ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠂ ᠡᠯ᠎ᠡ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠤᠷᠳᠤᠨ᠂ ᠥᠪᠡᠷᠲᠡᠭᠡᠨ ᠵᠠᠰᠠᠬᠤ ᠤᠷᠤᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠎ᠳᠤ᠄
《ᠢᠨᠲ᠋ᠧᠷ ᠰᠥᠯᠵᠢᠶ᠎ᠡ + ᠵᠠᠰᠠᠭ᠎ᠤᠨ ᠶᠠᠪᠤᠳᠠᠯ᠎ᠤᠨ ᠥᠢ᠍ᠯᠡᠴᠢᠯᠡᠭᠡ》 ᠵᠢ ᠠᠬᠢᠭᠤᠯᠵᠦ᠂ ᠮᠡᠳᠡᠭᠡ ᠵᠠᠩᠭᠢ ᠵᠢ ᠬᠠᠮᠲᠤᠪᠡᠷ ᠭᠦᠷᠳᠡᠬᠦ ᠪᠠ ᠲᠤᠬᠠᠶ᠋ᠢᠯᠠᠭᠰᠠᠨ ᠠᠵᠢᠯ᠎ᠤᠨ ᠬᠠᠮᠵᠢᠯᠴᠠᠭ᠎ᠠ ᠵᠢ ᠠᠬᠢᠭᠤᠯᠬᠤ᠎ᠨᠢ ᠪᠠᠶ᠋ᠢᠭᠤᠯᠤᠯ᠎ᠤᠨ ᠰᠢᠨ᠎ᠡ ᠵᠢ ᠡᠭᠦᠳᠬᠦ᠂ ᠵᠠᠰᠠᠭ᠎ᠤᠨ ᠤᠷᠳᠤᠨ᠎ᠤ ᠥᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢᠨ ᠴᠢᠬᠤᠯᠠ ᠭᠠᠷᠳᠠᠴᠠ ᠪᠤᠯᠤᠨ᠎ᠠ᠃ 《〈ᠢᠨᠲ᠋ᠧᠷ ᠰᠥᠯᠵᠢᠶ᠎ᠡ + ᠵᠠᠰᠠᠭ᠎ᠤᠨ ᠶᠠᠪᠤᠳᠠᠯ᠎ᠤᠨ ᠥᠢ᠍ᠯᠡᠴᠢᠯᠡᠭᠡ〉 ᠵᠢᠨ ᠠᠵᠢᠯ᠎ᠢ ᠲᠥᠷᠭᠡᠳᠬᠡᠨ ᠠᠬᠢᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠵᠢᠯᠤᠭᠤᠳᠬᠤ ᠰᠠᠨᠠᠯ》 (ᠲᠦᠷᠦ ᠲᠠᠷᠬᠠᠭ᠋ᠠᠭᠰᠠᠨ [2016] 55 ᠳ᠋ᠤᠭ᠋ᠠᠷ ᠲᠤᠭ᠋ᠠᠲᠤ)᠎ᠤᠨ ᠵᠤᠷᠢᠭ ᠰᠠᠨᠠᠭ᠎ᠠ ᠵᠢ ᠭᠥᠨᠵᠡᠭᠡᠢ ᠲᠤᠤᠱᠯᠠᠭᠤᠯᠤᠨ᠂ ᠵᠠᠰᠠᠭ᠎ᠢ ᠴᠣᠮᠬᠠᠳᠬᠠᠨ ᠡᠷᠭᠡ ᠵᠢ ᠲᠤᠷᠤᠨᠨᠰᠢ ᠪᠠᠭᠤᠯᠭ᠋ᠠᠬᠤ᠂ ᠲᠤᠷᠤᠨᠨᠰᠢ ᠪᠠᠭᠤᠯᠭ᠋ᠠᠬᠤ ᠪᠡ ᠬᠠᠮᠢᠶᠠᠷᠬᠤ ᠵᠢ ᠤᠶᠠᠯᠳᠤᠭᠤᠯᠬᠤ᠂ ᠥᠢ᠍ᠯᠡᠴᠢᠯᠡᠭᠡ᠎ᠨᠢ ᠰᠢᠯᠢᠳᠡᠭᠵᠢᠭᠦᠯᠬᠦ ᠦᠭᠡᠷᠡᠴᠢᠯᠡᠯᠲᠡ ᠵᠢ ᠤᠯᠠᠮ ᠨᠢᠭᠡ ᠠᠯᠬᠤᠮ ᠭᠥᠨᠵᠡᠭᠡᠶ᠋ᠢᠷᠡᠭᠦᠯᠵᠤ᠂ ᠥᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠶᠠᠪᠤᠳᠠᠯ᠎ᠤᠨ ᠥᠢ᠍ᠯᠡᠴᠢᠯᠡᠭᠡᠨ᠎ᠤ ᠨᠢᠭᠡᠳᠥᠯᠲᠠᠢ ᠰᠢᠰᠲ᠋ᠧᠮᠵᠢ ᠵᠢ ᠡᠮᠬᠢᠯᠡᠨ ᠨᠡᠶ᠋ᠢᠯᠡᠭᠦᠯᠵᠦ ᠪᠣᠢ ᠪᠣᠯᠭ᠋ᠠᠨ᠂ ᠰᠠᠯᠠᠭ᠎ᠠ ᠮᠥᠴᠢᠷ᠎ᠤᠨ ᠬᠤᠭᠤᠷᠤᠨᠳᠥᠬᠢ ᠲᠤᠬᠠᠶ᠋ᠢᠯᠠᠭᠰᠠᠨ ᠠᠵᠢᠯ᠎ᠤᠨ ᠬᠠᠮᠵᠢᠯᠴᠠᠭ᠎ᠠ ᠵᠢᠴᠢ ᠭᠠᠵᠠᠷ ᠤᠷᠤᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠳ᠋ᠠᠶ᠋ᠢᠲ᠋ᠠ ᠵᠢ ᠬᠠᠮᠲᠤ᠎ᠪᠠᠷ ᠭᠦᠷᠳᠡᠬᠦ ᠵᠢ ᠠᠬᠢᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠶᠠᠰᠤ ᠴᠢᠨᠠᠷ ᠬᠢᠭᠡᠳ ᠪᠤᠳᠠᠳᠤ ᠦᠷ᠎ᠡ ᠪᠥᠲᠥᠮᠵᠢ ᠵᠢ ᠥᠨᠡᠨᠬᠦ ᠳᠡᠭᠡᠭᠰᠢᠯᠡᠭᠦᠯᠬᠦ ᠵᠢᠨ ᠲᠤᠰᠠᠲᠠ᠂ ᠡᠳᠥᠭᠡ ᠳᠤᠤᠷᠠᠬᠢ ᠮᠡᠳᠥ ᠰᠠᠨᠠᠯ᠎ᠢ ᠳᠤᠷᠠᠳᠪᠠ᠃
ᠨᠢᠭᠡ᠂ ᠶᠡᠷᠥᠩᠬᠡᠢ ᠱᠠᠭ᠋ᠠᠷᠳᠠᠯᠭ᠎ᠠ
(ᠨᠢᠭᠡ) ᠵᠢᠯᠤᠭᠤᠳᠬᠤ ᠥᠵᠡᠯ ᠰᠠᠨᠠᠭ᠎ᠠ᠃
ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ ᠵᠢᠴᠢ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠦᠪ ᠬᠤᠷᠢᠶ᠎ᠠ ᠵᠢᠨ ᠭᠤᠷᠪᠠᠳᠤᠭ᠋ᠠᠷ᠂ ᠲᠥᠷᠪᠡᠳᠥᠭᠡᠷ᠂ ᠲᠠᠪᠤᠳᠤᠭ᠋ᠠᠷ᠂ ᠵᠢᠷᠭᠤᠳᠤᠭ᠋ᠠᠷ ᠪᠥᠬᠦᠳᠡ ᠬᠤᠷᠠᠯ ᠪᠤᠯᠤᠨ ᠥᠪᠡᠷᠲᠡᠭᠡᠨ ᠵᠠᠰᠠᠬᠤ ᠤᠷᠤᠨ᠎ᠤ ᠠᠷᠪᠠᠳᠤᠭ᠋ᠠᠷ ᠤᠳᠠᠭ᠋ᠠᠨ᠎ᠤ ᠨᠠᠮ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠵᠤᠷᠢᠭ ᠰᠠᠨᠠᠭ᠎ᠠ ᠵᠢ ᠪᠥᠭᠦ ᠲᠠᠯ᠎ᠠ᠎ᠪᠠᠷ ᠲᠤᠤᠱᠯᠠᠭᠤᠯᠤᠨ᠂ ᠶᠡᠷᠥᠩᠬᠡᠢ ᠱᠥᠵᠢ ᠰᠢ ᠵᠢᠨ ᠫᠢᠩ᠎ᠤᠨ ᠠᠯᠢ ᠤᠯᠠᠨ ᠴᠢᠬᠤᠯᠠ ᠶᠠᠷᠢᠶ᠎ᠠ ᠵᠢᠨ ᠵᠤᠷᠢᠭ ᠰᠠᠨᠠᠭ᠎ᠠ ᠪᠠ ᠤᠯᠤᠰ᠎ᠢ ᠵᠠᠰᠠᠵᠤ ᠵᠠᠰᠠᠭ ᠪᠠᠷᠢᠬᠤ ᠰᠢᠨ᠎ᠡ ᠣᠨᠣᠯᠵᠢᠬᠤᠨ ᠰᠢᠨ᠎ᠡ ᠥᠵᠡᠯ ᠰᠠᠨᠠᠭ᠎ᠠ ᠰᠢᠨ᠎ᠡ ᠪᠠᠶ᠋ᠢᠯᠳᠤᠬᠤ ᠪᠤᠳᠤᠯᠭ᠎ᠠ ᠵᠢ ᠭᠥᠨᠵᠡᠭᠡᠢ ᠰᠤᠷᠤᠯᠴᠠᠵᠤ᠂ ᠶᠡᠷᠥᠩᠬᠡᠢ ᠱᠥᠵᠢ ᠰᠢ ᠵᠢᠨ ᠫᠢᠩ᠎ᠤᠨ ᠥᠪᠥᠷ ᠮᠤᠩᠭᠤᠯ᠎ᠢ ᠰᠢᠨᠵᠢᠯᠡᠨ ᠪᠠᠶ᠋ᠢᠴᠠᠭ᠋ᠠᠬᠤ᠎ᠳᠠᠭᠠᠨ ᠶᠠᠷᠢᠨᠨᠰᠠᠨ ᠴᠢᠬᠤᠯᠠ ᠶᠠᠷᠢᠶ᠎ᠠ ᠵᠢᠨ ᠵᠤᠷᠢᠭ ᠰᠠᠨᠠᠭ᠎ᠠ ᠵᠢ ᠪᠥᠬᠦ ᠲᠡᠯ᠎ᠠ᠎ᠪᠠᠷ ᠨᠠᠶ᠋ᠢᠳᠠᠪᠤᠷᠢᠵᠢᠭᠤᠯᠤᠨ᠂ 《ᠲᠠᠪᠤ ᠵᠢ ᠨᠢᠭᠡ ᠴᠤᠭᠴᠠᠵᠢᠭᠤᠯᠬᠤ》 ᠶᠡᠷᠥᠩᠬᠡᠢ ᠪᠠᠶ᠋ᠢᠷᠢᠰᠢᠭᠤᠯᠤᠯᠳᠠ ᠬᠢᠬᠡᠳ 《ᠳᠥᠷᠪᠡᠨ ᠪᠥᠬᠦ ᠲᠠᠯ᠎ᠠ》 ᠵᠢᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠰᠢᠭᠤᠯᠤᠯᠳᠠ ᠶᠤᠰᠤᠭ᠋ᠠᠷ᠂ ᠰᠢᠨ᠎ᠡ ᠵᠢ ᠡᠭᠦᠳᠬᠦ᠂ ᠵᠣᠬᠢᠴᠠᠩᠭᠤᠢ᠂ ᠪᠤᠬᠢᠷᠳᠤᠯ ᠥᠭᠡᠢ᠂ ᠨᠡᠭᠡᠭᠡᠯᠲᠡ᠎ᠲᠠᠢ᠂ ᠬᠠᠮᠲᠤᠪᠡᠷ ᠭᠦᠷᠳᠡᠬᠦ ᠬᠥᠭᠵᠢᠯᠲᠡ ᠵᠢᠨ ᠣᠨᠣᠯᠵᠢᠬᠤᠨ᠎ᠢ ᠪᠠᠲᠤ ᠪᠠᠬᠢ ᠪᠤᠢ ᠪᠤᠯᠭ᠋ᠠᠨ᠂ ᠲᠥᠷᠥ ᠲᠠᠷᠬᠠᠭ᠋ᠠᠭᠰᠠᠨ 55 ᠳ᠋ᠤᠭ᠋ᠠᠷ ᠲᠣᠭ᠋ᠠᠲᠦ ᠪᠢᠴᠢᠭ ᠮᠠᠲ᠋ᠧᠷᠢᠶᠠᠯ᠎ᠤᠨ ᠵᠤᠷᠢᠭ ᠰᠠᠨᠠᠭ᠎ᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠤᠳᠤ ᠵᠢᠨ ᠪᠠᠶ᠋ᠢᠭ᠎ᠠ ᠡᠯᠧᠺᠲᠷᠣᠨ ᠵᠠᠰᠠᠭ᠎ᠤᠨ ᠶᠠᠪᠤᠳᠠᠯ᠎ᠤᠨ ᠰᠠᠭᠤᠷᠢ ᠪᠡᠯᠡᠳᠭᠡᠮᠵᠢ ᠵᠢᠨ ᠬᠡᠷᠡᠭᠯᠡᠯᠲᠡ ᠵᠢᠨ ᠦᠷ᠎ᠡ ᠪᠥᠲᠥᠮᠵᠢ ᠵᠢ ᠳᠡᠭᠡᠭᠰᠢᠯᠡᠭᠦᠯᠬᠦ᠂ ᠮᠡᠳᠡᠭᠡ ᠵᠠᠩᠬᠢ ᠵᠢᠨ ᠡᠬᠢ ᠪᠠᠶᠠᠯᠢᠭ᠎ᠢ ᠬᠠᠮᠳᠤ᠎ᠪᠠᠷ ᠭᠦᠷᠳᠡᠨ ᠠᠰᠢᠭᠯᠠᠬᠤ ᠵᠢ ᠠᠬᠢᠭᠤᠯᠬᠤ᠎ᠪᠠᠷ ᠭᠤᠤᠯ ᠵᠤᠷᠢᠯᠭ᠎ᠠ ᠪᠤᠯᠭ᠋ᠠᠵᠤ᠂ ᠵᠠᠰᠠᠭ᠎ᠤᠨ ᠤᠷᠳᠤᠨ᠎ᠤ ᠡᠭᠦᠷᠭᠡ ᠲᠤᠰᠢᠶᠠᠯ ᠵᠶ᠋ᠠᠨ ᠭᠥᠢ᠍ᠴᠡᠳᠬᠡᠬᠦ ᠬᠡᠷᠡᠭᠴᠡᠭᠡ ᠱᠠᠭ᠋ᠠᠷᠳᠠᠯᠭ᠎ᠠ ᠪᠠ ᠠᠷᠠᠳ ᠤᠯᠠᠨ᠎ᠳᠤ ᠥᠢ᠍ᠯᠡᠴᠢᠯᠡᠬᠦ ᠬᠡᠷᠡᠭᠴᠡᠭᠡ ᠱᠠᠭ᠋ᠠᠷᠳᠠᠯᠭ᠎ᠠ ᠵᠢᠨ ᠲᠤᠭᠤᠷᠢᠨ᠎ᠳᠤ᠂ ᠥᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ ᠪᠤᠯᠤᠨ ᠥᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠰᠢᠰᠲ᠋ᠧᠮ᠎ᠤᠨ ᠠᠵᠢᠯᠯᠠᠬᠤ ᠲᠤᠬᠠᠶ᠋ᠢᠯᠠᠭᠰᠠᠨ ᠠᠵᠢᠯ᠎ᠤᠨ ᠲᠠᠪᠴᠠᠩ᠎ᠢ ᠪᠥᠬᠦ ᠬᠥᠴᠥᠨ ᠵᠶ᠋ᠠᠷ ᠵᠶ᠋ᠠᠨ ᠪᠤᠢ ᠪᠤᠯᠭ᠋ᠠᠨ᠂ ᠪᠥᠬᠦ ᠤᠷᠤᠨ᠎ᠤ ᠨᠢᠭᠡᠲᠥᠯᠲᠡᠢ ᠰᠥᠯᠵᠢᠶ᠎ᠡ ᠵᠢᠨ ᠰᠢᠰᠲ᠋ᠧᠮᠵᠢ ᠵᠢ ᠬᠢᠨᠠᠮᠠᠭ᠋ᠠᠢ ᠪᠠᠶ᠋ᠢᠭᠤᠯᠵᠤ᠂ ᠥᠪᠡᠷᠲᠡᠭᠡᠨ ᠵᠠᠰᠠᠬᠤ ᠤᠷᠤᠨ᠎ᠤ ᠨᠢᠭᠡᠲᠥᠯᠲᠡᠢ ᠵᠠᠰᠠᠭ᠎ᠤᠨ ᠶᠠᠪᠤᠳᠠᠯ᠎ᠤᠨ ᠲᠤᠮᠤ ᠳ᠋ᠠᠶ᠋ᠢᠲ᠋ᠠ ᠵᠢᠨ ᠲᠥᠪ᠎ᠤᠨ ᠪᠠᠶ᠋ᠢᠭᠤᠯᠤᠯᠲᠠ ᠵᠢ ᠢᠳᠡᠪᠬᠢᠲᠡᠢ᠎ᠪᠠᠷ ᠠᠬᠢᠭᠤᠯᠤᠨ᠎ᠠ᠃ ᠬᠠᠮᠢᠶ᠎ᠠ ᠪᠥᠬᠦᠢ ᠬᠠᠤᠯᠢ ᠲᠤᠭᠲᠠᠭ᠋ᠠᠯ ᠳᠦᠷᠢᠮ ᠪᠠ ᠪᠠᠷᠢᠮᠵᠢᠶ᠎ᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠥᠨ᠂ ᠳ᠋ᠠᠶ᠋ᠢᠲ᠋ᠠ ᠵᠢ ᠬᠠᠮᠲᠤ᠎ᠪᠠᠷ ᠭᠦᠷᠳᠡᠬᠦ ᠵᠢ ᠠᠬᠢᠭᠤᠯᠵᠦ᠂ ᠮᠡᠳᠡᠭᠡ ᠵᠠᠩᠬᠢ ᠵᠢᠨ ᠲᠤᠰᠠᠭ᠋ᠠᠷᠯᠠᠯᠢ ᠡᠪᠳᠡᠨ᠂ ᠢᠯᠡ ᠲᠤᠳᠤ ᠥᠢ᠍ᠯᠡᠴᠢᠯᠡᠭᠡ᠎ᠨᠢ ᠬᠡᠷᠡᠭᠵᠢᠬᠦᠯᠵᠦ᠂ ᠳᠥᠷᠢᠮ᠎ᠤᠨ ᠴᠢᠨᠠᠷᠳᠠᠢ ᠠᠷᠠᠯᠵᠢᠶ᠎ᠠ ᠵᠢᠨ ᠦᠪᠡᠷ᠎ᠤᠨ ᠦᠷᠲᠡᠭ᠎ᠢ ᠪᠠᠭᠤᠷᠠᠭᠤᠯᠤᠨ᠂ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ᠎ᠢ ᠰᠠᠶ᠋ᠢᠵᠢᠷᠠᠭᠤᠯᠵᠤ᠂ ᠰᠥᠯᠵᠢᠶ᠎ᠡ ᠵᠢᠨ ᠡᠬᠢ ᠪᠠᠶᠠᠯᠢᠭ᠂ ᠬᠡᠷᠡᠭᠯᠡᠯᠲᠡ ᠵᠢᠨ ᠲᠠᠪᠴᠠᠩ᠂ ᠮᠡᠷᠭᠡᠵᠢᠯ᠎ᠤᠨ ᠬᠥᠴᠥᠨ ᠵᠡᠷᠭᠡ ᠪᠦᠲᠥᠭᠡᠨ ᠪᠠᠶ᠋ᠢᠭᠤᠯᠤᠯᠲᠠ ᠵᠢᠨ ᠬᠦᠴᠥᠨ ᠵᠦᠢ᠍ᠯ᠎ᠢ ᠨᠢᠭᠡᠲᠥᠯᠲᠡᠢ ᠲᠥᠯᠥᠪᠵᠢᠭᠦᠯᠥᠨ᠂ ᠡᠬᠢ ᠪᠠᠶᠠᠯᠢᠭ᠎ᠤᠨ ᠲᠤᠬᠢᠷᠠᠭᠤᠯᠤᠯᠲᠠ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠰᠢᠯᠢᠳᠡᠭᠵᠢᠭᠦᠯᠵᠤ᠂ ᠬᠠᠮᠤᠭ᠎ᠤᠨ ᠶᠡᠭᠡ ᠬᠡᠮᠵᠢᠶ᠎ᠡ᠎ᠪᠠᠷ ᠠᠵᠤ ᠠᠬᠤᠶ᠋ᠢᠯᠠᠯ᠎ᠳᠤ ᠠᠰᠢᠭ ᠭᠥᠷᠲᠡᠭᠡᠨ ᠠᠷᠠᠳ᠎ᠲᠤ ᠳᠦᠭᠦᠮ ᠦᠵᠡᠭᠦᠯᠵᠦ᠂ ᠠᠵᠤ ᠠᠬᠤᠶ᠋ᠢᠯᠠᠯ ᠪᠡ ᠤᠯᠠᠨ ᠲᠥᠮᠡᠨ᠎ᠢ ᠲᠤᠲᠠᠭᠤ ᠵᠦᠳᠡᠬᠡᠬᠦ᠂ ᠠᠵᠢᠯ ᠬᠡᠷᠡᠭ᠎ᠢ᠎ᠨᠢ ᠰᠠᠶ᠋ᠢᠳᠤᠷ ᠰᠶ᠋ᠢᠳᠪᠦᠷᠢᠯᠡᠨ ᠦᠭᠴᠤ᠂ ᠬᠠᠷᠰᠢ ᠰᠠᠭ᠋ᠠᠳ ᠤᠴᠠᠷᠠᠭᠤᠯᠬᠤ ᠥᠭᠡᠢ ᠪᠠᠶ᠋ᠢᠯᠭ᠋ᠠᠨ᠂ 《ᠢᠨᠲ᠋ᠧᠷ ᠰᠥᠯᠵᠢᠶ᠎ᠡ + ᠵᠠᠰᠠᠭ᠎ᠤᠨ ᠶᠠᠪᠤᠳᠠᠯ᠎ᠤᠨ ᠥᠢ᠍ᠯᠡᠴᠢᠯᠡᠭᠡ》 ᠵᠢᠨ ᠥᠷ᠎ᠡ ᠪᠦᠲᠥᠭᠡᠯᠢ ᠬᠠᠮᠳᠤᠪᠡᠷ ᠭᠦᠷᠳᠡᠵᠦ᠂ ᠤᠬᠠᠭ᠋ᠠᠯᠢᠭ ᠥᠪᠥᠷ ᠮᠤᠩᠭᠤᠯ᠎ᠤᠨ ᠪᠦᠳᠦᠬᠡᠨ ᠪᠠᠶ᠋ᠢᠭᠤᠯᠤᠯᠲᠠ ᠵᠢ ᠬᠥᠴᠥᠯᠡᠨ ᠠᠬᠢᠭᠤᠯᠵᠦ᠂ ᠬᠠᠤᠯᠢ᠎ᠪᠠᠷ ᠵᠠᠰᠠᠬᠤ ᠵᠠᠰᠠᠭ᠎ᠤᠨ ᠤᠷᠳᠤᠨ᠂ ᠰᠢᠨ᠎ᠡ ᠵᠢ ᠡᠭᠦᠳᠬᠦ ᠵᠠᠰᠠᠭ᠎ᠤᠨ ᠤᠷᠳᠤᠨ᠂ ᠠᠷᠢᠭᠤᠨ ᠴᠢᠭᠡᠴᠢ ᠵᠠᠰᠠᠭ᠎ᠤᠨ ᠤᠷᠳᠤᠨ ᠪᠠ ᠥᠢ᠍ᠯᠡᠴᠢᠯᠡᠭᠡᠨ᠎ᠤ ᠬᠡᠯᠪᠡᠷᠢ ᠵᠢᠨ ᠵᠠᠰᠠᠭ᠎ᠤᠨ ᠤᠷᠳᠤᠨ᠎ᠤ ᠪᠠᠶ᠋ᠢᠭᠤᠯᠤᠯᠲᠠ ᠵᠢ ᠪᠥᠲᠥᠮᠵᠢᠲᠡᠢ᠎ᠪᠠᠷ ᠠᠬᠢᠭᠤᠯᠤᠨ᠎ᠠ᠃
(ᠬᠤᠶᠠᠷ) ᠥᠨᠳᠥᠰᠥᠨ ᠵᠠᠷᠴᠢᠮ᠃
— ᠦᠵᠦ ᠵᠢᠷᠤᠭ ᠲᠦᠯᠦᠪᠯᠡᠭᠡ ᠬᠢᠵᠦ᠂ ᠨᠢᠬᠡᠳᠬᠡᠬᠦ ᠪᠠ ᠰᠠᠯᠭ᠋ᠠᠬᠤ ᠵᠢ ᠤᠶᠠᠯᠳᠤᠭᠤᠯᠤᠨ᠎ᠠ᠃ 《ᠢᠨᠲ᠋ᠧᠷ ᠰᠥᠯᠵᠢᠶ᠎ᠡ + ᠵᠠᠰᠠᠭ᠎ᠤᠨ ᠶᠠᠪᠤᠳᠠᠯ᠎ᠤᠨ ᠥᠢ᠍ᠯᠡᠴᠢᠯᠡᠭᠡ》 ᠵᠢ ᠠᠬᠢᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠶᠡᠷᠥᠩᠬᠡᠢ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠶᠤᠰᠤᠭ᠋ᠠᠷ᠂ 《ᠪᠠᠭᠤᠯᠭ᠋ᠠᠬᠤ ᠬᠠᠮᠢᠶᠠᠷᠬᠤ ᠥᠢ᠍ᠯᠡᠴᠢᠯᠡᠬᠦ》 ᠥᠭᠡᠷᠡᠴᠢᠯᠡᠯᠲᠠ ᠵᠢᠨ ᠡᠯ᠎ᠡ ᠵᠥᠢ᠍ᠯ᠎ᠤᠨ ᠡᠭᠦᠷᠭᠡ᠎ᠯᠦᠭᠡ ᠤᠶᠠᠯᠳᠤᠭᠤᠯᠤᠨ᠂ ᠵᠠᠰᠠᠭ᠎ᠤᠨ ᠶᠠᠪᠤᠳᠠᠯ᠎ᠤᠨ ᠥᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠪᠠ ᠡᠯᠧᠺᠲᠷᠣᠨ ᠵᠠᠰᠠᠭ᠎ᠤᠨ ᠶᠠᠪᠤᠳᠠᠯ᠎ᠤᠨ ᠭᠥᠭᠵᠢᠯᠲᠡ ᠵᠢᠨ ᠲᠣᠭᠤᠷᠢᠨ᠎ᠳᠤ ᠪᠠᠶ᠋ᠢᠷᠢᠰᠢᠭᠤᠯᠤᠯᠲᠠ ᠬᠢᠵᠦ᠂ ᠪᠠᠶ᠋ᠢᠯᠳᠤᠬᠤ ᠪᠤᠳᠤᠯᠭ᠎ᠠ᠂ ᠲᠤᠬᠠᠶ᠋ᠢᠯᠠᠭᠰᠠᠨ ᠠᠵᠢᠯ ᠪᠠ ᠵᠤᠬᠢᠶᠠᠨ ᠪᠠᠶ᠋ᠢᠭᠤᠯᠤᠯᠲᠠ ᠵᠢᠨ ᠲᠠᠯ᠎ᠠ᠎ᠪᠠᠷ ᠵᠠᠰᠠᠭ᠎ᠤᠨ ᠶᠠᠪᠤᠳᠠᠯ᠎ᠤᠨ ᠡᠬᠢ ᠪᠠᠶᠠᠯᠢᠭ᠎ᠢ ᠳᠠᠬᠢᠨ ᠪᠠᠶ᠋ᠢᠭᠤᠯᠤᠨ᠎ᠠ᠃ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ 《ᠢᠨᠲ᠋ᠧᠷ ᠰᠥᠯᠵᠢᠶ᠎ᠡ + ᠵᠠᠰᠠᠭ᠎ᠤᠨ ᠶᠠᠪᠤᠳᠠᠯ᠎ᠤᠨ ᠥᠢ᠍ᠯᠡᠴᠢᠯᠡᠭᠡ》 ᠵᠢᠨ ᠮᠡᠷᠭᠡᠵᠢᠯ᠎ᠤᠨ ᠰᠢᠰᠲ᠋ᠧᠮᠵᠢ ᠵᠢᠨ ᠪᠠᠶ᠋ᠢᠭᠤᠯᠤᠯᠲᠠ ᠵᠢᠨ ᠵᠥᠭᠯᠡᠭᠦᠷᠢ ᠥᠨᠳᠥᠰᠥᠯᠡᠨ᠂ ᠪᠥᠬᠦ ᠤᠷᠤᠨ᠎ᠤ ᠡᠯᠧᠺᠲᠷᠣᠨ ᠵᠠᠰᠠᠭ᠎ᠤᠨ ᠶᠠᠪᠤᠳᠠᠯ᠎ᠢ 《ᠪᠦᠭᠦᠨ ᠵᠶ᠋ᠠᠷ ᠵᠶ᠋ᠠᠨ ᠵᠤᠬᠢᠴᠠᠯᠳᠤᠨ ᠦᠢ᠍ᠯᠡᠴᠢᠯᠡᠬᠦ》᠂ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠤᠬᠢᠷᠠᠭᠤᠯᠬᠤ ᠱᠠᠭ᠋ᠠᠷᠳᠠᠯᠭ᠎ᠠ᠎ᠪᠠᠷ ᠡᠯ᠎ᠡ ᠠᠶ᠋ᠢᠮᠠᠭ ᠬᠤᠲᠠ᠂ ᠡᠯ᠎ᠡ ᠰᠠᠯᠠᠭ᠎ᠠ ᠮᠥᠴᠢᠷ᠎ᠨᠢ ᠨᠢᠭᠡᠳᠥᠯᠲᠡᠢ ᠵᠢᠷᠤᠭ ᠲᠦᠯᠦᠪᠯᠡᠭᠡ ᠪᠠ ᠪᠠᠷᠢᠮᠵᠢᠶ᠎ᠠ ᠶᠣᠰᠤᠭ᠋ᠠᠷ ᠱᠠᠳᠤ ᠪᠠ ᠳᠠᠪᠬᠤᠷᠭ᠎ᠠ ᠬᠤᠪᠢᠶᠠᠨ ᠬᠡᠷᠡᠭᠵᠢᠬᠦᠯᠵᠦ᠂ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠯᠳᠡ᠂ ᠡᠯᠧᠺᠲᠷᠣᠨ ᠬᠢᠨᠠᠨ ᠪᠠᠶ᠋ᠢᠴᠠᠭ᠋ᠠᠯᠳᠠ᠂ ᠠᠷᠠᠳ᠎ᠲᠤ ᠳᠥᠭᠦᠮ ᠥᠵᠡᠭᠦᠯᠬᠦ ᠥᠢ᠍ᠯᠡᠴᠢᠯᠡᠭᠡ᠂ ᠵᠠᠭᠤᠴᠢ ᠥᠢ᠍ᠯᠡᠴᠢᠯᠡᠭᠡ ᠵᠡᠷᠭᠡ ᠵᠠᠰᠠᠭ᠎ᠤᠨ ᠶᠠᠪᠤᠳᠠᠯ᠎ᠤᠨ ᠥᠢ᠍ᠯᠡᠴᠢᠯᠡᠭᠡᠨ᠎ᠤ ᠵᠦᠢ᠍ᠯᠡᠰ᠎ᠤᠨ ᠰᠥᠯᠵᠢᠶ᠎ᠡ᠎ᠪᠠᠷ ᠭᠥᠢ᠍ᠴᠡᠳᠬᠡᠭᠦ ᠨᠡᠪᠲᠡᠷᠡᠯ ᠵᠠᠮ ᠪᠠ ᠠᠵᠢᠯᠯᠠᠭ᠋ᠠᠨ᠎ᠤ ᠳ᠋ᠠᠶ᠋ᠢᠲ᠋ᠠ ᠵᠢ ᠱᠠᠲᠦ ᠳᠠᠷᠠᠭ᠋ᠠᠯᠠᠨ ᠵᠠᠯᠭ᠋ᠠᠵᠦ ᠣᠷᠣᠭᠤᠯᠤᠨ᠂ ᠪᠥᠬᠦ ᠤᠷᠤᠨ ᠵᠶ᠋ᠠᠷ ᠵᠶ᠋ᠠᠨ 《ᠨᠢᠭᠡ ᠰᠦᠯᠵᠢᠶ᠎ᠡ》᠎ᠪᠠᠷ ᠬᠤᠯᠪᠤᠭ᠋ᠠᠯᠠᠨ ᠭᠦᠳᠡᠯᠦᠯᠴᠡᠬᠦ ᠠᠵᠢᠯᠯᠠᠭ᠋ᠠᠨ᠎ᠢ ᠠᠬᠢᠭᠤᠯᠤᠨ᠎ᠠ᠃
— ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠵᠦ᠂ ᠠᠯᠬᠤᠮ ᠬᠤᠪᠢᠶᠠᠨ ᠠᠬᠢᠭᠤᠯᠤᠨ᠎ᠠ᠃ ᠵᠠᠰᠠᠭ᠎ᠤᠨ ᠶᠠᠪᠤᠳᠠᠯ᠎ᠤᠨ ᠥᠢ᠍ᠯᠡᠴᠢᠯᠡᠭᠡᠨᠳᠠᠬᠢ ᠭᠠᠵᠠᠷ ᠤᠷᠤᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠬᠥᠷᠢᠶ᠎ᠡ ᠴᠠᠷᠠᠭ᠎ᠠ ᠠᠯᠤᠰᠯᠠᠭᠰᠠᠨ ᠰᠠᠭᠤᠷᠢ ᠴᠢᠨᠠᠷᠲᠠᠢ᠂ ᠨᠡᠶ᠋ᠢᠳᠡᠮ᠎ᠤᠨ ᠴᠢᠨᠠᠷᠲᠠᠢ᠂ ᠪᠥᠬᠦ ᠲᠠᠯ᠎ᠠ ᠵᠢᠨ ᠴᠢᠨᠠᠷᠲᠠᠢ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠥᠨ᠎ᠡ᠃ ᠠᠵᠤ ᠠᠬᠤᠶ᠋ᠢᠯᠠᠯ ᠪᠠ ᠤᠯᠠᠨ ᠨᠡᠶ᠋ᠢᠲᠡ ᠵᠢᠨ ᠪᠤᠳᠠᠲᠠᠢ ᠬᠡᠷᠡᠭᠴᠡᠭᠡ ᠱᠠᠭ᠋ᠠᠷᠳᠠᠯᠭ᠎ᠠ ᠵᠢᠨ ᠲᠤᠭᠤᠷᠢᠨ᠎ᠳᠤ᠂ ᠠᠷᠠᠳ ᠤᠯᠠᠨ᠎ᠤ ᠲᠤᠰᠬᠠᠯ ᠴᠢᠩᠭ᠎ᠠ ᠪᠠᠶ᠋ᠢᠭ᠎ᠠ ᠠᠵᠢᠯ ᠶᠠᠪᠤᠳᠠᠯ᠎ᠢ ᠭᠦᠢ᠍ᠴᠡᠳᠬᠡᠬᠦ᠎ᠨᠢ ᠭᠦᠴᠢᠷᠳᠡᠢ ᠪᠠᠶ᠋ᠢᠬᠤ᠂ ᠠᠵᠢᠯ ᠶᠠᠪᠤᠳᠠᠯ᠎ᠢ ᠭᠦᠢ᠍ᠴᠡᠳᠬᠡᠬᠦ᠎ᠨᠢ ᠤᠳᠠᠭ᠋ᠠᠨ ᠪᠠᠶ᠋ᠢᠬᠤ᠂ ᠠᠵᠢᠯ ᠶᠠᠪᠤᠳᠠᠯ᠎ᠢ ᠭᠦᠢ᠍ᠴᠡᠳᠬᠡᠬᠦ᠎ᠨᠢ ᠶᠠᠷᠰᠢᠭᠲᠠᠢ ᠪᠠᠶ᠋ᠢᠬᠤ ᠵᠡᠷᠭᠡ ᠠᠰᠠᠭᠤᠳᠠᠯ᠎ᠢ ᠰᠢᠢ᠍ᠳᠪᠥᠷᠢᠯᠡᠬᠦ᠎ᠠᠴᠠ ᠭᠠᠷᠳᠠᠨ᠂ ᠠᠵᠢᠯ ᠶᠠᠪᠤᠳᠠᠯ᠎ᠢ ᠭᠦᠢ᠍ᠴᠡᠳᠬᠡᠬᠦ ᠴᠤᠪᠤᠷᠠᠯ᠎ᠢ ᠲᠥᠭᠦᠮᠴᠢᠯᠡᠨ ᠰᠢᠯᠢᠳᠡᠭᠵᠢᠭᠦᠯᠵᠥ᠂ ᠰᠦᠯᠵᠢᠶᠡᠨ ᠲᠡᠬᠡᠷᠡᠬᠢ ᠪᠡ ᠰᠦᠯᠵᠢᠶᠡᠨ᠎ᠤ ᠭᠠᠳᠠᠭᠤᠷᠬᠢ ᠠᠭᠤᠰᠤᠯᠴᠠᠯ᠎ᠢ ᠠᠬᠢᠭᠤᠯᠵᠦ᠂ ᠵᠠᠮ ᠮᠦᠷ ᠤᠯᠠᠨ ᠶᠠᠩᠵᠤ ᠵᠢᠨ ᠪᠠ ᠳᠥᠭᠦᠮ ᠲᠦᠳᠡ ᠬᠡᠷᠡᠭᠯᠡᠬᠦ᠎ᠳᠤ ᠬᠢᠯᠪᠠᠷ ᠵᠠᠰᠠᠭ᠎ᠤᠨ ᠶᠠᠪᠤᠳᠠᠯ᠎ᠤᠨ ᠥᠢ᠍ᠯᠡᠴᠢᠯᠡᠭᠡ ᠬᠠᠩᠭ᠋ᠠᠨ᠎ᠠ᠃ ᠦᠢ᠍ᠯᠡᠴᠢᠯᠡᠬᠦᠯᠬᠦ ᠡᠲᠡᠭᠡᠳ ᠵᠶ᠋ᠠᠷ ᠭᠤᠤᠯ ᠪᠤᠯᠭ᠋ᠠᠨ᠂ ᠵᠠᠰᠠᠭ᠎ᠤᠨ ᠶᠠᠪᠤᠳᠠᠯ᠎ᠤᠨ ᠥᠢ᠍ᠯᠡᠴᠢᠯᠡᠭᠡᠨ᠎ᠤ ᠵᠢᠷᠤᠭ ᠲᠦᠯᠦᠪᠯᠡᠭᠡ ᠵᠢ ᠰᠢᠯᠢᠳᠡᠭᠵᠢᠭᠦᠯᠵᠤ᠂ ᠠᠵᠢᠯ᠎ᠤᠨ ᠲᠤᠭᠲᠠᠴᠠ ᠵᠢ ᠲᠡᠭᠦᠯᠳᠡᠷᠵᠢᠭᠦᠯᠥᠨ᠂ ᠮᠡᠳᠡᠭᠡ ᠵᠠᠩᠬᠢ ᠵᠢᠨ ᠬᠤᠷᠢᠭ᠎ᠠ ᠵᠢ ᠨᠡᠪᠲᠡᠷᠡᠭᠦᠯᠵᠤ᠂ ᠨᠢᠬᠡ᠎ᠨᠢ ᠨᠦᠭᠦᠴᠡᠯ ᠪᠦᠷᠢᠯᠳᠦᠬᠦᠯᠪᠡᠯ᠂ ᠲᠡᠭᠦᠨ᠎ᠢ᠎ᠨᠢ ᠲᠠᠨᠢᠯᠴᠠᠭᠤᠯᠤᠨ ᠭᠠᠷᠭ᠋ᠠᠵᠦ ᠬᠡᠷᠡᠭᠵᠢᠭᠦᠯᠦᠨ᠎ᠡ᠃
— ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠬᠠᠮᠲᠤ᠎ᠪᠠᠷ ᠭᠦᠷᠳᠡᠵᠦ ᠬᠠᠮᠵᠢᠯᠴᠠᠨ᠎ᠠ᠃ ᠨᠢᠭᠡᠨᠲᠠ ᠪᠠᠶ᠋ᠢᠭ᠎ᠠ ᠡᠬᠢ ᠪᠠᠶᠠᠯᠢᠭ᠎ᠤᠨ ᠪᠡᠯᠡᠳᠭᠡᠮᠵᠢ ᠵᠢ ᠭᠥᠢ᠍ᠴᠡᠳ ᠠᠰᠢᠭᠯᠠᠨ᠂ ᠡᠷᠴᠢᠮᠵᠢᠭᠦᠯᠥᠨ ᠪᠦᠲᠥᠭᠡᠨ ᠪᠠᠶ᠋ᠢᠭᠤᠯᠬᠤ ᠵᠢ ᠴᠢᠩᠭ᠋ᠠᠳᠬᠠᠵᠦ᠂ ᠤᠤᠯ᠎ᠤᠨ ᠪᠠᠶ᠋ᠢᠨᠨᠰᠠᠨ ᠮᠡᠳᠡᠭᠡ ᠵᠠᠩᠬᠢᠵᠢᠨᠨᠰᠠᠨ ᠡᠬᠢ ᠪᠠᠶᠠᠯᠢᠭ᠎ᠢ ᠡᠮᠬᠢᠯᠡᠨ ᠨᠡᠶ᠋ᠢᠯᠡᠬᠦᠯᠵᠦ ᠰᠢᠯᠢᠳᠡᠭᠵᠢᠬᠦᠯᠦᠨ᠂ ᠨᠢᠭᠡᠨᠲᠠ ᠪᠠᠶ᠋ᠢᠭ᠎ᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠴᠢᠳᠠᠮᠵᠢ ᠵᠢ ᠦᠷᠬᠡᠳᠬᠡᠵᠦ᠂ ᠤᠷᠳᠤᠳᠬᠠᠵᠦ᠂ ᠲᠡᠭᠦᠯᠳᠡᠷᠵᠢᠭᠦᠯᠵᠤ᠂ ᠪᠠᠶ᠋ᠢᠷᠢ ᠵᠢ᠎ᠨᠢ ᠨᠥᠬᠦᠪᠥᠷᠢᠯᠡᠭᠦ᠎ᠠᠴᠠ ᠪᠢᠰᠢ ᠪᠠᠶ᠋ᠢᠷᠢ᠎ᠠᠴᠠ᠎ᠨᠢ ᠳᠠᠪᠠᠭᠤᠯᠬᠤ ᠥᠭᠡᠢ ᠪᠠᠶ᠋ᠢᠯᠭ᠋ᠠᠵᠦ᠂ ᠳᠠᠪᠬᠤᠷᠳᠠᠭᠤᠯᠤᠨ ᠪᠠᠶ᠋ᠢᠭᠤᠯᠬᠤ᠎ᠠᠴᠠ ᠵᠠᠶ᠋ᠢᠯᠠᠰᠬᠢᠨ᠂ ᠪᠥᠬᠦ ᠤᠷᠤᠨ᠎ᠤ ᠵᠠᠰᠠᠭ᠎ᠤᠨ ᠶᠠᠪᠤᠳᠠᠯ᠎ᠤᠨ ᠥᠢ᠍ᠯᠡᠴᠢᠯᠡᠭᠡᠨ᠎ᠤ ᠨᠢᠭᠡᠲᠥᠯᠲᠡᠢ ᠲᠠᠪᠴᠠᠩ᠎ᠢ ᠠᠯᠬᠤᠮ ᠠᠯᠬᠤᠮ ᠵᠶ᠋ᠠᠷ ᠪᠠᠶ᠋ᠢᠭᠤᠯᠤᠨ᠎ᠠ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ᠎ᠤᠨ ᠵᠠᠰᠠᠭ᠎ᠤᠨ ᠶᠠᠪᠤᠳᠠᠯ᠎ᠤᠨ ᠥᠢ᠍ᠯᠡᠴᠢᠯᠡᠭᠡᠨ᠎ᠤ ᠡᠬᠢ ᠪᠠᠶᠠᠯᠢᠭ ᠪᠠ ᠮᠡᠳᠡᠭᠡ ᠵᠠᠩᠬᠢ ᠵᠢᠨ ᠰᠢᠰᠲ᠋ᠧᠮ᠎ᠤᠨ ᠠᠵᠢᠯ ᠲᠦᠷᠦᠯ ᠪᠠ ᠭᠠᠵᠠᠷ ᠤᠷᠤᠨ᠎ᠤ ᠲᠤᠰᠠᠭ᠋ᠠᠷᠯᠬᠠᠰᠠᠨ ᠪᠠᠶ᠋ᠢᠳᠠᠯ᠎ᠢ ᠡᠪᠳᠡᠨ᠂ ᠬᠠᠮᠵᠢᠯᠴᠠᠨ ᠲᠤᠬᠢᠷᠠᠯᠴᠠᠬᠤ ᠪᠡ ᠠᠵᠢᠯ᠎ᠤᠨ ᠬᠤᠯᠪᠤᠭ᠋ᠠᠯᠠᠨ ᠭᠦᠳᠡᠯᠦᠯᠴᠡᠬᠦ ᠵᠢ ᠴᠢᠩᠭ᠋ᠠᠳᠬᠠᠵᠤ᠂ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠤᠳᠤᠷᠬᠠᠶ᠋ᠢᠯᠠᠨ᠂ ᠭᠠᠵᠠᠷ ᠤᠷᠤᠨ ᠠᠯᠤᠰᠯᠠᠨ᠂ ᠲᠡᠰ ᠱᠠᠲᠦ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠪᠥᠬᠦᠯᠢ ᠴᠤᠭᠴᠠ᠎ᠪᠠᠷ᠎ᠨᠢ ᠠᠬᠢᠭᠤᠯᠬᠤ ᠵᠢ ᠪᠡᠶᠡᠯᠡᠭᠦᠯᠵᠤ᠂ ᠮᠡᠳᠡᠭᠡ ᠵᠠᠩᠬᠢ ᠵᠢ ᠬᠠᠮᠲᠤ᠎ᠪᠠᠷ ᠭᠦᠷᠳᠡᠬᠦ ᠪᠠ ᠲᠤᠬᠠᠶ᠋ᠢᠯᠠᠭᠰᠠᠨ ᠠᠵᠢᠯ᠎ᠤᠨ ᠲᠠᠯ᠎ᠠ᠎ᠪᠠᠷ ᠬᠠᠮᠵᠢᠯᠴᠠᠬᠤ ᠵᠢ ᠠᠬᠢᠭᠤᠯᠤᠨ᠂ ᠵᠠᠰᠠᠭ᠎ᠤᠨ ᠶᠠᠪᠤᠳᠠᠯ᠎ᠤᠨ ᠥᠢ᠍ᠯᠡᠴᠢᠯᠡᠭᠡ ᠵᠢᠨ ᠳ᠋ᠠᠶ᠋ᠢᠲ᠋ᠠ ᠵᠢᠨ ᠬᠤᠷᠢᠶᠠᠨ ᠴᠤᠨᠨᠯᠠᠭᠤᠯᠬᠤ ᠪᠠ ᠬᠠᠮᠲᠤᠪᠡᠷ ᠭᠦᠷᠳᠡᠬᠦ ᠵᠢ ᠪᠠᠶᠠᠯᠠᠭᠦᠯᠥᠨᠡ᠃ ᠳᠥᠷᠢᠮ᠎ᠤᠨ ᠵᠣᠯᠭ᠋ᠠᠭᠤᠯᠭᠠ ᠵᠢ ᠰᠠᠶ᠋ᠢᠲᠤᠷ ᠬᠢᠵᠤ᠂ 《ᠢᠨᠲ᠋ᠧᠷ ᠰᠥᠯᠵᠢᠶ᠎ᠡ + ᠵᠠᠰᠠᠭ᠎ᠤᠨ ᠶᠠᠪᠤᠳᠠᠯ᠎ᠤᠨ ᠥᠢ᠍ᠯᠡᠴᠢᠯᠡᠭᠡ》᠎ᠳᠤ ᠳᠥᠷᠢᠮ ᠪᠠ ᠲᠣᠭᠲᠠᠴᠠ ᠵᠢᠨ ᠪᠠᠲᠤᠯᠠᠭ᠎ᠠ ᠬᠠᠩᠭ᠋ᠠᠨ᠎ᠠ᠃
— ᠥᠢ᠍ᠯᠡᠴᠢᠯᠡᠭᠡ᠎ᠪᠠᠷ ᠬᠦᠳᠡᠯᠭᠡᠭᠦᠷ ᠪᠤᠯᠭ᠋ᠠᠵᠦ᠂ ᠨᠡᠭᠡᠭᠡᠯᠲᠡ ᠬᠢᠵᠦ ᠰᠢᠨ᠎ᠡ ᠵᠢ ᠡᠭᠦᠳᠥᠨ᠎ᠡ᠃ ᠤᠷᠢᠳᠠᠪᠠᠷ ᠬᠡᠷᠡᠭᠵᠢᠬᠦᠯᠵᠦ ᠤᠷᠢᠳᠡᠪᠡᠷ ᠲᠤᠷᠰᠢᠬᠤ ᠵᠢ ᠵᠤᠷᠢᠬ᠍ᠵᠢᠭᠤᠯᠤᠨ᠂ ᠰᠢᠨ᠎ᠡ ᠨᠢᠬᠡ ᠥᠶ᠎ᠡ ᠵᠢᠨ ᠮᠡᠳᠡᠭᠡ ᠵᠠᠩᠬᠢ ᠵᠢᠨ ᠮᠡᠷᠭᠡᠵᠢᠯ᠎ᠤᠨ ᠳᠠᠯᠳᠠ ᠬᠥᠴᠥᠨ᠎ᠢ ᠪᠠᠳᠠᠷᠠᠭᠤᠯᠵᠤ᠂ ᠢᠨᠲ᠋ᠧᠷ ᠰᠥᠯᠵᠢᠶ᠎ᠡ᠂ ᠲᠤᠮᠤ ᠳ᠋ᠠᠶ᠋ᠢᠲ᠋ᠠ ᠵᠢᠨ ᠰᠡᠳᠬᠢᠭᠦᠢ ᠵᠢ ᠬᠡᠷᠡᠭᠯᠡᠨ᠂ ᠥᠢ᠍ᠯᠡᠴᠢᠯᠡᠭᠡ ᠵᠢᠨ ᠵᠠᠭᠪᠤᠷ᠎ᠲᠤ ᠰᠢᠨ᠎ᠡ ᠵᠢ ᠡᠭᠦᠳᠴᠦ᠂ ᠥᠢ᠍ᠯᠡᠴᠢᠯᠡᠭᠡ ᠵᠢᠨ ᠵᠠᠮ ᠮᠦᠷ᠎ᠢ ᠦᠷᠬᠡᠳᠬᠡᠨ᠂ ᠥᠢ᠍ᠯᠡᠴᠢᠯᠡᠭᠡ ᠵᠢᠨ ᠡᠬᠢ ᠪᠠᠶᠠᠯᠢᠭ᠎ᠢ ᠴᠢᠯᠥᠭᠡᠲᠡᠢ ᠲᠠᠯᠪᠢᠵᠦ᠂ ᠰᠢᠨ᠎ᠡ ᠬᠡᠯᠪᠡᠷᠢ ᠵᠢᠨ ᠤᠬᠠᠭ᠋ᠠᠯᠢᠭ ᠬᠤᠲᠠ ᠵᠢᠨ ᠪᠦᠳᠦᠬᠡᠨ ᠪᠠᠶ᠋ᠢᠭᠤᠯᠤᠯᠲᠠ ᠵᠢ ᠱᠠᠳᠤ ᠲᠥᠷᠥᠯ ᠬᠤᠪᠢᠶᠠᠨ ᠠᠬᠢᠭᠤᠯᠤᠨ᠎ᠠ᠃ ᠤᠯᠠᠨ ᠲᠥᠮᠡᠨ᠎ᠤ ᠬᠡᠷᠡᠭᠴᠡᠭᠡ ᠱᠠᠭ᠋ᠠᠷᠳᠠᠯᠭ᠎ᠠ᠎ᠪᠠᠷ ᠡᠭᠦᠰᠦᠴᠡ ᠪᠤᠯᠭ᠋ᠠᠨ᠂ ᠮᠡᠷᠭᠡᠵᠢᠯ᠎ᠤᠨ ᠰᠢᠨ᠎ᠡ ᠵᠢ ᠡᠭᠦᠳᠬᠦ᠂ ᠳ᠋ᠠᠶ᠋ᠢᠲ᠋ᠠ ᠵᠢ ᠴᠢᠯᠥᠭᠡᠲᠡᠢ ᠪᠠᠶ᠋ᠢᠯᠭ᠋ᠠᠬᠤ᠎ᠪᠠᠷ ᠭᠦᠴᠦᠯᠡᠴᠡ ᠪᠤᠯᠭ᠋ᠠᠵᠤ᠂ ᠵᠠᠰᠠᠭ᠎ᠤᠨ ᠤᠷᠳᠤᠨ ᠬᠢᠭᠡᠳ ᠨᠡᠶ᠋ᠢᠭᠡᠮ᠎ᠤᠨ ᠬᠥᠴᠥᠨ᠎ᠢ ᠭᠥᠢ᠍ᠴᠡᠳ ᠠᠰᠢᠭᠯᠠᠨ᠂ ᠦᠵᠦ ᠵᠢᠷᠤᠭ ᠲᠦᠯᠦᠪᠯᠡᠭᠡ ᠪᠠ ᠤᠷᠤᠨ ᠨᠤᠲᠤᠭ᠎ᠤᠨ ᠥᠢ᠍ᠯᠡᠳᠥᠯᠭᠡ ᠵᠢᠨ ᠬᠠᠮᠳᠤᠷᠠᠯᠴᠠᠨ ᠭᠥᠳᠡᠯᠥᠯᠴᠡᠭᠦ ᠵᠢ ᠪᠦᠷᠢᠯᠳᠦᠬᠦᠯᠵᠦ᠂ ᠤᠷᠢᠳᠠᠪᠠᠷ ᠬᠡᠷᠡᠭᠵᠢᠬᠦᠯᠬᠦ ᠬᠢᠬᠡᠳ ᠲᠠᠪᠴᠠᠩ ᠵᠶ᠋ᠠᠷ ᠲᠤᠯᠭ᠋ᠠᠭᠤᠷᠢᠯᠠᠬᠤ ᠵᠢ ᠬᠠᠷᠢᠯᠴᠠᠨ ᠨᠦᠬᠦᠪᠥᠷᠢᠯᠡᠭᠰᠡᠨ᠂ ᠵᠠᠰᠠᠭ᠎ᠤᠨ ᠤᠷᠳᠤᠨ ᠵᠶ᠋ᠠᠷ ᠭᠤᠣᠯᠯᠠᠭᠤᠯᠤᠭᠰᠠᠨ ᠬᠢᠬᠡᠳ ᠨᠠᠶ᠋ᠢᠭᠡᠮᠤᠨᠬᠢᠨᠤ ᠤᠷᠤᠯᠴᠠᠬᠰᠠᠨ ᠨᠡᠭᠡᠭᠡᠯᠲᠡ᠎ᠲᠠᠢ᠂ ᠬᠠᠮᠲᠤ᠎ᠪᠠᠷ ᠭᠦᠷᠳᠡᠬᠦ ᠪᠠᠶ᠋ᠢᠭᠤᠯᠤᠯᠲᠠ ᠵᠢᠨ ᠲᠥᠯᠥᠪ ᠪᠠᠶ᠋ᠢᠳᠠᠯ᠎ᠢ ᠵᠢᠷᠤᠮᠵᠢᠭᠤᠯᠤᠨ᠎ᠠ᠃
(ᠭᠤᠷᠪᠠ) ᠠᠵᠢᠯ᠎ᠤᠨ ᠬᠠᠷᠠᠯᠲᠠ᠃
2017 ᠤᠨ᠎ᠤ ᠰᠡᠭᠦᠯᠴᠢ᠎ᠠᠴᠠ ᠡᠮᠥᠨ᠎ᠡ᠂ ᠥᠪᠡᠷᠲᠡᠭᠡᠨ ᠵᠠᠰᠠᠬᠤ ᠤᠷᠤᠨ᠎ᠤ ᠲᠤᠰ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠲᠠᠪᠴᠠᠩ ᠪᠠ ᠥᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠰᠢᠰᠲ᠋ᠧᠮ᠎ᠤᠨ ᠠᠵᠢᠯᠯᠠᠬᠤ ᠲᠤᠬᠠᠶ᠋ᠢᠯᠠᠭᠰᠠᠨ ᠠᠵᠢᠯ᠎ᠤᠨ ᠲᠠᠪᠴᠠᠩ᠎ᠢ ᠥᠨᠳᠥᠰᠥᠨ᠎ᠳᠡᠭᠡᠨ ᠪᠠᠶ᠋ᠢᠭᠤᠯᠵᠤ᠂ ᠥᠪᠡᠷᠲᠡᠭᠡᠨ ᠵᠠᠰᠠᠬᠤ ᠤᠷᠤᠨ᠎ᠤ ᠲᠤᠰ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠥᠢ᠍ᠯᠡᠰᠢ ᠪᠥᠬᠦ ᠲᠠᠯ᠎ᠠ᠎ᠪᠠᠷ ᠢᠯᠡ ᠪᠤᠯᠭ᠋ᠠᠨ᠂ ᠵᠠᠰᠠᠭ᠎ᠤᠨ ᠶᠠᠪᠤᠳᠠᠯ᠎ᠤᠨ ᠭᠤᠤᠯ ᠪᠤᠯᠬᠤ ᠠᠵᠢᠯᠯᠠᠬᠤ ᠲᠤᠬᠠᠶ᠋ᠢᠯᠠᠭᠰᠠᠨ ᠠᠵᠢᠯ᠎ᠢ ᠨᠠᠶ᠋ᠢᠳᠡᠮᠳᠤᠨᠢ ᠬᠠᠮᠵᠢᠯᠴᠠᠭᠤᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠦ ᠪᠠ ᠵᠠᠰᠠᠭ᠎ᠤᠨ ᠶᠠᠪᠤᠳᠠᠯ᠎ᠤᠨ ᠠᠵᠢᠯᠯᠠᠬᠤ ᠵᠢᠨ ᠪᠠᠷᠢᠮᠵᠢᠶᠠᠵᠢᠭᠤᠯᠤᠯᠲᠠ᠂ ᠰᠦᠯᠵᠢᠶᠡᠵᠢᠭᠦᠯᠥᠯᠲᠡ ᠵᠢᠨ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠥᠨ᠎ᠡ᠃ 2018 ᠤᠨ᠎ᠤ ᠰᠡᠭᠦᠯᠴᠢ᠎ᠠᠴᠠ ᠡᠮᠥᠨ᠎ᠡ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠦ ᠪᠠ ᠵᠠᠰᠠᠭ᠎ᠤᠨ ᠶᠠᠪᠤᠳᠠᠯ᠎ᠤᠨ ᠠᠵᠢᠯᠯᠠᠬᠤ᠎ᠳᠤ ᠥᠪᠡᠷᠲᠡᠭᠡᠨ ᠵᠠᠰᠠᠬᠤ ᠤᠷᠤᠨ᠂ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠤᠭᠤᠷᠢᠭ) ᠭᠤᠷᠪᠠᠨ ᠱᠠᠲᠦ᠎ᠪᠠᠷ ᠬᠤᠯᠪᠤᠭ᠋ᠠᠯᠠᠨ ᠭᠦᠳᠡᠯᠦᠯᠴᠡᠬᠦ ᠠᠵᠢᠯᠯᠠᠭ᠋ᠠᠨ᠎ᠢ ᠪᠡᠶᠡᠯᠡᠬᠦᠯᠵᠦ᠂ ᠥᠪᠡᠷᠲᠡᠭᠡᠨ ᠵᠠᠰᠠᠬᠤ ᠤᠷᠤᠨ᠎ᠤ ᠲᠤᠰ ᠱᠠᠲᠤᠨ᠎ᠤ ᠵᠠᠰᠠᠭ᠎ᠤᠨ ᠶᠠᠪᠤᠳᠠᠯ᠎ᠤᠨ ᠲᠤᠮᠤ ᠳ᠋ᠠᠶ᠋ᠢᠲ᠋ᠠ ᠵᠢᠨ ᠲᠥᠪ᠎ᠢ ᠥᠨᠳᠥᠰᠥᠨ᠎ᠳᠡᠭᠡᠨ ᠪᠠᠶ᠋ᠢᠭᠤᠯᠤᠨ᠎ᠠ᠃ 2020 ᠤᠨ᠎ᠤ ᠰᠡᠭᠦᠯᠴᠢ᠎ᠠᠴᠠ ᠡᠮᠥᠨ᠎ᠡ᠂ ᠵᠠᠰᠠᠭ᠎ᠤᠨ ᠶᠠᠪᠤᠳᠠᠯ᠎ᠤᠨ ᠥᠢ᠍ᠯᠡᠴᠢᠯᠡᠭᠡ ᠵᠢ ᠢᠨᠲ᠋ᠧᠷ ᠰᠥᠯᠵᠢᠶᠡᠯᠦᠭᠡ ᠵᠢᠨ ᠭᠦᠨᠵᠡᠭᠡᠢ ᠠᠭᠤᠰᠤᠯᠴᠠᠬᠤ ᠵᠢ ᠪᠡᠶᠡᠯᠡᠭᠦᠯᠥᠨ᠂ ᠪᠥᠬᠦ ᠤᠷᠤᠨ᠎ᠢ ᠬᠠᠮᠤᠷᠤᠭᠰᠠᠨ ᠪᠥᠬᠦᠯᠢ ᠴᠤᠭᠴᠠ᠎ᠪᠠᠷ ᠵᠶ᠋ᠠᠨ ᠬᠤᠯᠪᠤᠭ᠋ᠠᠯᠠᠨ ᠭᠦᠳᠡᠯᠦᠯᠴᠡᠭᠰᠡᠨ᠂ ᠰᠠᠯᠠᠭ᠎ᠠ ᠮᠥᠴᠢᠷ ᠵᠶ᠋ᠠᠷ ᠵᠶ᠋ᠠᠨ ᠬᠠᠮᠵᠢᠯᠴᠠᠭᠰᠠᠨ᠂ ᠥᠪᠡᠷᠲᠡᠭᠡᠨ ᠵᠠᠰᠠᠬᠤ ᠤᠷᠤᠨ᠎ᠠᠴᠠ ᠨᠢᠭᠡᠳᠥᠯᠲᠡᠢ ᠲᠦᠯᠦᠪᠯᠡᠭᠰᠡᠨ᠂ ᠨᠢᠭᠡᠯᠡ ᠰᠦᠯᠵᠢᠶ᠎ᠡ᠎ᠪᠠᠷ ᠭᠦᠢ᠍ᠴᠡᠳᠭᠡᠭᠰᠡᠨ 《ᠢᠨᠲ᠋ᠧᠷ ᠰᠥᠯᠵᠢᠶ᠎ᠡ + ᠵᠠᠰᠠᠭ᠎ᠤᠨ ᠶᠠᠪᠤᠳᠠᠯ᠎ᠤᠨ ᠥᠢ᠍ᠯᠡᠴᠢᠯᠡᠭᠡ》 ᠵᠢᠨ ᠰᠢᠰᠲ᠋ᠧᠮᠵᠢ ᠵᠢ ᠪᠠᠶ᠋ᠢᠭᠤᠯᠤᠨ᠎ᠠ; ᠵᠠᠰᠠᠭ᠎ᠤᠨ ᠶᠠᠪᠤᠳᠠᠯ᠎ᠤᠨ ᠠᠵᠢᠯᠯᠠᠬᠤ᠎ᠳᠤ ᠪᠢᠴᠢᠭ ᠮᠠᠲ᠋ᠧᠷᠢᠶᠠᠯ ᠰᠢᠢ᠍ᠳᠪᠤᠷᠢᠯᠡᠬᠦ᠂ ᠬᠤᠷᠠᠯ᠎ᠤᠨ ᠶᠠᠪᠤᠳᠠᠯ᠎ᠢ ᠡᠷᠬᠢᠯᠡᠨ ᠭᠦᠢ᠍ᠴᠡᠳᠭᠡᠬᠦ᠂ ᠠᠵᠢᠯ ᠶᠠᠪᠤᠳᠠᠯ ᠰᠢᠢ᠍ᠳᠪᠥᠷᠢᠯᠡᠭᠦ ᠵᠢ ᠨᠢᠭᠡ ᠴᠤᠨᠨᠴᠠᠵᠢᠭᠤᠯᠵᠦ ᠬᠠᠮᠵᠢᠯᠴᠠᠨ ᠠᠵᠢᠯᠯᠠᠬᠤ ᠵᠢ ᠪᠡᠶᠡᠯᠡᠭᠦᠯᠥᠨ᠎ᠡ; ᠵᠠᠰᠠᠭ᠎ᠤᠨ ᠶᠠᠪᠤᠳᠠᠯ᠎ᠤᠨ ᠥᠢ᠍ᠯᠡᠴᠢᠯᠡᠭᠡ᠂ ᠵᠠᠰᠠᠭ᠎ᠤᠨ ᠤᠷᠳᠤᠨ᠎ᠤ ᠬᠠᠮᠢᠶᠠᠷᠤᠯᠲᠠ ᠪᠠ ᠵᠠᠰᠠᠭ᠎ᠤᠨ ᠤᠷᠳᠤᠨ᠎ᠤ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠥᠷᠢᠲᠥ ᠪᠤᠳᠤᠯᠭ᠎ᠠ ᠲᠣᠭᠲᠠᠭ᠋ᠠᠬᠤ ᠲᠠᠯ᠎ᠠ᠎ᠪᠠᠷ᠎ᠬᠢ ᠵᠠᠰᠠᠭ᠎ᠤᠨ ᠶᠠᠪᠤᠳᠠᠯ᠎ᠤᠨ ᠲᠤᠮᠤ ᠳ᠋ᠠᠶ᠋ᠢᠲ᠋ᠠ ᠵᠢᠨ ᠴᠢᠬᠤᠯᠠ ᠥᠢ᠍ᠯᠡᠳᠥᠯ᠎ᠢ ᠪᠠᠳᠠᠷᠠᠭᠤᠯᠤᠨ᠎ᠠ; ᠵᠠᠰᠠᠭ᠎ᠤᠨ ᠶᠠᠪᠤᠳᠠᠯ᠎ᠤᠨ ᠥᠢ᠍ᠯᠡᠴᠢᠯᠡᠭᠡ ᠪᠠ ᠵᠠᠰᠠᠭ᠎ᠤᠨ ᠶᠠᠪᠤᠳᠠᠯ᠎ᠤᠨ ᠠᠵᠢᠯᠯᠠᠬᠤ ᠵᠢᠨ ᠴᠠᠭ ᠬᠤᠭᠤᠴᠠᠭ᠋ᠠᠲᠤ ᠴᠢᠨᠠᠷ᠂ ᠪᠤᠳᠠᠳᠤ ᠦᠷ᠎ᠡ ᠪᠥᠲᠥᠮᠵᠢᠲᠥ ᠴᠢᠨᠠᠷ ᠪᠠ ᠤᠬᠠᠭ᠋ᠠᠯᠢᠨᠨᠵᠢᠨᠨᠰᠠᠨ ᠬᠢᠷᠢ ᠲᠦᠪᠰᠢᠨ᠎ᠢ ᠶᠡᠭᠡ ᠬᠡᠮᠵᠢᠶ᠎ᠡ᠎ᠪᠠᠷ ᠳᠡᠭᠡᠭᠰᠢᠯᠡᠭᠦᠯᠥᠨ᠎ᠡ᠃
ᠬᠤᠶᠠᠷ᠂ ᠭᠤᠤᠯ ᠡᠭᠦᠷᠭᠡ
(ᠨᠢᠭᠡ) ᠰᠥᠯᠵᠢᠶ᠎ᠡ ᠵᠢᠨ ᠰᠠᠭᠤᠷᠢ ᠪᠡᠯᠡᠳᠭᠡᠮᠵᠢ ᠵᠢ ᠲᠡᠭᠦᠯᠳᠡᠷᠵᠢᠭᠦᠯᠥᠨ᠎ᠡ᠃ ᠨᠡᠶ᠋ᠢᠲᠡ ᠤᠯᠠᠨ᠎ᠤ ᠰᠦᠯᠵᠢᠶᠡᠨ᠎ᠳᠤ ᠭᠠᠷᠬᠤ ᠤᠷᠴᠢᠨ ᠲᠤᠭᠤᠷᠢᠨ᠎ᠢ ᠰᠢᠯᠢᠳᠡᠭᠵᠢᠭᠦᠯᠤᠨ᠎ᠡ᠃ ᠳᠡᠭᠡᠳᠦ ᠬᠤᠷᠳᠤᠴᠠ᠎ᠲᠠᠢ ᠪᠦᠭᠡᠳ ᠰᠠᠭ᠋ᠠᠳ ᠥᠭᠡᠢ ᠨᠡᠪᠲᠡᠷᠡᠭᠰᠡᠨ᠂ ᠬᠤᠲᠠ ᠬᠥᠳᠡᠭᠡ ᠵᠢ ᠬᠠᠮᠤᠷᠤᠭᠰᠠᠨ᠂ ᠴᠢᠨᠠᠷ ᠰᠠᠶ᠋ᠢᠲᠠᠢ ᠪᠦᠭᠡᠳ ᠦᠨᠡᠨ᠎ᠢ ᠬᠢᠮᠳᠠ᠂ ᠥᠢ᠍ᠯᠡᠴᠢᠯᠡᠭᠡ᠎ᠨᠢ ᠳᠥᠭᠦᠮ ᠠᠪᠰᠠᠷᠬᠠᠨ ᠪᠦᠬᠦᠢ ᠰᠥᠯᠵᠢᠶ᠎ᠡ ᠵᠢᠨ ᠰᠠᠭᠤᠷᠢ ᠪᠡᠯᠡᠳᠭᠡᠮᠵᠢ ᠵᠢ ᠪᠦᠲᠥᠭᠡᠨ ᠪᠠᠶ᠋ᠢᠭᠤᠯᠤᠨ᠎ᠠ᠃ ᠴᠢᠮᠡᠭᠡ ᠬᠤᠯᠪᠤᠭ᠋ᠠᠨ᠎ᠤ ᠰᠠᠭᠤᠷᠢ ᠪᠡᠯᠡᠳᠭᠡᠮᠵᠢ ᠵᠢᠨ ᠪᠦᠲᠥᠭᠡᠨ ᠪᠠᠶ᠋ᠢᠭᠤᠯᠤᠯᠲᠠ ᠵᠢ ᠤᠷᠤᠨ ᠨᠤᠲᠤᠭ᠎ᠤᠨ ᠬᠤᠲᠠ ᠬᠦᠳᠡᠭᠡ ᠵᠢᠨ ᠲᠥᠯᠥᠪᠵᠢᠭᠦᠯᠭᠡ᠎ᠳᠤ ᠤᠷᠤᠭᠤᠯᠤᠨ᠂ ᠪᠤᠢ ᠪᠥᠬᠦᠢ ᠲᠤᠭᠤᠷᠢᠭ ᠪᠠᠶ᠋ᠢᠭᠤᠯᠤᠨᠨᠰᠠᠨ ᠬᠤᠲᠠ᠎ᠳᠤ ᠭᠡᠷᠡᠯ ᠰᠢᠷᠭᠡᠭ᠎ᠤᠨ ᠰᠥᠯᠵᠢᠶ᠎ᠡ ᠵᠢ ᠪᠥᠬᠦᠨ᠎ᠢ ᠪᠦᠷᠭᠦᠭᠦᠯᠦᠨ᠂ ᠮᠠᠯᠵᠢᠬᠤ ᠲᠠᠷᠢᠶᠠᠯᠠᠬᠤ ᠤᠷᠤᠨ᠎ᠤ ᠵᠠᠰᠠᠭ ᠵᠠᠬᠢᠷᠭ᠋ᠠᠨ᠎ᠤ ᠲᠤᠰᠬᠤᠨ (ᠭᠠᠴᠠᠭ᠎ᠠ)᠎ᠳᠤ ᠭᠡᠷᠡᠯ ᠰᠢᠷᠭᠡᠭ ᠨᠡᠪᠲᠡᠷᠡᠭᠦᠯᠬᠦ ᠵᠢ ᠠᠬᠢᠭᠤᠯᠤᠨ᠎ᠠ᠃ ᠨᠢᠷᠤᠭᠤᠪᠴᠢ ᠰᠥᠯᠵᠢᠶ᠎ᠡ ᠵᠢᠨ ᠪᠠᠭᠲᠠᠭ᠋ᠠᠮᠵᠢ ᠪᠠ ᠰᠥᠯᠵᠢᠶ᠎ᠡ ᠵᠢᠨ ᠬᠤᠭᠤᠷᠤᠨᠳᠤ᠎ᠪᠠᠨ ᠬᠠᠷᠢᠯᠴᠠᠨ ᠨᠡᠪᠲᠡᠷᠡᠬᠦ ᠴᠢᠳᠠᠪᠤᠷᠢ ᠵᠢ ᠳᠡᠭᠡᠭᠰᠢᠯᠡᠬᠦᠯᠥᠨ᠂ ᠰᠦᠯᠵᠢᠶᠡᠨ᠎ᠳᠤ ᠭᠠᠷᠬᠤ ᠵᠠᠷᠤᠳᠠᠯ᠎ᠢ ᠶᠡᠭᠡ ᠬᠡᠮᠵᠢᠶ᠎ᠡ᠎ᠪᠠᠷ ᠪᠠᠭᠤᠷᠠᠭᠤᠯᠤᠨ᠂ ᠰᠤᠮᠤ ᠰᠢᠶᠠᠩ ᠪᠠᠯᠭ᠋ᠠᠰᠤ (ᠵᠠᠭᠡᠯᠢ ᠭᠤᠳᠤᠮᠵᠢ)᠂ ᠭᠠᠴᠠᠭ᠎ᠠ ᠲᠤᠰᠬᠤᠨ (ᠨᠡᠶ᠋ᠢᠭᠡᠮ ᠲᠤᠭᠤᠷᠢᠭ)᠎ᠤ ᠢᠨᠲ᠋ᠧᠷ ᠰᠥᠯᠵᠢᠶ᠎ᠡ᠎ᠳᠤ ᠭᠠᠷᠬᠤ ᠬᠤᠷᠳᠤᠴᠠ ᠵᠢ ᠳᠡᠭᠡᠭᠰᠢᠯᠡᠭᠦᠯᠥᠨ᠎ᠡ᠃ ᠨᠢᠭᠡ ᠪᠥᠯᠥᠭ ᠭᠡᠷᠡᠯ ᠰᠢᠷᠬᠡᠭ᠎ᠤᠨ ᠰᠦᠯᠵᠢᠶᠡᠲᠦ ᠬᠤᠲᠠ ᠵᠢ ᠲᠥᠷᠭᠡᠳᠬᠡᠨ ᠪᠠᠶ᠋ᠢᠭᠤᠯᠵᠤ᠂ ᠲᠥᠷᠪᠡᠳᠥᠭᠡᠷ ᠥᠶ᠎ᠡ ᠵᠢᠨ ᠰᠢᠯᠵᠢᠮᠡᠯ ᠴᠢᠮᠡᠭᠡ ᠬᠤᠯᠪᠤᠭ᠋ᠠᠨ᠎ᠤ (4G) ᠰᠥᠯᠵᠢᠶ᠎ᠠ ᠵᠢ ᠬᠤᠲᠠ ᠪᠡ ᠬᠥᠳᠡᠭᠡ ᠲᠤᠰᠬᠤᠨ᠎ᠳᠤ ᠪᠥᠬᠦᠨ᠎ᠢ ᠪᠦᠷᠭᠦᠭᠦᠯᠦᠨ᠎ᠠ᠃ ᠥᠪᠡᠷᠲᠡᠭᠡᠨ ᠵᠠᠰᠠᠬᠤ ᠤᠷᠤᠨ᠎ᠤ ᠡᠯᠧᠺᠲᠷᠣᠨ ᠵᠠᠰᠠᠭ᠎ᠤᠨ ᠶᠠᠪᠤᠳᠠᠯ᠎ᠤᠨ ᠭᠠᠳᠠᠷ ᠰᠥᠯᠵᠢᠶ᠎ᠡ ᠵᠢᠨ ᠬᠡᠷᠡᠭᠯᠡᠯᠲᠡ ᠵᠢᠨ ᠳᠠᠭ᠋ᠠᠭ᠋ᠠᠴᠠ ᠵᠢ ᠠᠬᠢᠭᠤᠯᠵᠤ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ᠎ᠤᠨ ᠣᠯᠠᠨ ᠨᠡᠶ᠋ᠢᠲᠡ ᠵᠢᠨ ᠦᠢ᠍ᠯᠡᠴᠢᠯᠡᠬᠡᠨ᠎ᠤ ᠮᠡᠳᠡᠭᠡ ᠵᠠᠩᠬᠢ ᠵᠢᠨ ᠰᠢᠰᠲ᠋ᠧᠮ᠎ᠢ ᠡᠮᠬᠢᠯᠡᠨ ᠲᠢᠭᠯᠡᠵᠦ᠂ ᠨᠥᠭᠦᠴᠡᠯ ᠪᠦᠷᠢᠯᠳᠦᠭᠦᠯᠦᠭᠰᠡᠨ᠎ᠢ᠎ᠨᠢ ᠥᠪᠡᠷᠲᠡᠭᠡᠨ ᠵᠠᠰᠠᠬᠤ ᠤᠷᠤᠨ᠎ᠤ ᠡᠯᠧᠺᠲᠷᠣᠨ ᠵᠠᠰᠠᠭ᠎ᠤᠨ ᠶᠠᠪᠤᠳᠠᠯ᠎ᠤᠨ ᠭᠠᠳᠠᠷ ᠰᠥᠯᠵᠢᠶ᠎ᠡ ᠵᠢᠨ ᠡᠭᠦᠯᠡᠨ ᠪᠤᠳᠤᠯᠲᠠ ᠵᠢᠨ ᠲᠥᠪ᠎ᠲᠤ ᠠᠯᠬᠤᠮ ᠠᠯᠬᠤᠮ ᠵᠶ᠋ᠠᠷ ᠰᠢᠯᠵᠢᠭᠦᠯᠥᠨ ᠠᠵᠢᠯᠯᠠᠭᠤᠯᠵᠦ᠂ ᠰᠦᠯᠵᠢᠶᠡᠨ ᠵᠠᠰᠠᠭ᠎ᠤᠨ ᠶᠠᠪᠤᠳᠠᠯ᠎ᠤᠨ ᠥᠢ᠍ᠯᠡᠴᠢᠯᠡᠭᠡ᠎ᠳᠤ ᠲᠤᠯᠭ᠋ᠠᠭᠤᠷᠢᠯᠠᠯ ᠪᠠ ᠪᠠᠲᠤᠯᠠᠭ᠎ᠠ ᠬᠠᠩᠭ᠋ᠠᠨ᠎ᠠ᠃ (ᠥᠪᠡᠷᠲᠡᠭᠡᠨ ᠵᠠᠰᠠᠬᠤ ᠤᠷᠤᠨ᠎ᠤ ᠠᠵᠤ ᠠᠬᠤᠢ ᠪᠠ ᠮᠡᠳᠡᠭᠡ ᠵᠠᠩᠬᠢᠵᠢᠯᠲᠠ ᠵᠢᠨ ᠵᠥᠪᠯᠡᠯ᠂ ᠲᠤᠮᠤ ᠳ᠋ᠠᠶ᠋ᠢᠲ᠋ᠠ ᠵᠢᠨ ᠬᠥᠭᠵᠢᠭᠦᠯᠥᠯᠲᠡ ᠬᠠᠮᠢᠶᠠᠷᠤᠯᠲᠠ ᠵᠢᠨ ᠲᠤᠪᠴᠢᠶ᠎ᠠ᠂ ᠭᠥᠭᠵᠢᠭᠦᠯᠥᠯᠲᠡ ᠥᠭᠡᠷᠡᠴᠢᠯᠡᠯᠲᠡ ᠵᠢᠨ ᠵᠦᠪᠯᠡᠯ᠂ ᠡᠳ᠋᠎ᠤᠨ ᠵᠠᠰᠠᠭ᠎ᠤᠨ ᠲᠢᠩᠬᠢᠮ᠂ ᠥᠪᠥᠷ ᠮᠤᠩᠭᠤᠯ᠎ᠤᠨ ᠴᠢᠮᠡᠭᠡ ᠬᠤᠯᠪᠤᠭ᠎ᠠ ᠵᠢᠨ ᠬᠠᠮᠢᠶᠠᠷᠤᠯᠲᠠ ᠵᠢᠨ ᠲᠤᠪᠴᠢᠶ᠎ᠠ ᠲᠦᠷᠦᠭᠦᠯᠡᠵᠦ᠂ ᠬᠠᠮᠢᠶ᠎ᠠ ᠪᠥᠬᠦᠢ ᠰᠠᠯᠠᠭ᠎ᠠ ᠮᠥᠴᠢᠷ ᠬᠠᠮᠵᠢᠯᠴᠠᠨ᠎ᠠ)
(ᠬᠤᠶᠠᠷ) ᠰᠥᠯᠵᠢᠶᠡᠨ ᠳᠡᠭᠡᠷᠡᠬᠢ ᠥᠢ᠍ᠯᠡᠴᠢᠯᠡᠭᠡᠨ᠎ᠤ ᠵᠦᠢ᠍ᠯᠡᠰ᠎ᠢ ᠵᠢᠷᠤᠮᠵᠢᠭᠤᠯᠤᠨ᠎ᠠ᠃ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠡᠯ᠎ᠡ ᠰᠠᠯᠠᠭ᠎ᠠ ᠮᠥᠴᠢᠷ᠎ᠤᠳ ᠬᠠᠤᠯᠢ᠎ᠪᠠᠷ ᠲᠤᠭᠲᠠᠭ᠋ᠠᠭᠰᠠᠨ ᠡᠭᠦᠷᠭᠡ ᠴᠢᠳᠠᠪᠤᠷᠢ ᠵᠢ ᠥᠨᠳᠥᠰᠥᠯᠡᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠂ ᠤᠯᠠᠨ ᠨᠡᠶ᠋ᠢᠲᠠ ᠵᠢᠨ ᠠᠵᠤ ᠠᠬᠤᠶ᠋ᠢᠯᠠᠯ ᠠᠵᠢᠯ ᠥᠢ᠍ᠯᠡᠰ᠎ᠤᠨ ᠨᠢᠭᠡᠴᠡ ᠵᠢᠨ᠎ᠬᠢᠨ᠎ᠤ ᠨᠡᠶ᠋ᠢᠭᠡᠮ᠎ᠤᠨ ᠤᠯᠠᠨ ᠨᠡᠶ᠋ᠢᠲᠠᠳᠤ ᠰᠢᠭᠤᠳ ᠬᠠᠨᠳᠤᠭᠤᠯᠤᠨ ᠬᠠᠩᠭ᠋ᠠᠨᠨᠰᠠᠨ ᠪᠤᠳᠠᠳᠠᠢ ᠠᠵᠢᠯ ᠬᠡᠷᠡᠭ ᠭᠦᠢ᠍ᠴᠡᠳᠬᠡᠬᠦ ᠥᠢ᠍ᠯᠡᠴᠢᠯᠡᠭᠡᠨ᠎ᠤ ᠵᠦᠢ᠍ᠯᠡᠰ᠎ᠢ ᠡᠮᠬᠢᠯᠡᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠵᠦᠢ᠍ᠯᠡᠰ᠎ᠤᠨ ᠭᠠᠷᠴᠠᠭ᠎ᠢ ᠨᠠᠶ᠋ᠢᠷᠠᠭᠤᠯᠤᠨ ᠵᠤᠬᠢᠶᠠᠵᠤ᠂ 2017 ᠤᠨ᠎ᠤ ᠰᠡᠭᠦᠯᠴᠢ᠎ᠠᠴᠠ ᠡᠮᠥᠨ᠎ᠡ ᠥᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠫᠤᠷᠲ᠋ᠧᠯ ᠰᠥᠯᠵᠢᠶ᠎ᠡ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠲᠠᠪᠴᠠᠩ ᠵᠶ᠋ᠠᠷ ᠲᠠᠮᠵᠢᠭᠤᠯᠵᠦ ᠲᠥᠪᠯᠡᠷᠡᠭᠦᠯᠥᠨ ᠢᠯᠡ ᠨᠡᠶ᠋ᠢᠲᠡᠯᠡᠬᠦ ᠵᠢᠨ ᠬᠠᠮᠲᠤ᠂ ᠴᠠᠭ ᠲᠤᠬᠠᠢᠳᠤᠨᠢ ᠰᠢᠨᠡᠳᠬᠡᠨ᠂ ᠬᠦᠳᠡᠯᠥᠩᠭᠦᠢ᠎ᠪᠠᠷ ᠬᠠᠮᠢᠶᠠᠷᠬᠤ ᠬᠡᠷᠡᠭᠲᠡᠢ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠵᠦᠢ᠍ᠯᠡᠰ᠎ᠢ ᠺᠤᠳ᠋ᠯᠠᠨ ᠬᠠᠮᠢᠶᠠᠷᠬᠤ ᠵᠢ ᠭᠡᠷᠡᠭᠵᠢᠭᠦᠯᠵᠦ᠂ ᠵᠦᠢ᠍ᠯᠡᠰ᠎ᠤᠨ ᠨᠡᠷᠡᠶ᠋ᠢᠳᠥᠯ᠂ ᠨᠥᠬᠦᠴᠡᠯ᠂ ᠮᠠᠲ᠋ᠧᠷᠢᠶᠠᠯ᠂ ᠴᠤᠪᠤᠷᠠᠯ᠂ ᠴᠠᠭ᠎ᠤᠨ ᠬᠢᠵᠠᠭ᠋ᠠᠷ ᠵᠡᠷᠭᠡ ᠵᠢ ᠵᠢᠷᠤᠮᠵᠢᠭᠤᠯᠤᠨ᠂ ᠥᠪᠡᠷᠲᠡᠭᠡᠨ ᠵᠠᠰᠠᠬᠤ ᠤᠷᠤᠨ᠂ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠤᠭᠤᠷᠢᠭ)᠂ ᠰᠤᠮᠤ ᠰᠢᠶᠠᠩ ᠪᠠᠯᠭ᠋ᠠᠰᠤ (ᠵᠠᠭᠡᠯᠢ ᠭᠤᠳᠤᠮᠵᠢ)᠎ᠨᠤᠭᠤᠳ ᠠᠯᠬᠤᠮ ᠠᠯᠬᠤᠮ ᠵᠶ᠋ᠠᠷ 《ᠠᠳᠠᠯᠢ ᠨᠢᠭᠡᠨ ᠵᠦᠢ᠍ᠯᠡᠰ᠂ ᠠᠳᠠᠯᠢ ᠨᠢᠭᠡᠨ ᠪᠠᠷᠢᠮᠵᠢᠶ᠎ᠡ᠂ ᠠᠳᠠᠯᠢ ᠨᠢᠭᠡᠨ ᠺᠣᠳ᠋》᠎ᠲᠠᠢ ᠪᠣᠯᠭ᠋ᠠᠨ᠂ ᠮᠡᠳᠡᠭᠡ ᠵᠠᠩᠬᠢ ᠵᠢ ᠬᠠᠮᠲᠤᠪᠡᠷ ᠭᠦᠷᠳᠡᠬᠦ ᠪᠡ ᠲᠤᠬᠠᠶ᠋ᠢᠯᠠᠭᠰᠠᠨ ᠠᠵᠢᠯ᠎ᠤᠨ ᠲᠠᠯ᠎ᠠ᠎ᠪᠠᠷ ᠬᠠᠮᠵᠢᠯᠴᠠᠬᠤ ᠵᠢ ᠪᠡᠶᠡᠯᠡᠭᠦᠯᠬᠦ᠎ᠳᠤ᠂ ᠢᠯᠭ᠋ᠠᠭ᠎ᠠ ᠵᠥᠷᠢᠶ᠎ᠡ ᠥᠭᠡᠢ᠂ ᠲᠡᠩᠴᠡᠭᠦᠷᠢᠵᠢᠭᠦᠯᠥᠭᠰᠡᠨ ᠵᠠᠰᠠᠭ᠎ᠤᠨ ᠶᠠᠪᠤᠳᠠᠯ᠎ᠤᠨ ᠥᠢ᠍ᠯᠡᠴᠢᠯᠡᠭᠡ ᠬᠠᠩᠭ᠋ᠠᠬᠤ᠎ᠳᠤ ᠰᠠᠭᠤᠷᠢ ᠲᠠᠯᠪᠢᠬᠤ ᠬᠡᠷᠡᠭᠲᠡᠢ᠃ (ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠂ ᠤᠷᠤᠨ ᠲᠤᠭ᠎ᠠ ᠵᠢᠨ ᠠᠯᠪᠠᠨ ᠭᠡᠷ᠂ ᠬᠠᠤᠯᠢ ᠳᠥᠷᠢᠮ᠎ᠤᠨ ᠠᠯᠪᠠᠨ ᠭᠡᠷ ᠲᠦᠷᠦᠭᠦᠯᠡᠵᠦ᠂ ᠬᠠᠮᠢᠶ᠎ᠠ ᠪᠥᠬᠦᠢ ᠰᠠᠯᠠᠭ᠎ᠠ ᠮᠥᠴᠢᠷ ᠬᠠᠮᠵᠢᠯᠴᠠᠨ᠎ᠠ)
(ᠭᠤᠷᠪᠠ) ᠵᠠᠰᠠᠭ ᠵᠠᠬᠢᠷᠭ᠋ᠠᠨ᠎ᠤ ᠡᠷᠭᠡ ᠵᠢᠨ ᠵᠦᠢ᠍ᠯᠡᠰ᠎ᠢ ᠵᠢᠷᠤᠮᠵᠢᠭᠤᠯᠤᠨ ᠡᠮᠬᠢᠯᠡᠵᠦ ᠲᠢᠭᠯᠡᠨ᠎ᠡ᠃ ᠤᠯᠤᠰ᠎ᠠᠴᠠ ᠬᠡᠷᠡᠭᠵᠢᠬᠦᠯᠵᠦ ᠪᠠᠶ᠋ᠢᠭ᠎ᠠ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠪᠠᠷᠢᠮᠵᠢᠶᠠᠵᠢᠭᠤᠯᠬᠤ ᠪᠡ 《ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠪᠠᠷᠢᠮᠵᠢᠶᠠᠵᠢᠭᠤᠯᠬᠤ ᠵᠢᠨ ᠵᠢᠯᠤᠭᠤᠳᠤᠮᠵᠢ (2016 ᠣᠨ᠎ᠤ ᠬᠡᠪᠯᠡᠯ)》 ᠵᠢᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠳᠥᠷᠢᠮ᠎ᠤᠨ ᠥᠭᠡᠷᠡᠴᠢᠯᠡᠯᠲᠠ ᠵᠢ ᠥᠷᠭᠦᠯᠵᠢᠯᠡᠨ ᠭᠥᠨᠵᠡᠭᠡᠶ᠋ᠢᠷᠡᠭᠦᠯᠵᠤ᠂ ᠥᠪᠡᠷᠲᠡᠭᠡᠨ ᠵᠠᠰᠠᠬᠤ ᠤᠷᠤᠨ᠎ᠤ ᠲᠤᠰ ᠱᠠᠲᠤᠨ᠎ᠤ ᠭᠤᠶᠤᠴᠢᠯᠠᠭᠰᠠᠨ ᠡᠯ᠎ᠡ ᠵᠥᠢ᠍ᠯ᠎ᠤᠨ ᠵᠠᠰᠠᠭ ᠵᠠᠬᠢᠷᠭ᠋ᠠᠨ᠎ᠤ ᠡᠷᠭᠡ ᠵᠢᠨ ᠠᠵᠢᠯᠯᠠᠭ᠋ᠠᠨ᠎ᠤ ᠴᠤᠪᠤᠷᠠᠯ᠎ᠤᠨ ᠵᠢᠷᠤᠭ ᠪᠠ ᠥᠢ᠍ᠯᠡᠴᠢᠯᠡᠭᠡᠨ᠎ᠤ ᠵᠥᠭᠯᠡᠭᠦᠷᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ᠬᠢᠨᠠᠨ ᠵᠥᠪᠰᠢᠶᠡᠷᠡᠬᠦ ᠥᠢ᠍ᠯᠡᠴᠢᠯᠡᠭᠡᠨ᠎ᠤ ᠵᠦᠢ᠍ᠯᠡᠰ᠎ᠤᠨ ᠪᠠᠷᠢᠮᠵᠢᠶᠠᠵᠢᠭᠰᠠᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠤᠷᠤᠨ᠎ᠤ ᠲᠤᠰ ᠱᠠᠲᠤᠨ᠎ᠤ ᠡᠷᠭᠡ ᠬᠠᠷᠢᠭᠤᠴᠠᠯᠭ᠎ᠠ ᠵᠢᠨ ᠨᠠᠷᠢᠨ ᠬᠠᠭᠤᠳᠠᠰᠦ ᠵᠢᠨ ᠬᠥᠳᠡᠯᠥᠩᠭᠦᠢ ᠲᠤᠬᠢᠷᠠᠭᠤᠯᠬᠤ ᠲᠤᠭᠲᠠᠴᠠ ᠵᠢ ᠪᠠᠶ᠋ᠢᠭᠤᠯᠤᠨ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠭᠦᠴᠦᠨ ᠦᠬᠡᠢ ᠪᠤᠯᠭ᠋ᠠᠨᠨᠰᠠᠨ ᠪᠠ ᠳᠣᠷᠣᠭᠰᠢ ᠪᠠᠭᠤᠯᠭ᠋ᠠᠭᠰᠠᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ ᠥᠷᠭᠦᠯᠵᠢᠯᠡᠨ ᠵᠤᠯᠭ᠋ᠠᠭᠤᠯᠬᠤ ᠵᠢ ᠰᠠᠶ᠋ᠢᠲᠤᠷ ᠨᠠᠶ᠋ᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠤᠷᠤᠨ᠂ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠤᠭᠤᠷᠢᠭ) ᠭᠤᠷᠪᠠᠨ ᠱᠠᠲᠤᠨ᠎ᠤ ᠡᠷᠭᠡ ᠪᠠ ᠬᠠᠷᠢᠭᠤᠴᠠᠯᠭ᠎ᠠ ᠵᠢᠨ ᠨᠠᠷᠢᠨ ᠬᠠᠭᠤᠳᠠᠰᠦ ᠵᠢ ᠴᠠᠭ ᠲᠤᠬᠠᠢᠳᠤᠨᠢ ᠲᠤᠬᠢᠷᠠᠭᠤᠯᠤᠨ ᠲᠡᠭᠦᠯᠳᠡᠷᠵᠢᠭᠦᠯᠥᠨ᠎ᠡ᠃ (ᠥᠪᠡᠷᠲᠡᠭᠡᠨ ᠵᠠᠰᠠᠬᠤ ᠤᠷᠤᠨ᠎ᠤ ᠤᠷᠤᠨ ᠲᠤᠭ᠎ᠠ ᠵᠢᠨ ᠠᠯᠪᠠᠨ ᠭᠡᠷ᠂ ᠬᠠᠤᠯᠢ ᠳᠥᠷᠢᠮ᠎ᠤᠨ ᠠᠯᠪᠠᠨ ᠭᠡᠷ ᠲᠦᠷᠦᠭᠦᠯᠡᠵᠦ᠂ ᠬᠠᠮᠢᠶ᠎ᠠ ᠪᠥᠬᠦᠢ ᠰᠠᠯᠠᠭ᠎ᠠ ᠮᠥᠴᠢᠷ ᠬᠠᠮᠵᠢᠯᠴᠠᠨ᠎ᠠ)
(ᠲᠦᠷᠪᠡ) ᠦᠪᠡᠷᠳᠡᠬᠡᠨ ᠵᠠᠰᠠᠬᠤ ᠤᠷᠤᠨ᠎ᠤ ᠨᠢᠬᠡᠳᠦᠯᠳᠡᠢ ᠡᠯᠧᠺᠲᠷᠤᠨ ᠦᠨᠡᠮᠯᠡᠯ᠎ᠤᠨ ᠭᠦᠮᠦᠷᠬᠡ ᠵᠢ ᠪᠠᠶ᠋ᠢᠭᠤᠯᠤᠨ᠎ᠠ᠃ ᠲᠠᠩᠰᠠᠯᠠᠨ ᠲᠡᠮᠳᠡᠭᠯᠡᠬᠦ ᠲᠦᠷᠢᠮ᠎ᠤᠨ ᠦᠬᠡᠷᠡᠴᠢᠯᠡᠯᠳᠡ ᠵᠢ ᠦᠷᠭᠦᠯᠵᠢᠯᠡᠨ ᠠᠬᠢᠭᠤᠯᠵᠦ᠂ 《ᠲᠠᠪᠤᠨ ᠦᠨᠡᠮᠯᠡᠯ᠎ᠢ ᠨᠡᠶ᠋ᠢᠯᠡᠬᠦᠯᠦᠨ ᠨᠢᠬᠡ ᠪᠤᠯᠭ᠋ᠠᠬᠤ᠂ ᠨᠢᠭᠡ ᠦᠨᠡᠮᠯᠡᠯ᠎ᠳᠤ ᠨᠢᠬᠡ ᠨᠤᠮᠧᠷ᠎ᠲᠠᠢ ᠪᠠᠶ᠋ᠢᠯᠭ᠋ᠠᠬᠤ》 ᠵᠢ ᠭᠦᠨᠵᠡᠬᠡᠢ ᠠᠬᠢᠭᠤᠯᠵᠦ᠂ 《ᠨᠢᠭᠡ ᠬᠠᠶᠢᠭ᠎ᠲᠤ ᠤᠯᠠᠨ ᠦᠨᠡᠮᠯᠡᠯ᠎ᠲᠠᠢ》᠂ 《ᠨᠢᠭᠡ ᠦᠨᠡᠮᠯᠡᠯ᠎ᠳᠤ ᠤᠯᠠᠨ ᠬᠠᠶᠢᠭ᠎ᠲᠠᠢ》 ᠪᠠᠶ᠋ᠢᠯᠭ᠋ᠠᠬᠤ ᠵᠡᠷᠬᠡ ᠲᠤᠷᠰᠢᠯᠳᠠ ᠵᠢᠨ ᠦᠬᠡᠷᠡᠴᠢᠯᠡᠯᠳᠡ ᠵᠢ ᠢᠳᠡᠪᠬᠢᠳᠡᠢ᠎ᠪᠠᠷ ᠰᠦᠪᠡᠭᠴᠢᠯᠡᠨ ᠦᠷᠨᠢᠬᠦᠯᠦᠨ᠎ᠠ᠃ ᠬᠤᠪᠢ ᠵᠢᠨ ᠠᠵᠦ ᠦᠢ᠍ᠯᠡᠳᠪᠦᠷᠢ ᠬᠤᠳᠠᠯᠳᠤᠭ᠎ᠠ ᠵᠢᠨ ᠡᠷᠦᠬᠡ ᠵᠢᠨ ᠡᠵᠡᠩᠨᠡᠯᠳᠡ ᠵᠢᠨ ᠦᠨᠡᠮᠯᠡᠯ ᠪᠠ ᠭᠠᠶ᠋ᠢᠯᠢ ᠵᠢᠨ ᠶᠠᠪᠤᠳᠠᠯ᠎ᠤᠨ ᠲᠡᠩᠰᠠᠯᠠᠨ ᠲᠡᠮᠳᠡᠭᠯᠡᠬᠦ ᠦᠨᠡᠮᠯᠡᠯ᠎ᠢ 《ᠬᠤᠶᠠᠷ ᠦᠨᠡᠮᠯᠡᠯ᠎ᠢ ᠨᠡᠶ᠋ᠢᠯᠡᠬᠦᠯᠦᠨ ᠨᠢᠬᠡ ᠪᠤᠯᠭ᠋ᠠᠬᠤ》 ᠵᠢ ᠠᠬᠢᠭᠤᠯᠵᠦ᠂ ᠲᠡᠩᠰᠠᠯᠠᠨ ᠲᠡᠮᠳᠡᠭᠯᠡᠬᠦ ᠪᠦᠭᠦ ᠶᠠᠪᠤᠴᠠ ᠵᠢ ᠡᠯᠧᠺᠲᠷᠤᠨᠴᠢᠯᠡᠬᠦ᠂ ᠡᠯᠧᠺᠲᠷᠤᠨ ᠡᠵᠡᠩᠨᠡᠯᠳᠡ ᠵᠢᠨ ᠦᠨᠡᠮᠯᠡᠯ ᠪᠠ ᠲᠡᠮᠳᠡᠭᠯᠡᠭᠦᠯᠥᠭᠰᠡᠨ ᠵᠶ᠋ᠠᠨ ᠲᠦᠭᠦᠮ ᠠᠪᠰᠠᠷᠬᠠᠨ ᠵᠶ᠋ᠠᠷ ᠭᠦᠴᠦᠨ ᠦᠬᠡᠢ ᠪᠣᠯᠭ᠋ᠠᠬᠤ ᠲᠦᠷᠢᠮ᠎ᠤᠨ ᠦᠬᠡᠷᠡᠴᠢᠯᠡᠯᠳᠡ ᠵᠢ ᠰᠦᠪᠡᠭᠴᠢᠯᠡᠨ ᠬᠡᠷᠡᠭᠵᠢᠬᠦᠯᠦᠨ᠎ᠠ᠃ ᠠᠷᠠᠳ᠎ᠤᠨ ᠠᠮᠢᠳᠤᠷᠠᠯ᠎ᠤᠨ ᠦᠢ᠍ᠯᠡᠴᠢᠯᠡᠭᠡ᠂ ᠠᠵᠦ ᠠᠬᠤᠶ᠋ᠢᠯᠠᠯ᠎ᠤᠨ ᠲᠡᠩᠰᠠᠯᠠᠨ ᠲᠡᠮᠳᠡᠭᠯᠡᠬᠦ᠂ ᠨᠡᠶ᠋ᠢᠬᠡᠮ᠎ᠤᠨ ᠶᠠᠪᠤᠳᠠᠯ᠂ ᠪᠡᠯᠡ ᠤᠷᠤᠭᠤᠯᠤᠯᠳᠠ ᠵᠢ ᠬᠢᠨᠠᠨ ᠵᠦᠪᠰᠢᠶᠡᠷᠡᠬᠦ ᠵᠡᠷᠬᠡ ᠠᠵᠢᠯ ᠲᠦᠷᠦᠯ᠎ᠤᠨ ᠲᠤᠭᠤᠷᠢᠨ᠎ᠳᠤ ᠭᠤᠤᠯᠳᠠᠭᠤᠯᠵᠦ᠂ ᠡᠯ᠎ᠡ ᠰᠠᠯᠠᠭ᠎ᠠ ᠮᠦᠴᠢᠷ᠎ᠤᠨ᠎ᠬᠢᠨ ᠳ᠋ᠠᠶ᠋ᠢᠲ᠋ᠠ ᠵᠢ ᠬᠠᠮᠳᠤᠪᠡᠷ ᠭᠦᠷᠳᠡᠬᠦ᠂ ᠲᠤᠬᠠᠶ᠋ᠢᠯᠬᠠᠰᠠᠨ ᠠᠵᠢᠯ᠎ᠤᠨ ᠲᠠᠯ᠎ᠠ᠎ᠪᠠᠷ ᠬᠠᠮᠵᠢᠯᠴᠠᠬᠰᠠᠨ ᠰᠠᠭᠤᠷᠢᠨ ᠲᠡᠬᠡᠷ᠎ᠡ ᠨᠢᠭᠡᠲᠥᠯᠲᠡᠢ ᠡᠯᠧᠺᠲᠷᠤᠨ ᠦᠨᠡᠮᠯᠡᠯ᠎ᠤᠨ ᠬᠡᠷᠡᠭᠯᠡᠯᠲᠡ ᠵᠢᠨ ᠦᠢ᠍ᠯᠡᠴᠢᠯᠡᠬᠡᠨ᠎ᠢ ᠪᠠᠶ᠋ᠢᠭᠤᠯᠤᠨ᠂ ᠰᠢᠨ᠎ᠠ᠎ᠪᠠᠷ ᠨᠡᠮᠡᠭᠳᠡᠭᠰᠡᠨ ᠴᠠᠭ᠋ᠠᠰᠥᠨ ᠦᠨᠡᠮᠯᠡᠯ᠎ᠳᠤ ᠭᠠᠷᠤᠨ ᠦᠰᠦᠭ ᠵᠢᠷᠤᠵᠦ ᠣᠯᠭᠤᠬᠤ ᠬᠢᠬᠡᠳ ᠡᠯᠧᠺᠲᠷᠤᠨ ᠦᠨᠡᠮᠯᠡᠯ᠎ᠢ ᠵᠡᠷᠭᠡ᠎ᠳᠤ᠎ᠨᠢ ᠭᠦᠴᠦᠨ᠎ᠲᠠᠢ ᠪᠤᠯᠭ᠋ᠠᠬᠤ ᠵᠢ ᠪᠡᠶᠡᠯᠡᠬᠦᠯᠵᠦ᠂ ᠤᠳᠤ ᠵᠢᠨ ᠪᠠᠶ᠋ᠢᠭ᠎ᠠ ᠴᠠᠭ᠋ᠠᠰᠤᠨ ᠦᠨᠡᠮᠯᠡᠯ᠎ᠢ ᠠᠯᠬᠤᠮ ᠠᠯᠬᠤᠮ ᠵᠶ᠋ᠠᠷ ᠡᠯᠧᠺᠲᠷᠤᠨᠴᠢᠯᠡᠬᠦ ᠵᠢ ᠪᠡᠶᠡᠯᠡᠬᠦᠯᠦᠨ᠎ᠠ᠃ ᠬᠠᠮᠤᠭ ᠡᠴᠦᠰ᠎ᠲᠤ ᠦᠪᠡᠷᠳᠡᠬᠡᠨ ᠵᠠᠰᠠᠬᠤ ᠤᠷᠤᠨ᠂ ᠠᠶ᠋ᠢᠮᠠᠭ ᠬᠤᠳᠠ᠂ ᠬᠤᠰᠢᠭᠤ ᠰᠢᠶᠠᠨ (ᠬᠤᠳᠠ᠂ ᠲᠤᠭᠤᠷᠢᠭ) ᠭᠤᠷᠪᠠᠨ ᠱᠠᠲᠦ ᠵᠢ ᠪᠦᠭᠦᠨ᠎ᠢ ᠬᠠᠮᠤᠷᠤᠭᠰᠠᠨ ᠠᠵᠢᠯ ᠲᠦᠷᠦᠯ᠂ ᠭᠠᠵᠠᠷ ᠤᠷᠤᠨ᠂ ᠰᠠᠯᠠᠭ᠎ᠠ ᠮᠦᠴᠢᠷ ᠠᠯᠤᠰᠯᠬᠠᠰᠠᠨ ᠪᠠᠷᠢᠮᠵᠢᠶ᠎ᠠ᠎ᠨᠢ ᠨᠢᠬᠡᠳᠦᠯᠳᠡᠢ᠂ ᠬᠡᠪ ᠬᠡᠯᠪᠡᠷᠢ᠎ᠨᠢ ᠵᠢᠷᠤᠮᠵᠢᠭᠰᠠᠨ ᠡᠯᠧᠺᠲᠷᠤᠨ ᠦᠨᠡᠮᠯᠡᠯ᠎ᠤᠨ ᠭᠦᠮᠦᠷᠬᠡ ᠵᠢ ᠪᠠᠶ᠋ᠢᠭᠤᠯᠤᠨ᠂ ᠡᠯᠧᠺᠲᠷᠤᠨ ᠦᠨᠡᠮᠯᠡᠯ᠎ᠢ ᠬᠠᠮᠳᠤᠪᠡᠷ ᠭᠦᠷᠳᠡᠵᠦ ᠬᠠᠷᠢᠯᠴᠠᠨ ᠬᠡᠷᠡᠭᠯᠡᠬᠦ ᠵᠢ ᠪᠡᠶᠡᠯᠡᠬᠦᠯᠵᠦ᠂ ᠠᠵᠦ ᠠᠬᠤᠶ᠋ᠢᠯᠠᠯ᠂ ᠤᠯᠠᠨ ᠲᠦᠮᠡᠨ᠎ᠢ ᠲᠤᠳᠠᠭᠤ ᠵᠦᠳᠡᠬᠡᠵᠦ᠂ ᠳ᠋ᠠᠶ᠋ᠢᠲ᠋ᠠ ᠵᠢ ᠢᠯᠡᠬᠦᠦ ᠬᠡᠷᠡᠭᠯᠡᠨ᠎ᠡ᠃ (ᠦᠪᠡᠷᠳᠡᠬᠡᠨ ᠵᠠᠰᠠᠬᠤ ᠤᠷᠤᠨ᠎ᠤ ᠠᠵᠦ ᠦᠢ᠍ᠯᠡᠳᠪᠦᠷᠢ ᠬᠤᠳᠠᠯᠳᠤᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠲᠤᠪᠴᠢᠶ᠎ᠠ᠂ ᠭᠦᠮᠦᠨ᠎ᠤ ᠭᠦᠴᠦᠨ᠎ᠤ ᠡᠬᠢ ᠪᠠᠶᠠᠯᠢᠭ ᠨᠡᠶ᠋ᠢᠬᠡᠮ᠎ᠤᠨ ᠪᠠᠳᠤᠯᠠᠭ᠎ᠠ ᠵᠢᠨ ᠲᠢᠩᠬᠢᠮ᠂ ᠤᠷᠤᠨ ᠨᠤᠳᠤᠭ᠎ᠤᠨ ᠭᠠᠶ᠋ᠢᠯᠢ ᠵᠢᠨ ᠶᠠᠪᠤᠳᠠᠯ᠎ᠤᠨ ᠲᠤᠪᠴᠢᠶ᠎ᠠ᠂ ᠲᠤᠭ᠎ᠠ ᠪᠦᠷᠢᠳᠬᠡᠯ᠎ᠤᠨ ᠲᠤᠪᠴᠢᠶ᠎ᠠ᠂ ᠲᠤᠮᠤ ᠳ᠋ᠠᠶ᠋ᠢᠲ᠋ᠠ ᠵᠢᠨ ᠭᠦᠭᠵᠢᠬᠦᠯᠦᠯᠳᠡ ᠬᠠᠮᠢᠶᠠᠷᠤᠯᠳᠠ ᠵᠢᠨ ᠲᠤᠪᠴᠢᠶ᠎ᠠ᠂ ᠦᠪᠦᠷ ᠮᠤᠩᠭᠤᠯ᠎ᠤᠨ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠲᠤᠪᠴᠢᠶ᠎ᠠ ᠲᠦᠷᠦᠭᠦᠯᠡᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠬᠠᠮᠵᠢᠯᠴᠠᠨ᠎ᠠ)
(ᠲᠠᠪᠤ) ᠦᠪᠡᠷᠳᠡᠬᠡᠨ ᠵᠠᠰᠠᠬᠤ ᠤᠷᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠲᠡᠪᠴᠡᠩ᠎ᠢ ᠡᠮᠬᠢᠯᠡᠨ ᠨᠡᠶ᠋ᠢᠯᠡᠬᠦᠯᠵᠦ ᠪᠠᠶ᠋ᠢᠭᠤᠯᠤᠨ᠎ᠠ᠃ ᠦᠪᠡᠷᠳᠡᠬᠡᠨ ᠵᠠᠰᠠᠬᠤ ᠤᠷᠤᠨ᠎ᠤ ᠨᠢᠬᠡᠨᠳᠡ ᠪᠠᠶ᠋ᠢᠭᠤᠯᠤᠨᠨᠰᠠᠨ ᠰᠦᠯᠵᠢᠶ᠎ᠡ ᠪᠠ ᠡᠯᠧᠺᠲᠷᠤᠨ ᠲᠡᠪᠴᠡᠩ᠎ᠤᠨ ᠡᠬᠢ ᠪᠠᠶᠠᠯᠢᠭ᠎ᠢ ᠭᠦᠢ᠍ᠴᠡᠳ ᠠᠰᠢᠨᠨᠯᠠᠬᠤ ᠪᠠ ᠡᠮᠬᠢᠯᠡᠨ ᠨᠡᠶ᠋ᠢᠯᠡᠬᠦᠯᠵᠦ᠂ ᠡᠯᠧᠺᠲᠷᠤᠨ ᠦᠨᠡᠮᠯᠡᠯ᠎ᠤᠨ ᠭᠦᠮᠦᠷᠬᠡ᠂ ᠡᠯᠧᠺᠲᠷᠤᠨ ᠲᠠᠮᠠᠭ᠎ᠠ ᠵᠢᠨ ᠰᠢᠰᠲ᠋ᠧᠮ ᠵᠢᠴᠢ ᠵᠠᠰᠠᠭ ᠵᠠᠬᠢᠷᠭ᠋ᠠᠨ᠎ᠤ ᠡᠷᠬᠡ ᠵᠢᠨ ᠠᠵᠢᠯᠯᠠᠭ᠋ᠠᠨ᠎ᠤ ᠭᠦᠮᠦᠷᠬᠡ ᠵᠡᠷᠬᠡ᠎ᠪᠠᠷ ᠰᠠᠭᠤᠷᠢ ᠲᠤᠯᠭ᠋ᠠᠭᠤᠷᠢᠯᠠᠯ ᠪᠤᠯᠭ᠋ᠠᠵᠦ᠂ ᠡᠯᠧᠺᠲᠷᠤᠨ ᠬᠢᠨᠠᠨ ᠪᠠᠶ᠋ᠢᠴᠠᠭ᠋ᠠᠬᠤ᠂ ᠲᠤᠭ᠋ᠠᠴᠠᠯᠬᠠᠰᠠᠨ ᠬᠡᠷᠡᠴᠢᠯᠡᠭᠡ ᠬᠢᠬᠦ ᠵᠡᠷᠬᠡ ᠰᠢᠰᠲ᠋ᠧᠮ ᠵᠶ᠋ᠠᠷ ᠪᠠᠳᠤᠯᠠᠭ᠎ᠠ ᠪᠤᠯᠭ᠋ᠠᠨ᠂ ᠦᠪᠡᠷᠳᠡᠬᠡᠨ ᠵᠠᠰᠠᠬᠤ ᠤᠷᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠰᠦᠯᠵᠢᠶ᠎ᠡ᠎ᠪᠠᠷ ᠨᠢᠬᠡᠳᠦᠯᠳᠡᠢ ᠫᠤᠷᠲ᠋ᠧᠯ ᠪᠤᠯᠭ᠋ᠠᠵᠦ᠂ ᠦᠪᠡᠷᠳᠡᠬᠡᠨ ᠵᠠᠰᠠᠬᠤ ᠤᠷᠤᠨ᠎ᠤ ᠲᠤᠰ ᠱᠠᠳᠤᠨ᠎ᠤ ᠨᠢᠬᠡ ᠴᠤᠨᠨᠴᠠᠵᠢᠭᠤᠯᠤᠨᠨᠰᠠᠨ ᠵᠠᠰᠠᠭ᠎ᠤᠨ ᠶᠠᠪᠤᠳᠠᠯ᠎ᠤᠨ ᠡᠷᠬᠡ ᠰᠦᠷᠳᠦ᠂ ᠲᠦᠭᠦᠮ ᠲᠦᠳᠡ ᠦᠢ᠍ᠯᠡᠴᠢᠯᠡᠬᠡᠨ᠎ᠤ ᠲᠡᠪᠴᠡᠩ᠎ᠢ ᠲᠦᠷᠬᠡᠳᠬᠡᠨ ᠪᠠᠶ᠋ᠢᠭᠤᠯᠵᠦ᠂ ᠦᠪᠡᠷᠳᠡᠬᠡᠨ ᠵᠠᠰᠠᠬᠤ ᠤᠷᠤᠨ᠂ ᠠᠶ᠋ᠢᠮᠠᠭ ᠬᠤᠳᠠ᠂ ᠬᠤᠰᠢᠭᠤ ᠰᠢᠶᠠᠨ (ᠬᠤᠳᠠ᠂ ᠲᠤᠭᠤᠷᠢᠭ) ᠭᠤᠷᠪᠠᠨ ᠱᠠᠳᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠰᠦᠯᠵᠢᠶ᠎ᠡ ᠵᠢᠨ ᠪᠠ ᠰᠦᠯᠵᠢᠶᠡᠨ᠎ᠠᠴᠠ ᠭᠠᠳᠠᠭᠤᠷᠬᠢ ᠬᠤᠯᠪᠤᠭ᠋ᠠᠯᠠᠨ ᠭᠦᠳᠡᠯᠦᠯᠴᠡᠭᠰᠡᠨ ᠦᠢ᠍ᠯᠡᠴᠢᠯᠡᠬᠡᠨ᠎ᠢ ᠠᠯᠬᠤᠮ ᠠᠯᠬᠤᠮ ᠵᠶ᠋ᠠᠷ ᠠᠬᠢᠭᠤᠯᠵᠦ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ᠎ᠤᠨ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠲᠡᠪᠴᠡᠩ᠎ᠢ᠎ᠨᠢ ᠵᠠᠯᠭ᠋ᠠᠯᠳᠤᠭᠤᠯᠬᠤ ᠵᠢ ᠰᠠᠨᠠᠭ᠋ᠠᠴᠢᠯᠠᠭ᠎ᠠ᠎ᠠᠴᠠ᠎ᠪᠠᠨ ᠰᠠᠶ᠋ᠢᠳᠤᠷ ᠬᠢᠵᠦ᠂ ᠨᠢᠬᠡᠳᠦᠯᠳᠡᠢ ᠤᠷᠤᠴᠠ ᠵᠢ ᠪᠣᠢ ᠪᠣᠯᠭ᠋ᠠᠨ᠎ᠠ᠃ ᠵᠠᠰᠠᠭ᠎ᠤᠨ ᠤᠷᠳᠤᠨ᠎ᠤ ᠰᠠᠯᠠᠭ᠎ᠠ ᠮᠦᠴᠢᠷᠤᠨᠬᠢᠨᠤ ᠡᠯ᠎ᠡ ᠲᠤᠬᠠᠶ᠋ᠢᠯᠬᠠᠰᠠᠨ ᠠᠵᠢᠯ᠎ᠤᠨ ᠰᠢᠰᠲ᠋ᠧᠮ ᠬᠢᠬᠡᠳ ᠵᠠᠰᠠᠭ᠎ᠤᠨ ᠶᠠᠪᠤᠳᠠᠯ᠎ᠤᠨ ᠶᠡᠷᠦᠩᠬᠡᠶ᠋ᠢᠯᠡᠭᠰᠡᠨ ᠦᠢ᠍ᠯᠡᠴᠢᠯᠡᠬᠡᠨ᠎ᠤ ᠲᠡᠪᠴᠡᠩ᠎ᠤᠨ ᠬᠠᠷᠢᠯᠴᠠᠨ ᠬᠤᠯᠪᠤᠭ᠋ᠠᠯᠠᠵᠦ ᠬᠠᠷᠢᠯᠴᠠᠨ ᠨᠡᠪᠳᠡᠷᠡᠯᠴᠡᠬᠦ ᠵᠢ ᠠᠬᠢᠭᠤᠯᠵᠦ᠂ ᠲᠡᠪᠴᠡᠩ᠎ᠤᠨ ᠬᠤᠭᠤᠷᠤᠨᠳᠦ᠎ᠪᠠᠨ ᠵᠠᠯᠭ᠋ᠠᠯᠳᠤᠵᠦ ᠬᠤᠯᠪᠤᠭ᠋ᠠᠯᠠᠨ ᠭᠦᠳᠡᠯᠦᠯᠴᠡᠬᠦ ᠵᠢ ᠴᠢᠩᠭ᠋ᠠᠳᠬᠠᠨ᠂ CA ᠦᠨᠡᠮᠯᠡᠯ᠎ᠢ ᠬᠠᠷᠢᠯᠴᠠᠨ ᠮᠡᠳᠡᠷᠡᠬᠦ ᠵᠢ ᠬᠡᠷᠡᠭᠵᠢᠭᠦᠯᠵᠦ᠂ ᠬᠡᠷᠡᠭᠴᠡᠭᠡ ᠶᠤᠰᠤᠭ᠋ᠠᠷ ᠳ᠋ᠠᠶ᠋ᠢᠲ᠋ᠠ ᠵᠢ ᠬᠠᠮᠳᠤᠪᠡᠷ ᠭᠦᠷᠳᠡᠨ᠂ 《ᠨᠢᠬᠡ ᠴᠢᠬ᠎ᠲᠤ ᠲᠠᠩᠰᠠᠯᠠᠭᠤᠯᠪᠠᠯ᠂ ᠪᠦᠭᠦ ᠰᠦᠯᠵᠢᠶ᠎ᠡ᠎ᠳᠤ ᠨᠡᠶ᠋ᠢᠳᠡᠮ ᠭᠦᠢ᠍ᠴᠡᠳᠬᠡᠵᠦ ᠪᠤᠯᠬᠤ》 ᠵᠢ ᠪᠡᠶᠡᠯᠡᠬᠦᠯᠦᠨ᠎ᠠ᠃ ᠵᠠᠰᠠᠭ᠎ᠤᠨ ᠶᠠᠪᠤᠳᠠᠯ᠎ᠤᠨ ᠨᠢᠬᠡᠳᠦᠯᠳᠡᠢ ᠦᠢ᠍ᠯᠡᠴᠢᠯᠡᠬᠡᠨ᠎ᠤ ᠡᠬᠢ ᠪᠠᠶᠠᠯᠢᠭ᠎ᠢ ᠠᠰᠢᠨᠨᠯᠠᠨ᠂ ᠲᠡᠪᠴᠡᠩ᠎ᠤᠨ ᠦᠢ᠍ᠯᠡᠴᠢᠯᠡᠬᠡᠨ᠎ᠢ ᠨᠡᠭᠦᠳᠡᠯ ᠦᠵᠦᠭᠦᠷ᠂ ᠦᠪᠡᠰᠦᠪᠡᠨ ᠰᠤᠩᠭᠤᠬᠤ ᠦᠵᠦᠭᠦᠷ᠂ ᠰᠢᠭᠤᠳ ᠲᠤᠰᠬᠠᠬᠤ ᠳ᠋ᠢᠶᠠᠩᠬᠤᠸᠠ ᠵᠡᠷᠬᠡ ᠲᠡᠰᠢ ᠤᠷᠳᠤᠳᠬᠠᠵᠦ᠂ ᠠᠵᠦ ᠠᠬᠤᠶ᠋ᠢᠯᠠᠯ ᠪᠠ ᠤᠯᠠᠨ ᠲᠦᠮᠡᠨ᠎ᠤ ᠠᠵᠢᠯ ᠭᠡᠷᠡᠭ ᠭᠦᠢ᠍ᠴᠡᠳᠬᠡᠬᠦ᠎ᠳᠤ᠎ᠨᠢ ᠤᠯᠠᠨ ᠶᠠᠩᠵᠦ ᠵᠢᠨ ᠲᠦᠭᠦᠮ ᠲᠦᠳᠡ ᠵᠠᠮ ᠮᠦᠷ ᠬᠠᠩᠭ᠋ᠠᠵᠦ᠂ ᠤᠯᠠᠨ ᠨᠡᠶ᠋ᠢᠳᠡ ᠵᠢᠨ ᠦᠢ᠍ᠯᠡᠴᠢᠯᠡᠬᠡᠨ᠎ᠤ ᠬᠠᠩᠭ᠋ᠠᠯᠭ᠎ᠠ᠎ᠳᠤ ᠰᠢᠨ᠎ᠠ ᠵᠢ ᠡᠭᠦᠳᠬᠦ ᠵᠢ ᠠᠬᠢᠭᠤᠯᠤᠨ᠎ᠠ᠃ ᠡᠯ᠎ᠡ ᠰᠠᠯᠠᠭ᠎ᠠ ᠮᠦᠴᠢᠷ᠎ᠤᠨ ᠤᠳᠤ ᠵᠢᠨ ᠪᠠᠶ᠋ᠢᠭ᠎ᠠ ᠵᠠᠰᠠᠭ ᠪᠠ ᠠᠷᠠᠳ ᠬᠠᠷᠢᠯᠴᠠᠨ ᠭᠦᠳᠡᠯᠦᠯᠴᠡᠬᠦ ᠵᠠᠮ ᠮᠦᠷ᠎ᠢ ᠠᠯᠬᠤᠮ ᠠᠯᠬᠤᠮ ᠵᠶ᠋ᠠᠷ ᠡᠮᠬᠢᠯᠡᠨ ᠨᠡᠶ᠋ᠢᠯᠡᠬᠦᠯᠵᠦ᠂ ᠦᠪᠡᠷᠳᠡᠬᠡᠨ ᠵᠠᠰᠠᠬᠤ ᠤᠷᠤᠨ᠎ᠤ ᠵᠠᠰᠠᠭ᠎ᠤᠨ ᠶᠠᠪᠤᠳᠠᠯ᠎ᠤᠨ ᠶᠡᠷᠦᠩᠬᠡᠶ᠋ᠢᠯᠡᠭᠰᠡᠨ ᠦᠢ᠍ᠯᠡᠴᠢᠯᠡᠬᠡᠨ᠎ᠤ ᠨᠢᠬᠡᠳᠦᠯᠳᠡᠢ ᠰᠢᠭᠤᠳ ᠲᠤᠰᠬᠠᠬᠤ ᠳ᠋ᠢᠶᠠᠩᠬᠤᠸᠠ ᠵᠢ ᠪᠠᠶ᠋ᠢᠭᠤᠯᠤᠨ᠂ ᠨᠡᠶ᠋ᠢᠬᠡᠮ ᠨᠡᠶ᠋ᠢᠳᠡ ᠵᠢᠨ᠎ᠬᠢᠨ᠎ᠤ ᠯᠠᠪᠯᠠᠯᠭ᠎ᠠ ᠠᠪᠬᠤ᠂ ᠲᠤᠰᠠᠯᠠᠮᠵᠢ ᠭᠤᠶᠤᠬᠤ᠂ ᠰᠠᠨᠠᠯ᠂ ᠰᠠᠨᠠᠭᠤᠯᠭ᠎ᠠ ᠪᠠ ᠵᠠᠭ᠋ᠠᠯᠳᠤᠯᠭ᠎ᠠ ᠬᠢᠬᠦ ᠵᠢ ᠲᠦᠪᠯᠡᠷᠡᠭᠦᠯᠦᠨ ᠭᠦᠯᠢᠶᠡᠨ ᠠᠪᠴᠤ᠂ 《ᠨᠢᠬᠡ ᠰᠢᠭᠤᠳ ᠲᠤᠰᠬᠬᠠᠤ ᠳ᠋ᠢᠶᠠᠩᠬᠤᠸᠠ ᠪᠠᠶ᠋ᠢᠷᠢᠯᠠᠭᠤᠯᠬᠤ᠂ ᠬᠦᠰᠡᠯ ᠱᠠᠭ᠋ᠠᠷᠳᠠᠯᠭ᠎ᠠ ᠵᠢ ᠬᠤᠷᠢᠶᠠᠩᠭᠤᠶ᠋ᠢᠯᠠᠬᠤ᠂ ᠲᠦᠷᠦᠯ ᠬᠤᠪᠢᠶᠠᠨ ᠰᠶ᠋ᠢᠳᠪᠦᠷᠢᠯᠡᠬᠦ᠂ ᠨᠢᠬᠡᠳᠦᠯᠳᠡᠢ ᠵᠤᠬᠢᠴᠠᠭᠤᠯᠬᠤ᠂ ᠡᠯ᠎ᠡ ᠲᠠᠯ᠎ᠠ᠎ᠪᠠᠷ ᠵᠶ᠋ᠠᠨ ᠬᠤᠯᠪᠤᠭ᠋ᠠᠯᠠᠨ ᠭᠦᠳᠡᠯᠦᠯᠴᠡᠬᠦ᠂ ᠴᠠᠭ ᠬᠤᠭᠤᠴᠠᠭ᠎ᠠ ᠬᠢᠵᠠᠭ᠋ᠠᠷᠯᠠᠨ ᠬᠠᠷᠢᠭᠤ ᠦᠭᠬᠦ》 ᠵᠢ ᠪᠡᠶᠡᠯᠡᠬᠦᠯᠦᠨ᠎ᠠ᠃ (ᠦᠪᠡᠷᠳᠡᠬᠡᠨ ᠵᠠᠰᠬᠠᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠂ ᠲᠤᠮᠤ ᠳ᠋ᠠᠶ᠋ᠢᠲ᠋ᠠ ᠵᠢᠨ ᠭᠦᠭᠵᠢᠬᠦᠯᠦᠯᠳᠡ ᠬᠠᠮᠢᠶᠠᠷᠤᠯᠳᠠ ᠵᠢᠨ ᠲᠤᠪᠴᠢᠶ᠎ᠠ ᠲᠦᠷᠦᠭᠦᠯᠡᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠬᠠᠮᠵᠢᠯᠴᠠᠨ᠎ᠠ)
(ᠵᠢᠷᠭᠤᠭ᠎ᠠ) ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠨᠢᠬᠡ ᠴᠤᠨᠨᠴᠠᠵᠢᠭᠤᠯᠤᠨᠨᠰᠠᠨ ᠡᠯᠧᠺᠲᠷᠤᠨ ᠬᠢᠨᠠᠨ ᠪᠠᠶ᠋ᠢᠴᠠᠭ᠋ᠠᠯᠳᠠ ᠵᠢ ᠬᠡᠷᠡᠭᠵᠢᠭᠦᠯᠦᠨ᠎ᠡ᠃ ᠵᠠᠰᠠᠭ ᠵᠠᠬᠢᠷᠭ᠋ᠠᠨ᠎ᠤ ᠡᠷᠬᠡ᠎ᠳᠤ ᠬᠢᠨᠠᠯᠳᠠ ᠲᠠᠯᠪᠢᠬᠤ ᠵᠢ ᠴᠢᠩᠭ᠋ᠠᠷᠠᠭᠤᠯᠵᠦ᠂ ᠦᠪᠡᠷᠳᠡᠬᠡᠨ ᠵᠠᠰᠠᠬᠤ ᠤᠷᠤᠨ᠂ ᠠᠶ᠋ᠢᠮᠠᠭ ᠬᠤᠳᠠ᠂ ᠬᠤᠰᠢᠭᠤ ᠰᠢᠶᠠᠨ (ᠬᠤᠳᠠ᠂ ᠲᠤᠭᠤᠷᠢᠭ) ᠭᠤᠷᠪᠠᠨ ᠱᠠᠳᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠲᠡᠪᠴᠡᠩ᠎ᠤᠨ ᠡᠯᠧᠺᠲᠷᠤᠨ ᠬᠢᠨᠠᠨ ᠪᠠᠶ᠋ᠢᠴᠠᠭ᠋ᠠᠯᠳᠠ ᠵᠢᠨ ᠵᠦᠬᠡᠯᠡᠨ ᠬᠡᠷᠡᠭᠰᠡᠯ᠎ᠤᠨ ᠬᠠᠮᠵᠢᠯᠴᠠᠵᠦ ᠬᠠᠮᠳᠤᠷᠠᠯᠴᠠᠨ ᠭᠦᠳᠡᠯᠦᠯᠴᠡᠬᠦ ᠵᠢ ᠠᠬᠢᠭᠤᠯᠵᠦ᠂ ᠡᠯ᠎ᠡ ᠱᠠᠳᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠂ ᠤᠯᠠᠨ ᠨᠡᠶ᠋ᠢᠳᠡ ᠵᠢᠨ ᠡᠬᠢ ᠪᠠᠶᠠᠯᠢᠭ᠎ᠤᠨ ᠠᠷᠠᠯᠵᠢᠶ᠎ᠠ ᠵᠡᠷᠬᠡ ᠶᠡᠷᠦᠩᠬᠡᠶ᠋ᠢᠯᠡᠭᠰᠡᠨ ᠲᠡᠪᠴᠡᠩ᠎ᠤᠨ ᠬᠠᠷᠠᠭ᠋ᠠᠨ ᠲᠠᠪᠳᠠᠮᠵᠢ᠎ᠪᠠᠷ ᠬᠢᠨᠠᠨ ᠡᠵᠡᠮᠳᠡᠬᠦ ᠰᠢᠰᠲ᠋ᠧᠮ᠎ᠢ ᠠᠭᠤᠰᠤᠯᠴᠠᠭᠤᠯᠤᠨ ᠵᠠᠯᠭ᠋ᠠᠯᠳᠤᠭᠤᠯᠵᠦ᠂ ᠡᠯᠧᠺᠲᠷᠤᠨ ᠬᠢᠨᠠᠨ ᠪᠠᠶ᠋ᠢᠴᠠᠭ᠋ᠠᠯᠳᠠ ᠵᠢᠨ ᠬᠠᠮ ᠲᠠᠯ᠎ᠠ᠎ᠳᠤ ᠰᠢᠰᠲ᠋ᠧᠮᠵᠢ ᠵᠢ ᠪᠠᠶ᠋ᠢᠭᠤᠯᠵᠦ᠂ ᠪᠦᠭᠦ ᠤᠷᠤᠨ᠎ᠤ ᠨᠢᠬᠡᠳᠦᠯᠳᠡᠢ ᠡᠯᠧᠺᠲᠷᠤᠨ ᠬᠢᠨᠠᠨ ᠪᠠᠶ᠋ᠢᠴᠠᠭ᠋ᠠᠯᠳᠠ ᠵᠢᠨ ᠲᠡᠪᠴᠡᠩ᠎ᠢ ᠡᠮᠬᠢᠯᠡᠨ ᠨᠡᠶ᠋ᠢᠯᠡᠬᠦᠯᠵᠦ ᠪᠦᠷᠢᠯᠳᠦᠭᠦᠯᠦᠨ᠎ᠠ᠃ (ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠂ ᠲᠤᠮᠤ ᠳ᠋ᠠᠶ᠋ᠢᠲ᠋ᠠ ᠵᠢᠨ ᠭᠦᠭᠵᠢᠬᠦᠯᠦᠯᠳᠡ ᠬᠠᠮᠢᠶᠠᠷᠤᠯᠳᠠ ᠵᠢᠨ ᠲᠤᠪᠴᠢᠶ᠎ᠠ ᠲᠦᠷᠦᠭᠦᠯᠡᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠬᠠᠮᠵᠢᠯᠴᠠᠨ᠎ᠠ)
(ᠲᠤᠯᠤᠭ᠎ᠠ) ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠰᠦᠯᠵᠢᠶᠡᠨ ᠲᠡᠬᠡᠷᠡᠬᠢ ᠪᠠ ᠰᠦᠯᠵᠢᠶᠡᠨ᠎ᠠᠴᠠ ᠭᠠᠳᠠᠭᠤᠷᠬᠢ ᠵᠢᠨ ᠨᠢᠬᠡ ᠴᠤᠨᠨᠴᠠᠵᠢᠭᠤᠯᠤᠨᠨᠰᠠᠨ ᠬᠠᠮᠢᠶᠠᠷᠤᠯᠳᠠ ᠵᠢ ᠴᠢᠩᠭ᠋ᠠᠳᠬᠠᠨ᠎ᠠ᠃ ᠡᠯ᠎ᠡ ᠠᠶ᠋ᠢᠮᠠᠭ ᠬᠤᠳᠠ᠂ ᠬᠤᠰᠢᠭᠤ ᠰᠢᠶᠠᠨ (ᠬᠤᠳᠠ᠂ ᠲᠤᠭᠤᠷᠢᠭ)᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠲᠦᠪ᠎ᠤᠨ ᠪᠠᠶ᠋ᠢᠭᠤᠯᠤᠯᠳᠠ ᠪᠠ ᠬᠠᠮᠢᠶᠠᠷᠤᠯᠳᠠ ᠵᠢ ᠤᠯᠠᠮ ᠨᠢᠬᠡ ᠠᠯᠬᠤᠮ ᠵᠢᠷᠤᠮᠵᠢᠭᠤᠯᠵᠦ᠂ ᠡᠯ᠎ᠡ ᠱᠠᠳᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠲᠦᠪ᠎ᠤᠨ ᠡᠭᠦᠷᠬᠡ ᠴᠢᠳᠠᠪᠤᠷᠢ ᠪᠠ ᠡᠭᠦᠷᠬᠡ ᠬᠠᠷᠢᠭᠤᠴᠠᠯᠭ᠎ᠠ ᠵᠢ ᠲᠤᠳᠤᠷᠬᠠᠶ᠋ᠢᠯᠠᠨ᠂ ᠰᠦᠯᠵᠢᠶ᠎ᠠ ᠵᠢᠨ ᠪᠠ ᠰᠦᠯᠵᠢᠶᠡᠨ᠎ᠠᠴᠠ ᠭᠠᠳᠠᠭᠤᠷᠬᠢ ᠵᠢᠨ ᠨᠢᠬᠡ ᠴᠤᠨᠨᠴᠠᠵᠢᠭᠤᠯᠤᠨᠨᠰᠠᠨ ᠦᠢ᠍ᠯᠡᠴᠢᠯᠡᠬᠡᠨ ᠪᠠ ᠬᠠᠮᠢᠶᠠᠷᠤᠯᠳᠠ ᠵᠢᠨ ᠲᠤᠨᠨᠳᠠᠴᠠ ᠵᠢ ᠪᠦᠷᠢᠯᠳᠦᠬᠦᠯᠦᠨ᠎ᠠ᠃ ᠵᠠᠰᠠᠭ᠎ᠤᠨ ᠶᠠᠪᠤᠳᠠᠯ᠎ᠤᠨ ᠪᠤᠳᠠᠳᠤ ᠴᠣᠭᠴᠠ ᠪᠦᠬᠦᠢ ᠲᠢᠩᠬᠢᠮ᠎ᠤᠨ ᠴᠢᠳᠠᠮᠵᠢ ᠵᠢ ᠲᠡᠰ ᠲᠡᠪᠰᠢᠬᠦᠯᠬᠦ ᠵᠢ ᠲᠦᠷᠬᠡᠳᠬᠡᠨ᠂ ᠤᠯᠠᠨ ᠨᠡᠶ᠋ᠢᠳᠡ ᠵᠢᠨ ᠦᠢ᠍ᠯᠡᠴᠢᠯᠡᠬᠡᠨ᠎ᠤ ᠵᠦᠢ᠍ᠯᠡᠰ᠎ᠢ ᠤᠷᠤᠭᠤᠯᠬᠤ ᠵᠢ ᠢᠳᠡᠪᠬᠢᠳᠡᠢ᠎ᠪᠠᠷ ᠠᠬᠢᠭᠤᠯᠵᠦ᠂ ᠵᠠᠰᠠᠭ᠎ᠤᠨ ᠶᠠᠪᠤᠳᠠᠯ᠎ᠤᠨ ᠪᠤᠳᠠᠳᠤ ᠴᠣᠭᠴᠠ ᠪᠦᠬᠦᠢ ᠲᠢᠩᠬᠢᠮ᠎ᠤᠨ ᠦᠢ᠍ᠯᠡᠴᠢᠯᠡᠬᠡᠨ᠎ᠤ ᠴᠢᠳᠠᠪᠤᠷᠢ ᠵᠢ ᠤᠯᠠᠮ ᠨᠢᠬᠡ ᠠᠯᠬᠤᠮ ᠲᠡᠬᠡᠭᠰᠢᠯᠡᠬᠦᠯᠵᠦ᠂ ᠰᠠᠯᠠᠭ᠎ᠠ ᠮᠦᠴᠢᠷ᠎ᠤᠨ ᠰᠠᠯᠭ᠋ᠠᠵᠦ ᠪᠠᠶ᠋ᠢᠷᠢᠯᠠᠭᠤᠯᠤᠨᠨᠰᠠᠨ ᠠᠵᠢᠯ ᠶᠠᠪᠤᠳᠠᠯ ᠭᠦᠢ᠍ᠴᠡᠳᠬᠡᠬᠦ ᠴᠤᠩᠬᠤᠪᠴᠢ ᠵᠢ ᠡᠮᠬᠢᠯᠡᠨ ᠨᠡᠶ᠋ᠢᠯᠡᠬᠦᠯᠵᠦ ᠶᠡᠷᠦᠩᠬᠡᠶ᠋ᠢᠯᠡᠭᠰᠡᠨ ᠴᠤᠩᠬᠤᠪᠴᠢ ᠪᠤᠯᠭ᠋ᠠᠬᠤ ᠵᠢ ᠰᠦᠪᠡᠭᠴᠢᠯᠡᠨ᠂ ᠰᠠᠯᠠᠭ᠎ᠠ ᠮᠦᠴᠢᠷ᠎ᠤᠨ ᠴᠤᠩᠬᠤᠪᠴᠢ᠎ᠳᠤ ᠠᠵᠢᠯᠯᠠᠵᠦ ᠪᠠᠶ᠋ᠢᠨᠨᠰᠠᠨ ᠤᠤᠯ᠎ᠤᠨ ᠠᠵᠢᠯᠳᠠᠨ᠎ᠢ ᠠᠷᠤ ᠲᠠᠯ᠎ᠠ ᠵᠢᠨ ᠳᠠᠪᠴᠠᠩ᠎ᠳᠤᠨᠢ ᠰᠢᠯᠵᠢᠬᠦᠯᠥᠨ ᠬᠢᠨᠠᠨ ᠵᠦᠪᠰᠢᠶᠡᠷᠡᠬᠦᠯᠬᠦ ᠠᠵᠢᠯ᠎ᠢ ᠲᠤᠰᠬᠠᠶ᠋ᠢᠯᠠᠨ ᠬᠢᠯᠬᠡᠵᠦ᠂ 《ᠤᠯᠠᠨ ᠭᠠᠵᠠᠷ᠎ᠲᠤ ᠭᠦᠯᠢᠶᠡᠨ ᠠᠪᠴᠤ ᠰᠶ᠋ᠢᠳᠪᠦᠷᠢᠯᠡᠬᠦ》 ᠵᠢ 《ᠨᠢᠬᠡ ᠴᠤᠩᠬᠤᠪᠴᠢ᠎ᠳᠤ ᠭᠦᠯᠢᠶᠡᠨ ᠠᠪᠴᠤ ᠰᠶ᠋ᠢᠳᠪᠦᠷᠢᠯᠡᠬᠦ》 ᠪᠤᠯᠭ᠋ᠠᠨ ᠬᠤᠪᠢᠷᠠᠭᠤᠯᠵᠦ᠂ ᠤᠯᠠᠨ ᠲᠦᠮᠡᠨ᠎ᠳᠤ ᠲᠦᠷᠦᠯ ᠵᠦᠢ᠍ᠯ᠎ᠨᠢ ᠪᠦᠷᠢᠨ᠂ ᠪᠠᠷᠢᠮᠵᠢᠶ᠎ᠠ᠎ᠨᠢ ᠨᠢᠬᠡᠳᠦᠯᠳᠡᠢ᠂ ᠲᠦᠭᠦᠮ ᠲᠦᠳᠡ ᠦᠨᠳᠦᠷ ᠦᠷ᠎ᠡ ᠪᠦᠳᠦᠮᠵᠢᠳᠡᠢ ᠤᠯᠠᠨ ᠨᠡᠶ᠋ᠢᠳᠡ ᠵᠢᠨ ᠦᠢ᠍ᠯᠡᠴᠢᠯᠡᠭᠡ ᠬᠠᠩᠭ᠋ᠠᠨ᠎ᠠ᠃ ᠵᠠᠰᠠᠭ᠎ᠤᠨ ᠶᠠᠪᠤᠳᠠᠯ᠎ᠤᠨ ᠪᠤᠳᠠᠳᠤ ᠴᠣᠭᠴᠠ ᠪᠦᠬᠦᠢ ᠲᠢᠩᠬᠢᠮ᠎ᠤᠨ ᠬᠠᠮᠢᠶᠠᠷᠤᠯᠳᠠ ᠵᠢᠨ ᠪᠠᠶ᠋ᠢᠭᠤᠯᠤᠮᠵᠢ᠎ᠨᠢ ᠨᠢᠬᠡᠴᠡᠨᠦᠭᠦᠳᠤᠨ ᠤᠷᠤᠵᠦ ᠰᠠᠭᠤᠬᠤ᠂ ᠠᠵᠢᠯ ᠶᠠᠪᠤᠳᠠᠯ ᠡᠷᠬᠢᠯᠡᠨ ᠭᠦᠢ᠍ᠴᠡᠳᠬᠡᠬᠦ᠂ ᠴᠤᠪᠤᠷᠠᠯ᠎ᠢ ᠰᠢᠯᠢᠳᠡᠭᠵᠢᠬᠦᠯᠬᠦ᠂ ᠰᠦᠯᠵᠢᠶᠡᠨ ᠳᠡᠭᠡᠷ᠎ᠡ ᠠᠵᠢᠯᠯᠠᠭ᠋ᠠᠤᠯᠬᠤ᠂ ᠲᠠᠯᠠᠪᠤᠷ᠎ᠲᠤ ᠰᠠᠭᠤᠭ᠎ᠠ ᠵᠠᠭᠤᠴᠢ ᠪᠠᠶ᠋ᠢᠭᠤᠯᠤᠮᠵᠢ᠎ᠨᠤᠭᠤᠳ᠎ᠲᠤ ᠬᠢᠨᠠᠯᠳᠠ ᠲᠠᠯᠪᠢᠵᠦ ᠬᠠᠮᠢᠶᠠᠷᠬᠤ ᠵᠢ ᠴᠢᠩᠭ᠋ᠠᠷᠠᠭᠤᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠢᠯᠡ ᠪᠦᠭᠡᠳ ᠵᠢᠷᠤᠮᠵᠢᠯ᠎ᠲᠠᠢ ᠠᠵᠢᠯᠯᠠᠭᠤᠯᠬᠤ ᠵᠢ ᠠᠬᠢᠭᠤᠯᠬᠤ ᠬᠡᠷᠡᠭᠲᠡᠢ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠦᠨᠳᠦᠰᠦᠨ ᠱᠠᠳᠤ ᠲᠡᠰᠢ ᠤᠷᠳᠤᠳᠬᠠᠬᠤ ᠵᠢ ᠠᠬᠢᠭᠤᠯᠤᠨ᠎ᠠ᠃ ᠰᠤᠮᠤ ᠰᠢᠶᠠᠩ ᠪᠠᠯᠭ᠋ᠠᠰᠤ (ᠵᠡᠬᠡᠯᠢ ᠭᠤᠳᠤᠮᠵᠢ)᠂ ᠭᠠᠴᠠᠭ᠎ᠠ ᠲᠤᠰᠬᠤᠨ (ᠨᠡᠶ᠋ᠢᠬᠡᠮ ᠲᠤᠭᠤᠷᠢᠭ)᠎ᠤ ᠠᠷᠠᠳ᠎ᠲᠤ ᠲᠦᠭᠦᠮ ᠦᠵᠡᠬᠦᠯᠬᠦ ᠦᠢ᠍ᠯᠡᠴᠢᠯᠡᠬᠡᠨ᠎ᠤ ᠴᠢᠬ (ᠤᠷᠤᠯᠠᠨ ᠭᠦᠢ᠍ᠴᠡᠳᠬᠡᠬᠦ ᠴᠢᠬ)᠎ᠤᠨ ᠪᠠᠶ᠋ᠢᠭᠤᠯᠤᠯᠳᠠ ᠵᠢ ᠴᠢᠩᠭ᠋ᠠᠳᠬᠠᠵᠦ᠂ ᠰᠤᠮᠤ ᠰᠢᠶᠠᠩ ᠪᠠᠯᠭ᠋ᠠᠰᠤ (ᠵᠡᠬᠡᠯᠢ ᠭᠤᠳᠤᠮᠵᠢ) ᠪᠠ ᠨᠦᠭᠦᠴᠡᠯ᠎ᠲᠠᠢ ᠭᠠᠴᠠᠭ᠎ᠠ ᠲᠤᠰᠬᠤᠨ (ᠨᠡᠶ᠋ᠢᠬᠡᠮ ᠲᠤᠭᠤᠷᠢᠭ)᠎ᠲᠤ ᠠᠷᠠᠳ᠎ᠲᠤ ᠲᠦᠭᠦᠮ ᠦᠵᠡᠬᠦᠯᠬᠦ ᠦᠢ᠍ᠯᠡᠴᠢᠯᠡᠬᠡᠨ᠎ᠤ ᠴᠢᠬ (ᠤᠷᠤᠯᠠᠨ ᠭᠦᠢ᠍ᠴᠡᠳᠬᠡᠬᠦ ᠴᠢᠬ)᠎ᠢ ᠦᠨᠳᠦᠰᠦᠨ᠎ᠳᠤ᠎ᠨᠢ ᠪᠦᠷᠭᠦᠭᠦᠯᠭᠦ ᠵᠢ ᠪᠡᠶᠡᠯᠡᠬᠦᠯᠦᠨ᠎ᠠ᠃ ᠭᠦᠳᠡᠯᠮᠦᠷᠢ ᠠᠵᠢᠯ ᠤᠯᠭᠤᠯᠳᠠ᠂ ᠨᠡᠶ᠋ᠢᠬᠡᠮ᠎ᠤᠨ ᠲᠠᠭ᠋ᠠᠳᠬᠠᠯ᠂ ᠨᠡᠶ᠋ᠢᠬᠡᠮ᠎ᠤᠨ ᠠᠪᠤᠷᠠᠨ ᠲᠤᠰᠠᠯᠠᠬᠤ᠂ ᠶᠠᠳᠠᠭᠤ ᠵᠢ ᠲᠡᠳᠬᠦᠵᠦ ᠶᠠᠳᠠᠭᠤ᠎ᠠᠴᠠ ᠠᠩᠬᠢᠵᠢᠷᠠᠭᠤᠯᠬᠤ ᠵᠡᠷᠬᠡ ᠭᠦᠷᠢᠶ᠎ᠡ ᠴᠠᠷᠠᠭ᠎ᠠ ᠵᠢᠨ ᠲᠤᠭᠤᠷᠢᠨ ᠵᠶ᠋ᠠᠷ ᠭᠤᠤᠯᠳᠠᠭᠤᠯᠵᠦ᠂ ᠬᠠᠮᠳᠤᠪᠡᠷ ᠭᠦᠷᠳᠡᠬᠦ ᠰᠦᠯᠵᠢᠶᠡᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠡᠬᠢ ᠪᠠᠶᠠᠯᠢᠭ᠎ᠢ ᠭᠦᠢ᠍ᠴᠡᠳ ᠠᠰᠢᠨᠨᠯᠠᠨ᠂ ᠦᠨᠳᠦᠰᠦᠨ ᠱᠠᠳᠤᠨ᠎ᠤ ᠦᠢ᠍ᠯᠡᠴᠢᠯᠡᠬᠦ ᠰᠦᠯᠵᠢᠶᠡᠨ ᠴᠢᠬᠢ ᠰᠦᠯᠵᠢᠶᠡᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠲᠡᠪᠴᠡᠩᠯᠤᠭᠠ ᠨᠢᠨᠨᠳᠠ ᠵᠠᠯᠭ᠋ᠠᠯᠳᠤᠭᠤᠯᠬᠤ ᠠᠵᠢᠯ᠎ᠢ ᠬᠡᠷᠡᠭᠵᠢᠭᠦᠯᠵᠦ᠂ ᠬᠤᠰᠢᠭᠤ ᠰᠢᠶᠠᠨ (ᠬᠤᠳᠠ᠂ ᠲᠤᠭᠤᠷᠢᠭ)᠎ᠤ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠬᠦ ᠵᠦᠢ᠍ᠯᠡᠰ᠎ᠢ ᠭᠦᠯᠢᠶᠡᠨ ᠠᠪᠴᠤ ᠰᠶ᠋ᠢᠳᠪᠦᠷᠢᠯᠡᠬᠦ ᠴᠤᠩᠬᠤᠪᠴᠢ ᠵᠢ ᠲᠤᠷᠤᠨᠨᠰᠢ ᠪᠠᠭᠤᠯᠭ᠋ᠠᠬᠤ ᠵᠢ ᠠᠬᠢᠭᠤᠯᠵᠦ᠂ 《ᠦᠨᠳᠦᠰᠦᠨ ᠱᠠᠳᠤᠨ᠎ᠤ ᠴᠤᠩᠬᠤᠪᠴᠢ᠎ᠳᠤ ᠭᠦᠯᠢᠶᠡᠨ ᠠᠪᠴᠤ᠂ ᠮᠠᠲ᠋ᠧᠷᠢᠶᠠᠯ᠎ᠢ ᠰᠦᠯᠵᠢᠶ᠎ᠡ᠎ᠪᠠᠷ ᠲᠠᠮᠵᠢᠭᠤᠯᠬᠤ᠂ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠬᠢᠨᠠᠨ ᠵᠦᠪᠰᠢᠶᠡᠷᠡᠬᠦ᠂ ᠦᠨᠳᠦᠰᠦᠨ ᠱᠠᠳᠤᠨ᠎ᠤ ᠴᠤᠩᠬᠤᠪᠴᠢ᠎ᠪᠠᠷ ᠬᠠᠷᠢᠭᠤ ᠲᠤᠰᠬᠠᠬᠤ》 ᠠᠵᠢᠯ ᠶᠠᠪᠤᠳᠠᠯ ᠭᠦᠢ᠍ᠴᠡᠳᠬᠡᠬᠦ ᠵᠬᠠᠪᠤᠷ᠎ᠢ ᠪᠠᠶ᠋ᠢᠭᠤᠯᠤᠨ᠂ ᠤᠯᠠᠨ ᠲᠦᠮᠡᠨ᠎ᠢ ᠦᠨᠳᠦᠰᠦᠨ ᠱᠠᠳᠤᠨ᠎ᠤ ᠠᠷᠠᠳ᠎ᠲᠤ ᠲᠦᠭᠦᠮ ᠦᠵᠡᠬᠦᠯᠬᠦ ᠦᠢ᠍ᠯᠡᠴᠢᠯᠡᠬᠡᠨ᠎ᠤ ᠲᠦᠪ ᠵᠶ᠋ᠠᠷ ᠤᠶ᠋ᠢᠷ᠎ᠠ ᠬᠠᠪᠢ᠎ᠳᠠᠭᠠᠨ ᠠᠵᠢᠯ ᠶᠠᠪᠤᠳᠠᠯ ᠭᠦᠢ᠍ᠴᠡᠳᠬᠡᠯᠬᠡᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ 《ᠡᠴᠦᠰ᠎ᠤᠨ ᠨᠢᠬᠡ ᠺᠢᠯᠤᠮᠧᠲᠷ》᠎ᠢ ᠨᠡᠪᠳᠡᠷᠡᠬᠦᠯᠦᠨ᠎ᠠ᠃ ᠦᠪᠡᠷᠳᠡᠬᠡᠨ ᠵᠠᠰᠠᠬᠤ ᠤᠷᠤᠨ᠎ᠤ ᠡᠯ᠎ᠡ ᠱᠠᠳᠤᠨ᠎ᠤ ᠵᠠᠰᠠᠭ᠎ᠤᠨ ᠤᠷᠳᠤᠨ᠎ᠤ ᠫᠤᠷᠲ᠋ᠧᠯ ᠰᠦᠯᠵᠢᠶ᠎ᠡ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠲᠡᠪᠴᠡᠩ ᠵᠢᠴᠢ ᠪᠤᠳᠠᠳᠤ ᠴᠣᠭᠴᠠ ᠪᠦᠬᠦᠢ ᠠᠵᠢᠯ ᠶᠠᠪᠤᠳᠠᠯ ᠭᠦᠢ᠍ᠴᠡᠳᠬᠡᠬᠦ ᠲᠢᠩᠬᠢᠮ᠎ᠨᠢ ᠰᠦᠯᠵᠢᠶ᠎ᠡ ᠵᠢᠨ ᠪᠠ ᠰᠦᠯᠵᠢᠶᠡᠨ᠎ᠠᠴᠠ ᠭᠠᠳᠠᠭᠤᠷᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠠᠵᠢᠯ ᠶᠠᠪᠤᠳᠠᠯ ᠭᠦᠢ᠍ᠴᠡᠳᠬᠡᠬᠦ ᠮᠤᠩᠭᠤᠯ ᠬᠡᠪᠯᠡᠯ᠎ᠤᠨ ᠵᠦᠭᠯᠡᠭᠦᠷ ᠬᠠᠩᠭ᠋ᠠᠬᠤ ᠵᠢ ᠲᠦᠷᠬᠡᠳᠬᠡᠬᠦ ᠬᠡᠷᠡᠭᠳᠡᠢ᠃ (ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ ᠲᠦᠷᠦᠭᠦᠯᠡᠵᠦ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ [ᠭᠡᠷ]᠂ ᠡᠯ᠎ᠡ ᠬᠤᠰᠢᠭᠤ ᠰᠢᠶᠠᠨ [ᠬᠤᠳᠠ᠂ ᠲᠤᠭᠤᠷᠢᠭ]᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠬᠡᠷ ᠬᠠᠮᠵᠢᠯᠴᠠᠨ᠎ᠠ)
(ᠨᠠᠢ᠍ᠮᠠ) ᠦᠪᠡᠷᠳᠡᠬᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠰᠢᠰᠲ᠋ᠧᠮ᠎ᠤᠨ ᠠᠵᠢᠯᠯᠠᠬᠤ ᠲᠤᠬᠠᠶ᠋ᠢᠯᠬᠠᠰᠠᠨ ᠠᠵᠢᠯ᠎ᠤᠨ ᠲᠡᠪᠴᠡᠩ᠎ᠢ ᠡᠮᠬᠢᠯᠡᠨ ᠨᠡᠶ᠋ᠢᠯᠡᠬᠦᠯᠵᠦ ᠪᠠᠶ᠋ᠢᠭᠤᠯᠤᠨ᠎ᠠ᠃ ᠣᠳᠣᠬᠠᠨ᠎ᠤ ᠡᠯᠧᠺᠲᠷᠤᠨ ᠠᠯᠪᠠᠨ ᠪᠢᠴᠢᠭ᠎ᠤᠨ ᠨᠢᠬᠡ ᠴᠤᠨᠨᠴᠠᠵᠢᠭᠤᠯᠤᠨᠨᠰᠠᠨ ᠲᠡᠪᠴᠡᠩ᠎ᠤᠨ ᠠᠵᠢᠯᠯᠠᠭ᠋ᠠᠨ᠎ᠤ ᠰᠠᠭᠤᠷᠢ ᠵᠢ ᠭᠦᠢ᠍ᠴᠡᠳ ᠠᠰᠢᠨᠨᠯᠠᠨ᠂ ᠪᠠᠷᠢᠮᠵᠢᠶ᠎ᠠ᠎ᠨᠢ ᠵᠢᠷᠤᠮᠵᠢᠨᠨᠰᠠᠨ ᠨᠢᠬᠡᠳᠦᠯᠳᠡᠢ ᠰᠢᠰᠲ᠋ᠧᠮᠵᠢ ᠵᠢ ᠪᠠᠶ᠋ᠢᠭᠤᠯᠬᠤ᠎ᠪᠠᠷ ᠲᠠᠮᠵᠢᠭᠤᠯᠤᠨ᠂ ᠡᠯᠧᠺᠲᠷᠤᠨ ᠲᠠᠮᠠᠭ᠎ᠠ᠂ ᠡᠯᠧᠺᠲᠷᠤᠨ ᠪᠢᠴᠢᠭ ᠮᠠᠲ᠋ᠧᠷᠢᠶᠠᠯ᠂ ᠬᠤᠶᠠᠷ ᠬᠡᠮᠵᠢᠯᠳᠦ ᠵᠢᠷᠤᠭ᠋ᠠᠰᠤᠨ ᠲᠡᠮᠳᠡᠭ᠂ ᠲᠤᠭ᠋ᠠᠴᠠᠯᠬᠠᠰᠠᠨ ᠬᠡᠷᠡᠴᠢᠯᠡᠭᠡ᠂ ᠠᠯᠪᠠᠨ ᠪᠢᠴᠢᠭ᠎ᠤᠨ ᠪᠤᠰᠤᠭ᠎ᠠ ᠴᠤᠬ᠍ᠴᠠᠳᠤ ᠰᠤᠯᠢᠯᠴᠠᠭ᠎ᠠ ᠵᠡᠷᠬᠡ ᠵᠢ ᠪᠠᠷᠢᠮᠵᠢᠶᠠᠵᠢᠭᠤᠯᠬᠤ᠎ᠪᠠᠷ ᠰᠠᠭᠤᠷᠢ ᠪᠤᠯᠭ᠋ᠠᠨ᠂ ᠠᠯᠪᠠᠨ ᠪᠢᠴᠢᠭ᠂ ᠬᠤᠷᠠᠯ ᠴᠤᠨᠨᠯᠠᠭ᠋ᠠᠨ᠂ ᠰᠢᠮᠳᠠᠭᠤᠯᠤᠨ ᠪᠠᠶ᠋ᠢᠴᠠᠭ᠋ᠠᠯᠳᠠ᠂ ᠮᠡᠳᠡᠭᠡ ᠵᠠᠩᠬᠢ ᠵᠡᠷᠬᠡ ᠠᠵᠢᠯᠯᠠᠬᠤ ᠲᠤᠬᠠᠶ᠋ᠢᠯᠬᠠᠰᠠᠨ ᠠᠵᠢᠯ᠎ᠤᠨ ᠰᠢᠰᠲ᠋ᠧᠮ᠎ᠢ ᠰᠢᠯᠢᠳᠡᠭᠵᠢᠬᠦᠯᠦᠨ ᠡᠮᠬᠢᠯᠡᠨ ᠨᠡᠶ᠋ᠢᠯᠡᠬᠦᠯᠵᠦ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ᠎ᠤᠨ ᠠᠳᠠᠯᠢ ᠪᠤᠰᠤ ᠲᠤᠬᠠᠶ᠋ᠢᠯᠠᠭᠰᠠᠨ ᠠᠵᠢᠯ᠎ᠤᠨ ᠰᠢᠰᠲ᠋ᠧᠮ᠎ᠤᠨ ᠬᠠᠷᠢᠯᠴᠠᠨ ᠨᠡᠶ᠋ᠢᠯᠡᠯᠳᠦᠬᠦ ᠪᠠ ᠬᠠᠮᠵᠢᠯᠴᠠᠨ ᠠᠵᠢᠯᠯᠠᠬᠤ ᠵᠢ ᠠᠬᠢᠭᠤᠯᠤᠨ᠎ᠠ᠃ ᠦᠪᠡᠷᠳᠡᠬᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠠᠯᠪᠠᠨ ᠫᠤᠷᠲ᠋ᠧᠯ ᠰᠦᠯᠵᠢᠶ᠎ᠠ᠎ᠪᠠᠷ ᠲᠡᠪᠴᠡᠩ ᠪᠤᠯᠭ᠋ᠠᠵᠦ᠂ ᠵᠠᠰᠠᠭ᠎ᠤᠨ ᠤᠷᠳᠤᠨ᠎ᠤ ᠬᠠᠮᠢᠶᠠᠷᠤᠯᠳᠠ ᠵᠢᠨ ᠠᠷᠭ᠎ᠠ ᠮᠠᠶᠢᠭ᠎ᠲᠤ ᠰᠢᠨ᠎ᠠ ᠵᠢ ᠡᠭᠦᠳᠴᠦ᠂ ᠵᠠᠰᠠᠭ᠎ᠤᠨ ᠤᠷᠳᠤᠨ᠎ᠤ ᠠᠵᠢᠯᠯᠠᠭ᠋ᠠᠨ᠎ᠤ ᠭᠦᠴᠦᠨ ᠴᠢᠳᠠᠪᠤᠷᠢ ᠵᠢ ᠲᠡᠬᠡᠭᠰᠢᠯᠡᠬᠦᠯᠥᠨ᠂ ᠦᠪᠡᠷᠳᠡᠬᠡᠨ ᠵᠠᠰᠠᠬᠤ ᠤᠷᠤᠨ᠂ ᠠᠶ᠋ᠢᠮᠠᠭ ᠬᠤᠳᠠ᠂ ᠬᠤᠰᠢᠭᠤ ᠰᠢᠶᠠᠨ (ᠬᠤᠳᠠ᠂ ᠲᠤᠭᠤᠷᠢᠭ) ᠭᠤᠷᠪᠠᠨ ᠱᠠᠳᠤᠨ᠎ᠤ ᠠᠵᠢᠯᠯᠠᠬᠤ ᠲᠤᠬᠠᠶ᠋ᠢᠯᠬᠠᠰᠠᠨ ᠠᠵᠢᠯ᠎ᠤᠨ ᠨᠡᠶ᠋ᠢᠯᠡᠯᠳᠦᠬᠦ᠂ ᠬᠠᠮᠵᠢᠯᠴᠠᠬᠤ᠂ ᠦᠨᠳᠦᠷ ᠦᠷ᠎ᠡ ᠪᠦᠳᠦᠮᠵᠢᠳᠡᠢ ᠠᠵᠢᠯᠯᠠᠬᠤ ᠵᠢ ᠠᠬᠢᠭᠤᠯᠤᠨ᠎ᠠ᠃ ᠡᠭᠦᠯᠡᠨ ᠪᠤᠳᠤᠯᠳᠠ᠂ ᠲᠤᠮᠤ ᠳ᠋ᠠᠶ᠋ᠢᠲ᠋ᠠ᠂ ᠤᠷᠤᠨ ᠵᠠᠢ ᠵᠢᠨ ᠭᠠᠵᠠᠷ ᠵᠦᠢ ᠵᠢᠨ ᠮᠡᠳᠡᠭᠡ ᠵᠠᠩᠬᠢ ᠪᠠ ᠰᠢᠯᠵᠢᠮᠡᠯ ᠴᠢᠮᠡᠭᠡ ᠬᠤᠯᠪᠤᠭ᠎ᠠ ᠵᠢᠨ ᠢᠨᠲ᠋ᠧᠷ ᠰᠦᠯᠵᠢᠶ᠎ᠡ ᠵᠡᠷᠬᠡ ᠮᠡᠳᠡᠭᠡ ᠵᠠᠩᠬᠢ ᠵᠢᠨ ᠮᠡᠷᠬᠡᠵᠢᠯ᠎ᠢ ᠭᠦᠢ᠍ᠴᠡᠳ ᠬᠡᠷᠡᠭᠯᠡᠨ᠂ ᠦᠪᠡᠷᠳᠡᠬᠡᠨ ᠵᠠᠰᠠᠬᠤ ᠤᠷᠤᠨ᠂ ᠠᠶ᠋ᠢᠮᠠᠭ ᠬᠤᠳᠠ᠂ ᠬᠤᠰᠢᠭᠤ ᠰᠢᠶᠠᠨ (ᠬᠤᠳᠠ᠂ ᠲᠤᠭᠤᠷᠢᠭ) ᠭᠤᠷᠪᠠᠨ ᠱᠠᠳᠤᠨ᠎ᠤ ᠵᠠᠰᠠᠭ᠎ᠤᠨ ᠤᠷᠳᠤᠨ᠎ᠤ ᠠᠵᠢᠯᠯᠠᠬᠤ ᠲᠤᠬᠠᠶ᠋ᠢᠯᠬᠠᠰᠠᠨ ᠠᠵᠢᠯ᠎ᠢ ᠡᠷᠴᠢᠮᠵᠢᠬᠦᠯᠦᠨ ᠲᠡᠯᠬᠡᠷᠡᠭᠦᠯᠭᠦ ᠪᠠ ᠴᠤᠮᠬᠠᠳᠬᠠᠵᠢᠭᠤᠯᠤᠨ ᠬᠡᠷᠡᠭᠯᠡᠬᠦ ᠵᠢ ᠪᠡᠶᠡᠯᠡᠬᠦᠯᠦᠨ᠎ᠠ᠃ (ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ ᠲᠦᠷᠦᠭᠦᠯᠡᠵᠦ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ [ᠭᠡᠷ]᠂ ᠡᠯ᠎ᠡ ᠬᠤᠰᠢᠭᠤ ᠰᠢᠶᠠᠨ [ᠬᠤᠳᠠ᠂ ᠲᠤᠭᠤᠷᠢᠭ]᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠬᠡᠷ ᠬᠠᠮᠵᠢᠯᠴᠠᠨ᠎ᠠ)
(ᠶᠢᠰᠦ) ᠦᠪᠡᠷᠳᠡᠬᠡᠨ ᠵᠠᠰᠠᠬᠤ ᠤᠷᠤᠨ᠎ᠤ ᠵᠠᠰᠠᠭ᠎ᠤᠨ ᠶᠠᠪᠤᠳᠠᠯ᠎ᠤᠨ ᠲᠤᠮᠤ ᠳ᠋ᠠᠶ᠋ᠢᠲ᠋ᠠ ᠵᠢᠨ ᠲᠦᠪ᠎ᠢ ᠪᠠᠶ᠋ᠢᠭᠤᠯᠤᠨ᠎ᠠ᠃ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ 《ᠵᠠᠰᠠᠭ᠎ᠤᠨ ᠶᠠᠪᠤᠳᠠᠯ᠎ᠤᠨ ᠮᠡᠳᠡᠭᠡ ᠵᠠᠩᠬᠢ ᠵᠢᠨ ᠡᠬᠢ ᠪᠠᠶᠠᠯᠢᠭ᠎ᠢ ᠬᠠᠮᠳᠤ᠎ᠪᠠᠷ ᠭᠦᠷᠳᠡᠬᠦ ᠬᠠᠮᠢᠶᠠᠷᠤᠯᠳᠠ ᠵᠢᠨ ᠲᠦᠷ ᠬᠡᠷᠡᠭᠵᠢᠬᠦᠯᠬᠦ ᠠᠷᠭ᠎ᠠ》 (ᠲᠦᠷᠦ ᠲᠠᠷᠬᠠᠭ᠋ᠠᠨᠨᠰᠠᠨ [2016] 51 ᠳ᠋ᠤᠬᠡᠷ ᠲᠤᠭ᠋ᠠᠳᠤ) ᠵᠢ ᠬᠢᠨᠠᠮᠠᠭ᠋ᠠᠢ ᠲᠤᠤᠱᠯᠠᠭᠤᠯᠤᠨ ᠬᠡᠷᠡᠭᠵᠢᠬᠦᠯᠵᠦ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠬᠢ ᠵᠢᠨ ᠡᠬᠢ ᠪᠠᠶᠠᠯᠢᠭ᠎ᠤᠨ ᠭᠠᠷᠴᠠᠭ᠎ᠢ ᠨᠠᠶ᠋ᠢᠷᠠᠭᠤᠯᠤᠨ ᠵᠤᠬᠢᠶᠠᠬᠤ᠂ ᠦᠪᠡᠷᠳᠡᠬᠡᠨ ᠵᠠᠰᠠᠬᠤ ᠤᠷᠤᠨ᠎ᠤ ᠮᠡᠳᠡᠭᠡ ᠵᠠᠩᠬᠢ ᠵᠢᠨ ᠡᠬᠢ ᠪᠠᠶᠠᠯᠢᠭ᠎ᠢ ᠬᠠᠮᠳᠤᠪᠡᠷ ᠭᠦᠷᠳᠡᠬᠡᠵᠦ ᠰᠤᠯᠢᠯᠴᠠᠬᠤ ᠲᠡᠪᠴᠡᠩ᠎ᠢ ᠪᠠᠶ᠋ᠢᠭᠤᠯᠬᠤ᠎ᠪᠠᠷ ᠰᠠᠭᠤᠷᠢ ᠪᠤᠯᠭ᠋ᠠᠨ᠂ ᠦᠪᠡᠷᠳᠡᠬᠡᠨ ᠵᠠᠰᠠᠬᠤ ᠤᠷᠤᠨ᠎ᠤ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢᠨ ᠡᠬᠢ ᠪᠠᠶᠠᠯᠢᠭ᠎ᠤᠨ ᠨᠢᠬᠡᠳᠦᠯᠳᠡᠢ ᠰᠢᠰᠲ᠋ᠧᠮᠵᠢ ᠵᠢ ᠪᠠᠶ᠋ᠢᠭᠤᠯᠵᠦ᠂ ᠦᠪᠡᠷᠳᠡᠬᠡᠨ ᠵᠠᠰᠠᠬᠤ ᠤᠷᠤᠨ᠎ᠤ ᠵᠠᠰᠠᠭ᠎ᠤᠨ ᠶᠠᠪᠤᠳᠠᠯ᠎ᠤᠨ ᠲᠤᠮᠤ ᠳ᠋ᠠᠶ᠋ᠢᠲ᠋ᠠ ᠵᠢᠨ ᠰᠠᠭᠤᠷᠢ ᠲᠡᠪᠴᠡᠩ᠎ᠢ ᠪᠠᠶ᠋ᠢᠭᠤᠯᠤᠨ᠎ᠠ᠃ ᠵᠠᠰᠠᠭ᠎ᠤᠨ ᠣᠷᠳᠤᠨ᠎ᠤ ᠰᠠᠯᠠᠭ᠎ᠠ ᠮᠦᠴᠢᠷ᠂ ᠠᠵᠦ ᠠᠬᠤᠶ᠋ᠢᠯᠠᠯ ᠠᠵᠢᠯ ᠦᠢ᠍ᠯᠡᠰ᠎ᠤᠨ ᠨᠢᠬᠡᠴᠡ ᠵᠢᠴᠢ ᠪᠤᠰᠤᠳ ᠤᠯᠠᠨ ᠨᠡᠶ᠋ᠢᠳᠡ ᠵᠢᠨ ᠦᠢ᠍ᠯᠡᠴᠢᠯᠡᠬᠡᠨ᠎ᠤ ᠪᠠᠶ᠋ᠢᠭᠤᠯᠤᠮᠵᠢ ᠵᠢᠨ ᠳ᠋ᠠᠶ᠋ᠢᠲ᠋ᠠ ᠵᠢ ᠨᠢᠬᠡᠳᠦᠯᠳᠡᠢ ᠲᠦᠯᠦᠪᠯᠡᠨ ᠬᠠᠮᠢᠶᠠᠷᠬᠤ᠎ᠪᠠᠨ ᠴᠢᠩᠭ᠋ᠠᠳᠬᠠᠨ᠂ ᠵᠠᠰᠠᠭ᠎ᠤᠨ ᠤᠷᠳᠤᠨ᠎ᠤ ᠳ᠋ᠠᠶ᠋ᠢᠲ᠋ᠠ ᠵᠢᠨ ᠴᠢᠯᠦᠬᠡᠳᠡᠢ ᠪᠠᠶ᠋ᠢᠯᠭ᠋ᠠᠬᠤ ᠪᠠᠷᠢᠮᠵᠢᠶ᠎ᠠ ᠵᠢᠨ ᠵᠢᠷᠤᠮᠵᠢᠯ᠎ᠢ ᠲᠤᠨᠨᠳᠠᠭ᠋ᠠᠨ ᠬᠡᠷᠡᠭᠵᠢᠬᠦᠯᠵᠦ᠂ ᠳ᠋ᠠᠶ᠋ᠢᠲ᠋ᠠ ᠵᠢᠨ ᠰᠤᠯᠢᠯᠴᠠᠬᠤ ᠪᠠᠷᠢᠮᠵᠢᠶ᠎ᠠ ᠪᠠ ᠳ᠋ᠠᠶ᠋ᠢᠲ᠋ᠠ ᠵᠢᠨ ᠰᠤᠯᠢᠯᠴᠠᠬᠤ ᠲᠦᠯᠦᠪᠯᠡᠭᠡ ᠵᠢ ᠨᠡᠶ᠋ᠢᠲᠡᠯᠡᠨ᠂ ᠳ᠋ᠠᠶ᠋ᠢᠲ᠋ᠠ ᠵᠢ ᠰᠤᠯᠢᠯᠴᠠᠬᠤ ᠵᠢᠴᠢ ᠬᠠᠮᠠᠭ᠋ᠠᠯᠠᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠮᠡᠳᠡᠭᠡ ᠵᠠᠩᠬᠢ ᠵᠢᠨ 《ᠰᠠᠯᠭ᠋ᠠᠨ ᠲᠤᠰᠠᠭ᠋ᠠᠷᠯᠠᠬᠤ》 ᠵᠢ ᠠᠷᠢᠯᠭ᠋ᠠᠨ᠂ ᠮᠡᠳᠡᠭᠡ ᠵᠠᠩᠬᠢ ᠵᠢᠨ 《ᠲᠠᠰᠤᠷᠬᠠᠢ ᠪᠠᠶ᠋ᠢᠭ᠎ᠠ》 ᠵᠢ ᠨᠡᠪᠳᠡᠷᠡᠬᠦᠯᠦᠨ᠂ ᠲᠤᠬᠠᠶ᠋ᠢᠯᠬᠠᠰᠠᠨ ᠠᠵᠢᠯ᠎ᠤᠨ ᠳ᠋ᠠᠶ᠋ᠢᠲ᠋ᠠ ᠵᠢᠨ ᠵᠠᠯᠭ᠋ᠠᠰᠤ ᠵᠢ ᠬᠡᠷᠡᠭᠴᠡᠭᠡ ᠶᠣᠰᠤᠭ᠋ᠠᠷ ᠴᠢᠯᠦᠬᠡᠳᠡᠢ ᠨᠡᠬᠡᠬᠡᠵᠦ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷᠤᠨᠬᠢᠨᠤ ᠳ᠋ᠠᠶ᠋ᠢᠲ᠋ᠠ ᠵᠢᠨ ᠮᠡᠳᠡᠭᠡ ᠵᠠᠩᠬᠢ ᠵᠢᠨ ᠲᠠᠯ᠎ᠠ᠎ᠪᠠᠷ ᠬᠠᠷᠢᠯᠴᠠᠨ ᠬᠤᠯᠪᠤᠭ᠋ᠠᠯᠠᠵᠦ ᠬᠠᠷᠢᠯᠴᠠᠨ ᠨᠡᠪᠳᠡᠷᠡᠯᠴᠡᠬᠦ᠂ ᠬᠠᠮᠳᠤᠪᠡᠷ ᠭᠦᠢ᠍ᠴᠡᠳ ᠭᠦᠷᠳᠡᠬᠦ ᠵᠢ ᠪᠡᠶᠡᠯᠡᠬᠦᠯᠦᠨ᠎ᠠ᠃ ᠣᠨᠴᠠ ᠵᠠᠷᠢᠮ ᠬᠡᠷᠡᠭᠯᠡᠯᠲᠡ᠎ᠳᠤ ᠳ᠋ᠠᠶ᠋ᠢᠲ᠋ᠠ ᠵᠢᠨ ᠬᠤᠷᠢᠶᠠᠨ ᠴᠤᠨᠨᠯᠠᠭᠤᠯᠬᠤ ᠵᠢ ᠠᠰᠲᠤᠨᠢ ᠬᠡᠷᠡᠭᠵᠢᠬᠦᠯᠬᠦ᠎ᠪᠠᠨ ᠪᠤᠯᠢᠵᠦ᠂ ᠳ᠋ᠠᠶ᠋ᠢᠲ᠋ᠠ ᠵᠢ ᠲᠠᠬᠢᠨ ᠲᠠᠪᠳᠠᠨ ᠬᠤᠷᠢᠶᠠᠨ ᠴᠤᠨᠨᠯᠠᠭᠤᠯᠬᠤ᠂ ᠲᠠᠬᠢᠨ ᠲᠠᠪᠳᠠᠨ ᠰᠤᠩᠭᠤᠵᠦ ᠴᠤᠭᠯᠠᠷᠠᠭᠤᠯᠬᠤ ᠵᠢ ᠪᠠᠭ᠋ᠠᠰᠬᠠᠨ᠂ ᠰᠠᠯᠠᠭ᠎ᠠ ᠮᠦᠴᠢᠷ᠂ ᠤᠯᠠᠨ ᠲᠦᠮᠡᠨ ᠪᠠ ᠦᠨᠳᠦᠰᠦᠨ ᠱᠠᠳᠤᠨᠤᠬᠢᠨᠤ ᠳ᠋ᠠᠶ᠋ᠢᠲ᠋ᠠ ᠵᠢᠨ ᠰᠤᠯᠢᠯᠴᠠᠬᠤ ᠲᠠᠷᠤᠭ᠋ᠠᠰᠤ ᠵᠢ ᠬᠦᠩᠭᠡᠷᠡᠭᠦᠯᠥᠨᠡ᠃ ᠴᠢᠯᠦᠬᠡᠳᠡᠢ ᠨᠡᠬᠡᠬᠡᠭᠰᠡᠨ ᠳ᠋ᠠᠶ᠋ᠢᠲ᠋ᠠ ᠵᠢᠨ ᠭᠠᠷᠴᠠᠭ ᠵᠢᠴᠢ ᠨᠡᠶ᠋ᠢᠳᠡᠮ ᠴᠢᠯᠦᠬᠡᠳᠡᠢ ᠨᠡᠬᠡᠬᠡᠭᠰᠡᠨ ᠳ᠋ᠠᠶ᠋ᠢᠲ᠋ᠠ ᠵᠢᠨ ᠲᠡᠭᠦᠪᠦᠷᠢ ᠵᠢ ᠴᠠᠭᠲᠤᠨᠢ ᠲᠣᠬᠢᠷᠠᠭᠤᠯᠤᠨ ᠨᠡᠶ᠋ᠢᠳᠡᠯᠡᠵᠦ᠂ ᠡᠮᠴᠢᠯᠡᠭᠡ᠂ ᠡᠷᠡᠭᠦᠯ ᠬᠠᠮᠠᠭ᠋ᠠᠯᠠᠯ᠂ ᠤᠷᠴᠢᠨ ᠲᠤᠭᠤᠷᠢᠨ᠂ ᠵᠠᠮ ᠬᠠᠷᠢᠯᠴᠠᠭ᠎ᠠ᠂ ᠵᠢᠭᠤᠯᠴᠢᠯᠠᠯ᠂ ᠰᠤᠶᠤᠯ᠂ ᠶᠠᠰᠦ ᠴᠢᠨᠠᠷ᠂ ᠴᠠᠭ ᠠᠭᠤᠷ ᠵᠡᠷᠬᠡ ᠵᠢᠨ ᠵᠠᠰᠠᠭ᠎ᠤᠨ ᠤᠷᠳᠤᠨ᠎ᠤ ᠳ᠋ᠠᠶ᠋ᠢᠲ᠋ᠠ ᠵᠢ ᠨᠡᠶ᠋ᠢᠬᠡᠮᠤᠨᠬᠢᠨᠳᠤ ᠴᠢᠯᠦᠬᠡᠳᠡᠢ ᠨᠡᠬᠡᠬᠡᠬᠦ ᠵᠢ ᠤᠷᠢᠳᠠᠪᠡᠷ ᠠᠬᠢᠭᠤᠯᠤᠨ᠎ᠠ᠃ ᠴᠠᠬᠢᠯᠭ᠋ᠠᠨ ᠭᠦᠴᠦᠨ᠂ ᠰᠢᠲᠠᠮᠠᠬᠠᠢ ᠬᠡᠢ᠂ ᠴᠢᠮᠡᠭᠡ ᠬᠤᠯᠪᠤᠭ᠎ᠠ᠂ ᠷᠠᠳᠢᠤ᠋ ᠲᠧᠯᠸᠢᠰ ᠵᠡᠷᠬᠡ ᠵᠢᠨ ᠠᠵᠦ ᠠᠬᠤᠶ᠋ᠢᠯᠠᠯ ᠠᠵᠢᠯ ᠦᠢ᠍ᠯᠡᠰ᠎ᠤᠨ ᠨᠢᠬᠡᠴᠡ ᠪᠠ ᠪᠤᠰᠤᠳ ᠤᠯᠠᠨ ᠨᠡᠶ᠋ᠢᠳᠡ ᠵᠢᠨ ᠦᠢ᠍ᠯᠡᠴᠢᠯᠡᠬᠡᠨ᠎ᠤ ᠪᠠᠶ᠋ᠢᠭᠤᠯᠤᠮᠵᠢ ᠵᠢᠨ ᠡᠭᠦᠷᠬᠡ ᠲᠤᠰᠢᠶᠠᠯ ᠵᠶ᠋ᠠᠨ ᠭᠦᠢ᠍ᠴᠡᠳᠬᠡᠬᠦ ᠶᠠᠪᠤᠴᠠ᠎ᠳᠤ ᠪᠦᠷᠢᠯᠳᠦᠭᠰᠡᠨ ᠳ᠋ᠠᠶ᠋ᠢᠲ᠋ᠠ ᠵᠢᠨ ᠡᠬᠢ ᠪᠠᠶᠠᠯᠢᠭ᠎ᠢ ᠠᠯᠬᠤᠮ ᠠᠯᠬᠤᠮ ᠵᠶ᠋ᠠᠷ ᠴᠢᠯᠦᠬᠡᠳᠡᠢ ᠨᠡᠬᠡᠬᠡᠨ᠎ᠠ᠃ (ᠦᠪᠡᠷᠳᠡᠬᠡᠨ ᠵᠠᠰᠠᠬᠤ ᠤᠷᠤᠨ᠎ᠤ ᠲᠤᠮᠤ ᠳ᠋ᠠᠶ᠋ᠢᠲ᠋ᠠ ᠵᠢᠨ ᠭᠦᠭᠵᠢᠬᠦᠯᠦᠯᠳᠡ ᠬᠠᠮᠢᠶᠠᠷᠤᠯᠳᠠ ᠵᠢᠨ ᠲᠤᠪᠴᠢᠶ᠎ᠠ ᠲᠦᠷᠦᠭᠦᠯᠡᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠬᠠᠮᠵᠢᠯᠴᠠᠨ᠎ᠠ)
(ᠠᠷᠪᠠ) ᠰᠢᠨ᠎ᠠ ᠬᠡᠯᠪᠡᠷᠢ ᠵᠢᠨ ᠤᠬᠠᠭ᠋ᠠᠯᠢᠭ ᠬᠤᠳᠠ ᠵᠢᠨ ᠪᠦᠳᠦᠬᠡᠨ ᠪᠠᠶ᠋ᠢᠭᠤᠯᠤᠯᠳᠠ ᠵᠢ ᠠᠬᠢᠭᠤᠯᠤᠨ᠎ᠠ᠃ ᠢᠨᠲ᠋ᠧᠷ ᠰᠦᠯᠵᠢᠶ᠎ᠡ᠂ ᠪᠤᠳᠠᠰᠯᠢᠭ ᠬᠤᠯᠪᠤᠭ᠋ᠠᠳᠤ ᠰᠦᠯᠵᠢᠶ᠎ᠡ᠂ ᠬᠠᠷᠠᠭ᠋ᠠᠨ ᠲᠠᠪᠳᠠᠮᠵᠢᠳᠦ ᠰᠦᠯᠵᠢᠶ᠎ᠡ᠂ ᠡᠭᠦᠯᠡᠨ ᠪᠤᠳᠤᠯᠳᠠ ᠪᠠ ᠲᠤᠮᠤ ᠳ᠋ᠠᠶ᠋ᠢᠲ᠋ᠠ ᠵᠡᠷᠬᠡ ᠮᠡᠷᠬᠡᠵᠢᠯ᠎ᠢ ᠬᠡᠷᠡᠭᠯᠡᠨ᠂ 《ᠲᠤᠷᠪᠢᠯᠢᠬ᠂ ᠤᠶᠤᠨᠴᠢ᠂ ᠪᠤᠬᠢᠷᠳᠤᠯ ᠦᠬᠡᠢ᠂ ᠨᠡᠭᠦᠷᠡᠰᠦᠳᠦ᠋ᠷᠤᠭ᠌ᠴᠢ ᠪᠠᠭ᠎ᠠ》 ᠬᠤᠳᠠ ᠪᠠᠯᠭ᠋ᠠᠰᠤᠵᠢᠭᠤᠯᠤᠨ ᠭᠦᠭᠵᠢᠭᠦᠯᠭᠦ ᠵᠠᠮ ᠵᠶ᠋ᠠᠷ ᠵᠠᠮᠨᠠᠬᠤ ᠵᠢ ᠪᠠᠷᠢᠮᠳᠠᠯᠠᠨ᠂ ᠦᠪᠡᠷᠳᠡᠬᠡᠨ ᠵᠠᠰᠠᠬᠤ ᠤᠷᠤᠨ᠎ᠤ ᠰᠢᠨ᠎ᠠ ᠬᠡᠯᠪᠡᠷᠢ ᠵᠢᠨ ᠤᠬᠠᠭ᠋ᠠᠯᠢᠭ ᠬᠤᠳᠠ ᠵᠢᠨ ᠪᠦᠲᠥᠭᠡᠨ ᠪᠠᠶ᠋ᠢᠭᠤᠯᠤᠯᠳᠠ ᠵᠢ ᠠᠬᠢᠭᠤᠯᠵᠦ᠂ ᠦᠪᠡᠷᠳᠡᠬᠡᠨ ᠵᠠᠰᠠᠬᠤ ᠤᠷᠤᠨ᠎ᠤ ᠪᠤᠳᠠᠳᠤ ᠪᠠᠶ᠋ᠢᠳᠠᠯ᠎ᠳᠤ ᠨᠡᠶ᠋ᠢᠴᠡᠭᠰᠡᠨ ᠬᠤᠳᠠ ᠵᠢᠨ ᠭᠦᠭᠵᠢᠯᠳᠡ ᠵᠢᠨ ᠵᠠᠮ᠎ᠢ ᠨᠡᠬᠡᠬᠡᠨ᠎ᠠ᠃ ᠮᠡᠳᠡᠭᠡ ᠵᠠᠩᠬᠢ᠎ᠪᠠᠷ ᠠᠷᠠᠳ᠎ᠲᠤ ᠠᠰᠢᠭ ᠭᠦᠷᠳᠡᠬᠡᠬᠦ ᠲᠤᠷᠰᠢᠯᠳᠠ ᠵᠢᠨ ᠠᠵᠢᠯ᠎ᠢ ᠦᠨᠡᠨᠬᠦ ᠰᠠᠶ᠋ᠢᠳᠤᠷ ᠠᠳᠬᠤᠵᠦ᠂ 2017 ᠤᠨ᠎ᠤ ᠰᠡᠭᠦᠯᠴᠢ᠎ᠠᠴᠠ ᠡᠮᠤᠨ᠎ᠠ᠂ ᠮᠡᠳᠡᠭᠡ ᠵᠠᠩᠬᠢ᠎ᠪᠠᠷ ᠠᠷᠠᠳ᠎ᠲᠤ ᠠᠰᠢᠭ ᠭᠦᠷᠳᠡᠬᠡᠬᠦ ᠤᠯᠤᠰ᠎ᠤᠨ ᠲᠤᠷᠰᠢᠯᠳᠠ ᠵᠢᠨ ᠴᠢᠬ ᠪᠤᠯᠬᠤ ᠭᠦᠬᠡᠬᠤᠳᠠ᠂ ᠦᠬᠠᠢ 2 ᠬᠤᠳᠠ᠎ᠳᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ 《ᠨᠢᠬᠡ ᠨᠤᠮᠧᠷ ᠵᠶ᠋ᠠᠷ ᠭᠤᠶᠤᠴᠢᠯᠠᠬᠤ᠂ ᠨᠢᠬᠡ ᠴᠤᠩᠬᠤᠪᠴᠢ᠎ᠪᠠᠷ ᠭᠦᠯᠢᠶᠡᠨ ᠠᠪᠬᠤ᠂ ᠨᠢᠬᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠬᠡᠬᠦ》 ᠵᠢ ᠪᠡᠶᠡᠯᠡᠬᠦᠯᠦᠨ᠂ ᠲᠠᠭᠤᠷᠢᠶᠠᠵᠦ ᠲᠡᠯᠬᠡᠷᠡᠭᠦᠯᠵᠦ ᠪᠤᠯᠬᠤᠶ᠋ᠢᠴᠠ ᠲᠤᠷᠰᠢᠯᠭ᠎ᠠ ᠵᠢ ᠪᠣᠢ ᠪᠣᠯᠭ᠋ᠠᠨ᠂ ᠠᠯᠬᠤᠮ ᠠᠯᠬᠤᠮ ᠵᠶ᠋ᠠᠷ ᠪᠦᠭᠦ ᠤᠷᠤᠨ᠎ᠳᠤ ᠬᠡᠷᠡᠭᠵᠢᠭᠦᠯᠵᠦ᠂ 2020 ᠤᠨ᠎ᠤ ᠵᠢᠯ᠎ᠤᠨ ᠰᠡᠭᠦᠯᠴᠢ᠎ᠠᠴᠠ ᠡᠮᠤᠨ᠎ᠠ᠂ ᠢᠯᠡ ᠲᠣᠳᠤ ᠤᠨᠴᠠᠯᠢᠭ᠎ᠲᠠᠢ ᠤᠬᠠᠭ᠋ᠠᠯᠢᠭ ᠬᠤᠳᠠ ᠵᠢ 5 ᠪᠦᠳᠦᠬᠡᠨ ᠪᠠᠶ᠋ᠢᠭᠤᠯᠤᠨ᠎ᠠ᠃ ᠭᠦᠮᠦᠨ ᠠᠮᠠ᠂ ᠪᠠᠷᠢᠯᠭ᠎ᠠ᠂ ᠵᠡᠬᠡᠯᠢ ᠭᠤᠳᠤᠮᠵᠢ᠂ ᠬᠤᠭᠤᠯᠠᠢ ᠭᠤᠤᠷᠰᠤ ᠵᠢᠨ ᠲᠤᠤᠷ᠂ ᠤᠷᠴᠢᠨ ᠲᠤᠭᠤᠷᠢᠨ᠂ ᠵᠠᠮ ᠬᠠᠷᠢᠯᠴᠠᠭ᠎ᠠ ᠵᠡᠷᠬᠡ ᠰᠠᠭᠤᠷᠢ ᠳ᠋ᠠᠶ᠋ᠢᠲ᠋ᠠ ᠵᠢᠨ ᠭᠦᠮᠦᠷᠬᠡ ᠵᠢ ᠬᠠᠮᠳᠤᠪᠡᠷ ᠭᠦᠷᠳᠡᠨ ᠬᠠᠮᠳᠤᠪᠡᠷ ᠪᠠᠶ᠋ᠢᠭᠤᠯᠬᠤ ᠵᠢ ᠤᠯᠠᠮ ᠨᠢᠬᠡ ᠠᠯᠬᠤᠮ ᠲᠦᠷᠬᠡᠳᠬᠡᠵᠦ᠂ ᠲᠤᠮᠤ ᠳ᠋ᠠᠶ᠋ᠢᠲ᠋ᠠ ᠵᠢᠨ ᠲᠤᠰᠠᠯᠠᠬᠤ ᠰᠶ᠋ᠢᠳᠪᠦᠷᠢᠳᠤ ᠪᠤᠳᠤᠯᠭ᠎ᠠ᠎ᠪᠠᠷ ᠲᠠᠮᠵᠢᠭᠤᠯᠤᠨ ᠬᠤᠳᠠ ᠵᠢᠨ ᠬᠠᠮᠢᠶᠠᠷᠤᠯᠳᠠ ᠵᠢ ᠨᠠᠷᠢᠯᠢᠨᠨᠵᠢᠭᠤᠯᠬᠤ ᠵᠢ ᠪᠡᠶᠡᠯᠡᠬᠦᠯᠦᠨ᠎ᠠ᠃ ᠰᠤᠷᠭ᠋ᠠᠨ ᠭᠦᠮᠦᠵᠢᠯ᠂ ᠡᠮᠴᠢᠯᠡᠭᠡ᠂ ᠡᠷᠡᠭᠦᠯ ᠬᠠᠮᠠᠭ᠋ᠠᠯᠠᠯ᠂ ᠨᠡᠶ᠋ᠢᠬᠡᠮ᠎ᠤᠨ ᠪᠠᠳᠤᠯᠠᠭ᠎ᠠ᠂ ᠤᠷᠤᠨ ᠰᠠᠭᠤᠴᠠ᠂ ᠵᠠᠮ ᠬᠠᠷᠢᠯᠴᠠᠭ᠎ᠠ ᠵᠡᠷᠬᠡ ᠭᠦᠷᠢᠶ᠎ᠡ ᠴᠠᠷᠠᠭ᠎ᠠ᠎ᠳᠤ᠂ ᠨᠡᠩ ᠲᠦᠭᠦᠮ ᠲᠦᠳᠡ᠂ ᠴᠠᠭᠲᠤᠨᠢ᠂ ᠦᠨᠳᠦᠷ ᠦᠷ᠎ᠡ ᠪᠦᠳᠦᠮᠵᠢᠳᠡᠢ ᠤᠯᠠᠨ ᠨᠡᠶ᠋ᠢᠳᠡ ᠵᠢᠨ ᠦᠢ᠍ᠯᠡᠴᠢᠯᠡᠭᠡ ᠬᠠᠩᠭ᠋ᠠᠨ᠂ ᠲᠦᠬᠡᠮᠡᠯ ᠭᠦᠷᠳᠡᠬᠡᠮᠵᠢᠳᠤ ᠤᠯᠠᠨ ᠨᠡᠶ᠋ᠢᠳᠡ ᠵᠢᠨ ᠦᠢ᠍ᠯᠡᠴᠢᠯᠡᠬᠡᠨ᠎ᠤ ᠰᠢᠰᠲ᠋ᠧᠮᠵᠢ ᠵᠢ ᠪᠠᠶ᠋ᠢᠭᠤᠯᠵᠦ᠂ ᠨᠡᠶ᠋ᠢᠳᠡ ᠤᠯᠠᠨ ᠵᠶ᠋ᠠᠷ ᠵᠶ᠋ᠠᠨ ᠤᠯᠠᠨ ᠨᠡᠶ᠋ᠢᠳᠡ ᠵᠢᠨ ᠦᠢ᠍ᠯᠡᠴᠢᠯᠡᠭᠡ ᠭᠦᠷᠳᠡᠬᠦ᠎ᠳᠤ ᠨᠡᠩ ᠲᠦᠭᠦᠮ ᠪᠤᠯᠭ᠋ᠠᠨ᠎ᠠ᠃ ᠴᠠᠬᠢᠯᠭ᠋ᠠᠨ ᠭᠦᠴᠦᠨ᠂ ᠰᠢᠲᠠᠮᠠᠬᠠᠢ ᠬᠡᠢ᠂ ᠵᠠᠮ ᠬᠠᠷᠢᠯᠴᠠᠭ᠎ᠠ᠂ ᠤᠰᠤᠨ᠎ᠤ ᠶᠠᠪᠤᠳᠠᠯ᠂ ᠪᠠᠷᠠᠭ᠋ᠠᠨ᠎ᠤ ᠭᠦᠢ᠍ᠯᠭᠡᠭᠡᠨ ᠵᠡᠷᠬᠡ ᠨᠠᠶ᠋ᠢᠳᠠ ᠵᠢᠨ ᠬᠡᠷᠡᠭᠯᠡᠭᠡᠨ᠎ᠤ ᠰᠠᠭᠤᠷᠢ ᠪᠡᠯᠡᠳᠬᠡᠮᠵᠢ ᠵᠢᠨ ᠮᠡᠳᠡᠭᠡ ᠵᠠᠩᠬᠢᠵᠢᠯᠳᠠ᠂ ᠤᠶᠤᠨᠴᠢᠯᠳᠠ ᠵᠢᠨ ᠬᠢᠷᠢ ᠬᠡᠮᠵᠢᠶ᠎ᠡ ᠵᠢ ᠲᠡᠬᠡᠭᠰᠢᠯᠡᠬᠦᠯᠵᠦ᠂ ᠬᠠᠮᠢᠶᠠᠷᠤᠯᠳᠠ ᠵᠢᠨ ᠲᠠᠯ᠎ᠠ᠎ᠪᠠᠷ ᠨᠠᠷᠢᠯᠢᠨᠨᠵᠢᠭᠤᠯᠬᠤ᠂ ᠬᠠᠮᠵᠢᠯᠴᠠᠬᠤ ᠵᠢ ᠪᠡᠶᠡᠯᠡᠬᠦᠯᠦᠨ᠎ᠠ᠃ ᠤᠰᠤ᠂ ᠠᠭ᠋ᠠᠷ ᠮᠠᠨᠳᠠᠯ᠂ ᠭᠦᠷᠦᠰᠦ ᠰᠢᠷᠦᠢ᠂ ᠪᠠᠶ᠋ᠢᠭ᠋ᠠᠯᠢ ᠵᠢᠨ ᠤᠷᠭᠤᠮᠠᠯ᠎ᠤᠨ ᠬᠤᠴᠢᠯᠭ᠎ᠠ ᠵᠡᠷᠬᠡ ᠭᠦᠷᠢᠶ᠎ᠡ ᠴᠠᠷᠠᠭ᠎ᠠ᠎ᠳᠤ ᠤᠶᠤᠨᠴᠢ ᠬᠢᠨᠠᠨ ᠰᠢᠨᠵᠢᠬᠦ ᠰᠢᠰᠲ᠋ᠧᠮᠵᠢ ᠵᠢ ᠪᠠᠶ᠋ᠢᠭᠤᠯᠵᠦ᠂ ᠤᠷᠤᠰᠢᠨ ᠠᠮᠢᠳᠤᠷᠠᠬᠤ ᠤᠷᠴᠢᠨ ᠠᠬᠤᠢ᠎ᠪᠠᠨ ᠠᠯᠬᠤᠮ ᠠᠯᠬᠤᠮ ᠵᠶ᠋ᠠᠷ ᠰᠠᠶ᠋ᠢᠵᠢᠷᠠᠭᠤᠯᠤᠨ᠂ ᠠᠮᠢᠳᠤᠷᠠᠯ᠎ᠤᠨ ᠤᠷᠴᠢᠨ ᠠᠬᠤᠢ ᠵᠢ ᠰᠠᠭᠤᠷᠢᠰᠢᠬᠤ᠎ᠳᠤ ᠲᠤᠬᠢᠷᠠᠮᠵᠢᠳᠠᠢ ᠪᠤᠯᠭ᠋ᠠᠬᠤ ᠵᠢ ᠪᠡᠶᠡᠯᠡᠬᠦᠯᠦᠨ᠎ᠠ᠃ (ᠦᠪᠡᠷᠳᠡᠬᠡᠨ ᠵᠠᠰᠠᠬᠤ ᠤᠷᠤᠨ᠎ᠤ ᠭᠦᠭᠵᠢᠬᠦᠯᠦᠯᠳᠡ ᠦᠬᠡᠷᠡᠴᠢᠯᠡᠯᠳᠡ ᠵᠢᠨ ᠵᠦᠪᠯᠡᠯ᠂ ᠠᠵᠦ ᠠᠬᠤᠢ ᠪᠠ ᠮᠡᠳᠡᠭᠡ ᠵᠠᠩᠬᠢᠵᠢᠯᠳᠠ ᠵᠢᠨ ᠵᠦᠪᠯᠡᠯ᠂ ᠡᠳ᠋᠎ᠤᠨ ᠵᠠᠰᠠᠭ᠎ᠤᠨ ᠲᠢᠩᠬᠢᠮ᠂ ᠲᠤᠮᠤ ᠳ᠋ᠠᠶ᠋ᠢᠲ᠋ᠠ ᠵᠢᠨ ᠭᠦᠭᠵᠢᠬᠦᠯᠦᠯᠳᠡ ᠬᠠᠮᠢᠶᠠᠷᠤᠯᠳᠠ ᠵᠢᠨ ᠲᠤᠪᠴᠢᠶ᠎ᠠ ᠲᠦᠷᠦᠭᠦᠯᠡᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠬᠠᠮᠵᠢᠯᠴᠠᠨ᠎ᠠ)
ᠭᠤᠷᠪᠠ᠂ ᠪᠠᠳᠤᠯᠠᠭ᠎ᠠ ᠵᠢᠨ ᠠᠷᠭ᠎ᠠ ᠬᠡᠮᠵᠢᠶ᠎ᠡ
(ᠨᠢᠬᠡ) ᠵᠤᠬᠢᠶᠠᠨ ᠪᠠᠶ᠋ᠢᠭᠤᠯᠤᠯᠳᠠ ᠵᠢᠨ ᠤᠳᠤᠷᠢᠳᠤᠯᠭ᠎ᠠ᠎ᠪᠠᠨ ᠦᠨᠡᠨᠬᠦ ᠴᠢᠩᠭ᠋ᠠᠳᠬᠠᠨ᠎ᠠ᠃ ᠦᠪᠡᠷᠳᠡᠬᠡᠨ ᠵᠠᠰᠠᠬᠤ ᠤᠷᠤᠨ᠎ᠤ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠠᠵᠢᠯ᠎ᠤᠨ ᠤᠳᠤᠷᠢᠳᠬᠤ ᠲᠤᠭᠤᠶ᠋ᠢᠯᠠᠩᠢ ᠵᠤᠬᠢᠶᠠᠨ ᠪᠠᠶ᠋ᠢᠭᠤᠯᠵᠦ᠂ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》᠂ ᠡᠯᠧᠺᠲᠷᠤᠨ ᠵᠠᠰᠠᠭ᠎ᠤᠨ ᠶᠠᠪᠤᠳᠠᠯ᠂ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠢᠨ ᠪᠠᠶ᠋ᠢᠭᠤᠯᠤᠯᠳᠠ ᠵᠡᠷᠬᠡ ᠠᠵᠢᠯ᠎ᠢ ᠨᠢᠬᠡᠳᠦᠯᠳᠡᠢ ᠲᠦᠯᠦᠪᠯᠡᠨ ᠵᠤᠬᠢᠴᠠᠭᠤᠯᠬᠤ ᠵᠢ ᠬᠠᠷᠢᠭᠤᠴᠠᠨ᠎ᠠ᠃ ᠤᠳᠤᠷᠢᠳᠬᠤ ᠲᠤᠭᠤᠶ᠋ᠢᠯᠠᠩ᠎ᠳᠤ ᠠᠯᠪᠠᠨ ᠬᠡᠷ ᠪᠠᠶ᠋ᠢᠷᠢᠯᠠᠭᠤᠯᠵᠦ᠂ ᠠᠯᠪᠠᠨ ᠬᠡᠷ᠎ᠢ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠳᠤ ᠪᠠᠶ᠋ᠢᠷᠢᠯᠠᠭᠤᠯᠤᠨ᠂ ᠡᠷᠬᠢᠯᠡᠭᠴᠢ ᠵᠢᠨ ᠲᠤᠰᠢᠶᠠᠯ᠎ᠢ ᠠᠯᠪᠠᠨ ᠲᠢᠩᠬᠢᠮ᠎ᠤᠨ ᠡᠷᠬᠢᠯᠡᠭᠴᠢ ᠬᠠᠪᠰᠤᠷᠭ᠋ᠠᠵᠦ᠂ ᠵᠤᠬᠢᠶᠠᠨ ᠪᠠᠶ᠋ᠢᠭᠤᠯᠵᠦ ᠠᠬᠢᠭᠤᠯᠬᠤ᠂ ᠰᠢᠮᠳᠠᠭᠤᠯᠤᠨ ᠪᠠᠶ᠋ᠢᠴᠠᠭ᠋ᠠᠵᠦ ᠨᠠᠶ᠋ᠢᠳᠠᠪᠤᠷᠢᠵᠢᠭᠤᠯᠬᠤ᠂ ᠬᠢᠨᠠᠯᠳᠠ ᠲᠠᠯᠪᠢᠵᠦ ᠰᠢᠯᠭ᠋ᠠᠨ ᠬᠢᠨᠠᠬᠤ ᠵᠡᠷᠬᠡ ᠠᠵᠢᠯ᠎ᠢ ᠬᠠᠷᠢᠭᠤᠴᠠᠨ᠎ᠠ; ᠪᠠᠶ᠋ᠢᠳᠠᠯ ᠵᠶ᠋ᠠᠨ ᠰᠤᠯᠢᠯᠴᠠᠬᠤ ᠪᠠ ᠠᠵᠢᠯ ᠵᠶ᠋ᠠᠨ ᠮᠡᠳᠡᠬᠡᠯᠡᠬᠦ ᠲᠤᠨᠨᠳᠠᠴᠠ ᠵᠢ ᠰᠤᠳᠤᠯᠤᠨ ᠪᠠᠶ᠋ᠢᠭᠤᠯᠵᠦ᠂ ᠲᠤᠨᠨᠳᠠᠮᠠᠯ ᠬᠤᠭᠤᠴᠠᠭ᠎ᠠ᠎ᠲᠠᠢ᠎ᠪᠠᠷ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠤᠳᠤᠷᠢᠳᠤᠯᠭ᠎ᠠ᠎ᠳᠤ ᠠᠵᠢᠯ᠎ᠤᠨ ᠠᠬᠢᠴᠠ ᠵᠢᠨ ᠪᠠᠶ᠋ᠢᠳᠠᠯ ᠵᠶ᠋ᠠᠨ ᠮᠡᠳᠡᠬᠡᠯᠡᠵᠦ᠂ ᠠᠵᠢᠯ᠎ᠤᠨ ᠵᠢᠯᠤᠭᠤᠳᠤᠯᠭ᠎ᠠ ᠪᠠ ᠲᠤᠬᠠᠶ᠋ᠢᠯᠬᠠᠰᠠᠨ ᠠᠵᠢᠯ᠎ᠤᠨ ᠪᠤᠯᠪᠠᠰᠤᠷᠠᠭᠤᠯᠤᠯ᠎ᠢ ᠴᠢᠩᠭ᠋ᠠᠷᠠᠭᠤᠯᠤᠨ᠎ᠠ᠃ ᠡᠯ᠎ᠡ ᠠᠶ᠋ᠢᠮᠠᠭ᠎ᠤᠨ ᠵᠠᠬᠢᠷᠭ᠎ᠠ᠂ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ (ᠭᠡᠷ)᠎ᠨᠢ ᠲᠤᠰ ᠭᠠᠵᠠᠷ ᠤᠷᠤᠨ᠎ᠤ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠠᠵᠢᠯ᠎ᠢ ᠨᠢᠬᠡᠳᠦᠯᠳᠡᠢ ᠲᠦᠯᠦᠪᠯᠡᠨ ᠬᠢᠨᠠᠯᠳᠠ ᠲᠠᠯᠪᠢᠵᠦ ᠵᠤᠬᠢᠴᠠᠭᠤᠯᠬᠤ ᠵᠢ ᠲᠦᠷᠦᠭᠦᠯᠡᠨ ᠬᠠᠷᠢᠭᠤᠴᠠᠵᠦ᠂ ᠠᠵᠢᠯ᠎ᠤᠨ ᠪᠠᠶ᠋ᠢᠭᠤᠯᠤᠮᠵᠢ᠂ ᠠᠵᠢᠯᠳᠠᠨ ᠪᠠ ᠡᠭᠦᠷᠬᠡ ᠬᠠᠷᠢᠭᠤᠴᠠᠯᠭ᠎ᠠ ᠵᠢ ᠲᠤᠳᠤᠷᠬᠠᠶ᠋ᠢᠯᠠᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠰᠠᠯᠠᠭ᠎ᠠ ᠮᠦᠴᠢᠷ᠂ ᠮᠡᠳᠡᠭᠡ ᠵᠠᠩᠬᠢᠵᠢᠯᠳᠠ ᠵᠢᠨ ᠰᠠᠯᠠᠭ᠎ᠠ ᠮᠦᠴᠢᠷ ᠪᠣᠯᠣᠨ ᠬᠠᠮᠢᠶ᠎ᠠ ᠪᠦᠭᠦᠢ ᠲᠤᠬᠠᠶ᠋ᠢᠯᠬᠠᠰᠠᠨ ᠠᠵᠢᠯ᠎ᠤᠨ ᠨᠢᠬᠡᠴᠡ ᠵᠢᠨ ᠠᠵᠢᠯ᠎ᠤᠨ ᠬᠤᠪᠢᠶᠠᠷᠢᠯᠠᠯ᠎ᠨᠢ ᠲᠤᠳᠤᠷᠬᠠᠢ᠂ ᠵᠤᠬᠢᠴᠠᠭᠤᠯᠭ᠎ᠠ᠎ᠨᠢ ᠬᠦᠴᠥᠨ ᠲᠡᠭᠦᠯᠳᠡᠷ ᠠᠵᠢᠯ᠎ᠤᠨ ᠲᠤᠨᠨᠳᠠᠴᠠ ᠵᠢ ᠪᠠᠶ᠋ᠢᠭᠤᠯᠤᠨ᠂ ᠲᠤᠰ ᠪᠡᠶ᠎ᠡ ᠵᠢᠨ ᠪᠤᠳᠠᠳᠠᠢ᠎ᠲᠠᠢ᠎ᠪᠠᠨ ᠨᠢᠨᠨᠳᠠ ᠤᠶᠠᠯᠳᠤᠭᠤᠯᠵᠦ᠂ ᠠᠷᠭ᠎ᠠ ᠬᠡᠮᠵᠢᠶ᠎ᠡ᠎ᠲᠠᠢ᠂ ᠡᠷᠴᠢᠮ᠎ᠲᠠᠢ᠂ ᠰᠢᠨ᠎ᠠ ᠡᠭᠦᠳᠦᠯᠳᠡ᠎ᠲᠠᠢ᠎ᠪᠠᠷ ᠬᠠᠮᠢᠶ᠎ᠠ ᠪᠦᠭᠦᠢ ᠭᠤᠤᠯᠳᠠᠯᠭ᠎ᠠ᠎ᠲᠠᠢ ᠠᠵᠢᠯ᠎ᠢ ᠬᠡᠷᠡᠭᠵᠢᠭᠦᠯᠭᠦ ᠵᠢ ᠰᠠᠶ᠋ᠢᠳᠤᠷ ᠠᠳᠬᠤᠬᠤ ᠬᠡᠷᠡᠭᠲᠡᠢ᠃ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠨᠢ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ᠎ᠤᠨ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》᠎ᠳᠤ ᠰᠢᠮᠳᠠᠭᠤᠯᠤᠨ ᠵᠢᠯᠤᠭᠤᠳᠬᠤ ᠵᠢ ᠬᠠᠷᠢᠭᠤᠴᠠᠵᠦ᠂ ᠰᠢᠮᠳᠠᠭᠤᠯᠤᠨ ᠪᠠᠶ᠋ᠢᠴᠠᠭ᠋ᠠᠵᠦ ᠦᠨᠡᠯᠡᠨ ᠵᠢᠱ᠌ᠢᠬᠦ ᠵᠢ ᠦᠷᠨᠢᠬᠦᠯᠦᠨ᠂ ᠡᠯ᠎ᠡ ᠵᠦᠢ᠍ᠯ᠎ᠤᠨ ᠠᠵᠢᠯ᠎ᠤᠨ ᠪᠤᠳᠠᠳᠤ ᠦᠷ᠎ᠡ ᠪᠦᠲᠥᠮᠵᠢ ᠤᠯᠬᠤ ᠵᠢ ᠠᠬᠢᠭᠤᠯᠤᠨ᠎ᠠ᠃
(ᠬᠤᠶᠠᠷ) ᠰᠦᠯᠵᠢᠶ᠎ᠡ ᠪᠠ ᠮᠡᠳᠡᠭᠡ ᠵᠠᠩᠬᠢ ᠵᠢᠨ ᠠᠮᠤᠷ ᠲᠦᠪᠰᠢᠨ᠎ᠢ ᠴᠢᠬᠤᠯᠠᠴᠢᠯᠠᠨ᠎ᠠ᠃ ᠰᠦᠯᠵᠢᠶᠡᠨ᠎ᠤ ᠮᠡᠳᠡᠭᠡ ᠵᠠᠩᠬᠢ ᠵᠢᠨ ᠠᠮᠤᠷ ᠲᠦᠪᠰᠢᠨ᠎ᠤ ᠪᠠᠳᠤᠯᠠᠭ᠎ᠠ ᠵᠢᠨ ᠰᠢᠰᠲ᠋ᠧᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠬᠦᠯᠦᠨ᠎ᠠ᠃ ᠱᠠᠳᠤ ᠬᠤᠪᠢᠶᠠᠨ ᠬᠠᠮᠠᠭ᠋ᠠᠯᠠᠬᠤ ᠪᠠ ᠵᠡᠷᠬᠡ ᠲᠡᠰ ᠵᠶ᠋ᠠᠷ ᠬᠠᠮᠠᠭ᠋ᠠᠯᠠᠬᠤ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠠᠮᠤᠷ ᠲᠦᠪᠰᠢᠨ᠎ᠤ ᠪᠠᠳᠤᠯᠠᠭ᠎ᠠ ᠵᠢᠨ ᠰᠢᠰᠲ᠋ᠧᠮᠵᠢ ᠵᠢᠨ ᠪᠠᠶ᠋ᠢᠭᠤᠯᠤᠯᠳᠠ ᠵᠢ ᠴᠢᠩᠭ᠋ᠠᠳᠬᠠᠨ᠎ᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠡᠯ᠎ᠡ ᠲᠡᠪᠴᠡᠩ᠂ ᠡᠯ᠎ᠡ ᠰᠢᠰᠲ᠋ᠧᠮ᠎ᠤᠨ ᠠᠮᠤᠷ ᠲᠦᠪᠰᠢᠨ᠎ᠤ ᠬᠠᠮᠢᠶᠠᠷᠤᠯᠳᠠ ᠵᠢᠨ ᠲᠦᠷᠢᠮ᠎ᠢ ᠪᠠᠶ᠋ᠢᠭᠤᠯᠤᠨ ᠪᠦᠷᠢᠨᠰᠢᠬᠦᠯᠵᠦ᠂ ᠬᠠᠮᠢᠶ᠎ᠠ ᠪᠦᠭᠦᠢ ᠠᠮᠤᠷ ᠲᠦᠪᠰᠢᠨ᠎ᠤ ᠬᠠᠷᠢᠭᠤᠴᠠᠯᠭ᠎ᠠ ᠵᠢ ᠲᠤᠳᠤᠷᠬᠠᠶ᠋ᠢᠯᠠᠨ᠎ᠠ᠃ ᠱᠠᠳᠤ ᠬᠤᠪᠢᠶᠠᠨ ᠬᠠᠮᠠᠭ᠋ᠠᠯᠠᠬᠤ ᠪᠠ ᠲᠡᠰ ᠲᠤᠨᠨᠳᠠᠭ᠋ᠠᠵᠦ ᠪᠦᠷᠢᠳᠬᠡᠨ ᠲᠠᠩᠰᠠᠯᠠᠬᠤ᠂ ᠵᠡᠷᠬᠡ ᠲᠡᠰ ᠵᠶ᠋ᠠᠷ ᠰᠢᠨᠵᠢᠨ ᠦᠨᠡᠯᠡᠬᠦ ᠵᠡᠷᠬᠡ ᠠᠵᠢᠯ᠎ᠢ ᠦᠷᠨᠢᠬᠦᠯᠵᠦ᠂ ᠡᠯ᠎ᠡ ᠲᠠᠯ᠎ᠠ ᠵᠢᠨ᠎ᠬᠢᠨ ᠬᠠᠮᠵᠢᠯᠴᠠᠨ ᠵᠤᠬᠢᠴᠠᠯᠳᠤᠨᠨᠰᠠᠨ ᠮᠡᠳᠡᠭᠡ ᠵᠠᠩᠬᠢ ᠵᠢᠨ ᠠᠮᠤᠷ ᠲᠦᠪᠰᠢᠨ᠎ᠢ ᠰᠡᠷᠬᠡᠶ᠋ᠢᠯᠡᠬᠦ᠂ ᠬᠢᠨᠠᠨ ᠰᠢᠨᠵᠢᠬᠦ᠂ ᠮᠡᠳᠡᠬᠡᠯᠡᠭᠦ᠂ ᠤᠷᠢᠶᠠᠯᠠᠨ ᠲᠠᠭ᠋ᠠᠬᠤ ᠪᠠ ᠰᠶ᠋ᠢᠳᠪᠦᠷᠢᠯᠡᠬᠦ ᠲᠤᠨᠨᠳᠠᠴᠠ ᠵᠢ ᠪᠠᠶ᠋ᠢᠭᠤᠯᠤᠨ᠎ᠠ᠃ ᠡᠯᠧᠺᠲᠷᠤᠨ ᠦᠨᠡᠮᠯᠡᠯ᠂ ᠪᠡᠶ᠎ᠡ ᠭᠠᠷᠤᠯ᠎ᠤᠨ ᠬᠡᠷᠡᠴᠢᠯᠡᠭᠡ᠂ ᠰᠦᠯᠵᠢᠶ᠎ᠡ᠎ᠪᠠᠷ ᠲᠤᠭ᠋ᠠᠴᠠᠭ᠎ᠠ ᠬᠢᠬᠦ ᠵᠡᠷᠬᠡ ᠴᠢᠬᠤᠯᠠ ᠰᠢᠰᠲ᠋ᠧᠮ ᠪᠠ ᠵᠠᠩᠬᠢᠯᠠᠭ᠎ᠠ ᠵᠢᠨ ᠲᠠᠯ᠎ᠠ ᠵᠢᠨ ᠠᠮᠤᠷ ᠲᠦᠪᠰᠢᠨ᠎ᠤ ᠬᠢᠨᠠᠨ ᠡᠵᠡᠮᠳᠡᠬᠦ ᠵᠢ ᠴᠢᠩᠭ᠋ᠠᠳᠬᠠᠨ᠎ᠠ᠃ ᠡᠯ᠎ᠡ ᠲᠡᠪᠴᠡᠩ᠂ ᠡᠯ᠎ᠡ ᠰᠢᠰᠲ᠋ᠧᠮ᠎ᠤᠨ ᠠᠮᠤᠷ ᠲᠦᠪᠰᠢᠨ᠎ᠤ ᠰᠡᠷᠬᠡᠶ᠋ᠢᠯᠡᠨ ᠬᠠᠮᠠᠭ᠋ᠠᠯᠠᠬᠤ ᠴᠢᠳᠠᠪᠤᠷᠢ ᠵᠢ ᠲᠡᠬᠡᠭᠰᠢᠯᠡᠬᠦᠯᠵᠦ᠂ ᠠᠮᠤᠷ ᠲᠦᠪᠰᠢᠨ᠎ᠤ ᠭᠦᠷᠦᠯᠴᠡᠬᠦ ᠦᠬᠡᠢ ᠵᠦᠢ᠍ᠯ᠎ᠢ ᠪᠠᠶ᠋ᠢᠴᠠᠭ᠋ᠠᠨ ᠨᠦᠭᠦᠪᠦᠷᠢᠯᠡᠵᠦ᠂ ᠭᠠᠢ᠎ᠠᠴᠠ ᠰᠡᠷᠬᠡᠶ᠋ᠢᠯᠡᠵᠦ ᠪᠡᠯᠡᠳᠬᠡᠨ ᠨᠦᠬᠡᠴᠡᠯᠡᠬᠦ ᠵᠢ ᠰᠠᠶ᠋ᠢᠳᠤᠷ ᠬᠢᠨ᠎ᠠ᠃ ᠨᠢᠭᠤᠴᠠ ᠵᠢ ᠬᠠᠮᠠᠭ᠋ᠠᠯᠠᠬᠤ ᠬᠢᠨᠠᠨ ᠪᠠᠶ᠋ᠢᠴᠠᠭ᠋ᠠᠯᠳᠠ ᠵᠢᠨ ᠲᠦᠷᠢᠮ᠎ᠢ ᠪᠠᠶ᠋ᠢᠭᠤᠯᠤᠨ ᠪᠦᠷᠢᠨᠰᠢᠬᠦᠯᠵᠦ᠂ ᠤᠯᠤᠰ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ᠂ ᠬᠤᠪᠢ ᠬᠦᠮᠥᠨ᠎ᠤ ᠨᠢᠭᠤᠴᠠ ᠵᠡᠷᠬᠡ᠎ᠳᠤ ᠬᠤᠯᠪᠤᠨᠨᠳᠠᠬᠤ ᠴᠢᠬᠤᠯᠠ ᠳ᠋ᠠᠶ᠋ᠢᠲ᠋ᠠ ᠵᠢ ᠬᠠᠮᠠᠭ᠋ᠠᠯᠠᠬᠤ ᠡᠷᠴᠢᠮ᠎ᠢ ᠴᠢᠩᠭ᠋ᠠᠷᠠᠭᠤᠯᠤᠨ᠂ ᠮᠡᠳᠡᠭᠡ ᠵᠠᠩᠬᠢ ᠵᠢᠨ ᠠᠮᠤᠷ ᠲᠦᠪᠰᠢᠨ᠎ᠢ ᠲᠤᠯᠭ᠋ᠠᠭᠤᠷᠢᠯᠠᠵᠦ ᠪᠠᠳᠤᠯᠠᠬᠤ ᠬᠢᠷᠢ ᠬᠡᠮᠵᠢᠶ᠎ᠡ ᠪᠠ ᠲᠦᠭᠰᠢᠭᠦᠷᠢ ᠵᠢ ᠰᠡᠷᠬᠡᠶ᠋ᠢᠯᠡᠨ ᠬᠠᠮᠠᠭ᠋ᠠᠯᠠᠬᠤ ᠴᠢᠳᠠᠪᠤᠷᠢ ᠵᠢ ᠲᠡᠬᠡᠭᠰᠢᠯᠡᠬᠦᠯᠦᠨ᠎ᠠ᠃
(ᠭᠤᠷᠪᠠ) ᠦᠢ᠍ᠯᠡᠴᠢᠯᠡᠬᠡᠨ᠎ᠤ ᠮᠡᠳᠡᠭᠡ ᠵᠠᠩᠬᠢ ᠵᠢ ᠪᠦᠭᠦ ᠲᠠᠯ᠎ᠠ᠎ᠪᠠᠷ ᠢᠯᠡ ᠪᠤᠯᠭ᠋ᠠᠨ᠎ᠠ᠃ ᠦᠪᠡᠷᠳᠡᠬᠡᠨ ᠵᠠᠰᠬᠠᠤ ᠤᠷᠤᠨ᠎ᠤ ᠲᠤᠰ ᠱᠠᠳᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠲᠡᠪᠴᠡᠩ᠎ᠢ ᠲᠦᠷᠬᠡᠳᠬᠡᠨ ᠪᠠᠶ᠋ᠢᠭᠤᠯᠵᠦ᠂ ᠰᠦᠯᠵᠢᠶ᠎ᠡ᠎ᠪᠠᠷ ᠭᠦᠢ᠍ᠴᠡᠳᠬᠡᠬᠦ ᠵᠢ ᠪᠦᠭᠦ ᠲᠠᠯ᠎ᠠ᠎ᠪᠠᠷ ᠬᠡᠷᠡᠭᠵᠢᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠵᠦᠢ᠍ᠯᠡᠰ᠎ᠤᠨ 《ᠰᠦᠯᠵᠢᠶᠡᠨ᠎ᠳᠤ ᠭᠠᠷᠭ᠋ᠠᠵᠦ ᠪᠤᠯᠬᠤ ᠵᠢ ᠪᠦᠭᠦᠨ᠎ᠢ ᠰᠦᠯᠵᠢᠶᠡᠨ᠎ᠳᠤ ᠭᠠᠷᠭ᠋ᠠᠵᠦ᠂ ᠪᠦᠭᠦ ᠶᠠᠪᠤᠴᠠ ᠵᠢ ᠰᠦᠯᠵᠢᠶᠡᠨ᠎ᠳᠤ ᠪᠠᠶ᠋ᠢᠯᠭ᠋ᠠᠬᠤ》 ᠵᠢ ᠭᠦᠢ᠍ᠴᠡᠳᠭᠡᠨ᠎ᠡ᠃ ᠤᠯᠠᠨ ᠰᠠᠯᠠᠭ᠎ᠠ ᠮᠦᠴᠢᠷ᠎ᠯᠦᠭᠡ ᠬᠤᠯᠪᠤᠨᠨᠳᠠᠬᠤ ᠵᠦᠢ᠍ᠯᠡᠰ᠎ᠲᠤ ᠨᠢᠬᠡ ᠲᠠᠯ᠎ᠠ᠎ᠨᠢ ᠭᠦᠯᠢᠶᠡᠨ ᠠᠪᠬᠤ᠂ ᠰᠦᠯᠵᠢᠶ᠎ᠡ᠎ᠪᠠᠷ ᠠᠵᠢᠯᠯᠠᠭᠤᠯᠬᠤ᠂ ᠵᠡᠷᠬᠡᠪᠡᠷ ᠭᠦᠢ᠍ᠴᠡᠳᠬᠡᠬᠦ᠂ ᠴᠠᠭ ᠬᠢᠵᠠᠭ᠋ᠠᠷᠯᠠᠨ ᠭᠦᠢ᠍ᠴᠡᠳᠬᠡᠵᠦ ᠲᠠᠭᠤᠰᠬᠠᠬᠤ ᠵᠢ ᠬᠡᠷᠡᠭᠵᠢᠭᠦᠯᠦᠨ᠎ᠡ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠲᠤᠮᠤ ᠳ᠋ᠠᠶ᠋ᠢᠲ᠋ᠠ ᠵᠢᠨ ᠵᠠᠳᠠᠯᠤᠨ ᠰᠢᠨᠵᠢᠯᠡᠬᠦ ᠵᠢ ᠦᠷᠨᠢᠬᠦᠯᠵᠦ᠂ ᠨᠡᠶ᠋ᠢᠳᠡ ᠤᠯᠠᠨ᠎ᠤ ᠠᠵᠢᠯ ᠬᠡᠷᠡᠭ ᠭᠦᠢ᠍ᠴᠡᠳᠬᠡᠬᠦ ᠬᠡᠷᠡᠭᠴᠡᠭᠡ ᠱᠠᠭ᠋ᠠᠷᠳᠠᠯᠭ᠎ᠠ ᠵᠢ ᠡᠵᠡᠮᠰᠢᠬᠦ ᠪᠠ ᠤᠷᠢᠳᠴᠢᠯᠠᠨ ᠮᠠᠭ᠋ᠠᠳᠯᠠᠵᠦ᠂ ᠤᠶᠤᠨᠴᠢᠯᠬᠠᠰᠠᠨ᠂ ᠦᠪᠡᠷᠮᠢᠴᠡᠵᠢᠭᠰᠡᠨ ᠦᠢ᠍ᠯᠡᠴᠢᠯᠡᠭᠡ ᠬᠠᠩᠭ᠋ᠠᠨ᠂ ᠰᠠᠨᠠᠭ᠋ᠠᠴᠢᠯᠠᠭ᠋ᠠᠲᠦ ᠪᠣᠰᠦ᠎ᠪᠠᠷ ᠦᠢ᠍ᠯᠡᠴᠢᠯᠡᠵᠦ ᠪᠠᠶ᠋ᠢᠨᠨᠰᠠᠨᠢ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠬᠦ ᠪᠤᠯᠭ᠋ᠠᠨ᠎ᠠ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ᠎ᠨᠢ ᠵᠠᠰᠠᠭ᠎ᠤᠨ ᠤᠷᠳᠤᠨ᠎ᠤ ᠫᠤᠷᠲ᠋ᠧᠯ ᠰᠦᠯᠵᠢᠶᠡᠨ ᠦᠷᠳᠡᠭᠡ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠰᠦᠯᠵᠢᠶᠡᠨ ᠦᠷᠳᠡᠭᠡ ᠪᠠ ᠪᠤᠳᠠᠳᠤ ᠴᠣᠭᠴᠠ ᠪᠦᠬᠦᠢ ᠵᠠᠰᠠᠭ᠎ᠤᠨ ᠶᠠᠪᠤᠳᠠᠯ᠎ᠤᠨ ᠲᠢᠩᠬᠢᠮ᠎ᠳᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠵᠦᠢ᠍ᠯᠡᠰᠯᠦᠭᠡ ᠬᠠᠮᠢᠶᠠᠲᠠᠢ ᠬᠠᠤᠯᠢ ᠴᠠᠭ᠋ᠠᠵᠠ ᠬᠠᠤᠯᠢ ᠲᠤᠨᠨᠳᠠᠭ᠋ᠠᠯ᠂ ᠲᠦᠷᠦ ᠵᠢᠨ ᠪᠤᠳᠤᠯᠭ᠎ᠠ ᠵᠢᠨ ᠪᠢᠴᠢᠭ ᠮᠠᠲ᠋ᠧᠷᠢᠶᠠᠯ᠂ ᠮᠡᠳᠡᠭᠳᠡᠯ ᠵᠠᠷᠯᠠᠯ᠂ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ᠂ ᠬᠢᠨᠠᠨ ᠪᠠᠶ᠋ᠢᠴᠠᠭ᠋ᠠᠬᠤ ᠨᠠᠷᠢᠨ ᠲᠦᠷᠢᠮ᠂ ᠪᠠᠶ᠋ᠢᠩᠭᠤ ᠲᠣᠬᠢᠶᠠᠯᠳᠤᠬᠤ ᠠᠰᠠᠭᠤᠳᠠᠯ᠂ ᠬᠢᠨᠠᠯᠳᠠ ᠲᠠᠯᠪᠢᠵᠦ ᠢᠯᠡᠴᠢᠯᠡᠨ ᠮᠡᠳᠡᠭᠦᠯᠬᠦ ᠠᠷᠭ᠎ᠠ ᠮᠠᠶᠢᠭ ᠪᠠ ᠰᠦᠯᠵᠢᠶ᠎ᠡ᠎ᠪᠠᠷ ᠭᠦᠢ᠍ᠴᠡᠳᠬᠡᠵᠦ ᠪᠤᠯᠬᠤ ᠬᠡᠮᠵᠢᠶ᠎ᠡ᠂ ᠵᠢᠴᠢ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠯ᠎ᠳᠤ ᠬᠤᠯᠪᠤᠨᠨᠳ᠋ᠬᠠᠰᠠᠨ ᠵᠠᠭᠤᠴᠢ ᠦᠢ᠍ᠯᠡᠴᠢᠯᠡᠬᠡᠨ᠎ᠤ ᠵᠦᠢ᠍ᠯᠡᠰ᠎ᠤᠨ ᠨᠠᠷᠢᠨ ᠬᠠᠭᠤᠳᠠᠰᠤ᠂ ᠪᠠᠶ᠋ᠢᠭᠤᠯᠤᠮᠵᠢ ᠵᠢᠨ ᠨᠡᠷᠡᠶ᠋ᠢᠳᠦᠯ᠎ᠤᠨ ᠵᠢᠨᠨᠰᠠᠭ᠋ᠠᠯᠳᠠ ᠵᠡᠷᠬᠡ ᠵᠢᠨ ᠮᠡᠳᠡᠭᠡ ᠵᠠᠩᠬᠢ ᠵᠢ ᠲᠦᠪᠯᠡᠷᠡᠬᠦᠯᠦᠨ ᠪᠦᠭᠦ ᠲᠠᠯ᠎ᠠ᠎ᠪᠠᠷ ᠢᠯᠡ ᠪᠣᠯᠭ᠋ᠠᠬᠤ ᠵᠢᠨ ᠬᠠᠮᠳᠤ᠂ ᠭᠦᠳᠡᠯᠦᠩᠭᠦᠢ ᠲᠤᠬᠢᠷᠠᠭᠤᠯᠤᠯᠳᠠ ᠬᠢᠬᠦ ᠵᠢ ᠬᠡᠷᠡᠭᠵᠢᠬᠦᠯᠦᠨ᠂ ᠰᠦᠯᠵᠢᠶ᠎ᠠ ᠵᠢᠨ ᠪᠠ ᠰᠦᠯᠵᠢᠶᠡᠨ᠎ᠠᠴᠠ ᠭᠠᠳᠠᠭᠤᠷᠬᠢ ᠠᠭᠤᠯᠭ᠎ᠠ ᠵᠢᠨ ᠤᠨᠤᠪᠴᠢᠳᠠᠢ ᠪᠦᠭᠡᠳ ᠨᠢᠬᠡᠳᠦᠯᠳᠡᠢ ᠪᠠᠶ᠋ᠢᠬᠤ ᠵᠢ ᠦᠨᠡᠨᠬᠦ ᠪᠠᠳᠤᠯᠠᠬᠤ ᠬᠡᠷᠡᠭᠲᠡᠢ᠃
(ᠲᠦᠷᠪᠡ) ᠪᠠᠷᠢᠮᠵᠢᠶ᠎ᠠ ᠵᠢ ᠵᠢᠷᠤᠮᠵᠢᠭᠤᠯᠬᠤ ᠪᠠᠶ᠋ᠢᠭᠤᠯᠤᠯᠳᠠ ᠵᠢ ᠴᠢᠩᠭ᠋ᠠᠷᠠᠭᠤᠯᠤᠨ᠎ᠠ᠃ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠪᠠᠷᠢᠮᠵᠢᠶ᠎ᠠ ᠵᠢᠨ ᠰᠢᠰᠲ᠋ᠧᠮᠵᠢ ᠵᠢᠨ ᠪᠠᠶ᠋ᠢᠭᠤᠯᠤᠯᠳᠠ ᠵᠢ ᠠᠬᠢᠭᠤᠯᠵᠦ᠂ ᠵᠠᠰᠠᠭ᠎ᠤᠨ ᠤᠷᠳᠤᠨ᠎ᠤ ᠰᠠᠯᠠᠭ᠎ᠠ ᠮᠦᠴᠢᠷ᠎ᠤᠨ ᠬᠤᠭᠤᠷᠤᠨᠳᠤᠬᠢ ᠮᠡᠳᠡᠭᠡ ᠵᠠᠩᠬᠢ ᠵᠢᠨ ᠡᠬᠢ ᠪᠠᠶᠠᠯᠢᠭ᠎ᠢ ᠬᠠᠮᠳᠤᠪᠡᠷ ᠭᠦᠷᠳᠡᠬᠦ ᠪᠠᠷᠢᠮᠵᠢᠶ᠎ᠠ ᠪᠠ ᠲᠤᠬᠠᠶ᠋ᠢᠯᠬᠠᠰᠠᠨ ᠠᠵᠢᠯ᠎ᠤᠨ ᠬᠠᠮᠵᠢᠯᠴᠠᠬᠤ ᠪᠠᠷᠢᠮᠵᠢᠶ᠎ᠠ ᠵᠢ ᠲᠦᠷᠬᠡᠳᠬᠡᠨ ᠪᠠᠶ᠋ᠢᠭᠤᠯᠤᠨ᠎ᠠ᠃ ᠮᠡᠳᠡᠭᠡ ᠵᠠᠩᠬᠢ ᠵᠢ ᠬᠠᠮᠳᠤᠪᠡᠷ ᠭᠦᠷᠳᠡᠬᠦ᠂ ᠲᠤᠮᠤ ᠳ᠋ᠠᠶ᠋ᠢᠲ᠋ᠠ ᠵᠢᠨ ᠬᠡᠷᠡᠭᠯᠡᠯᠲᠡ᠂ ᠮᠡᠳᠡᠭᠡ ᠵᠠᠩᠬᠢ ᠵᠢᠨ ᠡᠬᠢ ᠪᠠᠶᠠᠯᠢᠭ᠎ᠢ ᠲᠦᠷᠦᠯ ᠬᠤᠪᠢᠶᠠᠬᠤ᠂ ᠰᠤᠯᠢᠯᠴᠠᠬᠤ ᠵᠠᠯᠭ᠋ᠠᠰᠤ᠂ ᠡᠯᠧᠺᠲᠷᠤᠨ ᠦᠨᠡᠮᠯᠡᠯ᠂ ᠡᠯᠧᠺᠲᠷᠤᠨ ᠠᠯᠪᠠᠨ ᠪᠢᠴᠢᠭ᠂ ᠡᠯᠧᠺᠲᠷᠤᠨ ᠲᠠᠮᠠᠭ᠎ᠠ᠂ ᠪᠡᠶ᠎ᠡ ᠭᠠᠷᠤᠯ᠎ᠤᠨ ᠬᠡᠷᠡᠴᠢᠯᠡᠭᠡ᠂ ᠵᠠᠰᠠᠭ᠎ᠤᠨ ᠶᠠᠪᠤᠳᠠᠯ᠎ᠤᠨ ᠡᠭᠦᠯᠡᠨ ᠲᠡᠪᠴᠡᠩ᠂ ᠠᠮᠤᠷ ᠲᠦᠪᠰᠢᠨ᠎ᠤ ᠨᠢᠭᠤᠴᠠ ᠵᠢᠨ ᠬᠠᠮᠠᠭ᠋ᠠᠯᠠᠯᠳᠠ ᠵᠡᠷᠬᠡ ᠵᠠᠩᠬᠢᠯᠠᠭ᠎ᠠ ᠵᠢᠨ ᠨᠡᠶ᠋ᠢᠳᠡᠴᠢ ᠴᠢᠨᠠᠷᠲᠠᠢ ᠪᠠᠷᠢᠮᠵᠢᠶ᠎ᠠ ᠵᠢ ᠲᠤᠨᠨᠳᠠᠭ᠋ᠠᠬᠤ ᠪᠠ ᠬᠡᠷᠡᠭᠵᠢᠬᠦᠯᠬᠦ ᠵᠢ ᠠᠬᠢᠭᠤᠯᠤᠨ᠎ᠠ᠃ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠬᠠᠮᠢᠶ᠎ᠠ ᠪᠦᠭᠦᠢ ᠬᠠᠮᠢᠶᠠᠷᠤᠯᠳᠠ ᠵᠢᠨ ᠲᠦᠷᠢᠮ ᠪᠠ ᠦᠢ᠍ᠯᠡᠴᠢᠯᠡᠬᠡᠨ᠎ᠤ ᠵᠢᠷᠤᠮᠵᠢᠯ᠎ᠢ ᠲᠤᠨᠨᠳᠠᠭ᠋ᠠᠨ ᠲᠡᠭᠦᠯᠳᠡᠷᠵᠢᠬᠦᠯᠵᠦ᠂ 《ᠦᠢ᠍ᠯᠡᠴᠢᠯᠡᠬᠡᠨ᠎ᠤ ᠴᠤᠪᠤᠷᠠᠯ᠎ᠢ ᠬᠠᠤᠯᠢ ᠲᠤᠨᠨᠳᠠᠭ᠋ᠠᠯ᠎ᠳᠤ ᠨᠡᠶ᠋ᠢᠴᠡᠭᠦᠯᠭᠦ᠂ ᠤᠯᠠᠨ ᠲᠦᠮᠡᠨ ᠠᠵᠢᠯ ᠶᠠᠪᠤᠳᠠᠯ ᠭᠦᠢ᠍ᠴᠡᠳᠬᠡᠬᠦ᠎ᠳᠤ ᠭᠦᠴᠢᠷᠳᠡᠯ ᠶᠡᠭᠡ᠎ᠲᠠᠢ ᠪᠠᠶ᠋ᠢᠬᠤ》 ᠵᠡᠷᠬᠡ ᠠᠰᠠᠭᠤᠳᠠᠯ᠎ᠢ ᠭᠦᠴᠦᠯᠡᠨ ᠰᠶ᠋ᠢᠳᠪᠦᠷᠢᠯᠡᠨᠠ᠃ ᠪᠠᠷᠢᠮᠵᠢᠶ᠎ᠠ᠎ᠪᠠᠷ ᠰᠢᠯᠭ᠋ᠠᠨ ᠭᠡᠷᠡᠴᠢᠯᠡᠬᠦ ᠪᠠ ᠬᠡᠷᠡᠭᠯᠡᠯᠲᠡ ᠵᠢᠨ ᠲᠤᠷᠰᠢᠵᠦ ᠵᠢᠱ᠌ᠢᠶ᠎ᠡ ᠦᠵᠡᠬᠦᠯᠬᠦ ᠵᠢ ᠦᠷᠨᠢᠬᠦᠯᠵᠦ᠂ ᠦᠢ᠍ᠯᠡᠴᠢᠯᠡᠬᠡᠨ᠎ᠤ ᠵᠠᠬ᠎ᠠ ᠲᠡᠯᠬᠡᠭᠦᠷᠢ ᠪᠣᠶ᠋ᠢᠵᠢᠭᠤᠯᠬᠤ᠂ ᠦᠢ᠍ᠯᠡᠴᠢᠯᠡᠬᠡᠨ᠎ᠤ ᠴᠢᠳᠠᠪᠤᠷᠢ ᠵᠢ ᠲᠡᠬᠡᠭᠰᠢᠯᠡᠬᠦᠯᠬᠦ᠂ ᠦᠢ᠍ᠯᠡᠴᠢᠯᠡᠬᠡᠨ᠎ᠤ ᠬᠠᠮᠢᠶᠠᠷᠤᠯᠳᠠ ᠵᠢ ᠲᠡᠮᠵᠢᠬᠦ ᠵᠡᠷᠬᠡ ᠲᠠᠯ᠎ᠠ᠎ᠳᠤ ᠦᠵᠡᠭᠦᠯᠬᠦ ᠪᠠᠷᠢᠮᠵᠢᠶ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃
(ᠲᠠᠪᠤ) ᠠᠵᠢᠯ᠎ᠤᠨ ᠠᠮᠵᠢᠯᠳᠠ ᠪᠦᠳᠦᠮᠵᠢ ᠵᠢ ᠦᠨᠡᠯᠡᠨ ᠵᠢᠱ᠌ᠢᠬᠦ ᠲᠤᠨᠨᠳᠠᠴᠠ ᠵᠢ ᠲᠡᠭᠦᠯᠳᠡᠷᠵᠢᠬᠦᠯᠦᠨ᠎ᠠ᠃ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠦᠷ᠎ᠡ ᠴᠢᠳᠠᠮᠵᠢ ᠵᠢ ᠦᠨᠡᠯᠡᠨ ᠵᠢᠱ᠌ᠢᠬᠦ ᠪᠠ ᠬᠢᠨᠠᠯᠳᠠ ᠲᠠᠯᠪᠢᠵᠦ ᠰᠢᠯᠭ᠋ᠠᠨ ᠬᠢᠨᠠᠬᠤ ᠲᠤᠨᠨᠳᠠᠴᠠ ᠵᠢ ᠪᠠᠶ᠋ᠢᠭᠤᠯᠵᠦ᠂ ᠵᠠᠰᠠᠭ᠎ᠤᠨ ᠤᠷᠳᠤᠨ᠎ᠤ ᠠᠵᠢᠯ᠎ᠤᠨ ᠠᠮᠵᠢᠯᠳᠠ ᠪᠦᠳᠦᠮᠵᠢ ᠵᠢ ᠰᠢᠯᠭ᠋ᠠᠨ ᠬᠢᠨᠠᠬᠤ ᠰᠢᠰᠲ᠋ᠧᠮᠵᠢ᠎ᠳᠤ ᠤᠷᠤᠭᠤᠯᠤᠨ᠂ ᠰᠢᠯᠭ᠋ᠠᠨ ᠬᠢᠨᠠᠬᠤ ᠵᠢᠨ ᠴᠢᠬᠤᠯᠠᠴᠢᠯᠬᠠᠳᠠᠬᠤ ᠬᠡᠮᠵᠢᠶ᠎ᠡ ᠵᠢ ᠨᠡᠮᠡᠭᠳᠡᠬᠦᠯᠵᠦ᠂ ᠦᠪᠡᠷᠳᠡᠬᠡᠨ ᠵᠠᠰᠬᠠᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠤᠨ ᠭᠤᠤᠯᠳᠠᠯᠭ᠎ᠠ᠎ᠲᠠᠢ ᠰᠢᠮᠳᠠᠭᠤᠯᠤᠨ ᠪᠠᠶ᠋ᠢᠴᠠᠭ᠋ᠠᠬᠤ ᠵᠦᠢ᠍ᠯᠡᠰ᠎ᠲᠤ ᠵᠢᠨᠨᠰᠠᠭ᠋ᠠᠨ ᠤᠷᠤᠭᠤᠯᠵᠦ᠂ ᠦᠪᠡᠷᠳᠡᠬᠡᠨ ᠵᠠᠰᠬᠠᠤ ᠤᠷᠤᠨ᠎ᠤ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠠᠵᠢᠯ᠎ᠤᠨ ᠤᠳᠤᠷᠢᠳᠬᠤ ᠲᠤᠭᠤᠶ᠋ᠢᠯᠠᠩ᠎ᠤᠨ ᠠᠯᠪᠠᠨ ᠬᠡᠷ᠎ᠨᠢ ᠠᠵᠢᠯ᠎ᠤᠨ ᠠᠬᠢᠴᠠ ᠪᠠ ᠦᠷ᠎ᠡ ᠪᠦᠳᠦᠮᠵᠢ ᠵᠢ ᠲᠤᠨᠨᠳᠠᠮᠠᠯ ᠬᠤᠭᠤᠴᠠᠭ᠎ᠠ᠎ᠲᠠᠢ᠎ᠪᠠᠷ ᠮᠡᠳᠡᠬᠡᠯᠡᠬᠦ ᠵᠢᠨ ᠬᠠᠮᠳᠤ ᠢᠯᠡ ᠪᠤᠯᠭ᠋ᠠᠨ᠎ᠠ᠃ ᠡᠯ᠎ᠡ ᠲᠦᠷᠦᠭᠦᠯᠡᠨ ᠬᠢᠬᠦ ᠨᠢᠬᠡᠴᠡ ᠪᠠ ᠬᠠᠷᠢᠭᠤᠴᠠᠬᠤ ᠨᠢᠬᠡᠴᠡ᠎ᠨᠢ ᠬᠡᠷᠡᠭᠵᠢᠬᠦᠯᠬᠦ ᠲᠦᠯᠦᠪᠯᠡᠭᠡ ᠵᠢ ᠱᠠᠯᠠᠪᠳᠠᠨ ᠲᠤᠨᠨᠳᠠᠭ᠋ᠠᠬᠤ ᠵᠢᠨ ᠬᠠᠮᠳᠤ ᠨᠠᠶ᠋ᠢᠳᠠᠪᠤᠷᠢᠵᠢᠭᠤᠯᠬᠤ ᠵᠢ ᠰᠠᠶ᠋ᠢᠳᠤᠷ ᠠᠳᠬᠤᠬᠤ ᠬᠡᠷᠡᠭᠲᠡᠢ᠃ ᠨᠡᠶ᠋ᠢᠬᠡᠮᠤᠨᠬᠢᠨᠤ ᠬᠢᠨᠠᠯᠳᠠ ᠲᠠᠯᠪᠢᠬᠤ ᠪᠠ ᠶᠠᠷᠢᠶ᠎ᠠ ᠬᠡᠯᠡᠯᠴᠡᠬᠡᠨ ᠵᠶ᠋ᠠᠷ ᠬᠢᠨᠠᠯᠳᠠ ᠲᠠᠯᠪᠢᠬᠤ ᠦᠢ᠍ᠯᠡᠳᠦᠯ᠎ᠢ ᠪᠠᠳᠠᠷᠠᠭᠤᠯᠤᠨ᠂ ᠤᠯᠠᠨ ᠲᠦᠮᠡᠨ᠎ᠤ ᠵᠠᠭ᠋ᠠᠯᠳᠤᠵᠦ ᠢᠯᠡᠴᠢᠯᠡᠨ ᠮᠡᠳᠡᠬᠦᠯᠬᠦ ᠵᠠᠮ ᠮᠦᠷ᠎ᠢ ᠰᠢᠯᠤᠭᠤᠳᠬᠠᠨ᠂ ᠢᠯᠡᠴᠢᠯᠡᠨ ᠮᠡᠳᠡᠬᠦᠯᠥᠭᠰᠡᠨᠢ ᠭᠦᠯᠢᠶᠡᠨ ᠠᠪᠬᠤ᠂ ᠰᠶ᠋ᠢᠳᠪᠦᠷᠢᠯᠡᠬᠦ ᠪᠠ ᠬᠠᠷᠢᠭᠤ ᠲᠤᠰᠬᠠᠬᠤ ᠲᠦᠷᠢᠮ᠎ᠢ ᠲᠡᠭᠦᠯᠳᠡᠷᠵᠢᠬᠦᠯᠵᠦ᠂ ᠤᠯᠠᠨ ᠲᠦᠮᠡᠨ᠎ᠤ ᠲᠤᠰᠬᠠᠨᠨᠰᠠᠨ ᠠᠰᠠᠭᠤᠳᠠᠯ᠎ᠢ ᠦᠨᠡᠨᠬᠦ ᠰᠶ᠋ᠢᠳᠪᠦᠷᠢᠯᠡᠨ᠂ ᠨᠡᠶ᠋ᠢᠬᠡᠮᠤᠨᠬᠢᠨᠤ ᠠᠩᠬᠠᠷᠴᠤ ᠪᠦᠭᠦᠢ ᠠᠰᠠᠭᠤᠳᠠᠯ᠎ᠳᠤ ᠴᠠᠭ ᠲᠤᠬᠠᠢᠳᠤᠨᠢ ᠬᠠᠷᠢᠭᠤ ᠦᠭᠭᠦ ᠬᠡᠷᠡᠭᠳᠡᠢ᠃ ᠦᠪᠡᠷᠳᠡᠬᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠫᠤᠷᠲ᠋ᠧᠯ ᠰᠦᠯᠵᠢᠶᠡᠨ ᠦᠷᠳᠡᠭᠡ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠰᠦᠯᠵᠢᠶᠡᠨ ᠦᠷᠳᠡᠭᠡ᠎ᠳᠤ ᠢᠯᠡᠷᠡᠬᠦᠯᠦᠨ ᠢᠯᠡᠴᠢᠯᠡᠬᠦ ᠪᠠ ᠠᠯᠳᠠᠭ᠎ᠠ ᠵᠠᠯᠠᠷᠠᠭᠤᠯᠬᠤ ᠪᠤᠯᠤᠩ ᠨᠡᠬᠡᠬᠡᠵᠦ᠂ ᠤᠯᠠᠨ ᠲᠦᠮᠡᠨ᠎ᠤ ᠲᠤᠰᠬᠠᠨᠨᠰᠠᠨ ᠠᠵᠢᠯ ᠬᠡᠷᠡᠭ ᠭᠦᠢ᠍ᠴᠡᠳᠬᠡᠬᠦ ᠶᠠᠪᠤᠴᠠ᠎ᠳᠤ ᠲᠤᠯᠭ᠋ᠠᠷᠠᠭᠰᠠᠨ ᠭᠦᠴᠢᠷᠳᠡᠯ ᠪᠠ ᠠᠰᠠᠭᠤᠳᠠᠯ᠎ᠢ ᠢᠯᠡ ᠪᠤᠯᠭ᠋ᠠᠨ᠂ ᠰᠶ᠋ᠢᠳᠪᠦᠷᠢᠯᠡᠭᠰᠡᠨ ᠦᠷ᠎ᠡ ᠳ᠋ᠦ᠍ᠢ᠍ᠩ᠎ᠢ ᠴᠠᠭ ᠲᠤᠬᠠᠢᠳᠤᠨᠢ ᠬᠠᠷᠢᠭᠤ ᠲᠤᠰᠬᠠᠨ᠎ᠠ᠃ ᠵᠦᠪ ᠲᠠᠯ᠎ᠠ᠎ᠠᠴᠠ ᠤᠷᠮᠠᠰᠢᠭᠤᠯᠬᠤ ᠲᠤᠨᠨᠳᠠᠴᠠ ᠪᠠ ᠬᠠᠷᠢᠭᠤᠴᠠᠯᠭ᠎ᠠ ᠬᠡᠯᠡᠯᠴᠡᠬᠦ ᠲᠤᠨᠨᠳᠠᠴᠠ ᠵᠢ ᠲᠡᠭᠦᠯᠳᠡᠷᠵᠢᠬᠦᠯᠦᠨ᠎ᠠ᠃ ᠭᠤᠷᠪᠠᠳᠠᠬᠢ ᠡᠳᠡᠬᠡᠳ᠎ᠤᠨ ᠦᠨᠡᠯᠡᠨ ᠵᠢᠱ᠌ᠢᠬᠦ ᠠᠷᠭ᠎ᠠ ᠪᠠᠷᠢᠯ᠎ᠢ ᠢᠳᠡᠪᠬᠢᠳᠡᠢ᠎ᠪᠠᠷ ᠬᠡᠷᠡᠭᠯᠡᠵᠦ ᠪᠠᠶ᠋ᠢᠭ᠋ᠠᠳ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠦᠨᠡᠯᠡᠨ ᠵᠢᠱ᠌ᠢᠵᠦ ᠦᠨᠡᠯᠡᠯᠳᠡ ᠬᠢᠬᠦ ᠵᠢ ᠵᠤᠬᠢᠶᠠᠨ ᠪᠠᠶ᠋ᠢᠭᠤᠯᠤᠨ ᠦᠷᠨᠢᠬᠦᠯᠵᠦ᠂ ᠦᠨᠡᠯᠡᠯᠳᠡ ᠬᠢᠵᠦ ᠰᠢᠯᠭ᠋ᠠᠨ ᠬᠢᠨᠠᠬᠤ᠎ᠪᠠᠷ ᠠᠷᠭ᠎ᠠ ᠪᠠᠷᠢᠯ ᠪᠤᠯᠭ᠋ᠠᠨ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠬᠢᠷᠢ ᠬᠡᠮᠵᠢᠶ᠎ᠡ᠎ᠪᠠᠨ ᠲᠠᠰᠤᠷᠠᠯᠳᠠ ᠦᠬᠡᠢ ᠲᠡᠬᠡᠭᠰᠢᠯᠡᠬᠦᠯᠬᠦ ᠵᠢ ᠠᠬᠢᠭᠤᠯᠤᠨ᠎ᠠ᠃
(ᠵᠢᠷᠭᠤᠭ᠎ᠠ) ᠪᠤᠯᠪᠠᠰᠤᠷᠠᠭᠤᠯᠤᠯ ᠪᠠ ᠤᠬᠠᠭᠤᠯᠭ᠎ᠠ ᠵᠢᠨ ᠡᠷᠴᠢᠮ᠎ᠢ ᠴᠢᠩᠭ᠋ᠠᠷᠠᠭᠤᠯᠤᠨ᠎ᠠ᠃ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠠᠵᠢᠯ᠎ᠤᠨ ᠲᠤᠭᠤᠷᠢᠨ᠎ᠳᠤ ᠪᠤᠯᠪᠠᠰᠤᠷᠠᠭᠤᠯᠤᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠤᠬᠢᠶᠠᠨ ᠪᠠᠶ᠋ᠢᠭᠤᠯᠤᠨ ᠦᠷᠨᠢᠬᠦᠯᠵᠦ᠂ ᠰᠦᠯᠵᠢᠶ᠎ᠡ ᠵᠢᠨ ᠪᠠ ᠰᠦᠯᠵᠢᠶ᠎ᠡ᠎ᠠᠴᠠ ᠭᠠᠳᠠᠭᠤᠷᠬᠢ ᠵᠢ ᠤᠶᠠᠯᠳᠤᠭᠤᠯᠤᠨᠨᠰᠠᠨ ᠠᠯᠪᠠᠨ ᠠᠵᠢᠯᠳᠠᠨ᠎ᠤ ᠭᠦᠮᠦᠵᠢᠯ ᠪᠤᠯᠪᠠᠰᠤᠷᠠᠭᠤᠯᠤᠯ᠎ᠤᠨ ᠰᠢᠰᠲ᠋ᠧᠮᠵᠢ ᠵᠢ ᠪᠠᠶ᠋ᠢᠭᠤᠯᠤᠨ᠎ᠠ᠃ ᠦᠵᠡᠯ ᠰᠠᠨᠠᠭ᠋ᠠᠨ᠎ᠤ ᠦᠵᠡᠯ ᠤᠬᠠᠮᠰᠠᠷ ᠵᠶ᠋ᠠᠨ ᠬᠤᠪᠢᠷᠠᠭᠤᠯᠵᠦ᠂ ᠰᠠᠨᠠᠭ᠋ᠠᠴᠢᠯᠠᠭ᠋ᠠᠳᠤ ᠪᠤᠰᠤ᠎ᠪᠠᠷ ᠦᠢ᠍ᠯᠡᠴᠢᠯᠡᠵᠦ ᠪᠠᠶ᠋ᠢᠨᠨᠰᠠᠨᠢ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠬᠦ ᠪᠤᠯᠭ᠋ᠠᠨ᠂ ᠬᠠᠷᠢᠭᠤᠴᠠᠯᠭ᠎ᠠ ᠵᠢᠨ ᠦᠵᠡᠯ ᠤᠬᠠᠮᠰᠠᠷ᠎ᠢ ᠨᠡᠮᠡᠭᠳᠡᠭᠦᠯᠵᠦ᠂ ᠦᠢ᠍ᠯᠡᠴᠢᠯᠡᠬᠦ ᠬᠢᠷᠢ ᠬᠡᠮᠵᠢᠶ᠎ᠡ ᠵᠢ ᠲᠡᠬᠡᠭᠰᠢᠯᠡᠬᠦᠯᠦᠨ᠂ ᠲᠤᠬᠠᠶ᠋ᠢᠯᠬᠠᠰᠠᠨ ᠠᠵᠢᠯ᠎ᠤᠨ ᠴᠢᠳᠠᠪᠤᠷᠢ ᠪᠠ ᠠᠵᠢᠯ ᠬᠡᠷᠡᠭ ᠭᠦᠢ᠍ᠴᠡᠳᠬᠡᠬᠦ ᠦᠷ᠎ᠡ ᠪᠦᠲᠥᠮᠵᠢ ᠵᠢ ᠳᠡᠭᠡᠭᠰᠢᠯᠡᠭᠦᠯᠥᠨ᠎ᠡ᠃ ᠲᠤᠰᠬᠠᠢ ᠮᠡᠷᠬᠡᠵᠢᠯ᠎ᠤᠨ ᠴᠢᠳᠠᠪᠤᠷᠢᠳᠠᠨ᠎ᠤ ᠡᠩᠨᠡᠭᠡ ᠵᠢ ᠪᠤᠯᠪᠠᠰᠤᠷᠠᠭᠤᠯᠤᠨ ᠭᠦᠮᠦᠵᠢᠬᠦᠯᠬᠦ ᠵᠢ ᠴᠢᠩᠭ᠋ᠠᠳᠬᠠᠵᠦ᠂ ᠢᠨᠲ᠋ᠧᠷ ᠰᠦᠯᠵᠢᠶᠡᠨ᠎ᠤ ᠰᠡᠳᠭᠢᠬᠦᠢ ᠬᠢᠬᠡᠳ ᠮᠡᠷᠬᠡᠵᠢᠯ᠎ᠢ ᠪᠦᠷᠢᠳᠥᠭᠦᠯᠥᠭᠰᠡᠨ ᠪᠦᠬᠡᠳ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠳᠤ ᠨᠡᠪᠳᠡᠷᠡᠭᠰᠡᠨ ᠨᠢᠭᠡᠨ ᠰᠠᠯᠠᠭ᠎ᠠ ᠲᠤᠰᠬᠠᠶ᠋ᠢᠵᠢᠨᠨᠰᠠᠨ ᠡᠩᠨᠡᠭᠡ ᠵᠢ ᠪᠠᠶ᠋ᠢᠭᠤᠯᠤᠨ᠎ᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠤᠬᠠᠭᠤᠯᠤᠨ ᠵᠢᠯᠤᠭᠤᠳᠬᠤ ᠠᠵᠢᠯ᠎ᠢ ᠰᠠᠶ᠋ᠢᠳᠤᠷ ᠬᠢᠵᠦ᠂ ᠨᠡᠩ ᠤᠯᠠᠨ ᠠᠵᠦ ᠠᠬᠤᠶ᠋ᠢᠯᠠᠯ ᠪᠠ ᠤᠯᠠᠨ ᠲᠦᠮᠡᠨ᠎ᠤ ᠠᠳᠠᠯᠢ ᠪᠤᠰᠤ ᠵᠠᠮ ᠮᠦᠷ ᠵᠶ᠋ᠠᠷ ᠲᠠᠮᠵᠢᠵᠦ ᠰᠦᠯᠵᠢᠶ᠎ᠡ᠎ᠳᠤ ᠵᠠᠯᠭ᠋ᠠᠵᠦ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠭᠦᠷᠳᠡᠬᠦ᠎ᠳᠤ ᠲᠦᠭᠦᠮ ᠦᠵᠡᠬᠦᠯᠦᠨ᠂ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢ ᠨᠡᠶ᠋ᠢᠬᠡᠮᠤᠨᠬᠢᠨᠤ ᠲᠠᠨᠢᠨ ᠮᠡᠳᠡᠷᠡᠬᠦ ᠪᠠ ᠤᠯᠠᠨ ᠲᠦᠮᠡᠨ᠎ᠤ ᠮᠡᠳᠡᠷᠡᠨ ᠵᠦᠪᠰᠢᠶᠡᠷᠡᠬᠦ ᠵᠢ ᠲᠡᠬᠡᠭᠰᠢᠯᠡᠬᠦᠯᠦᠨ᠎ᠠ᠃
(ᠲᠤᠯᠤᠭ᠎ᠠ) ᠠᠵᠢᠯᠯᠠᠭᠤᠯᠵᠦ ᠪᠠᠳᠤᠯᠠᠨ ᠬᠠᠮᠢᠶᠠᠷᠬᠤ ᠬᠢᠷᠢ ᠬᠡᠮᠵᠢᠶ᠎ᠡ ᠵᠢ ᠲᠡᠬᠡᠭᠰᠢᠯᠡᠬᠦᠯᠦᠨ᠎ᠠ᠃ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠪᠤᠯ ᠬᠤᠯᠪᠤᠨᠨᠳᠠᠬᠤ ᠰᠠᠯᠠᠭ᠎ᠠ ᠮᠦᠴᠢᠷ ᠵᠶ᠋ᠠᠷ ᠣᠯᠠᠨ᠂ ᠲᠤᠬᠠᠶ᠋ᠢᠯᠬᠠᠰᠠᠨ ᠠᠵᠢᠯ᠎ᠤᠨ ᠬᠡᠪᠴᠢᠶ᠎ᠡ᠎ᠪᠠᠷ ᠦᠷᠬᠡᠨ ᠰᠢᠰᠲ᠋ᠧᠮᠵᠢ᠎ᠳᠤ ᠢᠨᠵᠧᠨᠧᠷᠢᠩ ᠪᠤᠯᠤᠨ᠎ᠠ᠂ ᠨᠢᠬᠡᠳᠦᠯᠳᠡᠢ ᠬᠠᠮᠢᠶᠠᠷᠬᠤ᠂ ᠱᠠᠳᠤ ᠬᠤᠪᠢᠶᠠᠨ ᠬᠠᠷᠢᠭᠤᠴᠠᠬᠤ᠂ ᠴᠤᠪᠤᠷᠠᠯ᠎ᠢ ᠵᠢᠷᠤᠮᠵᠢᠯ᠎ᠲᠠᠢ ᠪᠠᠶ᠋ᠢᠯᠭ᠋ᠠᠬᠤ᠂ ᠠᠮᠤᠷ ᠲᠦᠪᠰᠢᠨ ᠪᠦᠭᠡᠳ ᠦᠨᠳᠦᠷ ᠦᠷ᠎ᠡ ᠪᠦᠳᠦᠮᠵᠢᠳᠡᠢ ᠠᠵᠢᠯᠯᠠᠭᠤᠯᠵᠦ ᠪᠠᠳᠤᠯᠠᠨ ᠬᠠᠮᠢᠶᠠᠷᠬᠤ ᠰᠢᠰᠲ᠋ᠧᠮᠵᠢ ᠵᠢ ᠪᠠᠶ᠋ᠢᠭᠤᠯᠤᠨ᠂ ᠠᠵᠢᠯᠯᠠᠭᠤᠯᠵᠦ ᠪᠠᠳᠤᠯᠠᠬᠤ ᠠᠵᠢᠯ᠎ᠢ ᠵᠢᠷᠤᠮᠵᠢᠭᠤᠯᠬᠤ᠂ ᠲᠦᠷᠢᠮᠵᠢᠬᠦᠯᠬᠦ᠂ ᠴᠤᠪᠤᠷᠠᠯᠵᠢᠭᠤᠯᠬᠤ ᠪᠠ ᠡᠵᠡᠮᠳᠡᠵᠦ ᠪᠤᠯᠬᠤᠶ᠋ᠢᠴᠠ ᠵᠢ ᠪᠡᠶᠡᠯᠡᠬᠦᠯᠵᠦ᠂ ᠠᠵᠢᠯᠯᠠᠭᠤᠯᠵᠦ ᠪᠠᠳᠤᠯᠠᠨ ᠬᠠᠮᠢᠶᠠᠷᠬᠤ ᠪᠠ ᠦᠢ᠍ᠯᠡᠴᠢᠯᠡᠭᠡ ᠵᠢ ᠪᠠᠳᠤᠯᠠᠬᠤ ᠬᠢᠷᠢ ᠬᠡᠮᠵᠢᠶ᠎ᠡ ᠵᠢ ᠠᠯᠬᠤᠮ ᠠᠯᠬᠤᠮ ᠵᠶ᠋ᠠᠷ ᠲᠡᠬᠡᠭᠰᠢᠯᠡᠬᠦᠯᠬᠦ ᠬᠡᠷᠡᠭᠳᠡᠢ᠃ ᠡᠯ᠎ᠡ ᠱᠠᠳᠤᠨ᠎ᠤ ᠮᠡᠳᠡᠭᠡ ᠵᠠᠩᠬᠢᠵᠢᠯᠳᠠ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠠᠵᠢᠯᠯᠠᠭᠤᠯᠵᠦ ᠪᠠᠳᠤᠯᠠᠬᠤ ᠡᠬᠢ ᠪᠠᠶᠠᠯᠢᠭ᠎ᠢ ᠨᠢᠬᠡᠳᠦᠯᠳᠡᠢ ᠲᠦᠯᠦᠪᠯᠡᠨ ᠲᠦᠯᠦᠪᠵᠢᠭᠦᠯᠵᠦ᠂ ᠰᠢᠯᠢᠳᠡᠭᠵᠢᠬᠦᠯᠦᠨ ᠲᠤᠬᠢᠷᠠᠭᠤᠯᠵᠦ᠂ ᠠᠵᠢᠯᠯᠠᠭᠤᠯᠵᠦ ᠪᠠᠳᠤᠯᠠᠬᠤ ᠲᠦᠷᠦᠯ ᠵᠦᠢ᠍ᠯ᠎ᠢ ᠡᠮᠬᠢᠯᠡᠨ ᠨᠡᠶ᠋ᠢᠯᠡᠬᠦᠯᠵᠦ᠂ ᠠᠵᠢᠯᠯᠠᠭᠤᠯᠵᠦ ᠪᠠᠳᠤᠯᠠᠬᠤ ᠠᠭᠤᠯᠭ᠎ᠠ᠂ ᠦᠢ᠍ᠯᠡᠴᠢᠯᠡᠬᠡᠨ᠎ᠤ ᠱᠠᠭ᠋ᠠᠷᠳᠠᠯᠭ᠎ᠠ ᠵᠢ ᠲᠢᠭᠯᠡᠨ ᠡᠮᠬᠢᠯᠡᠵᠦ᠂ ᠠᠵᠢᠯᠯᠠᠭᠤᠯᠵᠦ ᠪᠠᠳᠤᠯᠠᠬᠤ ᠴᠤᠪᠤᠷᠠᠯ ᠪᠠ ᠦᠢ᠍ᠯᠡᠴᠢᠯᠡᠬᠦ ᠪᠠᠷᠢᠮᠵᠢᠶ᠎ᠠ ᠵᠢ ᠨᠢᠭᠡᠲᠥᠯᠲᠡᠢ ᠪᠠᠶ᠋ᠢᠯᠭ᠋ᠠᠨ᠂ ᠠᠵᠢᠯᠯᠠᠭᠤᠯᠵᠦ ᠪᠠᠳᠤᠯᠠᠬᠤ ᠵᠢ ᠲᠦᠪᠯᠡᠷᠡᠬᠦᠯᠥᠨ ᠬᠠᠮᠢᠶᠠᠷᠬᠤ ᠵᠢ ᠪᠡᠶᠡᠯᠡᠭᠦᠯᠦᠨ᠎ᠠ᠃ ᠠᠮᠤᠷ ᠲᠦᠪᠰᠢᠨ᠎ᠢ ᠦᠨᠡᠨᠬᠦ ᠪᠠᠳᠤᠯᠬᠠᠰᠠᠨ ᠰᠠᠭᠤᠷᠢᠨ ᠲᠡᠬᠡᠷ᠎ᠡ᠂ ᠦᠢ᠍ᠯᠡᠴᠢᠯᠡᠭᠡ ᠬᠤᠳᠠᠯᠳᠤᠨ ᠠᠪᠬᠤ ᠠᠷᠭ᠎ᠠ ᠮᠠᠶᠢᠭ ᠵᠶ᠋ᠠᠷ ᠲᠠᠮᠵᠢᠭᠤᠯᠤᠨ᠂ ᠠᠵᠢᠯᠯᠠᠭᠤᠯᠵᠦ ᠪᠠᠳᠤᠯᠠᠬᠤ ᠦᠢ᠍ᠯᠡᠴᠢᠯᠡᠬᠡ ᠵᠢ ᠭᠠᠳ᠋ᠬᠠᠰᠢ ᠲᠠᠭ᠋ᠠᠭ᠋ᠠᠴᠢᠯᠠᠭᠤᠯᠬᠤ ᠲᠤᠨᠨᠳᠠᠴᠠ ᠵᠢ ᠤᠷᠤᠭᠤᠯᠤᠨ ᠠᠪᠴᠢᠷᠠᠵᠦ᠂ ᠵᠤᠬᠢᠬᠤ ᠬᠠᠮᠢᠶᠠᠷᠤᠯᠳᠠ ᠵᠢᠨ ᠦᠪᠡᠷ᠎ᠤᠨ ᠦᠷᠳᠡᠭ᠎ᠢ ᠪᠠᠭᠤᠷᠠᠭᠤᠯᠬᠤ ᠬᠡᠷᠡᠭᠳᠡᠢ᠃ ᠡᠯ᠎ᠡ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠨᠤᠭᠤᠳ ᠮᠡᠳᠡᠭᠡ ᠵᠠᠩᠬᠢᠵᠢᠯᠳᠠ ᠵᠢᠨ ᠵᠠᠷᠤᠳᠠᠯ᠎ᠤᠨ ᠪᠠᠳᠤᠯᠠᠬᠤ ᠡᠷᠴᠢᠮ᠎ᠢ ᠴᠢᠩᠭ᠋ᠠᠷᠠᠭᠤᠯᠵᠦ᠂ ᠠᠵᠢᠯᠯᠠᠭᠤᠯᠵᠦ ᠪᠠᠳᠤᠯᠠᠬᠤ ᠵᠠᠷᠤᠳᠠᠯ᠎ᠢ ᠠᠳᠠᠯᠢ ᠱᠠᠳᠤᠨ᠎ᠤ ᠡᠳ᠋᠎ᠤᠨ ᠵᠠᠰᠠᠭ᠎ᠤᠨ ᠲᠦᠰᠦᠪ᠎ᠲᠤ ᠤᠷᠤᠭᠤᠯᠤᠨ᠂ ᠪᠡᠯᠡ ᠮᠦᠩᠭᠦ ᠵᠢ ᠪᠤᠳᠠᠳᠠᠶ᠋ᠢᠵᠢᠭᠤᠯᠬᠤ ᠵᠢ ᠦᠨᠡᠨᠬᠦ ᠪᠠᠳᠤᠯᠠᠬᠤ ᠬᠡᠷᠡᠭᠳᠡᠢ᠃
ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ᠎ᠤᠳ ᠲᠤᠰ ᠰᠠᠨᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ ᠡᠭᠦᠷᠬᠡ᠎ᠪᠠᠨ ᠱᠠᠯᠠᠪᠳᠠᠨ ᠢᠯᠭ᠋ᠠᠨ ᠬᠤᠪᠢᠶᠠᠷᠢᠯᠠᠵᠦ᠂ ᠬᠠᠷᠢᠭᠤᠴᠠᠯᠭ᠋ᠠᠳᠤ ᠨᠢᠭᠡᠴᠡ ᠪᠠ ᠠᠬᠢᠴᠠ ᠵᠢᠨ ᠲᠤᠬᠢᠷᠠᠭᠤᠯᠤᠯᠳᠠ ᠵᠢ ᠲᠤᠳᠤᠷᠬᠠᠶ᠋ᠢᠯᠠᠨ᠂ ᠵᠣᠯᠭ᠋ᠠᠭᠤᠯᠤᠨ ᠬᠠᠮᠵᠢᠯᠴᠠᠬᠤ ᠵᠢ ᠴᠢᠩᠭ᠋ᠠᠳᠬᠠᠵᠦ᠂ ᠡᠳ᠋᠎ᠤᠨ ᠵᠠᠰᠠᠭ᠎ᠤᠨ ᠲᠡᠮᠵᠢᠯᠬᠡ ᠵᠢ ᠨᠡᠮᠡᠭᠳᠡᠬᠦᠯᠦᠨ᠂ ᠨᠠᠶ᠋ᠢᠳᠠᠪᠤᠷᠢᠵᠢᠭᠤᠯᠤᠯᠳᠠ ᠵᠢ ᠬᠢᠨᠠᠮᠠᠭ᠋ᠠᠢ ᠰᠠᠶ᠋ᠢᠳᠤᠷ ᠠᠳᠬᠤᠬᠤ ᠬᠡᠷᠡᠭᠳᠡᠢ᠃
2017 ᠤᠨ᠎ᠤ 3 ᠳ᠋ᠤᠭ᠋ᠠᠷ ᠰᠠᠷ᠎ᠠ ᠵᠢᠨ 28᠎ᠤ ᠡᠳᠦᠷ (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠳᠡᠯᠡᠨ᠎ᠡ)