ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠠᠷᠯᠠᠨ ᠨᠡᠢ᠌ᠲᠡᠯᠡᠬᠦ ᠬᠠᠤᠯᠢ ᠬᠡᠷᠡᠭᠵᠢᠭᠦᠯᠬᠦ ᠪᠦᠬᠦ ᠶᠠᠪᠤᠴᠠ ᠵᠢ ᠰᠢᠩᠭᠡᠭᠡᠨ ᠲᠡᠮᠳᠡᠭᠡᠯᠡᠬᠦ ᠬᠠᠤᠯᠢ ᠬᠡᠷᠡᠭᠵᠢᠭᠦᠯᠭ᠊ ᠊ᠤ᠋ ᠴᠢᠬᠤᠯᠠ ᠶᠡᠬᠡ ᠲᠣᠭᠲᠠᠭ᠋ᠠᠯ᠎ᠤᠨ ᠬᠠᠤᠯᠢ ᠳᠦᠷᠢᠮ᠎ᠤᠨ ᠬᠢᠨᠠᠨ ᠬᠠᠷᠭᠤᠭᠤᠯᠤᠯᠲᠠ ᠵᠢᠨ ᠠᠷᠭ᠎ᠠ
ᠨᠡᠶ᠋ᠢᠲᠡᠯᠡᠭᠰᠡᠨ ᠴᠠᠭ᠄ 2020-12-21

《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠠᠷᠯᠠᠨ ᠨᠡᠢ᠌ᠲᠡᠯᠡᠬᠦ ᠬᠠᠤᠯᠢ ᠬᠡᠷᠡᠭᠵᠢᠭᠦᠯᠬᠦ ᠪᠦᠬᠦ ᠶᠠᠪᠤᠴᠠ ᠵᠢ ᠰᠢᠩᠭᠡᠭᠡᠨ ᠲᠡᠮᠳᠡᠭᠡᠯᠡᠬᠦ ᠬᠠᠤᠯᠢ ᠬᠡᠷᠡᠭᠵᠢᠭᠦᠯᠬᠦ ᠴᠢᠬᠤᠯᠠ ᠶᠡᠬᠡ ᠲᠣᠭᠲᠠᠭ᠋ᠠᠯ᠎ᠤᠨ ᠬᠠᠤᠯᠢ ᠳᠦᠷᠢᠮ᠎ᠤᠨ ᠬᠢᠨᠠᠨ ᠬᠠᠷᠭᠤᠭᠤᠯᠤᠯᠲᠠ ᠵᠢᠨ ᠠᠷᠭ᠎ᠠ》 ᠵᠢ 2020 ᠣᠨ᠎ᠤ 1 ᠰᠠᠷ᠎ᠠ ᠵᠢᠨ 21᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠶᠠᠳᠤᠭ᠋ᠠᠷ ᠤᠳᠠᠭ᠎ᠠ ᠵᠢᠨ ᠪᠠᠶ᠋ᠢᠩᠭᠤ ᠵᠢᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ ᠡᠳᠦᠭᠡ ᠢᠯᠡ ᠨᠡᠢ᠌ᠲᠡᠯᠡᠪᠡ᠂ 2020 ᠣᠨ᠎ᠤ 4 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃


                ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠦ᠋ ᠰᠢᠶᠤᠤ ᠯᠢᠨ
                           2020 ᠣᠨ᠎ᠤ 2 ᠰᠠᠷ᠎ᠠ ᠵᠢᠨ 17᠎ᠤ ᠡᠳᠦᠷ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠠᠷᠯᠠᠨ ᠨᠡᠢ᠌ᠲᠡᠯᠡᠬᠦ ᠬᠠᠤᠯᠢ ᠬᠡᠷᠡᠭᠵᠢᠭᠦᠯᠬᠦ ᠪᠦᠬᠦ ᠶᠠᠪᠤᠴᠠ ᠵᠢ ᠰᠢᠩᠭᠡᠭᠡᠨ ᠲᠡᠮᠳᠡᠭᠡᠯᠡᠬᠦ ᠬᠠᠤᠯᠢ ᠬᠡᠷᠡᠭᠵᠢᠭᠦᠯᠬᠦ ᠴᠢᠬᠤᠯᠠ ᠶᠡᠬᠡ ᠲᠣᠭᠲᠠᠭ᠋ᠠᠯ᠎ᠤᠨ ᠬᠠᠤᠯᠢ ᠳᠦᠷᠢᠮ᠎ᠤᠨ ᠬᠢᠨᠠᠨ ᠬᠠᠷᠭᠤᠭᠤᠯᠤᠯᠲᠠ ᠵᠢᠨ ᠠᠷᠭ᠎ᠠ

ᠨᠢᠭᠡᠳᠦᠭᠡᠷ ᠪᠦᠯᠦᠭ     ᠶᠡᠷᠦᠩᠬᠡᠶ ᠳᠦᠷᠢᠮ

      ᠨᠢᠭᠡᠳᠦᠭᠡᠷ ᠵᠦᠢ᠍ᠯ     ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠳᠡᠰ ᠳᠠᠷᠠᠭ᠋ᠠᠯᠠᠯ᠎ᠢ ᠵᠢᠷᠤᠮᠵᠢᠭᠤᠯᠤᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠡᠷᠬᠡᠲᠦ ᠠᠷᠠᠳ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠵᠤ᠂ ᠴᠢᠩᠭ᠎ᠠ ᠵᠢᠷᠤᠮᠵᠢᠭᠤᠨ ᠲᠥᠪ ᠭᠣᠤᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠠᠬᠢᠭᠤᠯᠬᠤ ᠵᠢᠨ ᠲᠤᠰᠠᠳᠠ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠬᠠᠤᠯᠢ》 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠬᠠᠤᠯᠢ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠲᠤᠰ ᠠᠷᠭ᠎ᠠ ᠵᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ     ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠢ᠌ᠭᠤᠯᠭ᠎ᠠ ᠪᠣᠯᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠠᠴᠠ ᠡᠷᠬᠡ ᠤᠯᠭᠤᠭᠰᠠᠨ ᠣᠯᠠᠨ ᠨᠡᠶ᠋ᠢᠲᠡ ᠵᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ᠎ᠲᠠᠢ ᠵᠣᠬᠢᠶᠠᠨ ᠪᠠᠢ᠌ᠭᠤᠯᠤᠯᠲᠠ (ᠳᠣᠷᠣᠭᠰᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠭᠡᠵᠦ ᠨᠡᠷᠡᠶ᠋ᠢᠳᠦᠨ᠎ᠡ)᠎ᠨᠤᠭᠤᠳ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠢᠯᠡ ᠨᠡᠶ᠋ᠢᠲᠡᠯᠡᠬᠦ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠵᠢ ᠰᠢᠩᠭᠡᠭᠡᠨ ᠲᠡᠮᠳᠡᠭᠯᠡᠬᠦ ᠪᠠ ᠬᠠᠤᠯᠢ ᠬᠡᠷᠡᠭᠵᠢᠭᠦᠯᠬᠦ ᠴᠢᠬᠤᠯᠠ ᠶᠡᠬᠡ ᠲᠣᠭᠲᠠᠭ᠋ᠠᠯ᠎ᠤᠨ ᠬᠠᠤᠯᠢ ᠳᠦᠷᠢᠮ᠎ᠢ ᠬᠢᠨᠠᠨ ᠬᠠᠷᠭᠤᠭᠤᠯᠤᠯᠲᠠ (ᠳᠣᠷᠣᠭᠰᠢ ᠭᠤᠷᠪᠠᠨ ᠵᠦᠢ᠍ᠯ᠎ᠤᠨ ᠲᠥᠷᠢᠮ ᠭᠡᠵᠦ ᠨᠡᠷᠡᠶ᠋ᠢᠳᠦᠨ᠎ᠡ) ᠵᠢ ᠬᠡᠷᠡᠭᠵᠢᠭᠦᠯᠬᠦ᠎ᠳᠤ ᠲᠤᠰ ᠠᠷᠭ᠎ᠠ ᠲᠣᠬᠢᠷᠠᠨ᠎ᠠ᠃
      ᠭᠤᠷᠪᠠᠳᠤᠭ᠋ᠠᠷ ᠵᠦᠢ᠍ᠯ     ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠤᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠭᠤᠷᠪᠠᠨ ᠵᠦᠢ᠍ᠯ᠎ᠤᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠭᠤᠷᠪᠠᠨ ᠵᠦᠢ᠍ᠯ᠎ᠤᠨ ᠳᠦᠷᠢᠮ᠎ᠢ ᠬᠡᠷᠡᠭᠵᠢᠭᠦᠯᠦᠭᠰᠡᠨ ᠪᠠᠶ᠋ᠢᠳᠠᠯ᠎ᠢ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢᠨ ᠰᠢᠯᠭ᠋ᠠᠨ ᠲᠤᠭᠲᠠᠭ᠋ᠠᠬᠤ ᠰᠢᠰᠲᠸᠮᠵᠢ᠎ᠳᠤ ᠤᠷᠤᠭᠤᠯᠬᠤ ᠬᠡᠷᠡᠭᠲᠡᠢ᠃
      ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠭᠤᠷᠪᠠᠨ ᠵᠦᠢ᠍ᠯ᠎ᠤᠨ ᠳᠦᠷᠢᠮ᠎ᠤᠨ ᠬᠡᠷᠡᠭᠵᠢᠭᠦᠯᠦᠯᠲᠡ ᠵᠢ ᠵᠣᠬᠢᠶᠠᠨ ᠪᠠᠶ᠋ᠢᠭᠤᠯᠤᠨ ᠵᠢᠯᠣᠭᠣᠳᠬᠤ ᠪᠠ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠬᠠᠷᠢᠭᠤᠴᠠᠬᠤ ᠬᠡᠷᠡᠭᠲᠡᠢ᠃
      ᠳᠡᠭᠡᠳᠦ ᠱᠠᠲᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠳᠣᠣᠷᠠᠳᠤ ᠱᠠᠲᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠭᠤᠷᠪᠠᠨ ᠵᠦᠢ᠍ᠯ᠎ᠤᠨ ᠳᠦᠷᠢᠮ᠎ᠢ ᠬᠡᠷᠡᠭᠵᠢᠭᠦᠯᠬᠦ ᠵᠢ ᠵᠢᠯᠤᠭᠤᠳᠬᠤ ᠪᠠ ᠬᠢᠨᠠᠯᠲᠠ ᠲᠠᠯᠪᠢᠬᠤ᠎ᠪᠠᠨ ᠴᠢᠩᠭ᠋ᠠᠳᠬᠠᠬᠤ ᠬᠡᠷᠡᠭᠲᠡᠶ᠃
      ᠳᠥᠷᠪᠡᠳᠦᠭᠡᠷ ᠵᠦᠢ᠍ᠯ     ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠪᠦᠬᠦ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠶ᠋ᠢᠯᠡᠭᠰᠡᠨ ᠬᠠᠮᠢᠶᠠᠷᠤᠯᠲᠠ ᠵᠢᠨ ᠬᠢᠨᠠᠯᠲᠠ ᠲᠠᠯᠪᠢᠬᠤ ᠮᠡᠳᠡᠭᠡ ᠵᠠᠩᠭᠢ ᠵᠢᠨ ᠰᠢᠰᠲ᠋ᠧᠮ᠎ᠢ ᠪᠠᠢ᠌ᠭᠤᠯᠬᠤ ᠵᠢ ᠬᠠᠷᠢᠭᠤᠴᠠᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠵᠢ ᠵᠣᠯᠭ᠋ᠠᠭᠤᠯᠤᠨ ᠬᠡᠷᠡᠭᠯᠡᠵᠦ᠂ ᠪᠦᠬᠦ ᠤᠷᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠭ᠎ᠠ ᠪᠠᠷᠢᠮᠲᠠ ᠵᠢ ᠴᠤᠭᠯᠠᠭᠤᠯᠬᠤ ᠪᠠ ᠮᠡᠳᠡᠭᠡ ᠵᠠᠩᠭᠢ ᠵᠢ ᠬᠠᠮᠲᠤ᠎ᠪᠠᠷ ᠬᠦᠷᠲᠡᠯᠴᠡᠬᠦ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠶ᠃
      ᠲᠠᠪᠤᠳᠤᠭ᠋ᠠᠷ ᠵᠦᠢ᠍ᠯ     ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠬᠠᠷᠢᠭᠤᠴᠠᠯᠭ᠎ᠠ᠎ᠪᠠᠷ ᠲᠣᠳᠣᠷᠬᠠᠶ᠂ ᠬᠠᠮᠢᠶᠠᠷᠤᠯᠲᠠ᠎ᠪᠠᠷ ᠵᠢᠷᠤᠮᠵᠢᠭᠤᠨ᠂ ᠣᠷᠣᠭᠤᠯᠤᠯᠲᠠ᠎ᠪᠠᠷ ᠲᠣᠭᠲᠠᠭᠤᠨ ᠬᠠᠤᠯᠢ ᠬᠡᠷᠡᠭᠵᠢᠭᠦᠯᠬᠦ ᠪᠠᠲᠤᠯᠠᠭ᠎ᠠ ᠵᠢᠨ ᠲᠣᠭᠲᠠᠴᠠ ᠵᠢ ᠪᠠᠢ᠌ᠭᠤᠯᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠴᠢᠬᠤᠯᠠ ᠪᠦᠬᠦᠢ ᠲᠣᠨᠣᠭ ᠲᠥᠬᠥᠭᠡᠷᠦᠮᠵᠢ ᠪᠣᠯᠤᠨ ᠵᠠᠷᠤᠳᠠᠯ᠎ᠢ ᠪᠠᠲᠤᠯᠠᠬᠤ ᠬᠡᠷᠡᠭᠲᠡᠶ᠃

ᠬᠤᠶᠠᠳᠤᠭ᠋ᠠᠷ ᠪᠦᠯᠦᠭ     ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠠᠷᠯᠠᠨ ᠨᠡᠶ᠋ᠢᠲᠡᠯᠡᠬᠦ
      ᠵᠢᠷᠭᠤᠳᠤᠭ᠋ᠠᠷ ᠵᠦᠢ᠍ᠯ     ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠦᠴᠢᠷ᠎ᠢ ᠬᠡᠨ ᠬᠠᠤᠯᠢ ᠬᠡᠷᠡᠭᠵᠢᠭᠦᠯᠪᠡᠯ ᠬᠡᠨ ᠵᠠᠷᠯᠠᠨ ᠨᠡᠶ᠋ᠢᠲᠡᠯᠡᠬᠦ ᠵᠠᠷᠴᠢᠮ᠎ᠤᠨ ᠶᠣᠰᠣᠭ᠋ᠠᠷ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠮᠡᠳᠡᠭᠡ ᠵᠠᠩᠭᠢ ᠵᠢ ᠴᠤᠭᠯᠠᠭᠤᠯᠬᠤ᠂ ᠬᠢᠨᠠᠨ ᠬᠠᠷᠭᠤᠭᠤᠯᠬᠤ᠂ ᠨᠡᠶ᠋ᠢᠲᠡᠯᠡᠬᠦ᠂ ᠬᠦᠴᠦᠨ ᠦᠭᠡᠶ ᠪᠣᠯᠭ᠋ᠠᠬᠤ ᠪᠠ ᠰᠢᠨᠡᠳᠬᠡᠬᠦ ᠳᠦᠷᠢᠮ᠎ᠢ ᠪᠠᠶ᠋ᠢᠭᠤᠯᠬᠤ ᠬᠡᠷᠡᠭᠲᠡᠶ᠃
      ᠳᠣᠯᠣᠳᠤᠭ᠋ᠠᠷ ᠵᠦᠢ᠍ᠯ     ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠫᠤᠷᠲᠸᠯ ᠰᠦᠯᠵᠢᠶ᠎ᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠂ ᠠᠵᠢᠯ ᠶᠠᠪᠤᠳᠠᠯ ᠭᠦᠢ᠍ᠴᠡᠳᠬᠡᠬᠦ ᠶᠡᠬᠡ ᠲᠢᠩᠬᠢᠮ᠎ᠤᠨ ᠵᠠᠷᠯᠠᠨ ᠨᠡᠶ᠋ᠢᠲᠡᠯᠡᠬᠦ ᠪᠤᠯᠤᠩ᠂ ᠦᠢ᠍ᠯᠡᠴᠢᠯᠡᠭᠡᠨ᠎ᠤ ᠴᠤᠩᠬᠤᠪᠴᠢ ᠵᠡᠷᠭᠡ ᠠᠴᠢᠶᠠᠯᠠᠪᠤᠷᠢ᠎ᠪᠠᠷ ᠳᠠᠮᠵᠢᠭᠤᠯᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠵᠢ ᠢᠯᠡ ᠪᠣᠯᠭ᠋ᠠᠬᠤ ᠬᠡᠷᠡᠭᠲᠡᠶ᠃
      ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠵᠠᠰᠠᠭ᠎ᠤᠨ ᠶᠠᠪᠤᠳᠠᠯ᠎ᠤᠨ ᠰᠦᠯᠵᠢᠶᠡᠨ᠎ᠳᠤ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠵᠢ ᠢᠯᠡ ᠪᠣᠯᠭ᠋ᠠᠬᠤ ᠬᠡᠷᠡᠭᠲᠡᠶ᠃
      ᠨᠠᠢ᠍ᠮᠠᠳᠤᠭ᠋ᠠᠷ ᠵᠦᠢ᠍ᠯ     ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠢ ᠳᠣᠤᠷᠠᠬᠢ ᠮᠡᠲᠦ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠳᠦᠰᠦᠨ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠵᠠᠷᠯᠠᠨ ᠨᠡᠢ᠌ᠲᠡᠯᠡᠬᠦ ᠬᠡᠷᠡᠭᠲᠡᠶ᠄
     (ᠨᠢᠭᠡ) ᠬᠠᠤᠯᠢ ᠬᠡᠷᠡᠭᠵᠢᠭᠦᠯᠬᠦ ᠭᠣᠤᠯ ᠴᠣᠭᠴᠠ᠂ ᠠᠯᠪᠠᠯᠠᠬᠤ ᠭᠠᠵᠠᠷ᠂ ᠴᠢᠮᠡᠭᠡ ᠬᠤᠯᠪᠤᠭ᠋ᠠᠨ᠎ᠤ ᠬᠠᠶᠢᠭ᠂ ᠠᠰᠠᠭᠤᠨ ᠯᠠᠪᠯᠠᠬᠤ ᠤᠲᠠᠰᠤ᠂ ᠬᠢᠨᠠᠯᠲᠠ ᠲᠠᠯᠪᠢᠬᠤ ᠤᠲᠠᠰᠤ;
     (ᠬᠣᠶᠠᠷ) ᠬᠠᠤᠯᠢ ᠬᠡᠷᠡᠭᠵᠢᠭᠦᠯᠬᠦ ᠡᠷᠬᠡ ᠬᠠᠷᠢᠭᠤᠴᠠᠯᠭ᠎ᠠ ᠵᠢᠨ ᠨᠠᠷᠢᠨ ᠬᠠᠭᠤᠳᠠᠰᠤ᠂ ᠲᠠᠰᠢᠷᠠᠮ ᠵᠶ᠋ᠠᠷ ᠰᠤᠭᠤᠴᠢᠨ ᠪᠠᠢ᠌ᠴᠠᠭ᠋ᠠᠭᠰᠠᠨ ᠵᠦᠢ᠍ᠯᠡᠰ᠎ᠤᠨ ᠨᠠᠷᠢᠨ ᠬᠠᠭᠤᠳᠠᠰᠤ;
     (ᠭᠤᠷᠪᠠ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠳ᠎ᠤᠨ ᠣᠪᠣᠭ ᠨᠡᠷ᠎ᠡ᠂ ᠨᠢᠭᠡᠴᠢ᠂ ᠲᠤᠰᠢᠶᠠᠯ᠂ ᠭᠡᠷᠡᠯ   ᠵᠢᠷᠤᠭ᠂ ᠬᠠᠤᠯᠢ ᠬᠡᠷᠡᠭᠵᠢᠭᠦᠯᠬᠦ ᠦᠨᠡᠮᠯᠡᠯ᠎ᠤᠨ ᠨᠣᠮᠧᠷ᠂ ᠬᠠᠤᠯᠢ ᠬᠡᠷᠡᠭᠵᠢᠭᠦᠯᠬᠦ ᠲᠥᠷᠥᠯ ᠢᠯᠭ᠋ᠠᠯ᠂ ᠬᠠᠤᠯᠢ ᠬᠡᠷᠡᠭᠵᠢᠭᠦᠯᠬᠦ ᠣᠷᠣᠨ ᠪᠦᠰᠡ ᠵᠡᠷᠭᠡ ᠮᠡᠳᠡᠭᠡ ᠵᠠᠩᠭᠢ;
     (ᠳᠥᠷᠪᠡ) ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠦᠢ᠍ᠯᠡᠴᠢᠯᠡᠬᠦ ᠡᠲᠡᠭᠡᠳ᠂ ᠬᠦᠯᠢᠶᠡᠨ ᠠᠪᠴᠤ ᠰᠢᠢ᠍ᠳᠪᠦᠷᠢᠯᠡᠬᠦ ᠨᠥᠬᠥᠴᠡᠯ᠂ ᠭᠦᠢ᠍ᠴᠡᠳᠬᠡᠬᠦ ᠠᠷᠭ᠎ᠠ ᠬᠡᠯᠪᠡᠷᠢ᠂ ᠭᠦᠢ᠍ᠴᠡᠳᠬᠡᠬᠦ ᠴᠤᠪᠤᠷᠠᠯ᠂ ᠭᠦᠢ᠍ᠴᠡᠳᠬᠡᠬᠦ ᠴᠠᠭ᠎ᠤᠨ ᠬᠢᠵᠠᠭ᠋ᠠᠷ᠂ ᠰᠦᠢ᠍ᠳᠬᠡᠯ ᠬᠤᠷᠢᠶᠠᠬᠤ ᠪᠠᠷᠢᠮᠵᠢᠶ᠎ᠠ᠂ ᠰᠦᠢ᠍ᠳᠬᠡᠯ ᠬᠤᠷᠢᠶᠠᠬᠤ ᠦᠨᠳᠦᠰᠦᠯᠡᠯ ᠵᠢᠴᠢ ᠭᠤᠶᠤᠴᠢᠯᠠᠬᠤ ᠮᠠᠲ᠋ᠧᠷᠢᠶᠠᠯ᠎ᠤᠨ ᠭᠠᠷᠴᠠᠭ᠂ ᠬᠦᠰᠦᠨᠦᠭ ᠵᠡᠷᠭᠡ;
     (ᠲᠠᠪᠤ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠴᠤᠪᠤᠷᠠᠯ;
     (ᠵᠢᠷᠭᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠰᠠᠨᠠᠭ᠋ᠠᠴᠢᠯᠠᠭ᠎ᠠ᠎ᠠᠴᠠ᠎ᠪᠠᠨ ᠵᠠᠷᠯᠠᠨ ᠨᠡᠶ᠋ᠢᠲᠡᠯᠡᠬᠦ ᠴᠢᠬᠤᠯᠠᠲᠠᠢ ᠪᠤᠰᠤᠳ ᠦᠨᠳᠦᠰᠦᠨ ᠮᠡᠳᠡᠭᠡ ᠵᠠᠩᠭᠢ᠃
      ᠶᠢᠰᠦᠳᠦᠭᠡᠷ ᠵᠦᠢ᠍ᠯ     ᠬᠠᠤᠯᠢ ᠬᠡᠷᠡᠭᠵᠢᠭᠦᠯᠬᠦ ᠠᠵᠢᠯᠲᠠᠳ ᠬᠠᠤᠯᠢ ᠬᠡᠷᠡᠭᠵᠢᠭᠦᠯᠬᠦ ᠶᠠᠪᠤᠴᠠ᠎ᠳᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ ᠵᠶ᠋ᠠᠨ ᠰᠠᠨᠠᠭ᠋ᠠᠴᠢᠯᠠᠭ᠎ᠠ᠎ᠠᠴᠠ᠎ᠪᠠᠨ ᠦᠵᠡᠭᠦᠯᠬᠦ ᠬᠡᠷᠡᠭᠲᠡᠶ᠃
      ᠬᠠᠤᠯᠢ ᠬᠡᠷᠡᠭᠵᠢᠭᠦᠯᠬᠦ ᠠᠵᠢᠯᠲᠠᠳ ᠬᠢᠨᠠᠯᠲᠠ ᠲᠠᠯᠪᠢᠵᠤ ᠪᠠᠶ᠋ᠢᠴᠠᠭ᠋ᠠᠬᠤ᠂ ᠪᠠᠢ᠌ᠴᠠᠭ᠋ᠠᠵᠤ ᠭᠡᠷᠡᠴᠢ ᠠᠪᠬᠤ᠂ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠬᠤ ᠪᠠ ᠠᠯᠪᠠᠲᠠᠨ ᠭᠦᠢ᠍ᠴᠡᠳᠬᠡᠬᠦ᠂ ᠪᠢᠴᠢᠭ ᠬᠠᠷ᠎ᠠ ᠵᠢ ᠬᠠᠷᠭᠤᠭᠤᠯᠤᠨ ᠬᠦᠷᠭᠡᠬᠦ ᠵᠡᠷᠭᠡ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠦᠷᠨᠢᠭᠦᠯᠬᠦ᠎ᠳᠤ᠂ ᠲᠤᠬᠠᠶ ᠵᠢᠨ ᠬᠥᠮᠦᠨ᠎ᠳᠤ᠎ᠨᠢ ᠬᠠᠤᠯᠢ ᠬᠡᠷᠡᠭᠵᠢᠭᠦᠯᠬᠦ ᠤᠴᠢᠷ ᠰᠢᠯᠲᠠᠭ᠋ᠠᠨ᠂ ᠬᠠᠤᠯᠢ ᠬᠡᠷᠡᠭᠵᠢᠭᠦᠯᠬᠦ ᠦᠨᠳᠦᠰᠦᠯᠡᠯ᠂ ᠡᠷᠬᠡ ᠡᠭᠦᠷᠭᠡ᠂ ᠠᠪᠤᠷᠠᠨ ᠲᠤᠰᠠᠯᠠᠬᠤ ᠠᠷᠭ᠎ᠠ ᠬᠡᠯᠪᠡᠷᠢ ᠵᠡᠷᠭᠡ ᠠᠭᠤᠯᠭ᠎ᠠ ᠵᠢ ᠮᠡᠳᠡᠭᠳᠡᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠵᠢ ᠬᠠᠤᠯᠢ ᠶᠣᠰᠣᠭ᠋ᠠᠷ ᠭᠠᠷᠭ᠋ᠠᠵᠤ ᠥᠭᠬᠦ ᠬᠡᠷᠡᠭᠲᠡᠶ᠃
      ᠠᠷᠪᠠᠳᠤᠭ᠋ᠠᠷ ᠵᠦᠢ᠍ᠯ     ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠭᠲᠠᠭ᠋ᠠᠯ ᠵᠶ᠋ᠠᠨ ᠨᠡᠢ᠌ᠭᠡᠮ ᠨᠡᠢ᠌ᠲᠡ᠎ᠳᠤ ᠬᠠᠤᠯᠢ ᠶᠣᠰᠣᠭ᠋ᠠᠷ ᠢᠯᠡ ᠪᠣᠯᠭ᠋ᠠᠵᠤ᠂ ᠨᠡᠶ᠋ᠢᠭᠡᠮ᠎ᠤᠨ᠎ᠬᠢᠨ᠎ᠤ ᠬᠢᠨᠠᠯᠲᠠ ᠲᠠᠯᠪᠢᠬᠤ ᠵᠢ ᠬᠦᠯᠢᠶᠡᠬᠦ ᠬᠡᠷᠡᠭᠲᠡᠶ᠃ ᠢᠯᠡ ᠪᠣᠯᠭ᠋ᠠᠬᠤ ᠠᠭᠤᠯᠭ᠎ᠠ᠎ᠳᠤ ᠬᠠᠤᠯᠢ ᠬᠡᠷᠡᠭᠵᠢᠭᠦᠯᠬᠦ ᠭᠣᠤᠯ ᠴᠣᠭᠴᠠ᠂ ᠬᠠᠤᠯᠢ ᠬᠡᠷᠡᠭᠵᠢᠭᠦᠯᠬᠦ ᠡᠲᠡᠭᠡᠳ᠂ ᠬᠡᠷᠡᠭ᠎ᠤᠨ ᠪᠣᠳᠠᠲᠤ ᠶᠠᠪᠤᠳᠠᠯ᠂ ᠬᠠᠤᠯᠢ ᠬᠡᠷᠡᠭᠵᠢᠭᠦᠯᠬᠦ ᠲᠥᠷᠥᠯ ᠢᠯᠭ᠋ᠠᠯ᠂ ᠬᠠᠤᠯᠢ ᠬᠡᠷᠡᠭᠵᠢᠭᠦᠯᠬᠦ ᠳ᠋ᠦᠩᠨᠡᠯᠲᠡ ᠵᠡᠷᠭᠡ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠭᠲᠠᠭ᠋ᠠᠯ᠎ᠤᠨ ᠮᠡᠳᠡᠭᠡ ᠵᠠᠩᠭᠢ ᠪᠠᠭᠲᠠᠨ᠎ᠠ᠃
      ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠭᠲᠠᠭ᠋ᠠᠯ᠎ᠢ ᠵᠠᠷᠯᠠᠨ ᠨᠡᠢ᠌ᠲᠡᠯᠡᠬᠦ᠎ᠳᠤ ᠬᠣᠯᠪᠣᠭᠳᠠᠯ ᠪᠦᠬᠦᠢ ᠪᠠᠩᠬᠢ ᠵᠢᠨ᠎ᠬᠢᠨ ᠳᠠᠩᠰᠠᠨ ᠨᠣᠮᠧᠷ᠂ ᠬᠥᠳᠡᠯᠬᠦ ᠬᠥᠷᠥᠩᠭᠡ ᠪᠤᠶᠤ ᠦᠯᠦ ᠬᠥᠳᠡᠯᠬᠦ ᠬᠥᠷᠥᠩᠭᠡ ᠵᠢᠨ ᠡᠷᠬᠡ ᠬᠠᠷᠢᠶᠠᠯᠠᠯ᠎ᠤᠨ ᠦᠨᠡᠮᠯᠡᠯ᠎ᠤᠨ ᠨᠣᠮᠧᠷ᠂ ᠨᠢᠭᠡᠴᠢ ᠪᠤᠶᠤ ᠬᠤᠪᠢ ᠬᠥᠮᠦᠨ᠎ᠤ ᠡᠳ᠋ ᠬᠥᠷᠥᠩᠭᠡ ᠵᠢᠨ ᠪᠠᠢ᠌ᠳᠠᠯ ᠵᠡᠷᠭᠡ ᠡᠳ᠋ ᠬᠦᠷᠦᠩᠭᠡ᠎ᠳᠤ ᠬᠣᠯᠪᠣᠭᠳᠠᠬᠤ ᠮᠡᠳᠡᠭᠡ ᠵᠠᠩᠭᠢ ᠵᠢᠴᠢ ᠲᠤᠬᠠᠢ ᠵᠢᠨ ᠬᠥᠮᠦᠨ᠎ᠤ ᠬᠤᠪᠢ ᠵᠢᠨ᠎ᠬᠢᠨ᠎ᠤ ᠭᠡᠷ ᠪᠦᠯᠢ ᠵᠢᠨ ᠬᠠᠶᠢᠭ᠂ ᠪᠡᠶ᠎ᠡ ᠵᠢᠨ ᠦᠨᠡᠮᠯᠡᠯ᠎ᠤᠨ ᠨᠣᠮᠧᠷ᠂ ᠴᠢᠮᠡᠭᠡ ᠬᠤᠯᠪᠤᠭ᠋ᠠᠨ᠎ᠤ ᠠᠷᠭ᠎ᠠ ᠬᠡᠯᠪᠡᠷᠢ ᠵᠡᠷᠭᠡ ᠮᠡᠳᠡᠭᠡ ᠵᠠᠩᠭᠢ ᠵᠢ ᠨᠢᠭᠤᠴᠠᠯᠠᠬᠤ ᠬᠡᠷᠡᠭᠲᠡᠶ᠃
      ᠠᠷᠪᠠᠨ ᠨᠢᠭᠡᠳᠦᠭᠡᠷ ᠵᠦᠢ᠍ᠯ     ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠭᠲᠠᠭ᠋ᠠᠯ᠎ᠳᠤ ᠳᠣᠤᠷᠠᠬᠢ ᠪᠠᠢ᠌ᠳᠠᠯ᠎ᠤᠨ ᠨᠢᠭᠡ᠎ᠨᠢ ᠪᠠᠶ᠋ᠢᠪᠠᠯ᠂ ᠢᠯᠡ ᠪᠤᠯᠭ᠋ᠠᠵᠤ ᠪᠤᠯᠬᠤ ᠦᠭᠡᠶ᠄
     (ᠨᠢᠭᠡ) ᠲᠤᠬᠠᠶ ᠵᠢᠨ ᠬᠥᠮᠦᠨ᠎ᠨᠢ ᠨᠠᠰᠤᠨ᠎ᠳᠤ ᠦᠯᠦ ᠬᠦᠷᠦᠭᠰᠡᠳ᠎ᠲᠤ ᠲᠣᠭ᠋ᠠᠴᠠᠭᠳᠠᠬᠤ ᠪᠠᠢ᠌ᠳᠠᠯ;
     (ᠬᠣᠶᠠᠷ) ᠤᠯᠤᠰ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ ᠪᠠ ᠬᠤᠪᠢ ᠬᠥᠮᠦᠨ᠎ᠤ ᠨᠢᠭᠤᠴᠠ᠎ᠳᠤ ᠬᠣᠯᠪᠣᠭᠳᠠᠭᠰᠠᠨ ᠪᠠᠢ᠌ᠳᠠᠯ;
     (ᠭᠤᠷᠪᠠ) ᠢᠯᠡ ᠪᠣᠯᠭ᠋ᠠᠭᠰᠠᠨ᠎ᠤ ᠲᠠᠷᠠᠭ᠎ᠠ ᠤᠯᠤᠰ᠎ᠤᠨ ᠠᠮᠤᠷ ᠲᠦᠪᠰᠢᠨ᠂ ᠣᠯᠠᠨ ᠨᠡᠶ᠋ᠢᠲᠡ ᠵᠢᠨ ᠠᠮᠤᠷ ᠲᠦᠪᠰᠢᠨ᠂ ᠠᠵᠤ ᠠᠬᠤᠶ ᠵᠢᠨ ᠠᠮᠤᠷ ᠲᠦᠪᠰᠢᠨ ᠪᠤᠶᠤ ᠨᠡᠶ᠋ᠢᠭᠡᠮ᠎ᠤᠨ ᠠᠮᠤᠷ ᠲᠣᠭᠲᠠᠭᠤᠨ ᠪᠠᠶ᠋ᠢᠳᠠᠯ᠎ᠢ ᠨᠥᠯᠥᠭᠡᠯᠡᠵᠦ ᠮᠡᠳᠡᠬᠦ ᠪᠠᠢ᠌ᠳᠠᠯ;
     (ᠲᠦᠷᠪᠡ) ᠢᠯᠡ ᠪᠣᠯᠭ᠋ᠠᠭᠰᠠᠨ᠎ᠤ ᠲᠠᠷᠠᠭ᠎ᠠ ᠲᠤᠰ ᠬᠡᠷᠡᠭ᠎ᠲᠤ ᠬᠣᠯᠪᠣᠭᠳᠠᠬᠤ ᠪᠤᠰᠤᠳ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠵᠢ ᠨᠥᠯᠥᠭᠡᠯᠡᠵᠦ ᠮᠡᠳᠡᠬᠦ ᠪᠠᠢ᠌ᠳᠠᠯ;
     (ᠲᠠᠪᠤ) ᠬᠡᠷᠡᠭ᠎ᠨᠢ ᠶᠠᠯ᠎ᠠ᠎ᠲᠠᠢ᠎ᠪᠠᠷ ᠰᠡᠵᠢᠭᠯᠡᠭᠳᠡᠭᠡᠳ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠵᠦ ᠪᠠᠶ᠋ᠢᠴᠠᠭ᠋ᠠᠨ ᠰᠢᠢ᠍ᠳᠪᠦᠷᠢᠯᠡᠬᠦ ᠴᠢᠬᠤᠯᠠᠲᠠᠶ ᠪᠤᠶᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠪᠠᠶ᠋ᠢᠴᠠᠭ᠋ᠠᠨ ᠰᠢᠢ᠍ᠳᠪᠦᠷᠢᠯᠡᠵᠦ ᠪᠠᠢ᠌ᠭ᠎ᠠ ᠪᠠᠢ᠌ᠳᠠᠯ;
     (ᠵᠢᠷᠭᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠢᠯᠡ ᠪᠤᠯᠭ᠋ᠠᠵᠤ ᠪᠤᠯᠬᠤ ᠦᠭᠡᠶ ᠭᠡᠵᠦ ᠲᠤᠭᠲᠠᠭ᠋ᠠᠭᠰᠠᠨ ᠪᠤᠰᠤᠳ ᠪᠠᠢ᠌ᠳᠠᠯ᠃
      ᠠᠷᠪᠠᠨ ᠬᠣᠶᠠᠳᠤᠭ᠋ᠠᠷ ᠵᠦᠢ᠍ᠯ     ᠵᠠᠰᠠᠭ ᠵᠠᠬᠢᠷᠭ᠋ᠠᠨ᠎ᠤ ᠵᠥᠪᠰᠢᠶᠡᠷᠡᠯ᠂ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ᠎ᠪᠠᠷ ᠲᠤᠭᠲᠠᠭᠰᠠᠨ ᠮᠡᠳᠡᠭᠡ ᠵᠠᠩᠭᠢ ᠵᠢ ᠲᠣᠭᠲᠠᠭ᠋ᠠᠯ ᠭᠠᠷᠭ᠋ᠠᠭᠰᠠᠨ ᠡᠳᠦᠷ᠎ᠠᠴᠠ ᠡᠬᠢᠯᠡᠨ ᠲᠤᠯᠤᠭ᠋ᠠᠨ ᠠᠵᠢᠯᠯᠠᠬᠤ ᠡᠳᠦᠷ᠎ᠤᠨ ᠳᠣᠲᠣᠷ᠎ᠠ ᠢᠯᠡ ᠪᠤᠯᠭ᠋ᠠᠵᠤ᠂ ᠪᠤᠰᠤᠳ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠭᠲᠠᠭ᠋ᠠᠯ᠎ᠤᠨ ᠪᠤᠰᠤᠳ ᠮᠡᠳᠡᠭᠡ ᠵᠠᠩᠭᠢ ᠵᠢ ᠲᠣᠭᠲᠠᠭ᠋ᠠᠯ ᠭᠠᠷᠭ᠋ᠠᠭᠰᠠᠨ ᠡᠳᠦᠷ᠎ᠠᠴᠠ ᠡᠬᠢᠯᠡᠨ ᠬᠣᠷᠢᠨ ᠠᠵᠢᠯᠯᠠᠬᠤ ᠡᠳᠦᠷ᠎ᠤᠨ ᠳᠣᠲᠣᠷ᠎ᠠ ᠢᠯᠡ ᠪᠣᠯᠭ᠋ᠠᠬᠤ ᠬᠡᠷᠡᠭᠲᠡᠶ᠃ ᠢᠯᠡ ᠪᠤᠯᠭ᠋ᠠᠬᠤ ᠬᠤᠭᠤᠴᠠᠭ᠎ᠠ ᠬᠢᠵᠠᠭ᠋ᠠᠷ᠎ᠨᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ ᠪᠣᠯ ᠲᠡᠷᠡ ᠲᠣᠭᠲᠠᠭ᠋ᠠᠯ᠎ᠢ ᠵᠢᠷᠤᠮᠯᠠᠨ᠎ᠠ᠃
      ᠠᠷᠪᠠᠨ ᠭᠤᠷᠪᠠᠳᠤᠭ᠋ᠠᠷ ᠵᠦᠢ᠍ᠯ     ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠳᠦᠰᠦᠨ ᠮᠡᠳᠡᠭᠡ ᠵᠠᠩᠭᠢ᠎ᠳᠤ ᠬᠤᠪᠢᠷᠠᠯᠲᠠ ᠭᠠᠷᠤᠭᠰᠠᠨ ᠪᠠᠢ᠌ᠪᠠᠯ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠠᠴᠠ ᠴᠠᠭ ᠲᠤᠬᠠᠢ᠎ᠳᠤ᠎ᠨᠢ ᠰᠢᠨᠡᠳᠬᠡᠬᠦ ᠬᠡᠷᠡᠭᠲᠡᠶ᠃
      ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠠᠷᠯᠠᠨ ᠨᠡᠢ᠌ᠯᠡᠬᠦ ᠠᠯᠳᠠᠭ᠎ᠠ ᠵᠠᠯᠠᠷᠠᠭᠤᠯᠬᠤ ᠲᠣᠭᠲᠠᠴᠠ ᠵᠢ ᠪᠠᠶ᠋ᠢᠭᠤᠯᠬᠤ ᠬᠡᠷᠡᠭᠲᠡᠶ᠃ ᠨᠢᠭᠡᠨᠲᠡ ᠢᠯᠡ ᠪᠣᠯᠭ᠋ᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠭᠲᠠᠭ᠋ᠠᠯ᠎ᠨᠢ ᠬᠠᠤᠯᠢ ᠶᠣᠰᠣᠭ᠋ᠠᠷ ᠬᠦᠴᠦᠨ ᠦᠭᠡᠢ ᠪᠣᠯᠭ᠋ᠠᠭᠳᠠᠭᠰᠠᠨ᠂ ᠬᠠᠤᠯᠢ᠎ᠠᠴᠠ ᠵᠥᠷᠢᠴᠡᠭᠰᠡᠨ ᠵᠶ᠋ᠠᠷ ᠨᠤᠲᠠᠯᠠᠭᠳᠠᠭᠰᠠᠨ ᠪᠤᠶᠤ ᠰᠢᠨ᠎ᠡ᠎ᠪᠠᠷ ᠲᠤᠭᠲᠠᠭ᠋ᠠᠯᠭ᠋ᠠᠬᠤ᠎ᠪᠠᠷ ᠱᠠᠭ᠋ᠠᠷᠳᠠᠭᠰᠠᠨ ᠪᠠᠢ᠌ᠪᠠᠯ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠤᠤᠯ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠭᠲᠠᠭ᠋ᠠᠯ᠎ᠤᠨ ᠮᠡᠳᠡᠭᠡ ᠵᠠᠩᠭᠢ ᠵᠢ ᠳᠠᠷᠤᠶ᠋ᠢᠬᠠᠨ ᠬᠦᠴᠦᠨ ᠦᠭᠡᠶ ᠪᠣᠯᠭ᠋ᠠᠬᠤ ᠬᠡᠷᠡᠭᠲᠡᠶ᠃
      ᠠᠷᠪᠠᠨ ᠳᠥᠷᠪᠡᠳᠦᠭᠡᠷ ᠵᠦᠢ᠍ᠯ     ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠭ᠎ᠠ ᠪᠦᠷᠢᠳᠬᠡᠯ᠎ᠤᠨ ᠣᠨ᠎ᠤ ᠮᠡᠳᠡᠭᠦᠯᠦᠯᠲᠡ ᠵᠢᠨ ᠳᠦᠷᠢᠮ᠎ᠢ ᠪᠠᠶ᠋ᠢᠭᠤᠯᠵᠤ᠂ ᠵᠢᠯ ᠪᠦᠷᠢ ᠵᠢᠨ ᠨᠢᠭᠡᠳᠦᠭᠡᠷ ᠰᠠᠷ᠎ᠠ ᠵᠢᠨ ᠭᠤᠴᠢᠨ ᠨᠢᠭᠡᠨ᠎ᠤ ᠡᠳᠦᠷ᠎ᠠᠴᠠ ᠡᠮᠦᠨ᠎ᠡ ᠠᠳᠠᠯᠢ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠳᠡᠭᠡᠷ᠎ᠡ ᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠪᠠᠶ᠋ᠢᠳᠠᠯ ᠵᠢᠴᠢ ᠬᠣᠯᠪᠣᠭᠳᠠᠯ ᠪᠦᠬᠦᠢ ᠲᠣᠭ᠎ᠠ ᠪᠠᠷᠢᠮᠲᠠ ᠵᠢ ᠮᠡᠳᠡᠭᠦᠯᠦᠨ ᠬᠦᠷᠭᠡᠬᠦ ᠬᠡᠷᠡᠭᠲᠡᠶ᠃ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠤᠷᠢᠶᠠᠩᠭᠤᠶ᠋ᠢᠯᠠᠨ ᠵᠠᠳᠠᠯᠤᠭᠰᠠᠨ᠎ᠤ ᠳᠠᠷᠠᠭ᠎ᠠ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠳᠡᠭᠡᠷ᠎ᠡ ᠨᠢᠭᠡ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃

ᠭᠤᠷᠪᠠᠳᠤᠭ᠋ᠠᠷ ᠪᠦᠯᠦᠭ     ᠬᠠᠤᠯᠢ ᠬᠡᠷᠡᠭᠵᠢᠭᠦᠯᠬᠦ ᠪᠦᠬᠦ ᠶᠠᠪᠤᠴᠠ ᠵᠢ ᠰᠢᠩᠭᠡᠭᠡᠨ ᠲᠡᠮᠳᠡᠭᠯᠡᠬᠦ
      ᠠᠷᠪᠠᠨ ᠲᠠᠪᠤᠳᠤᠭ᠋ᠠᠷ ᠵᠦᠢ᠍ᠯ     ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠲᠣᠭᠲᠠᠭ᠋ᠠᠯ ᠶᠣᠰᠣᠭ᠋ᠠᠷ ᠦᠰᠦᠭ ᠪᠢᠴᠢᠭ᠂ ᠲᠠᠭᠤ ᠳᠦᠷᠰᠦ ᠰᠢᠩᠭᠡᠭᠡᠯᠲᠡ ᠵᠡᠷᠭᠡ ᠲᠡᠮᠳᠡᠭᠯᠡᠬᠦ ᠠᠷᠭ᠎ᠠ ᠬᠡᠯᠪᠡᠷᠢ ᠵᠢ ᠲᠤᠭᠲᠠᠭ᠋ᠠᠯ ᠶᠤᠰᠤᠭ᠋ᠠᠷ ᠬᠡᠷᠡᠭᠯᠡᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠡᠬᠢᠯᠡᠭᠦᠯᠬᠦ᠂ ᠪᠠᠶ᠋ᠢᠴᠠᠭ᠋ᠠᠵᠤ ᠭᠡᠷᠡᠴᠢ ᠠᠪᠬᠤ᠂ ᠬᠢᠨᠠᠨ ᠬᠠᠷᠭᠤᠭᠤᠯᠵᠤ ᠲᠣᠭᠲᠠᠭ᠋ᠠᠬᠤ᠂ ᠬᠦᠷᠭᠡᠵᠦ ᠬᠡᠷᠡᠭᠵᠢᠭᠦᠯᠬᠦ ᠵᠡᠷᠭᠡ ᠪᠦᠬᠦ ᠶᠠᠪᠤᠴᠠ ᠵᠢ ᠰᠢᠩᠭᠡᠭᠡᠨ ᠲᠡᠮᠳᠡᠭᠯᠡᠬᠦ ᠬᠡᠷᠡᠭᠲᠡᠶ᠃
      ᠠᠷᠪᠠᠨ ᠵᠢᠷᠭᠤᠳᠤᠭ᠋ᠠᠷ ᠵᠦᠢ᠍ᠯ     ᠦᠰᠦᠭ ᠪᠢᠴᠢᠭ ᠵᠶ᠋ᠠᠷ ᠲᠡᠮᠳᠡᠭᠯᠡᠬᠦ ᠪᠣᠯ ᠴᠠᠭ᠋ᠠᠰᠤᠨ ᠪᠢᠴᠢᠭ ᠮᠠᠲ᠋ᠧᠷᠢᠶᠠᠯ ᠪᠤᠶᠤ ᠡᠯᠸᠺᠲᠷᠤᠨ ᠪᠢᠴᠢᠭ ᠮᠠᠲ᠋ᠧᠷᠢᠶᠠᠯ᠎ᠤᠨ ᠬᠡᠯᠪᠡᠷᠢ᠎ᠪᠠᠷ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ᠎ᠳᠤ ᠪᠦᠬᠦ ᠶᠠᠪᠤᠴᠠ ᠵᠢᠨ ᠲᠡᠮᠳᠡᠭᠯᠡᠯ ᠬᠢᠬᠦ ᠠᠷᠭ᠎ᠠ ᠬᠡᠯᠪᠡᠷᠢ ᠪᠣᠯᠤᠨ᠎ᠠ᠃ ᠦᠰᠦᠭ ᠪᠢᠴᠢᠭ ᠵᠶ᠋ᠠᠷ ᠲᠡᠮᠳᠡᠭᠯᠡᠬᠦ᠎ᠳᠤ᠎ᠪᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠳᠦᠷᠢᠮ᠎ᠤᠨ ᠪᠢᠴᠢᠭ ᠬᠠᠷ᠎ᠠ ᠵᠢᠨ ᠵᠠᠭᠪᠤᠷ᠎ᠢ ᠬᠡᠷᠡᠭᠯᠡᠵᠦ᠂ ᠲᠡᠮᠳᠡᠭᠯᠡᠬᠦ ᠬᠦᠴᠦᠨ ᠵᠦᠢ᠍ᠯ᠎ᠳᠤ ᠴᠠᠭ ᠬᠤᠭᠤᠴᠠᠭ᠎ᠠ᠂ ᠭᠠᠵᠠᠷ ᠣᠷᠣᠨ᠂ ᠬᠠᠤᠯᠢ ᠬᠡᠷᠡᠭᠵᠢᠭᠦᠯᠬᠦ ᠠᠵᠢᠯᠲᠠᠨ᠂ ᠬᠠᠤᠯᠢ ᠬᠡᠷᠡᠭᠵᠢᠭᠦᠯᠬᠦ ᠡᠲᠡᠭᠡᠳ᠂ ᠬᠠᠤᠯᠢ ᠬᠡᠷᠡᠭᠵᠢᠭᠦᠯᠬᠦ ᠠᠭᠤᠯᠭ᠎ᠠ᠂ ᠬᠠᠤᠯᠢ ᠬᠡᠷᠡᠭᠵᠢᠭᠦᠯᠬᠦ ᠶᠠᠪᠤᠴᠠ ᠵᠡᠷᠭᠡ ᠮᠡᠳᠡᠭᠡ ᠵᠠᠩᠭᠢ ᠵᠢ ᠪᠠᠭᠲᠠᠭ᠋ᠠᠬᠤ ᠬᠡᠷᠡᠭᠲᠡᠶ᠃
      ᠠᠷᠪᠠᠨ ᠳᠣᠯᠣᠳᠤᠭ᠋ᠠᠷ ᠵᠦᠢ᠍ᠯ     ᠲᠠᠭᠤ ᠳᠦᠷᠰᠦ ᠰᠢᠩᠭᠡᠭᠡᠯᠲᠡ ᠵᠶ᠋ᠠᠷ ᠰᠢᠩᠭᠡᠭᠡᠨ ᠲᠡᠮᠳᠡᠭᠯᠡᠬᠦ ᠪᠣᠯ ᠭᠡᠷᠡᠯ ᠵᠢᠷᠤᠭ᠎ᠤᠨ ᠮᠠᠰᠢᠨ᠂ ᠳᠠᠭᠤ ᠰᠢᠩᠭᠡᠭᠡᠬᠦ ᠮᠠᠰᠢᠨ᠂ ᠳᠦᠷᠰᠦ ᠰᠢᠩᠭᠡᠭᠡᠬᠦ ᠮᠠᠰᠢᠨ᠂ ᠬᠠᠤᠯᠢ ᠬᠡᠷᠡᠭᠵᠢᠭᠦᠯᠬᠦ ᠲᠡᠮᠳᠡᠭᠯᠡᠭᠦᠷ᠂ ᠬᠠᠤᠯᠢ ᠬᠡᠷᠡᠭᠵᠢᠭᠦᠯᠬᠦ ᠤᠶᠤᠨᠴᠢ ᠦᠵᠦᠭᠦᠷ᠂ ᠸᠢᠳᠢᠤ᠋᠎ᠪᠠᠷ ᠬᠢᠨᠠᠨ ᠡᠵᠡᠮᠳᠡᠬᠦ ᠵᠡᠷᠭᠡ ᠰᠢᠩᠭᠡᠭᠡᠨ ᠲᠡᠮᠳᠡᠭᠯᠡᠬᠦ ᠲᠦᠬᠦᠭᠡᠷᠦᠮᠵᠢ᠎ᠪᠠᠷ ᠳᠠᠮᠵᠢᠭᠤᠯᠤᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠪᠤᠴᠠ ᠵᠢ ᠲᠤᠬᠠᠶ ᠴᠠᠭ᠎ᠲᠤ᠎ᠨᠢ ᠲᠡᠮᠳᠡᠭᠯᠡᠬᠦ ᠠᠷᠭ᠎ᠠ ᠬᠡᠯᠪᠡᠷᠢ ᠪᠤᠯᠤᠨ᠎ᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠮᠠᠷᠭᠤᠯᠳᠤᠭ᠋ᠠᠨ ᠡᠭᠦᠰᠴᠦ ᠮᠡᠳᠡᠬᠦ ᠠᠬᠤᠢ ᠲᠠᠯᠠᠪᠠᠶ᠎ᠳᠤ ᠬᠠᠤᠯᠢ ᠬᠡᠷᠡᠭᠵᠢᠭᠦᠯᠬᠦ᠂ ᠪᠠᠶ᠋ᠢᠴᠠᠭ᠋ᠠᠯᠲᠠ ᠬᠢᠵᠦ ᠭᠡᠷᠡᠴᠢ ᠠᠪᠬᠤ᠂ ᠭᠡᠷᠡᠴᠢᠯᠡᠭᠡ ᠰᠣᠨᠣᠰᠬᠤ᠂ ᠬᠦᠷᠭᠡᠯᠲᠡ ᠵᠢ ᠬᠤᠴᠤᠷᠭ᠋ᠠᠨ ᠠᠪᠬᠤ ᠪᠠ ᠠᠯᠪᠠᠨ ᠵᠠᠷ ᠨᠡᠶ᠋ᠢᠲᠡᠯᠡᠵᠦ ᠬᠦᠷᠭᠡᠬᠦ ᠵᠡᠷᠭᠡ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠪᠤᠴᠠ ᠵᠢ ᠳᠠᠭᠤ ᠳᠦᠷᠰᠦ ᠰᠢᠩᠭᠡᠭᠡᠯᠲᠡ᠎ᠪᠠᠷ ᠰᠢᠩᠭᠡᠭᠡᠨ ᠲᠡᠮᠳᠡᠭᠯᠡᠬᠦ ᠬᠡᠷᠡᠭᠲᠡᠶ᠃ ᠡᠳ᠋ ᠬᠥᠷᠥᠩᠭᠡ ᠵᠢ ᠪᠠᠶ᠋ᠢᠴᠠᠭ᠋ᠠᠨ ᠪᠢᠲᠡᠭᠦᠮᠵᠢᠯᠡᠬᠦ᠂ ᠦᠯᠡᠳᠡᠭᠡᠨ ᠠᠪᠬᠤ ᠪᠠ ᠠᠯᠪᠠᠲᠠᠨ ᠨᠤᠷᠠᠭ᠋ᠠᠯᠭ᠋ᠠᠬᠤ ᠵᠡᠷᠭᠡ ᠬᠥᠮᠦᠨ᠎ᠤ ᠪᠡᠶ᠎ᠡ ᠵᠢᠨ ᠡᠷᠬᠡ ᠴᠢᠯᠥᠭᠡ᠂ ᠠᠮᠢ ᠨᠠᠰᠤᠨ᠎ᠤ ᠡᠷᠡᠭᠦᠯ ᠮᠡᠨᠳᠦ᠂ ᠡᠳ᠋ ᠬᠥᠷᠥᠩᠭᠡ ᠵᠢᠨ ᠴᠢᠬᠤᠯᠠ ᠶᠡᠬᠡ ᠡᠷᠬᠡ ᠠᠰᠢᠭ᠎ᠲᠤ ᠰᠢᠭᠤᠳ ᠬᠤᠯᠪᠤᠭᠳᠠᠭᠰᠠᠨ ᠠᠬᠤᠢ ᠲᠠᠯᠠᠪᠠᠶ ᠵᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠪᠠ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠲᠠᠯᠠᠪᠤᠷ ᠭᠠᠵᠠᠷ᠎ᠤᠨ ᠪᠦᠬᠦ ᠶᠠᠪᠤᠴᠠ ᠵᠢ ᠳᠠᠭᠤ ᠳᠦᠷᠰᠦ ᠰᠢᠩᠭᠡᠭᠡᠯᠲᠡ᠎ᠪᠠᠷ ᠰᠢᠩᠭᠡᠭᠡᠨ ᠲᠡᠮᠳᠡᠭᠯᠡᠬᠦ ᠬᠡᠷᠡᠭᠲᠡᠶ᠃
      ᠠᠷᠪᠠᠨ ᠨᠠᠢ᠍ᠮᠠᠳᠤᠭ᠋ᠠᠷ ᠵᠦᠢ᠍ᠯ     ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠳᠠᠭᠤ ᠳᠦᠷᠰᠦ ᠰᠢᠩᠭᠡᠯᠲᠡ᠎ᠪᠠᠷ ᠰᠢᠩᠭᠡᠭᠡᠨ ᠲᠡᠮᠳᠡᠭᠯᠡᠬᠦ᠎ᠳᠤ᠎ᠪᠠᠨ᠂ ᠳᠣᠤᠷᠠᠬᠢ ᠮᠡᠲᠦ ᠠᠭᠤᠯᠭ᠎ᠠ ᠵᠢ ᠭᠣᠤᠯᠳᠠᠯᠭ᠎ᠠ᠎ᠲᠠᠢ ᠰᠢᠩᠭᠡᠭᠡᠨ ᠲᠡᠮᠳᠡᠭᠯᠡᠬᠦ ᠬᠡᠷᠡᠭᠲᠡᠶ᠄
     (ᠨᠢᠭᠡ) ᠠᠬᠤᠢ ᠲᠠᠯᠠᠪᠠᠢ ᠵᠢᠨ ᠬᠠᠤᠯᠢ ᠬᠡᠷᠡᠭᠵᠢᠭᠦᠯᠬᠦ ᠣᠷᠴᠢᠨ ᠨᠦᠭᠦᠴᠡᠯ ᠵᠢᠴᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ ᠭᠡᠷᠡᠴᠢ ᠦᠨᠡᠮᠯᠡᠯ ᠵᠶ᠋ᠠᠨ ᠦᠵᠡᠭᠦᠯᠦᠭᠰᠡᠨ᠂ ᠡᠷᠬᠡ ᠠᠰᠢᠭ ᠪᠠ ᠡᠭᠦᠷᠭᠡ ᠬᠠᠷᠢᠭᠤᠴᠠᠯᠭ᠎ᠠ ᠵᠢ᠎ᠨᠢ ᠮᠡᠳᠡᠭᠳᠡᠭᠰᠡᠨ ᠪᠠᠢ᠌ᠳᠠᠯ;
     (ᠬᠣᠶᠠᠷ) ᠲᠤᠬᠠᠶ ᠵᠢᠨ ᠬᠥᠮᠦᠨ᠂ ᠭᠡᠷᠡᠴᠢᠯᠡᠭᠴᠢ ᠵᠡᠷᠭᠡ ᠠᠬᠤᠢ ᠲᠠᠯᠠᠪᠠᠢ ᠵᠢᠨ ᠬᠣᠯᠪᠣᠭᠳᠠᠯ ᠪᠦᠬᠦᠢ ᠬᠦᠮᠦᠰ᠎ᠤᠨ ᠪᠡᠶ᠎ᠡ ᠪᠠᠶ᠋ᠢᠳᠠᠯ ᠳᠦᠷᠢ ᠲᠥᠷᠬᠦ ᠵᠢᠨ ᠣᠨᠴᠠᠯᠢᠭ ᠰᠢᠨᠵᠢ ᠪᠠ ᠦᠭᠡ ᠶᠠᠷᠢᠶ᠎ᠠ ᠬᠥᠳᠡᠯᠦᠯ ᠪᠠᠷᠢᠯ;
     (ᠭᠤᠷᠪᠠ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠰᠤᠳᠤᠯᠤᠨ ᠪᠠᠢ᠌ᠴᠠᠭ᠋ᠠᠭᠰᠠᠨ᠂ ᠪᠠᠢ᠌ᠴᠠᠭ᠋ᠠᠯᠲᠠ ᠬᠢᠭᠰᠡᠨ᠂ ᠭᠡᠷᠡᠴᠢ ᠠᠪᠤᠭᠰᠠᠨ ᠪᠠᠶ᠋ᠢᠳᠠᠯ;
     (ᠲᠦᠷᠪᠡ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠲᠠᠢ ᠬᠣᠯᠪᠣᠭᠳᠠᠬᠤ ᠴᠢᠬᠤᠯᠠ ᠡᠳ᠋ ᠪᠣᠳᠠᠰ ᠵᠢᠴᠢ ᠪᠤᠰᠤᠳ ᠭᠡᠷᠡᠴᠢ ᠪᠠᠷᠢᠮᠲᠠ;
     (ᠲᠠᠪᠤ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠳ ᠬᠣᠯᠪᠣᠭᠳᠠᠯ ᠬᠦᠮᠦᠨ ᠬᠠᠷ᠎ᠠ᠂ ᠡᠳ᠋ ᠬᠤᠭᠰᠢᠯ᠎ᠳᠤ ᠠᠷᠭ᠎ᠠ ᠬᠡᠮᠵᠢᠶ᠎ᠡ ᠠᠪᠤᠭᠰᠠᠨ ᠪᠠᠶ᠋ᠢᠳᠠᠯ;
     (ᠵᠢᠷᠭᠤᠭ᠎ᠠ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠳ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠵᠢ ᠲᠤᠬᠠᠶ ᠵᠢᠨ ᠭᠠᠵᠠᠷ᠎ᠲᠤ᠎ᠨᠢ ᠦᠢ᠍ᠯᠡᠳᠦᠭᠰᠡᠨ᠂ ᠬᠦᠷᠭᠡᠵᠦ ᠭᠠᠷᠳᠠᠭᠤᠯᠤᠭᠰᠠᠨ ᠪᠠᠢ᠌ᠳᠠᠯ;
     (ᠲᠤᠯᠤᠭ᠎ᠠ) ᠰᠢᠩᠭᠡᠭᠡᠨ ᠲᠡᠮᠳᠡᠭᠯᠡᠬᠦ ᠴᠢᠬᠤᠯᠠᠲᠠᠢ ᠪᠤᠰᠤᠳ ᠠᠭᠤᠯᠭ᠎ᠠ᠃
      ᠳᠠᠭᠤ ᠳᠦᠷᠰᠦ ᠰᠢᠩᠭᠡᠭᠡᠯᠲᠡ᠎ᠪᠠᠷ ᠲᠡᠮᠳᠡᠭᠯᠡᠬᠦ᠎ᠳᠤ᠎ᠪᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ ᠪᠠ ᠲᠤᠬᠠᠶ ᠵᠢᠨ ᠬᠥᠮᠦᠨ᠎ᠤ ᠬᠣᠶᠠᠷ ᠲᠠᠯ᠎ᠠ ᠵᠢᠨ ᠪᠠᠶ᠋ᠢᠳᠠᠯ᠎ᠢ ᠵᠡᠷᠭᠡ᠎ᠳᠤ᠎ᠨᠢ ᠰᠢᠩᠭᠡᠭᠡᠨ ᠲᠡᠮᠳᠡᠭᠯᠡᠭᠰᠡᠨ ᠪᠠᠢ᠌ᠬᠤ ᠬᠡᠷᠡᠭᠲᠡᠶ᠃
      ᠠᠷᠪᠠ ᠶᠢᠰᠦᠳᠦᠭᠡᠷ ᠵᠦᠢ᠍ᠯ     ᠳᠠᠭᠤ ᠳᠦᠷᠰᠦ ᠰᠢᠩᠭᠡᠭᠡᠯᠲᠡ᠎ᠪᠠᠷ ᠲᠡᠮᠳᠡᠭᠯᠡᠬᠦ᠎ᠠᠴᠠ ᠡᠮᠦᠨ᠎ᠡ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠳ ᠲᠦᠬᠦᠭᠡᠷᠦᠮᠵᠢ᠎ᠪᠠᠨ ᠪᠠᠶ᠋ᠢᠴᠠᠭ᠋ᠠᠵᠤ᠂ ᠲᠤᠬᠠᠢ ᠵᠢᠨ ᠬᠥᠮᠦᠨ᠎ᠳᠤ ᠮᠡᠳᠡᠭᠳᠡᠬᠦ ᠪᠥᠭᠡᠳ ᠴᠠᠭ᠂ ᠭᠠᠵᠠᠷ᠂ ᠬᠠᠤᠯᠢ ᠬᠡᠷᠡᠭᠵᠢᠭᠦᠯᠬᠦ ᠤᠴᠢᠷ ᠰᠢᠯᠲᠠᠭ᠋ᠠᠨ ᠵᠶ᠋ᠡᠨ ᠲᠣᠳᠣᠷᠬᠠᠶ᠋ᠢᠯᠠᠬᠤ ᠬᠡᠷᠡᠭᠲᠡᠶ᠃ ᠳᠠᠭᠤ ᠳᠦᠷᠰᠦ ᠰᠢᠩᠭᠡᠭᠡᠯᠲᠡ᠎ᠪᠠᠷ ᠲᠡᠮᠳᠡᠭᠯᠡᠬᠦ᠎ᠨᠢ ᠠᠬᠤᠢ ᠲᠠᠯᠠᠪᠠᠢ᠎ᠳᠤ ᠬᠠᠤᠯᠢ ᠬᠡᠷᠡᠭᠵᠢᠭᠦᠯᠦᠭᠰᠡᠨ᠎ᠠᠴᠠ ᠡᠬᠢᠯᠡᠨ ᠠᠬᠤᠢ ᠲᠠᠯᠠᠪᠠᠢ᠎ᠳᠤ ᠬᠠᠤᠯᠢ ᠬᠡᠷᠡᠭᠵᠢᠭᠦᠯᠵᠦ ᠳᠠᠭᠤᠰᠲᠠᠯ᠎ᠠ ᠲᠠᠰᠤᠷᠠᠳᠠᠯ ᠤᠢ᠍ᠭᠡᠢ ᠶᠠᠪᠤᠭᠳᠠᠬᠤ ᠬᠡᠷᠡᠭᠲᠡᠢ᠃
      ᠲᠦᠬᠦᠭᠡᠷᠦᠮᠵᠢ ᠵᠢᠨ ᠭᠡᠮᠲᠦᠯ᠂ ᠠᠭᠤᠷ ᠠᠮᠢᠰᠬᠤᠯ᠎ᠤᠨ ᠤᠷᠰᠢᠭ᠂ ᠵᠣᠷᠢᠭᠤᠳᠠ ᠬᠠᠷᠰᠢᠯᠠᠭᠰᠠᠨ ᠵᠡᠷᠭᠡ ᠪᠤᠰᠤᠳᠴᠢ ᠰᠢᠯᠲᠠᠭ᠋ᠠᠨ᠎ᠠᠴᠠ ᠪᠣᠯᠵᠤ ᠳᠠᠭᠤ ᠳᠦᠷᠰᠦ ᠰᠢᠩᠭᠡᠭᠡᠯᠲᠡ᠎ᠪᠠᠷ ᠲᠡᠮᠳᠡᠭᠯᠡᠬᠦ ᠵᠢ ᠲᠠᠰᠤᠯᠳᠠᠭᠤᠯᠤᠭᠰᠠᠨ ᠪᠠᠶ᠋ᠢᠪᠠᠯ᠂ ᠲᠠᠬᠢᠵᠤ ᠰᠢᠩᠭᠡᠭᠡᠨ ᠲᠡᠮᠳᠡᠭᠯᠡᠬᠦ᠎ᠳᠤ᠎ᠪᠠᠨ ᠲᠠᠰᠤᠯᠳᠠᠭᠰᠠᠨ ᠰᠢᠯᠲᠠᠭ᠋ᠠᠨ᠎ᠤ ᠲᠤᠬᠠᠶ ᠠᠪᠢᠶᠠᠨ᠎ᠤ ᠲᠣᠳᠣᠷᠬᠠᠶ᠋ᠢᠯᠠᠯᠲᠠ ᠬᠢᠬᠦ ᠬᠡᠷᠡᠭᠲᠡᠶ; ᠦᠨᠡᠬᠡᠷ ᠦᠷᠭᠦᠯᠵᠢᠯᠡᠨ ᠰᠢᠩᠭᠡᠭᠡᠨ ᠲᠡᠮᠳᠡᠭᠯᠡᠬᠦ ᠵᠢᠨ ᠠᠷᠭ᠎ᠠ ᠦᠭᠡᠶ ᠪᠤᠯᠤᠭᠰᠠᠨ ᠪᠠᠢ᠌ᠪᠠᠯ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠳᠤ ᠮᠡᠳᠡᠭᠦᠯᠬᠦ ᠵᠢᠨ ᠬᠠᠮᠲᠤ ᠠᠬᠤᠢ ᠲᠠᠯᠠᠪᠠᠶ᠎ᠳᠤ ᠬᠠᠤᠯᠢ ᠬᠡᠷᠡᠭᠵᠢᠭᠦᠯᠵᠦ ᠳᠠᠭᠤᠰᠤᠭᠰᠠᠨ᠎ᠤ ᠳᠠᠷᠠᠭ᠎ᠠ ᠪᠠᠶ᠋ᠢᠳᠠᠯ ᠵᠶ᠋ᠠᠨ ᠪᠢᠴᠢᠭ ᠵᠶ᠋ᠠᠷ ᠲᠣᠳᠣᠷᠬᠠᠶ᠋ᠢᠯᠠᠬᠤ ᠬᠡᠷᠡᠭᠲᠡᠶ᠃
      ᠬᠣᠷᠢᠳᠤᠭ᠋ᠠᠷ ᠵᠦᠢ᠍ᠯ     ᠳᠠᠭᠤ ᠳᠦᠷᠰᠦ ᠰᠢᠩᠭᠡᠭᠡᠯᠲᠡ᠎ᠪᠠᠷ ᠰᠢᠩᠭᠡᠭᠡᠨ ᠲᠡᠮᠳᠡᠭᠯᠡᠭᠰᠡᠨ᠎ᠤ ᠳᠠᠷᠠᠭ᠎ᠠ᠂ ᠬᠠᠤᠯᠢ ᠬᠡᠷᠡᠭᠵᠢᠭᠦᠯᠬᠦ ᠠᠵᠢᠯᠲᠠᠳ ᠬᠣᠷᠢᠨ ᠳᠥᠷᠪᠡᠨ ᠴᠠᠭ᠎ᠤᠨ ᠳᠣᠲᠣᠷ᠎ᠠ ᠳᠠᠭᠤ ᠳᠦᠷᠰᠦ ᠰᠢᠩᠭᠡᠭᠡᠯᠲᠡ᠎ᠪᠠᠷ ᠲᠡᠮᠳᠡᠭᠯᠡᠭᠰᠡᠨ ᠮᠡᠳᠡᠭᠡ ᠵᠠᠩᠭᠢ᠎ᠪᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠰᠢᠰᠲᠸᠮ᠎ᠳᠤ ᠳᠠᠮᠵᠢᠭᠤᠯᠬᠤ ᠬᠡᠷᠡᠭᠲᠡᠶ᠃ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠰᠢᠰᠲ᠋ᠧᠮ᠎ᠨᠢ ᠪᠦᠬᠦ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠶ᠋ᠢᠯᠡᠭᠰᠡᠨ ᠬᠠᠮᠢᠶᠠᠷᠤᠯᠲᠠ ᠵᠢᠨ ᠬᠢᠨᠠᠯᠲᠠ ᠲᠠᠯᠪᠢᠬᠤ ᠮᠡᠳᠡᠭᠡ ᠵᠠᠩᠭᠢ ᠵᠢᠨ ᠰᠢᠰᠲ᠋ᠧᠮ᠎ᠯᠦᠭᠡ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠬᠡᠷᠡᠭᠲᠡᠶ᠃
      ᠦᠷᠭᠦᠯᠵᠢᠯᠡᠨ ᠬᠠᠤᠯᠢ ᠬᠡᠷᠡᠭᠵᠢᠭᠦᠯᠬᠦ᠂ ᠣᠨᠳᠣᠣ ᠭᠠᠵᠠᠷ᠎ᠲᠤ ᠬᠠᠤᠯᠢ ᠬᠡᠷᠡᠭᠵᠢᠭᠦᠯᠬᠦ ᠪᠤᠶᠤ ᠵᠠᠬ᠎ᠠ ᠬᠢᠵᠠᠭ᠋ᠠᠷ ᠤᠷᠤᠨ᠂ ᠤᠰᠤᠨ ᠳᠡᠭᠡᠷᠡᠬᠢ᠂ ᠵᠠᠮ ᠬᠠᠷᠢᠯᠴᠠᠭ᠎ᠠ ᠳᠥᠭᠥᠮ ᠦᠭᠡᠶ ᠭᠠᠵᠠᠷ ᠣᠷᠣᠨ᠎ᠳᠤ ᠬᠠᠤᠯᠢ ᠬᠡᠷᠡᠭᠵᠢᠭᠦᠯᠦᠭᠰᠡᠨ᠎ᠠᠴᠠ ᠪᠣᠯᠵᠤ᠂ ᠲᠣᠭᠲᠠᠭᠰᠠᠨ ᠴᠠᠭ ᠬᠢᠵᠠᠭ᠋ᠠᠷ᠎ᠤᠨ ᠳᠣᠲᠣᠷ᠎ᠠ ᠳᠠᠭᠤ ᠳᠦᠷᠰᠦ ᠰᠢᠩᠭᠡᠭᠡᠯᠲᠡ᠎ᠪᠠᠷ ᠲᠡᠮᠳᠡᠭᠯᠡᠭᠰᠡᠨ ᠮᠡᠳᠡᠭᠡ ᠵᠠᠩᠭᠢ᠎ᠪᠠᠨ ᠳᠠᠮᠵᠢᠭᠤᠯᠬᠤ ᠵᠢᠨ ᠠᠷᠭ᠎ᠠ ᠦᠭᠡᠶ ᠪᠤᠯᠤᠭᠰᠠᠨ ᠪᠠᠢ᠌ᠪᠠᠯ᠂ ᠨᠦᠭᠦᠴᠡᠯ ᠪᠦᠷᠢᠳᠦᠭᠦᠯᠦᠭᠰᠡᠨ᠎ᠤ ᠳᠠᠷᠠᠭ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ ᠲᠡᠷᠡ ᠳᠠᠷᠤᠢ᠌ᠬᠠᠨ ᠳᠠᠮᠵᠢᠭᠤᠯᠬᠤ ᠬᠡᠷᠡᠭᠲᠡᠶ᠃
      ᠬᠣᠷᠢᠨ ᠨᠢᠭᠡᠳᠦᠭᠡᠷ ᠵᠦᠢ᠍ᠯ     ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ ᠳᠠᠭᠤ ᠳᠦᠷᠰᠦ ᠰᠢᠩᠭᠡᠭᠡᠯᠲᠡ᠎ᠪᠠᠷ ᠲᠡᠮᠳᠡᠭᠯᠡᠬᠦ ᠲᠦᠬᠦᠭᠡᠷᠦᠮᠵᠢ ᠲᠤᠬᠢᠷᠠᠭᠤᠯᠵᠦ᠂ ᠯᠠᠪᠯᠠᠨ ᠠᠰᠠᠭᠤᠬᠤ ᠭᠡᠷ ᠪᠠ ᠭᠡᠷᠡᠴᠢᠯᠡᠭᠡ ᠰᠣᠨᠣᠰᠬᠤ ᠭᠡᠷ ᠵᠡᠷᠭᠡ ᠳᠠᠭᠤ ᠳᠦᠷᠰᠦ ᠰᠢᠩᠭᠡᠭᠡᠯᠲᠡ᠎ᠪᠠᠷ ᠲᠡᠮᠳᠡᠭᠯᠡᠬᠦ ᠲᠠᠯᠠᠪᠤᠷ ᠭᠠᠵᠠᠷ᠎ᠢ ᠪᠠᠶ᠋ᠢᠭᠤᠯᠬᠤ ᠬᠡᠷᠡᠭᠲᠡᠶ᠃
      ᠬᠤᠷᠢᠨ ᠬᠤᠶᠠᠳᠤᠭ᠋ᠠᠷ ᠵᠦᠢ᠍ᠯ     ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠪᠦᠬᠦ ᠶᠠᠪᠤᠴᠠ ᠵᠢᠨ ᠦᠰᠦᠭ ᠪᠢᠴᠢᠭ᠎ᠤᠨ ᠲᠡᠮᠳᠡᠭᠯᠡᠯ ᠪᠣᠯᠤᠨ ᠳᠠᠭᠤ ᠳᠦᠷᠰᠦ ᠰᠢᠩᠭᠡᠭᠡᠯᠲᠡ᠎ᠪᠠᠷ ᠰᠢᠩᠭᠡᠭᠡᠨ ᠲᠡᠮᠳᠡᠭᠯᠡᠭᠰᠡᠨ ᠮᠠᠲ᠋ᠧᠷᠢᠶᠠᠯ᠎ᠢ ᠬᠠᠤᠯᠢ ᠶᠣᠰᠣᠭ᠋ᠠᠷ ᠬᠠᠳᠠᠭ᠋ᠠᠯᠠᠬᠤ ᠬᠡᠷᠡᠭᠲᠡᠶ᠃
      ᠬᠣᠷᠢᠨ ᠭᠤᠷᠪᠠᠳᠤᠭ᠋ᠠᠷ ᠵᠦᠢ᠍ᠯ     ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠢᠴᠢ ᠬᠣᠯᠪᠣᠭᠳᠠᠯ ᠪᠦᠬᠦᠢ ᠠᠵᠢᠯᠳᠠᠨ᠎ᠨᠢ ᠬᠠᠤᠯᠢ ᠬᠡᠷᠡᠭᠵᠢᠭᠦᠯᠬᠦ ᠶᠠᠪᠤᠴᠠ ᠵᠢᠨ ᠠᠩᠬᠠᠨ᠎ᠤ ᠲᠡᠮᠳᠡᠭᠯᠡᠯ᠎ᠢ ᠬᠠᠭᠤᠷᠮᠠᠭᠯᠠᠨ ᠵᠤᠬᠢᠶᠠᠬᠤ᠂ ᠵᠠᠰᠠᠪᠤᠷᠢ ᠣᠷᠣᠭᠤᠯᠵᠤ᠂ ᠨᠠᠶ᠋ᠢᠷᠠᠭᠤᠯᠵᠤ᠂ ᠬᠠᠶ᠋ᠢᠴᠢᠯᠠᠨ ᠡᠮᠬᠢᠳᠬᠡᠵᠦ᠂ ᠬᠠᠰᠤᠵᠤ ᠪᠣᠯᠬᠤ ᠦᠭᠡᠶ᠂ ᠬᠠᠤᠯᠢ᠎ᠪᠠᠷ ᠲᠣᠭᠲᠠᠭ᠋ᠠᠭᠰᠠᠨ ᠬᠠᠳᠠᠭ᠋ᠠᠯᠠᠬᠤ ᠬᠤᠭᠤᠴᠠᠭ᠋ᠠᠨ ᠳᠣᠲᠣᠷ᠎ᠠ ᠦᠰᠦᠭ ᠪᠢᠴᠢᠭ᠎ᠤᠨ ᠲᠡᠮᠳᠡᠭᠯᠡᠯ ᠪᠣᠯᠤᠨ ᠳᠠᠭᠤ ᠳᠦᠷᠰᠦ ᠰᠢᠩᠭᠡᠭᠡᠯᠲᠡ ᠵᠢᠨ ᠲᠡᠮᠳᠡᠭᠯᠡᠯ᠎ᠤᠨ ᠮᠠᠲ᠋ᠧᠷᠢᠶᠠᠯ᠎ᠢ ᠤᠰᠠᠳᠬᠠᠵᠤ ᠪᠣᠯᠬᠤ ᠦᠭᠡᠶ᠃
      ᠬᠣᠷᠢᠨ ᠳᠥᠷᠪᠡᠳᠦᠭᠡᠷ ᠵᠦᠢ᠍ᠯ     ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠰᠦᠭ ᠪᠢᠴᠢᠭ᠎ᠤᠨ ᠲᠡᠮᠳᠡᠭᠯᠡᠯ ᠪᠣᠯᠤᠨ ᠲᠠᠭᠤ ᠳᠦᠷᠰᠦ ᠰᠢᠩᠭᠡᠭᠡᠯᠲᠡ ᠵᠢᠨ ᠲᠡᠮᠳᠡᠭᠯᠡᠯ᠎ᠤᠨ ᠮᠠᠲᠸᠷᠢᠶᠠᠯ᠎ᠨᠢ ᠤᠯᠤᠰ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ ᠪᠤᠶᠤ ᠬᠤᠪᠢ ᠬᠥᠮᠦᠨ᠎ᠤ ᠨᠢᠭᠤᠴᠠ᠎ᠳᠤ ᠬᠤᠯᠪᠤᠭᠳᠠᠭᠰᠠᠨ᠎ᠢ ᠨᠢᠭᠤᠴᠠ ᠵᠢ ᠬᠠᠮᠠᠭ᠋ᠠᠯᠠᠬᠤ ᠠᠵᠢᠯ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠮᠢᠶᠠᠷᠬᠤ ᠬᠡᠷᠡᠭᠲᠡᠶ᠃
      ᠬᠢᠨᠠᠨ ᠪᠠᠶ᠋ᠢᠴᠠᠭ᠋ᠠᠬᠤ᠂ ᠰᠢᠭᠦᠨ ᠲᠠᠰᠤᠯᠬᠤ᠂ ᠪᠠᠶ᠋ᠢᠴᠠᠭ᠋ᠠᠬᠤ᠂ ᠳᠣᠲᠣᠭ᠋ᠠᠳᠤ ᠵᠢ ᠬᠠᠮᠠᠭ᠋ᠠᠯᠠᠬᠤ᠂ ᠬᠢᠨᠠᠨ ᠪᠣᠳᠣᠬᠤ ᠵᠡᠷᠭᠡ ᠲᠥᠷᠥ ᠵᠢᠨ ᠪᠠᠶ᠋ᠢᠭᠤᠯᠭ᠎ᠠ᠎ᠨᠢ ᠬᠡᠷᠡᠭ ᠰᠢᠢ᠍ᠳᠪᠦᠷᠢᠯᠡᠬᠦ ᠬᠡᠷᠡᠭᠴᠡᠭᠡ᠎ᠠᠴᠠ ᠪᠣᠯᠵᠤ᠂ ᠬᠠᠮᠢᠶ᠎ᠠ ᠪᠦᠬᠦᠢ ᠬᠡᠷᠡᠭ᠎ᠤᠨ ᠬᠠᠤᠯᠢ ᠬᠡᠷᠡᠭᠵᠢᠭᠦᠯᠬᠦ ᠶᠠᠪᠤᠴᠠ ᠵᠢᠨ ᠲᠡᠮᠳᠡᠭᠯᠡᠯ᠎ᠢ ᠬᠠᠤᠯᠢ ᠶᠣᠰᠣᠭ᠋ᠠᠷ ᠰᠢᠯᠵᠢᠭᠦᠯᠦᠨ ᠦᠵᠡᠬᠦ᠂ ᠪᠠᠭᠤᠯᠭ᠋ᠠᠨ ᠠᠪᠬᠤ᠎ᠳᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠠᠮᠵᠢᠯᠴᠠᠨ ᠬᠠᠩᠭ᠋ᠠᠬᠤ ᠬᠡᠷᠡᠭᠲᠡᠶ᠃
      ᠲᠤᠬᠠᠶ ᠵᠢᠨ ᠬᠥᠮᠦᠨ᠂ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠦᠨ ᠲᠡᠭᠦᠨ᠎ᠲᠠᠢ ᠬᠣᠯᠪᠣᠭᠳᠠᠯ ᠪᠦᠬᠦᠢ ᠬᠠᠤᠯᠢ ᠬᠡᠷᠡᠭᠵᠢᠭᠦᠯᠬᠦ ᠶᠠᠪᠤᠴᠠ ᠵᠢᠨ ᠲᠡᠮᠳᠡᠭᠯᠡᠯ᠎ᠢ ᠪᠠᠶ᠋ᠢᠴᠠᠭ᠋ᠠᠨ ᠦᠵᠡᠬᠦ᠂ ᠪᠠᠭᠤᠯᠭ᠋ᠠᠬᠤ᠎ᠪᠠᠷ ᠱᠠᠭ᠋ᠠᠷᠳᠠᠭᠰᠠᠨ ᠪᠠᠢ᠌ᠪᠠᠯ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠠᠮᠵᠢᠯᠴᠠᠨ ᠬᠠᠩᠭ᠋ᠠᠬᠤ ᠬᠡᠷᠡᠭᠲᠡᠶ᠃

ᠳᠥᠷᠪᠡᠳᠦᠭᠡᠷ ᠪᠦᠯᠦᠭ     ᠴᠢᠬᠤᠯᠠ ᠶᠡᠬᠡ ᠬᠠᠤᠯᠢ ᠬᠡᠷᠡᠭᠵᠢᠭᠦᠯᠬᠦ ᠲᠣᠭᠲᠠᠭ᠋ᠠᠯ᠎ᠤᠨ ᠬᠠᠤᠯᠢ ᠳᠦᠷᠢᠮ᠎ᠤᠨ ᠬᠢᠨᠠᠨ ᠬᠠᠷᠭᠤᠭᠤᠯᠤᠯᠲᠠ
      ᠬᠣᠷᠢᠨ ᠲᠠᠪᠤᠳᠤᠭ᠋ᠠᠷ ᠵᠦᠢ᠍ᠯ     ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠴᠢᠬᠤᠯᠠ ᠶᠡᠬᠡ ᠬᠠᠤᠯᠢ ᠬᠡᠷᠡᠭᠵᠢᠭᠦᠯᠬᠦ ᠲᠣᠭᠲᠠᠭ᠋ᠠᠯ ᠭᠠᠷᠭ᠋ᠠᠬᠤ᠎ᠠᠴᠠ ᠡᠮᠦᠨ᠎ᠡ᠂ ᠬᠠᠤᠯᠢ ᠳᠦᠷᠢᠮ᠎ᠤᠨ ᠬᠢᠨᠠᠨ ᠬᠠᠷᠭᠤᠭᠤᠯᠤᠯᠲᠠ ᠬᠢᠬᠦ ᠬᠡᠷᠡᠭᠲᠡᠶ᠃ ᠬᠢᠨᠠᠨ ᠬᠠᠷᠭᠤᠭᠤᠯᠤᠭᠰᠠᠨ ᠦᠭᠡᠶ ᠪᠤᠶᠤ ᠬᠢᠨᠠᠨ ᠬᠠᠷᠭᠤᠭᠤᠯᠤᠭ᠋ᠠᠳ ᠪᠠᠲᠤᠯᠠᠭᠰᠠᠨ ᠦᠭᠡᠶ ᠪᠣᠯ ᠴᠢᠬᠤᠯᠠ ᠶᠡᠬᠡ ᠬᠠᠤᠯᠢ ᠬᠡᠷᠡᠭᠵᠢᠭᠦᠯᠬᠦ ᠲᠣᠭᠲᠠᠭ᠋ᠠᠯ ᠭᠠᠷᠭ᠋ᠠᠵᠤ ᠪᠣᠯᠬᠤ ᠦᠭᠡᠶ᠃
      ᠬᠣᠷᠢᠨ ᠵᠢᠷᠭᠤᠳᠤᠭ᠋ᠠᠷ ᠵᠦᠢ᠍ᠯ     ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠬᠤ ᠬᠠᠤᠯᠢ ᠬᠡᠷᠡᠭᠵᠢᠭᠦᠯᠬᠦ ᠲᠣᠭᠲᠠᠭ᠋ᠠᠯ᠎ᠨᠢ ᠬᠠᠤᠯᠢ ᠳᠦᠷᠢᠮ᠎ᠤᠨ ᠬᠢᠨᠠᠨ ᠬᠠᠷᠭᠤᠭᠤᠯᠤᠯᠲᠠ ᠬᠢᠬᠦ ᠬᠡᠷᠡᠭᠲᠡᠶ᠄
     (ᠨᠢᠭᠡ) ᠴᠢᠬᠤᠯᠠ ᠶᠡᠬᠡ ᠣᠯᠠᠨ ᠨᠡᠶ᠋ᠢᠲᠡ ᠵᠢᠨ ᠠᠰᠢᠭ ᠲᠤᠰᠠ᠎ᠳᠤ ᠬᠣᠯᠪᠣᠭᠳᠠᠭᠰᠠᠨ;
     (ᠬᠣᠶᠠᠷ) ᠬᠦᠨᠳᠦ ᠶᠡᠬᠡ ᠨᠡᠶ᠋ᠢᠭᠡᠮ᠎ᠤᠨ ᠨᠥᠯᠥᠭᠡ ᠭᠠᠷᠭ᠋ᠠᠵᠤ ᠮᠡᠳᠡᠬᠦ ᠪᠤᠶᠤ ᠨᠡᠶ᠋ᠢᠭᠡᠮ᠎ᠤᠨ ᠠᠶᠤᠯ ᠲᠦᠭᠰᠢᠭᠦᠷᠢ ᠵᠢ ᠡᠭᠦᠰᠭᠡᠵᠦ ᠮᠡᠳᠡᠬᠦ;
     (ᠭᠤᠷᠪᠠ) ᠵᠠᠰᠠᠭ ᠵᠠᠬᠢᠷᠭ᠋ᠠᠨ᠎ᠤ ᠬᠠᠷᠢᠴᠠᠩᠭᠤᠶ ᠬᠥᠮᠦᠨ ᠪᠤᠶᠤ ᠭᠤᠷᠪᠠᠳᠠᠬᠢ ᠬᠥᠮᠦᠨ᠎ᠤ ᠴᠢᠬᠤᠯᠠ ᠶᠡᠬᠡ ᠡᠷᠬᠡ ᠠᠰᠢᠭ᠎ᠲᠤ ᠰᠢᠭᠤᠳ ᠬᠣᠯᠪᠣᠭᠳᠠᠭᠰᠠᠨ;
     (ᠲᠦᠷᠪᠡ) ᠭᠡᠷᠡᠴᠢᠯᠡᠭᠡ ᠰᠣᠨᠣᠰᠬᠤ ᠵᠢᠷᠤᠮ ᠵᠶ᠋ᠠᠷ ᠳᠠᠮᠵᠢᠭᠤᠯᠤᠨ ᠭᠠᠷᠭ᠋ᠠᠭᠰᠠᠨ;
     (ᠲᠠᠪᠤ) ᠬᠡᠷᠡᠭ᠎ᠤᠨ ᠪᠠᠶ᠋ᠢᠳᠠᠯ᠎ᠨᠢ ᠲᠦᠪᠡᠭ ᠪᠤᠳᠤᠯᠢᠶᠠᠨᠲᠠᠶ ᠪᠠᠶ᠋ᠢᠵᠤ᠂ ᠤᠯᠠᠨ ᠬᠠᠤᠯᠢ ᠴᠠᠭ᠋ᠠᠵᠠ ᠵᠢᠨ ᠬᠠᠷᠢᠴᠠᠭ᠎ᠠ᠎ᠳᠤ ᠬᠣᠯᠪᠣᠭᠳᠠᠭᠰᠠᠨ;
     (ᠵᠢᠷᠭᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠬᠠᠤᠯᠢ ᠳᠦᠷᠢᠮ᠎ᠤᠨ ᠬᠢᠨᠠᠨ ᠬᠠᠷᠭᠤᠭᠤᠯᠤᠯᠲᠠ ᠬᠢᠬᠦ ᠬᠡᠷᠡᠭᠲᠡᠶ ᠪᠤᠰᠤᠳ ᠬᠠᠤᠯᠢ ᠬᠡᠷᠡᠭᠵᠢᠭᠦᠯᠬᠦ ᠲᠣᠭᠲᠠᠭ᠋ᠠᠯ᠃
      ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠥᠷᠥᠯ ᠢᠯᠭ᠋ᠠᠯ᠂ ᠬᠠᠤᠯᠢ ᠬᠡᠷᠡᠭᠵᠢᠭᠦᠯᠬᠦ ᠳᠡᠰ ᠳᠠᠪᠬᠤᠷᠭ᠎ᠠ᠂ ᠬᠠᠷᠢᠶ᠎ᠠ ᠬᠦᠷᠢᠶ᠎ᠡ ᠬᠡᠪᠴᠢᠶ᠎ᠡ᠂ ᠬᠡᠷᠡᠭ᠎ᠲᠤ ᠬᠣᠯᠪᠣᠭᠳᠠᠭᠰᠠᠨ ᠵᠣᠭᠣᠰ᠎ᠤᠨ ᠲᠣᠭ᠎ᠠ ᠵᠡᠷᠭᠡ ᠬᠦᠴᠦᠨ ᠵᠦᠢ᠍ᠯ᠎ᠢ ᠦᠨᠳᠦᠰᠦᠯᠡᠨ᠂ ᠲᠤᠰ ᠰᠢᠰᠲ᠋ᠧᠮ᠎ᠤᠨ ᠴᠢᠬᠤᠯᠠ ᠶᠡᠬᠡ ᠬᠠᠤᠯᠢ ᠬᠡᠷᠡᠭᠵᠢᠭᠦᠯᠬᠦ ᠲᠣᠭᠲᠠᠭ᠋ᠠᠯ᠎ᠤᠨ ᠬᠠᠤᠯᠢ ᠳᠦᠷᠢᠮ᠎ᠤᠨ ᠬᠢᠨᠠᠨ ᠬᠠᠷᠭᠤᠭᠤᠯᠬᠤ ᠵᠦᠢ᠍ᠯ ᠪᠠ ᠪᠠᠷᠢᠮᠵᠢᠶ᠎ᠠ ᠵᠢ ᠲᠣᠭᠲᠠᠭ᠋ᠠᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃
      ᠬᠣᠷᠢᠨ ᠳᠣᠯᠣᠳᠤᠭ᠋ᠠᠷ ᠵᠦᠢ᠍ᠯ     ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠬᠠᠤᠯᠢ ᠬᠡᠷᠡᠭᠵᠢᠭᠦᠯᠬᠦ ᠬᠡᠷᠡᠭ᠎ᠢ ᠰᠢᠢ᠍ᠳᠪᠦᠷᠢᠯᠡᠬᠦ ᠬᠢᠭᠡᠳ ᠬᠠᠤᠯᠢ ᠳᠦᠷᠢᠮ᠎ᠢ ᠬᠢᠨᠠᠨ ᠬᠠᠷᠭᠤᠭᠤᠯᠬᠤ ᠵᠢ ᠬᠠᠷᠢᠯᠴᠠᠨ ᠰᠠᠯᠭ᠋ᠠᠬᠤ ᠵᠠᠷᠴᠢᠮ᠎ᠤᠨ ᠶᠣᠰᠣᠭ᠋ᠠᠷ ᠴᠢᠬᠤᠯᠠ ᠶᠡᠬᠡ ᠬᠠᠤᠯᠢ ᠬᠡᠷᠡᠭᠵᠢᠭᠦᠯᠬᠦ ᠲᠣᠭᠲᠠᠭ᠋ᠠᠯ᠎ᠤᠨ ᠬᠠᠤᠯᠢ ᠳᠦᠷᠢᠮ᠎ᠢ ᠬᠢᠨᠠᠨ ᠬᠠᠷᠭᠤᠭᠤᠯᠬᠤ ᠪᠠᠶ᠋ᠢᠭᠤᠯᠤᠮᠵᠢ ᠵᠢ ᠲᠣᠳᠣᠷᠬᠠᠶ᠋ᠢᠯᠠᠬᠤ ᠬᠡᠷᠡᠭᠲᠡᠶ᠃
      ᠬᠣᠷᠢᠨ ᠨᠠᠢ᠍ᠮᠠᠳᠤᠭ᠋ᠠᠷ ᠵᠦᠢ᠍ᠯ     ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠠᠵᠢᠯ᠎ᠤᠨ ᠬᠡᠷᠡᠭᠴᠡᠭᠡ᠎ᠳᠤ ᠳᠣᠭᠢᠷᠬᠠᠰᠠᠨ ᠬᠠᠤᠯᠢ ᠳᠦᠷᠢᠮ᠎ᠤᠨ ᠬᠢᠨᠠᠨ ᠬᠠᠷᠭᠤᠭᠤᠯᠬᠤ ᠠᠵᠢᠯᠳᠠᠨ ᠲᠣᠬᠢᠷᠠᠭᠤᠯᠬᠤ ᠬᠡᠷᠡᠭᠲᠡᠶ᠃ ᠬᠠᠤᠯᠢ ᠳᠦᠷᠢᠮ᠎ᠤᠨ ᠬᠢᠨᠠᠨ ᠬᠠᠷᠭᠤᠭᠤᠯᠬᠤ ᠠᠵᠢᠯ᠎ᠢ ᠠᠩᠬ᠎ᠠ ᠤᠳᠠᠭ᠎ᠠ ᠬᠢᠵᠦ ᠪᠠᠶ᠋ᠢᠭ᠎ᠠ ᠠᠵᠢᠯᠲᠠᠨ᠎ᠨᠢ ᠤᠯᠤᠰ᠎ᠤᠨ ᠨᠢᠭᠡᠳᠦᠯᠲᠡᠢ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠭᠡᠮ᠎ᠢ ᠣᠯᠤᠭᠰᠠᠨ ᠪᠠᠶ᠋ᠢᠬᠤ ᠬᠡᠷᠡᠭᠲᠡᠶ᠃
      ᠬᠣᠷᠢ ᠶᠢᠰᠦᠳᠦᠭᠡᠷ ᠵᠦᠢ᠍ᠯ     ᠬᠠᠤᠯᠢ ᠬᠡᠷᠡᠭᠵᠢᠭᠦᠯᠬᠦ ᠵᠢ ᠳᠠᠭ᠋ᠠᠭ᠋ᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠬᠠᠤᠯᠢ ᠳᠦᠷᠢᠮ᠎ᠢ ᠬᠢᠨᠠᠨ ᠬᠠᠷᠭᠤᠭᠤᠯᠬᠤ ᠪᠠᠶ᠋ᠢᠭᠤᠯᠤᠮᠵᠢ᠎ᠳᠤ ᠳᠡᠪᠰᠢᠭᠦᠯᠦᠨ ᠬᠢᠨᠠᠨ ᠬᠠᠷᠭᠤᠭᠤᠯᠬᠤ᠎ᠳᠤ᠎ᠪᠠᠨ᠂ ᠳᠣᠤᠷᠠᠬᠢ ᠮᠠᠲᠸᠷᠢᠶᠠᠯ᠎ᠤᠳ᠎ᠢ ᠲᠤᠰᠢᠶᠠᠬᠤ ᠬᠡᠷᠡᠭᠲᠡᠶ᠄
     (ᠨᠢᠭᠡ) ᠪᠠᠶ᠋ᠢᠴᠠᠭ᠋ᠠᠵᠤ ᠳᠠᠭᠤᠰᠬᠠᠭᠰᠠᠨ ᠮᠡᠳᠡᠭᠦᠯᠦᠯᠲᠡ ᠪᠤᠶᠤ ᠬᠣᠯᠪᠣᠭᠳᠠᠯ ᠪᠦᠬᠦᠢ ᠬᠢᠨᠠᠨ ᠪᠠᠶ᠋ᠢᠴᠠᠭ᠋ᠠᠭᠰᠠᠨ ᠪᠠᠢ᠌ᠳᠠᠯ᠎ᠤᠨ ᠲᠤᠬᠠᠶ ᠮᠡᠳᠡᠭᠦᠯᠦᠯᠲᠡ;
     (ᠬᠣᠶᠠᠷ) ᠬᠠᠤᠯᠢ ᠬᠡᠷᠡᠭᠵᠢᠭᠦᠯᠬᠦ ᠲᠣᠭᠲᠠᠭ᠋ᠠᠯ᠎ᠤᠨ ᠣᠷᠣᠯᠠᠨ ᠲᠤᠭᠤᠷᠪᠢᠭᠰᠠᠨ ᠨᠤᠤᠷᠠᠭ;
     (ᠭᠤᠷᠪᠠ) ᠬᠠᠤᠯᠢ ᠬᠡᠷᠡᠭᠵᠢᠭᠦᠯᠬᠦ ᠲᠣᠭᠲᠠᠭ᠋ᠠᠯ ᠭᠠᠷᠭ᠋ᠠᠭᠰᠠᠨ ᠬᠣᠯᠪᠣᠭᠳᠠᠯ ᠪᠦᠬᠦᠢ ᠦᠨᠳᠦᠰᠦ ᠪᠠᠷᠢᠮᠲᠠ;
     (ᠲᠦᠷᠪᠡ) ᠬᠠᠤᠯᠢ ᠬᠡᠷᠡᠭᠵᠢᠭᠦᠯᠬᠦ ᠲᠣᠭᠲᠠᠭ᠋ᠠᠯ ᠭᠠᠷᠭ᠋ᠠᠭᠰᠠᠨ ᠭᠡᠷᠡᠴᠢ ᠪᠠᠷᠢᠮᠲᠠ ᠵᠢᠨ ᠮᠠᠲ᠋ᠧᠷᠢᠶᠠᠯ;
     (ᠲᠠᠪᠤ) ᠭᠡᠷᠡᠴᠢᠯᠡᠭᠡ ᠰᠤᠨᠤᠰᠴᠤ᠂ ᠦᠨᠡᠯᠡᠨ ᠵᠢᠱ᠌ᠢᠭᠰᠡᠨ ᠪᠠᠶ᠋ᠢᠪᠠᠯ᠂ ᠭᠡᠷᠡᠴᠢᠯᠡᠭᠡ ᠰᠣᠨᠣᠰᠤᠭᠰᠠᠨ ᠲᠡᠮᠳᠡᠭᠯᠡᠯ᠂ ᠦᠨᠡᠯᠡᠨ ᠵᠢᠱ᠌ᠢᠭᠰᠡᠨ ᠮᠡᠳᠡᠭᠦᠯᠦᠯᠲᠡ ᠲᠤᠰᠢᠶᠠᠨ᠎ᠠ;
     (ᠵᠢᠷᠭᠤᠭ᠎ᠠ) ᠲᠤᠰᠢᠶᠠᠬᠤ ᠶᠣᠰᠣᠲᠠᠶ ᠪᠤᠰᠤᠳ ᠮᠠᠲ᠋ᠧᠷᠢᠶᠠᠯ᠃
      ᠬᠠᠤᠯᠢ ᠳᠦᠷᠢᠮ᠎ᠢ ᠬᠢᠨᠠᠨ ᠬᠠᠷᠭᠤᠭᠤᠯᠬᠤ ᠪᠠᠶ᠋ᠢᠭᠤᠯᠤᠮᠵᠢ᠎ᠠᠴᠠ ᠲᠤᠰᠢᠶᠠᠭᠰᠠᠨ ᠮᠠᠲ᠋ᠧᠷᠢᠶᠠᠯ᠎ᠨᠢ ᠪᠦᠷᠢᠨ ᠭᠦᠢ᠍ᠴᠡᠳ ᠦᠭᠡᠢ ᠭᠡᠵᠦ ᠦᠵᠡᠪᠡᠯ᠂ ᠬᠠᠤᠯᠢ ᠬᠡᠷᠡᠭᠵᠢᠭᠦᠯᠬᠦ ᠵᠢ ᠳᠠᠭ᠋ᠠᠭ᠋ᠠᠨ ᠭᠦᠢ᠍ᠴᠡᠳᠬᠡᠬᠦ ᠪᠠᠶ᠋ᠢᠭᠤᠯᠤᠮᠵᠢ ᠵᠢ ᠲᠣᠭᠲᠠᠭᠰᠠᠨ ᠴᠠᠭ᠎ᠤᠨ ᠳᠣᠲᠣᠷ᠎ᠠ ᠮᠠᠲᠸᠷᠢᠶᠠᠯ ᠵᠶ᠋ᠠᠨ ᠨᠥᠬᠥᠪᠥᠷᠢᠯᠡᠭᠦᠯᠬᠦ᠎ᠪᠠᠷ ᠱᠠᠭ᠋ᠠᠷᠳᠠᠬᠤ ᠪᠤᠶᠤ ᠬᠠᠤᠯᠢ ᠬᠡᠷᠡᠭᠵᠢᠭᠦᠯᠬᠦ ᠵᠢ ᠳᠠᠭ᠋ᠠᠭ᠋ᠠᠨ ᠭᠦᠢ᠍ᠴᠡᠳᠬᠡᠬᠦ ᠪᠠᠶ᠋ᠢᠭᠤᠯᠤᠮᠵᠢ᠎ᠳᠤ ᠪᠤᠴᠠᠭ᠋ᠠᠵᠤ ᠮᠠᠲ᠋ᠧᠷᠢᠶᠠᠯ ᠨᠥᠬᠥᠪᠥᠷᠢᠯᠡᠭᠦᠯᠦᠭᠰᠡᠨ᠎ᠤ ᠳᠠᠷᠠᠭ᠎ᠠ ᠳᠠᠬᠢᠨ ᠲᠤᠰᠢᠶᠠᠯᠭ᠋ᠠᠵᠤ ᠪᠣᠯᠤᠨ᠎ᠠ᠃
      ᠭᠤᠴᠢᠳᠤᠭ᠋ᠠᠷ ᠵᠦᠢ᠍ᠯ     ᠬᠠᠤᠯᠢ ᠳᠦᠷᠢᠮ᠎ᠤᠨ ᠬᠢᠨᠠᠨ ᠬᠠᠷᠭᠤᠭᠤᠯᠬᠤ ᠪᠠᠶ᠋ᠢᠭᠤᠯᠤᠮᠵᠢ᠎ᠨᠢ ᠳᠣᠤᠷᠠᠬᠢ ᠮᠡᠲᠦ ᠠᠭᠤᠯᠭ᠎ᠠ᠎ᠳᠤ ᠬᠠᠤᠯᠢ ᠳᠦᠷᠢᠮ᠎ᠤᠨ ᠬᠢᠨᠠᠨ ᠬᠠᠷᠭᠤᠭᠤᠯᠤᠯᠲᠠ ᠬᠢᠬᠦ ᠬᠡᠷᠡᠭᠲᠡᠶ᠄
     (ᠨᠢᠭᠡ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠣᠤᠯ ᠴᠣᠭᠴᠠ᠎ᠨᠢ ᠬᠠᠤᠯᠢ᠎ᠳᠤ ᠨᠡᠶ᠋ᠢᠴᠡᠬᠦ ᠡᠰᠡᠬᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠨᠢ ᠬᠠᠤᠯᠢ ᠬᠡᠷᠡᠭᠵᠢᠭᠦᠯᠬᠦ ᠬᠢᠷᠢ ᠭᠡᠮ᠎ᠢ ᠪᠦᠷᠢᠯᠳᠦᠭᠦᠯᠦᠭᠰᠡᠨ ᠡᠰᠡᠬᠦ;
     (ᠬᠣᠶᠠᠷ) ᠲᠤᠰ ᠰᠠᠯᠠᠭ᠎ᠠ ᠮᠥᠴᠢᠷ᠎ᠤᠨ ᠬᠠᠤᠯᠢ᠎ᠪᠠᠷ ᠲᠣᠭᠲᠠᠭ᠋ᠠᠭᠰᠠᠨ ᠡᠷᠬᠡ ᠮᠡᠳᠡᠯ᠎ᠠᠴᠠ ᠳᠠᠪᠠᠭᠰᠠᠨ ᠡᠰᠡᠬᠦ;
     (ᠭᠤᠷᠪᠠ) ᠬᠡᠷᠡᠭ᠎ᠤᠨ ᠪᠣᠳᠠᠲᠤ ᠶᠠᠪᠤᠳᠠᠯ᠎ᠨᠢ ᠲᠣᠳᠣᠷᠬᠠᠶ ᠡᠰᠡᠬᠦ᠂ ᠭᠡᠷᠡᠴᠢ ᠪᠠᠷᠢᠮᠲᠠ᠎ᠨᠢ ᠬᠠᠤᠯᠢ᠎ᠳᠤ ᠨᠡᠶ᠋ᠢᠴᠡᠬᠦ ᠪᠠ ᠪᠦᠷᠢᠨ ᠭᠦᠢ᠍ᠴᠡᠳ ᠡᠰᠡᠬᠦ;
     (ᠲᠦᠷᠪᠡ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠢ ᠬᠡᠷᠡᠭᠯᠡᠭᠰᠡᠨ᠎ᠨᠢ ᠣᠨᠣᠪᠴᠢᠲᠠᠶ ᠡᠰᠡᠬᠦ;
     (ᠲᠠᠪᠤ) ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢ ᠲᠣᠬᠢᠷᠠᠮᠵᠢᠲᠠᠶ ᠬᠡᠷᠡᠭᠯᠡᠭᠰᠡᠨ ᠡᠰᠡᠬᠦ;
     (ᠵᠢᠷᠭᠤᠭ᠎ᠠ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢᠷᠤᠮ᠎ᠨᠢ ᠬᠠᠤᠯᠢ᠎ᠳᠤ ᠨᠡᠶ᠋ᠢᠴᠡᠬᠦ ᠡᠰᠡᠬᠦ;
     (ᠳᠣᠯᠣᠭ᠎ᠠ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ᠎ᠨᠢ ᠪᠦᠷᠢᠨ ᠭᠦᠢ᠍ᠴᠡᠳ᠂ ᠵᠢᠷᠤᠮᠵᠢᠯ᠎ᠲᠠᠢ ᠪᠠᠶ᠋ᠢᠬᠤ ᠡᠰᠡᠬᠦ;
     (ᠨᠠᠢ᠍ᠮᠠ) ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠶᠠᠯ᠎ᠠ ᠬᠢᠭᠰᠡᠨ ᠰᠡᠵᠢᠭᠯᠡᠯᠲᠡᠶ ᠡᠰᠡᠬᠦ ᠵᠢ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠬᠦ ᠴᠢᠬᠤᠯᠠᠲᠠᠶ ᠪᠠᠶ᠋ᠢᠬᠤ;
     (ᠶᠢᠰᠦ) ᠬᠢᠨᠠᠨ ᠬᠠᠷᠭᠤᠭᠤᠯᠬᠤ ᠶᠣᠰᠣᠲᠠᠶ ᠪᠤᠰᠤᠳ ᠠᠭᠤᠯᠭ᠎ᠠ᠃
      ᠭᠤᠴᠢᠨ ᠨᠢᠭᠡᠳᠦᠭᠡᠷ ᠵᠦᠢ᠍ᠯ     ᠬᠠᠤᠯᠢ ᠳᠦᠷᠢᠮ᠎ᠤᠨ ᠬᠢᠨᠠᠨ ᠬᠠᠷᠭᠤᠭᠤᠯᠬᠤ ᠪᠠᠶ᠋ᠢᠭᠤᠯᠤᠮᠵᠢ᠎ᠨᠢ ᠬᠠᠤᠯᠢ ᠬᠡᠷᠡᠭᠵᠢᠭᠦᠯᠬᠦ ᠵᠢ ᠳᠠᠭ᠋ᠠᠭ᠋ᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠦᠷᠭᠡᠨ ᠬᠢᠨᠠᠭᠤᠯᠬᠤ ᠮᠠᠲ᠋ᠧᠷᠢᠶᠠᠯ᠎ᠢ ᠣᠯᠤᠭᠰᠠᠨ ᠡᠳᠦᠷ᠎ᠠᠴᠠ ᠡᠬᠢᠯᠡᠨ ᠲᠠᠪᠤᠨ ᠠᠵᠢᠯ ᠡᠳᠦᠷ᠎ᠤᠨ ᠳᠣᠲᠣᠷ᠎ᠠ ᠬᠠᠤᠯᠢ ᠳᠦᠷᠢᠮ᠎ᠤᠨ ᠬᠢᠨᠠᠨ ᠬᠠᠷᠭᠤᠭᠤᠯᠤᠯᠲᠠ ᠵᠢ ᠪᠡᠶᠡᠯᠡᠭᠦᠯᠬᠦ ᠬᠡᠷᠡᠭᠲᠡᠶ᠃ ᠪᠠᠶ᠋ᠢᠳᠠᠯ᠎ᠨᠢ ᠪᠤᠳᠤᠯᠢᠶᠠᠨᠲᠠᠶ ᠪᠠᠶ᠋ᠢᠪᠠᠯ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠬᠠᠤᠯᠢ ᠳᠦᠷᠢᠮ᠎ᠤᠨ ᠠᠵᠢᠯ᠎ᠢ ᠡᠷᠬᠢᠯᠡᠨ ᠬᠠᠮᠢᠶᠠᠷᠬᠤ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠭᠡᠳ ᠲᠠᠪᠤᠨ ᠠᠵᠢᠯ᠎ᠤᠨ ᠡᠳᠦᠷ ᠤᠷᠲᠤᠳᠬᠠᠵᠤ ᠪᠣᠯᠤᠨ᠎ᠠ᠃ ᠮᠠᠲ᠋ᠧᠷᠢᠶᠠᠯ ᠨᠥᠬᠥᠪᠥᠷᠢᠯᠡᠭᠰᠡᠨ ᠴᠠᠭ ᠬᠤᠭᠤᠴᠠᠭ᠎ᠠ ᠵᠢ ᠬᠢᠨᠠᠨ ᠬᠠᠷᠭᠤᠭᠤᠯᠬᠤ ᠬᠤᠭᠤᠴᠠᠭ᠋ᠠᠨ᠎ᠳᠤ ᠪᠣᠳᠣᠵᠤ ᠤᠷᠤᠭᠣᠯᠬᠣ ᠦᠭᠡᠶ᠃
      ᠭᠤᠴᠢᠨ ᠬᠣᠶᠠᠳᠤᠭ᠋ᠠᠷ ᠵᠦᠢ᠍ᠯ     ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢ ᠳᠠᠭ᠋ᠠᠭ᠋ᠠᠨ ᠭᠦᠢ᠍ᠴᠡᠳᠬᠡᠬᠦ ᠪᠠᠢ᠌ᠭᠤᠯᠤᠮᠵᠢ᠎ᠨᠢ ᠬᠠᠤᠯᠢ ᠳᠦᠷᠢᠮ᠎ᠢ ᠬᠢᠨᠠᠨ ᠬᠠᠷᠭᠤᠭᠤᠯᠬᠤ ᠪᠠᠶ᠋ᠢᠭᠤᠯᠤᠮᠵᠢ ᠵᠢᠨ ᠭᠠᠷᠭ᠋ᠠᠭᠰᠠᠨ ᠬᠢᠨᠠᠨ ᠬᠠᠷᠭᠤᠭᠤᠯᠤᠭᠰᠠᠨ ᠰᠠᠨᠠᠯ᠎ᠢ ᠬᠦᠯᠢᠶᠡᠨ ᠠᠪᠴᠤ᠂ ᠣᠨᠳᠣᠣ ᠰᠠᠨᠠᠯ ᠣᠷᠣᠰᠢᠵᠤ ᠪᠠᠢ᠌ᠪᠠᠯ᠂ ᠬᠠᠤᠯᠢ ᠳᠦᠷᠢᠮ᠎ᠢ ᠬᠢᠨᠠᠨ ᠬᠠᠷᠭᠤᠭᠤᠯᠬᠤ ᠪᠠᠶ᠋ᠢᠭᠤᠯᠤᠮᠵᠢ᠎ᠲᠠᠢ ᠵᠦᠪᠳᠡᠯᠴᠡᠨ ᠨᠡᠪᠲᠡᠷᠡᠯᠴᠡᠵᠦ᠂ ᠨᠡᠪᠲᠡᠷᠡᠯᠴᠡᠭᠡᠳ ᠮᠥᠨ ᠬᠦ᠌ ᠰᠠᠨᠠᠯ ᠨᠢᠭᠡᠳᠴᠦ ᠳᠡᠶ᠋ᠢᠯᠬᠦ ᠦᠭᠡᠶ ᠪᠠᠶ᠋ᠢᠪᠠᠯ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠳᠤ ᠮᠡᠳᠡᠭᠦᠯᠦᠨ ᠲᠣᠭᠲᠠᠭ᠋ᠠᠯᠭ᠋ᠠᠨ᠎ᠠ᠃

ᠲᠠᠪᠤᠳᠤᠭ᠋ᠠᠷ ᠪᠦᠯᠦᠭ     ᠬᠢᠨᠠᠯᠲᠠ ᠲᠠᠯᠪᠢᠬᠤ ᠪᠠ ᠬᠠᠷᠢᠭᠤᠴᠠᠯᠭ᠎ᠠ
      ᠭᠤᠴᠢᠨ ᠭᠤᠷᠪᠠᠳᠤᠭ᠋ᠠᠷ ᠵᠦᠢ᠍ᠯ     ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠢᠭᠡᠳ ᠲᠡᠭᠦᠨ᠎ᠤ ᠬᠠᠤᠯᠢ ᠬᠡᠷᠡᠭᠵᠢᠭᠦᠯᠬᠦ ᠠᠵᠢᠯᠲᠠᠨ ᠲᠤᠰ ᠠᠷᠭ᠎ᠠ ᠵᠢᠨ ᠲᠣᠭᠲᠠᠭ᠋ᠠᠯ᠎ᠠᠴᠠ ᠵᠦᠷᠢᠴᠡᠵᠦ᠂ ᠳᠣᠤᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠲᠡᠭᠦᠨ᠎ᠤ ᠲᠤᠰ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠳᠡᠭᠡᠳᠦ ᠱᠠᠲᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠤᠶᠤ ᠬᠠᠤᠯᠢ ᠬᠡᠷᠡᠭᠵᠢᠭᠦᠯᠬᠦ ᠠᠵᠢᠯᠲᠠᠨ᠎ᠤ ᠬᠠᠷᠢᠶ᠎ᠠ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠤᠨ᠎ᠠ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠤᠶᠤ ᠬᠦᠨᠳᠦ ᠨᠣᠴᠢᠲᠠᠶ ᠤᠷᠰᠢᠭ ᠲᠠᠲᠠᠭᠰᠠᠨ ᠪᠠᠶ᠋ᠢᠪᠠᠯ᠂ ᠰᠢᠭᠤᠳ ᠬᠠᠷᠢᠭᠤᠴᠠᠵᠤ ᠪᠠᠶ᠋ᠢᠭ᠎ᠠ ᠡᠷᠬᠢᠯᠡᠨ ᠬᠠᠮᠢᠶᠠᠷᠬᠤ ᠬᠥᠮᠦᠨ ᠪᠠ ᠪᠤᠰᠤᠳ ᠬᠠᠷᠢᠭᠤᠴᠠᠯᠭ᠎ᠠ᠎ᠲᠠᠢ ᠬᠥᠮᠦᠨ᠎ᠳᠤ ᠬᠠᠤᠯᠢ ᠶᠣᠰᠣᠭ᠋ᠠᠷ ᠰᠢᠢ᠍ᠳᠬᠡᠯ ᠥᠭᠭᠦᠨ᠎ᠡ; ᠶᠠᠯ᠎ᠠ ᠪᠣᠯᠵᠤ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠤ ᠵᠢᠨ ᠬᠠᠷᠢᠭᠤᠴᠠᠯᠭ᠎ᠠ ᠨᠡᠬᠡᠮᠵᠢᠯᠡᠨ᠎ᠡ᠄
     (ᠨᠢᠭᠡ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢ ᠢᠯᠡ ᠨᠡᠶ᠋ᠢᠲᠡᠯᠡᠬᠦ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠵᠢᠨ ᠲᠡᠮᠳᠡᠭᠯᠡᠯ ᠪᠣᠯᠤᠨ ᠴᠢᠬᠤᠯᠠ ᠶᠡᠬᠡ ᠬᠠᠤᠯᠢ ᠬᠡᠷᠡᠭᠵᠢᠭᠦᠯᠬᠦ ᠲᠣᠭᠲᠠᠭ᠋ᠠᠯ᠎ᠤᠨ ᠬᠠᠤᠯᠢ ᠳᠦᠷᠢᠮ᠎ᠤᠨ ᠬᠢᠨᠠᠨ ᠬᠠᠷᠭᠤᠭᠤᠯᠤᠯᠲᠠ ᠵᠢ ᠲᠣᠭᠲᠠᠭ᠋ᠠᠯ ᠶᠣᠰᠣᠭ᠋ᠠᠷ ᠬᠢᠭᠰᠡᠨ ᠦᠭᠡᠶ;
     (ᠬᠣᠶᠠᠷ) ᠨᠢᠭᠡᠨᠲᠡ ᠢᠯᠡ ᠪᠣᠯᠭ᠋ᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠣᠨᠣᠪᠴᠢ ᠦᠭᠡᠶ ᠪᠣᠯᠪᠠᠴᠤ ᠴᠠᠭ ᠲᠤᠬᠠᠢ᠎ᠳᠤ᠎ᠨᠢ ᠵᠠᠯᠠᠷᠠᠭᠤᠯᠤᠭᠰᠠᠨ ᠦᠭᠡᠶ;
     (ᠭᠤᠷᠪᠠ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠦᠬᠦ ᠶᠠᠪᠤᠴᠠ ᠵᠢᠨ ᠲᠡᠮᠳᠡᠭᠯᠡᠯ ᠮᠠᠲ᠋ᠧᠷᠢᠶᠠᠯ᠎ᠢ ᠬᠠᠤᠯᠢ ᠶᠣᠰᠣᠭ᠋ᠠᠷ ᠬᠠᠳᠠᠭ᠋ᠠᠯᠠᠭᠰᠠᠨ ᠦᠭᠡᠶ;
     (ᠳᠥᠷᠪᠡ) ᠬᠠᠤᠯᠢ ᠬᠡᠷᠡᠭᠵᠢᠭᠦᠯᠬᠦ ᠶᠠᠪᠤᠴᠠ ᠵᠢᠨ ᠠᠩᠬᠠᠨ᠎ᠤ ᠲᠡᠮᠳᠡᠭᠯᠡᠯ᠎ᠢ ᠬᠠᠭᠤᠷᠮᠠᠭᠯᠠᠨ ᠵᠣᠬᠢᠶᠠᠭᠰᠠᠨ᠂ ᠵᠠᠰᠠᠪᠤᠷᠢ ᠣᠷᠣᠭᠤᠯᠤᠭᠰᠠᠨ᠂ ᠨᠠᠶ᠋ᠢᠷᠠᠭᠤᠯᠤᠭᠰᠠᠨ᠂ ᠬᠠᠶ᠋ᠢᠴᠢᠯᠠᠭᠰᠠᠨ᠂ ᠬᠠᠰᠤᠭᠰᠠᠨ ᠪᠤᠶᠤ ᠬᠠᠤᠯᠢ᠎ᠪᠠᠷ ᠲᠣᠭᠲᠠᠭ᠋ᠠᠭᠰᠠᠨ ᠬᠠᠳᠠᠭ᠋ᠠᠯᠠᠬᠤ ᠬᠤᠭᠤᠴᠠᠭ᠋ᠠᠨ᠎ᠤ ᠳᠣᠲᠣᠷ᠎ᠠ ᠦᠰᠦᠭ ᠪᠢᠴᠢᠭ᠎ᠤᠨ ᠲᠡᠮᠳᠡᠭᠯᠡᠯ ᠪᠠ ᠳᠠᠭᠤ ᠳᠦᠷᠰᠦ ᠰᠢᠩᠭᠡᠭᠡᠯᠲᠡ ᠵᠢᠨ ᠲᠡᠮᠳᠡᠭᠯᠡᠯ᠎ᠤᠨ ᠮᠠᠲ᠋ᠧᠷᠢᠶᠠᠯ᠎ᠢ ᠤᠰᠠᠳᠬᠠᠭᠰᠠᠨ;
     (ᠲᠠᠪᠤ) ᠬᠠᠤᠯᠢ ᠳᠦᠷᠢᠮ᠎ᠤᠨ ᠬᠢᠨᠠᠨ ᠬᠠᠷᠭᠤᠭᠤᠯᠬᠤ ᠪᠠᠶ᠋ᠢᠭᠤᠯᠤᠮᠵᠢ ᠬᠢᠨᠠᠨ ᠬᠠᠷᠭᠤᠭᠤᠯᠬᠤ ᠶᠠᠪᠤᠴᠠ᠎ᠳᠤ ᠬᠤᠳᠠᠯ ᠬᠠᠭᠤᠷᠮᠠᠭᠯᠠᠨ ᠵᠣᠬᠢᠶᠠᠬᠤ᠂ ᠠᠯᠪᠠᠨ ᠲᠤᠰᠢᠶᠠᠯ᠎ᠳᠤ᠎ᠪᠠᠨ ᠠᠯᠮᠠᠶ᠋ᠢᠷᠠᠨ ᠣᠰᠣᠯᠳᠠᠬᠤ᠂ ᠬᠤᠪᠢ ᠵᠢᠨ ᠨᠠᠶ᠋ᠢᠷ ᠵᠶ᠋ᠠᠷ ᠬᠠᠤᠯᠢ ᠵᠢ ᠵᠥᠷᠢᠴᠡᠬᠦ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠭᠰᠡᠨ᠎ᠠᠴᠠ ᠪᠣᠯᠵᠤ ᠲᠣᠭᠲᠠᠭ᠋ᠠᠯ᠎ᠨᠢ ᠪᠤᠷᠤᠭᠤ ᠪᠣᠯᠤᠭᠰᠠᠨ;
     (ᠵᠢᠷᠭᠤᠭ᠎ᠠ) ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ᠃

ᠵᠢᠷᠭᠤᠳᠤᠭ᠋ᠠᠷ ᠪᠦᠯᠦᠭ     ᠳᠠᠭ᠋ᠠᠯᠳᠤᠭᠤᠯᠤᠯ ᠳᠦᠷᠢᠮ
      ᠭᠤᠴᠢᠨ ᠳᠥᠷᠪᠡᠳᠦᠭᠡᠷ ᠵᠦᠢ᠍ᠯ     ᠲᠤᠰ ᠠᠷᠭ᠎ᠠ ᠵᠢ 2020 ᠣᠨ᠎ᠤ 4 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢ ᠢᠯᠡ ᠨᠡᠶ᠋ᠢᠲᠡᠯᠡᠬᠦ ᠬᠠᠤᠯᠢ ᠬᠡᠷᠡᠭᠵᠢᠭᠦᠯᠬᠦ ᠪᠦᠬᠦ ᠶᠠᠪᠤᠴᠠ ᠵᠢᠨ ᠲᠡᠮᠳᠡᠭᠯᠡᠯ᠎ᠤᠨ ᠴᠢᠬᠤᠯᠠ ᠶᠡᠬᠡ ᠬᠠᠤᠯᠢ ᠬᠡᠷᠡᠭᠵᠢᠭᠦᠯᠬᠦ ᠲᠣᠭᠲᠠᠭ᠋ᠠᠯ᠎ᠤᠨ ᠬᠠᠤᠯᠢ ᠳᠦᠷᠢᠮ᠎ᠤᠨ ᠬᠢᠨᠠᠨ ᠬᠠᠷᠭᠤᠭᠤᠯᠬᠤ ᠠᠷᠭ᠎ᠠ》᠎ᠳᠤ ᠲᠠᠶ᠋ᠢᠯᠤᠮᠵᠢ ᠬᠢᠭᠰᠡᠨ᠎ᠨᠢ http://sft.nmg.gov.cn/preview/site1/doc/203/13/76398.shtml
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠠᠷᠯᠠᠨ ᠨᠡᠶ᠋ᠢᠲᠡᠯᠡᠬᠦ ᠬᠠᠤᠯᠢ ᠬᠡᠷᠡᠭᠵᠢᠭᠦᠯᠬᠦ ᠪᠦᠬᠦ ᠶᠠᠪᠤᠴᠠ ᠵᠢᠨ ᠲᠡᠮᠳᠡᠭᠯᠡᠯ ᠴᠢᠬ ᠤᠯᠠ ᠶᠡᠬᠡ ᠬᠠᠤᠯᠢ ᠬᠡᠷᠡᠭᠵᠢᠭᠦᠯᠬᠦ ᠲᠣᠭᠲᠠᠭ᠋ᠠᠯ᠎ᠤᠨ ᠬᠠᠤᠯᠢ ᠳᠦᠷᠢᠮ᠎ᠤᠨ ᠬᠢᠨᠠᠨ ᠬᠠᠷᠭᠤᠭᠤᠯᠬᠤ ᠠᠷᠭ᠎ᠠ》 ᠵᠢᠨ᠎ᠲᠤ ᠷᠥ᠍ ᠵᠢᠨ ᠪᠣᠳᠣᠯᠭ᠎ᠠ ᠵᠢᠨ ᠵᠤᠷᠰᠢᠯᠲᠤ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠤᠨ http://sft.nmg.gov.cn/preview/site1/doc/203/23/76400.shtml

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            