᠢᠭᠦᠯᠬᠦ ᠬᠥᠲᠥᠯᠪᠦᠷᠢ》 ᠵᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠮᠡᠳᠡᠭᠳᠡᠯ ᠪᠠᠭᠤᠯᠭ᠋ᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠨᠠᠷᠢᠨ ᠬᠢᠨᠠᠮᠠᠭ᠋ᠠᠶ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃  
     《ᠰᠢᠨ᠎ᠡ ᠴᠠᠭ ᠦᠶ᠎ᠡ ᠵᠢᠨ ᠡᠬᠡ ᠣᠷᠣᠨᠴᠢ ᠦᠵᠡᠯ᠎ᠤᠨ ᠬᠥᠮᠦᠵᠢᠯ᠎ᠢ ᠬᠡᠷᠡᠭᠵᠢᠭᠦᠯᠬᠦ ᠬᠥᠲᠥᠯᠪᠦᠷᠢ》 ᠵᠢᠨ ᠪᠦᠬᠦ ᠠᠭᠤᠯᠭ᠎ᠠ᠎ᠨᠢ ᠳᠣᠤᠷᠠᠬᠢ ᠮᠡᠲᠦ᠃
      ᠡᠬᠡ ᠣᠷᠣᠨᠴᠢ ᠦᠵᠡᠯ ᠪᠣᠯ ᠳᠤᠮᠳᠠᠳᠤ ᠵᠢᠨ ᠦᠨᠳᠦᠰᠦᠲᠡᠨ᠎ᠤ ᠦᠨᠳᠦᠰᠦᠲᠡᠨ᠎ᠤ ᠰᠡᠳᠬᠢᠯᠭᠡ᠂ ᠦᠨᠳᠦᠰᠦᠲᠡᠨ᠎ᠤ ᠰᠦᠭ ᠰᠦᠨᠡᠰᠦ ᠮᠥᠨ᠂ ᠳᠤᠮᠳᠠᠳᠤ ᠵᠢᠨ ᠦᠨᠳᠦᠰᠦᠲᠡᠨ᠎ᠤ ᠬᠠᠮᠤᠭ᠎ᠤᠨ ᠴᠢᠬᠤᠯᠠ ᠣᠶᠤᠨ ᠰᠠᠨᠠᠭ᠋ᠠᠨ᠎ᠤ ᠥᠪ ᠬᠥᠷᠥᠩᠭᠡ ᠮᠥᠨ᠂ ᠳᠤᠮᠳᠠᠳᠤ ᠤᠯᠤᠰ᠎ᠤᠨ ᠠᠷᠠᠳ ᠲᠦᠮᠡᠨ ᠪᠠ ᠳᠤᠮᠳᠠᠳᠤ ᠵᠢᠨ ᠦᠨᠳᠦᠰᠦᠲᠡᠨ᠎ᠤ ᠦᠨᠳᠦᠰᠦᠲᠡᠨ᠎ᠤ ᠲᠤᠰᠠᠭ᠋ᠠᠷ ᠲᠣᠭᠲᠠᠨᠢᠯ ᠪᠠ ᠦᠨᠳᠦᠰᠦᠲᠡᠨ᠎ᠤ ᠨᠡᠷ᠎ᠡ ᠬᠦᠨᠳᠦ ᠵᠢ ᠬᠠᠮᠠᠭ᠋ᠠᠯᠠᠬᠤ ᠬᠦᠴᠦᠷᠬᠡᠭ ᠶᠡᠬᠡ ᠣᠶᠤᠨ ᠰᠠᠨᠠᠭ᠋ᠠᠨ᠎ᠤ ᠬᠥᠳᠡᠯᠭᠡᠭᠴᠢ ᠬᠦᠴᠦᠨ ᠮᠥᠨ᠃ ᠡᠬᠡ ᠣᠷᠣᠨᠴᠢ ᠦᠵᠡᠯ᠎ᠤᠨ ᠵᠣᠷᠢᠭ ᠰᠠᠨᠠᠭ᠎ᠠ ᠳᠤᠮᠳᠠᠳᠤ ᠵᠢᠨ ᠦᠨᠳᠦᠰᠦᠲᠡᠨ᠎ᠤ ᠰᠡᠳᠬᠢᠯ ᠵᠢᠷᠦᠬᠡᠨ᠎ᠳᠤ ᠭᠦᠨ ᠦᠨᠳᠦᠰᠦᠯᠡᠵᠦ᠂ ᠳᠤᠮᠳᠠᠳᠤ ᠵᠢᠨ ᠡᠬᠡ ᠭᠠᠵᠠᠷ ᠳᠡᠭᠡᠷᠡᠬᠢ ᠦᠨᠳᠦᠰᠦᠲᠡᠨ᠎ᠨᠦᠭᠦᠳ᠎ᠤᠨ ᠪᠦᠯᠬᠦᠮᠳᠡᠯ ᠨᠢᠭᠡᠳᠦᠯ᠎ᠢ ᠬᠠᠮᠠᠭ᠋ᠠᠯᠠᠵᠤ᠂ ᠦᠶ᠎ᠡ ᠦᠶ᠎ᠡ ᠵᠢᠨ ᠳᠤᠮᠳᠠᠳᠤ ᠵᠢᠨ ᠠᠷᠠᠳ ᠲᠦᠮᠡᠨ᠎ᠤ ᠡᠬᠡ ᠣᠷᠣᠨ᠎ᠤ᠎ᠪᠠᠨ ᠬᠥᠭᠵᠢᠯ ᠴᠡᠴᠡᠭᠯᠡᠯ᠎ᠤᠨ ᠲᠥᠯᠥᠭᠡ ᠴᠥᠬᠥᠷᠡᠰᠢ ᠦᠭᠡᠢ ᠲᠡᠮᠡᠴᠡᠬᠦ ᠵᠢ ᠤᠷᠮᠠᠰᠢᠭᠤᠯᠤᠨ ᠵᠣᠷᠢᠭᠵᠢᠭᠤᠯᠵᠤ ᠪᠠᠶ᠋ᠢᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠡᠬᠡ ᠣᠷᠣᠨᠴᠢ ᠦᠵᠡᠯ᠎ᠤᠨ ᠵᠣᠷᠢᠭ ᠰᠠᠨᠠᠭ᠋ᠠᠨ᠎ᠤ ᠬᠠᠮᠤᠭ᠎ᠤᠨ ᠡᠷᠡᠰ ᠪᠠᠲᠤ ᠪᠠᠳᠠᠷᠠᠭᠤᠯᠤᠭᠴᠢ ᠪᠠ ᠦᠢᠯᠡᠳᠦᠯᠭᠡᠵᠢᠭᠦᠯᠦᠭᠴᠢ ᠮᠥᠨ᠂ 90 ᠭᠠᠷᠤᠶ ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠬᠢᠭᠰᠡᠨ ᠬᠤᠪᠢᠰᠬᠠᠯ᠂ ᠪᠦᠲᠦᠭᠡᠨ ᠪᠠᠶ᠋ᠢᠭᠤᠯᠤᠯᠲᠠ᠂ ᠥᠭᠡᠷᠡᠴᠢᠯᠡᠯᠲᠡ ᠵᠢᠨ ᠦᠢᠯᠡᠳᠦᠯᠭᠡ ᠪᠣᠯ ᠡᠬᠡ ᠣᠷᠣᠨᠴᠢ ᠦᠵᠡᠯ᠎ᠤᠨ ᠠᠭᠤᠤ ᠶᠡᠬᠡ ᠦᠢᠯᠡᠳᠦᠯᠭᠡ ᠮᠥᠨ᠂ ᠲᠡᠷᠡ᠎ᠨᠢ ᠳᠤᠮᠳᠠᠳᠤ ᠵᠢᠨ ᠦᠨᠳᠦᠰᠦᠲᠡᠨ᠎ᠤ ᠡᠬᠡ ᠣᠷᠣᠨᠴᠢ ᠦᠵᠡᠯ᠎ᠤᠨ ᠵᠣᠷᠢᠭ ᠰᠠᠨᠠᠭ᠋ᠠᠨ᠎ᠤ ᠭᠡᠷᠡᠯ ᠰᠠᠴᠤᠷᠠᠩᠭᠤᠶ ᠬᠠᠭᠤᠳᠠᠰᠤ ᠵᠢ ᠪᠢᠴᠢᠭᠯᠡᠪᠡ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠰᠢ ᠵᠢᠨ ᠫᠢᠩ ᠨᠥᠬᠥᠷ ᠵᠶ᠋ᠠᠷ ᠭᠣᠤᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠡᠬᠡ ᠣᠷᠣᠨᠴᠢ ᠦᠵᠡᠯ᠎ᠤᠨ ᠬᠥᠮᠦᠵᠢᠯ᠎ᠢ ᠳᠡᠭᠡᠳᠤ ᠬᠡᠮᠵᠢᠶ᠎ᠡ᠎ᠪᠠᠷ ᠴᠢᠬᠤᠯᠠᠴᠢᠯᠠᠵᠤ᠂ ᠦᠨᠳᠦᠰᠦ ᠰᠠᠭᠤᠷᠢ ᠵᠢ ᠪᠡᠬᠢᠵᠢᠭᠦᠯᠵᠦ᠂ ᠰᠡᠳᠬᠢᠯ᠎ᠢ ᠨᠢᠭᠲᠠᠷᠠᠭᠤᠯᠤᠨ ᠰᠦᠭ ᠰᠦᠨᠡᠰᠦ ᠵᠢ ᠱᠤᠭᠤᠵᠤ᠂ ᠠᠯᠢ ᠣᠯᠠᠨ ᠴᠢᠬᠤᠯᠠ ᠪᠠᠶ᠋ᠢᠷᠢᠯᠠᠭᠤᠯᠤᠯᠲᠠ ᠬᠢᠵᠦ᠂ ᠡᠬᠡ ᠣᠷᠣᠨᠴᠢ ᠦᠵᠡᠯ᠎ᠤᠨ ᠬᠥᠮᠦᠵᠢᠯ᠎ᠤᠨ ᠢᠯᠡᠳᠲᠡ ᠦᠷ᠎ᠡ ᠪᠦᠲᠦᠮᠵᠢ ᠣᠯᠬᠤ ᠵᠢ ᠠᠬᠢᠭᠤᠯᠪᠠ᠃ ᠣᠳᠣᠬᠠᠨ᠎ᠳᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠰᠢᠨ᠎ᠡ ᠴᠠᠭ ᠣᠢᠶ᠎ᠠ᠎ᠳᠤ ᠣᠷᠣᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠶᠠᠭ ᠵᠠᠩᠭᠢᠯᠠᠭ᠎ᠠ ᠵᠢᠨ ᠴᠠᠭ ᠣᠢᠶ᠎ᠠ᠎ᠳᠤ ᠣᠷᠣᠭ᠋ᠠᠳ ᠪᠣᠶ᠃ ᠰᠢᠨ᠎ᠡ ᠴᠠᠭ ᠣᠢᠶ᠎ᠠ᠎ᠳᠤ ᠡᠬᠡ ᠣᠷᠣᠨᠴᠢ ᠦᠵᠡᠯ᠎ᠤᠨ ᠬᠥᠮᠦᠵᠢᠯ᠎ᠢ ᠴᠢᠩᠭ᠋ᠠᠳᠬᠠᠬᠤ᠎ᠨᠢ ᠦᠨᠳᠦᠰᠦᠲᠡᠨ᠎ᠤ ᠵᠣᠷᠢᠭ ᠰᠠᠨᠠᠭ᠎ᠠ ᠵᠢ ᠬᠥᠭᠵᠢᠭᠡᠨ ᠪᠠᠳᠠᠷᠠᠭᠤᠯᠵᠤ᠂ ᠪᠦᠬᠦ ᠦᠨᠳᠦᠰᠦᠲᠡᠨ᠎ᠤ ᠬᠦᠴᠦᠨ᠎ᠢ ᠨᠢᠭᠲᠠᠷᠠᠭᠤᠯᠤᠨ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ ᠰᠢᠢᠳᠪᠦᠷᠢᠲᠦ ᠢᠯᠠᠯᠲᠠ ᠵᠢ ᠣᠯᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠠᠭᠤᠤ ᠶᠡᠬᠡ ᠢᠯᠠᠯᠲᠠ ᠵᠢ ᠲᠡᠮᠡᠴᠡᠨ ᠣᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠤᠯᠤᠰ᠎ᠤᠨ ᠬᠦᠰᠡᠯᠠᠩ᠎ᠢ ᠪᠡᠶᠡᠯᠡᠭᠦᠯᠬᠦ᠎ᠳᠤ ᠴᠢᠬᠤᠯᠠ ᠶᠡᠬᠡ ᠪᠥᠭᠡᠳ ᠠᠯᠤᠰ ᠬᠡᠲᠦ ᠵᠢᠨ ᠠᠴᠢ ᠬᠣᠯᠪᠣᠭᠳᠠᠯ᠎ᠲᠠᠢ᠃
      ᠨᠢᠭᠡ᠂ ᠶᠡᠷᠦᠩᠬᠡᠶ ᠱᠠᠭ᠋ᠠᠷᠳᠠᠯᠭ᠎ᠠ
     1 ᠵᠢᠯᠣᠭᠣᠳᠬᠤ ᠦᠵᠡᠯ ᠰᠠᠨᠠᠭ᠎ᠠ᠃ ᠮᠠᠷᠺᠰ ᠯᠧᠨᠢᠨ᠎ᠤ ᠦᠵᠡᠯ᠂ ᠮᠠᠤ ᠽᠤ᠌ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠣᠤ ᠫᠢᠩ᠎ᠤᠨ ᠤᠨᠤᠯ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠨ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠨ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠶᠡᠬᠡ ᠡᠭᠦᠷᠭᠡ ᠵᠢ ᠡᠭᠦᠷᠭᠡᠯᠡᠬᠦ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠬᠦ᠎ᠠᠴᠠ ᠭᠠᠷᠳᠠᠨ᠂ ᠡᠬᠡ ᠣᠷᠣᠨᠴᠢ ᠦᠵᠡᠯ᠎ᠤᠨ ᠲᠤᠭ᠎ᠢ ᠢᠮᠠᠭᠲᠠ ᠥᠨᠳᠥᠷ ᠮᠠᠨᠳᠤᠭᠤᠯᠵᠤ᠂ ᠤᠯᠤᠰ ᠵᠶ᠋ᠠᠨ ᠬᠠᠶ᠋ᠢᠷᠠᠯᠠᠬᠤ ᠰᠡᠳᠬᠢᠯᠭᠡ᠂ ᠤᠯᠤᠰ ᠵᠶ᠋ᠠᠨ ᠬᠦᠴᠦᠷᠬᠡᠭᠵᠢᠭᠦᠯᠬᠦ ᠵᠣᠷᠢᠭ᠎ᠢ ᠳᠠᠪᠲᠠᠨ ᠪᠣᠯᠪᠠᠰᠤᠷᠠᠭᠤᠯᠬᠤ᠂ ᠤᠯᠤᠰ ᠣᠷᠣᠨ᠎ᠤ᠎ᠪᠠᠨ ᠲᠥᠯᠥᠭᠡ ᠵᠢᠳᠬᠦᠬᠦ ᠦᠢ᠍ᠯᠡ ᠠᠵᠢᠯᠯᠠᠭ᠎ᠠ ᠵᠢ ᠬᠦᠴᠦᠯᠡᠨ ᠬᠥᠮᠦᠵᠢᠭᠦᠯᠵᠦ᠂ ᠡᠬᠡ ᠣᠷᠣᠨᠴᠢ ᠦᠵᠡᠯ᠎ᠢ ᠪᠦᠬᠦ ᠳᠤᠮᠳᠠᠳᠤ ᠤᠯᠤᠰ᠎ᠤᠨ ᠠᠷᠠᠳ ᠲᠦᠮᠡᠨ᠎ᠤ ᠡᠷᠡᠰ ᠪᠠᠲᠤ ᠢᠲᠡᠭᠡᠯ ᠵᠣᠷᠢᠭ᠂   ᠤᠶᠤᠨ ᠤᠬᠠᠭ᠋ᠠᠨ᠎ᠤ ᠬᠦᠴᠦᠨ ᠴᠢᠳᠠᠯ ᠪᠠ ᠤᠬᠠᠮᠰᠠᠷᠲᠤ ᠦᠢ᠍ᠯᠡ ᠠᠵᠢᠯᠯᠠᠭ᠎ᠠ ᠪᠣᠯᠭ᠋ᠠᠬᠤ ᠬᠡᠷᠡᠭᠲᠡᠶ᠃
     2 ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠬᠦᠰᠡᠯᠠᠩ᠎ᠢ ᠪᠡᠶᠡᠯᠡᠬᠦᠯᠬᠦ᠎ᠪᠠᠷ ᠢᠯᠠ ᠲᠣᠳᠣ ᠭᠣᠤᠯ ᠰᠡᠳᠦᠪ ᠪᠣᠯᠭ᠋ᠠᠬᠤ ᠵᠢ ᠪᠠᠷᠢᠮᠲᠠᠯᠠᠨ᠎ᠠ᠃ ᠠᠭᠤᠤ ᠶᠡᠬᠡ ᠦᠢᠯᠡᠰ᠎ᠲᠤ ᠠᠭᠤᠤ ᠶᠡᠬᠡ ᠵᠣᠷᠢᠭ ᠰᠠᠨᠠᠭ᠎ᠠ ᠱᠠᠭ᠋ᠠᠷᠳᠠᠭᠳᠠᠨ᠎ᠠ᠂ ᠠᠭᠤᠤ ᠶᠡᠬᠡ ᠵᠣᠷᠢᠭ ᠰᠠᠨᠠᠭ᠎ᠠ ᠠᠭᠤᠤ ᠶᠡᠬᠡ ᠬᠦᠰᠡᠯᠡᠩ᠎ᠢ ᠴᠣᠭᠴᠠᠯᠠᠨ᠎ᠠ᠃ ᠤᠯᠤᠰ ᠣᠷᠣᠨ᠎ᠤ ᠪᠠᠶᠠᠵᠢᠯ ᠬᠦᠴᠦᠷᠬᠡᠭᠵᠢᠯ᠂ ᠦᠨᠳᠦᠰᠦᠲᠡᠨ᠎ᠤ ᠬᠥᠭᠵᠢᠯ ᠮᠠᠨᠳᠤᠯ᠂ ᠠᠷᠠᠳ ᠲᠦᠮᠡᠨ᠎ᠤ ᠵᠣᠯ ᠵᠢᠷᠭ᠋ᠠᠯ᠎ᠢ ᠪᠡᠶᠡᠯᠡᠬᠦᠯᠬᠦ᠎ᠪᠠᠷ ᠴᠢᠷᠮᠠᠢ᠌ᠵᠤ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠨ ᠲᠡᠮᠡᠴᠡᠬᠦ ᠣᠶᠤᠨ ᠰᠠᠨᠠᠭ᠋ᠠᠨ᠎ᠤ ᠬᠣᠯᠪᠣᠭ᠋ᠠᠰᠤ ᠵᠢ ᠬᠦᠴᠦᠯᠡᠨ ᠨᠢᠭᠲᠠᠷᠠᠭᠤᠯᠵᠤ᠂ ᠤᠯᠤᠰ ᠬᠦᠷᠦᠨ᠎ᠤ ᠬᠠᠶ᠋ᠢᠷ᠎ᠠ ᠰᠡᠳᠬᠢᠯᠭᠡ ᠵᠢ ᠵᠤᠵᠠᠭ᠋ᠠᠳᠬᠠᠵᠤ᠂ ᠣᠶᠤᠨ ᠰᠠᠨᠠᠭ᠋ᠠᠨ᠎ᠤ ᠦᠨᠳᠦᠷ ᠲᠡᠭᠲᠡᠷ᠎ᠲᠤ ᠬᠦᠷᠬᠦ᠎ᠪᠠᠷ ᠬᠦᠴᠦᠯᠡᠨ ᠴᠢᠷᠮᠠᠢ᠌ᠵᠤ᠂ ᠬᠥᠮᠦᠰ᠎ᠤᠨ ᠳᠤᠮᠳᠠᠳᠤ ᠵᠢᠨ ᠵᠠᠮ ᠵᠶ᠋ᠠᠷ ᠵᠠᠮᠨᠠᠬᠤ ᠵᠢ ᠪᠠᠷᠢᠮᠲᠠᠯᠠᠬᠤ᠂ ᠳᠤᠮᠳᠠᠳᠤ ᠤᠯᠤᠰ᠎ᠤᠨ ᠵᠣᠷᠢᠭ ᠰᠠᠨᠠᠭ᠎ᠠ ᠵᠢ ᠪᠠᠳᠠᠷᠠᠭᠤᠯᠬᠤ᠂ ᠳᠤᠮᠳᠠᠳᠤ ᠤᠯᠤᠰ᠎ᠤᠨ ᠬᠦᠴᠦᠨ ᠴᠢᠳᠠᠯ᠎ᠢ ᠨᠢᠭᠲᠠᠷᠠᠭᠤᠯᠬᠤ ᠵᠢ ᠬᠥᠲᠥᠯᠥᠨ ᠵᠢᠯᠣᠭᠣᠳᠴᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠤᠯᠤᠰ᠎ᠤᠨ ᠬᠦᠰᠡᠯᠡᠩ᠎ᠢ ᠪᠡᠶᠡᠯᠡᠭᠦᠯᠬᠦ᠎ᠳᠤ ᠬᠦᠴᠦᠷᠬᠡᠭ ᠶᠡᠬᠡ ᠣᠶᠤᠨ ᠰᠠᠨᠠᠭ᠋ᠠᠨ᠎ᠤ ᠬᠥᠳᠡᠯᠭᠡᠬᠦ ᠬᠦᠴᠦᠨ ᠬᠠᠩᠭ᠋ᠠᠬᠤ ᠬᠡᠷᠡᠭᠲᠡᠶ᠃
     3 ᠨᠠᠮ ᠵᠶ᠋ᠠᠨ ᠬᠠᠶ᠋ᠢᠷᠠᠯᠠᠬᠤ ᠤᠯᠤᠰ ᠵᠶ᠋ᠠᠨ ᠬᠠᠶ᠋ᠢᠷᠠᠯᠠᠬᠤ ᠨᠡᠶ᠋ᠢᠭᠡᠮ ᠵᠢᠷᠤᠮ ᠵᠶ᠋ᠠᠨ ᠬᠠᠶ᠋ᠢᠷᠠᠯᠠᠬᠤ ᠵᠢ ᠬᠠᠷᠢᠯᠴᠠᠨ ᠨᠢᠭᠡᠳᠬᠡᠬᠦ ᠵᠢ ᠪᠠᠷᠢᠮᠲᠠᠯᠠᠨ᠎ᠠ᠃ ᠰᠢᠨ᠎ᠡ ᠳᠤᠮᠳᠠᠳᠤ ᠤᠯᠤᠰ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭᠰᠠᠨ ᠨᠡᠶ᠋ᠢᠭᠡᠮ ᠵᠢᠷᠤᠮᠲᠤ ᠤᠯᠤᠰ ᠮᠥᠨ᠂ ᠡᠬᠡ ᠣᠷᠣᠨ᠎ᠤ ᠬᠤᠪᠢ ᠵᠠᠶᠠᠭ᠎ᠠ᠎ᠨᠢ ᠨᠠᠮ᠎ᠤᠨ ᠬᠤᠪᠢ ᠵᠠᠶᠠᠭ᠎ᠠ᠂ ᠨᠡᠶ᠋ᠢᠭᠡᠮ ᠵᠢᠷᠤᠮ᠎ᠤᠨ ᠬᠤᠪᠢ ᠵᠠᠶᠠᠭ᠎ᠠ᠎ᠲᠠᠢ ᠰᠠᠯᠤᠰᠢ ᠦᠭᠡᠢ ᠨᠢᠭᠲᠠ ᠬᠣᠯᠪᠣᠭ᠎ᠠ᠎ᠲᠠᠢ ᠶᠤᠮ᠃ ᠤᠳᠤ ᠦᠶ᠎ᠡ ᠵᠢᠨ ᠳᠤᠮᠳᠠᠳᠤ ᠤᠯᠤᠰ᠎ᠲᠤ ᠡᠬᠡ ᠣᠷᠣᠨᠴᠢ ᠦᠵᠡᠯ᠎ᠤᠨ ᠮᠥᠨ ᠴᠢᠨᠠᠷ ᠪᠣᠯ ᠳᠠᠷᠤᠶ ᠤᠯᠤᠰ ᠵᠶ᠋ᠠᠨ ᠬᠠᠶ᠋ᠢᠷᠠᠯᠠᠬᠤ ᠪᠠ ᠨᠠᠮ ᠵᠶ᠋ᠠᠨ ᠬᠠᠶ᠋ᠢᠷᠠᠯᠠᠬᠤ᠂ ᠨᠡᠶ᠋ᠢᠭᠡᠮ ᠵᠢᠷᠤᠮ᠎ᠢ ᠬᠠᠶ᠋ᠢᠷᠠᠯᠠᠬᠤ ᠵᠢ ᠳᠡᠭᠡᠲᠤ ᠬᠡᠮᠵᠢᠶ᠎ᠡ᠎ᠪᠠᠷ ᠨᠢᠭᠡᠳᠬᠡᠬᠦ ᠶᠠᠪᠤᠳᠠᠯ ᠪᠣᠯᠤᠨ᠎ᠠ᠃ ᠳᠡᠰ ᠳᠠᠪᠬᠤᠷᠭ᠎ᠠ᠂ ᠬᠠᠨᠳᠤᠯᠭ᠎ᠠ ᠵᠢᠨ ᠡᠳᠡᠭᠡᠳ ᠵᠶ᠋ᠠᠨ ᠢᠯᠭ᠋ᠠᠵᠤ᠂ ᠬᠥᠮᠦᠰ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠨᠠᠮ᠎ᠤᠨ ᠤᠳᠤᠷᠢᠳᠤᠯᠭ᠎ᠠ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠬᠠᠮᠤᠭ᠎ᠤᠨ ᠮᠦᠨ ᠴᠢᠨᠠᠷ᠎ᠤᠨ ᠣᠨᠴᠠᠯᠢᠭ ᠰᠢᠨᠵᠢ ᠪᠠ ᠬᠠᠮᠤᠭ᠎ᠤᠨ ᠶᠡᠬᠡ ᠪᠠᠶ᠋ᠢᠭᠤᠯᠤᠯ᠎ᠤᠨ ᠳᠠᠪᠠᠭᠤᠯᠢᠭ ᠮᠥᠨ᠂ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠬᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠵᠠᠮ ᠵᠶ᠋ᠠᠷ ᠵᠠᠮᠨᠠᠬᠤ ᠵᠢ ᠪᠠᠷᠢᠮᠲᠠᠯᠠᠬᠤ ᠪᠣᠯ ᠤᠯᠤᠰ ᠣᠷᠣᠨ᠎ᠤ ᠪᠠᠶᠠᠵᠢᠯ ᠬᠦᠴᠦᠷᠬᠡᠭᠵᠢᠯ᠎ᠢ ᠪᠡᠶᠡᠯᠡᠭᠦᠯᠬᠦ ᠵᠢᠨ ᠦᠨᠳᠦᠰᠦᠨ ᠪᠠᠲᠤᠯᠠᠭ᠎ᠠ ᠪᠠ ᠵᠠᠢ᠌ᠯᠠᠰᠢ ᠦᠭᠡᠢ ᠱᠠᠭ᠋ᠠᠷᠳᠠᠯᠭ᠎ᠠ ᠮᠥᠨ ᠭᠡᠳᠡᠭ᠎ᠢ ᠭᠦᠨᠵᠡᠭᠡᠶ ᠲᠠᠨᠢᠭᠤᠯᠵᠤ᠂ ᠡᠷᠡᠰ ᠪᠠᠲᠤ ᠢᠲᠡᠭᠡᠯ ᠵᠣᠷᠢᠭ᠂ ᠴᠢᠩ ᠦᠨᠡᠨᠴᠢ ᠰᠡᠳᠬᠢᠯᠭᠡ᠎ᠪᠠᠷ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠢ ᠢᠮᠠᠭᠲᠠ ᠲᠤᠤᠱᠯᠠᠭᠤᠯᠬᠤ ᠬᠡᠷᠡᠭᠲᠡᠶ᠃
     4 ᠡᠬᠡ ᠣᠷᠣᠨ᠎ᠤ ᠨᠢᠭᠡᠳᠦᠯ ᠪᠠ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ᠎ᠪᠠᠷ ᠭᠣᠤᠯᠳᠠᠯᠭ᠎ᠠ ᠪᠣᠯᠭ᠋ᠠᠬᠤ ᠵᠢ ᠪᠠᠷᠢᠮᠲᠠᠯᠠᠨ᠎ᠠ᠃ ᠤᠯᠤᠰ ᠣᠷᠣᠨ᠎ᠤ ᠨᠢᠭᠡᠳᠦᠯ ᠪᠠ ᠦᠨᠳᠦᠰᠦᠲᠡᠨ᠎ᠤ ᠪᠦᠯᠬᠦᠮᠳᠡᠯ ᠪᠣᠯ ᠳᠤᠮᠳᠠᠳᠤ ᠵᠢᠨ ᠦᠨᠳᠦᠰᠦᠲᠡᠨ᠎ᠤ ᠦᠨᠳᠦᠰᠦᠨ ᠠᠰᠢᠭ ᠲᠤᠰᠠ ᠮᠥᠨ᠃ ᠦᠨᠳᠦᠰᠦᠲᠡᠨ᠎ᠤ ᠪᠦᠯᠬᠦᠮᠳᠡᠯ ᠪᠣᠯ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠦᠨᠳᠦᠰᠦ ᠮᠥᠨ ᠭᠡᠳᠡᠭ᠎ᠢ ᠪᠠᠷᠢᠮᠲᠠᠯᠠᠨ᠂ ᠡᠷᠬᠡ ᠲᠡᠭᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ᠎ᠲᠠᠢ ᠨᠡᠶ᠋ᠢᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ ᠵᠢ ᠪᠡᠬᠢᠵᠢᠭᠦᠯᠦᠨ ᠬᠥᠭᠵᠢᠭᠦᠯᠵᠦ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠦᠨᠳᠦᠰᠦᠲᠡᠨ᠎ᠤ ᠪᠦᠯᠬᠦᠮᠳᠡᠯ᠎ᠢ ᠨᠠᠨᠳᠢᠩᠨᠠᠵᠤ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠶᠡᠬᠡ ᠪᠦᠯᠬᠦᠮᠳᠡᠯ᠎ᠤᠨ ᠤᠯᠤᠰ ᠲᠥᠷᠦ ᠵᠢᠨ ᠪᠠᠶ᠋ᠢᠳᠠᠯ᠎ᠢ ᠬᠠᠮᠠᠭ᠋ᠠᠯᠠᠨ᠂ ᠬᠠᠮᠤᠭ᠎ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ᠎ᠢ ᠪᠡᠬᠢᠵᠢᠭᠦᠯᠦᠨ ᠬᠥᠭᠵᠢᠭᠦᠯᠵᠦ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠲᠤᠬᠠᠶ ᠢᠳᠡᠭᠡᠯ ᠪᠢᠰᠢᠷᠡᠯ᠎ᠢ ᠲᠠᠰᠤᠷᠠᠯᠲᠠ ᠦᠭᠡᠢ ᠴᠢᠩᠭ᠋ᠠᠳᠬᠠᠨ᠂ ᠤᠯᠤᠰ ᠣᠷᠣᠨ᠎ᠤ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠡᠷᠡᠰ ᠬᠠᠮᠠᠭ᠋ᠠᠯᠠᠵᠤ᠂ ᠲᠤᠭ ᠲᠡᠮᠳᠡᠭ ᠲᠣᠳᠣᠷᠬᠠᠶ᠎ᠪᠠᠷ ᠤᠯᠤᠰ ᠣᠷᠣᠨ᠎ᠢ ᠬᠠᠭ᠋ᠠᠴᠠᠭᠤᠯᠬᠤ᠂ ᠦᠨᠳᠦᠰᠦᠲᠡᠨ᠎ᠤ ᠪᠦᠯᠬᠦᠮᠳᠡᠯ᠎ᠢ ᠡᠪᠳᠡᠬᠦ ᠦᠭᠡ ᠶᠠᠷᠢᠶ᠎ᠠ ᠦᠢ᠍ᠯᠡ ᠠᠵᠢᠯᠯᠠᠭ᠎ᠠ ᠵᠢ ᠡᠰᠡᠷᠭᠦᠴᠡᠵᠦ᠂ ᠤᠯᠤᠰ ᠣᠷᠣᠨ᠎ᠤ ᠨᠢᠭᠡᠳᠦᠯ᠂ ᠦᠨᠳᠦᠰᠦᠲᠡᠨ᠎ᠤ ᠪᠦᠯᠬᠦᠮᠳᠡᠯ᠂ ᠨᠡᠶ᠋ᠢᠭᠡᠮ᠎ᠤᠨ ᠲᠣᠭᠲᠠᠭᠤᠨ ᠪᠠᠶ᠋ᠢᠯᠭ᠋ᠠᠬᠤ ᠪᠠᠲᠤ ᠪᠡᠬᠢ ᠦᠵᠡᠯ ᠰᠠᠨᠠᠭ᠎ᠠ ᠵᠢ ᠪᠤᠢ ᠪᠣᠯᠭ᠋ᠠᠬᠤ ᠬᠡᠷᠡᠭᠲᠡᠶ᠃
     5   ᠪᠠᠶ᠋ᠢᠭᠤᠯᠬᠤ᠎ᠪᠠᠷ ᠦᠨᠳᠦᠰᠦ ᠪᠣᠯᠭ᠋ᠠᠵᠤ᠂ ᠪᠦᠲᠦᠭᠡᠨ ᠪᠠᠶ᠋ᠢᠭᠤᠯᠤᠯᠲᠠ᠎ᠪᠠᠷ ᠭᠤᠤᠯᠳᠠᠯᠭ᠎ᠠ ᠪᠤᠯᠭ᠋ᠠᠬᠤ ᠵᠢ ᠪᠠᠷᠢᠮᠲᠠᠯᠠᠨ᠎ᠠ᠃ ᠡᠬᠡ ᠣᠷᠣᠨᠴᠢ ᠦᠵᠡᠯ ᠪᠣᠯ ᠳᠤᠮᠳᠠᠳᠤ ᠵᠢᠨ ᠠᠷᠠᠳ ᠲᠦᠮᠡᠨ᠎ᠤ ᠬᠠᠮᠤᠭ᠎ᠤᠨ ᠵᠦᠶ ᠶᠣᠰᠣᠨ᠎ᠤ᠂ ᠬᠠᠮᠤᠭ᠎ᠤᠨ ᠡᠷᠬᠢᠮ ᠨᠠᠨᠳᠢᠨ ᠬᠠᠶ᠋ᠢᠷ᠎ᠠ ᠰᠡᠳᠬᠢᠯᠭᠡ ᠮᠥᠨ᠃ ᠦᠰᠪᠦᠷᠢ ᠬᠡᠦᠬᠡᠳ᠎ᠤᠨ ᠬᠦᠮᠦᠵᠢᠯ᠎ᠠᠴᠠ ᠭᠠᠷᠳᠠᠵᠤ᠂ ᠪᠠᠲᠤ ᠪᠡᠬᠢ ᠬᠦᠮᠦᠵᠢᠯ᠎ᠤᠨ ᠰᠠᠭᠤᠷᠢ ᠵᠢ ᠲᠠᠯᠪᠢᠵᠤ᠂   ᠦᠵᠡᠯ ᠪᠤᠳᠤᠯ ᠵᠶ᠋ᠠᠨ ᠨᠢᠭᠲᠠᠷᠠᠭᠤᠯᠤᠨ ᠲᠦᠷᠢ ᠲᠦᠷᠬᠦ ᠵᠢ ᠪᠦᠲᠦᠭᠡᠬᠦ ᠵᠢ ᠪᠠᠷᠢᠮᠲᠠᠯᠠᠵᠤ᠂ ᠦᠵᠡᠯ ᠰᠠᠨᠠᠭ᠋ᠠᠨ᠎ᠤ ᠠᠭᠤᠯᠤᠭᠳᠠᠬᠤᠨ᠎ᠢ ᠳᠣᠪᠣᠶ᠋ᠢᠯᠭ᠋ᠠᠵᠤ᠂ ᠦᠵᠡᠯ ᠰᠠᠨᠠᠭ᠎ᠠ᠎ᠪᠠᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠵᠤ᠂ ᠦᠨᠳᠦᠰᠦᠨ ᠱᠠᠭ᠋ᠠᠷᠳᠠᠯᠭ᠎ᠠ ᠪᠠ ᠪᠣᠳᠠᠲᠠᠶ ᠪᠠᠢ᠌ᠳᠠᠯ᠎ᠢ ᠤᠶᠠᠯᠳᠤᠭᠤᠯᠵᠤ᠂ ᠪᠦᠬᠦ ᠲᠠᠯ᠎ᠠ᠎ᠪᠠᠷ ᠪᠦᠷᠬᠦᠭᠦᠯᠬᠦ ᠪᠠ ᠭᠣᠤᠯᠳᠠᠯᠭ᠎ᠠ ᠵᠢ ᠳᠣᠪᠣᠶ᠋ᠢᠯᠭ᠋ᠠᠬᠤ ᠵᠢ ᠤᠶᠠᠯᠳᠤᠭᠤᠯᠵᠤ᠂ ᠵᠢᠮ᠎ᠡ ᠶᠣᠰᠣ ᠵᠢ ᠵᠢᠷᠤᠮᠯᠠᠵᠤ᠂ ᠰᠢᠨ᠎ᠡ ᠵᠢ ᠡᠭᠦᠳᠦᠨ ᠬᠥᠭᠵᠢᠭᠦᠯᠵᠦ᠂ ᠨᠠᠷᠢᠯᠢᠭ ᠨᠠᠢ᠌ᠳᠠᠪᠤᠷᠢᠵᠢᠭᠤᠯᠬᠤ ᠪᠠᠭ᠎ᠠ ᠬᠡᠮᠵᠢᠶ᠎ᠡ᠎ᠪᠠᠷ ᠨᠠᠶ᠋ᠢᠳᠠᠪᠤᠷᠢᠵᠢᠭᠤᠯᠬᠤ᠂ ᠡᠳᠦᠷ ᠳᠣᠳᠥᠮ᠎ᠤᠨ ᠪᠠᠢ᠌ᠩᠭᠤᠵᠢᠬᠤ ᠵᠢ ᠴᠢᠬᠤᠯᠠᠴᠢᠯᠠᠵᠤ᠂ ᠦᠵᠡᠯ ᠰᠠᠨᠠᠭ᠋ᠠᠨ᠎ᠤ ᠬᠥᠮᠦᠵᠢᠯ᠎ᠢ ᠴᠢᠩᠭ᠋ᠠᠳᠬᠠᠵᠤ᠂ ᠤᠯᠤᠰ ᠵᠶ᠋ᠠᠨ ᠬᠠᠶ᠋ᠢᠷᠠᠯᠠᠬᠤ ᠦᠵᠡᠯ᠎ᠤᠨ ᠬᠥᠮᠦᠵᠢᠯ᠎ᠢ   ᠤᠯᠤᠰ ᠠᠷᠠᠳ᠎ᠤᠨ ᠰᠤᠷᠭ᠋ᠠᠨ ᠬᠦᠮᠦᠵᠢᠯ ᠪᠠ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠪᠦᠬᠦ ᠶᠠᠪᠤᠴᠠ᠎ᠳᠤ ᠠᠭᠤᠰᠤᠯᠴᠠᠭᠤᠯᠬᠤ ᠵᠢ ᠠᠬᠢᠭᠤᠯᠬᠤ ᠬᠡᠷᠡᠭᠲᠡᠶ᠃
     6   ᠳᠤᠮᠳᠠᠳᠤ ᠤᠯᠤᠰ᠎ᠲᠤ ᠰᠠᠭᠤᠷᠢᠯᠠᠬᠤ ᠮᠥᠷᠲᠡᠭᠡᠨ ᠳᠡᠯᠡᠬᠡᠶ ᠳ᠋ᠠᠬᠢᠨ᠎ᠳᠤ ᠬᠠᠨᠳᠤᠬᠤ ᠵᠢ ᠪᠠᠷᠢᠮᠲᠠᠯᠠᠨ᠎ᠠ᠃ ᠨᠢᠭᠡ ᠤᠯᠤᠰ᠂ ᠨᠢᠭᠡ ᠦᠨᠳᠦᠰᠦᠲᠡᠨ ᠭᠠᠭᠴᠠ ᠬᠦ᠌ ᠨᠡᠭᠡᠭᠡᠯᠲᠡ ᠴᠢᠯᠦᠭᠡᠳᠡᠢ ᠶᠠᠪᠤᠯᠴᠠᠪᠠᠯ ᠰᠠᠶᠢ ᠪᠠᠶᠠᠨ ᠬᠦᠴᠦᠷᠬᠡᠭ ᠬᠥᠭᠵᠢᠨ ᠮᠠᠨᠳᠤᠵᠤ ᠴᠢᠳᠠᠨ᠎ᠠ᠃ ᠡᠬᠡ ᠣᠷᠣᠨᠴᠢ ᠦᠵᠡᠯ᠎ᠤᠨ ᠵᠣᠷᠢᠭ ᠰᠠᠨᠠᠭ᠎ᠠ ᠵᠢ ᠪᠠᠳᠠᠷᠠᠭᠤᠯᠬᠤ ᠵᠢ ᠨᠡᠭᠡᠭᠡᠯᠲᠡ ᠬᠢᠬᠦ ᠵᠢ ᠥᠷᠭᠡᠳᠬᠡᠬᠦ᠎ᠯᠦᠭᠡ ᠤᠶᠠᠯᠳᠤᠭᠤᠯᠵᠤ᠂ ᠡᠯ᠎ᠡ ᠤᠯᠤᠰ᠎ᠤᠨ ᠲᠡᠤᠬᠡᠨ ᠣᠨᠴᠠᠯᠢᠭ᠂ ᠰᠣᠶᠣᠯ᠎ᠤᠨ ᠤᠯᠠᠮᠵᠢᠯᠠᠯ᠎ᠢ ᠬᠦᠨᠳᠦᠳᠬᠡᠵᠦ᠂ ᠡᠯ᠎ᠡ ᠤᠯᠤᠰ᠎ᠤᠨ ᠠᠷᠠᠳ ᠲᠦᠮᠡᠨ᠎ᠤ ᠬᠥᠭᠵᠢᠯᠲᠡ ᠵᠢᠨ ᠵᠠᠮ᠎ᠢ ᠬᠦᠨᠳᠦᠳᠬᠡᠵᠦ᠂ ᠠᠳᠠᠯᠢ ᠪᠤᠰᠤ ᠰᠤᠶᠤᠯ᠎ᠤᠨ ᠪᠣᠯᠪᠠᠰᠤᠨ᠎ᠤ ᠤᠶᠤᠨ ᠤᠬᠠᠭ᠋ᠠᠨ᠎ᠤ ᠣᠬᠢ ᠰᠢᠮ᠎ᠡ ᠵᠢ ᠴᠢᠳᠠᠮᠠᠭ᠋ᠠᠢ ᠬᠦᠷᠳᠡᠵᠤ᠂ ᠬᠥᠮᠦᠨ ᠲᠥᠷᠥᠯᠬᠢᠲᠡᠨ᠎ᠤ ᠡᠩᠬᠡ ᠲᠠᠶ᠋ᠢᠪᠤᠩ ᠪᠣᠯᠤᠨ ᠬᠥᠭᠵᠢᠯᠲᠡ ᠵᠢᠨ ᠡᠷᠬᠢᠮ ᠳᠡᠭᠡᠲᠤ ᠦᠢᠯᠡᠰ᠎ᠢ ᠠᠬᠢᠭᠤᠯᠵᠤ᠂ ᠬᠥᠮᠦᠨ ᠲᠥᠷᠥᠯᠬᠢᠲᠡᠨ᠎ᠤ ᠪᠣᠯᠪᠠᠰᠤᠨ᠎ᠤ ᠬᠥᠭᠵᠢᠯᠲᠡ ᠳᠠᠪᠰᠢᠯᠲᠠ ᠵᠢ ᠬᠠᠮᠲᠤ᠎ᠪᠠᠷ ᠲᠦᠯᠬᠢᠨ ᠠᠬᠢᠭᠤᠯᠬᠤ ᠬᠡᠷᠡᠭᠲᠡᠶ᠃
ᠬᠣᠶᠠᠷ᠂ ᠦᠨᠳᠦᠰᠦᠨ ᠠᠭᠤᠯᠭ᠎ᠠ
     7 ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠪᠦᠬᠦ ᠨᠠᠮ᠎ᠢ ᠵᠡᠪᠰᠡᠭᠯᠡᠵᠦ᠂ ᠠᠷᠠᠳ ᠲᠦᠮᠡᠨ᠎ᠢ ᠬᠥᠮᠦᠵᠢᠭᠦᠯᠬᠦ ᠵᠢ ᠪᠠᠷᠢᠮᠲᠠᠯᠠᠨ᠎ᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠣᠯ ᠮᠠᠷᠺᠰ᠎ᠤᠨ ᠦᠵᠡᠯ᠎ᠤᠨ ᠳᠤᠮᠳᠠᠳᠤ ᠤᠯᠤᠰᠴᠢᠯᠠᠭᠰᠠᠨ ᠬᠠᠮᠤᠭ᠎ᠤᠨ ᠰᠢᠨ᠎ᠡ ᠦᠷ᠎ᠡ ᠪᠦᠲᠦᠭᠡᠯ ᠮᠥᠨ᠂ ᠨᠠᠮ ᠪᠠ ᠠᠷᠠᠳ ᠲᠦᠮᠡᠨ᠎ᠤ ᠦᠢᠯᠡᠳᠦᠯᠭᠡ ᠵᠢᠨ ᠲᠤᠷᠰᠢᠯᠭ᠎ᠠ ᠪᠠ ᠬᠠᠮᠲᠤ ᠵᠢᠨ ᠣᠶᠤᠨ ᠤᠬᠠᠭ᠋ᠠᠨ᠎ᠤ ᠣᠬᠢ ᠪᠦᠲᠦᠭᠡᠯ ᠮᠥᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠣᠨᠣᠯ᠎ᠤᠨ ᠰᠢᠰᠲ᠋ᠧᠮ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠪᠦᠬᠦ ᠨᠠᠮ ᠪᠦᠬᠦ ᠤᠯᠤᠰ᠎ᠤᠨ ᠠᠷᠠᠳ ᠲᠦᠮᠡᠨ᠎ᠤ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠲᠥᠯᠥᠭᠡ ᠲᠡᠮᠡᠴᠡᠭᠰᠡᠨ᠎ᠤ ᠦᠷ᠎ᠡ ᠪᠦᠲᠦᠭᠡᠯ ᠮᠥᠨ᠂ ᠡᠷᠬᠡᠪᠰᠢ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠵᠢᠨ ᠬᠠᠮᠲᠤ ᠲᠠᠰᠤᠷᠠᠯᠲᠠ ᠦᠭᠡᠢ ᠬᠥᠭᠵᠢᠭᠦᠯᠬᠦ ᠬᠡᠷᠡᠭᠲᠡᠶ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠭᠣᠤᠯᠯᠠᠬᠤ ᠴᠢᠬᠤᠯᠠ   ᠠᠭᠤᠯᠭ᠎ᠠ᠂ ᠡᠯᠪᠡᠭ ᠪᠠᠶᠠᠯᠢᠭ ᠠᠭᠤᠯᠤᠭᠳᠠᠬᠤᠨ᠂ ᠦᠢᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠶ ᠣᠶ᠋ᠢᠯᠠᠭ᠋ᠠᠵᠤ᠂ ᠺᠠᠳ᠋ᠷ ᠣᠯᠠᠨ ᠲᠦᠮᠡᠨ᠎ᠤ ᠤᠯᠤᠰ ᠲᠥᠷᠦ ᠵᠢᠨ ᠤᠬᠠᠮᠰᠠᠷ᠂ ᠶᠡᠬᠡ ᠲᠠᠯ᠎ᠠ ᠵᠢ ᠪᠤᠳᠤᠯᠬᠢᠯᠠᠬᠤ ᠤᠬᠠᠮᠰᠠᠷ᠂ ᠭᠣᠤᠯᠯᠠᠬᠤ ᠤᠬᠠᠮᠰᠠᠷ᠂ ᠨᠢᠭᠡᠳᠦᠯᠲᠡᠶ ᠪᠠᠢ᠌ᠬᠤ ᠤᠬᠠᠮᠰᠠᠷ᠎ᠢ ᠲᠠᠰᠤᠷᠠᠯᠲᠠ ᠦᠭᠡᠢ ᠴᠢᠩᠭ᠋ᠠᠳᠬᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠲᠥᠪ ᠬᠣᠷᠢᠶᠠᠨ᠎ᠤ ᠭᠣᠤᠯᠯᠠᠭᠴᠢ᠂ ᠪᠦᠬᠦ ᠨᠠᠮ᠎ᠤᠨ ᠭᠣᠤᠯᠯᠠᠬᠤ ᠪᠠᠶ᠋ᠢᠷᠢ ᠰᠠᠭᠤᠷᠢ ᠵᠢ ᠡᠷᠡᠰ ᠬᠠᠮᠠᠭ᠋ᠠᠯᠠᠵᠤ᠂ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠡᠷᠡᠰ ᠬᠠᠮᠠᠭ᠋ᠠᠯᠠᠬᠤ ᠬᠡᠷᠡᠭᠲᠡᠶ᠃ ᠬᠥᠮᠦᠰ᠎ᠤᠨ ᠦᠢᠯᠡᠳᠪᠦᠷᠢᠯᠡᠯ ᠠᠮᠢᠳᠤᠷᠠᠯ᠎ᠤᠨ ᠪᠣᠳᠠᠲᠤ ᠪᠠᠢ᠌ᠳᠠᠯ᠎ᠲᠠᠢ ᠨᠢᠭᠲᠠ ᠤᠶᠠᠯᠳᠤᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠠᠵᠤ ᠠᠬᠤᠢ᠌ᠯᠠᠯ᠂ ᠬᠥᠳᠡᠭᠡ ᠲᠣᠰᠬᠣᠨ᠂ ᠪᠠᠶ᠋ᠢᠭᠤᠯᠤᠯᠭ᠎ᠠ᠂ ᠰᠤᠷᠭ᠋ᠠᠭᠤᠯᠢ ᠵᠢᠨ ᠬᠦᠷᠢᠶ᠎ᠡ᠂ ᠨᠡᠶ᠋ᠢᠭᠡᠮ ᠲᠣᠭᠣᠷᠢᠭ᠂ ᠴᠡᠷᠢᠭ᠎ᠤᠨ ᠬᠤᠸᠠᠷᠠᠨ᠂ ᠲᠣᠤᠷ ᠰᠦᠯᠵᠢᠶᠡᠨ᠎ᠳᠤ ᠣᠷᠣᠭᠤᠯᠬᠤ ᠵᠢ ᠠᠬᠢᠭᠤᠯᠵᠤ᠂ ᠨᠠᠮ᠎ᠤᠨ ᠰᠢᠨ᠎ᠡ ᠵᠢ ᠡᠭᠦᠳᠬᠦ ᠤᠨᠤᠯ᠎ᠢ ᠤᠯᠠᠨ ᠲᠦᠮᠡᠨᠴᠢᠯᠡᠵᠤ ᠳᠡᠯᠭᠡᠷᠡᠬᠦᠯᠬᠦ ᠬᠡᠷᠡᠭᠲᠡᠶ᠃ ᠮᠡᠳᠡᠬᠦᠶ ᠬᠢᠬᠦᠶ᠎ᠪᠠᠨ ᠨᠢᠭᠡᠳᠬᠡᠬᠦ᠂ ᠰᠤᠷᠤᠭᠰᠠᠨ ᠵᠶ᠋ᠠᠨ ᠬᠡᠷᠡᠭᠯᠡᠬᠦ ᠳᠡᠭᠡᠷ᠎ᠡ ᠬᠦᠴᠦ ᠲᠠᠯᠪᠢᠵᠤ᠂ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠢ᠌ᠭ᠋ᠠᠳ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠰᠢᠨ᠎ᠡ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠤᠯᠤᠰ ᠵᠶ᠋ᠠᠨ ᠬᠠᠶ᠋ᠢᠷᠠᠯᠠᠵᠤ ᠤᠯᠤᠰ᠎ᠲᠠᠭᠠᠨ ᠵᠢᠳᠬᠦᠬᠦ ᠪᠣᠳᠠᠲᠤ ᠠᠵᠢᠯᠯᠠᠭ᠎ᠠ ᠪᠣᠯᠭ᠋ᠠᠨ ᠬᠤᠪᠢᠷᠠᠭᠤᠯᠬᠤ ᠬᠡᠷᠡᠭᠲᠡᠶ᠃
      8 ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ ᠪᠠ ᠳᠤᠮᠳᠠᠳᠤ ᠵᠢᠨ ᠬᠦᠰᠡᠯᠡᠩ᠎ᠤᠨ ᠬᠥᠮᠦᠵᠢᠯ᠎ᠢ ᠭᠦᠨᠵᠡᠭᠡᠶ ᠥᠷᠨᠢᠭᠦᠯᠦᠨ᠎ᠡ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠨᠢ ᠤᠯᠤᠰ ᠣᠷᠣᠨ᠂ ᠦᠨᠳᠦᠰᠦᠲᠡᠨ᠂ ᠠᠷᠠᠳ ᠲᠦᠮᠡᠨ᠎ᠤ ᠦᠨᠳᠦᠰᠦᠨ ᠠᠰᠢᠭ ᠲᠤᠰᠠ ᠵᠢ ᠲᠦᠪᠯᠡᠷᠡᠬᠦᠯᠦᠨ ᠲᠤᠰᠬᠠᠵᠤ ᠪᠠᠢ᠌ᠳᠠᠭ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠤᠨ᠂ ᠬᠦᠰᠡᠯᠡᠩ ᠢᠲᠡᠭᠡᠯ ᠵᠣᠷᠢᠭ᠎ᠤᠨ ᠬᠥᠮᠦᠵᠢᠯ᠎ᠢ ᠥᠷᠭᠡᠨ ᠳᠡᠯᠭᠡᠷᠡᠩᠭᠦᠶ ᠥᠷᠨᠢᠭᠦᠯᠵᠦ᠂ ᠨᠠᠮ᠎ᠤᠨ ᠠᠷᠠᠳ ᠲᠦᠮᠡᠨ᠎ᠢ ᠤᠳᠤᠷᠢᠳᠤᠨ ᠠᠭᠤᠤ ᠶᠡᠬᠡ ᠨᠡᠶ᠋ᠢᠭᠡᠮ᠎ᠤᠨ ᠬᠤᠪᠢᠰᠬᠠᠯ ᠬᠢᠭᠰᠡᠨ ᠦᠷ᠎ᠡ ᠪᠦᠲᠦᠮᠵᠢ᠂ ᠥᠭᠡᠷᠡᠴᠢᠯᠡᠯᠲᠡ ᠨᠡᠭᠡᠭᠡᠯᠲᠡ ᠬᠢᠭᠰᠡᠨ᠎ᠠᠴᠠ ᠨᠠᠭ᠋ᠠᠰᠢᠬᠢ ᠨᠡᠶ᠋ᠢᠭᠡᠮ ᠵᠢᠷᠤᠮ᠎ᠤᠨ ᠤᠳᠤᠬᠢᠴᠢᠯᠠᠯᠳᠠ ᠵᠢᠨ ᠪᠦᠲᠦᠭᠡᠨ ᠪᠠᠶ᠋ᠢᠭᠤᠯᠤᠯᠲᠠ ᠵᠢᠨ   ᠦᠷ᠎ᠡ ᠪᠦᠲᠦᠮᠵᠢ᠂ ᠰᠢᠨ᠎ᠡ ᠴᠠᠭ ᠣᠢᠶ᠎ᠠ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠦᠭᠰᠡᠨ ᠠᠮᠢᠳᠤᠯᠢᠭ ᠦᠢᠯᠡᠳᠦᠯᠭᠡ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠤᠨ ᠳᠠᠪᠠᠭᠤᠯᠢᠭ᠎ᠢ ᠰᠡᠳᠬᠢᠯ᠎ᠳᠤ᠎ᠪᠠᠨ ᠬᠠᠳᠠᠩᠰᠢᠭᠤᠯᠵᠤ  ᠂ ᠲᠡᠤᠬᠡ ᠪᠣᠯᠤᠨ ᠪᠣᠳᠠᠲᠤ ᠠᠬᠤᠶ᠂ ᠣᠯᠠᠨ ᠤᠯᠤᠰ ᠪᠣᠯᠤᠨ ᠤᠯᠤᠰ᠎ᠤᠨ ᠳᠣᠲᠣᠭ᠋ᠠᠳᠤ ᠵᠢᠨ ᠬᠠᠷᠢᠴᠠᠭᠤᠯᠤᠯ ᠳᠤᠮᠳᠠ᠂ ᠬᠥᠮᠦᠰ᠎ᠢ ᠬᠥᠲᠥᠯᠥᠨ ᠵᠢᠯᠣᠭᠣᠳᠴᠤ ᠪᠠᠢ᠌ᠭ᠋ᠠᠳ ᠳᠤᠮᠳᠠᠳᠤ ᠤᠯᠤᠰ᠎ᠤᠨ ᠡᠪ ᠬᠠᠮᠲᠤ ᠨᠠᠮ ᠶᠠᠭ᠋ᠠᠬᠢᠭ᠋ᠠᠳ 《ᠬᠦᠭᠵᠢᠵᠦ ᠪᠤᠯᠬᠤ》᠂ ᠮᠠᠷᠺᠰ᠎ᠤᠨ ᠦᠵᠡᠯ ᠶᠠᠭ᠋ᠠᠬᠢᠭ᠋ᠠᠳ 《ᠰᠤᠷᠤᠯᠴᠠᠵᠤ ᠪᠤᠯᠬᠤ》᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ ᠶᠠᠭ᠋ᠠᠬᠢᠭ᠋ᠠᠳ 《ᠬᠦᠭᠵᠢᠬᠦ ᠢᠷᠡᠭᠡᠳᠦᠢ᠎ᠲᠠᠢ》 ᠪᠠᠶ᠋ᠢᠬᠤ ᠵᠢ ᠭᠦᠨᠵᠡᠭᠡᠶ ᠲᠠᠨᠢᠭᠤᠯᠵᠤ᠂ ᠤᠯᠠᠭ᠋ᠠᠨ ᠵᠠᠰᠠᠭ ᠬᠠᠮᠢᠭ᠎ᠠ᠎ᠠᠴᠠ ᠢᠷᠡᠭᠰᠡᠨ᠂ ᠰᠢᠨ᠎ᠡ ᠳᠤᠮᠳᠠᠳᠤ ᠤᠯᠤᠰ᠎ᠢ ᠬᠡᠷᠬᠢᠨ ᠪᠠᠶ᠋ᠢᠭᠤᠯᠤᠭᠰᠠᠨ ᠭᠡᠳᠡᠭ᠎ᠢ ᠪᠠᠲᠤ ᠬᠠᠳᠠᠩᠰᠢᠭᠤᠯᠤᠨ᠎ᠠ᠃ ᠮᠠᠨ᠎ᠤ ᠨᠠᠮ᠎ᠤᠨ ᠡᠭᠦᠳᠦᠨ ᠨᠡᠭᠡᠭᠡᠭᠰᠡᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠢ ᠨᠠᠨᠳᠢᠩᠨᠠᠵᠤ᠂ ᠨᠡᠢ᠌ᠭᠡᠮ᠎ᠤᠨ ᠪᠠᠢ᠌ᠭᠤᠯᠤᠯ᠎ᠢ ᠢᠳᠡᠭᠡᠬᠦ᠂ ᠣᠨᠣᠯ᠎ᠢ ᠢᠳᠡᠭᠡᠬᠦ᠂ ᠲᠦᠷᠢᠮ ᠲᠤᠭᠳᠠᠭ᠋ᠠᠯ᠎ᠢ ᠢᠲᠡᠭᠡᠬᠦ᠂ ᠰᠣᠶᠣᠯ᠎ᠢ ᠢᠳᠡᠭᠡᠬᠦ ᠢᠲᠡᠭᠡᠯ ᠵᠶ᠋ᠠᠨ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠳᠤᠮᠳᠠᠳᠤ ᠵᠢᠨ ᠬᠦᠰᠡᠯᠡᠩ᠎ᠤᠨ ᠬᠥᠮᠦᠵᠢᠯ᠎ᠢ ᠭᠦᠨᠵᠡᠭᠡᠶ ᠥᠷᠨᠢᠭᠦᠯᠵᠦ᠂ ᠬᠥᠮᠦᠰ᠎ᠢ ᠬᠥᠲᠥᠯᠥᠨ ᠵᠢᠯᠣᠭᠣᠳᠴᠤ ᠳᠤᠮᠳᠠᠳᠤ ᠵᠢᠨ ᠬᠦᠰᠡᠯᠡᠩ ᠪᠣᠯ ᠤᠯᠤᠰ ᠤᠷᠤᠨ᠎ᠤ ᠬᠦᠰᠡᠯᠡᠩ᠂ ᠦᠨᠳᠦᠰᠦᠲᠡᠨ᠎ᠤ ᠬᠦᠰᠡᠯᠡᠩ ᠮᠥᠨ᠂ ᠪᠠᠰᠠ ᠴᠤ᠌ ᠳᠤᠮᠳᠠᠳᠤ ᠤᠯᠤᠰ᠎ᠤᠨ ᠠᠷᠠᠳ ᠲᠦᠮᠡᠨ᠎ᠤ   ᠬᠦᠰᠡᠯᠡᠩ ᠮᠥᠨ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ   ᠬᠥᠩᠭᠡᠨ ᠬᠠᠭᠤᠳᠠᠮ ᠵᠶ᠋ᠠᠷ ᠪᠡᠶᠡᠯᠡᠬᠦᠯᠴᠢᠬᠡᠬᠦ ᠪᠢᠰᠢ᠂ ᠬᠠᠷᠢᠨ ᠨᠠᠩ ᠬᠠᠲᠠᠭᠤ ᠪᠡᠷᠬᠡ᠂ ᠨᠠᠩ ᠬᠠᠲᠠᠭᠤᠵᠢᠯᠲᠠᠶ ᠴᠢᠷᠮᠠᠶ᠋ᠢᠯᠭ᠎ᠠ ᠭᠠᠷᠭ᠋ᠠᠬᠤ ᠬᠡᠷᠡᠭᠳᠡᠢ᠂ ᠰᠢᠨ᠎ᠡ ᠴᠠᠭ ᠦᠶ᠎ᠡ ᠵᠢᠨ ᠡᠷᠡᠯᠬᠡᠭᠯᠡᠨ ᠲᠡᠮᠡᠴᠡᠭᠴᠢ᠂ ᠬᠦᠰᠡᠯ ᠮᠦᠷᠦᠭᠡᠳᠤᠯ᠎ᠤᠨ ᠵᠶ᠋ᠠᠨ ᠬᠥᠭᠡᠭᠡᠴᠡᠯᠳᠦᠭᠴᠢ ᠪᠣᠯᠬᠤ᠎ᠪᠠᠷ ᠴᠢᠷᠮᠠᠶ᠋ᠢᠬᠤ ᠬᠡᠷᠡᠭᠲᠡᠶ᠃
     9 ᠤᠯᠤᠰ᠎ᠤᠨ ᠪᠠᠢ᠌ᠳᠠᠯ᠎ᠤᠨ ᠬᠥᠮᠦᠵᠢᠯ ᠪᠠ ᠴᠠᠭ᠎ᠤᠨ ᠪᠠᠢ᠌ᠳᠠᠯ᠎ᠤᠨ ᠲᠥᠷᠦ ᠵᠢᠨ ᠪᠣᠳᠣᠯᠭ᠎ᠠ ᠵᠢᠨ ᠬᠥᠮᠦᠵᠢᠯ᠎ᠢ ᠭᠦᠨᠵᠡᠭᠡᠶ ᠥᠷᠨᠢᠭᠦᠯᠦᠨ᠎ᠡ᠃ ᠤᠯᠤᠰ᠎ᠤᠨ ᠪᠠᠢ᠌ᠳᠠᠯ᠎ᠤᠨ ᠬᠥᠮᠦᠵᠢᠯ᠎ᠢ ᠭᠦᠨᠵᠡᠭᠡᠶ ᠥᠷᠨᠢᠭᠦᠯᠵᠦ᠂ ᠬᠥᠮᠦᠰ᠎ᠢ ᠬᠠᠪᠰᠤᠷᠤᠨ ᠮᠠᠨ᠎ᠤ ᠤᠯᠤᠰ᠎ᠤᠨ ᠬᠥᠭᠵᠢᠯᠲᠡ ᠵᠢᠨ ᠲᠡᠤᠬᠡᠨ ᠰᠢᠨ᠎ᠡ ᠣᠷᠣᠨ ᠲᠤᠭᠳᠠᠭ᠋ᠠᠯᠳᠠ᠂ ᠨᠡᠶ᠋ᠢᠭᠡᠮ᠎ᠤᠨ ᠭᠣᠤᠯ ᠵᠥᠷᠢᠴᠡᠯ᠎ᠤᠨ ᠬᠤᠪᠢᠷᠠᠯᠲᠠ ᠵᠢ ᠣᠶ᠋ᠢᠯᠠᠭ᠋ᠠᠭᠤᠯᠵᠤ᠂ ᠬᠥᠮᠦᠰ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠮᠠᠨ᠎ᠤ ᠤᠯᠤᠰ ᠮᠥᠨ ᠯᠡ ᠨᠡᠶ᠋ᠢᠭᠡᠮ ᠵᠢᠷᠤᠮ᠎ᠤᠨ ᠠᠩᠬᠠᠨ᠎ᠤ ᠱᠠᠲᠤᠨ᠎ᠳᠤ ᠣᠷᠣᠰᠢᠵᠤ ᠪᠠᠢ᠌ᠬᠤ ᠪᠥᠭᠡᠳ ᠤᠷᠳᠤ ᠬᠤᠭᠤᠴᠠᠭ᠎ᠠ᠎ᠪᠠᠷ ᠣᠷᠣᠰᠢᠬᠤ ᠤᠯᠤᠰ᠎ᠤᠨ ᠦᠨᠳᠦᠰᠦᠨ ᠪᠠᠢ᠌ᠳᠠᠯ᠂ ᠮᠠᠨ᠎ᠤ ᠤᠯᠤᠰ ᠪᠣᠯ ᠳᠡᠯᠡᠬᠡᠶ ᠳᠡᠭᠡᠷᠡᠬᠢ ᠬᠠᠮᠤᠭ᠎ᠤᠨ ᠲᠣᠮᠣ ᠬᠥᠭᠵᠢᠵᠦ ᠪᠠᠢ᠌ᠭ᠎ᠠ ᠤᠯᠤᠰ ᠪᠣᠯᠬᠤ ᠪᠠᠢ᠌ᠷᠢ ᠰᠠᠭᠤᠷᠢ᠂ ᠢᠮᠠᠭᠲᠠ ᠤᠯᠤᠰ᠎ᠤᠨ ᠦᠨᠳᠦᠰᠦᠨ ᠪᠠᠶ᠋ᠢᠳᠠᠯ᠎ᠢ ᠣᠨᠣᠪᠴᠢᠲᠠᠶ ᠡᠵᠡᠮᠳᠡᠬᠦ᠂ ᠴᠠᠭ ᠦᠶ᠎ᠡ᠎ᠠᠴᠠ ᠬᠣᠴᠣᠷᠬᠤ ᠦᠭᠡᠢ ᠮᠥᠷᠲᠡᠭᠡᠨ ᠪᠠᠰᠠ ᠪᠤᠳᠠᠳᠤ ᠪᠠᠢ᠌ᠳᠠᠯ᠂ ᠱᠠᠲᠤ ᠦᠶ᠎ᠡ᠎ᠠᠴᠠ ᠳᠠᠪᠠᠬᠤ ᠦᠭᠡᠢ ᠭᠡᠳᠡᠭ᠎ᠢ ᠭᠦᠨᠵᠡᠭᠡᠶ ᠲᠠᠨᠢᠭᠤᠯᠬᠤ ᠬᠡᠷᠡᠭᠲᠡᠶ᠃ ᠴᠠᠭ᠎ᠤᠨ ᠪᠠᠢ᠌ᠳᠠᠯ ᠲᠥᠷᠦ ᠵᠢᠨ ᠪᠣᠳᠣᠯᠭ᠎ᠠ ᠵᠢᠨ ᠬᠥᠮᠦᠵᠢᠯ᠎ᠢ ᠭᠦᠨᠵᠡᠭᠡᠶ ᠥᠷᠨᠢᠭᠦᠯᠵᠦ᠂ ᠬᠥᠮᠦᠰ᠎ᠢ ᠬᠠᠪᠰᠤᠷᠤᠨ ᠵᠥᠪ ᠣᠨᠣᠪᠴᠢᠲᠠᠶ ᠲᠡᠦᠬᠡᠨ ᠦᠵᠡᠯᠳᠠ᠂ ᠶᠡᠬᠡ ᠲᠠᠯ᠎ᠠ᠎ᠤᠨ ᠦᠵᠡᠯᠲᠡ᠂ ᠳᠦᠷᠢ ᠵᠢᠨ ᠦᠵᠡᠯᠲᠡ ᠵᠢ ᠪᠤᠢ ᠪᠤᠯᠭ᠋ᠠᠨ᠎ᠠ᠃ ᠳᠡᠯᠡᠬᠡᠶ ᠶᠢᠷᠲᠢᠨᠴᠦ ᠶᠠᠭ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠵᠢ ᠥᠩᠭᠡᠷᠡᠭᠡᠵᠦ ᠪᠠᠶ᠋ᠢᠨ᠎ᠠ᠂ ᠮᠠᠨ᠎ᠤ ᠤᠯᠤᠰ ᠮᠥᠨ ᠯᠡ ᠬᠥᠭᠵᠢᠯᠲᠡ ᠵᠢᠨ ᠴᠢᠬᠤᠯᠠ ᠪᠠᠶ᠋ᠢᠯᠳᠤᠬᠤ ᠪᠣᠳᠣᠯᠭ᠎ᠠ ᠵᠢᠨ ᠱᠠᠲᠤᠨ᠎ᠳᠤ ᠣᠷᠣᠰᠢᠵᠤ ᠪᠠᠶ᠋ᠢᠨ᠎ᠠ ᠭᠡᠳᠡᠭ᠎ᠢ ᠣᠶ᠋ᠢᠯᠠᠭ᠋ᠠᠭᠤᠯᠵᠤ᠂ ᠬᠥᠮᠦᠰ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠳᠡᠯᠡᠬᠡᠶ ᠵᠢᠨ ᠬᠥᠭᠵᠢᠯᠲᠡ ᠬᠤᠪᠢᠷᠠᠯᠲᠠ ᠵᠢ ᠰᠡᠷᠭᠡᠭ ᠵᠶ᠋ᠠᠷ ᠲᠠᠨᠢᠭᠤᠯᠵᠤ᠂ ᠮᠠᠨ᠎ᠤ   ᠤᠯᠤᠰ᠎ᠤᠨ ᠬᠤᠪᠢ ᠵᠢᠨ ᠠᠵᠢᠯ᠎ᠢ ᠰᠠᠶ᠋ᠢᠲᠤᠷ ᠬᠢᠯᠭᠡᠬᠦ ᠬᠡᠷᠡᠭᠲᠡᠶ᠃ ᠲᠡᠮᠡᠴᠡᠯ᠎ᠤᠨ ᠵᠣᠷᠢᠭ ᠰᠠᠨᠠᠭ᠎ᠠ ᠵᠢ ᠪᠠᠳᠠᠷᠠᠭᠤᠯᠤᠨ᠂ ᠲᠡᠮᠡᠴᠡᠯ᠎ᠤᠨ ᠴᠢᠳᠠᠪᠤᠷᠢ᠎ᠪᠠᠨ ᠨᠡᠮᠡᠭᠳᠡᠭᠦᠯᠵᠦ᠂ ᠬᠥᠮᠦᠰ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠠᠭᠤᠤ ᠶᠡᠬᠡ ᠲᠡᠮᠡᠴᠡᠯ᠎ᠤᠨ ᠤᠷᠳᠤ ᠬᠤᠭᠤᠴᠠᠭ᠋ᠠᠲᠤ ᠴᠢᠨᠠᠷ᠂ ᠬᠠᠲᠠᠭᠤ ᠪᠡᠷᠬᠡ ᠴᠢᠨᠠᠷ᠎ᠢ ᠭᠦᠢᠴᠡᠳ ᠲᠠᠨᠢᠭᠤᠯᠵᠤ᠂ ᠠᠶᠤᠯ ᠲᠦᠭᠰᠢᠭᠦᠷᠢ ᠪᠠ ᠥᠷᠢᠰᠥᠯᠳᠦᠭᠡᠨ᠎ᠳᠤ ᠵᠣᠷᠢᠭᠲᠠᠶ᠎ᠪᠠᠷ ᠰᠢᠭᠤᠳ ᠬᠠᠨᠳᠤᠬᠤ ᠤᠪᠤᠷ᠎ᠢ ᠪᠤᠢ ᠪᠤᠯᠭ᠋ᠠᠵᠤ᠂ ᠡᠷᠡᠰ ᠬᠠᠲᠠᠭᠤ ᠵᠣᠷᠢᠭ ᠰᠠᠨᠠᠭ᠎ᠠ ᠪᠠ ᠰᠥᠰᠥ ᠵᠣᠷᠢᠭ ᠵᠶ᠋ᠠᠷ ᠤᠷᠤᠭᠰᠢᠯᠠᠯᠲᠠ ᠵᠢᠨ ᠵᠠᠮ ᠳᠡᠭᠡᠷᠡᠬᠢ ᠠᠯᠢᠪᠠ ᠬᠠᠷᠰᠢ ᠰᠠᠭ᠋ᠠᠳ᠎ᠢ ᠢᠯᠠᠨ ᠳᠠᠪᠠᠵᠤ᠂ ᠠᠭᠤᠤ ᠶᠡᠬᠡ ᠲᠡᠮᠡᠴᠡᠯ᠎ᠢ ᠬᠢᠬᠦ ᠳᠤᠮᠳᠠ ᠡᠬᠡ ᠣᠷᠣᠨᠴᠢ ᠦᠵᠡᠯ᠎ᠤᠨ ᠵᠣᠷᠢᠭ ᠰᠠᠨᠠᠭ᠎ᠠ ᠵᠢ ᠨᠠᠩ ᠰᠠᠶ᠋ᠢᠲᠤᠷ ᠪᠠᠳᠠᠷᠠᠭᠤᠯᠬᠤ ᠬᠡᠷᠡᠭᠲᠡᠶ᠃
     10   ᠦᠨᠳᠦᠰᠦᠲᠡᠨ᠎ᠤ ᠵᠣᠷᠢᠭ ᠰᠠᠨᠠᠭ᠎ᠠ ᠪᠠ ᠴᠠᠭ ᠦᠶ᠎ᠡ ᠵᠢᠨ ᠵᠤᠷᠢᠭ ᠰᠠᠨᠠᠭ᠎ᠠ ᠵᠢ ᠶᠡᠬᠡᠪᠡᠷ ᠪᠠᠳᠠᠷᠠᠭᠤᠯᠤᠨ᠎ᠠ᠃ ᠤᠯᠤᠰ ᠵᠶ᠋ᠠᠨ ᠬᠠᠶ᠋ᠢᠷᠠᠯᠠᠬᠤ ᠦᠵᠡᠯ ᠵᠶ᠋ᠠᠷ ᠭᠣᠤᠯ ᠪᠣᠯᠭ᠋ᠠᠭᠰᠠᠨ ᠦᠨᠳᠦᠰᠦᠲᠡᠨ᠎ᠤ ᠵᠣᠷᠢᠭ ᠰᠠᠨᠠᠭ᠎ᠠ ᠪᠣᠯᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠭᠣᠤᠯ ᠪᠣᠯᠭ᠋ᠠᠭᠰᠠᠨ ᠴᠠᠭ ᠦᠶ᠎ᠡ ᠵᠢᠨ ᠵᠤᠷᠢᠭ ᠰᠠᠨᠠᠭ᠎ᠠ ᠪᠣᠯ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠭᠰᠠᠨ ᠤᠯᠤᠰ ᠵᠶ᠋ᠠᠨ ᠮᠠᠨᠳᠤᠭᠤᠯᠬᠤ   ᠪᠠ ᠤᠯᠤᠰ ᠵᠶ᠋ᠠᠨ ᠬᠦᠴᠦᠷᠬᠡᠭᠵᠢᠭᠦᠯᠬᠦ   ᠵᠤᠷᠢᠭ ᠰᠨᠠᠠᠭ᠎ᠠ ᠮᠥᠨ᠃ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠶᠡᠬᠡ ᠡᠭᠦᠷᠭᠡ ᠵᠢ ᠡᠭᠦᠷᠭᠡᠯᠡᠭᠰᠡᠨ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠶ᠋ᠢᠭᠡᠮ ᠵᠢᠷᠤᠮ᠎ᠤᠨ ᠭᠣᠤᠯᠯᠠᠬᠤ ᠥᠷᠲᠡᠭ᠎ᠤᠨ ᠦᠵᠡᠯᠲᠡ ᠵᠢ ᠪᠣᠶ᠋ᠢᠵᠢᠭᠤᠯᠤᠨ ᠦᠢᠯᠡᠳᠦᠯᠭᠡᠵᠢᠭᠦᠯᠵᠦ᠂ ᠡᠬᠡ ᠣᠷᠣᠨᠴᠢ ᠦᠵᠡᠯ᠂ ᠨᠡᠶ᠋ᠢᠭᠡᠮ ᠵᠢᠷᠤᠮ᠎ᠤᠨ ᠬᠥᠮᠦᠵᠢᠯ᠎ᠢ ᠥᠷᠭᠡᠨ ᠵᠶ᠋ᠠᠷ ᠥᠷᠨᠢᠭᠦᠯᠵᠦ᠂ ᠬᠥᠮᠦᠰ᠎ᠤᠨ ᠦᠵᠡᠯ ᠰᠠᠨᠠᠭ᠋ᠠᠨ᠎ᠤ ᠰᠡᠭᠡᠭᠡᠷᠡᠯᠳᠡ᠂ ᠶᠣᠰᠣ ᠮᠣᠷᠠᠯ᠎ᠤᠨ ᠲᠦᠪᠰᠢᠨ ᠪᠠ ᠪᠣᠯᠪᠠᠰᠤᠨ᠎ᠤ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ ᠬᠡᠷᠡᠭᠲᠡᠶ᠃ ᠠᠷᠠᠳ ᠲᠦᠮᠡᠨ᠎ᠢ ᠮᠠᠭᠤᠳᠠᠨ ᠳᠠᠭᠤᠯᠠᠵᠤ᠂ ᠠᠷᠠᠳ ᠲᠦᠮᠡᠨ᠎ᠤ ᠲᠦᠷᠢ ᠲᠦᠷᠬᠦ ᠵᠢ ᠢᠯᠡᠷᠡᠭᠦᠯᠵᠦ᠂ ᠳᠤᠮᠳᠠᠳᠤ ᠤᠯᠤᠰ᠎ᠤᠨ ᠠᠷᠠᠳ ᠲᠦᠮᠡᠨ᠎ᠤ ᠤᠷᠳᠤ ᠬᠤᠭᠤᠴᠠᠭ᠋ᠠᠨ᠎ᠤ ᠲᠡᠮᠡᠴᠡᠯ ᠳᠤᠮᠳᠠ ᠪᠦᠷᠢᠯᠳᠦᠭᠦᠯᠦᠭᠰᠡᠨ ᠠᠭᠤᠤ ᠶᠡᠬᠡ ᠪᠦᠲᠦᠭᠡᠯᠴᠢ ᠵᠣᠷᠢᠭ ᠰᠠᠨᠠᠭ᠎ᠠ᠂ ᠠᠭᠤᠤ ᠶᠡᠬᠡ ᠲᠡᠮᠡᠴᠡᠯ᠎ᠤᠨ ᠵᠣᠷᠢᠭ ᠰᠠᠨᠠᠭ᠎ᠠ᠂ ᠠᠭᠤᠤ ᠶᠡᠬᠡ ᠪᠦᠯᠬᠦᠮᠳᠡᠯ᠎ᠤᠨ ᠵᠣᠷᠢᠭ ᠰᠠᠨᠠᠭ᠎ᠠ᠂ ᠠᠭᠤᠤ ᠶᠡᠬᠡ ᠬᠦᠰᠡᠯᠠᠩ᠎ᠤᠨ ᠵᠣᠷᠢᠭ ᠰᠠᠨᠠᠭ᠎ᠠ ᠵᠢ ᠶᠡᠬᠡᠪᠡᠷ ᠪᠠᠳᠠᠷᠠᠭᠤᠯᠵᠤ᠂ ᠠᠷᠠᠳ ᠣᠯᠠᠨ᠎ᠤ ᠰᠢᠨ᠎ᠡ ᠴᠠᠭ ᠦᠶ᠎ᠡ ᠵᠢᠨ ᠰᠢᠨ᠎ᠡ ᠦᠢᠯᠡᠳᠦᠯᠭᠡ᠂ ᠰᠢᠨ᠎ᠡ ᠠᠮᠵᠢᠯᠲᠠ ᠪᠦᠲᠦᠮᠵᠢ᠂ ᠰᠢᠨ᠎ᠡ ᠵᠢᠳᠬᠦᠯ ᠴᠢᠷᠮᠠᠶ᠋ᠢᠯᠭ᠎ᠠ ᠵᠢ ᠠᠮᠢᠳᠤᠯᠢᠭ ᠵᠶ᠋ᠠᠷ ᠢᠯᠡᠷᠡᠭᠦᠯᠬᠦ ᠬᠡᠷᠡᠭᠲᠡᠶ᠃
     11   ᠨᠠᠮ᠎ᠤᠨ ᠲᠡᠦᠬᠡ᠂ ᠤᠯᠤᠰ᠎ᠤᠨ ᠲᠡᠤᠬᠡ᠂ ᠥᠭᠡᠷᠡᠴᠢᠯᠡᠯᠲᠡ ᠨᠡᠭᠡᠭᠡᠯᠲᠡ ᠵᠢᠨ ᠲᠡᠤᠬᠡ ᠵᠢᠨ ᠬᠥᠮᠦᠵᠢᠯ᠎ᠢ ᠥᠷᠭᠡᠨ ᠵᠶ᠋ᠠᠷ ᠥᠷᠨᠢᠭᠦᠯᠦᠨ᠎ᠡ᠃ ᠲᠡᠤᠬᠡ ᠪᠣᠯ ᠬᠠᠮᠤᠭ᠎ᠤᠨ ᠰᠠᠶ᠋ᠢᠨ ᠰᠤᠷᠬᠤ ᠪᠢᠴᠢᠭ ᠮᠥᠨ᠂ ᠮᠦᠨ ᠴᠤ᠌ ᠬᠠᠮᠤᠭ᠎ᠤᠨ ᠰᠠᠶ᠋ᠢᠨ ᠰᠡᠬᠡᠭᠡᠷᠡᠭᠦᠯᠬᠦ ᠡᠳ᠋ ᠮᠥᠨ᠃ ᠳᠤᠮᠳᠠᠳᠤ ᠵᠢᠨ ᠦᠨᠳᠦᠰᠦᠲᠡᠨ᠎ᠤ ᠪᠣᠰᠴᠤ ᠵᠣᠭᠰᠣᠭᠰᠠᠨ᠂ ᠪᠠᠶᠡᠵᠢᠯ᠎ᠤᠨ ᠵᠠᠮ ᠵᠶ᠋ᠠᠷ ᠵᠠᠮᠨᠠᠭᠰᠠᠨ᠂ ᠬᠦᠴᠦᠷᠬᠡᠭᠵᠢᠭᠰᠡᠨ ᠠᠭᠤᠤ ᠶᠡᠬᠡ ᠦᠰᠦᠷᠦᠯᠲᠡ᠎ᠤᠨ ᠴᠢᠨᠠᠷᠳᠠᠢ ᠬᠦᠭᠵᠢᠯᠳᠡ᠎ᠲᠠᠢ ᠤᠶᠠᠯᠳᠤᠭᠤᠯᠵᠤ᠂ ᠬᠥᠮᠦᠰ᠎ᠢ ᠬᠥᠲᠥᠯᠥᠨ ᠵᠢᠯᠣᠭᠣᠳᠴᠤ ᠪᠠᠢ᠌ᠭ᠋ᠠᠳ ᠲᠡᠤᠬᠡ ᠪᠣᠯᠤᠨ ᠠᠷᠠᠳ ᠲᠦᠮᠡᠨ᠎ᠤ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠬᠦᠷᠢᠶᠡᠯᠡᠭᠰᠡᠨ᠂ ᠮᠠᠷᠺᠰ᠎ᠤᠨ ᠦᠵᠡᠯ᠎ᠢ ᠬᠦᠷᠢᠶᠡᠯᠡᠭᠰᠡᠨ᠂ ᠨᠡᠶ᠋ᠢᠭᠡᠮ ᠵᠢᠷᠤᠮ᠎ᠤᠨ ᠵᠠᠮ᠎ᠢ   ᠰᠤᠩᠭᠤᠭᠰᠨᠨ᠂ ᠥᠭᠡᠷᠡᠴᠢᠯᠡᠯᠲᠡ ᠨᠡᠭᠡᠭᠡᠯᠲᠡ ᠵᠢᠨ ᠲᠡᠤᠬᠡ ᠵᠢᠨ ᠵᠠᠶ᠋ᠢᠯᠠᠰᠢ ᠦᠭᠡᠢ ᠴᠢᠨᠠᠷ ᠲᠠᠨᠢᠭᠰᠠᠨ ᠵᠡᠷᠭᠡ ᠵᠢ ᠭᠦᠨᠵᠡᠭᠡᠶ ᠲᠠᠨᠢᠭᠤᠯᠵᠤ᠂ ᠮᠠᠨ᠎ᠤ ᠤᠯᠤᠰ ᠪᠣᠯᠤᠨ ᠦᠨᠳᠦᠰᠦᠲᠡᠨ᠎ᠤ   ᠲᠡᠦᠬᠡ ᠭᠠᠷᠤᠯ᠂   ᠬᠦᠭᠵᠢᠯᠳᠡ ᠵᠢᠨ ᠢᠷᠡᠭᠡᠳᠦᠢ ᠵᠢ ᠬᠦᠨᠵᠡᠭᠡᠢ ᠲᠠᠨᠢᠵᠤ᠂ ᠲᠡᠤᠬᠡ ᠵᠢᠨ ᠦᠭᠡᠶ᠋ᠢᠰᠬᠡᠬᠦ ᠦᠵᠡᠯ᠎ᠢ ᠡᠷᠡᠰ ᠡᠰᠡᠷᠭᠦᠴᠡᠬᠦ ᠬᠡᠷᠡᠭᠲᠡᠶ᠃ ᠬᠤᠪᠢᠰᠬᠠᠯᠲᠤ ᠤᠯᠠᠮᠵᠢᠯᠠᠯ᠎ᠢ ᠵᠠᠯᠭ᠋ᠠᠮᠵᠢᠯᠠᠵᠤ᠂ ᠬᠤᠪᠢᠰᠬᠠᠯᠲᠤ ᠵᠣᠷᠢᠭ ᠰᠠᠨᠠᠭ᠎ᠠ ᠵᠢ ᠪᠠᠳᠠᠷᠠᠭᠤᠯᠤᠨ᠂ ᠬᠤᠪᠢᠰᠬᠠᠯᠲᠤ ᠤᠳᠤᠮᠰᠢᠯ᠎ᠢ ᠵᠠᠯᠭ᠋ᠠᠮᠵᠢᠯᠠᠵᠤ᠂ ᠰᠢᠨ᠎ᠡ ᠴᠠᠭ ᠦᠶ᠎ᠡ ᠵᠢᠨ ᠣᠨᠴᠠᠯᠢᠭ᠎ᠲᠠᠢ ᠤᠶᠠᠯᠳᠤᠭᠤᠯᠤᠨ ᠰᠢᠨ᠎ᠡ ᠠᠭᠤᠯᠤᠭᠳᠠᠬᠤᠨ ᠣᠯᠭᠣᠵᠤ᠂ ᠲᠡᠭᠦᠨ᠎ᠢ ᠠᠷᠠᠳ ᠣᠯᠠᠨ᠎ᠤ ᠠᠭᠤᠤ ᠶᠡᠬᠡ ᠲᠡᠮᠡᠴᠡᠯ ᠬᠢᠬᠦ ᠵᠢ ᠵᠣᠷᠢᠭᠵᠢᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠶ᠃ ᠥᠭᠡᠷᠡᠴᠢᠯᠡᠯᠲᠡ ᠨᠡᠭᠡᠭᠡᠯᠲᠡ ᠵᠢᠨ ᠬᠥᠮᠦᠵᠢᠯ᠎ᠢ ᠴᠢᠩᠭ᠋ᠠᠳᠬᠠᠵᠤ᠂ ᠬᠥᠮᠦᠰ᠎ᠢ ᠬᠥᠲᠥᠯᠥᠨ ᠵᠢᠯᠣᠭᠣᠳᠴᠤ ᠥᠭᠡᠷᠡᠴᠢᠯᠡᠯᠲᠡ ᠨᠡᠭᠡᠭᠡᠯᠲᠡ ᠪᠣᠯ ᠨᠠᠮ ᠪᠠ ᠠᠷᠠᠳ ᠲᠦᠮᠡᠨ᠎ᠤ   ᠴᠠᠭ ᠦᠶ᠎ᠡ ᠵᠢ ᠳᠠᠭ᠋ᠠᠵᠤ ᠠᠮᠵᠢᠬᠤ ᠴᠢᠬᠤᠯᠠ ᠠᠷᠭ᠎ᠠ ᠵᠠᠮ ᠮᠥᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠶᠠᠪᠤᠳᠠᠯ ᠮᠥᠨ᠂ ᠤᠳᠤ ᠦᠶ᠎ᠡ ᠵᠢᠨ ᠳᠤᠮᠳᠠᠳᠤ ᠤᠯᠤᠰ᠎ᠤᠨ ᠬᠤᠪᠢ ᠵᠠᠶᠠᠭ᠎ᠠ ᠵᠢ ᠲᠣᠭᠲᠠᠭ᠋ᠠᠬᠤ ᠵᠠᠩᠭᠢᠯᠠᠭ᠎ᠠ ᠵᠢᠨ ᠠᠷᠭ᠎ᠠ ᠮᠥᠨ᠂ ᠪᠠᠰᠠ ᠴᠤ᠌ 《ᠬᠣᠤᠰ ᠵᠠᠭᠤᠨ ᠵᠢᠯ》᠎ᠤᠨ ᠲᠡᠮᠡᠴᠡᠯ᠎ᠤᠨ ᠬᠠᠷᠠᠯᠲᠠ ᠵᠢ ᠪᠡᠶᠡᠯᠡᠭᠦᠯᠬᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠠᠩᠭᠢᠯᠠᠭ᠎ᠠ ᠵᠢᠨ ᠠᠷᠭ᠎ᠠ ᠮᠥᠨ ᠭᠡᠳᠡᠭ᠎ᠢ ᠭᠦᠨᠵᠡᠭᠡᠶ ᠲᠠᠨᠢᠭᠤᠯᠵᠤ᠂ ᠥᠭᠡᠷᠡᠴᠢᠯᠡᠯᠲᠡ ᠨᠡᠭᠡᠭᠡᠯᠲᠡ ᠵᠢ ᠡᠴᠦᠰ᠎ᠲᠤᠨᠢ ᠲᠤᠯᠲᠠᠯ᠎ᠠ ᠬᠢᠬᠦ ᠬᠦᠴᠦᠷᠬᠡᠭ ᠶᠡᠬᠡ ᠬᠦᠴᠦᠨ᠎ᠢ ᠨᠢᠭᠲᠠᠷᠠᠭᠤᠯᠬᠤ ᠬᠡᠷᠡᠭᠲᠡᠶ᠃
      12. ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭ᠋ᠠᠮᠵᠢᠯᠠᠵᠤ ᠪᠠᠳᠠᠷᠠᠭᠤᠯᠤᠨ᠎ᠠ᠃ ᠡᠬᠡ ᠣᠷᠣᠨ᠎ᠤ ᠥᠨᠢ ᠤᠳᠠᠭ᠋ᠠᠨ ᠲᠡᠤᠬᠡ᠂ ᠭᠦᠨ ᠵᠤᠵᠠᠭ᠋ᠠᠨ ᠰᠣᠶᠣᠯ᠎ᠢ ᠣᠶ᠋ᠢᠯᠠᠭ᠋ᠠᠵᠤ ᠬᠦᠯᠢᠶᠡᠨ ᠠᠪᠬᠤ ᠪᠣᠯ ᠡᠬᠡ ᠣᠷᠣᠨᠴᠢ ᠦᠵᠡᠯ᠎ᠤᠨ ᠬᠠᠶ᠋ᠢᠷ᠎ᠠ ᠰᠡᠳᠬᠢᠯᠭᠡ ᠵᠢ ᠪᠣᠶ᠋ᠢᠵᠢᠭᠤᠯᠤᠨ ᠬᠥᠭᠵᠢᠭᠦᠯᠬᠦ ᠵᠢᠨ ᠴᠢᠬᠤᠯᠠ ᠨᠥᠬᠥᠴᠡᠯ ᠮᠥᠨ᠃ ᠬᠥᠮᠦᠰ᠎ᠢ ᠬᠥᠲᠥᠯᠥᠨ ᠵᠢᠯᠣᠭᠣᠳᠴᠤ ᠳᠤᠮᠳᠠᠳᠤ ᠵᠢᠨ ᠦᠨᠳᠦᠰᠦᠲᠡᠨ᠎ᠤ ᠥᠨᠢ ᠤᠳᠠᠭ᠋ᠠᠨ ᠲᠡᠤᠬᠡ ᠪᠠ ᠭᠡᠷᠡᠯ ᠰᠠᠴᠤᠷᠠᠩᠭᠤᠶ ᠰᠣᠶᠣᠯ᠎ᠢ ᠣᠶ᠋ᠢᠯᠠᠭ᠋ᠠᠭᠤᠯᠵᠤ᠂ ᠲᠡᠤᠬᠡ᠎ᠠᠴᠠ ᠰᠢᠮ᠎ᠡ ᠲᠡᠵᠢᠭᠡᠯ ᠪᠠ ᠣᠶᠤᠨ ᠤᠬᠠᠭ᠋ᠠᠨ ᠰᠢᠩᠭᠡᠭᠡᠨ ᠠᠪᠴᠤ᠂ ᠰᠣᠶᠣᠯ᠎ᠤᠨ ᠤᠳᠤᠮᠰᠢᠯ᠎ᠢ ᠤᠬᠠᠮᠰᠠᠷ᠎ᠠᠴᠠ᠎ᠪᠠᠨ ᠦᠷᠭᠦᠯᠵᠢᠯᠡᠭᠦᠯᠵᠦ᠂ ᠦᠨᠳᠦᠰᠦᠲᠡᠨ᠎ᠤ   ᠬᠦᠨᠳᠦᠳᠬᠡᠯ᠎ᠤᠨ ᠰᠡᠳᠬᠢᠯᠭᠡ᠂ ᠦᠨᠳᠦᠰᠦᠳᠡᠨ᠎ᠤ ᠢᠳᠡᠭᠡᠯ ᠪᠠ ᠣᠮᠣᠭ ᠪᠠᠬᠠᠳᠤᠯᠲᠤ ᠰᠡᠳᠬᠢᠯᠭᠡ ᠵᠢ ᠨᠡᠮᠡᠭᠳᠡᠭᠦᠯᠬᠦ ᠬᠡᠷᠡᠭᠲᠡᠶ᠃ ᠡᠷᠲᠡᠨ᠎ᠤ᠎ᠬᠢ ᠵᠢ ᠡᠳᠦᠭᠡ᠎ᠳᠤ ᠦᠢᠯᠡᠴᠢᠯᠡᠭᠦᠯᠬᠦ᠂ ᠰᠢᠯᠢᠮᠳᠡᠭ᠎ᠢ ᠣᠷᠬᠢᠵᠤ᠂   ᠰᠢᠯᠢᠳᠡᠭ ᠵᠢ᠎ᠨᠢ ᠵᠠᠯᠭ᠋ᠠᠮᠵᠢᠯᠠᠬᠤ ᠬᠤᠪᠢᠰᠤᠩᠭᠤᠶ ᠠᠷᠭ᠎ᠠ ᠵᠢ ᠪᠠᠷᠢᠮᠲᠠᠯᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠵᠠᠯᠭ᠋ᠠᠮᠵᠢᠯᠠᠨ ᠬᠥᠭᠵᠢᠭᠦᠯᠬᠦ ᠢᠨᠵᠧᠨᠧᠷᠢᠩ᠎ᠢ ᠭᠦᠨᠵᠡᠭᠡᠶ ᠬᠡᠷᠡᠭᠵᠢᠭᠦᠯᠵᠦ᠂ ᠳᠤᠮᠳᠠᠳᠤ ᠵᠢᠨ ᠰᠣᠶᠣᠯ᠎ᠢ ᠪᠦᠲᠦᠭᠡᠯᠴᠢ᠎ᠪᠠᠷ ᠬᠤᠪᠢᠷᠠᠭᠤᠯᠬᠤ᠂ ᠰᠢᠨ᠎ᠡ ᠡᠬᠦᠳᠡᠯᠳᠡ᠎ᠲᠠᠢ ᠬᠦᠭᠵᠢᠯᠳᠡ ᠵᠢ ᠠᠬᠢᠭᠤᠯᠬᠤ ᠬᠡᠷᠡᠭᠲᠡᠶ᠃ ᠵᠥᠪ ᠵᠠᠮ ᠵᠶ᠋ᠡᠷ ᠤᠷᠤᠭᠰᠢᠯᠠᠬᠤ ᠵᠢ ᠪᠠᠲᠤ ᠰᠠᠬᠢᠵᠤ᠂ ᠠᠭᠤᠤ ᠶᠡᠬᠡ ᠵᠤᠷᠢᠭ ᠰᠠᠨᠠᠭ᠎ᠠ ᠵᠢ ᠪᠠᠳᠠᠷᠠᠭᠤᠯᠤᠨ᠂ ᠰᠣᠶᠣᠯ᠎ᠢ ᠦᠭᠡᠶ᠋ᠢᠰᠬᠡᠬᠦ ᠦᠵᠡᠯ᠎ᠢ ᠡᠰᠡᠷᠭᠦᠴᠡᠵᠦ᠂ ᠬᠥᠮᠦᠰ᠎ᠢ ᠬᠥᠲᠥᠯᠥᠨ ᠵᠢᠯᠣᠭᠣᠳᠴᠤ ᠵᠥᠪ ᠣᠨᠣᠪᠴᠢᠲᠠᠶ ᠦᠨᠳᠦᠰᠦᠲᠡᠨ᠎ᠤ ᠤᠬᠠᠮᠰᠠᠷ᠂ ᠤᠯᠤᠰ ᠤᠷᠤᠨ᠎ᠤ ᠤᠬᠠᠮᠰᠠᠷ᠂ ᠰᠣᠶᠣᠯ᠎ᠤᠨ ᠤᠬᠠᠮᠰᠠᠷ᠎ᠢ ᠪᠤᠢ ᠪᠣᠯᠭ᠋ᠠᠨ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ   ᠬᠠᠷᠢᠶᠠᠯᠠᠯ᠎ᠤᠨ ᠰᠡᠳᠬᠢᠯᠭᠡ᠂ ᠢᠳᠡᠭᠡᠯᠳᠤ ᠰᠡᠳᠬᠢᠯᠭᠡ᠂ ᠬᠦᠨᠳᠦᠳᠬᠡᠬᠦ ᠰᠡᠳᠬᠢᠯᠭᠡ᠂ ᠢᠷᠠᠭᠤ ᠠᠯᠳᠠᠷᠲᠤ ᠰᠡᠳᠬᠢᠯᠭᠡ ᠵᠢ ᠲᠠᠰᠤᠷᠠᠯᠲᠠ ᠦᠭᠡᠢ ᠴᠢᠩᠭ᠋ᠠᠷᠠᠭᠤᠯᠬᠤ ᠬᠡᠷᠡᠭᠲᠡᠶ᠃
     13.   ᠡᠬᠡ ᠣᠷᠣᠨ᠎ᠤ ᠨᠢᠭᠡᠳᠦᠯ ᠪᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠢ ᠴᠢᠩᠭ᠋ᠠᠳᠬᠠᠨ᠎ᠠ᠃ ᠡᠬᠡ ᠣᠷᠣᠨ᠎ᠤ ᠨᠢᠭᠡᠳᠦᠯ᠎ᠢ ᠪᠡᠶᠡᠯᠡᠭᠦᠯᠵᠦ᠂ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ ᠪᠣᠯ ᠳᠤᠮᠳᠠᠳᠤ ᠵᠢᠨ ᠦᠨᠳᠦᠰᠦᠲᠡᠨ᠎ᠤ ᠴᠥᠬᠥᠷᠡᠰᠢ ᠦᠭᠡᠢ ᠬᠥᠭᠡᠭᠡᠴᠡᠯᠳᠦᠯ ᠮᠥᠨ᠃ ᠡᠬᠡ ᠣᠷᠣᠨ ᠵᠶ᠋ᠠᠨ ᠨᠢᠭᠡᠳᠬᠡᠬᠦ ᠬᠥᠮᠦᠵᠢᠯ᠎ᠢ ᠴᠢᠩᠭ᠋ᠠᠳᠬᠠᠵᠤ᠂ ᠤᠯᠤᠰ ᠣᠷᠣᠨ᠎ᠤ ᠡᠷᠬᠡ ᠮᠡᠳᠡᠯ ᠪᠠ ᠨᠤᠲᠤᠭ ᠳᠡᠪᠢᠰᠬᠡᠷ᠎ᠤᠨ ᠪᠦᠷᠢᠨ ᠪᠦᠲᠦᠨ ᠪᠠᠶ᠋ᠢᠬᠤ ᠵᠢ ᠬᠠᠮᠠᠭ᠋ᠠᠯᠠᠬᠤ᠂ ᠡᠬᠡ ᠣᠷᠣᠨ᠎ᠤ ᠪᠦᠷᠢᠨ ᠨᠢᠭᠡᠳᠦᠯ᠎ᠢ ᠪᠡᠶᠡᠯᠡᠭᠦᠯᠬᠦ ᠪᠣᠯ ᠶᠡᠬᠡ ᠪᠠᠢ᠌ᠳᠠᠯ᠎ᠤᠨ ᠬᠠᠨᠳᠤᠰᠢ᠂ ᠠᠭᠤᠤ ᠦᠵᠡᠯ᠎ᠤᠨ ᠬᠠᠨᠳᠤᠰᠢ᠂ ᠠᠷᠠᠳ᠎ᠤᠨ ᠬᠦᠰᠡᠯᠡᠩ᠎ᠤᠨ ᠬᠠᠨᠳᠤᠰᠢ ᠪᠣᠯᠬᠤ ᠵᠢ ᠭᠦᠨᠵᠡᠭᠡᠶ ᠢᠯᠡᠷᠡᠭᠦᠯᠵᠦ᠂ ᠥᠷᠭᠡᠨ ᠣᠯᠠᠨ   ᠠᠷᠠᠳ ᠲᠦᠮᠡᠨ᠎ᠤ ᠰᠡᠳᠬᠢᠯ ᠰᠠᠨᠠᠭ᠎ᠠ ᠡᠶ᠎ᠡ ᠵᠤᠬᠢᠴᠠᠩᠭᠤᠢ᠂ ᠬᠠᠷᠢᠯᠴᠠᠨ ᠢᠳᠡᠭᠡᠬᠦ ᠰᠡᠳᠬᠢᠯᠭᠡ ᠵᠢ ᠨᠡᠮᠡᠭᠳᠡᠭᠦᠯᠵᠦ᠂ ᠡᠬᠡ ᠣᠷᠣᠨ᠎ᠢ ᠬᠠᠭ᠋ᠠᠴᠠᠭᠤᠯᠬᠤ ᠦᠭᠡ ᠶᠠᠷᠢᠶ᠎ᠠ ᠦᠢ᠍ᠯᠡ ᠠᠵᠢᠯᠯᠠᠭ᠎ᠠ᠎ᠲᠠᠢ ᠡᠷᠡᠰ ᠲᠡᠮᠡᠴᠡᠯ ᠥᠷᠨᠢᠭᠦᠯᠵᠦ᠂ ᠪᠦᠬᠦ ᠳᠤᠮᠳᠠᠳᠤ ᠵᠢᠨ   ᠠᠷᠠᠳ ᠲᠦᠮᠡᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠂ ᠡᠬᠡ ᠣᠷᠣᠨ ᠵᠶ᠋ᠠᠨ ᠨᠠᠶ᠋ᠢᠷᠠᠮᠳᠠᠯ ᠵᠶ᠋ᠠᠷ ᠨᠢᠭᠡᠳᠬᠡᠬᠦ ᠵᠢ ᠠᠬᠢᠭᠤᠯᠬᠤ ᠵᠢᠨ ᠲᠥᠯᠥᠭᠡ ᠲᠡᠮᠡᠴᠡᠭᠦᠯᠬᠦ ᠬᠡᠷᠡᠭᠲᠡᠶ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠢ ᠭᠦᠨᠵᠡᠭᠡᠶ᠋ᠢᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠬᠣᠭᠣᠷᠣᠨᠳᠣᠬᠢ ᠶᠠᠪᠤᠯᠴᠠᠭ᠎ᠠ ᠰᠣᠯᠢᠯᠴᠠᠭ᠎ᠠ ᠵᠢ ᠴᠢᠩᠭ᠋ᠠᠳᠬᠠᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ 《ᠭᠤᠷᠪᠠᠨ ᠰᠠᠯᠵᠤ ᠴᠢᠳᠠᠬᠤ ᠦᠭᠡᠢ》 ᠦᠵᠡᠯ ᠰᠠᠨᠠᠭ᠎ᠠ ᠵᠢ ᠪᠠᠲᠤ ᠪᠡᠬᠢ ᠪᠤᠢ ᠪᠣᠯᠭ᠋ᠠᠵᠤ᠂ 《ᠲᠠᠪᠤᠨ ᠬᠠᠮᠲᠤ ᠵᠢᠨ ᠲᠠᠨᠢᠯᠲᠠ》 ᠵᠢ ᠲᠠᠰᠤᠷᠠᠯᠲᠠ ᠦᠭᠡᠢ ᠴᠢᠩᠭ᠋ᠠᠳᠬᠠᠨ᠂ ᠦᠨᠳᠦᠰᠦᠲᠡᠨ᠎ᠨᠦᠭᠦᠳ᠎ᠤᠨ ᠰᠡᠳᠬᠢᠯ ᠰᠠᠨᠠᠭ᠎ᠠ᠎ᠪᠠᠨ ᠨᠢᠭᠡᠳᠬᠡᠨ᠂ ᠰᠡᠳᠬᠢᠯ ᠵᠢᠷᠦᠬᠡ᠎ᠪᠠᠨ ᠬᠣᠯᠪᠣᠬᠤ ᠵᠢ ᠬᠥᠲᠥᠯᠥᠨ ᠵᠢᠯᠣᠭᠣᠳᠬᠤ ᠬᠡᠷᠡᠭᠲᠡᠶ᠃
     14. ᠤᠯᠤᠰ᠎ᠤᠨ ᠠᠮᠤᠷ ᠲᠦᠪᠰᠢᠨ᠎ᠤ ᠬᠥᠮᠦᠵᠢᠯ ᠪᠣᠯᠤᠨ ᠤᠯᠤᠰ᠎ᠤᠨ ᠪᠠᠲᠤᠯᠠᠨ ᠬᠠᠮᠠᠭ᠋ᠠᠯᠠᠯᠳᠠ ᠵᠢᠨ ᠬᠦᠮᠦᠵᠢᠯ᠎ᠢ ᠴᠢᠩᠭ᠋ᠠᠳᠬᠠᠨ᠎ᠠ᠃ ᠤᠯᠤᠰ ᠣᠷᠣᠨ᠎ᠤ ᠠᠮᠤᠷ ᠲᠦᠪᠰᠢᠨ ᠪᠣᠯ ᠤᠯᠤᠰ᠎ᠢ ᠠᠮᠤᠷᠵᠢᠭᠤᠯᠤᠨ ᠲᠥᠷᠥ ᠵᠢ ᠲᠦᠪᠰᠢᠳᠬᠡᠬᠦ ᠴᠢᠬᠤᠯᠠ ᠶᠠᠪᠤᠳᠠᠯ ᠮᠥᠨ᠃ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠢ ᠴᠢᠩᠭ᠋ᠠᠳᠬᠠᠵᠤ᠂ ᠤᠯᠤᠰ᠎ᠤᠨ ᠶᠡᠷᠦᠩᠬᠡᠶ ᠴᠣᠭᠴᠠ ᠵᠢᠨ ᠠᠮᠤᠷ ᠲᠦᠪᠰᠢᠨ᠎ᠢ ᠭᠦᠨᠵᠡᠭᠡᠶ ᠰᠤᠷᠤᠯᠴᠠᠨ ᠤᠬᠠᠭᠤᠯᠵᠤ᠂ ᠪᠦᠬᠦ ᠨᠠᠮ ᠪᠦᠬᠦ ᠤᠯᠤᠰ᠎ᠤᠨ ᠠᠷᠠᠳ ᠲᠦᠮᠡᠨ᠎ᠤ ᠤᠯᠤᠰ᠎ᠤᠨ ᠠᠮᠤᠷ ᠲᠦᠪᠰᠢᠨ᠎ᠤ ᠤᠬᠠᠮᠰᠠᠷ᠎ᠢ ᠴᠢᠩᠭ᠋ᠠᠳᠬᠠᠵᠤ᠂ ᠤᠯᠤᠰ ᠲᠥᠷᠦ ᠵᠢᠨ ᠠᠮᠤᠷ ᠲᠦᠪᠰᠢᠨ᠂ ᠤᠯᠤᠰ᠎ᠤᠨ ᠨᠤᠲᠤᠭ ᠳᠡᠪᠢᠰᠬᠡᠷ᠎ᠤᠨ ᠠᠮᠤᠷ ᠲᠦᠪᠰᠢᠨ᠂ ᠠᠵᠤ ᠠᠬᠤᠢ ᠵᠢᠨ ᠠᠮᠤᠷ ᠲᠦᠪᠰᠢᠨ᠂ ᠨᠡᠶ᠋ᠢᠭᠡᠮ᠎ᠤᠨ ᠠᠮᠤᠷ ᠲᠦᠪᠰᠢᠨ᠂ ᠰᠦᠯᠵᠢᠶᠡᠨ᠎ᠤ ᠠᠮᠤᠷ ᠲᠦᠪᠰᠢᠨ ᠪᠠ ᠭᠠᠳᠠᠭ᠋ᠠᠳᠤ ᠠᠮᠤᠷ ᠲᠦᠪᠰᠢᠨ᠎ᠢ ᠤᠬᠠᠮᠰᠠᠷ᠎ᠠᠴᠠ᠎ᠪᠠᠨ ᠬᠠᠮᠠᠭ᠋ᠠᠯᠠᠬᠤ ᠬᠡᠷᠡᠭᠲᠡᠶ᠃ ᠠᠷᠠᠳ ᠨᠡᠢ᠌ᠲᠡ ᠵᠢᠨ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠦᠵᠡᠯᠳᠠ ᠵᠢ ᠴᠢᠩᠭ᠋ᠠᠳᠬᠠᠵᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢ ᠬᠠᠯᠠᠮᠵᠢᠯᠠᠬᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢ ᠬᠠᠶ᠋ᠢᠷᠠᠯᠠᠬᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢ ᠪᠦᠲᠦᠭᠡᠨ ᠪᠠᠶ᠋ᠢᠭᠤᠯᠬᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢ ᠬᠠᠮᠠᠭ᠋ᠠᠯᠠᠬᠤ ᠶᠠᠪᠤᠳᠠᠯ᠎ᠢ ᠪᠦᠬᠦ ᠨᠡᠶ᠋ᠢᠭᠡᠮ᠎ᠤᠨ ᠦᠵᠡᠯ ᠰᠠᠨᠠᠭ᠋ᠠᠨ᠎ᠤ ᠬᠠᠮᠲᠤ ᠵᠢᠨ ᠲᠠᠨᠢᠯᠲᠠ ᠪᠠ ᠤᠬᠠᠮᠰᠠᠷᠲᠤ ᠠᠵᠢᠯᠯᠠᠭ᠎ᠠ ᠪᠣᠯᠭ᠋ᠠᠬᠤ ᠬᠡᠷᠡᠭᠲᠡᠶ᠃ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠤᠬᠠᠭᠤᠯᠭ᠎ᠠ ᠬᠥᠮᠦᠵᠢᠯ᠎ᠢ ᠭᠦᠨᠵᠡᠭᠡᠶ ᠥᠷᠨᠢᠭᠦᠯᠵᠦ᠂ ᠥᠷᠭᠡᠨ ᠣᠯᠠᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠠᠶᠤᠯ ᠲᠦᠭᠰᠢᠭᠦᠷᠢ ᠵᠢᠨ ᠤᠬᠠᠮᠰᠠᠷ᠎ᠢ᠎ᠨᠢ ᠴᠢᠩᠭ᠋ᠠᠷᠠᠭᠤᠯᠵᠤ᠂ ᠠᠶᠤᠯ ᠲᠦᠭᠰᠢᠭᠦᠷᠢ ᠵᠢ ᠰᠢᠨᠵᠢᠯᠡᠬᠦ ᠤᠬᠠᠭ᠋ᠠᠨᠴᠢ᠎ᠪᠠᠷ ᠢᠯᠭ᠋ᠠᠨ ᠲᠠᠨᠢᠵᠤ᠂ ᠠᠶᠤᠯ ᠲᠦᠭᠰᠢᠭᠦᠷᠢ ᠵᠢ ᠪᠦᠲᠦᠮᠵᠢᠲᠡᠶ ᠠᠷᠭ᠋ᠠᠴᠠᠵᠤ᠂ ᠠᠶᠤᠯ ᠲᠦᠭᠰᠢᠭᠦᠷᠢ ᠵᠢ ᠤᠷᠢᠳᠴᠢᠯᠠᠨ ᠰᠡᠷᠭᠡᠶ᠋ᠢᠯᠡᠬᠦ ᠬᠡᠷᠡᠭᠲᠡᠶ᠃
      ᠭᠤᠷᠪᠠ᠂ ᠰᠢᠨ᠎ᠡ ᠴᠠᠭ ᠦᠶ᠎ᠡ ᠵᠢᠨ ᠡᠬᠡ ᠣᠷᠣᠨᠴᠢ ᠦᠵᠡᠯ᠎ᠤᠨ ᠬᠥᠮᠦᠵᠢᠯ᠎ᠢ ᠪᠦᠬᠦ ᠠᠷᠠᠳ ᠲᠦᠮᠡᠨ᠎ᠳᠤ ᠲᠦᠭᠡᠮᠵᠢᠯᠡᠬᠦᠯᠵᠤ᠂ ᠵᠠᠯᠠᠭᠤᠴᠤᠳ ᠪᠠᠭ᠋ᠠᠴᠤᠳ᠎ᠪᠠᠷ ᠭᠤᠤᠯᠳᠠᠯᠭ᠎ᠠ ᠪᠤᠯᠭ᠋ᠠᠬᠤ ᠬᠡᠷᠡᠭᠲᠡᠶ
     15. ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠭᠣᠤᠯ ᠠᠷᠭ᠎ᠠ ᠵᠠᠮ᠎ᠤᠨ ᠦᠢᠯᠡᠳᠦᠯ᠎ᠢ ᠭᠦᠢᠴᠡᠳ ᠪᠠᠳᠠᠷᠠᠭᠤᠯᠤᠨ᠎ᠠ᠃ ᠨᠡᠶ᠋ᠢᠭᠡᠮ ᠵᠢᠷᠤᠮ᠎ᠤᠨ ᠪᠦᠲᠦᠭᠡᠨ ᠪᠠᠶ᠋ᠢᠭᠤᠯᠤᠭᠴᠢ ᠪᠠ ᠵᠠᠯᠭ᠋ᠠᠮᠵᠢᠯᠠᠭᠴᠢ ᠵᠢ ᠬᠥᠮᠦᠵᠢᠭᠦᠯᠬᠦ᠎ᠳᠤ᠂ ᠡᠩ ᠲᠡᠷᠢᠭᠦᠨ᠎ᠳᠤ ᠰᠤᠷᠤᠭᠴᠢᠳ᠎ᠤᠨ ᠤᠯᠤᠰ ᠵᠶ᠋ᠠᠨ ᠬᠠᠶ᠋ᠢᠷᠠᠯᠠᠬᠤ ᠰᠡᠳᠬᠢᠯᠭᠡ ᠵᠢ ᠬᠥᠮᠦᠵᠢᠭᠦᠯᠬᠦ ᠬᠡᠷᠡᠭᠲᠡᠶ᠃ ᠵᠠᠯᠠᠭᠤᠴᠤᠳ ᠪᠠᠭ᠋ᠠᠴᠤᠳ᠎ᠢ ᠡᠬᠡ ᠣᠷᠣᠨᠴᠢ ᠦᠵᠡᠯ᠎ᠤᠨ ᠬᠥᠮᠦᠵᠢᠯ᠎ᠤᠨ ᠭᠤᠤᠯᠯᠠᠬᠤ ᠡᠲᠡᠭᠡᠳ ᠪᠣᠯᠭ᠋ᠠᠨ᠂ ᠡᠬᠡ ᠣᠷᠣᠨᠴᠢ ᠦᠵᠡᠯ᠎ᠤᠨ ᠵᠣᠷᠢᠭ ᠰᠠᠨᠠᠭ᠎ᠠ ᠵᠢ ᠰᠤᠷᠭ᠋ᠠᠭᠤᠯᠢ ᠵᠢᠨ ᠬᠥᠮᠦᠵᠢᠯ᠎ᠤᠨ ᠪᠦᠬᠦ ᠶᠠᠪᠤᠴᠠ᠎ᠳᠤ ᠲᠤᠤᠱᠯᠠᠭᠤᠯᠵᠤ᠂ ᠡᠬᠡ ᠣᠷᠣᠨᠴᠢ ᠦᠵᠡᠯ᠎ᠤᠨ ᠬᠥᠮᠦᠵᠢᠯ᠎ᠢ ᠬᠢᠴᠢᠶᠡᠯ᠎ᠤᠨ ᠲᠠᠩᠬᠢᠮ᠎ᠳᠤ ᠣᠷᠣᠭᠤᠯᠬᠤ᠂ ᠵᠢᠭ᠋ᠠᠬᠤ ᠮᠠᠲ᠋ᠧᠷᠢᠶᠠᠯ᠎ᠳᠤ ᠣᠷᠣᠭᠤᠯᠬᠤ᠂ ᠦᠵᠡᠯ ᠰᠠᠨᠠᠭ᠋ᠠᠨ᠎ᠳᠤ ᠬᠠᠳᠠᠩᠰᠢᠭᠤᠯᠬᠤ ᠵᠢ ᠲᠦᠯᠬᠢᠨ ᠠᠬᠢᠭᠤᠯᠬᠤ ᠬᠡᠷᠡᠭᠲᠡᠶ᠃ ᠡᠩ᠎ᠤᠨ ᠳᠤᠮᠳᠠᠳᠤ ᠪᠠᠭ᠎ᠠ ᠰᠤᠷᠭ᠋ᠠᠭᠤᠯᠢ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠎ᠳᠤ᠂ ᠡᠬᠡ ᠣᠷᠣᠨᠴᠢ ᠦᠵᠡᠯ᠎ᠤᠨ ᠬᠥᠮᠦᠵᠢᠯ᠎ᠤᠨ ᠠᠭᠤᠯᠭ᠎ᠠ ᠵᠢ ᠬᠡᠯᠡ ᠪᠢᠴᠢᠭ᠂ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤ᠂ ᠲᠡᠤᠬᠡ ᠵᠡᠷᠭᠡ ᠰᠢᠨᠵᠢᠯᠡᠭᠡᠨ᠎ᠤ ᠵᠢᠭ᠋ᠠᠬᠤ ᠮᠠᠲ᠋ᠧᠷᠢᠶᠠᠯ᠎ᠢ ᠨᠠᠶ᠋ᠢᠷᠠᠭᠤᠯᠤᠨ ᠪᠢᠴᠢᠬᠦ ᠪᠠ ᠰᠤᠷᠭ᠋ᠠᠨ ᠬᠦᠮᠦᠵᠢᠯ᠎ᠤᠨ ᠵᠢᠭ᠋ᠠᠨ ᠰᠤᠷᠭ᠋ᠠᠯᠳᠠ   ᠳᠤᠮᠳᠠ ᠠᠭᠤᠰᠤᠯᠴᠠᠭᠤᠯᠵᠤ᠂ ᠡᠩ᠎ᠤᠨ ᠳᠡᠭᠡᠳᠤ ᠰᠤᠷᠭ᠋ᠠᠭᠤᠯᠢ᠎ᠳᠤ ᠡᠬᠡ ᠣᠷᠣᠨᠴᠢ ᠦᠵᠡᠯ᠎ᠤᠨ ᠬᠥᠮᠦᠵᠢᠯ ᠬᠢᠭᠡᠳ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠠᠮᠢᠶ᠎ᠠ ᠪᠦᠬᠦᠢ ᠲᠤᠰᠬᠠᠶ ᠮᠡᠷᠭᠡᠵᠢᠯ᠎ᠤᠨ ᠬᠢᠴᠢᠶᠡᠯ᠎ᠢ ᠣᠷᠭ᠋ᠠᠨᠢᠭ ᠵᠶ᠋ᠠᠷ ᠤᠶᠠᠯᠳᠤᠭᠤᠯᠵᠤ᠂ ᠡᠬᠡ ᠣᠷᠣᠨᠴᠢ ᠦᠵᠡᠯ᠎ᠤᠨ ᠬᠥᠮᠦᠵᠢᠯ᠎ᠤᠨ ᠠᠭᠤᠯᠭ᠎ᠠ ᠵᠢᠨ ᠬᠤᠪᠢ ᠵᠢᠨ ᠵᠢᠩ᠎ᠢ ᠨᠡᠮᠡᠭᠳᠡᠭᠦᠯᠦᠨ᠎ᠡ᠃ ᠡᠬᠡ ᠣᠷᠣᠨᠴᠢ ᠦᠵᠡᠯ᠎ᠤᠨ ᠬᠥᠮᠦᠵᠢᠯ᠎ᠤᠨ ᠬᠡᠯᠪᠡᠷᠢ ᠵᠢᠨ ᠰᠢᠨ᠎ᠡ ᠵᠢ ᠡᠭᠦᠳᠴᠦ᠂ ᠬᠢᠴᠢᠶᠡᠯ᠎ᠤᠨ ᠡᠬᠢ ᠪᠠᠶᠠᠯᠢᠭ᠎ᠢ ᠪᠠᠶᠠᠯᠢᠭᠵᠢᠭᠤᠯᠤᠨ ᠰᠢᠯᠢᠳᠡᠭᠵᠢᠭᠦᠯᠵᠦ᠂ ᠣᠯᠠᠨ ᠵᠦᠢᠯ᠎ᠤᠨ ᠬᠡᠯᠪᠡᠷᠢ᠎ᠪᠠᠷ ᠪᠢᠴᠢᠯ ᠬᠢᠴᠢᠶᠡᠯ᠂ ᠪᠢᠴᠢᠯ ᠲᠦᠷᠰᠦ ᠪᠢᠴᠢᠯᠭᠡ ᠵᠡᠷᠭᠡ ᠬᠢᠴᠢᠶᠡᠯ ᠪᠠ ᠰᠦᠯᠵᠢᠶᠡᠨ ᠳᠡᠭᠡᠷᠡᠬᠢ ᠬᠢᠴᠢᠶᠡᠯ᠎ᠢ ᠨᠡᠭᠡᠭᠡᠨ ᠬᠥᠭᠵᠢᠭᠦᠯᠬᠦ ᠵᠢ ᠳᠠᠮᠵᠢᠨ ᠵᠣᠷᠢᠭᠵᠢᠭᠤᠯᠵᠤ᠂ ᠡᠬᠡ ᠣᠷᠣᠨᠴᠢ ᠦᠵᠡᠯ᠎ᠤᠨ ᠬᠥᠮᠦᠵᠢᠯ᠎ᠤᠨ ᠱᠠᠭ᠋ᠠᠷᠳᠠᠯᠭ᠎ᠠ ᠵᠢ ᠬᠠᠷᠠᠭᠤᠯᠤᠭᠰᠠᠨ ᠳᠠᠭᠤᠤ ᠬᠥᠭᠵᠢᠮ᠂ ᠤᠷᠠᠨ ᠵᠢᠷᠤᠭ᠂ ᠤᠷᠠᠨ ᠪᠢᠴᠢᠯᠭᠡ᠂ ᠪᠥᠵᠢᠭ᠂ ᠰᠢ ᠵᠦᠴᠦᠭᠡ ᠵᠢᠨ ᠪᠦᠲᠦᠭᠡᠯ ᠵᠡᠷᠭᠡ ᠵᠢ ᠨᠡᠭᠡᠭᠡᠨ ᠬᠥᠭᠵᠢᠭᠦᠯᠵᠦ᠂ ᠰᠤᠨᠢᠷᠬᠠᠯᠳᠤ ᠰᠢᠨᠵᠢ ᠪᠠ ᠨᠥᠯᠥᠭᠡᠯᠡᠬᠦ ᠬᠦᠴᠦᠨ᠎ᠢ ᠤᠯᠠᠮ ᠨᠢᠭᠡ ᠠᠯᠬᠤᠮ ᠴᠢᠩᠭ᠋ᠠᠷᠠᠭᠤᠯᠤᠨ᠎ᠠ᠃
    16.   ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠣᠨᠣᠯ᠎ᠤᠨ ᠬᠢᠴᠢᠶᠡᠯ᠎ᠢ ᠰᠠᠶ᠋ᠢᠲᠤᠷ ᠡᠷᠬᠢᠯᠡᠬᠦ ᠬᠡᠷᠡᠭᠳᠡᠢ᠃ ᠦᠵᠡᠯ ᠰᠠᠨᠠᠭ᠎ᠠ ᠤᠯᠤᠰ ᠲᠥᠷᠥ ᠵᠢᠨ ᠣᠨᠣᠯ᠎ᠤᠨ ᠬᠢᠴᠢᠶᠡᠯ ᠪᠣᠯ ᠡᠬᠡ ᠣᠷᠣᠨᠴᠢ ᠦᠵᠡᠯ᠎ᠤᠨ ᠬᠥᠮᠦᠵᠢᠯ᠎ᠤᠨ ᠭᠣᠤᠯ ᠵᠢᠭᠰᠠᠭ᠋ᠠᠯ᠎ᠤᠨ ᠭᠠᠵᠠᠷ ᠮᠥᠨ᠃ ᠵᠠᠯᠠᠭᠤ ᠪᠠᠭ᠋ᠠᠴᠤᠳ᠎ᠤᠨ ᠱᠠᠲᠤ ᠦᠶ᠎ᠡ ᠵᠢᠨ 《ᠵᠠᠩᠬᠢᠯᠠᠭ᠎ᠠ ᠵᠢ ᠠᠳᠬᠤᠵᠤ ᠪᠤᠢ᠌ᠵᠢᠭᠤᠯᠬᠤ》 ᠵᠢ ᠲᠣᠭᠲᠠᠭ᠋ᠠᠵᠤ᠂ ᠦᠵᠡᠯ ᠰᠠᠨᠠᠭ᠎ᠠ ᠤᠯᠤᠰ ᠲᠥᠷᠦ ᠵᠢᠨ ᠤᠨᠤᠯ᠎ᠤᠨ ᠬᠢᠴᠢᠶᠡᠯ᠎ᠢ ᠣᠮᠣᠭ ᠲᠡᠭᠦᠯᠳᠡᠷ ᠵᠶ᠋ᠠᠷ ᠰᠠᠶ᠋ᠢᠲᠤᠷ ᠬᠢᠵᠦ᠂ ᠰᠤᠷᠤᠭᠴᠢᠳ᠎ᠢ ᠬᠥᠲᠥᠯᠥᠨ ᠵᠢᠯᠣᠭᠣᠳᠴᠤ ᠪᠠᠢ᠌ᠭ᠋ᠠᠳ ᠤᠯᠤᠰ ᠵᠶ᠋ᠠᠨ ᠬᠠᠶ᠋ᠢᠷᠠᠯᠠᠬᠤ᠂ ᠤᠯᠤᠰ ᠵᠶ᠋ᠠᠨ ᠬᠦᠴᠦᠷᠬᠡᠭᠵᠢᠭᠦᠯᠬᠦ ᠵᠣᠷᠢᠭ ᠰᠠᠨᠠᠭ᠎ᠠ᠂ ᠤᠯᠤᠰ ᠣᠷᠣᠨ᠎ᠤ᠎ᠪᠠᠨ ᠲᠥᠯᠥᠭᠡ ᠵᠢᠳᠬᠦᠬᠦ ᠦᠢ᠍ᠯᠡ ᠠᠵᠢᠯᠯᠠᠭ᠎ᠠ᠎ᠪᠠᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠢᠯᠡᠰ᠎ᠢ ᠪᠠᠷᠢᠮᠲᠠᠯᠠᠨ ᠬᠥᠭᠵᠢᠭᠦᠯᠬᠦ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠲᠡᠮᠡᠴᠡᠯ᠎ᠳᠤ ᠤᠬᠠᠮᠰᠠᠷ᠎ᠠᠴᠠ᠎ᠪᠠᠨ ᠠᠭᠤᠰᠤᠯᠴᠠᠭᠤᠯᠬᠤ ᠬᠡᠷᠡᠭᠲᠡᠶ᠃ ᠤᠯᠤᠰ ᠲᠥᠷᠥ ᠵᠢᠨ ᠵᠤᠭᠰᠤᠯᠳᠠ ᠴᠢᠩᠭ᠎ᠠ᠂ ᠰᠡᠳᠬᠢᠯᠭᠡ ᠭᠦᠨ᠂ ᠰᠡᠳᠬᠢᠬᠦᠶ ᠰᠢᠨ᠎ᠡ᠂ ᠬᠠᠷᠠᠭ᠎ᠠ ᠥᠷᠭᠡᠨ᠂ ᠪᠡᠶ᠎ᠡ᠎ᠪᠠᠨ ᠴᠢᠩᠭ᠎ᠠ ᠱᠠᠭ᠋ᠠᠷᠳᠠᠬᠤ᠂ ᠬᠥᠮᠦᠨ ᠴᠢᠨᠠᠷ ᠲᠥᠪ ᠴᠢᠬᠡᠴᠢ ᠪᠠᠢ᠌ᠬᠤ ᠱᠠᠭ᠋ᠠᠷᠳᠠᠯᠭ᠎ᠠ ᠶᠣᠰᠣᠭ᠋ᠠᠷ᠂ ᠦᠵᠡᠯ ᠰᠠᠨᠠᠭ᠎ᠠ ᠤᠯᠤᠰ ᠲᠥᠷᠦ ᠵᠢᠨ ᠤᠨᠤᠯ᠎ᠤᠨ ᠬᠢᠴᠢᠶᠡᠯ᠎ᠤᠨ ᠪᠠᠭᠰᠢ ᠵᠢᠨ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠢᠲᠡᠭᠡᠯ ᠪᠢᠰᠢᠷᠡᠯ᠎ᠲᠠᠢ ᠬᠥᠮᠦᠨ ᠵᠶ᠋ᠠᠷ ᠢᠲᠡᠭᠡᠯ ᠪᠢᠰᠢᠷᠡᠯ᠎ᠢ ᠶᠠᠷᠢᠭᠤᠯᠵᠤ᠂ ᠤᠯᠤᠰ ᠵᠶ᠋ᠠᠨ ᠬᠠᠶ᠋ᠢᠷᠠᠯᠠᠬᠤ ᠰᠡᠳᠬᠢᠯᠭᠡ᠎ᠲᠠᠢ ᠬᠥᠮᠦᠨ ᠵᠶ᠋ᠠᠷ ᠤᠯᠤᠰ ᠵᠶ᠋ᠠᠨ ᠬᠠᠶ᠋ᠢᠷᠠᠯᠠᠬᠤ ᠰᠡᠳᠬᠢᠯᠭᠡ ᠵᠢ ᠶᠠᠷᠢᠭᠤᠯᠤᠨ᠎ᠠ᠃ ᠦᠵᠡᠯ ᠰᠠᠨᠠᠭ᠎ᠠ ᠤᠯᠤᠰ ᠲᠥᠷᠥ ᠣᠨᠣᠯ᠎ᠤᠨ ᠬᠢᠴᠢᠶᠡᠯ᠎ᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠲᠦᠯᠬᠢᠨ ᠠᠬᠢᠭᠤᠯᠵᠤ᠂ ᠰᠤᠷᠤᠭᠴᠢᠳ᠎ᠤᠨ ᠭᠣᠤᠯ ᠴᠣᠭᠴᠠ ᠵᠢᠨ ᠦᠢᠯᠡᠳᠦᠯ᠎ᠢ ᠪᠠᠳᠠᠷᠠᠭᠤᠯᠤᠨ᠂ ᠬᠠᠷᠢᠯᠴᠠᠨ ᠬᠥᠳᠡᠯᠦᠯᠴᠡᠬᠦ ᠮᠠᠶᠢᠭ᠂ ᠰᠡᠩᠬᠡᠷᠡᠭᠦᠯᠬᠦ ᠮᠠᠶᠢᠭ᠂ ᠰᠣᠯᠢᠯᠴᠠᠬᠤ ᠮᠠᠶᠢᠭ᠎ᠤᠨ ᠵᠢᠭ᠋ᠠᠨ ᠰᠤᠷᠭ᠋ᠠᠯᠲᠠ ᠵᠢ ᠬᠡᠷᠡᠭᠯᠡᠵᠦ᠂ ᠦᠵᠡᠯ ᠰᠠᠨᠠᠭ᠋ᠠᠴᠢ ᠴᠢᠨᠠᠷ᠂ ᠣᠨᠣᠯ ᠎ᠤᠨ ᠴᠢᠨᠠᠷ ᠪᠠ   ᠵᠤᠬᠢᠴᠠᠯᠳᠤ ᠴᠢᠨᠠᠷ᠂ ᠬᠠᠨᠳᠤᠯᠭ᠋ᠠᠲᠤ ᠴᠢᠨᠠᠷ᠎ᠢ ᠴᠢᠩᠭ᠋ᠠᠷᠠᠭᠤᠯᠤᠨ᠂ ᠰᠤᠷᠭ᠋ᠠᠨ ᠬᠦᠮᠦᠵᠢᠯ ᠵᠶ᠋ᠡᠷ ᠳᠠᠮᠵᠢᠨ᠂ ᠰᠤᠷᠤᠭᠴᠢᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠤᠯᠤᠰ ᠵᠶ᠋ᠠᠨ ᠬᠠᠶ᠋ᠢᠷᠠᠯᠠᠬᠤ ᠰᠡᠳᠬᠢᠯᠭᠡ ᠵᠢ᠎ᠨᠢ ᠨᠡᠮᠡᠭᠳᠡᠭᠦᠯᠦᠨ᠎ᠡ᠃
     17. ᠡᠬᠡ ᠣᠷᠣᠨᠴᠢ ᠦᠵᠡᠯ᠎ᠤᠨ ᠰᠣᠳᠣᠨ ᠬᠡᠪᠯᠡᠭᠳᠡᠬᠦᠨ᠎ᠢ ᠵᠣᠬᠢᠶᠠᠨ ᠪᠠᠶ᠋ᠢᠭᠤᠯᠤᠨ ᠭᠠᠷᠭ᠋ᠠᠨ᠎ᠠ᠃ ᠠᠳᠠᠯᠢ ᠪᠤᠰᠤ ᠨᠠᠰᠤ ᠵᠢᠯ᠂ ᠠᠳᠠᠯᠢ ᠪᠤᠰᠤ ᠦᠰᠦᠨ ᠪᠣᠶ᠋ᠢᠵᠢᠯᠲᠠ ᠵᠢᠨ ᠱᠠᠲᠤᠨ᠎ᠳᠤ ᠴᠢᠭᠯᠡᠭᠦᠯᠦᠨ᠂ ᠰᠣᠳᠣᠨ ᠪᠦᠲᠦᠭᠡᠯ᠎ᠤᠨ ᠪᠠᠷᠢᠮᠵᠢᠶ᠎ᠠ ᠵᠢ ᠪᠠᠷᠢᠮᠲᠠᠯᠠᠵᠤ᠂ ᠵᠣᠬᠢᠶᠠᠨ ᠪᠦᠲᠦᠭᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠡᠬᠡ ᠣᠷᠣᠨᠴᠢ ᠦᠵᠡᠯ᠎ᠤᠨ ᠠᠭᠤᠯᠭ᠎ᠠ ᠵᠢ ᠲᠤᠰᠬᠠᠭᠰᠠᠨ ᠴᠢᠨᠠᠷ ᠰᠠᠶ᠋ᠢᠲᠠᠶ ᠬᠡᠤᠬᠡᠳ ᠪᠠᠭ᠋ᠠᠴᠤᠳ᠎ᠤᠨ ᠤᠩᠰᠢᠯᠠᠭ᠎ᠠ ᠵᠢᠨ ᠪᠦᠲᠦᠭᠡᠯ᠂ ᠤᠩᠰᠢᠨ ᠤᠢ᠌ᠯᠠᠭ᠋ᠠᠬᠤ ᠵᠢ ᠬᠠᠪᠰᠤᠷᠤᠨ ᠳᠠᠮᠵᠢᠵᠤ᠂ ᠥᠷᠭᠡᠨ ᠣᠯᠠᠨ ᠵᠠᠯᠠᠭᠤᠴᠤᠳ ᠪᠠᠭ᠋ᠠᠴᠤᠳ᠎ᠲᠤ ᠤᠬᠠᠮᠰᠠᠷ᠎ᠠᠴᠠ᠎ᠪᠠᠨ ᠡᠬᠡ ᠣᠷᠣᠨᠴᠢ ᠦᠵᠡᠯ᠎ᠤᠨ ᠨᠥᠯᠥᠭᠡ ᠵᠢ ᠬᠦᠷᠲᠡᠭᠡᠬᠦ ᠬᠡᠷᠡᠭᠲᠡᠶ᠃ ᠡᠬᠡ ᠣᠷᠣᠨᠴᠢ ᠦᠵᠡᠯ᠎ᠤᠨ ᠭᠣᠤᠯ ᠰᠡᠳᠦᠪᠲᠦ ᠬᠡᠪᠯᠡᠭᠳᠡᠬᠦᠨ᠎ᠢ ᠢᠳᠡᠪᠬᠢᠲᠡᠶ᠎ᠪᠠᠷ ᠲᠠᠨᠢᠯᠴᠠᠭᠤᠯᠵᠤ᠂ ᠡᠬᠡ ᠣᠷᠣᠨᠴᠢ ᠦᠵᠡᠯ᠎ᠤᠨ ᠬᠥᠮᠦᠵᠢᠯ᠎ᠤᠨ ᠨᠣᠮ ᠤᠩᠰᠢᠬᠤ ᠠᠵᠢᠯᠯᠠᠭ᠎ᠠ ᠵᠢ ᠶᠡᠬᠡᠪᠡᠷ ᠥᠷᠨᠢᠭᠦᠯᠬᠦ ᠬᠡᠷᠡᠭᠲᠡᠶ᠃ ᠵᠠᠯᠠᠭᠤᠴᠤᠳ ᠪᠠᠭ᠋ᠠᠴᠤᠳ᠎ᠤᠨ ᠳᠤᠷ᠎ᠠ ᠰᠣᠨᠢᠷᠬᠠᠯ ᠪᠠ ᠬᠦᠯᠢᠶᠡᠨ ᠠᠪᠬᠤ ᠳᠠᠳᠬᠠᠯ᠎ᠲᠠᠢ ᠤᠶᠠᠯᠳᠤᠭᠤᠯᠤᠨ᠂ ᠳᠤᠮᠳᠠᠳᠤ ᠵᠢᠨ ᠰᠣᠶᠣᠯ᠎ᠤᠨ ᠣᠬᠢ ᠰᠣᠳᠣ ᠵᠢ ᠬᠠᠷᠠᠭᠤᠯᠤᠭᠰᠠᠨ᠂ ᠡᠬᠡ ᠣᠷᠣᠨᠴᠢ ᠦᠵᠡᠯ᠎ᠤᠨ ᠠᠭᠤᠷ ᠠᠮᠢᠰᠬᠤᠯ᠎ᠲᠠᠢ ᠰᠦᠯᠵᠢᠶᠡᠨ᠎ᠤ ᠤᠳᠬ᠎ᠠ ᠵᠣᠬᠢᠶᠠᠯ᠂ ᠺᠠᠷᠲ᠋ᠣᠨ ᠵᠢᠷᠤᠭ᠂ ᠳᠠᠭᠤᠲᠤ ᠨᠣᠮ᠂ ᠰᠦᠯᠵᠢᠶᠡᠨ᠎ᠤ ᠲᠣᠭᠯᠠᠭ᠋ᠠᠮ᠂ ᠭᠠᠷ ᠤᠲᠠᠰᠤᠨ᠎ᠤ ᠲᠣᠭᠯᠠᠭ᠋ᠠᠮ᠂ ᠣᠬᠣᠷ ᠸᠢᠳᠢᠣ᠋ ᠵᠡᠷᠭᠡ ᠵᠢ ᠶᠡᠬᠡᠪᠡᠷ ᠨᠡᠭᠡᠭᠡᠨ ᠬᠥᠭᠵᠢᠭᠦᠯᠬᠦ ᠵᠢᠨ ᠬᠠᠮᠲᠤ ᠢᠳᠡᠪᠬᠢᠲᠡᠶ᠎ᠪᠠᠷ ᠲᠠᠨᠢᠯᠴᠠᠭᠤᠯᠬᠤ ᠬᠡᠷᠡᠭᠲᠡᠶ᠃
    18. ᠦᠢᠯᠡᠳᠦᠯᠭᠡ ᠵᠢᠨ ᠠᠵᠢᠯᠯᠠᠭ᠎ᠠ ᠵᠢ ᠥᠷᠭᠡᠨ ᠵᠶ᠋ᠠᠷ ᠵᠣᠬᠢᠶᠠᠨ ᠪᠠᠶ᠋ᠢᠭᠤᠯᠤᠨ   ᠦᠷᠨᠢᠬᠦᠯᠬᠦ ᠬᠡᠷᠡᠭᠳᠡᠢ᠃ ᠶᠡᠬᠡ ᠰᠤᠷᠭ᠋ᠠᠭᠤᠯᠢ ᠳᠤᠮᠳᠠᠳᠤ ᠪᠠᠭ᠎ᠠ ᠰᠤᠷᠭ᠋ᠠᠭᠤᠯᠢ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ᠂ ᠡᠪ ᠬᠠᠮᠲᠤ ᠵᠠᠯᠠᠭᠤᠴᠤᠳ᠎ᠤᠨ ᠡᠪᠯᠡᠯ᠂ ᠪᠠᠭ᠋ᠠᠴᠤᠳ᠎ᠤᠨ ᠬᠣᠰᠢᠭᠤᠴᠢ ᠠᠩᠭᠢ᠂ ᠰᠤᠷᠤᠭᠴᠢᠳ᠎ᠤᠨ ᠡᠪᠯᠡᠯ᠂ ᠰᠤᠷᠤᠭᠴᠢᠳ᠎ᠤᠨ ᠪᠦᠯᠬᠦᠮ ᠵᠡᠷᠭᠡ᠎ᠨᠢ ᠡᠬᠡ ᠣᠷᠣᠨᠴᠢ ᠦᠵᠡᠯ᠎ᠤᠨ ᠠᠭᠤᠯᠭ᠎ᠠ ᠵᠢ ᠨᠠᠮ᠎ᠤᠨ ᠡᠳᠦᠷ᠂ ᠡᠪᠯᠡᠯ᠎ᠤᠨ ᠡᠳᠦᠷ᠂ ᠭᠣᠤᠯ ᠰᠡᠳᠦᠪᠲᠦ ᠠᠩᠭᠢ ᠵᠢᠨ ᠬᠤᠷᠠᠯ᠂ ᠪᠠᠭ᠎ᠤᠨ ᠬᠤᠷᠠᠯ ᠵᠢᠴᠢ ᠡᠯ᠎ᠡ ᠲᠥᠷᠥᠯ᠎ᠤᠨ ᠭᠣᠤᠯ ᠰᠡᠳᠦᠪᠲᠦ ᠬᠥᠮᠦᠵᠢᠯ᠎ᠤᠨ ᠠᠵᠢᠯᠯᠠᠭ᠎ᠠ᠎ᠳᠤ ᠠᠭᠤᠰᠬᠠᠨ ᠣᠷᠣᠭᠤᠯᠬᠤ ᠬᠡᠷᠡᠭᠲᠡᠶ᠃ ᠪᠣᠯᠪᠠᠰᠤᠨ ᠰᠠᠢ᠌ᠬᠠᠨ ᠰᠤᠷᠭ᠋ᠠᠭᠤᠯᠢ ᠵᠢᠨ ᠬᠦᠷᠢᠶ᠎ᠡ ᠵᠢ ᠡᠭᠦᠳᠦᠨ ᠪᠠᠶ᠋ᠢᠭᠤᠯᠬᠤ ᠵᠢ ᠥᠷᠭᠡᠨ ᠵᠶ᠋ᠠᠷ ᠥᠷᠨᠢᠭᠦᠯᠵᠦ᠂ ᠰᠤᠷᠭ᠋ᠠᠭᠤᠯᠢ ᠵᠢᠨ ᠪᠣᠯᠪᠠᠰᠤᠷᠠᠯ ᠰᠤᠷᠭ᠋ᠠᠭᠤᠯᠢ ᠵᠢᠨ ᠳᠠᠭᠤᠤ ᠰᠤᠷᠭ᠋ᠠᠭᠤᠯᠢ ᠵᠢᠨ ᠲᠡᠤᠬᠡ ᠵᠢᠨ ᠡᠬᠡ ᠣᠷᠣᠨᠴᠢ ᠦᠵᠡᠯ᠎ᠤᠨ ᠬᠥᠮᠦᠵᠢᠯ᠎ᠤᠨ ᠴᠢᠳᠠᠮᠵᠢ ᠵᠢ ᠴᠢᠩᠭ᠋ᠠᠷᠠᠭᠤᠯᠤᠨ᠂ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠡᠯᠪᠡᠭ ᠪᠠᠶᠠᠯᠢᠭ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠶ᠃ ᠶᠡᠬᠡ ᠰᠤᠷᠭ᠋ᠠᠭᠤᠯᠢ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠢ ᠵᠣᠬᠢᠶᠠᠨ ᠪᠠᠢ᠌ᠭᠤᠯᠵᠤ ᠳᠤᠷᠠᠰᠬᠠᠯ᠎ᠤᠨ ᠣᠷᠳᠣᠨ᠂ ᠦᠵᠡᠰᠬᠦᠯᠡᠩ᠎ᠤᠨ ᠣᠷᠳᠣᠨ᠂ ᠮᠦᠽᠧᠶ᠂ ᠦᠷᠡᠭᠳᠡᠭᠰᠡᠨ ᠪᠠᠭ᠋ᠠᠲᠤᠷᠴᠤᠳ᠎ᠤᠨ ᠳᠤᠷᠠᠰᠬᠠᠯ᠎ᠤᠨ ᠪᠠᠭᠤᠷᠢ ᠵᠢ ᠲᠣᠭᠣᠷᠢᠨ ᠦᠵᠡᠭᠦᠯᠵᠦ᠂ ᠴᠡᠷᠢᠭ᠎ᠤᠨ ᠶᠠᠪᠤᠳᠠᠯ᠎ᠤᠨ ᠪᠣᠯᠪᠠᠰᠤᠷᠠᠯ᠂ ᠡᠪᠦᠯ ᠵᠤᠨ᠎ᠤ ᠠᠮᠠᠷᠠᠯᠲᠠ ᠵᠢᠨ ᠵᠤᠰᠠᠯᠠᠩ᠂ ᠰᠣᠶᠣᠯ ᠰᠢᠨᠵᠢᠯᠡᠬᠦ ᠤᠬᠠᠭ᠋ᠠᠨ ᠮᠡᠷᠭᠡᠵᠢᠯ ᠡᠷᠡᠭᠦᠯ ᠬᠠᠮᠠᠭ᠋ᠠᠯᠠᠯ 《ᠭᠤᠷᠪᠠ ᠵᠢ ᠬᠥᠳᠡᠭᠡ ᠪᠠᠭᠤᠯᠭ᠋ᠠᠬᠤ》᠂ ᠯᠧᠢ ᠹᠧᠩ᠎ᠠᠴᠠ ᠰᠤᠷᠤᠯᠴᠠᠬᠤ ᠰᠠᠶ᠋ᠢᠨ ᠳᠤᠷ᠎ᠠ ᠵᠢᠨ ᠦᠢᠯᠡᠴᠢᠯᠡᠭᠡ᠂ ᠰᠢᠨ᠎ᠡ ᠵᠢ ᠡᠭᠦᠳᠴᠦ ᠦᠢᠯᠡᠰ ᠪᠣᠰᠬᠠᠬᠤ᠂ ᠨᠡᠢ᠌ᠲᠡ ᠵᠢᠨ ᠠᠰᠠᠷᠠᠮᠵᠢ ᠵᠢᠨ ᠠᠵᠢᠯᠯᠠᠭ᠎ᠠ ᠵᠡᠷᠭᠡ᠎ᠳᠤ ᠣᠷᠣᠯᠴᠠᠭᠤᠯᠵᠤ᠂ ᠤᠯᠤᠰ᠎ᠤᠨ ᠪᠠᠢ᠌ᠳᠠᠯ ᠠᠷᠠᠳ᠎ᠤᠨ ᠪᠠᠶ᠋ᠢᠳᠠᠯ᠎ᠢ ᠨᠠᠩ ᠰᠠᠶ᠋ᠢᠲᠤᠷ ᠣᠶ᠋ᠢᠯᠠᠭ᠋ᠠᠵᠤ᠂ ᠬᠠᠷᠢᠭᠤᠴᠠᠯᠭ᠎ᠠ ᠡᠭᠦᠷᠭᠡᠯᠡᠯ ᠵᠶ᠋ᠠᠨ   ᠴᠢᠩᠭ᠋ᠠᠳᠬᠠᠨ᠎ᠠ᠃ ᠬᠣᠲᠠ ᠵᠢᠨ ᠨᠡᠶ᠋ᠢᠭᠡᠮ ᠲᠣᠭᠣᠷᠢᠭ᠂ ᠬᠥᠳᠡᠭᠡ ᠲᠣᠰᠬᠣᠨ᠂ ᠠᠵᠤ ᠠᠬᠤᠶ᠋ᠢᠯᠠᠯ᠂ ᠴᠡᠷᠢᠭ ᠠᠩᠭᠢ᠂ ᠨᠡᠶ᠋ᠢᠭᠡᠮ᠎ᠤᠨ ᠪᠠᠶ᠋ᠢᠭᠤᠯᠤᠮᠵᠢ ᠵᠡᠷᠭᠡ᠎ᠯᠦᠭᠡ ᠵᠢᠨ ᠬᠠᠷᠢᠯᠴᠠᠭ᠎ᠠ᠎ᠪᠠᠨ ᠨᠢᠭᠲᠠᠷᠠᠭᠤᠯᠵᠤ᠂ ᠡᠬᠡ ᠣᠷᠣᠨᠴᠢ ᠦᠵᠡᠯ᠎ᠤᠨ ᠬᠥᠮᠦᠵᠢᠯ᠎ᠤᠨ ᠦᠢᠯᠡᠳᠦᠯᠭᠡ ᠵᠢᠨ ᠬᠦᠷᠢᠶ᠎ᠡ ᠵᠢ ᠪᠠᠶᠠᠯᠢᠭᠵᠢᠭᠤᠯᠤᠨ ᠥᠷᠭᠡᠳᠬᠡᠨ᠎ᠡ᠃
     19. ᠥᠷᠭᠡᠨ ᠣᠯᠠᠨ ᠰᠡᠬᠡᠭᠡᠲᠡᠨ᠎ᠤ ᠳᠤᠮᠳᠠ ᠤᠯᠤᠰ ᠵᠶ᠋ᠠᠨ ᠬᠠᠶ᠋ᠢᠷᠠᠯᠠᠬᠤ ᠲᠡᠮᠡᠴᠡᠯ ᠎ᠤᠨ ᠵᠣᠷᠢᠭ ᠰᠠᠨᠠᠭ᠎ᠠ ᠵᠢ ᠪᠠᠳᠠᠷᠠᠭᠤᠯᠬᠤ ᠬᠡᠷᠡᠭᠳᠡᠢ᠃ ᠮᠠᠨ᠎ᠤ ᠤᠯᠤᠰ᠎ᠤᠨ ᠰᠡᠬᠡᠭᠡᠲᠡᠳ ᠲᠡᠤᠬᠡᠨ᠎ᠠᠴᠠ᠎ᠪᠠᠨ ᠠᠪᠤᠭ᠋ᠠᠳ ᠡᠬᠡ ᠣᠷᠣᠨ ᠵᠶ᠋ᠠᠨ ᠬᠠᠶ᠋ᠢᠷᠠᠯᠠᠬᠤ ᠰᠡᠳᠬᠢᠯᠭᠡ ᠪᠠ ᠨᠡᠶ᠋ᠢᠭᠡᠮ᠎ᠤᠨ ᠬᠠᠷᠢᠭᠤᠴᠠᠯᠭ᠋ᠠᠲᠤ ᠰᠡᠳᠬᠢᠯᠭᠡ᠎ᠪᠠᠷ ᠴᠢᠩᠭ᠎ᠠ ᠪᠠᠢ᠌ᠳᠠᠭ᠃ 《ᠤᠯᠤᠰ ᠵᠶ᠋ᠠᠨ ᠬᠠᠶ᠋ᠢᠷᠠᠯᠠᠬᠤ ᠲᠡᠮᠡᠴᠡᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠰᠢᠨ᠎ᠡ ᠴᠠᠭ ᠣᠢᠶ᠎ᠠ᠎ᠳᠤ ᠭᠠᠪᠢᠶ᠎ᠠ ᠪᠠᠢ᠌ᠭᠤᠯᠵᠤ ᠦᠢᠯᠡᠰ ᠪᠣᠰᠬᠠᠬᠤ》 ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ 《ᠬᠣᠶᠠᠷ ᠪᠥᠮᠪᠥᠭᠡ ᠨᠢᠭᠡ ᠤᠳᠤᠨ》᠎ᠤ ᠵᠣᠷᠢᠭ ᠰᠠᠨᠠᠭ᠎ᠠ᠂ ᠬᠥᠮᠦᠨ ᠰᠠᠭᠤᠯᠭ᠋ᠠᠭᠰᠠᠨ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ ᠵᠡᠷᠭᠡ ᠵᠢ ᠪᠠᠳᠠᠷᠠᠭᠤᠯᠵᠤ᠂ ᠰᠢᠯᠢᠳᠡᠭ ᠰᠡᠬᠡᠭᠡᠲᠡᠳ᠎ᠤᠨ ᠰᠤᠷᠤᠯᠴᠠᠯᠭ᠎ᠠ ᠤᠬᠠᠭᠤᠯᠭ᠎ᠠ ᠵᠢ ᠶᠡᠬᠡᠪᠡᠷ ᠵᠣᠬᠢᠶᠠᠨ ᠪᠠᠢ᠌ᠭᠤᠯᠵᠤ᠂ ᠰᠢᠨ᠎ᠡ ᠴᠠᠭ ᠦᠶ᠎ᠡ ᠵᠢᠨ ᠰᠡᠬᠡᠭᠡᠲᠡᠳ᠎ᠢ ᠬᠥᠲᠥᠯᠥᠨ ᠵᠢᠯᠣᠭᠣᠳᠴᠤ ᠪᠠᠢ᠌ᠭ᠋ᠠᠳ ᠥᠪᠡᠷ᠎ᠤᠨ ᠬᠦᠰᠡᠯᠡᠩ ᠵᠶ᠋ᠠᠨ ᠡᠬᠡ ᠤᠯᠤᠰ᠎ᠤᠨ ᠢᠷᠡᠭᠡᠳᠦᠶ᠎ᠲᠠᠢ᠂ ᠥᠪᠡᠷ᠎ᠤᠨ ᠠᠮᠢᠳᠤᠷᠠᠯ ᠵᠶ᠋ᠠᠨ ᠦᠨᠳᠦᠰᠦᠲᠡᠨ᠎ᠤ ᠬᠤᠪᠢ ᠵᠠᠶᠠᠭ᠎ᠠ᠎ᠲᠠᠢ ᠬᠣᠯᠪᠣᠵᠤ᠂ ᠲᠤᠬᠠᠶ᠋ᠢᠯᠠᠭᠰᠠᠨ ᠠᠵᠢᠯ᠎ᠳᠠᠭᠠᠨ ᠰᠠᠭᠤᠷᠢᠯᠠᠵᠤ᠂ ᠡᠷᠡᠯᠬᠡᠭᠯᠡᠨ ᠲᠡᠮᠡᠴᠡᠵᠦ᠂ ᠰᠢᠨ᠎ᠡ ᠵᠢ ᠡᠭᠦᠳᠴᠦ᠂ ᠰᠢᠨ᠎ᠡ ᠴᠠᠭ ᠣᠢᠶ᠎ᠠ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ᠃ ᠰᠡᠬᠡᠭᠡᠲᠡᠳ᠎ᠢ ᠥᠷᠭᠡᠨ ᠵᠶ᠋ᠠᠷ ᠳᠠᠶ᠋ᠢᠴᠢᠯᠠᠨ ᠵᠣᠬᠢᠶᠠᠨ ᠪᠠᠶ᠋ᠢᠭᠤᠯᠵᠤ ᠪᠠᠶ᠋ᠢᠭ᠋ᠠᠳ ᠥᠭᠡᠷᠡᠴᠢᠯᠡᠯᠲᠡ ᠨᠡᠭᠡᠭᠡᠯᠲᠡ ᠵᠢᠨ ᠬᠣᠰᠢᠭᠤᠷᠠᠯ᠂ ᠠᠵᠤ ᠠᠬᠤᠢ ᠵᠢᠨ ᠬᠥᠭᠵᠢᠯᠲᠡ ᠵᠢᠨ ᠨᠢᠭᠡᠳᠦᠭᠡᠷ ᠹᠷᠣᠨᠲ ᠪᠠ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠤ ᠭᠠᠵᠠᠷ ᠣᠷᠣᠨ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠳᠤ ᠭᠦᠨᠵᠡᠭᠡᠶ᠋ᠢᠷᠡᠭᠦᠯᠦᠨ᠂ ᠪᠠᠶ᠋ᠢᠴᠠᠭ᠋ᠠᠨ ᠰᠤᠳᠤᠯᠤᠯᠲᠠ ᠪᠠ ᠬᠠᠷᠢᠯᠴᠠᠭ᠎ᠠ ᠦᠢ᠍ᠯᠡᠴᠢᠯᠡᠭᠡ ᠥᠷᠨᠢᠭᠦᠯᠵᠦ᠂ ᠤᠯᠤᠰ᠎ᠤᠨ ᠪᠠᠶ᠋ᠢᠳᠠᠯ᠎ᠢ ᠭᠦᠨᠵᠡᠭᠡᠶ ᠤᠢ᠌ᠯᠠᠭ᠋ᠠᠨ᠂ ᠤᠯᠤᠰ ᠵᠶ᠋ᠠᠨ ᠬᠠᠶ᠋ᠢᠷᠠᠯᠠᠬᠤ ᠬᠦᠰᠡᠯ ᠮᠦᠷᠦᠭᠡᠳᠤᠯ ᠵᠶ᠋ᠠᠨ ᠪᠠᠲᠤᠳᠬᠠᠬᠤ ᠬᠡᠷᠡᠭᠲᠡᠶ᠃
     20. ᠨᠡᠶ᠋ᠢᠭᠡᠮ᠎ᠤᠨ ᠡᠯ᠎ᠡ ᠡᠲᠡᠭᠡᠳ᠎ᠤᠨ ᠬᠥᠮᠦᠰ᠎ᠤᠨ ᠡᠬᠡ ᠣᠷᠣᠨᠴᠢ ᠬᠠᠯᠠᠭᠤᠨ ᠰᠡᠳᠬᠢᠯᠭᠡ ᠵᠢ ᠬᠥᠭᠵᠢᠭᠡᠨ᠎ᠡ᠃ ᠨᠡᠶ᠋ᠢᠭᠡᠮ᠎ᠤᠨ ᠡᠯ᠎ᠡ ᠡᠲᠡᠭᠡᠳ᠎ᠤᠨ ᠲᠥᠯᠥᠭᠡᠯᠡᠬᠦ ᠴᠢᠨᠠᠷᠲᠠᠶ ᠬᠥᠮᠦᠰ ᠨᠡᠯᠢᠶᠡᠳ ᠴᠢᠩᠭ᠎ᠠ ᠵᠢᠱ᠌ᠢᠶ᠎ᠡ ᠦᠵᠡᠭᠦᠯᠬᠦ ᠦᠢᠯᠡᠳᠦᠯ᠎ᠲᠠᠢ ᠪᠠᠢ᠌ᠳᠠᠭ᠃ ᠢᠲᠡᠭᠡᠮᠵᠢ ᠵᠢ ᠬᠦᠨᠳᠦᠳᠬᠡᠵᠦ ᠪᠦᠯᠬᠦᠮᠳᠡᠯ᠎ᠢ ᠬᠥᠲᠥᠯᠥᠨ ᠵᠢᠯᠣᠭᠣᠳᠬᠤ ᠵᠢ ᠪᠠᠷᠢᠮᠲᠠᠯᠠᠵᠤ᠂ ᠤᠯᠤᠰ ᠲᠥᠷᠦ ᠵᠢᠨ ᠬᠠᠮᠲᠤ ᠵᠢᠨ ᠲᠠᠨᠢᠯᠲᠠ ᠵᠢ ᠴᠢᠩᠭ᠋ᠠᠳᠬᠠᠨ ᠨᠢᠭᠲᠠᠷᠠᠭᠤᠯᠵᠤ᠂ ᠬᠠᠮᠲᠤ ᠵᠢᠨ ᠦᠵᠡᠯ ᠰᠠᠨᠠᠭ᠎ᠠ ᠤᠯᠤᠰ ᠲᠥᠷᠦ ᠵᠢᠨ ᠰᠠᠭᠤᠷᠢ ᠵᠢ ᠪᠡᠬᠢᠵᠢᠭᠦᠯᠵᠦ᠂ ᠪᠦᠯᠬᠦᠮᠳᠡᠯ᠎ᠤᠨ ᠬᠡᠪᠴᠢᠶ᠎ᠡ ᠵᠢ ᠲᠠᠰᠤᠷᠠᠯᠲᠠ ᠦᠭᠡᠢ ᠥᠷᠭᠡᠳᠬᠡᠵᠦ᠂ ᠨᠡᠢ᠌ᠭᠡᠮ᠎ᠤᠨ ᠡᠯ᠎ᠡ ᠡᠲᠡᠭᠡᠳ᠎ᠤᠨ ᠬᠥᠮᠦᠰ᠎ᠤᠨ ᠤᠯᠤᠰ ᠵᠶ᠋ᠠᠨ ᠬᠠᠶ᠋ᠢᠷᠠᠯᠠᠬᠤ ᠬᠠᠯᠠᠭᠤᠨ ᠰᠡᠳᠬᠢᠯᠭᠡ ᠪᠠ ᠨᠡᠢ᠌ᠭᠡᠮ᠎ᠤᠨ ᠡᠭᠦᠷᠭᠡᠯᠡᠯ᠎ᠢ ᠭᠦᠢᠴᠡᠳ ᠳᠠᠶ᠋ᠢᠴᠢᠯᠠᠬᠤ ᠬᠡᠷᠡᠭᠲᠡᠶ᠃ ᠠᠵᠢᠯ ᠮᠡᠷᠭᠡᠵᠢᠯ᠎ᠤᠨ ᠵᠣᠷᠢᠭ ᠰᠠᠨᠠᠭ᠋ᠠᠨ᠎ᠤ ᠠᠵᠢᠯ ᠮᠡᠷᠭᠡᠵᠢᠯ᠎ᠤᠨ ᠶᠣᠰᠣ ᠮᠣᠷᠠᠯ᠎ᠤᠨ ᠬᠥᠮᠦᠵᠢᠯ ᠥᠷᠨᠢᠭᠦᠯᠬᠦ᠂ ᠬᠣᠯᠪᠣᠭᠳᠠᠯ ᠪᠦᠬᠦᠢ ᠳᠦᠷᠢᠮ᠎ᠤᠨ ᠵᠢᠷᠤᠮᠵᠢᠯ᠎ᠢ ᠪᠠᠶ᠋ᠢᠭᠤᠯᠤᠨ ᠲᠡᠭᠦᠯᠳᠡᠷᠵᠢᠭᠦᠯᠬᠦ᠂ ᠠᠵᠢᠯ ᠲᠥᠷᠥᠯ ᠪᠠ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠬᠤ ᠦᠢᠯᠡᠳᠦᠯ᠎ᠢ ᠪᠠᠳᠠᠷᠠᠭᠤᠯᠬᠤ ᠵᠡᠷᠭᠡ᠎ᠪᠠᠷ ᠳᠠᠮᠵᠢᠭᠤᠯᠤᠨ᠂ ᠨᠡᠶ᠋ᠢᠭᠡᠮ᠎ᠤᠨ ᠡᠯ᠎ᠡ ᠡᠲᠡᠭᠡᠳ᠎ᠤᠨ ᠬᠥᠮᠦᠰ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠶᠣᠰᠣ ᠮᠣᠷᠠᠯ᠎ᠤᠨ ᠲᠠᠯ᠎ᠠ᠎ᠪᠠᠷ ᠥᠪᠡᠷ᠎ᠢ᠎ᠪᠠᠨ ᠱᠠᠭ᠋ᠠᠷᠳᠠᠬᠤ ᠵᠢ ᠴᠢᠩᠭ᠋ᠠᠳᠬᠠᠵᠤ᠂ ᠨᠡᠶ᠋ᠢᠭᠡᠮ᠎ᠤᠨ ᠬᠠᠷᠢᠭᠤᠴᠠᠯᠭ᠎ᠠ ᠵᠢ᠎ᠨᠢ   ᠡᠬᠦᠷᠭᠡᠯᠡᠬᠦᠯᠬᠦ ᠬᠡᠷᠡᠭᠲᠡᠶ᠃ ᠮᠠᠨ᠎ᠤ ᠤᠯᠤᠰ᠎ᠤᠨ ᠱᠠᠰᠢᠨ ᠰᠤᠷᠲᠠᠬᠤᠨ᠎ᠤ ᠳᠤᠮᠳᠠᠳᠤ ᠤᠯᠤᠰᠴᠢᠯᠠᠬᠤ ᠴᠢᠭᠯᠡᠯ᠎ᠢ ᠪᠠᠷᠢᠮᠲᠠᠯᠠᠵᠤ᠂ ᠱᠠᠰᠢᠨ ᠰᠤᠷᠲᠠᠬᠤᠨ᠎ᠤ ᠡᠲᠡᠭᠡᠳ᠎ᠤᠨ ᠬᠥᠮᠦᠰ ᠪᠠ ᠱᠠᠰᠢᠨ ᠰᠢᠲᠦᠳᠡᠭ ᠣᠯᠠᠨ ᠲᠦᠮᠡᠨ᠎ᠤ ᠡᠬᠡ ᠣᠷᠣᠨᠴᠢ ᠦᠵᠡᠯ᠎ᠤᠨ ᠬᠥᠮᠦᠵᠢᠯ᠎ᠢ ᠴᠢᠩᠭ᠋ᠠᠳᠬᠠᠵᠤ᠂ ᠲᠡᠳᠡᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠤᠷᠬᠢᠯᠦᠮ᠎ᠠ ᠬᠠᠯᠠᠭᠤᠨ ᠰᠡᠳᠬᠢᠯᠭᠡ᠎ᠪᠠᠷ ᠨᠡᠶ᠋ᠢᠭᠡᠮ ᠵᠢᠷᠤᠮᠲᠤ ᠪᠠᠶ᠋ᠢᠭᠤᠯᠤᠯ᠎ᠢ ᠬᠦᠷᠢᠶᠡᠯᠡᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠬᠦᠷᠢᠶᠡᠯᠡᠵᠦ᠂ ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠴᠢᠭᠯᠡᠯᠲᠡ ᠲᠥᠷᠦ ᠵᠢᠨ ᠪᠣᠳᠣᠯᠭ᠎ᠠ ᠵᠢ ᠵᠢᠷᠤᠮᠯᠠᠭᠤᠯᠤᠨ᠎ᠠ᠃ 《ᠨᠢᠭᠡ ᠤᠯᠤᠰ ᠬᠣᠶᠠᠷ ᠪᠠᠶ᠋ᠢᠭᠤᠯᠤᠯ᠎ᠢ ᠬᠡᠷᠡᠭᠵᠢᠭᠦᠯᠬᠦ》 ᠦᠢᠯᠡᠳᠦᠯᠭᠡ ᠵᠢᠨ ᠬᠥᠮᠦᠵᠢᠯ᠎ᠢ ᠴᠢᠩᠭ᠋ᠠᠳᠬᠠᠵᠤ᠂ ᠬᠥᠮᠦᠰ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠰᠢᠶᠠᠩᠭ᠋ᠠᠩ᠎ᠤᠨ ᠵᠠᠰᠠᠭ ᠵᠠᠬᠢᠷᠭ᠋ᠠᠨ᠎ᠤ ᠣᠨᠴᠠᠭ᠋ᠠᠢ ᠣᠷᠣᠨ᠎ᠤ ᠠᠬ᠎ᠠ ᠳᠡᠭᠦᠤ ᠨᠡᠷ᠂ ᠣᠣᠮᠧᠨ᠎ᠤ ᠵᠠᠰᠠᠭ ᠵᠠᠬᠢᠷᠭ᠋ᠠᠨ᠎ᠤ ᠣᠨᠴᠠᠭ᠋ᠠᠢ ᠣᠷᠣᠨ᠎ᠤ ᠠᠬ᠎ᠠ ᠳᠡᠭᠦᠤ ᠨᠡᠷ᠂ ᠲᠠᠶ᠋ᠢᠸᠠᠨ᠎ᠤ ᠠᠬ᠎ᠠ ᠳᠡᠭᠦᠤ ᠨᠡᠷ ᠪᠠ ᠬᠢᠯᠢ ᠵᠢᠨ ᠭᠠᠳᠠᠨᠠᠬᠢ ᠠᠬ᠎ᠠ ᠲᠡᠬᠦᠦ ᠨᠠᠷ᠎ᠤᠨ ᠡᠬᠡ ᠣᠷᠣᠨ ᠵᠶ᠋ᠠᠨ ᠮᠡᠳᠡᠷᠡᠬᠦ ᠰᠡᠳᠬᠢᠯᠭᠡ ᠵᠢ᠎ᠨᠢ ᠨᠡᠮᠡᠭᠳᠡᠭᠦᠯᠵᠦ᠂ ᠤᠯᠤᠰ ᠣᠷᠣᠨ᠎ᠤ ᠨᠢᠭᠡᠳᠦᠯ ᠪᠠ ᠦᠨᠳᠦᠰᠦᠲᠡᠨ᠎ᠤ ᠪᠦᠯᠬᠦᠮᠳᠡᠯ᠎ᠢ ᠤᠬᠠᠮᠰᠠᠷ᠎ᠠᠴᠠ᠎ᠪᠠᠨ ᠬᠠᠮᠠᠭ᠋ᠠᠯᠠᠨ᠎ᠠ᠃
      ᠲᠦᠷᠪᠡ᠂ ᠰᠢᠨ᠎ᠡ ᠴᠠᠭ ᠦᠶ᠎ᠡ ᠵᠢᠨ ᠡᠬᠡ ᠣᠷᠣᠨᠴᠢ ᠦᠵᠡᠯ᠎ᠤᠨ ᠬᠥᠮᠦᠵᠢᠯ᠎ᠤᠨ ᠦᠢᠯᠡᠳᠦᠯᠭᠡ ᠵᠢᠨ ᠠᠴᠢᠶᠠᠯᠠᠪᠤᠷᠢ ᠵᠢ ᠪᠠᠶᠠᠯᠢᠭᠵᠢᠭᠤᠯᠤᠨ᠎ᠠ
     21. ᠡᠬᠡ ᠣᠷᠣᠨᠴᠢ ᠦᠵᠡᠯ᠎ᠤᠨ ᠬᠥᠮᠦᠵᠢᠯ᠎ᠤᠨ ᠰᠠᠭᠤᠷᠢᠨ ᠭᠠᠵᠠᠷ ᠪᠠ ᠤᠯᠤᠰ᠎ᠤᠨ ᠪᠠᠲᠤᠯᠠᠨ ᠬᠠᠮᠠᠭ᠋ᠠᠯᠠᠯᠳᠠ ᠵᠢᠨ ᠰᠠᠭᠤᠷᠢᠨ ᠭᠠᠵᠠᠷ᠎ᠢ ᠰᠠᠶ᠋ᠢᠲᠤᠷ ᠪᠠᠶ᠋ᠢᠭᠤᠯᠵᠤ ᠰᠠᠶ᠋ᠢᠲᠤᠷ ᠬᠡᠷᠡᠭᠯᠡᠨ᠎ᠡ᠃ ᠡᠯ᠎ᠡ ᠱᠠᠲᠤᠨ᠎ᠤ ᠡᠯ᠎ᠡ ᠲᠥᠷᠥᠯ᠎ᠤᠨ ᠡᠬᠡ ᠣᠷᠣᠨᠴᠢ ᠦᠵᠡᠯ᠎ᠤᠨ ᠬᠥᠮᠦᠵᠢᠯ᠎ᠤᠨ ᠰᠠᠭᠤᠷᠢᠨ ᠪᠣᠯ ᠡᠬᠡ ᠣᠷᠣᠨᠴᠢ ᠬᠠᠯᠠᠭᠤᠨ ᠰᠡᠳᠬᠢᠯᠭᠡ ᠵᠢ ᠬᠥᠭᠵᠢᠭᠡᠬᠦ᠂ ᠠᠷᠠᠳ ᠲᠦᠮᠡᠨ᠎ᠤ ᠬᠦᠴᠦᠨ᠎ᠢ ᠨᠢᠭᠲᠠᠷᠠᠭᠤᠯᠬᠤ᠂ ᠦᠨᠳᠦᠰᠦᠲᠡᠨ᠎ᠤ ᠵᠣᠷᠢᠭ ᠰᠠᠨᠠᠭ᠎ᠠ ᠵᠢ ᠪᠣᠶ᠋ᠢᠵᠢᠭᠤᠯᠬᠤ ᠴᠢᠬᠤᠯᠠ ᠲᠠᠯᠠᠪᠤᠷ ᠮᠥᠨ᠃ ᠠᠭᠤᠯᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠠᠭᠤᠴᠢᠨ ᠠᠷᠭ᠎ᠠ ᠬᠡᠯᠪᠡᠷᠢ᠎ᠪᠠᠨ ᠥᠭᠡᠷᠡᠴᠢᠯᠡᠵᠦ᠂ ᠭᠣᠤᠯ ᠰᠡᠳᠦᠪ ᠲᠣᠪᠣᠢ᠌ᠮ᠎ᠠ᠂ ᠤᠳᠤᠷᠢᠳᠤᠮᠵᠢ ᠢᠯᠠ ᠲᠣᠳᠣ᠂ ᠠᠭᠤᠯᠤᠭᠳᠠᠬᠤᠨ ᠡᠯᠪᠡᠭ ᠪᠠᠶᠠᠯᠢᠭ ᠰᠣᠳᠣᠨ ᠪᠦᠲᠦᠭᠡᠯ᠎ᠢ ᠬᠦᠴᠦᠯᠡᠨ ᠡᠭᠦᠳᠴᠦ᠂ ᠤᠯᠤᠰ ᠵᠶ᠋ᠠᠨ ᠬᠠᠶ᠋ᠢᠷᠠᠯᠠᠬᠤ ᠦᠵᠡᠯ᠎ᠤᠨ ᠬᠥᠮᠦᠵᠢᠯ ᠪᠣᠯᠤᠨ ᠬᠤᠪᠢᠰᠬᠠᠯ᠎ᠤᠨ ᠬᠥᠮᠦᠵᠢᠯ᠎ᠤᠨ ᠴᠢᠳᠠᠪᠬᠢ ᠵᠢ ᠴᠢᠩᠭ᠋ᠠᠳᠬᠠᠵᠤ᠂ ᠨᠡᠢ᠌ᠭᠡᠮ᠎ᠤᠨ ᠡᠯ᠎ᠡ ᠡᠲᠡᠭᠡᠳ᠎ᠤᠨ ᠣᠯᠠᠨ ᠲᠦᠮᠡᠨ᠎ᠤ ᠲᠣᠭᠣᠷᠢᠨ ᠦᠵᠡᠵᠦ ᠰᠤᠷᠤᠯᠴᠠᠬᠤ᠎ᠳᠤ ᠨᠠᠩ ᠰᠠᠶ᠋ᠢᠨ ᠦᠢᠯᠡᠴᠢᠯᠡᠭᠡ ᠬᠠᠩᠭ᠋ᠠᠬᠤ ᠬᠡᠷᠡᠭᠲᠡᠶ᠃ ᠪᠦᠬᠦ ᠤᠯᠤᠰ᠎ᠤᠨ ᠡᠬᠡ ᠣᠷᠣᠨᠴᠢ ᠦᠵᠡᠯ᠎ᠤᠨ ᠬᠥᠮᠦᠵᠢᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ   ᠬᠦᠳᠡᠯᠦᠩᠬᠦᠢ ᠬᠠᠮᠢᠶᠠᠷᠤᠯᠳᠠ ᠵᠢᠨ ᠲᠤᠭᠳᠠᠴᠠ ᠵᠢ ᠪᠦᠷᠢᠨᠰᠢᠬᠦᠯᠵᠤ᠂   ᠲᠦᠯᠦᠪᠦᠷᠢ ᠦᠭᠡᠢ ᠨᠡᠭᠡᠭᠡᠯᠳᠡᠳᠡᠢ ᠲᠦᠷᠦ ᠵᠢᠨ ᠪᠤᠳᠤᠯᠭ᠎ᠠ ᠪᠠ ᠪᠠᠲᠤᠯᠠᠭ᠎ᠠ ᠵᠢᠨ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠠᠢ᠌ᠳᠠᠪᠤᠷᠢᠵᠢᠭᠤᠯᠵᠤ᠂ ᠪᠣᠳᠠᠲᠤ ᠪᠠᠶ᠋ᠢᠳᠠᠯ᠎ᠢ ᠦᠨᠳᠦᠰᠦᠯᠡᠨ᠂ ᠡᠬᠡ ᠣᠷᠣᠨᠴᠢ ᠦᠵᠡᠯ᠎ᠤᠨ ᠬᠥᠮᠦᠵᠢᠯ᠎ᠤᠨ ᠰᠠᠭᠤᠷᠢᠨ ᠭᠠᠵᠠᠷ᠎ᠤᠨ ᠲᠦᠯᠦᠪᠦᠷᠢ ᠦᠭᠡᠢ᠎ᠪᠠᠷ ᠨᠡᠭᠡᠭᠡᠯᠲᠡ ᠬᠢᠬᠦ ᠡᠳ᠋᠎ᠤᠨ ᠵᠠᠰᠠᠭ᠎ᠤᠨ ᠨᠥᠬᠥᠪᠥᠷᠢ ᠵᠢ ᠳᠠᠬᠢᠨ ᠬᠢᠨᠠᠨ ᠲᠣᠭᠲᠠᠭ᠋ᠠᠨ᠎ᠠ᠃ ᠴᠡᠷᠢᠭ ᠠᠩᠭᠢ ᠪᠠ ᠣᠷᠣᠨ ᠨᠤᠲᠤᠭ᠎ᠤᠨ ᠡᠬᠢ ᠪᠠᠶᠠᠯᠢᠭ᠎ᠲᠤ ᠲᠦᠰᠢᠭᠯᠡᠨ᠂ ᠪᠦᠲᠦᠴᠡ ᠵᠢ᠎ᠨᠢ ᠪᠠᠶ᠋ᠢᠷᠢᠰᠢᠭᠤᠯᠵᠤ᠂ ᠶᠠᠰᠤ ᠴᠢᠨᠠᠷ᠎ᠤᠨ ᠬᠢᠷᠢ ᠬᠡᠮᠵᠢᠶ᠎ᠡ ᠵᠢ᠎ᠨᠢ ᠳᠡᠭᠡᠭᠰᠢᠯᠡᠭᠦᠯᠦᠨ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠣᠨᠴᠠᠯᠢᠭ ᠵᠶ᠋ᠠᠷ ᠢᠯᠡ ᠲᠣᠳᠣ᠂ ᠴᠢᠳᠠᠮᠵᠢ ᠵᠢᠨ ᠪᠡᠯᠡᠳᠬᠡᠮᠵᠢ᠎ᠨᠢ ᠢᠵᠢ ᠪᠦᠷᠢᠳᠦᠭᠰᠡᠨ᠂ ᠦᠢᠯᠡᠳᠦᠯ ᠴᠢᠳᠠᠮᠵᠢ᠎ᠨᠢ ᠢᠯᠡᠷᠬᠡᠶ ᠨᠢᠭᠡ ᠪᠦᠯᠦᠭ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠤᠨ᠎ᠠ᠃
      22.   ᠶᠣᠰᠣᠯᠠᠯ ᠪᠤᠯᠪᠠᠰᠤᠷᠠᠯ᠎ᠢ ᠴᠢᠬᠤᠯᠠᠴᠢᠯᠠᠨ ᠬᠡᠷᠡᠭᠯᠡᠬᠦ ᠬᠡᠷᠡᠭᠲᠡᠶ᠃ ᠤᠯᠤᠰ᠎ᠤᠨ ᠲᠤᠭ᠎ᠤᠨ ᠬᠠᠤᠯᠢ᠂ ᠤᠯᠤᠰ᠎ᠤᠨ ᠰᠦᠯᠳᠡ ᠵᠢᠨ ᠬᠠᠤᠯᠢ᠂ ᠵᠠᠰᠠᠭ᠎ᠤᠨ ᠬᠠᠤᠯᠢ ᠵᠢ ᠨᠠᠷᠢᠨ ᠬᠢᠨᠠᠮᠠᠭ᠋ᠠᠶ   ᠳᠤᠤᠱᠯᠠᠭᠤᠯᠤᠨ ᠬᠡᠷᠡᠭᠵᠢᠭᠦᠯᠵᠦ᠂ ᠦᠨᠳᠦᠰᠦᠨ ᠮᠡᠳᠡᠯᠭᠡ ᠪᠠ ᠤᠯᠤᠰ᠎ᠤᠨ ᠲᠣᠭ ᠮᠠᠨᠳᠤᠭᠤᠯᠬᠤ᠂ ᠤᠯᠤᠰ᠎ᠤᠨ ᠰᠦᠯᠳᠡ ᠵᠢ ᠬᠡᠷᠡᠭᠯᠡᠬᠦ᠂ ᠵᠠᠰᠠᠭ᠎ᠤᠨ ᠣᠷᠳᠣᠨ᠎ᠢ ᠬᠥᠭᠵᠢᠮᠳᠡᠨ ᠳᠠᠭᠤᠯᠠᠬᠤ ᠶᠣᠰᠣᠯᠠᠯ᠎ᠢ ᠰᠤᠷᠤᠯᠴᠠᠨ ᠤᠬᠠᠭᠤᠯᠤᠨ᠎ᠠ᠃ ᠨᠡᠶ᠋ᠢᠭᠡᠮ ᠳᠠᠶᠠᠭ᠋ᠠᠷ᠎ᠲᠤ 《ᠤᠯᠤᠰ᠎ᠤᠨ ᠲᠤᠭ ᠵᠶ᠋ᠠᠨ ᠮᠠᠨᠳᠤᠭᠤᠯᠬᠤ᠂ ᠳᠠᠭᠤᠤ᠎ᠪᠠᠨ ᠳᠠᠭᠤᠯᠠᠬᠤ》 ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠵᠦ᠂ ᠬᠥᠮᠦᠰ᠎ᠢ ᠡᠬᠡ ᠣᠷᠣᠨᠴᠢ ᠬᠠᠶ᠋ᠢᠷ᠎ᠠ ᠰᠡᠳᠬᠢᠯᠭᠡ᠎ᠪᠠᠨ ᠭᠦᠢᠴᠡᠳ ᠢᠯᠡᠳᠬᠡᠬᠦ ᠪᠣᠯᠭ᠋ᠠᠨ᠎ᠠ᠃ ᠡᠯ᠎ᠡ ᠱᠠᠲᠤᠨ᠎ᠤ ᠷᠠᠳᠢᠣ᠋ ᠨᠡᠪᠲᠡᠷᠡᠭᠦᠯᠭᠡ ᠵᠢᠨ ᠬᠣᠷᠢᠶ᠎ᠠ᠂ ᠲᠧᠯᠸᠢᠰ ᠬᠣᠷᠢᠶ᠎ᠠ ᠡᠳᠦᠷ ᠪᠦᠷᠢ ᠭᠣᠤᠯ ᠳᠠᠪᠲᠠᠮᠵᠢ᠂ ᠭᠣᠤᠯ ᠰᠤᠪᠠᠭ᠎ᠲᠤ ᠨᠡᠪᠳᠡᠷᠡᠬᠦᠯᠦᠨ᠎ᠡ᠃ ᠤᠯᠤᠰ᠎ᠤᠨ ᠪᠠᠶᠠᠷ᠎ᠤᠨ ᠬᠤᠭᠤᠴᠠᠭ᠋ᠠᠨ᠎ᠳᠤ᠂ ᠡᠯ᠎ᠡ ᠱᠠᠲᠤᠨ᠎ᠤ ᠨᠠᠮ ᠵᠠᠰᠠᠭ᠎ᠤᠨ ᠪᠠᠢ᠌ᠭᠤᠯᠤᠯᠭ᠎ᠠ᠂ ᠠᠷᠠᠳ᠎ᠤᠨ ᠪᠦᠯᠬᠦᠮ᠂ ᠲᠣᠮᠣ ᠬᠡᠯᠪᠡᠷᠢ ᠵᠢᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠂ ᠪᠦᠬᠦ ᠤᠯᠤᠰ᠎ᠤᠨ ᠬᠣᠲᠠ ᠬᠥᠳᠡᠭᠡ ᠵᠢᠨ ᠨᠡᠶ᠋ᠢᠭᠡᠮ ᠲᠣᠭᠣᠷᠢᠭ ᠪᠠ ᠡᠬᠡ ᠣᠷᠣᠨᠴᠢ ᠦᠵᠡᠯ᠎ᠤᠨ ᠬᠥᠮᠦᠵᠢᠯ᠎ᠤᠨ ᠰᠠᠭᠤᠷᠢᠨ ᠵᠡᠷᠭᠡ᠎ᠨᠢ ᠤᠯᠤᠰ᠎ᠤᠨ ᠲᠣᠭ ᠮᠠᠨᠳᠤᠭᠤᠯᠬᠤ ᠶᠣᠰᠣᠯᠠᠯ᠎ᠢ ᠵᠣᠬᠢᠶᠠᠨ ᠪᠠᠶ᠋ᠢᠭᠤᠯᠬᠤ ᠵᠢᠨ ᠬᠠᠮᠲᠤ ᠤᠯᠤᠰ᠎ᠤᠨ ᠲᠣᠭ ᠡᠯᠭᠦᠬᠦ ᠬᠡᠷᠡᠭᠲᠡᠶ᠃ ᠰᠠᠭᠤᠭ᠋ᠠᠯᠢ ᠠᠷᠠᠳ᠎ᠤᠨ ᠭᠡᠷ ᠪᠦᠯᠢ ᠵᠢᠨ ᠭᠡᠷ᠎ᠤᠨ ᠡᠭᠦᠳᠡᠨ᠎ᠤ ᠡᠮᠦᠨ᠎ᠡ ᠵᠣᠬᠢᠬᠤ ᠪᠠᠶ᠋ᠢᠷᠢᠨ᠎ᠳᠤ ᠤᠯᠤᠰ᠎ᠤᠨ ᠲᠤᠭ ᠡᠯᠭᠦᠬᠦ ᠵᠢ ᠵᠣᠷᠢᠭᠵᠢᠭᠤᠯᠤᠨ᠎ᠠ᠃ ᠦᠨᠳᠦᠰᠦᠨ ᠬᠠᠤᠯᠢ᠎ᠳᠤ ᠲᠠᠩᠭ᠋ᠠᠷᠢᠭᠯᠠᠬᠤ ᠶᠣᠰᠣᠯᠠᠯ᠂ ᠨᠠᠮ᠎ᠳᠤ ᠣᠷᠣᠬᠤ ᠡᠪᠯᠡᠯ᠎ᠳᠤ ᠣᠷᠣᠬᠤ ᠠᠩᠭᠢ ᠪᠦᠯᠬᠦᠮ᠎ᠳᠤ ᠣᠷᠣᠬᠤ ᠶᠣᠰᠣᠯᠠᠯ ᠵᠡᠷᠭᠡ ᠵᠢ ᠨᠠᠷᠢᠨ ᠬᠢᠨᠠᠮᠠᠭ᠋ᠠᠶ ᠵᠣᠬᠢᠶᠠᠨ ᠪᠠᠢ᠌ᠭᠤᠯᠵᠤ᠂ ᠢᠯᠡ᠎ᠪᠠᠷ ᠲᠠᠩᠭ᠋ᠠᠷᠢᠭᠯᠠᠬᠤ᠂ ᠲᠠᠩᠭ᠋ᠠᠷᠢᠭ ᠵᠶ᠋ᠠᠨ ᠳᠠᠬᠢᠨ ᠤᠩᠰᠢᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠤᠯᠤᠰ᠎ᠤᠨ ᠤᠬᠠᠮᠰᠠᠷ ᠪᠣᠯᠤᠨ ᠬᠠᠮᠲᠤ ᠵᠢᠨ ᠦᠵᠡᠯᠲᠡ ᠴᠢᠩᠭ᠋ᠠᠳᠬᠠᠨ᠎ᠠ᠃
     23.   ᠴᠢᠬᠤᠯᠠ ᠶᠡᠬᠡ ᠳᠤᠷᠠᠰᠬᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ᠎ᠠ᠃ ᠴᠢᠬᠤᠯᠠ ᠶᠡᠬᠡ ᠳᠤᠷᠠᠰᠬᠠᠯ᠎ᠤᠨ ᠡᠳᠦᠷ᠂ ᠴᠢᠬᠤᠯᠠ ᠶᠡᠬᠡ ᠲᠡᠤᠬᠡᠨ ᠬᠡᠷᠡᠭ ᠶᠠᠪᠤᠳᠠᠯ᠎ᠳᠤ ᠠᠭᠤᠯᠤᠭᠳᠠᠵᠤ ᠪᠠᠢ᠌ᠭ᠎ᠠ ᠡᠬᠡ ᠣᠷᠣᠨᠴᠢ ᠦᠵᠡᠯ᠎ᠤᠨ ᠰᠤᠷᠭ᠋ᠠᠨ ᠬᠦᠮᠦᠵᠢᠯ᠎ᠢ ᠭᠦᠢᠴᠡᠳ ᠠᠭᠤᠳᠠᠯᠵᠤ᠂ ᠪᠡᠯᠭᠡᠯᠡᠬᠦ ᠪᠤᠶᠤ ᠳᠤᠷᠠᠰᠬᠠᠬᠤ ᠰᠢᠷᠢᠰ ᠠᠵᠢᠯᠯᠠᠭ᠎ᠠ ᠪᠠ ᠣᠯᠠᠨ ᠲᠦᠮᠡᠨᠴᠢ ᠴᠢᠨᠠᠷᠲᠠᠶ ᠭᠣᠤᠯ ᠰᠡᠳᠦᠪᠲᠦ ᠬᠥᠮᠦᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠤᠯᠤᠰ᠎ᠤᠨ ᠪᠠᠶᠠᠷ ᠭᠡᠬᠦ ᠡᠨᠡᠬᠦ ᠴᠢᠬᠤᠯᠠ ᠴᠠᠭ ᠬᠤᠭᠤᠴᠠᠭ᠎ᠠ ᠵᠢᠨ ᠵᠠᠩᠭᠢᠯᠠᠭ᠎ᠠ ᠵᠢᠨ ᠴᠡᠭ᠎ᠢ ᠠᠳᠬᠤᠵᠤ᠂ 《ᠪᠢ ᠪᠠ ᠡᠬᠡ ᠤᠷᠤᠨ》 ᠭᠡᠬᠦ ᠰᠢᠷᠢᠰ ᠭᠣᠤᠯ ᠰᠡᠳᠦᠪᠲᠦ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠵᠦ᠂ ᠭᠣᠤᠯ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ᠂ ᠶᠡᠬᠡ ᠨᠠᠶ᠋ᠢᠷᠠᠯ ᠳᠠᠭᠤᠤ᠂ ᠪᠥᠬᠥᠳᠡ ᠨᠠᠶ᠋ᠢᠷᠠᠮᠳᠠᠬᠤ ᠤᠯᠤᠰ᠎ᠤᠨ ᠦᠯᠢᠭᠡᠷ᠂ ᠣᠬᠤᠷ ᠹᠢᠯᠢᠮ᠂ ᠳ᠋ᠧᠩ᠎ᠤᠨ ᠭᠡᠷᠡᠯ᠎ᠤᠨ ᠦᠵᠡᠭᠦᠯᠦᠯᠭᠡ᠂ ᠴᠡᠴᠡᠷᠯᠢᠭ᠎ᠤᠨ ᠠᠵᠢᠯᠯᠠᠭ᠎ᠠ ᠵᠡᠷᠭᠡ ᠬᠡᠯᠪᠡᠷᠢ᠎ᠪᠠᠷ ᠳᠠᠮᠵᠢᠭᠤᠯᠤᠨ᠂ ᠬᠥᠮᠦᠰ᠎ᠢ ᠬᠥᠲᠥᠯᠥᠨ ᠵᠢᠯᠣᠭᠣᠳᠴᠤ ᠡᠬᠡ ᠤᠯᠤᠰ ᠵᠶ᠋ᠠᠨ ᠮᠠᠭᠲᠠᠨ ᠳᠠᠭᠤᠯᠠᠬᠤ᠂ ᠡᠬᠡ ᠤᠯᠤᠰ᠎ᠲᠠᠭᠠᠨ ᠬᠦᠨᠳᠦᠳᠬᠡᠯ ᠳᠡᠪᠰᠢᠭᠦᠯᠬᠦ᠂ ᠡᠬᠡ ᠤᠯᠤᠰ᠎ᠲᠠᠭᠠᠨ ᠵᠦᠩᠨᠡᠯ ᠲᠡᠪᠰᠢᠬᠦᠯᠬᠦ ᠪᠤᠯᠭ᠋ᠠᠵᠤ᠂ ᠤᠯᠤᠰ᠎ᠤᠨ ᠪᠠᠶᠠᠷ᠎ᠤᠨ ᠠᠮᠠᠷᠠᠯᠲᠠ ᠵᠢᠨ ᠭᠠᠷᠠᠭ᠎ᠢ ᠤᠯᠤᠰ ᠵᠶ᠋ᠠᠨ ᠬᠠᠶ᠋ᠢᠷᠠᠯᠠᠬᠤ ᠠᠵᠢᠯᠯᠠᠭ᠎ᠠ ᠵᠢᠨ ᠭᠠᠷᠠᠭ ᠪᠤᠯᠭ᠋ᠠᠨ᠎ᠠ᠃ 《ᠳᠣᠯᠣᠭ᠋ᠠᠨ ᠰᠠᠷ᠎ᠠ ᠵᠢᠨ ᠨᠢᠭᠡᠨ》᠎ᠤ ᠨᠠᠮ᠎ᠤᠨ ᠲᠥᠷᠥᠭᠰᠡᠨ ᠡᠳᠦᠷ᠂ 《ᠳᠣᠯᠣᠭ᠋ᠠᠨ ᠰᠠᠷ᠎ᠠ ᠵᠢᠨ ᠨᠢᠭᠡᠨ》᠎ᠤ ᠴᠡᠷᠢᠭ ᠪᠠᠢ᠌ᠭᠤᠯᠤᠭᠳᠠᠭᠰᠠᠨ ᠪᠠᠶᠠᠷ ᠵᠡᠷᠭᠡ ᠴᠠᠭ ᠬᠤᠭᠤᠴᠠᠭ᠎ᠠ ᠵᠢᠨ ᠵᠠᠩᠭᠢᠯᠠᠭ᠎ᠠ ᠵᠢᠨ ᠴᠡᠭ᠎ᠢ ᠭᠦᠢᠴᠡᠳ ᠠᠰᠢᠭᠯᠠᠵᠤ᠂ ᠡᠯ᠎ᠡ ᠵᠦᠢᠯ᠎ᠤᠨ ᠳᠤᠷᠠᠰᠬᠠᠯ᠎ᠤᠨ ᠠᠵᠢᠯᠯᠠᠭ᠎ᠠ ᠵᠢ ᠥᠷᠭᠡᠨ ᠵᠶ᠋ᠠᠷ ᠭᠦᠨᠵᠡᠭᠡᠶ ᠵᠣᠬᠢᠶᠠᠨ ᠪᠠᠢ᠌ᠭᠤᠯᠵᠤ᠂ ᠡᠪ ᠬᠠᠮᠲᠤ ᠨᠠᠮ ᠰᠠᠶ᠋ᠢᠨ᠂ ᠠᠷᠠᠳ᠎ᠤᠨ ᠴᠡᠷᠢᠭ ᠠᠩᠭᠢ ᠰᠠᠶ᠋ᠢᠨ ᠰᠠᠢ᠌ᠬᠠᠨ ᠪᠠᠶ᠋ᠢᠬᠤ ᠵᠢ ᠮᠠᠭᠲᠠᠨ ᠳᠠᠭᠤᠯᠠᠨ᠎ᠠ᠃ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ ᠳᠠᠢ᠌ᠨ᠎ᠤ ᠢᠯᠠᠯᠲᠠ ᠣᠯᠤᠭᠰᠠᠨ ᠳᠤᠷᠠᠰᠬᠠᠯ᠎ᠤᠨ ᠡᠳᠦᠷ᠂ ᠦᠷᠡᠭᠳᠡᠭᠰᠡᠨ ᠪᠠᠭ᠋ᠠᠲᠤᠷᠴᠤᠳ᠎ᠤᠨ ᠳᠤᠷᠠᠰᠬᠠᠯ᠎ᠤᠨ ᠡᠳᠦᠷ᠂ ᠨᠠᠨᠵᠢᠩ᠎ᠤᠨ ᠦᠷᠡᠭᠳᠡᠭᠰᠡᠨ ᠪᠠᠭ᠋ᠠᠳᠤᠷᠴᠤᠳ᠎ᠤᠨ ᠤᠯᠤᠰ᠎ᠤᠨ ᠨᠡᠢ᠌ᠲᠡ ᠵᠢᠨ ᠲᠠᠬᠢᠯᠭ᠎ᠠ ᠵᠢᠨ ᠡᠳᠦᠷ᠎ᠤᠨ ᠬᠤᠭᠤᠴᠠᠭ᠋ᠠᠨ᠎ᠳᠤ᠂ ᠨᠡᠢ᠌ᠲᠡ ᠵᠢᠨ ᠲᠠᠬᠢᠯᠭ᠎ᠠ᠂ ᠦᠷᠡᠭᠳᠡᠭᠰᠡᠨ ᠪᠠᠭ᠋ᠠᠲᠤᠷᠴᠤᠳ᠎ᠤᠨ ᠪᠤᠩᠬᠤᠨ᠎ᠳᠤ ᠪᠠᠷᠠᠳᠠᠬᠤ᠂ ᠦᠷᠡᠭᠳᠡᠭᠰᠡᠨ ᠪᠠᠭ᠋ᠠᠲᠤᠷᠴᠤᠳ᠎ᠤᠨ ᠪᠤᠩᠬᠤᠨ᠎ᠳᠤ ᠲᠠᠬᠢᠯᠭ᠎ᠠ ᠬᠢᠬᠦ ᠵᠡᠷᠭᠡ ᠵᠢ ᠨᠠᠷᠢᠨ ᠨᠢᠮᠪᠠᠶ ᠵᠣᠬᠢᠶᠠᠨ ᠪᠠᠢ᠌ᠭᠤᠯᠵᠤ᠂ ᠬᠥᠮᠦᠰ᠎ᠢ ᠬᠥᠳᠡᠯᠦᠨ ᠵᠢᠯᠣᠭᠣᠳᠴᠤ ᠪᠠᠢ᠌ᠭ᠋ᠠᠳ ᠲᠡᠤᠬᠡ᠎ᠪᠠᠨ ᠪᠠᠲᠤ ᠴᠡᠭᠡᠵᠢᠯᠡᠵᠤ᠂ ᠥᠩᠭᠡᠷᠡᠭᠰᠡᠨ ᠵᠶ᠋ᠠᠨ ᠦᠯᠦ ᠮᠠᠷᠲᠠᠨ᠂ ᠥᠩᠭᠡᠷᠡᠭᠰᠡᠨ ᠵᠶ᠋ᠠᠨ ᠳᠤᠷᠠᠰᠤᠨ ᠰᠠᠨᠠᠭ᠋ᠠᠯᠵᠠᠵᠤ᠂ ᠢᠷᠡᠭᠡᠳᠦᠢ᠎ᠳᠤ ᠬᠠᠨᠳᠤᠵᠤ᠂ ᠤᠯᠤᠰ ᠵᠶ᠋ᠠᠨ ᠬᠠᠶ᠋ᠢᠷᠠᠯᠠᠬᠤ ᠬᠠᠯᠠᠭᠤᠨ ᠰᠡᠳᠬᠢᠯᠭᠡ ᠵᠢ ᠬᠥᠭᠵᠢᠭᠡᠵᠦ᠂ ᠡᠷᠡᠯᠬᠡᠭᠯᠡᠨ ᠤᠷᠤᠭᠰᠢᠯᠠᠬᠤ ᠬᠦᠴᠦᠨ᠎ᠢ ᠨᠢᠭᠳᠠᠷᠠᠭᠤᠯᠤᠨ᠎ᠠ᠃
     24. ᠤᠯᠠᠮᠵᠢᠯᠠᠯᠲᠤ ᠪᠠ ᠤᠳᠤ ᠦᠶ᠎ᠡ ᠵᠢᠨ ᠪᠠᠶᠠᠷ᠎ᠤᠨ ᠡᠳᠦᠷ᠎ᠤᠨ ᠰᠤᠶᠤᠯ᠎ᠤᠨ ᠠᠭᠤᠯᠠᠬᠤᠨ᠎ᠤ ᠴᠢᠳᠠᠮᠵᠢ ᠵᠢ ᠪᠠᠳᠠᠷᠠᠭᠤᠯᠤᠨ᠎ᠠ᠃ ᠳᠤᠮᠳᠠᠳᠤ ᠤᠯᠤᠰ᠎ᠤᠨ ᠤᠯᠠᠮᠵᠢᠯᠠᠯᠲᠤ ᠪᠠᠶᠠᠷ ᠳᠤᠷᠠᠰᠬᠠᠯ᠎ᠤᠨ ᠡᠳᠦᠷ᠎ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ᠎ᠢ ᠶᠡᠬᠡᠪᠡᠷ ᠬᠡᠷᠡᠭᠵᠢᠭᠦᠯᠵᠦ᠂ 《ᠮᠠᠨ᠎ᠤ ᠪᠠᠶᠠᠷ ᠳᠤᠷᠠᠰᠬᠠᠯ᠎ᠤᠨ ᠡᠳᠦᠷ》᠎ᠤᠨ ᠭᠣᠤᠯ ᠰᠡᠳᠦᠪᠲᠦ ᠠᠵᠢᠯᠯᠠᠭ᠎ᠠ ᠵᠢ ᠭᠦᠨᠵᠡᠭᠡᠶ᠋ᠢᠷᠡᠭᠦᠯᠵᠦ᠂ ᠴᠠᠭ᠋ᠠᠨ ᠰᠠᠷ᠎ᠠ᠂ ᠴᠠᠭ᠋ᠠᠨ ᠰᠠᠷ᠎ᠠ ᠵᠢᠨ ᠠᠷᠪᠠᠨ ᠲᠠᠪᠤᠨ᠂ ᠬᠠᠩᠰᠢ ᠵᠢᠨ ᠡᠳᠦᠷ᠂   ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠪᠠᠶᠠᠷ᠂ ᠳᠤᠯᠤᠭ᠋ᠠᠨ ᠰᠠᠷ᠎ᠠ ᠵᠢᠨ ᠰᠢᠨ᠎ᠠ ᠳᠤᠯᠤᠭ᠋ᠠᠨ᠎ᠤ ᠪᠠᠶᠠᠷ᠂ ᠲᠡᠷᠭᠡᠯ ᠰᠠᠷᠠᠨ᠎ᠤ ᠪᠠᠶᠠᠷ᠂ ᠶᠢᠰᠦᠨ ᠰᠠᠷ᠎ᠠ ᠵᠢᠨ ᠰᠢᠨ᠎ᠡ ᠶᠢᠰᠦᠨ᠎ᠤ ᠪᠠᠶᠠᠷ ᠵᠡᠷᠭᠡ ᠴᠢᠬᠤᠯᠠ ᠤᠯᠠᠮᠵᠢᠯᠠᠯᠲᠤ ᠪᠠᠶᠠᠷ ᠳᠤᠷᠠᠰᠬᠠᠯ᠎ᠤᠨ ᠡᠳᠦᠷ᠎ᠢ ᠠᠰᠢᠭᠯᠠ᠂ ᠡᠯᠪᠡᠭ ᠪᠠᠶᠠᠯᠢᠭ᠂ ᠢᠳᠡᠪᠬᠢᠲᠡᠢ ᠡᠷᠡᠭᠦᠯ᠂ ᠰᠤᠶᠤᠯ᠎ᠤᠨ ᠠᠭᠤᠯᠤᠭᠳᠠᠬᠤᠨ᠎ᠲᠠᠢ ᠡᠭᠡᠯ ᠠᠷᠠᠳ᠎ᠤᠨ ᠰᠣᠶᠣᠯ᠎ᠤᠨ ᠠᠵᠢᠯᠯᠠᠭ᠎ᠠ ᠵᠢ ᠥᠷᠨᠢᠭᠦᠯᠵᠦ᠂ ᠬᠥᠮᠦᠰ᠎ᠢ ᠬᠥᠲᠥᠯᠥᠨ ᠵᠢᠯᠣᠭᠣᠳᠴᠤ ᠳᠤᠮᠳᠠᠳᠤ ᠵᠢᠨ ᠰᠣᠶᠣᠯ᠎ᠢ ᠤᠢ᠌ᠯᠠᠭ᠋ᠠᠵᠤ᠂ ᠤᠯᠤᠰ ᠤᠷᠤᠨ᠎ᠤ ᠬᠠᠶ᠋ᠢᠷ᠎ᠠ ᠰᠡᠳᠬᠢᠯᠭᠡ ᠵᠢ᠎ᠨᠢ ᠨᠡᠮᠡᠭᠳᠡᠭᠦᠯᠦᠨ᠎ᠡ᠃ ᠰᠢᠨ᠎ᠡ ᠵᠢᠯ᠂ 《3 · 8》᠎ᠤ ᠳᠡᠯᠡᠬᠡᠶ ᠵᠢᠨ ᠡᠮᠡᠭᠲᠡᠶ᠋ᠢᠴᠦᠳ᠎ᠤᠨ ᠪᠠᠶᠠᠷ᠎ᠤᠨ ᠡᠳᠦᠷ᠂ 《5 · 4》᠎ᠤ ᠵᠠᠯᠠᠭᠤᠴᠤᠳ᠎ᠤᠨ ᠪᠠᠶᠠᠷ᠎ᠤᠨ ᠡᠳᠦᠷ᠂ 《6 · 1》᠎ᠤ ᠳᠡᠯᠡᠬᠡᠶ ᠵᠢᠨ ᠬᠡᠤᠬᠡᠳ᠎ᠤᠨ ᠪᠠᠶᠠᠷ᠎ᠤᠨ ᠡᠳᠦᠷ ᠪᠣᠯᠤᠨ ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ ᠵᠢᠨ ᠪᠠᠶᠠᠷ᠎ᠤᠨ ᠡᠳᠦᠷ᠎ᠲᠠᠢ ᠤᠶᠠᠯᠳᠤᠭᠤᠯᠤᠨ᠂ ᠲᠤᠰ ᠲᠤᠰ᠎ᠤᠨ ᠪᠡᠯᠭᠡᠯᠡᠬᠦ ᠠᠵᠢᠯᠯᠠᠭ᠎ᠠ ᠵᠢ ᠥᠷᠨᠢᠭᠦᠯᠵᠦ᠂ ᠬᠥᠮᠦᠰ᠎ᠤᠨ ᠡᠬᠡ ᠣᠷᠣᠨᠴᠢ ᠦᠵᠡᠯ ᠪᠣᠯᠤᠨ   ᠬᠠᠮᠳᠤᠴᠢ ᠦᠵᠡᠯ᠎ᠤᠨ ᠵᠣᠷᠢᠭ ᠰᠠᠨᠠᠭ᠎ᠠ ᠵᠢ ᠬᠥᠭᠵᠢᠭᠡᠨ᠎ᠡ᠃
     25. ᠪᠠᠶ᠋ᠢᠭ᠋ᠠᠯᠢ ᠵᠢᠨ ᠬᠥᠮᠦᠨ ᠰᠣᠶᠣᠯ᠎ᠤᠨ ᠦᠵᠡᠮᠵᠢ ᠪᠣᠯᠤᠨ ᠴᠢᠬᠤᠯᠠ ᠶᠡᠬᠡ ᠢᠨᠵᠧᠨᠧᠷᠢᠩ᠎ᠲᠤ ᠲᠦᠰᠢᠭᠯᠡᠨ ᠰᠤᠷᠭ᠋ᠠᠨ ᠬᠥᠮᠦᠵᠢᠯ ᠥᠷᠨᠢᠭᠦᠯᠬᠦ ᠬᠡᠷᠡᠭᠲᠡᠶ᠃ ᠡᠬᠡ ᠣᠷᠣᠨᠴᠢ ᠦᠵᠡᠯ᠎ᠤᠨ ᠬᠥᠮᠦᠵᠢᠯ᠎ᠢ ᠵᠤᠭ᠋ᠠᠴᠠᠨ ᠲᠣᠭᠣᠷᠢᠬᠤ ᠳᠤᠮᠳᠠ ᠠᠭᠤᠰᠤᠯᠴᠠᠭᠤᠯᠵᠤ᠂ ᠤᠬᠠᠭᠤᠯᠤᠨ ᠳᠡᠯᠭᠡᠨ ᠦᠵᠡᠭᠦᠯᠬᠦ᠂ ᠪᠡᠶᠡᠴᠢᠯᠡᠨ ᠣᠶ᠋ᠢᠯᠠᠭ᠋ᠠᠬᠤ ᠵᠡᠷᠭᠡ ᠣᠯᠠᠨ ᠵᠦᠢᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ᠂ ᠬᠥᠮᠦᠰ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠰᠦᠷᠯᠢᠭ ᠰᠠᠶ᠋ᠢᠬᠠᠨ ᠠᠭᠤᠯᠠ ᠤᠰᠤ ᠵᠢ ᠣᠶ᠋ᠢᠯᠠᠭ᠋ᠠᠭᠤᠯᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠭᠤᠯᠤᠨ᠎ᠠ᠃ ᠤᠯᠠᠮᠵᠢᠯᠠᠯᠲᠤ ᠰᠣᠶᠣᠯ᠎ᠤᠨ ᠡᠬᠢ ᠪᠠᠶᠠᠯᠢᠭ᠎ᠢ ᠰᠢᠰᠲ᠋ᠧᠮ᠎ᠲᠠᠢ ᠡᠮᠬᠢᠯᠡᠨ ᠲᠢᠭᠯᠡᠵᠦ᠂ ᠡᠷᠳᠡᠨ᠎ᠤ ᠦᠯᠡᠳᠡᠭᠳᠡᠯ ᠪᠠᠭᠤᠷᠢ ᠵᠢ ᠨᠡᠭᠡᠭᠡᠨ ᠮᠠᠯᠲᠠᠬᠤ ᠪᠠ ᠡᠮᠬᠢᠯᠡᠨ ᠰᠤᠳᠤᠯᠬᠤ ᠵᠢ ᠴᠢᠩᠭ᠋ᠠᠳᠬᠠᠨ᠂ ᠲᠡᠤᠬᠡ ᠵᠢᠨ ᠳᠤᠷᠠᠰᠬᠠᠯᠲᠤ ᠵᠦᠢᠯᠡᠰ ᠡᠷᠲᠡᠨ᠎ᠤ ᠦᠯᠡᠳᠡᠭᠳᠡᠯ᠂ ᠤᠯᠠᠮᠵᠢᠯᠠᠯᠲᠤ ᠠᠶ᠋ᠢᠯ ᠲᠣᠰᠬᠣᠨ᠂ ᠦᠨᠳᠦᠰᠦᠲᠡᠨ᠎ᠤ ᠠᠶ᠋ᠢᠯ ᠲᠣᠰᠬᠣᠨ᠂ ᠤᠯᠠᠮᠵᠢᠯᠠᠯᠲᠤ ᠪᠠᠷᠢᠯᠭ᠎ᠠ᠂ ᠲᠠᠷᠢᠶᠠᠯᠠᠩ᠎ᠤᠨ   ᠪᠠᠭᠤᠷᠢ᠂ ᠤᠰᠤᠯᠠᠯᠲᠠ ᠵᠢᠨ ᠢᠨᠵᠧᠨᠧᠷ᠎ᠤᠨ ᠥᠪ ᠬᠥᠷᠥᠩᠭᠡ᠂ ᠠᠵᠤ ᠦᠢᠯᠡᠳᠪᠦᠷᠢ ᠵᠢᠨ ᠣᠢ ᠮᠣᠳᠣ ᠵᠢ ᠰᠠᠶ᠋ᠢᠲᠤᠷ ᠬᠠᠮᠠᠭ᠋ᠠᠯᠠᠵᠤ᠂ ᠥᠪ ᠬᠥᠷᠥᠩᠭᠡ ᠵᠢᠨ ᠡᠬᠢ ᠪᠠᠶᠠᠯᠢᠭ᠎ᠢ ᠵᠦᠶ ᠵᠣᠬᠢᠰᠲᠠᠶ ᠠᠰᠢᠭᠯᠠᠬᠤ ᠵᠢ ᠲᠦᠯᠬᠢᠨ ᠠᠬᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠳᠦᠷᠢᠮ᠎ᠢ ᠪᠦᠷᠢᠨᠰᠢᠬᠦᠯᠵᠤ᠂ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃ ᠰᠣᠶᠣᠯ ᠪᠠ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠵᠢ ᠲᠦᠯᠬᠢᠨ ᠠᠬᠢᠭᠤᠯᠵᠤ᠂ ᠵᠢᠭᠤᠯᠴᠢᠯᠠᠯ᠎ᠤᠨ ᠶᠠᠰᠤ ᠴᠢᠨᠠᠷ᠎ᠤᠨ ᠬᠢᠷᠢ ᠬᠡᠮᠵᠢᠶ᠎ᠡ ᠪᠠ ᠰᠣᠶᠣᠯ᠎ᠤᠨ ᠠᠭᠤᠯᠤᠭᠳᠠᠬᠤᠨ᠎ᠢ ᠳᠡᠭᠡᠭᠰᠢᠯᠡᠭᠦᠯᠦᠨ᠂ ᠵᠢᠭᠤᠯᠴᠢᠯᠠᠯ᠎ᠤᠨ ᠡᠬᠢ ᠪᠠᠶᠠᠯᠢᠭ᠎ᠲᠤ ᠠᠭᠤᠯᠤᠭᠳᠠᠵᠤ ᠪᠠᠢ᠌ᠭ᠎ᠠ ᠡᠬᠡ ᠣᠷᠣᠨᠴᠢ ᠦᠵᠡᠯ᠎ᠤᠨ ᠠᠭᠤᠯᠭ᠎ᠠ ᠵᠢ ᠭᠦᠨᠵᠡᠭᠡᠶ ᠠᠭᠤᠳᠠᠯᠵᠤ᠂ ᠬᠡᠲᠦ ᠬᠤᠳᠠᠯᠳᠤᠭ᠋ᠠᠨ᠎ᠤ ᠦᠢ᠍ᠯᠡ ᠠᠵᠢᠯᠯᠠᠭ᠎ᠠ ᠪᠠ ᠨᠡᠭᠡᠭᠡᠨ ᠬᠥᠭᠵᠢᠭᠦᠯᠦᠯᠲᠡ ᠵᠢ ᠰᠡᠷᠭᠡᠶ᠋ᠢᠯᠡᠨ ᠬᠣᠷᠢᠭᠯᠠᠨ᠎ᠠ᠃ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠎ᠤᠨ ᠰᠤᠶᠤᠯ᠎ᠤᠨ ᠠᠭᠤᠯᠤᠭᠳᠠᠬᠤᠨ᠎ᠤ ᠤᠯᠠᠮᠵᠢᠯᠠᠯᠳᠤ ᠮᠠᠶᠢᠭ᠎ᠤᠨ ᠬᠥᠭᠵᠢᠯᠲᠡ ᠵᠢ ᠲᠦᠯᠬᠢᠨ ᠠᠬᠢᠭᠤᠯᠵᠤ᠂ ᠪᠦᠬᠦ ᠤᠯᠤᠰ᠎ᠤᠨ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠎ᠤᠨ ᠰᠣᠩᠭᠣᠳᠠᠭ ᠦᠵᠡᠮᠵᠢ ᠵᠢᠨ ᠣᠷᠣᠨ᠎ᠤ ᠰᠢᠰᠲ᠋ᠧᠮ᠎ᠢ ᠲᠡᠭᠦᠯᠳᠡᠷᠵᠢᠭᠦᠯᠦᠨ᠂ ᠰᠤᠷᠭ᠋ᠠᠨ ᠬᠥᠮᠦᠵᠢᠯ᠎ᠤᠨ ᠴᠢᠳᠠᠮᠵᠢ ᠵᠢ ᠳᠣᠪᠣᠶ᠋ᠢᠯᠭ᠋ᠠᠵᠤ᠂ ᠲᠠᠶ᠋ᠢᠯᠪᠤᠷᠢᠯᠠᠭᠴᠢ᠂ ᠵᠢᠭᠤᠯᠴᠢᠯᠠᠯ᠎ᠤᠨ ᠬᠥᠲᠥᠴᠢ ᠵᠡᠷᠭᠡ ᠠᠵᠢᠯ ᠡᠷᠬᠢᠯᠡᠭᠰᠡᠳ᠎ᠤᠨ ᠬᠠᠮᠢᠶᠠᠷᠤᠯᠲᠠ ᠪᠣᠯᠪᠠᠰᠤᠷᠠᠭᠤᠯᠤᠯ᠎ᠢ ᠴᠢᠩᠭ᠋ᠠᠳᠬᠠᠨ᠂ ᠲᠠᠶ᠋ᠢᠯᠪᠤᠷᠢᠯᠠᠬᠤ ᠦᠭᠡ᠂ ᠵᠢᠭᠤᠯᠴᠢᠯᠠᠯ᠎ᠤᠨ ᠲᠥᠷᠥᠯ ᠵᠦᠢᠯ ᠵᠡᠷᠭᠡ ᠵᠢᠨ ᠵᠢᠷᠤᠮᠵᠢᠯ᠎ᠢ ᠴᠢᠩᠭ᠋ᠠᠳᠬᠠᠵᠤ᠂ ᠵᠥᠪ ᠣᠨᠣᠪᠴᠢᠲᠠᠶ ᠲᠡᠤᠬᠡ ᠵᠢᠨ ᠪᠠᠷᠢᠮᠵᠢᠶ᠎ᠠ ᠵᠢ ᠪᠠᠷᠢᠮᠲᠠᠯᠠᠨ᠎ᠠ᠃ ᠤᠯᠤᠰ᠎ᠤᠨ ᠴᠢᠬᠤᠯᠠ ᠶᠡᠬᠡ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠂ ᠰᠢᠨᠵᠢᠯᠡᠬᠦ ᠤᠬᠠᠭ᠋ᠠᠨ᠎ᠤ ᠢᠨᠵᠧᠨᠧᠷᠢᠩ ᠵᠡᠷᠭᠡ᠎ᠳᠤ ᠲᠦᠰᠢᠭᠯᠡᠨ᠂ ᠰᠢᠨ᠎ᠡ ᠴᠠᠭ ᠦᠶ᠎ᠡ ᠵᠢᠨ ᠴᠤᠭ ᠵᠢᠪᠬᠤᠭ᠎ᠠ ᠵᠢ ᠬᠠᠷᠠᠭᠤᠯᠤᠭᠰᠠᠨ ᠨᠢᠭᠡ ᠪᠦᠯᠦᠭ ᠭᠣᠤᠯ ᠰᠡᠳᠦᠪᠲᠦ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠤᠨ᠎ᠠ᠃
       ᠲᠠᠪᠤ᠂ ᠰᠢᠨ᠎ᠡ ᠴᠠᠭ ᠦᠶ᠎ᠡ ᠵᠢᠨ ᠡᠬᠡ ᠣᠷᠣᠨᠴᠢ ᠦᠵᠡᠯ᠎ᠤᠨ ᠬᠥᠮᠦᠵᠢᠯ᠎ᠤᠨ ᠬᠦᠨ ᠵᠤᠵᠠᠭ᠋ᠠᠨ ᠠᠭᠤᠷ ᠠᠮᠢᠰᠬᠤᠯ᠎ᠢ ᠪᠤᠢ ᠪᠣᠯᠭ᠋ᠠᠨ᠎ᠠ
     26. ᠰᠣᠨᠢᠨ ᠰᠡᠳᠬᠦᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠵᠡᠷᠭᠡ ᠤᠯᠠᠨ ᠨᠡᠢ᠌ᠳᠠ ᠵᠢᠨ ᠵᠠᠭᠤᠴᠢᠯᠠᠭᠤᠷ᠎ᠢ ᠰᠠᠶ᠋ᠢᠲᠤᠷ ᠬᠡᠷᠡᠭᠯᠡᠨ᠎ᠡ᠃ ᠡᠯ᠎ᠡ ᠱᠠᠲᠤᠨ᠎ᠤ ᠡᠯ᠎ᠡ ᠲᠥᠷᠥᠯ᠎ᠤᠨ ᠵᠠᠭᠤᠴᠢᠯᠠᠭᠤᠷ ᠡᠬᠡ ᠣᠷᠣᠨᠴᠢ ᠦᠵᠡᠯ᠎ᠤᠨ ᠭᠣᠤᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠠᠷᠭ᠎ᠠ ᠪᠠᠷᠢᠯ᠎ᠤᠨ ᠲᠠᠯ᠎ᠠ᠎ᠪᠠᠷ ᠰᠢᠨ᠎ᠡ ᠵᠢ ᠡᠭᠦᠳᠴᠦ᠂ ᠣᠯᠠᠨ ᠲᠦᠮᠡᠨᠴᠢᠯᠡᠬᠦ᠂ ᠵᠥᠷᠢᠶᠡᠲᠦ ᠲᠠᠷᠬᠠᠭ᠋ᠠᠯᠲᠠ ᠵᠢᠨ ᠬᠠᠨᠳᠤᠰᠢ᠎ᠳᠤ ᠵᠣᠬᠢᠴᠠᠵᠤ᠂ ᠡᠬᠡ ᠣᠷᠣᠨᠴᠢ ᠦᠵᠡᠯ᠎ᠤᠨ ᠤᠬᠠᠭᠤᠯᠭ᠎ᠠ ᠮᠡᠳᠡᠭᠡᠯᠡᠯ᠎ᠢ ᠣᠯᠠᠨ ᠲᠦᠮᠡᠨ᠎ᠲᠠᠢ ᠣᠶ᠋ᠢᠷᠠᠲᠤᠭᠤᠯᠵᠤ᠂ ᠴᠤᠭ ᠵᠢᠪᠬᠤᠭ᠎ᠠ᠎ᠲᠠᠢ᠂ ᠬᠥᠮᠦᠰ᠎ᠤᠨ ᠰᠡᠳᠬᠢᠯ᠎ᠢ ᠨᠢᠭᠲᠠᠷᠠᠭᠤᠯᠵᠤ᠂ ᠬᠠᠶ᠋ᠢᠷ᠎ᠠ ᠰᠡᠳᠬᠢᠯᠭᠡ᠎ᠲᠠᠢ᠂ ᠭᠦᠨᠴᠡ᠎ᠲᠠᠢ᠂ ᠳᠤᠯᠠᠭ᠋ᠠᠴᠠ᠎ᠲᠠᠢ ᠪᠣᠯᠭ᠋ᠠᠬᠤ ᠬᠡᠷᠡᠭᠲᠡᠶ᠃ ᠤᠯᠤᠰ ᠵᠶ᠋ᠠᠨ ᠬᠠᠶ᠋ᠢᠷᠠᠯᠠᠬᠤ ᠦᠵᠡᠯ᠎ᠤᠨ ᠭᠣᠤᠯ ᠰᠡᠳᠦᠪ᠎ᠢ ᠵᠠᠭᠤᠴᠢᠯᠠᠭᠤᠷ᠎ᠤᠨ ᠠᠭᠤᠰᠤᠯᠴᠠᠨ ᠬᠥᠭᠵᠢᠬᠦ᠎ᠳᠤ ᠠᠭᠤᠰᠤᠯᠴᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠂ ᠬᠡᠪᠯᠡᠯ᠎ᠤᠨ ᠨᠢᠭᠤᠷ   ᠬᠠᠭᠤᠳᠠᠰᠤᠨ᠎ᠳᠤ ᠢᠯᠡᠷᠡᠬᠦᠯᠵᠤ᠂ ᠰᠢᠷᠢᠰ ᠲᠤᠰᠬᠠᠶ ᠰᠡᠳᠦᠪᠲᠦ ᠲᠤᠰᠬᠠᠶ ᠪᠤᠯᠤᠩ᠂ ᠰᠣᠨᠢᠨ ᠮᠡᠳᠡᠭᠡᠯᠡᠯ᠂ ᠶᠠᠷᠢᠶ᠎ᠠ ᠥᠭᠦᠯᠡᠯ ᠰᠢᠭᠦᠮᠵᠢ ᠵᠢᠴᠢ ᠬᠠᠮ ᠵᠠᠭᠤᠴᠢᠯᠠᠭᠤᠷ᠎ᠤᠨ ᠪᠦᠲᠦᠭᠡᠭᠳᠡᠬᠦᠨ᠎ᠢ ᠬᠡᠪᠯᠡᠨ ᠭᠠᠷᠭ᠋ᠠᠵᠤ᠂ ᠰᠢᠶᠠᠨ᠎ᠤ ᠱᠠᠲᠤᠨ᠎ᠤ ᠬᠠᠮ ᠵᠠᠭᠤᠴᠢᠯᠠᠭᠤᠷ᠎ᠤᠨ ᠲᠥᠪ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠯᠤᠰ ᠵᠶ᠋ᠠᠨ ᠬᠠᠶ᠋ᠢᠷᠠᠯᠠᠬᠤ ᠦᠯᠢᠭᠡᠷ᠎ᠢ ᠠᠮᠢᠳᠤᠯᠢᠭ ᠵᠶ᠋ᠠᠷ ᠰᠠᠶ᠋ᠢᠲᠤᠷ ᠶᠠᠷᠢᠵᠤ᠂ ᠭᠣᠤᠯ ᠪᠣᠯᠬᠤ ᠥᠷᠲᠡᠭ᠎ᠤᠨ ᠦᠵᠡᠯᠲᠡ ᠶᠡᠬᠡᠪᠡᠷ ᠤᠯᠠᠮᠵᠢᠯᠠᠨ᠎ᠠ᠃ ᠡᠬᠡ ᠣᠷᠣᠨᠴᠢ ᠦᠵᠡᠯ᠎ᠤᠨ ᠰᠢᠯᠢᠳᠡᠭ ᠨᠡᠢ᠌ᠲᠡ ᠵᠢᠨ ᠠᠰᠠᠷᠠᠮᠵᠢ ᠵᠢᠨ ᠵᠠᠷ ᠮᠡᠳᠡᠭᠡ ᠵᠢ ᠦᠢᠯᠡᠳᠦᠨ ᠨᠡᠶ᠋ᠢᠲᠡᠯᠡᠵᠦ᠂ ᠵᠡᠭᠡᠯᠢ ᠭᠠᠳᠠᠨ᠎ᠠ ᠤᠷᠢᠶ᠎ᠠ   ᠤᠬᠠᠭᠤᠯᠭ᠎ᠠ ᠨᠠᠭ᠋ᠠᠨ ᠳᠡᠯᠭᠡᠨ ᠦᠵᠡᠭᠦᠯᠵᠦ᠂ ᠠᠮᠢᠳᠤᠯᠢᠭ ᠳᠦᠷᠰᠦᠯᠢᠭ ᠰᠠᠶ᠋ᠢᠲᠤᠷ ᠤᠬᠠᠭᠤᠯᠬᠤ ᠬᠡᠷᠡᠭᠲᠡᠶ᠃ ᠵᠥᠪ ᠣᠨᠣᠪᠴᠢᠲᠠᠶ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ ᠵᠢ ᠪᠠᠷᠢᠮᠲᠠᠯᠠᠵᠤ᠂ ᠲᠡᠤᠬᠡ ᠵᠢ ᠬᠡᠶ᠋ᠢᠰᠪᠦᠷᠢᠯᠡᠨ᠂ ᠭᠣᠤᠯ ᠤᠷᠤᠰᠬᠠᠯ᠎ᠤᠨ ᠥᠷᠲᠡᠭ᠎ᠢ ᠠᠷᠢᠯᠭ᠋ᠠᠭᠰᠠᠨ ᠶᠠᠷᠢᠶ᠎ᠠ ᠥᠭᠦᠯᠡᠯ᠎ᠢ ᠴᠠᠭ ᠲᠤᠬᠠᠶ᠎ᠳᠤᠨᠢ ᠰᠢᠭᠦᠮᠵᠢᠯᠡᠨ ᠨᠢᠴᠤᠭ᠋ᠠᠬᠤ ᠪᠠ ᠢᠯᠭ᠋ᠠᠨ ᠵᠠᠳᠠᠯᠵᠤ ᠬᠥᠲᠥᠯᠥᠨ ᠵᠢᠯᠣᠭᠣᠳᠤᠨ᠎ᠠ᠃
     27. ᠳᠠᠪᠰᠢᠩᠭᠤᠢ ᠨᠡᠢ᠌ᠳᠡᠯᠢᠭ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠤᠨ᠎ᠠ᠃ ᠳᠤᠮᠳᠠᠳᠤ ᠵᠢᠨ ᠦᠨᠳᠦᠰᠦᠲᠡᠨ ᠪᠣᠯᠤᠨ ᠳᠤᠮᠳᠠᠳᠤ᠎ᠤᠨ ᠠᠷᠠᠳ ᠲᠦᠮᠡᠨ᠎ᠳᠤ ᠬᠤᠪᠢ ᠨᠡᠮᠡᠷᠢ ᠦᠵᠡᠭᠦᠯᠦᠭᠰᠡᠨ ᠪᠠᠭ᠋ᠠᠳᠤᠷᠴᠤᠳ᠎ᠢ ᠶᠡᠬᠡᠪᠡᠷ ᠤᠬᠠᠭᠤᠯᠵᠤ᠂ ᠬᠤᠪᠢᠰᠬᠠᠯ᠂ ᠪᠦᠲᠦᠭᠡᠨ ᠪᠠᠢ᠌ᠭᠤᠯᠤᠯᠲᠠ᠂ ᠥᠭᠡᠷᠡᠴᠢᠯᠡᠯᠲᠡ ᠵᠢᠨ ᠴᠠᠭ ᠦᠶ᠎ᠡ ᠵᠢᠨ ᠦᠷᠡᠭᠳᠡᠭᠰᠡᠨ ᠪᠠᠭ᠋ᠠᠲᠤᠷ ᠪᠣᠯᠤᠨ ᠵᠢᠱ᠌ᠢᠶᠡᠴᠢ ᠬᠥᠮᠦᠰ᠎ᠢ ᠤᠬᠠᠭᠤᠯᠵᠤ᠂ ᠴᠠᠭ ᠦᠶ᠎ᠡ ᠵᠢᠨ ᠦᠯᠢᠭᠡᠷ ᠳᠠᠭᠤᠷᠢᠶᠠᠯ᠂ ᠶᠣᠰᠣ ᠰᠤᠷᠲᠠᠬᠤᠨ᠎ᠤ ᠵᠢᠱ᠌ᠢᠶᠡᠴᠢ᠂ ᠬᠠᠮᠤᠭ᠎ᠤᠨ ᠡᠷᠬᠢᠮ ᠳᠡᠭᠡᠳᠤ ᠬᠦᠮᠦᠨ᠎ᠢ ᠤᠬᠠᠭᠤᠯᠵᠤ᠂ ᠤᠯᠤᠰ ᠵᠶ᠋ᠠᠨ ᠬᠠᠶ᠋ᠢᠷᠠᠯᠠᠬᠤ ᠰᠡᠳᠬᠢᠯᠭᠡ᠎ᠲᠠᠢ ᠣᠷᠣᠨ ᠨᠤᠲᠤᠭ᠎ᠤᠨ ᠠᠬᠠᠮᠠᠳ ᠡᠷᠳᠡᠮᠲᠡᠨ᠂ ᠨᠠᠷᠠᠲᠤ ᠬᠥᠮᠦᠰ᠎ᠢ ᠤᠬᠠᠭᠤᠯᠵᠤ᠂ ᠦᠯᠢᠭᠡᠷ ᠳᠠᠭᠤᠷᠢᠶᠠᠯ᠎ᠤᠨ ᠬᠦᠴᠦᠨ ᠵᠶ᠋ᠠᠷ ᠬᠥᠮᠦᠰ᠎ᠢ ᠵᠣᠷᠢᠭᠵᠢᠭᠤᠯᠵᠤ᠂ ᠬᠥᠮᠦᠰ᠎ᠢ ᠵᠣᠷᠢᠭᠵᠢᠭᠤᠯᠤᠨ᠎ᠠ᠃ ᠰᠤᠷᠤᠯᠴᠠᠬᠤ ᠠᠵᠢᠯᠯᠠᠭ᠎ᠠ ᠵᠢ ᠥᠷᠭᠡᠨ ᠳᠡᠯᠭᠡᠷᠡᠩᠭᠦᠶ᠎ᠪᠠᠷ ᠥᠷᠨᠢᠭᠦᠯᠵᠦ᠂ ᠬᠥᠮᠦᠰ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠬᠦᠨᠳᠦᠳᠬᠡᠯ ᠪᠠ ᠳᠣᠭᠳᠣᠯᠤᠯ᠎ᠢ ᠠᠵᠢᠯ ᠬᠢᠵᠦ ᠠᠳᠠᠯ ᠦᠢᠯᠡᠰ ᠴᠣᠭᠴᠠᠯᠠᠬᠤ᠂ ᠦᠨᠡᠨᠴᠢ ᠰᠢᠳᠤᠷᠭᠤ᠎ᠪᠠᠷ ᠤᠯᠤᠰ᠎ᠲᠠᠭᠠᠨ ᠵᠢᠳᠬᠦᠬᠦ ᠪᠣᠳᠠᠲᠤ ᠠᠵᠢᠯᠯᠠᠭ᠎ᠠ ᠪᠣᠯᠭ᠋ᠠᠨ ᠬᠤᠪᠢᠷᠠᠭᠤᠯᠤᠨ᠎ᠠ᠃ ᠲᠡᠷᠢᠭᠦᠨ᠎ᠤ ᠵᠢᠱ᠌ᠢᠶᠡᠴᠢ ᠬᠥᠮᠦᠰ᠎ᠢ ᠬᠠᠯᠠᠮᠵᠢᠯᠠᠨ ᠬᠠᠪᠰᠤᠷᠤᠨ ᠲᠡᠳᠬᠦᠬᠦ ᠠᠵᠢᠯ᠎ᠢ ᠰᠠᠶ᠋ᠢᠲᠤᠷ ᠬᠢᠵᠦ᠂ ᠬᠠᠮᠢᠶ᠎ᠠ ᠪᠦᠬᠦᠢ ᠣᠯᠭᠣᠮᠵᠢ ᠪᠠ ᠬᠠᠷᠠᠭ᠋ᠠᠯᠵᠠᠯ᠎ᠢ ᠨᠠᠢ᠌ᠳᠠᠪᠤᠷᠢᠵᠢᠭᠤᠯᠬᠤ᠂ ᠨᠡᠶ᠋ᠢᠭᠡᠮ ᠳᠠᠶᠠᠭ᠋ᠠᠷ᠎ᠲᠤ ᠪᠠᠭ᠋ᠠᠲᠤᠷᠴᠤᠳ᠎ᠢ ᠡᠷᠬᠢᠮᠯᠡᠬᠦ᠂ ᠪᠠᠭ᠋ᠠᠲᠤᠷᠴᠤᠳ᠎ᠠᠴᠠ ᠰᠤᠷᠤᠯᠴᠠᠬᠤ᠂ ᠪᠠᠭ᠋ᠠᠲᠤᠷᠴᠤᠳ ᠵᠶ᠋ᠠᠨ ᠬᠠᠮᠠᠭ᠋ᠠᠯᠠᠬᠤ᠂ ᠪᠠᠭ᠋ᠠᠲᠤᠷᠴᠤᠳ ᠵᠶ᠋ᠠᠨ ᠬᠠᠶ᠋ᠢᠷᠠᠯᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠶᠡᠬᠡᠪᠡᠷ ᠪᠤᠢ ᠪᠣᠯᠭ᠋ᠠᠨ᠎ᠠ᠃
     28. ᠤᠳᠬ᠎ᠠ ᠤᠷᠠᠯᠢᠭ᠎ᠤᠨ ᠰᠢᠯᠢᠳᠡᠭ ᠪᠦᠲᠦᠭᠡᠯ᠎ᠢ ᠵᠣᠬᠢᠶᠠᠨ ᠪᠦᠲᠦᠭᠡᠵᠦ ᠦᠢᠯᠡᠳᠪᠦᠷᠢᠯᠡᠨ᠎ᠡ᠃ ᠤᠯᠤᠰ ᠵᠶ᠋ᠠᠨ ᠬᠠᠶ᠋ᠢᠷᠠᠯᠠᠬᠤ ᠦᠵᠡᠯ ᠵᠶ᠋ᠠᠷ ᠪᠠᠶ᠋ᠢᠩᠭᠤ ᠵᠢᠨ ᠰᠢᠨ᠎ᠡ ᠭᠣᠤᠯ ᠰᠡᠳᠦᠪ ᠪᠣᠯᠭ᠋ᠠᠵᠤ᠂ ᠪᠣᠳᠠᠲᠤ ᠠᠬᠤᠢ ᠵᠢᠨ ᠰᠡᠳᠦᠪᠲᠦ ᠵᠣᠬᠢᠶᠠᠨ ᠪᠦᠲᠦᠭᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠴᠠᠭ ᠦᠶ᠎ᠡ ᠵᠢᠨ ᠬᠥᠷᠥᠭ ᠵᠢᠷᠤᠭᠯᠠᠬᠤ᠂ ᠴᠠᠭ ᠦᠶ᠎ᠡ ᠵᠢᠨ ᠨᠠᠮᠲᠠᠷ ᠵᠣᠬᠢᠶᠠᠬᠤ᠂ ᠴᠠᠭ ᠦᠶ᠎ᠡ ᠵᠢᠨ ᠶᠣᠰᠣ ᠰᠤᠷᠲᠠᠬᠤᠨ ᠪᠣᠯᠭ᠋ᠠᠬᠤ᠂ ᠨᠠᠮ ᠵᠶ᠋ᠠᠨ ᠮᠠᠭᠲᠠᠨ ᠳᠠᠭᠤᠯᠠᠬᠤ᠂ ᠡᠬᠡ ᠤᠯᠤᠰ ᠵᠶ᠋ᠠᠨ ᠮᠠᠭᠲᠠᠨ ᠳᠠᠭᠤᠯᠠᠬᠤ᠂ ᠠᠷᠠᠳ ᠲᠦᠮᠡᠨ ᠵᠶ᠋ᠠᠨ ᠮᠠᠭᠲᠠᠨ ᠳᠠᠭᠤᠯᠠᠬᠤ᠂ ᠬᠥᠳᠡᠯᠮᠦᠷᠢ᠎ᠪᠠᠨ ᠮᠠᠭᠲᠠᠨ ᠳᠠᠭᠤᠯᠠᠬᠤ᠂ ᠪᠠᠭ᠋ᠠᠲᠤᠷᠴᠤᠳ ᠵᠶ᠋ᠠᠨ ᠮᠠᠭᠲᠠᠨ ᠳᠠᠭᠤᠯᠠᠬᠤ ᠰᠣᠳᠣᠨ ᠪᠦᠲᠦᠭᠡᠯ᠎ᠢ ᠲᠠᠰᠤᠷᠠᠯᠲᠠ ᠦᠭᠡᠢ ᠵᠣᠬᠢᠶᠠᠨ ᠪᠦᠲᠦᠭᠡᠨ᠎ᠡ᠃ ᠳᠤᠮᠳᠠᠳᠤ ᠤᠯᠤᠰ᠎ᠤᠨ ᠣᠳᠣ ᠦᠶ᠎ᠡ ᠵᠢᠨ ᠤᠳᠬ᠎ᠠ ᠵᠣᠬᠢᠶᠠᠯ ᠤᠷᠠᠯᠢᠭ᠎ᠤᠨ ᠵᠣᠬᠢᠶᠠᠨ ᠪᠦᠲᠦᠭᠡᠯᠭᠡ ᠵᠢᠨ ᠢᠨᠵᠧᠨᠧᠷᠢᠩ᠂ ᠴᠢᠬᠤᠯᠠ ᠶᠡᠬᠡ ᠲᠡᠤᠬᠡᠨ ᠰᠡᠳᠦᠪᠲᠦ ᠵᠣᠬᠢᠶᠠᠨ ᠪᠦᠲᠦᠭᠡᠯᠭᠡ ᠵᠢᠨ ᠢᠨᠵᠧᠨᠧᠷᠢᠩ ᠵᠡᠷᠭᠡ ᠵᠢ ᠭᠦᠨᠵᠡᠭᠡᠶ ᠬᠡᠷᠡᠭᠵᠢᠭᠦᠯᠵᠦ᠂ ᠡᠬᠡ ᠣᠷᠣᠨᠴᠢ ᠦᠵᠡᠯ᠎ᠤᠨ ᠰᠡᠳᠦᠪᠲᠦ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ᠂ ᠺᠢᠨᠣ᠋ ᠲᠧᠯᠸᠢᠰ᠎ᠤᠨ ᠵᠣᠬᠢᠶᠠᠨ ᠪᠦᠲᠦᠭᠡᠯᠭᠡ᠂ ᠳᠠᠭᠤᠤ ᠬᠥᠭᠵᠢᠮ᠎ᠤᠨ ᠵᠣᠬᠢᠶᠠᠨ ᠪᠦᠲᠦᠭᠡᠯᠭᠡ ᠵᠡᠷᠭᠡ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠰᠣᠩᠭᠣᠳᠠᠭ ᠡᠬᠡ ᠣᠷᠣᠨᠴᠢ ᠳᠠᠭᠤᠤ᠂ ᠡᠬᠡ ᠣᠷᠣᠨᠴᠢ ᠺᠢᠨᠣ᠋ ᠵᠢ ᠭᠦᠨᠵᠡᠭᠡᠶ ᠠᠭᠤᠳᠠᠯᠬᠤ ᠪᠠ ᠰᠢᠨ᠎ᠡ ᠵᠢ ᠡᠭᠦᠳᠦᠨ ᠤᠯᠠᠮᠵᠢᠯᠠᠨ ᠳᠡᠯᠭᠡᠷᠡᠭᠦᠯᠬᠦ ᠵᠢ ᠴᠢᠩᠭ᠋ᠠᠳᠬᠠᠵᠤ᠂ ᠡᠬᠡ ᠣᠷᠣᠨᠴᠢ ᠦᠵᠡᠯ᠎ᠤᠨ ᠲᠥᠪ ᠴᠢᠬᠡᠴᠢ ᠵᠣᠷᠢᠭ ᠰᠠᠨᠠᠭ᠎ᠠ ᠵᠢ ᠠᠯᠳᠠᠷᠰᠢᠭᠤᠯᠤᠨ᠎ᠠ᠃ ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠭᠡ ᠪᠠ ᠦᠨᠡᠯᠡᠯᠲᠡ ᠱᠠᠩᠨᠠᠯ᠎ᠨᠢ ᠢᠯᠠ ᠲᠣᠳᠣ ᠡᠬᠡ ᠣᠷᠣᠨᠴᠢ ᠦᠵᠡᠯ᠎ᠤᠨ ᠦᠨᠳᠦᠰᠦᠯᠡᠯ᠎ᠲᠠᠢ ᠪᠠᠶ᠋ᠢᠵᠤ᠂ ᠴᠢᠨᠠᠷ ᠳᠡᠰ᠎ᠢ ᠡᠷᠬᠢᠮᠯᠡᠬᠦ᠂ ᠬᠡᠪ ᠠᠶᠠᠰ᠎ᠢ ᠡᠷᠬᠢᠮᠯᠡᠬᠦ᠂ ᠬᠠᠷᠢᠭᠤᠴᠠᠯᠭ᠎ᠠ ᠵᠢ ᠡᠷᠬᠢᠮᠯᠡᠬᠦ ᠵᠢ ᠰᠠᠨᠠᠭ᠋ᠠᠴᠢᠯᠠᠵᠤ᠂ ᠪᠣᠯᠬᠢ ᠪᠦᠳᠦᠭᠦᠯᠢᠭ᠂ ᠪᠢᠯᠳᠠᠤᠴᠢ ᠵᠠᠩ᠎ᠢ ᠡᠰᠡᠷᠭᠦᠴᠡᠨ ᠬᠣᠷᠢᠭᠯᠠᠵᠤ᠂ ᠡᠪᠦᠭᠡ ᠳᠡᠭᠡᠳᠦᠰ ᠵᠶ᠋ᠠᠨ ᠭᠤᠲᠤᠭ᠋ᠠᠬᠤ᠂ ᠰᠣᠩᠭᠣᠳᠠᠭ ᠵᠣᠬᠢᠶᠠᠯ ᠵᠶ᠋ᠠᠨ ᠭᠤᠲᠤᠭ᠋ᠠᠬᠤ᠂ ᠪᠠᠭ᠋ᠠᠲᠤᠷᠴᠤᠳ᠎ᠢ ᠭᠤᠲᠤᠭ᠋ᠠᠬᠤ ᠵᠢ ᠡᠷᠡᠰ ᠡᠰᠡᠷᠭᠦᠴᠡᠵᠦ᠂ ᠨᠡᠶ᠋ᠢᠭᠡᠮ ᠵᠢᠷᠤᠮ᠎ᠤᠨ ᠤᠳᠬ᠎ᠠ ᠤᠷᠠᠯᠢᠭ᠎ᠤᠨ ᠤᠯᠤᠰ ᠵᠶ᠋ᠠᠨ ᠬᠠᠶ᠋ᠢᠷᠠᠯᠠᠬᠤ ᠤᠳᠬ᠎ᠠ ᠰᠠᠨᠠᠭ᠎ᠠ ᠵᠢ ᠢᠮᠠᠭᠲᠠ ᠪᠠᠷᠢᠮᠲᠠᠯᠠᠬᠤ ᠬᠡᠷᠡᠭᠲᠡᠶ᠃
     29. ᠢᠨᠲ᠋ᠧᠷ ᠰᠦᠯᠵᠢᠶᠡᠨ᠎ᠤ ᠡᠬᠡ ᠣᠷᠣᠨᠴᠢ ᠦᠵᠡᠯ᠎ᠢ ᠪᠤᠢ ᠪᠤᠯᠭ᠋ᠠᠨ᠎ᠠ᠃ ᠰᠦᠯᠵᠢᠶᠡᠨ᠎ᠤ ᠠᠭᠤᠯᠭ᠎ᠠ ᠵᠢᠨ ᠡᠬᠡ ᠣᠷᠣᠨᠴᠢ ᠦᠵᠡᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠦᠯᠵᠢᠶᠡᠨ ᠳᠡᠭᠡᠷᠡᠬᠢ ᠭᠣᠤᠯ ᠰᠡᠳᠦᠪᠲᠦ ᠬᠥᠮᠦᠵᠢᠯ᠎ᠤᠨ ᠠᠵᠢᠯᠯᠠᠭ᠎ᠠ ᠵᠢ ᠥᠷᠭᠡᠨ ᠳᠡᠯᠭᠡᠷᠡᠩᠭᠦᠶ ᠥᠷᠨᠢᠭᠦᠯᠵᠦ᠂ ᠡᠬᠡ ᠣᠷᠣᠨᠴᠢ ᠦᠵᠡᠯ᠎ᠤᠨ ᠠᠭᠤᠯᠭ᠎ᠠ ᠵᠢ ᠢᠯᠡᠷᠡᠭᠦᠯᠦᠭᠰᠡᠨ᠂ ᠰᠦᠯᠵᠢᠶ᠎ᠡ᠎ᠪᠠᠷ ᠤᠯᠠᠮᠵᠢᠯᠠᠨ ᠲᠠᠷᠬᠠᠭ᠋ᠠᠬᠤ᠎ᠳᠤ ᠲᠤᠬᠢᠷᠠᠮᠵᠢᠳᠠᠢ ᠳᠠᠭᠤᠳᠤ ᠹᠢᠯᠢᠮ᠂ ᠣᠬᠣᠷ ᠸᠢᠳᠢᠣ᠋᠂ ᠰᠦᠯᠵᠢᠶᠡᠨ᠎ᠤ ᠵᠣᠬᠢᠶᠠᠯ᠂ ᠪᠠᠷᠢᠮᠲᠠᠲᠤ ᠺᠢᠨᠣ᠋᠂ ᠪᠢᠴᠢᠯ ᠺᠢᠨᠣ᠋ ᠵᠡᠷᠭᠡ ᠵᠢ ᠵᠣᠬᠢᠶᠠᠨ ᠲᠠᠨᠢᠯᠴᠠᠭᠤᠯᠵᠤ᠂ ᠡᠬᠡ ᠣᠷᠣᠨᠴᠢ ᠦᠵᠡᠯ᠎ᠢ ᠰᠦᠯᠵᠢᠶᠡᠨ᠎ᠤ ᠣᠷᠣᠨ ᠵᠠᠶ᠎ᠳᠤ ᠪᠤᠢ ᠪᠤᠯᠭ᠋ᠠᠨ᠎ᠠ᠃ ᠡᠬᠡ ᠣᠷᠣᠨᠴᠢ ᠦᠵᠡᠯ᠎ᠤᠨ ᠲᠣᠭ᠋ᠠᠴᠢᠯᠠᠭᠰᠠᠨ ᠪᠠᠶ᠋ᠢᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠡᠬᠡ ᠣᠷᠣᠨᠴᠢ ᠦᠵᠡᠯ᠎ᠤᠨ ᠬᠥᠮᠦᠵᠢᠯ᠎ᠤᠨ ᠰᠠᠭᠤᠷᠢᠨ ᠭᠠᠵᠠᠷ᠂ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠎ᠢ ᠰᠦᠯᠵᠢᠶ᠎ᠡ᠎ᠪᠠᠷ ᠤᠯᠠᠮᠵᠢᠯᠠᠬᠤ᠎ᠲᠠᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠲᠦᠯᠬᠢᠨ ᠠᠬᠢᠭᠤᠯᠤᠨ᠎ᠠ᠃ ᠤᠯᠠᠮᠵᠢᠯᠠᠨ ᠲᠠᠷᠬᠠᠭ᠋ᠠᠬᠤ ᠠᠴᠢᠶᠠᠯᠠᠪᠤᠷᠢ ᠠᠷᠭ᠎ᠠ ᠪᠠᠷᠢᠯ᠎ᠤᠨ ᠰᠢᠨ᠎ᠡ ᠵᠢ ᠡᠭᠦᠳᠴᠦ᠂ ᠪᠢᠴᠢᠯ ᠪᠦᠷᠭᠡ ᠸᠢᠴᠠᠲ᠂ ᠨᠡᠶ᠋ᠢᠭᠡᠮ᠎ᠤᠨ ᠬᠠᠷᠢᠯᠴᠠᠭ᠋ᠠᠨ᠎ᠤ ᠵᠠᠭᠤᠴᠢᠯᠠᠭᠤᠷ᠂ ᠬᠠᠷᠠᠭ᠋ᠠᠨ ᠳᠠᠪᠲᠠᠮᠵᠢ ᠵᠢᠨ ᠰᠦᠯᠵᠢᠶ᠎ᠡ᠂ ᠭᠠᠷ ᠤᠲᠠᠰᠤᠨ᠎ᠤ ᠦᠢ᠍ᠯᠡᠴᠢᠯᠡᠭᠡᠨ᠎ᠤ ᠴᠡᠭ ᠵᠡᠷᠭᠡ ᠤᠯᠠᠮᠵᠢᠯᠠᠨ ᠲᠠᠷᠬᠠᠭ᠋ᠠᠬᠤ ᠲᠠᠪᠴᠠᠩ᠎ᠢ ᠢᠳᠡᠪᠬᠢᠲᠡᠢ ᠬᠡᠷᠡᠭᠯᠡᠨ᠂ ᠵᠢᠱ᠌ᠢᠮᠡᠭ ᠠᠬᠤᠶ᠂ ᠪᠣᠳᠠᠲᠤ ᠠᠬᠤᠢ᠌ᠵᠢᠭᠰᠠᠨ᠂ ᠬᠣᠯᠢᠮᠠᠭ ᠠᠬᠤᠶ ᠵᠡᠷᠭᠡ ᠰᠢᠨ᠎ᠡ ᠮᠡᠷᠭᠡᠵᠢᠯ ᠰᠢᠨ᠎ᠡ ᠦᠢᠯᠡᠳᠬᠦᠨ᠎ᠢ ᠬᠡᠷᠡᠭᠯᠡᠨ᠂ ᠰᠦᠯᠵᠢᠶᠡᠨ ᠳᠡᠭᠡᠷ᠎ᠡ ᠡᠬᠡ ᠣᠷᠣᠨᠴᠢ ᠦᠵᠡᠯ᠎ᠤᠨ ᠬᠥᠮᠦᠵᠢᠯ᠎ᠢ ᠠᠮᠢᠳᠤ ᠴᠣᠪᠣᠭᠣᠯᠢᠭ ᠥᠷᠨᠢᠭᠦᠯᠦᠨ᠎ᠡ᠃ ᠡᠬᠡ ᠣᠷᠣᠨᠴᠢ ᠦᠵᠡᠯ᠎ᠤᠨ ᠤᠬᠠᠭᠤᠯᠭ᠎ᠠ ᠬᠥᠮᠦᠵᠢᠯ᠎ᠳᠠᠬᠢ 《ᠰᠤᠷᠤᠯᠴᠠᠯᠭ᠎ᠠ ᠵᠢᠨ ᠬᠦᠴᠦᠷᠬᠡᠭ ᠤᠯᠤᠰ》 ᠰᠤᠷᠤᠯᠴᠠᠬᠤ ᠲᠠᠪᠴᠠᠩ᠎ᠤᠨ ᠦᠢᠯᠡᠳᠦᠯ᠎ᠢ ᠭᠦᠢᠴᠡᠳ ᠪᠠᠳᠠᠷᠠᠭᠤᠯᠤᠨ᠎ᠠ᠃ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡ ᠵᠢ ᠬᠥᠲᠥᠯᠥᠨ ᠵᠢᠯᠣᠭᠣᠳᠬᠤ᠎ᠪᠠᠨ ᠴᠢᠩᠭ᠋ᠠᠳᠬᠠᠵᠤ᠂ ᠬᠠᠤᠯᠢ ᠲᠣᠭᠲᠠᠭ᠋ᠠᠯ ᠶᠣᠰᠣᠭ᠋ᠠᠷ ᠶᠡᠷᠦᠩᠬᠡᠶ᠋ᠢᠯᠡᠨ ᠵᠠᠰᠠᠵᠤ᠂ ᠰᠦᠯᠵᠢᠶᠡᠨ᠎ᠤ ᠨᠠᠶ᠋ᠢᠵᠠ ᠨᠠᠷ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠤᠯᠤᠰ᠎ᠤᠨ ᠢᠷᠠᠭᠤ ᠠᠯᠳᠠᠷ᠎ᠢ ᠬᠣᠬᠢᠷᠠᠭᠤᠯᠬᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠦᠭᠡᠶ᠋ᠢᠰᠬᠡᠬᠦ ᠪᠤᠷᠤᠭᠤ ᠦᠭᠡ ᠶᠠᠷᠢᠶ᠎ᠠ᠂ ᠦᠢ᠍ᠯᠡ ᠠᠵᠢᠯᠯᠠᠭ᠎ᠠ ᠵᠢ ᠤᠬᠠᠮᠰᠠᠷ᠎ᠠᠴᠠ᠎ᠪᠠᠨ ᠡᠰᠡᠷᠭᠦᠴᠡᠨ ᠬᠣᠷᠢᠭᠯᠠᠵᠤ᠂ ᠰᠦᠯᠵᠢᠶᠡᠨ ᠳᠡᠭᠡᠷᠡᠬᠢ ᠢᠳᠡᠪᠬᠢ ᠬᠦᠴᠦᠨ᠎ᠢ ᠬᠤᠷᠠᠮᠳᠤᠭᠤᠯᠤᠨ᠎ᠠ᠃
     30. ᠢᠳᠡᠪᠬᠢᠲᠡᠢ᠂ ᠤᠷᠤᠭᠰᠢᠯᠠᠨ ᠳᠠᠪᠰᠢᠭᠰᠠᠨ᠂ ᠨᠡᠭᠡᠯᠳᠡᠳᠡᠢ᠂ ᠪᠠᠭᠲᠠᠭ᠋ᠠᠮᠵᠢᠲᠠᠶ᠂   ᠤᠬᠠᠭ᠋ᠠᠯᠢᠭ᠂ ᠡᠶ᠎ᠡ ᠨᠠᠢ᠌ᠷᠠᠳᠠᠢ ᠠᠷᠠᠳ ᠢᠷᠭᠡᠳ᠎ᠤᠨ ᠦᠵᠡᠯ ᠬᠠᠨᠳᠤᠯᠠᠭ᠎ᠠ ᠵᠢ ᠪᠤᠢ ᠪᠣᠯᠭ᠋ᠠᠨ᠎ᠠ᠃ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠬᠥᠮᠦᠰ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠳᠤᠮᠳᠠᠳᠤ ᠤᠯᠤᠰ ᠪᠣᠯᠤᠨ ᠳᠡᠯᠡᠬᠡᠶ ᠵᠢᠨ ᠬᠥᠭᠵᠢᠯᠲᠡ ᠵᠢᠨ ᠶᠡᠬᠡ ᠬᠠᠨᠳᠤᠰᠢ ᠵᠢ ᠵᠥᠪ ᠡᠵᠡᠮᠰᠢᠭᠦᠯᠵᠦ᠂ ᠳᠤᠮᠳᠠᠳᠤ ᠤᠯᠤᠰ ᠪᠣᠯᠤᠨ ᠳᠡᠯᠡᠬᠡᠶ ᠵᠢᠨ ᠬᠠᠷᠢᠴᠠᠭ᠎ᠠ ᠵᠢ ᠵᠥᠪ ᠵᠶ᠋ᠠᠷ ᠲᠠᠨᠢᠭᠤᠯᠵᠤ᠂   ᠰᠠᠭᠰᠠᠭᠤᠷᠠᠬᠤ ᠦᠭᠡᠢ ᠮᠥᠷᠲᠡᠭᠡᠨ ᠭᠤᠳᠤᠷᠠᠬᠤ ᠦᠭᠡᠢ ᠪᠠᠶ᠋ᠢᠵᠤ᠂ ᠪᠡᠶ᠎ᠡ᠎ᠪᠠᠨ ᠬᠦᠨᠳᠦᠳᠬᠡᠵᠦ ᠪᠡᠶ᠎ᠡ᠎ᠪᠠᠨ ᠢᠲᠡᠭᠡᠬᠦ᠂   ᠤᠬᠠᠭ᠋ᠠᠯᠢᠭ ᠪᠥᠭᠡᠳ ᠡᠶ᠎ᠡ ᠨᠠᠶ᠋ᠢᠷᠲᠠᠶ ᠪᠠᠶ᠋ᠢᠬᠤ ᠵᠢ ᠪᠡᠶᠡᠯᠡᠭᠦᠯᠬᠦ ᠬᠡᠷᠡᠭᠲᠡᠶ᠃ ᠡᠬᠡ ᠣᠷᠣᠨᠴᠢ ᠦᠵᠡᠯ ᠪᠣᠯ ᠳᠡᠯᠡᠬᠡᠶ ᠵᠢᠨ ᠡᠯ᠎ᠡ ᠤᠯᠤᠰ᠎ᠤᠨ ᠠᠷᠠᠳ ᠲᠦᠮᠡᠨ᠎ᠤ ᠬᠠᠮᠲᠤ ᠵᠢᠨ ᠬᠠᠶ᠋ᠢᠷ᠎ᠠ ᠰᠡᠳᠬᠢᠯᠭᠡ ᠮᠥᠨ᠂ ᠳᠡᠯᠡᠬᠡᠶ ᠵᠢᠨ ᠡᠩᠬᠡ ᠲᠠᠶ᠋ᠢᠪᠤᠩ ᠪᠠ ᠬᠥᠭᠵᠢᠯᠲᠡ ᠵᠢ ᠪᠡᠶᠡᠯᠡᠭᠦᠯᠬᠦ ᠪᠣᠯ ᠡᠯ᠎ᠡ ᠤᠯᠤᠰ᠎ᠤᠨ ᠠᠷᠠᠳ ᠲᠦᠮᠡᠨ᠎ᠤ ᠬᠠᠮᠲᠤ ᠵᠢᠨ ᠬᠦᠰᠡᠯ ᠡᠷᠡᠮᠡᠯᠵᠡᠯ ᠮᠥᠨ᠃ ᠨᠢᠭᠡ ᠲᠠᠯ᠎ᠠ᠎ᠪᠠᠷ ᠤᠯᠤᠰ ᠵᠶ᠋ᠠᠨ ᠬᠠᠶ᠋ᠢᠷᠠᠯᠠᠬᠤ ᠦᠵᠡᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠨᠥᠭᠥᠭᠡ ᠲᠠᠯ᠎ᠠ᠎ᠪᠠᠷ ᠠᠯᠢᠪᠠ ᠵᠢ ᠪᠠᠭᠳᠠᠭ᠋ᠠᠬᠤ ᠬᠡᠬᠦᠳᠡᠭ ᠴᠡᠭᠡᠵᠢ᠎ᠲᠠᠢ ᠪᠠᠢ᠌ᠬᠤ ᠵᠢ ᠬᠥᠮᠦᠵᠢᠭᠦᠯᠵᠦ᠂ ᠡᠩᠬᠡ ᠲᠠᠶ᠋ᠢᠪᠤᠩ ᠬᠥᠭᠵᠢᠯᠲᠡ᠎ᠲᠠᠢ᠂ ᠬᠠᠮᠲᠤᠪᠠᠷ ᠠᠰᠢᠭ ᠬᠦᠷᠲᠡᠬᠦ ᠵᠢ ᠪᠠᠷᠢᠮᠲᠠᠯᠠᠬᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠵᠡᠷᠭᠡ ᠴᠢᠬᠤᠯᠠ ᠣᠶ᠋ᠢᠯᠠᠭ᠋ᠠᠭᠳᠠᠬᠤᠨ ᠪᠠ ᠰᠠᠨᠠᠭ᠋ᠠᠴᠢᠯᠠᠭ᠎ᠠ ᠵᠢ ᠶᠡᠬᠡᠪᠡᠷ ᠤᠬᠠᠭᠤᠯᠵᠤ᠂ ᠥᠷᠭᠡᠨ ᠣᠯᠠᠨ ᠠᠷᠠᠳ ᠲᠦᠮᠡᠨ᠎ᠤ ᠡᠯ᠎ᠡ ᠤᠯᠤᠰ᠎ᠤᠨ ᠠᠷᠠᠳ ᠲᠦᠮᠡᠨ᠎ᠲᠠᠢ ᠬᠠᠮᠲᠤᠪᠠᠷ ᠡᠭᠦᠳᠦᠨ ᠪᠦᠲᠦᠭᠡᠬᠦ ᠵᠢ ᠵᠣᠷᠢᠭᠵᠢᠭᠤᠯᠬᠤ ᠬᠡᠷᠡᠭᠲᠡᠶ᠃ ᠳᠤᠮᠳᠠᠳᠤ ᠤᠯᠤᠰ᠎ᠤᠨ ᠬᠥᠮᠦᠨ ᠨᠢᠭᠡᠪᠦᠷᠢ᠎ᠳᠤ ᠠᠪᠴᠤ ᠬᠡᠯᠡᠪᠡᠯ᠂ ᠡᠬᠡ ᠣᠷᠣᠨ ᠵᠶ᠋ᠠᠨ ᠬᠠᠶ᠋ᠢᠷᠠᠯᠠᠬᠤ ᠪᠤᠯ ᠡᠭᠦᠷᠭᠡ ᠬᠠᠷᠢᠭᠤᠴᠠᠯᠭ᠎ᠠ ᠮᠥᠨ᠂ ᠰᠡᠳᠬᠢᠯ᠎ᠠᠴᠠ ᠤᠨᠳᠤᠷᠠᠭ᠎ᠠ᠎ᠲᠠᠢ ᠬᠠᠶ᠋ᠢᠷ᠎ᠠ ᠵᠢᠨ ᠬᠣᠯᠪᠣᠭ᠎ᠠ ᠶᠤᠮ᠃ ᠮᠡᠳᠡᠬᠦᠶ ᠬᠢᠬᠦᠶ ᠵᠢ ᠨᠢᠭᠡᠳᠬᠡᠬᠦ ᠵᠢ ᠰᠠᠨᠠᠭ᠋ᠠᠴᠢᠯᠠᠵᠤ᠂ ᠡᠬᠡ ᠣᠷᠣᠨᠴᠢ ᠰᠡᠳᠬᠢᠯᠭᠡ ᠵᠢ ᠪᠣᠳᠠᠲᠤ ᠠᠵᠢᠯᠯᠠᠭ᠎ᠠ ᠪᠣᠯᠭ᠋ᠠᠨ ᠬᠤᠪᠢᠷᠠᠭᠤᠯᠵᠤ᠂ ᠬᠥᠮᠦᠰ᠎ᠢ ᠡᠬᠡ ᠣᠷᠣᠨᠴᠢ ᠬᠠᠶ᠋ᠢᠷ᠎ᠠ ᠰᠡᠳᠬᠢᠯᠭᠡ᠎ᠪᠠᠨ ᠤᠬᠠᠭ᠋ᠠᠯᠢᠭ᠎ᠪᠠᠷ ᠢᠯᠡᠳᠬᠡᠵᠦ᠂ ᠬᠡᠲᠦᠷᠡᠮᠡᠬᠡᠶ ᠠᠵᠢᠯᠯᠠᠭ᠎ᠠ ᠵᠢ ᠡᠰᠡᠷᠭᠦᠴᠡᠬᠦ ᠪᠣᠯᠭ᠋ᠠᠨ᠎ᠠ᠃
     31.   ᠳᠦᠷᠢᠮ ᠪᠠ ᠬᠠᠤᠯᠢ᠎ᠪᠠᠷ ᠵᠠᠰᠠᠬᠤ ᠪᠠᠲᠤᠯᠠᠭ᠎ᠠ ᠵᠢ ᠴᠢᠩᠭ᠋ᠠᠳᠬᠠᠬᠤ ᠬᠡᠷᠡᠭᠳᠡᠢ᠃ ᠡᠬᠡ ᠣᠷᠣᠨᠴᠢ ᠦᠵᠡᠯ᠎ᠤᠨ ᠵᠣᠷᠢᠭ ᠰᠠᠨᠠᠭ᠎ᠠ ᠵᠢ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠥᠷᠦ ᠵᠢᠨ ᠪᠣᠳᠣᠯᠭ᠎ᠠ᠎ᠳᠤ ᠠᠭᠤᠰᠬᠠᠨ ᠣᠷᠣᠭᠤᠯᠵᠤ᠂ ᠬᠣᠲᠠ ᠵᠢᠨ ᠠᠷᠠᠳ᠎ᠤᠨ ᠨᠡᠢ᠌ᠲᠡ ᠵᠢᠨ ᠭᠡᠷ᠎ᠡ᠂ ᠲᠣᠰᠬᠣᠨ᠎ᠤ ᠳᠦᠷᠢᠮ ᠠᠷᠠᠳ᠎ᠤᠨ ᠭᠡᠷ᠎ᠡ᠂ ᠰᠤᠷᠤᠭᠴᠢ ᠵᠢᠨ ᠭᠡᠷ᠎ᠡ᠂ ᠠᠵᠢᠯ ᠲᠥᠷᠥᠯ᠎ᠤᠨ ᠵᠢᠷᠤᠮᠵᠢᠯ᠂ ᠪᠦᠯᠬᠦᠮ᠎ᠤᠨ ᠳᠦᠷᠢᠮ ᠵᠡᠷᠭᠡ ᠵᠢ ᠲᠣᠭᠲᠠᠭ᠋ᠠᠵᠤ ᠲᠡᠭᠦᠯᠳᠡᠷᠵᠢᠭᠦᠯᠬᠦ ᠳᠤᠮᠳᠠ ᠠᠭᠤᠰᠬᠠᠵᠤ᠂ ᠵᠢᠭ᠋ᠠᠨ ᠵᠢᠯᠣᠭᠣᠳᠬᠤ᠂ ᠬᠢᠵᠠᠭ᠋ᠠᠷᠯᠠᠬᠤ ᠪᠠ ᠵᠢᠷᠤᠮᠵᠢᠭᠤᠯᠬᠤ ᠦᠢᠯᠡᠳᠦᠯ᠎ᠢ ᠪᠠᠳᠠᠷᠠᠭᠤᠯᠤᠨ᠎ᠠ᠃ ᠨᠡᠶ᠋ᠢᠭᠡᠮ ᠳᠠᠶᠠᠭ᠋ᠠᠷ᠎ᠲᠤ ᠦᠨᠳᠦᠰᠦᠨ ᠬᠠᠤᠯᠢ᠂ ᠦᠷᠡᠭᠳᠡᠭᠰᠡᠨ ᠪᠠᠭ᠋ᠠᠲᠤᠷᠴᠤᠳ᠎ᠢ ᠬᠠᠮᠠᠭ᠋ᠠᠯᠠᠬᠤ ᠬᠠᠤᠯᠢ᠂ ᠲᠡᠤᠬᠡ ᠵᠢᠨ ᠳᠤᠷᠠᠰᠬᠠᠯᠲᠤ ᠵᠦᠢᠯᠡᠰ᠎ᠢ ᠬᠠᠮᠠᠭ᠋ᠠᠯᠠᠬᠤ ᠬᠠᠤᠯᠢ ᠵᠡᠷᠭᠡ ᠵᠢ ᠭᠦᠨᠵᠡᠭᠡᠶ ᠰᠤᠷᠤᠯᠴᠠᠨ ᠤᠬᠠᠭᠤᠯᠵᠤ᠂ ᠬᠠᠤᠯᠢ᠎ᠪᠠᠷ ᠵᠠᠰᠠᠬᠤ ᠰᠣᠶᠣᠯ᠎ᠤᠨ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠵᠦ᠂ ᠬᠠᠤᠯᠢ ᠲᠦᠭᠡᠮᠡᠯᠵᠢᠭᠦᠯᠬᠦ ᠶᠠᠪᠤᠴᠠ ᠵᠢ ᠡᠬᠡ ᠣᠷᠣᠨᠴᠢ ᠦᠵᠡᠯ᠎ᠤᠨ ᠬᠥᠮᠦᠵᠢᠯ᠎ᠤᠨ ᠶᠠᠪᠤᠴᠠ ᠪᠤᠯᠭ᠋ᠠᠨ᠎ᠠ᠃ ᠬᠠᠤᠯᠢ ᠪᠠᠷᠢᠬᠤ᠂ ᠬᠠᠤᠯᠢ ᠶᠣᠰᠣᠭ᠋ᠠᠷ ᠵᠠᠰᠠᠬᠤ ᠵᠢ ᠲᠦᠯᠬᠢᠨ ᠠᠬᠢᠭᠤᠯᠵᠤ᠂ ᠵᠠᠰᠠᠭ ᠵᠠᠬᠢᠷᠭ᠎ᠠ᠂ ᠬᠠᠤᠯᠢ ᠴᠠᠭ᠋ᠠᠵᠠ ᠵᠡᠷᠭᠡ ᠠᠷᠭ᠎ᠠ ᠪᠠᠷᠢᠯ᠎ᠢ ᠶᠡᠷᠦᠩᠬᠡᠶ᠋ᠢᠯᠡᠨ ᠬᠡᠷᠡᠭᠯᠡᠵᠦ᠂ ᠤᠯᠤᠰ᠎ᠤᠨ ᠲᠤᠭ ᠤᠯᠤᠰ᠎ᠤᠨ ᠰᠦᠯᠳᠡ ᠵᠡᠷᠭᠡ ᠤᠯᠤᠰ᠎ᠤᠨ ᠪᠡᠯᠭᠡ ᠲᠡᠮᠳᠡᠭ ᠪᠠ ᠪᠡᠯᠭᠡ ᠲᠡᠮᠳᠡᠭ᠎ᠢ ᠦᠯᠦ ᠬᠦᠨᠳᠦᠳᠬᠡᠵᠦ᠂ ᠦᠷᠡᠭᠳᠡᠭᠰᠡᠨ ᠪᠠᠭ᠋ᠠᠲᠤᠷᠴᠤᠳ᠎ᠤᠨ ᠣᠪᠣᠭ ᠨᠡᠷ᠎ᠡ᠂ ᠬᠥᠷᠥᠭ ᠵᠢᠷᠤᠭ᠂ ᠨᠡᠷ᠎ᠡ ᠲᠥᠷᠥ᠂ ᠢᠷᠠᠭᠤ ᠠᠯᠳᠠᠷ ᠵᠡᠷᠭᠡ᠎ᠳᠤ ᠬᠠᠯᠳᠠᠭᠰᠠᠨ ᠦᠢ᠍ᠯᠡ ᠠᠵᠢᠯᠯᠠᠭ᠎ᠠ᠂ ᠡᠬᠡ ᠣᠷᠣᠨᠴᠢ ᠦᠵᠡᠯ᠎ᠤᠨ ᠬᠥᠮᠦᠵᠢᠯ᠎ᠤᠨ ᠲᠠᠯᠠᠪᠤᠷ ᠎ᠤᠨ ᠲᠥᠬᠥᠭᠡᠷᠦᠮᠵᠢ ᠵᠢ ᠡᠪᠳᠡᠨ ᠰᠦᠢᠳᠬᠡᠭᠰᠡᠨ᠂ ᠲᠦᠷᠢᠮᠡᠬᠡᠶ᠋ᠢᠯᠡᠬᠦ ᠳᠠᠶ᠋ᠢᠨ ᠪᠠ ᠲᠦᠷᠢᠮᠡᠬᠡᠶ᠋ᠢᠯᠡᠬᠦ ᠦᠢ᠍ᠯᠡ ᠠᠵᠢᠯᠯᠠᠭ᠎ᠠ ᠵᠡᠷᠭᠡ ᠵᠢ ᠤᠬᠠᠭᠤᠯᠬᠤ ᠪᠠ ᠳᠠᠭ᠋ᠠᠰᠢᠶᠠᠬᠤ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠰᠢᠢ᠍ᠳᠪᠦᠷᠢᠯᠡᠬᠦ ᠬᠡᠷᠡᠭᠳᠡᠢ᠃ ᠬᠦᠴᠦᠷᠬᠡᠭᠯᠡᠯ ᠰᠦᠷᠳᠡᠭᠦᠯᠦᠯ᠂ ᠦᠨᠳᠦᠰᠦᠲᠡᠨ᠎ᠤ ᠬᠠᠭ᠋ᠠᠴᠠᠯ ᠵᠡᠷᠭᠡ ᠤᠯᠤᠰ ᠣᠷᠣᠨ᠎ᠤ ᠠᠮᠤᠷ ᠲᠦᠪᠰᠢᠨ ᠪᠠ ᠨᠡᠶ᠋ᠢᠭᠡᠮ᠎ᠤᠨ ᠲᠣᠭᠲᠠᠭᠤᠨ ᠪᠠᠢ᠌ᠳᠠᠯ᠎ᠳᠤ ᠬᠣᠤᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠰᠢᠢ᠍ᠳᠬᠡᠨ᠎ᠡ᠃
      ᠵᠢᠷᠭᠤᠭ᠎ᠠ᠂ ᠰᠢᠨ᠎ᠡ ᠴᠠᠭ ᠦᠶ᠎ᠡ ᠵᠢᠨ ᠡᠬᠡ ᠣᠷᠣᠨᠴᠢ ᠦᠵᠡᠯ᠎ᠤᠨ ᠬᠥᠮᠦᠵᠢᠯ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠨ᠎ᠠ
     32. ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠭᠣᠤᠯ ᠴᠣᠭᠴᠠ ᠵᠢᠨ ᠬᠠᠷᠢᠭᠤᠴᠠᠯᠭ᠎ᠠ᠎ᠪᠠᠨ ᠡᠭᠦᠷᠭᠡᠯᠡᠬᠦ ᠬᠡᠷᠡᠭᠲᠡᠶ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠤᠯᠤᠰ ᠲᠥᠷᠦ ᠵᠢᠨ ᠬᠠᠷᠢᠭᠤᠴᠠᠯᠭ᠎ᠠ ᠪᠠ ᠤᠳᠤᠷᠢᠳᠬᠤ ᠬᠠᠷᠢᠭᠤᠴᠠᠯᠭ᠎ᠠ᠎ᠪᠠᠨ ᠡᠭᠦᠷᠭᠡᠯᠡᠵᠦ᠂ ᠡᠬᠡ ᠣᠷᠣᠨᠴᠢ ᠦᠵᠡᠯ᠎ᠤᠨ ᠬᠥᠮᠦᠵᠢᠯ᠎ᠢ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢᠯ᠎ᠳᠡᠭᠡᠨ ᠣᠷᠣᠭᠤᠯᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠳᠤ ᠣᠷᠣᠭᠤᠯᠵᠤ᠂ ᠵᠢᠭᠰᠠᠭ᠋ᠠᠯ᠎ᠤᠨ ᠭᠠᠵᠠᠷ᠎ᠤᠨ ᠪᠠᠶ᠋ᠢᠭᠤᠯᠤᠯᠲᠠ ᠪᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠡᠯ᠎ᠡ ᠵᠦᠢᠯ᠎ᠤᠨ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠬᠤ ᠬᠡᠷᠡᠭᠲᠡᠶ᠃ ᠨᠠᠮ᠎ᠤᠨ ᠬᠣᠷᠢᠶ᠎ᠠ ᠨᠢᠭᠡᠳᠦᠯᠲᠡᠶ ᠤᠳᠤᠷᠢᠳᠬᠤ᠂ ᠨᠠᠮ ᠵᠠᠰᠠᠭ ᠵᠡᠷᠭᠡᠪᠡᠷ ᠠᠳᠬᠤᠬᠤ᠂ ᠤᠬᠠᠭᠤᠯᠬᠤ ᠰᠠᠯᠠᠭ᠎ᠠ ᠮᠥᠴᠢᠷ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠲᠤᠰ ᠲᠤᠰ᠎ᠤᠨ ᠬᠠᠷᠢᠭᠤᠴᠠᠯᠭ᠎ᠠ᠎ᠪᠠᠨ ᠭᠦᠢᠴᠡᠳᠬᠡᠬᠦ ᠠᠵᠢᠯ᠎ᠤᠨ ᠪᠠᠶ᠋ᠢᠷᠢᠰᠢᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠬᠡ ᠣᠷᠣᠨᠴᠢ ᠦᠵᠡᠯ᠎ᠤᠨ ᠬᠥᠮᠦᠵᠢᠯ᠎ᠤᠨ ᠬᠠᠮᠲᠤᠷᠠᠭᠰᠠᠨ ᠬᠤᠷᠠᠯᠳᠤᠭ᠋ᠠᠨ᠎ᠤ ᠳᠦᠷᠢᠮ᠎ᠢ ᠪᠠᠶ᠋ᠢᠭᠤᠯᠵᠤ᠂ ᠠᠵᠢᠯ᠎ᠤᠨ ᠵᠢᠯᠣᠭᠣᠳᠤᠯᠭ᠎ᠠ ᠪᠠ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠠᠵᠢᠯ᠎ᠤᠨ ᠳᠤᠮᠳᠠᠬᠢ ᠴᠢᠬᠤᠯᠠ ᠤᠴᠢᠷ ᠶᠠᠪᠤᠳᠠᠯ ᠪᠠ ᠣᠷᠣᠰᠢᠵᠤ ᠪᠠᠢ᠌ᠭ᠎ᠠ ᠠᠰᠠᠭᠤᠳᠠᠯ᠎ᠢ ᠴᠠᠭ ᠲᠤᠬᠠᠶ᠎ᠳᠤᠨᠢ ᠰᠤᠳᠤᠯᠤᠨ ᠰᠢᠢᠳᠪᠦᠷᠢᠯᠡᠨ᠎ᠡ᠃ ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠵᠣᠷᠢᠭᠲᠠᠶ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠵᠢᠱ᠌ᠢᠶᠡᠴᠢ ᠳᠠᠭ᠋ᠠᠭᠤᠯᠬᠤ ᠦᠢᠯᠡᠳᠦᠯ ᠵᠶ᠋ᠠᠨ ᠪᠠᠳᠠᠷᠠᠭᠤᠯᠵᠤ᠂ ᠡᠬᠡ ᠣᠷᠣᠨᠴᠢ ᠦᠵᠡᠯ᠎ᠤᠨ ᠡᠷᠡᠰ ᠪᠠᠲᠤ ᠪᠠᠳᠠᠷᠠᠭᠤᠯᠤᠭᠴᠢ ᠪᠠ ᠦᠢᠯᠡᠳᠦᠯᠭᠡᠵᠢᠭᠦᠯᠦᠭᠴᠢ ᠪᠣᠯᠵᠤ᠂ ᠡᠬᠡ ᠣᠷᠣᠨᠴᠢ ᠦᠵᠡᠯ᠎ᠠᠴᠠ ᠵᠥᠷᠢᠴᠡᠭᠰᠡᠨ ᠦᠭᠡ ᠶᠠᠷᠢᠶ᠎ᠠ ᠦᠢ᠍ᠯᠡ ᠠᠵᠢᠯᠯᠠᠭ᠎ᠠ᠎ᠲᠠᠢ ᠡᠷᠡᠰ ᠲᠡᠮᠡᠴᠡᠯ ᠬᠢᠬᠦ ᠬᠡᠷᠡᠭᠲᠡᠶ᠃
     33.   ᠥᠷᠭᠡᠨ ᠣᠯᠠᠨ ᠠᠷᠠᠳ ᠲᠦᠮᠡᠨ᠎ᠤ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ ᠢ ᠳᠠᠶ᠋ᠢᠴᠢᠯᠠᠨ᠎ᠠ᠃ ᠡᠬᠡ ᠣᠷᠣᠨᠴᠢ ᠦᠵᠡᠯ᠎ᠤᠨ ᠬᠥᠮᠦᠵᠢᠯ ᠪᠣᠯ ᠠᠷᠠᠳ ᠨᠡᠢ᠌ᠲᠡ ᠵᠢᠨ ᠬᠥᠮᠦᠵᠢᠯ ᠮᠥᠨ ᠪᠣᠯᠬᠣᠷ ᠡᠷᠬᠡᠪᠰᠢ ᠰᠤᠷᠭ᠋ᠠᠨ ᠬᠥᠮᠦᠵᠢᠯ᠎ᠤᠨ ᠣᠯᠠᠨ ᠲᠦᠮᠡᠨᠴᠢ ᠴᠢᠨᠠᠷ᠎ᠢ ᠳᠣᠪᠣᠶ᠋ᠢᠯᠭ᠋ᠠᠬᠤ ᠬᠡᠷᠡᠭᠲᠡᠶ᠃ ᠡᠯ᠎ᠡ ᠱᠠᠲᠤᠨ᠎ᠤ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ ᠪᠠ ᠤᠳᠬ᠎ᠠ ᠤᠷᠠᠯᠢᠭ᠎ᠤᠨ ᠬᠣᠯᠪᠣᠭ᠎ᠠ᠂ ᠵᠣᠬᠢᠶᠠᠯᠴᠢᠳ᠎ᠤᠨ ᠡᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠂ ᠬᠠᠷᠢᠶᠠᠲᠤ ᠨᠠᠷ᠎ᠤᠨ ᠬᠣᠯᠪᠣᠭ᠎ᠠ᠂ ᠵᠡᠮᠳᠡᠭᠴᠦᠳ᠎ᠤᠨ ᠬᠣᠯᠪᠣᠭ᠎ᠠ ᠵᠢᠴᠢ ᠬᠣᠶ᠋ᠢᠴᠢ ᠦᠶ᠎ᠡ᠎ᠪᠠᠨ ᠬᠠᠯᠠᠮᠵᠢᠯᠠᠬᠤ ᠠᠵᠢᠯ᠎ᠤᠨ ᠺᠣᠮᠢᠰ ᠵᠡᠷᠭᠡ ᠠᠷᠠᠳ᠎ᠤᠨ ᠪᠦᠯᠬᠦᠮ ᠪᠠ ᠣᠯᠠᠨ ᠲᠦᠮᠡᠨ᠎ᠤ ᠵᠣᠬᠢᠶᠠᠨ ᠪᠠᠶ᠋ᠢᠭᠤᠯᠤᠯᠲᠠ᠎ᠨᠤᠭᠤᠳ ᠲᠤᠰ ᠲᠤᠰ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠬᠠᠷᠢᠯᠴᠠᠵᠤ ᠪᠠᠢ᠌ᠭ᠎ᠠ ᠬᠦᠷᠢᠶ᠎ᠡ ᠬᠡᠪᠴᠢᠶ᠎ᠡ ᠪᠠ ᠨᠡᠢ᠌ᠭᠡᠮ ᠪᠦᠯᠬᠦᠮ᠎ᠳᠤ᠎ᠪᠠᠨ ᠬᠠᠨᠳᠤᠭᠤᠯᠤᠨ ᠡᠬᠡ ᠣᠷᠣᠨᠴᠢ ᠦᠵᠡᠯ᠎ᠤᠨ ᠬᠥᠮᠦᠵᠢᠯ᠎ᠢ ᠥᠷᠭᠡᠨ ᠳᠡᠯᠭᠡᠷᠡᠩᠭᠦᠶ ᠥᠷᠨᠢᠭᠦᠯᠬᠦ ᠬᠡᠷᠡᠭᠲᠡᠶ᠃ ᠠᠬᠠᠮᠠᠳ ᠺᠠᠳ᠋ᠷ᠂ ᠠᠬᠠᠮᠠᠳ ᠪᠠᠶ᠋ᠢᠯᠳᠤᠭᠴᠢ᠂ ᠠᠬᠠᠮᠠᠳ ᠮᠡᠷᠭᠡᠵᠢᠯᠲᠡᠨ᠂ ᠠᠬᠠᠮᠠᠳ ᠪᠠᠭᠰᠢ᠂ ᠠᠬᠠᠮᠠᠳ ᠵᠢᠱ᠌ᠢᠶᠡᠴᠢ ᠵᠢ ᠵᠣᠬᠢᠶᠠᠨ ᠪᠠᠶ᠋ᠢᠭᠤᠯᠤᠨ ᠳᠠᠶ᠋ᠢᠴᠢᠯᠠᠵᠤ ᠪᠠᠶ᠋ᠢᠭ᠋ᠠᠳ ᠥᠷᠭᠡᠨ ᠣᠯᠠᠨ ᠲᠦᠮᠡᠨ ᠢᠯᠠᠩᠭᠤᠶ᠎ᠠ ᠵᠠᠯᠠᠭᠤᠴᠤᠳ ᠪᠠᠭ᠋ᠠᠴᠤᠳ᠎ᠤᠨ ᠳᠤᠮᠳᠠ ᠥᠪᠡᠷ᠎ᠤᠨ ᠥᠩᠭᠡᠷᠡᠯᠲᠡ᠎ᠪᠠᠨ ᠶᠠᠷᠢᠭᠤᠯᠵᠤ᠂ ᠡᠬᠡ ᠣᠷᠣᠨᠴᠢ ᠤᠯᠠᠮᠵᠢᠯᠠᠯ᠎ᠢ ᠪᠠᠳᠠᠷᠠᠭᠤᠯᠬᠤ ᠬᠡᠷᠡᠭᠲᠡᠶ᠃ ᠦᠨᠳᠦᠰᠦᠨ ᠱᠠᠲᠤᠨ᠎ᠳᠤ   ᠬᠠᠯᠠᠮᠵᠢᠯᠠᠯ᠎ᠲᠠᠢ᠂ ᠣᠯᠠᠨ ᠲᠦᠮᠡᠨ᠎ᠳᠤ ᠬᠠᠯᠠᠮᠵᠢᠯᠠᠯ᠎ᠲᠠᠢ ᠪᠠᠶ᠋ᠢᠬᠤ ᠵᠢ ᠪᠠᠷᠢᠮᠲᠠᠯᠠᠵᠤ᠂ ᠬᠥᠮᠦᠰ᠎ᠤᠨ ᠦᠢᠯᠡᠳᠪᠦᠷᠢᠯᠡᠯ ᠠᠮᠢᠳᠤᠷᠠᠯ᠎ᠲᠠᠢ ᠤᠶᠠᠯᠳᠤᠭᠤᠯᠤᠨ᠂ ᠡᠬᠡ ᠣᠷᠣᠨᠴᠢ ᠦᠵᠡᠯ᠎ᠤᠨ ᠬᠥᠮᠦᠵᠢᠯ᠎ᠢ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢᠯᠡᠳᠦᠯᠭᠡ ᠵᠢᠨ ᠭᠤᠤᠯᠯᠠᠬᠤ ᠪᠦᠲᠦᠭᠡᠨ ᠪᠠᠶ᠋ᠢᠭᠤᠯᠤᠯᠲᠠ᠂ ᠯᠧᠢ ᠹᠧᠩ᠎ᠠᠴᠠ ᠰᠤᠷᠤᠯᠴᠠᠬᠤ ᠰᠠᠶ᠋ᠢᠨ ᠳᠤᠷ᠎ᠠ ᠵᠢᠨ ᠦᠢᠯᠡᠴᠢᠯᠡᠭᠡ᠂ ᠣᠶᠤᠨ᠎ᠤ ᠪᠣᠯᠪᠠᠰᠤᠨ᠎ᠢ ᠡᠭᠦᠳᠦᠨ ᠪᠠᠶ᠋ᠢᠭᠤᠯᠬᠤ᠎ᠳᠤ ᠠᠭᠤᠰᠬᠠᠨ ᠣᠷᠣᠭᠤᠯᠵᠤ᠂ ᠠᠷᠠᠳ ᠣᠯᠠᠨ᠎ᠳᠤ ᠤᠬᠠᠭᠤᠯᠤᠨ ᠲᠠᠶ᠋ᠢᠯᠪᠤᠷᠢᠯᠠᠬᠤ᠂ ᠲᠠᠯᠠᠪᠠᠢ ᠵᠢᠨ ᠪᠥᠵᠢᠭ᠂ ᠤᠷᠠᠨ ᠰᠠᠶ᠋ᠢᠬᠠᠨ᠎ᠤ ᠲᠣᠭᠯᠠᠯᠲᠠ᠂ ᠬᠥᠷᠰᠢ ᠵᠡᠷᠭᠡᠯᠡᠳᠡᠭᠡ ᠵᠢᠨ ᠪᠠᠶᠠᠷ ᠵᠡᠷᠭᠡ ᠣᠯᠠᠨ ᠲᠦᠮᠡᠨᠴᠢ ᠴᠢᠨᠠᠷᠲᠠᠶ ᠠᠵᠢᠯᠯᠠᠭ᠎ᠠ᠎ᠳᠤ ᠬᠠᠷᠠᠭᠤᠯᠵᠤ᠂ ᠬᠥᠮᠦᠰ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠥᠪᠡᠷ᠎ᠢ᠎ᠪᠠᠨ ᠤᠬᠠᠭᠤᠯᠬᠤ᠂ ᠥᠪᠡᠷ᠎ᠢ᠎ᠪᠠᠨ ᠬᠥᠮᠦᠵᠢᠭᠦᠯᠬᠦ᠂ ᠥᠪᠡᠷ᠎ᠢ᠎ᠪᠠᠨ ᠳᠡᠭᠡᠭᠰᠢᠯᠡᠭᠦᠯᠬᠦ ᠪᠣᠯᠭ᠋ᠠᠨ᠎ᠠ᠃
     34. ᠦᠨᠡᠨ᠎ᠢ ᠪᠠᠷᠢᠮᠲᠠᠯᠠᠨ ᠪᠣᠳᠠᠲᠠᠶ ᠵᠢ ᠡᠷᠬᠢᠮᠯᠡᠬᠦ᠎ᠳᠤ ᠪᠣᠳᠠᠲᠤ ᠦᠷ᠎ᠡ ᠪᠦᠲᠦᠮᠵᠢ ᠵᠢ ᠴᠢᠬᠤᠯᠠᠴᠢᠯᠠᠨ᠎ᠠ᠃ ᠡᠬᠡ ᠣᠷᠣᠨᠴᠢ ᠦᠵᠡᠯ᠎ᠤᠨ ᠬᠥᠮᠦᠵᠢᠯ ᠪᠣᠯ ᠦᠵᠡᠯ ᠰᠠᠨᠠᠭ᠋ᠠᠨ᠎ᠤ ᠳᠠᠪᠰᠢᠯᠳᠠ᠂ ᠣᠶᠤᠨ ᠰᠠᠨᠠᠭ᠋ᠠᠨ᠎ᠤ ᠭᠡᠭᠡᠷᠡᠯ ᠮᠥᠨ᠃ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠦᠷ᠎ᠡ ᠪᠦᠲᠦᠮᠵᠢ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠬᠡᠶ᠋ᠢᠰᠪᠦᠷᠢ ᠵᠦᠢᠯ᠎ᠢ ᠪᠣᠳᠠᠲᠠᠶ ᠬᠢᠬᠦ᠂ ᠤᠳᠠᠭ᠋ᠠᠨ ᠳᠠᠭ᠋ᠠᠭ᠋ᠠᠮᠠᠭ᠋ᠠᠶ ᠬᠢᠬᠦ ᠵᠢ ᠪᠠᠷᠢᠮᠲᠠᠯᠠᠵᠤ᠂ ᠭᠦᠨᠵᠡᠭᠡᠶ᠋ᠢᠷᠡᠭᠦᠯᠬᠦ᠂ ᠬᠤᠪᠢᠷᠠᠭᠤᠯᠬᠤ ᠳᠡᠭᠡᠷ᠎ᠡ ᠬᠦᠴᠦ ᠲᠠᠯᠪᠢᠵᠤ᠂ ᠪᠣᠳᠠᠲᠠᠶ᠋ᠢᠵᠢᠭᠤᠯᠬᠤ᠂ ᠨᠠᠷᠢᠯᠢᠭᠵᠢᠭᠤᠯᠬᠤ ᠳᠡᠭᠡᠷ᠎ᠡ ᠬᠦᠴᠦ ᠲᠠᠯᠪᠢᠵᠤ᠂ ᠴᠠᠭ ᠦᠶᠡᠴᠢ ᠴᠢᠨᠠᠷ᠂ ᠵᠢᠮ᠎ᠡ ᠶᠤᠰᠤᠴᠢ ᠴᠢᠨᠠᠷ᠂ ᠪᠦᠲᠦᠭᠡᠯᠴᠢ ᠴᠢᠨᠠᠷ᠎ᠢ ᠨᠠᠩ ᠰᠠᠶ᠋ᠢᠲᠤᠷ ᠢᠯᠡᠷᠡᠭᠦᠯᠬᠦ ᠬᠡᠷᠡᠭᠲᠡᠶ᠃ ᠪᠣᠳᠠᠲᠤ ᠪᠠᠶ᠋ᠢᠳᠠᠯ᠎ᠠᠴᠠ ᠡᠭᠦᠰᠬᠦ ᠵᠢ ᠪᠠᠷᠢᠮᠲᠠᠯᠠᠵᠤ᠂ ᠪᠣᠳᠠᠲᠠᠶ ᠵᠢ ᠡᠷᠬᠢᠮᠯᠡᠨ ᠠᠷᠪᠢᠯᠠᠨ ᠭᠠᠮᠨᠠᠵᠤ ᠰᠤᠷᠭ᠋ᠠᠨ ᠬᠥᠮᠦᠵᠢᠭᠦᠯᠬᠦ ᠪᠠ ᠵᠣᠬᠢᠶᠠᠨ ᠪᠠᠶ᠋ᠢᠭᠤᠯᠬᠤ ᠠᠵᠢᠯᠯᠠᠭ᠎ᠠ ᠵᠢ ᠥᠷᠨᠢᠭᠦᠯᠵᠦ᠂ ᠦᠨᠳᠦᠰᠦᠨ ᠱᠠᠲᠤ ᠪᠠ ᠣᠯᠠᠨ ᠲᠦᠮᠡᠨ᠎ᠤ ᠳᠠᠷᠤᠭ᠋ᠠᠰᠤ ᠵᠢ ᠬᠦᠩᠭᠡᠯᠡᠵᠤ᠂ ᠬᠡᠯᠪᠡᠷᠢ ᠵᠢᠨ ᠦᠵᠡᠯ᠂ ᠨᠣᠶᠠᠨᠴᠢ ᠰᠤᠷᠲᠠᠯ᠎ᠢ ᠡᠷᠡᠰ ᠡᠰᠡᠷᠭᠦᠴᠡᠨ᠎ᠡ᠃
      ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠲᠣᠰ ᠲᠣᠪᠴᠢ ᠵᠢ ᠦᠨᠳᠦᠰᠦᠯᠡᠨ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠡᠬᠡ ᠣᠷᠣᠨᠴᠢ ᠦᠵᠡᠯ᠎ᠤᠨ ᠬᠥᠮᠦᠵᠢᠯ᠎ᠤᠨ ᠡᠯ᠎ᠡ ᠵᠦᠢᠯ᠎ᠤᠨ ᠡᠭᠦᠷᠭᠡ ᠵᠢᠨ ᠱᠠᠭ᠋ᠠᠷᠳᠠᠯᠭ᠎ᠠ ᠵᠢ ᠪᠣᠳᠠᠲᠤ ᠭᠠᠵᠠᠷ᠎ᠲᠤᠨᠢ ᠨᠠᠶ᠋ᠢᠳᠠᠪᠤᠷᠢᠵᠢᠭᠤᠯᠬᠤ ᠵᠢ ᠦᠨᠡᠨᠬᠦ ᠪᠠᠲᠤᠯᠠᠬᠤ ᠬᠡᠷᠡᠭᠲᠡᠶ᠃
      ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ ᠴᠡᠷᠢᠭ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ ᠲᠤᠰ ᠬᠥᠲᠥᠯᠪᠦᠷᠢ ᠵᠢᠨ ᠶᠡᠷᠦᠩᠬᠡᠶ ᠱᠠᠭ᠋ᠠᠷᠳᠠᠯᠭ᠎ᠠ ᠶᠣᠰᠣᠭ᠋ᠠᠷ᠂ ᠴᠡᠷᠢᠭ ᠠᠩᠭᠢ ᠵᠢᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ ᠪᠣᠳᠠᠲᠠᠶ ᠲᠥᠯᠥᠪᠵᠢᠭᠦᠯᠪᠡ ᠲᠣᠭᠲᠠᠭ᠋ᠠᠵᠤ᠂ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠬᠦ ᠬᠡᠷᠡᠭᠲᠡᠶ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            