ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ 2019 ᠣᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠲᠤᠬᠠᠢ ᠣᠨ᠎ᠤ ᠮᠡᠳᠡᠭᠦᠯᠦᠯᠲᠡ
ᠨᠡᠶ᠋ᠢᠲᠡᠯᠡᠭᠰᠡᠨ ᠴᠠᠭ᠄ 2020-12-18

ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠄
     2019 ᠣᠨ᠎ᠤ 5 ᠰᠠᠷ᠎ᠠ ᠵᠢᠨ 15᠎ᠤ ᠡᠳᠦᠷ᠎ᠠᠴᠠ ᠡᠬᠢᠯᠡᠨ ᠬᠡᠷᠡᠭᠵᠢᠭᠦᠯᠦᠭᠰᠡᠨ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠳᠦᠷᠢᠮ》 (ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ 711 ᠳ᠋ᠦ᠍ᠭᠡᠷ ᠲᠣᠭ᠋ᠠᠲᠤ᠂ ᠳᠣᠷᠣᠭᠰᠢ ᠰᠢᠨ᠎ᠡ 《ᠳᠦᠷᠢᠮ》 ᠭᠡᠵᠦ ᠲᠣᠪᠴᠢᠯᠠᠨ᠎ᠠ) ᠪᠠ 《2019 ᠤᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠵᠢᠯ᠎ᠤᠨ ᠭᠣᠤᠯᠳᠠᠯᠭ᠎ᠠ ᠵᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠡᠳᠦᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ 2019 ᠣᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠲᠤᠬᠠᠢ ᠣᠨ᠎ᠤ ᠮᠡᠳᠡᠭᠦᠯᠦᠯᠲᠡ ᠵᠢ ᠨᠡᠶ᠋ᠢᠲᠡᠯᠡᠪᠡ᠃ ᠲᠤᠰ ᠮᠡᠳᠡᠭᠦᠯᠦᠯᠲᠡ᠎ᠨᠢ ᠶᠡᠷᠦᠩᠬᠡᠶ ᠪᠠᠶ᠋ᠢᠳᠠᠯ᠂ ᠵᠠᠰᠠᠭ᠎ᠤᠨ ᠤᠷᠳᠤᠨ᠎ᠤ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠭᠰᠠᠨ ᠪᠠᠶ᠋ᠢᠳᠠᠯ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠢ ᠬᠦᠯᠢᠶᠡᠨ ᠠᠪᠤᠭᠰᠠᠨ ᠪᠠ ᠰᠢᠢ᠍ᠳᠪᠦᠷᠢᠯᠡᠭᠰᠡᠨ ᠪᠠᠶ᠋ᠢᠳᠠᠯ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠ ᠵᠠᠰᠠᠭ ᠵᠠᠬᠢᠷᠭ᠋ᠠᠨ᠎ᠤ ᠵᠠᠷᠭᠤ ᠵᠢᠨ ᠪᠠᠢ᠌ᠳᠠᠯ᠂ ᠣᠷᠣᠰᠢᠵᠤ ᠪᠠᠶ᠋ᠢᠭ᠎ᠠ ᠭᠣᠤᠯ ᠠᠰᠠᠭᠤᠳᠠᠯ ᠵᠢᠴᠢ ᠵᠠᠰᠠᠨ ᠰᠠᠶ᠋ᠢᠵᠢᠷᠠᠭᠤᠯᠤᠭᠰᠠᠨ ᠪᠠᠶ᠋ᠢᠳᠠᠯ ᠪᠣᠯᠤᠨ ᠮᠡᠳᠡᠭᠦᠯᠦᠯᠲᠡ ᠬᠢᠬᠦ ᠴᠢᠬᠤᠯᠠ᠎ᠲᠠᠢ ᠪᠤᠰᠤᠳ ᠵᠦᠢ᠍ᠯᠡᠰ ᠵᠡᠷᠭᠡ ᠨᠡᠶ᠋ᠢᠲᠡ ᠵᠢᠷᠭᠤᠭ᠋ᠠᠨ ᠬᠡᠰᠡᠭ ᠵᠶ᠋ᠠᠷ ᠪᠦᠷᠢᠯᠳᠦᠪᠡ᠃ ᠲᠣᠰ ᠮᠡᠳᠡᠭᠦᠯᠦᠯᠲᠡ᠎ᠳᠤ ᠵᠢᠭᠰᠠᠭ᠋ᠠᠭᠰᠠᠨ ᠲᠣᠭ᠎ᠠ ᠪᠠᠷᠢᠮᠲᠠ ᠵᠢ ᠪᠦᠷᠢᠳᠬᠡᠭᠰᠡᠨ ᠬᠤᠭᠤᠴᠠᠭ᠎ᠠ ᠬᠢᠵᠠᠭ᠋ᠠᠷ᠎ᠨᠢ 2019 ᠣᠨ᠎ᠤ 1 ᠰᠠᠷ᠎ᠠ ᠵᠢᠨ 1᠎ᠤ ᠡᠳᠦᠷ᠎ᠠᠴᠠ 2019 ᠣᠨ᠎ᠤ 12 ᠰᠠᠷ᠎ᠠ ᠵᠢᠨ 31᠎ᠤ ᠡᠳᠦᠷ ᠪᠤᠯᠲᠠᠯ᠎ᠠ ᠪᠤᠯᠤᠨ᠎ᠠ᠃
      ᠨᠢᠭᠡ᠂ ᠶᠡᠷᠦᠩᠬᠡᠶ ᠪᠠᠶ᠋ᠢᠳᠠᠯ
     2019 ᠤᠨ᠎ᠳᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠨᠢ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠤᠯᠭ᠋ᠠᠬᠤ ᠠᠵᠢᠯ᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠨᠠᠢ᠌ᠳᠠᠪᠤᠷᠢᠵᠢᠭᠤᠯᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠠᠵᠢᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠭᠣᠣᠯᠳᠠᠯᠭ᠎ᠠ᠎ᠲᠠᠢ ᠬᠦᠷᠢᠶᠡᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ ᠮᠡᠳᠡᠭᠡ ᠵᠠᠩᠭᠢ ᠨᠡᠶ᠋ᠢᠲᠡᠯᠡᠬᠦ᠂ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠬᠢᠬᠦ ᠪᠠ ᠬᠠᠷᠢᠭᠤ ᠥᠭᠬᠦ ᠠᠵᠢᠯ᠎ᠢ ᠴᠢᠩᠭ᠋ᠠᠳᠬᠠᠵᠤ᠂ ᠳᠦᠷᠢᠮ ᠲᠣᠭᠲᠠᠴᠠ ᠪᠠ ᠲᠠᠪᠴᠠᠩ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃
      ᠨᠢᠭᠡ᠎ᠳᠤ ᠳᠦᠷᠢᠮ᠎ᠤᠨ ᠪᠠᠶ᠋ᠢᠭᠤᠯᠤᠯᠲᠠ ᠵᠢ ᠴᠢᠩᠭ᠋ᠠᠳᠬᠠᠪᠠ᠃ ᠲᠢᠩᠬᠢᠮ᠎ᠤᠨ ᠳᠠᠷᠤᠭ᠎ᠠ᠎ᠪᠠᠷ ᠳᠤᠭᠤᠶ᠋ᠢᠯᠠᠩ᠎ᠤᠨ ᠳᠠᠷᠤᠭ᠎ᠠ ᠪᠤᠯᠭ᠋ᠠᠨ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠎ᠪᠠᠷ ᠳᠤᠭᠤᠶ᠋ᠢᠯᠠᠩ᠎ᠤᠨ ᠳᠡᠳ᠋ ᠳᠠᠷᠤᠭ᠎ᠠ ᠪᠣᠯᠭ᠋ᠠᠵᠤ᠂ ᠡᠯ᠎ᠡ ᠭᠠᠵᠠᠷ ᠲᠤᠰᠤᠭ (ᠲᠣᠪᠴᠢᠶ᠎ᠠ)᠂ ᠰᠢᠭᠤᠳ ᠬᠠᠷᠢᠶ᠎ᠠ ᠨᠢᠭᠡᠴᠢ ᠵᠢᠨ ᠬᠠᠷᠢᠭᠤᠴᠠᠯᠭ᠋ᠠᠲᠠᠨ ᠵᠶ᠋ᠠᠷ ᠪᠦᠷᠢᠯᠳᠦᠬᠦᠨ ᠪᠣᠯᠭ᠋ᠠᠭᠰᠠᠨ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠤᠳᠤᠷᠢᠳᠬᠤ ᠳᠤᠭᠤᠢ᠌ᠯᠠᠩ᠎ᠢ ᠪᠠᠢ᠌ᠭᠤᠯᠵᠤ᠂ ᠠᠵᠢᠯ᠎ᠤᠨ ᠲᠦᠯᠬᠢᠨ ᠠᠬᠢᠭᠤᠯᠬᠤ᠂ ᠵᠢᠯᠣᠭᠣᠳᠬᠤ᠂ ᠵᠣᠬᠢᠴᠠᠭᠤᠯᠬᠤ ᠪᠠ ᠬᠢᠨᠠᠯᠲᠠ ᠲᠠᠯᠪᠢᠬᠤ ᠵᠢ ᠬᠠᠷᠢᠭᠤᠴᠠᠪᠠ᠃ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠨᠢ ᠳᠤᠷᠤᠭᠰᠢ᠎ᠪᠠᠨ ᠠᠯᠪᠠᠨ ᠭᠡᠷ ᠪᠠᠢ᠌ᠭᠤᠯᠵᠤ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠡᠳᠦᠷ ᠲᠤᠲᠤᠮ᠎ᠤᠨ ᠠᠵᠢᠯ᠎ᠢ ᠪᠣᠳᠠᠲᠠᠶ ᠡᠭᠦᠷᠭᠡᠯᠡᠭᠦᠯᠪᠡ᠃ ᠡᠭᠦᠷᠭᠡ᠎ᠪᠠᠨ ᠡᠯ᠎ᠡ ᠭᠠᠵᠠᠷ ᠲᠠᠰᠤᠭ (ᠲᠣᠪᠴᠢᠶ᠎ᠠ) ᠪᠣᠯᠤᠨ ᠬᠣᠯᠪᠣᠭᠳᠠᠯ ᠪᠦᠬᠦᠢ ᠬᠥᠮᠦᠰ᠎ᠲᠤ ᠬᠦᠷᠲᠡᠯ᠎ᠡ ᠬᠤᠪᠢᠶᠠᠷᠢᠯᠠᠵᠤ᠂ ᠭᠣᠤᠯ ᠤᠳᠤᠷᠢᠳᠤᠯᠭ᠎ᠠ ᠶᠡᠷᠦᠩᠬᠡᠶ᠎ᠳᠤ᠎ᠨᠢ ᠬᠠᠷᠢᠭᠤᠴᠠᠬᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠳᠠᠲᠠᠶ ᠠᠳᠬᠤᠬᠤ᠂ ᠲᠤᠰᠬᠠᠶ ᠭᠠᠵᠠᠷ ᠭᠡᠷ ᠳᠠᠭ᠋ᠠᠭ᠋ᠠᠨ ᠭᠦᠢ᠍ᠴᠡᠳᠬᠡᠬᠦ ᠪᠠ ᠪᠤᠰᠤᠳ ᠭᠠᠵᠠᠷ ᠲᠠᠰᠤᠭ (ᠲᠣᠪᠴᠢᠶ᠎ᠠ) ᠬᠠᠮᠵᠢᠯᠴᠠᠬᠤ ᠠᠵᠢᠯ᠎ᠤᠨ ᠲᠣᠭᠲᠠᠴᠠ ᠵᠢ ᠪᠣᠶ ᠪᠤᠯᠭ᠋ᠠᠪᠠ᠃ 《ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠲᠤᠭᠲᠠᠭ᠋ᠠᠯ》᠂ 《ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠳᠦᠷᠢᠮ》᠂ 《ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ᠎ᠲᠤ ᠬᠢᠨᠠᠯᠲᠠ ᠲᠠᠯᠪᠢᠵᠤ ᠬᠢᠨᠠᠨ ᠰᠢᠯᠭ᠋ᠠᠬᠤ ᠠᠷᠭ᠎ᠠ》 ᠵᠢ ᠲᠣᠭᠲᠠᠭ᠋ᠠᠵᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠭᠤᠯᠭ᠎ᠠ᠂ ᠳᠡᠰ ᠳᠠᠷᠠᠭ᠋ᠠᠯᠠᠯ᠂ ᠬᠡᠯᠪᠡᠷᠢ᠂ ᠬᠢᠨᠠᠯᠲᠠ ᠲᠠᠯᠪᠢᠵᠤ ᠪᠠᠲᠤᠯᠠᠬᠤ ᠪᠠ ᠬᠢᠨᠠᠨ ᠰᠢᠯᠭ᠋ᠠᠬᠤ ᠵᠡᠷᠭᠡ᠎ᠳᠤ ᠲᠣᠭᠲᠠᠭ᠋ᠠᠯ ᠭᠠᠷᠭ᠋ᠠᠵᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠵᠣᠬᠢᠶᠠᠨ ᠪᠠᠶ᠋ᠢᠭᠤᠯᠤᠯᠲᠠ᠎ᠲᠠᠢ᠂ ᠪᠠᠶ᠋ᠢᠭᠤᠯᠤᠮᠵᠢ᠎ᠲᠠᠢ᠂ ᠡᠳᠦᠷ ᠲᠤᠲᠤᠮ᠎ᠤᠨ ᠠᠵᠢᠯ᠎ᠢ ᠲᠤᠰᠬᠠᠶ ᠬᠠᠷᠢᠭᠤᠴᠠᠬᠤ ᠬᠥᠮᠦᠨ᠎ᠲᠠᠢ ᠪᠠᠢ᠌ᠬᠤ ᠵᠢ ᠪᠠᠲᠤᠯᠠᠵᠤ᠂ ᠢᠯᠡ ᠪᠣᠯᠭ᠋ᠠᠬᠤ᠎ᠪᠠᠷ ᠬᠡᠪ᠎ᠤᠨ ᠪᠠᠢ᠌ᠳᠠᠯ ᠪᠤᠯᠭ᠋ᠠᠵᠦ᠂ ᠢᠯᠡ ᠪᠣᠯᠭ᠋ᠠᠬᠤ ᠦᠭᠡᠶ᠎ᠪᠠᠷ ᠣᠨᠴᠠᠭ᠋ᠠᠶ ᠪᠠᠢ᠌ᠳᠠᠯ ᠪᠤᠯᠭ᠋ᠠᠬᠤ ᠵᠢ ᠪᠠᠷᠢᠮᠲᠠᠯᠠᠨ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠭᠤᠯᠭ᠎ᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠨᠡᠶ᠋ᠢᠭᠡᠮ᠎ᠤᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠢᠳᠡᠪᠬᠢᠲᠡᠶ ᠬᠠᠷᠢᠭᠤᠯᠲᠠ ᠦᠭᠪᠡ᠃ 《ᠵᠠᠰᠠᠭ᠎ᠤᠨ ᠶᠠᠪᠤᠳᠠᠯ᠎ᠤᠨ ᠰᠦᠯᠵᠢᠶ᠎ᠡ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠵᠤ᠂ ᠬᠠᠤᠯᠢ ᠴᠠᠭ᠋ᠠᠵᠠ ᠵᠢᠨ ᠲᠢᠩᠬᠢᠮ᠎ᠤᠨ ᠵᠠᠰᠠᠭ᠎ᠤᠨ ᠶᠠᠪᠤᠳᠠᠯ᠎ᠤᠨ ᠰᠦᠯᠵᠢᠶ᠎ᠡ ᠵᠢᠨ ᠮᠡᠳᠡᠭᠡ ᠵᠠᠩᠭᠢ ᠵᠢ ᠴᠤᠭᠯᠠᠭᠤᠯᠬᠤ᠂ ᠬᠢᠨᠠᠨ ᠬᠠᠷᠭᠤᠭᠤᠯᠬᠤ᠂ ᠨᠡᠶ᠋ᠢᠲᠡᠯᠡᠬᠦ᠂ ᠰᠢᠨᠡᠳᠬᠡᠬᠦ᠂ ᠬᠠᠮᠢᠶᠠᠷᠬᠤ ᠵᠡᠷᠭᠡ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠪᠠ᠃ ᠪᠦᠬᠦ ᠵᠢᠯ᠎ᠳᠤ ᠨᠢᠭᠤᠴᠠ ᠵᠢ ᠵᠠᠳᠠᠷᠠᠭᠤᠯᠤᠭᠰᠠᠨ ᠬᠡᠷᠡᠭ ᠭᠠᠷᠤᠭᠰᠠᠨ ᠦᠭᠡᠶ᠃
      ᠬᠣᠶᠠᠷ᠎ᠲᠤ ᠠᠵᠢᠯ᠎ᠤᠨ ᠪᠣᠳᠠᠲᠤ ᠦᠷ᠎ᠡ ᠪᠦᠲᠦᠮᠵᠢ ᠵᠢ ᠦᠨᠡᠨ ᠬᠦ᠌ ᠪᠠᠲᠤᠯᠠᠪᠠ᠃ ᠪᠦᠬᠦ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠵᠢᠯᠣᠭᠣᠳᠤᠯᠭ᠎ᠠ᠎ᠪᠠᠨ ᠪᠦᠬᠦ ᠲᠠᠯ᠎ᠠ᠎ᠪᠠᠷ ᠴᠢᠩᠭ᠋ᠠᠳᠬᠠᠵᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠠᠶ᠋ᠢᠮᠠᠭ ᠬᠣᠲᠠ ᠵᠢᠨ ᠬᠠᠤᠯᠢ ᠴᠠᠭ᠋ᠠᠵᠠ ᠵᠢᠨ ᠲᠤᠪᠴᠢᠶ᠎ᠠ ᠵᠢᠨ ᠤᠨ᠎ᠤ ᠬᠠᠷᠠᠯᠲᠠ ᠵᠢ ᠬᠢᠨᠠᠨ ᠰᠢᠯᠭ᠋ᠠᠬᠤ ᠴᠢᠬᠤᠯᠠ ᠠᠭᠤᠯᠭ᠎ᠠ᠎ᠳᠤ ᠣᠷᠣᠭᠤᠯᠵᠤ᠂ ᠬᠢᠨᠠᠨ ᠰᠢᠯᠭ᠋ᠠᠬᠤ ᠭᠦᠢ᠍ᠴᠡᠳᠬᠡᠯ ᠲᠣᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠬᠢᠨᠠᠨ ᠰᠢᠯᠭ᠋ᠠᠬᠤ ᠲᠥᠷᠥᠯ ᠵᠦᠢ᠍ᠯ᠎ᠢ ᠵᠢᠯ ᠳᠠᠷᠠᠭ᠋ᠠᠯᠠᠨ ᠨᠠᠷᠢᠯᠢᠭᠵᠢᠭᠤᠯᠵᠤ᠂ ᠰᠢᠯᠭ᠋ᠠᠨ ᠦᠨᠡᠯᠡᠬᠦ ᠵᠢᠨ ᠬᠠᠨᠳᠤᠯᠭ᠋ᠠᠲᠤ ᠴᠢᠨᠠᠷ᠂ ᠬᠡᠷᠡᠭᠵᠢᠭᠦᠯᠵᠦ ᠪᠣᠯᠬᠤᠶ᠋ᠢᠴᠠ ᠴᠢᠨᠠᠷ᠎ᠢ ᠴᠢᠩᠭ᠋ᠠᠷᠠᠭᠤᠯᠤᠨ᠂ ᠪᠦᠬᠦ ᠰᠢᠰᠲ᠋ᠧᠮ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠶᠠᠰᠤ ᠴᠢᠨᠠᠷ ᠪᠠ ᠬᠢᠷᠢ ᠬᠡᠮᠵᠢᠶ᠎ᠡ ᠵᠢ ᠢᠯᠡᠳᠲᠡ ᠳᠡᠭᠡᠭᠰᠢᠯᠡᠪᠡ᠃ ᠲᠥᠷᠥ ᠵᠢᠨ ᠪᠣᠳᠣᠯᠭ᠎ᠠ ᠵᠢ ᠢᠯᠡ᠎ᠪᠠᠷ ᠲᠠᠢ᠌ᠯᠪᠤᠷᠢᠯᠠᠵᠤ ᠬᠠᠷᠢᠭᠤᠯᠲᠠ ᠥᠭᠬᠦ ᠵᠢ ᠬᠦᠴᠦᠯᠡᠨ ᠴᠢᠩᠭ᠋ᠠᠳᠬᠠᠵᠤ᠂ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠬᠦ᠎ᠪᠠᠷ ᠳᠠᠮᠵᠢᠭᠤᠯᠤᠨ ᠠᠯᠪᠠᠨ ᠰᠦᠯᠵᠢᠶ᠎ᠡ᠂ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠂ ᠡᠯ᠎ᠡ ᠲᠥᠷᠥᠯ᠎ᠤᠨ ᠵᠠᠭᠤᠴᠢᠯᠠᠭᠤᠷ᠎ᠤᠨ ᠲᠠᠪᠴᠠᠩ᠎ᠳᠤ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠵᠢ ᠨᠡᠶ᠋ᠢᠲᠡᠯᠡᠵᠦ᠂ ᠨᠡᠶ᠋ᠢᠭᠡᠮ᠎ᠤᠨ ᠠᠩᠬᠠᠷᠴᠤ ᠪᠠᠶ᠋ᠢᠭ᠎ᠠ ᠵᠦᠢ᠍ᠯ᠎ᠳᠤ ᠢᠳᠡᠪᠬᠢᠲᠡᠶ ᠬᠠᠷᠢᠭᠤᠯᠲᠠ ᠦᠭᠪᠡ᠃ ᠭᠤᠶᠤᠴᠢᠯᠠᠯ᠎ᠢ ᠦᠨᠳᠦᠰᠦᠯᠡᠨ ᠢᠯᠡ᠎ᠪᠠᠷ ᠭᠦᠢ᠍ᠴᠡᠳᠬᠡᠬᠦ ᠠᠵᠢᠯ᠎ᠢ ᠵᠢᠷᠤᠮᠵᠢᠭᠤᠯᠵᠤ᠂ ᠬᠠᠮᠤᠭ ᠲᠡᠷᠢᠭᠦᠨ᠎ᠳᠤ ᠬᠠᠷᠢᠭᠤ ᠥᠭᠴᠦ᠂ ᠴᠠᠭ ᠲᠤᠬᠠᠢ᠎ᠳᠤ᠎ᠨᠢ ᠭᠦᠢ᠍ᠴᠡᠳᠬᠡᠵᠦ ᠳᠠᠭᠤᠰᠬᠠᠪᠠ᠃ 2019 ᠣᠨ᠎ᠳᠤ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠢ ᠨᠡᠶ᠋ᠢᠲᠡ 1 ᠬᠤᠪᠢ ᠬᠦᠯᠢᠶᠡᠨ ᠠᠪᠴᠤ ᠰᠢᠢ᠍ᠳᠪᠦᠷᠢᠯᠡᠵᠦ᠂ ᠲᠣᠭᠲᠠᠭᠰᠠᠨ ᠴᠠᠭ᠎ᠤᠨ ᠬᠢᠵᠠᠭ᠋ᠠᠷ ᠪᠠ ᠲᠣᠭᠲᠠᠭ᠋ᠠᠭᠰᠠᠨ ᠳᠡᠰ ᠳᠠᠷᠠᠭ᠋ᠠᠯᠠᠯ ᠵᠶ᠋ᠠᠷ ᠬᠠᠷᠢᠭᠤᠯᠲᠠ ᠦᠭᠪᠡ᠃
      ᠭᠤᠷᠪᠠ᠎ᠳᠤ ᠠᠵᠢᠯ᠎ᠤᠨ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠦᠪᠡ᠃ ᠬᠠᠤᠯᠢ ᠴᠠᠭ᠋ᠠᠵᠠ ᠵᠢᠨ ᠲᠢᠩᠬᠢᠮ᠎ᠤᠨ ᠵᠢᠯᠣᠭᠣᠳᠬᠤ ᠲᠥᠪ᠎ᠢ ᠠᠰᠢᠭᠯᠠᠨ ᠰᠦᠯᠵᠢᠶᠡᠨ᠎ᠤ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠬᠢᠨᠠᠨ ᠡᠵᠡᠮᠳᠡᠬᠦ ᠲᠠᠪᠴᠠᠩ ᠪᠠᠶ᠋ᠢᠭᠤᠯᠵᠤ᠂ 24 ᠴᠠᠭ᠎ᠤᠨ ᠵᠢᠵᠢᠭᠦᠷᠯᠡᠬᠦ ᠳᠦᠷᠢᠮ᠎ᠢ ᠬᠡᠷᠡᠭᠵᠢᠭᠦᠯᠦᠨ᠂ ᠡᠳᠦᠷ ᠪᠦᠷᠢ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠤᠨ ᠲᠣᠪᠴᠢ ᠮᠡᠳᠡᠭᠡ ᠵᠢ ᠨᠠᠶ᠋ᠢᠷᠠᠭᠤᠯᠤᠨ ᠨᠡᠶ᠋ᠢᠲᠡᠯᠡᠵᠦ᠂ ᠨᠡᠶ᠋ᠢᠭᠡᠮ᠎ᠤᠨ ᠠᠩᠬᠠᠷᠴᠤ ᠪᠠᠶ᠋ᠢᠭ᠎ᠠ ᠴᠢᠬᠤᠯᠠ ᠶᠡᠬᠡ ᠵᠦᠢ᠍ᠯᠡᠰ᠎ᠤᠨ ᠲᠣᠭᠣᠷᠢᠨ᠎ᠳᠤ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠳᠤ ᠬᠠᠷᠢᠭᠤᠯᠲᠠ ᠥᠭᠬᠦ ᠵᠢ ᠴᠢᠩᠭ᠋ᠠᠳᠬᠠᠵᠤ᠂ ᠠᠷᠠᠳ᠎ᠤᠨ ᠠᠮᠢᠳᠤᠷᠠᠯ᠎ᠤᠨ ᠲᠠᠯ᠎ᠠ᠎ᠪᠠᠷ᠎ᠬᠢ ᠬᠠᠯᠠᠮᠰᠢᠯ ᠴᠡᠭ᠎ᠤᠨ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠳᠤ ᠬᠠᠷᠢᠭᠤᠯᠲᠠ ᠥᠭᠬᠦ ᠵᠢ ᠰᠠᠶ᠋ᠢᠲᠤᠷ ᠬᠢᠪᠡ᠃ ᠣᠳᠣᠬᠠᠨ᠎ᠳᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠦᠯᠵᠢᠶ᠎ᠡ 36 ᠲᠤᠰᠬᠠᠶ ᠪᠤᠯᠤᠩ ᠲᠤᠰᠬᠠᠢ ᠰᠡᠳᠦᠪ ᠭᠠᠷᠭ᠋ᠠᠪᠠ᠂ ᠡᠭᠦᠨ᠎ᠳᠤ ᠲᠤᠰᠬᠠᠶ ᠪᠤᠯᠤᠩ 6 ᠪᠠᠶ᠋ᠢᠵᠤ᠂ ᠴᠢᠬᠤᠯᠠ ᠮᠡᠳᠡᠭᠳᠡᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠶ᠋ᠢᠲᠡᠯᠡᠵᠦ᠂ ᠵᠠᠰᠠᠭ᠎ᠤᠨ ᠣᠷᠳᠣᠨ᠎ᠤ ᠴᠢᠬᠤᠯᠠ ᠬᠤᠷᠠᠯ᠂ ᠴᠢᠬᠤᠯᠠ ᠠᠵᠢᠯᠯᠠᠭ᠎ᠠ᠂ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠲᠤᠭᠲᠠᠭ᠋ᠠᠬᠤ 2074 ᠵᠤᠷᠪᠤᠰ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠵᠥᠪ ᠣᠨᠣᠪᠴᠢᠲᠠᠶ ᠨᠡᠶ᠋ᠢᠲᠡᠯᠡᠪᠡ᠃ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠡᠬᠢ ᠪᠠᠶᠠᠯᠢᠭ ᠪᠠ ᠲᠣᠭ᠎ᠠ ᠪᠠᠷᠢᠮᠲᠠ ᠵᠢ ᠡᠮᠬᠢᠯᠡᠨ ᠨᠡᠶ᠋ᠢᠯᠡᠭᠦᠯᠵᠦ᠂ ᠡᠷᠬᠡ ᠰᠦᠷᠲᠦ᠂ ᠳᠥᠭᠥᠮ ᠳᠥᠲᠡ ᠨᠢᠭᠡ ᠴᠣᠭᠴᠠᠵᠢᠭᠰᠠᠨ ᠢᠨᠲ᠋ᠧᠷ ᠰᠦᠯᠵᠢᠶᠡᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠢ ᠪᠠᠶ᠋ᠢᠭᠤᠯᠵᠤ᠂ 12348 ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠰᠦᠯᠵᠢᠶ᠎ᠡ᠎ᠲᠠᠢ ᠴᠠᠭ ᠲᠤᠬᠠᠶ᠎ᠳᠤ᠎ᠨᠢ ᠬᠣᠯᠪᠣᠵᠤ᠂ ᠠᠷᠠᠳ᠎ᠤᠨ ᠡᠶᠡᠳᠡᠭᠦᠯᠬᠦ᠂ ᠬᠠᠤᠯᠢᠴᠢ ᠡᠷᠢᠬᠦ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠵᠡᠷᠭᠡ ᠬᠠᠤᠯᠢ ᠴᠠᠭ᠋ᠠᠵᠠ ᠵᠢᠨ ᠦᠢ᠍ᠯᠡᠴᠢᠯᠡᠭᠡ ᠬᠠᠩᠭ᠋ᠠᠵᠤ᠂ ᠡᠯᠧᠺᠲᠷᠣᠨ ᠦᠨᠡᠮᠯᠡᠯ᠎ᠤᠨ ᠬᠥᠮᠥᠷᠭᠡ ᠪᠣᠯᠤᠨ ᠨᠢᠭᠡᠳᠦᠯᠲᠡᠶ ᠪᠡᠶ᠎ᠡ ᠵᠢᠨ ᠭᠠᠷᠤᠯ᠎ᠤᠨ ᠭᠡᠷᠡᠴᠢᠯᠡᠭᠡ ᠵᠢ ᠠᠰᠢᠭᠯᠠᠨ᠂ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠬᠤ᠂ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠰᠦᠯᠵᠢᠶᠡᠨ ᠳᠡᠭᠡᠷ᠎ᠡ ᠠᠰᠠᠭᠤᠵᠤ ᠯᠠᠪᠯᠠᠬᠤ᠂ ᠰᠦᠯᠵᠢᠶᠡᠨ ᠳᠡᠭᠡᠷ᠎ᠡ ᠪᠠᠶ᠋ᠢᠴᠠᠭ᠋ᠠᠨ ᠯᠠᠪᠯᠠᠬᠤ ᠵᠡᠷᠭᠡ ᠴᠢᠳᠠᠮᠵᠢ ᠵᠢ ᠶᠡᠷᠦᠩᠬᠡᠢ᠌ᠯᠡᠨ ᠬᠠᠩᠭ᠋ᠠᠵᠤ᠂ ᠰᠦᠯᠵᠢᠶᠡᠨ ᠳᠡᠭᠡᠷ᠎ᠡ ᠨᠢᠭᠡᠳᠦᠯᠲᠡᠶ ᠬᠦᠯᠢᠶᠡᠨ ᠠᠪᠴᠤ ᠰᠢᠢ᠍ᠳᠪᠦᠷᠢᠯᠡᠬᠦ᠂ ᠨᠢᠭᠡᠳᠦᠯᠲᠡᠶ ᠲᠡᠮᠳᠡᠭᠯᠡᠬᠦ᠂ ᠨᠢᠭᠡᠳᠦᠯᠲᠡᠢ ᠬᠠᠷᠢᠭᠤ ᠲᠤᠰᠬᠠᠬᠤ ᠵᠢ ᠪᠡᠶᠡᠯᠡᠭᠦᠯᠪᠡ᠃ ᠨᠢᠭᠡᠳᠦᠯᠲᠡᠶ ᠬᠠᠷᠢᠯᠴᠠᠨ ᠬᠥᠳᠡᠯᠦᠯᠴᠡᠬᠦ ᠰᠣᠯᠢᠯᠴᠠᠭ᠋ᠠᠨ᠎ᠤ ᠲᠠᠪᠴᠠᠩ᠎ᠢ ᠪᠠᠶ᠋ᠢᠭᠤᠯᠵᠤ᠂ ᠦᠭᠡ ᠦᠯᠡᠳᠡᠭᠡᠵᠦ ᠦᠨᠡᠯᠡᠬᠦ᠂ ᠴᠤᠭᠯᠠᠭᠤᠯᠤᠨ ᠪᠠᠶ᠋ᠢᠴᠠᠭ᠋ᠠᠬᠤ᠂ ᠠᠰᠠᠭᠤᠨ ᠯᠠᠪᠯᠠᠵᠤ ᠵᠠᠭ᠋ᠠᠯᠳᠤᠬᠤ ᠵᠡᠷᠭᠡ ᠪᠤᠯᠤᠩ ᠪᠠᠶ᠋ᠢᠭᠤᠯᠵᠤ᠂ ᠰᠦᠯᠵᠢᠶᠡᠨ ᠠᠷᠠᠳ᠎ᠤᠨ ᠰᠠᠨᠠᠯ ᠰᠠᠨᠠᠭᠤᠯᠭ᠎ᠠ ᠵᠢ ᠬᠢᠨᠠᠨ ᠦᠵᠡᠬᠦ᠂ ᠰᠢᠢ᠍ᠳᠪᠦᠷᠢᠯᠡᠬᠦ ᠪᠠ ᠬᠠᠷᠢᠭᠤ ᠲᠤᠰᠬᠠᠬᠤ ᠵᠡᠷᠭᠡ ᠲᠣᠭᠲᠠᠴᠠ ᠵᠢ ᠪᠦᠷᠢᠨᠰᠢᠬᠦᠯᠵᠦ᠂ ᠶᠠᠪᠤᠳᠠᠯ ᠪᠣᠯᠭ᠋ᠠᠨ᠎ᠳᠤ ᠨᠠᠶ᠋ᠢᠳᠠᠪᠤᠷᠢᠵᠢᠭᠤᠯᠤᠯᠲᠠ᠎ᠲᠠᠢ᠂ ᠶᠠᠪᠤᠳᠠᠯ ᠪᠣᠯᠭ᠋ᠠᠨ᠎ᠳᠤ ᠬᠠᠷᠢᠭᠤ᠎ᠲᠠᠢ ᠪᠠᠶ᠋ᠢᠬᠤ ᠵᠢ ᠪᠡᠶᠡᠯᠡᠭᠦᠯᠪᠡ᠃ ᠴᠤᠭᠯᠠᠭᠤᠯᠤᠭᠰᠠᠨ ᠰᠠᠨᠠᠯ ᠰᠠᠨᠠᠭᠤᠯᠭ᠎ᠠ ᠵᠢ ᠨᠠᠷᠢᠨ ᠬᠢᠨᠠᠮᠠᠭ᠋ᠠᠶ ᠵᠠᠳᠠᠯᠵᠤ ᠰᠤᠳᠤᠯᠤᠨ ᠮᠠᠭ᠋ᠠᠳᠯᠠᠵᠤ᠂ ᠯᠠᠪᠯᠠᠯᠲᠠ ᠵᠢᠨ ᠦᠨ᠎ᠡ ᠥᠷᠲᠡᠭ᠎ᠲᠠᠢ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠵᠢ ᠲᠤᠬᠠᠶ᠋ᠢᠯᠠᠭᠰᠠᠨ ᠠᠵᠢᠯ᠎ᠤᠨ ᠰᠠᠯᠠᠭ᠎ᠠ ᠮᠥᠴᠢᠷ᠎ᠲᠤ ᠴᠠᠭ ᠲᠤᠬᠠᠶ᠎ᠳᠤ᠎ᠨᠢ ᠰᠢᠯᠵᠢᠭᠦᠯᠦᠨ ᠬᠦᠷᠭᠡᠵᠦ ᠰᠤᠳᠤᠯᠤᠨ ᠰᠢᠢ᠍ᠳᠪᠦᠷᠢᠯᠡᠭᠦᠯᠬᠦ ᠵᠢᠨ ᠬᠠᠮᠲᠤ ᠲᠡᠷᠡ ᠳᠠᠷᠤᠶ᠎ᠳᠤ᠎ᠨᠢ ᠣᠯᠠᠨ ᠲᠦᠮᠡᠨ᠎ᠳᠤ ᠬᠠᠷᠢᠭᠤᠯᠲᠠ ᠦᠭᠪᠡ᠃
      ᠬᠣᠶᠠᠷ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠭᠰᠠᠨ ᠪᠠᠶ᠋ᠢᠳᠠᠯ
      ᠭᠤᠷᠪᠠ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠢ ᠬᠦᠯᠢᠶᠡᠨ ᠠᠪᠤᠭᠰᠠᠨ ᠪᠠ ᠰᠢᠢ᠍ᠳᠪᠦᠷᠢᠯᠡᠭᠰᠡᠨ ᠪᠠᠶ᠋ᠢᠳᠠᠯ
      ᠳᠦᠷᠪᠡ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠ ᠵᠠᠰᠠᠭ ᠵᠠᠬᠢᠷᠭ᠋ᠠᠨ᠎ᠤ ᠵᠠᠷᠭᠤ ᠵᠢᠨ ᠪᠠᠢ᠌ᠳᠠᠯ
      ᠲᠠᠪᠤ᠂ ᠣᠷᠣᠰᠢᠵᠤ ᠪᠠᠶ᠋ᠢᠭ᠎ᠠ ᠭᠣᠤᠯ ᠠᠰᠠᠭᠤᠳᠠᠯ ᠪᠠ ᠵᠠᠰᠠᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ
     2019 ᠣᠨ᠎ᠳᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠪᠦᠬᠦ ᠲᠠᠯ᠎ᠠ᠎ᠪᠠᠷ ᠲᠦᠯᠬᠢᠨ ᠠᠬᠢᠭᠤᠯᠬᠤ᠎ᠳᠤ ᠵᠠᠷᠢᠮ ᠬᠦᠷᠦᠯᠴᠡᠬᠦ ᠦᠭᠡᠶ ᠲᠠᠯ᠎ᠠ ᠣᠷᠣᠰᠢᠵᠤ ᠪᠠᠶ᠋ᠢᠨ᠎ᠠ᠂ ᠭᠣᠤᠯᠳᠠᠭᠤ᠄ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠡᠩᠨᠡᠭᠡ ᠵᠢᠨ ᠪᠠᠶ᠋ᠢᠭᠤᠯᠤᠯᠲᠠ ᠵᠢ ᠪᠠᠰᠠ ᠴᠢᠩᠭ᠋ᠠᠳᠬᠠᠬᠤ ᠴᠢᠬᠤᠯᠠᠲᠠᠶ; ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠰᠠᠨᠠᠭ᠋ᠠᠴᠢᠯᠠᠭ᠋ᠠᠲᠤ ᠴᠢᠨᠠᠷ᠎ᠢ ᠴᠢᠩᠭ᠋ᠠᠳᠬᠠᠬᠤ ᠴᠢᠬᠤᠯᠠᠲᠠᠶ; ᠢᠯᠡ ᠪᠣᠯᠭ᠋ᠠᠬᠤ ᠠᠷᠭ᠎ᠠ ᠬᠡᠯᠪᠡᠷᠢ ᠵᠢᠨ ᠲᠠᠯ᠎ᠠ᠎ᠪᠠᠷ ᠪᠠᠰᠠ ᠰᠢᠨ᠎ᠡ ᠵᠢ ᠡᠭᠦᠳᠬᠦ ᠴᠢᠬᠤᠯᠠᠲᠠᠶ ᠪᠠᠶ᠋ᠢᠨ᠎ᠠ᠃ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠠᠰᠠᠭᠤᠳᠠᠯ᠎ᠳᠤ ᠴᠢᠭᠯᠡᠭᠦᠯᠦᠨ᠂ ᠳᠣᠤᠷᠠᠬᠢ ᠬᠡᠳᠦᠨ ᠲᠠᠯ᠎ᠠ᠎ᠪᠠᠷ ᠠᠵᠢᠯ ᠵᠶ᠋ᠠᠨ ᠤᠯᠠᠮ ᠨᠢᠭᠡ ᠠᠯᠬᠤᠮ ᠲᠦᠯᠬᠢᠨ ᠠᠬᠢᠭᠤᠯᠬᠤ ᠬᠡᠷᠡᠭᠲᠡᠶ᠃ ᠨᠢᠭᠡ᠎ᠳᠤ᠂ ᠰᠢᠨ᠎ᠡ 《ᠳᠦᠷᠢᠮ》᠎ᠤᠨ ᠡᠯ᠎ᠡ ᠵᠦᠢ᠍ᠯ᠎ᠤᠨ ᠲᠣᠭᠲᠠᠭ᠋ᠠᠯ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠤᠬᠠᠮᠰᠠᠷ᠎ᠢ ᠴᠢᠩᠭ᠋ᠠᠳᠬᠠᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠲᠤᠰᠬᠠᠶ᠋ᠢᠵᠢᠭᠰᠠᠨ ᠵᠢᠷᠤᠮᠵᠢᠭᠰᠠᠨ ᠤᠶᠤᠨᠴᠢᠯᠠᠭᠰᠠᠨ ᠬᠢᠷᠢ ᠲᠦᠪᠰᠢᠨ᠎ᠢ ᠲᠠᠰᠤᠷᠠᠯᠲᠠ ᠤᠢ᠍ᠭᠡᠢ ᠳᠡᠭᠡᠭᠰᠢᠯᠡᠭᠦᠯᠦᠨ᠎ᠡ᠃ ᠬᠣᠶᠠᠷ᠎ᠲᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠠᠵᠢᠯᠲᠠᠨ᠎ᠤ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢ ᠴᠢᠷᠮᠠᠶ᠋ᠢᠨ ᠳᠡᠭᠡᠭᠰᠢᠯᠡᠭᠦᠯᠵᠦ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠡᠩᠨᠡᠭᠡ ᠵᠢ ᠪᠦᠷᠢᠨ ᠭᠦᠢ᠍ᠴᠡᠳ ᠲᠣᠬᠢᠷᠠᠭᠤᠯᠬᠤ ᠬᠡᠷᠡᠭᠲᠡᠶ᠃ ᠭᠤᠷᠪᠠ᠎ᠳᠤ ᠰᠦᠯᠵᠢᠶᠡᠨ ᠥᠷᠲᠡᠭᠡᠨ᠎ᠤ ᠪᠠᠶ᠋ᠢᠭᠤᠯᠤᠯᠲᠠ ᠪᠠ ᠬᠠᠮᠢᠶᠠᠷᠤᠯᠲᠠ ᠵᠢ ᠬᠦᠴᠦᠯᠡᠨ ᠴᠢᠩᠭ᠋ᠠᠳᠬᠠᠵᠤ᠂ ᠰᠦᠯᠵᠢᠶᠡᠨ ᠥᠷᠲᠡᠭᠡᠨ᠎ᠤ ᠪᠠᠶ᠋ᠢᠭᠤᠯᠤᠯᠲᠠ ᠪᠠ ᠬᠠᠮᠢᠶᠠᠷᠤᠯᠲᠠ ᠵᠢᠨ ᠬᠢᠷᠢ ᠲᠦᠪᠰᠢᠨ᠎ᠢ ᠴᠢᠷᠮᠠᠶ᠋ᠢᠨ ᠳᠡᠭᠡᠭᠰᠢᠯᠡᠭᠦᠯᠦᠨ᠎ᠡ᠃
      ᠵᠢᠷᠭᠤᠭ᠎ᠠ᠂ ᠪᠤᠰᠤᠳ ᠮᠡᠳᠡᠭᠦᠯᠬᠦ ᠵᠦᠢ᠍ᠯᠡᠰ᠃ ᠪᠠᠢ᠌ᠬᠤ ᠦᠭᠡᠢ᠃
ᠡᠭᠦᠨ᠎ᠤ ᠲᠤᠯᠠ ᠮᠡᠳᠡᠭᠦᠯᠪᠡ᠃

                        ᠥᠪᠥᠷ ᠮᠣᠩᠭᠣᠯ᠎ᠤᠨ ᠥᠪᠡᠷᠲᠡᠭᠡᠨ ᠵᠠᠰᠠᠬᠤ
                        ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
                               2020 ᠣᠨ᠎ᠤ 1 ᠰᠠᠷ᠎ᠠ ᠵᠢᠨ 18᠎ᠤ ᠡᠳᠦᠷ

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            